︵2015 ᠣᠨ ᠤ 11 ᠰᠠᠷ᠎ᠠ ᠶᠢᠨ 20 ᠤ ᠡᠳᠦᠷ ᠳᠣᠮᠳᠠᠳᠣ ᠣᠯᠣᠰ ᠤᠨ ᠡᠪ ᠬᠠᠮᠳᠣ ᠨᠠᠮ ᠤᠨ | ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠶᠢᠰᠦᠳᠦᠭᠡᠷ ᠬᠤᠭᠤᠴᠠᠭᠠᠨ ᠤ ᠬᠤᠷᠢᠶ᠎ᠠ ᠶᠢᠨ | ᠠᠷᠪᠠᠨ ᠳᠦᠷᠪᠡᠳᠦᠭᠡᠷ ᠪᠦᠭᠦᠳᠡ ᠬᠤᠷᠠᠯ ᠠᠴᠠ ᠪᠠᠳᠣᠯᠠᠪᠠ︶ | | ᠳᠣᠮᠳᠠᠳᠣ ᠣᠯᠣᠰ ᠤᠨ ᠡᠪ ᠬᠠᠮᠳᠣ ᠨᠠᠮ ᠤᠨ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ | ᠶᠢᠰᠦᠳᠦᠭᠡᠷ ᠬᠤᠭᠤᠴᠠᠭᠠᠨ ᠤ ᠬᠤᠷᠢᠶ᠎ᠠ ᠶᠢᠨ ᠠᠷᠪᠠᠨ ᠳᠦᠷᠪᠡᠳᠦᠭᠡᠷ ᠪᠦᠭᠦᠳᠡ ᠬᠤᠷᠠᠯ 2015 ᠣᠨ ᠤ 11ᠳ᠋ᠦ᠋ᠭᠡᠷ | ᠰᠠᠷ᠎ᠠ ᠶᠢᠨ 18 ᠤ ᠡᠳᠦᠷ ᠠᠴᠠ 20 ᠤ ᠡᠳᠦᠷ ᠪᠣᠯᠳᠠᠯ᠎ᠠ ᠬᠦᠬᠡᠬᠤᠳᠠ ᠳᠤ ᠬᠤᠷᠠᠯᠳᠣᠪᠠ᠃ | ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠡᠰᠢᠭᠦᠨ 58 ᠬᠦᠮᠦᠨ᠂ ᠣᠷᠣᠯᠠᠭᠴᠢ ᠭᠡᠰᠢᠭᠦᠨ | 11 ᠬᠦᠮᠦᠨ ᠬᠤᠷᠠᠯ ᠳᠤ ᠣᠷᠣᠯᠴᠠᠵᠠᠢ᠃ ᠦᠪᠡᠷᠳᠡᠭᠡᠨ ᠵᠠᠰᠠᠬᠤ ᠣᠷᠣᠨ ᠤ ᠰᠠᠬᠢᠯᠭ᠎ᠠ ᠪᠠᠳᠣ ᠪᠠᠶᠢᠴᠠᠭᠠᠬᠤ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠠᠮᠢᠶ᠎ᠠ ᠪᠦᠬᠦᠢ ᠳᠠᠯ᠎ᠠ ᠶᠢᠨ ᠬᠠᠷᠢᠭᠤᠴᠠᠯᠭᠠᠳᠠᠨ ᠨᠦᠬᠦᠳ ᠪᠣᠯᠣᠨ | ᠦᠪᠡᠷᠳᠡᠭᠡᠨ ᠵᠠᠰᠠᠬᠤ ᠣᠷᠣᠨ ᠤ ᠶᠢᠰᠦᠳᠦᠭᠡᠷ ᠣᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠬᠡᠰᠡᠭ ᠦᠨᠳᠦᠰᠦᠨ ᠱᠠᠳᠣᠨ ᠤ ᠲᠦᠯᠦᠭᠡᠯᠡᠭᠴᠢ ᠬᠤᠷᠠᠯ ᠳᠤ ᠰᠣᠯᠠ ᠣᠷᠣᠯᠴᠠᠪᠠ᠃ | ᠬᠤᠷᠠᠯ ᠢ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠡᠷᠬᠢᠯᠡᠵᠡᠢ᠃ | ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠸᠠᠩ ᠵᠢᠶᠦ᠋ᠨ ᠴᠢᠬᠤᠯᠠ ᠶᠠᠷᠢᠶ᠎ᠠ ᠳᠠᠯᠪᠢᠪᠠ᠃ | ᠬᠤᠷᠠᠯ ᠠᠴᠠ ᠸᠠᠩ ᠵᠢᠶᠦ᠋ᠨ ᠤ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠶᠢ ᠲᠦᠯᠦᠭᠡᠯᠡᠨ ᠬᠢᠭᠰᠡᠨ ᠠᠵᠢᠯ ᠤᠨ ᠮᠡᠳᠡᠭᠦᠯᠦᠯᠳᠡ ᠶᠢ ᠰᠣᠨᠣᠰᠣᠨ ᠶᠠᠷᠢᠯᠴᠠᠵᠣ᠂ ︽ᠣᠯᠣᠰ ᠠᠷᠠᠳ ᠤᠨ | ᠠᠵᠣ ᠠᠬᠤᠢ ᠪᠠ ᠨᠡᠶᠢᠭᠡᠮ ᠤᠨ ᠬᠦᠭᠵᠢᠯᠳᠡ ᠶᠢᠨ ᠠᠷᠪᠠᠨ ᠭᠤᠷᠪᠠᠳᠣᠭᠠᠷ ᠳᠠᠪᠣᠨ ᠵᠢᠯ ᠤᠨ ᠲᠦᠯᠦᠪᠵᠢᠭᠦᠯᠭᠡ ᠶᠢ | ᠳᠣᠭᠳᠠᠭᠠᠬᠤ ᠳᠣᠬᠠᠢ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠠᠨᠠᠭᠤᠯᠭ᠎ᠠ | ︾ ᠶᠢ ᠬᠢᠨᠠᠨ ᠵᠦᠪᠯᠡᠵᠦ ᠪᠠᠳᠣᠯᠠᠪᠠ᠃ ᠸᠠᠩ ᠵᠢᠶᠦ᠋ᠨ ︽ᠰᠠᠨᠠᠭᠤᠯᠭ᠎ᠠ ︵ᠶᠠᠷᠢᠯᠴᠠᠬᠤ ᠨᠣᠣᠷᠠᠭ︶︾ ᠶᠢᠨ ᠳᠣᠬᠠᠢ | ᠳᠣᠳᠣᠷᠬᠠᠢᠢᠯᠠᠯᠳᠠ ᠬᠢᠵᠠᠢ᠃ | ᠬᠤᠷᠠᠯ ᠠᠴᠠ ᠦᠵᠡᠭᠰᠡᠨ ᠨᠢ᠂ ᠨᠠᠮ ᠤᠨ ᠠᠷᠪᠠᠨ ᠨᠠᠢᠮᠠᠳᠣᠭᠠᠷ ᠬᠤᠭᠤᠴᠠᠭᠠᠨ ᠤ ᠲᠦᠪ ᠬᠤᠷᠢᠶᠠᠨ ᠤ | ᠳᠠᠪᠣᠳᠣᠭᠠᠷ ᠪᠦᠭᠦᠳᠡ ᠬᠤᠷᠠᠯ ᠪᠣᠯ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠡᠶᠡᠯᠡᠭᠦᠯᠬᠦ ᠠᠵᠢᠯ ᠰᠢᠢᠳᠪᠦᠷᠢᠯᠡᠳᠤ | ᠱᠠᠳᠣᠨ ᠳᠤ ᠣᠷᠣᠭᠰᠠᠨ ᠤ ᠳᠠᠷᠠᠭ᠎ᠠ ᠬᠤᠷᠠᠯᠳᠣᠭᠰᠠᠨ ᠨᠢᠭᠡ ᠣᠳᠠᠭ᠎ᠠ ᠶᠢᠨ ᠲᠦᠢᠯ ᠤᠨ ᠴᠢᠬᠤᠯᠠ ᠬᠤᠷᠠᠯ ᠪᠣᠯᠣᠨ᠎ᠠ᠂ | ᠳᠠᠪᠣᠳᠣᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠳᠣᠷ ᠳᠣᠣᠱᠯᠠᠭᠤᠯᠣᠨ ᠨᠠᠶᠢᠳᠠᠪᠣᠷᠢᠵᠢᠭᠤᠯᠬᠤ ᠨᠢ᠂ ︽ | 13· 5︾ ᠶᠢᠨ ᠲᠦᠯᠦᠪᠵᠢᠭᠦᠯᠭᠡ ᠶᠢᠨ ᠬᠤᠭᠤᠴᠠᠭᠠᠨ ᠤ ᠦᠪᠡᠷᠳᠡᠭᠡᠨ ᠵᠠᠰᠠᠬᠤ ᠣᠷᠣᠨ ᠤ ᠠᠵᠣ ᠠᠬᠤᠢ | ᠨᠡᠶᠢᠭᠡᠮ ᠤᠨ ᠬᠦᠭᠵᠢᠯᠳᠡ ᠶᠢ ᠲᠦᠯᠦᠪᠵᠢᠭᠦᠯᠦᠨ ᠠᠬᠢᠭᠤᠯᠵᠣ᠂ ᠣᠳᠣᠬᠢᠴᠢᠯᠠᠭᠰᠠᠨ ᠦᠪᠦᠷ ᠮᠣᠩᠭᠤᠯ ᠤᠨ | ᠪᠠᠶᠢᠭᠤᠯᠣᠯᠳᠠ ᠶᠢ ᠲᠦᠷᠭᠡᠳᠭᠡᠵᠦ᠂ ᠡᠬᠡ ᠣᠯᠣᠰ ᠤᠨ ᠣᠮᠠᠷᠠᠳᠣ ᠶᠢᠨ ᠦᠵᠡᠰᠭᠦᠯᠡᠩᠳᠦ ᠰᠠᠶᠢᠬᠠᠨ ᠦᠵᠡᠮᠵᠢ ᠶᠢᠨ | ᠣᠷᠣᠨ ᠢ ᠪᠦᠳᠦᠬᠡᠨ ᠳᠤ᠂ ᠲᠦᠢᠯ ᠤᠨ ᠴᠢᠬᠤᠯᠠ ᠠᠬᠤᠢᠢᠴᠢ ᠠᠴᠢ ᠬᠤᠯᠪᠣᠭᠳᠠᠯ ᠪᠣᠯᠣᠨ ᠠᠯᠣᠰ ᠬᠡᠳᠦ ᠶᠢᠨ | ᠳᠡᠦᠬᠡᠳᠦ ᠠᠴᠢ ᠬᠤᠯᠪᠣᠭᠳᠠᠯ ᠲᠠᠢ᠃ ᠪᠦᠬᠦ ᠣᠷᠣᠨ ᠤ ᠡᠯ᠎ᠡ ᠱᠠᠳᠣᠨ ᠤ ᠨᠠᠮ ᠤᠨ ᠵᠣᠬᠢᠶᠠᠨ ᠪᠠᠶᠢᠭᠤᠯᠣᠯᠳᠠ | ᠳᠠᠪᠣᠳᠣᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠣᠷᠣᠯᠴᠠᠨ ᠣᠬᠠᠭᠤᠯᠵᠣ ᠳᠣᠣᠱᠯᠠᠭᠤᠯᠬᠤ ᠶᠢ ᠴᠢᠬᠤᠯᠠ | ᠣᠯᠣᠰ ᠲᠦᠷᠦ ᠶᠢᠨ ᠡᠭᠦᠷᠭᠡ ᠪᠣᠯᠭᠠᠵᠣ᠂ ᠨᠢᠮᠪᠠᠢ ᠵᠣᠬᠢᠶᠠᠨ ᠪᠠᠶᠢᠭᠤᠯᠣᠨ᠂ ᠨᠢᠭᠳᠠ ᠪᠠᠶᠢᠷᠢᠯᠠᠭᠤᠯᠵᠣ᠂ ᠰᠣᠷᠣᠯᠴᠠᠨ | ᠬᠦᠮᠦᠵᠢᠬᠦᠯᠬᠦ᠂ ᠣᠬᠠᠭᠤᠯᠣᠨ ᠳᠠᠶᠢᠯᠪᠣᠷᠢᠯᠠᠬᠤ ᠪᠠ ᠳᠣᠣᠱᠯᠠᠭᠤᠯᠣᠨ ᠨᠠᠶᠢᠳᠠᠪᠣᠷᠢᠵᠢᠭᠤᠯᠬᠤ ᠶᠢ ᠬᠦᠴᠦ ᠣᠷᠣᠭᠤᠯᠣᠨ | ᠰᠠᠶᠢᠳᠣᠷ ᠠᠳᠬᠤᠵᠣ᠂ ᠦᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠤ ᠦᠵᠡᠯ ᠰᠠᠨᠠᠭ᠎ᠠ ᠪᠠ ᠦᠢᠯᠡ | ᠠᠵᠢᠯᠯᠠᠭ᠎ᠠ ᠶᠢ ᠦᠨᠡᠨᠬᠦ ᠲᠦᠪ ᠤᠨ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠣᠯᠳᠠ ᠳᠡᠭᠡᠷ᠎ᠡ ᠨᠢᠭᠡᠳᠭᠡᠵᠦ᠂ | ᠳᠠᠪᠣᠳᠣᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠦᠪᠡᠷᠳᠡᠭᠡᠨ ᠵᠠᠰᠠᠬᠤ ᠣᠷᠣᠨ ᠤ ᠡᠯ᠎ᠡ ᠵᠦᠢᠯ ᠤᠨ | ᠦᠢᠯᠡᠰ ᠤᠨ ᠬᠦᠭᠵᠢᠯᠳᠡ ᠳᠣᠮᠳᠠ ᠨᠠᠶᠢᠳᠠᠪᠣᠷᠢᠵᠢᠭᠤᠯᠬᠤ ᠬᠡᠷᠡᠭᠳᠡᠢ᠃ | ᠬᠤᠷᠠᠯ ᠠᠴᠠ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠨᠢᠭᠡ | ᠵᠢᠯ ᠤᠨ ᠳᠣᠷᠰᠢᠬᠢ ᠠᠵᠢᠯ ᠢ ᠭᠦᠢᠴᠡᠳ ᠨᠣᠳᠠᠯᠠᠪᠠ᠃ ᠰᠠᠨᠠᠯ ᠨᠢᠭᠡᠳᠡᠢ ᠦᠵᠡᠭᠰᠡᠨ ᠨᠢ᠂ ᠨᠠᠮ ᠤᠨ ᠲᠦᠪ | ᠬᠤᠷᠢᠶ᠎ᠠ ᠶᠢᠨ ᠡᠷᠡᠰ ᠴᠢᠩᠭ᠎ᠠ ᠣᠳᠣᠷᠢᠳᠣᠯᠭ᠎ᠠ ᠳᠣᠣᠷ᠎ᠠ᠂ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠬᠤᠷᠢᠶ᠎ᠠ ᠳᠣᠮᠳᠠᠳᠣ ᠣᠯᠣᠰ ᠤᠨ ᠣᠨᠴᠠᠯᠢᠭ ᠲᠠᠢ ᠨᠡᠶᠢᠭᠡᠮ ᠵᠢᠷᠣᠮ ᠤᠨ ᠳᠤᠭ ᠢ ᠦᠨᠳᠦᠷ | ᠮᠠᠨᠳᠣᠭᠤᠯᠵᠣ᠂ ᠰᠢ ᠶᠢᠨ ᠫᠢᠩ ᠨᠦᠬᠦᠷ ᠤᠨ ᠴᠢᠬᠤᠯᠠ ᠶᠠᠷᠢᠶ᠎ᠠ ᠨᠤᠭᠤᠳ ᠪᠣᠯᠣᠨ ᠦᠪᠦᠷ ᠮᠣᠩᠭᠤᠯ ᠳᠤ ᠰᠢᠨᠵᠢᠯᠡᠨ | ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠶᠢ ᠭᠦᠨᠵᠡᠭᠡᠢ ᠰᠣᠷᠣᠯᠴᠠᠨ ᠳᠣᠣᠱᠯᠠᠭᠤᠯᠵᠣ᠂ | ᠲᠦᠪ ᠤᠨ ᠡᠯ᠎ᠡ ᠵᠦᠢᠯ ᠤᠨ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠣᠯᠳᠠ ᠶᠢ ᠳᠡᠷᠡ ᠬᠡᠪ ᠢᠶᠠᠷ ᠨᠢ | ᠨᠠᠶᠢᠳᠠᠪᠣᠷᠢᠵᠢᠭᠤᠯᠵᠣ᠂ ︽ᠳᠦᠷᠪᠡᠨ ᠪᠦᠬᠦ ᠳᠠᠯ᠎ᠠ︾ ᠶᠢᠨ ᠪᠠᠶᠢᠯᠳᠣᠬᠤ ᠪᠣᠳᠣᠯᠭ᠎ᠠ ᠶᠢᠨ ᠪᠠᠶᠢᠷᠢᠰᠢᠭᠤᠯᠣᠯᠳᠠ ᠶᠢ | ᠪᠠᠷᠢᠮᠳᠠᠯᠠᠵᠣ᠂ ᠳᠣᠭᠳᠠᠭᠤᠨ ᠪᠠᠶᠢᠯᠭᠠᠬᠤ ᠮᠦᠷᠳᠡᠭᠡᠨ ᠣᠷᠣᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠦᠭ | ᠠᠶᠠᠰ ᠢ ᠪᠠᠷᠢᠮᠳᠠᠯᠠᠵᠣ᠂ ᠠᠵᠣ ᠠᠬᠤᠢ ᠶᠢᠨ ᠬᠦᠭᠵᠢᠯᠳᠡ ᠶᠢᠨ ᠰᠢᠨ᠎ᠡ ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ | ᠵᠣᠬᠢᠴᠠᠵᠣ᠂ ᠡᠯ᠎ᠡ ᠬᠦᠷᠢᠶᠡᠨ ᠤ ᠦᠭᠡᠷᠡᠴᠢᠯᠡᠯᠳᠡ ᠶᠢ ᠲᠦᠷᠭᠡᠳᠭᠡᠨ ᠠᠬᠢᠭᠤᠯᠵᠣ᠂ ᠠᠵᠣ ᠠᠬᠤᠢ ᠶᠢᠨ | ᠦᠷᠬᠦᠯᠵᠢᠯᠡᠨ ᠡᠷᠡᠭᠦᠯ ᠢᠶᠠᠷ ᠬᠦᠭᠵᠢᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠣ᠂ ᠨᠡᠶᠢᠭᠡᠮ ᠵᠢᠷᠣᠮ ᠤᠨ | ᠠᠷᠠᠳᠴᠢᠯᠡᠯ ᠬᠠᠣᠯᠢᠵᠢᠯ ᠤᠨ ᠪᠠᠶᠢᠭᠤᠯᠣᠯᠳᠠ ᠶᠢ ᠯᠠᠪᠳᠠᠭᠤᠨ ᠪᠠᠳᠣᠳᠠᠢ ᠠᠬᠢᠭᠤᠯᠵᠣ᠂ ᠰᠣᠷᠳᠠᠯ ᠣᠬᠠᠭᠤᠯᠭ᠎ᠠ | ᠦᠵᠡᠯ ᠰᠠᠨᠠᠭ᠎ᠠ ᠰᠣᠶᠣᠯ ᠤᠨ ᠠᠵᠢᠯ ᠢ ᠪᠦᠬᠦ ᠳᠠᠯ᠎ᠠ ᠪᠠᠷ ᠴᠢᠩᠭᠠᠳᠬᠠᠵᠣ᠂ ᠬᠦᠴᠦ ᠣᠷᠣᠭᠤᠯᠣᠨ ᠠᠷᠠᠳ ᠤᠨ | ᠠᠮᠢᠳᠣᠷᠠᠯ ᠢ ᠪᠠᠳᠣᠯᠠᠨ ᠰᠠᠶᠢᠵᠢᠷᠠᠭᠤᠯᠬᠤ ᠪᠠ ᠨᠡᠶᠢᠭᠡᠮ ᠢ ᠵᠠᠰᠠᠬᠤ ᠠᠵᠢᠯ ᠤᠨ ᠰᠢᠨ᠎ᠡ ᠶᠢ ᠡᠭᠦᠳᠴᠦ᠂ ᠠᠮᠢ | ᠠᠬᠤᠢ ᠶᠢᠨ ᠪᠦᠳᠦᠭᠡᠨ ᠪᠠᠶᠢᠭᠤᠯᠣᠯᠳᠠ ᠪᠣᠯᠣᠨ ᠣᠷᠴᠢᠨ ᠳᠣᠭᠤᠷᠢᠨ ᠤ ᠬᠠᠮᠠᠭᠠᠯᠠᠯᠳᠠ ᠶᠢ ᠶᠡᠬᠡᠪᠡᠷ ᠴᠢᠩᠭᠠᠳᠬᠠᠵᠣ᠂ | ᠰᠡᠳᠬᠢᠯ ᠰᠠᠨᠠᠭ᠎ᠠ ᠪᠠᠨ ᠲᠦᠪᠯᠡᠷᠡᠭᠦᠯᠦᠨ ᠨᠠᠮ ᠤᠨ ᠪᠠᠶᠢᠭᠤᠯᠣᠯᠳᠠ ᠶᠢ ᠰᠠᠶᠢᠳᠣᠷ ᠠᠳᠬᠤᠵᠣ᠂ ᠦᠭᠡᠷᠡᠴᠢᠯᠡᠯᠳᠡ | ᠨᠡᠭᠡᠭᠡᠯᠳᠡ ᠪᠣᠯᠣᠨ ᠣᠳᠣᠬᠢᠴᠢᠯᠠᠬᠤ ᠪᠦᠳᠦᠭᠡᠨ ᠪᠠᠶᠢᠭᠤᠯᠣᠯᠳᠠ ᠰᠢᠨ᠎ᠡ ᠠᠯᠬᠤᠮ ᠠᠯᠬᠤᠵᠠᠢ᠃ | ᠬᠤᠷᠠᠯ ᠠᠴᠠ ︽12· 5︾ ᠶᠢᠨ ᠲᠦᠯᠦᠪᠵᠢᠭᠦᠯᠭᠡ ᠶᠢᠨ ᠬᠤᠭᠤᠴᠠᠭᠠᠨ ᠤ ᠮᠠᠨ ᠤ ᠣᠷᠣᠨ ᠤ | ᠬᠦᠭᠵᠢᠯᠳᠡ ᠶᠢᠨ ᠴᠢᠬᠤᠯᠠ ᠠᠮᠵᠢᠯᠳᠠ ᠶᠢ ᠳᠡᠭᠡᠳᠦ ᠬᠡᠮᠵᠢᠶ᠎ᠡ ᠪᠠᠷ ᠦᠨᠡᠯᠡᠪᠡ᠃ ᠰᠠᠨᠠᠯ ᠨᠢᠭᠡᠳᠡᠢ ᠦᠵᠡᠭᠰᠡᠨ ᠨᠢ᠂ | ᠡᠭᠡᠳᠡᠷᠡᠭᠡᠨ ᠪᠣᠳᠣᠯᠢᠶᠠᠨ ᠲᠠᠢ ᠬᠤᠪᠢᠷᠠᠯᠳᠠ ᠶᠡᠭᠡ ᠲᠠᠢ ᠠᠵᠣ ᠠᠬᠤᠢ ᠶᠢᠨ ᠣᠷᠴᠢᠨ ᠳᠣᠭᠤᠷᠢᠨ ᠪᠣᠯᠣᠨ ᠪᠡᠷᠬᠡ | ᠬᠠᠳᠠᠭᠤᠵᠢᠯᠳᠠᠢ ᠨᠦᠰᠡᠷ ᠬᠦᠨᠳᠦ ᠦᠭᠡᠷᠡᠴᠢᠯᠡᠯᠳᠡ ᠬᠦᠭᠵᠢᠯᠳᠡ ᠳᠣᠭᠳᠠᠭᠤᠨ ᠤ ᠡᠭᠦᠷᠭᠡ ᠶᠢᠨ ᠡᠮᠦᠨ᠎ᠡ᠂ | ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠪᠦᠬᠦ ᠤᠷᠤᠨ ᠤ ᠦᠨᠳᠦᠰᠦᠲᠡᠨ ᠨᠦᠭᠦᠳ ᠤᠨ ᠠᠷᠠᠳ | ᠲᠦᠮᠡᠨ ᠲᠠᠢ ᠪᠦᠯᠬᠦᠮᠳᠡᠨ ᠳᠡᠳᠡᠨ ᠢ ᠲᠠᠶᠢᠴᠢᠯᠠᠵᠦ᠂ ᠬᠦᠴᠢᠷ ᠢ ᠰᠦᠷᠦᠨ ᠤᠷᠤᠬᠰᠢᠯᠠᠵᠦ᠂ ᠬᠠᠲᠠᠭᠤᠵᠢᠯᠳᠠᠢ | ᠲᠡᠮᠡᠴᠡᠵᠦ᠂ ᠨᠡᠶᠢᠭᠡᠮ ᠵᠢᠷᠦᠮ ᠤᠨ ᠠᠵᠦ ᠠᠬᠤᠢ ᠶᠢᠨ ᠪᠦᠲᠦᠭᠡᠨ ᠪᠠᠶᠢᠭᠤᠯᠤᠯᠲᠠ᠂ ᠤᠯᠤᠰ ᠲᠦᠷᠦ ᠶᠢᠨ | ᠪᠠᠶᠢᠭᠤᠯᠤᠯᠲᠠ᠂ ᠰᠤᠶᠤᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠢ ᠶᠢᠨ ᠪᠤᠯᠪᠠᠰᠤᠨ ᠤ | ᠪᠠᠶᠢᠭᠤᠯᠤᠯᠲᠠ ᠶᠢ ᠨᠢᠭᠡᠲᠦᠯᠲᠡᠢ ᠲᠦᠯᠦᠪᠵᠢᠬᠦᠯᠦᠨ ᠠᠬᠢᠭᠤᠯᠵᠦ᠂ ᠨᠠᠮ ᠤᠨ ᠪᠠᠶᠢᠭᠤᠯᠣᠯᠳᠠ ᠶᠢ ᠪᠦᠬᠦ ᠳᠠᠯ᠎ᠠ ᠪᠠᠷ | ᠴᠢᠩᠭᠠᠳᠬᠠᠵᠣ᠂ ᠠᠵᠦ ᠠᠬᠤᠢ ᠶᠢᠨ ᠶᠡᠷᠦᠩᠬᠡᠶᠢᠯᠡᠭᠰᠡᠨ ᠪᠤᠳᠠᠳᠦ ᠬᠦᠴᠦᠨ ᠰᠢᠨ᠎ᠡ ᠳᠡᠭᠳᠡᠷ ᠲᠤ ᠭᠠᠷᠴᠣ᠂ | ᠦᠭᠡᠷᠡᠴᠢᠯᠡᠯᠲᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠬᠦ ᠠᠵᠢᠯ ᠰᠢᠨ᠎ᠡ ᠰᠢᠪᠳᠣᠯᠣᠯᠳᠠ ᠲᠠᠢ ᠪᠣᠯᠵᠣ᠂ ᠭᠠᠳᠠᠭᠠᠳᠦ | ᠨᠡᠭᠡᠭᠡᠯᠳᠡ ᠰᠢᠨ᠎ᠡ ᠪᠠᠶᠢᠳᠠᠯ ᠢᠯᠡᠷᠡᠵᠦ᠂ ᠪᠦᠬᠦ ᠲᠠᠯ᠎ᠡ ᠪᠠᠷ ᠬᠠᠥᠯᠢ ᠪᠠᠷ ᠤᠷᠤᠨ ᠢᠶᠠᠨ ᠵᠠᠰᠠᠬᠤ ᠠᠵᠢᠯ ᠤᠨ ᠰᠢᠨ᠎ᠡ | ᠠᠶᠠᠨ ᠢ ᠡᠬᠢᠯᠡᠭᠦᠯᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠤᠳᠠᠰ ᠪᠤᠯᠤᠨ ᠰᠤᠶᠤᠯ ᠤᠨ | ᠠᠮᠢᠳᠤᠷᠠᠯ ᠤᠨ ᠲᠦᠪᠰᠢᠨ ᠳᠣᠭᠳᠠᠭᠤᠨ ᠢᠶᠠᠷ ᠳᠡᠭᠡᠭᠰᠢᠯᠡᠨ᠂ ᠠᠮᠢ ᠠᠬᠤᠢ ᠶᠢᠨ ᠤᠷᠴᠢᠨ ᠲᠤᠭᠤᠷᠢᠨ ᠪᠤᠯᠤᠨ | ᠰᠠᠭᠤᠷᠢ ᠲᠦᠬᠦᠭᠡᠷᠦᠮᠵᠢ ᠶᠢᠨ ᠲᠤᠯᠭᠠᠭᠤᠷᠢᠯᠠᠨ ᠪᠠᠲᠤᠯᠠᠬᠤ ᠴᠢᠳᠠᠪᠤᠷᠢ ᠲᠠᠰᠤᠷᠠᠯᠲᠠ ᠦᠭᠡᠢ ᠴᠢᠩᠭᠠᠷᠠᠵᠣ᠂ ᠨᠠᠮ ᠤᠨ | ᠪᠠᠶᠢᠭᠤᠯᠤᠯᠲᠠ ᠶᠢᠨ ᠠᠵᠢᠯ ᠤᠨ ᠰᠢᠨᠵᠢᠯᠡᠬᠦ ᠤᠬᠠᠭᠠᠨᠴᠢᠯᠠᠬᠤ ᠲᠦᠪᠰᠢᠨ ᠢᠯᠡᠳᠲᠡ ᠳᠡᠭᠡᠭᠰᠢᠯᠡᠵᠦ᠂ ᠦᠪᠦᠷ | ᠮᠤᠩᠭᠤᠯ ᠤᠨ ᠬᠦᠭᠵᠢᠯᠲᠡ ᠳᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠵᠤᠬᠰᠤᠪᠠ᠃ ᠨᠡᠩ ᠴᠢᠬᠤᠯᠠ ᠨᠢ᠂ ᠨᠠᠮ ᠤᠨ | ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ | ᠤᠬᠠᠮᠰᠠᠷ ᠠᠴᠠ ᠪᠠᠨ ᠡᠷᠡᠰ ᠪᠠᠲᠦ ᠪᠠᠷ ᠰᠢ ᠶᠢᠨ ᠫᠢᠩ ᠨᠦᠬᠦᠷ ᠢᠶᠠᠷ ᠶᠡᠷᠦᠩᠬᠡᠢ ᠱᠦᠵᠢ ᠪᠤᠯᠭᠠᠬᠰᠠᠨ ᠨᠠᠮ ᠤᠨ | ᠲᠦᠪ ᠬᠤᠷᠢᠶ᠎ᠠ ᠲᠠᠢ ᠲᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠪᠠᠷᠢᠮᠳᠠᠯᠠᠵᠦ᠂ ᠨᠠᠮ ᠤᠨ ᠠᠷᠪᠠᠨ ᠨᠠᠢᠮᠠᠳᠤᠭᠠᠷ | ᠶᠡᠭᠡ ᠬᠤᠷᠠᠯ ᠪᠤᠯᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ᠂ | ᠳᠦᠷᠪᠡᠳᠦᠭᠡᠷ ᠪᠦᠬᠦᠳᠡ ᠬᠤᠷᠠᠯ᠂ ᠲᠠᠪᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ | ᠲᠤᠤᠱᠯᠠᠭᠤᠯᠵᠦ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠤᠭᠤᠳ ᠪᠤᠯᠤᠨ ᠦᠪᠦᠷ ᠮᠤᠩᠭᠤᠯ ᠳᠤ | ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠬᠦᠨᠵᠡᠬᠡᠢ ᠲᠤᠤᠱᠯᠠᠭᠤᠯᠵᠦ᠂ | ᠲᠦᠪ ᠤᠨ ᠰᠢᠢᠳᠪᠦᠷᠢᠳᠣ ᠪᠣᠳᠣᠯᠭ᠎ᠠ ᠪᠠᠶᠢᠷᠢᠯᠠᠭᠤᠯᠤᠯᠲᠠ ᠶᠢ ᠳᠣᠣᠱᠯᠠᠭᠤᠯᠣᠨ ᠨᠠᠶᠢᠳᠠᠪᠤᠷᠢᠵᠢᠭᠤᠯᠬᠤ ᠶᠢ | ᠪᠦᠳᠦᠭᠡᠯᠴᠢ ᠪᠠᠷ ᠰᠠᠶᠢᠳᠣᠷ ᠠᠳᠬᠤᠵᠣ᠂ ︽8337︾ ᠬᠦᠭᠵᠢᠯᠲᠡ ᠶᠢᠨ ᠰᠡᠳᠬᠢᠴᠡ ᠶᠢ ᠶᠡᠬᠡᠪᠡᠷ ᠬᠡᠷᠡᠭᠵᠢᠭᠦᠯᠦᠨ | ᠂ ᠲᠠᠰᠤᠷᠠᠯᠳᠠ ᠦᠬᠡᠢ ᠲᠡᠭᠦᠯᠳᠡᠷᠵᠢᠬᠦᠯᠵᠦ᠂ ᠦᠪᠡᠷᠲᠡᠭᠡᠨ ᠵᠠᠰᠠᠬᠤ ᠤᠷᠤᠨ ᠤ ᠬᠦᠭᠵᠢᠯᠲᠡ ᠶᠢᠨ ᠤᠢᠢᠯᠠᠭᠠᠭᠳᠠᠬᠤᠨ᠂ | ᠬᠦᠭᠵᠢᠯᠲᠡ ᠶᠢᠨ ᠪᠠᠶᠢᠷᠢ ᠲᠤᠬᠲᠠᠭᠠᠯᠲᠠ᠂ ᠬᠦᠭᠵᠢᠯᠲᠡ ᠶᠢᠨ ᠬᠠᠷᠠᠯᠲᠠ᠂ ᠬᠦᠭᠵᠢᠯᠲᠡ ᠶᠢᠨ ᠠᠷᠭ᠎ᠠ ᠵᠠᠮ᠂ | ᠬᠦᠭᠵᠢᠯᠲᠡ ᠶᠢᠨ ᠠᠷᠭ᠎ᠠ ᠬᠡᠮᠵᠢᠶ᠎ᠡ ᠪᠠᠨ ᠴᠢᠨᠠᠭᠰᠢᠳᠠ ᠲᠤᠳᠤᠷᠬᠠᠢᠢᠯᠠᠵᠦ᠂ ᠡᠷᠡᠰ ᠪᠠᠲᠦ ᠵᠦᠪ ᠤᠨᠤᠪᠴᠢᠲᠠᠢ ᠤᠯᠤᠰ | ᠲᠦᠷᠦ ᠶᠢᠨ ᠴᠢᠭᠯᠡᠯ ᠢ ᠢᠮᠠᠭᠳᠠ ᠪᠠᠳᠣᠯᠠᠵᠣ᠂ ᠦᠨᠳᠦᠰᠦᠳᠡᠨ ᠨᠦᠭᠦᠳ ᠤᠨ ᠺᠠᠳ᠋ᠷ ᠣᠯᠠᠨ ᠲᠦᠮᠡᠨ ᠤ ᠦᠵᠡᠯ | ᠰᠠᠨᠠᠭ᠎ᠠ ᠦᠢᠯᠡ ᠠᠵᠢᠯᠯᠠᠭ᠎ᠠ ᠶᠢ ᠨᠢᠭᠡᠳᠭᠡᠵᠦ᠂ ᠪᠦᠬᠦ ᠤᠷᠤᠨ ᠤ ᠡᠯ᠎ᠡ ᠵᠦᠢᠯ ᠤᠨ ᠦᠢᠯᠡᠰ ᠤᠨ ᠬᠦᠭᠵᠢᠯᠳᠡ ᠶᠢ | ᠬᠦᠳᠦᠯᠦᠨ ᠳᠠᠭᠠᠭᠤᠯᠵᠠᠢ᠃ | ᠬᠤᠷᠠᠯ ᠠᠴᠠ ︽13· 5︾ ᠶᠢᠨ ᠲᠦᠯᠦᠪᠵᠢᠭᠦᠯᠭᠡ ᠶᠢᠨ ᠬᠤᠭᠤᠴᠠᠭᠠᠨ ᠲᠠᠬᠢ ᠮᠠᠨ ᠤ ᠤᠷᠤᠨ ᠤ | ᠬᠦᠭᠵᠢᠯᠲᠡ ᠶᠢᠨ ᠤᠷᠴᠢᠨ ᠲᠤᠭᠤᠷᠢᠨ ᠤ ᠦᠨᠳᠦᠰᠦᠨ ᠤᠨᠴᠠᠯᠢᠭ ᠢ ᠬᠦᠨᠵᠡᠬᠡᠢ ᠵᠠᠳᠠᠯᠵᠡᠢ᠃ ᠰᠠᠨᠠᠯ ᠨᠢᠭᠡᠳᠡᠢ | ᠦᠵᠡᠭᠰᠡᠨ ᠨᠢ᠂ ᠮᠠᠨ ᠤ ᠤᠷᠤᠨ ᠤ ᠬᠦᠭᠵᠢᠯᠲᠡ ᠮᠦᠨ ᠯᠡ ᠣᠯᠠᠨ ᠶᠠᠭᠤᠮ᠎ᠠ ᠬᠢᠵᠦ ᠪᠣᠯᠬᠤ ᠴᠢᠬᠤᠯᠠ ᠪᠠᠶᠢᠯᠳᠤᠬᠤ | ᠪᠤᠳᠤᠯᠭ᠎ᠠ ᠶᠢᠨ ᠠᠵᠠ ᠲᠤᠬᠢᠶᠠᠯᠳᠣ ᠬᠤᠭᠤᠴᠠᠭᠠᠨ ᠳᠤ ᠤᠷᠤᠰᠢᠵᠦ ᠪᠠᠶᠢᠨ᠎ᠠ᠂ ᠠᠵᠦ ᠠᠬᠤᠢ ᠶᠢᠨ ᠪᠠᠶᠢᠳᠠᠯ ᠤᠷᠲᠦ | ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠪᠠᠶᠢᠳᠠᠯ ᠬᠤᠪᠢᠷᠠᠭᠰᠠᠨ ᠦᠬᠡᠢ᠂ ᠡᠭᠦᠨ ᠤ ᠬᠠᠮᠳᠣ᠂ ᠮᠠᠰᠢ ᠤᠯᠠᠨ | ᠵᠦᠷᠢᠴᠡᠯ ᠰᠤᠯᠢᠪᠴᠠᠵᠣ ᠳᠠᠪᠬᠤᠴᠠᠨ ᠤᠷᠤᠰᠢᠵᠣ ᠪᠠᠶᠢᠭ᠎ᠠ ᠬᠠᠲᠠᠭᠤ ᠴᠢᠩᠭ᠎ᠠ ᠦᠷᠢᠰᠦᠯᠳᠦᠭᠡᠨ ᠳᠤ ᠲᠤᠯᠭᠠᠷᠠᠵᠦ | ᠪᠠᠶᠢᠨ᠎ᠠ᠂ ᠶᠡᠷᠦᠩᠬᠡᠢ ᠲᠡᠭᠡᠨ ᠠᠵᠠ ᠲᠤᠬᠢᠶᠠᠯ ᠦᠷᠢᠰᠦᠯᠳᠦᠭᠡᠨ ᠠᠴᠠ ᠶᠡᠭᠡ᠂ ᠠᠰᠢᠬᠲᠠᠢ ᠬᠦᠴᠦᠨ ᠵᠦᠢᠯ ᠠᠰᠢᠭ | ᠦᠬᠡᠢ ᠬᠦᠴᠦᠨ ᠵᠦᠢᠯ ᠠᠴᠠ ᠣᠯᠠᠨ ᠪᠠᠶᠢᠨ᠎ᠠ᠃ ᠡᠷᠬᠡᠪᠰᠢ ᠪᠠᠶᠢᠯᠳᠤᠬᠤ ᠪᠤᠳᠤᠯᠭ᠎ᠠ ᠶᠢᠨ ᠠᠵᠠ ᠲᠤᠬᠢᠶᠠᠯᠳᠣ | ᠬᠤᠭᠤᠴᠠᠭ᠎ᠠ ᠶᠢᠨ ᠠᠭᠤᠯᠬᠤᠨ ᠤ ᠬᠦᠨᠵᠡᠬᠡᠢ ᠬᠤᠪᠢᠷᠠᠯᠲᠠ ᠶᠢ ᠣᠨᠣᠪᠴᠢᠳᠠᠢ ᠡᠵᠡᠮᠰᠢᠵᠦ᠂ ᠬᠦᠭᠵᠢᠯᠲᠡ ᠶᠢᠨ | ᠢᠲᠡᠭᠡᠯ ᠵᠣᠷᠢᠭ ᠢᠶᠠᠨ ᠪᠠᠲᠤᠳᠬᠠᠵᠦ᠂ ᠵᠣᠪᠠᠨᠢᠯ ᠤᠨ ᠦᠵᠡᠯ ᠤᠬᠠᠮᠰᠠᠷ ᠢᠶᠠᠨ ᠴᠢᠩᠭᠠᠷᠠᠭᠤᠯᠵᠦ᠂ ᠰᠢᠨᠵᠢᠯᠡᠬᠦ | ᠤᠬᠠᠭᠠᠨᠴᠢ ᠤᠶᠤᠨᠴᠢ ᠪᠠᠷ ᠭᠦᠭᠵᠢᠭᠦᠯᠵᠦ᠂ ᠠᠵᠦ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠦᠭᠵᠢᠬᠦ | ᠰᠠᠶᠢᠨ ᠰᠠᠶᠢᠬᠠᠨ ᠪᠠᠶᠢᠳᠠᠯ ᠢ ᠤᠷᠲᠦ ᠬᠤᠭᠤᠴᠠᠭ᠎ᠠ ᠪᠠᠷ ᠴᠢᠷᠮᠠᠶᠢᠨ ᠪᠠᠳᠣᠯᠠᠬᠤ ᠬᠡᠷᠡᠭᠳᠡᠢ᠃ | ᠬᠤᠷᠠᠯ ᠠᠴᠠ ︽13· 5︾ ᠶᠢᠨ ᠲᠦᠯᠦᠪᠵᠢᠭᠦᠯᠭᠡ ᠶᠢᠨ ᠬᠤᠭᠤᠴᠠᠭᠠᠨ ᠲᠠᠬᠢ ᠮᠠᠨ ᠤ ᠤᠷᠤᠨ ᠤ | ᠬᠦᠭᠵᠢᠯᠲᠡ ᠶᠢᠨ ᠵᠢᠯᠤᠭᠤᠳᠬᠤ ᠦᠵᠡᠯ ᠰᠠᠨᠠᠭ᠎ᠠ ᠶᠢ ᠳᠤᠷᠠᠳᠴᠠᠢ᠄ ᠳᠤᠮᠳᠠᠳᠦ ᠤᠯᠤᠰ ᠤᠨ ᠤᠨᠴᠠᠯᠢᠭ ᠲᠠᠢ ᠨᠡᠶᠢᠭᠡᠮ | ᠵᠢᠷᠦᠮ ᠤᠨ ᠠᠭᠤᠤ ᠶᠡᠭᠡ ᠲᠤᠭ ᠢ ᠦᠨᠳᠦᠷ ᠮᠠᠨᠳᠤᠭᠤᠯᠵᠦ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠤᠯᠤᠨ | ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ᠂ ᠲᠦᠷᠪᠡᠳᠦᠬᠡᠷ | ᠪᠦᠬᠦᠳᠡ ᠬᠤᠷᠠᠯ᠂ ᠲᠠᠪᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠦ᠂ | ᠮᠠᠷᠺᠰ ᠯᠧᠨᠢᠨ ᠤ ᠦᠵᠡᠯ᠂ ᠮᠠᠥ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ᠂ ︽ | ᠭᠤᠷᠪᠠ ᠶᠢ ᠲᠦᠯᠦᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠦᠭᠵᠢᠯᠲᠡ ᠶᠢᠨ ᠦᠵᠡᠯᠲᠡ ᠪᠠᠷ | ᠵᠢᠯᠤᠭᠤᠳᠤᠯᠭ᠎ᠠ ᠪᠤᠯᠭᠠᠵᠦ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠤᠭᠤᠳ ᠪᠤᠯᠤᠨ ᠦᠪᠦᠷ | ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠬᠦᠨᠵᠡᠬᠡᠢ | ᠲᠤᠤᠱᠯᠠᠭᠤᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ᠂ ᠦᠭᠡᠷᠡᠴᠢᠯᠡᠯᠲᠡ ᠶᠢ ᠪᠦᠬᠦ ᠲᠠᠯ᠎ᠠ ᠪᠠᠷ | ᠬᠦᠨᠵᠡᠭᠡᠶᠢᠷᠡᠭᠦᠯᠬᠦ᠂ ᠪᠦᠬᠦ ᠲᠠᠯ᠎ᠠ ᠪᠠᠷ ᠬᠠᠥᠯᠢ ᠪᠠᠷ ᠤᠯᠤᠰ ᠢᠶᠠᠨ ᠵᠠᠰᠠᠬᠤ᠂ ᠪᠦᠬᠦ ᠲᠠᠯ᠎ᠡ ᠪᠠᠷ ᠨᠠᠮ ᠢᠶᠠᠨ ᠴᠢᠩᠭ᠎ᠠ | ᠵᠠᠰᠠᠬᠤ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠶᠢ ᠪᠠᠷᠢᠮᠳᠠᠯᠠᠵᠦ᠂ ᠭᠦᠭᠵᠢᠭᠦᠯᠬᠦ ᠪᠤᠯ ᠳᠡᠷᠢᠭᠦᠨ ᠴᠢᠬᠤᠯᠠ | ᠡᠭᠦᠷᠬᠡ ᠪᠤᠯᠬᠤ ᠶᠢ ᠪᠠᠷᠢᠮᠳᠠᠯᠠᠨ᠂ ᠰᠢᠨ᠎ᠡ ᠶᠢ ᠡᠭᠦᠳᠬᠦ᠂ ᠵᠤᠬᠢᠴᠠᠩᠭᠤᠢ᠂ ᠪᠤᠬᠢᠷᠲᠤᠯ ᠦᠭᠡᠢ᠂ ᠨᠡᠭᠡᠭᠡᠯᠳᠡᠳᠤ᠂ | ᠬᠠᠮᠲᠤᠪᠡᠷ ᠡᠳ᠋ᠯᠡᠬᠦ ᠬᠦᠭᠵᠢᠯᠲᠡ ᠶᠢᠨ ᠤᠢᠢᠯᠠᠭᠠᠭᠳᠠᠬᠤᠨ ᠢ ᠪᠠᠷᠢᠮᠳᠠᠯᠠᠵᠣ᠂ ᠬᠦᠭᠵᠢᠯᠲᠡ ᠶᠢᠨ ᠴᠢᠨᠠᠷ ᠴᠢᠨᠰᠠᠭ᠎ᠠ | ᠪᠤᠯᠤᠨ ᠦᠷ᠎ᠡ ᠠᠰᠢᠭ ᠢ ᠲᠡᠭᠡᠭᠰᠢᠯᠡᠬᠦᠯᠬᠦ ᠪᠠᠷ ᠭᠤᠤᠯ ᠪᠤᠯᠭᠠᠵᠣ᠂ ᠠᠵᠦ ᠠᠬᠤᠢ ᠶᠢᠨ ᠬᠦᠭᠵᠢᠯᠲᠡ ᠶᠢᠨ ᠰᠢᠨ᠎ᠡ ᠬᠡᠪ | ᠪᠠᠶᠢᠳᠠᠯ ᠢ ᠬᠦᠳᠦᠯᠦᠨ ᠳᠠᠭᠠᠭᠤᠯᠬᠤ ᠪᠠᠶᠢᠭᠤᠯᠤᠮᠵᠢ ᠲᠤᠬᠲᠠᠴᠠ ᠪᠤᠯᠤᠨ ᠬᠦᠭᠵᠢᠯᠲᠡ ᠶᠢᠨ ᠠᠷᠭ᠎ᠠ ᠬᠡᠯᠪᠡᠷᠢ ᠶᠢ | ᠲᠦᠷᠭᠡᠨ ᠪᠦᠷᠢᠯᠳᠦᠭᠦᠯᠵᠦ᠂ ᠳᠣᠭᠳᠠᠭᠤᠨ ᠪᠠᠶᠢᠯᠭᠠᠬᠤ ᠮᠦᠷᠳᠡᠭᠡᠨ ᠣᠷᠣᠭᠰᠢᠯᠠᠨ ᠳᠠᠪᠰᠢᠬᠤ ᠶᠢ ᠪᠠᠷᠢᠮᠳᠠᠯᠠᠵᠦ᠂ | ᠠᠵᠦ ᠠᠬᠤᠢ ᠶᠢᠨ ᠪᠦᠲᠦᠬᠡᠨ ᠪᠠᠶᠢᠭᠤᠯᠤᠯᠲᠠ᠂ ᠤᠯᠤᠰ ᠲᠦᠷᠦ ᠶᠢᠨ ᠪᠠᠶᠢᠭᠤᠯᠤᠯᠲᠠ᠂ ᠰᠤᠶᠤᠯ ᠤᠨ ᠪᠠᠶᠢᠭᠤᠯᠤᠯᠲᠠ | ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠢ ᠶᠢᠨ ᠪᠤᠯᠪᠠᠰᠦᠨ ᠤ ᠪᠠᠶᠢᠭᠤᠯᠤᠯᠲᠠ ᠪᠤᠯᠤᠨ ᠨᠠᠮ ᠤᠨ | ᠪᠠᠶᠢᠭᠤᠯᠤᠯᠲᠠ ᠶᠢ ᠨᠢᠭᠡᠲᠦᠯᠲᠡᠢ ᠲᠦᠯᠦᠪᠵᠢᠭᠦᠯᠦᠨ ᠠᠬᠢᠭᠤᠯᠵᠦ᠂ ᠳᠣᠭᠳᠠᠭᠰᠠᠨ ᠬᠤᠭᠤᠴᠠᠭᠠᠨ ᠳᠤ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠶᠢ ᠪᠠᠲᠤᠯᠠᠵᠦ᠂ ᠡᠬᠡ ᠣᠯᠣᠰ ᠤᠨ ᠤᠮᠠᠷᠠᠲᠦ ᠶᠢᠨ ᠦᠵᠡᠮᠵᠢ ᠶᠢᠨ | ᠣᠷᠣᠨ ᠢ ᠨᠡᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠬᠡᠨ ᠪᠠᠶᠢᠭᠤᠯᠤᠨ᠎ᠠ᠃ | ᠬᠤᠷᠠᠯ ᠠᠴᠠ ᠴᠢᠬᠤᠯᠠᠴᠢᠯᠠᠭᠰᠠᠨ ᠨᠢ᠂ ︽13· 5︾ ᠶᠢᠨ ᠲᠦᠯᠦᠪᠵᠢᠭᠦᠯᠭᠡ ᠶᠢᠨ ᠬᠤᠭᠤᠴᠠᠭᠠᠨ ᠳᠠᠬᠢ | ᠮᠠᠨ ᠤ ᠤᠷᠤᠨ ᠤ ᠬᠦᠭᠵᠢᠯᠲᠡ ᠶᠢ ᠠᠬᠢᠭᠤᠯᠬᠤ ᠳᠤ᠂ ᠡᠷᠬᠡᠪᠰᠢ ᠳᠤᠤᠷᠠᠬᠢ ᠵᠠᠷᠴᠢᠮ ᠢ ᠪᠠᠲᠦ ᠡᠵᠡᠮᠰᠢᠬᠦ ᠬᠡᠷᠡᠭᠲᠡᠢ᠄ | ᠠᠷᠠᠳ ᠲᠦᠮᠠᠨ ᠤ ᠭᠤᠤᠯ ᠴᠤᠭᠴᠠ ᠪᠣᠯᠬᠤ ᠪᠠᠶᠢᠷᠢ ᠰᠠᠭᠤᠷᠢ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ | ᠬᠦᠭᠵᠢᠯᠲᠠ ᠶᠢ ᠪᠠᠷᠢᠮᠲᠠᠯᠠᠵᠤ᠂ ᠦᠬᠡᠷᠠᠴᠢᠯᠠᠯᠲᠠ ᠶᠢ ᠬᠦᠨᠵᠡᠬᠡᠶᠢᠷᠠᠬᠦᠯᠬᠦ ᠶᠢ ᠪᠠᠷᠢᠮᠲᠠᠯᠠᠵᠤ᠂ ᠬᠠᠤᠯᠢ ᠪᠠᠷ | ᠤᠷᠤᠨ ᠢᠶᠠᠨ ᠵᠠᠰᠠᠬᠤ ᠶᠢ ᠪᠠᠷᠢᠮᠲᠠᠯᠠᠵᠤ᠂ ᠤᠯᠤᠰ ᠤᠨ ᠲᠤᠲᠤᠭᠠᠲᠤ ᠪᠠ ᠲᠠᠯᠠᠬᠡᠢ ᠶᠢᠨ ᠬᠤᠶᠠᠷ ᠶᠡᠭᠡ ᠲᠠᠯ᠎ᠠ ᠶᠢᠨ | ᠳᠣᠮᠳᠠ ᠬᠦᠭᠵᠢᠯᠲᠠ ᠶᠢ ᠰᠦᠪᠡᠭᠴᠢᠯᠡᠨ ᠠᠬᠢᠭᠤᠯᠬᠤ ᠶᠢ ᠪᠠᠷᠢᠮᠲᠠᠯᠠᠵᠤ᠂ ᠨᠠᠮ ᠤᠨ ᠤᠲᠤᠷᠢᠲᠤᠯᠭ᠎ᠠ ᠶᠢ ᠪᠠᠷᠢᠮᠲᠠᠯᠠᠬᠤ | ᠬᠡᠷᠡᠭᠳᠡᠢ᠃ | ᠬᠤᠷᠠᠯ ᠠᠴᠠ ︽13· 5︾ ᠶᠢᠨ ᠲᠦᠯᠦᠪᠵᠢᠬᠦᠯᠬᠡ ᠶᠢᠨ ᠬᠤᠭᠤᠴᠠᠭᠠᠨ ᠳᠠᠬᠢ ᠮᠠᠨ ᠤ ᠤᠷᠤᠨ ᠤ ᠠᠵᠤ | ᠠᠬᠤᠢ ᠨᠠᠶᠢᠬᠡᠮ ᠤᠨ ᠬᠦᠭᠵᠢᠯᠲᠠ ᠶᠢᠨ ᠭᠤᠤᠯ ᠬᠠᠷᠠᠯᠲᠠ ᠶᠢ ᠲᠤᠷᠠᠳᠪᠠ᠄ ᠠᠵᠤ ᠠᠬᠤᠢ ᠶᠢᠨ ᠨᠡᠯᠢᠶᠡᠳ ᠲᠦᠷᠭᠡᠨ | ᠪᠣᠶᠣ ᠲᠦᠷᠭᠡᠨ ᠨᠡᠮᠡᠭᠳᠡᠯ ᠢ ᠪᠠᠳᠣᠯᠠᠵᠣ᠂ ᠪᠠᠯᠠ ᠤᠷᠤᠭᠤᠯᠤᠯᠲᠠ ᠶᠢᠨ ᠬᠡᠪᠴᠢᠶ᠎ᠡ ᠶᠢ ᠦᠷᠭᠡᠳᠭᠡᠨ᠂ ᠪᠦᠳᠦᠴᠡ ᠶᠢ | ᠰᠢᠯᠢᠳᠡᠭᠵᠢᠭᠦᠯᠵᠦ᠂ ᠦᠷ᠎ᠡ ᠠᠰᠢᠭ ᠢ ᠳᠡᠭᠡᠭᠰᠢᠯᠡᠭᠦᠯᠵᠦ᠂ ᠬᠡᠷᠡᠭᠯᠡᠭᠡ ᠶᠢᠨ ᠠᠵᠤ ᠠᠬᠤᠢ ᠶᠢᠨ ᠨᠡᠮᠡᠭᠳᠡᠯ ᠳᠠᠬᠢ ᠬᠤᠪᠢ | ᠨᠡᠮᠡᠷᠢ ᠶᠢ ᠢᠯᠡᠳᠳᠡ ᠳᠡᠭᠡᠭᠰᠢᠯᠡᠭᠦᠯᠵᠦ᠂ ᠭᠠᠲᠠᠭᠠᠲᠤ ᠭᠠᠷᠭᠠᠯᠲᠠ ᠶᠢᠨ ᠠᠵᠤ ᠠᠬᠤᠢ ᠶᠢᠨ ᠨᠡᠮᠡᠭᠳᠡᠯ ᠢ ᠠᠬᠢᠭᠤᠯᠬᠤ | ᠦᠢᠯᠡᠲᠤᠯ ᠢ ᠴᠢᠩᠭᠠᠷᠠᠭᠤᠯᠣᠨ᠎ᠠ︔ ᠬᠠᠩᠭᠠᠯᠭ᠎ᠠ ᠶᠢᠨ ᠬᠡᠪᠴᠢᠶ᠎ᠡ ᠶᠢ ᠦᠷᠭᠡᠳᠭᠡᠵᠦ᠂ ᠶᠠᠰᠣ ᠴᠢᠨᠠᠷ ᠢ ᠨᠢ | ᠰᠠᠶᠢᠵᠢᠷᠠᠭᠤᠯᠣᠨ᠎ᠠ︔ ᠰᠠᠭᠤᠷᠢ ᠲᠦᠬᠦᠬᠡᠷᠤᠮᠵᠢ ᠶᠢᠨ ᠰᠢᠰᠲ᠋ᠧᠮ ᠢ ᠨᠠᠩ ᠲᠠᠬᠦᠯᠲᠠᠷᠵᠢᠬᠦᠯᠤᠨᠡ︔ ᠬᠦᠭᠵᠢᠯᠳᠡ ᠶᠢᠨ | ᠴᠢᠨᠠᠷ ᠴᠢᠨᠰᠠᠭ᠎ᠠ ᠪᠣᠯᠣᠨ ᠦᠷ᠎ᠡ ᠠᠰᠢᠭ ᠢ ᠳᠡᠭᠡᠭᠰᠢᠯᠡᠭᠦᠯᠵᠦ᠂ ᠣᠯᠠᠨ ᠨᠡᠶᠢᠳᠡ ᠶᠢᠨ ᠡᠳ᠋ ᠤᠨ ᠵᠠᠰᠠᠭ ᠤᠨ | ᠲᠦᠰᠦᠪ ᠤᠨ ᠣᠷᠣᠯᠭ᠎ᠠ᠂ ᠠᠵᠣ ᠠᠬᠤᠢᠢᠯᠠᠯ ᠤᠨ ᠠᠰᠢᠭ ᠬᠤᠨᠵᠢᠪᠣᠷᠢ ᠶᠢᠨ ᠨᠣᠷᠮ᠎ᠠ ᠶᠢ ᠳᠣᠭᠳᠠᠭᠤᠨ ᠢᠶᠠᠷ | ᠳᠡᠭᠡᠭᠰᠢᠯᠡᠭᠦᠯᠵᠦ᠂ ᠪᠠᠷᠠᠭᠠᠨ ᠤ ᠦᠨ᠎ᠡ ᠬᠠᠩᠰᠢ ᠶᠢᠨ ᠲᠦᠪᠰᠢᠨ ᠵᠣᠬᠢᠰᠳᠠᠢ ᠬᠡᠪᠴᠢᠶᠡᠨ ᠳᠣᠳᠣᠷ᠎ᠠ ᠪᠠᠶᠢᠬᠤ ᠶᠢ | ᠪᠠᠳᠣᠯᠠᠵᠣ᠂ ᠭᠤᠣᠯ ᠪᠣᠯᠬᠤ ᠠᠵᠣ ᠠᠬᠤᠢ ᠶᠢᠨ ᠭᠦᠢᠴᠡᠳᠭᠡᠬᠦ ᠳᠤᠭ᠎ᠠ ᠶᠢ ᠳᠡᠩᠴᠡᠭᠦᠷᠢᠳᠡᠢ ᠵᠣᠬᠢᠴᠠᠩᠭᠤᠢ | ᠪᠠᠶᠢᠯᠭᠠᠨ᠎ᠠ᠃ ᠬᠦᠭᠵᠢᠯᠳᠡ ᠶᠢᠨ ᠠᠷᠭ᠎ᠠ ᠬᠡᠯᠪᠡᠷᠢ ᠪᠠᠨ ᠬᠤᠪᠢᠷᠠᠭᠤᠯᠬᠤ ᠳᠠᠯ᠎ᠠ ᠪᠠᠷ ᠴᠢᠬᠤᠯᠠ ᠰᠢᠪᠳᠣᠯᠣᠯᠳᠠ ᠲᠠᠢ | ᠪᠣᠯᠭᠠᠵᠣ᠂ ᠠᠵᠣ ᠦᠢᠯᠡᠰ ᠤᠨ ᠬᠦᠭᠵᠢᠯᠳᠡ ᠶᠢ ᠳᠣᠮᠳᠠ ᠦᠨᠳᠦᠷ ᠲᠦᠪᠰᠢᠨ ᠳᠡᠰᠢ ᠠᠬᠢᠭᠤᠯᠵᠣ᠂ ᠣᠯᠠᠨ | ᠡᠰᠢᠵᠢᠨ ᠬᠦᠭᠵᠢᠵᠦ ᠣᠯᠠᠨ ᠲᠦᠢᠯ ᠢᠶᠠᠷ ᠳᠣᠯᠭᠠᠭᠤᠷᠢᠯᠠᠭᠰᠠᠨ ᠣᠳᠣ ᠦᠶ᠎ᠡ ᠶᠢᠨ ᠠᠵᠣ ᠦᠢᠯᠡᠰ ᠤᠨ ᠰᠢᠰᠲ᠋ᠧᠮ ᠢ | ᠦᠨᠳᠦᠰᠦᠨ ᠳᠡᠭᠡᠨ ᠪᠦᠷᠢᠯᠳᠦᠭᠦᠯᠦᠨ᠎ᠡ︔ ︽ᠲᠠᠪᠤᠨ ᠶᠡᠭᠡ ᠰᠠᠭᠤᠷᠢᠨ︾ ᠤ ᠪᠦᠲᠦᠬᠡᠨ ᠪᠠᠶᠢᠭᠤᠯᠤᠯᠲᠠ ᠶᠢ | ᠬᠦᠨᠵᠡᠬᠡᠢ ᠠᠬᠢᠭᠤᠯᠵᠤ᠂ ᠡᠬᠢ ᠪᠠᠶᠠᠯᠢᠭ ᠢ ᠶᠠᠷᠦᠩᠬᠡᠶᠢᠯᠠᠨ ᠠᠰᠢᠡᠡᠯᠠᠬᠤ ᠨᠤᠷᠮ᠎ᠠ ᠪᠠ ᠨᠠᠷᠢᠯᠢᠭ ᠡᠳ᠋ᠰᠢᠯᠡᠬᠦᠯᠤᠨ | ᠪᠣᠯᠪᠠᠰᠣᠷᠠᠭᠤᠯᠬᠤ ᠬᠡᠮᠵᠢᠶ᠎ᠠ ᠶᠢ ᠲᠠᠬᠡᠭᠰᠢᠯᠡᠬᠦᠯᠤᠨ᠎ᠠ︔ ᠰᠢᠨᠵᠢᠯᠡᠬᠦ ᠣᠬᠠᠭᠠᠨ ᠮᠡᠷᠭᠡᠵᠢᠯ ᠤᠨ ᠠᠵᠣ ᠠᠬᠤᠢ ᠶᠢᠨ | ᠨᠡᠮᠡᠭᠳᠡᠯ ᠳᠠᠬᠢ ᠬᠤᠪᠢ ᠨᠡᠮᠡᠷᠢ ᠶᠢᠨ ᠨᠣᠷᠮ᠎ᠠ ᠶᠢ ᠳᠡᠭᠡᠭᠰᠢᠯᠡᠭᠦᠯᠵᠦ᠂ ᠰᠢᠨ᠎ᠡ ᠶᠢ ᠡᠭᠦᠳᠬᠦ ᠪᠠᠷ ᠬᠦᠳᠡᠯᠭᠡᠭᠦᠷ | ᠪᠣᠯᠭᠠᠭᠰᠠᠨ ᠬᠦᠭᠵᠢᠯᠳᠡ ᠵᠢᠨᠪᠠᠶᠢᠷᠢᠰᠢᠯ ᠢ ᠠᠩᠬ᠎ᠠ ᠠᠯᠬᠤᠮ ᠪᠦᠷᠢᠯᠳᠦᠭᠦᠯᠦᠨ᠎ᠡ︔ ᠬᠤᠳᠠ ᠪᠠᠯᠭᠠᠰᠣᠵᠢᠯᠳᠠ ᠶᠢᠨ | ᠠᠭᠤᠯᠬᠤᠨ ᠢ ᠬᠦᠭᠵᠢᠭᠦᠯᠵᠦ᠂ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠬᠤᠳᠠ ᠬᠦᠳᠡᠭᠡ ᠵᠣᠬᠢᠴᠠᠩᠭᠤᠢ ᠪᠠᠷ | ᠬᠦᠭᠵᠢᠬᠦ ᠪᠠᠶᠢᠷᠢᠰᠢᠯ ᠢ ᠦᠨᠳᠦᠰᠦᠨ ᠳᠡᠭᠡᠨ ᠪᠦᠷᠢᠯᠳᠦᠭᠦᠯᠦᠨ᠎ᠡ︔ ᠦᠢᠯᠡᠳᠪᠦᠷᠢᠯᠡᠯ ᠤᠨ ᠬᠦᠴᠦᠨ ᠤ ᠳᠠᠷᠬᠠᠴᠠ ᠶᠢ | ᠴᠢᠨᠠᠭᠰᠢᠳᠠ ᠰᠢᠯᠢᠳᠡᠭᠵᠢᠭᠦᠯᠵᠦ᠂ ᠣᠷᠣᠨ ᠪᠦᠰᠡ ᠶᠢᠨ ᠬᠦᠭᠵᠢᠯᠳᠡ ᠶᠢᠨ ᠵᠣᠬᠢᠴᠠᠩᠭᠤᠢ ᠴᠢᠨᠠᠷ ᠢ ᠳᠠᠰᠣᠷᠠᠯᠳᠠ | ᠦᠭᠡᠢ ᠳᠡᠭᠡᠭᠰᠢᠯᠡᠭᠦᠯᠦᠨ᠎ᠡ᠃ ᠠᠷᠠᠳ ᠲᠦᠮᠡᠨ ᠤ ᠠᠮᠢᠳᠣᠷᠠᠯ ᠤᠨ ᠲᠦᠪᠰᠢᠨ ᠪᠣᠯᠣᠨ ᠴᠢᠨᠠᠷ ᠴᠢᠨᠰᠠᠭ᠎ᠠ ᠶᠢ ᠨᠡᠶᠢᠳᠡᠮ | ᠳᠡᠭᠡᠭᠰᠢᠯᠡᠭᠦᠯᠵᠦ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠪᠦᠬᠦ ᠣᠯᠣᠰ ᠤᠨ ᠲᠤᠮᠲᠠᠴᠢ | ᠲᠦᠪᠰᠢᠨ ᠳᠤ ᠬᠦᠷᠬᠡᠵᠤ᠂ ᠤᠯᠤᠰ ᠤᠨ ᠤᠲᠣ ᠶᠢᠨ ᠬᠡᠷᠡᠭᠵᠢᠬᠦᠯᠵᠤ ᠪᠦᠬᠦᠢ ᠪᠠᠷᠢᠮᠵᠢᠶ᠎ᠠ ᠠᠴᠠ ᠲᠤᠤᠷ᠎ᠠ ᠪᠠᠶᠢᠭ᠎ᠠ | ᠶᠠᠲᠠᠭᠤ ᠬᠦᠴᠢᠷ ᠲᠠᠢ ᠬᠦᠮᠤᠨ ᠠᠮᠠ ᠶᠢ ᠶᠠᠲᠠᠭᠤ ᠠᠴᠠ ᠨᠢ ᠠᠩᠭᠢᠵᠢᠷᠠᠭᠤᠯᠵᠤ᠂ ᠶᠠᠲᠠᠭᠤ ᠬᠦᠴᠢᠷ ᠲᠠᠢ ᠬᠤᠰᠢᠭᠤ | ᠰᠢᠶᠠᠨ ᠢ ᠪᠦᠬᠦᠨ ᠢ ᠨᠢ ᠶᠠᠲᠠᠭᠤ ᠠᠴᠠ ᠨᠢ ᠠᠩᠭᠢᠵᠢᠷᠠᠭᠤᠯᠵᠤ᠂ ᠤᠷᠤᠨ ᠳᠤᠭᠤᠷᠢᠭ ᠤᠨ ᠴᠢᠨᠠᠷᠲᠠᠢ ᠪᠦᠬᠦᠯᠢ | ᠴᠤᠭᠴᠠ ᠪᠠᠷ ᠢᠶᠠᠨ ᠶᠠᠲᠠᠭᠤ ᠬᠦᠴᠢᠷ ᠲᠠᠢ ᠠᠰᠠᠭᠤᠳᠠᠯ ᠢ ᠰᠢᠢᠳᠪᠤᠷᠢᠯᠠᠨ᠎ᠠ᠃ ᠤᠯᠤᠰ ᠠᠷᠠᠳ ᠤᠨ ᠬᠡᠪ ᠪᠤᠯᠪᠠᠰᠤᠷᠠᠯ | ᠪᠠ ᠨᠠᠶᠢᠬᠡᠮ ᠤᠨ ᠪᠤᠯᠪᠠᠰᠤᠨ ᠤ ᠲᠦᠪᠰᠢᠨ ᠢ ᠮᠡᠳᠡᠭᠲᠠᠮᠠ ᠲᠠᠬᠡᠭᠰᠢᠯᠡᠬᠦᠯᠤᠨ᠎ᠠ᠃ ᠠᠮᠢ ᠠᠬᠤᠢ ᠶᠢᠨ ᠤᠷᠴᠢᠨ | ᠲᠤᠭᠤᠷᠢᠨ ᠤ ᠴᠢᠨᠠᠷ ᠴᠢᠨᠰᠠᠭ᠎ᠠ ᠶᠢ ᠦᠷᠬᠦᠯᠵᠢᠯᠠᠨ ᠰᠠᠶᠢᠵᠢᠷᠠᠭᠤᠯᠤᠨ᠎ᠠ᠃ ᠡᠯ᠎ᠠ ᠲᠠᠯ᠎ᠠ ᠶᠢᠨ ᠪᠠᠶᠢᠭᠤᠯᠤᠮᠵᠢ | ᠲᠤᠭᠲᠠᠴᠠ ᠶᠢ ᠨᠠᠩ ᠪᠦᠷᠢᠨᠰᠢᠬᠦᠯᠤᠨ ᠲᠠᠬᠦᠯᠲᠠᠷᠵᠢᠬᠦᠯᠤᠨ᠎ᠠ᠃ | ᠬᠤᠷᠠᠯ ᠠᠴᠠ ᠱᠠᠭᠠᠷᠲᠠᠭᠰᠠᠨ ᠨᠢ᠂ ︽13· 5︾ ᠶᠢᠨ ᠲᠦᠯᠦᠪᠵᠢᠬᠦᠯᠬᠡ ᠶᠢᠨ ᠬᠤᠭᠤᠴᠠᠭᠠᠨ ᠳᠠᠬᠢ | ᠬᠦᠭᠵᠢᠯᠲᠠ ᠶᠢᠨ ᠬᠠᠷᠠᠯᠲᠠ ᠶᠢ ᠪᠠᠶᠠᠯᠠᠬᠦᠯᠬᠦ ᠳᠤ᠂ ᠡᠷᠬᠡᠪᠰᠢ ᠰᠢᠨ᠎ᠠ ᠶᠢ ᠡᠬᠦᠳᠬᠦ ᠬᠦᠭᠵᠢᠯᠲᠠ᠂ ᠵᠤᠬᠢᠴᠠᠩᠭᠤᠢ | ᠬᠦᠭᠵᠢᠯᠲᠠ᠂ ᠪᠤᠬᠢᠷᠲᠤᠯ ᠦᠬᠡᠢ ᠬᠦᠭᠵᠢᠯᠲᠠ᠂ ᠨᠠᠬᠡᠬᠡᠯᠲᠠᠳᠤ ᠬᠦᠭᠵᠢᠯᠲᠠ᠂ ᠬᠠᠮᠲᠤᠪᠠᠷ ᠡᠳ᠋ᠯᠡᠬᠦ ᠬᠦᠭᠵᠢᠯᠲᠠ ᠶᠢᠨ | ᠤᠢᠢᠯᠠᠭᠠᠭᠳᠠᠬᠤᠨ ᠢ ᠪᠠᠲᠤ ᠪᠤᠢ ᠪᠤᠯᠭᠠᠵᠤ᠂ ︽ᠲᠠᠪᠤᠨ ᠶᠡᠭᠡ ᠬᠦᠭᠵᠢᠯᠲᠠ ᠶᠢᠨ ᠤᠢᠢᠯᠠᠭᠠᠭᠳᠠᠬᠤᠨ︾ ᠢ | ᠳᠣᠣᠱᠯᠠᠭᠤᠯᠣᠨ ᠨᠠᠶᠢᠳᠠᠪᠣᠷᠢᠵᠢᠭᠤᠯᠬᠤ ᠤᠬᠠᠮᠰᠠᠷᠲᠤ ᠴᠢᠨᠠᠷ᠂ ᠰᠠᠨᠠᠭᠠᠴᠢᠯᠠᠭᠠᠲᠤ ᠴᠢᠨᠠᠷ᠂ ᠪᠦᠳᠦᠭᠡᠯᠴᠢ ᠴᠢᠨᠠᠷ ᠢᠶᠠᠨ | ᠦᠨᠡᠨᠬᠦ ᠴᠢᠩᠭᠠᠷᠠᠭᠤᠯᠵᠣ᠂ ᠰᠢᠨ᠎ᠡ ᠬᠦᠭᠵᠢᠯᠳᠡ ᠶᠢᠨ ᠤᠢᠢᠯᠠᠭᠠᠭᠳᠠᠬᠤᠨ ᠢ ᠨᠡᠩ ᠰᠠᠶᠢᠳᠣᠷ ᠬᠡᠷᠡᠭᠯᠡᠨ | ᠬᠦᠭᠵᠢᠯᠳᠡ ᠶᠢ ᠲᠦᠯᠦᠪᠵᠢᠭᠦᠯᠦᠨ᠂ ᠬᠦᠭᠵᠢᠯᠲᠠ ᠶᠢ ᠬᠦᠲᠤᠯᠤᠨ ᠲᠠᠭᠠᠭᠤᠯᠵᠤ᠂ ᠬᠦᠭᠵᠢᠯᠲᠠ ᠶᠢ ᠠᠬᠢᠭᠤᠯᠬᠤ | ᠬᠡᠷᠡᠭᠲᠠᠢ᠃ | ᠬᠤᠷᠠᠯ ᠠᠴᠠ ᠲᠤᠷᠠᠲᠤᠭᠰᠠᠨ ᠨᠢ᠂ ᠠᠵᠤ ᠠᠬᠤᠢ ᠶᠢᠨ ᠦᠷᠬᠦᠯᠵᠢᠯᠠᠨ ᠡᠷᠠᠬᠦᠯ ᠢᠶᠠᠷ ᠬᠦᠭᠵᠢᠬᠦ ᠶᠢ | ᠠᠬᠢᠭᠤᠯᠵᠤ᠂ ᠤᠷᠤᠨ ᠨᠣᠳᠤᠭ ᠤᠨ ᠶᠠᠷᠦᠩᠬᠡᠶᠢᠯᠡᠭᠰᠡᠨ ᠪᠤᠲᠠᠲᠤ ᠬᠦᠴᠤᠨ ᠢᠶᠠᠨ ᠪᠤᠵᠠᠭᠠᠢᠢᠷᠠᠭᠤᠯᠬᠤ ᠳᠤ᠂ ᠡᠷᠬᠡᠪᠰᠢ | ᠪᠦᠲᠦᠮᠵᠢᠲᠠᠢ ᠬᠡᠷᠡᠭᠴᠡᠭᠡ ᠤᠨᠴᠠᠭᠠᠢᠢᠯᠠᠨ ᠬᠡᠷᠡᠭᠯᠡᠭᠡ ᠶᠢᠨ ᠬᠡᠷᠡᠭᠴᠡᠭᠡ ᠶᠢ ᠴᠢᠨᠠᠭᠰᠢᠲᠠ ᠦᠷᠬᠡᠳᠬᠡᠵᠤ᠂ | ᠬᠠᠨᠭ᠍ᠭᠠᠯᠭ᠎ᠠ ᠶᠢᠨ ᠴᠢᠨᠠᠷ ᠴᠢᠨᠰᠠᠭ᠎ᠠ ᠪᠠ ᠲᠦᠪᠰᠢᠨ ᠢᠶᠠᠨ ᠲᠠᠬᠡᠭᠰᠢᠯᠡᠬᠦᠯᠵᠤ᠂ ᠪᠠᠭᠤᠷᠠᠢ ᠭᠤᠭᠴᠤᠭ᠎ᠠ ᠪᠠᠨ | ᠴᠢᠩᠭᠠᠳᠬᠠᠨ᠂ ᠵᠠᠬ᠎ᠠ ᠲᠠᠯᠬᠡᠬᠦᠷ ᠤᠨ ᠭᠤᠤᠯ ᠴᠤᠭᠴᠠ ᠶᠢ ᠪᠤᠵᠠᠭᠠᠢᠢᠷᠠᠭᠤᠯᠵᠤ᠂ ᠬᠦᠭᠵᠢᠯᠲᠠ ᠶᠢᠨ ᠤᠷᠤᠨ ᠵᠠᠢ ᠪᠠᠨ | ᠦᠷᠬᠡᠳᠬᠡᠵᠤ᠂ ᠪᠠᠶᠢᠭᠤᠯᠤᠮᠵᠢ ᠲᠤᠭᠲᠠᠴᠠ ᠪᠠᠨ ᠪᠦᠷᠢᠨᠰᠢᠭᠦᠯᠬᠦ ᠬᠡᠷᠡᠭᠳᠡᠢ᠃ ᠪᠦᠳᠦᠮᠵᠢᠳᠡᠢ ᠬᠡᠷᠡᠭᠴᠡᠭᠡ ᠶᠢ | ᠰᠣᠯᠠᠯᠠᠵᠣ᠂ ᠪᠡᠯᠡ ᠣᠷᠣᠭᠤᠯᠣᠯᠳᠠ᠂ ᠬᠡᠷᠡᠭᠯᠡᠭᠡ᠂ ᠭᠠᠳᠠᠭᠠᠳᠣ ᠭᠠᠷᠭᠠᠯᠳᠠ ᠶᠢᠨ ᠵᠣᠬᠢᠴᠠᠩᠭᠤᠢ ᠳᠠᠳᠠᠯᠳᠠ ᠶᠢ | ᠴᠢᠩᠭᠠᠳᠬᠠᠵᠣ᠂ ᠠᠵᠣ ᠠᠬᠤᠢ ᠶᠢᠨ ᠳᠣᠭᠳᠠᠭᠤᠨ ᠨᠡᠮᠡᠭᠳᠡᠯ ᠢ ᠠᠬᠢᠭᠤᠯᠣᠨ᠎ᠠ᠃ ᠰᠠᠭᠤᠷᠢ ᠲᠦᠬᠦᠬᠡᠷᠤᠮᠵᠢ ᠶᠢᠨ | ᠪᠦᠲᠦᠬᠡᠨ ᠪᠠᠶᠢᠭᠤᠯᠤᠯᠲᠠ ᠶᠢ ᠴᠢᠩᠭᠠᠳᠬᠠᠨ᠂ ᠤᠲᠤ ᠦᠶ᠎ᠠ ᠶᠢᠨ ᠶᠠᠷᠦᠩᠬᠡᠶᠢᠯᠡᠭᠰᠡᠨ ᠵᠠᠮ ᠬᠠᠷᠢᠯᠴᠠᠭ᠎ᠠ | ᠲᠠᠬᠡᠬᠡᠪᠤᠷᠢ ᠶᠢᠨ ᠲᠤᠤᠷ ᠢ ᠴᠣᠭᠴᠠᠯᠠᠵᠣ᠂ ᠡᠨᠧᠷᠬᠢ ᠬᠦᠷᠭᠡᠨ ᠳᠡᠭᠡᠭᠡᠪᠦᠷᠢᠯᠡᠬᠦ ᠵᠠᠮ ᠤᠨ ᠪᠦᠲᠦᠬᠡᠨ ᠪᠠᠶᠢᠭᠤᠯᠤᠯᠲᠠ ᠶᠢ | ᠲᠦᠷᠬᠡᠳᠬᠡᠵᠤ᠂ ᠤᠰᠤᠨ ᠠᠰᠢᠡᠡᠯᠠᠯᠲᠠ ᠶᠢᠨ ᠰᠠᠭᠤᠷᠢ ᠲᠦᠬᠦᠬᠡᠷᠤᠮᠵᠢ ᠶᠢᠨ ᠪᠦᠲᠦᠬᠡᠨ ᠪᠠᠶᠢᠭᠤᠯᠤᠯᠲᠠ ᠶᠢ | ᠴᠢᠩᠭᠠᠳᠬᠠᠨ᠂ ᠮᠠᠲᠡᠭᠡ ᠵᠠᠩᠬᠢ ᠴᠢᠮᠡᠭᠡ ᠬᠤᠯᠪᠤᠭ᠎ᠠ ᠶᠢᠨ ᠲᠤᠤᠷ ᠤᠨ ᠲᠠᠰ ᠲᠠᠪᠰᠢᠬᠦ ᠶᠢ ᠠᠬᠢᠭᠤᠯᠣᠨ᠎ᠠ᠃ ᠮᠠᠯ | ᠠᠵᠣ ᠠᠬᠤᠢ ᠲᠠᠷᠢᠶᠠᠯᠠᠩ ᠤᠨ ᠤᠲᠤᠬᠢᠴᠢᠯᠠᠯᠲᠠ ᠶᠢ ᠠᠬᠢᠭᠤᠯᠵᠤ᠂ ᠮᠠᠯ ᠠᠵᠣ ᠠᠬᠤᠢ ᠲᠠᠷᠢᠶᠠᠯᠠᠩ ᠤᠨ | ᠬᠦᠭᠵᠢᠯᠲᠠ ᠶᠢᠨ ᠠᠷᠭ᠎ᠠ ᠬᠡᠯᠪᠠᠷᠢ ᠶᠢ ᠬᠤᠪᠢᠷᠠᠭᠤᠯᠤᠨ᠂ ᠤᠨᠠᠯᠲᠠ ᠦᠨᠲᠤᠷ ᠦᠷ᠎ᠠ ᠠᠰᠢᠭ ᠰᠠᠶᠢᠳᠠᠢ᠂ | ᠪᠦᠲᠤᠬᠡᠭᠲᠠᠬᠦᠨ ᠠᠮᠤᠷ ᠲᠦᠪᠰᠢᠨ᠂ ᠡᠬᠢ ᠪᠠᠶᠠᠯᠢᠭ ᠢ ᠠᠷᠪᠢᠯᠠᠨ ᠭᠠᠮᠨᠠᠬᠤ᠂ ᠤᠷᠴᠢᠨ ᠲᠤᠭᠤᠷᠢᠨ ᠲᠠᠢ ᠨᠦᠬᠦᠷᠰᠡᠭ | ᠮᠠᠯ ᠠᠵᠣ ᠠᠬᠤᠢ ᠲᠠᠷᠢᠶᠠᠯᠠᠩ ᠤᠨ ᠤᠲᠤᠬᠢᠴᠢᠯᠠᠯᠲᠠ ᠶᠢᠨ ᠵᠠᠮ ᠢᠶᠠᠷ ᠵᠠᠮᠨᠠᠨ᠎ᠠ᠃ ᠠᠵᠤ ᠦᠢᠯᠡᠳᠪᠤᠷᠢ ᠶᠢᠨ | ᠬᠡᠯᠪᠠᠷᠢ ᠪᠠᠨ ᠬᠤᠪᠢᠷᠠᠭᠤᠯᠤᠨ ᠲᠠᠰ ᠲᠠᠪᠰᠢᠬᠦ ᠶᠢ ᠠᠬᠢᠭᠤᠯᠵᠤ᠂ ᠡᠬᠢ ᠪᠠᠶᠠᠯᠢᠭ ᠤᠨ ᠬᠡᠯᠪᠠᠷᠢ ᠶᠢᠨ ᠠᠵᠤ | ᠦᠢᠯᠡᠰ ᠤᠨ ᠬᠡᠯᠬᠢᠶ᠎ᠡ ᠢᠢ ᠤᠷᠲᠤᠳᠬᠠᠨ᠂ ᠡᠬᠢ ᠪᠠᠶᠠᠯᠢᠭ ᠤᠨ ᠪᠣᠰᠣ ᠬᠡᠯᠪᠠᠷᠢ ᠶᠢᠨ ᠠᠵᠤ ᠦᠢᠯᠡᠰ ᠢ | ᠬᠦᠭᠵᠢᠬᠦᠯᠵᠤ᠂ ᠤᠲᠤ ᠦᠶ᠎ᠠ ᠶᠢᠨ ᠠᠵᠤ ᠦᠢᠯᠡᠳᠪᠤᠷᠢ ᠶᠢᠨ ᠰᠢᠨ᠎ᠠ ᠰᠢᠰᠲ᠋ᠧᠮ ᠢ ᠴᠣᠭᠴᠠᠯᠠᠨ᠎ᠠ᠃ ᠤᠲᠤ | ᠦᠶ᠎ᠠ ᠶᠢᠨ ᠦᠢᠯᠡᠴᠢᠯᠡᠬᠡᠨ ᠤ ᠦᠢᠯᠡᠰ ᠢ ᠬᠦᠭᠵᠢᠬᠦᠯᠵᠤ᠂ ᠦᠢᠯᠡᠴᠢᠯᠡᠬᠡᠨ ᠤ ᠦᠢᠯᠡᠰ ᠰᠢᠨ᠎ᠠ ᠬᠡᠯᠪᠠᠷᠢ ᠶᠢᠨ ᠠᠵᠤ | ᠦᠢᠯᠡᠳᠪᠤᠷᠢᠵᠢᠯᠲᠠ᠂ ᠮᠠᠲᠡᠭᠡ ᠵᠠᠩᠬᠢᠵᠢᠯᠲᠠ᠂ ᠬᠤᠲᠠ ᠪᠠᠯᠭᠠᠰᠤᠵᠢᠯᠲᠠ ᠪᠠ ᠮᠠᠯ ᠠᠵᠣ ᠠᠬᠤᠢ ᠲᠠᠷᠢᠶᠠᠯᠠᠩ ᠤᠨ | ᠤᠲᠤᠬᠢᠴᠢᠯᠠᠯᠲᠠ ᠲᠠᠢ ᠠᠭᠤᠰᠤᠯᠴᠠᠨ ᠬᠦᠭᠵᠢᠬᠦ ᠶᠢ ᠠᠬᠢᠭᠤᠯᠤᠨ᠎ᠠ᠃ ᠵᠠᠬ᠎ᠠ ᠲᠠᠯᠬᠡᠬᠦᠷ ᠤᠨ ᠭᠤᠤᠯ ᠴᠤᠭᠴᠠ ᠶᠢ | ᠪᠤᠶᠢᠵᠢᠭᠤᠯᠣᠨ ᠪᠤᠵᠠᠭᠠᠢᠢᠷᠠᠭᠤᠯᠵᠣ᠂ ᠤᠯᠠᠨ ᠢᠶᠠᠷ ᠢᠶᠠᠨ ᠦᠢᠯᠡᠰ ᠪᠤᠰᠬᠠᠬᠤ᠂ ᠨᠡᠶᠢᠳᠡ ᠪᠠᠷ ᠢᠶᠠᠨ ᠰᠢᠨ᠎ᠠ ᠶᠢ | ᠡᠬᠦᠳᠬᠦ ᠶᠢ ᠠᠬᠢᠭᠤᠯᠤᠨ᠎ᠠ᠃ ᠠᠵᠤ ᠠᠬᠤᠢ ᠶᠢᠨ ᠡᠷᠬᠢᠯᠲᠠ ᠶᠢᠨ ᠡᠵᠡᠮᠰᠢᠯ ᠲᠤᠬᠢᠷᠠᠭᠤᠯᠭ᠎ᠠ ᠪᠠ ᠵᠠᠰᠠᠯᠳᠠ ᠶᠢ | ᠴᠢᠩᠭᠠᠳᠬᠠᠨ᠂ ᠠᠵᠣ ᠠᠬᠤᠢ ᠶᠢᠨ ᠡᠷᠭᠢᠯᠳᠡ ᠶᠢᠨ ᠲᠦᠭᠰᠢᠭᠦᠷᠢ ᠶᠢ ᠪᠦᠲᠦᠮᠵᠢᠲᠠᠢ ᠰᠡᠷᠬᠡᠶᠢᠯᠠᠨ ᠡᠵᠡᠮᠲᠠᠨᠡ᠃ | ᠬᠤᠷᠠᠯ ᠠᠴᠠ ᠳᠣᠷᠠᠳᠣᠭᠰᠠᠨ ᠨᠢ᠂ ᠰᠢᠨ᠎ᠠ ᠶᠢ ᠡᠭᠦᠳᠬᠦ ᠬᠦᠭᠵᠢᠯᠳᠡ ᠶᠢ ᠪᠠᠷᠢᠮᠳᠠᠯᠠᠨ᠂ ᠬᠦᠭᠵᠢᠯᠳᠡ ᠶᠢᠨ | ᠴᠢᠨᠠᠷ ᠴᠢᠨᠰᠠᠭ᠎ᠠ ᠪᠤᠯᠤᠨ ᠦᠷ᠎ᠠ ᠠᠰᠢᠭ ᠢ ᠲᠡᠭᠡᠭᠰᠢᠯᠡᠭᠦᠯᠬᠦ ᠳᠤ᠂ ᠡᠷᠬᠡᠪᠰᠢ ᠰᠢᠨ᠎ᠡ ᠶᠢ ᠡᠭᠦᠳᠬᠦ ᠶᠢ | ᠬᠦᠭᠵᠢᠯᠳᠡ ᠶᠢᠨ ᠪᠦᠬᠦ ᠳᠠᠯ᠎ᠠ ᠶᠢᠨ ᠭᠤᠣᠯᠯᠠᠭᠴᠢ ᠪᠠᠶᠢᠷᠢ ᠳᠤ ᠲᠠᠯᠪᠢᠵᠤ᠂ ᠬᠦᠭᠵᠢᠯᠳᠡ ᠶᠢᠨ ᠰᠠᠭᠤᠷᠢ ᠴᠡᠭ ᠢ | ᠰᠢᠨ᠎ᠡ ᠶᠢ ᠡᠭᠦᠳᠬᠦ ᠳᠡᠭᠡᠷ᠎ᠡ ᠳᠠᠯᠪᠢᠵᠣ᠂ ᠰᠢᠨᠵᠢᠯᠡᠬᠦ ᠣᠬᠠᠭᠠᠨ ᠮᠡᠷᠭᠡᠵᠢᠯ᠂ ᠴᠢᠬᠤᠯᠠ ᠬᠦᠴᠦᠨ ᠵᠦᠢᠯ᠂ ᠠᠵᠤ | ᠦᠢᠯᠡᠰ᠂ ᠦᠢᠯᠡᠳᠭᠦᠨ᠂ ᠵᠤᠬᠢᠶᠠᠨ ᠪᠠᠶᠢᠭᠤᠯᠤᠯᠳᠠ᠂ ᠬᠠᠮᠢᠶᠠᠷᠤᠯᠳᠠ᠂ ᠲᠦᠷᠦᠯ ᠲᠡᠮᠳᠡᠭ᠂ ᠠᠵᠢᠯ ᠤᠨ ᠪᠠᠶᠢᠳᠠᠯ᠂ | ᠬᠤᠳᠠᠯᠳᠣᠭᠠᠨ ᠤ ᠵᠠᠭᠪᠤᠷ ᠤᠨ ᠪᠦᠬᠦ ᠳᠠᠯ᠎ᠠ ᠪᠠᠷ ᠰᠢᠨ᠎ᠠ ᠶᠢ ᠡᠭᠦᠳᠬᠦ ᠶᠢ ᠠᠬᠢᠭᠤᠯᠵᠤ᠂ ᠰᠢᠨ᠎ᠡ ᠶᠢ ᠡᠭᠦᠳᠬᠦ | ᠬᠦᠭᠵᠢᠯᠳᠡ ᠶᠢ ᠬᠦᠯᠢᠶᠡᠰᠦᠯᠡᠵᠦ ᠪᠠᠶᠢᠭ᠎ᠠ ᠪᠠᠶᠢᠭᠤᠯᠣᠮᠵᠢ ᠳᠣᠭᠳᠠᠴᠠ ᠶᠢᠨ ᠰᠠᠭᠠᠳ ᠬᠠᠷᠰᠢ ᠶᠢ ᠠᠷᠢᠯᠠᠭᠠᠵᠣ᠂ | ᠰᠢᠨ᠎ᠠ ᠶᠢ ᠡᠭᠦᠳᠬᠦ ᠪᠠᠷ ᠴᠢᠬᠤᠯᠠ ᠤᠳᠤᠷᠢᠳᠤᠮᠵᠢ ᠪᠤᠯᠤᠨ ᠲᠤᠯᠭᠠᠭᠤᠷᠢᠯᠠᠯ ᠪᠤᠯᠭᠠᠭᠰᠠᠨ ᠠᠵᠤ ᠠᠬᠤᠢ ᠶᠢᠨ | ᠰᠢᠰᠲ᠋ᠧᠮ ᠪᠤᠯᠤᠨ ᠬᠦᠭᠵᠢᠯᠳᠡ ᠶᠢᠨ ᠵᠠᠭᠪᠤᠷ ᠢ ᠪᠦᠷᠢᠯᠳᠦᠭᠦᠯᠬᠦ ᠬᠡᠷᠡᠭᠳᠡᠢ᠃ ᠰᠢᠨ᠎ᠠ ᠶᠢ ᠡᠭᠦᠳᠬᠦ ᠪᠠᠷ ᠬᠦᠳᠡᠯᠭᠡᠬᠦᠷ | ᠪᠣᠯᠭᠠᠭᠰᠠᠨ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠨᠢᠭᠡ ᠪᠦᠯᠦᠭ ᠴᠢᠬᠤᠯᠠ ᠶᠡᠭᠡ | ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠳᠦᠭᠡᠯ ᠢ ᠬᠤᠪᠢᠷᠠᠭᠤᠯᠬᠤ ᠲᠦᠷᠦᠯ ᠵᠦᠢᠯ ᠢ ᠵᠣᠬᠢᠶᠠᠨ ᠪᠠᠶᠢᠭᠤᠯᠣᠨ | ᠬᠡᠷᠡᠭᠵᠢᠭᠦᠯᠵᠦ᠂ ᠨᠢᠭᠡ ᠪᠦᠯᠦᠭ ᠴᠢᠬᠤᠯᠠ ᠶᠡᠭᠡ ᠵᠠᠩᠭᠢᠯᠠᠭ᠎ᠠ ᠶᠢᠨ ᠬᠠᠮᠳᠣ ᠶᠢᠨ ᠴᠢᠨᠠᠷᠳᠠᠢ ᠮᠡᠷᠭᠡᠵᠢᠯ ᠤᠨ ᠪᠤᠭᠤᠮᠳᠠ | ᠰᠢᠪᠳᠤᠯᠬᠤ ᠲᠦᠷᠦᠯ ᠵᠦᠢᠯ ᠢ ᠪᠠᠶᠢᠷᠢᠯᠡᠭᠤᠯᠵᠣ᠂ ᠰᠢᠨ᠎ᠠ ᠶᠢ ᠡᠭᠦᠳᠬᠦ ᠴᠢᠬᠤᠯᠠ ᠬᠦᠴᠦᠨ ᠵᠦᠢᠯ ᠪᠤᠯᠤᠨ ᠡᠬᠢ | ᠪᠠᠶᠠᠯᠢᠭ ᠤᠨ ᠳᠣᠬᠢᠷᠠᠭᠤᠯᠣᠯᠳᠠ ᠶᠢ ᠰᠢᠯᠢᠳᠡᠭᠵᠢᠭᠦᠯᠵᠦ᠂ ᠰᠢᠨ᠎ᠠ ᠶᠢ ᠡᠭᠦᠳᠬᠦ ᠶᠢ ᠠᠬᠢᠭᠤᠯᠬᠤ ᠳᠤ ᠠᠰᠢᠭ ᠲᠠᠢ | ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠣ᠂ ᠪᠦᠬᠦ ᠨᠡᠶᠢᠭᠡᠮ ᠤᠨ ᠰᠢᠨ᠎ᠠ ᠶᠢ ᠡᠭᠦᠳᠬᠦ ᠬᠦᠳᠡᠯᠭᠡᠭᠦ | ᠬᠦᠴᠦᠨ ᠢ ᠬᠦᠭᠵᠢᠭᠡᠨ᠎ᠡ᠃ ᠰᠢᠨ᠎ᠠ ᠶᠢ ᠡᠭᠦᠳᠬᠦ ᠴᠢᠳᠠᠪᠣᠷᠢ ᠶᠢᠨ ᠪᠠᠶᠢᠭᠤᠯᠣᠯᠳᠠ ᠶᠢ ᠴᠢᠩᠭᠠᠳᠬᠠᠨ᠂ ᠠᠵᠤ | ᠠᠬᠤᠢᠢᠯᠡᠯ ᠤᠨ ᠰᠢᠨ᠎ᠠ ᠶᠢ ᠡᠭᠦᠳᠬᠦ ᠭᠤᠤᠯ ᠴᠤᠭᠴᠠ ᠶᠢᠨ ᠪᠠᠶᠢᠷᠢ ᠰᠠᠭᠤᠷᠢ ᠪᠤᠯᠤᠨ ᠭᠤᠣᠯᠯᠠᠨ ᠣᠳᠣᠷᠢᠳᠬᠤ | ᠦᠢᠯᠡᠳᠦᠯ ᠢ ᠴᠢᠩᠭᠠᠷᠠᠭᠤᠯᠵᠣ᠂ ᠶᠡᠭᠡ ᠲᠡᠭᠡᠳᠦ ᠰᠤᠷᠭᠠᠭᠤᠯᠢ ᠶᠢᠨ ᠰᠢᠨ᠎ᠠ ᠶᠢ ᠡᠭᠦᠳᠬᠦ ᠴᠢᠳᠠᠪᠤᠷᠢ ᠶᠢ | ᠲᠡᠭᠡᠭᠰᠢᠯᠡᠬᠦᠯᠬᠦ ᠲᠦᠯᠦᠪᠯᠡᠭᠡ ᠶᠢ ᠬᠡᠷᠡᠭᠵᠢᠭᠦᠯᠦᠨ᠂ ᠰᠢᠨ᠎ᠠ ᠶᠢ ᠡᠭᠦᠳᠬᠦ ᠲᠠᠪᠴᠠᠩ ᠤᠨ ᠪᠠᠶᠢᠭᠤᠯᠤᠯᠳᠠ ᠶᠢ | ᠴᠢᠩᠭᠠᠳᠬᠠᠨ᠎ᠠ᠃ ᠬᠦᠭᠵᠢᠯᠳᠡ ᠶᠢᠨ ᠰᠢᠨ᠎ᠠ ᠤᠷᠤᠨ ᠵᠠᠢ ᠶᠢ ᠦᠷᠭᠡᠳᠭᠡᠵᠦ᠂ ᠬᠠᠳᠤᠨ ᠭᠤᠤᠯ ᠲᠠᠭᠠᠤ ᠭᠤᠣᠯ | ᠪᠤᠯᠬᠤ ᠵᠠᠰᠠᠮᠠᠯ ᠵᠠᠮ ᠳᠠᠭᠠᠣ ᠶᠢᠨ ᠠᠵᠤ ᠠᠬᠤᠢ ᠶᠢᠨ ᠪᠦᠰᠡ ᠶᠢᠨ ᠪᠦᠳᠦᠭᠡᠨ ᠪᠠᠶᠢᠭᠤᠯᠣᠯᠳᠠ ᠶᠢ ᠴᠢᠩᠭᠠᠳᠬᠠᠵᠣ᠂ | ᠬᠦᠬᠡᠬᠤᠳᠠ ᠪᠤᠭᠤᠳᠤ ᠤᠷᠳᠤᠰ ᠢ ᠵᠣᠬᠢᠴᠠᠭᠤᠯᠣᠨ ᠬᠦᠭᠵᠢᠭᠦᠯᠬᠦ ᠶᠢ ᠠᠬᠢᠭᠤᠯᠵᠤ᠂ ᠦᠬᠠᠢ ᠵᠢᠴᠢ ᠡᠷᠬᠢᠨ | ᠲᠤᠭᠤᠷᠢᠨ ᠤ ᠭᠠᠵᠠᠷ ᠤᠷᠤᠨ ᠢ ᠨᠢᠭᠡ ᠴᠤᠭᠴᠠᠵᠢᠭᠤᠯᠣᠨ ᠬᠦᠭᠵᠢᠭᠦᠯᠬᠦ ᠶᠢ ᠨᠢᠭᠡᠳᠦᠯᠳᠡᠢ ᠲᠦᠯᠦᠪᠵᠢᠭᠦᠯᠵᠦ᠂ | ᠦᠪᠦᠷ ᠮᠤᠩᠭᠤᠯ ᠤᠨ ᠵᠡᠭᠦᠨ ᠬᠡᠰᠡᠭ ᠤᠨ ᠡᠨᠧᠷᠬᠢ ᠶᠢᠨ ᠰᠠᠭᠤᠷᠢᠨ ᠤ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠤ | ᠂ ᠰᠢᠯᠢ ᠶᠢᠨ ᠭᠤᠤᠯ ᠲᠦᠡᠭᠯᠢᠶᠤᠤ ᠤᠯᠠᠭᠠᠨᠬᠠᠳᠠ ᠶᠢᠨ ᠠᠵᠤ ᠠᠬᠤᠢ ᠶᠢᠨ ᠳᠣᠭᠤᠷᠢᠭ ᠢ ᠪᠤᠶᠢᠵᠢᠭᠤᠯᠤᠨ᠂ ᠬᠢᠯᠢ | ᠲᠠᠭᠠᠤ ᠶᠢᠨ ᠠᠵᠤ ᠠᠬᠤᠢ ᠶᠢᠨ ᠪᠦᠰᠡ ᠶᠢ ᠪᠠᠶᠢᠭᠤᠯᠵᠣ᠂ ᠠᠵᠤ ᠦᠢᠯᠡᠳᠪᠤᠷᠢ ᠶᠢᠨ ᠬᠦᠷᠢᠶᠡᠯᠡᠩ ᠳᠣᠭᠤᠷᠢᠭ ᠤᠨ | ᠤᠷᠤᠨ ᠵᠠᠢ ᠶᠢᠨ ᠳᠠᠷᠬᠠᠴᠠ ᠶᠢ ᠰᠢᠯᠢᠳᠡᠭᠵᠢᠭᠦᠯᠦᠨ᠂ ᠬᠦᠭᠵᠢᠭᠰᠡᠨ ᠤᠷᠤᠨ ᠤ ᠲᠡᠷᠢᠭᠦᠨ ᠤ ᠠᠵᠤ ᠦᠢᠯᠡᠰ ᠢᠶᠠᠨ | ᠰᠢᠯᠵᠢᠭᠦᠯᠬᠦ ᠶᠢ ᠶᠡᠬᠡᠪᠡᠷ ᠬᠦᠯᠢᠶᠡᠨ ᠠᠪᠣᠨ᠎ᠠ᠃ ᠠᠵᠤ ᠦᠢᠯᠡᠰ ᠤᠨ ᠰᠢᠨ᠎ᠠ ᠰᠢᠰᠲ᠋ᠧᠮ ᠢ ᠴᠣᠭᠴᠠᠯᠠᠵᠣ᠂ ︽ᠲᠠᠪᠤᠨ | ᠶᠡᠭᠡ ᠰᠠᠭᠤᠷᠢᠨ︾ ᠤ ᠪᠦᠳᠦᠭᠡᠨ ᠪᠠᠶᠢᠭᠤᠯᠤᠯᠳᠠ ᠶᠢᠨ ᠲᠤᠭᠤᠷᠢᠨ ᠳᠤ᠂ ᠤᠯᠠᠮᠵᠢᠯᠠᠯᠳᠤ ᠠᠵᠤ ᠦᠢᠯᠡᠰ ᠤᠨ ᠰᠢᠨ᠎ᠠ | ᠬᠡᠯᠪᠡᠷᠢᠵᠢᠬᠦ᠂ ᠰᠢᠨ᠎ᠠ ᠪᠠᠷ ᠮᠠᠨᠳᠣᠵᠣ ᠪᠠᠶᠢᠭ᠎ᠠ ᠠᠵᠤ ᠦᠢᠯᠡᠰ ᠤᠨ ᠬᠡᠪᠴᠢᠶᠡᠵᠢᠬᠦ᠂ ᠲᠤᠯᠭᠠᠭᠤᠷᠢ ᠠᠵᠤ | ᠦᠢᠯᠡᠰ ᠤᠨ ᠤᠯᠠᠨ ᠡᠰᠢᠵᠢᠬᠦ ᠶᠢ ᠠᠬᠢᠭᠤᠯᠤᠨ᠎ᠠ᠃ ᠮᠦᠡᠭᠭᠦᠨ ᠬᠦᠢᠯᠭᠡᠭᠡᠨ ᠤ ᠰᠢᠨ᠎ᠠ ᠶᠢ ᠡᠭᠦᠳᠬᠦ ᠶᠢ ᠠᠬᠢᠭᠤᠯᠵᠤ᠂ | ᠤᠯᠠᠨ ᠬᠡᠯᠪᠡᠷᠢᠵᠢᠭᠰᠡᠨ ᠪᠡᠯᠡ ᠬᠤᠷᠠᠮᠳᠤᠭᠤᠯᠬᠤ ᠠᠷᠭ᠎ᠠ ᠵᠠᠮ ᠪᠤᠯᠤᠨ ᠪᠡᠯᠡ ᠬᠤᠷᠠᠮᠳᠤᠭᠤᠯᠬᠤ ᠠᠷᠭ᠎ᠠ ᠬᠡᠯᠪᠡᠷᠢ ᠶᠢ | ᠦᠷᠭᠡᠳᠭᠡᠵᠦ᠂ ᠤᠯᠠᠨ ᠲᠠᠰ ᠲᠠᠪᠬᠤᠷᠭ᠎ᠠ ᠶᠢᠨ ᠬᠦᠷᠦᠩᠭᠡ ᠶᠢᠨ ᠵᠠᠬ᠎ᠠ ᠲᠡᠯᠭᠡᠭᠦᠷ ᠢ ᠠᠰᠢᠭᠯᠠᠨ ᠠᠵᠤ | ᠠᠬᠤᠢᠢᠯᠡᠯ ᠤᠨ ᠬᠦᠭᠵᠢᠯᠳᠡ ᠶᠢ ᠠᠬᠢᠭᠤᠯᠵᠣ᠂ ᠤᠷᠤᠨ ᠨᠤᠳᠤᠭ ᠤᠨ ᠮᠦᠡᠭᠭᠦᠨ ᠬᠦᠢᠯᠭᠡᠭᠡᠨ ᠤ ᠪᠠᠶᠢᠭᠤᠯᠣᠮᠵᠢ ᠶᠢᠨ | ᠦᠭᠡᠷᠡᠴᠢᠯᠡᠯᠳᠠ ᠬᠦᠭᠵᠢᠯᠳᠡ ᠶᠢ ᠲᠦᠷᠭᠡᠳᠭᠡᠨ᠎ᠠ᠃ ᠢᠨᠲ᠋ᠧᠷ ᠰᠦᠯᠵᠢᠶ᠎ᠠ ᠶᠢᠨ ᠠᠵᠤ ᠠᠬᠤᠢ ᠶᠢ ᠬᠦᠭᠵᠢᠭᠦᠯᠵᠦ᠂ | ᠮᠡᠳᠡᠭᠡ ᠵᠠᠩᠭᠢ ᠰᠦᠯᠵᠢᠶ᠎ᠠ ᠶᠢᠨ ᠮᠡᠷᠭᠡᠵᠢᠯ ᠢ ᠪᠦᠬᠦ ᠲᠠᠯ᠎ᠠ ᠪᠠᠷ ᠨᠡᠭᠡᠭᠡᠨ ᠬᠦᠭᠵᠢᠭᠦᠯᠵᠦ ᠠᠰᠢᠭᠯᠠᠬᠤ ᠶᠢ | ᠠᠬᠢᠭᠤᠯᠤᠨ᠎ᠠ᠃ ᠬᠦᠭᠵᠢᠯᠳᠡ ᠶᠢᠨ ᠰᠢᠨ᠎ᠠ ᠪᠠᠶᠢᠭᠤᠯᠣᠮᠵᠢ ᠶᠢ ᠴᠣᠭᠴᠠᠯᠠᠵᠣ᠂ ᠵᠠᠰᠠᠭ ᠵᠠᠬᠢᠷᠭᠠᠨ ᠤ | ᠬᠠᠮᠢᠶᠠᠷᠤᠯᠳᠠ ᠶᠢᠨ ᠪᠠᠶᠢᠭᠤᠯᠣᠮᠵᠢ᠂ ᠦᠮᠴᠢᠯᠡᠬᠦ ᠡᠷᠭᠡ ᠶᠢᠨ ᠲᠦᠷᠢᠮ᠂ ᠤᠯᠤᠰ ᠤᠨ ᠦᠮᠴᠢᠯᠠᠯ ᠤᠨ ᠠᠵᠤ | ᠠᠬᠤᠢᠢᠯᠡᠯ᠂ ᠵᠠᠬ᠎ᠠ ᠲᠡᠯᠭᠡᠭᠦᠷ ᠲᠤ ᠤᠷᠤᠬᠤ ᠶᠢ ᠵᠦᠪᠰᠢᠶᠡᠷᠡᠬᠦ ᠲᠦᠷᠢᠮ᠂ ᠡᠳ᠋ ᠤᠨ ᠵᠠᠰᠠᠭ ᠭᠠᠶᠢᠯᠢ ᠶᠢᠨ | ᠪᠠᠶᠢᠭᠤᠯᠣᠮᠵᠢ ᠵᠡᠷᠭᠡ ᠶᠢᠨ ᠦᠭᠡᠷᠡᠴᠢᠯᠠᠯᠳᠠ ᠶᠢ ᠬᠦᠨᠵᠡᠭᠡᠶᠢᠷᠡᠭᠦᠯᠵᠦ᠂ ᠠᠵᠤ ᠠᠬᠤᠢ ᠶᠢᠨ ᠬᠦᠭᠵᠢᠯᠳᠡ ᠶᠢᠨ | ᠬᠦᠳᠡᠯᠭᠡᠭᠦ ᠬᠦᠴᠦᠨ ᠠᠮᠢᠳᠤᠯᠢᠭ ᠬᠦᠴᠦᠨ ᠢ ᠴᠢᠩᠭᠠᠷᠠᠭᠤᠯᠣᠨ᠎ᠠ᠃ | ᠬᠤᠷᠠᠯ ᠠᠴᠠ ᠲᠤᠷᠠᠳᠤᠭᠰᠠᠨ ᠨᠢ᠂ ᠵᠤᠬᠢᠴᠠᠩᠭᠤᠢ ᠬᠦᠭᠵᠢᠯᠳᠡ ᠶᠢ ᠪᠠᠷᠢᠮᠳᠠᠯᠠᠨ᠂ ᠬᠦᠭᠵᠢᠯᠳᠡ ᠶᠢᠨ ᠪᠦᠬᠦᠯᠢ | ᠴᠤᠭᠴᠠᠳᠤ ᠴᠢᠨᠠᠷ ᠢ ᠴᠢᠩᠭᠠᠳᠬᠠᠬᠤ ᠳᠤ᠂ ᠡᠷᠬᠡᠪᠰᠢ ᠬᠦᠭᠵᠢᠯᠳᠡ ᠶᠢᠨ ᠲᠤᠮᠳᠠᠬᠢ ᠴᠢᠬᠤᠯᠠ ᠬᠠᠷᠢᠴᠠᠭ᠎ᠠ ᠶᠢ ᠵᠦᠪ | ᠤᠨᠤᠪᠴᠢᠳᠠᠢ ᠰᠢᠢᠳᠪᠤᠷᠢᠯᠡᠵᠦ᠂ ᠵᠤᠬᠢᠴᠠᠩᠭᠤᠢ ᠬᠦᠭᠵᠢᠯᠳᠡ ᠳᠣᠮᠳᠠ ᠬᠦᠭᠵᠢᠯᠳᠡ ᠶᠢᠨ ᠤᠷᠤᠨ ᠵᠠᠢ ᠪᠠᠨ | ᠦᠷᠭᠡᠳᠭᠡᠵᠦ᠂ ᠪᠠᠭᠤᠷᠠᠢ ᠬᠦᠷᠢᠶ᠎ᠠ ᠬᠡᠪᠴᠢᠶᠠᠨ ᠲᠠᠬᠢ ᠬᠦᠭᠵᠢᠯᠳᠡ ᠶᠢᠨ ᠨᠦᠬᠡᠴᠡ ᠬᠦᠴᠦᠨ ᠢᠶᠠᠨ | ᠴᠢᠩᠭᠠᠷᠠᠭᠤᠯᠬᠤ ᠶᠢ ᠴᠢᠩᠭᠠᠳᠬᠠᠬᠤ ᠬᠡᠷᠡᠭᠳᠡᠢ᠃ ᠬᠤᠳᠠ ᠬᠦᠳᠡᠭᠡ ᠶᠢᠨ ᠵᠤᠬᠢᠴᠠᠩᠭᠤᠢ ᠬᠦᠭᠵᠢᠯᠳᠡ ᠶᠢ ᠠᠬᠢᠭᠤᠯᠵᠤ | ᠂ ᠬᠤᠳᠠ ᠬᠦᠳᠡᠭᠡ ᠶᠢ ᠨᠢᠭᠡ ᠴᠤᠭᠴᠠᠵᠢᠭᠤᠯᠣᠨ ᠬᠦᠭᠵᠢᠭᠦᠯᠬᠦ ᠪᠠᠶᠢᠭᠤᠯᠣᠮᠵᠢ ᠳᠣᠭᠳᠠᠴᠠ ᠶᠢ ᠪᠦᠷᠢᠨᠰᠢᠭᠦᠯᠵᠦ᠂ | ᠬᠦᠮᠦᠨ ᠢᠶᠠᠷ ᠭᠤᠤᠯ ᠪᠤᠯᠭᠠᠭᠰᠠᠨ ᠰᠢᠨ᠎ᠠ ᠬᠡᠯᠪᠡᠷᠢ ᠶᠢᠨ ᠬᠤᠳᠠ ᠪᠠᠯᠭᠠᠰᠤᠵᠢᠯᠳᠠ ᠶᠢ ᠠᠬᠢᠭᠤᠯᠵᠤ᠂ ᠬᠤᠰᠢᠭᠤ | ᠰᠢᠶᠠᠨ ᠤ ᠠᠵᠤ ᠠᠬᠤᠢ ᠶᠢ ᠬᠦᠭᠵᠢᠭᠦᠯᠦᠨ ᠪᠣᠵᠠᠭᠠᠢᠢᠷᠠᠭᠤᠯᠵᠣ᠂ ᠰᠢᠨ᠎ᠠ ᠮᠠᠯᠵᠢᠬᠤ ᠳᠠᠷᠢᠶᠠᠯᠠᠬᠤ ᠤᠷᠤᠨ ᠤ | ᠪᠠᠶᠢᠭᠤᠯᠤᠯᠳᠠ ᠶᠢᠨ ᠲᠦᠪᠰᠢᠨ ᠢ ᠲᠡᠭᠡᠭᠰᠢᠯᠡᠭᠦᠯᠦᠨ᠎ᠠ᠃ ᠤᠷᠤᠨ ᠪᠦᠰᠡ ᠶᠢᠨ ᠵᠤᠬᠢᠴᠠᠩᠭᠤᠢ ᠬᠦᠭᠵᠢᠯᠳᠡ ᠶᠢ | ᠠᠬᠢᠭᠤᠯᠵᠤ᠂ ᠦᠢᠯᠡᠳᠪᠤᠷᠢᠯᠡᠯ ᠤᠨ ᠬᠦᠴᠦᠨ ᠤ ᠤᠷᠤᠨ ᠵᠠᠢ ᠶᠢᠨ ᠳᠠᠷᠬᠠᠴᠠ ᠶᠢ ᠰᠢᠯᠢᠳᠡᠭᠵᠢᠭᠦᠯᠵᠣ᠂ ᠤᠷᠤᠨ | ᠪᠦᠰᠡ ᠶᠢᠨ ᠬᠤᠭᠤᠷᠤᠨᠳᠤᠬᠢ ᠠᠵᠢᠯ ᠬᠤᠪᠢᠶᠠᠷᠢᠯᠠᠨ ᠬᠠᠮᠵᠢᠯᠴᠠᠬᠤ ᠶᠢ ᠠᠬᠢᠭᠤᠯᠵᠤ᠂ ᠤᠷᠤᠨ ᠳᠤᠭᠤᠷᠢᠭ ᠤᠨ | ᠵᠤᠬᠢᠴᠠᠩᠭᠤᠢ ᠪᠠᠷ ᠬᠦᠭᠵᠢᠬᠦ ᠲᠤᠭᠳᠠᠴᠠ ᠶᠢ ᠲᠡᠭᠦᠯᠳᠡᠷᠵᠢᠭᠦᠯᠵᠦ᠂ ᠡᠯ᠎ᠠ ᠭᠠᠵᠠᠷ ᠤᠷᠤᠨ ᠤ ᠬᠠᠷᠢᠴᠠᠭᠤᠯᠣᠭᠰᠠᠨ | ᠲᠠᠪᠠᠭᠤᠯᠢᠭ ᠢ ᠪᠠᠳᠠᠷᠠᠭᠤᠯᠤᠨ᠂ ᠴᠢᠬᠤᠯᠠ ᠬᠦᠴᠦᠨ ᠵᠦᠢᠯ ᠡᠮᠬᠢ ᠵᠢᠷᠣᠮ ᠲᠠᠢ ᠴᠢᠯᠦᠭᠡᠳᠡᠢ ᠰᠢᠯᠵᠢᠬᠦ᠂ ᠭᠤᠤᠯ | ᠴᠤᠭᠴᠠ ᠶᠢᠨ ᠴᠢᠳᠠᠪᠬᠢ ᠶᠢᠨ ᠬᠦᠯᠢᠶᠡᠰᠦᠯᠡᠯ ᠪᠦᠳᠦᠮᠵᠢᠳᠡᠢ᠂ ᠦᠨᠳᠦᠰᠦᠨ ᠤᠯᠠᠨ ᠨᠠᠶᠢᠳᠠ ᠶᠢᠨ ᠦᠢᠯᠡᠴᠢᠯᠡᠭᠡ | ᠳᠡᠩᠴᠡᠭᠦᠷᠢᠳᠡᠢ᠂ ᠡᠬᠢ ᠪᠡᠶᠠᠯᠢᠭ ᠤᠷᠴᠢᠨ ᠲᠤᠭᠤᠷᠢᠨ ᠲᠠᠭᠠᠭᠠᠵᠤ ᠲᠡᠶᠢᠯᠬᠦ ᠤᠷᠤᠨ ᠳᠤᠭᠤᠷᠢᠭ ᠤᠨ | ᠵᠤᠬᠢᠴᠠᠩᠭᠤᠢ ᠪᠠᠷ ᠬᠦᠭᠵᠢᠬᠦ ᠰᠢᠨ᠎ᠠ ᠪᠠᠶᠢᠷᠢᠰᠢᠯ ᠢ ᠪᠤᠢ ᠪᠤᠯᠭᠠᠨ᠎ᠠ᠃ ᠪᠤᠳᠠᠰ ᠤᠨ ᠪᠤᠯᠪᠠᠰᠤᠨ ᠪᠤᠯᠤᠨ ᠤᠶᠤᠨ ᠤ | ᠪᠤᠯᠪᠠᠰᠤᠨ ᠵᠤᠬᠢᠴᠠᠩᠭᠤᠢ ᠪᠠᠷ ᠬᠦᠭᠵᠢᠬᠦ ᠶᠢ ᠠᠬᠢᠭᠤᠯᠵᠤ᠂ ᠦᠵᠡᠯ ᠰᠠᠨᠠᠭ᠎ᠠ ᠶᠣᠰᠣ ᠰᠣᠷᠳᠠᠬᠤᠨ ᠤ ᠪᠠᠶᠢᠭᠤᠯᠣᠯᠳᠠ | ᠪᠣᠯᠣᠨ ᠨᠡᠶᠢᠭᠡᠮ ᠤᠨ ᠦᠨᠡᠨᠴᠢ ᠢᠳᠡᠭᠡᠯ ᠤᠨ ᠪᠠᠶᠢᠭᠤᠯᠣᠯᠳᠠ ᠶᠢ ᠴᠢᠩᠭᠠᠳᠬᠠᠵᠣ᠂ ᠰᠤᠶᠤᠯ ᠤᠨ ᠦᠭᠡᠷᠡᠴᠢᠯᠡᠯᠳᠡ | ᠬᠦᠭᠵᠢᠯᠳᠡ ᠶᠢ ᠲᠦᠷᠭᠡᠳᠭᠡᠵᠦ᠂ ᠳᠠᠯ᠎ᠠ ᠨᠣᠳᠤᠭ ᠤᠨ ᠰᠣᠶᠣᠯ ᠤᠨ ᠰᠢᠨ᠎ᠡ ᠶᠢ ᠡᠭᠦᠳᠦᠨ ᠬᠦᠭᠵᠢᠬᠦ ᠶᠢ ᠠᠬᠢᠭᠤᠯᠵᠣ | ᠂ ᠦᠨᠳᠦᠰᠦᠳᠡᠨ ᠤ ᠰᠤᠶᠤᠯ ᠤᠨ ᠬᠦᠴᠦᠷᠭᠡᠭ ᠤᠷᠤᠨ ᠢ ᠪᠠᠶᠢᠭᠤᠯᠤᠨ᠎ᠠ᠃ ᠴᠡᠷᠢᠭ ᠠᠷᠠᠳ ᠤᠨ ᠠᠭᠤᠰᠣᠯᠴᠠᠨ | ᠬᠦᠭᠵᠢᠬᠦ ᠶᠢ ᠠᠬᠢᠭᠤᠯᠵᠤ᠂ ᠪᠦᠬᠦ ᠬᠦᠴᠦᠨ ᠵᠦᠢᠯ᠂ ᠣᠯᠠᠨ ᠬᠦᠷᠢᠶ᠎ᠡ ᠬᠡᠪᠴᠢᠶ᠎ᠠ᠂ ᠦᠨᠳᠦᠷ ᠦᠷ᠎ᠡ ᠠᠰᠢᠭ ᠲᠤ | ᠴᠡᠷᠢᠭ ᠠᠷᠠᠤᠨ ᠤᠨ ᠭᠦᠨᠵᠡᠭᠡᠢ ᠠᠭᠤᠰᠣᠯᠴᠠᠨ ᠬᠦᠭᠵᠢᠭᠰᠡᠨ ᠪᠠᠶᠢᠷᠢᠰᠢᠯ ᠢ ᠪᠦᠷᠢᠯᠳᠦᠭᠦᠯᠦᠨ᠎ᠡ᠃ | ᠬᠤᠷᠠᠯ ᠠᠴᠠ ᠳᠣᠷᠠᠳᠣᠭᠰᠠᠨ ᠨᠢ᠂ ᠪᠤᠬᠢᠷᠳᠤᠯ ᠦᠭᠡᠢ ᠬᠦᠭᠵᠢᠯᠳᠡ ᠶᠢ ᠪᠠᠷᠢᠮᠳᠠᠯᠠᠵᠣ᠂ ᠮᠨᠨ ᠤ ᠤᠯᠤᠰ ᠤᠨ | ᠤᠮᠠᠷᠠᠳᠤ ᠶᠢᠨ ᠴᠢᠬᠤᠯᠠ ᠠᠮᠢ ᠠᠬᠤᠢ ᠶᠢᠨ ᠬᠠᠯᠬᠠᠪᠴᠢ ᠶᠢ ᠪᠦᠳᠦᠭᠡᠨ ᠪᠠᠶᠢᠭᠤᠯᠬᠤ ᠳᠤ᠂ ᠡᠷᠬᠡᠪᠰᠢ ᠪᠤᠬᠢᠷᠳᠤᠯ | ᠦᠭᠡᠢ ᠬᠦᠭᠵᠢᠯᠳᠡ ᠪᠠᠷ ᠤᠷᠤᠨ ᠢᠶᠠᠨ ᠪᠠᠶᠠᠵᠢᠭᠤᠯᠬᠤ᠂ ᠪᠤᠬᠢᠷᠳᠤᠯ ᠦᠭᠡᠢ ᠬᠦᠭᠵᠢᠯᠳᠡ ᠪᠠᠷ ᠠᠷᠠᠳ ᠲᠤ ᠠᠰᠢᠭ | ᠬᠦᠷᠳᠡᠭᠡᠬᠦ ᠶᠢ ᠪᠠᠷᠢᠮᠳᠠᠯᠠᠵᠣ᠂ ᠦᠷᠭᠦᠯᠵᠢᠯᠡᠬᠦ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠬᠤ ᠲᠦᠷᠢᠮ ᠢ | ᠰᠦᠪᠡᠭᠴᠢᠯᠡᠨ ᠪᠠᠶᠢᠭᠤᠯᠵᠤ᠂ ᠪᠤᠬᠢᠷᠳᠤᠯ ᠦᠭᠡᠢ ᠬᠦᠭᠵᠢᠯᠳᠡ ᠶᠢᠨ ᠠᠷᠭ᠎ᠠ ᠬᠡᠯᠪᠡᠷᠢ ᠪᠤᠯᠤᠨ ᠠᠮᠢᠳᠤᠷᠠᠯ ᠤᠨ ᠠᠷᠭ᠎ᠠ | ᠬᠡᠯᠪᠡᠷᠢ ᠶᠢᠨ ᠪᠦᠷᠢᠯᠳᠦᠬᠦ ᠶᠢ ᠠᠬᠢᠭᠤᠯᠬᠤ ᠬᠡᠷᠡᠭᠳᠡᠢ᠃ ᠬᠦᠮᠦᠨ ᠪᠤᠯᠤᠨ ᠪᠠᠶᠢᠭᠠᠯᠢ ᠡᠶ᠎ᠡ ᠵᠤᠬᠢᠴᠠᠩᠭᠤᠢ ᠪᠠᠷ | ᠬᠠᠮᠳᠤᠪᠡᠷ ᠤᠷᠤᠰᠢᠬᠤ ᠶᠢ ᠠᠬᠢᠭᠤᠯᠵᠤ᠂ ᠮᠠᠯ ᠠᠵᠣ ᠠᠬᠤᠢ ᠲᠠᠷᠢᠶᠠᠯᠠᠩ ᠤᠨ ᠤᠷᠤᠨ ᠵᠠᠢ ᠪᠤᠯᠤᠨ ᠠᠮᠢ | ᠠᠬᠤᠢ ᠶᠢᠨ ᠤᠷᠤᠨ ᠵᠠᠢ ᠶᠢᠨ ᠬᠠᠮᠠᠭᠠᠯᠠᠯᠳᠠ ᠶᠢᠨ ᠬᠤᠷᠢᠭ᠎ᠠ ᠱᠤᠭᠤᠮ ᠢ ᠵᠠᠭᠠᠭᠯᠠᠨ ᠲᠤᠭᠳᠠᠭᠠᠵᠣ᠂ ᠰᠢᠨᠵᠢᠯᠡᠬᠦ | ᠤᠬᠠᠭᠠᠨᠴᠢ ᠵᠦᠢ ᠵᠤᠬᠢᠰᠳᠠᠢ ᠬᠤᠳᠠ ᠪᠠᠯᠭᠠᠰᠤᠵᠢᠯᠳᠠ ᠶᠢᠨ ᠪᠠᠶᠢᠷᠢᠰᠢᠯ᠂ ᠮᠠᠯ ᠠᠵᠣ ᠠᠬᠤᠢ ᠲᠠᠷᠢᠶᠠᠯᠠᠩ ᠤᠨ | ᠬᠦᠭᠵᠢᠯᠳᠡ ᠶᠢᠨ ᠪᠠᠶᠢᠷᠢᠰᠢᠯ᠂ ᠠᠮᠢ ᠠᠬᠤᠢ ᠶᠢᠨ ᠶᠢᠨ ᠠᠮᠤᠷ ᠲᠦᠪᠰᠢᠨ ᠤ ᠪᠠᠶᠢᠷᠢᠰᠢᠯ ᠢ ᠴᠣᠭᠴᠠᠯᠠᠨ᠎ᠠ᠃ ᠭᠤᠤᠯ | ᠴᠤᠭᠴᠠ ᠶᠢᠨ ᠴᠢᠳᠠᠪᠬᠢᠳᠤ ᠤᠷᠤᠨ ᠢ ᠲᠦᠷᠬᠡᠨ ᠪᠠᠶᠢᠭᠤᠯᠵᠦ᠂ ᠭᠤᠤᠯ ᠴᠤᠭᠴᠠ ᠶᠢᠨ ᠴᠢᠳᠡᠪᠬᠢᠳᠤ ᠤᠷᠤᠨ ᠤ | ᠤᠯᠤᠰ ᠤᠨ ᠭᠠᠵᠠᠷ ᠰᠢᠷᠤᠢ ᠶᠢᠨ ᠤᠷᠤᠨ ᠵᠠᠢ ᠶᠢ ᠨᠡᠭᠡᠭᠡᠨ ᠬᠦᠭᠵᠢᠬᠦᠯᠵᠦ ᠬᠠᠮᠠᠭᠠᠯᠠᠬᠤ ᠰᠠᠭᠤᠷᠢ ᠲᠦᠷᠢᠮ ᠤᠨ | ᠦᠢᠯᠡᠳᠤᠯ ᠢ ᠪᠠᠳᠠᠷᠠᠭᠤᠯᠣᠨ᠎ᠠ᠃ ᠪᠠᠶᠢᠭᠠᠯᠢ ᠶᠢᠨ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠰᠡᠷᠬᠦᠭᠡᠬᠦ | ᠠᠵᠢᠯ ᠢ ᠴᠢᠩᠭᠠᠳᠬᠠᠵᠦ᠂ ᠴᠢᠬᠤᠯᠠ ᠠᠮᠢ ᠠᠬᠤᠢ ᠶᠢ ᠰᠡᠷᠬᠦᠭᠡᠬᠦ ᠪᠠ ᠪᠦᠳᠦᠭᠡᠨ ᠪᠠᠶᠢᠭᠤᠯᠬᠤ ᠢᠨᠵᠧᠨᠧᠷᠢᠩ ᠢ | ᠬᠡᠷᠡᠭᠵᠢᠬᠦᠯᠵᠦ᠂ ᠪᠠᠶᠢᠭᠠᠯᠢ ᠶᠢᠨ ᠠᠮᠢ ᠠᠬᠤᠢ ᠶᠢᠨ ᠰᠢᠰᠲ᠋ᠧᠮ ᠤᠨ ᠳᠤᠭᠳᠠᠭᠤᠨ ᠴᠢᠨᠠᠷ ᠪᠠ ᠠᠮᠢ ᠠᠬᠤᠢ ᠶᠢᠨ | ᠦᠢᠯᠡᠴᠢᠯᠡᠭᠡᠨ ᠤ ᠴᠢᠳᠠᠪᠬᠢ ᠶᠢ ᠳᠡᠭᠡᠭᠰᠢᠯᠡᠬᠦᠯᠦᠨ᠎ᠡ᠃ ᠤᠷᠴᠢᠨ ᠳᠤᠭᠤᠷᠢᠨ ᠢ ᠶᠡᠷᠤᠩᠬᠡᠶᠢᠯᠡᠨ ᠴᠡᠭᠴᠡᠯᠡᠨ ᠵᠠᠰᠠᠬᠤ | ᠠᠵᠢᠯ ᠢ ᠴᠢᠩᠭᠠᠳᠬᠠᠵᠦ᠂ ᠬᠠᠮᠤᠭ ᠤᠨ ᠴᠢᠩᠭ᠎ᠠ ᠤᠷᠴᠢᠨ ᠳᠤᠭᠤᠷᠢᠨ ᠢ ᠬᠠᠮᠠᠭᠠᠯᠠᠬᠤ ᠲᠦᠷᠢᠮ ᠢ ᠬᠡᠷᠡᠭᠵᠢᠬᠦᠯᠵᠦ᠂ | ᠠᠭᠠᠷ ᠮᠠᠨᠳᠠᠯ᠂ ᠤᠰᠤ᠂ ᠬᠦᠷᠤᠰᠤ ᠰᠢᠷᠤᠢ ᠶᠢᠨ ᠪᠤᠬᠢᠷᠳᠤᠯ ᠢ ᠰᠡᠷᠭᠡᠶᠢᠯᠡᠨ ᠵᠠᠰᠠᠬᠤ ᠲᠦᠯᠦᠪᠯᠡᠭᠡ ᠶᠢ ᠬᠡᠷᠡᠭᠵᠢᠬᠦᠯᠵᠦ | ᠂ ᠤᠷᠴᠢᠨ ᠳᠤᠭᠤᠷᠢᠨ ᠢ ᠵᠠᠰᠠᠬᠤ ᠪᠠᠶᠢᠭᠤᠯᠤᠮᠵᠢ ᠳᠤᠭᠳᠠᠴᠠ ᠶᠢ ᠪᠦᠷᠢᠨᠰᠢᠬᠦᠯᠦᠨ᠎ᠡ᠃ ᠨᠡᠬᠦᠷᠡᠰᠤᠳᠦ᠋ᠷᠦᠭᠴᠢ ᠪᠠᠭ᠎ᠠ | ᠡᠷᠬᠢᠯᠳᠡᠳᠤ ᠬᠦᠭᠵᠢᠯᠳᠡ ᠶᠢ ᠠᠬᠢᠭᠤᠯᠵᠦ᠂ ᠡᠷᠬᠢᠯᠳᠡᠳᠤ ᠬᠡᠯᠪᠡᠷᠢ ᠶᠢᠨ ᠠᠵᠦ ᠦᠢᠯᠡᠳᠪᠤᠷᠢ᠂ ᠮᠠᠯ ᠠᠵᠦ ᠠᠬᠤᠢ | ᠳᠠᠷᠢᠶᠠᠯᠠᠩ᠂ ᠦᠢᠯᠡᠴᠢᠯᠡᠭᠡᠨ ᠤ ᠦᠢᠯᠡᠰ ᠤᠨ ᠰᠢᠰᠲ᠋ᠧᠮ ᠢ ᠲᠦᠷᠬᠡᠨ ᠪᠠᠶᠢᠭᠤᠯᠣᠨ᠎ᠠ᠃ ᠡᠬᠢ ᠪᠠᠶᠠᠯᠢᠭ ᠢ ᠪᠦᠬᠦ | ᠳᠠᠯ᠎ᠠ ᠪᠠᠷ ᠠᠷᠪᠢᠯᠠᠵᠣ ᠦᠨᠳᠤᠷ ᠦᠷ᠎ᠠ ᠠᠰᠢᠭ ᠲᠠᠢ ᠪᠠᠷ ᠠᠰᠢᠭᠯᠠᠵᠣ᠂ ᠡᠨᠧᠷᠬᠢ ᠬᠡᠷᠡᠭᠯᠡᠬᠦ ᠡᠷᠭᠡ᠂ ᠤᠰᠤ ᠬᠡᠷᠡᠭᠯᠡᠬᠦ | ᠡᠷᠭᠡ᠂ ᠪᠤᠬᠢᠷᠳᠤᠯ ᠪᠣᠳᠠᠰ ᠭᠠᠳᠠᠭᠰᠢᠯᠠᠭᠤᠯᠬᠤ ᠡᠷᠭᠡ᠂ ᠨᠡᠬᠦᠷᠡᠰᠤᠳᠦ᠋ᠷᠦᠭᠴᠢ ᠭᠠᠳᠠᠭᠰᠢᠯᠠᠭᠤᠯᠬᠤ ᠡᠷᠭᠡ ᠶᠢᠨ | ᠠᠩᠬ᠎ᠠ ᠠᠯᠬᠤᠮ ᠤᠨ ᠬᠤᠪᠢᠶᠡᠷᠢᠯᠠᠯᠳᠠ ᠶᠢᠨ ᠲᠦᠷᠢᠮ ᠢ ᠳᠡᠬᠦᠯᠳᠡᠷᠵᠢᠬᠦᠯᠵᠦ᠂ ᠠᠷᠪᠢᠴᠢ ᠭᠠᠮᠳᠠᠢ ᠨᠡᠶᠢᠭᠡᠮ ᠤᠨ | ᠰᠤᠷᠳᠠᠯ ᠤᠨ ᠪᠦᠷᠢᠯᠳᠦᠬᠦ ᠶᠢ ᠠᠬᠢᠭᠤᠯᠣᠨ᠎ᠠ᠃ | ᠬᠤᠷᠠᠯ ᠠᠴᠠ ᠳᠤᠷᠠᠳᠤᠭᠰᠠᠨ ᠨᠢ᠂ ᠨᠡᠭᠡᠭᠡᠯᠳᠡᠳᠤ ᠬᠦᠭᠵᠢᠯᠳᠡ ᠶᠢ ᠪᠠᠷᠢᠮᠳᠠᠯᠠᠵᠦ᠂ ᠨᠡᠭᠡᠭᠡᠯᠳᠡ ᠶᠢᠨ | ᠬᠡᠯᠪᠡᠷᠢ ᠶᠢᠨ ᠠᠵᠦ ᠠᠬᠤᠢ ᠶᠢᠨ ᠲᠦᠪᠰᠢᠨ ᠢᠶᠠᠨ ᠳᠡᠭᠡᠭᠰᠢᠯᠡᠬᠦᠯᠬᠦ ᠳᠤ᠂ ᠡᠷᠭᠡᠪᠰᠢ ᠨᠡᠩ ᠰᠠᠨᠠᠭᠠᠴᠢᠯᠠᠭ᠎ᠠ ᠲᠠᠢ | ᠭᠠᠳᠠᠭᠠᠳᠤ ᠨᠡᠭᠡᠭᠡᠯᠳᠡ ᠬᠢᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠦ᠂ ᠭᠠᠳᠠᠭᠠᠳᠤ ᠨᠡᠭᠡᠭᠡᠯᠳᠡ ᠶᠢᠨ ᠪᠠᠶᠢᠯᠳᠤᠬᠤ | ᠪᠤᠳᠤᠯᠭ᠎ᠠ ᠶᠢᠨ ᠪᠠᠶᠢᠷᠢᠰᠢᠭᠤᠯᠤᠯᠳᠠ ᠪᠠᠨ ᠳᠡᠬᠦᠯᠳᠡᠷᠵᠢᠬᠦᠯᠦᠨ᠂ ᠨᠡᠭᠡᠭᠡᠯᠳᠡ ᠶᠢᠨ ᠬᠡᠯᠪᠡᠷᠢ ᠶᠢᠨ ᠠᠵᠦ ᠠᠬᠤᠢ ᠶᠢᠨ | ᠰᠢᠨ᠎ᠠ ᠪᠠᠶᠢᠭᠤᠯᠤᠮᠵᠢ ᠶᠢ ᠴᠤᠭᠴᠠᠯᠠᠵᠦ᠂ ᠨᠡᠭᠡᠭᠡᠯᠳᠡ ᠶᠢᠨ ᠬᠡᠯᠪᠡᠷᠢ ᠶᠢᠨ ᠠᠵᠦ ᠠᠬᠤᠢ ᠶᠢᠨ ᠰᠢᠨ᠎ᠠ ᠤᠷᠤᠨ ᠵᠠᠢ ᠶᠢ | ᠦᠷᠭᠡᠳᠬᠡᠨ᠂ ᠮᠠᠨ ᠤ ᠤᠯᠤᠰ ᠤᠨ ᠤᠮᠠᠷᠠᠰᠢ ᠨᠡᠭᠡᠭᠡᠯᠳᠡ ᠬᠢᠬᠦ ᠴᠢᠬᠤᠯᠠ ᠪᠠᠬᠢᠯᠡᠯᠳᠡ ᠶᠢ ᠪᠠᠶᠢᠭᠤᠯᠬᠤ ᠬᠡᠷᠡᠭᠳᠡᠢ᠃ | ︽ᠨᠢᠭᠡ ᠪᠦᠰᠡ ᠨᠢᠭᠡ ᠵᠠᠮ︾ ᠤᠨ ᠪᠦᠳᠦᠭᠡᠨ ᠪᠠᠶᠢᠭᠤᠯᠤᠯᠳᠠ ᠶᠢᠨ ᠪᠠᠶᠢᠯᠳᠤᠬᠤ ᠪᠤᠳᠤᠯᠭ᠎ᠠ ᠳᠤ ᠬᠦᠨᠵᠡᠭᠡᠢ | ᠠᠭᠤᠰᠣᠨ ᠣᠷᠣᠵᠣ᠂ ᠬᠢᠯᠢ ᠶᠢᠨ ᠬᠤᠰᠢᠭᠤ ᠬᠤᠳᠠ ᠶᠢᠨ ᠰᠠᠭᠤᠷᠢ ᠲᠦᠬᠦᠭᠡᠷᠤᠮᠵᠢ ᠶᠢᠨ ᠪᠦᠳᠦᠭᠡᠨ | ᠪᠠᠶᠢᠭᠤᠯᠣᠯᠳᠠ ᠶᠢ ᠴᠢᠩᠭᠠᠳᠬᠠᠵᠣ᠂ ᠣᠷᠣᠰ ᠮᠣᠩᠭᠤᠯ ᠯᠤᠭ᠎ᠠ ᠬᠦᠷᠰᠢ ᠵᠡᠷᠭᠡᠯᠡᠳᠡᠭᠡ ᠭᠠᠵᠠᠷ ᠣᠷᠣᠨ ᠤ ᠰᠠᠭᠤᠷᠢ | ᠲᠦᠬᠦᠭᠡᠷᠦᠮᠵᠢ ᠬᠤᠯᠪᠤᠯᠳᠤᠨ ᠨᠡᠪᠳᠡᠷᠡᠯᠴᠡᠬᠦ ᠶᠢ ᠠᠬᠢᠭᠤᠯᠵᠦ᠂ ᠱᠣᠭᠤᠮ ᠳᠠᠭᠠᠤ ᠶᠢᠨ ᠤᠯᠤᠰ ᠤᠳ ᠯᠤᠭ᠎ᠠ ᠶᠢᠨ | ᠠᠵᠦ ᠠᠬᠤᠢ ᠠᠷᠠᠯᠵᠢᠶᠠᠨ ᠤ ᠬᠠᠮᠳᠤᠷᠠᠯᠴᠠᠭ᠎ᠠ ᠪᠠ ᠰᠤᠶᠤᠯ ᠢᠷᠭᠡᠨᠰᠢᠯ ᠤᠨ ᠰᠤᠯᠢᠯᠴᠠᠭ᠎ᠠ ᠶᠢ ᠬᠦᠨᠵᠡᠭᠡᠶᠢᠷᠡᠬᠦᠯᠦᠨ᠎ᠡ᠃ | ᠤᠷᠤᠰ᠂ ᠮᠤᠩᠭᠤᠯ ᠤᠯᠤᠰ ᠳᠡᠰᠢ ᠨᠡᠭᠡᠭᠡᠯᠳᠡ ᠬᠢᠵᠦ ᠬᠠᠮᠳᠤᠷᠠᠯᠴᠠᠬᠤ ᠲᠦᠪᠰᠢᠨ ᠢᠶᠠᠨ ᠳᠡᠭᠡᠭᠰᠢᠯᠡᠬᠦᠯᠵᠦ᠂ | ᠨᠡᠭᠡᠭᠡᠯᠳᠡ ᠬᠢᠬᠦ ᠳᠠᠪᠴᠠᠩ ᠠᠴᠢᠶᠠᠯᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠨ᠂ ᠳᠤᠮᠳᠠᠳᠤ ᠮᠤᠩᠭᠤᠯ | ᠤᠷᠤᠰ ᠤᠨ ᠠᠵᠦ ᠠᠬᠤᠢ ᠶᠢᠨ ᠬᠤᠩᠬᠢᠯ ᠢ ᠴᠣᠭᠴᠠᠯᠠᠨ᠎ᠠ᠃ ᠤᠯᠤᠰ ᠤᠨ ᠳᠤᠳᠤᠭᠠᠳᠤ ᠶᠢᠨ ᠤᠷᠤᠨ ᠪᠦᠰᠡ ᠶᠢᠨ | ᠬᠠᠮᠳᠤᠷᠠᠯᠴᠠᠭ᠎ᠠ ᠶᠢ ᠬᠦᠨᠵᠡᠭᠡᠶᠢᠷᠡᠬᠦᠯᠵᠦ᠂ ᠪᠡᠭᠡᠵᠢᠩ ᠳᠢᠶᠠᠨᠵᠢᠨ ᠾᠧᠪᠸᠢ᠂ ᠪᠦᠸᠧᠬᠠᠢ ᠳᠠᠩᠬᠢᠰ ᠤᠨ ᠡᠷᠭᠢᠨ | ᠳᠣᠭᠤᠷᠢᠨ ᠤ ᠭᠠᠵᠠᠷ ᠤᠷᠤᠨ ᠤ ᠬᠦᠭᠵᠢᠯᠳᠡ ᠳᠤ ᠬᠦᠨᠵᠡᠭᠡᠢ ᠠᠭᠤᠰᠣᠨ ᠣᠷᠣᠵᠣ᠂ ᠬᠦᠬᠡᠬᠤᠳᠠ ᠪᠤᠭᠤᠳᠤ ᠢᠷᠭᠠᠢ | ᠳᠡᠮᠡᠭᠡᠳᠤ ᠶᠢᠨ ᠠᠵᠦ ᠠᠬᠤᠢ ᠶᠢᠨ ᠳᠤᠭᠤᠷᠢᠭ ᠤᠨ ᠬᠦᠭᠵᠢᠯᠳᠡ ᠶᠢ ᠠᠬᠢᠭᠤᠯᠣᠨ᠎ᠠ᠃ ᠰᠢᠶᠠᠩᠭᠠᠩ ᠣᠣᠮᠧᠨ | ᠳᠠᠶᠢᠸᠠᠨ ᠯᠤᠭ᠎ᠠ ᠶᠢᠨ ᠠᠵᠣ ᠠᠬᠤᠢ ᠶᠢᠨ ᠬᠠᠮᠳᠣᠷᠠᠯᠴᠠᠭ᠎ᠠ ᠪᠠᠨ ᠭᠦᠨᠵᠡᠭᠡᠶᠢᠷᠡᠭᠦᠯᠦᠨ᠎ᠡ᠃ | ᠬᠤᠷᠠᠯ ᠠᠴᠠ ᠳᠤᠷᠠᠳᠤᠭᠰᠠᠨ ᠨᠢ᠂ ᠬᠠᠮᠳᠤᠪᠡᠷ ᠡᠳ᠋ᠯᠡᠬᠦ ᠬᠦᠭᠵᠢᠯᠳᠡ ᠶᠢ ᠪᠠᠷᠢᠮᠳᠠᠯᠠᠵᠦ᠂ ᠠᠷᠠᠳ ᠲᠦᠮᠡᠨ ᠤ | ᠪᠤᠶᠠᠨ ᠵᠢᠷᠭᠠᠯ ᠢ ᠨᠡᠮᠡᠭᠳᠡᠬᠦᠯᠬᠦ ᠳᠤ᠂ ᠡᠷᠭᠡᠪᠰᠢ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ | ᠰᠠᠨᠠᠭ᠎ᠠ ᠶᠢ ᠪᠠᠳᠤ ᠪᠤᠢ ᠪᠤᠯᠭᠠᠵᠦ᠂ ᠬᠤᠷᠢᠭ᠎ᠠ ᠱᠤᠭᠤᠮ ᠢ ᠪᠠᠳᠣ ᠰᠠᠬᠢᠵᠣ᠂ ᠭᠤᠤᠯᠳᠠᠯᠭ᠎ᠠ ᠪᠠᠨ ᠳᠤᠪᠤᠶᠢᠯᠭᠠᠨ᠂ | ᠲᠦᠷᠢᠮ ᠢᠶᠠᠨ ᠳᠡᠬᠦᠯᠳᠡᠷᠵᠢᠬᠦᠯᠵᠦ᠂ ᠤᠷᠢᠳᠴᠢᠯᠠᠭᠰᠠᠨ ᠬᠠᠷᠠᠯᠳᠠ ᠳᠡᠰᠢ ᠪᠠᠨ ᠬᠦᠳᠦᠯᠦᠨ ᠳᠠᠭᠠᠭᠤᠯᠵᠣ᠂ ᠠᠵᠠ | ᠳᠣᠬᠢᠶᠠᠯ ᠡᠷᠭᠡ ᠳᠡᠭᠰᠢ ᠪᠠᠶᠢᠬᠤ ᠶᠢ ᠬᠦᠨᠳᠦᠳᠭᠡᠨ᠂ ᠦᠨᠳᠤᠰᠤᠨ ᠠᠷᠠᠳ ᠤᠨ ᠠᠮᠢᠳᠤᠷᠠᠯ ᠢ ᠪᠠᠳᠤᠯᠠᠵᠦ᠂ | ᠦᠨᠳᠤᠰᠤᠳᠡᠨ ᠨᠦᠭᠦᠳ ᠤᠨ ᠠᠷᠠᠳ ᠲᠦᠮᠡᠨ ᠬᠠᠮᠳᠤᠪᠡᠷ ᠪᠦᠬᠦ ᠳᠠᠯ᠎ᠠ ᠶᠢᠨ ᠴᠢᠨᠡᠭᠡᠯᠢᠭ ᠨᠡᠶᠢᠭᠡᠮ ᠳᠤ ᠳᠠᠪᠰᠢᠨ | ᠤᠷᠤᠬᠤ ᠶᠢ ᠪᠡᠶᠡᠯᠡᠬᠦᠯᠬᠦ ᠬᠡᠷᠡᠭᠳᠡᠢ᠃ ᠣᠯᠠᠨ ᠨᠡᠶᠢᠳᠡ ᠶᠢᠨ ᠦᠢᠯᠡᠴᠢᠯᠡᠭᠡ ᠬᠠᠩᠭᠠᠯᠭ᠎ᠠ ᠶᠢ ᠨᠡᠮᠡᠭᠳᠡᠬᠦᠯᠵᠦ᠂ ᠣᠯᠠᠨ | ᠨᠡᠶᠢᠳᠡ ᠶᠢᠨ ᠦᠢᠯᠡᠴᠢᠯᠡᠭᠡ ᠶᠢ ᠬᠠᠮᠳᠤᠪᠡᠷ ᠪᠠᠶᠢᠭᠤᠯᠬᠤ ᠴᠢᠳᠠᠪᠣᠷᠢ ᠪᠠ ᠬᠠᠮᠳᠤᠪᠡᠷ ᠡᠳ᠋ᠯᠡᠬᠦ ᠲᠦᠪᠰᠢᠨ ᠢ | ᠳᠡᠭᠡᠭᠰᠢᠯᠡᠬᠦᠯᠦᠨ᠎ᠡ᠃ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠢᠨᠵᠧᠨᠧᠷᠢᠩ ᠢ ᠬᠡᠷᠡᠭᠵᠢᠬᠦᠯᠵᠦ᠂ | ᠣᠨᠢᠨ ᠳᠡᠭᠡᠷ᠎ᠡ ᠨᠢ ᠶᠠᠳᠠᠭᠤ ᠶᠢ ᠳᠡᠳᠬᠦᠬᠦ᠂ ᠣᠨᠢᠨ ᠳᠡᠭᠡᠷ᠎ᠡ ᠨᠢ ᠶᠠᠳᠠᠭᠤ ᠠᠴᠠ ᠠᠩᠬᠢᠵᠢᠷᠠᠭᠤᠯᠬᠤ ᠠᠵᠢᠯ ᠢ | ᠬᠦᠨᠵᠡᠭᠡᠶᠢᠷᠡᠬᠦᠯᠵᠦ᠂ ᠠᠵᠦ ᠦᠢᠯᠡᠰ ᠢᠶᠠᠷ ᠶᠠᠳᠠᠭᠤ ᠶᠢ ᠳᠡᠳᠬᠦᠬᠦ ᠶᠢ ᠠᠬᠢᠭᠤᠯᠵᠦ᠂ ᠶᠠᠳᠠᠭᠤ ᠬᠦᠴᠢᠷ ᠲᠠᠢ ᠭᠠᠵᠠᠷ | ᠤᠷᠤᠨ ᠤ ᠰᠠᠭᠤᠷᠢ ᠲᠦᠬᠦᠭᠡᠷᠤᠮᠵᠢ ᠶᠢᠨ ᠪᠦᠷᠬᠦᠴᠡ ᠶᠢ ᠦᠷᠭᠡᠳᠬᠡᠨ᠎ᠡ᠃ ᠰᠤᠷᠭᠠᠨ ᠬᠦᠮᠦᠵᠢᠯ ᠤᠨ ᠶᠠᠰᠤ ᠴᠢᠨᠠᠷ ᠢ | ᠳᠡᠭᠡᠭᠰᠢᠯᠡᠬᠦᠯᠵᠦ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠳᠡᠩᠴᠡᠬᠦᠷᠢᠳᠡᠢ ᠬᠦᠭᠵᠢᠯᠳᠡ ᠶᠢ ᠠᠬᠢᠭᠤᠯᠤᠨ᠂ | ᠶᠡᠭᠡ ᠳᠡᠭᠡᠳᠤ ᠰᠤᠷᠭᠠᠭᠤᠯᠢ ᠶᠢᠨ ᠵᠢᠭᠠᠨ ᠰᠤᠷᠭᠠᠬᠤ ᠲᠦᠪᠰᠢᠨ ᠪᠠ ᠰᠢᠨ᠎ᠠ ᠶᠢ ᠡᠬᠦᠳᠬᠦ ᠴᠢᠳᠡᠪᠣᠷᠢ ᠶᠢ | ᠳᠡᠭᠡᠭᠰᠢᠯᠡᠬᠦᠯᠵᠦ᠂ ᠰᠤᠷᠭᠠᠨ ᠬᠦᠮᠦᠵᠢᠯ ᠤᠨ ᠵᠢᠭᠠᠨ ᠰᠤᠷᠭᠠᠬᠤ ᠦᠭᠡᠷᠡᠴᠢᠯᠡᠯᠳᠡ ᠶᠢ ᠬᠦᠨᠵᠡᠭᠡᠶᠢᠷᠡᠬᠦᠯᠦᠨ᠎ᠡ᠃ ᠠᠵᠢᠯ | ᠤᠯᠭᠤᠵᠣ ᠦᠢᠯᠡᠰ ᠪᠣᠰᠬᠠᠬᠤ ᠶᠢ ᠠᠬᠢᠭᠤᠯᠵᠦ᠂ ᠨᠡᠩ ᠢᠳᠡᠪᠬᠢᠳᠡᠢ ᠠᠵᠢᠯ ᠤᠯᠭᠤᠬᠤ ᠲᠦᠷᠦ ᠶᠢᠨ ᠪᠤᠳᠤᠯᠭ᠎ᠠ ᠶᠢ | ᠬᠡᠷᠡᠭᠵᠢᠬᠦᠯᠵᠦ᠂ ᠠᠮᠢᠳᠤᠯᠢᠭ ᠢᠶᠠᠷ ᠠᠵᠢᠯ ᠤᠯᠭᠤᠬᠤ᠂ ᠰᠢᠨ᠎ᠠ ᠪᠠᠷ ᠠᠵᠢᠯ ᠤᠯᠭᠤᠬᠤ ᠬᠡᠯᠪᠡᠷᠢ ᠪᠠᠶᠢᠳᠠᠯ ᠳᠠᠬᠢ | ᠳᠡᠮᠵᠢᠯᠭᠡ ᠪᠠᠨ ᠴᠢᠩᠭᠠᠳᠬᠠᠵᠦ᠂ ᠨᠠᠰᠤᠨ ᠳᠤᠷᠰᠢᠳᠠ ᠶᠢᠨ ᠠᠵᠢᠯ ᠮᠡᠷᠭᠡᠵᠢᠯ ᠤᠨ ᠪᠤᠯᠪᠠᠰᠤᠷᠠᠯ ᠤᠨ ᠲᠦᠷᠢᠮ ᠢ | ᠳᠡᠯᠭᠡᠷᠡᠭᠦᠯᠦᠨ ᠬᠡᠷᠡᠭᠵᠢᠭᠦᠯᠵᠦ᠂ ᠠᠵᠢᠯ ᠤᠯᠭᠤᠬᠤ ᠦᠢᠯᠡᠴᠢᠯᠡᠭᠡᠨ ᠤ ᠴᠢᠳᠡᠪᠣᠷᠢ ᠪᠠᠨ ᠴᠢᠩᠭᠠᠷᠠᠭᠤᠯᠵᠣ᠂ ᠭᠦᠢᠴᠡᠳ | ᠠᠵᠢᠯ ᠣᠯᠭᠤᠬᠤ ᠶᠢ ᠠᠬᠢᠭᠤᠯᠣᠨ᠎ᠠ᠃ ᠰᠠᠭᠤᠭᠠᠯᠢ ᠠᠷᠠᠳ ᠤᠨ ᠤᠷᠤᠯᠭ᠎ᠠ ᠶᠢᠨ ᠲᠦᠪᠰᠢᠨ ᠢ ᠳᠡᠭᠡᠭᠰᠢᠯᠡᠬᠦᠯᠵᠦ᠂ | ᠰᠢᠨᠵᠢᠯᠡᠬᠦ ᠤᠬᠠᠭᠠᠨᠴᠢ ᠴᠠᠯᠢᠩ ᠤᠨ ᠲᠦᠪᠰᠢᠨ ᠢ ᠳᠤᠭᠳᠠᠭᠠᠬᠤ ᠳᠤᠭᠳᠠᠴᠠ᠂ ᠬᠡᠪ ᠤᠨ ᠨᠡᠮᠡᠭᠳᠡᠬᠦᠯᠬᠦ ᠳᠤᠭᠳᠠᠴᠠ᠂ | ᠣᠯᠭᠤᠵᠣ ᠪᠠᠳᠤᠯᠠᠬᠤ ᠳᠤᠭᠳᠠᠴᠠ ᠶᠢ ᠪᠦᠷᠢᠨᠰᠢᠬᠦᠯᠵᠦ᠂ ᠮᠠᠯᠴᠢᠨ ᠳᠠᠷᠢᠶᠠᠴᠢᠨ ᠤ ᠡᠵᠡᠩᠨᠡᠯᠳᠡ ᠶᠢᠨ ᠴᠢᠨᠠᠷᠳᠠᠢ᠂ | ᠴᠠᠯᠢᠩ ᠤᠨ ᠴᠢᠨᠠᠷᠳᠠᠢ᠂ ᠡᠳ᠋ ᠬᠦᠷᠦᠩᠭᠡ ᠶᠢᠨ ᠴᠢᠨᠠᠷᠳᠠᠢ᠂ ᠰᠢᠯᠵᠢᠯᠳᠠ ᠶᠢᠨ ᠴᠢᠨᠠᠷᠳᠠᠢ ᠤᠷᠤᠯᠭ᠎ᠠ ᠶᠢ ᠨᠡᠮᠡᠭᠳᠡᠬᠦᠯᠵᠦ | ᠂ ᠤᠷᠤᠯᠭ᠎ᠠ ᠶᠢᠨ ᠵᠦᠷᠢᠶ᠎ᠠ ᠶᠢ ᠪᠠᠭᠠᠰᠬᠠᠨ᠎ᠠ᠃ ᠨᠡᠩ ᠡᠷᠭᠡ ᠳᠡᠭᠰᠢ ᠨᠡᠩ ᠦᠷᠬᠦᠯᠵᠢᠯᠡᠬᠦ ᠨᠡᠶᠢᠭᠡᠮ ᠤᠨ | ᠪᠠᠳᠤᠯᠠᠪᠤᠷᠢ ᠶᠢᠨ ᠲᠦᠷᠢᠮ ᠢ ᠪᠠᠶᠢᠭᠤᠯᠵᠣ᠂ ᠪᠦᠬᠦ ᠠᠷᠠᠳ ᠳᠠᠭᠠᠳᠬᠠᠯ ᠳᠤ ᠣᠷᠣᠬᠤ ᠳᠦᠯᠦᠪᠯᠡᠭᠡ ᠶᠢ | ᠬᠡᠷᠡᠭᠵᠢᠭᠦᠯᠵᠦ᠂ ᠠᠵᠢᠯᠳᠠᠨ ᠠᠵᠢᠯᠴᠢᠨ ᠤ ᠨᠠᠰᠣᠵᠢᠯ ᠤᠨ ᠳᠠᠭᠠᠳᠬᠠᠯ ᠤᠨ ᠬᠤᠪᠢ ᠬᠦᠮᠦᠨ ᠤ ᠳᠠᠩᠰᠠ ᠶᠢᠨ | ᠳᠦᠷᠢᠮ ᠢ ᠳᠡᠭᠦᠯᠳᠡᠷᠵᠢᠭᠦᠯᠵᠦ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠦᠨᠳᠤ ᠡᠪᠡᠳᠴᠢᠨ ᠤ | ᠳᠠᠭᠠᠳᠬᠠᠯ ᠤᠨ ᠲᠦᠷᠢᠮ ᠢ ᠪᠦᠬᠦ ᠳᠠᠯ᠎ᠠ ᠪᠠᠷ ᠬᠡᠷᠡᠭᠵᠢᠬᠦᠯᠵᠦ᠂ ᠨᠠᠭᠠᠳᠤ ᠵᠠᠬ᠎ᠠ ᠶᠢᠨ ᠠᠮᠢᠳᠤᠷᠠᠯ ᠤᠨ | ᠪᠠᠳᠤᠯᠠᠪᠤᠷᠢ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠣᠨ᠎ᠠ᠃ ᠡᠷᠡᠬᠦᠯ ᠡᠩᠬᠡ ᠦᠪᠤᠷ ᠮᠤᠩᠭᠤᠯ ᠤᠨ | ᠪᠠᠶᠢᠭᠤᠯᠤᠯᠳᠠ ᠶᠢ ᠠᠬᠢᠭᠤᠯᠵᠦ᠂ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ | ᠬᠦᠨᠵᠡᠭᠡᠶᠢᠷᠡᠬᠦᠯᠵᠦ᠂ ᠡᠮ ᠤᠨ ᠵᠦᠢᠯᠡᠰ ᠢ ᠬᠠᠩᠭᠠᠬᠤ ᠪᠠ ᠶᠠᠰᠤ ᠴᠢᠨᠠᠷ ᠤᠨ ᠠᠮᠤᠷ ᠲᠦᠪᠰᠢᠨ ᠢ ᠪᠠᠳᠤᠯᠠᠬᠤ | ᠳᠤᠭᠳᠠᠴᠠ ᠶᠢ ᠪᠦᠷᠢᠨᠰᠢᠬᠦᠯᠵᠦ᠂ ᠮᠤᠩᠭᠤᠯ ᠬᠢᠳᠠᠳ ᠡᠮ ᠡᠮᠨᠡᠯᠭᠡ ᠶᠢᠨ ᠬᠦᠭᠵᠢᠯᠳᠡ ᠶᠢ ᠠᠬᠢᠭᠤᠯᠵᠦ᠂ ᠢᠳᠡᠭᠡᠨ ᠤ | ᠠᠮᠤᠷ ᠲᠦᠪᠰᠢᠨ ᠤ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠣᠨ᠎ᠠ᠃ ᠬᠦᠮᠦᠨ ᠠᠮᠠ ᠪᠠ ᠨᠠᠰᠤᠵᠢᠯ ᠤᠨ ᠠᠵᠢᠯ ᠢ | ᠰᠠᠶᠢᠳᠤᠷ ᠬᠢᠨ᠎ᠠ᠃ ᠨᠢᠭᠡ ᠬᠤᠤᠰ ᠡᠷ᠎ᠠ ᠡᠮ᠎ᠠ ᠬᠤᠶᠠᠷ ᠬᠡᠤᠬᠡᠳ ᠠᠪᠴᠤ ᠪᠤᠯᠬᠤ ᠲᠦᠷᠦ ᠶᠢᠨ ᠪᠤᠳᠤᠯᠭ᠎ᠠ ᠶᠢ ᠪᠦᠬᠦ | ᠳᠠᠯ᠎ᠠ ᠪᠠᠷ ᠬᠡᠷᠡᠭᠵᠢᠬᠦᠯᠦᠨ᠎ᠠ᠃ | ᠬᠤᠷᠠᠯ ᠠᠴᠠ ᠵᠢᠭᠠᠵᠣ ᠭᠠᠷᠭᠠᠭᠰᠠᠨ ᠨᠢ᠂ ᠡᠶ᠎ᠡ ᠵᠣᠬᠢᠴᠠᠩᠭᠤᠢ ᠦᠪᠦᠷ ᠮᠣᠩᠭᠤᠯ ᠤᠨ ᠪᠠᠶᠢᠭᠤᠯᠣᠯᠳᠠ ᠶᠢ | ᠠᠬᠢᠭᠤᠯᠬᠤ᠂ ᠡᠬᠡ ᠣᠯᠣᠰ ᠤᠨ ᠣᠮᠠᠷᠠᠳᠣ ᠶᠢᠨ ᠠᠮᠣᠷ ᠲᠦᠪᠰᠢᠨ ᠳᠣᠭᠳᠠᠭᠤᠨ ᠤ ᠬᠠᠯᠬᠠᠪᠴᠢ ᠶᠢ ᠪᠠᠳᠣ | ᠴᠣᠭᠴᠠᠯᠠᠬᠤ ᠳᠤ᠂ ᠡᠷᠬᠡᠪᠰᠢ ᠦᠭᠡᠷᠡᠴᠢᠯᠡᠯᠳᠡ ᠬᠦᠭᠵᠢᠯᠳᠡ ᠳᠣᠭᠳᠠᠭᠤᠨ ᠤ ᠬᠠᠷᠢᠴᠠᠭ᠎ᠠ ᠶᠢ ᠵᠦᠪ ᠰᠢᠢᠳᠪᠦᠷᠢᠯᠡᠵᠦ᠂ | ᠬᠢᠯᠢ ᠣᠷᠣᠨ ᠢᠶᠠᠨ ᠰᠠᠬᠢᠨ ᠬᠠᠮᠠᠭᠠᠯᠠᠵᠣ ᠬᠠᠷᠢᠯᠴᠠᠨ ᠬᠠᠪᠰᠣᠷᠣᠯᠴᠠᠬᠤ ᠶᠢ ᠪᠠᠷᠢᠮᠳᠠᠯᠠᠵᠣ᠂ ᠦᠨᠳᠦᠰᠦᠳᠡᠨ ᠨᠦᠭᠦᠳ | ᠪᠦᠯᠬᠦᠮᠳᠡᠯ ᠲᠠᠢ᠂ ᠨᠡᠶᠢᠭᠡᠮ ᠠᠮᠣᠷ ᠳᠣᠭᠳᠠᠭᠤᠨ᠂ ᠬᠢᠯᠢ ᠬᠢᠵᠠᠭᠠᠷ ᠠᠮᠣᠷ ᠳᠠᠶᠢᠪᠣᠩ ᠣᠯᠣᠰ ᠲᠦᠷᠦ ᠶᠢᠨ | ᠪᠠᠶᠢᠳᠠᠯ ᠢ ᠳᠠᠰᠣᠷᠠᠯᠳᠠ ᠦᠭᠡᠢ ᠪᠠᠳᠣᠳᠬᠠᠨ ᠬᠦᠭᠵᠢᠭᠦᠯᠬᠦ ᠬᠡᠷᠡᠭᠳᠡᠢ᠃ ᠦᠨᠳᠦᠰᠦᠳᠡᠨ ᠤ ᠪᠦᠯᠬᠦᠮᠳᠡᠯ ᠢ | ᠴᠢᠩᠭᠠᠳᠬᠠᠨ ᠪᠠᠬᠢᠵᠢᠭᠦᠯᠵᠦ᠂ ᠦᠨᠳᠦᠰᠦᠳᠡᠨ ᠤ ᠣᠷᠣᠨ ᠤ ᠦᠪᠡᠷᠳᠡᠭᠡᠨ ᠵᠠᠰᠠᠬᠤ ᠪᠠᠶᠢᠭᠤᠯᠣᠯ ᠢ ᠪᠠᠷᠢᠮᠳᠠᠯᠠᠨ | ᠳᠡᠭᠦᠯᠳᠡᠷᠵᠢᠭᠦᠯᠵᠦ᠂ ᠦᠨᠳᠦᠰᠦᠳᠡᠨ ᠤ ᠭᠠᠵᠠᠷ ᠣᠷᠣᠨ ᠤ ᠬᠦᠭᠵᠢᠯᠳᠡ ᠶᠢ ᠠᠬᠢᠭᠤᠯᠬᠤ ᠲᠦᠷᠦ ᠶᠢᠨ ᠪᠣᠳᠣᠯᠭ᠎ᠠ ᠶᠢ | ᠳᠡᠭᠦᠯᠳᠡᠷᠵᠢᠭᠦᠯᠵᠦ᠂ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠣᠬᠠᠭᠤᠯᠭ᠎ᠠ ᠬᠦᠮᠦᠵᠢᠯ ᠢ ᠭᠦᠨᠵᠡᠭᠡᠢ | ᠦᠷᠨᠢᠭᠦᠯᠬᠦ ᠬᠡᠷᠡᠭᠳᠡᠢ᠃ ᠪᠦᠬᠦ ᠳᠠᠯ᠎ᠠ ᠪᠠᠷ ᠬᠠᠣᠯᠢ ᠪᠠᠷ ᠣᠷᠣᠨ ᠢᠶᠠᠨ ᠵᠠᠰᠠᠬᠤ ᠠᠵᠢᠯ ᠢ ᠭᠦᠨᠵᠡᠭᠡᠶᠢᠷᠡᠭᠦᠯᠵᠦ᠂ | ᠰᠢᠨᠵᠢᠯᠡᠬᠦ ᠣᠬᠠᠭᠠᠨᠴᠢ ᠪᠠᠷ ᠬᠠᠣᠯᠢ ᠳᠣᠭᠳᠠᠭᠠᠬᠤ᠂ ᠬᠠᠣᠯᠢ ᠶᠢ ᠴᠢᠩᠭ᠎ᠠ ᠬᠡᠷᠡᠭᠵᠢᠭᠦᠯᠬᠦ᠂ ᠭᠤᠣᠯᠴᠢ ᠪᠠᠷ ᠬᠠᠣᠯᠢ | ᠶᠠᠪᠣᠭᠤᠯᠬᠤ᠂ ᠪᠦᠬᠦ ᠠᠷᠠᠳ ᠬᠠᠣᠯᠢ ᠶᠢ ᠰᠠᠬᠢᠬᠤ ᠶᠢ ᠠᠬᠢᠭᠤᠯᠵᠣ᠂ ᠬᠠᠣᠯᠢᠵᠢᠯ ᠤᠨ ᠦᠪᠦᠷ ᠮᠣᠩᠭᠤᠯ ᠢ ᠲᠦᠷᠭᠡᠨ | ᠪᠠᠶᠢᠭᠤᠯᠬᠤ ᠬᠡᠷᠡᠭᠳᠡᠢ᠃ ᠨᠡᠶᠢᠭᠡᠮ ᠢ ᠵᠠᠰᠠᠬᠤ ᠠᠵᠢᠯ ᠢ ᠴᠢᠩᠭᠠᠳᠬᠠᠨ ᠰᠢᠨ᠎ᠡ ᠶᠢ ᠡᠭᠦᠳᠴᠦ᠂ ᠨᠡᠶᠢᠭᠡᠮ ᠤᠨ | ᠵᠦᠷᠢᠴᠡᠯ ᠢ ᠪᠠᠶᠢᠴᠠᠭᠠᠨ ᠰᠡᠷᠡᠮᠵᠢᠯᠡᠭᠦᠯᠬᠦ ᠪᠠ ᠡᠶᠡᠳᠡᠭᠦᠯᠦᠨ ᠨᠠᠮᠳᠠᠭᠤᠯᠬᠤ ᠶᠡᠷᠦᠩᠬᠡᠶᠢᠯᠡᠭᠰᠡᠨ ᠳᠣᠭᠳᠠᠴᠠ ᠶᠢ | ᠳᠡᠭᠦᠯᠳᠡᠷᠵᠢᠭᠦᠯᠵᠦ᠂ ᠨᠡᠶᠢᠭᠡᠮ ᠤᠨ ᠠᠮᠣᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠭᠦᠨᠵᠡᠭᠡᠢ ᠠᠬᠢᠭᠤᠯᠵᠣ᠂ | ᠠᠶᠣᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠪᠣᠯᠣᠨ ᠬᠠᠮᠢᠶᠠᠷᠣᠯᠳᠠ ᠶᠢᠨ ᠳᠦᠷᠢᠮ ᠢ ᠳᠡᠭᠦᠯᠳᠡᠷᠵᠢᠭᠦᠯᠦᠨ | ᠨᠠᠶᠢᠳᠠᠪᠣᠷᠢᠵᠢᠭᠤᠯᠵᠣ᠂ ᠣᠯᠣᠰ ᠤᠨ ᠠᠮᠣᠷ ᠲᠦᠪᠰᠢᠨ ᠤ ᠬᠦᠴᠦᠨ ᠪᠣᠯᠣᠨ ᠠᠷᠭ᠎ᠠ ᠪᠠᠷᠢᠯ ᠤᠨ ᠪᠠᠶᠢᠭᠤᠯᠣᠯᠳᠠ ᠶᠢ | ᠴᠢᠩᠭᠠᠳᠬᠠᠬᠤ ᠬᠡᠷᠡᠭᠳᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠬᠦᠭᠵᠢᠭᠦᠯᠬᠦ ᠪᠣᠯ ᠨᠠᠮ ᠤᠨ ᠲᠦᠷᠦ ᠪᠠᠷᠢᠵᠣ ᠣᠯᠣᠰ ᠢᠶᠠᠨ | ᠮᠠᠨᠳᠣᠭᠤᠯᠬᠤ ᠳᠡᠷᠢᠭᠦᠨ ᠴᠢᠬᠤᠯᠠ ᠡᠭᠦᠷᠭᠡ ᠪᠣᠯᠣᠨ᠎ᠠ᠂ ᠡᠯ᠎ᠡ ᠱᠠᠳᠣᠨ ᠤ ᠨᠠᠮ ᠤᠨ ᠬᠤᠷᠢᠶ᠎ᠠ ᠡᠷᠬᠡᠪᠰᠢ | ᠬᠦᠭᠵᠢᠯᠳᠡ ᠶᠢᠨ ᠵᠢᠮ᠎ᠠ ᠶᠣᠰᠣ ᠶᠢᠨ ᠳᠣᠬᠠᠢ ᠳᠠᠨᠢᠯᠳᠠ ᠪᠠᠨ ᠭᠦᠨᠵᠡᠭᠡᠶᠢᠷᠡᠭᠦᠯᠵᠦ᠂ ᠨᠠᠮ ᠤᠨ ᠣᠳᠣᠷᠢᠳᠣᠯᠭ᠎ᠠ ᠶᠢ | ᠦᠨᠡᠨᠬᠦ ᠴᠢᠩᠭᠠᠳᠬᠠᠨ ᠰᠠᠶᠢᠵᠢᠷᠠᠭᠤᠯᠬᠤ ᠬᠡᠷᠡᠭᠳᠡᠢ᠃ ᠨᠠᠮ ᠠᠴᠠ ᠠᠵᠣ ᠠᠬᠤᠢ ᠨᠡᠶᠢᠭᠡᠮ ᠤᠨ ᠬᠦᠭᠵᠢᠯᠳᠡ ᠶᠢ | ᠣᠳᠣᠷᠢᠳᠬᠤ ᠠᠵᠢᠯ ᠤᠨ ᠪᠠᠶᠢᠭᠤᠯᠣᠮᠵᠢ ᠳᠣᠭᠳᠠᠴᠠ ᠶᠢ ᠳᠡᠭᠦᠯᠳᠡᠷᠵᠢᠭᠦᠯᠵᠦ᠂ ᠳᠦᠷᠢᠮᠵᠢᠭᠦᠯᠬᠦ ᠪᠠᠶᠢᠭᠤᠯᠣᠯᠳᠠ ᠶᠢ | ᠴᠢᠩᠭᠠᠳᠬᠠᠵᠣ᠂ ᠬᠠᠣᠯᠢᠵᠢᠯᠳᠠ ᠶᠢᠨ ᠲᠦᠪᠰᠢᠨ ᠢᠶᠠᠨ ᠳᠡᠭᠡᠭᠰᠢᠯᠡᠭᠦᠯᠵᠦ᠂ ᠳᠣᠰᠬᠠᠢᠢᠵᠢᠬᠤ ᠴᠢᠳᠠᠪᠣᠷᠢ ᠪᠠᠨ | ᠴᠢᠩᠭᠠᠷᠠᠭᠤᠯᠬᠤ ᠬᠡᠷᠡᠭᠳᠡᠢ᠃ ᠪᠦᠬᠦ ᠳᠠᠯ᠎ᠠ ᠪᠠᠷ ᠨᠠᠮ ᠢᠶᠠᠨ ᠴᠢᠩᠭ᠎ᠠ ᠵᠠᠰᠠᠬᠤ ᠶᠢ ᠠᠬᠢᠭᠤᠯᠵᠣ᠂ ᠣᠳᠣᠷᠢᠳᠬᠤ ᠪᠠᠭ | ᠪᠣᠯᠣᠨ ᠺᠠᠳ᠋ᠷ ᠤᠨ ᠡᠩᠨᠡᠭᠡ ᠶᠢᠨ ᠪᠠᠶᠢᠭᠤᠯᠣᠯᠳᠠ ᠶᠢ ᠴᠢᠩᠭᠠᠳᠬᠠᠵᠣ᠂ ᠨᠠᠮ ᠤᠨ ᠡᠯ᠎ᠡ ᠱᠠᠳᠣᠨ ᠤ ᠵᠣᠬᠢᠶᠠᠨ | ᠪᠠᠶᠢᠭᠤᠯᠣᠯᠳᠠ ᠶᠢᠨ ᠴᠣᠭᠴᠠᠯᠠᠯᠳᠠ ᠶᠢ ᠰᠠᠶᠢᠳᠣᠷ ᠠᠳᠬᠤᠵᠣ᠂ ᠠᠵᠢᠯ ᠤᠨ ᠰᠣᠷᠳᠠᠯ ᠢᠶᠠᠨ ᠰᠠᠶᠢᠵᠢᠷᠠᠭᠤᠯᠬᠤ ᠣᠷᠳᠣ | ᠬᠤᠭᠤᠴᠠᠭᠠᠨ ᠤ ᠪᠦᠳᠦᠮᠵᠢᠳᠡᠢ ᠳᠣᠭᠳᠠᠴᠠ ᠶᠢ ᠪᠦᠷᠢᠨᠰᠢᠭᠦᠯᠵᠦ᠂ ᠨᠠᠮ ᠤᠨ ᠰᠠᠬᠢᠯᠭ᠎ᠠ ᠪᠠᠳᠣ ᠪᠣᠯᠣᠨ ᠳᠦᠷᠢᠮ ᠢ | ᠴᠢᠩᠳᠠᠯᠠᠵᠣ᠂ ᠢᠯᠵᠢᠷᠡᠯ ᠢ ᠡᠰᠡᠷᠭᠦᠴᠡᠨ ᠠᠷᠢᠭᠤᠨ ᠴᠢᠭᠡᠴᠢ ᠶᠢ ᠡᠷᠬᠢᠮᠯᠡᠬᠦ ᠪᠠᠶᠢᠭᠤᠯᠣᠯᠳᠠ ᠶᠢ ᠭᠦᠨᠵᠡᠭᠡᠶᠢᠷᠡᠭᠦᠯᠬᠦ | ᠬᠡᠷᠡᠭᠳᠡᠢ᠃ ᠴᠢᠳᠠᠪᠣᠷᠢᠳᠠᠨ ᠤ ᠡᠩᠨᠡᠭᠡ ᠶᠢᠨ ᠪᠠᠶᠢᠭᠤᠯᠣᠯᠳᠠ ᠶᠢ ᠴᠢᠩᠭᠠᠳᠬᠠᠵᠣ᠂ ᠴᠢᠳᠠᠪᠣᠷᠢᠳᠠᠨ ᠢᠶᠠᠷ ᠣᠷᠣᠨ ᠢᠶᠠᠨ | ᠬᠦᠴᠦᠷᠬᠡᠭᠵᠢᠭᠦᠯᠬᠦ ᠪᠠᠶᠢᠯᠳᠣᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠴᠢᠳᠠᠪᠣᠷᠢᠳᠠᠨ ᠤ ᠬᠦᠭᠵᠢᠯᠳᠡ ᠶᠢᠨ | ᠪᠠᠶᠢᠭᠤᠯᠣᠮᠵᠢ ᠶᠢᠨ ᠦᠭᠡᠷᠡᠴᠢᠯᠡᠯᠳᠡ ᠪᠣᠯᠣᠨ ᠲᠦᠷᠦ ᠶᠢᠨ ᠪᠣᠳᠣᠯᠭ᠎ᠠ ᠶᠢᠨ ᠰᠢᠨᠡᠴᠢᠯᠡᠯᠳᠡ ᠶᠢ ᠠᠬᠢᠭᠤᠯᠬᠤ ᠬᠡᠷᠡᠭᠳᠡᠢ᠃ | ᠨᠠᠮ ᠤᠨ ᠣᠯᠠᠨ ᠲᠦᠮᠡᠨᠴᠢ ᠱᠣᠭᠤᠮ ᠢ ᠭᠦᠨᠵᠡᠭᠡᠢ ᠳᠣᠣᠱᠯᠠᠭᠤᠯᠵᠣ᠂ ᠦᠵᠡᠯ ᠰᠠᠨᠠᠭ᠎ᠠ ᠣᠯᠣᠰ ᠲᠦᠷᠦ ᠶᠢᠨ | ᠠᠵᠢᠯ ᠢ ᠴᠢᠩᠭᠠᠳᠬᠠᠵᠣ᠂ ᠣᠯᠠᠨ ᠲᠦᠮᠡᠨ ᠢ ᠣᠬᠠᠭᠤᠯᠬᠤ ᠪᠣᠯᠣᠨ ᠵᠣᠬᠢᠶᠠᠨ ᠪᠠᠶᠢᠭᠤᠯᠬᠤ ᠴᠢᠳᠠᠪᠣᠷᠢ ᠪᠠᠨ | ᠳᠡᠭᠡᠭᠰᠢᠯᠡᠭᠦᠯᠵᠦ᠂ ᠪᠦᠬᠦ ᠣᠷᠣᠨ ᠦᠦᠨᠳᠦᠰᠦᠳᠡᠨ ᠨᠦᠭᠦᠳ ᠤᠨ ᠠᠷᠠᠳ ᠲᠦᠮᠡᠨ ᠢ ᠳᠠᠶᠢᠴᠢᠯᠠᠨ ᠪᠦᠯᠬᠦᠮᠳᠡᠨ | ᠳᠡᠮᠡᠴᠡᠬᠦ ᠬᠡᠷᠡᠭᠳᠡᠢ᠃ | ᠬᠤᠷᠠᠯ ᠠᠴᠠ ᠣᠳᠣᠬᠠᠨ ᠤ ᠪᠠᠶᠢᠳᠠᠯ ᠪᠣᠯᠣᠨ ᠡᠭᠦᠷᠭᠡ ᠶᠢ ᠵᠠᠳᠠᠯᠪᠠ᠂ ᠬᠤᠷᠠᠯ ᠠᠴᠠ ᠴᠢᠬᠤᠯᠠᠴᠢᠯᠠᠭᠰᠠᠨ ᠨᠢ᠂ | ᠨᠠᠮ ᠤᠨ ᠠᠷᠪᠠᠨ ᠨᠠᠢᠮᠠᠳᠣᠭᠠᠷ ᠬᠤᠭᠤᠴᠠᠭᠠᠨ ᠤ ᠲᠦᠪ ᠬᠤᠷᠢᠶᠠᠨ ᠤ ᠳᠠᠪᠣᠳᠣᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠣ᠂ ︽13· 5︾ ᠶᠢᠨ ᠲᠦᠯᠦᠪᠵᠢᠭᠦᠯᠭᠡ ᠶᠢᠨ ᠬᠤᠭᠤᠴᠠᠭᠠᠨ ᠳᠠᠬᠢ | ᠮᠠᠨ ᠤ ᠣᠷᠣᠨ ᠤ ᠬᠦᠭᠵᠢᠯᠳᠡ ᠶᠢᠨ ᠴᠢᠬᠤᠯᠠ ᠠᠰᠠᠭᠤᠳᠠᠯ ᠤᠨ ᠳᠣᠬᠠᠢ ᠰᠣᠳᠣᠯᠭᠠᠨ ᠡᠵᠡᠮᠰᠢᠯ ᠢᠶᠠᠨ ᠴᠢᠨᠠᠭᠰᠢᠳᠠ | ᠭᠦᠨᠵᠡᠭᠡᠶᠢᠷᠡᠭᠦᠯᠵᠦ᠂ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠦᠯᠦᠪᠵᠢᠭᠦᠯᠭᠡ ᠶᠢᠨ | ᠰᠠᠨᠠᠭᠤᠯᠭ᠎ᠠ ᠶᠢ ᠳᠣᠣᠱᠯᠠᠭᠤᠯᠣᠨ ᠨᠠᠶᠢᠳᠠᠪᠣᠷᠢᠵᠢᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠣᠷ ᠠᠳᠬᠤᠵᠣ᠂ | ᠠᠵᠣ ᠠᠬᠤᠢ ᠨᠡᠶᠢᠭᠡᠮ ᠤᠨ ᠬᠦᠭᠵᠢᠯᠳᠡ ᠶᠢᠨ ᠠᠵᠢᠯ ᠢ ᠰᠠᠶᠢᠳᠣᠷ ᠬᠢᠬᠦ ᠰᠠᠨᠠᠭᠠᠴᠢᠯᠠᠭᠠᠳᠣ ᠡᠷᠬᠡ ᠶᠢ ᠪᠠᠳᠣ | ᠡᠵᠡᠮᠰᠢᠬᠦ ᠬᠡᠷᠡᠭᠳᠡᠢ᠃ ᠺᠠᠳ᠋ᠷ ᠤᠨ ᠡᠩᠨᠡᠭᠡ ᠶᠢᠨ ᠪᠠᠶᠢᠭᠤᠯᠣᠯᠳᠠ ᠶᠢ ᠴᠢᠨᠠᠭᠰᠢᠳᠠ ᠴᠢᠩᠭᠠᠳᠬᠠᠵᠣ᠂ ᠢᠳᠡᠪᠬᠢᠳᠡᠢ | ᠦᠭᠡᠳᠡᠷᠬᠡᠭ᠂ ᠠᠵᠢᠯ ᠬᠢᠵᠦ ᠦᠢᠯᠡᠰ ᠪᠣᠰᠬᠠᠬᠤ᠂ ᠴᠡᠪᠡᠷ ᠠᠷᠢᠭᠤᠨ ᠲᠦᠪ ᠴᠢᠭᠡᠴᠢ ᠰᠠᠶᠢᠨ ᠰᠠᠶᠢᠬᠠᠨ ᠣᠯᠣᠰ | ᠲᠦᠷᠦ ᠶᠢᠨ ᠠᠮᠢ ᠠᠬᠤᠢ ᠶᠢ ᠶᠡᠭᠡ ᠬᠦᠴᠦᠨ ᠢᠶᠠᠷ ᠡᠭᠦᠳᠴᠦ᠂ ᠦᠪᠡᠷᠳᠡᠭᠡᠨ ᠵᠠᠰᠠᠬᠤ ᠣᠷᠣᠨ ᠤ ᠡᠯ᠎ᠡ ᠵᠦᠢᠯ ᠤᠨ | ᠦᠢᠯᠡᠰ ᠤᠨ ᠬᠦᠭᠵᠢᠯᠳᠡ ᠳᠤ ᠡᠷᠡᠰ ᠴᠢᠩᠭ᠎ᠠ ᠣᠯᠣᠰ ᠲᠦᠷᠦ ᠶᠢᠨ ᠪᠠᠳᠣᠯᠠᠭ᠎ᠠ ᠬᠠᠩᠭᠠᠬᠤ ᠬᠡᠷᠡᠭᠳᠡᠢ᠃ | ᠬᠤᠷᠠᠯ ᠠᠴᠠ ᠣᠷᠢᠶᠠᠯᠠᠭᠰᠠᠨ ᠨᠢ᠂ ᠪᠦᠬᠦ ᠣᠷᠣᠨ ᠤ ᠡᠯ᠎ᠡ ᠱᠠᠳᠣᠨ ᠤ ᠨᠠᠮ ᠤᠨ ᠵᠣᠬᠢᠶᠠᠨ ᠪᠠᠶᠢᠭᠤᠯᠣᠯᠳᠠ | ᠪᠣᠯᠣᠨ ᠦᠷᠭᠡᠨ ᠣᠯᠠᠨ ᠨᠠᠮ ᠤᠨ ᠭᠡᠰᠢᠭᠦᠨ ᠣᠯᠠᠨ ᠲᠦᠮᠡᠨ ᠰᠢ ᠶᠢᠨ ᠫᠢᠩ ᠨᠦᠬᠦᠷ ᠢᠶᠠᠷ ᠶᠡᠷᠦᠩᠬᠡᠢ ᠱᠦᠵᠢ | ᠪᠣᠯᠭᠠᠭᠰᠠᠨ ᠨᠠᠮ ᠤᠨ ᠲᠦᠪ ᠬᠤᠷᠢᠶ᠎ᠠ ᠶᠢᠨ ᠳᠣᠭᠤᠷᠢᠨ ᠳᠤ ᠨᠡᠩ ᠨᠢᠭᠳᠠᠷᠠᠨ ᠪᠦᠯᠬᠦᠮᠳᠡᠵᠦ᠂ ᠬᠢᠯᠢ ᠣᠷᠣᠨ ᠢᠶᠠᠨ | ᠰᠠᠬᠢᠨ ᠬᠠᠮᠠᠭᠠᠯᠠᠵᠣ ᠬᠠᠷᠢᠯᠴᠠᠨ ᠬᠠᠪᠰᠣᠷᠣᠯᠴᠠᠵᠣ᠂ ᠵᠠᠮ ᠨᠡᠭᠡᠭᠡᠨ ᠣᠷᠣᠭᠰᠢᠯᠠᠵᠤ᠂ ᠴᠢᠨᠡᠭᠡᠯᠢᠭ ᠨᠡᠶᠢᠭᠡᠮ ᠢ ᠪᠦᠬᠦ | ᠳᠠᠯ᠎ᠠ ᠪᠠᠷ ᠪᠡᠶᠡᠯᠡᠭᠦᠯᠬᠦ ᠰᠢᠢᠳᠪᠦᠷᠢᠳᠤ ᠱᠠᠳᠣᠨ ᠳᠠᠬᠢ ᠠᠭᠤᠣ ᠶᠡᠭᠡ ᠢᠯᠠᠯᠳᠠ ᠶᠢ ᠳᠡᠮᠡᠴᠡᠨ ᠣᠯᠬᠤ᠂ ᠡᠬᠡ | ᠣᠯᠣᠰ ᠤᠨ ᠣᠮᠠᠷᠠᠳᠣ ᠶᠢᠨ ᠦᠵᠡᠮᠵᠢ ᠶᠢᠨ ᠣᠷᠣᠨ ᠢ ᠨᠡᠩ ᠦᠵᠡᠰᠭᠦᠯᠡᠩᠳᠦ ᠰᠠᠶᠢᠬᠠᠨ ᠪᠣᠯᠭᠠᠨ ᠪᠦᠳᠦᠭᠡᠨ | ᠪᠠᠶᠢᠭᠤᠯᠬᠤ ᠶᠢᠨ ᠲᠦᠯᠦᠭᠡ ᠴᠦᠬᠦᠷᠡᠯ ᠦᠭᠡᠢ ᠳᠡᠮᠡᠴᠡᠵᠡᠭᠡᠶᠡ︕ | | |