ᠳᠤᠮᠳᠠᠳᠤ ᠣᠷᠣᠰ ᠮᠣᠩᠭᠤᠯ ᠭᠤᠷᠪᠠᠨ ᠤᠯᠤᠰ ᠤᠨ ᠵᠢᠭᠤᠯᠴᠢᠯᠠᠯ ᠤᠨ ᠲᠠᠨᠢᠯᠴᠠᠭᠤᠯᠬᠤ ᠬᠤᠷᠠᠯ ᠶᠠᠪᠤᠭᠳᠠᠪᠠ ᠥᠪᠥᠷ ᠮᠣᠩᠭᠤᠯ ︽ᠭᠤᠷᠪᠠᠨ ᠶᠡᠭᠡ ᠭᠤᠣᠯ ᠰᠡᠳᠦᠪ︾ ︽ᠠᠷᠪᠠᠨ ᠶᠡᠭᠡ ᠢᠨᠵᠧᠨᠧᠷᠢᠩ︾᠎ ᠢ ᠬᠦᠴᠦᠯᠡᠨ ᠬᠡᠷᠡᠭᠵᠢᠭᠦᠯᠪᠡ
ᠨᠡᠶᠢᠲᠡᠯᠡᠭᠰᠡᠨ ᠴᠠᠭ᠄
2015/11/23
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠲᠣᠪᠴᠢᠶᠠᠨ ᠤ ᠳᠠᠷᠤᠭ᠎ᠠ ᠸᠧᠶ ᠭᠥᠸᠧ ᠨᠠᠨ ᠰᠢᠨᠬᠤᠸᠠ ᠰᠦᠯᠵᠢᠶᠡᠨ ᠤ ᠰᠤᠷᠪᠤᠯᠵᠢᠯᠠᠭ᠎ᠠ ᠶᠢ ᠬᠦᠯᠢᠶᠡᠪᠡ      2015 ᠣᠨ ᠤ ᠳᠤᠮᠳᠠᠳᠤ ᠤᠯᠤᠰ ᠤᠨ ᠤᠯᠠᠨ ᠤᠯᠤᠰ ᠤᠨ ᠵᠢᠭᠤᠯᠴᠢᠯᠠᠯ ᠤᠨ ᠠᠷᠠᠯᠵᠢᠶ᠎ᠡ ᠶᠢᠨ ᠴᠤᠭᠯᠠᠭᠠᠨ ᠤ ᠬᠤᠭᠤᠴᠠᠭᠠᠨ ᠳᠤ᠂ ᠳᠤᠮᠳᠠᠳᠤ ᠣᠷᠣᠰ ᠮᠣᠩᠭᠤᠯ ᠭᠤᠷᠪᠠᠨ ᠤᠯᠤᠰ ᠤᠨ ᠵᠢᠭᠤᠯᠴᠢᠯᠠᠯ ᠤᠨ ᠲᠠᠨᠢᠯᠴᠠᠭᠤᠯᠬᠤ ᠬᠤᠷᠠᠯ ᠺᠦᠨᠮᠢᠩ ᠳᠤ ᠬᠤᠷᠠᠯᠳᠤᠪᠠ᠃ ᠲᠤᠰ ᠤᠳᠠᠭᠠᠨ ᠤ ᠲᠠᠨᠢᠯᠴᠠᠭᠤᠯᠬᠤ ᠬᠤᠷᠠᠯ ᠳᠡᠭᠡᠷ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ︽ᠡᠬᠡ ᠣᠷᠣᠨ ᠤ ᠠᠰ ᠤᠮᠠᠷᠠᠲᠤ ᠣᠷᠣᠨ᠂ ᠦᠵᠡᠮᠵᠢᠲᠦ ᠰᠠᠶᠢᠬᠠᠨ ᠥᠪᠥᠷ ᠮᠣᠩᠭᠤᠯ︾ ᠵᠢᠭᠤᠯᠴᠢᠯᠠᠯ ᠤᠨ ᠳᠦᠷᠢ ᠲᠥᠷᠬᠦ ᠶᠢᠨ ᠨᠡᠷᠡᠲᠦ ᠲᠥᠷᠥᠯ ᠲᠡᠮᠳᠡᠭᠲᠦ ᠳᠤ ᠬᠦᠴᠦ ᠲᠠᠯᠪᠢᠨ ᠤᠬᠠᠭᠤᠯᠭ᠎ᠠ ᠬᠢᠪᠡ᠃ ᠲᠠᠯ᠎ᠠ ᠨᠤᠲᠤᠭ ᠤᠨ ᠵᠠᠩ ᠦᠢᠯᠡ᠂ ᠡᠪᠦᠯ ᠤᠨ ᠤᠯᠠᠷᠢᠯ ᠤᠨ ᠴᠠᠰᠤ ᠮᠥᠰᠥ᠂ ᠬᠢᠯᠢ ᠠᠯᠤᠰᠯᠠᠭᠰᠠᠨ ᠣᠷᠣᠯᠴᠠᠯᠭ᠎ᠠ ᠵᠡᠷᠭᠡ ᠣᠨᠴᠠᠯᠢᠭ ᠪᠦᠬᠦᠢ ᠵᠢᠭᠤᠯᠴᠢᠯᠠᠯ ᠤᠨ ᠲᠥᠷᠥᠯ ᠵᠦᠢᠯ ᠳᠤ ᠬᠠᠨᠳᠤᠭᠤᠯᠤᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠲᠣᠪᠴᠢᠶᠠᠨ ᠤ ᠳᠠᠷᠤᠭ᠎ᠠ ᠸᠧᠶ ᠬᠥᠸᠧ ᠨᠠᠨ ᠰᠢᠨᠬᠤᠸᠠ ᠰᠦᠯᠵᠢᠶᠡᠨ ᠤ ᠰᠤᠷᠪᠤᠯᠵᠢᠯᠠᠭ᠎ᠠ ᠶᠢ ᠬᠦᠯᠢᠶᠡᠨ ᠠᠪᠤᠪᠠ᠃      ᠥᠪᠥᠷ ᠮᠣᠩᠭᠤᠯ ᠤᠨ ᠵᠢᠭᠤᠯᠴᠢᠯᠠᠯ ᠤᠨ ᠲᠣᠪᠴᠢᠶᠠᠨ ᠤ ᠳᠠᠷᠤᠭ᠎ᠠ ᠸᠧᠶ ᠬᠥᠸᠧ ᠨᠠᠨ ᠬᠡᠯᠡᠬᠦ ᠳᠡᠭᠡᠨ ᠥᠪᠥᠷ ᠮᠣᠩᠭᠤᠯ ᠤᠨ ᠵᠢᠭᠤᠯᠴᠢᠯᠠᠯ ᠤᠨ ᠬᠥᠭᠵᠢᠯᠲᠡ ᠶᠢᠨ ᠦᠨᠳᠦᠰᠦᠨ ᠨᠥᠬᠦᠴᠡᠯ ᠳᠠᠪᠠᠭᠤᠯᠢᠭ ᠶᠤᠮ᠃ ᠥᠪᠥᠷ ᠮᠣᠩᠭᠤᠯ ᠎ ᠨᠢ ᠡᠬᠡ ᠣᠷᠣᠨ ᠤ ᠠᠰ ᠤᠮᠠᠷ᠎ᠠ ᠵᠦᠭ ᠲᠤ ᠪᠠᠶᠢᠷᠢᠯᠠᠵᠤ᠂ ᠤᠮᠠᠷᠠᠰᠢ ᠪᠠᠨ ᠣᠷᠣᠰ᠂ ᠮᠣᠩᠭᠤᠯ ᠤᠯᠤᠰ ᠲᠠᠢ ᠬᠢᠯᠢᠯᠡᠵᠦ᠂ ᠵᠡᠭᠦᠨ᠂ ᠡᠮᠦᠨ᠎ᠡ᠂ ᠪᠠᠷᠠᠭᠤᠨ ᠲᠠᠯ᠎ᠠ ᠪᠠᠷ ᠲᠤᠰ ᠪᠦᠷᠢ ᠬᠠᠷᠠᠮᠥ᠋ᠷᠡᠨ᠂ ᠬᠢᠷᠢᠨ᠂ ᠯᠢᠶᠤᠤᠨᠢᠩ᠂ ᠱᠠᠨ ᠰᠢ᠂ ᠱᠠᠨᠰᠢ᠂ ᠭᠠᠨᠰᠤ᠂ ᠨᠢᠩᠰᠢᠶᠠ ᠲᠠᠢ ᠬᠥᠷᠰᠢᠯᠡᠵᠦ᠂ ᠲᠠᠯᠠᠪᠠᠶ ᠨᠢ 118.3 ᠲᠥᠮᠡᠨ ᠲᠡᠭᠰᠢ ᠳᠥᠷᠪᠡᠯᠵᠢᠨ ᠺᠢᠯᠣᠮᠧᠲᠷ ᠪᠠᠶᠢᠳᠠᠭ᠃ ᠥᠪᠥᠷ ᠮᠣᠩᠭᠤᠯ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠳᠠᠷᠠᠭᠠᠬᠢ ᠠᠩᠬᠠᠳᠠᠭᠴᠢ ᠮᠣᠵᠢ ᠶᠢᠨ ᠱᠠᠲᠤᠨ ᠤ ᠴᠥᠭᠡᠨ ᠲᠣᠭᠠᠲᠤ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠮᠦᠨ᠂ ᠪᠦᠬᠦ ᠬᠥᠮᠦᠨ ᠠᠮᠠ ᠨᠢ 2400 ᠲᠥᠮᠡ ᠪᠠᠶᠢᠵᠤ᠂ ᠡᠭᠦᠨ ᠳᠤ ᠮᠣᠩᠭᠤᠯ ᠦᠨᠳᠦᠰᠦᠲᠡᠨ 19%᠎ ᠶᠢ ᠡᠵᠡᠯᠡᠳᠡᠭ᠃ ᠥᠪᠥᠷ ᠮᠣᠩᠭᠤᠯ ᠳᠤ 12 ᠠᠶᠢᠮᠠᠭ ᠬᠤᠳᠠ 102 ᠬᠤᠰᠢᠭᠤ ᠰᠢᠶᠠᠨ ᠲᠣᠭᠤᠷᠢᠭ ᠬᠤᠳᠠ ᠬᠠᠷᠢᠶᠠᠯᠠᠭᠳᠠᠵᠤ᠂ ᠣᠷᠣᠨ ᠤ ᠲᠥᠪ ᠨᠢ ᠬᠥᠬᠡᠬᠤᠲᠠ ᠪᠣᠯᠣᠨ᠎ᠠ᠃      ᠥᠪᠥᠷ ᠮᠣᠩᠭᠤᠯ ᠡᠯᠪᠡᠭ ᠳᠡᠯᠪᠡᠭ ᠵᠢᠭᠤᠯᠴᠢᠯᠠᠯ ᠤᠨ ᠡᠬᠢ ᠪᠠᠶᠠᠯᠢᠭ ᠪᠣᠯᠣᠨ ᠦᠢᠯᠡᠳᠬᠦᠨ ᠲᠠᠢ ᠪᠠᠶᠢᠵᠤ᠂ ᠥᠪᠡᠷᠮᠢᠴᠡ ᠲᠠᠯ᠎ᠠ ᠨᠤᠲᠤᠭ ᠤᠨ ᠰᠣᠶᠣᠯ᠂ ᠭᠦᠨ ᠵᠤᠵᠠᠭᠠᠨ ᠠᠷᠠᠳ ᠤᠨ ᠵᠠᠩ ᠳᠠᠳᠬᠠᠯ᠂ ᠥᠨᠢ ᠤᠳᠠᠭᠠᠨ ᠲᠡᠦᠬᠡ ᠶᠢᠨ ᠬᠠᠭᠤᠴᠢ ᠦᠯᠡᠳᠡᠭᠳᠡᠯ᠂ ᠭᠤᠸ᠎ᠠ ᠰᠠᠶᠢᠬᠠᠨ ᠪᠠᠶᠢᠭᠠᠯᠢ ᠶᠢᠨ ᠥᠩᠭᠡ ᠦᠵᠡᠮᠵᠢ ᠪᠣᠯᠤᠨ ᠬᠢᠯᠢ ᠶᠢᠨ ᠪᠣᠭᠤᠮᠲᠠ ᠪᠠᠶᠢᠬᠤ ᠪᠠᠷ ᠪᠠᠷᠠᠬᠤ ᠦᠭᠡᠢ᠂ ᠪᠠᠰᠠ ᠬᠡᠭᠡᠷ᠎ᠡ ᠲᠠᠯ᠎ᠠ᠂ ᠡᠯᠡᠰᠦᠨ ᠴᠥᠯ᠂ ᠤᠢ ᠰᠢᠭᠤᠶ᠂ ᠨᠠᠭᠤᠷ ᠲᠣᠭᠤᠷᠢᠮ᠂ ᠴᠢᠭᠢᠭᠯᠢᠭ ᠭᠠᠵᠠᠷ᠂ ᠬᠠᠯᠠᠭᠤᠨ ᠷᠠᠰᠢᠶᠠᠨ᠂ ᠲᠣᠮᠣ ᠪᠣᠭᠤᠮᠲᠠ᠂ ᠵᠠᠩ ᠦᠢᠯᠡ᠂ ᠴᠠᠰᠤ ᠮᠥᠰᠤ ᠵᠡᠷᠭᠡ ᠭᠤᠸ᠎ᠠ ᠰᠠᠶᠢᠬᠠᠨ ᠪᠠᠶᠢᠭᠠᠯᠢ ᠶᠢᠨ ᠥᠩᠭᠡ ᠦᠵᠡᠮᠵᠢ ᠶᠢ ᠪᠦᠷᠢᠳᠦᠭᠦᠯᠦᠨ᠂ ᠲᠠᠯ᠎ᠠ ᠨᠤᠲᠤᠭ ᠤᠨ ᠵᠢᠭᠤᠯᠴᠢᠯᠠᠯ᠂ ᠣᠢ ᠰᠢᠭᠤᠶ ᠶᠢᠨ ᠵᠢᠭᠤᠯᠴᠢᠯᠠᠯ᠂ ᠵᠠᠩ ᠦᠢᠯᠡ ᠶᠢᠨ ᠵᠢᠭᠤᠯᠴᠢᠯᠠᠯ᠂ ᠵᠤᠰᠠᠯᠠᠩ ᠰᠡᠯᠡᠭᠦᠴᠡᠯ ᠤᠨ ᠵᠢᠭᠤᠯᠴᠢᠯᠠᠯ᠂ ᠮᠥᠰᠥ ᠴᠠᠰᠤᠨ ᠤ ᠵᠢᠭᠤᠯᠴᠢᠯᠠᠯ᠂ ᠷᠠᠰᠢᠶᠠᠨ ᠤ ᠰᠤᠪᠢᠯᠠᠯᠲᠠ᠂ ᠲᠡᠷᠭᠡ ᠠᠶᠠᠨ ᠤ ᠵᠢᠭᠤᠯᠴᠢᠯᠠᠯ᠂ ᠭᠡᠷᠡᠯ ᠵᠢᠷᠤᠭ ᠠᠪᠬᠤ ᠵᠢᠭᠤᠯᠴᠢᠯᠠᠯ᠂ ᠬᠤᠲᠠ ᠶᠢᠨ ᠵᠢᠭᠤᠯᠴᠢᠯᠠᠯ᠂ ᠬᠤᠳᠠᠯᠳᠤᠭᠠᠨ ᠤ ᠶᠠᠪᠤᠳᠠᠯ ᠤᠨ ᠦᠵᠡᠰᠬᠦᠯᠡᠩ ᠤᠨ ᠵᠢᠭᠤᠯᠴᠢᠯᠠᠯ᠂ ᠡᠯᠡᠰᠦ ᠮᠠᠩᠬᠠᠨ ᠤ ᠦᠵᠡᠭᠦᠯᠦᠯᠭᠡ᠂ ᠵᠠᠩ ᠦᠢᠯᠡ ᠶᠢᠨ ᠣᠷᠣᠯᠴᠠᠯᠭ᠎ᠠ᠂ ᠪᠡᠶ᠎ᠡ ᠴᠢᠭᠢᠷᠠᠭᠵᠢᠭᠤᠯᠬᠤ ᠪᠡᠶ᠎ᠡ ᠰᠤᠪᠢᠯᠠᠬᠤ ᠂ ᠠᠵᠤ ᠦᠢᠯᠡᠳᠪᠦᠷᠢ ᠬᠥᠳᠡᠭᠡ ᠠᠵᠤ ᠠᠬᠤᠶ ᠶᠢᠨ ᠵᠢᠭᠤᠯᠴᠢᠯᠠᠯ᠂ ᠬᠤᠪᠢᠰᠬᠠᠯ ᠤᠨ ᠳᠤᠷᠠᠰᠬᠠᠯᠲᠤ ᠣᠷᠣᠨ ᠤ ᠵᠢᠭᠤᠯᠴᠢᠯᠠᠯ᠂ ᠰᠠᠨᠰᠠᠷ ᠤᠨ ᠠᠶᠠᠯᠠᠯ ᠤᠨ ᠵᠢᠭᠤᠯᠴᠢᠯᠠᠯ ᠪᠣᠯᠤᠨ ᠰᠡᠯᠡᠭᠦᠴᠡᠵᠦ ᠠᠮᠠᠷᠠᠬᠤ ᠵᠡᠷᠭᠡ ᠵᠢᠭᠤᠯᠴᠢᠯᠠᠯ ᠤᠨ ᠦᠢᠯᠡᠳᠬᠦᠨ ᠤ ᠰᠢᠰᠲ᠋ᠧᠮᠵᠢ ᠶᠢ ᠴᠣᠭᠴᠠᠯᠠᠨ ᠪᠠᠶᠢᠭᠤᠯᠵᠤ᠂ ᠵᠢᠭᠤᠯᠴᠢᠯᠠᠯ ᠤᠨ ᠦᠢᠯᠡᠰ ᠢ ᠬᠥᠭᠵᠢᠭᠦᠯᠬᠦ ᠳᠤ ᠤᠯᠠᠨ ᠠᠴᠠ ᠬᠡᠲᠦ᠋ᠢᠳᠦᠭᠰᠡᠨ ᠳᠠᠪᠠᠭᠤᠯᠢᠭ ᠲᠠᠯ᠎ᠠ ᠪᠣᠯᠣᠨ ᠨᠥᠬᠦᠴᠡᠯ ᠲᠠᠢ ᠶᠤᠮ ᠭᠡᠪᠡ᠃      ᠸᠧᠶ ᠬᠥᠸᠧ ᠨᠠᠨ ᠢᠯᠡᠷᠬᠡᠶᠢᠯᠡᠭᠰᠡᠨ ᠨᠢ᠂ ᠥᠪᠥᠷ ᠮᠣᠩᠭᠤᠯ ᠪᠥᠲᠦᠭᠡᠨ ᠪᠠᠶᠢᠭᠤᠯᠤᠯᠲᠠ ᠪᠠᠷ ᠢᠶᠠᠨ ᠲᠠᠯ᠎ᠠ ᠨᠤᠲᠤᠭ ᠤᠨ ᠰᠣᠶᠣᠯ ᠢ ᠬᠠᠷᠠᠭᠤᠯᠤᠭᠰᠠᠨ᠂ ᠤᠮᠠᠷᠠᠲᠤ ᠬᠢᠯᠢ ᠶᠢᠨ ᠣᠨᠴᠠᠯᠢᠭ ᠪᠥᠬᠦᠢ ᠵᠢᠭᠤᠯᠴᠢᠯᠠᠯ ᠠᠶᠠᠯᠠᠯ᠂ ᠰᠡᠯᠡᠭᠦᠴᠡᠯ ᠠᠮᠠᠷᠠᠯᠲᠠ ᠶᠢᠨ ᠰᠠᠭᠤᠷᠢᠨ ᠭᠠᠵᠠᠷ ᠢ ᠪᠠᠶᠢᠭᠤᠯᠬᠤ ᠪᠠᠷ ᠵᠢᠭᠤᠯᠴᠢᠯᠠᠯ ᠤᠨ ᠬᠥᠭᠵᠢᠯᠲᠡ ᠶᠢᠨ ᠬᠠᠷᠠᠯᠲᠠ ᠪᠠᠨ ᠪᠣᠯᠭᠠᠵᠤ᠂ ᠵᠢᠭᠤᠯᠴᠢᠯᠠᠯ ᠤᠨ ᠠᠵᠤ ᠦᠢᠯᠡᠰ ᠤᠨ ᠲᠣᠭᠤᠷᠢᠨ ᠳᠤ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠵᠦ᠂ ᠡᠨᠡ ᠬᠦ ᠭᠤᠣᠯ ᠰᠢᠵᠢᠮ ᠤᠨ ᠶᠠᠰᠤ ᠴᠢᠨᠠᠷ ᠦᠷ᠎ᠡ ᠠᠰᠢᠭ ᠢ ᠨᠡᠮᠡᠭᠳᠡᠭᠦᠯᠬᠦ ᠶᠢᠨ ᠬᠠᠮᠲᠤ ᠥᠪᠥᠷ ᠮᠣᠩᠭᠤᠯ ᠤᠨ ᠵᠢᠭᠤᠯᠴᠢᠯᠠᠯ ᠤᠨ ᠨᠥᠯᠥᠭᠡᠯᠡᠬᠦ ᠬᠦᠴᠦᠨ ᠭᠡᠬᠦ ᠭᠤᠣᠯ ᠰᠡᠳᠦᠪ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ︽ᠲᠠᠯ᠎ᠠ ᠨᠤᠲᠤᠭ ᠤᠨ ᠰᠣᠶᠣᠯ᠂ ᠤᠮᠠᠷᠠᠲᠤ ᠬᠢᠯᠢ ᠶᠢᠨ ᠣᠨᠴᠠᠯᠢᠭ᠂ ᠰᠡᠯᠡᠭᠦᠴᠡᠯ ᠠᠮᠠᠷᠠᠯᠲᠠ︾ ᠭᠤᠷᠪᠠᠨ ᠶᠡᠭᠡ ᠭᠤᠣᠯ ᠰᠡᠳᠦᠪ ᠢ ᠳᠣᠪᠣᠶᠢᠯᠭᠠᠨ᠂ ᠵᠢᠭᠤᠯᠴᠢᠯᠠᠯ ᠤᠨ ︽ᠠᠷᠪᠠᠨ ᠶᠡᠭᠡ ᠢᠨᠵᠧᠨᠧᠷᠢᠩ︾᠎ ᠢ ᠬᠡᠷᠡᠭᠵᠢᠭᠦᠯᠵᠦ᠂ ᠠᠯᠢ ᠣᠯᠠᠨ ᠬᠦᠴᠦᠲᠡᠶ ᠠᠷᠭ᠎ᠠ ᠬᠡᠮᠵᠢᠶ᠎ᠡ ᠠᠪᠴᠤ᠂ ᠥᠪᠥᠷ ᠮᠣᠩᠭᠤᠯ ᠤᠨ ᠵᠢᠭᠤᠯᠴᠢᠯᠠᠯ ᠤᠨ ᠦᠢᠯᠡᠰ ᠤᠨ ᠦᠷᠭᠦᠯᠵᠢᠯᠡᠨ ᠥᠳᠲᠡᠷ ᠲᠦᠷᠭᠡᠨ ᠬᠥᠭᠵᠢᠬᠦ ᠶᠢ ᠲᠥᠯᠬᠢᠨ ᠠᠬᠢᠭᠤᠯᠵᠤ᠂ ᠥᠪᠥᠷ ᠮᠣᠩᠭᠤᠯ ᠤᠨ ᠪᠣᠳᠠᠲᠤ ᠪᠠᠶᠢᠳᠠᠯ ᠳᠤ ᠨᠡᠶᠢᠴᠡᠭᠰᠡᠨ ᠣᠨᠴᠠᠯᠢᠭ ᠪᠦᠬᠦᠢ ᠵᠢᠭᠤᠯᠴᠢᠯᠠᠯ ᠤᠨ ᠬᠥᠭᠵᠢᠯᠲᠡ ᠶᠢᠨ ᠵᠠᠮ ᠢᠶᠠᠷ ᠵᠠᠮᠨᠠᠵᠤ᠂ ᠮᠠᠨ ᠤ ᠤᠯᠤᠰ ᠤᠨ ᠤᠮᠠᠷᠠᠲᠤ ᠣᠷᠣᠨ ᠤ ᠴᠢᠬᠤᠯᠠ ᠵᠢᠭᠤᠯᠴᠢᠯᠠᠯ ᠤᠨ ᠣᠷᠣᠨ ᠪᠦᠰᠡ ᠪᠣᠯᠪᠠ ᠭᠡᠪᠡ᠃      ᠣᠶᠢᠯᠠᠭᠠᠭᠰᠠᠨ ᠢᠶᠠᠷ᠂ 2014 ᠣᠨ ᠤ ᠪᠦᠬᠦ ᠵᠢᠯ ᠳᠤ 7581 ᠲᠥᠮᠡᠨ ᠬᠥᠮᠦᠨ ᠤᠳᠠᠭ᠎ᠠ ᠶᠢᠨ ᠵᠢᠭᠤᠯᠴᠢᠯᠠᠭᠴᠢᠳ ᠢ ᠬᠦᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 12%᠎ ᠢᠶᠠᠷ ᠨᠡᠮᠡᠭᠳᠡᠵᠦ᠂ ᠵᠢᠭᠤᠯᠴᠢᠯᠠᠯ ᠤᠨ ᠦᠢᠯᠡᠰ ᠤᠨ ᠶᠡᠷᠦᠩᠬᠡᠶ ᠣᠷᠣᠯᠭ᠎ᠠ 1805 ᠳ᠋ᠥᠡᠭᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 28.63%᠎ ᠪᠠᠷ ᠨᠡᠮᠡᠭᠳᠡᠪᠡ᠃ ᠡᠭᠦᠨ ᠤ ᠳᠣᠲᠣᠷ᠎ᠠ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠬᠥᠮᠦᠨ ᠤ ᠲᠤᠭ᠎ᠠ 7414 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.13%᠎ ᠪᠠᠷ ᠨᠡᠮᠡᠭᠳᠡᠵᠦ᠂ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠣᠷᠣᠯᠭ᠎ᠠ 1745 ᠳ᠋ᠥᠡᠭᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠠᠴᠠ 29.86%᠎ ᠪᠠᠷ ᠨᠡᠮᠡᠭᠳᠡᠪᠡ︔ ᠬᠢᠯᠢ ᠪᠠᠷ ᠣᠷᠣᠵᠣ ᠢᠷᠡᠭᠰᠡᠨ ᠵᠢᠭᠤᠯᠴᠢᠯᠠᠭᠴᠢᠳ ᠢ 167 ᠲᠥᠮᠡᠨ ᠬᠥᠮᠦᠨ ᠤᠳᠠᠭ᠎ᠠ ᠬᠦᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 3.4%᠎ ᠪᠠᠷ ᠨᠡᠮᠡᠭᠳᠡᠵᠦ᠂ ᠬᠢᠯᠢ ᠪᠠᠷ ᠣᠷᠣᠵᠤ ᠢᠷᠡᠭᠰᠡᠨ ᠭᠠᠳᠠᠭᠠᠳᠤ ᠭᠤᠪᠢᠭᠤᠯᠭ᠎ᠠ 10 ᠳ᠋ᠦᠩᠰᠢᠭᠤᠷ ᠳ᠋ᠣᠯᠯᠠᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.2%᠎ ᠢᠶᠠᠷ ᠨᠡᠮᠡᠭᠳᠡᠪᠡ᠃ ᠵᠢᠭᠤᠯᠴᠢᠯᠠᠯ ᠤᠨ ᠦᠢᠯᠡᠰ ᠤᠨ ᠬᠥᠭᠵᠢᠯᠲᠡ ᠰᠢᠨ᠎ᠡ ᠳᠠᠪᠠᠯᠲᠠ ᠶᠢ ᠪᠡᠶᠡᠯᠡᠭᠦᠯᠵᠦ᠂ ᠰᠢᠨ᠎ᠡ ᠱᠠᠲᠤᠨ ᠳᠤ ᠣᠷᠣᠭᠰᠠᠨ ᠪᠠᠶᠢᠨ᠎ᠠ᠃      ᠣᠳᠣᠬᠠᠨ ᠳᠤ᠂ ᠥᠪᠥᠷ ᠮᠣᠩᠭᠤᠯ ᠤᠨ ᠵᠢᠭᠤᠯᠴᠢᠯᠠᠯ ᠤᠨ ᠦᠢᠯᠡᠰ ᠨᠢᠭᠡᠨᠲᠡ ᠨᠡᠯᠢᠶᠡᠳ ᠶᠡᠭᠡ ᠠᠵᠤ ᠦᠢᠯᠡᠰ ᠤᠨ ᠬᠡᠪᠴᠢᠶ᠎ᠡ ᠶᠢ ᠪᠦᠷᠢᠯᠳᠦᠭᠦᠯᠵᠦ᠂ ᠣᠳᠣᠬᠢ A ᠳᠡᠰ ᠤᠨ ᠵᠢᠭᠤᠯᠴᠢᠯᠠᠯ ᠤᠨ ᠦᠵᠡᠮᠵᠢᠲᠦ ᠣᠷᠣᠨ 321 ᠪᠠᠶᠢᠵᠤ᠂ ᠡᠭᠦᠨ ᠳᠤ 5 A ᠳᠡᠰᠲᠦ ᠨᠢ 2᠂ 4 A ᠳᠡᠰᠲᠤ ᠨᠢ 78 ᠪᠣᠢ︔ ᠤᠳᠤᠨ ᠲᠡᠰ ᠤᠨ ᠪᠠᠭᠤᠳᠠᠯ 332 ᠪᠠᠶᠢᠵᠤ᠂ ᠡᠭᠦᠨ ᠳᠤ ᠲᠠᠪᠤᠨ ᠣᠳᠣᠨ ᠳᠡᠰᠲᠤ ᠨᠢ 10᠂ ᠳᠥᠷᠪᠡᠨ ᠣᠳᠣᠨ ᠳᠡᠰᠲᠤ ᠨᠢ 38 ᠪᠠᠶᠢᠨ᠎ᠠ︔ ᠵᠢᠭᠤᠴᠢᠯᠠᠭᠴᠢᠳ ᠲᠤ ᠦᠢᠯᠡᠴᠢᠯᠡᠬᠦ ᠭᠠᠵᠠᠷ 897 ᠪᠠᠶᠢᠵᠤ᠂ ᠡᠭᠦᠨ ᠳᠤ ᠬᠢᠯᠢ ᠠᠴᠠ ᠭᠠᠷᠭᠠᠬᠤ ᠦᠢᠯᠡᠴᠢᠯᠡᠬᠦ ᠭᠠᠵᠠᠷ 53᠂ ᠬᠢᠯᠢ ᠬᠢᠵᠠᠭᠠᠷ ᠲᠠᠬᠢ ᠦᠢᠯᠡᠴᠢᠯᠡᠬᠦ ᠭᠠᠵᠠᠷ 34᠂ ᠲᠠᠶᠢᠸᠠᠨ ᠳᠤ ᠣᠴᠢᠬᠤ ᠳᠤ ᠦᠢᠯᠡᠴᠢᠯᠡᠬᠦ ᠭᠠᠵᠠᠷ 7 ᠪᠣᠢ︔ ᠪᠦᠬᠦ ᠤᠯᠤᠰ ᠤᠨ ᠰᠡᠯᠡᠭᠦᠴᠡᠨ ᠠᠮᠠᠷᠠᠬᠤ ᠲᠠᠷᠢᠶᠠᠯᠠᠩ ᠤᠨ ᠪᠠ ᠬᠥᠳᠡᠭᠡ ᠲᠣᠰᠬᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠢᠶᠠᠨ 5 ᠪᠠᠶᠢᠵᠤ᠂ ᠪᠦᠬᠦ ᠤᠯᠤᠰ ᠤᠨ  ᠰᠡᠯᠡᠭᠦᠴᠡᠨ ᠠᠮᠠᠷᠠᠬᠤ ᠲᠠᠷᠢᠶᠠᠯᠠᠩ ᠤᠨ ᠪᠠ ᠬᠥᠳᠡᠭᠡ ᠲᠣᠰᠬᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠴᠢᠬ 13 ᠪᠣᠢ︔ ᠪᠦᠬᠦ ᠣᠷᠣᠨ ᠳᠤ 12356 ᠳᠠᠩᠰᠠᠯᠠᠭᠤᠯᠤᠭᠰᠠᠨ ᠵᠠᠮᠴᠢᠯᠠᠭᠴᠢ ᠲᠠᠢ︔ ᠪᠦᠬᠦ ᠣᠷᠣᠨ ᠤ ᠵᠢᠭᠤᠯᠴᠢᠯᠠᠯ ᠤᠨ ᠦᠢᠯᠡᠰ ᠢ ᠰᠢᠭᠤᠳ ᠡᠷᠬᠢᠯᠡᠵᠦ ᠪᠠᠶᠢᠭ᠎ᠠ ᠬᠥᠮᠦᠨ ᠤ ᠲᠤᠭ᠎ᠠ ᠪᠠᠷᠤᠭ 23 ᠲᠦᠮᠡ᠂ ᠳᠠᠮ ᠢᠶᠠᠷ ᠠᠵᠢᠯ ᠣᠯᠤᠭᠰᠠᠨ ᠬᠥᠮᠦᠨ ᠤ ᠲᠤᠭ᠎ᠠ ᠪᠠᠷᠤᠭ 115 ᠲᠦᠮᠡᠨ ᠬᠥᠮᠦᠨ ᠪᠠᠶᠢᠵᠤ᠂ ᠵᠢᠭᠤᠯᠴᠢᠯᠠᠯ ᠤᠨ ᠠᠵᠢᠯ ᠡᠷᠬᠢᠯᠡᠭᠰᠡᠨ ᠬᠥᠮᠦᠨ 138 ᠲᠦᠮᠡ ᠳᠤ ᠬᠦᠷᠴᠦ᠂ ᠪᠥᠬᠦ ᠣᠷᠣᠨ ᠤ ᠦᠢᠯᠡᠴᠢᠯᠡᠭᠡᠨ ᠤ ᠦᠢᠯᠡᠰ ᠤᠨ ᠠᠵᠢᠯ ᠣᠯᠤᠭᠰᠠᠨ ᠪᠦᠬᠦ ᠬᠥᠮᠦᠨ ᠤ 20% ᠣᠷᠴᠢᠮ ᠢ ᠡᠵᠡᠯᠡᠵᠦ᠂ ᠵᠢᠭᠤᠯᠴᠢᠯᠠᠯ ᠤᠨ ᠦᠢᠯᠡᠰ ᠨᠢ ᠨᠢᠭᠡᠨᠲᠡ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠠᠵᠢᠯ ᠣᠯᠭᠤᠯᠲᠠ ᠶᠢᠨ ᠬᠠᠮᠤᠭ ᠤᠨ ᠶᠡᠭᠡ ᠪᠠᠭᠲᠠᠭᠠᠮᠵᠢᠲᠤ ᠠᠵᠢᠯ ᠲᠥᠷᠥᠯ ᠤᠨ ᠨᠢᠭᠡ ᠪᠣᠯᠵᠠᠢ᠃      ᠸᠧᠶ ᠬᠥᠸᠧ ᠨᠠᠨ ᠲᠠᠨᠢᠯᠴᠠᠭᠤᠯᠤᠭᠰᠠᠨ ᠨᠢ᠂ ᠪᠥᠲᠦᠭᠡᠨ ᠪᠠᠶᠢᠭᠤᠯᠤᠯᠲᠠ ᠪᠣᠯᠤᠨ ᠬᠥᠭᠵᠢᠯᠲᠡ ᠶᠢ ᠳᠠᠮᠵᠢᠭᠠᠳ᠂ ︽ᠡᠬᠡ ᠣᠷᠣᠨ ᠤ ᠠᠰ ᠤᠮᠠᠷᠠᠲᠤ ᠣᠷᠣᠨ᠂ ᠦᠵᠡᠮᠵᠢᠲᠦ ᠰᠠᠶᠢᠬᠠᠨ ᠥᠪᠥᠷ ᠮᠣᠩᠭᠤᠯ︾ ᠵᠢᠭᠤᠯᠴᠢᠯᠠᠯ ᠤᠨ ᠳᠦᠷᠢ ᠲᠥᠷᠬᠦ ᠶᠢᠨ ᠨᠡᠷᠡᠲᠦ ᠲᠥᠷᠥᠯ ᠲᠡᠮᠳᠡᠭᠲᠦ᠂ ︽ᠥᠪᠥᠷ ᠮᠣᠩᠭᠤᠯ ᠤᠨ ᠵᠢᠭᠤᠯᠴᠢᠯᠠᠯ᠂ ᠠᠪᠤᠨ ᠳᠣᠣᠷ᠎ᠠ ᠪᠠᠨ ᠠᠮᠵᠢᠯᠲᠠ ᠤᠯᠬᠤ︾ ᠵᠢᠭᠤᠯᠴᠢᠯᠠᠯ ᠤᠨ  ᠨᠡᠷᠡᠲᠦ ᠲᠥᠷᠥᠯ ᠲᠡᠮᠳᠡᠭᠲᠦ᠂ ︽ᠤᠮᠠᠷᠠᠲᠤ ᠬᠢᠯᠢ ᠶᠢᠨ ᠦᠵᠡᠮᠵᠢᠲᠦ ᠣᠷᠣᠨ︾ ᠵᠠᠮ ᠱᠤᠭᠤᠮ ᠤᠨ ᠨᠡᠷᠡᠲᠦ ᠲᠥᠷᠥᠯ ᠲᠡᠮᠳᠡᠭᠲᠦ᠂ ︽ᠡᠷᠬᠡ ᠴᠢᠯᠥᠭᠡᠲᠦ ᠥᠪᠥᠷ ᠮᠣᠩᠭᠤᠯ︾ ᠲᠡᠷᠭᠡ ᠠᠶᠠᠯᠠᠯ ᠤᠨ ᠨᠡᠷᠡᠲᠦ ᠲᠥᠷᠥᠯ ᠲᠡᠮᠳᠡᠭᠲᠦ ᠪᠣᠯᠤᠨ ︽ᠥᠪᠥᠷ ᠮᠣᠩᠭᠤᠯ ᠤᠨ ᠦᠵᠡᠰᠬᠦᠯᠡᠩ ᠤᠨ ᠳᠠᠭᠤᠤ ᠬᠥᠭᠵᠢᠮ︾ ᠵᠢᠭᠤᠯᠴᠢᠯᠠᠯ ᠤᠨ ᠲᠠᠸᠠᠷ ᠵᠡᠷᠭᠡ 5 ᠨᠡᠷᠡᠲᠦ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠪᠠ᠃ ᠲᠠᠯ᠎ᠠ ᠨᠤᠲᠤᠭ᠂ ᠡᠯᠡᠰᠦ ᠮᠠᠩᠬ᠎ᠠ᠂ ᠤᠢ ᠰᠢᠭᠤᠶ᠂ ᠨᠠᠭᠤᠷ ᠲᠣᠭᠤᠷᠢᠮ᠂ ᠴᠢᠭᠢᠭᠯᠢᠭ ᠭᠠᠵᠠᠷ᠂ ᠮᠥᠰᠥ ᠴᠠᠰᠤ᠂ ᠬᠠᠯᠠᠭᠤᠨ ᠷᠠᠰᠢᠶᠠᠨ᠂ ᠰᠣᠶᠣᠯ᠂ ᠬᠢᠯᠢ ᠶᠢᠨ ᠪᠣᠭᠤᠮᠲᠠ ᠪᠣᠯᠤᠨ ᠭᠠᠵᠠᠷ ᠤᠨ ᠭᠠᠳᠠᠷᠭᠤ ᠶᠢᠨ ᠭᠠᠶᠢᠬᠠᠮᠰᠢᠭᠲᠤ ᠦᠵᠡᠮᠵᠢ ᠵᠡᠷᠭᠡ ᠠᠷᠪᠠᠨ ᠶᠡᠭᠡ ᠦᠢᠯᠡᠳᠬᠦᠨ ᠬᠠᠮᠲᠤᠷᠠᠨ ︽ᠴᠡᠯᠡᠭᠡᠷ ᠲᠠᠯ᠎ᠠ ᠶᠢᠨ ᠤᠳᠤ ᠦᠶ᠎ᠡ ᠶᠢᠨ ᠲᠠᠯ᠎ᠠ ᠨᠤᠲᠤᠭ ᠤᠨ ᠪᠣᠯᠪᠠᠰᠤᠨ ᠤ ᠭᠤᠣᠯ ᠣᠷᠣᠨ ︵ᠬᠥᠬᠡᠬᠤᠲᠠ ᠪᠤᠭᠤᠲᠤ ᠤᠷᠳᠤᠰ ᠪᠠᠶᠠᠨᠨᠠᠭᠤᠷ︶︾ ︽ᠪᠡᠭᠡᠵᠢᠩ ᠲᠢᠶᠠᠨᠵᠢᠨ ᠡᠾᠧᠪᠸᠢ ᠶᠢᠨ ᠲᠣᠭᠤᠷᠢᠨ ᠳᠠᠬᠢ ᠲᠠᠯ᠎ᠠ ᠨᠤᠲᠤᠭ ᠤᠨ ᠵᠠᠩ ᠦᠢᠯᠡ ᠶᠢᠨ ᠵᠢᠭᠤᠯᠴᠢᠯᠠᠯ ᠤᠨ ᠣᠷᠣᠨ ︵ᠤᠯᠠᠭᠠᠨᠴᠠᠪ ᠰᠢᠯᠢ ᠶᠢᠨ ᠭᠤᠣᠯ ᠣᠯᠠᠭᠠᠨᠬᠠᠳᠠ ᠪᠣᠯᠣᠨ ᠡᠷᠢᠶᠡᠨ︶︾ ︽ᠶᠡᠭᠡ ᠬᠢᠩᠭᠠᠨ ᠳᠠᠪᠠᠭᠠᠨ ᠤ ᠠᠮᠢ ᠠᠬᠤᠶ ᠶᠢᠨ ᠵᠢᠭᠤᠯᠴᠢᠯᠠᠯ ᠤᠨ ᠣᠷᠣᠨ ︵ᠬᠥᠯᠥᠨ ᠪᠤᠶᠢᠷ᠂ ᠬᠢᠩᠭᠠᠨ ᠠᠶᠢᠮᠠᠭ᠂ ᠲᠦᠩᠯᠢᠶᠣᠤ᠂ ᠮᠠᠨᠵᠤᠤᠷ︶︾᠂ ︽ᠠᠯᠠᠱᠠ ᠶᠢᠨ ᠨᠢᠭᠤᠴᠠ ᠲᠥᠭᠡᠷᠡᠯᠲᠦ ᠪᠠᠷᠲᠠᠭ᠎ᠠ ᠰᠢᠨᠵᠢᠯᠡᠭᠡᠨ ᠤ ᠵᠢᠭᠤᠯᠴᠢᠯᠠᠯ ᠤᠨ ᠣᠷᠣᠨ ︵ᠦᠬᠠᠶ᠂ ᠠᠯᠠᠱᠠ︶ ︾ ᠵᠡᠷᠭᠡ ᠳᠥᠷᠪᠡᠨ ᠲᠣᠮᠣ ᠣᠷᠣᠨ ᠪᠦᠰᠡ ᠶᠢᠨ ᠨᠡᠷᠡᠲᠦ ᠲᠥᠷᠥᠯ ᠲᠡᠮᠳᠡᠭᠲᠦ ᠶᠢ ᠡᠭᠦᠳᠴᠦ᠂ ᠦᠨᠳᠦᠰᠦᠨ ᠳᠡᠭᠡᠨ ᠥᠪᠡᠷᠲᠡᠭᠡᠨ ᠵᠠᠰᠠᠬᠤ ᠣᠷᠣᠨ ᠤ ᠬᠢᠯᠢ ᠳᠣᠲᠣᠷᠠᠬᠢ ᠭᠠᠵᠠᠷ ᠪᠦᠬᠦᠨ ᠪᠤᠶᠤ ᠣᠯᠠᠩᠭᠢ ᠬᠡᠰᠡᠭ ᠠᠶᠢᠮᠠᠭ ᠬᠤᠳᠠ ᠶᠢ ᠨᠡᠪᠲᠡᠷᠡᠭᠰᠡᠨ ᠵᠢᠭᠤᠯᠴᠢᠯᠠᠯ ᠤᠨ ᠵᠠᠮ ᠱᠤᠭᠤᠮ ᠤᠨ ᠨᠢᠭᠡᠳᠦᠭᠡᠷ ᠳᠡᠰ ᠤᠨ ᠨᠡᠷᠡᠲᠦ ᠲᠥᠷᠥᠯ ᠲᠡᠮᠳᠡᠭᠲᠦ ᠵᠠᠮ ᠱᠤᠭᠤᠮ ᠪᠣᠯᠣᠨ ᠲᠥᠮᠡᠨ ᠭᠠᠵᠠᠷ ᠤᠨ ᠲᠠᠯ᠎ᠠ ᠨᠤᠲᠤᠭ ᠤᠨ ᠲᠩᠷᠢ ᠶᠢᠨ ᠵᠠᠮ ᠤᠨ ᠡᠯ᠎ᠡ ᠵᠠᠩᠭᠢᠶᠠᠰᠤ ᠳᠠᠬᠢ ᠡᠷᠭᠢᠨ ᠲᠣᠭᠤᠷᠢᠨ ᠤ ᠵᠣᠴᠢᠳ ᠢ ᠢᠷᠡᠭᠦᠯᠵᠦ᠂ ᠵᠣᠯᠭᠠᠯᠳᠤᠭᠤᠯᠬᠤ ᠭᠠᠵᠠᠷ ᠤᠨ ᠬᠤᠶᠠᠳᠤᠭᠠᠷ ᠳᠡᠰ ᠤᠨ ᠨᠡᠷᠡᠲᠦ ᠲᠥᠷᠥᠯ ᠲᠡᠮᠳᠡᠭᠲᠦ ᠵᠠᠮ ᠱᠤᠭᠤᠮ ᠵᠡᠷᠭᠡ ᠬᠤᠶᠠᠷ ᠱᠣᠭᠤᠮ ᠤᠨ ᠬᠤᠶᠠᠷ ᠳᠡᠰ ᠤᠨ ᠨᠡᠷᠡᠲᠦ ᠲᠥᠷᠥᠯ ᠲᠡᠮᠳᠡᠭᠲᠦ ᠶᠢᠨ ᠵᠠᠮ ᠱᠤᠭᠤᠮ ᠢ ᠨᠡᠬᠡᠬᠡᠨ ᠪᠠᠶᠢᠭᠤᠯᠪᠠ ᠭᠡᠵᠡᠢ᠃      ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 12 ᠠᠶᠢᠮᠠᠭ ᠬᠤᠳᠠ ᠶᠢᠨ ᠵᠢᠭᠤᠯᠴᠢᠯᠠᠯ ᠤᠨ ᠲᠣᠪᠴᠢᠶ᠎ᠠ᠂ ᠵᠢᠭᠤᠯᠴᠢᠯᠠᠯ ᠤᠨ ᠠᠵᠤ ᠠᠬᠤᠶᠢᠯᠠᠯ᠂ ᠵᠠᠭᠤᠴᠢᠯᠠᠭᠤᠷ᠂ ᠲᠣᠭᠯᠠᠭᠴᠢ ᠵᠡᠷᠭᠡ 167 ᠬᠥᠮᠦᠨ ᠵᠢᠭᠤᠯᠴᠢᠯᠠᠯ ᠤᠨ ᠠᠷᠠᠯᠵᠢᠶ᠎ᠡ ᠶᠢᠨ ᠴᠤᠭᠯᠠᠭᠠᠨ ᠤ ᠠᠵᠢᠯᠯᠠᠭ᠎ᠠ ᠳᠤ ᠣᠷᠣᠯᠴᠠᠪᠠ᠃ ᠡᠭᠦᠨ ᠤ ᠬᠠᠮᠲᠤ᠂ ᠮᠣᠩᠭᠤᠯ ᠤᠯᠤᠰ᠂ ᠣᠷᠣᠰ ᠤᠨ ᠵᠢᠭᠤᠯᠴᠢᠯᠠᠯ ᠤᠨ ᠦᠢᠯᠡᠰᠴᠢᠳ ᠤᠨ ᠬᠥᠮᠦᠰ ᠢ ᠴᠤ ᠤᠷᠢᠵᠤ ᠠᠷᠠᠯᠵᠢᠶ᠎ᠡ ᠶᠢᠨ ᠴᠤᠭᠯᠠᠭᠠᠨ ᠤ ᠠᠵᠢᠯᠯᠠᠭ᠎ᠠ ᠳᠤ ᠣᠷᠣᠯᠴᠠᠭᠤᠯᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号