17 ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠮᠣᠩᠭᠤᠯ ᠬᠡᠯᠡ ᠪᠢᠴᠢᠭ ᠤᠨ ᠮᠡᠳᠡᠭᠡ ᠵᠠᠩᠭᠢᠵᠢᠯᠲᠠ ᠶᠢᠨ ᠡᠭᠦᠯᠡᠨ ᠰᠠᠭᠤᠷᠢᠨ ᠭᠠᠵᠠᠷ ᠲᠤ ᠰᠠᠭᠠᠲᠠᠪᠠ  ᠯᠢᠦ ᠰᠢᠨ ᠯᠧ ᠡᠬᠢᠯᠡᠭᠦᠯᠬᠦ ᠶᠤᠰᠤᠯᠠᠯ ᠎ ᠳᠤ ᠤᠷᠤᠯᠴᠠᠪᠠ
ᠨᠡᠶᠢᠲᠡᠯᠡᠭᠰᠡᠨ ᠴᠠᠭ᠄
2015/11/24
     11 ᠳ᠋ᠦ᠋ᠭᠡᠷ ᠰᠠᠷ᠎ᠠ ᠶᠢᠨ 23᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠪᠠ ᠳᠤᠮᠳᠠᠳᠤ ᠤᠯᠤᠰ ᠤᠨ ᠴᠠᠬᠢᠯᠭᠠᠨ ᠬᠤᠯᠪᠤᠭ᠎ᠠ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠬᠠᠮᠲᠤᠷᠠᠨ ᠡᠷᠭᠢᠯᠡᠭᠰᠡᠨ ᠮᠣᠩᠭᠤᠯ ᠬᠡᠯᠡ ᠪᠢᠴᠢᠭ ᠤᠨ ᠮᠡᠳᠡᠭᠡ ᠵᠠᠩᠭᠢᠵᠢᠯᠲᠠ ᠶᠢᠨ ᠡᠭᠦᠯᠡᠨ ᠰᠠᠭᠤᠷᠢᠨ ᠭᠠᠵᠠᠷ ᠲᠤ ᠰᠠᠭᠠᠲᠤᠬᠤ ᠵᠢᠴᠢ ᠮᠣᠩᠭᠤᠯ ᠬᠡᠯᠡᠨ ᠤ  ᠤᠶᠤᠨᠲᠤ ᠭᠠᠷ ᠤᠲᠠᠰᠤᠨ ᠤ ᠠᠵᠢᠯᠯᠠᠭ᠎ᠠ ᠶᠢᠨ ᠰᠢᠰᠲ᠋ᠧᠮ ᠢ ᠳᠡᠯᠭᠡᠷᠡᠭᠦᠯᠦᠨ ᠬᠡᠷᠡᠭᠯᠡᠬᠦ ᠠᠵᠢᠯ ᠢ ᠡᠬᠢᠯᠡᠭᠦᠯᠬᠦ ᠶᠣᠰᠣᠯᠠᠯ ᠬᠥᠬᠡᠬᠤᠲᠠ ᠳᠤ ᠶᠠᠪᠤᠭᠳᠠᠪᠠ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢᠦ ᠰᠢᠨ ᠯᠧ ᠡᠬᠢᠯᠡᠭᠦᠯᠬᠦ ᠶᠣᠰᠣᠯᠠᠯ ᠳᠤ ᠣᠷᠣᠯᠴᠠᠪᠠ᠃      ᠮᠣᠩᠭᠤᠯ ᠬᠡᠯᠡ ᠪᠢᠴᠢᠭ ᠤᠨ ᠮᠡᠳᠡᠭᠡ ᠵᠠᠩᠭᠢᠵᠢᠯᠲᠠ ᠶᠢᠨ ᠡᠭᠦᠯᠡᠨ ᠰᠠᠭᠤᠷᠢᠨ ᠭᠠᠵᠠᠷ ᠢ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠪᠤᠯᠤᠨ ᠳᠤᠮᠳᠠᠳᠤ ᠤᠯᠤᠰ ᠤᠨ ᠴᠠᠬᠢᠯᠭᠠᠨ ᠬᠤᠯᠪᠣᠭ᠎ᠠ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠬᠠᠮᠲᠤ ᠪᠠᠷ ᠲᠦᠯᠦᠪᠵᠢᠭᠦᠯᠦᠨ ᠪᠥᠳᠥᠭᠡᠨ ᠪᠠᠶᠢᠭᠤᠯᠪᠠ᠂ ᠭᠤᠣᠯ ᠦᠢᠯᠡᠳᠦᠯ ᠨᠢ ᠰᠢᠯᠵᠢᠮᠡᠯ ᠢᠨᠲ᠋ᠧᠷ ᠰᠦᠯᠵᠢᠶ᠎ᠡ᠂ ᠡᠭᠦᠯᠡᠨ ᠪᠣᠳᠣᠯᠳᠠ᠂ ᠲᠣᠮᠣ ᠳ᠋ᠠᠶᠢᠲ᠋ᠠ ᠵᠡᠷᠭᠡ ᠲᠡᠷᠢᠭᠦᠨ ᠤ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ᠂ ᠮᠣᠩᠭᠤᠯ ᠦᠭᠡ ᠬᠡᠯᠡ ᠥᠰᠥᠭ ᠪᠢᠴᠢᠭ ᠤᠨ ᠮᠡᠳᠡᠭᠡ  ᠵᠠᠩᠭᠢᠵᠢᠯᠲᠠ ᠶᠢ ᠰᠤᠳᠤᠯᠤᠨ ᠨᠡᠭᠡᠭᠡᠬᠦ᠂ ᠳᠡᠯᠭᠡᠷᠡᠭᠦᠯᠦᠨ ᠬᠡᠷᠡᠭᠯᠡᠬᠦ᠂ ᠡᠬᠢ ᠪᠠᠶᠠᠯᠢᠭ ᠢ ᠬᠠᠮᠲᠤᠪᠠᠷ ᠡᠳ᠋ᠯᠡᠬᠦ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠢᠨᠲ᠋ᠧᠷ ᠰᠦᠯᠵᠢᠶ᠎ᠡ +︾ ᠠᠵᠢᠯᠯᠠᠭᠠᠨ ᠤ ᠲᠥᠰᠦᠯ ᠢ  ᠨᠠᠶᠢᠳᠠᠪᠤᠷᠢᠵᠢᠭᠤᠯᠬᠤ ᠶᠠᠪᠤᠳᠠᠯ ᠪᠤᠯᠤᠨ᠎ᠠ᠃ ᠣᠳᠣᠬᠠᠨ ᠳᠤ᠂ ᠮᠣᠩᠭᠤᠯ ᠬᠡᠯᠡ ᠪᠢᠴᠢᠭ ᠤᠨ ᠮᠡᠳᠡᠭᠡ ᠵᠠᠩᠭᠢᠵᠢᠯᠲᠠ ᠶᠢᠨ ᠡᠭᠦᠯᠡᠨ ᠰᠠᠭᠤᠷᠢᠨ ᠭᠠᠵᠠᠷ ᠨᠢᠭᠡᠨᠲᠡ ᠡᠬᠢᠨ ᠤ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠴᠢᠨᠠᠷ ᠰᠠᠶᠢᠲᠠᠢ ᠡᠭᠦᠯᠡᠨ ᠪᠣᠳᠣᠯᠲᠠ ᠶᠢᠨ ᠦᠢᠯᠡᠴᠢᠯᠡᠭᠡᠨ ᠤ ᠬᠠᠩᠭᠠᠬᠤ ᠴᠢᠳᠠᠪᠤᠷᠢ ᠶᠢ ᠪᠦᠷᠢᠯᠳᠦᠭᠦᠯᠵᠤ᠂ 17 ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠤᠷᠤᠵᠤ ᠰᠠᠭᠠᠲᠤᠵᠡᠢ᠃      ᠡᠨᠡ ᠵᠢᠯ ᠤᠨ 9 ᠳ᠋ᠦ᠋ᠭᠡᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ  ᠪᠠᠷᠢᠮᠵᠢᠶᠠᠵᠢᠭᠤᠯᠤᠭᠰᠠᠨ ᠨᠤᠮᠧᠷᠲᠤ ᠮᠣᠩᠭᠤᠯ ᠬᠡᠯᠡᠨ ᠤ ᠭᠠᠷ ᠤᠲᠠᠰᠤᠨ ᠤ ᠠᠵᠢᠯᠯᠠᠭᠠᠨ ᠤ ᠰᠢᠰᠲ᠋ᠧᠮ ᠢ ᠰᠤᠳᠤᠯᠤᠨ ᠨᠡᠭᠡᠭᠡᠪᠡ᠂ ᠲᠡᠷᠡ ᠨᠢ ᠮᠣᠩᠭᠤᠯ ᠪᠢᠴᠢᠭ ᠤᠨ ᠵᠡᠭᠦᠨ ᠠᠴᠠ ᠪᠠᠷᠠᠭᠤᠨᠰᠢ᠂ ᠳᠡᠭᠡᠷ᠎ᠡ ᠠᠴᠠ ᠳᠣᠷᠣᠭᠰᠢ ᠪᠢᠴᠢᠬᠦ ᠤᠯᠠᠮᠵᠢᠯᠠᠯᠲᠤ ᠤᠩᠰᠢᠵᠤ ᠪᠢᠴᠢᠬᠦ ᠵᠠᠩᠰᠢᠯ ᠳᠤ ᠪᠦᠷᠢᠮᠦᠰᠦᠨ ᠨᠡᠶᠢᠴᠡᠵᠦ᠂ ᠪᠦᠬᠦ ᠨᠢᠭᠤᠷ ᠭᠠᠳᠠᠷᠭᠤ ᠲᠤ ᠮᠣᠩᠭᠤᠯ ᠬᠡᠯᠡᠨ ᠤ ᠲᠣᠪᠶᠤᠭ᠂ ᠮᠣᠩᠭᠤᠯ ᠦᠰᠦᠭ ᠣᠷᠣᠭᠤᠯᠬᠤ ᠠᠷᠭ᠎ᠠ ᠶᠢ ᠪᠡᠶᠡᠯᠡᠭᠦᠯᠵᠦ᠂ ᠡᠭᠦᠨ ᠤ ᠬᠠᠮᠲᠤ ᠤᠷᠠᠨ ᠨᠠᠷᠢᠯᠢᠭ ᠮᠣᠩᠭᠤᠯ ᠬᠡᠯᠡᠨ ᠤ ᠰᠢᠯᠵᠢᠮᠡᠯ ᠢᠨᠲ᠋ᠧᠷ ᠰᠦᠯᠵᠢᠶᠡᠨ ᠤ ᠠᠭᠤᠯᠭ᠎ᠠ ᠶᠢ ᠰᠢᠭᠡᠳᠬᠡᠨ ᠤᠷᠤᠭᠤᠯᠪᠠ᠃ ᠳᠤᠮᠳᠠᠳᠤ ᠤᠯᠤᠰ ᠤᠨ ᠴᠠᠬᠢᠯᠭᠠᠨ ᠬᠤᠯᠪᠣᠭ᠎ᠠ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠴᠢᠮᠡᠭᠡ ᠨᠡᠪᠲᠡᠷᠡᠯᠭᠡ ᠶᠢᠨ ᠠᠵᠤ ᠦᠢᠯᠡᠰ ᠤᠨ ᠬᠡᠯᠬᠢᠶ᠎ᠡ ᠶᠢᠨ ᠨᠡᠶᠢᠯᠡᠮᠡᠯ ᠬᠦᠴᠦᠨ ᠢ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ  ᠂ ᠨᠢᠭᠡᠳᠦᠭᠡᠷ ᠳᠡᠰ ᠤᠨ ᠨᠡᠷᠡᠲᠦ ᠭᠠᠷ ᠤᠲᠠᠰᠤ ᠪᠤᠯᠤᠨ ᠮᠣᠩᠭᠤᠯ ᠬᠡᠯᠡᠨ ᠤ ᠳᠤᠤᠷ᠎ᠠ ᠳᠡᠰ ᠤᠨ ᠠᠵᠢᠯᠯᠠᠭ᠎ᠠ ᠶᠢᠨ ᠰᠢᠰᠲ᠋ᠧᠮ ᠢ ᠲᠣᠬᠢᠷᠠᠭᠤᠯᠤᠨ ᠲᠠᠭᠠᠷᠠᠭᠤᠯᠵᠤ᠂ ᠬᠦᠴᠦᠨ ᠪᠦᠭᠦᠢ ᠬᠥᠮᠦᠨ ᠤ ᠬᠦᠴᠦ᠂ ᠪᠣᠳᠠᠰ ᠤᠨ ᠬᠦᠴᠦ ᠪᠠ ᠮᠡᠷᠭᠡᠵᠢᠯ ᠤᠨ ᠪᠠᠲᠤᠯᠠᠭ᠎ᠠ ᠶᠢ ᠬᠠᠩᠭᠠᠵᠤ᠂ ᠮᠣᠩᠭᠤᠯ ᠦᠨᠳᠦᠰᠦᠲᠡᠨ ᠤ ᠣᠯᠠᠨ ᠲᠦᠮᠡᠨ ᠳᠤ ᠳᠡᠭᠡᠳᠦ ᠳᠡᠰ ᠤᠨ᠂ ᠴᠠᠭ ᠤᠨ ᠦᠩᠭᠡ ᠶᠢᠨ ᠬᠤᠶᠠᠳᠤᠭᠠᠷ ᠦᠶ᠎ᠡ ᠶᠢᠨ ᠮᠣᠩᠭᠤᠯ ᠬᠢᠲᠠᠳ ᠬᠤᠣᠰ ᠬᠡᠯᠡᠨ ᠤ ᠤᠶᠤᠨᠲᠤ ᠭᠠᠷ ᠤᠲᠠᠰᠤ ᠶᠢ ᠬᠡᠷᠡᠭᠯᠡᠭᠦᠯᠵᠡᠢ᠃      ᠮᠣᠩᠭᠤᠯ ᠦᠭᠡ ᠬᠡᠯᠡ ᠥᠰᠥᠭ ᠪᠢᠴᠢᠭ ᠤᠨ ᠮᠡᠳᠡᠭᠡ ᠵᠠᠩᠭᠢᠵᠢᠯᠲᠠ ᠪᠣᠯ ᠥᠪᠡᠷᠲᠡᠭᠡᠨ ᠵᠠᠰᠠᠬᠤ ᠣᠷᠣᠨ ᠤ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠴᠢᠬᠤᠯᠠ ᠠᠭᠤᠯᠭ᠎ᠠ ᠮᠥᠨ᠃ ᠥᠪᠡᠷᠲᠡᠭᠡᠨ ᠵᠠᠰᠠᠭ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠨᠢ ᠳᠤᠮᠳᠠᠳᠤ ᠤᠯᠤᠰ ᠤᠨ ᠴᠠᠬᠢᠯᠭᠠᠨ ᠬᠤᠯᠪᠣᠭ᠎ᠠ ᠶᠢᠨ ᠥᠪᠥᠷ ᠮᠣᠩᠭᠤᠯ ᠤᠨ ᠬᠤᠪᠢᠶᠠᠷᠢ ᠺᠣᠮᠫᠠᠨᠢ ᠲᠠᠢ  ᠬᠠᠮᠲᠤᠷᠠᠵᠤ ᠮᠣᠩᠭᠤᠯ ᠦᠭᠡ ᠬᠡᠯᠡ ᠦᠰᠦᠭ ᠪᠢᠴᠢᠭ ᠤᠨ ᠡᠭᠦᠯᠡᠨ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ ᠪᠤᠯᠤᠨ ᠮᠣᠩᠭᠤᠯ ᠬᠡᠯᠡᠨ ᠤ ᠤᠶᠤᠨᠲᠤ ᠭᠠᠷ ᠤᠲᠠᠰᠤᠨ ᠤ ᠠᠵᠢᠯᠯᠠᠭ᠎ᠠ ᠶᠢᠨ ᠰᠢᠰᠲ᠋ᠧᠮ ᠢ ᠳᠡᠯᠭᠡᠷᠡᠭᠦᠯᠦᠨ ᠬᠡᠷᠡᠭᠯᠡᠬᠦ ᠠᠵᠢᠯ ᠢ ᠦᠷᠨᠢᠭᠦᠯᠦᠭᠰᠡᠨ ᠶᠠᠪᠤᠳᠠᠯ ᠨᠢ ᠮᠣᠩᠭᠤᠯ ᠦᠭᠡ ᠬᠡᠯᠡ ᠥᠰᠥᠭ ᠪᠢᠴᠢᠭ ᠤᠨ ᠮᠡᠳᠡᠭᠡ ᠵᠠᠩᠭᠢᠵᠢᠯᠲᠠ ᠶᠢ ᠳᠡᠯᠭᠡᠷᠡᠭᠦᠯᠵᠦ ᠲᠦᠭᠡᠮᠡᠯᠵᠢᠭᠦᠯᠬᠦ ᠪᠠ ᠤᠯᠠᠨ ᠨᠡᠶᠢᠲᠡ ᠶᠢᠨ ᠦᠢᠯᠡᠴᠡᠯᠡᠭᠡ ᠶᠢ ᠳᠡᠭᠡᠭᠰᠢᠯᠡᠭᠦᠯᠬᠦ ᠶᠢ ᠶᠡᠬᠡᠪᠡᠷ ᠲᠦᠯᠬᠢᠨ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号