ᠥᠪᠥᠷ ᠮᠣᠩᠭᠤᠯ ᠵᠠᠮ ᠬᠠᠷᠢᠯᠴᠠᠭᠠᠨ ᠤ ᠠᠳᠡᠯ ᠤᠨ ᠨᠡᠶᠢᠭᠡᠮ ᠤᠨ ᠠᠪᠤᠷᠠᠨ ᠲᠤᠰᠠᠯᠠᠬᠤ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2015/11/23
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠡᠳ᠋ ᠤᠨ ᠵᠠᠰᠠᠭ ᠤᠨ ᠲᠢᠩᠬᠢᠮ᠂ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠡᠷᠡᠭᠦᠯ ᠬᠠᠮᠠᠭᠠᠯᠠᠯ ᠪᠠ ᠲᠥᠯᠥᠪᠯᠡᠭᠡᠲᠦ ᠦᠷᠡᠵᠢᠯ ᠤᠨ ᠠᠵᠢᠯ ᠤᠨ ᠵᠦᠪᠯᠡᠯ᠂ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠬᠢᠨᠠᠨ ᠪᠣᠳᠣᠬᠤ ᠲᠢᠩᠬᠢᠮ ᠳᠣᠯᠣᠭᠠᠨ ᠰᠠᠯᠠᠭ᠎ᠠ ᠮᠥᠴᠢᠷ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠠᠳᠡᠯ ᠤᠨ ᠨᠡᠶᠢᠭᠡᠮ ᠤᠨ ᠠᠪᠤᠷᠠᠨ ᠲᠤᠰᠠᠯᠠᠬᠤ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ᠰᠢᠨ᠎ᠡ ᠠᠷᠭ᠎ᠠ︾ ᠭᠡᠵᠦ ᠲᠣᠪᠴᠢᠯᠠᠨ᠎ᠠ︶᠎ ᠢ ᠳᠠᠷᠤᠮᠠᠯᠯᠠᠨ ᠲᠠᠷᠬᠠᠭᠠᠵᠤ᠂ ᠵᠠᠮ ᠬᠠᠷᠢᠯᠴᠠᠭᠠᠨ ᠤ ᠠᠳᠡᠯ ᠤᠨ ᠬᠤᠬᠢᠷᠠᠯ ᠠᠮᠰᠠᠭᠴᠢ ᠶᠢᠨ ᠠᠪᠤᠷᠠᠨ ᠲᠤᠰᠠᠯᠠᠬᠤ ᠬᠦᠷᠢᠶ᠎ᠡ ᠬᠡᠪᠴᠢᠶ᠎ᠡ ᠶᠢ ᠲᠣᠳᠣᠷᠬᠠᠶ ᠥᠷᠭᠡᠳᠬᠡᠵᠦ᠂ ᠭᠤᠶᠤᠴᠢᠯᠠᠬᠤ  ᠴᠤᠪᠤᠷᠠᠯ ᠢ  ᠳᠦᠬᠦᠮᠴᠢᠯᠡᠭᠰᠡᠨ ᠪᠠᠶᠢᠨ᠎ᠠ᠃      ᠣᠶᠢᠯᠠᠭᠠᠭᠰᠠᠨ ᠢᠶᠠᠷ᠂ 2010 ᠣᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠠᠳᠡᠯ ᠤᠨ ᠨᠡᠶᠢᠭᠡᠮ ᠤᠨ ᠠᠪᠤᠷᠠᠨ ᠲᠤᠰᠠᠯᠠᠬᠤ ᠰᠠᠭᠤᠷᠢ ᠮᠥᠩᠭᠦ ᠶᠢᠨ ᠬᠠᠮᠢᠶᠠᠷᠤᠯᠲᠠ ᠬᠢᠭᠡᠳ ᠬᠡᠷᠡᠭᠯᠡᠬᠦ ᠠᠷᠭ᠎ᠠ ︵ᠲᠤᠷᠰᠢᠨ ᠬᠡᠷᠡᠭᠵᠢᠭᠦᠯᠬᠦ︶︾᠎ ᠶᠢ ᠬᠡᠷᠡᠭᠵᠢᠭᠦᠯᠦᠭᠰᠡᠨ ᠠᠴᠠ ᠨᠠᠰᠢ᠂ ᠠᠪᠤᠷᠠᠨ ᠲᠤᠰᠠᠯᠠᠬᠤ ᠬᠦᠷᠢᠶ᠎ᠡ ᠬᠡᠪᠴᠢᠶ᠎ᠡ ᠢᠪᠴᠤᠤ᠂ ᠠᠪᠤᠷᠠᠨ ᠲᠤᠰᠠᠯᠠᠯᠲᠠ ᠶᠢᠨ ᠭᠤᠶᠤᠴᠢᠯᠠᠯ ᠪᠤᠳᠤᠯᠢᠶᠠᠨᠲᠠᠶ᠂ ᠨᠡᠬᠡᠨ ᠲᠦᠯᠦᠭᠦᠯᠬᠦ ᠳᠡᠰ ᠳᠠᠷᠠᠭᠠᠯᠠᠯ ᠨᠢ ᠲᠣᠳᠣᠷᠬᠠᠶ ᠪᠤᠰᠤ ᠵᠡᠷᠭᠡ ᠠᠯᠢ ᠤᠯᠠᠨ ᠬᠦᠴᠦᠨ ᠵᠦᠢᠯ ᠤᠨ ᠬᠢᠵᠠᠭᠠᠷᠯᠠᠯ ᠳᠤ ᠬᠢᠵᠠᠭᠠᠷᠯᠠᠭᠳᠠᠵᠤ ᠠᠴᠠ ᠪᠤᠯᠵᠤ ᠡᠮᠴᠢᠯᠡᠭᠡᠨ ᠤ ᠵᠠᠷᠤᠳᠠᠯ ᠢ ᠦᠨᠡᠬᠡᠷ ᠡᠭᠦᠷᠭᠡᠯᠡᠵᠦ ᠳᠡᠶᠢᠯᠬᠦ ᠦᠭᠡᠶ ᠨᠢᠭᠡ ᠪᠦᠯᠦᠭ  ᠲᠤᠬᠠᠶ ᠶᠢᠨ ᠬᠦᠮᠦᠰ ᠤᠳ ᠠᠪᠤᠷᠠᠨ ᠲᠤᠰᠠᠯᠠᠯᠲᠠ ᠶᠢ ᠤᠯᠵᠤ ᠳᠡᠶᠢᠯᠦᠭᠰᠡᠨ ᠦᠭᠡᠢ ᠪᠠᠶᠢᠳᠠᠭ᠃ ︽ᠰᠢᠨ᠎ᠡ ᠠᠷᠭ᠎ᠠ︾᠎ ᠳᠤ ᠲᠤᠭᠲᠠᠭᠠᠭᠰᠠᠨ ᠢᠶᠠᠷ ᠪᠤᠯ᠂ ᠠᠪᠤᠷᠠᠨ ᠲᠤᠰᠠᠯᠠᠬᠤ ᠰᠠᠭᠤᠷᠢ ᠮᠥᠩᠭᠦ ᠠᠴᠠ ᠣᠷᠣᠯᠠᠨ ᠦᠭᠭᠦᠭᠰᠡᠨ ᠵᠠᠷᠤᠳᠠᠯ ᠢ ᠪᠤᠴᠠᠭᠠᠨ ᠦᠭᠬᠦ ᠶᠢ ᠲᠡᠪᠴᠢᠭᠰᠡᠨ ᠬᠡᠷᠡᠭ ᠢ ᠡᠯ᠎ᠡ ᠱᠠᠲᠤᠨ ᠤ ᠰᠢᠭᠦᠬᠦ ᠬᠤᠷᠢᠶ᠎ᠠ  ᠬᠦᠯᠢᠶᠡᠨ ᠠᠪᠴᠤ ᠰᠢᠢᠳᠪᠦᠷᠢᠯᠡᠬᠦ ᠶᠢ ᠬᠠᠷᠢᠭᠤᠴᠠᠬᠤ ᠶᠢᠨ ᠬᠠᠮᠲᠤ ᠬᠤᠯᠪᠣᠭᠳᠠᠯ ᠪᠦᠬᠦᠢ ᠬᠦᠴᠦᠨ ᠲᠠᠢ ᠬᠠᠤᠯᠢ ᠴᠠᠭᠠᠵᠠ ᠶᠢᠨ ᠪᠢᠴᠢᠭ ᠢᠶᠠᠷ ᠭᠦᠢᠴᠡᠳᠬᠡᠬᠦ ᠬᠡᠷᠡᠭᠲᠡᠢ︔ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠠᠪᠤᠷᠠᠨ ᠲᠤᠰᠠᠯᠠᠬᠤ ᠰᠠᠭᠤᠷᠢ ᠮᠥᠩᠭᠦ ᠶᠢᠨ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ᠂ ᠣᠷᠣᠯᠠᠨ ᠦᠭᠬᠦ᠂ ᠦᠭᠬᠦ᠂ ᠨᠡᠬᠡᠨ ᠲᠦᠯᠦᠭᠦᠯᠬᠦ᠂ ᠭᠤᠶᠤᠴᠢᠯᠠᠯ ᠢ ᠬᠢᠨᠠᠨ ᠬᠠᠰᠤᠬᠤ ᠵᠡᠷᠭᠡ ᠠᠵᠢᠯ ᠢ ᠬᠠᠷᠢᠭᠤᠴᠠᠬᠤ ᠬᠡᠷᠡᠭᠲᠡᠢ᠃      ︽ᠰᠢᠨ᠎ᠡ ᠠᠷᠭ᠎ᠠ︾᠎ ᠳᠤ ᠪᠠᠰᠠ ᠲᠤᠯᠤᠭᠠᠨ ᠰᠠᠯᠠᠭ᠎ᠠ ᠮᠥᠴᠢᠷ ᠤᠨ ᠠᠪᠤᠷᠠᠨ ᠲᠤᠰᠠᠯᠠᠬᠤ ᠰᠠᠭᠤᠷᠢ ᠮᠥᠩᠭᠦᠨ ᠤ ᠬᠠᠮᠢᠶᠠᠷᠤᠯᠲᠠ ᠶᠢᠨ ᠠᠵᠢᠯ ᠤᠨ ᠳᠤᠮᠳᠠᠬᠢ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠲᠤᠳᠤᠷᠬᠠᠶᠢᠯᠠᠵᠤ᠂ ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ ᠲᠣᠭᠲᠠᠭᠰᠠᠨ ᠬᠤᠭᠤᠴᠠᠭᠠᠨ ᠳᠣᠲᠣᠷ᠎ᠠ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠲᠦᠷᠭᠡᠨ ᠠᠪᠤᠷᠠᠬᠤ ᠵᠠᠷᠤᠳᠠᠯ ᠤᠨ ᠨᠠᠷᠢᠨ ᠳᠠᠩᠰᠠᠠ ᠦᠭᠬᠦ ᠶᠢ ᠬᠠᠷᠢᠭᠤᠴᠠᠵᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠪᠤᠷᠠᠨ ᠲᠤᠰᠠᠯᠠᠬᠤ ᠰᠠᠭᠤᠷᠢ ᠮᠥᠩᠭᠦ ᠶᠢ ᠴᠤᠭᠯᠠᠭᠤᠯᠬᠤ᠂ ᠰᠢᠯᠵᠢᠭᠦᠯᠵᠦ ᠦᠭᠬᠦ᠂ ᠬᠢᠨᠠᠨ ᠬᠠᠰᠤᠬᠤ᠂ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠵᠡᠷᠭᠡ ᠠᠵᠢᠯ ᠢ ᠬᠠᠷᠢᠭᠤᠴᠠᠬᠤ ᠬᠡᠷᠡᠭᠲᠡᠢ ᠭᠡᠵᠦ ᠲᠤᠭᠲᠠᠭᠠᠪᠠ᠃ ᠡᠭᠦᠨ ᠠᠴᠠ ᠡᠮᠦᠨ᠎ᠡ ᠲᠤᠷᠰᠢᠨ ᠬᠡᠷᠡᠭᠵᠢᠭᠦᠯᠬᠦ ᠠᠷᠭ᠎ᠠ ᠶᠢ ᠪᠠᠭᠤᠯᠭᠠᠭᠰᠠᠨ ᠨᠢᠭᠡᠴᠡ ᠲᠠᠢ ᠠᠳᠠᠯᠢᠳᠬᠠᠪᠠᠯ᠂ ᠡᠨᠡ ᠤᠳᠠᠭ᠎ᠠ ᠪᠠᠰᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠬᠢᠨᠠᠨ ᠪᠤᠳᠦᠬᠤ ᠲᠢᠩᠬᠢᠮ ᠢ ᠠᠯᠪᠠᠨ ᠪᠢᠴᠢᠭ ᠲᠠᠷᠬᠠᠭᠠᠭᠰᠠᠨ ᠨᠢᠭᠡᠴᠡ ᠳᠤ ᠤᠷᠤᠭᠤᠯᠵᠤ᠂ ᠬᠤᠶᠢᠰᠢᠳᠠ ᠠᠪᠤᠷᠠᠨ ᠲᠤᠰᠠᠯᠠᠬᠤ ᠰᠠᠭᠤᠷᠢ ᠮᠥᠩᠭᠦ ᠶᠢ ᠬᠠᠤᠯᠢ ᠶᠣᠰᠣᠭᠠᠷ ᠨᠡᠬᠡᠨ ᠲᠦᠯᠦᠭᠦᠯᠭᠦ ᠪᠠ ᠵᠢᠷᠤᠮᠵᠢᠭᠤᠯᠤᠨ ᠬᠡᠷᠡᠭᠵᠢᠭᠦᠯᠬᠦ ᠳᠤ ᠪᠠᠲᠤᠯᠠᠭ᠎ᠠ ᠬᠠᠩᠭᠠᠵᠤ ᠥᠭᠪᠡ᠃ ᠵᠠᠮ ᠬᠠᠷᠢᠯᠴᠠᠭᠠᠨ ᠤ ᠴᠠᠭᠳᠠᠭ᠎ᠠ ᠨᠠᠷ ᠤᠨ ᠨᠡᠬᠡᠵᠦ ᠲᠦᠯᠦᠭᠦᠯᠬᠦ ᠶᠢ ᠨᠢ ᠵᠤᠷᠢᠭᠵᠢᠭᠤᠯᠬᠤ ᠮᠦᠷᠲᠡᠭᠡᠨ ᠱᠠᠩᠨᠠᠨ ᠬᠥᠬᠢᠭᠦᠯᠬᠦ ᠪᠠᠶᠢᠳᠠᠯ ᠢ ᠲᠣᠭᠲᠠᠭᠠᠭᠰᠠᠨ ᠪᠠᠶᠢᠨ᠎ᠠ᠃ ᠵᠠᠯᠭᠠᠭᠠᠳ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠤᠪᠴᠢᠶ᠎ᠠ ᠱᠠᠭᠠᠷᠳᠠᠯᠭ᠎ᠠ ᠶᠣᠰᠣᠭᠠᠷ᠂ ᠠᠪᠤᠷᠠᠨ ᠲᠤᠰᠠᠯᠠᠬᠤ ᠰᠠᠭᠤᠷᠢ ᠮᠥᠩᠭᠦ ᠶᠢ ᠬᠡᠷᠡᠭᠵᠢᠭᠦᠯᠬᠦ ᠨᠠᠷᠢᠨ ᠳᠦᠷᠢᠮ ᠳᠤ ᠳᠠᠷᠤᠶᠢᠬᠠᠨ ᠵᠠᠰᠠᠪᠤᠷᠢ ᠤᠷᠤᠭᠤᠯᠬᠤ ᠪᠤᠯᠤᠨ᠎ᠠ  ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号