11 ᠳ᠋ᠤᠭᠡᠷ ᠰᠠᠷ᠎ᠠ ᠶᠢᠨ 24 ᠤ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ | 2015 ᠣᠨ ᠤ ᠲᠦᠷᠪᠡᠳᠤᠭᠡᠷ ᠡᠬᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠤᠨ ᠲᠠᠶᠢᠴᠢᠯᠠᠨ ᠪᠠᠶᠢᠷᠢᠯᠠᠭᠤᠯᠬᠤ | ᠬᠤᠷᠠᠯ ᠬᠦᠬᠡᠬᠤᠳᠠ ᠳᠤ ᠬᠤᠷᠠᠯᠳᠤᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠬᠡᠰᠢᠬᠦᠨ᠂ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠱᠦᠵᠢ᠂ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ᠶᠢᠨ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠲᠤᠭᠤᠢᠢᠯᠠᠩ ᠤᠨ ᠲᠠᠷᠤᠭ᠎ᠠ ᠵᠠᠩ ᠯᠢ᠂ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠵᠤᠬᠢᠶᠠᠨ ᠪᠠᠶᠢᠭᠤᠯᠬᠤ | ᠬᠡᠯᠳᠡᠰ ᠤᠨ ᠲᠠᠷᠤᠭ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠤᠭᠤᠷᠢᠨ ᠪᠠᠶᠢᠴᠠᠭᠠᠬᠤ | ᠠᠵᠢᠯ ᠤᠨ ᠤᠳᠤᠷᠢᠳᠬᠤ ᠲᠤᠭᠤᠢᠢᠯᠠᠩ ᠤᠨ ᠲᠡᠳ᠋ ᠲᠠᠷᠤᠭ᠎ᠠ ᠯᠢ ᠫᠧᠩ ᠰᠢᠨ ᠬᠤᠷᠠᠯ ᠳᠤ ᠤᠷᠤᠯᠴᠠᠵᠥ ᠶᠠᠷᠢᠶ᠎ᠠ | ᠲᠠᠯᠪᠢᠪᠠ᠃ | ᠵᠠᠩ ᠯᠢ ᠠᠴᠠ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠠᠷ ᠭᠤᠤᠯᠳᠠᠭᠤᠯᠵᠥ᠂ ᠨᠠᠮ ᠤᠨ ᠰᠤᠷᠳᠠᠯ | ᠴᠢᠬᠡᠴᠢ ᠵᠠᠰᠠᠭ ᠤᠨ ᠪᠠᠶᠢᠭᠤᠯᠤᠯᠳᠠ ᠪᠤᠯᠤᠨ ᠢᠯᠵᠢᠷᠠᠯ ᠢ ᠡᠰᠡᠷᠬᠦᠴᠡᠬᠦ ᠲᠡᠮᠡᠴᠡᠯ ᠢ ᠲᠤᠪᠤᠶᠢᠯᠭᠠᠵᠥ᠂ ᠰᠠᠬᠢᠯᠭ᠎ᠠ ᠶᠢ | ᠬᠠᠤᠯᠢ ᠠᠴᠠ ᠲᠡᠷᠢᠭᠦᠨ ᠳᠤ ᠲᠠᠯᠪᠢᠵᠤ᠂ ᠰᠠᠬᠢᠯᠭ᠎ᠠ ᠶᠢ ᠬᠠᠤᠯᠢ ᠠᠴᠠ ᠴᠢᠩᠭ᠎ᠠ ᠪᠠᠶᠢᠯᠭᠠᠵᠤ᠂ ᠰᠠᠬᠢᠯᠭ᠎ᠠ ᠬᠠᠤᠯᠢ ᠶᠢ | ᠰᠠᠯᠭᠠᠬᠤ ᠶᠢ ᠪᠠᠷᠢᠮᠳᠠᠯᠠᠵᠥ᠂ ︽ᠵᠢᠷᠭᠤᠭᠠᠨ ᠶᠡᠭᠡ ᠰᠠᠬᠢᠯᠭ᠎ᠠ ᠪᠠᠳᠤ︾ ᠪᠤᠯᠤᠨ ︽ᠲᠦᠷᠪᠡᠨ ᠬᠦᠴᠦᠯᠡᠴᠡ︾ ᠶᠢᠨ | ᠲᠤᠭᠤᠷᠢᠨ ᠳᠤ᠂ ︽ᠭᠤᠷᠪᠠᠨ ᠭᠤᠤᠯᠳᠠᠯᠭ᠎ᠠ︾ ᠶᠢ ᠴᠢᠩᠭ᠎ᠠ ᠠᠳᠬᠤᠵᠤ᠂ ︽ᠥᠨᠳᠥᠷ ᠪᠠᠷᠢᠮᠵᠢᠶ᠎ᠠ ᠲᠤᠭᠳᠠᠭᠠᠵᠥ᠂ | ᠬᠤᠷᠢᠭ᠎ᠠ ᠱᠤᠭᠤᠮ ᠢ ᠰᠠᠬᠢᠬᠤ︾ ᠱᠠᠭᠠᠷᠳᠠᠯᠭ᠎ᠠ ᠶᠤᠰᠤᠭᠠᠷ᠂ ᠰᠠᠬᠢᠯᠭ᠎ᠠ ᠪᠠᠳᠤ ᠶᠢ ᠬᠡᠷᠡᠭᠵᠢᠬᠦᠯᠬᠦ ᠳᠤ ᠬᠢᠨᠠᠯᠳᠠ | ᠲᠠᠯᠪᠢᠬᠤ ︽ᠲᠦᠷᠪᠡᠨ ᠵᠦᠢᠯ ᠤᠨ ᠬᠡᠯᠪᠡᠷᠢ︾ ᠶᠢ ᠬᠦᠢᠴᠡᠳ ᠬᠡᠷᠡᠭᠯᠡᠵᠥ᠂ ᠠᠰᠠᠭᠤᠳᠠᠯ ᠢ ᠢᠯᠡᠷᠡᠭᠦᠯᠦᠨ᠂ ᠰᠦᠷ | ᠬᠦᠴᠦᠨ ᠢ ᠪᠣᠢ ᠪᠤᠯᠭᠠᠵᠥ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠠ ᠦᠭᠡᠷᠡᠴᠢᠯᠡᠯᠳᠡ ᠶᠢ ᠪᠦᠬᠦ ᠲᠠᠯ᠎ᠠ ᠪᠠᠷ | ᠬᠦᠨᠵᠡᠬᠡᠶᠢᠷᠡᠬᠦᠯᠬᠦ ᠳᠤ ᠬᠦᠴᠦᠳᠠᠢ ᠲᠤᠯᠭᠠᠭᠤᠷᠢᠯᠠᠯ ᠬᠠᠩᠭᠠᠬᠤ ᠬᠡᠷᠡᠭᠳᠡᠢ᠃ ᠲᠦᠷᠢᠮ ᠤᠨ ᠬᠤᠷᠴᠠ ᠵᠡᠪᠰᠡᠭ ᠢ | ᠰᠠᠶᠢᠳᠤᠷ ᠬᠡᠷᠡᠭᠯᠡᠵᠥ᠂ ᠲᠤᠭᠤᠷᠢᠨ ᠪᠠᠶᠢᠴᠠᠭᠠᠬᠤ ᠠᠵᠢᠯ ᠢ ᠬᠠᠤᠯᠢ ᠲᠦᠷᠢᠮ ᠶᠤᠰᠤᠭᠠᠷ ᠴᠢᠩᠭ᠎ᠠ ᠦᠷᠨᠢᠬᠦᠯᠬᠦ | ᠬᠡᠷᠡᠭᠳᠡᠢ᠃ ᠲᠣᠭᠤᠷᠢᠨ ᠪᠠᠶᠢᠴᠠᠭᠠᠬᠤ ᠪᠡᠯᠡᠳᠬᠡᠯ ᠢ ᠨᠠᠷᠢᠯᠢᠭᠵᠢᠭᠤᠯᠵᠤ᠂ ︽ᠬᠥᠨᠡᠰᠦ ᠪᠣᠷᠳᠤᠭ᠎ᠠ ᠵᠡᠷ ᠵᠡᠪᠰᠡᠭ︾ | ᠢᠶᠠᠨ ᠭᠦᠢᠴᠡᠳ ᠪᠡᠯᠡᠳᠬᠡᠬᠦ ᠬᠡᠷᠡᠭᠲᠡᠢ︔ ᠲᠤᠭᠤᠷᠢᠨ ᠪᠠᠶᠢᠴᠠᠭᠠᠵᠤ ᠣᠶᠢᠯᠠᠭᠠᠭᠤᠯᠬᠤ ᠪᠠᠨ ᠭᠦᠨᠵᠡᠭᠡᠶᠢᠷᠡᠭᠦᠯᠦᠨ᠂ | ᠠᠰᠠᠭᠤᠳᠠᠯ ᠢ ᠨᠠᠷᠢᠨ ᠣᠨᠣᠪᠴᠢᠲᠠᠢ ᠢᠯᠡᠷᠡᠭᠦᠯᠬᠦ ᠬᠡᠷᠡᠭᠲᠡᠢ︔ ᠲᠤᠭᠤᠷᠢᠨ ᠪᠠᠶᠢᠴᠠᠭᠠᠭᠰᠠᠨ ᠮᠡᠳᠡᠭᠦᠯᠦᠯᠲᠡ ᠶᠢ | ᠳᠦᠷᠢᠮᠵᠢᠭᠦᠯᠦᠨ᠂ ᠲᠤᠭᠤᠷᠢᠨ ᠪᠠᠶᠢᠴᠠᠭᠠᠭᠰᠠᠨ ᠦᠷ᠎ᠡ ᠪᠥᠲᠦᠭᠡᠯ ᠢ ᠢᠯᠡᠷᠡᠭᠦᠯᠬᠦ ᠬᠡᠷᠡᠭᠲᠡᠢ︔ ᠲᠤᠭᠤᠷᠢᠨ | ᠪᠠᠶᠢᠴᠠᠭᠠᠭᠰᠠᠨ ᠬᠠᠷᠢᠭᠤ ᠲᠤᠰᠬᠠᠯ ᠢ ᠴᠢᠩᠳᠠᠯᠠᠵᠤ᠂ ᠳᠠᠮᠵᠢᠭᠤᠯᠬᠤ ᠳᠠᠷᠤᠯᠲᠠ ᠶᠢ ᠴᠢᠩᠭᠠᠳᠬᠠᠬᠤ ᠬᠡᠷᠡᠭᠲᠡᠢ︔ | ᠲᠤᠭᠤᠷᠢᠨ ᠪᠠᠶᠢᠴᠠᠭᠠᠭᠰᠠᠨ ᠢᠶᠠᠨ ᠰᠢᠯᠵᠢᠭᠦᠯᠦᠨ ᠲᠤᠰᠢᠶᠠᠬᠤ ᠶᠢ ᠲᠥᠷᠭᠡᠳᠬᠡᠵᠦ᠂ ᠰᠢᠢᠳᠪᠦᠷᠢᠯᠡᠯᠲᠡ ᠪᠠᠨ ᠰᠠᠶᠢᠲᠤᠷ | ᠠᠩᠭᠢᠯᠠᠬᠤ ᠬᠡᠷᠡᠭᠲᠡᠢ︔ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠴᠢᠩᠭᠠᠷᠠᠭᠤᠯᠵᠤ᠂ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠶᠢ ᠰᠢᠮᠳᠠᠭᠤᠯᠬᠤ ᠬᠡᠷᠡᠭᠲᠡᠢ ᠬᠡᠵᠥ ᠴᠢᠬᠤᠯᠠᠴᠢᠯᠠᠪᠠ᠃ | ᠯᠢ ᠫᠸᠡᠭ ᠰᠢᠨ ᠴᠢᠬᠤᠯᠠᠴᠢᠯᠠᠭᠰᠠᠨ ᠨᠢ᠂ ᠠᠰᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠲᠤ ᠪᠠᠬᠢ ᠪᠣᠢ | ᠪᠣᠯᠭᠠᠵᠤ᠂ ᠬᠥᠮᠦᠨ ᠰᠣᠩᠭᠤᠬᠤ ᠬᠥᠮᠦᠨ ᠬᠡᠷᠡᠭᠯᠡᠬᠦ ᠶᠢ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠡᠷᠴᠢᠮ ᠢᠶᠠᠨ | ᠦᠨᠡᠨᠬᠦ ᠴᠢᠩᠭᠠᠷᠠᠭᠤᠯᠬᠤ ᠬᠡᠷᠡᠭᠲᠡᠢ᠃ ︽ᠺᠠᠳ᠋ᠷ ᠢ ᠲᠣᠮᠢᠯᠠᠨ ᠬᠡᠷᠡᠭᠯᠡᠬᠦ ᠳᠦᠷᠢᠮ︾ ᠳᠤ ᠬᠢᠨᠠᠯᠲᠠ ᠲᠠᠯᠪᠢᠨ | ᠪᠠᠶᠢᠴᠠᠭᠠᠬᠤ ᠶᠢ ᠴᠢᠩᠭ᠎ᠠ ᠲᠦᠯᠬᠢᠨ ᠠᠬᠢᠭᠤᠯᠬᠤ ᠬᠡᠷᠡᠭᠲᠡᠢ︔ ᠬᠥᠮᠦᠨ ᠰᠣᠩᠭᠤᠬᠤ ᠬᠥᠮᠦᠨ ᠬᠡᠷᠡᠭᠯᠡᠬᠦ ᠲᠠᠯ᠎ᠠ ᠪᠠᠷ | ᠬᠢ ᠲᠥᠪ ᠪᠣᠰᠤ ᠰᠤᠷᠲᠠᠯ ᠢ ᠲᠣᠭᠤᠷᠢᠨ ᠪᠠᠶᠢᠴᠠᠭᠠᠬᠤ ᠪᠠᠨ ᠥᠷᠭᠦᠯᠵᠢᠯᠡᠨ ᠭᠦᠨᠵᠡᠭᠡᠶᠢᠷᠡᠭᠦᠯᠬᠦ ᠬᠡᠷᠡᠭᠲᠡᠢ︔ | ᠬᠤᠭᠤᠴᠠᠭ᠎ᠠ ᠰᠣᠯᠢᠬᠤ ᠰᠤᠷᠲᠠᠯ ᠢ ᠬᠢᠨᠠᠨ ᠪᠠᠶᠢᠴᠠᠭᠠᠵᠤ ᠡᠵᠡᠮᠳᠡᠬᠦ ᠶᠢ ᠤᠷᠢᠳᠴᠢᠯᠠᠨ ᠰᠠᠶᠢᠲᠤᠷ ᠬᠢᠬᠦ ᠬᠡᠷᠡᠭᠲᠡᠢ᠃ | ᠰᠤᠷᠲᠠᠯ ᠢᠶᠠᠨ ᠴᠢᠩᠭ᠎ᠠ ᠪᠥᠭᠡᠳ ᠪᠤᠲᠠᠲᠠᠢ ᠪᠠᠶᠢᠯᠭᠠᠬᠤ ᠶᠢ ᠪᠠᠷᠢᠮᠲᠠᠯᠠᠨ᠂ ᠲᠣᠭᠤᠷᠢᠨ ᠪᠠᠶᠢᠴᠠᠭᠠᠬᠤ ᠠᠴᠠ ᠡᠮᠦᠨ᠎ᠡ | ᠪᠡᠯᠡᠳᠬᠡᠯ ᠠᠵᠢᠯ ᠢᠶᠠᠨ ᠬᠢᠨᠠᠮᠠᠭᠠᠢ ᠰᠠᠶᠢᠲᠤᠷ ᠬᠢᠵᠦ᠂ ᠲᠤᠭᠤᠷᠢᠨ ᠪᠠᠶᠢᠴᠠᠭᠠᠬᠤ ᠳᠤᠮᠳᠠ ᠦᠨᠡᠨ ᠪᠣᠲᠠᠲᠠᠢ ᠳᠤ | ᠭᠦᠨᠵᠡᠭᠡᠶᠢᠷᠡᠨ ᠠᠰᠠᠭᠤᠳᠠᠯ ᠢ ᠡᠷᠢᠵᠦ᠂ ᠲᠣᠭᠤᠷᠢᠨ ᠪᠠᠶᠢᠴᠠᠭᠠᠭᠰᠠᠨ ᠤ ᠳᠠᠷᠠᠭ᠎ᠠ ᠲᠤᠰᠢᠶᠠᠨ ᠭᠦᠢᠴᠡᠳᠬᠡᠵᠦ | ᠴᠡᠭᠴᠡᠯᠡᠨ ᠰᠠᠶᠢᠵᠢᠷᠠᠭᠤᠯᠬᠤ ᠶᠢ ᠴᠠᠭ ᠲᠤᠬᠠᠢ ᠳᠤᠨᠢ ᠲᠤᠰᠢᠶᠠᠨ ᠭᠦᠢᠴᠡᠳᠬᠡᠯᠬᠡᠵᠦ᠂ ᠬᠥᠮᠦᠨ ᠰᠣᠩᠭᠤᠬᠤ ᠬᠥᠮᠦᠨ | ᠬᠡᠷᠡᠭᠯᠡᠬᠦ ᠳᠤ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠠᠰᠤ ᠴᠢᠨᠠᠷ ᠤᠨ ᠦᠢᠯᠡᠳᠦᠯ ᠢ ᠦᠨᠡᠨᠬᠦ ᠳᠡᠭᠡᠭᠰᠢᠯᠡᠭᠦᠯᠬᠦ | ᠬᠡᠷᠡᠭᠲᠡᠢ ᠭᠡᠵᠡᠢ᠃ | 2015 ᠣᠨ ᠤ ᠲᠦᠷᠪᠡᠳᠤᠭᠡᠷ ᠡᠬᠡᠯᠵᠢ ᠶᠢᠨ ᠲᠤᠭᠤᠷᠢᠨ ᠪᠠᠶᠢᠴᠠᠭᠠᠬᠤ ᠬᠦᠯᠢᠶᠡᠬᠦ ᠨᠢᠬᠡᠴᠡ ᠭᠡᠪᠡᠯ᠄ | ᠬᠦᠬᠡᠬᠤᠳᠠ ᠶᠢᠨ ᠲᠤᠭᠳᠠᠬᠤ ᠰᠢᠶᠠᠨ᠂ ᠲᠦᠮᠡᠳ ᠵᠡᠬᠦᠨ ᠬᠤᠰᠢᠭᠤ︔ ᠪᠤᠭᠤᠳᠤ ᠬᠤᠳᠠ ᠶᠢᠨ ᠲᠦᠮᠡᠳ ᠪᠠᠷᠠᠭᠤᠨ | ᠬᠤᠰᠢᠭᠤ︔ ᠬᠦᠯᠥᠨ ᠪᠤᠶᠢᠷ ᠬᠤᠳᠠ ᠶᠢᠨ ᠰᠢᠨ᠎ᠡ ᠪᠠᠷᠭᠤ ᠪᠠᠷᠠᠭᠤᠨ ᠬᠤᠰᠢᠭᠤ᠂ ᠰᠢᠨ᠎ᠡ ᠪᠠᠷᠭᠤ ᠵᠡᠬᠦᠨ ᠬᠤᠰᠢᠭᠤ᠂ | ᠡᠷᠬᠦᠨ᠎ᠡ ᠬᠤᠳᠠ︔ ᠮᠠᠨᠵᠤᠤᠷ ᠬᠤᠳᠠ ᠶᠢᠨ ᠵᠠᠯᠠᠶᠢᠨᠠᠭᠤᠷ ᠲᠤᠭᠤᠷᠢᠭ︔ ᠬᠢᠩᠭᠠᠨ ᠠᠶᠢᠮᠠᠭ ᠤᠨ ᠤᠯᠠᠭᠠᠨᠬᠤᠳᠠ᠂ | ᠷᠠᠰᠢᠶᠠᠨ ᠬᠤᠳᠠ︔ ᠤᠯᠠᠭᠠᠨᠬᠠᠳᠠ ᠬᠤᠳᠠ ᠶᠢᠨ ᠠᠷᠤ ᠬᠤᠷᠴᠢᠨ ᠬᠤᠰᠢᠭᠤ᠂ ᠪᠠᠭᠠᠷᠢᠨ ᠵᠡᠬᠦᠨ ᠬᠤᠰᠢᠭᠤ︔ | ᠰᠢᠯᠢ ᠶᠢᠨ ᠭᠤᠤᠯ ᠠᠶᠢᠮᠠᠭ ᠤᠨ ᠬᠦᠪᠡᠭᠡᠳᠤ ᠰᠢᠷ᠎ᠠ ᠬᠤᠰᠢᠭᠤ᠂ ᠰᠢᠯᠤᠭᠤᠨ ᠬᠦᠪᠡᠭᠡᠳᠤ ᠴᠠᠭᠠᠨ ᠬᠤᠰᠢᠭᠤ᠂ | ᠲᠠᠶᠢᠪᠤᠰᠧ ᠬᠤᠰᠢᠭᠤ᠂ ᠰᠢᠯᠤᠭᠤᠨ ᠬᠦᠬᠡ ᠬᠤᠰᠢᠭᠤ︔ ᠤᠯᠠᠭᠠᠨᠴᠠᠪ ᠬᠤᠳᠠ ᠶᠢᠨ ᠵᠦᠸᠧᠽᠢ ᠰᠢᠶᠠᠨ᠂ | ᠯᠢᠶᠠᠩᠴᠧᠩ ᠰᠢᠶᠠᠨ᠂ ᠹᠧᠩᠵᠧᠨ ᠬᠤᠳᠠ︔ ᠤᠷᠳᠤᠰ ᠬᠤᠳᠠ ᠶᠢᠨ ᠡᠵᠡᠨ ᠬᠤᠷᠤᠭ᠎ᠠ ᠬᠤᠰᠢᠭᠤ᠂ ᠦᠤᠰᠢᠨ | ᠬᠤᠢᠰᠭᠤ ᠵᠡᠷᠬᠡ 20 ᠬᠤᠰᠢᠭᠤ ᠰᠢᠶᠠᠨ ︵ᠬᠤᠳᠠ ᠲᠤᠭᠤᠷᠢᠭ︶ ᠤ ᠨᠠᠮ ᠤᠨ ᠵᠤᠬᠢᠶᠠᠨ ᠪᠠᠶᠢᠭᠤᠯᠤᠯᠳᠠ ᠪᠤᠯᠤᠨ᠎ᠠ᠃ | |