ᠣᠬᠤᠷ ᠳᠣᠯᠭᠢᠶᠠᠨ ᠤ ᠬᠤᠩᠭᠢᠯ ᠪᠠ ᠭᠠᠵᠠᠷ ᠤᠨ ᠭᠠᠳᠠᠷᠭᠤ ᠶᠢᠨ ᠲᠣᠩᠭᠤᠷᠠᠭᠤ ᠬᠤᠩᠭᠢᠯ ᠤᠨ ᠬᠠᠮᠲᠤ ᠶᠢᠨ | ᠨᠥᠯᠥᠭᠡ ᠪᠠᠷ᠂ 21 ᠤ ᠡᠳᠦᠷ ᠠᠴᠠ 26 ᠤ ᠡᠳᠦᠷ ᠪᠣᠯᠲᠠᠯ᠎ᠠ ᠮᠠᠨ ᠤ ᠣᠷᠣᠨ ᠤ ᠪᠠᠷᠠᠭᠤᠨ ᠬᠡᠰᠡᠭ᠂ ᠳᠤᠮᠳᠠ | ᠬᠡᠰᠡᠭ ᠪᠠ ᠵᠡᠭᠦᠨ ᠡᠮᠦᠨ᠎ᠡ ᠬᠡᠰᠡᠭ ᠤᠨ ᠭᠠᠵᠠᠷ ᠣᠷᠣᠨ ᠳᠤ ᠴᠠᠰᠤ ᠪᠣᠷᠣᠭᠠᠨ ᠣᠷᠣᠨ᠎ᠠ᠃ ᠴᠠᠰᠤ ᠪᠣᠷᠣᠭᠠᠨ ᠲᠠᠢ | ᠣᠷᠣᠨ ᠳᠤ ᠳᠣᠣᠷ᠎ᠠ ᠦᠵᠡᠭᠳᠡᠴᠡ ᠳᠠᠭᠠᠯᠳᠤᠵᠤ᠂ 23 ᠤ ᠡᠳᠦᠷ ᠠᠴᠠ ᠡᠬᠢᠯᠡᠨ ᠳᠤᠮᠳᠠ ᠪᠠᠷᠠᠭᠤᠨ ᠬᠡᠰᠡᠭ ᠲᠤ | ᠨᠡᠯᠢᠶᠡᠳ ᠴᠢᠩᠭ᠎ᠠ ᠬᠦᠢᠲᠡᠨ ᠠᠭᠤᠷ ᠠᠮᠢᠰᠬᠤᠯ ᠢᠷᠡᠵᠦ ᠲᠡᠭᠷᠢ ᠬᠦᠢᠲᠡᠷᠡᠨ᠎ᠡ᠃ | 21 ᠤ ᠡᠳᠦᠷ ᠤᠨ 08 ᠴᠠᠭ ᠠᠴᠠ 23 ᠤ ᠡᠳᠦᠷ ᠤᠨ 20 ᠴᠠᠭ ᠪᠣᠯᠲᠠᠯ᠎ᠠ᠄ ᠠᠯᠠᠱᠠ ᠠᠶᠢᠮᠠᠭ ᠤᠨ | ᠡᠮᠦᠨ᠎ᠡ ᠬᠡᠰᠡᠭ᠂ ᠦᠬᠠᠶ ᠬᠤᠳᠠ᠂ ᠪᠠᠶᠠᠨᠨᠠᠭᠤᠷ ᠬᠤᠳᠠ ᠶᠢᠨ ᠡᠮᠦᠨ᠎ᠡ ᠬᠡᠰᠡᠭ᠂ ᠤᠷᠳᠤᠰ ᠬᠤᠳᠠ᠂ | ᠬᠥᠬᠡᠬᠤᠲᠠ ᠶᠢᠨ ᠡᠮᠦᠨ᠎ᠡ ᠬᠡᠰᠡᠭ ᠲᠤ ᠪᠠᠭ᠎ᠠ ᠪᠣᠷᠣᠭᠠᠨ ᠪᠤᠶᠤ ᠴᠠᠰᠤ ᠪᠣᠷᠤᠭ᠎ᠠ ᠬᠤᠯᠢᠯᠳᠤᠨ ᠣᠷᠣᠵᠤ᠂ | ᠲᠤᠨᠳᠠᠰᠤᠨ ᠤ ᠬᠡᠮᠵᠢᠶ᠎ᠡ ᠨᠢ 0.1 ~ 9.9mm ᠲᠤ ᠬᠦᠷᠪᠡ᠂ ᠠᠯᠠᠱᠠ ᠠᠶᠢᠮᠠᠭ ᠤᠨ ᠵᠡᠭᠦᠨ ᠬᠡᠰᠡᠭ᠂ | ᠪᠠᠶᠠᠨᠨᠠᠭᠤᠷ ᠬᠤᠲᠠ ᠶᠢᠨ ᠬᠤᠶᠢᠲᠤ ᠬᠡᠰᠡᠭ᠂ ᠪᠤᠭᠤᠲᠤ ᠬᠤᠳᠠ᠂ ᠤᠯᠠᠭᠠᠨᠴᠠᠪ ᠬᠤᠳᠠ᠂ ᠰᠢᠯᠢ ᠶᠢᠨ ᠭᠤᠣᠯ | ᠠᠶᠢᠮᠠᠭ᠂ ᠤᠯᠠᠭᠠᠨᠬᠠᠳᠠ ᠬᠤᠳᠠ᠂ ᠲᠦᠩᠯᠢᠶᠣᠤ ᠬᠤᠳᠠ ᠳᠤ ᠴᠠᠰᠤ ᠪᠤᠶᠤ ᠴᠠᠰᠤ ᠪᠣᠷᠣᠭᠠᠨ ᠬᠤᠯᠢᠯᠳᠤᠨ ᠣᠷᠣᠵᠤ | ᠂ 0 .1 ~ 2.4mm ᠴᠠᠰᠤ ᠪᠠᠭᠤᠪᠠ︔ ᠡᠭᠦᠨ ᠳᠤ ᠬᠥᠬᠡᠬᠤᠲᠠ ᠶᠢᠨ ᠬᠤᠶᠢᠲᠤ ᠬᠡᠰᠡᠭ᠂ ᠤᠯᠠᠭᠠᠨᠴᠠᠪ | ᠬᠤᠳᠠ ᠶᠢᠨ ᠡᠮᠦᠨ᠎ᠡ ᠬᠡᠰᠡᠭ᠂ ᠰᠢᠯᠢ ᠶᠢᠨ ᠭᠤᠣᠯ ᠠᠶᠢᠮᠠᠭ ᠤᠨ ᠶᠡᠬᠡᠩᠬᠢ ᠬᠡᠰᠡᠭ᠂ ᠤᠯᠠᠭᠠᠨᠬᠠᠳᠠ ᠬᠤᠳᠠ᠂ | ᠲᠦᠩᠯᠢᠶᠣᠤ ᠬᠤᠳᠠ ᠳᠤ ᠳᠤᠮᠳᠠ ᠵᠡᠷᠭᠡ ᠶᠢᠨ ᠴᠠᠰᠤ ᠣᠷᠣᠵᠤ᠂ 24 ~ 4.9mm ᠴᠠᠰᠤ ᠪᠠᠭᠤᠪᠠ᠂ | ᠤᠯᠠᠭᠠᠨᠴᠠᠪ ᠬᠤᠳᠠ ᠶᠢᠨ ᠵᠡᠭᠦᠨ ᠬᠤᠶᠢᠲᠤ ᠬᠡᠰᠡᠭ᠂ ᠰᠢᠯᠢ ᠶᠢᠨ ᠭᠤᠣᠯ ᠠᠶᠢᠮᠠᠭ ᠤᠨ ᠳᠤᠮᠳᠠ ᠬᠡᠰᠡᠭ ᠪᠣᠯᠤᠨ | ᠡᠮᠦᠨ᠎ᠡ ᠬᠡᠰᠡᠭ᠂ ᠤᠯᠠᠭᠠᠨᠬᠠᠳᠠ ᠬᠤᠲᠠ ᠶᠢᠨ ᠳᠤᠮᠳᠠ ᠬᠡᠰᠡᠭ ᠪᠣᠯᠤᠨ ᠡᠮᠦᠨ᠎ᠡ ᠬᠡᠰᠡᠭ᠂ ᠲᠦᠩᠯᠢᠶᠣᠤ ᠬᠤᠳᠠ ᠶᠢᠨ | ᠡᠮᠦᠨ᠎ᠡ ᠬᠡᠰᠡᠭ ᠲᠤ ᠶᠡᠭᠡ ᠴᠠᠰᠤ ᠣᠷᠣᠵᠤ᠂ 5.0 ~ 9.9mm ᠴᠠᠰᠤ ᠪᠠᠭᠤᠪᠠ᠂ ᠰᠢᠯᠢ ᠶᠢᠨ ᠭᠤᠣᠯ | ᠠᠶᠢᠮᠠᠭ ᠤᠨ ᠡᠮᠦᠨ᠎ᠡ ᠬᠡᠰᠡᠭ᠂ ᠤᠯᠠᠭᠠᠨᠬᠠᠳᠠ ᠬᠤᠲᠠ ᠶᠢᠨ ᠪᠠᠷᠠᠭᠤᠨ ᠡᠮᠦᠨ᠎ᠡ ᠬᠡᠰᠡᠭ ᠲᠤ ᠶᠡᠭᠡ ᠴᠠᠰᠤ ᠣᠷᠣᠵᠤ᠂ | 10.0mm ᠴᠠᠰᠤ ᠪᠠᠭᠤᠵᠤ᠂ ᠬᠠᠮᠤᠭ ᠭᠦᠨ ᠨᠢ 10 ~ 20cm ᠳᠤ ᠬᠦᠷᠪᠡ᠃ | 23 ᠤ ᠡᠳᠦᠷ ᠤᠨ 08 ᠴᠠᠭ ᠠᠴᠠ 26 ᠤ ᠡᠳᠦᠷ ᠤᠨ 08 ᠴᠠᠭ ᠪᠣᠯᠲᠠᠯ᠎ᠠ᠄ ᠪᠦᠬᠦ ᠣᠷᠣᠨ ᠤ ᠶᠡᠬᠡᠩᠬᠢ | ᠬᠡᠰᠡᠭ ᠭᠠᠵᠠᠷ ᠣᠷᠣᠨ ᠳᠤ ᠡᠭᠦᠯᠡᠷᠬᠡᠭ ᠪᠠᠶᠢᠭᠰᠠᠨ ᠠᠴᠠ ᠲᠤᠩᠭᠠᠯᠠᠭᠰᠢᠵᠤ᠂ ᠰᠠᠯᠬᠢᠨ ᠤ ᠬᠦᠴᠦ ᠠᠭᠠᠵᠢᠮ ᠢᠶᠠᠷ | ᠶᠡᠬᠡᠰᠴᠦ᠂ ᠪᠠᠷᠠᠭᠤᠨ ᠬᠤᠶᠢᠨ᠎ᠠ ᠠᠴᠠ 4᠂ 5 ᠳᠡᠰ ᠤᠨ ᠰᠠᠯᠬᠢᠨ ᠲᠠᠢ᠂ ᠪᠠᠷᠠᠭᠤᠨ ᠬᠡᠰᠡᠭ ᠤᠨ ᠭᠠᠵᠠᠷ ᠣᠷᠣᠨ ᠤ | ᠬᠤᠶᠢᠭᠤᠷ ᠪᠣᠯᠤᠨ ᠳᠤᠮᠳᠠ ᠵᠡᠭᠦᠨ ᠬᠡᠰᠡᠭ ᠲᠤ ᠬᠡᠰᠡᠭ ᠲᠡᠭᠡᠨ 5᠂ 6 ᠳᠡᠰ ᠤᠨ ᠰᠠᠯᠬᠢ ᠲᠠᠢ᠃ ᠤᠯᠠᠭᠠᠨᠴᠠᠪ | ᠬᠤᠲᠠ ᠶᠢᠨ ᠬᠤᠶᠢᠲᠤ ᠬᠡᠰᠡᠭ᠂ ᠰᠢᠯᠢ ᠶᠢᠨ ᠭᠤᠣᠯ ᠠᠶᠢᠮᠠᠭ ᠤᠨ ᠬᠡᠰᠡᠭ ᠭᠠᠵᠠᠷ ᠣᠷᠣᠨ ᠳᠤ ᠰᠢᠭᠤᠷᠭ᠎ᠠ ᠲᠠᠢ᠃ | ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠳᠤ 4 ᠠᠴᠠ 6 ᠭᠷᠡᠳᠦ᠋ᠰ ᠬᠦᠢᠲᠡᠷᠡᠵᠦ᠂ ᠡᠭᠦᠨ ᠳᠤ ᠪᠣᠷᠣᠲᠣᠬᠤᠶ | ᠵᠢᠴᠢ ᠳᠤᠮᠳᠠ ᠬᠡᠰᠡᠭ ᠤᠨ ᠡᠮᠦᠨ᠎ᠡ ᠵᠠᠬ᠎ᠠ ᠶᠢᠨ ᠭᠠᠵᠠᠷ ᠣᠷᠣᠨ ᠳᠤ 6 ᠠᠴᠠ 8 ᠭᠷᠡᠳᠦ᠋ᠰ ᠬᠦᠢᠲᠡᠷᠡᠵᠦ᠂ ᠬᠡᠰᠡᠭ | ᠭᠠᠵᠠᠷ ᠣᠷᠣᠨ ᠳᠤ 8 ᠭᠷᠠᠳᠦ᠋ᠰ ᠠᠴᠠ ᠳᠡᠭᠡᠭᠰᠢ ᠬᠦᠢᠲᠡᠷᠡᠵᠦ᠂ ᠵᠢᠱᠢᠯᠲᠡ ᠪᠠᠷ 25 ᠤ ᠡᠳᠦᠷ ᠪᠣᠯᠤᠨ 26 ᠤ | ᠡᠳᠦᠷ ᠤᠨ ᠥᠷᠯᠥᠭᠡᠭᠦᠷ ᠲᠡᠭ ᠠᠴᠠ ᠳᠣᠷᠣᠭᠰᠢ — 20 ᠭᠷᠠᠳᠦ᠋ᠰ ᠬᠦᠢᠲᠡᠷᠡᠨ᠎ᠡ᠃ | ᠤᠯᠠᠨ ᠨᠡᠶᠢᠲᠡ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠷᠭᠠᠴᠠᠬᠤ ᠠᠵᠢᠯ ᠪᠠᠨ ᠰᠠᠶᠢᠲᠤᠷ | ᠬᠢᠵᠦ᠂ ᠢᠯᠠᠩᠭᠤᠶ᠎ᠠ ᠮᠠᠯᠵᠢᠬᠤ ᠣᠷᠣᠨ ᠪᠣᠯᠤᠨ ᠪᠡᠯᠡᠳᠭᠡᠮᠵᠢᠳᠤ ᠲᠠᠷᠢᠶᠠᠯᠠᠩ᠂ ᠵᠠᠮ ᠲᠡᠭᠡᠭᠡᠪᠦᠷᠢ ᠵᠡᠷᠭᠡ ᠰᠠᠯᠠᠭ᠎ᠠ | ᠮᠥᠴᠢᠷ ᠤᠳ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠴᠠᠰᠤ ᠪᠣᠷᠣᠭᠠᠨ ᠠᠴᠠ ᠪᠣᠯᠤᠭᠰᠠᠨ ᠠᠰᠢᠭ ᠦᠭᠡᠢ | ᠨᠥᠯᠥᠭᠡ ᠶᠢ ᠠᠷᠭᠠᠴᠠᠵᠤ᠂ ᠴᠢᠭᠯᠡᠭᠦᠯᠬᠦ ᠴᠢᠨᠠᠷᠲᠠᠶ ᠤᠷᠢᠳᠴᠢᠯᠠᠨ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ | |