︽12·5︾ ᠶᠢᠨ ᠬᠤᠭᠤᠴᠠᠭᠠᠨ ᠳᠤ ᠥᠪᠥᠷ ᠮᠣᠩᠭᠤᠯ ᠤᠨ ᠮᠠᠯ ᠠᠵᠤ ᠠᠬᠤᠢ ᠶᠢᠨ ᠬᠥᠭᠵᠢᠯᠲᠡ | ᠲᠣᠪᠣᠶᠢᠮ᠎ᠠ ᠠᠮᠵᠢᠯᠲᠠ ᠣᠯᠪᠠ | 2011 — 2015 ᠣᠨ ᠳᠤ᠂ ᠮᠠᠨ ᠤ ᠣᠷᠣᠨ ᠤ ᠮᠠᠯ ᠠᠵᠤ ᠠᠬᠤᠢ ᠶᠢᠨ ᠡᠯ᠎ᠡ ᠲᠥᠷᠥᠯ ᠤᠨ | ᠪᠦᠲᠦᠭᠡᠨ ᠪᠠᠶᠢᠭᠤᠯᠤᠯᠲᠠ ᠲᠣᠪᠣᠶᠢᠮ᠎ᠠ ᠠᠮᠵᠢᠯᠲᠠ ᠣᠯᠪᠠ᠂ ᠠᠵᠤ ᠦᠢᠯᠡᠰ ᠤᠨ ᠪᠦᠬᠦᠯᠢ ᠴᠣᠭᠴᠠ ᠶᠢᠨ | ᠬᠦᠴᠦᠨ ᠢᠶᠠᠨ ᠦᠷᠭᠦᠯᠵᠢᠯᠡᠨ ᠪᠤᠵᠠᠭᠠᠶᠢᠷᠠᠭᠤᠯᠵᠤ᠂ ᠦᠢᠯᠡᠳᠪᠦᠷᠢᠯᠡᠯ ᠤᠨ ᠠᠷᠭ᠎ᠠ ᠬᠡᠯᠪᠡᠷᠢ ᠪᠠᠨ ᠲᠦᠷᠭᠡᠨ | ᠬᠤᠪᠢᠷᠠᠭᠤᠯᠵᠤ᠂ ᠪᠦᠲᠦᠴᠡ ᠶᠢᠨ ᠪᠠᠶᠢᠷᠢᠯᠠᠭᠤᠯᠤᠯᠲᠠ ᠪᠠᠨ ᠲᠠᠰᠤᠷᠠᠯᠲᠠ ᠦᠭᠡᠢ ᠰᠢᠯᠢᠳᠡᠭᠵᠢᠭᠦᠯᠵᠦ᠂ | ᠬᠥᠭᠵᠢᠯᠲᠡ ᠶᠢᠨ ᠰᠠᠭᠤᠷᠢ ᠪᠠᠨ ᠦᠷᠭᠦᠯᠵᠢᠯᠡᠨ ᠪᠠᠲᠤᠳᠬᠠᠬᠤ ᠪᠠᠷ ᠭᠤᠣᠯ ᠣᠨᠴᠠᠯᠢᠭ ᠪᠣᠯᠭᠠᠵᠤ᠂ ᠰᠦ᠂ ᠮᠢᠬ᠎ᠠ᠂ | ᠨᠣᠣᠯᠣᠭᠤᠷ ᠵᠡᠷᠭᠡ ᠤᠯᠠᠮᠵᠢᠯᠠᠯᠲᠤ ᠠᠵᠤ ᠦᠢᠯᠡᠰ ᠲᠡᠦᠬᠡᠴᠢ ᠴᠢᠨᠠᠷᠲᠠᠢ ᠰᠢᠨ᠎ᠡ ᠳᠠᠪᠠᠯᠲᠠ ᠶᠢ ᠪᠡᠶᠡᠯᠡᠭᠦᠯᠪᠡ᠃ | 1᠂ ᠠᠵᠤ ᠦᠢᠯᠡᠰ ᠤᠨ ᠰᠠᠭᠤᠷᠢ ᠶᠢ ᠶᠡᠬᠡᠳᠬᠡᠨ ᠴᠢᠩᠭᠠᠳᠬᠠᠬᠤ ᠰᠢᠨ᠎ᠡ ᠰᠢᠪᠲᠤᠯᠤᠯᠲᠠ ᠶᠢ ᠪᠡᠶᠡᠯᠡᠭᠦᠯᠪᠡ᠃ | 2015 ᠣᠨ ᠪᠣᠯ ᠮᠠᠯ ᠠᠵᠤ ᠠᠬᠤᠢ ᠶᠢᠨ ᠣᠨ ᠪᠣᠯᠣᠨ᠎ᠠ᠂ ᠪᠦᠬᠦ ᠣᠷᠣᠨ ᠤ ᠮᠠᠯ ᠤᠨ ᠲᠤᠭ᠎ᠠ ᠲᠣᠯᠣᠭᠠᠢ 1.36 | ᠳ᠋ᠦᠩᠰᠢᠭᠤᠷ ᠲᠤ ᠬᠦᠷᠴᠦ᠂ 5 ᠵᠢᠯ ᠳᠠᠷᠠᠭᠠᠯᠠᠨ 1 ᠳ᠋ᠦᠩᠰᠢᠭᠤᠷ ᠲᠤᠭ᠎ᠠ ᠲᠣᠯᠣᠭᠠᠢ ᠠᠴᠠ ᠳᠡᠭᠡᠭᠰᠢ | ᠲᠣᠭᠲᠠᠭᠤᠨ ᠢᠶᠠᠷ ᠥᠰᠴᠦ᠂ ︽ᠠᠷᠪᠠᠨ ᠨᠢᠭᠡᠳᠦᠭᠡᠷ ᠲᠠᠪᠣᠨ ᠵᠢᠯ︾ ᠤᠨ ᠰᠡᠭᠦᠯᠴᠢ ᠠᠴᠠ 2787 ᠲᠦᠮᠡᠨ | ᠲᠤᠭ᠎ᠠ ᠲᠣᠯᠣᠭᠠᠢ ᠨᠡᠮᠡᠭᠳᠡᠵᠦ᠂ 25.8 % ᠪᠠᠷ ᠨᠡᠮᠡᠭᠳᠡᠵᠦ᠂ ᠵᠢᠯ ᠤᠨ ᠳᠤᠮᠳᠠᠴᠢ ᠨᠡᠮᠡᠭᠳᠡᠯ ᠨᠢ 4.7% ᠳᠤ | ᠬᠦᠷᠴᠦ᠂ ᠪᠣᠭ ᠮᠠᠯ ᠬᠤᠶᠠᠷ ᠵᠢᠯ ᠳᠠᠷᠠᠭᠠᠯᠠᠨ 1 ᠳ᠋ᠦᠩᠰᠢᠭᠤᠷ ᠢ ᠰᠢᠪᠲᠤᠯᠪᠠ᠃ | 2᠂ ᠳᠠᠪᠠᠭᠤᠯᠢᠭ ᠮᠠᠯ ᠤᠨ ᠠᠰᠢᠭ ᠰᠢᠮ᠎ᠡ ᠶᠢᠨ ᠭᠠᠷᠭᠠᠯᠲᠠ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠪᠡ᠃ | ᠦᠨᠢᠶᠡᠨ ᠰᠦ᠂ ᠬᠤᠨᠢᠨ ᠮᠢᠬ᠎ᠠ᠂ ᠨᠣᠣᠯᠣᠭᠤᠷ ᠤᠨ ᠦᠢᠯᠡᠳᠪᠦᠷᠢᠯᠡᠯ ᠤᠨ ᠬᠡᠮᠵᠢᠶ᠎ᠡ ᠬᠡᠳᠦᠨ ᠵᠢᠯ ᠤᠨ ᠲᠤᠷᠰᠢ ᠪᠦᠬᠦ | ᠤᠯᠤᠰ ᠤᠨ ᠲᠡᠷᠢᠭᠦᠨ ᠪᠠᠶᠢᠷᠢᠨ ᠳᠤ ᠪᠠᠶᠢᠬᠤ ᠶᠢ ᠪᠠᠷᠢᠮᠲᠠᠯᠠᠪᠠ᠃ ᠵᠢᠱᠢᠭᠰᠡᠨ ᠢᠶᠠᠷ 2015 ᠣᠨ ᠤ ᠪᠦᠬᠦ | ᠣᠷᠣᠨ ᠤ ᠮᠢᠬᠠᠨ ᠤ ᠲᠥᠷᠥᠯ᠂ ᠵᠢᠭᠦᠷᠲᠡᠨ ᠤ ᠥᠨᠳᠡᠭᠡ᠂ ᠬᠤᠨᠢᠨ ᠨᠣᠣᠰᠣ᠂ ᠢᠮᠠᠭᠠᠨ ᠨᠣᠣᠯᠣᠭᠤᠷ ᠤᠨ | ᠦᠢᠯᠡᠳᠪᠦᠷᠢᠯᠡᠯ ᠤᠨ ᠬᠡᠮᠵᠢᠶ᠎ᠡ ᠲᠣᠰ ᠲᠣᠰ 270 ᠲᠦᠮᠡᠨ ᠲᠤᠨ᠂ 54.6 ᠲᠦᠮᠡᠨ ᠲᠤᠨ᠂13.5 ᠲᠦᠮᠡᠨ | ᠲᠣᠨ ᠪᠠ 8324.7 ᠲᠦᠮᠡᠨ ᠲᠣᠨ ᠪᠠᠶᠢᠵᠤ᠂ ︽ᠠᠷᠪᠠᠨ ᠨᠢᠭᠡᠳᠦᠭᠡᠷ ᠲᠠᠪᠣᠨ ᠵᠢᠯ︾ ᠤᠨ ᠰᠡᠭᠦᠯᠴᠢ ᠠᠴᠠ 24. | 5 ᠲᠦᠮᠡᠨ ᠲᠣᠨ᠂ 4.2 ᠲᠦᠮᠡᠨ ᠲᠣᠨ᠂ 1.5 ᠲᠦᠮᠡᠨ ᠲᠣᠨ᠂ 220.7 ᠲᠦᠮᠡᠨ ᠲᠣᠨ ᠨᠡᠮᠡᠭᠳᠡᠵᠦ᠂ | ᠨᠡᠮᠡᠭᠳᠡᠴᠡ ᠨᠢ 10 %᠂ 8.3 %᠂ 12.5% ᠪᠠ 2.7% ᠪᠣᠯᠣᠨ᠎ᠠ᠃ | 3᠂ ᠮᠠᠯ ᠤᠨ ᠰᠠᠶᠢᠨ ᠡᠭᠦᠯᠳᠡᠷ ᠤᠨ ᠬᠠᠩᠭᠠᠯᠭ᠎ᠠ ᠶᠢᠨ ᠪᠠᠲᠤᠯᠠᠭ᠎ᠠ ᠶᠢᠨ ᠴᠢᠳᠠᠪᠤᠷᠢ ᠢᠯᠡᠷᠬᠡᠢ ᠴᠢᠩᠭᠠᠷᠠᠪᠠ᠃ | 2015 ᠣᠨ ᠪᠣᠯᠲᠠᠯ᠎ᠠ ᠪᠦᠬᠦ ᠣᠷᠣᠨ ᠤ ᠡᠭᠦᠯᠳᠡᠷ ᠮᠠᠯ ᠤᠨ ᠲᠠᠯᠠᠪᠠᠢ 362 ᠲᠤ ᠬᠦᠷᠴᠦ᠂ ᠵᠢᠯ ᠤᠨ 15 | ᠲᠦᠮᠡᠨ ᠬᠤᠴᠠ ᠤᠬᠤᠨ᠎ᠠ ᠶᠢ ᠬᠠᠩᠭᠠᠬᠤ ᠦᠢᠯᠡᠳᠪᠦᠷᠢᠯᠡᠯ ᠤᠨ ᠴᠢᠳᠠᠪᠤᠷᠢ ᠲᠠᠢ ᠪᠣᠯᠪᠠ︔ ᠣᠷᠣᠨ ᠤ | ᠳᠣᠲᠣᠭᠠᠳᠤ ᠶᠢᠨ ᠴᠡᠪᠡᠷ ᠡᠭᠦᠯᠳᠡᠷ ᠢ ᠪᠣᠶᠢᠵᠢᠭᠤᠯᠬᠤ ᠪᠠᠷ ᠳᠠᠮᠵᠢᠨ᠂ ᠣᠷᠤᠭᠤᠯᠵᠤ ᠢᠷᠡᠭᠰᠡᠨ ᠡᠭᠦᠯᠳᠡᠷ ᠮᠠᠯ ᠤᠨ | ᠬᠡᠭᠡᠯᠲᠦᠯᠦᠭᠡ ᠶᠢᠨ ᠮᠠᠯ 5 ᠲᠦᠮᠡᠨ ᠲᠣᠯᠤᠭᠠᠢ ᠳᠤ ᠬᠦᠷᠴᠦ᠂ ᠣᠷᠣᠨ ᠤ ᠳᠣᠲᠣᠭᠠᠳᠤ ᠶᠢᠨ ᠬᠡᠷᠡᠭᠴᠡᠭᠡ ᠶᠢ | ᠦᠨᠳᠦᠰᠦᠨ ᠳᠤᠨᠢ ᠬᠠᠩᠭᠠᠪᠠ᠃ ᠪᠤᠬ᠎ᠠ ᠶᠢᠨ ᠥᠷᠲᠡᠭᠡ 5 ᠪᠣᠯᠵᠤ ᠬᠥᠭᠵᠢᠨ᠂ ᠵᠢᠯ ᠤᠨ ᠴᠢᠨᠠᠷᠵᠢᠭᠤᠨ ᠬᠥᠯᠳᠡᠭᠦᠦ | ᠦᠷ᠎ᠡ ᠶᠢᠨ ᠦᠢᠯᠡᠳᠪᠦᠷᠢᠯᠡᠯ ᠤᠨ ᠴᠢᠳᠠᠪᠤᠷᠢ 1000 ᠲᠦᠮᠡᠨ ᠲᠠᠷᠢᠯᠭ᠎ᠠ ᠳᠤ ᠬᠦᠷᠴᠡᠢ᠃ | 4᠂ ᠪᠠᠷᠢᠮᠵᠢᠶᠠᠨ ᠬᠡᠪᠴᠢᠶᠡᠵᠢᠭᠰᠡᠨ ᠲᠡᠵᠢᠭᠡᠪᠦᠷᠢ ᠶᠢᠨ ᠬᠢᠷᠢ ᠲᠦᠪᠰᠢᠨ ᠢᠯᠡᠷᠬᠡᠢ ᠳᠡᠭᠡᠭᠰᠢᠯᠡᠪᠡ᠃ | ᠮᠠᠯᠵᠢᠬᠤ ᠣᠷᠣᠨ ᠤ ᠡᠪᠦᠯᠵᠢᠬᠦ ᠮᠠᠯ ᠰᠦᠷᠦᠭ ᠤᠨ ᠬᠤᠨᠢ ᠪᠦᠷᠢ ᠶᠢᠨ ᠳᠤᠯᠠᠭᠠᠨ ᠰᠠᠷᠠᠪᠴᠢ ᠶᠢᠨ ᠲᠠᠯᠠᠪᠠᠢ ᠨᠢ 1.1 | ᠲᠡᠭᠰᠢ ᠳᠥᠷᠪᠡᠯᠵᠢᠨ ᠮᠧᠲᠷ ᠲᠤ ᠬᠦᠷᠴᠦ᠂ ᠲᠥᠯ ᠮᠠᠯ ᠤᠨ ᠣᠨᠳᠣᠷᠣᠯᠲᠠ ᠶᠢᠨ ᠨᠤᠷᠮ᠎ᠠ ᠨᠢ 98 % ᠶᠢ ᠳᠠᠪᠠᠵᠠᠢ | ᠃ ᠵᠢᠱᠢᠭᠰᠡᠨ ᠢᠶᠠᠷ 2015 ᠣᠨ ᠤ ᠰᠡᠭᠦᠯᠴᠢ ᠪᠣᠯᠲᠠᠯ᠎ᠠ᠂ ᠪᠦᠬᠦ ᠣᠷᠣᠨ ᠤ ᠢᠳᠡᠰᠢᠨ ᠬᠤᠨᠢᠨ ᠤ ᠵᠢᠯ ᠤᠨ | ᠭᠠᠷᠭᠠᠯᠲᠠ ᠶᠢᠨ ᠲᠤᠭ᠎ᠠ ᠨᠢ100 ᠲᠣᠯᠣᠭᠠᠢ ᠠᠴᠠ ᠳᠡᠭᠡᠭᠰᠢᠬᠢ ᠬᠡᠪᠴᠢᠶᠡᠵᠢᠭᠰᠡᠨ ᠲᠡᠵᠢᠭᠡᠪᠦᠷᠢ ᠶᠢᠨ ᠬᠢᠷᠢ | ᠲᠦᠪᠰᠢᠨ 67.9% ᠳᠤ ᠬᠦᠷᠴᠦ᠂ ᠰᠦᠨ ᠤ ᠦᠨᠢᠶ᠎ᠡ ᠶᠢᠨ 100 ᠲᠣᠯᠣᠭᠠᠢ ᠠᠴᠠ ᠳᠡᠭᠡᠭᠰᠢᠬᠢ | ᠬᠡᠪᠴᠢᠶᠡᠵᠢᠭᠰᠡᠨ ᠲᠡᠵᠢᠭᠡᠪᠦᠷᠢ ᠶᠢᠨ ᠬᠢᠷᠢ ᠲᠦᠪᠰᠢᠨ 80.5 % ᠳᠤ ᠬᠦᠷᠦᠨ᠎ᠡ᠃ | 5᠂ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ | ᠠᠯᠬᠤᠴᠠ ᠲᠠᠰᠤᠷᠠᠯᠲᠠ ᠦᠭᠡᠢ ᠲᠦᠷᠭᠡᠰᠪᠠ᠃ ᠳᠠᠪᠠᠭᠤᠯᠢᠭ ᠰᠠᠭᠤᠷᠢᠨ ᠭᠠᠵᠠᠷ ᠤᠨ ᠦᠢᠯᠡᠳᠪᠦᠷᠢᠯᠡᠭᠰᠡᠨ ᠦᠨᠢᠶᠡᠨ | ᠰᠦ᠂ ᠦᠬᠡᠷ ᠤᠨ ᠮᠢᠬ᠎ᠠ᠂ ᠬᠤᠨᠢᠨ ᠮᠢᠬ᠎ᠠ ᠨᠢ ᠨᠢᠭᠡᠨᠲᠡ ᠪᠦᠬᠦ ᠣᠷᠣᠨ ᠤ ᠶᠡᠷᠦᠩᠬᠡᠢ ᠦᠢᠯᠡᠳᠪᠦᠷᠢᠯᠡᠯ ᠤᠨ 89% | ᠂ 72% ᠪᠠ 83% ᠶᠢ ᠡᠵᠡᠯᠡᠵᠡᠢ᠃ ᠪᠤᠬᠢᠷᠳᠤᠯ ᠦᠭᠡᠢ ᠪᠠᠷ ᠮᠡᠳᠡᠷᠡᠭᠰᠡᠨ ᠮᠠᠯ ᠤᠨ ᠠᠰᠢᠭ ᠰᠢᠮ᠎ᠡ ᠶᠢᠨ | ᠦᠢᠯᠡᠳᠪᠦᠷᠢᠯᠡᠯ ᠤᠨ ᠭᠠᠵᠠᠷ 111 ᠰᠠᠭᠤᠷᠢ ᠳᠤ ᠬᠦᠷᠴᠦ᠂ ᠮᠠᠯ ᠤᠨ ᠶᠡᠷᠦᠩᠬᠡᠢ ᠬᠡᠮᠵᠢᠶ᠎ᠡ 2200 ᠲᠦᠮᠡᠨ | ᠲᠤᠭ᠎ᠠ ᠲᠣᠯᠣᠭᠠᠢ ᠪᠣᠯᠵᠤ᠂ ᠡᠭᠦᠨ ᠳᠤ ᠢᠳᠡᠰᠢᠨ ᠬᠤᠨᠢ ᠨᠢ 85% ᠠᠴᠠ ᠳᠡᠭᠡᠭᠰᠢᠬᠢ ᠡᠵᠡᠯᠡᠨ᠎ᠡ᠃ ᠪᠦᠷᠢᠨ | ᠪᠤᠰᠤ ᠪᠦᠷᠢᠳᠬᠡᠯ ᠢ ᠦᠨᠳᠦᠰᠦᠯᠡᠪᠡᠯ᠂ ᠣᠷᠣᠨ ᠤ ᠳᠣᠲᠣᠭᠠᠳᠤ ᠶᠢᠨ ᠦᠢᠯᠡᠳᠪᠦᠷᠢᠯᠡᠭᠰᠡᠨ ᠰᠦᠨ ᠤ 85% ᠠᠴᠠ | ᠳᠡᠭᠡᠭᠰᠢᠬᠢ ᠶᠢ ᠨᠢ ᠪᠦᠬᠦ ᠤᠯᠤᠰ ᠤᠨ ᠡᠯ᠎ᠡ ᠭᠠᠵᠠᠷ ᠲᠤ ᠪᠣᠷᠣᠯᠠᠭᠤᠯᠵᠤ᠂ ᠪᠡᠭᠡᠵᠢᠩ ᠲᠢᠶᠠᠨᠵᠢᠨ ᠤ ᠴᠢᠨᠠᠷ ᠰᠠᠶᠢᠲᠠᠢ | ᠬᠤᠨᠢ ᠦᠬᠡᠷ ᠤᠨ ᠮᠢᠬ᠎ᠠ ᠶᠢᠨ ᠪᠦᠲᠦᠭᠡᠭᠳᠡᠬᠦᠨ ᠤ 54 % ᠨᠢ ᠥᠪᠥᠷ ᠮᠣᠩᠭᠤᠯ ᠠᠴᠠ ᠢᠷᠡᠵᠦ ᠪᠤᠢ᠃ |