ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠰᠤᠷᠤᠭᠴᠢ ᠡᠯᠰᠡᠬᠦ ᠰᠢᠯᠭᠠᠯᠲᠠ ᠶᠢᠨ ᠵᠥᠪᠯᠡᠯ ᠤᠨ ᠠᠯᠪᠠᠨ | ᠭᠡᠷ ᠮᠡᠳᠡᠭᠳᠡᠯ ᠳᠠᠷᠤᠮᠠᠯᠯᠠᠨ ᠲᠠᠷᠬᠠᠭᠠᠵᠤ᠂ 2016 ᠣᠨ ᠤ ᠭᠠᠳᠠᠨ᠎ᠠ ᠣᠷᠣᠨ ᠳᠤ ᠬᠦᠴᠦ ᠶᠠᠪᠤᠭᠰᠠᠳ ᠤᠨ ᠦᠷ᠎ᠡ | ᠬᠡᠦᠬᠡᠳ ᠪᠣᠯᠣᠨ ᠡᠷᠦᠬᠡ ᠠᠮᠠ ᠶᠢᠨ ᠳᠠᠩᠰᠨ ᠪᠠᠨ ᠭᠠᠳᠠᠨ᠎ᠠ ᠣᠷᠣᠨ ᠠᠴᠠ ᠮᠠᠨ ᠤ ᠣᠷᠣᠨ ᠳᠤ ᠨᠡᠭᠦᠵᠦ | ᠢᠷᠡᠭᠰᠡᠳ ᠤᠨ ᠳᠡᠭᠡᠳᠦ ᠰᠤᠷᠭᠠᠭᠤᠯᠢ ᠶᠢᠨ ᠰᠢᠯᠭᠠᠯᠲᠠ ᠳᠤ ᠣᠷᠣᠯᠴᠠᠬᠤ ᠬᠠᠮᠢᠶ᠎ᠠ ᠪᠦᠬᠦᠢ ᠨᠥᠬᠦᠴᠡᠯ ᠤᠨ ᠵᠠᠭᠠᠭ ᠢ | ᠲᠣᠭᠲᠠᠭᠠᠬᠤ ᠠᠵᠢᠯ ᠤᠨ ᠬᠡᠷᠡᠭᠵᠢᠭᠦᠯᠬᠦ ᠰᠠᠨᠠᠯ ᠳᠤ ᠲᠣᠳᠣᠷᠬᠠᠢ ᠲᠣᠭᠲᠠᠭᠠᠯ ᠭᠠᠷᠭᠠᠪᠠ᠃ | ︽ᠮᠡᠳᠡᠭᠳᠡᠯ︾ ᠳᠤ ᠭᠤᠣᠯᠳᠠᠭᠤ ᠨᠡᠷ᠎ᠡ ᠮᠡᠳᠡᠭᠦᠯᠬᠦ ᠨᠥᠬᠦᠴᠡᠯ ᠳᠤ ᠬᠤᠯᠪᠣᠭᠳᠠᠭᠰᠠᠨ ︽ᠬᠤᠭᠤᠴᠠᠭᠠᠯᠠᠯ︾ | ᠵᠢᠴᠢ ᠰᠢᠯᠭᠠᠭᠤᠯᠬᠤ ᠰᠣᠷᠣᠭᠴᠢ ᠪᠣᠯᠣᠨ ᠭᠡᠷ ᠤᠨ ᠠᠬᠠᠮᠠᠳ ᠤᠨ ᠪᠦᠷᠢᠳᠦᠭᠦᠯᠪᠡᠰᠦ ᠵᠣᠬᠢᠬᠤ ︽ᠬᠠᠤᠯᠢ ᠶᠣᠰᠣᠨ ᠤ | ᠲᠣᠭᠲᠠᠪᠤᠷᠢᠲᠠᠢ ᠣᠷᠣᠨ ᠰᠠᠭᠤᠴᠠ︾᠂ ︽ᠬᠠᠤᠯᠢ ᠶᠣᠰᠣᠨ ᠤ ᠠᠵᠢᠯ ᠮᠡᠷᠭᠡᠵᠢᠯ︾᠂ ︽ᠭᠠᠶᠢᠯᠢ ᠲᠤᠰᠢᠶᠠᠭᠰᠠᠨ | ᠪᠠ ᠨᠡᠶᠢᠭᠡᠮ ᠤᠨ ᠳᠠᠭᠠᠳᠬᠠᠯ︾᠂ ︽ᠰᠤᠷᠤᠯᠭ᠎ᠠ ᠶᠢᠨ ᠬᠠᠷᠢᠶᠠᠯᠠᠯ ᠬᠢᠭᠡᠳ ᠦᠷᠭᠦᠯᠵᠢᠯᠡᠨ ᠰᠤᠷᠤᠯᠴᠠᠭᠰᠠᠨ︾ | ᠵᠡᠷᠭᠡ ᠳᠤ ᠲᠣᠳᠣᠷᠬᠠᠢ ᠱᠠᠭᠠᠷᠳᠠᠯᠭ᠎ᠠ ᠳᠤᠷᠠᠳᠴᠤ᠂ ᠰᠢᠯᠭᠠᠭᠤᠯᠬᠤ ᠰᠣᠷᠣᠭᠴᠢ ᠪᠠᠭ᠎ᠠ ᠰᠤᠷᠭᠠᠭᠤᠯᠢ ᠠᠴᠠ ᠪᠠᠨ | ᠥᠨᠳᠥᠷ ᠳᠤᠮᠳᠠᠳᠤ ᠰᠤᠷᠭᠠᠭᠤᠯᠢ ᠬᠦᠷᠲᠡᠯ᠎ᠡ ᠪᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ | ᠦᠷᠭᠦᠯᠵᠢᠯᠡᠨ ᠰᠤᠷᠤᠯᠴᠠᠭᠰᠠᠨ ᠰᠤᠷᠤᠯᠭ᠎ᠠ ᠶᠢᠨ ᠬᠠᠷᠢᠶᠠᠯᠠᠯ ᠲᠠᠢ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ | ᠲᠠᠢ ᠡᠷᠦᠬᠡ ᠶᠢᠨ ᠰᠢᠯᠭᠠᠭᠤᠯᠬᠤ ᠰᠣᠷᠣᠭᠴᠢ ᠶᠢᠨ ᠭᠡᠷ ᠤᠨ ᠠᠬᠠᠮᠠᠳ᠂ ᠰᠢᠯᠭᠠᠭᠤᠯᠬᠤ ᠰᠣᠷᠣᠭᠴᠢ ᠶᠢᠨ ᠲᠣᠰ | ᠬᠦᠮᠦᠨ ᠬᠢᠭᠡᠳ ᠭᠡᠷ ᠤᠨ ᠠᠬᠠᠮᠠᠳ ᠤᠨ ᠡᠷᠦᠬᠡ ᠠᠮᠠ ᠶᠢᠨ ᠳᠠᠩᠰᠠ ᠨᠢ ᠨᠢᠭᠡ ᠡᠷᠦᠬᠡ ᠠᠮᠠ ᠶᠢᠨ ᠳᠡᠪᠲᠡᠷ ᠳᠡᠭᠡᠷ᠎ᠡ | ᠦᠭᠡᠢ ᠪᠠᠶᠢᠳᠠᠯ ᠢ ᠪᠣᠳᠠᠲᠠᠢ ᠪᠠᠷ ᠲᠣᠳᠣᠷᠬᠠᠶᠢᠯᠠᠪᠠ᠂ ᠨᠠᠷᠢᠨ ᠪᠠᠶᠢᠳᠠᠯ ᠢ ᠣᠶᠢᠯᠠᠭᠠᠬᠤ ᠭᠡᠪᠡᠯ ᠥᠪᠥᠷ ᠮᠣᠩᠭᠤᠯ ᠤᠨ | ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶᠡᠨ ᠠᠴᠠ ᠬᠠᠶᠢᠨ ᠯᠠᠪᠯᠠᠵᠤ ᠪᠤᠯᠤᠨ᠎ᠠ᠃ ︽ | ᠮᠡᠳᠡᠭᠳᠡᠯ︾ ᠳᠤ ᠳᠡᠭᠡᠳᠦ ᠰᠤᠷᠭᠠᠭᠤᠯᠢ ᠶᠢᠨ ᠨᠡᠷ᠎ᠡ ᠮᠡᠳᠡᠭᠦᠯᠬᠦ ᠨᠥᠬᠦᠴᠡᠯ ᠳᠤ ᠬᠤᠯᠪᠣᠭᠳᠠᠭᠰᠠᠨ ᠬᠤᠭᠤᠴᠠᠭᠠᠯᠠᠯ ᠶᠢ | ᠪᠤᠳᠤᠬᠤ ᠠᠷᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠴᠥᠮ ᠳᠡᠭᠡᠳᠦ ᠰᠤᠷᠭᠠᠭᠤᠯᠢ ᠶᠢᠨ ᠰᠢᠯᠭᠠᠯᠲᠠ ᠳᠤ | ᠣᠷᠣᠯᠴᠠᠬᠤ ᠲᠡᠷᠡ ᠵᠢᠯ ᠤᠨ 9 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠮᠦᠨᠡᠰᠢ ᠲᠦᠯᠬᠢᠨ ᠪᠣᠳᠣᠨ᠎ᠠ᠃ 2016 | ᠣᠨ ᠳᠤ ᠳᠡᠭᠡᠳᠦ ᠰᠤᠷᠭᠠᠭᠤᠯᠢ ᠶᠢᠨ ᠰᠢᠯᠭᠠᠯᠲᠠ ᠳᠤ ᠣᠷᠣᠯᠴᠠᠬᠤ ᠰᠤᠷᠤᠭᠴᠢ ᠶᠢᠨ ︽3 ᠪᠦᠬᠦᠯᠢ ᠵᠢᠯ︾ ᠤᠨ | ᠨᠥᠬᠦᠴᠡᠯ ᠢ 2013 ᠣᠨ ᠤ 9 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠪᠤᠳᠤᠨ᠎ᠠ᠃ |