ᠥᠪᠥᠷ ᠮᠣᠩᠭᠤᠯ ᠡᠨᠡ ᠵᠢᠯ 33 ᠳ᠋ᠦᠩᠰᠢᠭᠤᠷ ᠭᠠᠷᠤᠢ ᠲᠥᠭᠦᠷᠢᠭ ᠪᠡᠯᠡ ᠮᠥᠩᠭᠦ ᠲᠣᠬᠢᠷᠠᠭᠤᠯᠵᠤ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠤᠯᠭᠠᠬᠤ ᠤᠷᠤᠭᠤᠯᠤᠯᠲᠠ ᠶᠢ ᠨᠡᠮᠡᠭᠳᠡᠭᠦᠯᠪᠡ
ᠨᠡᠶᠢᠲᠡᠯᠡᠭᠰᠡᠨ ᠴᠠᠭ᠄
2015/11/23
     ᠠᠵᠤ ᠠᠬᠤᠶ ᠶᠢᠨ ᠪᠦᠲᠦᠴᠡ ᠶᠢ ᠲᠣᠬᠢᠷᠠᠭᠤᠯᠬᠤ ᠡᠭᠦᠷᠭᠡ ᠬᠦᠨᠳᠦ᠂ ᠠᠵᠤ ᠠᠬᠤᠶ ᠶᠢᠨ ᠪᠠᠶᠢᠳᠠᠯ ᠬᠠᠲᠠᠭᠤ ᠪᠠᠶᠢᠬᠤ ᠠᠬᠤᠶ ᠪᠠᠶᠢᠳᠠᠯ ᠤᠨ ᠳᠣᠣᠷ᠎ᠠ᠂ ᠬᠠᠷᠠᠬᠠᠨ ᠬᠥᠭᠵᠢᠭᠡᠳᠦᠶ ᠪᠠᠶᠢᠬᠤ ᠣᠷᠣᠨ ᠤ ᠪᠣᠳᠠᠲᠤ ᠪᠠᠶᠢᠳᠠᠯ ᠳᠤ ᠴᠢᠭᠯᠡᠭᠦᠯᠦᠨ᠂ ᠥᠪᠥᠷ ᠮᠣᠩᠭᠤᠯ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠶᠢ ᠲᠠᠰᠤᠷᠠᠯᠲᠠ ᠦᠭᠡᠶ ᠴᠢᠩᠭᠠᠷᠠᠭᠤᠯᠬᠤ ᠶᠠᠪᠤᠳᠠᠯ ᠢᠶᠠᠷ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠳᠤ ᠢᠳᠡ ᠬᠦᠴᠦ ᠨᠡᠮᠡᠵᠦ ᠪᠠᠶᠢᠨ᠎ᠠ᠃      ᠨᠢᠭᠡ ᠳᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠡᠯᠡ ᠣᠷᠣᠭᠤᠯᠤᠯᠲᠠ ᠶᠢ ᠤᠯᠠᠮ ᠨᠢᠭᠡ ᠠᠯᠬᠤᠮ ᠨᠡᠮᠡᠭᠳᠡᠭᠦᠯᠵᠦ ᠮᠡᠷᠭᠡᠵᠢᠯ ᠤᠨ ᠰᠤᠳᠤᠯᠤᠨ ᠨᠡᠭᠡᠭᠡᠯᠲᠡ ᠶᠢ ᠲᠦᠯᠬᠢᠨ ᠠᠬᠢᠭᠤᠯᠪᠠ᠃ 2014 ᠣᠨ ᠳᠤ ᠥᠪᠥᠷ ᠮᠣᠩᠭᠤᠯ ᠤᠨ ᠪᠦᠬᠦ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠶᠢᠨ ᠪᠡᠯᠡ ᠮᠥᠩᠭᠦ 33 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.27% ᠨᠡᠮᠡᠭᠳᠡᠪᠡ︔ 2015 ᠣᠨ ᠳᠤ ᠥᠪᠥᠷ ᠮᠣᠩᠭᠤᠯ ᠰᠢᠨᠵᠢᠯᠡᠬᠦ ᠤᠬᠠᠭᠠᠨ ᠮᠡᠷᠭᠡᠵᠢᠯ ᠤᠨ ᠤᠷᠤᠭᠤᠯᠤᠯᠲᠠ ᠶᠢᠨ ᠪᠡᠯᠡ ᠮᠦᠩᠭᠦ ᠳᠤ 33.5 ᠳ᠋ᠦᠩᠰᠢᠭᠤᠷ ᠲᠥᠭᠦᠷᠢᠭ ᠲᠤᠬᠢᠷᠠᠭᠤᠯᠵᠤ᠂ ᠡᠭᠦᠨ ᠳᠤ ᠮᠡᠷᠭᠡᠵᠢᠯ ᠤᠨ ᠰᠤᠳᠤᠯᠭᠠᠨ ᠪᠠ ᠨᠡᠭᠡᠭᠡᠨ ᠬᠥᠭᠵᠢᠭᠦᠯᠬᠦ ᠣᠷᠣᠭᠤᠯᠤᠯᠲᠠ ᠳᠤ 10.8 ᠳ᠋ᠦᠩᠰᠢᠭᠤᠷ ᠲᠥᠭᠦᠷᠢᠭ ᠲᠤᠬᠢᠷᠠᠭᠤᠯᠵᠤ᠂ ᠨᠡᠯᠢᠶᠡᠳ ᠥᠨᠳᠥᠷ ᠣᠷᠣᠭᠤᠯᠤᠯᠲᠠ ᠶᠢᠨ ᠡᠷᠴᠢᠮ ᠢ ᠦᠷᠬᠦᠯᠵᠢᠯᠡᠨ ᠪᠠᠲᠤᠯᠠᠪᠠ᠃      ᠬᠤᠶᠠᠷ ᠲᠤ ᠡᠳ᠋ ᠤᠨ ᠵᠠᠰᠠᠭ ᠤᠨ ᠣᠷᠣᠭᠤᠯᠤᠯᠲᠠ ᠶᠢ ᠨᠡᠮᠡᠭᠳᠡᠭᠦᠯᠵᠦ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠶ ᠵᠦᠢᠯ ᠢ ᠲᠦᠯᠬᠢᠨ ᠠᠬᠢᠭᠤᠯᠪᠠ᠃ 2014 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠶ ᠵᠦᠢᠯ ᠤᠨ ᠪᠡᠯᠡ ᠮᠥᠩᠭᠦ ᠨᠡᠶᠢᠲᠡ 5.5 ᠳ᠋ᠦᠩᠰᠢᠭᠤᠷ ᠲᠥᠭᠦᠷᠢᠭ ᠪᠠᠭᠤᠯᠭᠠᠵᠤ᠂  ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ16 ᠲᠦᠷᠦᠯ ᠵᠦᠢᠯ ᠤᠨ ᠬᠥᠭᠵᠢᠯᠲᠡ ᠶᠢ ᠳᠡᠮᠵᠢᠪᠡ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠵᠢᠯᠴᠠᠨ ᠰᠢᠨ᠎ᠡ ᠶᠢ ᠡᠭᠦᠳᠬᠦ ᠰᠠᠭᠤᠷᠢ ᠮᠥᠩᠭᠦ 1.5 ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠪᠣᠳᠠᠲᠤ ᠴᠣᠭᠴᠠᠲᠤ ᠠᠵᠤ ᠠᠬᠤᠶᠢᠯᠠᠯ ᠤᠨ ᠡᠵᠡᠨ ᠮᠡᠳᠡᠵᠦ ᠰᠢᠨ᠎ᠡ ᠶᠢ ᠡᠭᠦᠳᠬᠦ ᠴᠢᠳᠠᠪᠤᠷᠢ ᠪᠠ ᠠᠵᠤ ᠦᠢᠯᠡᠰ ᠤᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠬᠦ ᠳᠤ ᠲᠤᠰᠬᠠᠢ ᠬᠡᠷᠡᠭᠯᠡᠪᠡ᠃      ᠭᠤᠷᠪᠠ ᠳᠤ ᠲᠠᠯ᠎ᠠ ᠨᠤᠲᠤᠭ ᠤᠨ ᠭᠠᠷᠮᠠᠭᠠᠢ ᠴᠢᠳᠠᠪᠤᠷᠢᠲᠠᠨ ᠤ ᠢᠨᠵᠧᠨᠧᠷᠢᠩ ᠤᠨ ᠲᠤᠰᠬᠠᠶ ᠪᠡᠯᠡ ᠮᠥᠩᠭᠦ ᠲᠣᠬᠢᠷᠠᠭᠤᠯᠵᠤ᠂ ︽ᠵᠠᠭᠤᠨ ᠨᠡᠷᠡᠰ ᠳᠡᠭᠡᠳᠦ ᠲᠡᠰ ᠳᠠᠪᠬᠤᠷᠭ᠎ᠠ ᠶᠢᠨ ᠰᠢᠨ᠎ᠡ ᠶᠢ ᠡᠭᠦᠳᠬᠦ ᠬᠡᠯᠪᠡᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠬᠥᠮᠦᠵᠢᠭᠦᠯᠬᠦ ᠲᠥᠯᠥᠪᠯᠡᠭᠡ︾᠎ ᠶᠢ ᠨᠠᠶᠢᠳᠠᠪᠤᠷᠢᠵᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠴᠢᠳᠠᠪᠤᠷᠢᠲᠠᠨ ᠬᠥᠮᠦᠵᠢᠭᠦᠯᠬᠦ ᠪᠠ ᠪᠠᠴᠢᠮ ᠬᠡᠷᠡᠭᠴᠡᠭᠡ ᠲᠠᠢ ᠳᠡᠭᠡᠳᠦ ᠲᠡᠰ ᠳᠠᠪᠬᠤᠷᠭ᠎ᠠ ᠶᠢᠨ ᠴᠢᠳᠠᠪᠤᠷᠢᠲᠠᠨ ᠢ ᠤᠷᠢᠨ ᠠᠪᠴᠢᠷᠠᠬᠤ ᠳᠤ ᠭᠤᠣᠯᠳᠠᠯᠭ᠎ᠠ ᠲᠠᠢ ᠬᠡᠷᠡᠭᠯᠡᠪᠡ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号