ᠰᠠᠶ᠋ᠢᠬᠠᠨ ᠲᠡᠭᠦᠰᠦᠭᠰᠡᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ | ᠬᠤᠷᠠᠯ ᠳᠡᠭᠡᠷ᠎ᠡ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠯᠠᠭᠤᠯᠤᠯᠲᠠ ᠲᠥᠪ | ᠬᠤᠷᠢᠶ᠎ᠠ ᠶᠢᠨ ᠪᠥᠬᠦᠳᠡ ᠬᠤᠷᠠᠯ ᠤᠨ ᠪᠢᠴᠢᠭ ᠮᠠᠲ᠋ᠧᠷᠢᠶᠠᠯ ᠳᠤ ᠠᠩᠬ᠎ᠠ ᠤᠳᠠᠭ᠎ᠠ ᠪᠢᠴᠢᠭᠳᠡᠵᠦ᠂ ᠤᠯᠤᠰ ᠠᠷᠠᠳ ᠤᠨ | ᠠᠵᠤ ᠠᠬᠤᠶ ᠪᠣᠯᠣᠨ ᠨᠡᠶᠢᠭᠡᠮ ᠤᠨ ᠬᠥᠭᠵᠢᠯᠲᠡ ᠶᠢᠨ ᠠᠷᠪᠠᠨ ᠭᠤᠷᠪᠠᠳᠤᠭᠠᠷ ᠲᠠᠪᠤᠨ ᠵᠢᠯ ᠤᠨ | ᠲᠥᠯᠥᠪᠵᠢᠭᠦᠯᠭᠡ ᠶᠢᠨ ᠴᠢᠬᠤᠯᠠ ᠠᠭᠤᠯᠭ᠎ᠠ ᠪᠣᠯᠣᠭᠰᠠᠨ ᠪᠠᠶᠢᠨ᠎ᠠ᠃ ᠶᠠᠭᠤᠨ ᠤ ᠤᠴᠢᠷ ᠠᠴᠠ ︽ᠳᠥᠷᠪᠡᠨ ᠪᠦᠬᠦ | ᠲᠠᠯ᠎ᠠ︾ ᠶᠢ ︽13 · 5︾ ᠶᠢᠨ ᠲᠥᠯᠥᠪᠵᠢᠭᠦᠯᠭᠡ ᠳᠤ ᠪᠢᠴᠢᠵᠦ ᠣᠷᠣᠭᠤᠯᠤᠭᠰᠠᠨ ᠪᠣᠢ︖ ᠰᠢᠨᠬᠤᠸᠠ | ᠰᠦᠯᠵᠢᠶ᠎ᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠲᠤᠯᠭᠤᠷ ᠪᠢᠴᠢᠭ ᠰᠤᠳᠤᠯᠬᠤ | ᠭᠡᠷ ᠤᠨ ᠳᠡᠳ᠋ ᠡᠷᠬᠢᠯᠡᠭᠴᠢ ᠰᠦᠨ ᠶᠧ ᠯᠢ ᠡᠭᠦᠨ ᠤ ᠲᠤᠬᠠᠶ ᠭᠦᠨᠵᠡᠭᠡᠶ ᠲᠣᠳᠣᠷᠬᠠᠶᠢᠯᠠᠨ ᠥᠭᠦᠯᠡᠭᠰᠡᠨ ᠪᠠᠶᠢᠨ᠎ᠠ᠃ | ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠲᠠᠪᠤᠳᠤᠭᠠᠷ ᠪᠥᠬᠦᠳᠡ ᠬᠤᠷᠠᠯ ᠠᠴᠠ | ᠪᠠᠲᠤᠯᠠᠭᠰᠠᠨ ︽13 · 5︾ ᠶᠢᠨ ᠲᠥᠯᠥᠪᠵᠢᠭᠦᠯᠭᠡ ᠨᠢ ᠵᠢᠯᠣᠭᠤᠳᠬᠤ ᠦᠵᠡᠯ ᠰᠠᠨᠠᠭᠠᠨ ᠳᠤ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠤᠯᠤᠰ ᠢᠶᠠᠨ | ᠪᠦᠬᠦ ᠲᠠᠯ᠎ᠠ ᠪᠠᠷ ᠬᠠᠤᠯᠢ ᠪᠠᠷ ᠵᠠᠰᠠᠬᠤ ᠪᠠ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠪᠠᠷᠢᠮᠲᠠᠯᠠᠬᠤ ᠶᠢ ᠲᠤᠲᠤᠷᠬᠠᠢ ᠳᠤᠷᠠᠳᠬᠤ ᠶᠢ ᠰᠠᠨᠠᠭᠤᠯᠪᠠ᠃ ᠥᠭᠡᠷ᠎ᠡ ᠪᠠᠷ ᠬᠡᠯᠡᠪᠡᠯ᠂ ︽ | ᠳᠥᠷᠪᠡᠨ ᠪᠦᠬᠦ ᠲᠠᠯ᠎ᠠ︾ ᠨᠢ ᠮᠠᠨ ᠤ ᠨᠠᠮ ᠤᠨ ︽13 · 5︾ ᠶᠢᠨ ᠲᠥᠯᠥᠪᠵᠢᠭᠦᠯᠭᠡ ᠶᠢ ᠲᠣᠭᠲᠠᠭᠠᠨ | ᠬᠡᠷᠡᠭᠵᠢᠭᠦᠯᠬᠦ ᠳᠤ ᠴᠢᠬᠤᠯᠠ ᠵᠢᠯᠣᠭᠤᠳᠬᠤ ᠦᠵᠡᠯ ᠰᠠᠨᠠᠭ᠎ᠠ ᠪᠣᠯᠣᠨ ᠦᠨᠳᠦᠰᠦᠨ ᠳᠦᠷᠢᠮᠵᠢᠯ ᠪᠣᠯᠣᠭᠰᠠᠨ ᠪᠠᠶᠢᠨ᠎ᠠ᠃ | ᠶᠠᠭᠤᠨ ᠤ ᠤᠴᠢᠷ ᠠᠴᠠ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ︽13 · 5︾ ᠶᠢᠨ ᠲᠥᠯᠥᠪᠵᠢᠭᠦᠯᠭᠡ ᠶᠢᠨ ᠵᠢᠯᠣᠭᠤᠳᠬᠤ ᠦᠵᠡᠯ ᠰᠠᠨᠠᠭ᠎ᠠ ᠳᠤ ᠪᠢᠴᠢᠵᠦ | ᠣᠷᠣᠭᠤᠯᠤᠭᠰᠠᠨ ᠪᠤᠢ︖ | ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠪᠣᠯ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠰᠢ ᠰᠢ ᠶᠢᠨ ᠫᠢᠩ ᠨᠥᠬᠦᠷ ᠢᠶᠠᠷ ᠶᠡᠷᠦᠩᠬᠡᠶ ᠱᠦᠵᠢ ᠪᠣᠯᠭᠠᠭᠰᠠᠨ ᠨᠠᠮ ᠤᠨ ᠲᠥᠪ ᠬᠤᠷᠢᠶ᠎ᠠ ᠠᠴᠠ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠬᠦᠭᠵᠢᠭᠦᠯᠬᠦ ᠪᠦᠬᠦ ᠲᠠᠯ᠎ᠠ ᠶᠢ ᠦᠨᠳᠦᠰᠦᠯᠡᠨ᠂ ᠪᠠᠰᠠ | ᠴᠤ ᠮᠠᠨ ᠤ ᠬᠥᠭᠵᠢᠯᠲᠡ ᠶᠢᠨ ᠳᠤᠮᠳᠠ ᠲᠤᠯᠭᠠᠷᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢᠨ ᠲᠤᠰᠠᠳᠠ | ᠳᠤᠷᠠᠳᠤᠭᠰᠠᠨ ᠶᠤᠮ᠃ ︽ᠳᠥᠷᠪᠡᠨ ᠪᠦᠬᠦ ᠲᠠᠯ᠎ᠠ︾ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠷᠦ | ᠪᠠᠷᠢᠬᠤ ᠵᠢᠮ᠎ᠡ ᠶᠣᠰᠣ᠂ ᠨᠡᠶᠢᠭᠡᠮ ᠵᠢᠷᠤᠮᠲᠤ ᠪᠦᠲᠦᠭᠡᠨ ᠪᠠᠶᠢᠭᠤᠯᠤᠯᠲᠠ ᠶᠢᠨ ᠵᠢᠮ᠎ᠡ ᠶᠣᠰᠣ ᠪᠣᠯᠣᠨ ᠬᠥᠮᠦᠨ | ᠲᠥᠷᠥᠯᠬᠢᠲᠡᠨ ᠤ ᠬᠥᠭᠵᠢᠯᠲᠡ ᠶᠢᠨ ᠵᠢᠮ᠎ᠡ ᠶᠤᠰᠣ ᠶᠢᠨ ᠲᠤᠬᠠᠶ ᠲᠠᠨᠢᠯᠲᠠ ᠶᠢ ᠲᠦᠢᠯ ᠤᠨ ᠶᠡᠭᠡ ᠪᠠᠷ | ᠭᠦᠨᠵᠡᠭᠡᠶᠢᠷᠡᠭᠦᠯᠵᠦ᠂ ᠮᠠᠨ ᠤ ᠨᠠᠮ ᠤᠨ ᠤᠨᠤᠯ ᠤᠨ ᠲᠠᠯ᠎ᠠ ᠪᠠᠷ ᠰᠢᠨ᠎ᠡ ᠶᠢ ᠡᠭᠦᠳᠦᠭᠰᠡᠨ ᠬᠠᠮᠤᠭ ᠤᠨ ᠰᠢᠨ᠎ᠡ ᠦᠷ᠎ᠡ | ᠪᠦᠲᠦᠭᠡᠯ ᠮᠥᠨ᠃ ᠲᠡᠦᠬᠡ ᠶᠢᠨ ᠰᠢᠨ᠎ᠡ ᠨᠥᠬᠦᠴᠡᠯ ᠳᠣᠣᠷ᠎ᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠢ ᠬᠦᠭᠵᠢᠭᠦᠯᠬᠦ ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠬᠠᠷᠠᠯᠲᠠ ᠶᠢ ᠪᠡᠶᠡᠯᠡᠭᠦᠯᠬᠦ ᠶᠢ | ᠪᠠᠷᠢᠮᠲᠠᠯᠠᠬᠤ᠂ ᠡᠭᠦᠨ ᠤ ᠤᠯᠠᠮ ᠠᠴᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ | ᠳᠤᠮᠳᠠᠳᠤ ᠤᠯᠤᠰ ᠤᠨ ᠵᠡᠭᠦᠳᠦ ᠶᠢ ᠲᠡᠷᠭᠡᠯᠰᠢᠭᠦᠯᠬᠦ ᠳᠤ ᠴᠢᠬᠤᠯᠠ ᠤᠨᠦᠯ ᠤᠨ ᠵᠢᠯᠦᠭᠤᠳᠦᠯᠭ᠎ᠠ ᠪᠣᠯᠤᠨ | ᠦᠢᠯᠡᠳᠦᠯᠭᠡ ᠶᠢᠨ ᠵᠦᠭᠯᠡᠭᠦᠷ ᠪᠣᠯᠣᠨ᠎ᠠ᠃ ᠡᠶᠢᠮᠦ ᠨᠢᠭᠡᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠨᠢ ︽ | 13 · 5︾ ᠶᠢᠨ ᠲᠥᠯᠥᠪᠵᠢᠭᠦᠯᠭᠡ ᠶᠢ ᠲᠣᠭᠲᠠᠭᠠᠬᠤ ᠪᠠ ᠨᠠᠶᠢᠳᠠᠪᠤᠷᠢᠵᠢᠭᠤᠯᠬᠤ ᠳᠤ ᠴᠢᠬᠤᠯᠠ ᠵᠢᠯᠣᠭᠤᠳᠬᠤ | ᠠᠴᠢ ᠬᠤᠯᠪᠣᠭᠳᠠᠯ ᠲᠠᠢ ᠶᠤᠮ᠃ ᠡᠶᠢᠮᠦ ᠠᠴᠠ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠪᠠᠷᠢᠮᠲᠠᠯᠠᠬᠤ ᠶᠢ ︽13 · 5︾ ᠶᠢᠨ ᠲᠥᠯᠥᠪᠵᠢᠭᠦᠯᠭᠡ ᠶᠢᠨ ᠰᠠᠨᠠᠭᠤᠯᠭ᠎ᠠ ᠳᠤ ᠪᠢᠴᠢᠵᠦ | ᠣᠷᠣᠭᠤᠯᠬᠤ ᠶᠢᠨ ᠬᠠᠮᠲᠤ ᠵᠢᠯᠣᠭᠤᠳᠬᠤ ᠦᠵᠡᠯ ᠰᠠᠨᠠᠭᠠᠨ ᠤ ᠠᠭᠤᠯᠭ᠎ᠠ ᠪᠣᠯᠭᠠᠨ ᠲᠣᠳᠣᠷᠬᠠᠶ ᠲᠣᠭᠲᠠᠭᠠᠭᠰᠠᠨ ᠨᠢ᠂ | ᠮᠠᠨ ᠤ ᠨᠠᠮ ᠤᠨ ᠬᠠᠮᠤᠭ ᠤᠨ ᠰᠢᠨ᠎ᠡ ᠤᠨᠤᠯ ᠤᠨ ᠦᠷ᠎ᠡ ᠪᠦᠲᠦᠭᠡᠯ ᠢᠶᠠᠷ ᠪᠦᠬᠦ ᠨᠠᠮ ᠢ ᠵᠡᠪᠰᠡᠭᠯᠡᠵᠦ᠂ | ᠦᠢᠯᠡᠳᠦᠯᠭᠡ ᠪᠠᠨ ᠵᠢᠯᠣᠭᠤᠳᠣᠭᠤᠯᠬᠤ ᠰᠢᠯᠢᠳᠡᠭ ᠤᠯᠠᠮᠵᠢᠯᠠᠯ ᠢ ᠬᠠᠷᠠᠭᠤᠯᠵᠤ᠂ ᠮᠦᠨ ᠴᠦ ᠮᠠᠨ ᠤ ᠨᠠᠮ ᠤᠨ ᠲᠦᠷᠦ | ᠪᠠᠷᠢᠵᠤ ᠤᠯᠤᠰ ᠢᠶᠠᠨ ᠮᠠᠨᠳᠤᠭᠤᠯᠬᠤ ᠪᠠ ᠤᠯᠤᠰ ᠣᠷᠣᠨ ᠢᠶᠠᠨ ᠵᠠᠰᠠᠵᠤ ᠵᠠᠰᠠᠭ ᠤᠨ ᠶᠠᠪᠤᠳᠠᠯ ᠢ ᠡᠷᠬᠢᠯᠡᠬᠦ ᠰᠢᠨ᠎ᠡ | ᠰᠡᠳᠬᠢᠮᠵᠢ ᠶᠢ ᠬᠠᠷᠠᠭᠤᠯᠪᠠ᠃ | ︽13 · 5︾ ᠶᠢᠨ ᠲᠥᠯᠥᠪᠵᠢᠭᠦᠯᠭᠡ ᠪᠣᠯᠣᠨ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ | ᠪᠣᠳᠣᠯᠭ᠎ᠠ ᠶᠢᠨ ᠪᠠᠶᠢᠷᠢᠯᠠᠭᠤᠯᠤᠯᠲᠠ ᠨᠢ ᠳᠡᠭᠡᠳᠦ ᠬᠡᠮᠵᠢᠶ᠎ᠡ ᠪᠠᠷ ᠨᠢᠭᠡᠳᠴᠦ ᠪᠠᠶᠢᠨ᠎ᠠ᠄ ︽ᠳᠥᠷᠪᠡᠨ ᠪᠦᠬᠦ ᠲᠠᠯ᠎ᠠ︾ | ᠶᠢᠨ ᠨᠢᠭᠡᠳᠦᠭᠡᠷ ︽ᠪᠦᠬᠦ ᠲᠠᠯ᠎ᠠ︾ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠪᠣᠯᠣᠨ᠎ᠠ᠂ ᠪᠠᠰᠠ | ᠴᠤ ᠮᠠᠨ ᠤ ᠪᠠᠶᠢᠯᠳᠤᠬᠤ ᠪᠤᠳᠤᠯᠭ᠎ᠠ ᠶᠢᠨ ᠬᠠᠷᠠᠯᠲᠠ ᠮᠥᠨ᠃ ᠶᠡᠷᠦᠩᠬᠡᠶ ᠱᠦᠵᠢ ᠰᠢ ᠶᠢᠨ ᠫᠢᠩ ︽ᠳᠥᠷᠪᠡᠨ ᠪᠦᠬᠦ | ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠮᠠᠨ ᠤ ᠪᠣᠢ ᠪᠦᠭᠦᠢ ᠲᠡᠮᠡᠴᠡᠯ ᠴᠥᠮ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠡᠶᠢᠮᠦ ᠨᠢᠭᠡᠨ ᠬᠠᠷᠠᠯᠲᠠ ᠳᠤ ᠲᠥᠪᠯᠡᠷᠡᠵᠦ ᠪᠤᠢ ᠭᠡᠵᠦ ᠶᠠᠷᠢᠵᠤ | ᠥᠩᠭᠡᠷᠡᠪᠡ᠃ ︽13 · 5︾ ᠶᠢᠨ ᠲᠥᠯᠥᠪᠵᠢᠭᠦᠯᠭᠡ ᠶᠢ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ | ᠬᠠᠷᠠᠯᠲᠠ ᠶᠢᠨ ᠲᠣᠭᠤᠷᠢᠨ ᠳᠤ ᠲᠣᠭᠲᠠᠭᠠᠭᠰᠠᠨ ᠶᠤᠮ᠃ ᠬᠡᠷᠪᠡ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ | ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯ ᠪᠠᠶᠢᠯᠳᠤᠬᠤ ᠪᠤᠳᠤᠯᠭ᠎ᠠ ᠶᠢᠨ ᠲᠠᠯ᠎ᠠ ᠠᠴᠠ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠠᠶᠢᠭᠤᠯᠬᠤ ᠳᠤ ᠬᠢᠭᠰᠡᠨ ᠪᠠᠶᠢᠷᠢᠯᠠᠭᠤᠯᠤᠯᠲᠠ ᠪᠣᠯᠣᠨ᠎ᠠ ᠭᠡᠵᠦ ᠬᠡᠯᠡᠪᠡᠯ᠂ ︽13 · 5︾ ᠶᠢᠨ | ᠲᠥᠯᠥᠪᠵᠢᠭᠦᠯᠭᠡ ᠨᠢ ᠬᠡᠷᠡᠭ ᠳᠡᠭᠡᠷ᠎ᠡ ᠪᠠᠨ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠠᠶᠢᠭᠤᠯᠬᠤ ᠳᠤ ᠪᠣᠳᠠᠲᠠᠶ | ᠠᠵᠢᠯ ᠤᠨ ᠲᠠᠯ᠎ᠠ ᠪᠠᠷ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃ | ︽13 · 5︾ ᠶᠢᠨ ᠲᠥᠯᠥᠪᠵᠢᠭᠦᠯᠭᠡ ᠶᠢ ᠬᠡᠷᠡᠭᠵᠢᠭᠦᠯᠦᠨ ᠨᠠᠶᠢᠳᠠᠪᠤᠷᠢᠵᠢᠭᠤᠯᠬᠤ ᠶᠢ ᠪᠠᠲᠤᠯᠠᠬᠤ ᠳᠤ᠂ | ᠮᠥᠨ ᠴᠦ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ | ᠵᠢᠯᠣᠭᠤᠳᠣᠯᠭ᠎ᠠ ᠪᠣᠯᠣᠨ ᠶᠡᠷᠦᠩᠭᠡᠢ ᠤᠳᠤᠷᠢᠳᠤᠮᠵᠢ ᠠᠴᠠ ᠰᠠᠯᠵᠤ ᠴᠢᠳᠠᠬᠤ ᠦᠭᠡᠢ ᠶᠤᠮ᠃ ᠲᠥᠯᠥᠪᠵᠢᠭᠦᠯᠭᠡ ᠶᠢᠨ | ᠰᠠᠨᠠᠭᠤᠯᠭ᠎ᠠ ᠳᠤ ᠰᠢᠨ᠎ᠡ ᠶᠢ ᠡᠭᠦᠳᠴᠦ ᠬᠥᠭᠵᠢᠭᠦᠯᠬᠦ᠂ ᠵᠣᠬᠢᠴᠠᠩᠭᠤᠶ ᠬᠦᠭᠵᠢᠭᠦᠯᠬᠦ᠂ ᠪᠣᠬᠢᠷᠲᠤᠯ ᠦᠭᠡᠢ | ᠬᠥᠭᠵᠢᠭᠦᠯᠬᠦ᠂ ᠨᠡᠬᠡᠬᠡᠯᠳᠡ ᠬᠢᠵᠦ ᠬᠥᠭᠵᠢᠭᠦᠯᠬᠦ᠂ ᠬᠥᠭᠵᠢᠯᠲᠡ ᠶᠢ ᠬᠠᠮᠲᠤ ᠪᠠᠷ ᠡᠳ᠋ᠯᠡᠬᠦ ᠲᠠᠪᠤᠨ ᠶᠡᠭᠡ | ᠬᠥᠭᠵᠢᠯᠲᠡ ᠶᠢᠨ ᠣᠨᠣᠯᠵᠢᠬᠤᠨ ᠢ ᠳᠤᠷᠠᠳᠴᠦ᠂ ᠡᠳᠡᠭᠡᠷ ᠣᠨᠣᠯᠵᠢᠬᠤᠨ ᠤ ᠲᠤᠤᠱᠯᠠᠭᠳᠠᠨ ᠨᠠᠶᠢᠳᠠᠪᠤᠷᠢᠵᠢᠬᠤ ᠶᠢ | ᠬᠡᠷᠬᠢᠨ ᠪᠠᠲᠤᠯᠠᠬᠤ ᠪᠤᠢ ᠭᠡᠪᠡᠯ ᠳᠠᠷᠤᠶ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠳᠠᠮᠵᠢᠭᠤᠯᠤᠨ᠂ | ᠡᠳᠡᠭᠡᠷ ᠬᠥᠭᠵᠢᠯᠲᠡ ᠶᠢᠨ ᠣᠨᠣᠯᠵᠢᠬᠤᠨ ᠢ ᠬᠠᠷᠰᠢᠯᠠᠵᠤ ᠪᠠᠶᠢᠭ᠎ᠠ ᠪᠠᠶᠢᠭᠤᠯᠤᠯ ᠲᠣᠭᠲᠠᠴᠠ ᠶᠢ ᠦᠭᠡᠶᠢᠰᠬᠡᠵᠦ᠂ | ᠬᠠᠤᠯᠢ ᠴᠠᠭᠠᠵᠠ ᠪᠣᠯᠣᠨ ᠲᠦᠷᠢᠮ ᠲᠣᠭᠲᠠᠭᠠᠯ ᠢᠶᠠᠷ ᠳᠠᠮᠵᠢᠭᠤᠯᠤᠨ ᠡᠲᠡᠭᠡᠷ ᠣᠨᠣᠯᠵᠢᠬᠤᠨ ᠤ ᠪᠣᠳᠠᠲᠠᠶᠢᠵᠢᠬᠤ ᠶᠢ | ᠪᠠᠲᠤᠯᠠᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠠᠷ ᠳᠠᠮᠵᠢᠭᠤᠯᠤᠨ᠂ ᠮᠠᠨ ᠤ ᠨᠠᠮ ᠤᠨ ᠪᠦᠬᠦ ᠲᠠᠯ᠎ᠠ ᠶᠢ | ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢᠨ ᠬᠢᠨ ᠢ ᠵᠣᠬᠢᠴᠠᠭᠤᠯᠬᠤ ᠦᠢᠯᠡᠳᠦᠯ ᠢ ᠤᠯᠠᠮ ᠰᠠᠶᠢᠲᠤᠷ ᠪᠠᠳᠠᠷᠠᠭᠤᠯᠬᠤ | ᠪᠣᠯᠣᠨ᠎ᠠ᠃ | ᠡᠶᠢᠮᠦ ᠠᠴᠠ᠂ ᠲᠥᠯᠥᠪᠵᠢᠭᠦᠯᠭᠡ ᠨᠢ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠰᠠᠶᠢᠲᠤᠷ ᠢᠯᠡᠷᠡᠭᠦᠯᠵᠦ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢ | ᠲᠤᠤᠱᠯᠠᠭᠤᠯᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠪᠠ︔ ︽13 · 5︾ ᠶᠢᠨ ᠲᠥᠯᠥᠪᠵᠢᠭᠦᠯᠭᠡ ᠶᠢ | ᠪᠡᠶᠡᠯᠡᠭᠦᠯᠬᠦ ᠳᠤ ᠮᠦᠨ ᠴᠦ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ | ᠵᠢᠯᠤᠭᠤᠳᠤᠯᠭ᠎ᠠ ᠪᠠ ᠶᠡᠷᠦᠩᠭᠡᠢ ᠤᠳᠤᠷᠢᠳᠤᠮᠵᠢ ᠠᠴᠠ ᠰᠠᠯᠵᠤ ᠴᠢᠳᠠᠬᠤ ᠦᠭᠡᠢ ᠶᠤᠮ᠃ | ᠶᠠᠭᠤᠨ ᠤ ᠤᠴᠢᠷ ᠠᠴᠠ ︽ᠳᠦᠷᠪᠡᠨ ᠪᠦᠬᠦ ᠲᠠᠯ᠎ᠠ︾ ᠶᠢ ︽ᠳᠤᠮᠳᠠᠳᠤ ᠤᠯᠤᠰ ᠤᠨ ᠰᠢᠨ᠎ᠡ ᠲᠡᠦᠬᠡᠨ | ᠨᠥᠬᠦᠴᠡᠯ ᠳᠣᠣᠷᠠᠬᠢ ᠤᠯᠤᠰ ᠢᠶᠠᠨ ᠵᠠᠰᠠᠵᠤ ᠵᠠᠰᠠᠭ ᠢᠶᠠᠨ ᠴᠡᠭᠴᠡᠯᠡᠬᠦ ᠠᠷᠭ᠎ᠠ ᠪᠣᠳᠣᠯᠭ᠎ᠠ︾ ᠭᠡᠬᠦ ᠪᠣᠢ︖ | ᠣᠳᠣ ᠦᠶ᠎ᠡ ᠶᠢᠨ ᠳᠤᠮᠳᠠᠳᠤ ᠤᠯᠤᠰ ᠲᠤ ᠠᠪᠴᠤ ᠬᠡᠯᠡᠪᠡᠯ᠂ ᠳᠤᠮᠳᠠᠳᠤ ᠤᠯᠤᠰ ᠤᠨ ᠣᠨᠴᠠᠯᠢᠭᠲᠤ | ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠵᠦ ᠴᠢᠳᠠᠬᠤ ᠡᠰᠡᠬᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠬᠤ ᠡᠯ᠎ᠡ ᠵᠦᠢᠯ ᠤᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ ᠴᠢᠳᠠᠬᠤ ᠡᠰᠡᠬᠦ᠂ ︽ᠠᠷᠪᠠᠨ | ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠠᠪᠤᠨ ᠶᠡᠭᠡ ᠬᠥᠭᠵᠢᠯᠲᠡ ᠶᠢᠨ ᠤᠨᠤᠯᠵᠢᠬᠤᠨ | ᠲᠤᠤᠱᠯᠠᠭᠳᠠᠨ ᠨᠠᠶᠢᠳᠠᠪᠤᠷᠢᠵᠢᠭᠤᠯᠤᠭᠳᠠᠬᠤ ᠡᠰᠡᠬᠦ ᠨᠢ ᠡᠴᠦᠰ ᠤᠨ ᠡᠴᠦᠰ ᠲᠤ ᠪᠠᠨ ᠤᠯᠤᠰ ᠢᠶᠠᠨ ᠵᠠᠰᠠᠵᠤ | ᠵᠠᠰᠠᠭ ᠢᠶᠠᠨ ᠴᠡᠭᠴᠡᠯᠡᠬᠦ ᠬᠢᠷᠢ ᠲᠦᠪᠰᠢᠨ ᠳᠡᠭᠡᠷ᠎ᠡ ᠢᠯᠡᠷᠡᠬᠦ ᠪᠣᠯᠣᠨ᠎ᠠ᠃ ︽ᠳᠥᠷᠪᠡᠨ ᠪᠦᠬᠦ ᠲᠠᠯ᠎ᠠ︾ ᠶᠢᠨ | ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠨᠢ ᠲᠡᠦᠬᠡᠨ ᠲᠤᠷᠰᠢᠯᠭ᠎ᠠ ᠶᠢ ᠬᠤᠷᠢᠶᠠᠩᠭᠤᠶᠢᠯᠠᠬᠤ ᠪᠠᠷ ᠳᠠᠮᠵᠢᠨ᠂ | ᠣᠳᠣ ᠦᠶ᠎ᠡ ᠶᠢᠨ ᠳᠤᠮᠳᠠᠳᠤ ᠤᠯᠤᠰ ᠤᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ | ᠤᠯᠤᠰ ᠢᠶᠠᠨ ᠵᠠᠰᠠᠵᠤ ᠵᠠᠰᠠᠭ ᠢᠶᠠᠨ ᠴᠡᠭᠴᠡᠯᠡᠬᠦ ᠳᠤ ᠬᠢᠭᠰᠡᠨ ᠰᠢᠨ᠎ᠡ ᠰᠦᠪᠡᠭᠴᠢᠯᠡᠯ ᠮᠥᠨ᠃ | ᠤᠯᠤᠰ ᠢᠶᠠᠨ ᠵᠠᠰᠠᠵᠤ ᠵᠠᠰᠠᠭ ᠢᠶᠠᠨ ᠴᠡᠭᠴᠡᠯᠡᠬᠦ ᠬᠢᠷᠢ ᠲᠦᠪᠰᠢᠨ ᠤ ᠥᠨᠳᠥᠷ ᠳᠣᠣᠷ᠎ᠠ ᠢᠯᠠᠵᠤ ᠢᠯᠠᠭᠳᠠᠬᠤ | ᠪᠠᠷᠢᠮᠵᠢᠶ᠎ᠠ ᠨᠢ ᠠᠷᠠᠳ ᠤᠯᠠᠨ ᠤ ᠬᠠᠨᠤᠮᠵᠢᠲᠠᠢ ᠡᠰᠡᠬᠦ ᠳᠡᠭᠡᠷ᠎ᠡ ᠲᠥᠪᠯᠡᠷᠡᠩᠭᠦᠢ ᠪᠠᠷ ᠢᠯᠡᠷᠡᠵᠦ᠂ ᠥᠭᠡᠷ᠎ᠡ ᠪᠠᠷ | ᠬᠡᠯᠡᠪᠡᠯ ᠠᠷᠠᠳ ᠲᠦᠮᠡᠨ ᠤ ᠠᠰᠢᠭ ᠲᠤᠰᠠ ᠶᠢ ᠬᠡᠳᠦᠢ ᠬᠡᠮᠵᠢᠶ᠎ᠡ ᠪᠠᠷ ᠰᠠᠶᠢᠲᠤᠷ ᠪᠡᠶᠡᠯᠡᠭᠦᠯᠬᠦ᠂ ᠰᠠᠶᠢᠲᠤᠷ | ᠬᠠᠮᠠᠭᠠᠯᠠᠬᠤ᠂ ᠰᠠᠶᠢᠲᠤᠷ ᠬᠥᠭᠵᠢᠭᠦᠯᠬᠦ ᠳᠡᠭᠡᠷ᠎ᠡ ᠢᠯᠡᠷᠡᠨ᠎ᠡ᠃ | ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠢ ᠪᠠᠶᠢᠭᠤᠯᠬᠤ ᠪᠣᠯ ᠦᠷᠭᠦᠯᠵᠢᠯᠡᠨ ᠬᠥᠭᠵᠢᠬᠦ ᠶᠢᠨ ᠰᠠᠭᠤᠷᠢᠨ ᠳᠡᠭᠡᠷ᠎ᠡ | ᠠᠷᠠᠳ ᠤᠨ ᠠᠮᠢᠳᠤᠷᠠᠯ ᠤᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠬᠥᠭᠵᠢᠯᠲᠡ ᠶᠢᠨ ᠦᠷ᠎ᠡ | ᠪᠦᠲᠦᠭᠡᠯ ᠢ ᠪᠦᠬᠦᠶᠢᠯᠡ ᠠᠷᠠᠳ ᠲᠦᠮᠡᠨ ᠳᠤ ᠬᠦᠷᠲᠡᠭᠡᠵᠦ᠂ ᠠᠷᠠᠳ ᠲᠦᠮᠡᠨ ᠢ ᠨᠡᠩ ᠰᠠᠶᠢᠨ ᠠᠮᠢᠳᠤᠷᠠᠭᠤᠯᠤᠨ᠎ᠠ᠃ | ︽ᠳᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠨᠢ ᠪᠦᠬᠦ ᠲᠠᠯ᠎ᠠ ᠪᠠᠷ ᠴᠢᠨᠡᠭᠡᠯᠢᠭ | ᠨᠡᠶᠢᠭᠡᠮ ᠢ ᠪᠠᠶᠢᠭᠤᠯᠬᠤ ᠶᠢ ᠡᠶᠢᠮᠦᠷᠬᠦ ᠴᠢᠬᠤᠯᠠ ᠪᠠᠶᠢᠷᠢ ᠳᠤ ᠲᠠᠯᠪᠢᠵᠤ᠂ ᠠᠯᠢᠪᠠ ᠲᠡᠮᠡᠴᠡᠯ ᠢ ᠴᠥᠮ ᠡᠶᠢᠮᠦᠷᠬᠦ | ᠬᠠᠷᠠᠯᠲᠠ ᠳᠤ ᠲᠥᠪᠯᠡᠷᠡᠭᠦᠯᠬᠦ ᠶᠢ ᠴᠢᠬᠤᠯᠠᠴᠢᠯᠠᠵᠠᠢ᠂ ᠡᠨᠡ ᠨᠢ ᠮᠠᠨ ᠤ ᠨᠠᠮ ᠤᠨ ᠬᠥᠭᠵᠢᠯᠲᠡ ᠶᠢ ᠲᠡᠷᠢᠭᠦᠨ | ᠴᠢᠬᠤᠯᠠ ᠡᠭᠦᠷᠭᠡ ᠪᠣᠯᠭᠠᠵᠤ ᠪᠠᠶᠢᠭ᠎ᠠ ᠶᠢ ᠭᠦᠢᠴᠡᠳ ᠢᠯᠡᠷᠡᠭᠦᠯᠵᠦ᠂ ᠦᠷᠡᠭᠡᠨ ᠣᠯᠠᠨ ᠠᠷᠠᠳ ᠲᠦᠮᠡᠨ ᠤ ᠠᠰᠢᠭ | ᠲᠤᠰᠠ ᠶᠢ ᠰᠠᠶᠢᠲᠤᠷ ᠪᠡᠶᠡᠯᠡᠭᠦᠯᠬᠦ᠂ ᠰᠠᠶᠢᠲᠤᠷ ᠬᠠᠮᠠᠭᠠᠯᠠᠬᠤ᠂ ᠰᠠᠶᠢᠲᠤᠷ ᠬᠥᠭᠵᠢᠭᠦᠯᠬᠦ ᠪᠠᠷ ᠠᠯᠢᠪᠠ ᠠᠵᠢᠯ ᠤᠨ | ᠡᠬᠢᠯᠡᠯᠲᠡ ᠪᠠ ᠲᠡᠭᠦᠰᠦᠯᠲᠡ ᠪᠣᠯᠭᠠᠭᠰᠠᠨ ᠲᠡᠷᠢᠭᠦᠨ ᠤ ᠣᠨᠣᠯᠵᠢᠬᠤᠨ ᠪᠣᠯᠣᠨ᠎ᠠ᠃ | ᠤᠯᠤᠰ ᠢᠶᠠᠨ ᠵᠠᠰᠠᠵᠤ ᠵᠠᠰᠠᠭ ᠢᠶᠠᠨ ᠴᠡᠭᠴᠡᠯᠡᠬᠦ ᠶᠢᠨ ᠬᠦᠰᠡᠯᠡᠩᠲᠦ ᠬᠡᠯᠪᠡᠷᠢ ᠨᠢ ᠨᠡᠶᠢᠭᠡᠮ ᠢ ᠠᠮᠢᠵᠢᠷᠠᠯ ᠤᠨ | ᠬᠦᠴᠦᠨ ᠪᠢᠯᠬᠠᠮ᠎ᠠ ᠮᠥᠷᠲᠡᠭᠡᠨ ᠡᠶ᠎ᠡ ᠵᠣᠬᠢᠴᠠᠩᠭᠤᠢ ᠲᠣᠭᠲᠠᠭᠤᠨ ᠪᠣᠯᠭᠠᠨ᠎ᠠ᠃ ᠠᠮᠢᠵᠢᠷᠠᠯ ᠤᠨ ᠬᠦᠴᠦᠨ ᠪᠠ ᠡᠮᠬᠢ | ᠳᠠᠷᠠᠭᠠᠯᠠᠯ ᠲᠠᠢ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠠᠮᠢᠵᠢᠷᠠᠯ ᠤᠨ ᠬᠦᠴᠦᠨ ᠢ ᠡᠮᠬᠢ ᠳᠠᠷᠠᠭᠠᠯᠠᠯ | ᠲᠠᠢ ᠪᠠᠷ ᠪᠠᠳᠠᠷᠠᠭᠤᠯᠤᠨ᠎ᠠ᠃ ᠪᠦᠬᠦ ᠲᠠᠯ᠎ᠠ ᠪᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠣᠯ ᠪᠠᠶᠢᠭᠤᠯᠤᠯ | ᠲᠤᠭᠲᠠᠴᠠ ᠶᠢᠨ ᠬᠠᠷᠰᠢ ᠰᠠᠭᠠᠳ ᠢ ᠡᠪᠳᠡᠵᠦ᠂ ᠦᠢᠯᠡᠳᠪᠦᠷᠢᠯᠡᠯ ᠤᠨ ᠬᠦᠴᠦᠨ ᠢ ᠴᠢᠯᠦᠭᠡᠯᠡᠵᠦ ᠬᠥᠭᠵᠢᠭᠦᠯᠦᠨ᠎ᠡ︔ | ᠤᠯᠤᠰ ᠢᠶᠠᠨ ᠪᠦᠬᠦ ᠲᠠᠯ᠎ᠠ ᠪᠠᠷ ᠬᠠᠤᠯᠢ ᠪᠠᠷ ᠵᠠᠰᠠᠬᠤ ᠪᠣᠯ ᠶᠣᠰᠣ ᠳᠦᠷᠢᠮ ᠲᠠᠢ ᠪᠣᠯᠭᠠᠵᠤ᠂ ᠶᠣᠰᠣ ᠳᠦᠷᠢᠮ ᠢ | ᠶᠠᠷᠢᠵᠤ᠂ ᠶᠣᠰᠣ ᠳᠦᠷᠢᠮ ᠢ ᠰᠠᠬᠢᠵᠤ᠂ ᠬᠠᠤᠯᠢ ᠪᠠᠷ ᠬᠠᠮᠤᠭ ᠤᠨ ᠶᠡᠭᠡ ᠶᠤᠰᠤ ᠳᠦᠷᠢᠮ ᠪᠣᠯᠭᠠᠨ ᠨᠡᠶᠢᠭᠡᠮ ᠤᠨ | ᠦᠢᠯᠡ ᠠᠵᠢᠯᠯᠠᠭ᠎ᠠ ᠶᠢ ᠲᠣᠬᠢᠷᠠᠭᠤᠯᠬᠤ ᠪᠠ ᠳᠦᠷᠢᠮᠵᠢᠭᠦᠯᠵᠦ᠂ ᠪᠦᠬᠦᠶᠢᠯᠡ ᠨᠡᠶᠢᠭᠡᠮ ᠢ ᠲᠣᠭᠲᠠᠭᠤᠨ ᠪᠥᠭᠡᠳ ᠡᠮᠬᠢ | ᠵᠢᠷᠤᠮ ᠲᠠᠢ ᠪᠣᠯᠭᠠᠨ᠎ᠠ᠃ ᠪᠦᠬᠦ ᠲᠠᠯ᠎ᠠ ᠪᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠤᠯᠤᠰ ᠢᠶᠠᠨ ᠪᠦᠬᠦ | ᠲᠠᠯ᠎ᠠ ᠪᠠᠷ ᠬᠠᠤᠯᠢ ᠪᠠᠷ ᠵᠠᠰᠠᠬᠤ ᠨᠢ ᠡᠪᠳᠡᠬᠦ ᠪᠠ ᠪᠠᠶᠢᠭᠤᠯᠬᠤ ᠶᠢᠨ ᠬᠤᠪᠢᠰᠤᠩᠭᠤᠢ ᠨᠢᠬᠡᠲᠦᠯ ᠢ ᠢᠯᠡᠷᠡᠭᠦᠯᠵᠦ᠂ | ᠰᠢᠨ᠎ᠡ ᠨᠢᠭᠡ ᠬᠤᠭᠤᠴᠠᠭᠠᠨ ᠤ ᠨᠠᠮ ᠤᠨ ᠲᠥᠪ ᠬᠤᠷᠢᠶ᠎ᠠ ᠨᠢᠭᠡ ᠶᠢ ᠡᠪᠳᠡᠵᠦ ᠨᠢᠭᠡ ᠶᠢ ᠪᠠᠶᠢᠭᠤᠯᠬᠤ ᠳᠤᠮᠳᠠ | ᠤᠯᠤᠰ ᠢᠶᠠᠨ ᠵᠠᠰᠠᠬᠤ ᠰᠢᠰᠲ᠋ᠧᠮᠵᠢ ᠪᠣᠯᠣᠨ ᠤᠯᠤᠰ ᠢᠶᠠᠨ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠲᠦᠯᠬᠢᠨ | ᠠᠬᠢᠭᠤᠯᠵᠤ᠂ ᠪᠦᠬᠦᠶᠢᠯᠡ ᠤᠯᠤᠰ ᠢ ᠠᠮᠢᠵᠢᠷᠠᠯ ᠤᠨ ᠬᠦᠴᠦᠨ ᠪᠢᠯᠬᠠᠮ᠎ᠠ ᠮᠥᠷᠲᠡᠭᠡᠨ ᠡᠶ᠎ᠡ ᠵᠣᠬᠢᠴᠠᠩᠭᠤᠢ | ᠲᠣᠭᠲᠠᠭᠤᠨ ᠰᠢᠨ᠎ᠡ ᠰᠡᠳᠬᠢᠮᠵᠢ ᠲᠠᠢ ᠪᠣᠯᠭᠠᠨ᠎ᠠ᠃ | ᠤᠯᠤᠰ ᠢᠶᠠᠨ ᠵᠠᠰᠠᠬᠤ ᠳᠤ ᠡᠷᠬᠡᠪᠰᠢ ᠤᠷᠢᠳᠠᠪᠠᠷ ᠨᠠᠮ ᠢᠶᠠᠨ ᠵᠠᠰᠠᠬᠤ ᠬᠡᠷᠡᠭᠲᠡᠢ᠂ ᠡᠨᠡ ᠪᠣᠯ ᠲᠡᠦᠬᠡ ᠶᠢᠨ | ᠲᠤᠷᠰᠢᠯᠭ᠎ᠠ ᠳᠤᠮᠳᠠ ᠠᠴᠠ ᠣᠯᠣᠭᠰᠠᠨ ᠳ᠋ᠦᠩᠨᠡᠯᠲᠡ ᠮᠥᠨ᠃ ᠳᠣᠮᠳᠠᠳᠣ ᠤᠯᠤᠰ ᠤᠨ ᠡᠪ ᠬᠠᠮᠲᠤ ᠨᠠᠮ ᠪᠣᠯ | ᠲᠥᠷᠥ ᠪᠠᠷᠢᠭᠴᠢ ᠨᠠᠮ᠂ ᠮᠠᠨ ᠤ ᠤᠳᠤᠷᠢᠳᠬᠤ ᠭᠤᠣᠯᠯᠠᠭᠴᠢ ᠪᠣᠯᠣᠨ᠎ᠠ᠂ ᠮᠠᠨ ᠤ ᠤᠯᠤᠰ ᠢᠶᠠᠨ ᠵᠠᠰᠠᠬᠤ ᠴᠢᠳᠠᠪᠤᠷᠢ | ᠪᠠ ᠲᠥᠷᠥ ᠪᠠᠷᠢᠬᠤ ᠬᠢᠷᠢ ᠲᠦᠪᠰᠢᠨ ᠳᠠᠷᠤᠢ ᠨᠠᠮ ᠤᠨ ᠲᠥᠷᠥ ᠪᠠᠷᠢᠬᠤ ᠴᠢᠳᠠᠪᠤᠷᠢ ᠪᠣᠯᠣᠨ ᠲᠥᠷᠥ ᠪᠠᠷᠢᠬᠤ ᠬᠢᠷᠢ | ᠲᠦᠪᠰᠢᠨ ᠳᠡᠭᠡᠷ᠎ᠡ ᠲᠥᠪᠯᠡᠷᠡᠵᠦ ᠪᠠᠶᠢᠳᠠᠭ᠂ ᠨᠠᠮ ᠢ ᠴᠢᠩᠭ᠎ᠠ ᠵᠠᠰᠠᠬᠤ ᠨᠢ ᠳᠠᠷᠤᠢ ᠨᠠᠮ ᠤᠨ ᠤᠳᠤᠷᠢᠳᠤᠯᠭ᠎ᠠ ᠶᠢ | ᠴᠢᠩᠭᠠᠳᠬᠠᠬᠤ ᠪᠣᠯᠣᠨ᠎ᠠ᠂ ᠡᠨᠡ ᠨᠢ ᠮᠥᠨ ᠴᠦ ᠳᠣᠮᠳᠠᠳᠣ ᠤᠯᠤᠰ ᠤᠨ ᠤᠯᠤᠰ ᠢᠶᠠᠨ ᠵᠠᠰᠠᠵᠤ ᠵᠠᠰᠠᠭ ᠢᠶᠠᠨ | ᠴᠡᠭᠴᠡᠯᠡᠬᠦ ᠲᠠᠯ᠎ᠠ ᠪᠠᠷ ᠬᠢ ᠢᠯᠭᠤᠮ ᠲᠣᠳᠣ ᠣᠨᠴᠠᠯᠢᠭ ᠪᠠ ᠬᠠᠮᠤᠭ ᠤᠨ ᠶᠡᠭᠡ ᠳᠠᠪᠠᠭᠤᠯᠢᠭ ᠶᠤᠮ᠃ | ᠡᠪ ᠬᠠᠮᠲᠤ ᠨᠠᠮ ᠲᠥᠷᠥ ᠶᠢᠨ ᠡᠷᠬᠡ ᠶᠢ ᠣᠯᠣᠭᠰᠠᠨ ᠤ ᠳᠠᠷᠠᠭ᠎ᠠ᠂ ᠨᠢᠭᠡ ᠤᠯᠤᠰ ᠬᠡᠷᠬᠢᠨ ᠤᠯᠤᠰ ᠢᠶᠠᠨ | ᠵᠠᠰᠠᠵᠤ ᠵᠠᠰᠠᠭ ᠢᠶᠠᠨ ᠴᠡᠭᠴᠡᠯᠡᠬᠦ ᠶᠢ ᠮᠠᠷᠺᠰ᠂ ᠡᠩᠭᠯᠧᠰ ᠪᠠᠷᠠᠯᠠᠵᠤ ᠥᠩᠭᠡᠷᠡᠪᠡ᠂ ᠭᠡᠪᠡᠴᠦ ᠪᠣᠳᠠᠲᠤ ᠲᠤᠷᠰᠢᠯᠭ᠎ᠠ | ᠦᠭᠡᠢ᠂ ᠬᠤᠵᠢᠮ ᠨᠢ ᠣᠯᠠᠨ ᠤᠯᠤᠰ ᠤᠨ ᠡᠪ ᠬᠠᠮᠲᠤ ᠶᠢᠨ ᠬᠥᠳᠡᠯᠭᠡᠭᠡᠨ ᠳᠤᠮᠳᠠ ᠡᠨᠡ ᠬᠦ ᠠᠰᠠᠭᠤᠳᠠᠯ ᠨᠢ ᠮᠥᠨ | ᠴᠦ ᠰᠢᠢᠳᠪᠦᠷᠢᠯᠡᠭᠳᠡᠭᠰᠡᠨ ᠦᠭᠡᠢ᠃ ᠪᠢᠳᠡ ᠡᠨᠡ ᠬᠦ ᠠᠰᠠᠭᠤᠳᠠᠯ ᠳᠡᠭᠡᠷ᠎ᠡ ᠤᠯᠠᠨ ᠠᠮᠵᠢᠯᠲᠠ ᠲᠠᠢ ᠲᠤᠷᠰᠢᠯᠭ᠎ᠠ | ᠲᠠᠢ ᠭᠡᠵᠦ ᠬᠡᠯᠡᠵᠦ ᠪᠣᠯᠣᠨ᠎ᠠ᠂ ᠭᠡᠪᠡᠴᠦ ᠰᠤᠷᠭᠠᠮᠵᠢ ᠴᠦ ᠤᠯᠠᠨ ᠪᠠᠶᠢᠭᠰᠠᠭᠠᠷ᠃ ᠡᠨᠡ ᠬᠦ ᠠᠰᠠᠭᠤᠳᠠᠯ ᠳᠡᠭᠡᠷ᠎ᠡ | ᠰᠢᠪᠲᠤᠯᠤᠯᠲᠠ ᠲᠠᠢ ᠪᠠᠶᠢᠬᠤ ᠡᠰᠡᠬᠦ ᠨᠢ ᠣᠳᠣᠬᠢ ᠴᠠᠭ ᠦᠶ᠎ᠡ ᠶᠢᠨ ᠳᠣᠮᠳᠠᠳᠣ ᠤᠯᠤᠰ ᠤᠨ ᠡᠪ ᠬᠠᠮᠲᠤ ᠨᠠᠮ ᠳᠤ | ᠠᠪᠴᠤ ᠬᠡᠯᠡᠪᠡᠯ ᠬᠠᠲᠠᠭᠤ ᠰᠡᠳᠦᠪ ᠪᠠ ᠰᠢᠯᠭᠠᠯᠲᠠ ᠪᠣᠯᠣᠨ᠎ᠠ᠃ | ︽ᠳᠦᠷᠪᠡᠨ ᠪᠦᠬᠦ ᠲᠠᠯ᠎ᠠ︾ ᠶᠢᠨ ︽ᠪᠦᠬᠦ ᠲᠠᠯ᠎ᠠ︾ ᠪᠣᠯᠭᠠᠨ ᠨᠢ ᠮᠠᠨ ᠤ ᠨᠠᠮ ᠤᠨ ᠤᠯᠤᠰ ᠢᠶᠠᠨ ᠵᠠᠰᠠᠵᠤ | ᠵᠠᠰᠠᠭ ᠢᠶᠠᠨ ᠴᠡᠭᠴᠡᠯᠡᠬᠦ ᠰᠢᠨ᠎ᠡ ᠰᠡᠳᠬᠢᠮᠵᠢ ᠪᠣᠯᠣᠨ ᠡᠷᠢᠯᠬᠢᠯᠡᠯ ᠢ ᠢᠯᠡᠷᠡᠭᠦᠯᠵᠦ᠂ ᠬᠠᠮᠲᠤᠷᠠᠨ ᠨᠡᠶᠢᠯᠡᠪᠡᠯ ᠪᠦᠬᠦᠯᠢ | ᠪᠦᠲᠦᠨ ᠤᠯᠤᠰ ᠢᠶᠠᠨ ᠵᠠᠰᠠᠵᠤ ᠵᠠᠰᠠᠭ ᠢᠶᠠᠨ ᠴᠡᠭᠴᠡᠯᠡᠬᠦ ᠠᠷᠭ᠎ᠠ ᠪᠣᠳᠣᠯᠭ᠎ᠠ ᠪᠣᠯᠳᠠᠭ᠃ ᠤᠯᠤᠰ ᠢᠶᠠᠨ ᠵᠠᠰᠠᠵᠤ | ᠵᠠᠰᠠᠭ ᠢᠶᠠᠨ ᠴᠡᠭᠴᠡᠯᠡᠬᠦ ᠠᠷᠭ᠎ᠠ ᠪᠣᠳᠣᠯᠭ᠎ᠠ ᠬᠥᠮᠥᠨ ᠲᠥᠷᠥᠯᠬᠢᠲᠡᠨ ᠤ ᠪᠣᠯᠪᠠᠰᠤᠨ ᠤ ᠦᠷ᠎ᠡ ᠪᠦᠲᠦᠭᠡᠯ ᠢ ᠰᠢᠩᠭᠡᠭᠡᠨ | ᠠᠪᠬᠤ ᠪᠠ ᠤᠯᠠᠮᠵᠢᠯᠠᠵᠤ᠂ ᠪᠠᠰᠠ ᠢᠯᠡ ᠲᠣᠳᠣᠷᠬᠠᠢ ᠳᠤᠮᠳᠠᠳᠤ ᠶᠢᠨ ᠣᠨᠴᠠᠯᠢᠭ ᠢ ᠢᠯᠡᠷᠡᠭᠦᠯᠦᠨ᠂ ᠪᠣᠳᠠᠲᠤ | ᠴᠢᠨᠠᠷᠲᠠᠢ᠂ ᠬᠠᠷᠠᠯᠲᠠᠲᠤ ᠴᠢᠨᠠᠷᠲᠠᠢ ᠮᠥᠷᠲᠡᠭᠡᠨ ᠠᠯᠤᠰ ᠬᠤᠯᠠ ᠶᠢᠨ ᠪᠣᠳᠣᠯᠬᠢᠯᠠᠯ ᠲᠠᠢ᠂ ᠮᠠᠨ ᠤ ᠳᠤᠮᠳᠠᠳᠤ ᠶᠢᠨ | ᠣᠨᠴᠠᠯᠢᠭ ᠪᠦᠬᠦᠢ ᠨᠡᠶᠢᠭᠡᠮ ᠵᠢᠷᠤᠮ ᠢ ᠪᠦᠲᠦᠭᠡᠨ ᠪᠠᠶᠢᠭᠤᠯᠬᠤ ᠵᠢᠮ᠎ᠡ ᠶᠣᠰᠣᠨ ᠤ ᠲᠠᠨᠢᠯᠲᠠ ᠰᠢᠨ᠎ᠡ ᠨᠢᠭᠡ | ᠲᠦᠪᠰᠢᠨ ᠳᠤ ᠳᠠᠪᠰᠢᠭᠰᠠᠨ ᠮᠥᠷᠲᠡᠭᠡᠨ ᠳᠤᠮᠳᠠᠳᠤ ᠤᠯᠤᠰ ᠤᠨ ᠰᠢᠨ᠎ᠡ ᠲᠡᠦᠬᠡᠨ ᠨᠥᠬᠦᠴᠡᠯ ᠳᠣᠣᠷ᠎ᠠ | ᠤᠯᠤᠰ ᠢᠶᠠᠨ ᠵᠠᠰᠠᠵᠤ ᠵᠠᠰᠠᠭ ᠢᠶᠠᠨ ᠴᠡᠭᠴᠡᠯᠡᠬᠦ ᠳᠤ ᠦᠨᠳᠦᠰᠦᠨ ᠵᠢᠷᠤᠮᠯᠠᠯ ᠢ ᠬᠠᠩᠭᠠᠪᠠ᠃ | ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠡᠷᠬᠢᠨ | ᠳᠤᠷᠠᠳᠤᠭᠰᠠᠨ ᠪᠤᠢ︖ | ᠶᠡᠷᠦᠩᠬᠡᠶ ᠱᠦᠵᠢ ᠰᠢ ᠶᠢᠨ ᠫᠢᠩ ᠤᠨ ᠬᠡᠯᠡᠭᠰᠡᠨ ᠬᠤᠶᠠᠷ ᠪᠠᠳᠠᠭ ᠦᠭᠡ ᠨᠢ ᠣᠨᠴᠠ ᠠᠩᠬᠠᠷᠤᠭᠤᠰᠢᠲᠠᠶ᠂ | ᠨᠢᠭᠡ ᠨᠢ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠶᠡᠷᠦᠩᠬᠡᠢ ᠪᠠᠶᠢᠳᠠᠯ ᠶᠢ ᠪᠠᠷᠢᠮᠲᠠᠯᠠᠬᠤ ᠪᠠ ᠬᠥᠭᠵᠢᠭᠦᠯᠬᠦ ᠠᠴᠠ | ᠡᠭᠦᠰᠦᠨ ᠳᠤᠷᠠᠳᠤᠨ ᠭᠠᠷᠭᠠᠭᠰᠠᠨ ᠪᠥᠭᠡᠳ ᠪᠤᠢ ᠪᠣᠯᠤᠭᠰᠠᠨ ᠶᠤᠮ᠂ ᠡᠨᠡ ᠦᠭᠡ ᠨᠢ ᠪᠢᠳᠡᠨ ᠤ ︽ᠳᠥᠷᠪᠡᠨ ᠪᠦᠬᠦ | ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠣᠶᠢᠯᠭᠠᠬᠤ ᠳᠤ ᠲᠦᠢᠯ ᠤᠨ ᠴᠢᠬᠤᠯᠠ ᠶᠤᠮ᠃ | ᠭᠠᠭᠴᠠ ᠬᠦ ᠨᠡᠶᠢᠭᠡᠮ ᠵᠢᠷᠤᠮ ᠰᠠᠶ᠋ᠢ ᠳᠤᠮᠳᠠᠳᠤ ᠤᠯᠤᠰ ᠢ ᠠᠪᠤᠷᠠᠵᠤ ᠴᠢᠳᠠᠨ᠎ᠠ᠂ ᠭᠠᠭᠴᠠ ᠬᠦ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠰᠠᠶ᠋ᠢ ᠳᠤᠮᠳᠠᠳᠤ ᠤᠯᠤᠰ ᠢ ᠬᠥᠭᠵᠢᠭᠦᠯᠵᠦ ᠴᠢᠳᠠᠨ᠎ᠠ᠂ ᠪᠢᠳᠡ | ᠭᠠᠭᠴᠠ ᠬᠦ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠵᠠᠮ ᠢᠶᠠᠷ ᠵᠠᠮᠨᠠᠪᠠᠯ ᠰᠠᠶ᠋ᠢ ᠤᠯᠤᠰ | ᠣᠷᠣᠨ ᠤ ᠪᠠᠶᠠᠵᠢᠯ ᠬᠦᠴᠦᠷᠬᠡᠭᠵᠢᠯ᠂ ᠦᠨᠳᠦᠰᠦᠲᠡᠨ ᠤ ᠬᠥᠭᠵᠢᠯ ᠮᠠᠨᠳᠤᠯ᠂ ᠠᠷᠠᠳ ᠲᠦᠮᠡᠨ ᠤ ᠵᠣᠯ ᠵᠢᠷᠭᠠᠯ ᠤᠨ | ᠬᠦᠰᠡᠯ ᠢ ᠪᠡᠶᠡᠯᠡᠭᠦᠯᠵᠦ ᠴᠢᠳᠠᠨ᠎ᠠ᠃ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠳᠤ ᠪᠣᠯᠲᠠᠯ᠎ᠠ | ᠪᠠᠰᠠ ᠲᠦᠢᠯ ᠤᠨ ᠰᠠᠶᠢᠨ ᠰᠠᠶᠢᠬᠠᠨ ᠪᠣᠯᠵᠤ ᠴᠢᠳᠠᠭᠠᠳᠤᠢ᠂ ᠡᠨᠡ ᠵᠠᠮ ᠢᠶᠠᠷ ᠪᠢᠳᠠ ᠪᠠᠰᠠ ᠮᠠᠰᠢ ᠠᠷᠪᠢᠨ | ᠠᠰᠠᠭᠤᠳᠠᠯ ᠢ ᠲᠣᠳᠣᠷᠬᠠᠶ ᠲᠠᠨᠢᠭ᠎ᠠ ᠦᠭᠡᠢ᠂ ᠰᠢᠢᠳᠪᠦᠷᠢᠯᠡᠭᠡ ᠤᠢᠭᠡᠢ ᠪᠠᠶᠢᠭᠰᠠᠭᠠᠷ᠂ ᠡᠳᠡᠭᠡᠷ ᠠᠰᠠᠭᠤᠳᠠᠯ ᠢ | ᠰᠢᠢᠳᠪᠦᠷᠢᠯᠡᠬᠦ ᠤᠢᠭᠡᠢ ᠪᠣᠯ ᠮᠠᠨ ᠤ ᠬᠠᠷᠠᠯᠲᠠ ᠪᠡᠶᠡᠯᠡᠭᠳᠡᠬᠦ ᠳᠤ ᠲᠤᠩ ᠬᠦᠴᠢᠷ ᠪᠣᠯᠬᠤ ᠶᠤᠮ᠂ ᠡᠶᠢᠮᠦ ᠠᠴᠠ | ᠶᠡᠷᠦᠩᠬᠡᠶ ᠱᠦᠵᠢ ᠰᠢ ᠶᠢᠨ ᠫᠢᠩ ᠳᠤᠷᠠᠳᠤᠭᠰᠠᠨ ᠨᠢ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠢ ᠡᠷᠡᠰ ᠭᠤᠶᠢᠪᠢᠰᠢ ᠦᠭᠡᠢ ᠪᠠᠷᠢᠮᠲᠠᠯᠠᠬᠤ ᠪᠠ ᠬᠥᠭᠵᠢᠭᠦᠯᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠢᠯᠡᠳᠦᠯᠭᠡ ᠶᠢᠨ ᠣᠨᠴᠠᠯᠢᠭ᠂ ᠤᠨᠤᠯ ᠤᠨ ᠣᠨᠴᠠᠯᠢᠭ᠂ ᠦᠨᠳᠦᠰᠦᠲᠡᠨ ᠤ ᠣᠨᠴᠠᠯᠢᠭ ᠢ | ᠲᠡᠰᠦᠷᠡᠯᠳᠠ ᠤᠢᠭᠡᠢ ᠪᠠᠶᠠᠯᠢᠭᠵᠢᠭᠤᠯᠬᠤ ᠬᠡᠷᠡᠭᠲᠡᠢ᠂ ᠲᠡᠷᠡ ᠬᠡᠯᠡᠬᠦ ᠳᠡᠭᠡᠨ ᠡᠨᠡ ᠪᠣᠯ ᠮᠠᠨ ᠤ ᠡᠨᠡ ᠨᠢᠭᠡ ᠦᠶ᠎ᠡ ᠶᠢᠨ | ᠡᠪ ᠬᠠᠮᠲᠤᠴᠤᠳ ᠤᠨ ᠡᠷᠬᠢᠮ ᠳᠡᠭᠡᠳᠦ ᠬᠠᠷᠢᠭᠤᠴᠠᠯᠭ᠎ᠠ ᠪᠠ ᠲᠡᠦᠬᠡᠲᠦ ᠡᠭᠦᠷᠭᠡ ᠮᠥᠨ ᠭᠡᠵᠡᠢ᠃ | ᠲᠡᠭᠡᠪᠡᠯ᠂ ᠶᠠᠭᠠᠬᠢᠪᠠᠯ ᠰᠠᠶ᠋ᠢ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠨᠡᠩ ᠰᠠᠶᠢᠨ | ᠪᠠᠷᠢᠮᠲᠠᠯᠠᠨ ᠬᠥᠭᠵᠢᠭᠦᠯᠵᠦ ᠴᠢᠳᠠᠬᠤ ᠪᠤᠢ︖ ︽ᠳᠥᠷᠪᠡᠨ ᠪᠦᠬᠦ ᠲᠠᠯ᠎ᠠ︾ ᠪᠣᠯ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠢ ᠦᠷᠭᠦᠯᠵᠢᠯᠡᠨ ᠪᠠᠷᠢᠮᠲᠠᠯᠠᠨ ᠬᠥᠭᠵᠢᠭᠦᠯᠬᠦ ᠴᠢᠭᠯᠡᠯ ᠢᠶᠠᠷ ᠳᠤᠷᠠᠳᠴᠤ | ᠭᠠᠷᠭᠠᠭᠰᠠᠨ ᠶᠤᠮ᠃ ᠡᠭᠦᠨ ᠳᠤ᠂ ︽ᠶᠡᠷᠦᠩᠬᠡᠢ ᠪᠠᠶᠢᠳᠠᠯ︾ ᠭᠡᠳᠡᠭ ᠤᠬᠠᠭᠳᠠᠬᠤᠨ ᠲᠦᠢᠯ ᠤᠨ ᠴᠢᠬᠤᠯᠠ | ᠪᠠᠶᠢᠳᠠᠭ᠃ ᠬᠡᠳᠦᠨ ᠦᠶ᠎ᠡ ᠶᠢᠨ ᠬᠥᠮᠦᠰ ᠤᠨ ᠪᠤᠤᠬᠢᠶᠠᠯᠤᠮᠠᠯ ᠬᠠᠶᠢᠨ ᠰᠦᠪᠡᠭᠴᠢᠯᠡᠯ ᠢ ᠳᠠᠮᠵᠢᠭᠠᠳ᠂ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠨᠢᠭᠡᠨᠲᠡ ᠯᠤᠲᠤ ᠶᠡᠭᠡ ᠠᠮᠵᠢᠯᠲᠠ ᠣᠯᠤᠭᠰᠠᠨ ᠪᠠᠶᠢᠨ᠎ᠠ᠂ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠲᠤᠬᠠᠶ ᠮᠠᠨ ᠤ ᠲᠠᠨᠢᠯᠲᠠ ᠨᠢᠭᠡᠨᠲᠡ ᠤᠷᠢᠳᠤ | ᠡᠮᠦᠨ᠎ᠡ ᠪᠠᠶᠢᠭ᠎ᠠ ᠦᠭᠡᠢ ᠬᠢᠷᠢ ᠬᠡᠮᠵᠢᠶ᠎ᠡ ᠪᠣᠯᠣᠨ ᠳᠡᠭᠡᠳᠦ ᠬᠡᠮᠵᠢᠶᠡᠨ ᠳᠤ ᠬᠦᠷᠪᠡ᠃ ᠡᠶᠢᠮᠦ ᠨᠢᠭᠡᠨ ᠲᠡᠦᠬᠡᠨ ᠰᠢᠨ᠎ᠡ | ᠡᠬᠢᠯᠡᠯᠲᠡ ᠳᠡᠭᠡᠷ᠎ᠡ ᠵᠣᠭᠰᠣᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠠᠷᠢᠮᠲᠠᠯᠠᠨ | ᠬᠥᠭᠵᠢᠭᠦᠯᠬᠦ ᠳᠤ ᠪᠢᠳᠡ ︽ᠲᠠᠷᠪᠤᠰ ᠤᠨ ᠬᠠᠯᠢᠰᠤ ᠶᠢ ᠭᠢᠰᠬᠢᠭᠰᠡᠨ ᠮᠡᠲᠦ᠂ ᠬᠠᠮᠢᠭ᠎ᠠ ᠬᠦᠷᠲᠡᠯ᠎ᠡ ᠭᠤᠯᠭᠤᠪᠠᠯ | ᠬᠠᠮᠢᠭ᠎ᠠ ᠬᠦᠷᠬᠦ︾ ᠭᠡᠵᠦ ᠪᠣᠯᠬᠤ ᠦᠭᠡᠢ᠂ ᠲᠣᠯᠣᠭᠠᠶ ᠡᠪᠡᠳᠪᠡᠯ ᠲᠣᠯᠣᠭᠠᠶ ᠪᠠᠨ ᠡᠮᠨᠡᠵᠦ ᠬᠦᠯ ᠡᠪᠡᠳᠪᠡᠯ | ᠬᠦᠯ ᠢᠶᠠᠨ ᠨᠤᠬᠤᠯᠠᠵᠤ ᠴᠤ ᠪᠣᠯᠬᠤ ᠦᠭᠡᠢ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠶᠡᠷᠦᠩᠬᠡᠢ ᠪᠠᠶᠢᠳᠠᠯ ᠠᠴᠠ ᠡᠭᠦᠰᠴᠦ᠂ ᠪᠦᠬᠦᠯᠢ ᠴᠣᠭᠴᠠ ᠶᠢᠨ ᠲᠠᠯ᠎ᠠ ᠪᠠᠷ ᠨᠢᠭᠡᠨ ᠪᠠᠶᠢᠯᠳᠤᠬᠤ ᠪᠤᠳᠤᠯᠭ᠎ᠠ ᠶᠢᠨ | ᠪᠣᠳᠣᠯᠬᠢᠯᠠᠯ ᠲᠠᠢ ᠪᠠᠶᠢᠬᠤ ᠬᠡᠷᠡᠭᠲᠡᠶ᠃ | ᠪᠠᠶᠢᠯᠳᠤᠬᠤ ᠪᠤᠳᠤᠯᠭ᠎ᠠ ᠶᠢᠨ ᠠᠰᠠᠭᠤᠳᠠᠯ ᠪᠣᠯ ᠨᠢᠭᠡᠨ ᠲᠦᠷᠦ ᠶᠢᠨ ᠨᠠᠮ᠂ ᠨᠢᠭᠡᠨ ᠤᠯᠤᠰ ᠣᠷᠣᠨ ᠤ | ᠦᠨᠳᠦᠰᠦᠨ ᠴᠢᠨᠠᠷᠲᠠᠶ ᠠᠰᠠᠭᠤᠳᠠᠯ ᠮᠥᠨ᠂ ᠪᠠᠶᠢᠯᠳᠤᠬᠤ ᠪᠤᠳᠤᠯᠭ᠎ᠠ ᠶᠢᠨ ᠲᠠᠯ᠎ᠠ ᠪᠠᠷ ᠣᠨᠣᠪᠴᠢᠲᠠᠶ ᠮᠠᠭᠠᠳᠯᠠᠵᠤ᠂ | ᠮᠠᠭᠠᠳᠯᠠᠬᠤ ᠶᠢᠨ ᠲᠠᠯ᠎ᠠ ᠪᠠᠷ ᠰᠢᠨᠵᠢᠯᠡᠬᠦ ᠤᠬᠠᠭᠠᠨᠴᠢ ᠪᠠᠷ ᠰᠦᠪᠡᠭᠴᠢᠯᠡᠵᠦ᠂ ᠪᠠᠶᠢᠯᠳᠤᠬᠤ ᠪᠤᠳᠤᠯᠭ᠎ᠠ ᠶᠢᠨ ᠲᠠᠯ᠎ᠠ ᠪᠠᠷ | ᠰᠠᠨᠠᠭᠠᠴᠢᠯᠠᠭᠠᠲᠤ ᠪᠠᠶᠢᠷᠢ ᠶᠢ ᠲᠡᠮᠡᠴᠡᠨ ᠣᠯᠪᠠᠯ᠂ ᠨᠠᠮ ᠪᠠ ᠤᠯᠤᠰ ᠣᠷᠣᠨ ᠮᠠᠰᠢ ᠶᠡᠭᠡ ᠬᠥᠭᠵᠢᠯ ᠤᠨ | ᠢᠷᠡᠭᠡᠳᠦᠶ ᠲᠠᠢ ᠪᠣᠯᠬᠤ ᠶᠤᠮ᠃ ᠶᠡᠷᠦᠩᠬᠡᠶ ᠱᠦᠵᠢ ᠰᠢ ᠶᠢᠨ ᠫᠢᠩ ᠠᠴᠠ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ | ᠳᠤᠮᠳᠠ ᠪᠠᠶᠢᠯᠳᠤᠬᠤ ᠪᠤᠳᠤᠯᠭ᠎ᠠ ᠶᠢᠨ ᠰᠢᠪᠲᠤᠯᠤᠯᠲᠠ ᠶᠢ ᠪᠡᠶᠡᠯᠡᠭᠦᠯᠬᠦ ᠳᠤ ᠴᠢᠳᠠᠮᠠᠭᠠᠶ ᠪᠠᠶᠢᠵᠤ᠂ ᠡᠭᠦᠨ ᠤ ᠬᠠᠮᠲᠤ᠂ | ᠪᠠᠶᠢᠯᠳᠤᠬᠤ ᠪᠤᠳᠤᠯᠭ᠎ᠠ ᠶᠢᠨ ᠶᠡᠷᠦᠩᠬᠡᠢ ᠲᠠᠯ᠎ᠠ ᠶᠢ ᠡᠵᠡᠮᠰᠢᠬᠦ ᠳᠤᠮᠳᠠ ᠡᠯ᠎ᠡ ᠵᠦᠢᠯ ᠤᠨ ᠠᠵᠢᠯ ᠢᠶᠠᠨ ᠠᠬᠢᠭᠤᠯᠬᠤ | ᠬᠡᠷᠡᠭᠲᠡᠢ ᠭᠡᠵᠦ ᠲᠤᠷᠠᠳᠪᠠ᠃ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ | ᠪᠣᠯ ᠲᠤᠪᠦ᠋ᠢᠮ᠎ᠠ ᠠᠰᠠᠭᠤᠳᠠᠯ ᠢ ᠠᠳᠬᠤᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠦᠬᠦ | ᠪᠠᠶᠢᠳᠠᠯ ᠢ ᠳᠠᠶᠢᠴᠢᠯᠠᠵᠤ᠂ ᠪᠠᠶᠢᠯᠳᠤᠬᠤ ᠪᠤᠳᠤᠯᠭ᠎ᠠ ᠶᠢᠨ ᠰᠢᠪᠲᠤᠯᠤᠯᠲᠠ ᠶᠢ ᠪᠡᠶᠡᠯᠡᠭᠦᠯᠬᠦ ᠬᠡᠷᠡᠭᠲᠡᠢ᠃ ᠡᠭᠦᠨ ᠤ | ᠵᠡᠷᠭᠡᠴᠡᠭᠡᠪᠡᠷ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠦᠬᠦ ᠲᠠᠯ᠎ᠠ ᠶᠢ ᠡᠵᠡᠮᠰᠢᠬᠦ ᠳᠠᠬᠢ | ᠡᠯ᠎ᠡ ᠵᠦᠢᠯ ᠤᠨ ᠠᠵᠢᠯ ᠢᠶᠠᠨ ᠲᠦᠯᠬᠢᠨ ᠠᠬᠢᠭᠤᠯᠬᠤ ᠨᠢᠭᠡᠨ ᠠᠮᠢᠳᠤᠯᠢᠭ ᠪᠣᠳᠠᠲᠠᠶ ᠢᠯᠡᠷᠡᠯ ᠮᠥᠨ᠃ | ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠲᠦᠷᠪᠡᠨ ᠲᠠᠯ᠎ᠠ ᠨᠢ ᠴᠥᠮ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠦᠬᠦ ᠲᠠᠯ᠎ᠠ ᠳᠤ ᠬᠤᠯᠪᠣᠭᠳᠠᠬᠤ ᠬᠠᠮᠤᠭ ᠤᠨ ᠴᠢᠬᠤᠯᠠ ᠶᠡᠭᠡ | ᠠᠰᠠᠭᠤᠳᠠᠯ ᠤᠳ ᠮᠥᠨ᠃ ᠵᠢᠱᠢᠶᠡᠯᠡᠪᠡᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠶᠡᠷᠦᠩᠬᠡᠶ | ᠡᠭᠦᠷᠭᠡ ᠪᠣᠯ ᠳᠠᠷᠤᠶ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠣᠯᠣᠨ᠎ᠠ | ᠃ ᠭᠡᠲᠡᠯ᠎ᠡ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠪᠣᠯ ᠶᠡᠷᠦᠩᠬᠡᠶ ᠡᠭᠦᠷᠭᠡ ᠶᠢ ᠪᠡᠶᠡᠯᠡᠭᠦᠯᠬᠦ | ᠵᠠᠩᠭᠢᠯᠠᠭ᠎ᠠ ᠶᠢᠨ ᠨᠢᠭᠡ ᠠᠯᠬᠤᠮ ᠪᠣᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠵᠦ | ᠴᠢᠳᠠᠬᠤ ᠦᠭᠡᠢ ᠪᠣᠯ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠳᠠᠪᠠᠭᠤᠯᠢᠭ ᠴᠢᠨᠠᠷ ᠢ | ᠬᠡᠷᠬᠢᠨ ᠬᠠᠷᠠᠭᠤᠯᠵᠤ ᠴᠢᠳᠠᠬᠤ ᠪᠤᠢ︖ ᠦᠨᠡᠨ ᠳᠡᠭᠡᠨ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠳᠤᠮᠳᠠᠳᠤ ᠤᠯᠤᠰ ᠲᠠᠬᠢ ᠢᠷᠡᠭᠡᠳᠦᠶ ᠪᠠ ᠬᠤᠪᠢ ᠵᠠᠶᠠᠭ᠎ᠠ ᠲᠠᠢ ᠬᠤᠯᠪᠣᠭᠳᠠᠵᠤ ᠪᠠᠶᠢᠳᠠᠭ᠃ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠪᠣᠯ ᠥᠭᠡᠷᠡᠴᠢᠯᠡᠯᠲᠡ ᠨᠡᠭᠡᠭᠡᠯᠲᠡ ᠶᠢᠨ ᠳᠤᠮᠳᠠ ᠪᠤᠢ ᠪᠣᠯᠵᠤ᠂ | ᠠᠮᠢᠳᠤᠯᠢᠭ ᠪᠤᠲᠠᠲᠠᠢ ᠪᠠᠶᠢᠳᠠᠭ ᠤᠨ ᠤᠴᠢᠷ ᠨᠢ ᠪᠣᠯ ᠥᠭᠡᠷᠡᠴᠢᠯᠡᠯᠲᠡ ᠨᠡᠭᠡᠭᠡᠯᠳᠡ ᠲᠠᠢ ᠨᠡᠶᠢᠭᠡᠮ ᠵᠢᠷᠤᠮ ᠳᠤ | ᠣᠷᠣᠰᠢᠵᠤ᠂ ᠥᠭᠡᠷᠡᠴᠢᠯᠡᠯᠲᠡ ᠨᠡᠭᠡᠭᠡᠯᠲᠡ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠵᠠᠶᠢᠯᠠᠰᠢ ᠦᠭᠡᠢ ᠶᠠᠪᠤᠬᠤ ᠵᠠᠮ ᠮᠥᠨ᠃ ᠤᠯᠤᠰ ᠢᠶᠠᠨ ᠬᠠᠤᠯᠢ ᠪᠠᠷ ᠵᠠᠰᠠᠬᠤ ᠪᠣᠯ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠮᠥᠨ ᠴᠢᠨᠠᠷ ᠤᠨ ᠱᠠᠭᠠᠷᠳᠠᠯᠭ᠎ᠠ ᠪᠠ ᠴᠢᠬᠤᠯᠠ ᠪᠠᠲᠤᠯᠠᠭ᠎ᠠ ᠮᠥᠨ᠃ ᠡᠪ ᠬᠠᠮᠲᠤ | ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠬᠠᠮᠤᠭ ᠤᠨ ᠮᠥᠨ ᠴᠢᠨᠠᠷ ᠤᠨ ᠣᠨᠴᠠᠯᠢᠭ ᠪᠣᠯᠣᠨ᠎ᠠ᠂ ᠳᠤᠮᠳᠠᠳᠤ ᠤᠯᠤᠰ ᠤᠨ ᠤᠴᠢᠷ ᠶᠠᠪᠤᠳᠠᠯ ᠢ ᠰᠠᠶᠢᠬᠠᠨ | ᠪᠦᠲᠦᠭᠡᠵᠦ ᠴᠢᠳᠠᠬᠤ ᠡᠰᠡᠬᠦ ᠨᠢ᠂ ᠶᠠᠭᠤᠨ ᠤ ᠡᠮᠦᠨ᠎ᠡ ᠨᠢ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ | ᠤᠴᠢᠷ ᠶᠠᠪᠤᠳᠠᠯ ᠢ ᠰᠠᠶᠢᠳᠤᠷ ᠬᠢᠵᠦ ᠴᠢᠳᠠᠬᠤ ᠡᠰᠡᠬᠦ ᠳᠤ ᠣᠷᠣᠰᠢᠨ᠎ᠠ᠃ ᠡᠶᠢᠮᠦ ᠠᠴᠠ ᠡᠨᠡ ᠳᠦᠷᠪᠡᠨ ᠲᠠᠯ᠎ᠠ ᠶᠢ | ᠠᠳᠬᠤᠵᠤ ᠠᠪᠤᠪᠠᠯ ᠲᠡᠦᠬᠡᠨ ᠰᠢᠨ᠎ᠡ ᠨᠥᠬᠦᠴᠡᠯ ᠳᠣᠣᠷᠠᠬᠢ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠢ ᠪᠠᠷᠢᠮᠲᠠᠯᠠᠨ ᠬᠥᠭᠵᠢᠭᠦᠯᠬᠦ ᠭᠤᠣᠯ ᠵᠥᠷᠢᠴᠡᠯ ᠢ ᠠᠳᠬᠤᠵᠤ ᠠᠪᠤᠭᠰᠠᠨ ᠶᠠᠪᠤᠳᠠᠯ ᠪᠣᠯᠣᠨ᠎ᠠ᠂ 1 +1 ᠨᠢ | 2 ᠠᠴᠠ ᠶᠡᠭᠡ ᠦᠷ᠎ᠡ ᠳ᠋ᠦᠩ ᠣᠯᠬᠤ ᠪᠣᠯᠣᠯᠴᠠᠭ᠎ᠠ ᠲᠠᠢ ᠪᠣᠯᠵᠤ᠂ ᠡᠭᠦᠨ ᠤ ᠤᠯᠠᠮ ᠠᠴᠠ ᠪᠦᠬᠦ᠋ᠢᠯᠡ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠯᠳᠤᠬᠤ ᠪᠤᠳᠤᠯᠭ᠎ᠠ ᠶᠢᠨ ᠰᠢᠨ᠎ᠡ ᠰᠢᠪᠲᠤᠯᠤᠯᠲᠠ ᠶᠢᠨ | ᠪᠡᠶᠡᠯᠡᠭᠳᠡᠯ ᠢ ᠳᠠᠶᠢᠴᠢᠯᠠᠬᠤ ᠪᠣᠯᠣᠨ᠎ᠠ᠃ | ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠳᠤᠮᠳᠠᠬᠢ ᠪᠦᠬᠦ ᠲᠠᠯ᠎ᠠ | ᠨᠢᠭᠡᠪᠦᠷᠢ ᠨᠢ ᠴᠥᠮ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠤᠨ ᠪᠦᠬᠦ | ᠲᠠᠯ᠎ᠠ ᠠᠴᠠ ᠡᠭᠦᠰᠴᠦ᠂ ᠪᠦᠬᠦ ᠲᠠᠯ᠎ᠠ ᠶᠢ ᠡᠵᠡᠮᠳᠡᠬᠦ ᠳᠤᠮᠳᠠ ᠪᠥᠬᠦ ᠲᠠᠯ᠎ᠠ ᠪᠠᠷ ᠲᠦᠯᠬᠢᠨ ᠤᠷᠤᠭᠰᠢᠯᠠᠭᠤᠯᠬᠤ | ᠬᠡᠷᠡᠭᠲᠡᠶ᠃ ᠵᠢᠱᠢᠶᠡᠯᠡᠪᠡᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠪᠣᠯ ᠠᠵᠤ ᠠᠬᠤᠶ᠂ | ᠤᠯᠤᠰ ᠲᠦᠷᠦ᠂ ᠰᠣᠶᠣᠯ᠂ ᠨᠡᠶᠢᠭᠡᠮ᠂ ᠠᠮᠢ ᠠᠬᠤᠶ ᠶᠢᠨ ᠪᠣᠯᠪᠠᠰᠤᠨ ᠵᠡᠷᠭᠡ ᠡᠯ᠎ᠡ ᠬᠦᠷᠢᠶ᠎ᠡ ᠶᠢ ᠬᠠᠮᠤᠷᠤᠭᠰᠠᠨ | ᠨᠢᠭᠡᠨ ᠪᠦᠬᠦᠯᠢ ᠴᠣᠭᠴᠠ ᠶᠢᠨ ᠴᠢᠨᠠᠷᠲᠠᠶ ᠬᠠᠷᠠᠯᠲᠠ ᠶᠤᠮ᠃ ᠥᠭᠡᠷᠡᠴᠢᠯᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠶᠢᠨ ᠶᠡᠷᠦᠩᠬᠡᠶ ᠬᠠᠷᠠᠯᠲᠠ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠪᠠᠶᠢᠭᠤᠯᠤᠯ ᠢ ᠲᠡᠭᠦᠯᠳᠡᠷᠵᠢᠭᠦᠯᠦᠨ ᠬᠥᠭᠵᠢᠭᠦᠯᠵᠦ᠂ ᠲᠥᠷᠥ ᠶᠢᠨ ᠵᠠᠰᠠᠬᠤ ᠰᠢᠰᠲ᠋ᠧᠮᠵᠢ ᠪᠣᠯᠤᠨ ᠵᠠᠰᠠᠬᠤ | ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠤᠨ᠎ᠠ᠂ ᠥᠭᠡᠷ᠎ᠡ ᠪᠠᠷ ᠬᠡᠯᠡᠪᠡᠯ ᠪᠢᠳᠡ ᠪᠥᠬᠦᠶᠢᠯᠡ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠢ ᠨᠡᠩ ᠪᠣᠯᠪᠠᠰᠤᠷᠠᠩᠭᠤᠶ ᠨᠡᠩ | ᠬᠡᠯᠪᠡᠷᠢᠵᠢᠭᠦᠯᠬᠦ ᠳᠤ ᠬᠠᠨᠳᠤᠭᠤᠯᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠶᠢᠷᠢᠯᠠᠭᠤᠯᠤᠯᠲᠠ ᠬᠢᠵᠦ᠂ ᠪᠢᠳᠡ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠶᠢᠷᠢᠯᠠᠭᠤᠯᠤᠯᠲᠠ ᠬᠢᠬᠦ ᠳᠡᠭᠡᠨ ᠬᠡᠰᠡᠭ ᠪᠤᠰᠠᠭ ᠢᠶᠠᠷ ᠲᠣᠬᠢᠷᠠᠭᠤᠯᠬᠤ ᠪᠠ | ᠵᠠᠰᠠᠵᠤ ᠨᠥᠬᠦᠬᠦ ᠪᠢᠰᠢ᠂ ᠬᠠᠷᠢᠨ ᠬᠤᠷᠸ᠎ᠠ ᠰᠡᠳᠬᠢᠬᠦ ᠪᠠ ᠳᠡᠭᠡᠳᠦ ᠳᠠᠪᠬᠤᠷᠭ᠎ᠠ ᠶᠢᠨ ᠵᠢᠷᠤᠭ ᠲᠥᠯᠥᠪᠯᠡᠭᠡ ᠬᠢᠬᠦ ᠶᠢ | ᠨᠡᠩ ᠴᠢᠬᠤᠯᠠᠴᠢᠯᠠᠵᠤ᠂ ᠥᠭᠡᠷᠡᠴᠢᠯᠡᠯᠲᠡ ᠶᠢᠨ ᠰᠢᠰᠢᠲ᠋ᠧᠮᠵᠢᠲᠦ ᠴᠢᠨᠠᠷ᠂ ᠪᠦᠬᠦᠯᠢ ᠴᠣᠭᠴᠠᠲᠤ ᠴᠢᠨᠠᠷ ᠪᠣᠯᠣᠨ | ᠵᠣᠬᠢᠴᠠᠯᠳᠤ ᠴᠢᠨᠠᠷ ᠢ ᠨᠡᠩ ᠴᠢᠬᠤᠯᠠᠴᠢᠯᠠᠬᠤ ᠬᠡᠷᠡᠭᠲᠡᠢ᠂ ᠥᠭᠡᠷ᠎ᠡ ᠪᠠᠷ ᠬᠡᠯᠡᠪᠡᠯ᠂ ᠤᠯᠤᠰ ᠣᠷᠣᠨ ᠢ ᠵᠠᠰᠠᠬᠤ | ᠰᠢᠰᠲ᠋ᠧᠮᠵᠢ ᠪᠣᠯᠣᠨ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢᠨ ᠲᠠᠯ᠎ᠠ ᠪᠠᠷ ᠪᠦᠬᠦᠯᠢ ᠴᠣᠭᠴᠠ ᠶᠢᠨ ᠦᠷ᠎ᠡ | ᠪᠦᠲᠦᠮᠵᠢ ᠣᠯᠬᠤ ᠬᠡᠷᠡᠭᠲᠡᠢ᠃ ᠪᠦᠬᠦ ᠲᠠᠯ᠎ᠠ ᠨᠢᠭᠡᠪᠦᠷᠢ ᠨᠢ ᠴᠥᠮ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠪᠥᠬᠦᠯᠢ ᠴᠣᠭᠴᠠ ᠶᠢ ᠪᠠᠷᠢᠮᠲᠠᠯᠠᠨ ᠬᠥᠭᠵᠢᠭᠦᠯᠵᠦ᠂ ᠪᠦᠬᠦ ᠲᠠᠯ᠎ᠠ ᠨᠢᠭᠡᠪᠦᠷᠢ ᠨᠢ ᠴᠥᠮ ᠪᠦᠷᠢᠨ | ᠪᠦᠲᠦᠨ ᠬᠠᠷᠠᠯᠲᠠ ᠲᠠᠢ ᠪᠠᠶᠢᠵᠤ᠂ ᠴᠦᠮ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ | ᠪᠣᠳᠣᠯᠬᠢᠯᠠᠨ ᠬᠥᠭᠵᠢᠭᠦᠯᠦᠭᠰᠡᠨ ᠪᠦᠬᠦ᠋ᠢᠯᠡ ᠴᠣᠭᠴᠠ ᠶᠢᠨ ᠦᠷ᠎ᠡ ᠪᠦᠲᠦᠮᠵᠢ ᠪᠠᠶᠢᠵᠤ᠂ ᠳᠥᠷᠪᠡᠨ ᠪᠦᠬᠦ ᠲᠠᠯ᠎ᠠ ᠶᠢ | ᠨᠡᠶᠢᠯᠡᠭᠦᠯᠦᠭᠡᠳ᠂ ᠵᠣᠬᠢᠴᠠᠩᠭᠤᠶ ᠪᠠᠷ ᠲᠦᠯᠬᠢᠨ ᠠᠬᠢᠭᠤᠯᠪᠠᠯ ᠳᠠᠷᠤᠢ ᠨᠢᠭᠡᠨ ᠪᠦᠬᠦ ᠲᠠᠯ᠎ᠠ ᠪᠣᠯᠵᠤ᠂ ᠪᠦᠬᠦᠯᠢ | ᠴᠣᠭᠴᠠ ᠶᠢᠨ ᠲᠠᠯ᠎ᠠ ᠠᠴᠠ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠢᠯᠡᠰ ᠢ ᠪᠦᠬᠦ | ᠲᠠᠯ᠎ᠠ ᠪᠠᠷ ᠲᠦᠯᠬᠢᠨ ᠠᠬᠢᠭᠤᠯᠬᠤ ᠶᠠᠪᠤᠳᠠᠯ ᠪᠣᠯᠣᠨ᠎ᠠ᠃ ᠡᠶᠢᠮᠦᠷᠬᠦ ᠨᠢᠭᠡᠨ ᠪᠠᠶᠢᠯᠳᠤᠬᠤ ᠪᠤᠳᠤᠯᠭ᠎ᠠ ᠶᠢᠨ | ᠪᠠᠶᠢᠷᠢᠯᠠᠭᠤᠯᠤᠯᠲᠠ ᠶᠢᠨ ᠢᠯᠡᠷᠡᠭᠦᠯᠵᠦ ᠪᠠᠶᠢᠭ᠎ᠠ ᠨᠢ ᠪᠠᠶᠢᠯᠳᠤᠬᠤ ᠪᠣᠳᠣᠯᠭ᠎ᠠ ᠶᠢᠨ ᠪᠣᠳᠣᠯᠬᠢᠯᠠᠯ ᠪᠠ ᠪᠦᠬᠦᠯᠢ | ᠴᠣᠭᠴᠠ ᠶᠢᠨ ᠲᠣᠬᠢᠷᠠᠭᠤᠯᠤᠯᠲᠠ ᠪᠣᠯᠬᠤ ᠪᠥᠭᠡᠳ ᠮᠠᠨ ᠤ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠵᠢᠮ᠎ᠡ ᠶᠣᠰᠣᠨ ᠤ ᠲᠤᠬᠠᠶ ᠲᠠᠨᠢᠯᠲᠠ ᠶᠢ ᠰᠢᠨ᠎ᠡ ᠬᠢᠷᠢ ᠬᠡᠮᠵᠢᠶᠡᠨ ᠳᠤ ᠬᠦᠷᠭᠡᠭᠰᠡᠨ ᠢ ᠢᠯᠡᠷᠡᠭᠦᠯᠦᠭᠰᠡᠨ | ᠪᠠᠶᠢᠨ᠎ᠠ᠃ | ᠬᠤᠶᠠᠳᠤᠭᠠᠷ ᠦᠭᠡ ᠭᠡᠪᠡᠯ᠂ ᠶᠡᠷᠦᠩᠬᠡᠶ ᠱᠦᠵᠢ ᠰᠢ ᠶᠢᠨ ᠫᠢᠩ ᠠᠴᠠ ︽ᠳᠥᠷᠪᠡᠨ ᠪᠦᠬᠦ ᠲᠠᠯ᠎ᠠ︾ ᠶᠢᠨ | ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠨᠢ ᠳᠤᠮᠳᠠᠳᠤ ᠤᠯᠤᠰ ᠤᠨ ᠬᠥᠭᠵᠢᠯᠲᠡ ᠶᠢᠨ ᠪᠣᠳᠠᠲᠤ | ᠪᠠᠶᠢᠳᠠᠯ ᠢᠶᠠᠷ ᠰᠠᠭᠤᠷᠢᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠠᠯᠬᠤᠮ ᠠᠯᠬᠤᠮ ᠢᠶᠠᠷ | ᠪᠦᠷᠢᠯᠳᠦᠭᠰᠡᠨ ᠪᠥᠭᠡᠳ ᠢᠳᠡᠪᠬᠢᠲᠡᠶ ᠪᠠᠷ ᠲᠦᠯᠬᠢᠨ ᠠᠬᠢᠭᠤᠯᠤᠭᠰᠠᠨ ᠶᠤᠮ ᠭᠡᠵᠦ ᠬᠡᠯᠡᠪᠡ᠃ ᠡᠭᠦᠨ ᠳᠠᠬᠢ | ᠬᠥᠭᠵᠢᠯᠲᠡ ᠶᠢᠨ ᠪᠣᠳᠠᠲᠤ ᠪᠠᠶᠢᠳᠠᠯ ᠢᠶᠠᠷ ᠰᠠᠭᠤᠷᠢᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠬᠤ ᠭᠡᠳᠡᠭ ᠲᠤ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ | ᠠᠰᠠᠭᠤᠳᠠᠯ ᠤᠨ ᠦᠵᠡᠯ ᠤᠬᠠᠮᠰᠠᠷ ᠪᠣᠯᠣᠨ ᠪᠣᠳᠠᠲᠤ ᠬᠠᠨᠳᠤᠯᠭᠠᠲᠤ ᠴᠢᠨᠠᠷ ᠢ ᠭᠦᠨᠵᠡᠭᠡᠶ ᠢᠯᠡᠷᠡᠭᠦᠯᠪᠡ᠃ | ︽ᠳᠥᠷᠪᠡᠨ ᠪᠦᠬᠦ ᠲᠠᠯ᠎ᠠ︾ ᠪᠣᠯ ᠨᠢᠭᠡ ᠵᠦᠢᠯ ᠤᠨ ᠪᠠᠶᠢᠯᠳᠤᠬᠤ ᠪᠤᠳᠤᠯᠭ᠎ᠠ ᠶᠢᠨ ᠪᠣᠳᠣᠯᠬᠢᠯᠠᠯ᠂ ᠪᠦᠬᠦᠯᠢ | ᠴᠣᠭᠴᠠ ᠶᠢᠨ ᠵᠢᠷᠤᠭᠯᠠᠯ ᠶᠤᠮ᠂ ᠵᠦᠪᠬᠡᠨ ᠡᠩ ᠤᠨ ᠬᠡᠶᠢᠰᠪᠦᠷᠢ ᠤᠬᠠᠭᠳᠠᠬᠤᠨ ᠲᠡᠳᠦᠢ ᠪᠢᠰᠢ᠃ ᠶᠡᠷᠦᠩᠬᠡᠶ ᠱᠦᠵᠢ | ᠰᠢ ᠶᠢᠨ ᠫᠢᠩ ᠤᠨ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠲᠤᠬᠠᠶ ᠥᠭᠦᠯᠡᠯᠲᠡ ᠨᠢ ᠴᠥᠮ | ᠨᠠᠮ ᠪᠣᠯᠤᠨ ᠤᠯᠤᠰ ᠣᠷᠣᠨ ᠤ ᠠᠵᠢᠯ ᠦᠢᠯᠡᠰ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠲᠣᠪᠤᠶᠢᠮ᠎ᠠ | ᠠᠰᠠᠭᠤᠳᠠᠯ ᠤᠳ ᠤᠨ ᠬᠠᠷᠢᠭᠤᠯᠲᠠ ᠪᠣᠯᠬᠤ ᠶᠤᠮ᠃ ᠵᠢᠱᠢᠶᠡᠯᠡᠪᠡᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠠᠶᠢᠭᠤᠯᠤᠨ ᠪᠦᠲᠦᠭᠡᠬᠦ ᠭᠡᠳᠡᠭ ᠤᠨ ᠬᠠᠮᠤᠭ ᠤᠨ ᠲᠤᠯᠭᠠᠮ᠎ᠠ᠂ ᠬᠠᠮᠤᠭ ᠤᠨ ᠦᠨᠳᠦᠰᠦᠨ ᠡᠭᠦᠷᠭᠡ ᠨᠢ ᠮᠥᠨ ᠯᠡ | ᠦᠢᠯᠡᠳᠪᠦᠷᠢᠯᠡᠯ ᠤᠨ ᠬᠦᠴᠦᠨ ᠢ ᠤᠯᠠᠮ ᠨᠢᠭᠡ ᠠᠯᠬᠤᠮ ᠴᠢᠯᠥᠭᠡᠯᠡᠨ ᠬᠥᠭᠵᠢᠭᠦᠯᠬᠦ ᠶᠠᠪᠤᠳᠠᠯ ᠪᠣᠯᠬᠤ ᠶᠢ | ᠴᠢᠬᠤᠯᠠᠴᠢᠯᠠᠵᠤ᠂ ᠡᠭᠦᠨ ᠤ ᠵᠡᠷᠭᠡ ᠳᠤ GDP ᠢᠶᠠᠷ ᠠᠵᠢᠯ ᠤᠨ ᠦᠷ᠎ᠡ ᠪᠥᠲᠦᠮᠵᠢ ᠶᠢ ᠦᠨᠡᠯᠡᠬᠦ ᠦᠭᠡᠢ ᠪᠠᠶᠢᠬᠤ᠂ | ᠰᠢᠨ᠎ᠡ ᠬᠡᠪ ᠪᠠᠶᠢᠳᠠᠯ ᠳᠤ ᠵᠣᠬᠢᠴᠠᠬᠤ᠂ ᠡᠵᠡᠮᠰᠢᠬᠦ ᠪᠠ ᠳᠠᠭᠠᠭᠤᠯᠬᠤ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ | ᠬᠥᠳᠡᠯᠭᠡᠭᠦᠷ ᠪᠣᠯᠭᠠᠬᠤ᠂ ᠴᠢᠨᠡᠭᠡᠯᠢᠭ ᠨᠡᠶᠢᠭᠡᠮ ᠳᠤ ᠣᠷᠣᠬᠤ ᠡᠰᠡᠬᠦ ᠶᠢᠨ ᠵᠠᠩᠭᠢᠯᠠᠭ᠎ᠠ ᠨᠢ ᠲᠠᠷᠢᠶᠠᠴᠢᠳ | ᠴᠢᠨᠡᠭᠡᠯᠢᠭᠵᠢᠭᠰᠡᠨ ᠡᠰᠡᠬᠦ ᠵᠡᠷᠭᠡ ᠶᠢ ᠴᠢᠬᠤᠯᠠᠴᠢᠯᠠᠭᠰᠠᠨ ᠪᠠᠶᠢᠨ᠎ᠠ᠃ ᠡᠳᠡᠭᠡᠷ ᠥᠭᠦᠯᠡᠯᠲᠡ ᠨᠢ ᠦᠨᠡᠨ ᠳᠡᠭᠡᠨ ᠮᠠᠨ ᠤ | ᠤᠯᠤᠰ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠳᠤᠮᠳᠠᠬᠢ ᠵᠠᠷᠢᠮ ᠲᠤᠪᠤᠶᠢᠮ᠎ᠠ ᠠᠰᠠᠭᠤᠳᠠᠯ ᠳᠤ | ᠴᠢᠭᠯᠡᠭᠦᠯᠦᠨ᠂ ᠰᠢᠨ᠎ᠡ ᠪᠠᠶᠢᠳᠠᠯ ᠳᠣᠣᠷ᠎ᠠ ᠮᠠᠨ ᠤ ᠡᠮᠦᠨ᠎ᠡ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠤᠨ ᠵᠠᠷᠢᠮ ᠰᠢᠨ᠎ᠡ | ᠲᠠᠨᠢᠯᠲᠠ ᠳᠤ ᠴᠢᠭᠯᠡᠭᠦᠯᠦᠨ ᠠᠪᠤᠭᠰᠠᠨ ᠰᠢᠨ᠎ᠡ ᠠᠷᠭ᠎ᠠ ᠬᠡᠮᠵᠢᠶ᠎ᠡ ᠨᠦᠭᠦᠳ ᠮᠥᠨ᠂ ᠪᠠᠰᠠ ᠴᠤ ᠰᠢᠨ᠎ᠡ ᠪᠠᠶᠢᠳᠠᠯ ᠤᠨ | ᠳᠣᠣᠷ᠎ᠠ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠠᠶᠢᠭᠤᠯᠤᠨ ᠪᠦᠲᠦᠭᠡᠬᠦ ᠭᠤᠣᠯ ᠡᠭᠦᠷᠭᠡ᠂ ᠵᠠᠩᠭᠢᠯᠠᠭ᠎ᠠ ᠶᠢᠨ | ᠭᠤᠭᠴᠤᠭ᠎ᠠ ᠪᠣᠯᠤᠨ ᠭᠤᠣᠯᠳᠠᠯᠭ᠎ᠠ ᠲᠠᠢ ᠪᠡᠷᠬᠡ ᠠᠰᠠᠭᠤᠳᠠᠯ ᠤᠨ ᠲᠤᠬᠠᠶ ᠬᠠᠷᠢᠭᠤᠯᠤᠭᠰᠠᠨ ᠬᠠᠷᠢᠭᠤᠯᠲᠠ ᠪᠣᠯᠣᠨ | ᠠᠷᠭ᠎ᠠ ᠬᠢᠳᠡᠯ ᠪᠣᠯᠬᠤ ᠶᠤᠮ᠃ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠶᠢᠨ ᠪᠦᠬᠦ ᠲᠠᠯ᠎ᠠ ᠨᠢᠭᠡᠪᠦᠷᠢ ᠨᠢ ᠤᠨᠤᠯ ᠤᠨ ᠲᠤᠳᠤᠷᠬᠠᠶᠢᠯᠠᠯᠲᠠ ᠲᠠᠢ ᠮᠥᠷᠲᠡᠭᠡᠨ ᠠᠵᠢᠯ ᠤᠨ | ᠪᠠᠶᠢᠷᠢᠯᠠᠭᠤᠯᠤᠯᠲᠠ ᠲᠠᠢ ᠪᠠᠶᠢᠵᠤ᠂ ᠠᠵᠢᠯ ᠦᠢᠯᠡᠰ ᠢ ᠶᠡᠷᠦᠩᠬᠡᠶ ᠳᠤᠨᠢ ᠡᠵᠡᠮᠰᠢᠨ᠂ ᠵᠢᠮ᠎ᠡ ᠶᠣᠰᠣᠴᠢ ᠴᠢᠨᠠᠷ ᠢ ᠨᠢ | ᠲᠠᠨᠢᠵᠤ᠂ ᠮᠦᠨᠴᠦ ᠪᠣᠳᠠᠲᠠᠶ ᠠᠰᠠᠭᠤᠳᠠᠯ ᠢ ᠰᠢᠢᠳᠪᠦᠷᠢᠯᠡᠬᠦ ᠠᠷᠭ᠎ᠠ ᠲᠠᠢ ᠪᠠᠶᠢᠵᠤ᠂ ᠮᠠᠨ ᠤ ᠨᠠᠮ ᠪᠣᠯᠣᠨ ᠤᠯᠤᠰ | ᠣᠷᠣᠨ ᠤ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠱᠠᠭᠠᠷᠳᠠᠯᠭ᠎ᠠ ᠶᠢ ᠢᠯᠡᠷᠡᠭᠦᠯᠦᠨ᠂ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮᠲᠤ ᠪᠦᠲᠦᠭᠡᠨ ᠪᠠᠶᠢᠭᠤᠯᠤᠯᠲᠠ ᠶᠢᠨ ᠵᠢᠮ᠎ᠡ ᠶᠣᠰᠣᠨ ᠤ ᠲᠤᠬᠠᠶ ᠮᠠᠨ ᠤ | ᠲᠠᠨᠢᠯᠲᠠ ᠶᠢ ᠭᠦᠨᠵᠡᠭᠡᠶᠢᠷᠡᠭᠦᠯᠦᠭᠰᠡᠨ ᠨᠢ ᠮᠠᠨ ᠤ ᠤᠨᠤᠯ ᠤᠨ ᠰᠢᠨ᠎ᠡ ᠡᠭᠦᠳᠦᠯᠲᠡ ᠶᠢᠨ ᠬᠠᠮᠤᠭ ᠤᠨ ᠰᠢᠨ᠎ᠡ ᠦᠷ᠎ᠡ | ᠪᠦᠲᠦᠭᠡᠯ ᠪᠣᠯᠣᠨ᠎ᠠ᠂ ᠮᠦᠨᠴᠦ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠪᠠ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠤᠨᠤᠯ ᠤᠨ ᠵᠢᠯᠤᠭᠤᠳᠤᠯᠭ᠎ᠠ ᠪᠣᠯᠣᠨ | ᠦᠢᠯᠡᠳᠦᠯᠭᠡ ᠶᠢᠨ ᠵᠦᠭᠯᠡᠭᠦᠷ ᠬᠠᠩᠭᠠᠭᠰᠠᠨ ᠪᠠᠶᠢᠨ᠎ᠠ᠃ | ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠳᠤᠷᠠᠳᠤᠮᠠᠭᠴᠠ᠂ | ᠲᠡᠷᠡ ᠳᠣᠣᠷ᠎ᠠ ᠨᠢ ᠨᠠᠮ ᠤᠨ ᠳᠣᠲᠣᠷ᠎ᠠ ᠭᠠᠳᠠᠨ᠎ᠠ᠂ ᠤᠯᠤᠰ ᠤᠨ ᠳᠣᠲᠣᠭᠠᠳᠤ ᠭᠠᠳᠠᠭᠠᠳᠤ ᠳᠤ ᠴᠢᠩᠭ᠎ᠠ ᠲᠤᠰᠬᠠᠯ | ᠭᠠᠷᠤᠭᠰᠠᠨ ᠪᠥᠭᠡᠳ ᠳᠡᠭᠡᠳᠦ ᠬᠡᠮᠵᠢᠶᠡᠨ ᠤ ᠠᠩᠬᠠᠷᠤᠯ ᠢ ᠲᠠᠲᠠᠵᠤ᠂ ᠡᠨᠡᠬᠦ ᠤᠨᠦᠯ ᠢ ᠳᠤᠷᠠᠳᠴᠤ ᠭᠠᠷᠭᠠᠭᠰᠠᠨ | ᠴᠢᠬᠤᠯᠠ ᠶᠡᠭᠡ ᠠᠯᠤᠰ ᠭᠡᠳᠦ ᠶᠢᠨ ᠠᠴᠢ ᠬᠤᠯᠪᠣᠭᠳᠠᠯ ᠶᠤᠮ ᠭᠡᠰᠡᠨ ᠰᠡᠷᠡᠯᠲᠡ ᠶᠢ ᠬᠥᠮᠦᠰ ᠲᠤ ᠨᠡᠶᠢᠳᠡᠮ ᠥᠭᠴᠦ᠂ | ᠰᠢᠨ᠎ᠡ ᠨᠢᠭᠡ ᠬᠤᠭᠤᠴᠠᠭᠠᠨ ᠤ ᠨᠠᠮ ᠤᠨ ᠲᠥᠪ ᠬᠤᠷᠢᠶᠠᠨ ᠤ ᠬᠤᠶᠠᠷ ᠵᠢᠯ ᠭᠠᠷᠤᠶ ᠶᠢᠨ ᠲᠤᠷᠰᠢᠬᠢ ᠠᠮᠵᠢᠯᠲᠠ ᠲᠠᠢ | ᠦᠢᠯᠡᠳᠦᠯᠭᠡ ᠪᠣᠯᠣᠨ ᠬᠤᠪᠣᠷ ᠨᠠᠨᠳᠢᠨ ᠲᠤᠷᠰᠢᠯᠭ᠎ᠠ ᠨᠢ ᠶᠠᠭ ᠤᠨᠤᠯ ᠪᠣᠯᠣᠨ ᠲᠠᠨᠢᠯᠲᠠ ᠶᠢᠨ ᠳᠠᠪᠰᠢᠯᠲᠠ ᠶᠢ | ᠪᠡᠶᠡᠯᠡᠭᠦᠯᠵᠤ᠂ ᠨᠠᠮ ᠤᠨ ᠤᠨᠤᠯ ᠰᠢᠨ᠎ᠡ ᠴᠢᠬᠤᠯᠠ ᠶᠡᠭᠡ ᠬᠥᠭᠵᠢᠯᠲᠡ ᠲᠠᠢ ᠪᠣᠯᠪᠠ᠃ ︽ᠳᠥᠷᠪᠡᠨ ᠪᠦᠬᠦ ᠲᠠᠯ᠎ᠠ︾ | ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠶᠠᠭᠠᠬᠢᠵᠤ ᠳᠤᠷᠠᠳᠤᠨ ᠭᠠᠷᠭᠠᠭᠰᠠᠨ ᠪᠣᠢ᠂ ᠠᠴᠢ | ᠬᠤᠯᠪᠣᠭᠳᠠᠯ ᠨᠢ ᠶᠠᠭᠤᠨ ᠳᠡᠭᠡᠷ᠎ᠡ ᠪᠠᠶᠢᠬᠤ ᠪᠣᠢ᠂ ᠭᠦᠨ ᠭᠦᠨᠵᠡᠭᠡᠶ ᠠᠭᠤᠯᠬᠤᠨ ᠨᠢ ᠶᠠᠭᠤ ᠪᠤᠢ ᠭᠡᠳᠡᠭ ᠲᠤ ᠮᠠᠰᠢ | ᠤᠯᠠᠨ ᠨᠥᠬᠦᠳ ᠠᠩᠬᠠᠷᠤᠯ ᠪᠠᠨ ᠲᠠᠯᠪᠢᠵᠤ᠂ ᠢᠯᠠᠩᠭᠤᠶ᠎ᠠ ᠡᠨᠡ ᠤᠳᠠᠭᠠᠨ ᠤ ᠲᠠᠪᠤᠳᠤᠭᠠᠷ ᠪᠥᠬᠦᠳᠡ ᠬᠤᠷᠠᠯ ᠠᠴᠠ | ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ︽13.5︾ ᠶᠢᠨ | ᠲᠥᠯᠥᠪᠵᠢᠭᠦᠯᠭᠡ ᠶᠢᠨ ᠵᠢᠯᠣᠭᠤᠳᠬᠤ ᠦᠵᠡᠯ ᠰᠠᠨᠠᠭ᠎ᠠ ᠪᠣᠯᠭᠠᠬᠤ ᠴᠢᠬᠤᠯᠠ ᠠᠭᠤᠯᠭ᠎ᠠ ᠶᠢ ᠨᠡᠮᠡᠨ | ᠲᠣᠳᠣᠷᠬᠠᠶᠢᠯᠠᠭᠰᠠᠨ ᠨᠢ ᠣᠯᠠᠨ ᠤ ᠠᠩᠬᠠᠷᠤᠯ ᠢ ᠤᠯᠠᠮ ᠢᠯᠡᠭᠦᠦ ᠲᠠᠲᠠᠪᠠ᠃ ︽ᠳᠥᠷᠪᠡᠨ ᠪᠦᠬᠦ ᠲᠠᠯ᠎ᠠ︾ ᠶᠢᠨ | ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠨᠠᠮ ᠤᠨ ᠬᠢᠨ ᠳᠤ ᠰᠤᠷᠤᠯᠴᠠᠨ ᠣᠶᠢᠯᠠᠭᠠᠭᠤᠯᠬᠤ ᠳᠤ | ᠨᠢᠭᠡᠨ ᠡᠷᠬᠡ ᠰᠦᠷᠲᠤ ᠵᠢᠭᠠᠬᠤ ᠮᠠᠲ᠋ᠧᠷᠢᠶᠠᠯ ᠬᠠᠨᠭ᠍ᠭᠠᠬᠤ ᠶᠢᠨ ᠲᠥᠯᠦᠭᠡ᠂ ᠲᠥᠪ ᠬᠤᠷᠢᠶᠠᠨ ᠤ ᠲᠤᠯᠭᠤᠷ ᠪᠢᠴᠢᠭ | ᠰᠤᠳᠤᠯᠬᠤ ᠭᠡᠷ ︽︿ᠳᠥᠷᠪᠡᠨ ᠪᠦᠬᠦ ᠲᠠᠯ᠎ᠠ﹀ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠵᠣᠬᠢᠴᠠᠯᠳᠤᠭᠤᠯᠤᠨ ᠠᠬᠢᠭᠤᠯᠬᠤ ᠲᠤᠬᠠᠶ ᠰᠢ ᠶᠢᠨ ᠫᠢᠩ ᠤᠨ ᠥᠭᠦᠯᠡᠯᠲᠡ ᠶᠢᠨ ᠲᠡᠭᠦᠪᠦᠷᠢ︾ ᠶᠢ ᠨᠠᠶᠢᠷᠠᠭᠤᠯᠤᠨ | ᠬᠡᠪᠯᠡᠭᠦᠯᠵᠦ᠂ ᠪᠦᠬᠦ ᠨᠠᠮ ᠤᠨ ᠨᠥᠬᠦᠳ ᠰᠢ ᠶᠢᠨ ᠫᠢᠩ ᠨᠥᠬᠦᠷ ᠤᠨ ᠴᠢᠬᠤᠯᠠ ᠥᠭᠦᠯᠡᠯᠲᠡ ᠨᠦᠭᠦᠳ ᠢ | ᠰᠤᠷᠤᠯᠴᠠᠬᠤ ᠪᠠᠷ ᠳᠠᠮᠵᠢᠭᠤᠯᠤᠨ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ | ᠤᠬᠠᠭᠠᠨᠴᠢ ᠠᠭᠤᠯᠤᠭᠳᠠᠬᠤᠨ ᠪᠣᠯᠤᠨ ᠶᠡᠷᠦᠩᠬᠡᠶ ᠱᠠᠭᠠᠷᠳᠠᠯᠭ᠎ᠠ ᠶᠢ ᠰᠢᠰᠲ᠋ᠧᠮ ᠲᠠᠢ ᠡᠵᠡᠮᠰᠢᠵᠦ᠂ ᠨᠠᠮ ᠪᠣᠯᠣᠨ | ᠤᠯᠤᠰ ᠣᠷᠣᠨ ᠤ ᠡᠯ᠎ᠡ ᠵᠦᠢᠯ ᠤᠨ ᠠᠵᠢᠯ ᠪᠣᠯᠣᠨ ︽13.5︾ ᠶᠢᠨ ᠲᠥᠯᠥᠪᠵᠢᠭᠦᠯᠭᠡ ᠶᠢ ᠲᠣᠭᠲᠠᠭᠠᠨ | ᠬᠡᠷᠡᠭᠵᠢᠭᠦᠯᠬᠦ ᠶᠢ ᠨᠡᠩ ᠰᠠᠶᠢᠲᠤᠷ ᠲᠦᠯᠬᠢᠨ ᠠᠬᠢᠭᠤᠯᠬᠤ ᠳᠤ ᠳᠥᠭᠦᠮ ᠦᠵᠡᠭᠦᠯᠪᠡ᠃ | |