ᠣᠶᠢᠷ᠎ᠠ ᠳᠤ᠂ ︽ᠥᠪᠥᠷ ᠮᠣᠩᠭᠤᠯ ᠤᠨ ᠰᠢᠨ᠎ᠡ ᠪᠠᠷ ᠨᠡᠮᠡᠭᠳᠡᠭᠰᠡᠨ ︿ᠮᠢᠩᠭᠠᠨ ᠲᠦᠮᠡᠨ ᠮᠤ᠋﹀ ᠤᠰᠤ | ᠠᠷᠪᠢᠯᠠᠬᠤ ᠤᠰᠤᠯᠠᠯᠲᠠ ᠶᠢᠨ ᠢᠨᠵᠧᠨᠧᠷᠢᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢ︾ ᠪᠤᠯᠬᠤ | ᠳᠦᠷᠪᠡᠨ ᠲᠦᠷᠦᠯ ᠵᠦᠢᠯ ᠤᠨ ᠦᠷ᠎ᠡ ᠪᠦᠲᠦᠭᠡᠯ ᠢ ᠥᠪᠡᠷᠲᠡᠭᠡᠨ ᠵᠠᠰᠠᠬᠤ ᠣᠷᠣᠨ ᠠᠴᠠ ᠬᠢᠨᠠᠨ ᠲᠤᠭᠲᠠᠭᠠᠭᠠᠳ | ᠰᠢᠯᠭᠠᠨ ᠪᠠᠲᠤᠯᠠᠪᠠ᠃ | ᠲᠤᠰ ᠲᠦᠷᠦᠯ ᠵᠦᠢᠯ ᠨᠢ ᠬᠥᠯᠥᠨ ᠪᠤᠶᠢᠷ ᠬᠤᠳᠠ᠂ ᠤᠯᠠᠭᠠᠨᠬᠠᠳᠠ ᠬᠤᠳᠠ᠂ ᠰᠢᠯᠢ ᠶᠢᠨ ᠭᠤᠣᠯ ᠠᠶᠢᠮᠠᠭ᠂ | ᠤᠯᠠᠭᠠᠨᠴᠠᠪ ᠬᠤᠳᠠ᠂ ᠤᠷᠳᠤᠰ ᠬᠤᠳᠠ ᠪᠤᠯᠤᠨ ᠪᠠᠶᠠᠨᠨᠠᠭᠤᠷ ᠬᠤᠳᠠ ᠳᠤ ᠶᠡᠷᠦᠩᠬᠡᠶ ᠲᠠᠯᠠᠪᠠᠶ ᠨᠢ 7.3 ᠲᠦᠮᠡᠨ | ᠮᠦ ᠬᠦᠷᠬᠦ 7 ᠲᠤᠷᠰᠢᠯᠲᠠ ᠶᠢᠨ ᠵᠢᠱᠢᠶ᠎ᠡ ᠦᠵᠡᠭᠦᠯᠬᠦ ᠲᠣᠭᠤᠷᠢᠭ ᠢ ᠪᠠᠶᠢᠭᠤᠯᠪᠠ᠃ ᠵᠢᠱᠢᠶ᠎ᠡ ᠦᠵᠡᠭᠦᠯᠬᠦ | ᠲᠤᠭᠤᠷᠢᠭ ᠤᠨ ᠲᠠᠷᠢᠮᠠᠯ ᠤᠨ ᠬᠤᠷᠢᠶᠠᠯᠲᠠ ᠳᠤᠮᠳᠠᠴᠢ ᠪᠠᠷ 39.4% ᠳᠡᠭᠡᠭᠰᠢᠯᠡᠵᠤ᠂ ᠤᠰᠤ ᠠᠷᠪᠢᠯᠠᠬᠤ | ᠨᠤᠷᠮ᠎ᠠ ᠨᠢ 10%-60% ᠪᠠᠶᠢᠵᠤ᠂ ᠲᠠᠷᠢᠮᠠᠯ ᠤᠨ ᠢᠯᠡᠭᠦᠴᠡ ᠦᠢᠯᠡᠳᠪᠦᠷᠢᠯᠡᠯ ᠤᠨ ᠨᠤᠷᠮ᠎ᠠ ᠨᠢ ᠳᠤᠮᠳᠠᠴᠢ ᠪᠠᠷ | 38% ᠳᠡᠭᠡᠭᠰᠢᠯᠡᠪᠡ︔ ᠲᠠᠷᠢᠶᠠᠯᠠᠩ ᠤᠨ ᠰᠠᠶᠢᠨ ᠦᠷᠡᠵᠢᠯᠲᠡ ᠶᠢᠨ ᠨᠤᠷᠮ᠎ᠠ ᠨᠢ 100% ᠳᠤ ᠬᠦᠷᠴᠦ᠂ | ᠳᠤᠰᠤᠯᠭᠠᠨ ᠤᠰᠤᠯᠠᠬᠤ ᠰᠦᠷᠴᠢᠨ ᠤᠰᠤᠯᠠᠬᠤ ᠵᠢᠱᠢᠶ᠎ᠡ ᠦᠵᠡᠭᠦᠯᠬᠦ ᠲᠤᠭᠤᠷᠢᠭ ᠨᠢ ᠴᠥᠮ ᠤᠰᠤ ᠪᠣᠷᠳᠣᠭᠤᠷ ᠢ | ᠨᠢᠭᠡ ᠴᠤᠭᠴᠠᠵᠢᠭᠤᠯᠬᠤ ᠮᠡᠷᠭᠡᠵᠢᠯ ᠢ ᠬᠡᠷᠡᠭᠯᠡᠪᠡ︔ ᠲᠠᠷᠢᠶᠠᠯᠠᠩ ᠤᠨ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠨᠤᠷᠮ᠎ᠠ | ᠨᠢ 95% ᠳᠤ ᠬᠦᠷᠪᠡ᠃ ᠡᠨᠡ ᠨᠢ ᠥᠪᠡᠷᠲᠡᠭᠡᠨ ᠵᠠᠰᠠᠬᠤ ᠣᠷᠣᠨ ᠤ ᠠᠳᠠᠯᠢ ᠪᠤᠰᠤ ᠲᠦᠷᠦᠯ ᠬᠡᠯᠪᠡᠷᠢ ᠶᠢᠨ ᠤᠰᠤ | ᠠᠷᠪᠢᠯᠠᠬᠤ ᠤᠰᠤᠯᠠᠯᠲᠠ ᠶᠢᠨ ᠢᠨᠵᠧᠨᠧᠷᠢᠩ ᠤᠨ ᠪᠥᠳᠥᠭᠡᠨ ᠪᠠᠶᠢᠭᠤᠯᠤᠯᠲᠠ ᠳᠤ ᠵᠢᠱᠢᠶ᠎ᠡ ᠦᠵᠡᠭᠦᠯᠬᠦ ᠵᠠᠭᠪᠤᠷ ᠢ | ᠬᠠᠨᠭ᠍ᠭᠠᠵᠤ᠂ ᠪᠦᠬᠦ ᠣᠷᠣᠨ ᠳᠤ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢ | ᠳᠡᠯᠭᠡᠷᠡᠭᠦᠯᠦᠭᠰᠡᠨ ᠲᠠᠯᠠᠪᠠᠢ ᠨᠢ 1200 ᠲᠦᠮᠡᠨ ᠮᠤ᠋ ᠳᠤ ᠬᠦᠷᠪᠡ᠃ | ᠲᠦᠷᠦᠯ ᠵᠦᠢᠯ ᠨᠢ ᠠᠯᠢ ᠤᠯᠠᠨ ᠰᠢᠨ᠎ᠡ ᠶᠢ ᠡᠭᠦᠳᠬᠦ ᠴᠢᠨᠠᠷᠲᠠᠶ ᠦᠷ᠎ᠡ ᠪᠦᠲᠦᠭᠡᠯ ᠣᠯᠤᠭᠰᠠᠨ ᠪᠠᠶᠢᠨ᠎ᠠ᠄ | ᠪᠦᠷᠬᠦᠪᠴᠢ ᠶᠢᠨ ᠳᠤᠤᠷ᠎ᠠ ᠳᠤᠰᠤᠯᠭᠠᠨ ᠤᠰᠤᠯᠠᠬᠤ᠂ ᠰᠦᠷᠴᠢᠨ ᠤᠰᠤᠯᠠᠬᠤ ᠪᠠ ᠰᠤᠪᠠᠭ ᠤᠨ ᠤᠰᠤᠯᠠᠯᠲᠠ ᠶᠢᠨ | ᠨᠥᠬᠦᠴᠡᠯ ᠳᠤᠤᠷ᠎ᠠ ᠭᠤᠣᠯ ᠲᠠᠷᠢᠮᠠᠯ ᠤᠨ ᠤᠰᠤ ᠠᠷᠪᠢᠯᠠᠬᠤ ᠤᠰᠤᠯᠠᠯᠲᠠ ᠶᠢᠨ ᠳᠦᠷᠢᠮ ᠤᠨ ᠰᠢᠨ᠎ᠡ ᠦᠷ᠎ᠡ | ᠪᠦᠲᠦᠭᠡᠯ ᠢ 9 ᠢᠵᠢ᠂ ᠡᠷᠳᠡᠨᠢ ᠰᠢᠰᠢ᠂ ᠰᠢᠷ᠎ᠠ ᠪᠤᠷᠴᠠᠭ᠂ ᠲᠥᠮᠥᠰᠥ ᠶᠢᠨ ᠪᠦᠷᠬᠦᠪᠴᠢ ᠶᠢᠨ ᠳᠤᠤᠷ᠎ᠠ ᠳᠤᠰᠤᠯᠭᠠᠨ | ᠤᠰᠤᠯᠠᠬᠤ ᠤᠰᠤ ᠪᠣᠷᠳᠣᠭᠤᠷ ᠢ ᠨᠢᠭᠡ ᠴᠤᠭᠴᠠᠵᠢᠭᠤᠯᠤᠭᠰᠠᠨ ᠰᠢᠨ᠎ᠡ ᠮᠡᠷᠭᠡᠵᠢᠯ ᠢ 3 ᠢᠵᠢ᠂ ᠲᠥᠪᠡᠳ ᠬᠠᠰᠢ | ᠪᠤᠯᠪᠠᠰᠤᠷᠠᠭᠤᠯᠤᠯ ᠤᠨ ᠳᠠᠯᠠᠩᠨᠠᠭᠰᠠᠨ ᠬᠤᠴᠢᠯᠭᠠᠲᠤ ᠰᠤᠪᠠᠭ ᠢᠶᠠᠷ ᠤᠰᠤᠯᠠᠬᠤ ᠰᠢᠨ᠎ᠡ ᠮᠡᠷᠭᠡᠵᠢᠯ ᠢ 1 ᠢᠵᠢ᠂ | ᠡᠷᠳᠡᠨᠢ ᠰᠢᠰᠢ ᠪᠣᠯᠤᠨ ᠪᠣᠷᠣ ᠴᠠᠷᠭᠠᠰᠤ ᠶᠢᠨ ᠭᠠᠵᠠᠷ ᠵᠦᠢ ᠶᠢᠨ ᠴᠢᠨᠠᠷᠲᠠᠢ ᠳᠤᠰᠤᠯᠭᠠᠨ ᠤᠰᠤᠯᠠᠬᠤ ᠮᠡᠷᠭᠡᠵᠢᠯ ᠢ 2 | ᠢᠵᠢ᠂ ᠲᠠᠷᠢᠶᠠᠯᠠᠩ ᠤᠨ ᠮᠡᠷᠭᠡᠵᠢᠯ ᠤᠨ ᠢᠵᠢ ᠪᠦᠷᠢᠳᠦᠭᠦᠯᠬᠦ ᠮᠡᠷᠭᠡᠵᠢᠯ ᠢ 5 ᠢᠵᠢ᠂ ᠲᠠᠷᠢᠶᠠᠯᠠᠩ ᠤᠨ ᠮᠠᠰᠢᠨ ᠢ | ᠢᠵᠢ ᠪᠦᠷᠢᠳᠦᠭᠦᠯᠬᠦ ᠪᠠ ᠲᠠᠷᠢᠶᠠᠨ ᠭᠠᠵᠠᠷ ᠤᠨ ᠦᠯᠡᠳᠡᠭᠳᠡᠯ ᠪᠦᠷᠬᠦᠪᠴᠢ ᠶᠢ ᠬᠤᠷᠢᠶᠠᠨ ᠠᠪᠬᠤ ᠵᠡᠷᠭᠡ ᠮᠡᠷᠭᠡᠵᠢᠯ ᠢ | 7 ᠢᠵᠢ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠬᠡᠷᠡᠭᠯᠡᠬᠦ ᠤᠰᠤᠨ ᠤ ᠦᠨ᠎ᠡ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠦᠷᠦ ᠶᠢᠨ ᠪᠤᠳᠤᠯᠭ᠎ᠠ ᠶᠢᠨ ᠰᠤᠳᠤᠯᠭᠠᠨ ᠤ ᠪᠦᠲᠦᠭᠡᠯ ᠢ 2 ᠵᠦᠢᠯ | ᠳᠤᠷᠠᠳᠴᠤ᠂ ᠰᠢᠰᠲ᠋ᠧᠮ ᠲᠠᠢ ᠪᠥᠭᠡᠳ ᠥᠨᠳᠥᠷ ᠪᠦᠲᠦᠮᠵᠢᠲᠡᠶ ᠤᠰᠤ ᠠᠷᠪᠢᠯᠠᠬᠤ ᠶᠡᠷᠦᠩᠭᠡᠶᠢᠯᠡᠭᠰᠡᠨ ᠮᠡᠷᠭᠡᠵᠢᠯ ᠤᠨ | ᠰᠢᠰᠲ᠋ᠧᠮᠵᠢ ᠶᠢ ᠪᠤᠢ ᠪᠤᠯᠭᠠᠪᠠ︔ ᠤᠰᠤᠯᠠᠯᠲᠠ ᠶᠢᠨ ᠲᠤᠭᠤᠷᠢᠭ ᠤᠨ ᠤᠰᠤ ᠠᠷᠪᠢᠯᠠᠬᠤ ᠤᠰᠤᠯᠠᠯᠲᠠ ᠶᠢᠨ ᠮᠡᠳᠡᠭᠡ | ᠵᠠᠩᠭᠢᠵᠢᠯᠲᠠ ᠶᠢᠨ ᠰᠢᠰᠲ᠋ᠧᠮ᠂ ᠲᠤᠮᠤ ᠬᠡᠯᠪᠡᠷᠢ ᠶᠢᠨ ᠰᠦᠷᠴᠢᠨ ᠤᠰᠤᠯᠠᠬᠤ ᠮᠠᠰᠢᠨ ᠢ ᠠᠯᠤᠰ ᠠᠴᠠ ᠬᠢᠨᠠᠨ ᠬᠡᠮᠵᠢᠬᠦ | ᠰᠢᠰᠲ᠋ᠧᠮ᠂ ᠰᠢᠨ᠎ᠡ ᠮᠠᠶ᠋ᠢᠭ ᠤᠨ ᠰᠦᠯᠵᠢᠶᠡᠨ ᠤ ᠮᠠᠶ᠋ᠢᠭ ᠲᠠᠢ ᠱᠦᠭᠦᠭᠦᠷ᠂ ᠲᠥᠪᠡᠳ ᠬᠠᠰᠢ ᠶᠢᠨ ᠳᠠᠯᠠᠩᠨᠠᠬᠤ | ᠪᠦᠷᠬᠦᠬᠦ ᠶᠢ ᠨᠢᠭᠡ ᠴᠤᠭᠴᠠᠵᠢᠭᠤᠯᠤᠭᠰᠠᠨ ᠮᠠᠰᠢᠨ᠂ ᠰᠢᠷ᠎ᠠ ᠪᠤᠷᠴᠠᠭ ᠵᠤᠷᠪᠤᠰᠯᠠᠨ ᠲᠠᠷᠢᠬᠤ ᠪᠠ ᠴᠣᠨᠣᠭᠯᠠᠨ ᠲᠠᠷᠢᠬᠤ | ᠮᠠᠰᠢᠨ ᠵᠡᠷᠭᠡ ᠨᠢᠭᠡ ᠪᠦᠯᠦᠭ ᠤᠰᠤ ᠠᠷᠪᠢᠯᠠᠬᠤ ᠦᠢᠯᠡᠳᠬᠦᠨ ᠪᠤᠯᠤᠨ ᠲᠣᠨᠣᠭᠯᠠᠯ ᠢ ᠨᠡᠭᠡᠭᠡᠨ ᠠᠰᠢᠭᠯᠠᠭᠰᠠᠨ ᠪᠠ | ᠡᠭᠦᠳᠦᠨ ᠪᠦᠲᠦᠭᠡᠭᠰᠡᠨ ᠨᠢ᠂ ᠥᠨᠳᠥᠷ ᠦᠷ᠎ᠡ ᠪᠦᠲᠦᠮᠵᠢᠲᠡᠶ ᠤᠰᠤ ᠠᠷᠪᠢᠯᠠᠵᠤ ᠤᠰᠤᠯᠠᠬᠤ ᠳᠤ ᠬᠠᠲᠠᠭᠤ | ᠲᠤᠨᠤᠭ ᠤᠨ ᠪᠠᠲᠤᠯᠠᠭ᠎ᠠ ᠶᠢ ᠬᠠᠨᠭ᠍ᠭᠠᠪᠠ︔ ᠠᠳᠠᠯᠢ ᠪᠤᠰᠤ ᠣᠷᠣᠨ ᠪᠦᠰᠡ᠂ ᠠᠳᠠᠯᠢ ᠪᠤᠰᠤ ᠤᠰᠤᠨ ᠰᠤᠷᠪᠤᠯᠵᠢ ᠶᠢᠨ | ᠨᠥᠬᠦᠴᠡᠯ ᠳᠤ ᠲᠤᠬᠢᠷᠠᠭᠰᠠᠨ ᠭᠤᠣᠯ ᠲᠠᠷᠢᠮᠠᠯ ᠤᠨ ᠶᠡᠷᠦᠩᠬᠡᠶᠢᠯᠡᠭᠰᠡᠨ ᠤᠰᠤ ᠠᠷᠪᠢᠯᠠᠬᠤ ᠮᠡᠷᠭᠡᠵᠢᠯ ᠤᠨ | ᠲᠦᠪᠯᠡᠷᠡᠭᠰᠡᠨ ᠬᠡᠪ ᠮᠠᠶ᠋ᠢᠭ ᠤᠨ ᠵᠢᠷᠤᠭ ᠢ 15 ᠢᠵᠢ ᠡᠭᠦᠳᠦᠨ ᠪᠠᠶᠢᠭᠤᠯᠵᠤ᠂ ᠬᠠᠮᠢᠶ᠎ᠠ ᠪᠦᠬᠦᠢ ᠣᠷᠣᠨ | ᠨᠤᠲᠤᠭ ᠤᠨ ᠪᠠᠷᠢᠮᠵᠢᠶ᠎ᠠ ᠶᠢ 14 ᠵᠦᠢᠯ ᠲᠤᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠥᠨᠳᠥᠷ ᠦᠷ᠎ᠡ | ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠪᠠᠷᠢᠮᠵᠢᠶᠠᠵᠢᠭᠰᠠᠨ ᠰᠢᠰᠲ᠋ᠧᠮᠵᠢ ᠶᠢ ᠠᠩᠬ᠎ᠠ ᠠᠯᠬᠤᠮ | ᠪᠠᠶᠢᠭᠤᠯᠵᠤ᠂ ᠤᠰᠤᠨ ᠠᠰᠢᠭᠯᠠᠯᠲᠠ᠂ ᠲᠠᠷᠢᠶᠠᠯᠠᠩ ᠤᠨ ᠮᠡᠷᠭᠡᠰᠢᠯ᠂ ᠲᠠᠷᠢᠶᠠᠯᠠᠩ ᠤᠨ ᠮᠠᠰᠢᠨ ᠪᠤᠯᠤᠨ | ᠬᠠᠮᠢᠶᠠᠷᠤᠯᠲᠠ ᠶᠢᠨ ᠮᠡᠷᠭᠡᠵᠢᠯ ᠤᠨ ᠲᠦᠪᠯᠡᠷᠡᠭᠦᠯᠦᠨ ᠰᠢᠨ᠎ᠡ ᠶᠢ ᠡᠭᠦᠳᠬᠦ ᠶᠢ ᠪᠡᠶᠡᠯᠡᠭᠦᠯᠦᠨ᠂ ᠤᠯᠤᠰ ᠤᠨ | ᠳᠣᠲᠣᠭᠠᠳᠤ ᠶᠢᠨ ᠬᠤᠭᠤᠰᠣᠨ ᠢ ᠨᠦᠬᠦᠪᠡ︔ ᠪᠥᠭᠡᠭᠡᠨᠡᠷᠡᠯ ᠹᠤᠨᠢᠯ ᠡᠲ᠋ᠧᠨ᠂ ᠪᠥᠭᠡᠭᠡᠨᠡᠷᠡᠯ ᠥᠷᠤᠲ᠋ᠠᠨ ᠳᠤᠯᠠᠭᠠᠨ ᠢ | ᠬᠠᠳᠠᠭᠠᠯᠠᠬᠤ ᠮᠠᠲ᠋ᠧᠷᠢᠶᠠᠯ᠂ ᠤᠭᠤᠲᠠᠯᠢᠭ ᠪᠧᠲ᠋ᠤᠨ ᠵᠡᠷᠭᠡ ᠶᠢᠨ ᠰᠤᠪᠠᠭ ᠵᠢᠭᠢᠷᠢᠭᠯᠡᠵᠦ ᠥᠷᠥᠬᠦ ᠪᠠᠷᠢᠯᠭ᠎ᠠ ᠳᠤᠮᠳᠠᠬᠢ | ᠬᠡᠷᠡᠭᠯᠡᠭᠡᠨ ᠤ ᠮᠡᠷᠭᠡᠵᠢᠯ ᠢ ᠳᠤᠷᠠᠳᠤᠨ᠂ ︽ᠥᠪᠥᠷ ᠮᠣᠩᠭᠤᠯ ᠤᠨ ᠪᠣᠷᠣᠲᠣᠬᠤᠶ ᠶᠢᠨ ᠤᠰᠤᠯᠠᠯᠲᠠ ᠶᠢᠨ ᠣᠷᠣᠨ ᠤ | ᠰᠤᠪᠠᠭ ᠵᠢᠭᠢᠷᠢᠭᠯᠡᠵᠦ ᠥᠷᠥᠬᠦ ᠪᠠ ᠰᠤᠪᠠᠭ ᠤᠨ ᠰᠢᠰᠲ᠋ᠧᠮᠵᠢ ᠶᠢᠨ ᠪᠠᠷᠢᠯᠭ᠎ᠠ ᠶᠢᠨ ᠲᠥᠯᠥᠪᠯᠡᠭᠡᠨ ᠤ ᠵᠢᠷᠤᠭ ᠤᠨ | ᠡᠮᠬᠢᠳᠭᠡᠯ︾ ᠢ ᠨᠠᠶᠢᠷᠠᠭᠤᠯᠤᠨ ᠵᠣᠬᠢᠶᠠᠵᠤ᠂ ᠤᠮᠠᠷᠠᠲᠤ ᠣᠷᠣᠨ ᠤ ᠰᠤᠪᠠᠭ ᠤᠨ ᠤᠰᠤᠯᠠᠯᠲᠠ ᠶᠢᠨ ᠣᠷᠣᠨ ᠤ ᠤᠰᠤ | ᠠᠷᠪᠢᠯᠠᠬᠤ ᠥᠭᠡᠷᠡᠴᠢᠯᠡᠯᠲᠡ ᠶᠢᠨ ᠪᠠᠷᠢᠯᠭ᠎ᠠ ᠶᠢᠨ ᠪᠥᠳᠥᠭᠡᠨ ᠪᠠᠶᠢᠭᠤᠯᠤᠯᠲᠠ ᠳᠤ ᠮᠡᠷᠭᠡᠵᠢᠯ ᠤᠨ ᠬᠦᠴᠦᠨ ᠢ | ᠬᠠᠨᠭ᠍ᠭᠠᠪᠠ᠃ |