ᠡᠨᠡ ᠵᠢᠯ ᠤᠨ 1 ᠳ᠋ᠦ᠋ᠭᠡᠷ ᠰᠠᠷ᠎ᠠ ᠠᠴᠠ 10 ᠳ᠋ᠤᠭᠠᠷ ᠰᠠᠷ᠎ᠠ ᠪᠣᠯᠲᠠᠯ᠎ᠠ᠂ ᠥᠪᠥᠷ ᠮᠣᠩᠭᠤᠯ ᠤᠨ ᠠᠵᠤ | ᠦᠢᠯᠡᠳᠪᠦᠷᠢ ᠶᠢᠨ ᠦᠢᠯᠡᠳᠪᠦᠷᠢᠯᠡᠯ ᠶᠡᠷᠦᠩᠬᠡᠢ ᠳᠡᠭᠡᠨ ᠲᠣᠭᠲᠠᠭᠤᠨ ᠪᠠᠶᠢᠨ᠎ᠠ᠂ ᠪᠦᠬᠦ ᠣᠷᠣᠨ ᠤ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠤᠨ ᠬᠤᠷᠳᠤᠴᠠ 8.6% ᠪᠠᠶᠢᠵᠤ᠂ ᠪᠦᠬᠦ ᠤᠯᠤᠰ ᠤᠨ | ᠲᠡᠭᠰᠢᠳᠬᠡᠭᠰᠡᠨ ᠬᠢᠷᠢ ᠲᠦᠪᠰᠢᠨ ᠠᠴᠠ 2.5 ᠵᠠᠭᠤᠨ ᠤ ᠴᠡᠭ ᠳᠠᠪᠠᠪᠠ᠃ ᠡᠭᠦᠨ ᠳᠤ᠂ 10 ᠳ᠋ᠤᠭᠠᠷ ᠰᠠᠷ᠎ᠠ ᠶᠢᠨ | ᠦᠢᠯᠡᠳᠪᠦᠷᠢᠯᠡᠯ ᠤᠨ ᠳᠡᠭᠡᠭᠰᠢᠯᠡᠯᠲᠡ ᠢᠯᠡᠷᠬᠡᠢ ᠪᠠᠶᠢᠵᠤ᠂ ᠲᠤᠰ ᠰᠠᠷ᠎ᠠ ᠶᠢᠨ ᠨᠡᠮᠡᠭᠳᠡᠯ ᠤᠨ ᠬᠤᠷᠳᠤᠴᠠ ᠨᠢ ᠥᠨᠥ | ᠵᠢᠯ ᠳᠠᠬᠢ ᠬᠠᠮᠤᠭ ᠥᠨᠳᠥᠷ ᠬᠡᠮᠵᠢᠭᠳᠡᠯ ᠪᠣᠯᠬᠤ 8.7% ᠳᠤ ᠬᠦᠷᠪᠡ᠃ ᠡᠨᠡ ᠵᠢᠯ ᠠᠴᠠ ᠨᠠᠰᠢ ᠥᠪᠥᠷ | ᠮᠣᠩᠭᠤᠯ ᠤᠨ ᠠᠵᠤ ᠦᠢᠯᠡᠳᠪᠦᠷᠢ ᠶᠢᠨ ᠠᠵᠤ ᠠᠬᠤᠢ ᠲᠣᠭᠲᠠᠭᠤᠨ ᠤ ᠳᠤᠮᠳᠠ ᠠᠯᠭᠤᠷᠯᠠᠬᠤ ᠪᠠᠶᠢᠳᠠᠯ ᠢᠯᠡᠷᠡᠵᠦ᠂ | ᠨᠡᠮᠡᠭᠳᠡᠯ ᠤᠨ ᠬᠤᠷᠳᠤᠴᠠ ᠨᠢ 4 ᠳ᠋ᠦ᠋ᠭᠡᠷ ᠰᠠᠷ᠎ᠠ ᠳᠤ ᠬᠠᠮᠤᠭ ᠳᠤᠤᠷ᠎ᠠ ᠪᠠᠶᠢᠭᠰᠠᠨ ᠠᠴᠠ ᠪᠠᠨ ᠳᠠᠬᠢᠨ ᠳᠡᠭᠡᠭᠰᠢᠯᠡᠵᠦ᠂ | ᠦᠷᠭᠦᠯᠵᠢᠯᠡᠨ 6 ᠰᠠᠷ᠎ᠠ ᠲᠣᠭᠲᠠᠭᠤᠨ ᠢᠶᠠᠷ ᠳᠡᠭᠡᠭᠰᠢᠯᠡᠪᠡ᠂ ᠶᠡᠷᠦᠩᠬᠡᠢ ᠳᠡᠭᠡᠨ ᠬᠤᠷᠳᠤᠪᠲᠤᠷ ᠨᠡᠮᠡᠭᠳᠡᠬᠦ | ᠬᠡᠪᠴᠢᠶᠡᠨ ᠳᠤ ᠡᠷᠭᠢᠯᠳᠦᠵᠦ ᠪᠣᠢ᠃ ᠪᠦᠬᠦ ᠣᠷᠣᠨ ᠤ 41 ᠶᠡᠭᠡ ᠠᠵᠢᠯ ᠲᠥᠷᠥᠯ ᠳᠤ 32 ᠠᠵᠢᠯ ᠲᠥᠷᠥᠯ ᠤᠨ | ᠨᠡᠮᠡᠭᠳᠡᠯ ᠤᠨ ᠬᠡᠮᠵᠢᠭᠳᠡᠯ ᠨᠢ ᠡᠮᠦᠨ᠎ᠡ ᠠᠷᠪᠠᠨ ᠰᠠᠷ᠎ᠠ ᠳᠤ ᠨᠡᠮᠡᠭᠳᠡᠯ ᠲᠠᠢ ᠪᠠᠶᠢᠵᠤ᠂ 20 ᠠᠵᠢᠯ ᠲᠥᠷᠥᠯ ᠤᠨ | ᠨᠡᠮᠡᠭᠳᠡᠯ ᠤᠨ ᠬᠤᠷᠳᠤᠴᠠ ᠨᠢ ᠪᠦᠬᠦ ᠣᠷᠣᠨ ᠤ ᠲᠡᠭᠰᠢᠳᠬᠡᠭᠰᠡᠨ ᠬᠢᠷᠢ ᠲᠦᠪᠰᠢᠨ ᠠᠴᠠ ᠬᠤᠷᠳᠤᠨ ᠪᠠᠶᠢᠨ᠎ᠠ᠃ | ᠡᠭᠦᠨ ᠳᠤ᠂ ᠪᠣᠯᠣᠳ ᠲᠡᠮᠦᠷ ᠬᠢᠭᠡᠳ ᠥᠩᠭᠡᠲᠦ ᠲᠡᠮᠦᠷᠯᠢᠭ ᠤᠨ ᠠᠵᠤ ᠦᠢᠯᠡᠳᠪᠦᠷᠢ ᠶᠢᠨ ᠢᠯᠡᠷᠡᠯ ᠲᠣᠪᠣᠶᠢᠮ᠎ᠠ | ᠪᠠᠶᠢᠵᠤ᠂ ᠬᠤᠶᠠᠷ ᠶᠡᠭᠡ ᠠᠵᠣ ᠦᠢᠯᠡᠳᠪᠦᠷᠢ 16.3% ᠶᠢᠨ ᠨᠡᠮᠡᠭᠳᠡᠯ ᠢ ᠪᠡᠶᠡᠯᠡᠭᠦᠯᠵᠦ᠂ ᠪᠦᠬᠦ ᠣᠷᠣᠨ ᠤ ᠠᠵᠤ | ᠦᠢᠯᠡᠳᠪᠦᠷᠢ ᠶᠢᠨ ᠨᠡᠮᠡᠭᠳᠡᠯ ᠢ 2.7 ᠵᠠᠭᠤᠨ ᠤ ᠴᠡᠭᠢᠶ᠋ᠡᠷ ᠲᠠᠲᠠᠨ ᠨᠡᠮᠡᠭᠳᠡᠭᠦᠯᠵᠡᠢ᠃ | ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠬᠦ ᠶᠢᠨ | ᠳᠠᠭᠠᠤ᠂ ᠦᠢᠯᠡᠳᠪᠦᠷᠢᠯᠡᠯ ᠤᠨ ᠴᠢᠳᠠᠪᠬᠢ ᠶᠢᠨ ᠦᠯᠡᠭᠦᠴᠡ ᠥᠨᠳᠥᠷ ᠡᠨᠧᠷᠭᠢ ᠶᠢᠨ ᠬᠤᠷᠣᠭᠳᠠᠯᠲᠦ ᠦᠢᠯᠡᠳᠬᠦᠨ ᠤ | ᠰᠢᠨ᠎ᠡ ᠪᠠᠷ ᠨᠡᠮᠡᠭᠳᠡᠬᠦ ᠦᠢᠯᠡᠳᠪᠦᠷᠢᠯᠡᠯ ᠤᠨ ᠴᠢᠳᠠᠪᠬᠢ ᠳᠤ ︽ᠪᠥᠭᠡᠮ ᠢᠶᠠᠷ ᠬᠤᠳᠠᠯᠳᠤᠬᠤ ᠶᠢ ᠬᠢᠵᠠᠭᠠᠷᠯᠠᠬᠤ︾ ᠪᠠ | ᠣᠳᠣ ᠶᠢᠨ ᠪᠠᠶᠢᠭ᠎ᠠ ᠦᠢᠯᠡᠳᠪᠦᠷᠢᠯᠡᠯ ᠢ ︽ᠬᠢᠵᠠᠭᠠᠷᠯᠠᠬᠤ︾ ᠠᠷᠭ᠎ᠠ ᠬᠡᠮᠵᠢᠶ᠎ᠡ ᠠᠪᠤᠭᠰᠠᠨ ᠢᠶᠠᠷ ᠡᠶᠢᠮᠦ ᠥᠨᠳᠥᠷ | ᠡᠨᠧᠷᠭᠢ ᠶᠢᠨ ᠬᠤᠷᠣᠭᠳᠠᠯᠲᠦ ᠦᠢᠯᠡᠳᠪᠦᠷᠢᠯᠡᠯ ᠠᠭᠠᠵᠢᠮ ᠢᠶᠠᠷ ᠪᠠᠭᠤᠷᠠᠵᠤ᠂ ᠡᠨᠧᠷᠭᠢ ᠠᠷᠪᠢᠯᠠᠵᠤ ᠬᠤᠷᠣᠭᠳᠠᠯ ᠢ | ᠪᠠᠭᠤᠷᠠᠭᠤᠯᠤᠭᠰᠠᠨ ᠢᠯᠡᠷᠬᠡᠢ ᠦᠷ᠎ᠡ ᠪᠦᠲᠦᠮᠵᠢ ᠣᠯᠪᠠ᠃ ᠡᠨᠡ ᠵᠢᠯ ᠤᠨ ᠡᠮᠦᠨ᠎ᠡ 10 ᠰᠠᠷ᠎ᠠ ᠳᠤ᠂ ᠵᠢᠷᠭᠤᠭᠠᠨ | ᠶᠡᠭᠡ ᠥᠨᠳᠥᠷ ᠡᠨᠧᠷᠭᠢ ᠶᠢᠨ ᠬᠤᠷᠣᠭᠳᠠᠯᠲᠦ ᠠᠵᠢᠯ ᠲᠥᠷᠥᠯ ᠤᠨ ᠨᠡᠮᠡᠭᠳᠡᠯ ᠤᠨ ᠬᠤᠷᠳᠤᠴᠠ 5.0 % ᠪᠠᠷ | ᠨᠡᠮᠡᠭᠳᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 4.9 ᠵᠠᠭᠤᠨ ᠤ ᠴᠡᠭ ᠳᠣᠷᠣᠭᠰᠢᠯᠠᠭᠰᠠᠨ | ᠪᠠᠶᠢᠨ᠎ᠠ᠃ | ᠠᠳᠠᠯᠢ ᠬᠤᠭᠤᠴᠠᠭᠠᠨ ᠳᠤ᠂ ᠪᠦᠬᠦ ᠣᠷᠣᠨ ᠤ ᠬᠥᠩᠭᠡᠨ ᠠᠵᠤ ᠦᠢᠯᠡᠳᠪᠦᠷᠢ ᠶᠢᠨ ᠬᠦᠭᠵᠢᠯᠲᠡ ᠶᠢᠨ | ᠠᠯᠬᠤᠴᠠ ᠲᠦᠷᠭᠡᠰᠴᠦ᠂ ᠬᠥᠩᠭᠡᠨ ᠠᠵᠤ ᠦᠢᠯᠡᠳᠪᠦᠷᠢ ᠶᠢᠨ ᠵᠤᠬᠢᠴᠠᠯᠳᠤᠨ ᠬᠦᠭᠵᠢᠬᠦ ᠴᠢᠳᠠᠪᠤᠷᠢ ᠲᠠᠰᠤᠷᠠᠯᠲᠠ | ᠦᠭᠡᠢ ᠴᠢᠩᠭᠠᠷᠠᠵᠠᠢ᠃ ᠵᠢᠷᠭᠤᠭᠠᠨ ᠶᠡᠭᠡ ᠳᠠᠪᠠᠭᠤᠯᠢᠭ ᠠᠵᠤ ᠦᠢᠯᠡᠰ ᠵᠠᠳᠠᠷᠠᠵᠤ᠂ ᠡᠨᠧᠷᠭᠢ᠂ ᠬᠢᠮᠢ ᠶᠢᠨ ᠠᠵᠤ | ᠦᠢᠯᠡᠳᠪᠦᠷᠢ ᠪᠣᠯᠣᠨ ᠪᠠᠷᠢᠯᠭ᠎ᠠ ᠶᠢᠨ ᠮᠠᠲ᠋ᠧᠷᠢᠶᠠᠯ ᠤᠨ ᠠᠵᠢᠯ ᠲᠥᠷᠥᠯ ᠦᠷᠭᠦᠯᠵᠢᠯᠡᠨ ᠳᠣᠣᠷ᠎ᠠ ᠪᠠᠶᠢᠷᠢᠨ ᠳᠤ | ᠣᠷᠣᠰᠢᠵᠦ᠂ ᠲᠡᠮᠦᠷᠯᠢᠭ ᠬᠠᠶᠢᠯᠤᠭᠤᠯᠬᠤ᠂ ᠲᠣᠨᠣᠭᠯᠠᠯ ᠤᠨ ᠦᠢᠯᠡᠳᠬᠦᠨ ᠤ ᠠᠵᠤ ᠦᠢᠯᠡᠰ ᠪᠣᠯᠣᠨ ᠳᠡᠭᠡᠳᠦ ᠰᠢᠨ᠎ᠡ | ᠮᠡᠷᠭᠡᠵᠢᠯ ᠤᠨ ᠠᠵᠤ ᠦᠢᠯᠡᠰ ᠤᠨ ᠢᠯᠡᠷᠡᠯ ᠲᠣᠪᠣᠶᠢᠮ᠎ᠠ ᠪᠠᠶᠢᠵᠤ᠂ ᠪᠦᠬᠦ ᠣᠷᠣᠨ ᠤ ᠠᠵᠤ ᠦᠢᠯᠡᠳᠪᠦᠷᠢ ᠶᠢᠨ | ᠨᠡᠮᠡᠭᠳᠡᠯ ᠤᠨ ᠴᠢᠬᠤᠯᠠ ᠲᠤᠯᠭᠠᠭᠤᠷᠢᠯᠠᠬᠤ ᠴᠢᠭ᠋ ᠪᠣᠯᠪᠠ᠃ ᠳᠤᠲᠤᠭᠠᠳᠤ ᠶᠢᠨ ᠵᠠᠳᠠᠯᠤᠭᠰᠠᠨ ᠢᠶᠠᠷ ᠥᠪᠥᠷ | ᠮᠣᠩᠭᠤᠯ ᠤᠨ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠳᠤᠲᠤᠭᠠᠳᠤ ᠭᠠᠳᠠᠭᠠᠳᠤ ᠶᠢᠨ | ᠬᠡᠷᠡᠭᠴᠡᠭᠡᠨ ᠤ ᠲᠠᠯ᠎ᠠ ᠪᠠᠷ ᠶᠡᠷᠦᠩᠬᠡᠢ ᠳᠡᠭᠡᠨ ᠲᠠᠮᠢᠷᠳᠠᠨ ᠮᠠᠭᠤᠵᠢᠷᠠᠵᠤ᠂ ᠤᠯᠠᠮᠵᠢᠯᠠᠯᠲᠤ ᠠᠵᠤ ᠦᠢᠯᠡᠰ ᠤᠨ ᠨᠡᠮᠡᠭᠳᠡᠯ | ᠤᠳᠠᠭᠠᠰᠢᠷᠠᠵᠤ᠂ ᠰᠢᠨ᠎ᠡ ᠪᠠᠷ ᠪᠣᠢ ᠪᠣᠯᠣᠭᠰᠠᠨ ᠠᠵᠢᠯ ᠲᠥᠷᠥᠯ ᠤᠨ ᠬᠡᠪᠴᠢᠶᠡᠵᠢᠯ ᠬᠢᠵᠠᠭᠠᠷᠲᠠᠢ ᠪᠠᠶᠢᠬᠤ ᠪᠠ ᠠᠵᠤ | ᠠᠬᠤᠢ ᠶᠢᠨ ᠡᠷᠭᠢᠯᠲᠡ ᠳᠤ ᠰᠢᠨ᠎ᠡ ᠬᠠᠭᠤᠴᠢᠨ ᠠᠰᠠᠭᠤᠳᠠᠯ ᠳᠠᠪᠬᠤᠴᠠᠭᠰᠠᠨ ᠵᠡᠷᠭᠡ ᠬᠦᠴᠢᠷ ᠪᠡᠷᠬᠡ ᠠᠰᠠᠭᠤᠳᠠᠯ | ᠲᠤᠯᠭᠠᠷᠠᠵᠤ᠂ ᠬᠥᠭᠵᠢᠯᠲᠡ ᠶᠢᠨ ᠳᠠᠷᠤᠭᠠᠰᠤ ᠮᠥᠨ ᠶᠡᠭᠡ ᠪᠠᠶᠢᠬᠤ ᠪᠣᠯᠬᠤᠷ᠂ ᠲᠣᠭᠲᠠᠭᠤᠨ ᠢᠶᠠᠷ ᠨᠡᠮᠡᠭᠳᠡᠭᠦᠯᠬᠦ ᠶᠢ | ᠪᠠᠷᠢᠮᠲᠠᠯᠠᠵᠤ᠂ ᠬᠥᠭᠵᠢᠯᠲᠡ ᠶᠢᠨ ᠢᠳᠡᠭᠡᠯᠲᠦ ᠴᠢᠨᠠᠷ ᠢᠶᠠᠨ ᠴᠢᠩᠭᠠᠳᠬᠠᠬᠤ ᠶᠢᠨ ᠵᠡᠷᠭᠡᠪᠡᠷ᠂ ᠠᠵᠤ ᠦᠢᠯᠡᠳᠪᠦᠷᠢ | ᠶᠢᠨ ᠪᠦᠲᠦᠴᠡ ᠶᠢ ᠲᠣᠬᠢᠷᠠᠭᠤᠯᠬᠤ ᠬᠦᠴᠦᠯᠡᠴᠡ ᠪᠠᠨ ᠦᠷᠭᠦᠯᠵᠢᠯᠡᠨ ᠡᠷᠴᠢᠮᠵᠢᠭᠦᠯᠵᠦ᠂ ᠪᠣᠳᠠᠳᠦ ᠠᠵᠤ ᠠᠬᠤᠢ ᠶᠢᠨ | ᠠᠮᠢᠯᠠᠯ ᠤᠨ ᠬᠦᠴᠦᠨ ᠢ ᠪᠠᠷᠢᠮᠲᠠᠯᠠᠵᠤ᠂ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠪᠠ ᠪᠡᠶ᠎ᠡ ᠪᠠᠨ | ᠳᠠᠭᠠᠭᠠᠵᠤ ᠰᠢᠨ᠎ᠡ ᠶᠢ ᠡᠭᠦᠳᠬᠦ ᠶᠢ ᠴᠢᠩᠭᠠᠳᠬᠠᠵᠤ᠂ ᠰᠢᠨ᠎ᠡ ᠪᠠᠷ ᠬᠥᠭᠵᠢᠭᠰᠡᠨ ᠠᠵᠤ ᠠᠬᠤᠶᠢᠯᠠᠯ ᠢ ᠪᠣᠶᠢᠵᠢᠭᠤᠯᠬᠤ | ᠪᠠ ᠬᠥᠭᠵᠢᠭᠦᠯᠬᠦ ᠠᠵᠢᠯ ᠢᠶᠠᠨ ᠲᠦᠷᠭᠡᠳᠬᠡᠵᠦ᠂ ᠪᠦᠬᠦ ᠣᠷᠣᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ | ᠦᠷᠭᠦᠯᠵᠢᠯᠡᠨ ᠡᠷᠡᠭᠦᠯ ᠲᠣᠭᠲᠠᠭᠤᠨ ᠢᠶᠠᠷ ᠬᠥᠭᠵᠢᠬᠦ ᠶᠢ ᠲᠦᠯᠬᠢᠨ ᠠᠬᠢᠭᠤᠯᠬᠤ ᠬᠡᠷᠡᠭᠲᠡᠢ ᠪᠠᠶᠢᠨ᠎ᠠ᠃ |