ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠦᠪᠳᠡᠭᠴᠢᠳ ᠤᠨ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠤᠷᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2015/11/24
     2015 ᠣᠨ ᠤ11 ᠳ᠋ᠦ᠋ᠭᠡᠷ ᠰᠠᠷ᠎ᠠ ᠶᠢᠨ17 —18᠎ ᠤ ᠡᠳᠦᠷ᠂ ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠦᠪᠳᠡᠭᠴᠢ ᠯᠢᠦ ᠲᠢᠶᠠᠨ ᠮᠢᠨ ᠵᠡᠷᠭᠡ 6 ᠬᠦᠮᠦᠨ᠂ ᠡᠯᠡᠰᠦ ᠵᠠᠰᠠᠬᠤ ᠪᠠ ᠡᠯᠡᠰᠦᠨ ᠤ ᠠᠵᠤ ᠦᠢᠯᠡᠰ ᠵᠡᠷᠭᠡ ᠠᠰᠠᠭᠤᠳᠠᠯ ᠤᠨ ᠲᠠᠯ᠎ᠠ ᠪᠠᠷ ᠮᠠᠨ ᠤ ᠤᠷᠤᠨ ᠎ ᠳᠤ ᠢᠷᠡᠵᠦ ᠪᠠᠶᠢᠴᠠᠭᠠᠨ ᠰᠣᠳᠤᠯᠤᠯᠲᠠ ᠬᠢᠪᠡ᠃ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ︵ᠵᠦᠪᠳᠡᠭᠴᠢ ᠶᠢᠨ ᠭᠡᠷ︶᠎ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠲᠣᠭᠤᠷᠢᠨ ᠪᠠᠶᠢᠴᠠᠭᠠᠭᠴᠢ ᠸᠠᠩ ᠬᠠᠢ ᠪᠢᠨ ᠠᠴᠠ ᠪᠠᠶᠢᠴᠠᠭᠠᠨ ᠰᠤᠳᠤᠯᠬᠤ ᠳᠤᠭᠤᠶᠢᠯᠠᠩ ᠳᠤ ᠦᠪᠡᠷᠲᠡᠭᠡᠨ ᠵᠠᠰᠠᠬᠤ ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠪᠠᠶᠢᠳᠠᠯ ᠢ ᠲᠠᠨᠢᠯᠴᠠᠭᠤᠯᠵᠤ᠂ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠰᠣᠳᠤᠯᠬᠤ ᠭᠡᠷ ︵ᠵᠦᠪᠳᠡᠭᠴᠢ ᠶᠢᠨ ᠭᠡᠷ︶᠎ ᠤᠨ ᠲᠠᠷᠢᠶᠠᠯᠠᠩ ᠮᠠᠯ ᠠᠵᠤ ᠠᠬᠤᠢ ᠶᠢᠨ ᠭᠠᠵᠠᠷ ᠤᠨ ᠳᠠᠷᠤᠭ᠎ᠠ ᠯᠢ ᠵᠢᠶᠠᠨ᠂ ᠦᠪᠡᠷᠲᠡᠭᠡᠨ ᠵᠠᠰᠠᠬᠤ ᠤᠷᠤᠨ ᠤ ᠤᠢ ᠰᠢᠭᠤᠶ ᠶᠢᠨ ᠲᠢᠩᠬᠢᠮ ᠤᠨ ᠠᠵᠤ ᠦᠢᠯᠡᠰᠵᠢᠯᠲᠡ ᠶᠢᠨ ᠭᠠᠵᠠᠷ ᠤᠨ ᠬᠠᠨ ᠶᠢᠩ ᠠᠴᠠ ᠪᠠᠶᠢᠴᠠᠭᠠᠨ ᠰᠤᠳᠤᠯᠬᠤ ᠳᠤᠭᠤᠶᠢᠯᠠᠩ ᠳᠤ ᠮᠠᠨ ᠤ ᠤᠷᠤᠨ ᠤ ᠡᠯᠡᠰᠦ ᠵᠠᠰᠠᠬᠤ ᠪᠠ ᠡᠯᠡᠰᠦᠨ ᠠᠵᠤ ᠦᠢᠯᠡᠰ ᠤᠨ ᠬᠦᠭᠵᠢᠯᠲᠡ ᠶᠢᠨ ᠪᠠᠶᠢᠳᠠᠯ ᠢ ᠲᠠᠨᠢᠯᠴᠠᠭᠤᠯᠪᠠ᠃ ᠪᠠᠶᠢᠴᠠᠭᠠᠨ ᠰᠣᠳᠤᠯᠬᠤ ᠳᠤᠭᠤᠶᠢᠯᠠᠩ ᠤᠨ ᠬᠢᠨ ᠮᠠᠨ ᠤ ᠤᠷᠤᠨ ᠤ ᠡᠯᠡᠰᠦ ᠵᠠᠰᠠᠬᠤ ᠪᠠ ᠡᠯᠡᠰᠦᠨ ᠤ ᠠᠵᠤ ᠦᠢᠯᠡᠰ ᠤᠨ ᠬᠦᠭᠵᠢᠯᠲᠡ ᠶᠢᠨ ᠰᠡᠳᠭᠢᠮᠵᠢ᠂ ᠠᠷᠭ᠎ᠠ ᠬᠡᠮᠵᠢᠶ᠎ᠡ ᠵᠢᠴᠢ ᠣᠯᠤᠭᠰᠠᠨ ᠠᠮᠵᠢᠯᠲᠠ ᠶᠢ ᠶᠡᠬᠡᠳᠡ ᠮᠠᠭᠲᠠᠨ ᠪᠢᠰᠢᠷᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号