11 ᠳ᠋ᠤᠭᠡᠷ ᠰᠠᠷ᠎ᠠ ᠶᠢᠨ 22 ᠤᠨ ᠡᠳᠦᠷ᠂ ᠪᠦᠬᠦ ᠣᠷᠣᠨ ᠤ ᠡᠯ᠎ᠡ ᠠᠶᠢᠮᠠᠭ ᠬᠤᠲᠠ ᠶᠢᠨ 15 ᠭᠠᠵᠠᠷ ᠤᠨ | ᠴᠢᠳᠠᠪᠤᠷᠢᠲᠠᠨ ᠤ ᠪᠠᠶᠢᠭᠤᠯᠤᠮᠵᠢ ᠠᠴᠠ 2015 ᠣᠨ ᠤ ᠥᠪᠥᠷ ᠮᠣᠩᠭᠤᠯ ᠤᠨ ᠳᠡᠭᠡᠳᠦ ᠰᠤᠷᠭᠠᠭᠤᠯᠢ | ᠲᠡᠭᠦᠰᠦᠭᠰᠡᠳ ᠲᠤ ᠠᠵᠢᠯ ᠣᠯᠭᠤᠬᠤ ᠦᠢᠯᠡᠴᠢᠯᠡᠭᠡᠨ ᠤ ᠭᠠᠷᠠᠭ ᠤᠨ ᠡᠭᠦᠯᠡᠨ ᠦᠢᠯᠡᠴᠢᠯᠡᠭᠡᠨ ᠤ ᠠᠵᠢᠯᠲᠠᠨ ᠡᠯᠰᠡᠬᠦ | ᠴᠤᠭᠯᠠᠭᠠᠨ ᠢ ᠬᠠᠮᠲᠤᠷᠠᠨ ᠡᠷᠬᠢᠯᠡᠪᠡ᠂ ᠡᠨᠡ ᠪᠣᠯ ᠥᠪᠥᠷ ᠮᠣᠩᠭᠤᠯ ᠠᠩᠬ᠎ᠠ ᠤᠳᠠᠭ᠎ᠠ ᠬᠡᠷᠡᠭᠯᠡᠭᠰᠡᠨ ᠡᠭᠦᠯᠡᠨ | ᠲᠠᠪᠴᠠᠩ ᠤᠨ ᠡᠮᠬᠢᠯᠡᠨ ᠨᠡᠶᠢᠯᠡᠭᠦᠯᠬᠦ ᠲᠤᠬᠠᠶ ᠶᠢᠨ ᠲᠠᠯᠠᠪᠠᠢ ᠶᠢᠨ ᠡᠯᠰᠡᠬᠦ ᠬᠤᠷᠠᠯ ᠪᠣᠯᠣᠨ᠎ᠠ᠃ ᠠᠵᠢᠯᠲᠠᠨ ᠡᠯᠰᠡᠬᠦ | ᠴᠤᠭᠯᠠᠭᠠᠨ ᠨᠢ ᠥᠪᠥᠷ ᠮᠣᠩᠭᠤᠯ ᠤᠨ ᠤᠶᠤᠨ ᠤᠬᠠᠭᠠᠨ ᠤ ᠠᠵᠢᠯ ᠣᠯᠭᠤᠬᠤ ᠡᠭᠦᠯᠡᠨ ᠦᠢᠯᠡᠴᠢᠯᠡᠭᠡᠨ ᠤ | ᠲᠠᠪᠴᠠᠩ ᠢᠶᠠᠷ ᠳᠠᠮᠵᠢᠭᠤᠯᠤᠨ᠂ ᠪᠦᠬᠦ ᠣᠷᠣᠨ ᠤ ᠬᠡᠪᠴᠢᠶᠡᠨ ᠳᠤ ᠨᠢᠭᠡᠳᠦᠯᠲᠡᠶ ᠴᠠᠭ᠂ ᠨᠢᠭᠡᠳᠦᠯᠲᠡᠶ ᠭᠤᠣᠯ ᠰᠡᠳᠦᠪ | ᠂ ᠨᠢᠭᠡᠳᠦᠯᠲᠡᠶ ᠨᠡᠷᠡᠶᠢᠳᠦᠯ᠂ ᠨᠢᠭᠡᠳᠦᠯᠲᠡᠶ ᠠᠭᠤᠯᠭ᠎ᠠ᠂ ᠨᠢᠭᠡᠳᠦᠯᠲᠡᠶ ᠳᠡᠰ ᠳᠠᠷᠠᠭᠠᠯᠠᠯ᠂ ᠨᠢᠭᠡᠳᠦᠯᠲᠡᠶ ᠪᠠᠷᠢᠮᠵᠢᠶ᠎ᠠ᠂ | ᠨᠢᠭᠡᠳᠦᠯᠲᠡᠶ ᠲᠠᠪᠴᠠᠩ᠂ ᠨᠢᠭᠡᠳᠦᠯᠲᠡᠶ ᠵᠣᠬᠢᠶᠠᠨ ᠪᠠᠶᠢᠭᠤᠯᠤᠯᠲᠠ ᠶᠢ ᠪᠡᠶᠡᠯᠡᠭᠦᠯᠪᠡ᠃ ᠠᠵᠢᠯ ᠡᠷᠢᠭᠰᠡᠳ ᠬᠤᠷᠠᠯ ᠤᠨ | ᠭᠤᠣᠯ ᠲᠠᠯᠠᠪᠠᠢ ᠪᠤᠶᠤ 14 ᠬᠤᠪᠢᠶᠠᠷᠢ ᠬᠤᠷᠠᠯ ᠤᠨ ᠲᠠᠯᠠᠪᠠᠢ ᠶᠢᠨ ᠳᠤᠷ᠎ᠠ ᠶᠢᠨ ᠨᠢᠭᠡ ᠳᠤᠨᠢ ᠣᠷᠣᠪᠠᠯ᠂ | ᠰᠦᠯᠵᠢᠶ᠎ᠡ ᠶᠢᠨ ᠲᠤᠭ᠎ᠠ ᠪᠠᠷᠢᠮᠲᠠ ᠪᠣᠯᠣᠨ ᠬᠠᠷᠠᠭᠠᠨ ᠳᠠᠪᠲᠠᠮᠵᠢ ᠪᠠᠷ ᠳᠠᠮᠵᠢᠨ᠂ ᠪᠥᠬᠦ ᠣᠷᠣᠨ ᠤ ᠡᠯ᠎ᠡ ᠬᠤᠪᠢᠶᠠᠷᠢ | ᠬᠤᠷᠠᠯ ᠤᠨ ᠲᠠᠯᠠᠪᠠᠢ ᠶᠢᠨ ᠠᠵᠢᠯᠲᠠᠨ ᠡᠯᠰᠡᠬᠦ ᠮᠡᠳᠡᠭᠡ ᠵᠠᠩᠭᠢ᠂ ᠬᠦᠷᠭᠡᠭᠰᠡᠨ ᠲᠣᠪᠴᠢ ᠨᠠᠮᠲᠠᠷ ᠢ ᠨᠢ ᠰᠦᠢᠳᠬᠡᠯ | ᠬᠤᠷᠢᠶᠠᠬᠤ ᠦᠭᠡᠢ ᠪᠠᠷ ᠪᠠᠶᠢᠴᠠᠭᠠᠨ ᠯᠠᠪᠯᠠᠬᠤ ᠪᠠ ᠦᠵᠡᠭᠦᠯᠦᠨ ᠵᠦᠪᠳᠡᠯᠴᠡᠵᠦ ᠪᠣᠯᠣᠨ᠎ᠠ᠃ ᠬᠥᠮᠦᠨ ᠬᠡᠷᠡᠭᠯᠡᠬᠦ | ᠨᠢᠭᠡᠴᠡ ᠨᠢ ᠭᠤᠣᠯ ᠲᠠᠯᠠᠪᠠᠢ ᠪᠤᠶᠤ 14 ᠬᠤᠪᠢᠶᠠᠷᠢ ᠬᠤᠷᠠᠯ ᠤᠨ ᠲᠠᠯᠠᠪᠠᠢ ᠶᠢᠨ ᠲᠤᠬᠠᠶ ᠶᠢᠨ ᠲᠠᠯᠠᠪᠠᠢ ᠠᠴᠠ | ᠢᠷᠡᠭᠦᠯᠦᠭᠰᠡᠨ ᠲᠣᠪᠴᠢ ᠨᠠᠮᠲᠠᠷ ᠢ ᠰᠢᠭᠤᠳ ᠣᠯᠵᠤ ᠠᠪᠴᠤ᠂ ᠰᠢᠯᠢᠳᠡᠭ ᠬᠥᠮᠦᠰ ᠢ ᠲᠤᠬᠠᠶ ᠶᠢᠨ ᠭᠠᠵᠠᠷ ᠲᠤᠨᠢ | ᠠᠯᠤᠰ ᠡᠵᠡᠮᠰᠢᠯ ᠢᠶᠠᠷ ᠦᠵᠡᠵᠦ ᠨᠢᠭᠤᠷᠲᠠᠨ ᠰᠢᠯᠭᠠᠵᠤ ᠪᠣᠯᠤᠨ᠎ᠠ᠃ ᠲᠤᠬᠠᠶ ᠶᠢᠨ ᠭᠠᠵᠠᠷ ᠲᠤᠨᠢ ᠣᠴᠢᠭ᠎ᠠ ᠦᠭᠡᠢ | ᠠᠵᠢᠯ ᠡᠷᠢᠭᠰᠡᠳ᠂ ᠥᠪᠥᠷ ᠮᠣᠩᠭᠤᠯ ᠤᠨ ᠴᠢᠳᠠᠪᠤᠷᠢᠲᠠᠨ ᠤ ᠰᠦᠯᠵᠢᠶ᠎ᠡ᠂ ᠥᠪᠥᠷ ᠮᠣᠩᠭᠤᠯ ᠤᠨ ᠬᠥᠳᠡᠯᠮᠦᠷᠢ | ᠦᠢᠯᠡᠴᠢᠯᠡᠭᠡᠨ ᠤ ᠰᠦᠯᠵᠢᠶ᠎ᠡ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶᠤᠲᠠᠳ ᠤᠨ | ᠰᠦᠯᠵᠢᠶᠡᠨ ᠳᠡᠭᠡᠷ᠎ᠡ ᠠᠵᠢᠯ ᠡᠷᠢᠬᠦ ᠬᠡᠳᠦ ᠳᠡᠯᠭᠡᠭᠦᠷ︾ ︽ᠴᠢᠳᠠᠪᠤᠷᠢᠲᠠᠨ ᠤ E ᠥᠷᠲᠡᠭᠡ︾ ᠲᠠᠪᠴᠠᠩ ᠵᠢᠴᠢ | ᠭᠠᠷ ᠤᠲᠠᠰᠤᠨ ᠤ ᠦᠵᠦᠭᠦᠷ ᠤᠨ ᠦᠢᠯᠡᠳᠬᠦᠨ ᠢᠶᠠᠷ ᠳᠠᠮᠵᠢᠭᠤᠯᠤᠨ ᠰᠦᠯᠵᠢᠶ᠎ᠡ ᠳᠡᠭᠡᠷᠡᠬᠢ ᠠᠵᠢᠯᠲᠠᠨ ᠡᠯᠰᠡᠬᠦ | ᠠᠵᠢᠯᠯᠠᠭ᠎ᠠ ᠳᠤ ᠣᠷᠣᠯᠴᠠᠵᠤ ᠪᠣᠯᠣᠨ᠎ᠠ᠃ ᠣᠶᠢᠯᠠᠭᠠᠭᠰᠠᠨ ᠢᠶᠠᠷ᠂ ᠲᠤᠰ ᠤᠳᠠᠭᠠᠨ ᠤ ᠠᠵᠢᠯᠲᠠᠨ ᠡᠯᠰᠡᠬᠦ | ᠴᠤᠭᠯᠠᠭᠠᠨ ᠪᠦᠬᠦ ᠣᠷᠣᠨ ᠳᠤ ᠨᠡᠶᠢᠳᠡ 603 ᠬᠥᠮᠦᠨ ᠬᠡᠷᠡᠭᠯᠡᠬᠦ ᠨᠢᠭᠡᠴᠡ ᠶᠢ ᠵᠣᠬᠢᠶᠠᠨ ᠪᠠᠶᠢᠭᠤᠯᠵᠤ᠂1.47 | ᠲᠥᠮᠡᠨ ᠠᠵᠢᠯ ᠤᠨ ᠪᠠᠶᠢᠷᠢ ᠬᠠᠨᠭ᠍ᠭᠠᠪᠠ᠃ |