ᠮᠠᠨ ᠤ ᠣᠷᠣᠨ ᠤ ᠤᠯᠤᠰ ᠤᠨ ᠤᠮᠠᠷᠠᠰᠢ ᠨᠡᠭᠡᠭᠡᠯᠳᠡ ᠬᠢᠬᠦ ᠬᠥᠭᠦᠷᠭᠡᠨ ᠪᠠᠬᠢᠯᠡᠯᠲᠡ ᠪᠣᠯᠤᠨ ᠬᠢᠯᠢ ᠳᠠᠭᠠᠤ ᠠᠵᠤ ᠠᠬᠤᠶ ᠶᠢᠨ ᠪᠦᠰᠡ ᠶᠢᠨ ᠪᠦᠲᠦᠭᠡᠨ ᠪᠠᠶᠢᠭᠤᠯᠬᠤ ᠲᠥᠯᠥᠪᠵᠢᠭᠦᠯᠭᠡ ︽  ᠨᠡᠪᠲᠡᠷᠡᠬᠦ ᠦᠨᠡᠮᠯᠡᠯ︾ ᠤᠯᠪᠠ
ᠨᠡᠶᠢᠲᠡᠯᠡᠭᠰᠡᠨ ᠴᠠᠭ᠄
2015/11/23
     ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠠᠴᠠ ᠣᠶᠢᠯᠠᠭᠠᠭᠰᠠᠨ ᠢᠶᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ  ᠤᠯᠤᠰ ᠤᠨ ᠤᠮᠠᠷᠠᠰᠢ ᠨᠡᠭᠡᠭᠡᠯᠳᠡ ᠬᠢᠬᠦ ᠬᠥᠭᠦᠷᠭᠡᠨ ᠪᠠᠬᠢᠯᠡᠯᠲᠡ ᠪᠣᠯᠤᠨ ᠬᠢᠯᠢ ᠳᠠᠭᠠᠤ ᠠᠵᠤ ᠠᠬᠤᠶ ᠶᠢᠨ ᠪᠦᠰᠡ ᠶᠢᠨ ᠪᠦᠲᠦᠭᠡᠨ ᠪᠠᠶᠢᠭᠤᠯᠬᠤ ᠲᠥᠯᠥᠪᠵᠢᠭᠦᠯᠭᠡ︾ ︵ᠳᠣᠷᠣᠭᠰᠢ ︽ᠲᠥᠯᠥᠪᠵᠢᠭᠦᠯᠭᠡ︾ ᠭᠡᠵᠦ ᠲᠣᠪᠴᠢᠯᠠᠨ᠎ᠠ︶ ᠣᠷᠴᠢᠮᠬᠠᠨ ᠤᠯᠤᠰ ᠤᠨ ᠥᠭᠡᠷᠡᠴᠢᠯᠡᠯᠲᠡ ᠬᠥᠭᠵᠢᠭᠦᠯᠦᠯᠲᠡ ᠶᠢᠨ ᠵᠦᠪᠯᠡᠯ ᠤᠨ ᠴᠤᠬᠤᠯᠠᠪᠤᠷᠢ ᠶᠢ ᠤᠯᠪᠠ᠃      ᠴᠣᠬᠤᠯᠠᠪᠤᠷᠢ ᠳᠤ ᠮᠠᠨ ᠤ ᠣᠷᠣᠨ ᠤᠷᠤᠰ ᠮᠣᠩᠭᠤᠯ ᠲᠠᠢ ᠬᠤᠯᠪᠣᠨ ᠨᠠᠪᠲᠡᠷᠡᠵᠦ ᠪᠠᠶᠢᠭ᠎ᠠ ᠣᠷᠣᠨ ᠪᠠᠶᠢᠷᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠨᠭ᠍ᠬᠢᠯ ᠤᠨ ᠪᠦᠲᠦᠭᠡᠨ ᠪᠠᠶᠢᠭᠤᠯᠤᠯᠲᠠ ᠳᠤ ᠤᠷᠤᠯᠴᠠᠬᠤ ᠳᠤᠮᠳᠠ ᠴᠢᠬᠤᠯᠠ ᠦᠢᠯᠡᠳᠦᠯ ᠢ ᠪᠠᠳᠠᠷᠠᠭᠤᠯᠵᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠴᠣᠩᠬᠤ ᠶᠢ ᠴᠤᠭᠴᠠᠯᠠᠬᠤ ᠬᠡᠷᠡᠭᠲᠡᠢ︔ ᠶᠡᠷᠦᠩᠬᠡᠶ ᠱᠦᠵᠢ ᠰᠢ ᠶᠢᠨ ᠫᠢᠩ ᠮᠠᠨ ᠤ ᠣᠷᠣᠨ ᠢ ᠰᠢᠨᠵᠢᠯᠡᠨ ᠪᠠᠶᠢᠴᠠᠭᠠᠬᠤ ᠦᠶ᠎ᠡ ᠳᠤ ᠦᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠤᠰᠤᠭᠠᠷ᠂ ᠨᠡᠭᠡᠭᠡᠯᠳᠡ ᠶᠢ ᠥᠷᠭᠡᠳᠬᠡᠬᠦ ᠪᠠᠷ ᠲᠠᠮᠵᠢᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ᠂ ᠪᠣᠭᠤᠮᠲᠠ ᠶᠢᠨ ᠠᠵᠤ ᠠᠬᠤᠶ ᠶᠢ ᠬᠦᠭᠵᠢᠭᠦᠯᠵᠦ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠷᠣᠰ᠂ ᠮᠣᠩᠭᠤᠯ ᠤᠯᠤᠰ ᠯᠤᠭ᠎ᠠ ᠬᠠᠮᠢᠶ᠎ᠠ ᠪᠦᠬᠦᠢ ᠲᠠᠯ᠎ᠠ ᠪᠠᠷ ᠬᠠᠮᠲᠤᠷᠠᠨ ᠠᠵᠢᠯᠯᠠᠬᠤ ᠲᠣᠭᠲᠠᠴᠠ ᠶᠢ ᠲᠡᠭᠦᠯᠳᠡᠷᠵᠢᠭᠦᠯᠵᠦ  ᠂ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠦᠪᠦᠷ ᠮᠤᠩᠭᠤᠯ ᠶᠢᠨ ᠮᠠᠨ ᠤ ᠤᠯᠤᠰ ᠤᠨ ᠤᠮᠠᠷᠠᠰᠢ ᠨᠡᠭᠡᠭᠡᠬᠦ ᠴᠢᠬᠤᠯᠠ ᠬᠥᠭᠦᠷᠭᠡᠨ ᠪᠠᠬᠢᠯᠡᠯᠲᠡ ᠪᠤᠯᠭᠠᠨ ᠪᠦᠲᠦᠭᠡᠨ ᠪᠠᠶᠢᠭᠤᠯᠬᠤ ᠬᠡᠷᠡᠭᠲᠡᠢ︔ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠨᠭ᠍ᠬᠢᠯ ᠤᠨ ᠪᠦᠲᠦᠭᠡᠨ ᠪᠠᠶᠢᠭᠤᠯᠤᠯᠲᠠ ᠳᠤ ᠭᠦᠨᠵᠡᠭᠡᠶ ᠤᠷᠤᠯᠴᠠᠬᠤ ᠪᠠᠷ ᠠᠵᠠ ᠲᠣᠬᠢᠶᠠᠯ ᠪᠣᠯᠭᠠᠨ᠂ ᠬᠠᠷᠢᠴᠠᠭᠤᠯᠤᠯᠲᠤ ᠳᠠᠪᠠᠭᠤᠯᠢᠭ ᠲᠠᠯ᠎ᠠ ᠪᠠᠨ ᠪᠠᠳᠠᠷᠠᠭᠤᠯᠤᠨ᠂ ᠤᠷᠤᠨ ᠪᠠᠶᠢᠷᠢ ᠪᠠᠨ ᠤᠨᠤᠪᠴᠢᠲᠠᠢ ᠡᠷᠢᠨ ᠲᠤᠭᠲᠠᠭᠠᠵᠤ᠂ ᠤᠨᠴᠠᠯᠢᠭ ᠢᠶᠠᠨ ᠳᠤᠪᠤᠶᠢᠯᠭᠠᠨ ᠬᠦᠭᠵᠢᠭᠦᠯᠵᠦ᠂ ᠠᠵᠢᠯ ᠢᠶᠠᠨ ᠪᠦᠲᠦᠭᠡᠯᠴᠢ ᠴᠢᠨᠠᠷᠲᠠᠢ ᠥᠷᠨᠢᠭᠦᠯᠬᠦ ᠬᠡᠷᠡᠭᠲᠡᠶ ᠭᠡᠵᠦ ᠱᠠᠭᠠᠷᠳᠠᠭᠰᠠᠨ ᠪᠠᠶᠢᠨ᠎ᠠ᠃      ᠥᠪᠡᠷᠲᠡᠭᠡᠨ ᠵᠠᠰᠠᠭ ᠣᠷᠣᠨ ᠤ ︽8337︾ ᠬᠥᠭᠵᠢᠯᠲᠡ ᠶᠢᠨ ᠰᠡᠳᠬᠢᠴᠡ ᠶᠢ ᠭᠦᠨᠵᠡᠭᠡᠶ ᠲᠤᠤᠱᠯᠠᠭᠤᠯᠤᠨ  ᠨᠠᠶᠢᠳᠠᠪᠤᠷᠢᠵᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︽ᠲᠥᠯᠥᠪᠵᠢᠭᠦᠯᠭᠡ︾ ᠎ ᠶᠢ ᠲᠦᠷᠦᠭᠦᠯᠡᠨ ᠨᠠᠶᠢᠷᠠᠭᠤᠯᠤᠨ ᠵᠤᠬᠢᠶᠠᠭᠰᠠᠨ ᠤ ᠳᠠᠭᠠᠤ ᠤᠯᠤᠰ ᠤᠨ ︽ᠬᠢᠯᠢ ᠳᠠᠭᠠᠤ ᠭᠠᠵᠠᠷ ᠣᠷᠣᠨ ᠤ  ᠬᠦᠭᠵᠢᠭᠦᠯᠦᠯᠲᠡ ᠨᠡᠭᠡᠭᠡᠯᠳᠡ ᠶᠢᠨ ᠲᠥᠯᠥᠪᠵᠢᠭᠦᠯᠭᠡ ︵2015— 2020 ᠣᠨ︶︾᠎ ᠶᠢᠨ ᠵᠣᠷᠢᠭ ᠰᠠᠨᠠᠭ᠎ᠠ ᠶᠤᠰᠤᠭᠠᠷ ᠤᠯᠠᠮ ᠲᠡᠭᠦᠯᠳᠡᠷᠵᠢᠭᠦᠯᠵᠡᠢ᠃ ︽ᠲᠥᠯᠥᠪᠵᠢᠭᠦᠯᠭᠡ︾᠎ ᠳᠤ ᠲᠤᠷᠠᠳᠤᠭᠰᠠᠨ ᠴᠢᠬᠤᠯᠠ ᠶᠡᠭᠡ ᠲᠦᠷᠦ ᠶᠢᠨ ᠪᠤᠳᠤᠯᠭ᠎ᠠ᠂ ᠴᠢᠬᠤᠯᠠ ᠶᠡᠭᠡ ᠡᠭᠦᠷᠭᠡ᠂ ᠴᠢᠬᠤᠯᠠ ᠶᠡᠭᠡ ᠲᠥᠷᠥᠯ ᠵᠦᠢᠯ ᠵᠡᠷᠭᠡ ᠶᠢᠨ ᠲᠠᠯ᠎ᠠ ᠪᠠᠷ᠂ ᠤᠯᠤᠰ ᠢᠶᠠᠷ ᠬᠢᠨᠠᠨ ᠵᠥᠪᠰᠢᠶᠡᠷᠡᠬᠦ ᠴᠢᠬᠤᠯᠠᠲᠠᠶ ᠶᠢ ᠨᠢ᠂ ᠳᠡᠰ ᠳᠠᠷᠠᠭᠠᠯᠠᠯ ᠶᠤᠰᠤᠭᠠᠷ ᠤᠯᠤᠰ ᠲᠤ ᠮᠡᠳᠡᠭᠦᠯᠦᠨ ᠬᠢᠨᠠᠨ ᠵᠦᠪᠰᠢᠶᠡᠷᠡᠭᠦᠯᠦᠨ᠎ᠡ᠃ ︽ᠲᠥᠯᠥᠪᠵᠢᠭᠦᠯᠭᠡ︾᠎ ᠳᠤ ᠴᠤᠬᠤᠯᠠᠪᠤᠷᠢ ᠦᠭᠭᠦᠭᠰᠡᠨ ᠤ ᠰᠡᠭᠦᠯᠡᠷ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ︽ᠲᠥᠯᠥᠪᠵᠢᠭᠦᠯᠭᠡ︾᠎ ᠳᠤ ᠳᠤᠷᠠᠳᠤᠭᠰᠠᠨ ᠬᠠᠷᠠᠯᠲᠠ᠂ ᠡᠭᠦᠷᠭᠡ ᠪᠠ ᠱᠠᠭᠠᠷᠳᠠᠯᠭ᠎ᠠ ᠶᠤᠰᠤᠭᠠᠷ᠂ ᠪᠣᠳᠠᠲᠠᠶ ᠡᠭᠦᠷᠭᠡ ᠶᠢ ᠵᠠᠳᠠᠯᠤᠨ ᠰᠠᠯᠭᠠᠵᠤ᠂ ᠠᠵᠢᠯ ᠤᠨ ᠬᠠᠷᠢᠭᠤᠴᠠᠯᠭ᠎ᠠ  ᠶᠢ ᠨᠠᠶᠢᠳᠠᠪᠤᠷᠢᠵᠢᠭᠤᠯᠵᠤ᠂ ︽ᠲᠥᠯᠥᠪᠵᠢᠭᠦᠯᠭᠡ︾᠎ ᠶᠢ  ᠪᠣᠳᠠᠲᠤ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号