ᠪᠦᠬᠦ ᠤᠯᠤᠰ ᠤᠨ ︽ᠭᠡᠰᠡᠷ︾ ᠡᠷᠳᠡᠮ ᠰᠢᠨᠵᠢᠯᠡᠭᠡᠨ ᠤ ᠰᠤᠳᠤᠯᠬᠤ ᠬᠤᠷᠠᠯ ᠵᠢᠴᠢ ᠲᠦᠷᠦᠯ ᠵᠦᠢᠯ ᠤᠨ ᠠᠵᠢᠯ ᠤᠨ ᠬᠤᠷᠠᠯ ᠬᠦᠬᠡᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2015/11/27
     11ᠳ᠋ᠦ᠋ᠭᠡᠷ ᠰᠠᠷ᠎ᠠ ᠶᠢᠨ18᠎ ᠤ ᠡᠳᠦᠷ ᠠᠴᠠ 20᠎ ᠤ ᠡᠳᠦᠷ ᠪᠤᠯᠲᠠᠯ᠎ᠠ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ︽ᠭᠡᠰᠡᠷ︾ ᠠᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠭᠡᠷ ᠠᠴᠠ ᠡᠷᠬᠢᠯᠡᠭᠰᠡᠨ᠂ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠮᠤᠩᠭᠤᠯ ᠬᠡᠯᠡᠨ ᠤ ᠰᠤᠳᠤᠯᠭᠠᠨ ᠤ ᠲᠦᠪ᠂ ᠦᠪᠦᠷ ᠮᠤᠩᠭᠤᠯ ᠤᠨ ᠨᠡᠶᠢᠭᠡᠮ ᠰᠢᠨᠵᠢᠯᠡᠬᠦ ᠤᠬᠠᠭᠠᠨ ᠤᠳᠬ᠎ᠠ ᠵᠤᠬᠢᠶᠠᠯ ᠰᠤᠳᠤᠯᠬᠤ ᠭᠠᠵᠠᠷ ᠤᠨ ᠬᠠᠮᠲᠤᠷᠠᠨ ᠡᠷᠬᠢᠯᠡᠭᠰᠡᠨ ᠪᠦᠬᠦ ᠤᠯᠤᠰ ᠤᠨ ︽ᠭᠡᠰᠡᠷ︾ ᠡᠷᠳᠡᠮ ᠰᠢᠨᠵᠢᠯᠡᠭᠡᠨ ᠤ  ᠰᠤᠲᠤᠯᠬᠤ ᠬᠤᠷᠠᠯ ᠪᠤᠯᠤᠨ ᠲᠦᠷᠦᠯ ᠵᠦᠢᠯ ᠤᠨ ᠠᠵᠢᠯ ᠤᠨ ᠬᠤᠷᠠᠯ ᠬᠦᠬᠡᠬᠤᠲᠠ ᠳᠤ ᠶᠠᠪᠤᠭᠳᠠᠪᠠ᠃ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠳᠡᠳ᠋ ᠡᠷᠬᠢᠯᠡᠭᠴᠢ ᠮᠧᠩ ᡁᠢ ᠵᠢᠶᠦ᠋ᠨ ᠶᠠᠷᠢᠶ᠎ᠠ ᠲᠠᠯᠪᠢᠪᠠ᠃ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ︽ᠭᠡᠰᠡᠷ︾᠎ ᠢ ᠠᠪᠤᠷᠴᠤ ᠬᠠᠮᠠᠭᠠᠯᠠᠬᠤ ᠠᠵᠢᠯ ᠤᠨ ᠰᠡᠳᠦᠪ ᠤᠨ ᠡᠷᠳᠡᠮᠲᠡᠨ ᠤ ᠳᠤᠭᠤᠶᠢᠯᠠᠩ ᠤᠨ ᠳᠠᠷᠤᠭ᠎ᠠ ᠴᠢᠮᠡᠳᠳᠤᠷᠵᠢ ᠫᠷᠤᠹᠧᠰᠰᠤᠷ᠂ ᠦᠪᠦᠷ ᠮᠤᠩᠭᠤᠯ ᠤᠨ ᠨᠡᠶᠢᠭᠡᠮ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳᠡᠳ᠋ ᠳᠠᠷᠤᠭ᠎ᠠ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ︽ᠭᠡᠰᠡᠷ︾᠎ ᠢ  ᠠᠪᠤᠷᠴᠤ ᠬᠠᠮᠠᠭᠠᠯᠠᠬᠤ ᠠᠵᠢᠯ ᠤᠨ ᠤᠳᠤᠷᠢᠳᠬᠤ ᠲᠤᠭᠤᠶᠢᠯᠠᠩ ᠤᠨ ᠪᠦᠷᠢᠯᠳᠦᠬᠦᠨ ᠢ ᠰᠦᠩ᠂ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠩ ᠤᠨ ᠡᠷᠳᠡᠮ ᠰᠢᠨᠵᠢᠯᠡᠭᠡᠨ ᠤ ᠰᠤᠳᠤᠯᠬᠤ ᠭᠠᠵᠠᠷ ᠤᠨ ᠪᠦᠬᠦ ᠤᠯᠤᠰ ᠤᠨ ︽ᠭᠡᠰᠡᠷ︾ ᠠᠯᠪᠠᠨ ᠭᠡᠷ ᠤᠨ ᠡᠷᠬᠢᠯᠡᠭᠴᠢ᠂ ᠰᠤᠳᠤᠯᠤᠭᠴᠢ ᠨᠤᠷᠪᠤᠸᠠᠩᠳᠠᠨ ᠵᠡᠷᠭᠡ ᠬᠠᠮᠢᠶ᠎ᠠ ᠪᠦᠬᠦᠢ ᠪᠠᠶᠢᠭᠤᠯᠭ᠎ᠠ ᠶᠢᠨ ᠤᠳᠤᠷᠢᠳᠤᠯᠭ᠎ᠠ ᠪᠠ ᠡᠷᠳᠡᠮᠲᠡᠨ ᠬᠤᠷᠠᠯ ᠳᠤ ᠤᠷᠤᠯᠴᠠᠵᠤ ᠶᠠᠷᠢᠶ᠎ᠠ ᠲᠠᠯᠪᠢᠪᠠ᠃ ᠦᠪᠡᠷᠲᠡᠭᠡᠨ ᠵᠠᠰᠠᠬᠤ ᠤᠷᠤᠨ ᠤ ᠴᠦᠭᠡᠨ ᠲᠤᠭᠠᠲᠤ ᠦᠨᠳᠦᠰᠦᠲᠡᠨ ᠤ ᠡᠷᠲᠡᠨ ᠤ ᠪᠢᠴᠢᠭ ᠪᠤᠯᠤᠨ ︽ᠭᠡᠰᠡᠷ︾ ᠴᠤᠭᠯᠠᠭᠤᠯᠵᠤ ᠰᠤᠳᠤᠯᠬᠤ ᠭᠠᠵᠠᠷ ᠤᠨ ᠡᠷᠬᠢᠯᠡᠭᠴᠢ ᠰᠤᠶᠤᠯᠲᠤ ᠠᠵᠢᠯ ᠤᠨ ᠬᠠᠷᠢᠭᠤ ᠮᠡᠳᠡᠭᠦᠯᠦᠯᠲᠡ ᠬᠢᠵᠡᠢ᠃ ᠮᠠᠨ ᠤ ᠤᠷᠤᠨ ᠤ ︽12.5︾᠎ ᠶᠢᠨ ᠬᠤᠭᠤᠴᠠᠭᠠᠨ ᠳᠤ ︽ᠭᠡᠰᠡᠷ︾᠎ ᠤᠨ ᠠᠵᠢᠯ ᠵᠢᠴᠢ 2012 ᠤᠨ ᠠᠴᠠ ᠡᠬᠢᠯᠡᠨ ᠬᠡᠷᠡᠭᠵᠢᠭᠦᠯᠦᠭᠰᠡᠨ ︽ᠭᠡᠰᠡᠷ︾᠎ ᠢ ᠠᠪᠤᠷᠴᠤ ᠬᠠᠮᠠᠭᠠᠯᠠᠬᠤ ᠲᠦᠷᠦᠯ ᠵᠦᠢᠯ ᠤᠨ ᠠᠵᠢᠯ ᠤᠨ ᠦᠷᠨᠢᠯᠲᠡ ᠶᠢᠨ ᠪᠠᠶᠢᠳᠠᠯ ᠳᠤ ᠪᠦᠬᠦ ᠲᠠᠯ᠎ᠠ ᠢᠶᠠᠷ ᠡᠮᠬᠢᠯᠡᠨ ᠳ᠋ᠦᠩᠨᠡᠯᠲᠡ ᠬᠢᠵᠡᠢ᠃      ᠪᠡᠭᠡᠵᠢᠩ᠂ ᠬᠦᠬᠡᠨᠠᠭᠤᠷ᠂ ᠭᠠᠨᠰᠦ᠂ ᠰᠢᠨᠵᠢᠶᠠᠩ᠂ ᠦᠪᠦᠷ ᠮᠤᠩᠭᠤᠯ ᠵᠡᠷᠭᠡ ᠭᠠᠵᠠᠷ ᠠᠴᠠ ᠢᠷᠡᠭᠰᠡᠨ ᠲᠤᠰᠬᠠᠢ ᠮᠡᠷᠭᠡᠵᠢᠯᠲᠡᠨ ᠡᠷᠳᠡᠮᠲᠡᠨ ᠪᠤᠯᠤᠨ ︽ᠦᠪᠡᠷᠲᠡᠭᠡᠨ ᠵᠠᠰᠠᠬᠤ ᠤᠷᠤᠨ ᠤ ︿ᠭᠡᠰᠡᠷ﹀᠎ ᠢ ᠠᠪᠤᠷᠴᠤ ᠬᠠᠮᠠᠭᠠᠯᠠᠬᠤ ᠠᠵᠢᠯ︾᠎ ᠤᠨ ᠰᠡᠳᠦᠪ ᠢ ᠭᠠᠷᠳᠠᠭᠴᠢ ᠵᠡᠷᠭᠡ 60 ᠭᠠᠷᠤᠢ ᠬᠦᠮᠦᠨ ᠬᠤᠷᠠᠯ ᠳᠤ ᠤᠷᠤᠯᠴᠠᠪᠠ᠃ ᠪᠦᠬᠦ ᠤᠯᠤᠰ ᠤᠨ ᠡᠯ᠎ᠡ ᠭᠠᠵᠠᠷ ᠤᠨ ︽ᠭᠡᠰᠡᠷ︾᠎ ᠤᠨ ᠠᠵᠢᠯ ᠪᠤᠯᠤᠨ ︽ᠭᠡᠰᠡᠷ︾᠎ ᠢ ᠠᠪᠤᠷᠴᠤ ᠬᠠᠮᠠᠭᠠᠯᠠᠬᠤ ᠲᠦᠷᠦᠯ ᠵᠦᠢᠯ ᠤᠨ ᠠᠵᠢᠯ ᠤᠨ ᠤᠳᠤᠬᠢ ᠪᠠᠶᠢᠳᠠᠯ ᠢ ᠬᠠᠮᠲᠤ ᠪᠠᠷ ᠰᠤᠳᠤᠯᠤᠨ ᠰᠤᠯᠢᠯᠴᠠᠵᠤ᠂ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ᠂ ᠰᠢᠨ᠎ᠡ ᠠᠰᠠᠭᠤᠳᠠᠯ ᠢᠶᠠᠨ ᠵᠠᠳᠠᠯᠤᠨ ᠤᠶᠢᠯᠭᠠᠵᠤ᠂ ︽ᠭᠡᠰᠡᠷ︾᠎ ᠤᠨ ᠠᠵᠢᠯ ᠤᠨ ︽13.5︾᠎ ᠶᠢᠨ ᠲᠦᠯᠦᠪᠵᠢᠭᠦᠯᠭᠡ ᠪᠠ 2016 ᠤᠨ ᠳᠤ ᠪᠡᠭᠡᠵᠢᠩ ᠳᠤ ᠬᠤᠷᠠᠯ  ᠬᠤᠷᠠᠯᠳᠤᠭᠤᠯᠵᠤ ᠮᠤᠳᠤᠨ ᠪᠠᠷ ︽ᠭᠡᠰᠡᠷ︾ ᠬᠡᠪᠯᠡᠭᠳᠡᠨ ᠲᠠᠷᠬᠠᠭᠠᠭᠳᠠᠭᠰᠠᠨ 300 ᠵᠢᠯ ᠤᠨ ᠤᠯᠠᠨ ᠤᠯᠤᠰ ᠤᠨ ᠡᠷᠳᠡᠮ ᠰᠢᠨᠵᠢᠯᠡᠭᠡᠨ ᠤ ᠰᠤᠳᠤᠯᠤᠯ ᠤᠨ ᠲᠦᠰᠦᠯ ᠪᠤᠯᠤᠨ ᠨᠠᠷᠢᠨ ᠵᠦᠢᠯᠡᠰ ᠢ ᠰᠤᠳᠤᠯᠤᠨ ᠵᠦᠪᠳᠡᠯᠴᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号