11 ᠳ᠋ᠦ᠋ᠭᠡᠷ ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠪᠠᠶᠢᠩᠭᠤ ᠶᠢᠨ ᠭᠡᠰᠢᠭᠦᠳ ᠤᠨ ᠬᠤᠷᠠᠯ ᠢ ᠬᠤᠷᠠᠯᠳᠤᠭᠤᠯᠵᠤ᠂ ᠲᠥᠪ ᠤᠨ ᠬᠤᠯᠪᠣᠭᠳᠠᠯ ᠪᠦᠬᠦᠢ | ᠬᠤᠷᠠᠯᠳᠤᠭᠠᠨ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠣᠷᠣᠨ ᠤ | ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠤᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠸᠠᠩ ᠵᠢᠶᠦ᠋ᠨ ᠬᠤᠷᠠᠯ ᠡᠷᠭᠢᠯᠡᠵᠦ ᠶᠠᠷᠢᠶ᠎ᠠ | ᠲᠠᠯᠪᠢᠪᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠳ ᠬᠤᠷᠠᠯ ᠳᠤ | ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ | ᠣᠷᠳᠣᠨ᠂ ᠤᠯᠤᠰ ᠲᠦᠷᠦ ᠶᠢᠨ ᠵᠥᠪᠯᠡᠯᠭᠡᠨ ᠪᠣᠯᠤᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠬᠤᠯᠪᠣᠭᠳᠠᠯ | ᠪᠦᠬᠦᠢ ᠤᠳᠤᠷᠢᠳᠬᠤ ᠨᠦᠬᠦᠳ ᠬᠤᠷᠠᠯ ᠳᠤ ᠰᠤᠯᠠ ᠣᠷᠣᠯᠴᠠᠪᠠ᠃ | ᠬᠤᠷᠠᠯ ᠳᠤ ᠲᠥᠪ ᠬᠤᠷᠢᠶᠠᠨ ᠤ 2015 ᠣᠨ ᠤ ᠭᠤᠷᠪᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ | ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠭᠤᠣᠯ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽︿ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ﹀ ᠢ ᠬᠡᠷᠡᠭᠵᠢᠭᠦᠯᠬᠦ ᠠᠷᠭ᠎ᠠ︾ ᠶᠢ ᠰᠤᠳᠤᠯᠤᠨ ᠪᠠᠲᠤᠯᠠᠵᠠᠢ᠃ | ᠬᠤᠷᠠᠯ ᠠᠴᠠ ᠱᠠᠭᠠᠷᠳᠠᠭᠰᠠᠨ ᠨᠢ᠂ ᠲᠣᠭᠤᠷᠢᠨ ᠪᠠᠶᠢᠴᠠᠭᠠᠬᠤ ᠠᠵᠢᠯ ᠤᠨ ᠲᠤᠬᠠᠶ ᠶᠡᠷᠦᠩᠬᠡᠶ ᠱᠦᠵᠢ ᠰᠢ ᠶᠢᠨ ᠫᠢᠩ | ᠪᠣᠯᠤᠨ ᠸᠠᠩ ᠴᠢ ᠱᠠᠨ ᠨᠥᠬᠦᠷ ᠤᠨ ᠴᠢᠬᠤᠯᠠ ᠶᠠᠷᠢᠶ᠎ᠠ ᠪᠣᠯᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠶ ᠰᠤᠷᠤᠯᠴᠠᠨ ᠲᠤᠤᠱᠯᠠᠭᠤᠯᠵᠤ᠂ ᠲᠥᠪ ᠬᠤᠷᠢᠶᠠᠨ ᠤ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠣᠰᠣᠭᠠᠷ᠂ | ᠲᠥᠪ ᠤᠨ ︽ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ᠪᠣᠯᠤᠨ ᠥᠪᠡᠷᠲᠡᠭᠡᠨ ᠵᠠᠰᠠᠬᠤ ᠣᠷᠣᠨ ᠤ | ᠬᠡᠷᠡᠭᠵᠢᠭᠦᠯᠬᠦ ᠠᠷᠭ᠎ᠠ ᠶᠢ ᠰᠤᠷᠤᠯᠴᠠᠨ ᠤᠬᠠᠭᠤᠯᠬᠤ ᠠᠵᠢᠯ ᠢ ᠨᠠᠷᠢᠨ ᠬᠢᠨᠠᠮᠠᠭᠠᠶ ᠬᠢᠵᠦ᠂ ᠺᠠᠳ᠋ᠷᠴᠤᠳ ᠢ | ᠪᠣᠯᠪᠠᠰᠤᠷᠠᠭᠤᠯᠬᠤ ᠪᠠ ᠡᠭᠡᠯᠵᠢᠯᠡᠨ ᠪᠣᠯᠪᠠᠰᠤᠷᠠᠭᠤᠯᠬᠤ ᠶᠠᠪᠤᠳᠠᠯ ᠢ ᠴᠢᠩᠭᠠᠳᠬᠠᠵᠤ᠂ ᠲᠣᠭᠤᠷᠢᠨ ᠪᠠᠶᠢᠴᠠᠭᠠᠬᠤ | ᠠᠵᠢᠯ ᠢ ᠪᠦᠷᠢᠨ ᠪᠦᠷᠬᠦᠭᠦᠯᠬᠦ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠲᠣᠭᠤᠷᠢᠨ ᠪᠠᠶᠢᠴᠠᠭᠠᠭᠰᠠᠨ ᠦᠷ᠎ᠡ | ᠪᠦᠲᠦᠭᠡᠯ ᠢ ᠶᠡᠷᠦᠩᠬᠡᠶᠢᠯᠡᠨ ᠬᠡᠷᠡᠭᠯᠡᠬᠦ ᠶᠢ ᠲᠠᠰᠤᠷᠠᠯᠲᠠ ᠦᠭᠡᠶ ᠴᠢᠩᠭᠠᠳᠬᠠᠵᠤ᠂ ᠲᠤᠭᠤᠷᠢᠨ ᠪᠠᠶᠢᠴᠠᠭᠠᠬᠤ ᠳᠤᠮᠳᠠ | ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠨᠠᠶᠢᠳᠠᠪᠤᠷᠢᠵᠢᠭᠤᠯᠤᠯᠲᠠ ᠶᠢ ᠦᠨᠡᠨ ᠬᠦ ᠰᠠᠶᠢᠲᠤᠷ | ᠠᠳᠬᠤᠵᠤ᠂ ᠲᠣᠭᠤᠷᠢᠨ ᠪᠠᠶᠢᠴᠠᠭᠠᠬᠤ ᠠᠵᠢᠯ ᠤᠨ ᠰᠦᠷ ᠦᠵᠡᠭᠦᠯᠬᠦ᠂ ᠬᠤᠷᠢᠭᠯᠠᠬᠤ᠂ ᠦᠨᠳᠦᠰᠦ | ᠰᠤᠷᠪᠤᠯᠵᠢ ᠠᠴᠠ ᠨᠢ ᠵᠠᠰᠠᠬᠤ ᠦᠢᠯᠡᠳᠦᠯ ᠢ ᠨᠢ ᠨᠡᠩ ᠰᠠᠶᠢᠨ ᠪᠠᠳᠠᠷᠠᠭᠤᠯᠬᠤ ᠬᠡᠷᠡᠭᠲᠡᠢ ᠭᠡᠵᠡᠢ᠃ | ᠬᠤᠷᠠᠯ ᠳᠤ ︽ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠦᠵᠡᠯ ᠤᠬᠠᠮᠰᠠᠷ ᠤᠨ | ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠨᠠᠷᠢᠨ ᠳᠦᠷᠢᠮ︾ ᠶᠢ ᠰᠤᠳᠤᠯᠤᠨ | ᠶᠠᠷᠢᠯᠴᠠᠵᠤ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠨᠤᠭᠤᠳ ᠲᠥᠪ | ᠬᠤᠷᠢᠶᠠᠨ ᠤ ︽ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠦᠵᠡᠯ ᠤᠬᠠᠮᠰᠠᠷ ᠤᠨ | ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠠᠷᠭ᠎ᠠ︾ ᠪᠣᠯᠤᠨ ᠥᠪᠡᠷᠲᠡᠭᠡᠨ ᠵᠠᠰᠠᠬᠤ | ᠣᠷᠣᠨ ᠤ ᠬᠡᠷᠡᠭᠵᠢᠭᠦᠯᠬᠦ ᠨᠠᠷᠢᠨ ᠳᠦᠷᠢᠮ ᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠢ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠤᠯᠭᠠᠬᠤ ᠶᠢ | ᠪᠠᠷᠢᠮᠲᠠᠯᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ | ᠡᠵᠡᠮᠰᠢᠨ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠬᠡᠷᠡᠭᠲᠡᠶ ᠭᠡᠵᠦ | ᠴᠢᠬᠤᠯᠠᠴᠢᠯᠠᠵᠡᠢ᠃ | ᠬᠤᠷᠠᠯ ᠳᠤ ︽ᠤᠳᠤᠷᠢᠳᠬᠤ ᠺᠠᠳ᠋ᠷ ᠬᠠᠤᠯᠢ ᠴᠠᠭᠠᠵᠠ ᠶᠢᠨ ᠠᠵᠢᠯᠯᠠᠭ᠎ᠠ ᠶᠢ ᠬᠠᠷᠰᠢᠯᠠᠬᠤ᠂ ᠪᠣᠳᠠᠲᠠᠶ | ᠬᠡᠷᠡᠭ ᠢ ᠰᠢᠢᠳᠪᠦᠷᠢᠯᠡᠬᠦ ᠳᠤ ᠭᠠᠷ ᠳᠦᠷᠦᠬᠦ ᠶᠢ ᠲᠡᠮᠳᠡᠭᠯᠡᠬᠦ᠂ ᠮᠡᠳᠡᠭᠡᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠶᠢᠨ | ᠬᠡᠷᠡᠭᠵᠢᠭᠦᠯᠬᠦ ᠠᠷᠭ᠎ᠠ︾ ᠶᠢ ᠬᠢᠨᠠᠨ ᠪᠠᠲᠤᠯᠠᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠬᠠᠤᠯᠢ ᠴᠠᠭᠠᠵᠠ ᠶᠢᠨ | ᠲᠥᠪ ᠭᠤᠣᠯᠴᠢ ᠨᠢ ᠨᠡᠶᠢᠭᠡᠮ ᠤᠨ ᠲᠥᠪ ᠭᠤᠣᠯᠴᠢ ᠳᠤ ᠴᠢᠬᠤᠯᠠ ᠬᠥᠲᠥᠯᠥᠨ ᠳᠠᠭᠠᠭᠤᠯᠬᠤ ᠦᠢᠯᠡᠳᠦᠯ ᠲᠠᠢ ᠶᠤᠮ᠃ | ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠤᠭᠤᠳ ᠤᠬᠠᠭᠤᠯᠭ᠎ᠠ ᠪᠣᠯᠪᠠᠰᠤᠷᠠᠭᠤᠯᠤᠯ ᠢᠶᠠᠨ ᠦᠨᠡᠨ ᠬᠦ | ᠴᠢᠩᠭᠠᠳᠬᠠᠵᠤ᠂ ᠡᠯ᠎ᠡ ᠱᠠᠲᠤᠨ ᠤ ᠤᠳᠤᠷᠢᠳᠬᠤ ᠺᠠᠳ᠋ᠷ ᠢ ᠬᠦᠮᠦᠵᠢᠭᠦᠯᠦᠨ ᠵᠢᠯᠤᠭᠤᠳᠴᠤ ᠪᠠᠶᠢᠭᠠᠳ ᠰᠠᠬᠢᠯᠭ᠎ᠠ | ᠪᠠᠲᠤ ᠶᠢᠨ ᠤᠬᠠᠮᠰᠠᠷ ᠪᠣᠯᠤᠨ ᠬᠠᠤᠯᠢ ᠳᠦᠷᠢᠮ ᠤᠨ ᠦᠵᠡᠯᠲᠡ ᠶᠢ ᠨᠡᠮᠡᠭᠳᠡᠭᠦᠯᠵᠦ᠂ ᠬᠠᠮᠢᠶ᠎ᠠ ᠪᠦᠬᠦᠢ ᠲᠣᠭᠲᠠᠭᠠᠯ ᠢ | ᠤᠬᠠᠮᠰᠠᠷ ᠠᠴᠠ ᠨᠢ ᠵᠢᠷᠤᠮᠯᠠᠨ ᠰᠠᠬᠢᠭᠤᠯᠵᠤ᠂ ᠬᠠᠤᠯᠢ ᠶᠢ ᠵᠥᠷᠢᠴᠡᠵᠦ ᠬᠠᠤᠯᠢ ᠴᠠᠭᠠᠵᠠ ᠶᠢᠨ ᠠᠵᠢᠯᠯᠠᠭ᠎ᠠ ᠶᠢ | ᠬᠠᠷᠰᠢᠯᠠᠬᠤ ᠦᠭᠡᠢ᠂ ᠪᠣᠳᠠᠲᠠᠶ ᠬᠡᠷᠡᠭ ᠢ ᠰᠢᠢᠳᠪᠦᠷᠢᠯᠡᠬᠦ ᠳᠤ ᠭᠠᠷ ᠳᠦᠷᠦᠬᠦ ᠦᠭᠡᠢ ᠪᠠᠶᠢᠯᠭᠠᠵᠤ᠂ ᠬᠠᠤᠯᠢ | ᠴᠠᠭᠠᠵᠠ ᠶᠢᠨ ᠪᠠᠶᠢᠭᠤᠯᠭ᠎ᠠ ᠶᠢᠨ ᠡᠷᠬᠡ ᠲᠤᠰᠢᠶᠠᠯ ᠢᠶᠠᠨ ᠬᠠᠤᠯᠢ ᠶᠣᠰᠣᠭᠠᠷ ᠪᠡᠶ᠎ᠡ ᠪᠠᠨ ᠳᠠᠭᠠᠭᠠᠵᠤ ᠲᠥᠪ | ᠭᠤᠣᠯᠴᠢ ᠪᠠᠷ ᠬᠡᠷᠡᠭᠵᠢᠭᠦᠯᠬᠦ ᠶᠢ ᠨᠢ ᠪᠠᠲᠤᠯᠠᠬᠤ ᠬᠡᠷᠡᠭᠲᠡᠶ᠃ ᠡᠯ᠎ᠡ ᠱᠠᠲᠤᠨ ᠤ ᠬᠠᠤᠯᠢ ᠴᠠᠭᠠᠵᠠ ᠶᠢᠨ ᠪᠠᠶᠢᠭᠤᠯᠭ᠎ᠠ | ᠪᠠ ᠥᠷᠭᠡᠨ ᠤᠯᠠᠨ ᠬᠠᠤᠯᠢ ᠴᠠᠭᠠᠵᠠ ᠶᠢᠨ ᠠᠵᠢᠯᠳᠠᠨ ᠵᠠᠷᠴᠢᠮ ᠢ ᠪᠠᠷᠢᠮᠲᠠᠯᠠᠵᠤ᠂ ᠬᠠᠤᠯᠢ ᠶᠢ ᠭᠤᠣᠯᠴᠢ ᠪᠠᠷ | ᠬᠡᠷᠡᠭᠵᠢᠭᠦᠯᠵᠦ᠂ ᠤᠳᠤᠷᠢᠳᠬᠤ ᠺᠠᠳ᠋ᠷ ᠤᠨ ᠬᠠᠤᠯᠢ ᠴᠠᠭᠠᠵᠠ ᠶᠢᠨ ᠠᠵᠢᠯᠯᠠᠭ᠎ᠠ ᠶᠢ ᠬᠠᠷᠰᠢᠯᠠᠭᠰᠠᠨ᠂ ᠪᠣᠳᠠᠲᠠᠶ | ᠬᠡᠷᠡᠭ ᠢ ᠰᠢᠢᠳᠪᠦᠷᠢᠯᠡᠬᠦ ᠳᠤ ᠭᠠᠷ ᠳᠦᠷᠦᠭᠰᠡᠨ ᠪᠠᠶᠢᠳᠠᠯ ᠢ ᠦᠨᠡᠨ ᠮᠥᠨ ᠢᠶᠠᠷ ᠨᠢ ᠲᠡᠮᠳᠡᠭᠯᠡᠵᠦ᠂ ᠬᠠᠤᠯᠢ | ᠴᠠᠭᠠᠵᠠ ᠠᠴᠠ ᠣᠯᠭᠤᠭᠰᠠᠨ ᠡᠷᠬᠡ ᠲᠤᠰᠢᠶᠠᠯ ᠢᠶᠠᠨ ᠬᠠᠤᠯᠢ ᠲᠣᠭᠲᠠᠭᠠᠯ ᠶᠣᠰᠣᠭᠠᠷ ᠰᠠᠶᠢᠲᠤᠷ ᠬᠡᠷᠡᠭᠵᠢᠭᠦᠯᠵᠦ᠂ | ᠬᠠᠤᠯᠢ ᠴᠠᠭᠠᠵᠠ ᠶᠢᠨ ᠬᠡᠷᠡᠭ ᠨᠢᠭᠡᠪᠦᠷᠢ ᠠᠴᠠ ᠠᠷᠠᠳ ᠣᠯᠠᠨ ᠳᠤ ᠲᠥᠪ ᠭᠤᠣᠯᠴᠢ ᠰᠢᠳᠤᠷᠭᠤ ᠶᠣᠰᠣ ᠲᠠᠢ ᠪᠠᠶᠢᠨ᠎ᠠ | ᠭᠡᠳᠡᠭ ᠢ ᠲᠦᠷᠦᠭᠳᠡᠭᠦᠯᠬᠦ ᠬᠡᠷᠡᠭᠲᠡᠢ ᠭᠡᠵᠡᠢ᠃ | ᠬᠤᠷᠠᠯ ᠳᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ | ᠬᠤᠯᠪᠣᠭᠳᠠᠯ ᠪᠦᠬᠦᠢ ᠤᠴᠢᠷ ᠶᠠᠪᠤᠳᠠᠯ ᠤᠳ ᠢ ᠰᠤᠳᠤᠯᠤᠵᠡᠢ᠃ ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠲᠤᠬᠠᠢ ᠲᠥᠪ ᠤᠨ ᠪᠠ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ ᠪᠣᠳᠠᠲᠠᠶ | ᠱᠠᠭᠠᠷᠳᠠᠯᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠥᠭᠡᠷᠡᠴᠢᠯᠡᠯᠲᠡ ᠳᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ | ᠠᠵᠢᠯ ᠤᠨ ᠬᠠᠷᠢᠭᠤᠴᠠᠯᠭ᠎ᠠ ᠶᠢ ᠴᠢᠩᠭᠠᠳᠬᠠᠵᠤ᠂ ᠬᠠᠷᠠᠯᠲᠠ ᠶᠢᠨ ᠡᠭᠦᠷᠭᠡ ᠶᠢ ᠨᠠᠷᠢᠯᠢᠬᠵᠢᠭᠤᠯᠵᠤ᠂ ᠪᠣᠳᠠᠲᠠᠶ | ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠢᠳᠪᠦᠷᠢᠯᠡᠵᠦ᠂ ᠮᠠᠨ ᠤ ᠣᠷᠣᠨ ᠤ ᠤᠯᠤᠰ ᠤᠨ ᠥᠮᠴᠢᠯᠡᠯ ᠤᠨ | ᠠᠵᠤ ᠠᠬᠤᠶᠢᠯᠠᠯ ᠤᠨ ᠥᠭᠡᠷᠡᠴᠢᠯᠡᠯᠲᠡ ᠲᠠᠰᠤᠷᠠᠯᠲᠠ ᠦᠭᠡᠢ ᠰᠢᠨ᠎ᠡ ᠠᠮᠵᠢᠯᠲᠠ ᠪᠦᠲᠦᠮᠵᠢ ᠤᠯᠬᠤ ᠶᠢ ᠲᠦᠯᠬᠢᠨ | ᠠᠬᠢᠭᠤᠯᠬᠤ ᠬᠡᠷᠡᠭᠲᠡᠢ ᠭᠡᠵᠡᠢ᠃ | ᠬᠤᠷᠠᠯ ᠠᠴᠠ ᠪᠠᠰᠠ ᠪᠤᠰᠤᠳ ᠤᠴᠢᠷ ᠶᠠᠪᠤᠳᠠᠯ ᠢ ᠰᠤᠳᠤᠯᠤᠭᠰᠠᠨ ᠪᠠᠶᠢᠨ᠎ᠠ᠃ |