ᠥᠪᠥᠷ ᠮᠣᠩᠭᠤᠯ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠳᠦᠷᠢᠮ ᠢ ᠪᠦᠬᠦ ᠲᠠᠯ᠎ᠠ ᠪᠠᠷ ᠪᠠᠶᠢᠭᠤᠯᠵᠤ ᠪᠤᠢ
ᠨᠡᠶᠢᠲᠡᠯᠡᠭᠰᠡᠨ ᠴᠠᠭ᠄
2015/11/26
    ᠳᠠᠭᠠᠳᠬᠠᠯ ᠳᠤ ᠣᠷᠣᠯᠴᠠᠭᠰᠠᠨ ᠡᠪᠡᠳᠴᠢᠲᠡᠨ ᠤ ᠶᠡᠭᠡ ᠬᠡᠮᠵᠢᠶᠡᠨ ᠤ ᠡᠮᠨᠡᠯᠭᠡ ᠶᠢᠨ ᠰᠦᠢᠳᠬᠡᠯ ᠤᠨ ᠳᠠᠷᠤᠭᠠᠰᠤ ᠶᠢ ᠬᠥᠩᠭᠡᠯᠡᠬᠦ ᠶᠢᠨ ᠲᠤᠰᠠᠲᠠ᠂ ᠥᠪᠡᠷᠲᠡᠭᠡᠨ ᠵᠠᠰᠠᠬᠤ ᠣᠷᠣᠨ ︽ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠢ ᠪᠦᠬᠦ ᠲᠠᠯ᠎ᠠ ᠪᠠᠷ ᠬᠡᠷᠡᠭᠵᠢᠭᠦᠯᠬᠦ ᠰᠠᠨᠠᠯ︾᠎ ᠢ ᠨᠡᠶᠢᠲᠡᠯᠡᠵᠦ᠂ ᠪᠦᠬᠦ ᠣᠷᠣᠨ ᠤ ᠬᠡᠪᠴᠢᠶᠡᠨ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠳᠦᠷᠢᠮ ᠢ ᠪᠦᠬᠦ ᠲᠠᠯ᠎ᠠ ᠪᠠᠷ ᠪᠠᠶᠢᠭᠤᠯᠤᠨ᠎ᠠ᠃ ︽ᠰᠠᠨᠠᠯ︾᠎ ᠳᠤ ᠲᠣᠳᠣᠷᠬᠠᠶᠢᠯᠠᠭᠰᠠᠨ ᠨᠢ᠂ 2015 ᠣᠨ ᠤ ᠰᠡᠭᠦᠯᠴᠢ ᠪᠤᠯᠲᠠᠯ᠎ᠠ᠂ ᠬᠥᠳᠡᠭᠡ ᠲᠣᠰᠬᠤᠨ ᠤ  ᠰᠢᠨ᠎ᠡ ᠬᠤᠷᠰᠢᠭᠰᠠᠨ ᠡᠮᠨᠡᠯᠭᠡ ᠳᠠᠬᠢ ᠬᠦᠨᠳᠦ ᠡᠪᠡᠳᠴᠢᠨ ᠤ ᠳᠠᠭᠠᠳᠬᠠᠯ ᠢ ᠪᠦᠬᠦ ᠣᠷᠣᠨ ᠤ ᠬᠤᠷᠰᠢᠭᠰᠠᠨ ᠡᠮᠨᠡᠯᠭᠡ ᠳᠤ ᠣᠷᠣᠯᠴᠠᠭᠰᠠᠨ ᠬᠥᠮᠥᠨ ᠪᠦᠬᠦᠨ ᠳᠤ ᠪᠦᠷᠬᠦᠭᠦᠯᠵᠦ᠂ ᠬᠦᠨᠳᠦ ᠡᠪᠡᠳᠴᠢᠨ ᠤ ᠳᠠᠭᠠᠳᠬᠠᠯ ᠤᠨ ᠬᠠᠷᠠᠭᠠᠯᠵᠠᠯ ᠢ ᠴᠠᠭ ᠳᠠᠷᠤᠢ ᠳᠤᠨᠢ ᠪᠡᠶᠡᠯᠡᠭᠦᠯᠵᠦ᠂ ᠬᠦᠨᠳᠦ ᠡᠪᠡᠳᠴᠢᠲᠡᠨ ᠤ ᠡᠪᠡᠳᠴᠢᠨ ᠦᠵᠡᠭᠦᠯᠵᠦ ᠡᠮᠨᠡᠭᠦᠯᠦᠭᠰᠡᠨ ᠳᠠᠷᠤᠭᠠᠰᠤ ᠶᠢ ᠪᠦᠲᠦᠮᠵᠢᠲᠡᠢ ᠬᠥᠩᠭᠡᠯᠡᠬᠦ ᠬᠡᠷᠡᠭᠲᠡᠢ᠃ ᠬᠦᠨᠳᠦ ᠡᠪᠡᠳᠴᠢᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠠᠭᠠᠵᠢᠮ ᠢᠶᠠᠷ ᠲᠡᠭᠦᠯᠳᠡᠷᠵᠢᠭᠦᠯᠦᠨ᠂ ᠪᠡᠯᠡ ᠴᠤᠭᠯᠠᠭᠤᠯᠬᠤ ᠪᠠᠷᠢᠮᠵᠢᠶ᠎ᠠ ᠪᠣᠯᠣᠨ ᠪᠠᠲᠤᠯᠠᠭ᠎ᠠ ᠶᠢᠨ ᠬᠢᠷᠢ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠬᠦᠨᠳᠦ ᠡᠪᠡᠳᠴᠢᠨ ᠤ ᠳᠠᠭᠠᠳᠬᠠᠯ ᠤᠨ ᠬᠤᠷᠰᠢᠶ᠎ᠠ ᠶᠢ ᠳᠦᠷᠢᠮᠵᠢᠭᠦᠯᠬᠦ ᠬᠡᠷᠡᠭᠲᠡᠢ᠃ 2017 ᠣᠨ ᠪᠣᠯᠬᠤ ᠳᠤ᠂ ᠬᠦᠨᠳᠦ ᠡᠪᠡᠳᠴᠢᠨ ᠤ ᠳᠠᠭᠠᠳᠬᠠᠯ ᠤᠨ ᠨᠡᠯᠢᠶᠡᠳ ᠲᠡᠭᠦᠯᠳᠡᠷᠵᠢᠭᠰᠡᠨ ᠳᠦᠷᠢᠮ ᠢ ᠪᠠᠶᠢᠭᠤᠯᠵᠤ᠂ ᠡᠮᠨᠡᠯᠭᠡ ᠶᠢᠨ ᠲᠤᠰᠠᠯᠠᠮᠵᠢ᠂ ᠬᠤᠳᠠᠯᠳᠤᠭᠠᠨ ᠤ ᠳᠠᠭᠠᠳᠬᠠᠯ᠂ ᠪᠤᠶᠠᠨ ᠤ ᠦᠢᠯᠡᠰ ᠤᠨ ᠲᠤᠰᠠᠯᠠᠮᠵᠢ᠂ ᠡᠪᠡᠳᠴᠢᠨ ᠲᠠᠬᠤᠯ ᠤᠨ ᠪᠠᠴᠢᠮ ᠠᠪᠤᠷᠠᠯᠲᠠ ᠶᠢᠨ ᠲᠤᠰᠠᠯᠠᠮᠵᠢ ᠵᠡᠷᠭᠡ ᠳᠦᠷᠢᠮ ᠲᠠᠢ ᠨᠢᠭᠲᠠ ᠵᠣᠯᠭᠠᠭᠤᠯᠤᠨ᠂ ᠥᠨᠳᠦᠰᠦᠨ ᠱᠠᠲᠤᠨ ᠤ ᠪᠠᠲᠤᠯᠠᠭ᠎ᠠ ᠶᠢᠨ ᠴᠢᠳᠠᠪᠬᠢ ᠶᠢ ᠬᠠᠮᠲᠤᠪᠠᠷ ᠪᠠᠳᠠᠷᠠᠭᠤᠯᠵᠤ᠂ ᠭᠡᠷ ᠪᠦᠯᠢ ᠶᠢᠨ ᠭᠠᠮᠰᠢᠭ ᠤᠨ ᠴᠢᠨᠠᠷᠲᠠᠢ ᠡᠮᠴᠢᠯᠡᠭᠡᠨ ᠤ ᠵᠠᠷᠤᠳᠠᠯ ᠭᠠᠷᠬᠤ ᠶᠢ ᠪᠦᠲᠦᠮᠵᠢᠲᠡᠢ ᠪᠠᠷ ᠰᠡᠷᠭᠡᠶᠢᠯᠡᠨ᠂ ᠬᠥᠳᠡᠭᠡ ᠲᠣᠰᠬᠤᠨ ᠤ ᠰᠢᠨ᠎ᠡ ᠬᠤᠷᠰᠢᠭᠰᠠᠨ ᠡᠮᠨᠡᠯᠭᠡ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠬᠦ ᠬᠡᠷᠡᠭᠲᠡᠢ᠃      ᠬᠥᠳᠡᠭᠡ ᠲᠣᠰᠬᠤᠨ ᠤ ᠰᠢᠨ᠎ᠡ ᠬᠤᠷᠰᠢᠭᠰᠠᠨ ᠡᠮᠨᠡᠯᠭᠡ ᠳᠠᠬᠢ ᠬᠦᠨᠳᠦ ᠡᠪᠡᠳᠴᠢᠨ ᠤ ᠳᠠᠭᠠᠳᠬᠠᠯ ᠤᠨ ᠪᠠᠲᠤᠯᠠᠭ᠎ᠠ  ᠬᠦᠷᠲᠡᠭᠰᠡᠳ ᠪᠣᠯ ᠬᠥᠳᠡᠭᠡ ᠲᠣᠰᠬᠤᠨ ᠰᠢᠨ᠎ᠡ ᠬᠤᠷᠰᠢᠭᠰᠠᠨ ᠡᠮᠨᠡᠯᠭᠡ ᠳᠤ ᠣᠷᠣᠯᠴᠠᠭᠰᠠᠨ ᠪᠣᠢ ᠪᠦᠬᠦᠢ ᠬᠥᠮᠥᠰ ᠪᠣᠯᠣᠨ᠎ᠠ᠂ ᠪᠠᠲᠤᠯᠠᠭ᠎ᠠ ᠶᠢᠨ ᠬᠡᠪᠴᠢᠶ᠎ᠡ ᠭᠡᠳᠡᠭ ᠨᠢ ᠰᠢᠨ᠎ᠡ ᠬᠤᠷᠰᠢᠭᠰᠠᠨ ᠡᠮᠨᠡᠯᠭᠡ ᠳᠤ ᠣᠷᠣᠯᠴᠠᠭᠰᠠᠳ ᠬᠦᠨᠳᠦ ᠡᠪᠡᠳᠴᠢᠨ ᠠᠴᠠ ᠪᠣᠯᠣᠭᠰᠠᠨ ᠶᠡᠭᠡ ᠬᠡᠮᠵᠢᠶᠡᠨ ᠤ ᠡᠮᠴᠢᠯᠡᠭᠡᠨ ᠤ ᠵᠠᠷᠤᠳᠠᠯ ᠢ ᠬᠡᠯᠡᠨ᠎ᠡ᠃ ᠪᠠᠲᠤᠯᠠᠭ᠎ᠠ ᠶᠢᠨ ᠬᠡᠯᠪᠡᠷᠢ ᠨᠢ ᠬᠥᠳᠡᠭᠡ ᠲᠣᠰᠬᠤᠨ ᠤ ᠰᠢᠨ᠎ᠡ ᠬᠤᠷᠰᠢᠭᠰᠠᠨ ᠡᠮᠨᠡᠯᠭᠡ ᠶᠢᠨ ᠥᠨᠳᠦᠰᠦᠨ ᠡᠮ ᠡᠮᠨᠡᠯᠭᠡ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠲᠠᠢ ᠵᠣᠯᠭᠠᠭᠤᠯᠬᠤ ᠪᠣᠯᠣᠨ᠎ᠠ᠃ ᠡᠯ᠎ᠡ ᠭᠠᠵᠠᠷ ᠣᠷᠣᠨ ᠎ ᠨᠤᠭᠤᠳ ᠬᠦᠨᠳᠦ ᠡᠪᠡᠳᠴᠢᠨ ᠤ ᠳᠠᠭᠠᠳᠬᠠᠯ ᠤᠨ ᠥᠭᠬᠦ ᠬᠡᠮᠵᠢᠶ᠎ᠡ᠂ ᠬᠠᠮᠤᠭ ᠤᠨ ᠳᠡᠭᠡᠳᠦ ᠬᠢᠵᠠᠭᠠᠷ ᠪᠣᠯᠣᠨ ᠨᠥᠬᠦᠪᠦᠷᠢᠯᠡᠬᠦ ᠪᠠᠷᠢᠮᠵᠢᠶ᠎ᠠ ᠶᠢ ᠵᠦᠢ ᠵᠣᠬᠢᠰᠲᠠᠢ ᠪᠠᠷ ᠲᠣᠭᠲᠠᠭᠠᠬᠤ ᠬᠡᠷᠡᠭᠲᠡᠢ᠃ ᠥᠭᠬᠦ ᠬᠡᠮᠵᠢᠶ᠎ᠡ ᠶᠢ ᠵᠠᠷᠴᠢᠮ ᠳᠡᠭᠡᠷ᠎ᠡ ᠪᠠᠨ ᠲᠤᠬᠠᠢ ᠶᠢᠨ ᠭᠠᠵᠠᠷ ᠤᠨ ᠳᠡᠭᠡᠷ᠎ᠡ ᠨᠢᠭᠡ ᠵᠢᠯ ᠤᠨ ᠮᠠᠯᠵᠢᠬᠤ ᠲᠠᠷᠢᠶᠠᠯᠠᠬᠤ ᠣᠷᠣᠨ ᠤ ᠬᠥᠮᠥᠨ ᠨᠢᠭᠡᠪᠦᠷᠢ ᠶᠢᠨ ᠵᠢᠯ ᠤᠨ ᠳᠤᠮᠳᠠᠴᠢ ᠣᠷᠣᠯᠭ᠎ᠠ ᠠᠴᠠ ᠳᠤᠤᠷ᠎ᠠ ᠪᠠᠶᠢᠯᠭᠠᠵᠤ ᠪᠣᠯᠬᠤ ᠦᠭᠡᠢ᠂ ᠬᠠᠮᠤᠭ ᠤᠨ ᠳᠡᠭᠡᠳᠦ ᠬᠢᠵᠠᠭᠠᠷ ᠢ ᠵᠠᠷᠴᠢᠮ ᠳᠡᠭᠡᠷ᠎ᠡ ᠪᠠᠨ ᠬᠦᠨᠳᠦ ᠡᠪᠡᠳᠴᠢᠲᠡᠨ ᠳᠤ ᠠᠰᠢᠭ ᠬᠦᠷᠲᠡᠭᠡᠬᠦ ᠠᠴᠠ ᠡᠭᠦᠰᠴᠦ᠂ ᠪᠣᠳᠠᠲᠠᠢ ᠪᠠᠷᠢᠮᠵᠢᠶ᠎ᠠ ᠶᠢ ᠲᠤᠬᠠᠢ ᠶᠢᠨ ᠭᠠᠵᠠᠷ ᠤᠨ ᠰᠠᠭᠤᠷᠢ ᠮᠥᠩᠭᠦ ᠶᠢᠨ ᠳᠠᠭᠠᠭᠠᠴᠠ ᠶᠢ ᠦᠨᠳᠦᠰᠦᠯᠡᠵᠦ᠂ ᠬᠦᠨᠳᠦ ᠡᠪᠡᠳᠴᠢᠨ ᠤ ᠳᠠᠭᠠᠳᠬᠠᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠦᠨᠳᠦᠰᠦᠯᠡᠨ ᠲᠣᠭᠲᠠᠭᠠᠨ᠎ᠠ᠃ ᠨᠥᠬᠦᠴᠡᠯ ᠎ ᠲᠠᠢ ᠭᠠᠵᠠᠷ ᠣᠷᠣᠨ ᠨᠤᠭᠤᠨ ᠬᠤᠲᠠ ᠬᠥᠳᠡᠭᠡ ᠶᠢᠨ ᠭᠤᠣᠯᠳᠠᠯᠭ᠎ᠠ ᠲᠠᠢ ᠲᠤᠰᠯᠠᠭᠳᠠᠭᠰᠠᠳ᠂ ᠳᠣᠣᠷ᠎ᠠ ᠣᠷᠣᠯᠭᠠᠲᠤ ᠲᠤᠰᠯᠠᠭᠳᠠᠭᠰᠠᠳ᠂ ᠡᠪᠡᠳᠴᠢᠨ ᠠᠴᠠ ᠪᠣᠯᠵᠤ ᠶᠠᠳᠠᠭᠤᠷᠠᠭᠰᠠᠨ ᠭᠡᠷ ᠪᠦᠯᠢ ᠶᠢᠨ ᠬᠦᠨᠳᠦ ᠡᠪᠡᠳᠴᠢᠲᠡᠨ ᠵᠡᠷᠭᠡ ᠬᠦᠴᠢᠷᠲᠡᠢ ᠤᠯᠠᠨ ᠲᠦᠮᠡᠨ ᠳᠤ ᠶᠡᠭᠡ ᠬᠡᠮᠵᠢᠶᠡᠨ ᠤ ᠡᠮᠴᠢᠯᠡᠭᠡᠨ ᠤ ᠵᠠᠷᠤᠳᠠᠯ ᠤᠨ ᠪᠠᠷᠢᠮᠵᠢᠶ᠎ᠠ ᠶᠢ ᠵᠦᠢ ᠵᠣᠬᠢᠰᠲᠠᠢ ᠳᠣᠷᠣᠭᠰᠢᠯᠠᠭᠤᠯᠵᠤ᠂ ᠳᠠᠩᠰᠠ ᠲᠠᠶᠢᠯᠬᠤ ᠬᠠᠷᠢᠴᠠᠯ ᠢ ᠨᠢ ᠳᠡᠭᠡᠭᠰᠢᠯᠡᠭᠦᠯᠵᠦ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号