ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠨᠠᠶᠢᠳᠠᠯᠭ᠎ᠠ ᠪᠠᠷ᠂ | ᠤᠳᠤ ᠪᠢ ︽ᠤᠯᠤᠰ ᠠᠷᠠᠳ ᠤᠨ ᠠᠵᠤ ᠠᠬᠤᠢ ᠪᠤᠯᠤᠨ ᠨᠡᠶᠢᠬᠡᠮ ᠤᠨ ᠬᠦᠭᠵᠢᠯᠳᠠ ᠶᠢᠨ ᠠᠷᠪᠠᠨ ᠭᠤᠷᠪᠠᠳᠤᠭᠠᠷ | ᠲᠠᠪᠤᠨ ᠵᠢᠯ ᠤᠨ ᠲᠦᠯᠤᠪᠵᠢᠬᠦᠯᠬᠡ ᠶᠢ ᠲᠤᠭᠳᠠᠭᠠᠬᠤ ᠲᠤᠬᠠᠢ ᠦᠪᠦᠷ ᠮᠤᠩᠭᠤᠯ ᠤᠨ ᠦᠪᠡᠷᠳᠡᠬᠡᠨ ᠵᠠᠰᠠᠬᠤ | ᠤᠷᠤᠨ ᠤ ᠨᠠᠮ ᠤᠨ ᠬᠤᠷᠢᠶ᠎ᠠ ᠶᠢᠨ ᠰᠠᠨᠠᠭᠤᠯᠭ᠎ᠠ︾ ᠶᠢ ᠲᠤᠭᠤᠷᠪᠢᠬᠰᠠᠨ ᠬᠤᠯᠪᠤᠬᠳᠠᠯ ᠪᠦᠬᠦᠢ ᠪᠠᠶᠢᠳᠠᠯ ᠤᠨ ᠲᠤᠬᠠᠢ | ᠪᠦᠬᠦᠳᠠ ᠬᠤᠷᠠᠯ ᠳᠤ ᠲᠤᠳᠤᠷᠬᠠᠢᠢᠯᠠᠯᠳᠠ ᠬᠢᠶ᠎ᠠ᠃ | ᠨᠢᠬᠡ᠂ ᠰᠠᠨᠠᠭᠤᠯᠭ᠎ᠠ ᠶᠢᠨ ᠡᠬᠡ ᠨᠤᠤᠷᠠᠬ ᠢ ᠲᠤᠭᠤᠷᠪᠢᠬᠰᠠᠨ ᠠᠬᠤᠢ ᠪᠠᠶᠢᠳᠠᠯ ᠪᠤᠯᠤᠨ ᠶᠠᠪᠤᠴᠠ | ︽13· 5︾ ᠶᠢᠨ ᠲᠦᠯᠤᠪᠵᠢᠬᠦᠯᠬᠡ ᠶᠢᠨ ᠬᠤᠭᠤᠴᠠᠭ᠎ᠠ ᠪᠤᠯ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ | ᠪᠡᠶᠡᠯᠡᠬᠦᠯᠬᠦ᠂ ᠮᠠᠨ ᠤ ᠨᠠᠮ ᠤᠨ ᠲᠤᠭᠳᠠᠭᠠᠬᠰᠠᠨ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠳᠠ ᠶᠢᠨ | ᠨᠢᠬᠡᠳᠤᠭᠡᠷ ᠵᠠᠭᠤᠨ ᠵᠢᠯ ᠤᠨ ᠬᠠᠷᠠᠯᠳᠠ ᠶᠢ ᠪᠡᠶᠡᠯᠡᠬᠦᠯᠬᠦ ᠰᠢᠢᠳᠪᠤᠷᠢᠳᠤ ᠱᠠᠳᠤ ᠪᠤᠯᠤᠨ᠎ᠠ᠃ ᠴᠠᠬ ᠦᠶ᠎ᠠ ᠶᠢᠨ | ᠱᠠᠭᠠᠷᠳᠠᠯᠭ᠎ᠠ ᠳᠤ ᠵᠤᠬᠢᠴᠠᠬᠤ᠂ ᠤᠷᠤᠨ ᠤ ᠪᠠᠶᠢᠳᠠᠯ ᠤᠨ ᠪᠤᠳᠠᠳᠠᠢ ᠲᠠᠢ ᠨᠡᠶᠢᠴᠡᠬᠦ᠂ ᠡᠯ᠎ᠠ ᠲᠠᠯ᠎ᠠ ᠶᠢᠨ ᠬᠦᠴᠤᠨ ᠢ | ᠨᠢᠬᠳᠠᠷᠠᠭᠤᠯᠬᠤ ︽13· 5︾ ᠶᠢᠨ ᠲᠦᠯᠤᠪᠵᠢᠬᠦᠯᠬᠡ ᠶᠢᠨ ᠰᠠᠨᠠᠭᠤᠯᠭ᠎ᠠ ᠶᠢ ᠲᠤᠭᠳᠠᠭᠠᠵᠤ᠂ ᠦᠪᠤᠷ | ᠮᠤᠩᠭᠤᠯ ᠤᠨ ᠢᠷᠡᠬᠡᠳᠤᠢ ᠶᠢᠨ 5 ᠵᠢᠯ ᠤᠨ ᠠᠤᠭ᠎ᠠ ᠲᠦᠰᠤᠪ ᠢ ᠰᠠᠶᠢᠳᠤᠷ ᠵᠢᠷᠤᠬᠯᠠᠬᠤ ᠨᠢ ︽13· 5︾ ᠶᠢᠨ | ᠲᠦᠯᠤᠪᠵᠢᠬᠦᠯᠬᠡ ᠶᠢᠨ ᠬᠦᠳᠤᠯᠪᠤᠷᠢ ᠶᠢ ᠨᠠᠶᠢᠷᠠᠭᠤᠯᠤᠨ ᠪᠢᠴᠢᠬᠦ ᠶᠢ ᠵᠢᠯᠤᠭᠤᠳᠬᠤ ᠪᠠ ︽13· 5︾ ᠶᠢᠨ | ᠲᠦᠯᠤᠪᠵᠢᠬᠦᠯᠬᠡ ᠶᠢᠨ ᠬᠤᠭᠤᠴᠠᠭᠠᠨ ᠤ ᠠᠵᠤ ᠠᠬᠤᠢ ᠨᠡᠶᠢᠬᠡᠮ ᠤᠨ ᠬᠦᠭᠵᠢᠯᠳᠠ ᠶᠢ ᠬᠦᠳᠤᠯᠤᠨ ᠵᠢᠯᠤᠭᠤᠳᠬᠤ ᠳᠤ | ᠲᠦᠢᠯ ᠤᠨ ᠴᠢᠬᠤᠯᠠ ᠠᠴᠢ ᠬᠤᠯᠪᠤᠬᠳᠠᠯ ᠲᠠᠢ ᠶᠤᠮ᠃ | ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠬᠢᠨ ᠰᠠᠨᠠᠭᠤᠯᠭ᠎ᠠ ᠶᠢᠨ ᠡᠬᠡ ᠨᠤᠤᠷᠠᠬ ᠢ | ᠲᠤᠭᠤᠷᠪᠢᠬᠤ ᠠᠵᠢᠯ ᠢ ᠲᠡᠭᠡᠳᠤ ᠬᠡᠮᠵᠢᠶ᠎ᠠ ᠪᠠᠷ ᠴᠢᠬᠤᠯᠠᠴᠢᠯᠠᠨ ᠦᠵᠡᠵᠤ᠂ ᠨᠢᠳᠤᠨᠤᠨ ᠤ ᠵᠢᠯ ᠤᠨ ᠡᠴᠤᠰ ᠲᠤ | ᠬᠢᠭᠰᠡᠨ ᠶᠢᠰᠤᠳᠤᠭᠡᠷ ᠬᠤᠭᠤᠴᠠᠭᠠᠨ ᠤ ᠠᠷᠪᠠᠨ ᠭᠤᠷᠪᠠᠳᠤᠭᠠᠷ ᠤᠳᠠᠭ᠎ᠠ ᠶᠢᠨ ᠪᠦᠬᠦ ᠬᠡᠰᠢᠬᠦᠳ ᠤᠨ ᠬᠤᠷᠠᠯ ᠵᠢᠴᠢ | ᠪᠦᠬᠦ ᠤᠷᠤᠨ ᠤ ᠠᠵᠤ ᠠᠬᠤᠢ ᠶᠢᠨ ᠠᠵᠢᠯ ᠬᠤᠷᠠᠯ ᠲᠡᠭᠡᠷ᠎ᠠ᠂ ︽13· 5︾ ᠶᠢᠨ ᠲᠦᠯᠤᠪᠵᠢᠬᠦᠯᠬᠡ ᠶᠢᠨ | ᠰᠠᠨᠠᠭᠤᠯᠭ᠎ᠠ ᠶᠢ ᠲᠤᠭᠳᠠᠭᠠᠬᠤ ᠲᠤᠬᠠᠢ ᠳᠤᠳᠤᠷᠬᠠᠢ ᠱᠠᠭᠠᠷᠳᠠᠯᠭ᠎ᠠ ᠲᠤᠷᠠᠳᠪᠠ᠃ ᠡᠨᠡ ᠵᠢᠯ ᠤᠨ ᠡᠬᠢ ᠪᠠᠷ᠂ | ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠤ ᠬᠢᠨ ᠪᠦᠬᠦ ᠤᠷᠤᠨ ᠤ ᠠᠵᠤ ᠠᠬᠤᠢ | ᠨᠡᠶᠢᠬᠡᠮ ᠤᠨ ᠬᠦᠭᠵᠢᠯᠳᠠ ᠶᠢᠨ ᠶᠠᠪᠤᠴᠠ ᠳᠠᠬᠢ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠠᠰᠠᠭᠤᠳᠠᠯ ᠳᠤ | ᠴᠢᠭᠯᠡᠬᠦᠯᠤᠨ ᠨᠢᠬᠡ ᠪᠦᠯᠦᠭ ᠴᠢᠬᠤᠯᠠ ᠶᠡᠭᠡ ᠰᠡᠳᠤᠪ ᠢ ᠲᠤᠭᠳᠠᠭᠠᠵᠤ᠂ ᠬᠤᠯᠪᠤᠬᠳᠠᠯ ᠪᠦᠬᠦᠢ ᠰᠠᠯᠠᠭ᠎ᠠ ᠮᠦᠴᠢᠷ᠂ | ᠶᠡᠭᠡ ᠲᠡᠭᠡᠳᠤ ᠰᠤᠷᠭᠠᠭᠤᠯᠢ᠂ ᠰᠤᠳᠤᠯᠭᠠᠨ ᠤ ᠪᠠᠶᠢᠭᠤᠯᠤᠮᠵᠢ ᠳᠤ ᠨᠠᠶᠢᠳᠠᠵᠤ ᠲᠤᠰᠬᠠᠢ ᠰᠡᠳᠤᠪᠳᠤ ᠪᠠᠶᠢᠴᠠᠭᠠᠨ | ᠰᠤᠳᠤᠯᠤᠯᠳᠠ ᠬᠢᠯᠬᠢᠵᠤ᠂ ᠨᠢᠬᠡ ᠪᠦᠯᠦᠭ ᠴᠢᠬᠤᠯᠠ ᠪᠦᠬᠦᠢ ᠰᠤᠳᠤᠯᠭᠠᠨ ᠤ ᠦᠷ᠎ᠠ ᠪᠦᠳᠤᠬᠡᠯ ᠢ ᠪᠦᠷᠢᠯᠳᠤᠬᠦᠯᠪᠠ᠃ | ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠪᠤᠯᠤᠨ ᠠᠷᠠᠳ ᠤᠨ | ᠲᠦᠯᠤᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠠᠷᠠᠳ ᠤᠨ ᠵᠠᠰᠠᠬ ᠤᠨ ᠤᠷᠳᠤᠨ᠂ ᠤᠯᠤᠰ | ᠲᠦᠷᠤ ᠶᠢᠨ ᠵᠦᠪᠯᠡᠯᠬᠡᠨ ᠤ ᠬᠤᠯᠪᠤᠬᠳᠠᠯ ᠪᠦᠬᠦᠢ ᠤᠳᠤᠷᠢᠳᠬᠤ ᠨᠦᠬᠦᠳ᠂ ᠠᠵᠤ ᠠᠬᠤᠢ ᠶᠢᠨ ᠬᠦᠭᠵᠢᠯᠳᠠ ᠶᠢᠨ | ᠰᠢᠨ᠎ᠠ ᠬᠡᠪ ᠪᠠᠶᠢᠳᠠᠯ ᠳᠤ ᠵᠤᠬᠢᠴᠠᠬᠤ ᠪᠠ ᠬᠦᠳᠤᠯᠤᠨ ᠵᠢᠯᠤᠭᠤᠳᠬᠤ᠂ ᠠᠵᠤ ᠠᠬᠤᠢ ᠶᠢᠨ ᠬᠦᠭᠵᠢᠯᠳᠠ ᠶᠢᠨ | ᠬᠡᠯᠪᠡᠷᠢ ᠶᠢ ᠲᠦᠷᠬᠡᠨ ᠬᠤᠪᠢᠷᠠᠭᠤᠯᠬᠤ᠂ ︽ᠲᠠᠪᠤᠨ ᠶᠡᠭᠡ ᠰᠠᠭᠤᠷᠢᠨ︾ ᠢ ᠪᠦᠳᠤᠬᠡᠨ ᠪᠠᠶᠢᠭᠤᠯᠬᠤ᠂ ᠮᠠᠯᠵᠢᠬᠤ | ᠲᠠᠷᠢᠶᠠᠯᠠᠬᠤ ᠤᠷᠤᠨ ᠤ ︽ᠠᠷᠪᠠ ᠶᠢ ᠪᠦᠷᠢᠨ ᠪᠦᠷᠬᠦᠬᠦᠯᠬᠦ︾ ᠢᠨᠵᠧᠨᠧᠷᠢᠩ ᠢ ᠠᠬᠢᠭᠤᠯᠬᠤ ᠴᠢᠬᠤᠯᠠ | ᠠᠰᠠᠭᠤᠳᠠᠯ ᠢᠶᠠᠷ ᠭᠤᠤᠯᠳᠠᠭᠤᠯᠵᠤ ᠪᠦᠬᠦ ᠲᠠᠯ᠎ᠠ ᠪᠠᠷ ᠰᠢᠰᠲ᠋ᠧᠮ ᠲᠠᠢ ᠪᠠᠶᠢᠴᠠᠭᠠᠨ ᠰᠤᠳᠤᠯᠤᠯᠳᠠ ᠬᠢᠵᠤ᠂ | ᠰᠠᠨᠠᠭᠤᠯᠭ᠎ᠠ ᠶᠢᠨ ᠡᠬᠡ ᠨᠤᠤᠷᠠᠬ ᠢ ᠲᠤᠭᠤᠷᠪᠢᠬᠤ ᠳᠤ ᠬᠦᠢᠴᠡᠳ ᠪᠡᠯᠡᠳᠬᠡᠯ ᠬᠢᠪᠠ᠃ | 4 ᠳ᠋ᠦ᠋ᠭᠡᠷ ᠰᠠᠷ᠎ᠠ ᠶᠢᠨ ᠰᠡᠬᠦᠯᠴᠢ ᠪᠠᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠬᠢᠨ | ᠨᠠᠳᠠ ᠪᠠᠷ ᠲᠤᠭᠤᠢᠢᠯᠠᠩ ᠤᠨ ᠲᠠᠷᠤᠭ᠎ᠠ ᠪᠤᠯᠭᠠᠬᠰᠠᠨ᠂ ᠬᠤᠯᠪᠤᠬᠳᠠᠯ ᠪᠦᠬᠦᠢ ᠲᠠᠯ᠎ᠠ ᠶᠢᠨ ᠬᠠᠷᠢᠭᠤᠴᠠᠯᠭᠠᠳᠠᠨ | ᠨᠦᠬᠦᠳ ᠤᠷᠤᠯᠴᠠᠬᠰᠠᠨ ᠪᠢᠴᠢᠭ ᠮᠠᠲ᠋ᠧᠷᠢᠶᠠᠯ ᠲᠤᠭᠤᠷᠪᠢᠬᠤ ᠲᠤᠭᠤᠢᠢᠯᠠᠩ ᠢ ᠪᠠᠶᠢᠭᠤᠯᠵᠤ᠂ ᠦᠪᠡᠷᠳᠡᠬᠡᠨ ᠵᠠᠰᠠᠬᠤ | ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠤᠯᠭ᠎ᠠ ᠲᠤᠤᠷ᠎ᠠ ᠲᠤᠭᠤᠷᠪᠢᠬᠤ | ᠠᠵᠢᠯ ᠢᠶᠠᠨ ᠡᠬᠢᠯᠡᠬᠦᠯᠪᠠ᠃ ᠬᠠᠭᠠᠰ ᠵᠢᠯ ᠤᠨ ᠲᠤᠷᠰᠢ᠂ ᠪᠢᠴᠢᠭ ᠮᠠᠲ᠋ᠧᠷᠢᠶᠠᠯ ᠲᠤᠭᠤᠷᠪᠢᠬᠤ ᠲᠤᠭᠤᠢᠢᠯᠠᠩ ᠤᠨ ᠬᠢᠨ | ᠶᠠᠷᠤᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ ᠨᠤᠭᠤᠳ ᠤᠨ ᠵᠤᠷᠢᠬ ᠰᠠᠨᠠᠭ᠎ᠠ ᠪᠤᠯᠤᠨ ᠦᠪᠤᠷ | ᠮᠤᠩᠭᠤᠯ ᠳᠤ ᠰᠢᠨᠵᠢᠯᠠᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶᠠᠨ ᠢ ᠵᠤᠷᠢᠬ ᠰᠠᠨᠠᠭ᠎ᠠ ᠶᠢ ᠨᠠᠷᠢᠨ ᠬᠢᠨᠠᠮᠠᠭᠠᠢ | ᠰᠤᠷᠤᠯᠴᠠᠵᠤ᠂ ᠨᠠᠮ ᠤᠨ ᠲᠦᠪ ᠬᠤᠷᠢᠶ᠎ᠠ ᠶᠢᠨ ᠬᠤᠯᠪᠤᠬᠳᠠᠯ ᠪᠦᠬᠦᠢ ᠪᠢᠴᠢᠭ ᠮᠠᠲ᠋ᠧᠷᠢᠶᠠᠯ ᠤᠨ ᠵᠤᠷᠢᠬ ᠰᠠᠨᠠᠭ᠎ᠠ ᠶᠢ | ᠰᠤᠷᠤᠯᠴᠠᠵᠤ᠂ ᠬᠦᠨ ᠬᠦᠨᠵᠡᠬᠡᠢ ᠪᠠᠶᠢᠴᠠᠭᠠᠨ ᠰᠤᠳᠤᠯᠤᠯᠳᠠ ᠬᠢᠵᠤ᠂ ᠡᠯ᠎ᠠ ᠲᠠᠯ᠎ᠠ ᠶᠢᠨ ᠰᠠᠨᠠᠯ ᠰᠠᠨᠠᠭᠤᠯᠭ᠎ᠠ ᠶᠢ | ᠦᠷᠬᠡᠨ ᠢᠶᠠᠷ ᠰᠤᠨᠤᠰᠴᠤ᠂ ᠲᠤᠭᠤᠷᠪᠢᠬᠤ ᠠᠵᠢᠯ ᠳᠤ ᠪᠦᠬᠦ ᠬᠦᠴᠤ ᠪᠠᠷ ᠢᠶᠠᠨ ᠤᠷᠤᠯᠴᠠᠵᠤ᠂ ᠰᠠᠨᠠᠭᠤᠯᠭ᠎ᠠ ᠶᠢᠨ | ᠡᠬᠡ ᠨᠤᠤᠷᠠᠬ ᠢ ᠪᠦᠷᠢᠯᠳᠤᠬᠦᠯᠪᠠ᠃ ᠡᠨᠡᠬᠦ ᠬᠤᠭᠤᠴᠠᠭᠠᠨ ᠳᠤ᠂ ᠦᠪᠡᠷᠳᠡᠬᠡᠨ ᠵᠠᠰᠠᠬᠤ ᠤᠷᠤᠨ ᠤ ᠨᠠᠮ ᠤᠨ | ᠬᠤᠷᠢᠶ᠎ᠠ ᠶᠢᠨ ᠬᠢᠨ ᠤᠯᠠᠨ ᠤᠳᠠᠭ᠎ᠠ ᠪᠠᠶᠢᠩᠭᠤ ᠶᠢᠨ ᠬᠤᠷᠢᠶ᠎ᠠ ᠶᠢᠨ ᠬᠤᠷᠠᠯ ᠬᠤᠷᠠᠯᠳᠤᠭᠤᠯᠵᠤ᠂ ᠰᠠᠨᠠᠭᠤᠯᠭ᠎ᠠ ᠶᠢᠨ | ᠡᠬᠡ ᠨᠤᠤᠷᠠᠬ ᠤᠨ ᠵᠢᠯᠤᠭᠤᠳᠬᠤ ᠦᠵᠡᠯ ᠰᠠᠨᠠᠭ᠎ᠠ᠂ ᠦᠨᠳᠤᠰᠤᠨ ᠵᠠᠷᠴᠢᠮ᠂ ᠬᠦᠭᠵᠢᠯᠳᠠ ᠶᠢᠨ ᠬᠠᠷᠠᠯᠳᠠ᠂ ᠭᠤᠤᠯ | ᠡᠬᠦᠷᠬᠡ ᠵᠡᠷᠬᠡ ᠴᠢᠬᠤᠯᠠ ᠠᠰᠠᠭᠤᠳᠠᠯ ᠢ ᠬᠦᠨᠵᠡᠬᠡᠢ ᠰᠤᠳᠤᠯᠤᠨ ᠶᠠᠷᠢᠯᠴᠠᠵᠤ᠂ ᠳᠤᠳᠤᠷᠬᠠᠢ ᠪᠤᠳᠠᠳᠠᠢ ᠱᠠᠭᠠᠷᠳᠠᠯᠭ᠎ᠠ | ᠲᠤᠷᠠᠳᠪᠠ᠃ ᠪᠠᠶᠢᠩᠭᠤ ᠶᠢᠨ ᠬᠤᠷᠢᠶ᠎ᠠ ᠶᠢᠨ ᠰᠠᠨᠠᠯ ᠪᠤᠯᠤᠨ ᠱᠠᠭᠠᠷᠳᠠᠯᠭ᠎ᠠ ᠪᠠᠷ᠂ ᠪᠢᠴᠢᠭ ᠮᠠᠲ᠋ᠧᠷᠢᠶᠠᠯ ᠢ | ᠲᠤᠭᠤᠷᠪᠢᠬᠤ ᠲᠤᠭᠤᠢᠢᠯᠠᠩ ᠤᠨ ᠬᠢᠨ ᠰᠠᠨᠠᠭᠤᠯᠭ᠎ᠠ ᠶᠢᠨ ᠡᠬᠡ ᠨᠤᠤᠷᠠᠬ ᠲᠤ ᠲᠠᠬᠢᠨ ᠲᠠᠪᠳᠠᠨ ᠵᠠᠰᠠᠪᠤᠷᠢ ᠤᠷᠤᠭᠤᠯᠵᠤ᠂ | ︽ᠰᠠᠨᠠᠭᠤᠯᠭ᠎ᠠ︾ ᠶᠢᠨ ᠰᠠᠨᠠᠯ ᠬᠤᠷᠢᠶᠠᠬᠤ ᠡᠬᠡ ᠨᠤᠤᠷᠠᠬ ᠢ ᠪᠦᠷᠢᠯᠳᠤᠬᠦᠯᠪᠠ᠃ | ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ | ᠲᠡᠬᠦᠰᠦᠭᠰᠡᠨ ᠤ ᠲᠠᠷᠠᠭ᠎ᠠ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠬᠢᠨ ᠠᠶᠢᠮᠠᠬ ᠬᠤᠳᠠ ᠶᠢᠨ | ᠨᠠᠮ ᠤᠨ ᠬᠤᠷᠢᠶ᠎ᠠ ᠶᠢᠨ ᠱᠦᠵᠢ᠂ ᠦᠪᠡᠷᠳᠡᠬᠡᠨ ᠵᠠᠰᠠᠬᠤ ᠤᠷᠤᠨ ᠤ ᠰᠢᠭᠤᠳ ᠬᠠᠷᠢᠶ᠎ᠠ ᠨᠢᠬᠡᠴᠠ ᠶᠢᠨ | ᠬᠠᠷᠢᠭᠤᠴᠠᠯᠭᠠᠳᠠᠨ᠂ ᠠᠷᠠᠳᠴᠢᠯᠠᠬᠰᠠᠨ ᠨᠠᠮ ᠪᠦᠯᠦᠭ ᠤᠢᠢᠯᠡᠳᠪᠤᠷᠢ ᠬᠤᠳᠠᠯᠳᠤᠭᠠᠨ ᠤ ᠬᠤᠯᠪᠤᠭ᠎ᠠ ᠶᠢᠨ | ᠬᠠᠷᠢᠭᠤᠴᠠᠯᠭᠠᠳᠠᠨ ᠪᠤᠯᠤᠨ ᠨᠠᠮ ᠪᠦᠯᠦᠭ ᠤᠨ ᠪᠤᠰᠤ ᠪᠤᠰᠤ ᠬᠦᠮᠤᠰ᠂ ᠲᠤᠰᠬᠠᠢ ᠮᠡᠷᠬᠡᠵᠢᠯᠳᠠᠨ ᠡᠷᠳᠡᠮᠳᠡᠳ ᠤᠨ | ᠶᠠᠷᠢᠯᠴᠠᠬᠤ ᠬᠤᠷᠠᠯ ᠢ ᠲᠤᠰ ᠲᠤᠰ ᠬᠢᠵᠤ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ | ᠲᠠᠪᠤᠳᠤᠭᠠᠷ ᠪᠦᠬᠦᠳᠠ ᠬᠤᠷᠠᠯ ᠪᠤᠯᠤᠨ ᠶᠠᠷᠤᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠬ | ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠬᠤᠯᠪᠤᠬᠳᠠᠯ ᠪᠦᠬᠦᠢ ᠲᠠᠯ᠎ᠠ ᠶᠢᠨ ᠰᠠᠨᠠᠯ ᠰᠠᠠᠨᠠᠭᠤᠯᠭᠠ ᠶᠢ ᠨᠠᠷᠢᠨ | ᠬᠢᠨᠠᠮᠠᠭᠠᠢ ᠰᠤᠨᠤᠰᠴᠤ᠂ ᠬᠤᠶᠢᠰᠢᠳᠠ ᠶᠢᠨ ᠠᠯᠤᠰ ᠬᠡᠳᠤ ᠶᠢᠨ ᠬᠦᠭᠵᠢᠯᠳᠠ ᠳᠤ ᠬᠤᠯᠪᠤᠬᠳᠠᠬᠤ ᠴᠢᠬᠤᠯᠠ ᠶᠡᠭᠡ | ᠠᠰᠠᠭᠤᠳᠠᠯ ᠤᠳ ᠤᠨ ᠲᠠᠯ᠎ᠠ ᠪᠠᠷ᠂ ᠦᠵᠡᠯ ᠰᠠᠨᠠᠭ᠎ᠠ ᠪᠠᠨ ᠴᠢᠨᠠᠬᠰᠢᠳᠠ ᠨᠢᠬᠡᠳᠬᠡᠵᠤ᠂ ᠬᠠᠮᠳᠤ ᠶᠢᠨ ᠲᠠᠨᠢᠯᠳᠠ ᠲᠠᠢ | ᠪᠤᠯᠪᠠ᠃ 11 ᠳ᠋ᠦ᠋ᠭᠡᠷ ᠰᠠᠷ᠎ᠠ ᠶᠢᠨ 9 ᠤ ᠡᠳᠤᠷ᠂ ᠰᠠᠨᠠᠭᠤᠯᠭ᠎ᠠ ᠶᠢᠨ ᠡᠬᠡ ᠨᠤᠤᠷᠠᠬ ᠢ ᠦᠪᠡᠷᠳᠡᠬᠡᠨ ᠵᠠᠰᠠᠬᠤ | ᠤᠷᠤᠨ ᠤ ᠡᠯ᠎ᠠ ᠶᠡᠭᠡ ᠪᠠᠬ ᠪᠤᠯᠤᠨ ᠡᠯ᠎ᠠ ᠠᠶᠢᠮᠠᠬ ᠬᠤᠳᠠ᠂ ᠡᠯ᠎ᠠ ᠰᠠᠯᠠᠭ᠎ᠠ ᠮᠦᠴᠢᠷ᠂ ᠡᠯ᠎ᠠ ᠨᠢᠬᠡᠴᠠ ᠶᠢᠨ ᠨᠠᠮ ᠤᠨ | ᠬᠤᠷᠢᠶ᠎ᠠ ︵ᠨᠠᠮ ᠤᠨ ᠤᠳᠤᠷᠢᠳᠬᠤ ᠲᠤᠭᠤᠢᠢᠯᠠᠩ︶ ᠵᠢᠴᠢ ᠮᠤᠵᠢ ᠶᠢᠨ ᠲᠡᠰ ᠤᠨ ᠠᠵᠢᠯ ᠠᠴᠠ ᠪᠠᠨ | ᠲᠠᠷᠬᠠᠯᠠᠬᠳᠠᠬᠰᠠᠨ ᠠᠬᠠᠮᠠᠳ ᠨᠦᠬᠦᠳ᠂ ᠦᠪᠡᠷᠳᠡᠬᠡᠨ ᠵᠠᠰᠠᠬᠤ ᠤᠷᠤᠨ ᠤ ᠶᠢᠰᠤᠳᠤᠭᠡᠷ ᠤᠳᠠᠭ᠎ᠠ ᠶᠢᠨ ᠨᠠᠮ ᠤᠨ | ᠲᠦᠯᠤᠬᠡᠯᠡᠭᠴᠢᠳ ᠤᠨ ᠬᠤᠷᠠᠯ ᠤᠨ ᠲᠦᠯᠤᠬᠡᠯᠡᠭᠴᠢᠳ ᠲᠤ ᠲᠠᠷᠤᠮᠠᠯᠯᠠᠨ ᠲᠠᠷᠬᠠᠭᠠᠵᠤ ᠰᠠᠨᠠᠯ ᠬᠤᠷᠢᠶᠠᠵᠤ᠂ ᠤᠷᠢᠳ | ᠬᠤᠵᠢᠳ 3000 ᠭᠠᠷᠤᠢ ᠬᠦᠮᠤᠨ ᠶᠠᠷᠢᠯᠴᠠᠬᠤ ᠳᠤ ᠤᠷᠤᠯᠴᠠᠵᠤ᠂ 560 ᠭᠠᠷᠤᠢ ᠵᠤᠷᠪᠤᠰ ᠵᠠᠰᠠᠪᠤᠷᠢ | ᠤᠷᠤᠭᠤᠯᠬᠤ ᠰᠠᠨᠠᠯ ᠲᠤᠷᠠᠳᠤᠬᠰᠠᠠ ᠪᠠᠶᠢᠨ᠎ᠠ᠃ 11 ᠳ᠋ᠦ᠋ᠭᠡᠷ ᠰᠠᠷ᠎ᠠ ᠶᠢᠨ 13 ᠤ ᠡᠳᠤᠷ᠂ ᠦᠪᠡᠷᠳᠡᠬᠡᠨ ᠵᠠᠰᠠᠬᠤ | ᠤᠷᠤᠨ ᠤ ᠨᠠᠮ ᠤᠨ ᠬᠤᠷᠢᠶ᠎ᠠ ᠨᠠᠮ ᠤᠨ ᠭᠠᠳᠠᠨᠠᠬᠢ ᠬᠦᠮᠤᠰ ᠤᠨ ᠶᠠᠷᠢᠯᠴᠠᠬᠤ ᠬᠤᠷᠠᠯ ᠬᠢᠵᠤ᠂ ᠡᠯ᠎ᠠ | ᠠᠷᠠᠳᠴᠢᠯᠠᠬᠰᠠᠨ ᠨᠠᠮ ᠪᠦᠯᠦᠭ᠂ ᠤᠢᠢᠯᠡᠳᠪᠤᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠯᠠᠭᠠᠳᠠᠨ ᠪᠤᠯᠤᠨ | ᠨᠠᠮ ᠪᠦᠯᠦᠭ ᠤᠨ ᠪᠤᠰᠤ ᠬᠦᠮᠤᠰ ᠠᠴᠠ ᠲᠠᠬᠢᠨ ᠰᠠᠨᠠᠯ ᠬᠤᠷᠢᠶᠠᠪᠠ᠃ ᠡᠯ᠎ᠠ ᠲᠠᠯ᠎ᠠ ᠶᠢᠨ ᠰᠠᠨᠠᠯ ᠪᠤᠯᠤᠨ | ᠰᠠᠨᠠᠭᠤᠯᠭ᠎ᠠ ᠶᠢ ᠨᠠᠷᠢᠨ ᠬᠢᠨᠠᠮᠠᠭᠠᠢ ᠵᠠᠳᠠᠯᠤᠨ ᠰᠤᠳᠤᠯᠵᠤ᠂ ᠠᠯᠢ ᠴᠢᠳᠠᠬᠤ ᠪᠠᠷ ᠰᠢᠩᠬᠡᠬᠡᠡ ᠠᠪᠤᠪᠠ᠃ 11 ᠳ᠋ᠦ᠋ᠭᠡᠷ | ᠰᠠᠷ᠎ᠠ ᠶᠢᠨ 16 ᠤ ᠡᠳᠤᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ | ᠰᠠᠨᠠᠭᠤᠯᠭ᠎ᠠ ᠶᠢᠨ ᠡᠬᠡ ᠨᠤᠤᠷᠠᠬ ᠢ ᠶᠠᠷᠢᠯᠴᠠᠭᠠᠳ ᠵᠠᠷᠴᠢᠮ ᠤᠨ ᠲᠠᠯ᠎ᠠ ᠪᠠᠷ ᠪᠠᠳᠤᠯᠠᠵᠤ᠂ ᠲᠤᠰ ᠤᠳᠠᠭ᠎ᠠ ᠶᠢᠨ ᠪᠦᠬᠦ | ᠬᠡᠰᠢᠬᠦᠳ ᠤᠨ ᠬᠤᠷᠠᠯ ᠳᠤ ᠲᠡᠪᠰᠢᠬᠦᠯᠵᠤ ᠶᠠᠷᠢᠯᠴᠠᠭᠤᠯᠬᠤ ᠪᠠᠷ ᠲᠤᠭᠳᠠᠪᠠ᠃ | ᠬᠠᠭᠠᠰ ᠵᠢᠯ ᠭᠠᠷᠤᠢ ᠶᠢᠨ ᠬᠤᠭᠤᠴᠠᠭᠠᠨ ᠳᠤ᠂ ᠤᠯᠠᠨ ᠤᠳᠠᠭ᠎ᠠ ᠵᠠᠰᠠᠪᠤᠷᠢ ᠤᠷᠤᠭᠤᠯᠵᠤ᠂ ᠰᠠᠨᠠᠭᠤᠯᠭ᠎ᠠ ᠨᠢ | ᠬᠠᠮᠳᠤ ᠶᠢᠨ ᠤᠶᠤᠨ ᠤᠬᠠᠭᠠᠨ ᠢ ᠨᠢᠬᠳᠠᠷᠠᠭᠤᠯᠵᠤ᠂ ᠲᠡᠤᠬᠡᠨ ᠡᠬᠦᠷᠬᠡ ᠶᠢ ᠡᠬᠦᠷᠬᠡᠯᠡᠭᠰᠡᠨ ᠪᠠᠶᠢᠨ᠎ᠠ᠃ | ᠰᠠᠠᠨᠠᠭᠤᠯᠭᠠ ᠶᠢᠨ ᠡᠬᠡ ᠨᠤᠤᠷᠠᠬ ᠢ ᠪᠦᠷᠢᠯᠳᠤᠬᠦᠯᠬᠦ ᠶᠠᠪᠤᠴᠠ ᠨᠢ ᠦᠪᠤᠷ ᠮᠤᠩᠭᠤᠯ ᠤᠨ ᠬᠦᠭᠵᠢᠯᠳᠠ ᠶᠢᠨ ᠱᠠᠳᠤᠴᠢ | ᠴᠢᠨᠠᠷ ᠢ ᠬᠦᠨ ᠬᠦᠨᠵᠡᠬᠡᠢ ᠡᠵᠡᠮᠰᠢᠵᠤ᠂ ᠦᠵᠡᠯ ᠰᠠᠨᠠᠭ᠎ᠠ ᠲᠠᠨᠢᠯᠳᠠ ᠪᠠᠨ ᠴᠢᠨᠠᠬᠠᠰᠢᠳᠠ ᠨᠢᠬᠡᠳᠬᠡᠵᠤ᠂ ᠦᠷᠬᠡᠨ | ᠲᠡᠯᠬᠡᠷ ᠬᠠᠮᠳᠤ ᠶᠢᠨ ᠲᠠᠨᠢᠯᠳᠠ ᠶᠢ ᠨᠢᠬᠳᠠᠷᠠᠭᠤᠯᠤᠬᠰᠠᠠ ᠶᠠᠪᠤᠴᠠ ᠪᠤᠯᠬᠤ ᠪᠠᠷ ᠪᠠᠷᠠᠬᠤ ᠦᠬᠡᠢ᠂ ᠮᠦᠨᠴᠤ ᠨᠠᠮ ᠤᠨ | ᠦᠵᠡᠯ ᠰᠠᠨᠠᠭᠠᠨ ᠤ ᠱᠤᠭᠤᠮ ᠪᠤᠯᠤᠨ ᠤᠯᠠᠨ ᠲᠦᠮᠡᠨᠴᠢ ᠱᠤᠭᠤᠮ ᠢ ᠪᠠᠷᠢᠮᠳᠠᠯᠠᠵᠤ᠂ ᠰᠢᠨᠵᠢᠯᠡᠬᠦ ᠤᠬᠠᠭᠠᠨᠴᠢ | ᠰᠢᠢᠳᠪᠤᠷᠢᠳᠤ ᠪᠤᠳᠤᠯᠭ᠎ᠠ᠂ ᠠᠷᠠᠳᠴᠢᠯᠠᠬᠰᠠᠨ ᠰᠢᠢᠳᠪᠤᠷᠢᠳᠤ ᠪᠤᠳᠤᠯᠭ᠎ᠠ ᠶᠢ ᠠᠬᠢᠭᠤᠯᠤᠬᠰᠠᠠ ᠶᠠᠪᠤᠴᠠ ᠭᠡᠵᠤ | ᠭᠡᠯᠡᠵᠤ ᠪᠤᠯᠬᠤ ᠶᠤᠮ᠃ | ᠬᠤᠶᠠᠷ᠂ ᠰᠠᠨᠠᠭᠤᠯᠭ᠎ᠠ ᠶᠢᠨ ᠨᠤᠤᠷᠠᠭ ᠤᠨ ᠭᠤᠤᠯ ᠪᠤᠳᠤᠯᠬᠢᠯᠠᠯ ᠪᠤᠯᠤᠨ ᠪᠤᠷᠤ ᠲᠦᠯᠦᠪ | ᠰᠠᠨᠠᠭᠤᠯᠭ᠎ᠠ ᠶᠢᠨ ᠨᠤᠤᠷᠠᠭ ᠢ ᠲᠤᠭᠤᠷᠪᠢᠨ ᠪᠢᠴᠢᠬᠦ ᠳᠡᠭᠡᠨ ᠭᠤᠷᠪᠠᠨ ᠲᠠᠯ᠎ᠠ ᠶᠢᠨ ᠪᠤᠳᠤᠯᠬᠢᠯᠠᠯ ᠢ | ᠲᠤᠪᠤᠶᠢᠯᠭᠠᠪᠠ᠄ | ᠨᠢᠭᠡᠳᠦᠭᠡᠷ ᠲᠤ᠂ ᠠᠵᠦ ᠠᠬᠤᠢ ᠶᠢᠨ ᠬᠦᠭᠵᠢᠯᠲᠡ ᠶᠢᠨ ᠰᠢᠨ᠎ᠡ ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ | ᠵᠤᠬᠢᠴᠠᠵᠦ᠂ ᠲᠡᠭᠦᠨ ᠢ ᠢᠲᠡᠪᠬᠢᠲᠠᠢ ᠪᠠᠷ ᠬᠦᠲᠦᠯᠦᠨ ᠲᠠᠭᠠᠭᠤᠯᠵᠦ᠂ ᠠᠵᠦ ᠠᠬᠤᠢ ᠶᠢᠨ ᠬᠦᠭᠵᠢᠯᠲᠡ ᠶᠢᠨ ᠠᠷᠭ᠎ᠠ | ᠬᠡᠯᠪᠡᠷᠢ ᠶᠢ ᠲᠦᠷᠭᠡᠨ ᠬᠤᠪᠢᠷᠠᠭᠤᠯᠬᠤ ᠬᠡᠷᠡᠭᠲᠡᠢ᠃ ᠠᠵᠦ ᠠᠬᠤᠢ ᠶᠢᠨ ᠬᠦᠭᠵᠢᠯᠲᠡ ᠰᠢᠨ᠎ᠡ ᠬᠡᠪ ᠪᠠᠶᠢᠳᠠᠯ ᠳᠤ | ᠤᠷᠤᠭᠰᠠᠨ ᠨᠢ ᠨᠠᠮ ᠤᠨ ᠲᠦᠪ ᠬᠤᠷᠢᠶ᠎ᠠ ᠠᠴᠠ ᠠᠵᠦ ᠠᠬᠤᠢ ᠶᠢᠨ ᠬᠦᠭᠵᠢᠯᠲᠡ ᠶᠢᠨ ᠵᠢᠮ᠎ᠡ ᠶᠤᠰᠤ ᠶᠢ ᠲᠠᠭᠠᠵᠦ᠂ | ᠠᠵᠦ ᠠᠬᠤᠢ ᠶᠢᠨ ᠬᠦᠭᠵᠢᠯᠲᠡ ᠶᠢᠨ ᠬᠠᠨᠳᠤᠰᠢ ᠶᠢ ᠡᠵᠡᠮᠰᠢᠵᠦ ᠪᠠᠶᠢᠭᠠᠳ ᠭᠠᠷᠭᠠᠭᠰᠠᠨ ᠴᠢᠬᠤᠯᠠ ᠶᠡᠭᠡ ᠪᠠᠶᠢᠯᠳᠤᠬᠤ | ᠪᠤᠳᠤᠯᠭ᠎ᠠ ᠶᠢᠨ ᠮᠠᠭᠠᠳᠯᠠᠯᠲᠠ ᠶᠤᠮ᠃ ᠰᠢᠨ᠎ᠡ ᠬᠡᠪ ᠪᠠᠶᠢᠳᠠᠯ ᠲᠤᠤᠷ᠎ᠠ᠂ ᠠᠵᠦ ᠠᠬᠤᠢ ᠶᠢᠨ ᠨᠡᠮᠡᠭᠳᠡᠯ ᠦᠨᠳᠦᠷ | ᠬᠤᠷᠳᠤᠴᠠ ᠠᠴᠠ ᠪᠠᠨ ᠲᠤᠮᠲᠠ ᠦᠨᠳᠦᠷ ᠬᠤᠷᠳᠤᠴᠠ ᠲᠠᠰᠢ ᠰᠢᠯᠵᠢᠵᠤ᠂ ᠬᠦᠭᠵᠢᠯᠲᠡ ᠶᠢᠨ ᠠᠷᠭ᠎ᠠ ᠬᠡᠯᠪᠡᠷᠢ | ᠬᠡᠪᠴᠢᠶᠡᠵᠢᠯᠲᠦ ᠬᠤᠷᠳᠤᠴᠠ ᠠᠴᠠ ᠪᠠᠨ ᠶᠠᠰᠦ ᠴᠢᠨᠠᠷ ᠦᠷ᠎ᠡ ᠠᠰᠢᠭ ᠢ ᠲᠡᠭᠡᠭᠰᠢᠯᠡᠭᠦᠯᠬᠦ ᠲᠠᠰᠢ ᠰᠢᠯᠵᠢᠵᠤ᠂ ᠠᠵᠦ | ᠠᠬᠤᠢ ᠶᠢᠨ ᠪᠦᠲᠦᠴᠡ ᠶᠢᠨ ᠲᠤᠬᠢᠷᠠᠭᠤᠯᠤᠯᠲᠠ ᠬᠡᠮᠵᠢᠶ᠎ᠡ ᠶᠢ ᠨᠡᠮᠡᠭᠳᠡᠭᠦᠯᠵᠦ ᠴᠢᠳᠠᠪᠤᠷᠢ ᠶᠢ ᠦᠷᠭᠡᠳᠭᠡᠬᠦ ᠪᠠᠷ ᠭᠤᠤᠯ | ᠪᠤᠯᠭᠠᠵᠦ ᠪᠠᠶᠢᠭᠰᠠᠨ ᠠᠴᠠ ᠪᠠᠨ ᠬᠠᠳᠠᠭᠠᠯᠠᠯᠲᠠ ᠶᠢᠨ ᠬᠡᠮᠵᠢᠶ᠎ᠡ ᠳᠤ ᠲᠤᠬᠢᠷᠠᠭᠤᠯᠤᠯᠲᠠ ᠬᠢᠬᠦ᠂ ᠨᠡᠮᠡᠭᠳᠡᠯ ᠤᠨ | ᠬᠡᠮᠵᠢᠶ᠎ᠡ ᠶᠢ ᠴᠢᠨᠠᠷᠵᠢᠭᠤᠯᠬᠤ ᠶᠢ ᠵᠡᠷᠭᠡᠪᠡᠷ ᠠᠳᠬᠤᠬᠤ ᠲᠠᠰᠢ ᠰᠢᠯᠵᠢᠵᠤ᠂ ᠬᠦᠭᠵᠢᠯᠲᠡ ᠶᠢᠨ ᠬᠦᠳᠡᠯᠭᠡᠬᠦ ᠬᠦᠴᠦᠨ ᠤ | ᠲᠠᠯ᠎ᠠ ᠪᠠᠷ ᠭᠤᠤᠯᠳᠠᠭᠤ ᠡᠬᠢ ᠪᠡᠶᠡᠯᠢᠬ ᠪᠤᠯᠤᠨ ᠥᠪᠡᠷ ᠤᠨ ᠦᠷᠲᠡᠭ ᠪᠠᠭ᠎ᠠ ᠬᠦᠳᠡᠯᠮᠤᠷᠢ ᠶᠢᠨ ᠬᠦᠴᠤ ᠵᠡᠷᠭᠡ | ᠴᠢᠬᠤᠯᠠ ᠵᠦᠢᠯ ᠤᠨ ᠤᠷᠤᠭᠤᠯᠤᠯᠲᠠ ᠳᠤ ᠲᠦᠰᠢᠭᠯᠡᠵᠦ ᠪᠠᠶᠢᠭᠰᠠᠨ ᠠᠴᠠ ᠪᠠᠨ ᠰᠢᠨ᠎ᠡ ᠶᠢ ᠡᠭᠦᠳᠬᠦ ᠪᠠᠷ | ᠬᠦᠳᠡᠯᠭᠡᠭᠦᠷ ᠪᠤᠯᠭᠠᠬᠤ ᠲᠠᠰᠢ ᠰᠢᠯᠵᠢᠪᠠ᠃ ᠡᠳᠡᠭᠡᠷ ᠬᠠᠨᠳᠤᠰᠢ ᠶᠢᠨ ᠴᠢᠨᠠᠷᠲᠠᠢ ᠬᠤᠪᠢᠷᠠᠯᠲᠠ ᠨᠢ ᠴᠢᠬᠤᠯᠠ | ᠪᠠᠶᠢᠯᠳᠤᠬᠤ ᠪᠤᠳᠤᠯᠭ᠎ᠠ ᠶᠢᠨ ᠠᠵᠠ ᠲᠤᠬᠢᠶᠠᠯᠲᠦ ᠬᠤᠭᠤᠴᠠᠭ᠎ᠠ ᠶᠢᠨ ᠲᠤᠬᠠᠢ ᠮᠠᠭᠠᠳᠯᠠᠯ ᠢ ᠬᠤᠪᠢᠷᠠᠭᠤᠯᠤᠭᠰᠠᠨ | ᠦᠭᠡᠢ᠂ ᠬᠤᠪᠢᠷᠠᠭᠤᠯᠤᠬᠰᠠᠠ ᠨᠢ ᠵᠦᠪᠬᠡᠨ ᠴᠢᠬᠤᠯᠠ ᠪᠠᠶᠢᠯᠳᠤᠬᠤ ᠪᠤᠳᠤᠯᠭ᠎ᠠ ᠶᠢᠨ ᠠᠵᠠ ᠲᠤᠬᠢᠶᠠᠯᠲᠦ | ᠬᠤᠭᠤᠴᠠᠭ᠎ᠠ ᠶᠢᠨ ᠠᠭᠤᠯᠬᠤᠨ ᠢ ᠬᠤᠪᠢᠷᠠᠭᠤᠯᠵᠦ᠂ ᠴᠢᠬᠤᠯᠠ ᠪᠠᠶᠢᠯᠳᠤᠬᠤ ᠪᠤᠳᠤᠯᠭ᠎ᠠ ᠶᠢᠨ ᠠᠵᠠ ᠲᠤᠬᠢᠶᠠᠯᠲᠦ | ᠬᠤᠭᠤᠴᠠᠭ᠎ᠠ ᠶᠢ ᠬᠦᠭᠵᠢᠯᠲᠡ ᠶᠢᠨ ᠬᠤᠷᠳᠤᠴᠠ ᠪᠠᠨ ᠲᠦᠷᠭᠡᠳᠬᠡᠬᠦ ᠠᠵᠠ ᠲᠤᠬᠢᠶᠠᠯ ᠪᠠᠶᠢᠭᠰᠠᠨ ᠠᠴᠠ ᠨᠢ ᠠᠵᠦ | ᠠᠬᠤᠢ ᠶᠢᠨ ᠬᠦᠭᠵᠢᠯᠲᠡ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ ᠠᠵᠠ ᠲᠤᠬᠢᠶᠠᠯ ᠪᠤᠯᠭᠠᠵᠦ᠂ ᠬᠡᠪᠴᠢᠶᠡᠵᠢᠯ ᠢ | ᠲᠦᠷᠭᠡᠨ ᠦᠷᠭᠡᠳᠭᠡᠬᠦ ᠠᠵᠠ ᠲᠤᠬᠢᠶᠠᠯ ᠢ ᠬᠦᠭᠵᠢᠯᠲᠡ ᠶᠢᠨ ᠶᠠᠰᠦ ᠴᠢᠨᠠᠷ ᠪᠤᠯᠤᠨ ᠦᠷ᠎ᠡ ᠠᠰᠢᠭ ᠢ ᠨᠡᠮᠡᠭᠳᠡᠭᠦᠯᠬᠦ | ᠠᠵᠠ ᠲᠤᠬᠢᠶᠠᠯ ᠪᠤᠯᠭᠠᠵᠠᠢ᠃ ︽13· 5︾ ᠶᠢᠨ ᠲᠦᠯᠤᠪᠵᠢᠬᠦᠯᠬᠡ ᠶᠢᠨ ᠬᠤᠭᠤᠴᠠᠭᠠᠨ ᠤ ᠠᠵᠦ ᠠᠬᠤᠢ | ᠨᠡᠶᠢᠭᠡᠮ ᠤᠨ ᠬᠦᠭᠵᠢᠯᠲᠡ ᠶᠢ ᠲᠦᠯᠦᠪᠯᠡᠬᠦ ᠳᠤ᠂ ᠡᠷᠬᠡᠪᠰᠢ ᠠᠵᠦ ᠠᠬᠤᠢ ᠶᠢᠨ ᠬᠦᠭᠵᠢᠯᠲᠡ ᠶᠢᠨ ᠰᠢᠨ᠎ᠡ ᠬᠡᠪ | ᠪᠠᠶᠢᠳᠠᠯ ᠤᠨ ᠬᠠᠨᠳᠤᠰᠢ ᠪᠤᠯᠤᠨ ᠱᠠᠭᠠᠷᠳᠠᠯᠭ᠎ᠠ ᠶᠢ ᠬᠦᠢᠴᠡᠳ ᠪᠤᠳᠤᠯᠬᠢᠯᠠᠵᠦ᠂ ᠠᠵᠦ ᠠᠬᠤᠢ ᠶᠢᠨ ᠬᠦᠭᠵᠢᠯᠲᠡ ᠶᠢᠨ | ᠶᠠᠰᠦ ᠴᠢᠨᠠᠷ ᠪᠤᠯᠤᠨ ᠦᠷ᠎ᠡ ᠠᠰᠢᠭ ᠢ ᠨᠡᠮᠡᠭᠳᠡᠭᠦᠯᠬᠦ ᠪᠠᠷ ᠭᠤᠤᠯ ᠪᠤᠯᠭᠠᠬᠤ ᠶᠢ ᠤᠯᠠᠮ ᠤᠬᠠᠮᠰᠠᠷ ᠲᠠᠢ ᠪᠠᠷ | ᠪᠠᠷᠢᠮᠲᠠᠯᠠᠨ᠂ ᠠᠵᠦ ᠠᠬᠤᠢ ᠶᠢᠨ ᠪᠦᠲᠦᠴᠡ ᠶᠢᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠲᠤᠬᠢᠷᠠᠭᠤᠯᠤᠯᠲᠠ ᠶᠢ | ᠶᠡᠬᠡᠪᠡᠷ ᠠᠬᠢᠭᠤᠯᠵᠦ᠂ ᠠᠵᠦ ᠠᠬᠤᠢ ᠶᠢᠨ ᠬᠦᠭᠵᠢᠯᠲᠡ ᠶᠢᠨ ᠰᠢᠨ᠎ᠡ ᠬᠡᠪ ᠪᠠᠶᠢᠳᠠᠯ ᠳᠤ ᠵᠤᠬᠢᠴᠠᠭᠰᠠᠨ | ᠬᠦᠭᠵᠢᠯᠲᠡ ᠶᠢᠨ ᠠᠷᠭ᠎ᠠ ᠬᠡᠯᠪᠡᠷᠢ ᠶᠢ ᠲᠦᠷᠭᠡᠨ ᠪᠤᠢ ᠪᠤᠯᠭᠠᠬᠤ ᠬᠡᠷᠡᠭᠲᠠᠢ᠃ | ᠬᠤᠶᠠᠳᠤᠭᠠᠷ ᠲᠤ᠂ ᠬᠦᠭᠵᠢᠯᠲᠡ ᠶᠢᠨ ᠰᠢᠨ᠎ᠡ ᠣᠨᠣᠯᠵᠢᠬᠤᠨ ᠢ ᠪᠠᠲᠦ ᠪᠠᠬᠢ ᠪᠤᠢ ᠪᠤᠯᠭᠠᠵᠦ᠂ ᠦᠨᠡᠨᠬᠦ | ᠨᠠᠶᠢᠳᠠᠪᠤᠷᠢᠵᠢᠭᠤᠯᠵᠦ᠂ ᠬᠦᠭᠵᠢᠯᠲᠡ ᠶᠢᠨ ᠰᠢᠨ᠎ᠡ ᠤᠷᠤᠨ ᠵᠠᠢ ᠶᠢ ᠲᠠᠰᠤᠷᠠᠯᠲᠠ ᠦᠭᠡᠢ ᠡᠬᠦᠳᠬᠦ ᠬᠡᠷᠡᠭᠲᠠᠢ᠃ | ᠬᠦᠭᠵᠢᠯᠲᠡ ᠶᠢᠨ ᠣᠨᠣᠯᠵᠢᠬᠤᠨ ᠪᠤᠯ ᠬᠦᠭᠵᠢᠯᠲᠡ ᠶᠢᠨ ᠠᠵᠢᠯᠯᠠᠭ᠎ᠠ ᠶᠢᠨ ᠵᠠᠮᠴᠢ ᠶᠤᠮ᠂ ᠲᠡᠷᠡᠴᠢᠯᠡᠡ | ᠬᠦᠭᠵᠢᠯᠲᠡ ᠶᠢᠨ ᠦᠷ᠎ᠡ ᠪᠦᠲᠦᠮᠵᠢ᠂ ᠴᠢᠨᠠᠭᠰᠢᠯᠠᠭᠠᠳ ᠪᠦᠲᠦᠵᠦ ᠪᠦᠷᠢᠯᠬᠦ ᠶᠢᠨ ᠦᠨᠳᠦᠰᠦᠨ ᠵᠦᠢᠯ ᠶᠤᠮ᠃ | ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠨᠢ ᠤᠯᠤᠰ ᠤᠨ | ᠲᠤᠲᠤᠭᠠᠳᠦ ᠭᠠᠳᠠᠭᠠᠳᠦ ᠶᠢᠨ ᠬᠦᠭᠵᠢᠯᠲᠡ ᠶᠢᠨ ᠲᠤᠷᠰᠢᠯᠭ᠎ᠠ ᠰᠤᠷᠭᠠᠮᠵᠢ ᠶᠢ ᠭᠦᠨᠵᠡᠬᠡᠢ ᠳ᠋ᠦᠩᠨᠡᠵᠦ᠂ ᠤᠯᠤᠰ ᠤᠨ | ᠲᠤᠲᠤᠭᠠᠳᠦ ᠭᠠᠳᠠᠭᠠᠳᠦ ᠶᠢᠨ ᠬᠦᠭᠵᠢᠯᠲᠡ ᠶᠢᠨ ᠶᠡᠭᠡ ᠬᠠᠨᠳᠤᠰᠢ ᠶᠢ ᠭᠦᠨᠵᠡᠭᠡᠢ ᠵᠠᠳᠠᠯᠤᠭᠰᠠᠨ ᠰᠠᠭᠤᠷᠢᠨ ᠳᠡᠭᠡᠷ᠎ᠡ᠂ | ᠮᠠᠨ ᠤ ᠤᠯᠤᠰ ᠤᠨ ᠬᠦᠭᠵᠢᠯᠲᠡ ᠶᠢᠨ ᠲᠤᠮᠳᠠᠬᠢ ᠲᠤᠪᠤᠶᠢᠮ᠎ᠠ ᠵᠦᠷᠢᠴᠡᠯ ᠪᠤᠯᠤᠨ ᠠᠰᠠᠭᠤᠳᠠᠯ ᠳᠤ ᠴᠢᠭᠯᠡᠭᠦᠯᠦᠨ᠂ | ᠰᠢᠨ᠎ᠡ ᠶᠢ ᠡᠭᠦᠳᠬᠦ᠂ ᠵᠤᠬᠢᠴᠠᠩᠭᠤᠢ᠂ ᠪᠤᠬᠢᠷᠳᠤᠯ ᠦᠭᠡᠢ᠂ ᠨᠡᠬᠡᠬᠡᠯᠳᠡᠳᠦ᠂ ᠬᠠᠮᠲᠤ ᠪᠠᠷ ᠡᠳ᠋ᠯᠡᠬᠦ ᠬᠦᠭᠵᠢᠯᠲᠡ ᠶᠢᠨ | ᠣᠨᠣᠯᠵᠢᠬᠤᠨ ᠢ ᠲᠤᠷᠠᠳᠪᠠ᠃ ᠡᠨᠡᠬᠦ ︽ᠲᠠᠪᠤᠨ ᠶᠡᠭᠡ ᠬᠦᠭᠵᠢᠯᠲᠡ ᠶᠢᠨ ᠣᠨᠣᠯᠵᠢᠬᠤᠨ︾ ᠨᠢ ᠬᠠᠷᠢᠯᠴᠠᠨ | ᠬᠤᠯᠪᠤᠯᠳᠤᠵᠦ᠂ ᠬᠠᠷᠢᠯᠴᠠᠨ ᠠᠬᠢᠭᠤᠯᠵᠦ᠂ ᠦᠭᠡᠷᠡᠴᠢᠯᠡᠯᠲᠡ ᠨᠡᠭᠡᠭᠡᠯᠲᠡ ᠶᠢᠨ 30 ᠭᠠᠷᠤᠢ ᠵᠢᠯ ᠤᠨ ᠮᠠᠨ ᠤ | ᠤᠯᠤᠰ ᠤᠨ ᠬᠦᠭᠵᠢᠯᠲᠡ ᠶᠢᠨ ᠲᠤᠷᠰᠢᠯᠭ᠎ᠠ ᠶᠢ ᠲᠦᠪᠯᠡᠷᠡᠩᠭᠦᠢ ᠢᠯᠡᠷᠡᠭᠦᠯᠵᠦ᠂ ︽13· 5︾ ᠶᠢᠨ | ᠲᠦᠯᠤᠪᠵᠢᠬᠦᠯᠬᠡ ᠶᠢᠨ ᠬᠤᠭᠤᠴᠠᠭ᠎ᠠ ᠴᠢᠨᠠᠭᠰᠢᠯᠠᠨ ᠨᠡᠩ ᠤᠷᠲᠦ ᠬᠤᠭᠤᠴᠠᠭᠠᠨ ᠤ ᠮᠠᠨ ᠤ ᠤᠯᠤᠰ ᠤᠨ | ᠬᠦᠭᠵᠢᠯᠲᠡ ᠶᠢᠨ ᠰᠡᠳᠬᠢᠴᠡ᠂ ᠬᠦᠭᠵᠢᠯᠲᠡ ᠶᠢᠨ ᠴᠢᠭᠯᠡᠯ᠂ ᠬᠦᠭᠵᠢᠯᠲᠡ ᠶᠢᠨ ᠬᠦᠴᠦᠯᠡᠴᠡ ᠶᠢ ᠲᠦᠪᠯᠡᠷᠡᠩᠭᠦᠢ | ᠢᠯᠡᠷᠡᠭᠦᠯᠵᠦ᠂ ᠳᠤᠮᠳᠠᠳᠦ ᠤᠯᠤᠰ ᠤᠨ ᠤᠨᠴᠠᠯᠢᠭ ᠲᠠᠢ ᠨᠠᠶᠢᠭᠡᠮ ᠵᠢᠷᠤᠮ ᠤᠨ ᠤᠨᠤᠯ ᠤᠨ ᠰᠢᠰᠲ᠋ᠧᠮᠵᠢ ᠶᠢ ᠤᠯᠠᠮ | ᠪᠠᠶᠠᠯᠢᠬᠵᠢᠭᠤᠯᠤᠨ ᠬᠦᠭᠵᠢᠬᠦᠯᠵᠠᠢ᠂ ᠡᠨᠡ ᠪᠤᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ᠂ ︽ᠬᠤᠤᠰ | ᠵᠠᠭᠤᠨ ᠵᠢᠯ︾ ᠤᠨ ᠲᠡᠮᠡᠴᠡᠬᠦ ᠬᠠᠷᠠᠯᠲᠠ ᠶᠢ ᠪᠡᠶᠡᠯᠡᠬᠦᠯᠬᠦ ᠦᠵᠡᠯ ᠰᠠᠨᠠᠭᠠᠨ ᠤ ᠵᠢᠯᠤᠭᠤᠳᠤᠮᠵᠢ ᠪᠠ ᠦᠢᠯᠡ | ᠠᠵᠢᠯᠠᠯᠭ᠎ᠠ ᠶᠢᠨ ᠵᠦᠭᠯᠡᠭᠦᠷ ᠶᠤᠮ᠃ ︽13· 5︾ ᠶᠢᠨ ᠲᠦᠯᠤᠪᠵᠢᠬᠦᠯᠬᠡ ᠶᠢᠨ ᠬᠤᠭᠤᠴᠠᠭᠠᠨ ᠤ ᠠᠵᠦ ᠠᠬᠤᠢ | ᠨᠡᠶᠢᠭᠡᠮ ᠤᠨ ᠬᠦᠭᠵᠢᠯᠲᠡ ᠶᠢ ᠲᠦᠯᠦᠪᠯᠵᠢᠬᠦᠯᠬᠦ ᠳᠤ᠂ ᠡᠷᠬᠡᠪᠰᠢ ︽ᠲᠠᠪᠤᠨ ᠶᠡᠭᠡ ᠬᠦᠭᠵᠢᠯᠲᠡ ᠶᠢᠨ ᠣᠨᠣᠯᠵᠢᠬᠤᠨ︾ | ᠢ ᠪᠤᠢ ᠪᠤᠯᠭᠠᠨ ᠲᠤᠤᠱᠯᠠᠭᠤᠯᠵᠦ᠂ ᠡᠷᠡᠰ ᠪᠠᠲᠦ ᠤᠬᠠᠮᠰᠠᠷ ᠲᠠᠢ ᠪᠠᠷ ᠰᠢᠨ᠎ᠡ ᠬᠦᠭᠵᠢᠯᠲᠡ ᠶᠢᠨ ᠣᠨᠣᠯᠵᠢᠬᠤᠨ ᠢᠶᠠᠷ | ᠬᠦᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠤᠷᠢᠯᠡᠵᠦ᠂ ᠬᠦᠭᠵᠢᠯᠲᠡ ᠶᠢᠨ ᠬᠦᠳᠡᠯᠭᠡᠬᠦ ᠬᠦᠴᠦᠨ ᠢ | ᠴᠢᠩᠭᠠᠷᠠᠭᠤᠯᠵᠦ᠂ ᠬᠦᠭᠵᠢᠯᠲᠡ ᠶᠢᠨ ᠲᠠᠪᠠᠭᠤᠯᠢᠭ ᠢ ᠨᠡᠮᠡᠭᠳᠡᠬᠦᠯᠵᠦ᠂ ᠰᠢᠨ᠎ᠡ ᠬᠦᠭᠵᠢᠯᠲᠡ ᠶᠢᠨ ᠣᠨᠣᠯᠵᠢᠬᠤᠨ ᠢᠶᠠᠷ | ᠬᠦᠭᠵᠢᠯᠲᠡ ᠶᠢ ᠦᠢᠯᠡᠳᠦᠯᠭᠡ ᠶᠢ ᠬᠦᠲᠦᠯᠦᠨ ᠲᠠᠭᠠᠭᠤᠯᠵᠦ᠂ ᠬᠦᠭᠵᠢᠯᠲᠡ ᠶᠢᠨ ᠤᠷᠤᠨ ᠵᠠᠢ ᠶᠢ ᠡᠬᠦᠳᠬᠦ ᠬᠡᠷᠡᠭᠲᠠᠢ᠃ | ᠭᠤᠷᠪᠠᠳᠤᠭᠠᠷ ᠲᠤ᠂ ᠬᠦᠭᠵᠢᠯᠲᠡ ᠶᠢᠨ ᠬᠠᠷᠠᠯᠲᠠ ᠶᠢ ᠤᠨᠤᠪᠴᠢᠲᠠᠢ ᠡᠵᠡᠮᠰᠢᠵᠦ᠂ ᠴᠢᠷᠮᠠᠶᠢᠨ ᠪᠡᠶᠡᠯᠡᠭᠦᠯᠵᠦ᠂ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠶᠢ ᠦᠨᠡᠨᠬᠦ ᠪᠠᠲᠤᠯᠠᠬᠤ ᠬᠡᠷᠡᠭᠲᠠᠢ᠃ 2020 ᠤᠨ | ᠪᠤᠯᠬᠤ ᠳᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠪᠤᠯ ᠮᠠᠨ ᠤ ᠨᠠᠮ ᠤᠨ ᠲᠤᠭᠲᠠᠭᠠᠭᠰᠠᠨ ︽ᠬᠤᠤᠰ | ᠵᠠᠭᠤᠨ ᠵᠢᠯ︾ ᠤᠨ ᠲᠡᠮᠡᠴᠡᠬᠦ ᠬᠠᠷᠠᠯᠲᠠ ᠶᠢᠨ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠤᠮ᠃ ᠰᠢᠨ᠎ᠡ | ᠵᠠᠭᠤᠨ ᠠᠴᠠ ᠨᠠᠰᠢ᠂ ᠥᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠡᠨᠡᠬᠦ ᠲᠡᠮᠡᠴᠡᠬᠦ ᠬᠠᠷᠠᠯᠲᠠ ᠶᠢ | ᠴᠢᠩᠭ᠎ᠠ ᠠᠴᠠ ᠴᠢᠩᠭ᠎ᠠ ᠠᠳᠬᠤᠵᠦ᠂ ᠪᠦᠬᠦ ᠤᠷᠤᠨ ᠤ ᠲᠡᠭᠡᠷ᠎ᠡ ᠲᠤᠤᠷ᠎ᠠ ᠱᠠᠲᠤᠨ ᠤ ᠬᠢᠨ ᠢ ᠪᠦᠯᠬᠦᠮᠳᠡᠭᠦᠯᠦᠨ | ᠲᠠᠭᠠᠭᠤᠯᠤᠭᠠᠳ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠠᠵᠢᠯ ᠤᠨ ᠠᠰᠤᠷᠦ ᠶᠡᠭᠡ ᠠᠮᠵᠢᠯᠲᠠ ᠶᠢ | ᠤᠯᠤᠭᠰᠠᠨ ᠪᠠᠶᠢᠨ᠎ᠠ᠃ | ᠤᠳᠤ ᠡᠨᠡᠬᠦ ᠬᠠᠷᠠᠯᠲᠠ ᠶᠢ ᠪᠡᠶᠡᠯᠡᠬᠦᠯᠬᠦ ᠳᠤ ᠡᠷᠴᠢ ᠵᠤᠷᠢᠭ ᠢᠶᠠᠨ ᠪᠠᠳᠠᠷᠠᠭᠤᠯᠤᠨ ᠡᠴᠦᠰ ᠤᠨ ᠱᠤᠭᠤᠮ ᠵᠦᠭ | ᠰᠢᠪᠲᠤᠯᠬᠤ ᠲᠡᠤᠬᠡᠨ ᠴᠠᠭ ᠮᠦᠴᠡ ᠳᠤ ᠬᠦᠷᠦᠭᠡᠳ ᠪᠠᠶᠢᠨ᠎ᠠ᠂ ᠬᠤᠶᠢᠰᠢᠳᠠ ᠶᠢᠨ ᠲᠠᠪᠤᠨ ᠵᠢᠯ ᠤᠨ ᠪᠢᠳᠡᠨ ᠤ ᠡᠯ᠎ᠡ | ᠵᠦᠢᠯ ᠤᠨ ᠡᠭᠦᠷᠭᠡ ᠶᠢ ᠪᠠᠭᠴᠠᠯᠠᠭᠠᠳ ᠭᠡᠯᠡᠪᠡᠯ ᠲᠠᠷᠤᠢ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ | ᠶᠠᠪᠤᠳᠠᠯ ᠪᠤᠯᠤᠨ᠎ᠠ᠃ ︽13· 5︾ ᠶᠢᠨ ᠲᠦᠯᠤᠪᠵᠢᠬᠦᠯᠬᠡ ᠶᠢᠨ ᠬᠤᠭᠤᠴᠠᠭᠠᠨ ᠤ ᠠᠵᠦ ᠠᠬᠤᠢ ᠨᠡᠶᠢᠭᠡᠮ ᠤᠨ | ᠬᠦᠭᠵᠢᠯᠲᠡ ᠶᠢ ᠲᠦᠯᠦᠪᠵᠢᠬᠦᠯᠬᠦ ᠳᠤ᠂ ᠡᠷᠬᠡᠪᠰᠢ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ | ᠲᠡᠮᠡᠴᠡᠯ ᠤᠨ ᠬᠠᠷᠠᠯᠲᠠ ᠶᠢ ᠴᠢᠩᠭ᠎ᠠ ᠪᠠᠷᠢᠮᠲᠠᠯᠠᠵᠦ᠂ ᠡᠨᠡᠬᠦ ᠬᠠᠷᠠᠯᠲᠠ ᠶᠢ ᠪᠡᠶᠡᠯᠡᠬᠦᠯᠬᠦ ᠳᠤ ᠪᠦᠷᠢᠯᠳᠦᠭᠦᠯᠬᠦ ᠬᠦᠢᠴᠡᠳ | ᠨᠦᠬᠦᠴᠡᠯ ᠪᠤᠯᠤᠨ ᠲᠤᠯᠭᠠᠷᠠᠵᠦ ᠪᠦᠬᠦᠢ ᠬᠠᠲᠠᠭᠤᠵᠢᠯᠲᠠᠢ ᠡᠭᠦᠷᠭᠡ ᠶᠢ ᠰᠡᠷᠭᠡᠭ ᠢᠶᠠᠷ ᠲᠠᠨᠢᠵᠦ᠂ ᠤᠯᠠᠮ ᠲᠤᠲᠤᠷᠬᠠᠢ | ᠲᠦᠷᠦ ᠶᠢᠨ ᠪᠤᠳᠤᠯᠭ᠎ᠠ ᠶᠢᠨ ᠵᠢᠯᠤᠭᠤᠳᠤᠮᠵᠢ᠂ ᠬᠦᠭᠵᠢᠯᠲᠡ ᠶᠢᠨ ᠲᠤᠲᠠᠭᠤᠳᠠᠯ ᠳᠤ ᠨᠡᠩ ᠰᠠᠶᠢᠨ ᠴᠢᠭᠯᠡᠭᠦᠯᠦᠯᠲᠦ | ᠴᠢᠨᠠᠷᠲᠠᠢ᠂ ᠠᠷᠠᠳ ᠤᠨ ᠰᠠᠨᠠᠭ᠎ᠠ ᠶᠢ ᠨᠡᠩ ᠰᠠᠶᠢᠨ ᠲᠠᠭᠠᠭᠰᠠᠨ ᠬᠠᠷᠠᠯᠲᠠ ᠱᠠᠭᠠᠷᠳᠠᠯᠭ᠎ᠠ ᠶᠢ ᠲᠤᠷᠠᠳᠬᠤ ᠪᠦᠭᠡᠳ | ᠨᠠᠶᠢᠳᠠᠪᠤᠷᠢᠵᠢᠭᠤᠯᠵᠦ᠂ ᠶᠡᠬᠡᠬᠡᠨ ᠬᠦᠴᠦ ᠤᠷᠤᠭᠤᠯᠵᠦ ᠪᠠᠶᠢᠭᠠᠳ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠬᠦᠯᠬᠦ ᠶᠢ ᠬᠦᠯᠢᠶᠡᠰᠦᠯᠡᠵᠤ ᠪᠦᠬᠦᠢ ᠭᠤᠤᠯ ᠪᠤᠶᠤ ᠲᠦᠪᠡᠭᠲᠠᠢ ᠠᠰᠠᠭᠤᠳᠠᠯ ᠢ ᠰᠢᠢᠳᠪᠤᠷᠢᠯᠡᠵᠦ᠂ ᠪᠦᠬᠦ | ᠤᠷᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠲᠠᠶᠢᠴᠢᠯᠠᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠬᠦᠯᠬᠦ ᠰᠢᠢᠳᠪᠤᠷᠢᠳᠤ ᠱᠠᠲᠦ ᠦᠶ᠎ᠡ ᠶᠢᠨ ᠠᠭᠤᠤ ᠶᠡᠭᠡ ᠢᠯᠡᠯᠲᠡ ᠶᠢ ᠲᠠᠮᠡᠴᠡᠨ ᠤᠯᠵᠦ᠂ ᠨᠢᠭᠡᠳᠦᠭᠡᠷ ᠵᠠᠭᠤᠨ | ᠵᠢᠯ ᠤᠨ ᠲᠡᠮᠡᠴᠡᠬᠦ ᠬᠠᠷᠠᠯᠲᠠ ᠶᠢ ᠲᠤᠭᠲᠠᠭᠰᠠᠨ ᠬᠤᠭᠤᠴᠠᠭᠠᠨ ᠳᠠᠭᠠᠨ ᠪᠡᠶᠡᠯᠡᠬᠦᠯᠬᠦ ᠬᠡᠷᠡᠭᠲᠠᠢ᠃ | ᠰᠠᠨᠠᠭᠤᠯᠭ᠎ᠠ ᠶᠢᠨ ᠨᠤᠤᠷᠠᠭ ᠢ ᠲᠤᠭᠤᠷᠪᠢᠨ ᠪᠢᠴᠢᠬᠦ ᠳᠤ ᠭᠤᠷᠪᠠᠨ ᠵᠠᠷᠴᠢᠮ ᠢ ᠭᠤᠤᠯᠴᠢᠯᠠᠨ ᠪᠠᠷᠢᠮᠳᠠᠯᠠᠪᠠ᠄ | ᠨᠢᠭᠡᠳᠦᠭᠡᠷ ᠲᠤ᠂ ᠲᠦᠪ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠦ᠂ ᠲᠦᠪ ᠤᠨ ᠵᠤᠷᠢᠭ | ᠰᠠᠨᠠᠭ᠎ᠠ ᠪᠠᠷ ᠬᠦᠭᠵᠢᠯᠲᠡ ᠶᠢᠨ ᠲᠦᠯᠦᠪᠯᠵᠢᠬᠦᠯᠬᠡ ᠶᠢᠨ ᠵᠢᠯᠤᠭᠤᠳᠤᠯᠭ᠎ᠠ ᠪᠤᠯᠭᠠᠪᠠ᠃ ᠨᠠᠮ ᠤᠨ ᠠᠷᠪᠠᠨ ᠨᠠᠢᠮᠠᠳᠤᠭᠠᠷ | ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠦᠬᠦᠷ ᠢᠶᠠᠷ ᠶᠡᠷᠦᠩᠬᠡᠢ ᠱᠦᠵᠢ ᠪᠤᠯᠭᠠᠭᠰᠠᠨ ᠨᠠᠮ ᠤᠨ ᠲᠦᠪ ᠬᠤᠷᠢᠶ᠎ᠠ | ᠳᠤᠮᠳᠠᠳᠦ ᠤᠯᠤᠰ ᠤᠨ ᠤᠨᠴᠠᠯᠢᠭ ᠲᠠᠢ ᠨᠠᠶᠢᠭᠡᠮ ᠵᠢᠷᠤᠮ ᠢ ᠪᠠᠷᠢᠮᠲᠠᠯᠠᠨ ᠬᠦᠭᠵᠢᠬᠦᠯᠦᠭᠡᠳ ᠤᠯᠤᠰ ᠢᠶᠠᠨ ᠵᠠᠰᠠᠵᠦ | ᠵᠠᠰᠠᠭ ᠤᠨ ᠶᠠᠪᠤᠳᠠᠯ ᠢ ᠡᠷᠬᠢᠯᠡᠬᠦ ᠲᠠᠯ᠎ᠠ ᠪᠠᠷ ᠠᠯᠢ ᠤᠯᠠᠨ ᠰᠢᠨᠡᠣᠨᠣᠯᠵᠢᠬᠤᠨ ᠰᠢᠨ᠎ᠡ ᠰᠡᠳᠭᠢᠴᠡ ᠰᠢᠨ᠎ᠡ | ᠪᠠᠶᠢᠯᠳᠤᠬᠤ ᠪᠤᠳᠤᠯᠭ᠎ᠠ ᠶᠢ ᠪᠦᠷᠢᠯᠳᠦᠭᠦᠯᠵᠦ᠂ ᠰᠢᠨ᠎ᠡ ᠲᠡᠤᠬᠡᠨ ᠨᠦᠬᠦᠴᠡᠯ ᠲᠤᠤᠷ᠎ᠠ ᠦᠭᠡᠷᠡᠴᠢᠯᠡᠯᠲᠡ ᠨᠡᠭᠡᠭᠡᠯᠲᠡ ᠶᠢ | ᠭᠦᠨᠵᠡᠭᠡᠶᠢᠷᠡᠬᠦᠯᠬᠦ᠂ ᠨᠡᠶᠢᠭᠡᠮ ᠵᠢᠷᠤᠮ ᠤᠨ ᠤᠳᠤᠬᠢᠴᠢᠯᠠᠯᠲᠠ ᠶᠢ ᠲᠦᠷᠭᠡᠨ ᠠᠬᠢᠭᠤᠯᠬᠤ ᠳᠤ ᠰᠢᠨᠵᠢᠯᠡᠬᠦ ᠤᠬᠠᠭᠠᠨᠴᠢ | ᠤᠨᠤᠯ ᠤᠨ ᠵᠢᠯᠤᠭᠤᠳᠤᠯᠭ᠎ᠠ ᠪᠤᠯᠤᠨ ᠦᠢᠯᠡ ᠠᠵᠢᠯᠯᠠᠭᠠᠨ ᠤ ᠵᠦᠭᠯᠡᠭᠦᠷ ᠬᠠᠨᠭ᠍ᠭᠠᠵᠦ ᠦᠭᠭᠦᠭᠰᠡᠨ ᠪᠠᠶᠢᠨ᠎ᠠ᠃ | ᠶᠡᠷᠦᠩᠬᠡᠢ ᠱᠦᠵᠢ ᠰᠢ ᠶᠢᠨ ᠫᠢᠩ ᠮᠠᠨ ᠤ ᠤᠷᠤᠨ ᠳᠤ ᠰᠢᠨᠵᠢᠯᠡᠨ ᠪᠠᠶᠢᠴᠠᠭᠠᠬᠤ ᠳᠠᠭᠠᠨ ᠪᠢᠳᠡᠨ ᠳᠤ ᠬᠢᠯᠢ | ᠤᠷᠤᠨ ᠢᠶᠠᠨ ᠰᠠᠬᠢᠨ ᠬᠠᠮᠠᠭᠠᠯᠠᠵᠤ ᠠᠯᠤᠰ ᠢ ᠪᠠᠷᠠᠯᠠᠨ ᠬᠠᠷᠢᠯᠴᠠᠨ ᠬᠠᠪᠰᠤᠷᠤᠯᠴᠠᠵᠤ᠂ ᠡᠬᠡ ᠤᠯᠤᠰ ᠤᠨ | ᠤᠮᠠᠷᠠᠲᠦ ᠶᠢᠨ ᠦᠵᠡᠮᠵᠢ ᠶᠢᠨ ᠤᠷᠤᠨ ᠢᠶᠠᠨ ᠨᠡᠩ ᠦᠵᠡᠰᠬᠦᠯᠡᠩᠳᠤ ᠰᠠᠶᠢᠬᠠᠨ ᠪᠤᠯᠭᠠᠨ ᠪᠦᠳᠦᠬᠡᠡ ᠪᠠᠶᠢᠭᠤᠯᠬᠤ | ᠨᠠᠨᠳᠢᠨ ᠬᠦᠰᠡᠯ ᠲᠤᠷᠠᠳᠴᠤ᠂ ᠤᠳᠤᠬᠠᠨ ᠪᠠ ᠬᠤᠶᠢᠰᠢᠲᠠ ᠶᠢᠨ ᠨᠢᠭᠡ ᠬᠤᠭᠤᠴᠠᠭᠠᠨ ᠤ ᠥᠪᠤᠷ ᠮᠤᠩᠭᠤᠯ ᠤᠨ | ᠬᠦᠭᠵᠢᠯᠲᠡ ᠳᠤ ᠤᠷᠤᠭᠰᠢᠯᠠᠬᠤ ᠴᠢᠭᠯᠡᠯ ᠢ ᠵᠢᠭᠠᠵᠦ ᠦᠭᠭᠦᠭᠰᠡᠨ ᠪᠢᠯᠡ᠃ ︽13· 5︾ ᠶᠢᠨ | ᠲᠦᠯᠤᠪᠵᠢᠬᠦᠯᠬᠡ ᠶᠢᠨ ᠲᠤᠬᠠᠢ ᠰᠠᠨᠠᠭᠤᠯᠭ᠎ᠠ ᠶᠢ ᠲᠤᠭᠲᠠᠭᠠᠬᠤ ᠳᠤ ᠡᠷᠬᠡᠪᠰᠢ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠪᠤᠯᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ᠂ | ᠲᠦᠷᠪᠡᠳᠦᠭᠡᠷ ᠪᠦᠬᠦᠳᠡ ᠬᠤᠷᠠᠯ᠂ ᠲᠠᠪᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠵᠦ᠂ ᠶᠡᠷᠦᠩᠬᠡᠢ ᠱᠦᠵᠢ ᠰᠢ ᠶᠢᠨ ᠫᠢᠩ ᠤᠨ ᠠᠯᠢ ᠤᠯᠠᠨ ᠴᠢᠬᠤᠯᠠ ᠶᠠᠷᠢᠶ᠎ᠠ ᠪᠤᠯᠤᠨ ᠥᠪᠤᠷ | ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠵᠦ᠂ ᠨᠠᠮ ᠤᠨ ᠲᠦᠪ ᠬᠤᠷᠢᠶᠠᠨ ᠤ ᠡᠯ᠎ᠡ ᠵᠦᠢᠯ ᠤᠨ ᠰᠢᠢᠳᠪᠤᠷᠢᠲᠦ ᠪᠤᠳᠤᠯᠭ᠎ᠠ ᠶᠢᠨ | ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠵᠦ᠂ ᠡᠷᠡᠰ ᠪᠠᠲᠦ ᠤᠬᠠᠮᠰᠠᠷ ᠲᠠᠢ ᠪᠠᠷ ᠥᠵᠡᠯ ᠰᠠᠨᠠᠭᠠᠨ ᠤ | ᠲᠠᠯ᠎ᠠ ᠪᠠᠷ᠂ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠦᠬᠦᠷ ᠢᠶᠠᠷ ᠶᠡᠷᠦᠩᠬᠡᠢ ᠱᠦᠵᠢ ᠪᠤᠯᠭᠠᠭᠰᠠᠨ | ᠨᠠᠮ ᠤᠨ ᠲᠦᠪ ᠬᠤᠷᠢᠶ᠎ᠠ ᠲᠠᠢ ᠲᠡᠭᠡᠳᠦ ᠬᠡᠮᠵᠢᠶ᠎ᠡ ᠪᠠᠷ ᠨᠢᠭᠡᠳᠦᠯᠲᠠᠢ ᠪᠠᠶᠢᠬᠤ ᠬᠡᠷᠡᠭᠲᠠᠢ᠃ | ᠬᠤᠶᠠᠳᠤᠭᠠᠷ ᠲᠤ᠂ ᠤᠷᠤᠨ ᠤ ᠪᠠᠶᠢᠳᠠᠯ ᠪᠤᠯᠤᠨ ᠤᠨᠴᠠᠯᠢᠬ ᠢ ᠤᠨᠤᠪᠴᠢᠳᠠᠢ ᠡᠵᠡᠮᠰᠢᠵᠦ᠂ ᠪᠤᠳᠠᠳᠤ | ᠪᠠᠶᠢᠳᠠᠯ ᠲᠠᠢ ᠤᠶᠠᠯᠳᠤᠭᠤᠯᠤᠨ ᠪᠦᠳᠦᠬᠡᠯᠴᠢ ᠴᠢᠨᠠᠷᠳᠠᠢ ᠪᠠᠷ ᠰᠢᠰᠲ᠋ᠧᠮ ᠲᠠᠢ ᠲᠦᠰᠦᠪᠵᠢᠬᠦᠯᠬᠦ ᠭᠡᠷᠡᠭᠳᠡᠢ᠃ ᠰᠢᠨ᠎ᠠ | ᠬᠡᠪ ᠤᠨ ᠪᠠᠶᠢᠳᠠᠯ ᠳᠤᠤᠷ᠎ᠠ᠂ ᠮᠠᠨ ᠤ ᠤᠷᠤᠨ ᠤ ᠬᠦᠭᠵᠢᠯᠳᠡ ᠶᠢᠨ ᠨᠦᠬᠦᠴᠡᠯ᠂ ᠭᠠᠳᠠᠭᠠᠳᠤ ᠤᠷᠴᠢᠨ ᠳᠤᠭᠤᠷᠢᠨ᠂ | ᠬᠠᠷᠢᠴᠠᠭᠤᠯᠤᠬᠰᠠᠠ ᠳᠠᠪᠠᠭᠤᠯᠢᠬ ᠴᠦᠮ ᠬᠦᠨᠵᠡᠬᠡᠢ ᠬᠤᠪᠢᠷᠠᠯᠳᠠ ᠭᠠᠷᠴᠤ᠂ ᠠᠵᠤ ᠠᠬᠤᠢ ᠶᠢᠨ ᠬᠦᠭᠵᠢᠯᠳᠡ ᠳᠤ | ᠦᠩᠬᠡᠷᠡᠭᠰᠡᠨ ᠤ ᠬᠢ ᠲᠠᠢ ᠠᠳᠠᠯᠢ ᠦᠬᠡᠢ ᠮᠠᠰᠢ ᠤᠯᠠᠨ ᠰᠢᠨ᠎ᠠ ᠪᠠᠶᠢᠳᠠᠯ ᠰᠢᠨ᠎ᠠ ᠤᠨᠴᠠᠯᠢᠬ ᠢᠯᠡᠷᠡᠭᠰᠡᠨ ᠪᠠᠶᠢᠨ᠎ᠠ᠃ | ︽13· 5︾ ᠶᠢᠨ ᠲᠦᠯᠤᠪᠵᠢᠬᠦᠯᠬᠡ ᠶᠢᠨ ᠰᠠᠨᠠᠭᠤᠯᠭ᠎ᠠ ᠶᠢ ᠳᠤᠬᠳᠠᠭᠠᠬᠤ ᠳᠤ᠂ ︽ᠳᠦᠷᠪᠡᠨ ᠪᠦᠬᠦ ᠳᠠᠯ᠎ᠠ︾ | ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠪᠤᠯᠤᠨ ︽ᠳᠠᠪᠤ ᠶᠢ ᠨᠢᠬᠡ ᠴᠤᠬᠴᠠᠵᠢᠭᠤᠯᠬᠤ︾ ᠶᠡᠷᠦᠩᠬᠡᠢ | ᠳᠤᠬᠢᠷᠠᠭᠤᠯᠤᠯᠳᠠ ᠶᠢᠨ ᠪᠦᠬᠦ ᠲᠠᠯ᠎ᠠ ᠪᠠᠷ ᠪᠠᠶᠢᠷᠢᠯᠠᠭᠤᠯᠤᠯᠳᠠ ᠬᠢᠬᠦ ᠪᠤᠳᠤᠯᠬᠢᠯᠠᠬᠤ ᠮᠦᠷᠳᠡᠬᠡᠡ ᠪᠠᠰᠠ ᠤᠷᠤᠨ ᠤ | ᠪᠠᠶᠢᠳᠠᠯ ᠤᠨ ᠪᠤᠳᠠᠳᠦ ᠪᠠᠶᠢᠳᠠᠯ ᠠᠴᠠ ᠡᠬᠦᠰᠴᠤ᠂ ᠪᠠᠭᠤᠷᠠᠢ ᠭᠤᠬᠴᠤᠭ᠎ᠠ ᠪᠤᠯᠤᠨ ᠬᠤᠴᠤᠷᠤᠩᠭᠤᠢ ᠬᠦᠷᠢᠶᠡᠨ ᠳᠤ | ᠳᠦᠪᠯᠡᠷᠡᠩᠬᠦᠢ ᠰᠢᠪᠳᠤᠯᠤᠯᠳᠠ ᠬᠢᠵᠤ᠂ ︽13· 5︾ ᠶᠢᠨ ᠲᠦᠯᠤᠪᠵᠢᠬᠦᠯᠬᠡ ᠶᠢᠨ ᠬᠤᠭᠤᠴᠠᠭᠠᠨ ᠤ ᠮᠠᠨ ᠤ | ᠤᠷᠤᠨ ᠤ ᠬᠦᠭᠵᠢᠯᠳᠡ ᠶᠢᠨ ᠵᠢᠯᠤᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ᠂ ᠬᠠᠷᠠᠯᠳᠠ ᠱᠠᠭᠠᠷᠳᠠᠯᠭ᠎ᠠ | ᠪᠤᠯᠤᠨ ᠴᠢᠬᠤᠯᠠ ᠶᠡᠭᠡ ᠡᠬᠦᠷᠬᠡ ᠶᠢ ᠳᠦᠪ ᠤᠨ ᠱᠠᠭᠠᠷᠳᠠᠯᠭ᠎ᠠ ᠳᠤ ᠨᠡᠩ ᠰᠠᠶᠢᠨ ᠵᠤᠬᠢᠴᠠᠭᠤᠯᠵᠦ᠂ ᠤᠷᠤᠨ ᠤ | ᠪᠠᠶᠢᠳᠠᠯ ᠳᠤ ᠨᠡᠩ ᠰᠠᠶᠢᠨ ᠵᠤᠬᠢᠴᠠᠭᠤᠯᠵᠦ᠂ ᠠᠷᠠᠳ ᠬᠦᠰᠡᠯ ᠱᠠᠭᠠᠷᠳᠠᠯᠭ᠎ᠠ ᠳᠤ ᠨᠡᠩ ᠰᠠᠶᠢᠨ ᠨᠡᠶᠢᠴᠡᠬᠦᠯᠵᠦ᠂ ᠨᠡᠩ | ᠴᠢᠭᠯᠡᠬᠦᠯᠦᠯᠳᠦ ᠴᠢᠨᠠᠷ ᠪᠠ ᠡᠵᠡᠮᠳᠡᠬᠦ ᠴᠢᠨᠠᠷ ᠲᠠᠢ ᠪᠤᠯᠭᠠᠬᠤ ᠬᠡᠷᠡᠭᠳᠡᠢ᠃ | ᠭᠤᠷᠪᠠᠳᠤᠭᠠᠷ ᠲᠤ᠂ ᠬᠦᠭᠵᠢᠯᠳᠡ ᠶᠢᠨ ᠰᠡᠳᠬᠢᠴᠡ ᠶᠢ ᠳᠡᠬᠦᠯᠳᠡᠷᠵᠢᠬᠦᠯᠬᠦ ᠶᠢ ᠪᠠᠷᠢᠮᠳᠠᠯᠠᠵᠦ᠂ | ᠬᠦᠭᠵᠢᠯᠳᠡ ᠶᠢᠨ ᠦᠷᠬᠦᠯᠵᠢᠳᠦ ᠴᠢᠨᠡᠷ ᠪᠤᠯᠤᠨ ᠳᠤᠬᠳᠠᠭᠤᠨ ᠴᠢᠨᠠᠷ ᠢ ᠪᠠᠳᠤᠯᠠᠬᠤ ᠭᠡᠷᠡᠭᠳᠡᠢ᠃ ᠤᠢᠢᠷ᠎ᠠ ᠶᠢᠨ | ᠵᠢᠯ ᠠᠴᠠ ᠨᠠᠰᠢ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠡᠷᠦᠩᠬᠡᠢ ᠱᠦᠵᠢ ᠰᠢ ᠶᠢᠨ ᠫᠢᠩ ᠤᠨ | ᠰᠢᠷᠢᠰ ᠴᠢᠬᠤᠯᠠ ᠶᠠᠷᠢᠶ᠎ᠠ ᠪᠤᠯᠤᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ ᠬᠢᠭᠰᠡᠨ ᠴᠢᠬᠤᠯᠠ | ᠶᠠᠷᠢᠶᠠᠨ ᠤ ᠵᠤᠷᠢᠬ ᠰᠠᠨᠠᠭ᠎ᠠ ᠶᠢ ᠬᠦᠨᠵᠡᠬᠡᠢ ᠳᠤᠤᠱᠯᠠᠭᠤᠯᠵᠦ᠂ ᠳᠦᠪ ᠤᠨ ᠰᠢᠢᠳᠪᠤᠷᠢᠳᠦ ᠪᠤᠳᠤᠯᠭ᠎ᠠ ᠶᠢᠨ | ᠪᠠᠶᠢᠷᠢᠯᠠᠭᠤᠯᠤᠯᠳᠠ ᠶᠢ ᠬᠦᠨᠵᠡᠬᠡᠢ ᠳᠤᠤᠱᠯᠠᠭᠤᠯᠵᠦ᠂ ᠮᠠᠨ ᠤ ᠤᠷᠤᠨ ᠤ ᠪᠤᠳᠠᠳᠤ ᠪᠠᠶᠢᠳᠠᠯ ᠠᠴᠠ ᠡᠬᠦᠰᠦᠭᠰᠡᠨ | ᠳᠠᠨᠢᠯᠳᠠ ᠪᠤᠯᠤᠨ ᠡᠵᠡᠮᠳᠠᠯ ᠢ ᠳᠠᠰᠤᠷᠠᠯᠳᠠ ᠦᠬᠡᠢ ᠬᠦᠨᠵᠡᠬᠡᠶᠢᠷᠡᠬᠦᠯᠵᠦ᠂ ᠴᠠᠬ ᠦᠶ᠎ᠠ ᠲᠠᠢ ᠵᠡᠷᠬᠡᠪᠡᠷ | ᠬᠦᠭᠵᠢᠯᠳᠡ ᠶᠢᠨ ᠰᠡᠳᠬᠢᠴᠡ ᠪᠠᠨ ᠪᠠᠶᠠᠯᠢᠬᠵᠢᠭᠤᠯᠤᠨ ᠳᠡᠬᠦᠯᠳᠡᠷᠵᠢᠬᠦᠯᠵᠦ᠂ ᠠᠯᠢ ᠠᠷᠪᠢᠨ ᠴᠢᠬᠤᠯᠠ ᠶᠡᠭᠡ | ᠰᠢᠢᠳᠪᠤᠷᠢᠳᠦ ᠪᠤᠳᠤᠯᠭ᠎ᠠ᠂ ᠴᠢᠬᠤᠯᠠ ᠶᠡᠭᠡ ᠪᠠᠶᠢᠷᠢᠯᠠᠭᠤᠯᠤᠯᠳᠠ᠂ ᠴᠢᠬᠤᠯᠠ ᠶᠡᠭᠡ ᠠᠷᠭ᠎ᠠ ᠭᠡᠮᠵᠢᠶ᠎ᠡ ᠲᠤᠬᠳᠠᠭᠠᠪᠠ᠃ | ᠡᠳᠡᠬᠡᠷ ᠰᠢᠢᠳᠪᠤᠷᠢᠳᠦ ᠪᠤᠳᠤᠯᠭ᠎ᠠ᠂ ᠪᠠᠶᠢᠷᠢᠯᠠᠭᠤᠯᠤᠯᠳᠠ ᠪᠤᠯᠤᠨ ᠠᠷᠭ᠎ᠠ ᠭᠡᠮᠵᠢᠶ᠎ᠡ ᠨᠢ ᠨᠠᠮ ᠤᠨ ᠳᠦᠪ ᠬᠤᠷᠢᠶᠠᠨ ᠤ | ᠱᠠᠭᠠᠷᠳᠠᠯᠭ᠎ᠠ ᠲᠠᠢ ᠳᠡᠬᠡᠳᠦ ᠬᠡᠮᠵᠢᠶ᠎ᠠ ᠪᠠᠷ ᠨᠢᠬᠡᠳᠴᠤ᠂ ᠦᠪᠡᠷᠳᠡᠬᠡᠨ ᠵᠠᠰᠠᠬᠤ ᠤᠷᠤᠨ ᠤ ᠪᠤᠳᠠᠳᠦ ᠪᠠᠶᠢᠳᠠᠯ ᠲᠠᠢ | ᠳᠡᠬᠡᠳᠦ ᠬᠡᠮᠵᠢᠶ᠎ᠠ ᠪᠠᠷ ᠨᠢᠬᠡᠳᠦᠬᠡᠳ᠂ ᠨᠢᠬᠡᠨᠳᠡ ᠮᠠᠨ ᠤ ᠤᠷᠤᠨ ᠤ ᠳᠡᠬᠡᠷ᠎ᠠ ᠳᠤᠤᠷ᠎ᠠ ᠱᠠᠳᠤᠨ ᠤ ᠦᠷᠬᠡᠡ ᠳᠡᠯᠬᠡᠷ | ᠳᠠᠨᠢᠯᠳᠠ ᠪᠤᠯᠤᠨ ᠨᠢᠬᠡᠳᠦᠯᠳᠡᠢ ᠠᠵᠢᠯᠯᠠᠭ᠎ᠠ ᠪᠤᠯᠤᠬᠰᠠᠨ ᠢ ᠦᠢᠯᠡᠳᠦᠯᠬᠡ ᠬᠡᠷᠡᠴᠢᠯᠡᠭᠰᠡᠡ ᠪᠠᠶᠢᠨ᠎ᠠ᠃ ︽13· 5︾ | ᠶᠢᠨ ᠲᠦᠯᠤᠪᠵᠢᠬᠦᠯᠬᠡ ᠶᠢᠨ ᠰᠠᠨᠠᠭᠤᠯᠭ᠎ᠠ ᠶᠢ ᠳᠤᠬᠳᠠᠭᠠᠬᠤ ᠳᠠᠭᠠᠨ ᠡᠷᠬᠡᠪᠰᠢ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠰᠢᠬᠢ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ` ᠶᠢᠨ ᠤᠨᠤᠯ ᠤᠨ ᠰᠢᠨ᠎ᠠ ᠡᠬᠦᠳᠦᠯᠳᠡ | ᠪᠡ ᠦᠢᠯᠡᠳᠦᠯᠬᠡ ᠶᠢᠨ ᠰᠢᠨ᠎ᠠ ᠡᠬᠦᠳᠦᠯᠳᠡ ᠶᠢᠨ ᠦᠷ᠎ᠠ ᠪᠦᠳᠦᠬᠡᠯ ᠢ ᠪᠦᠷᠢᠨ ᠬᠦᠢᠴᠡᠳ ᠢᠯᠡᠷᠡᠬᠦᠯᠵᠦ᠂ | ᠦᠢᠯᠡᠳᠦᠯᠬᠡ ᠶᠢᠨ ᠳᠤᠮᠳᠠ ᠬᠠᠶᠢᠨ ᠰᠦᠪᠡᠭᠴᠢᠯᠡᠵᠤ ᠪᠤᠢ ᠪᠤᠯᠤᠬᠰᠠᠠ ᠬᠦᠭᠵᠢᠯᠳᠡ ᠶᠢᠨ ᠰᠡᠳᠬᠢᠮᠵᠢ ᠶᠢ | ᠳᠡᠬᠦᠯᠳᠡᠷᠵᠢᠬᠦᠯᠬᠦ ᠶᠢ ᠪᠠᠷᠢᠮᠳᠠᠯᠠᠵᠦ᠂ ᠦᠪᠦᠷ ᠮᠤᠩᠭᠤᠯ ᠤᠨ ᠬᠦᠭᠵᠢᠯᠳᠡ ᠶᠢ ᠨᠡᠩ ᠰᠠᠶᠢᠨ ᠢᠶᠠᠷ ᠵᠢᠯᠤᠭᠤᠳᠤᠨ | ᠠᠬᠢᠭᠤᠯᠬᠤ ᠬᠡᠷᠡᠭᠳᠡᠢ᠃ | ᠰᠠᠨᠠᠭᠤᠯᠭ᠎ᠠ ᠪᠠᠳᠤᠯᠠᠬᠳᠠᠬᠰᠠᠨ ᠤ ᠳᠠᠷᠠᠭ᠎ᠠ᠂ ᠪᠠᠰᠠ ᠰᠠᠨᠠᠭᠤᠯᠭ᠎ᠠ ᠶᠢ ᠦᠨᠳᠦᠰᠦᠯᠡᠨ ︽13· 5︾ ᠶᠢᠨ | ᠲᠦᠯᠤᠪᠵᠢᠬᠦᠯᠬᠡ ᠶᠢᠨ ᠬᠦᠳᠦᠯᠪᠤᠷᠢ ᠶᠢ ᠳᠤᠬᠳᠠᠭᠠᠬᠤ ᠤᠴᠢᠷ ᠠᠴᠠ᠂ ᠬᠤᠶᠠᠷ ᠪᠢᠴᠢᠭ ᠮᠠᠲ᠋ᠧᠷᠢᠶᠠᠯ ᠨᠢ ᠡᠷᠬᠡᠪᠰᠢ | ᠵᠦᠢ ᠵᠤᠬᠢᠰᠳᠠᠢ ᠠᠵᠢᠯ ᠤᠨ ᠬᠤᠪᠢᠶᠠᠷᠢᠯᠠᠯ ᠲᠠᠢ ᠪᠠᠶᠢᠬᠤ ᠬᠡᠷᠡᠭᠳᠡᠢ᠃ ᠢᠢᠮᠦ ᠠᠴᠠ ᠰᠠᠨᠠᠭᠤᠯᠭ᠎ᠠ ᠨᠢ ᠠᠭᠤᠯᠭ᠎ᠠ ᠶᠢᠨ | ᠳᠠᠯ᠎ᠠ ᠪᠠᠷ ︽ᠳᠠᠪᠤᠨ ᠶᠡᠭᠡ ᠬᠦᠭᠵᠢᠯᠳᠡ ᠶᠢᠨ ᠣᠨᠣᠯᠵᠢᠬᠤᠨ︾ ᠢ ᠳᠤᠤᠱᠯᠠᠭᠤᠯᠬᠤ ᠪᠠᠷ ᠭᠤᠤᠯᠳᠠᠯᠭ᠎ᠠ ᠪᠤᠯᠭᠠᠵᠦ᠂ | ᠮᠠᠨ ᠤ ᠤᠷᠤᠨ ᠤ ︽13· 5︾ ᠶᠢᠨ ᠲᠦᠯᠤᠪᠵᠢᠬᠦᠯᠬᠡ ᠶᠢᠨ ᠬᠦᠭᠵᠢᠯᠳᠡ ᠶᠢᠨ ᠴᠢᠭᠯᠡᠯ᠂ ᠰᠡᠳᠬᠢᠮᠵᠢ᠂ | ᠴᠢᠬᠤᠯᠠ ᠡᠬᠦᠷᠬᠡ᠂ ᠴᠢᠬᠤᠯᠠ ᠶᠡᠭᠡ ᠠᠷᠭ᠎ᠠ ᠭᠡᠮᠵᠢᠶ᠎ᠡ ᠶᠢ ᠳᠤᠳᠤᠷᠬᠠᠢᠢᠯᠠᠵᠦ᠂ ᠵᠠᠷᠢᠮ ᠪᠤᠳᠠᠳᠠᠢ ᠠᠵᠢᠯ ᠤᠨ | ᠪᠠᠶᠢᠷᠢᠯᠠᠭᠤᠯᠤᠯᠳᠠ ᠶᠢ ᠬᠦᠳᠦᠯᠪᠤᠷᠢ ᠳᠤ ᠳᠤᠬᠳᠠᠭᠠᠯᠭᠠᠬᠤ ᠪᠠᠷ ᠦᠯᠡᠳᠡᠬᠡᠵᠤ᠂ ᠰᠠᠨᠠᠭᠤᠯᠭ᠎ᠠ ᠶᠢᠨ ᠬᠤᠷᠸ᠎ᠠ ᠴᠢᠨᠠᠷ᠂ | ᠪᠠᠶᠢᠯᠳᠤᠬᠤ ᠪᠤᠳᠤᠯᠭ᠎ᠠ ᠶᠢᠨ ᠴᠢᠨᠠᠷ᠂ ᠵᠢᠯᠤᠭᠤᠳᠬᠤ ᠴᠢᠨᠠᠷ ᠢ ᠨᠡᠩ ᠰᠠᠶᠢᠨ ᠢᠶᠠᠷ ᠢᠯᠡᠷᠡᠬᠦᠯᠤᠨ ᠪᠠᠳᠠᠷᠠᠭᠤᠯᠬᠤ ᠶᠢ | ᠪᠤᠳᠤᠯᠬᠢᠯᠠᠪᠠ᠃ | ᠪᠦᠳᠦᠴᠡ ᠶᠢᠨ ᠳᠠᠯ᠎ᠠ ᠪᠠᠷ᠂ ᠰᠠᠨᠠᠭᠤᠯᠭ᠎ᠠ ᠶᠢᠨ ᠡᠬᠡ ᠨᠤᠤᠷᠠᠬ ᠨᠢ ᠭᠤᠷᠪᠠᠨ ᠶᠡᠭᠡ ᠪᠦᠯᠦᠭ᠂ ᠠᠷᠪᠠᠨ | ᠬᠡᠰᠡᠭ ᠢᠶᠠᠷ ᠪᠦᠷᠢᠯᠳᠦᠪᠠ᠃ ᠤᠳᠤᠷᠢᠳᠬᠠᠯ ᠪᠤᠯᠤᠨ ᠨᠢᠬᠡᠳᠦᠬᠡᠷ ᠬᠡᠰᠡᠭ᠂ ᠬᠤᠶᠠᠳᠤᠭᠠᠷ ᠬᠡᠰᠡᠭ ᠨᠢ ᠨᠢᠬᠡᠳᠦᠬᠡᠷ | ᠪᠦᠯᠦᠭ ᠪᠤᠯᠵᠦ ᠪᠦᠷᠢᠯᠳᠦᠬᠡᠳ᠂ ᠨᠢᠬᠡᠳᠦᠬᠡᠷ ᠬᠡᠰᠡᠭ ᠲᠤ ᠴᠢᠨᠡᠬᠡᠯᠢᠭ ᠨᠡᠶᠢᠭᠡᠮ ᠢ ᠪᠦᠬᠦ ᠳᠠᠯ᠎ᠠ ᠪᠠᠷ ᠪᠡᠶᠡᠯᠡᠬᠦᠯᠬᠦ | ᠰᠢᠢᠳᠪᠤᠷᠢᠳᠦ ᠱᠠᠳᠤᠨ ᠤ ᠪᠠᠶᠢᠳᠠᠯ ᠪᠤᠯᠤᠨ ᠵᠢᠯᠤᠭᠤᠳᠬᠤ ᠦᠵᠡᠯ ᠰᠠᠨᠠᠭ᠎ᠠ ᠶᠢ ᠦᠬᠦᠯᠡᠵᠦ᠂ ︽12· 5︾ ᠶᠢᠨ | ᠲᠦᠯᠤᠪᠵᠢᠬᠦᠯᠬᠡ ᠶᠢᠨ ᠬᠤᠭᠤᠴᠠᠭᠠᠨ ᠤ ᠬᠦᠭᠵᠢᠯᠳᠡ ᠶᠢᠨ ᠦᠷ᠎ᠡ ᠪᠦᠳᠦᠮᠵᠢ ᠶᠢ ᠳ᠋ᠦᠩᠨᠡᠵᠦ᠂ ︽13· 5︾ | ᠶᠢᠨ ᠲᠦᠯᠤᠪᠵᠢᠬᠦᠯᠬᠡ ᠶᠢᠨ ᠬᠤᠭᠤᠴᠠᠭᠠᠨ ᠤ ᠬᠦᠭᠵᠢᠯᠳᠡ ᠶᠢᠨ ᠤᠷᠴᠢᠨ ᠳᠤᠭᠤᠷᠢᠨ ᠤ ᠦᠨᠳᠦᠰᠦᠨ ᠤᠨᠴᠠᠯᠢᠬ ᠢ | ᠵᠠᠳᠠᠯᠵᠦ᠂ ︽13· 5︾ ᠶᠢᠨ ᠲᠦᠯᠤᠪᠵᠢᠬᠦᠯᠬᠡ ᠶᠢᠨ ᠬᠤᠭᠤᠴᠠᠭᠠᠨ ᠤ ᠬᠦᠭᠵᠢᠯᠳᠡ ᠶᠢᠨ ᠵᠢᠯᠤᠭᠤᠳᠬᠤ | ᠦᠵᠡᠯ ᠰᠠᠨᠠᠭ᠎ᠠ ᠪᠤᠯᠤᠨ ᠵᠠᠪᠠᠯ ᠵᠢᠷᠤᠮᠯᠠᠬᠤ ᠵᠠᠷᠴᠢᠮ ᠢ ᠳᠤᠷᠠᠳᠤᠨ ᠭᠠᠷᠭᠠᠵᠠᠢ᠃ ᠬᠤᠶᠠᠳᠤᠭᠠᠷ ᠬᠡᠰᠡᠭ ᠲᠤ ︽ | 13· 5︾ ᠶᠢᠨ ᠲᠦᠯᠤᠪᠵᠢᠬᠦᠯᠬᠡ ᠶᠢᠨ ᠬᠤᠭᠤᠴᠠᠭᠠᠨ ᠤ ᠠᠵᠦ ᠠᠬᠤᠢ ᠨᠡᠶᠢᠭᠡᠮ ᠤᠨ ᠬᠦᠭᠵᠢᠯᠳᠡ ᠶᠢᠨ ᠭᠤᠤᠯ | ᠬᠠᠷᠠᠯᠳᠠ ᠪᠤᠯᠤᠨ ᠦᠨᠳᠦᠰᠦᠨ ᠤᠢᠢᠯᠠᠭᠠᠬᠳᠠᠬᠤᠨ ᠢ ᠦᠬᠦᠯᠡᠵᠦ᠂ ᠴᠢᠨᠡᠬᠡᠯᠢᠭ ᠨᠡᠶᠢᠭᠡᠮ ᠢ ᠪᠦᠬᠦ ᠳᠠᠯ᠎ᠠ ᠪᠠᠷ | ᠪᠡᠶᠡᠯᠡᠬᠦᠯᠬᠦ ᠰᠢᠨ᠎ᠠ ᠬᠠᠷᠠᠯᠳᠠ ᠱᠠᠭᠠᠷᠳᠠᠯᠭ᠎ᠠ ᠶᠢ ᠳᠤᠷᠠᠳᠤᠨ ᠭᠠᠷᠭᠠᠵᠦ᠂ ᠰᠢᠨ᠎ᠠ ᠶᠢ ᠡᠬᠦᠳᠬᠦ᠂ ᠵᠤᠬᠢᠴᠠᠩᠭᠤᠢ᠂ | ᠪᠤᠬᠢᠷᠳᠤᠯ ᠦᠬᠡᠢ᠂ ᠨᠡᠬᠡᠬᠡᠯᠳᠡᠳᠦ᠂ ᠬᠠᠮᠲᠤ ᠪᠠᠷ ᠡᠳ᠋ᠯᠡᠬᠦ ᠬᠦᠭᠵᠢᠯᠳᠡ ᠶᠢᠨ ᠣᠨᠣᠯᠵᠢᠬᠤᠨ ᠢ ᠪᠠᠳᠤ ᠪᠤᠢ ᠪᠤᠯᠭᠠᠵᠦ᠂ | ᠦᠨᠡᠨᠬᠦ ᠳᠤᠤᠱᠯᠠᠭᠤᠯᠬᠤ ᠶᠢ ᠴᠢᠬᠤᠯᠠᠴᠢᠯᠠᠪᠠ᠃ | ᠭᠤᠷᠪᠠᠳᠤᠭᠠᠷ ᠠᠴᠠ ᠶᠢᠰᠦᠳᠦᠬᠡᠷ ᠬᠡᠰᠡᠭ ᠲᠤ ᠠᠵᠦ ᠠᠬᠤᠢ ᠶᠢᠨ ᠦᠷᠬᠦᠯᠵᠢᠯᠡᠭᠰᠡᠨ ᠡᠷᠡᠬᠦᠯ ᠬᠦᠭᠵᠢᠯᠳᠡ ᠶᠢ | ᠠᠬᠢᠭᠤᠯᠬᠤ᠂ ᠭᠠᠵᠠᠷ ᠤᠷᠤᠨ ᠤ ᠶᠡᠷᠦᠩᠬᠡᠶᠢᠯᠡᠭᠰᠡᠨ ᠠᠵᠤ ᠠᠬᠤᠢ ᠶᠢᠨ ᠪᠤᠳᠠᠳᠤ ᠬᠦᠴᠦᠨ ᠢ ᠪᠤᠵᠠᠭᠠᠢᠢᠷᠠᠭᠤᠯᠬᠤ᠂ | ᠦᠷ᠎ᠠ ᠪᠦᠳᠦᠮᠵᠢᠳᠠᠢ ᠬᠡᠷᠡᠭᠴᠡᠭᠡ ᠱᠠᠭᠠᠷᠳᠠᠯᠭ᠎ᠠ ᠶᠢ ᠪᠤᠢ ᠪᠤᠯᠭᠠᠬᠤ᠂ ᠰᠠᠭᠤᠷᠢ ᠳᠦᠬᠦᠬᠡᠷᠦᠮᠵᠢ ᠶᠢᠨ ᠪᠦᠳᠦᠬᠡᠨ | ᠪᠠᠶᠢᠭᠤᠯᠤᠯᠳᠠ ᠶᠢ ᠴᠢᠩᠭᠠᠳᠬᠠᠬᠤ᠂ ᠮᠠᠯ ᠠᠵᠤ ᠠᠬᠤᠢ ᠳᠠᠷᠢᠶᠠᠯᠠᠩ ᠤᠨ ᠤᠳᠤᠬᠢᠴᠢᠯᠠᠯᠳᠠ ᠶᠢ ᠠᠬᠢᠭᠤᠯᠬᠤ᠂ ᠠᠵᠦ | ᠦᠢᠯᠡᠳᠪᠤᠷᠢ ᠶᠢᠨ ᠬᠦᠭᠵᠢᠯᠳᠡ ᠶᠢᠨ ᠠᠷᠭ᠎ᠠ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠬᠦᠯᠬᠦ ᠶᠢ ᠠᠬᠢᠭᠤᠯᠬᠤ᠂ | ᠤᠳᠤ ᠦᠶ᠎ᠠ ᠶᠢᠨ ᠦᠢᠯᠡᠴᠢᠯᠡᠬᠡᠨ ᠤ ᠦᠢᠯᠡᠰ ᠢ ᠬᠦᠭᠵᠢᠬᠦᠯᠬᠦ᠂ ᠵᠠᠬ᠎ᠠ ᠳᠡᠯᠬᠡᠬᠦᠷ ᠤᠨ ᠭᠤᠤᠯ ᠴᠤᠬᠴᠠ ᠶᠢ | ᠪᠤᠶᠢᠵᠢᠭᠤᠯᠤᠨ ᠪᠤᠵᠠᠭᠠᠢᠢᠷᠠᠭᠤᠯᠬᠤ᠂ ᠠᠵᠦ ᠠᠬᠤᠢ ᠶᠢᠨ ᠡᠷᠬᠢᠯᠳᠡ ᠶᠢ ᠡᠵᠡᠮᠳᠡᠬᠦ ᠪᠡ ᠵᠠᠰᠠᠯᠳᠠ ᠶᠢ ᠴᠢᠩᠭᠠᠳᠬᠠᠬᠤ | ᠵᠡᠷᠬᠡ 7 ᠳᠠᠯ᠎ᠠ ᠪᠠᠷ ᠲᠡᠯᠬᠡᠷᠡᠩᠬᠦᠢ ᠦᠬᠦᠯᠡᠵᠡᠢ᠃ ᠳᠦᠷᠪᠡᠳᠦᠬᠡᠷ ᠬᠡᠰᠡᠭ ᠲᠤ ᠰᠢᠨ᠎ᠠ ᠶᠢ ᠡᠬᠦᠳᠬᠦ ᠬᠦᠭᠵᠢᠯᠳᠡ ᠶᠢ | ᠪᠠᠷᠢᠮᠳᠠᠯᠠᠬᠤ᠂ ᠬᠦᠭᠵᠢᠯᠳᠡ ᠶᠢᠨ ᠶᠠᠰᠤ ᠴᠢᠨᠠᠷ ᠪᠤᠯᠤᠨ ᠦᠷ᠎ᠠ ᠠᠰᠢᠬ ᠢ ᠳᠡᠬᠡᠭᠰᠢᠯᠡᠬᠦᠯᠬᠦ ᠶᠢ ᠰᠢᠨ᠎ᠠ ᠶᠢ | ᠡᠬᠦᠳᠬᠦ ᠪᠠᠷ ᠬᠦᠭᠵᠢᠯᠳᠡ ᠶᠢ ᠠᠬᠢᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ᠂ ᠤᠷᠤᠨ ᠪᠦᠰᠡ ᠶᠢᠨ | ᠰᠢᠨ᠎ᠠ ᠶᠢ ᠡᠬᠦᠳᠬᠦ ᠴᠢᠳᠠᠪᠤᠷᠢ ᠶᠢ ᠴᠢᠩᠭᠠᠳᠬᠠᠬᠤ᠂ ᠬᠦᠭᠵᠢᠯᠳᠡ ᠶᠢᠨ ᠰᠢᠨ᠎ᠠ ᠤᠷᠤᠨ ᠵᠠᠢ ᠶᠢ ᠦᠷᠬᠡᠳᠬᠡᠬᠦ᠂ ᠠᠵᠦ | ᠦᠢᠯᠡᠰ ᠤᠨ ᠰᠢᠨ᠎ᠠ ᠰᠢᠰᠲ᠋ᠧᠮᠵᠢ ᠶᠢ ᠴᠤᠬᠴᠠᠯᠠᠨ ᠪᠠᠶᠢᠭᠤᠯᠬᠤ᠂ ᠮᠦᠩᠬᠦᠨ ᠬᠦᠢᠯᠬᠡᠬᠡᠨ ᠤ ᠰᠢᠨ᠎ᠠ ᠶᠢ ᠡᠬᠦᠳᠬᠦ ᠶᠢ | ᠠᠬᠢᠭᠤᠯᠬᠤ᠂ ᠢᠨᠲ᠋ᠧᠷ ᠰᠦᠯᠵᠢᠶᠠᠨ ᠤ ᠠᠵᠤ ᠠᠬᠤᠢ ᠶᠢ ᠬᠦᠭᠵᠢᠬᠦᠯᠬᠦ᠂ ᠬᠦᠭᠵᠢᠯᠳᠡ ᠶᠢᠨ ᠰᠢᠨ᠎ᠠ | ᠪᠠᠶᠢᠭᠤᠯᠤᠮᠵᠢ ᠶᠢ ᠴᠤᠬᠴᠠᠯᠠᠨ ᠪᠠᠶᠢᠭᠤᠯᠬᠤ ᠵᠡᠷᠬᠡ 7 ᠳᠠᠯ᠎ᠠ ᠪᠠᠷ ᠲᠡᠯᠬᠡᠷᠡᠩᠬᠦᠢ ᠦᠬᠦᠯᠡᠵᠡᠢ᠃ ᠳᠠᠪᠤᠳᠤᠭᠠᠷ | ᠬᠡᠰᠡᠭ ᠲᠤ ᠵᠤᠬᠢᠴᠠᠩᠭᠤᠢ ᠬᠦᠭᠵᠢᠯᠳᠡ ᠶᠢ ᠪᠠᠷᠢᠮᠳᠠᠯᠠᠬᠤ᠂ ᠬᠦᠭᠵᠢᠯᠳᠡ ᠶᠢᠨ ᠪᠦᠬᠦᠯᠢ ᠴᠤᠬᠴᠠᠳᠤ ᠴᠢᠨᠠᠷ ᠢ | ᠴᠢᠩᠭᠠᠳᠬᠠᠬᠤ ᠶᠢ ᠬᠤᠳᠠ ᠬᠦᠳᠡᠭᠡ ᠶᠢᠨ ᠵᠤᠬᠢᠴᠠᠩᠭᠤᠢ ᠬᠦᠭᠵᠢᠯᠳᠡ ᠶᠢ ᠠᠬᠢᠭᠤᠯᠬᠤ᠂ ᠤᠷᠤᠨ ᠳᠤᠭᠤᠷᠢᠬ ᠤᠨ | ᠵᠤᠬᠢᠴᠠᠩᠭᠤᠢ ᠬᠦᠭᠵᠢᠯᠳᠡ ᠶᠢ ᠠᠬᠢᠭᠤᠯᠬᠤ᠂ ᠪᠤᠳᠠᠰ ᠤᠨ ᠪᠤᠯᠪᠠᠰᠤᠨ ᠪᠤᠯᠤᠨ ᠤᠶᠤᠨ ᠤ ᠪᠤᠯᠪᠠᠰᠤᠨ ᠤ | ᠵᠤᠬᠢᠴᠠᠩᠭᠤᠢ ᠬᠦᠭᠵᠢᠯᠳᠡ ᠶᠢ ᠠᠬᠢᠭᠤᠯᠬᠤ᠂ ᠤᠯᠤᠰ ᠤᠨ ᠪᠠᠳᠤᠯᠠᠨ ᠬᠠᠮᠠᠭᠠᠯᠠᠯᠳᠠ ᠪᠤᠯᠤᠨ ᠴᠡᠷᠢᠭ ᠠᠩᠬᠢ ᠶᠢᠨ | ᠪᠦᠳᠦᠬᠡᠨ ᠪᠠᠶᠢᠭᠤᠯᠤᠯᠳᠠ ᠶᠢ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠰᠢᠰᠲ᠋ᠧᠮ ᠳᠤ ᠠᠭᠤᠰᠤᠯᠴᠠᠭᠤᠯᠬᠤ | ᠬᠦᠭᠵᠢᠯᠳᠡ ᠶᠢ ᠠᠬᠢᠭᠤᠯᠬᠤ ᠵᠡᠷᠬᠡ 4 ᠳᠠᠯ᠎ᠠ ᠪᠠᠷ ᠲᠡᠯᠬᠡᠷᠡᠩᠬᠦᠢ ᠦᠬᠦᠯᠡᠵᠡᠢ᠃ ᠵᠢᠷᠭᠤᠳᠤᠭᠠᠷ ᠬᠡᠰᠡᠭ ᠲᠤ | ᠪᠤᠬᠢᠷᠳᠤᠯ ᠦᠬᠡᠢ ᠬᠦᠭᠵᠢᠯᠳᠡ ᠶᠢ ᠪᠠᠷᠢᠮᠳᠠᠯᠠᠬᠤ᠂ ᠮᠠᠨ ᠤ ᠤᠯᠤᠰ ᠤᠨ ᠤᠮᠠᠷᠠᠳᠤ ᠶᠢᠨ ᠴᠢᠬᠤᠯᠠ ᠠᠮᠢ ᠠᠬᠤᠢ ᠶᠢᠨ | ᠠᠮᠤᠷ ᠳᠦᠪᠰᠢᠨ ᠤ ᠬᠠᠯᠬᠠᠪᠴᠢ ᠶᠢ ᠪᠦᠳᠦᠬᠡᠨ ᠪᠠᠶᠢᠭᠤᠯᠬᠤ ᠶᠢ ᠬᠦᠮᠦᠨ ᠬᠢᠬᠡᠳ ᠪᠠᠶᠢᠭᠠᠯᠢ ᠡᠶ᠎ᠡ ᠵᠤᠬᠢᠴᠠᠩᠭᠤᠢ | ᠬᠠᠮᠳᠤ ᠤᠷᠤᠰᠢᠬᠤ ᠶᠢ ᠠᠬᠢᠭᠤᠯᠬᠤ᠂ ᠭᠤᠤᠯ ᠴᠤᠬᠴᠠᠳᠤ ᠴᠢᠳᠠᠮᠵᠢ ᠶᠢᠨ ᠤᠷᠤᠨ ᠢ ᠳᠦᠷᠬᠡᠨ ᠪᠠᠶᠢᠭᠤᠯᠬᠤ᠂ | ᠪᠠᠶᠢᠭᠠᠯᠢ ᠶᠢᠨ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠳᠠ ᠪᠤᠯᠤᠨ ᠵᠠᠰᠠᠯᠳᠠ ᠶᠢ ᠴᠢᠩᠭᠠᠳᠬᠠᠬᠤ᠂ ᠤᠷᠴᠢᠨ | ᠳᠤᠭᠤᠷᠢᠨ ᠤ ᠶᠡᠷᠦᠩᠬᠡᠶᠢᠯᠡᠭᠰᠡᠨ ᠵᠠᠰᠠᠯᠳᠠ ᠶᠢ ᠴᠢᠩᠭᠠᠳᠬᠠᠬᠤ᠂ ᠨᠡᠬᠦᠷᠡᠰᠦᠳᠦ᠋ᠷᠦᠭᠴᠢ ᠪᠠᠭ᠎ᠠ ᠡᠷᠬᠢᠯᠳᠡᠳᠤ | ᠬᠦᠭᠵᠢᠯᠳᠡ ᠶᠢ ᠠᠬᠢᠭᠤᠯᠬᠤ᠂ ᠡᠬᠢ ᠪᠠᠶᠠᠯᠢᠬ ᠢ ᠪᠦᠬᠦ ᠳᠠᠯ᠎ᠠ ᠪᠠᠷ ᠠᠷᠪᠢᠯᠠᠵᠤ ᠦᠨᠳᠦᠷ ᠦᠷ᠎ᠠ ᠠᠰᠢᠬ ᠲᠠᠢ ᠪᠠᠷ | ᠠᠰᠢᠬᠯᠠᠬᠤ ᠵᠡᠷᠬᠡ 6 ᠳᠠᠯ᠎ᠠ ᠪᠠᠷ ᠲᠡᠯᠬᠡᠷᠡᠩᠬᠦᠢ ᠦᠬᠦᠯᠡᠵᠡᠢ᠃ ᠳᠤᠯᠤᠳᠤᠭᠠᠷ ᠬᠡᠰᠡᠭ ᠲᠤ ᠨᠡᠬᠡᠬᠡᠯᠳᠡᠳᠦ | ᠬᠦᠭᠵᠢᠯᠳᠡ ᠶᠢ ᠪᠠᠷᠢᠮᠳᠠᠯᠠᠬᠤ᠂ ᠨᠡᠬᠡᠬᠡᠯᠳᠡᠳᠦ ᠭᠡᠯᠪᠡᠷᠢ ᠶᠢᠨ ᠠᠵᠤ ᠠᠬᠤᠢ ᠶᠢᠨ ᠬᠢᠷᠢ ᠳᠦᠪᠰᠢᠨ ᠢ | ᠳᠡᠬᠡᠭᠰᠢᠯᠡᠬᠦᠯᠬᠦ ᠶᠢ ︽ᠨᠢᠬᠡ ᠪᠦᠰᠡ ᠨᠢᠬᠡ ᠵᠠᠮ︾ ᠤᠨ ᠪᠦᠳᠦᠬᠡᠨ ᠪᠠᠶᠢᠭᠤᠯᠤᠯᠳᠠ ᠶᠢᠨ ᠪᠠᠶᠢᠯᠳᠤᠬᠤ ᠪᠤᠳᠤᠯᠭ᠎ᠠ ᠳᠤ | ᠬᠦᠨᠵᠡᠬᠡᠢ ᠠᠭᠤᠰᠤᠯᠴᠠᠭᠤᠯᠬᠤ᠂ ᠤᠷᠤᠰ ᠪᠤᠯᠤᠨ ᠮᠤᠩᠭᠤᠯ ᠲᠠᠢ ᠨᠠᠬᠡᠬᠡᠯᠳᠡ ᠬᠢᠵᠤ ᠬᠠᠮᠳᠤᠷᠠᠯᠴᠠᠬᠤ | ᠳᠦᠪᠰᠢᠨ ᠢᠶᠠᠨ ᠳᠡᠬᠡᠭᠰᠢᠯᠡᠬᠦᠯᠬᠦ᠂ ᠤᠯᠤᠰ ᠤᠨ ᠳᠤᠳᠤᠭᠠᠳᠤ ᠶᠢᠨ ᠤᠷᠤᠨ ᠳᠤᠭᠤᠷᠢᠬ ᠤᠨ ᠬᠠᠮᠳᠤᠷᠠᠯᠴᠠᠭ᠎ᠠ ᠶᠢ | ᠬᠦᠨᠵᠡᠬᠡᠶᠢᠷᠡᠬᠦᠯᠬᠦ ᠵᠡᠷᠬᠡ 3 ᠳᠠᠯ᠎ᠠ ᠪᠠᠷ ᠲᠡᠯᠬᠡᠷᠡᠩᠬᠦᠢ ᠦᠬᠦᠯᠡᠵᠡᠢ᠃ | ᠨᠠᠢᠮᠠᠳᠤᠭᠠᠷ ᠬᠡᠰᠡᠭ ᠲᠤ ᠬᠠᠮᠳᠤ ᠪᠠᠷ ᠡᠳ᠋ᠯᠡᠬᠦ ᠬᠦᠭᠵᠢᠯᠳᠡ ᠶᠢ ᠪᠠᠷᠢᠮᠳᠠᠯᠠᠬᠤ᠂ ᠠᠷᠠᠳ ᠲᠦᠮᠡᠨ ᠤ ᠪᠤᠶᠠᠨ | ᠵᠢᠷᠭᠠᠯ ᠢ ᠨᠡᠮᠡᠭᠳᠡᠬᠦᠯᠬᠦ᠂ ᠤᠯᠠᠨ ᠨᠡᠶᠢᠳᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠬᠦᠯᠬᠦ᠂ ᠶᠠᠳᠠᠭᠤ ᠠᠴᠠ | ᠠᠩᠬᠢᠵᠢᠷᠠᠭᠤᠯᠵᠤ ᠪᠤᠭᠤᠮᠳᠠ ᠰᠢᠪᠳᠤᠯᠬᠤ ᠢᠨᠵᠧᠨᠧᠷᠢᠩ ᠢ ᠬᠡᠷᠡᠭᠵᠢᠬᠦᠯᠬᠦ᠂ ᠰᠤᠷᠭᠠᠨ ᠬᠦᠮᠥᠵᠢᠯ ᠤᠨ ᠶᠠᠰᠤ ᠴᠢᠨᠠᠷ | ᠢ ᠲᠡᠭᠡᠭᠰᠢᠯᠡᠬᠦᠯᠬᠦ᠂ ᠠᠵᠢᠯ ᠤᠯᠭᠤᠯᠳᠠ ᠦᠢᠯᠡᠰ ᠪᠤᠰᠬᠠᠯᠳᠠ ᠶᠢ ᠠᠬᠢᠭᠤᠯᠬᠤ᠂ ᠰᠠᠭᠤᠭᠠᠯᠢ ᠠᠷᠠᠳ ᠤᠨ ᠤᠷᠤᠯᠭ᠎ᠠ | ᠶᠢᠨ ᠲᠦᠪᠰᠢᠨ ᠢ ᠲᠡᠭᠡᠭᠰᠢᠯᠡᠬᠦᠯᠬᠦ᠂ ᠨᠡᠩ ᠡᠷᠬᠡ ᠲᠡᠭᠰᠢ ᠨᠡᠩ ᠦᠷᠬᠦᠯᠵᠢᠯᠡᠭᠰᠡᠡ ᠨᠡᠶᠢᠭᠡᠮ ᠤᠨ ᠪᠠᠳᠤᠯᠠᠪᠤᠷᠢ ᠶᠢᠨ | ᠲᠦᠷᠢᠮ ᠢ ᠲᠤᠬᠳᠠᠭᠠᠬᠤ᠂ ᠡᠷᠡᠬᠦᠯ ᠡᠩᠬᠡ ᠦᠪᠤᠷ ᠮᠤᠩᠭᠤᠯ ᠤᠨ ᠪᠠᠶᠢᠭᠤᠯᠤᠯᠳᠠ ᠶᠢ ᠠᠬᠢᠭᠤᠯᠬᠤ᠂ ᠬᠦᠮᠥᠨ ᠠᠮᠠ | ᠪᠤᠯᠤᠨ ᠨᠠᠰᠤᠵᠢᠯ ᠤᠨ ᠠᠵᠢᠯ ᠢ ᠰᠠᠶᠢᠳᠤᠷ ᠬᠢᠬᠦ ᠵᠡᠷᠬᠡ 8 ᠲᠠᠯ᠎ᠠ ᠶᠢᠨ ᠠᠵᠢᠯ ᠢ ᠦᠷᠨᠢᠬᠦᠯᠬᠦ ᠲᠤᠬᠠᠢ ᠶᠠᠷᠢᠪᠠ᠃ | ᠶᠢᠰᠦᠳᠦᠭᠡᠷ ᠬᠡᠰᠡᠭ ᠲᠤ ᠡᠶ᠎ᠡ ᠵᠤᠬᠢᠴᠠᠩᠭᠤᠢ ᠦᠪᠤᠷ ᠮᠤᠩᠭᠤᠯ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠬᠤ᠂ | ᠡᠬᠡ ᠤᠯᠤᠰ ᠤᠨ ᠤᠮᠠᠷᠠᠳᠤ ᠶᠢᠨ ᠠᠮᠤᠷᠲ᠋ᠦ᠋ᠪᠰᠢᠨ ᠤ ᠬᠠᠯᠬᠠᠪᠴᠢ ᠶᠢ ᠪᠠᠬᠢᠵᠢᠬᠦᠯᠬᠦ ᠶᠢ ᠦᠨᠳᠦᠰᠦᠳᠡᠨ ᠤ | ᠪᠦᠯᠬᠦᠮᠳᠡᠯ ᠢ ᠪᠠᠬᠢᠵᠢᠬᠦᠯᠥᠨ ᠴᠢᠩᠭᠠᠳᠬᠠᠬᠤ᠂ ᠪᠦᠬᠦ ᠲᠠᠯ᠎ᠠ ᠪᠠᠷ ᠬᠠᠤᠯᠢ ᠪᠠᠷ ᠤᠷᠤᠨ ᠢᠶᠠᠨ ᠵᠠᠰᠠᠬᠤ ᠶᠢ | ᠠᠬᠢᠭᠤᠯᠬᠤ᠂ ᠨᠡᠶᠢᠭᠡᠮ ᠤᠨ ᠵᠠᠰᠠᠯᠳᠠ ᠶᠢ ᠴᠢᠩᠭᠠᠳᠬᠠᠨ ᠰᠢᠨᠡᠴᠢᠯᠡᠬᠦ 3 ᠲᠠᠯ᠎ᠠ ᠪᠠᠷ ᠠᠵᠢᠯ ᠦᠷᠨᠢᠬᠦᠯᠬᠦ ᠲᠤᠬᠠᠢ | ᠶᠠᠷᠢᠪᠠ᠃ | ᠠᠷᠪᠠᠳᠤᠭᠠᠷ ᠬᠡᠰᠡᠭ ᠪᠤᠯᠤᠨ ᠲᠡᠬᠦᠰᠬᠡᠯ ᠤᠨ ᠦᠬᠡ ᠨᠢ ᠭᠤᠷᠪᠠᠳᠤᠭᠠᠷ ᠠᠩᠬᠢ ᠪᠤᠯᠵᠥ᠂ ᠠᠷᠪᠠᠳᠤᠭᠠᠷ | ᠬᠡᠰᠡᠭ ᠲᠤ ᠨᠠᠮ ᠤᠨ ᠤᠳᠤᠷᠢᠳᠤᠯᠭ᠎ᠠ ᠶᠢ ᠴᠢᠩᠭᠠᠳᠬᠠᠨ ᠰᠠᠶᠢᠵᠢᠷᠠᠭᠤᠯᠬᠤ᠂ ︽13· 5︾ ᠶᠢᠨ | ᠲᠦᠯᠥᠪᠵᠢᠬᠦᠯᠬᠡ ᠶᠢ ᠪᠡᠶᠡᠯᠡᠬᠦᠯᠬᠦ ᠳᠤ ᠡᠷᠡᠰ ᠪᠠᠳᠤ ᠪᠠᠳᠤᠯᠠᠭ᠎ᠠ ᠬᠠᠩᠭᠠᠬᠤ ᠶᠢ ᠨᠠᠮ ᠠᠴᠠ ᠠᠵᠥ ᠠᠬᠤᠢ ᠨᠡᠶᠢᠭᠡᠮ | ᠤᠨ ᠬᠦᠭᠵᠢᠯᠳᠡ ᠶᠢᠨ ᠠᠵᠢᠯ ᠢ ᠤᠳᠤᠷᠢᠳᠬᠤ ᠪᠠᠶᠢᠭᠤᠯᠤᠮᠵᠢ ᠲᠤᠭᠳᠠᠴᠠ ᠶᠢ ᠲᠡᠬᠦᠯᠳᠡᠷᠵᠢᠬᠦᠯᠬᠦ᠂ | ᠦᠨᠳᠦᠰᠦᠳᠡᠨ ᠨᠦᠭᠦᠳ ᠤᠨ ᠠᠷᠠᠳ ᠲᠦᠮᠡᠨ ᠢ ᠲᠠᠶᠢᠴᠢᠯᠠᠵᠥ ᠪᠦᠯᠬᠦᠮᠳᠡᠬᠦᠯᠥᠨ ᠲᠡᠮᠡᠴᠡᠬᠦᠯᠬᠦ᠂ ᠴᠢᠳᠠᠪᠤᠷᠢᠳᠡᠨ ᠤ | ᠡᠩᠨᠡᠭᠡ ᠶᠢᠨ ᠪᠠᠶᠢᠭᠤᠯᠤᠯᠳᠠ ᠶᠢ ᠴᠢᠩᠭᠠᠳᠬᠠᠬᠤ᠂ ᠰᠢᠯᠢᠳᠡᠭ ᠰᠤᠷᠳᠠᠯ ᠢᠶᠠᠷ ᠦᠢᠯᠡᠰ ᠤᠨ ᠬᠦᠭᠵᠢᠯᠳᠡ ᠶᠢ | ᠠᠬᠢᠭᠤᠯᠬᠤ᠂ ︽13· 5︾ ᠶᠢᠨ ᠲᠦᠯᠥᠪᠵᠢᠬᠦᠯᠬᠡ ᠶᠢ ᠪᠤᠳᠠᠳᠠᠢ ᠨᠠᠶᠢᠳᠠᠪᠤᠷᠢᠵᠢᠭᠤᠯᠬᠤ ᠶᠢ ᠦᠨᠡᠨᠬᠦ ᠪᠠᠳᠤᠯᠠᠬᠤ | ᠵᠡᠷᠬᠡ 5 ᠲᠠᠯ᠎ᠠ ᠪᠠᠷ ᠠᠵᠢᠯ ᠦᠷᠨᠢᠬᠦᠯᠬᠦ ᠲᠤᠬᠠᠢ ᠶᠠᠷᠢᠵᠠᠢ᠃ ᠲᠡᠬᠦᠰᠭᠡᠯ ᠤᠨ ᠦᠬᠡ ᠳᠤ ᠪᠦᠬᠦ ᠤᠷᠤᠨ ᠤ ᠡᠯ᠎ᠡ | ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠤᠯᠤᠨ ᠦᠷᠭᠡᠨ ᠤᠯᠠᠨ ᠨᠠᠮ ᠤᠨ ᠬᠡᠰᠢᠬᠦᠨ ᠺᠠᠳ᠋ᠷ ᠤᠯᠠᠨ ᠲᠦᠮᠡᠨ | ᠢ ᠰᠠᠬᠢᠨ ᠪᠠᠷᠠᠯᠠᠵᠥ ᠬᠠᠷᠢᠯᠴᠠᠨ ᠬᠠᠪᠰᠤᠷᠤᠯᠴᠠᠵᠥ᠂ ᠪᠦᠯᠬᠦᠮᠳᠡᠨ ᠲᠡᠮᠡᠴᠡᠵᠥ᠂ ᠴᠢᠨᠡᠭᠡᠯᠢᠭ ᠨᠡᠶᠢᠭᠡᠮ ᠢ ᠪᠦᠬᠦ | ᠲᠠᠯ᠎ᠡ ᠪᠠᠷ ᠪᠡᠶᠡᠯᠡᠬᠦᠯᠬᠦ ᠰᠢᠢᠳᠪᠤᠷᠢᠳᠤ ᠱᠠᠳᠤᠨ ᠤ ᠠᠭᠤᠤ ᠶᠡᠭᠡ ᠢᠯᠠᠯᠳᠡ ᠶᠢ ᠬᠠᠮᠳᠤ ᠪᠠᠷ ᠲᠡᠮᠡᠴᠡᠨ ᠤᠯᠰᠤᠭᠠᠢ | ᠬᠡᠵᠥ ᠤᠷᠢᠶᠠᠯᠠᠪᠠ᠃ | ᠭᠤᠷᠪᠠ᠂ ᠭᠤᠤᠯᠳᠠᠯᠭ᠎ᠠ ᠲᠠᠢ ᠲᠤᠳᠤᠷᠬᠠᠢᠢᠯᠠᠬᠤ ᠴᠢᠬᠤᠯᠠᠳᠠᠢ ᠬᠡᠳᠤᠨ ᠠᠰᠠᠭᠤᠳᠠᠯ | ᠰᠠᠨᠠᠭᠤᠯᠭ᠎ᠠ ᠶᠢᠨ ᠨᠤᠤᠷᠠᠭ ᠨᠢ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠬᠠᠷᠠᠯᠳᠡ ᠪᠠᠷ | ᠭᠤᠤᠯᠳᠠᠭᠤᠯᠵᠥ᠂ ᠠᠯᠢ ᠤᠯᠠᠨ ᠰᠢᠨ᠎ᠡ ᠬᠦᠭᠵᠢᠯᠳᠡ ᠶᠢᠨ ᠱᠠᠭᠠᠷᠳᠠᠯᠭ᠎ᠠ ᠪᠤᠯᠤᠨ ᠴᠢᠬᠤᠯᠠ ᠶᠡᠭᠡ ᠠᠷᠭ᠎ᠠ ᠬᠡᠮᠵᠢᠶ᠎ᠡ | ᠶᠢ ᠲᠤᠷᠠᠳᠪᠠ᠃ ᠠᠳᠡ ᠲᠡᠬᠦᠨ ᠤ ᠲᠤᠳᠤᠷᠠᠬᠢ ᠬᠡᠳᠤᠨ ᠭᠤᠤᠯᠳᠠᠯᠭ᠎ᠠ ᠲᠠᠢ ᠠᠰᠠᠭᠤᠳᠠᠯ ᠳᠤ ᠲᠦᠬᠦᠮ | ᠲᠤᠳᠤᠷᠬᠠᠢᠢᠯᠠᠯᠳᠡ ᠬᠢᠶ᠎ᠡ᠃ | ᠨᠢᠬᠡᠳᠤᠭᠡᠷ ᠲᠤ᠂ ᠠᠵᠥ ᠠᠬᠤᠢ ᠶᠢᠨ ᠲᠤᠮᠳᠠ ᠪᠠ ᠦᠨᠳᠤᠷ ᠬᠤᠷᠳᠤᠴᠠ ᠪᠠᠷ ᠨᠡᠮᠡᠭᠳᠡᠬᠦ ᠶᠢ ᠪᠠᠳᠤᠯᠠᠬᠤ | ᠲᠤᠬᠠᠢ᠃ ᠰᠠᠨᠠᠭᠤᠯᠭ᠎ᠠ ᠶᠢᠨ ᠨᠤᠤᠷᠠᠭ ᠲᠤ᠂ ᠬᠤᠶᠢᠰᠢᠳᠠ ᠶᠢᠨ 5 ᠵᠢᠯ ᠳᠤ ᠮᠠᠨ ᠤ ᠤᠷᠤᠨ ᠤ ᠠᠵᠥ ᠠᠬᠤᠢ | ᠲᠤᠮᠳᠠ ᠪᠠ ᠦᠨᠳᠤᠷ ᠨᠡᠮᠡᠭᠳᠡᠯ ᠤᠨ ᠬᠤᠷᠳᠤᠴᠠ ᠶᠢ ᠪᠠᠳᠤᠯᠠᠬᠤ ᠳᠤ᠂ ᠪᠦᠬᠦ ᠤᠯᠤᠰ ᠤᠨ ᠲᠤᠮᠳᠠᠴᠢ | ᠲᠦᠪᠰᠢᠨ ᠠᠴᠠ ᠦᠨᠳᠤᠷ ᠨᠡᠮᠡᠭᠳᠡᠯ ᠤᠨ ᠬᠤᠷᠳᠤᠴᠠ ᠶᠢ ᠪᠠᠳᠤᠯᠠᠬᠤ ᠬᠡᠷᠡᠭᠳᠡᠢ ᠬᠡᠵᠥ ᠲᠤᠷᠠᠳᠪᠠ᠃ ᠡᠭᠦᠨ ᠤ | ᠤᠴᠢᠷ ᠭᠡᠪᠡᠯ᠂ ᠮᠠᠨ ᠤ ᠤᠷᠤᠨ ᠪᠤᠯ ᠬᠦᠭᠵᠢᠬᠡᠳᠤᠢ ᠤᠷᠤᠨ᠂ ᠰᠠᠭᠤᠷᠢ ᠪᠡᠯᠡᠳᠬᠡᠮᠵᠢ᠂ ᠠᠵᠥ ᠦᠢᠯᠡᠰ ᠤᠨ | ᠬᠦᠭᠵᠢᠯᠳᠡ᠂ ᠮᠠᠯᠵᠢᠬᠤ ᠲᠠᠷᠢᠶᠠᠯᠠᠬᠤ ᠤᠷᠤᠨ᠂ ᠨᠡᠶᠢᠭᠡᠮ ᠤᠨ ᠦᠢᠯᠡᠰ᠂ ᠠᠷᠠᠳ ᠤᠯᠠᠨ ᠤ ᠠᠮᠢᠳᠤᠷᠠᠯ ᠤᠨ | ᠲᠦᠪᠰᠢᠨ ᠵᠡᠷᠬᠡ ᠲᠠᠯ᠎ᠠ ᠪᠠᠷ ᠲᠠᠪᠰᠢᠭᠰᠠᠠ ᠭᠠᠵᠠᠷ ᠤᠷᠤᠨ ᠲᠠᠢ ᠬᠠᠷᠢᠴᠠᠭᠤᠯᠪᠠᠯ ᠪᠠᠰᠠ ᠵᠤᠬᠢᠬᠤ ᠵᠦᠷᠢᠶ᠎ᠡ ᠲᠠᠢ | ᠪᠠᠶᠢᠨ᠎ᠠ᠂ ᠵᠠᠷᠢᠮ ᠵᠦᠷᠢᠶ᠎ᠡ ᠨᠢ ᠨᠡᠯᠢᠶᠡᠳ ᠶᠡᠭᠡ ᠪᠠᠶᠢᠨ᠎ᠠ᠃ ᠡᠳᠡᠭᠡᠷ ᠵᠦᠷᠢᠶ᠎ᠡ ᠶᠢ ᠪᠠᠭᠠᠰᠬᠠᠬᠤ ᠳᠤ᠂ ᠡᠷᠬᠡᠪᠰᠢ ᠪᠦᠬᠦ | ᠤᠯᠤᠰ ᠤᠨ ᠲᠤᠮᠳᠠᠴᠢ ᠲᠦᠪᠰᠢᠨ ᠠᠴᠠ ᠦᠨᠳᠤᠷ ᠬᠤᠷᠳᠤᠴᠠ ᠪᠠᠷ ᠦᠷᠬᠦᠯᠵᠢᠯᠡᠨ ᠬᠦᠭᠵᠢᠬᠦᠯᠬᠦ ᠬᠡᠷᠡᠭᠳᠡᠢ᠃ | ᠠᠵᠥ ᠠᠬᠤᠢ ᠶᠢᠨ ᠲᠤᠮᠳᠠ ᠪᠠ ᠦᠨᠳᠤᠷ ᠬᠤᠷᠳᠤᠴᠠ ᠪᠠᠷ ᠨᠡᠮᠡᠭᠳᠡᠬᠦ ᠶᠢ ᠪᠠᠳᠤᠯᠠᠬᠤ ᠳᠤ᠂ ᠵᠠᠩᠬᠢᠯᠠᠭ᠎ᠠ ᠨᠢ | ᠦᠪᠡᠷ ᠤᠨ ᠪᠡᠶ᠎ᠡ ᠳᠤ ᠪᠠᠶᠢᠨ᠎ᠠ᠂ ᠵᠠᠩᠬᠢᠯᠠᠭ᠎ᠠ ᠨᠢ ᠪᠦᠳᠦᠮᠵᠢᠳᠡᠢ ᠠᠵᠢᠯᠯᠠᠬᠤ ᠳᠤ ᠪᠠᠶᠢᠨ᠎ᠠ᠃ ᠰᠢᠨ᠎ᠡ ᠵᠠᠭᠤᠨ ᠠᠴᠠ | ᠨᠠᠰᠢᠬᠢ ᠢᠯᠠᠩᠭᠤᠶ᠎ᠠ ᠤᠢᠢᠷ᠎ᠠ ᠶᠢᠨ ᠵᠢᠯ ᠠᠴᠠ ᠨᠠᠰᠢᠬᠢ ᠦᠷᠬᠦᠯᠵᠢᠯᠡᠭᠰᠡᠡ ᠬᠦᠭᠵᠢᠯᠳᠡ ᠪᠠᠷ ᠲᠠᠮᠵᠢᠭᠠᠳ᠂ ᠮᠠᠨ ᠤ | ᠤᠷᠤᠨ ᠵᠤᠬᠢᠬᠤ ᠬᠡᠪᠴᠢᠶᠡᠳᠤ ᠠᠵᠥ ᠠᠬᠤᠢ ᠶᠢᠨ ᠪᠠᠭᠳᠠᠭᠠᠮᠵᠢ ᠲᠠᠢ ᠪᠤᠯᠵᠥ᠂ ᠤᠨᠴᠠᠯᠢᠭᠳᠤ ᠲᠠᠪᠠᠭᠤᠯᠢᠭ ᠠᠵᠥ | ᠦᠢᠯᠡᠰ ᠲᠦᠷᠭᠡᠨ ᠬᠦᠭᠵᠢᠵᠥ᠂ ᠰᠠᠭᠤᠷᠢ ᠪᠡᠯᠡᠳᠬᠡᠮᠵᠢ ᠶᠢᠨ ᠨᠦᠬᠦᠴᠡᠯ ᠢᠯᠡᠳᠳᠡ ᠰᠠᠶᠢᠵᠢᠷᠠᠵᠥ᠂ ᠨᠡᠯᠢᠶᠡᠳ ᠪᠠᠳᠤ | ᠪᠤᠳᠠᠰ ᠤᠨ ᠰᠠᠭᠤᠷᠢ ᠶᠢ ᠲᠠᠯᠪᠢᠭᠰᠠᠠ ᠪᠠᠶᠢᠨ᠎ᠠ᠃ ᠡᠳᠡᠭᠡᠷ ᠵᠢᠯ ᠤᠳ ᠲᠤ᠂ ᠪᠦᠳᠦᠮᠵᠢᠳᠡᠢ ᠪᠡᠯᠡ ᠤᠷᠤᠭᠤᠯᠤᠯᠳᠠ | ᠲᠠᠰᠤᠷᠠᠯᠳᠡ ᠦᠭᠡᠢ ᠬᠤᠷᠠᠮᠳᠤᠵᠥ᠂ ︽ᠲᠠᠪᠤᠨ ᠶᠡᠭᠡ ᠰᠠᠭᠤᠷᠢᠨ︾ ᠤ ᠪᠦᠳᠦᠭᠡᠨ ᠪᠠᠶᠢᠭᠤᠯᠤᠯᠳᠠ ᠬᠦᠨᠵᠡᠬᠡᠢ | ᠠᠬᠢᠵᠥ᠂ ᠨᠢᠬᠡ ᠪᠦᠯᠥᠭ ᠴᠢᠬᠤᠯᠠ ᠶᠡᠭᠡ ᠲᠦᠷᠦᠯ ᠵᠦᠢᠯ ᠢ ᠵᠠᠯᠭᠠᠪᠠᠷ ᠪᠦᠳᠦᠭᠡᠨ ᠪᠠᠶᠢᠭᠤᠯᠤᠨ ᠠᠰᠢᠬᠯᠠᠯᠳᠡ ᠳᠤ | ᠤᠷᠤᠭᠤᠯᠵᠥ᠂ ᠠᠵᠥ ᠠᠬᠤᠢ ᠶᠢᠨ ᠰᠢᠨ᠎ᠡ ᠨᠡᠮᠡᠭᠳᠡᠯ ᠴᠢᠭ᠋ ᠢ ᠲᠦᠷᠭᠡᠨ ᠪᠤᠶᠢᠵᠢᠭᠤᠯᠤᠨ ᠪᠦᠷᠢᠯᠳᠦᠬᠦᠯᠵᠥ᠂ | ᠬᠦᠭᠵᠢᠯᠳᠡ ᠶᠢᠨ ᠨᠦᠬᠡᠴᠡ ᠬᠦᠴᠦᠨ ᠪᠤᠯᠤᠨ ᠰᠡᠯᠭᠦᠬᠦ ᠬᠦᠴᠦᠨ ᠨᠡᠯᠢᠶᠡᠳ ᠶᠡᠭᠡ ᠪᠠᠶᠢᠨ᠎ᠠ᠃ ᠰᠢᠨ᠎ᠡ ᠶᠢ | ᠡᠬᠦᠳᠬᠦ ᠪᠠᠷ ᠬᠦᠳᠡᠯᠭᠡᠬᠦᠷ ᠪᠤᠯᠭᠠᠬᠤ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢ ᠬᠦᠨᠵᠡᠬᠡᠢ ᠬᠡᠷᠡᠭᠵᠢᠬᠦᠯᠥᠭᠰᠡᠡ | ᠪᠠ ᠦᠭᠡᠷᠡᠴᠢᠯᠡᠯᠳᠡ ᠨᠡᠬᠡᠬᠡᠯᠳᠡ ᠲᠠᠰᠤᠷᠠᠯᠳᠡ ᠦᠭᠡᠢ ᠬᠦᠨᠵᠡᠬᠡᠶᠢᠷᠡᠬᠦ ᠶᠢᠨ ᠤᠯᠠᠮ ᠢᠶᠠᠷ᠂ ᠰᠢᠨ᠎ᠡ ᠠᠵᠥ ᠦᠢᠯᠡᠰ᠂ | ᠰᠢᠨ᠎ᠡ ᠮᠡᠷᠭᠡᠵᠢᠯ᠂ ᠰᠢᠨ᠎ᠡ ᠵᠠᠭᠪᠤᠷ᠂ ᠰᠢᠨ᠎ᠡ ᠡᠵᠡᠩᠨᠡᠯᠳᠡ ᠶᠢᠨ ᠬᠡᠯᠪᠡᠷᠢ ᠶᠡᠬᠡᠪᠡᠷ ᠴᠤᠯᠭᠤᠷᠠᠨ ᠭᠠᠷᠴᠦ᠂ | ᠬᠦᠭᠵᠢᠯᠳᠡ ᠶᠢᠨ ᠬᠦᠳᠡᠯᠬᠡᠬᠦ ᠬᠦᠴᠦᠨ ᠤᠯᠠᠮ ᠴᠢᠩᠭᠠᠷᠠᠭᠰᠠᠠ ᠪᠠᠶᠢᠨ᠎ᠠ᠃ ᠤᠨᠴᠠᠭᠠᠢᠢᠯᠠᠨ ᠲᠤᠷᠠᠳᠤᠭᠤᠰᠢᠳᠠᠢ ᠨᠢ | ᠭᠡᠪᠡᠯ᠂ ᠤᠢᠢᠷ᠎ᠠ ᠶᠢᠨ ᠵᠢᠯ ᠠᠴᠠ ᠪᠦᠬᠦ ᠤᠷᠤᠨ ᠲᠠᠶᠠᠭᠠᠷ ᠰᠠᠨᠠᠭ᠎ᠠ ᠰᠡᠳᠬᠢᠯ ᠨᠢᠬᠡᠳᠤᠨ᠂ ᠬᠦᠴᠦᠨ ᠴᠢᠳᠠᠯ ᠶᠢᠨ | ᠬᠦᠪᠴᠢᠯᠡᠵᠥ᠂ ᠦᠨᠳᠦᠰᠦᠳᠡᠨ ᠨᠦᠭᠦᠳ ᠤᠨ ᠺᠠᠳ᠋ᠷ ᠤᠯᠠᠨ ᠲᠦᠮᠡᠨ ᠤ ᠰᠠᠶᠢᠳᠤᠷ ᠠᠵᠢᠯᠯᠠᠵᠥ ᠦᠢᠯᠡᠰ ᠪᠤᠰᠬᠠᠬᠤ | ᠬᠠᠯᠠᠭᠤᠨ ᠰᠡᠳᠬᠢᠯᠬᠡ ᠤᠷᠢᠳᠤ ᠡᠮᠤᠨ᠎ᠡ ᠪᠠᠶᠢᠭ᠎ᠠ ᠦᠭᠡᠢ ᠤᠷᠬᠢᠯᠤᠭᠰᠠᠠ ᠪᠠᠶᠢᠨ᠎ᠠ᠂ ᠡᠨᠡ ᠪᠤᠯ ᠮᠠᠨ ᠤ ᠦᠢᠯᠡᠰ ᠤᠨ | ᠬᠦᠭᠵᠢᠯᠳᠡ ᠶᠢᠨ ᠬᠠᠮᠤᠭ ᠤᠨ ᠡᠷᠬᠢᠮ ᠨᠠᠨᠳᠢᠨ ᠤᠶᠤᠨ ᠰᠠᠨᠠᠭᠠᠨ ᠤ ᠦᠪ ᠬᠦᠷᠦᠩᠬᠡ ᠪᠠ ᠬᠦᠴᠦᠨ ᠴᠢᠳᠠᠯ ᠤᠨ | ᠡᠬᠢ ᠪᠤᠯᠠᠭ ᠪᠤᠯᠤᠨ᠎ᠠ᠃ ᠪᠢᠳᠡ ᠠᠵᠠ ᠲᠤᠬᠢᠶᠠᠯ ᠢ ᠠᠮᠵᠢᠵᠥ᠂ ᠢᠳᠡᠪᠬᠢᠳᠡᠢ ᠠᠵᠢᠯᠯᠠᠬᠤ ᠳᠤ ᠯᠡ ᠬᠦᠷᠪᠡᠯ᠂ ᠪᠦᠬᠦ | ᠤᠯᠤᠰ ᠤᠨ ᠲᠤᠮᠳᠠᠴᠢ ᠲᠦᠪᠰᠢᠨ ᠠᠴᠠ ᠦᠨᠳᠤᠷ ᠨᠡᠮᠡᠭᠳᠡᠯ ᠤᠨ ᠬᠤᠷᠳᠤᠴᠠ ᠶᠢ ᠪᠠᠳᠤᠯᠠᠬᠤ ᠶᠢ ᠪᠡᠶᠡᠯᠡᠬᠦᠯᠵᠥ | ᠪᠤᠯᠬᠤ ᠶᠤᠮ᠃ | ᠬᠦᠭᠵᠢᠯᠳᠡ ᠳᠤ ᠵᠤᠬᠢᠬᠤ ᠬᠤᠷᠳᠤᠴᠠ ᠪᠠᠶᠢᠬᠤ ᠬᠡᠷᠡᠭᠳᠡᠢ᠂ ᠬᠡᠪᠡᠴᠦ ᠡᠨᠡᠬᠦ ᠬᠤᠷᠳᠤᠴᠠ ᠨᠢ ᠡᠷᠬᠡᠪᠰᠢ ᠠᠵᠥ | ᠠᠬᠤᠢ ᠶᠢᠨ ᠵᠢᠮ᠎ᠠ ᠶᠤᠰᠤ ᠶᠢ ᠬᠦᠨᠳᠦᠳᠭᠡᠭᠰᠡᠡ᠂ ᠴᠢᠨᠠᠷ ᠰᠠᠶᠢᠳᠠᠢ᠂ ᠦᠷ᠎ᠡ ᠠᠰᠢᠬ ᠦᠨᠳᠤᠷ᠂ ᠬᠠᠭᠤᠷᠮᠠᠭ ᠵᠦᠢᠯ | ᠦᠭᠡᠢ᠂ ᠦᠷᠬᠦᠯᠵᠢᠯᠡᠬᠦ ᠬᠤᠷᠳᠤᠴᠠ ᠪᠠᠶᠢᠬᠤ ᠬᠡᠷᠡᠭᠳᠡᠢ᠃ ᠮᠠᠨ ᠤ ᠤᠷᠤᠨ ᠤ ᠡᠯ᠎ᠡ ᠭᠠᠵᠠᠷ ᠤᠨ ᠡᠬᠢ ᠪᠠᠶᠠᠯᠢᠭ᠂ | ᠬᠠᠷᠢᠴᠠᠭᠤᠯᠤᠭᠰᠠᠠ ᠲᠠᠪᠠᠭᠤᠯᠢᠭ᠂ ᠬᠦᠭᠵᠢᠯᠳᠡ ᠶᠢᠨ ᠰᠠᠭᠤᠷᠢ ᠠᠳᠠᠯᠢ ᠦᠭᠡᠢ ᠲᠤᠯᠠ ᠬᠦᠭᠵᠢᠯᠳᠡ ᠶᠢᠨ | ᠬᠤᠷᠳᠤᠴᠠ ᠶᠢ ᠨᠢᠬᠡᠳᠤᠯᠳᠡᠢ ᠲᠤᠭᠳᠠᠭᠠᠵᠥ ᠪᠤᠯᠬᠤ ᠦᠭᠡᠢ᠂ ᠨᠦᠬᠦᠴᠡᠯ ᠲᠠᠢ ᠭᠠᠵᠠᠷ ᠤᠨ ᠬᠢᠨ ᠲᠦᠷᠭᠡᠨ ᠰᠢᠭ | ᠬᠦᠭᠵᠢᠵᠥ ᠪᠤᠯᠬᠤ ᠪᠦᠭᠡᠳ ᠬᠦᠭᠵᠢᠭᠦᠯᠵᠤ ᠪᠤᠯᠤᠨ᠎ᠠ᠃ ᠡᠯ᠎ᠡ ᠱᠠᠳᠤᠨ ᠤ ᠬᠢᠨ ᠬᠦᠭᠵᠢᠯᠳᠡ ᠪᠠᠨ ᠲᠦᠯᠥᠪᠵᠢᠬᠦᠯᠥᠨ | ᠠᠬᠢᠭᠤᠯᠬᠤ ᠳᠠᠭᠠᠨ᠂ ᠶᠠᠰᠤ ᠴᠢᠨᠠᠷ ᠪᠤᠯᠤᠨ ᠦᠷ᠎ᠡ ᠠᠰᠢᠭ ᠢᠶᠠᠷ ᠭᠤᠤᠯ ᠪᠤᠯᠭᠠᠬᠤ ᠶᠢ ᠵᠠᠪᠠᠯ ᠪᠠᠷᠢᠮᠳᠠᠯᠠᠵᠥ᠂ ᠪᠡᠯᠡ | ᠤᠷᠤᠭᠤᠯᠤᠯᠳᠠ ᠨᠢ ᠦᠷ᠎ᠡ ᠠᠰᠢᠬ ᠲᠠᠢ᠂ ᠦᠢᠯᠡᠳᠬᠦᠨ ᠨᠢ ᠵᠠᠬ᠎ᠠ ᠲᠡᠯᠭᠡᠬᠦᠷ ᠲᠠᠢ᠂ ᠠᠵᠥ ᠠᠬᠤᠢᠢᠯᠠᠯ ᠨᠢ ᠠᠰᠢᠬ | ᠤᠯᠵᠠᠪᠤᠷᠢ ᠲᠠᠢ᠂ ᠠᠵᠢᠯᠳᠠᠨ ᠠᠵᠢᠯᠴᠢᠨ ᠨᠢ ᠤᠷᠤᠯᠭ᠎ᠠ ᠲᠠᠢ᠂ ᠵᠠᠰᠠᠭ ᠤᠨ ᠤᠷᠳᠤᠨ ᠨᠢ ᠭᠠᠶᠢᠯᠢ ᠶᠢᠨ | ᠤᠷᠤᠯᠭ᠎ᠠ ᠲᠠᠢ ᠪᠤᠯᠬᠤ ᠳᠤ ᠯᠠ ᠬᠦᠷᠪᠡᠯ᠂ ᠲᠦᠷᠭᠡᠨ ᠰᠢᠭ ᠬᠦᠭᠵᠢᠬᠦᠯᠵᠥ ᠪᠤᠯᠤᠨ᠎ᠠ᠃ | ᠬᠤᠶᠠᠳᠤᠭᠠᠷ ᠲᠤ᠂ ᠡᠷᠦᠬᠡ ᠠᠮᠠ ᠶᠢᠨ ᠬᠠᠷᠢᠶ᠎ᠠ ᠶᠢᠨ ᠬᠦᠮᠥᠨ ᠠᠮᠠ ᠶᠢᠨ ᠬᠤᠳᠠ ᠪᠠᠯᠭᠠᠰᠤᠵᠢᠯᠳᠠ ᠶᠢᠨ | ᠨᠤᠷᠮ᠎ᠠ ᠶᠢ ᠲᠦᠷᠭᠡᠨ ᠨᠡᠮᠡᠭᠳᠡᠭᠦᠯᠬᠦ ᠲᠤᠬᠠᠢ᠃ ᠡᠷᠦᠬᠡ ᠠᠮᠠ ᠶᠢᠨ ᠬᠠᠷᠢᠶ᠎ᠠ ᠶᠢᠨ ᠬᠦᠮᠥᠨ ᠠᠮᠠ ᠶᠢᠨ ᠬᠤᠳᠠ | ᠪᠠᠯᠭᠠᠰᠤᠵᠢᠯᠳᠠ ᠶᠢᠨ ᠨᠤᠷᠮ᠎ᠠ ᠨᠢ ᠬᠤᠳᠠ ᠪᠠᠯᠭᠠᠰᠤᠵᠢᠯᠳᠠ ᠶᠢᠨ ᠡᠷᠡᠭᠦᠯ ᠬᠦᠭᠵᠢᠯᠳᠡ ᠶᠢᠨ ᠲᠦᠪᠰᠢᠨ ᠢ ᠰᠢᠭᠤᠳ | ᠲᠤᠰᠬᠠᠵᠥ ᠪᠠᠶᠢᠨ᠎ᠠ᠃ 2014 ᠣᠨ ᠳᠤ᠂ ᠮᠠᠨ ᠤ ᠤᠷᠤᠨ ᠤ ᠬᠤᠳᠠ ᠪᠠᠯᠭᠠᠰᠤᠨ ᠤ ᠪᠠᠶᠢᠩᠭᠤ ᠰᠠᠭᠤᠭ᠎ᠠ | ᠬᠦᠮᠥᠨ ᠠᠮᠠ 1490.6 ᠲᠦᠮᠡ ᠳᠤ ᠬᠦᠷᠴᠤ᠂ ᠪᠠᠶᠢᠩᠭᠤ ᠰᠠᠭᠤᠭ᠎ᠠ ᠬᠦᠮᠥᠨ ᠠᠮᠠ ᠶᠢᠨ ᠬᠤᠳᠠ | ᠪᠠᠯᠭᠠᠰᠤᠵᠢᠯᠳᠠ ᠶᠢᠨ ᠨᠤᠷᠮ᠎ᠠ 59.5% ᠳᠤ ᠬᠦᠷᠴᠠᠢ︔ ᠪᠦᠬᠦ ᠤᠷᠤᠨ ᠤ ᠲᠠᠷᠢᠶᠠᠯᠠᠩ ᠤᠨ ᠪᠤᠰᠤ ᠬᠦᠮᠥᠨ ᠠᠮᠠ | 1016.6 ᠲᠦᠮᠡ ᠳᠤ ᠬᠦᠷᠴᠤ᠂ ᠡᠷᠦᠬᠡ ᠠᠮᠠ ᠶᠢᠨ ᠬᠠᠷᠢᠶ᠎ᠠ ᠶᠢᠨ ᠬᠦᠮᠥᠨ ᠠᠮᠠ ᠶᠢᠨ ᠬᠤᠳᠠ ᠪᠠᠯᠭᠠᠰᠤᠵᠢᠯᠳᠠ | ᠶᠢᠨ ᠨᠤᠷᠮ᠎ᠠ 41.4% ᠳᠤ ᠬᠦᠷᠴᠠᠢ᠃ ᠡᠨᠡ ᠨᠢ ᠬᠦᠯᠥᠰᠦᠨ ᠲᠠᠷᠢᠶᠠᠴᠢᠨ ᠢᠶᠠᠷ ᠭᠤᠤᠯ ᠴᠤᠭᠴᠠ ᠪᠤᠯᠭᠠᠭᠰᠠᠠ | 474 ᠲᠦᠮᠡᠨ ᠭᠠᠳᠠᠨ᠎ᠠ ᠠᠴᠠ ᠢᠷᠡᠭᠰᠡᠡ ᠪᠠᠶᠢᠩᠭᠤ ᠰᠠᠭᠤᠭ᠎ᠠ ᠬᠦᠮᠥᠨ ᠠᠮᠠ ᠤᠳᠤᠬᠠᠨ ᠳᠤ ᠬᠤᠳᠠ ᠪᠠᠯᠭᠠᠰᠤᠨ | ᠳᠤ ᠠᠵᠢᠯ ᠤᠯᠬᠤ᠂ ᠤᠷᠤᠨ ᠰᠠᠭᠤᠴᠠ᠂ ᠡᠮ ᠡᠮᠨᠡᠯᠬᠡ᠂ ᠦᠷ᠎ᠡ ᠬᠡᠤᠬᠡᠳ ᠤᠨ ᠰᠤᠷᠭᠠᠭᠤᠯᠢ ᠳᠤ ᠤᠷᠤᠬᠤ᠂ | ᠨᠡᠶᠢᠭᠡᠮ ᠤᠨ ᠪᠠᠳᠤᠯᠠᠪᠤᠷᠢ ᠵᠡᠷᠬᠡ ᠦᠨᠳᠦᠰᠦᠨ ᠤᠯᠠᠨ ᠨᠡᠶᠢᠳᠡ ᠶᠢᠨ ᠦᠢᠯᠡᠴᠢᠯᠡᠭᠡ ᠶᠢ ᠡᠷᠬᠡ ᠲᠡᠭᠰᠢ ᠪᠠᠷ ᠡᠳ᠋ᠯᠡᠵᠥ | ᠳᠡᠶᠢᠯᠬᠦ ᠦᠭᠡᠢ ᠪᠠᠶᠢᠬᠤ ᠶᠢ ᠬᠠᠷᠠᠭᠤᠯᠵᠥ ᠪᠠᠶᠢᠨ᠎ᠠ᠃ | ᠰᠠᠨᠠᠭᠤᠯᠭ᠎ᠠ ᠶᠢᠨ ᠨᠤᠤᠷᠠᠭ ᠨᠢ ᠲᠦᠪ ᠤᠨ ᠱᠠᠭᠠᠷᠳᠠᠯᠭ᠎ᠠ ᠶᠤᠰᠤᠭᠠᠷ᠂ ᠦᠪᠡᠷᠲᠡᠭᠡᠨ ᠵᠠᠰᠠᠬᠤ ᠤᠷᠤᠨ ᠤ | ᠪᠤᠳᠠᠳᠤ ᠪᠠᠶᠢᠳᠠᠯ ᠲᠠᠢ ᠤᠶᠠᠯᠳᠤᠭᠤᠯᠵᠦ᠂ ᠡᠷᠦᠭᠡ ᠠᠮᠠ ᠶᠢᠨ ᠬᠠᠷᠢᠶ᠎ᠠ ᠶᠢᠨ ᠬᠦᠮᠦᠨ ᠠᠮᠠ ᠶᠢᠨ ᠬᠤᠳᠠ | ᠪᠠᠯᠭᠠᠰᠤᠵᠢᠯᠳᠠ ᠶᠢᠨ ᠨᠤᠷᠮ᠎ᠠ ᠶᠢ ᠲᠦᠷᠭᠡᠳᠭᠡᠨ ᠳᠡᠭᠡᠭᠰᠢᠯᠡᠬᠦᠯᠬᠦ ᠬᠠᠷᠠᠯᠳᠠ ᠶᠢ ᠲᠤᠷᠠᠳᠪᠠ᠂ ᠲᠤᠬᠠᠢᠢᠯᠠᠪᠠᠯ | ᠦᠪᠡᠷᠲᠡᠭᠡᠨ ᠵᠠᠰᠠᠬᠤ ᠤᠷᠤᠨ ᠤ ᠰᠢᠨ᠎ᠠ ᠬᠡᠯᠪᠡᠷᠢ ᠶᠢᠨ ᠬᠤᠳᠠ ᠪᠠᠯᠭᠠᠰᠤᠵᠢᠯᠳᠠ ᠶᠢ ᠠᠬᠢᠭᠤᠯᠬᠤ ᠰᠠᠨᠠᠯ ᠪᠠ | ᠲᠦᠯᠦᠪᠵᠢᠬᠦᠯᠭᠡ ᠳᠤ ᠲᠤᠭᠳᠠᠭᠠᠭᠰᠠᠨ 2020 ᠣᠨ ᠪᠤᠯᠬᠤ ᠳᠤ ᠡᠷᠦᠭᠡ ᠠᠮᠠ ᠶᠢᠨ ᠬᠠᠷᠢᠶ᠎ᠠ ᠶᠢᠨ ᠬᠦᠮᠦᠨ | ᠠᠮᠠ ᠶᠢᠨ ᠬᠤᠳᠠ ᠪᠠᠯᠭᠠᠰᠤᠵᠢᠯᠳᠠ ᠶᠢᠨ ᠨᠤᠷᠮ᠎ᠠ ᠶᠢ 50% ᠠᠴᠠ ᠳᠠᠪᠠᠭᠤᠯᠬᠤ ᠬᠠᠷᠠᠯᠳᠠ ᠪᠤᠯᠤᠨ᠎ᠠ᠃ ᠡᠨᠡᠬᠦ | ᠬᠠᠷᠠᠯᠳᠠ ᠠᠴᠠ ᠲᠦᠯᠬᠢᠵᠦ ᠪᠤᠳᠤᠪᠠᠯ᠂ ︽13· 5︾ ᠶᠢᠨ ᠲᠦᠯᠥᠪᠵᠢᠬᠦᠯᠬᠡ ᠶᠢᠨ ᠬᠤᠭᠤᠴᠠᠭᠠᠨ ᠳᠤ ᠪᠦᠬᠦ | ᠤᠷᠤᠨ ᠤ ᠡᠷᠦᠭᠡ ᠠᠮᠠ ᠶᠢᠨ ᠬᠠᠷᠢᠶ᠎ᠠ ᠶᠢᠨ ᠬᠦᠮᠦᠨ ᠠᠮᠠ ᠶᠢᠨ ᠬᠤᠳᠠ ᠪᠠᠯᠭᠠᠰᠤᠵᠢᠯᠳᠠ ᠶᠢᠨ ᠨᠤᠷᠮ᠎ᠠ ᠶᠢ ᠵᠢᠯ | ᠳᠤᠮᠳᠠᠴᠢ ᠪᠠᠷ ᠵᠠᠭᠤᠨ ᠤ ᠬᠠᠷᠢᠴᠠᠯ ᠢᠶᠠᠷ 1.4 ᠬᠤᠪᠢ ᠨᠡᠮᠡᠭᠳᠡᠬᠦᠯᠵᠦ᠂ 5 ᠵᠢᠯ ᠳᠤ 210 ᠲᠦᠮᠠ ᠭᠠᠷᠤᠢ | ᠬᠦᠯᠦᠰᠦᠨ ᠲᠠᠷᠢᠶᠠᠴᠢᠨ ᠪᠠ ᠪᠤᠰᠤᠳ ᠪᠠᠶᠢᠩᠭᠤ ᠰᠠᠭᠤᠭ᠎ᠠ ᠬᠦᠮᠦᠨ ᠠᠮᠠ ᠶᠢᠨ ᠬᠤᠳᠠ ᠪᠠᠯᠭᠠᠰᠤᠨ ᠳᠤ | ᠰᠠᠭᠤᠷᠢᠰᠢᠬᠤ ᠡᠷᠦᠭᠡ ᠠᠮᠠ ᠤᠷᠤᠭᠤᠯᠬᠤ ᠠᠰᠠᠭᠤᠳᠠᠯ ᠢ ᠰᠢᠢᠳᠪᠤᠷᠢᠯᠡᠨ᠎ᠠ᠃ | ᠡᠷᠦᠭᠡ ᠠᠮᠠ ᠶᠢᠨ ᠬᠠᠷᠢᠶ᠎ᠠ ᠶᠢᠨ ᠬᠦᠮᠦᠨ ᠠᠮᠠ ᠶᠢᠨ ᠬᠤᠳᠠ ᠪᠠᠯᠭᠠᠰᠤᠵᠢᠯᠳᠠ ᠶᠢᠨ ᠨᠤᠷᠮ᠎ᠠ ᠶᠢ | ᠳᠡᠭᠡᠭᠰᠢᠯᠡᠬᠦᠯᠬᠦ ᠳᠤ᠂ ᠵᠠᠩᠬᠢᠯᠠᠭ᠎ᠠ ᠨᠢ ᠦᠭᠡᠷᠡᠴᠢᠯᠡᠯᠳᠠ ᠶᠢ ᠬᠦᠨᠵᠡᠭᠡᠶᠢᠷᠡᠬᠦᠯᠬᠦ᠂ ᠬᠦᠭᠵᠢᠯᠳᠠ ᠶᠢ ᠳᠦᠷᠭᠡᠳᠭᠡᠬᠦ | ᠲᠠᠯ᠎ᠠ ᠪᠠᠷ ᠭᠠᠷᠬᠤ ᠵᠠᠮ ᠡᠷᠢᠬᠦ ᠭᠡᠷᠡᠭᠲᠡᠢ᠃ ᠦᠪᠡᠷᠲᠡᠭᠡᠨ ᠵᠠᠰᠠᠬᠤ ᠤᠷᠤᠨ ᠤ ᠡᠷᠦᠭᠡ ᠠᠮᠠ ᠶᠢᠨ ᠲᠦᠷᠢᠮ ᠤᠨ | ᠦᠭᠡᠷᠡᠴᠢᠯᠡᠯᠳᠠ ᠶᠢᠨ ᠰᠠᠨᠠᠯ ᠢ ᠨᠠᠶᠢᠳᠠᠪᠤᠷᠢᠵᠢᠭᠤᠯᠬᠤ ᠡᠷᠴᠢᠮ ᠢᠶᠠᠨ ᠤᠯᠠᠮ ᠴᠢᠩᠭᠠᠷᠠᠭᠤᠯᠵᠤ᠂ ᠬᠤᠯᠪᠤᠭᠳᠠᠯ ᠪᠦᠬᠦᠢ | ᠢᠵᠢ ᠪᠦᠷᠢᠳᠦᠭᠰᠡᠨ ᠲᠦᠷᠦ ᠶᠢᠨ ᠪᠤᠳᠤᠯᠭ᠎ᠠ ᠶᠢ ᠲᠦᠷᠭᠡᠳᠭᠡᠨ ᠳᠡᠬᠦᠯᠳᠡᠷᠵᠢᠬᠦᠯᠵᠦ᠂ ᠡᠳ᠋ ᠤᠨ ᠵᠠᠰᠠᠭ ᠤᠨ | ᠰᠢᠯᠵᠢᠬᠦᠯᠦᠨ ᠦᠭᠬᠦ ᠶᠢ ᠮᠠᠯ ᠠᠵᠤ ᠠᠬᠤᠢ ᠲᠠᠷᠢᠶᠠᠯᠠᠩ ᠠᠴᠠ ᠰᠢᠯᠵᠢᠬᠦᠯᠦᠭᠰᠡᠨ ᠬᠦᠮᠦᠨ ᠠᠮᠠ ᠶᠢ ᠬᠤᠳᠠ ᠶᠢᠨ | ᠡᠷᠦᠭᠡ ᠠᠮᠠ ᠳᠤ ᠤᠷᠤᠭᠤᠯᠬᠤ ᠲᠠᠢ ᠬᠤᠯᠪᠤᠬᠤ ᠲᠤᠭᠳᠠᠴᠠ ᠶᠢ ᠪᠦᠷᠢᠨᠰᠢᠬᠦᠯᠵᠦ᠂ ᠬᠤᠳᠠ ᠪᠠᠯᠭᠠᠰᠤᠨ ᠤ | ᠪᠦᠳᠦᠭᠡᠨ ᠪᠠᠶᠢᠭᠤᠯᠤᠯᠳᠠ ᠳᠤ ᠭᠡᠷᠡᠭᠯᠡᠬᠦ ᠭᠠᠵᠠᠷ ᠤᠨ ᠬᠡᠪᠴᠢᠶ᠎ᠠ ᠶᠢ ᠨᠡᠮᠡᠭᠳᠡᠬᠦᠯᠬᠦ ᠶᠢ ᠮᠠᠯ ᠠᠵᠤ ᠠᠬᠤᠢ | ᠲᠠᠷᠢᠶᠠᠯᠠᠩ ᠠᠴᠠ ᠰᠢᠯᠵᠢᠬᠦᠯᠦᠭᠰᠡᠨ ᠬᠦᠮᠦᠨ ᠠᠮᠠ ᠶᠢ ᠡᠷᠦᠬᠡ ᠠᠮᠠ ᠳᠤ ᠤᠷᠤᠭᠤᠯᠬᠤ ᠲᠤᠭ᠎ᠠ ᠲᠠᠢ ᠬᠤᠯᠪᠤᠬᠤ | ᠲᠤᠭᠳᠠᠴᠠ ᠶᠢ ᠪᠠᠶᠢᠭᠤᠯᠵᠦ᠂ ᠬᠤᠳᠠ ᠳᠤ ᠡᠷᠦᠭᠡ ᠠᠮᠠ ᠤᠷᠤᠭᠰᠠᠨ ᠮᠠᠯᠴᠢᠨ ᠲᠠᠷᠢᠶᠠᠴᠢᠨ ᠤ ᠭᠠᠵᠠᠷ ᠰᠢᠷᠤᠢ | ᠳᠠᠭᠠᠭᠠᠴᠢᠯᠠᠬᠤ ᠡᠷᠭᠡ᠂ ᠭᠡᠷ ᠪᠠᠶᠢᠰᠢᠩ ᠤᠨ ᠭᠠᠵᠠᠷ ᠢ ᠭᠡᠷᠡᠭᠯᠡᠬᠦ ᠡᠷᠭᠡ᠂ ᠬᠠᠮᠳᠦ ᠶᠢᠨ ᠠᠰᠢᠭ ᠤᠷᠤᠯᠭ᠎ᠠ ᠶᠢ | ᠬᠤᠪᠢᠶᠠᠷᠢᠯᠠᠬᠤ ᠡᠷᠭᠡ ᠶᠢ ᠬᠠᠤᠯᠢ ᠶᠤᠰᠤᠭᠠᠷ ᠬᠠᠮᠠᠭᠠᠯᠠᠵᠦ᠂ ᠬᠤᠳᠠ ᠪᠠᠯᠭᠠᠰᠤᠨ ᠳᠤ ᠲᠤᠭᠳᠠᠭᠤᠨ ᠠᠵᠢᠯ ᠤᠯᠵᠦ | ᠠᠮᠢᠳᠤᠷᠠᠵᠦ ᠴᠢᠳᠠᠬᠤ ᠴᠢᠳᠠᠪᠤᠷᠢ ᠲᠠᠢ ᠮᠠᠯ ᠠᠵᠤ ᠠᠬᠤᠢ ᠲᠠᠷᠢᠶᠠᠯᠠᠩ ᠠᠴᠠ ᠰᠢᠯᠵᠢᠬᠦᠯᠦᠭᠰᠡᠨ ᠬᠦᠮᠦᠨ ᠠᠮᠠ ᠶᠢᠨ | ᠭᠡᠷ ᠪᠦᠯᠢ ᠪᠠᠷ ᠢᠶᠠᠨ ᠬᠤᠳᠠ ᠶᠢᠨ ᠡᠷᠦᠭᠡ ᠠᠮᠠ ᠳᠤ ᠤᠷᠤᠬᠤ ᠶᠢ ᠠᠬᠢᠭᠤᠯᠵᠦ᠂ ᠬᠤᠳᠠ ᠳᠤ ᠡᠷᠦᠭᠡ ᠠᠮᠠ | ᠤᠷᠤᠭᠰᠠᠨ ᠮᠠᠯᠴᠢᠨ ᠲᠠᠷᠢᠶᠠᠴᠢᠨ ᠤ ᠦᠢᠯᠡᠳᠪᠤᠷᠢᠯᠡᠯ ᠤᠨ ᠭᠡᠯᠪᠡᠷᠢ ᠠᠴᠠ ᠠᠮᠢᠳᠤᠷᠠᠯ ᠤᠨ ᠭᠡᠯᠪᠡᠷᠢ ᠬᠦᠷᠳᠡᠯ᠎ᠠ | ᠴᠦᠮ ᠬᠦᠳᠡᠭᠡ ᠠᠴᠠ ᠬᠤᠳᠠ ᠲᠤ ᠤᠷᠤᠬᠰᠠᠨ ᠬᠤᠪᠢᠷᠠᠯᠳᠠ ᠲᠠᠢ ᠪᠤᠯᠭᠠᠵᠤ᠂ ᠦᠨᠡᠨᠬᠦ ᠬᠤᠳᠠ ᠶᠢᠨ ᠬᠦᠮᠦᠨ ᠲᠠᠢ | ᠠᠳᠠᠯᠢᠬᠠᠨ ᠠᠮᠢᠳᠤᠷᠠᠭᠤᠯᠬᠤ ᠭᠡᠷᠡᠭᠲᠡᠢ᠃ | ᠭᠤᠷᠪᠠᠳᠤᠭᠠᠷ ᠲᠤ᠂ ᠶᠠᠳᠠᠭᠤ ᠠᠴᠠ ᠠᠩᠬᠢᠵᠢᠷᠠᠭᠤᠯᠵᠤ ᠪᠤᠭᠤᠮᠳᠠ ᠰᠢᠪᠳᠤᠯᠬᠤ ᠢᠨᠵᠧᠨᠧᠷᠢᠩ ᠤᠨ ᠲᠤᠬᠠᠢ᠃ | ᠮᠠᠯᠵᠢᠬᠤ ᠲᠠᠷᠢᠶᠠᠯᠠᠬᠤ ᠤᠷᠤᠨ ᠤ ᠶᠠᠳᠠᠭᠤ ᠬᠦᠴᠢᠷᠳᠠᠯ ᠲᠠᠢ ᠬᠦᠮᠦᠨ ᠠᠮᠠ ᠶᠢ ᠶᠠᠳᠠᠭᠤ ᠠᠴᠠ ᠠᠩᠬᠢᠵᠢᠷᠠᠭᠤᠯᠬᠤ | ᠪᠤᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠶᠢᠨ ᠬᠠᠮᠤᠭ ᠤᠨ ᠬᠠᠳᠠᠭᠤᠵᠢᠯᠳᠠᠢ ᠡᠬᠦᠷᠭᠡ ᠮᠦᠨ᠃ | ᠲᠦᠪ ᠠᠴᠠ ᠱᠠᠭᠠᠷᠳᠠᠬᠤ ᠲᠠᠭᠠᠨ᠂ 2020 ᠣᠨ ᠪᠤᠯᠬᠤ ᠳᠤ ᠮᠠᠨ ᠤ ᠤᠯᠤᠰ ᠤᠨ ᠤᠳᠤᠬᠠᠨ ᠤ ᠭᠡᠷᠡᠭᠵᠢᠬᠦᠯᠵᠦ | ᠪᠠᠶᠢᠬᠤ ᠪᠠᠷᠢᠮᠵᠢᠶ᠎ᠠ ᠪᠠᠷ ︵2010 ᠤᠨ ᠤ ᠬᠤᠪᠢᠷᠠᠬᠤ ᠦᠭᠡᠢ ᠦᠨ᠎ᠠ ᠪᠠᠷ ᠪᠤᠳᠤᠪᠠᠯ 2300 ᠲᠦᠬᠦᠷᠢᠭ︶᠂ | ᠬᠦᠳᠡᠭᠡ ᠲᠤᠰᠬᠤᠨ ᠤ ᠶᠠᠳᠠᠭᠤ ᠬᠦᠴᠢᠷᠳᠠᠯ ᠲᠠᠢ ᠬᠦᠮᠦᠨ ᠠᠮᠠ ᠶᠢ ᠶᠠᠳᠠᠭᠤ ᠠᠴᠠ ᠠᠩᠬᠢᠵᠢᠷᠠᠭᠤᠯᠬᠤ᠂ ᠶᠠᠳᠠᠭᠤ | ᠬᠦᠴᠢᠷᠳᠠᠯ ᠲᠠᠢ ᠰᠢᠶᠠᠨ ᠢ ᠴᠦᠮ ᠶᠠᠳᠠᠭᠤ ᠠᠴᠠ ᠠᠩᠬᠢᠵᠢᠷᠠᠭᠤᠯᠬᠤ᠂ ᠤᠷᠤᠨ ᠪᠦᠰᠡ ᠶᠢᠨ ᠴᠢᠨᠠᠷᠳᠠᠢ ᠪᠦᠬᠦᠯᠢ | ᠴᠤᠬᠴᠠ ᠶᠢᠨ ᠶᠠᠳᠠᠭᠤ ᠬᠦᠴᠢᠷᠳᠠᠯ ᠢ ᠰᠢᠢᠳᠪᠦᠷᠢᠯᠡᠨ᠎ᠡ ᠭᠡᠵᠠᠢ᠃ 2011 ᠣᠨ ᠳᠤ᠂ ᠮᠠᠨ ᠤ ᠤᠷᠤᠨ ᠠᠴᠠ | ᠤᠯᠤᠰ ᠤᠨ ᠶᠠᠳᠠᠭᠤ ᠠᠴᠠ ᠠᠩᠬᠢᠵᠢᠷᠠᠭᠤᠯᠬᠤ ᠪᠠᠷᠢᠮᠵᠢᠶ᠎ᠠ ᠠᠴᠠ ᠦᠨᠳᠦᠷ ᠪᠠᠷᠢᠮᠵᠢᠶ᠎ᠠ ᠶᠢ ᠲᠤᠬᠳᠠᠭᠠᠵᠠᠢ᠂ | ᠲᠤᠬᠠᠢᠢᠯᠠᠪᠠᠯ ᠲᠠᠷᠢᠶᠠᠯᠠᠬᠤ ᠤᠷᠤᠨ 2600 ᠲᠦᠬᠦᠷᠢᠭ᠂ ᠮᠠᠯᠵᠢᠬᠤ ᠤᠷᠤᠨ 3100 ᠲᠦᠬᠦᠷᠢᠭ ᠤᠨ | ᠪᠠᠷᠢᠮᠵᠢᠶ᠎ᠠ ᠶᠢ ᠲᠤᠭᠳᠠᠭᠠᠪᠠ᠂ ᠡᠨᠡ ᠨᠢ ᠶᠠᠳᠠᠭᠤ ᠠᠴᠠ ᠠᠩᠬᠢᠵᠢᠷᠠᠭᠤᠯᠬᠤ ᠠᠬᠢᠴᠠ ᠶᠢ ᠲᠦᠷᠭᠡᠳᠭᠡᠬᠦ | ᠦᠢᠯᠡᠳᠦᠯ ᠲᠠᠢ ᠪᠠᠶᠢᠭᠰᠠᠨ ᠴᠦ᠂ ᠪᠠᠰᠠ ᠤᠯᠤᠰ ᠤᠨ ᠳᠡᠮᠵᠢᠯᠭᠡ ᠶᠢᠨ ᠲᠦᠷᠦ ᠶᠢᠨ ᠪᠤᠳᠤᠯᠭ᠎ᠠ᠂ ᠬᠢᠨᠠᠨ ᠰᠢᠯᠭᠠᠬᠤ | ᠪᠠᠷᠢᠮᠵᠢᠶ᠎ᠠ ᠲᠠᠢ ᠵᠤᠯᠭᠠᠯᠴᠠᠭ᠎ᠠ ᠠᠨᠠᠢ ᠪᠠᠶᠢᠬᠤ ᠠᠰᠠᠭᠤᠳᠠᠯ ᠢᠯᠡᠷᠡᠵᠠᠢ᠃ ︽13· 5︾ ᠶᠢᠨ ᠲᠦᠯᠥᠪᠵᠢᠬᠦᠯᠬᠡ | ᠶᠢᠨ ᠬᠤᠭᠤᠴᠠᠭᠠᠨ ᠳᠤ ᠤᠯᠤᠰ ᠤᠨ ᠲᠦᠷᠦ ᠶᠢᠨ ᠪᠤᠳᠤᠯᠭ᠎ᠠ᠂ ᠬᠢᠨᠠᠨ ᠰᠢᠯᠭᠠᠬᠤ ᠪᠠᠷᠢᠮᠵᠢᠶ᠎ᠠ ᠲᠠᠢ ᠨᠡᠩ ᠰᠠᠶᠢᠨ ᠢᠶᠠᠷ | ᠵᠤᠯᠭᠠᠭᠤᠯᠬᠤ ᠶᠢᠨ ᠲᠦᠯᠦᠭᠡ᠂ ᠦᠪᠡᠷᠲᠡᠭᠡᠨ ᠵᠠᠰᠠᠬᠤ ᠤᠷᠤᠨ ᠬᠤᠶᠢᠰᠢᠳᠠ ᠶᠢᠨ 5 ᠵᠢᠯ ᠤᠨ ᠶᠠᠳᠠᠭᠤ ᠠᠴᠠ | ᠠᠩᠬᠢᠵᠢᠷᠠᠭᠤᠯᠵᠤ ᠪᠤᠭᠤᠮᠳᠠ ᠰᠢᠪᠳᠤᠯᠬᠤ ᠳᠤ ᠤᠯᠤᠰ ᠤᠨ ᠪᠠᠷᠢᠮᠵᠢᠶ᠎ᠠ ᠶᠢ ᠨᠢᠭᠡᠳᠦᠯᠳᠠᠢ ᠭᠡᠷᠡᠭᠵᠢᠬᠦᠯᠬᠦ ᠪᠠᠷ | ᠲᠤᠭᠳᠠᠪᠠ᠃ ᠦᠪᠡᠷᠲᠡᠭᠡᠨ ᠵᠠᠰᠠᠬᠤ ᠤᠷᠤᠨ ᠤ ᠤᠤᠯ ᠤᠨ ᠲᠤᠭᠳᠠᠭᠰᠠᠨ ᠶᠠᠳᠠᠭᠤ ᠠᠴᠠ ᠠᠩᠬᠢᠵᠢᠷᠠᠭᠤᠯᠬᠤ | ᠪᠠᠷᠢᠮᠵᠢᠶ᠎ᠠ ᠠᠴᠠ ᠲᠤᠤᠭᠤᠷᠬᠢ ᠶᠠᠳᠠᠭᠤ ᠬᠦᠴᠢᠷᠳᠡᠯ ᠲᠠᠢ ᠬᠦᠮᠦᠨ ᠠᠮᠠ ᠶᠢ ᠦᠷᠬᠦᠯᠵᠢᠯᠡᠨ ᠳᠡᠮᠵᠢᠬᠦ ᠬᠡᠪᠴᠢᠶᠠᠨ ᠳᠤ | ᠤᠷᠤᠭᠤᠯᠵᠦ᠂ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ ᠶᠢ ᠬᠦᠷᠳᠡᠭᠡᠵᠦ᠂ ᠠᠵᠢᠯ ᠢᠶᠠᠨ ᠠᠬᠢᠭᠤᠯᠬᠤ ᠡᠷᠴᠢᠮ | ᠢᠶᠠᠨ ᠴᠢᠩᠭᠠᠷᠠᠭᠤᠯᠤᠨ᠎ᠠ᠂ ᠭᠡᠪᠡᠴᠦ ᠪᠦᠬᠦ ᠤᠷᠤᠨ ᠤ ᠶᠠᠳᠠᠭᠤ ᠠᠴᠠ ᠠᠩᠬᠢᠵᠢᠷᠠᠭᠤᠯᠬᠤ ᠬᠢᠨᠠᠨ ᠰᠢᠯᠭᠠᠬᠤ ᠡᠳᠡᠭᠡᠳ | ᠪᠣᠯᠭᠠᠬᠤ ᠦᠭᠡᠢ᠃ | ᠤᠯᠤᠰ ᠤᠨ ᠨᠢᠭᠡᠳᠦᠯᠳᠠᠢ ᠪᠠᠷᠢᠮᠵᠢᠶ᠎ᠠ ᠶᠤᠰᠤᠭᠠᠷ᠂ ᠨᠢᠳᠤᠨᠤᠨ ᠵᠢᠯ ᠤᠨ ᠰᠠᠬᠦᠯᠴᠢ ᠪᠠᠷ ᠮᠠᠨ ᠤ ᠤᠷᠤᠨ ᠳᠤ | ᠪᠠᠰᠠ ᠮᠠᠯᠵᠢᠬᠤ ᠲᠠᠷᠢᠶᠠᠯᠠᠬᠤ ᠤᠷᠤᠨ ᠤ 98 ᠲᠦᠮᠡᠨ ᠶᠠᠳᠠᠭᠤ ᠬᠦᠴᠢᠷᠳᠠᠯ ᠲᠠᠢ ᠬᠦᠮᠦᠨ ᠠᠮᠠ ᠪᠠᠶᠢᠨ᠎ᠠ᠂ | ᠶᠠᠳᠠᠭᠤ ᠠᠴᠠ ᠠᠩᠬᠢᠵᠢᠷᠠᠭᠤᠯᠵᠦ ᠪᠤᠭᠤᠮᠳᠠ ᠰᠢᠪᠳᠤᠯᠬᠤ ᠢᠨᠵᠧᠨᠧᠷᠢᠩ ᠢ ᠭᠡᠷᠡᠭᠵᠢᠬᠦᠯᠬᠦ᠂ ᠤᠨᠢᠨ ᠳᠡᠭᠡᠷ᠎ᠠ ᠨᠢ | ᠳᠡᠳᠬᠦᠬᠦ᠂ ᠤᠨᠢᠨ ᠳᠡᠭᠡᠷ᠎ᠠ ᠨᠢ ᠶᠠᠳᠠᠭᠤ ᠠᠴᠠ ᠠᠩᠬᠢᠵᠢᠷᠠᠭᠤᠯᠬᠤ ᠶᠢ ᠭᠡᠷᠡᠭᠵᠢᠬᠦᠯᠬᠦ ᠪᠠᠷ ᠲᠠᠮᠵᠢᠭᠤᠯᠵᠤ᠂ ᠡᠨᠡᠬᠦ 98 | ᠲᠦᠮᠡᠨ ᠶᠠᠳᠠᠭᠤ ᠬᠦᠴᠢᠷᠳᠡᠯ ᠲᠠᠢ ᠬᠦᠮᠦᠨ ᠠᠮᠠ ᠶᠢ ᠶᠠᠳᠠᠭᠤ ᠠᠴᠠ ᠠᠩᠬᠢᠵᠢᠷᠠᠭᠤᠯᠬᠤ ᠬᠠᠷᠠᠯᠳᠠ ᠶᠢ ᠪᠡᠶᠡᠯᠡᠭᠦᠯᠬᠦ | ᠪᠤᠯᠤᠮᠵᠢ ᠪᠦᠷᠢᠨ ᠪᠠᠶᠢᠨ᠎ᠠ᠃ ᠪᠤᠳᠠᠳᠠᠢ ᠪᠠᠷ ᠬᠡᠯᠡᠪᠡᠯ᠂ 2020 ᠣᠨ ᠪᠤᠯᠬᠤ ᠳᠤ᠂ ᠠᠵᠦ ᠦᠢᠯᠡᠰ ᠢᠶᠠᠷ | ᠳᠡᠳᠬᠦᠬᠦ ᠪᠠᠷ ᠳᠠᠮᠵᠢᠭᠤᠯᠵᠦ᠂ 47.1 ᠲᠦᠮᠡᠨ ᠬᠦᠮᠦᠨ ᠢ ᠶᠠᠳᠠᠭᠤ ᠠᠴᠠ ᠠᠩᠬᠢᠵᠢᠷᠠᠭᠤᠯᠬᠤ ᠠᠰᠠᠭᠤᠳᠠᠯ ᠢ | ᠰᠢᠢᠳᠪᠤᠷᠢᠯᠡᠵᠦ ᠪᠤᠯᠤᠨ᠎ᠠ︔ ᠰᠢᠯᠵᠢᠬᠦᠯᠦᠨ ᠠᠵᠢᠯ ᠤᠯᠭᠤᠬᠤ ᠪᠠᠷ ᠳᠠᠮᠵᠢᠭᠤᠯᠵᠦ᠂ 13.5 ᠲᠦᠮᠡᠨ ᠬᠦᠮᠦᠨ ᠢ | ᠶᠠᠳᠠᠭᠤ ᠠᠴᠠ ᠠᠩᠬᠢᠵᠢᠷᠠᠭᠤᠯᠬᠤ ᠠᠰᠠᠭᠤᠳᠠᠯ ᠢ ᠰᠢᠢᠳᠪᠤᠷᠢᠯᠡᠵᠦ ᠪᠤᠯᠤᠨ᠎ᠠ︔ ᠤᠨᠳᠤᠤ ᠭᠠᠵᠠᠷ ᠨᠡᠬᠦᠯᠬᠦ ᠪᠠᠷ | ᠳᠠᠮᠵᠢᠭᠤᠯᠵᠦ᠂ 20.2 ᠲᠦᠮᠡᠨ ᠬᠦᠮᠦᠨ ᠢ ᠶᠠᠳᠠᠭᠤ ᠠᠴᠠ ᠠᠩᠬᠢᠵᠢᠷᠠᠭᠤᠯᠬᠤ ᠠᠰᠠᠭᠤᠳᠠᠯ ᠢ ᠰᠢᠢᠳᠪᠤᠷᠢᠯᠡᠵᠦ | ᠪᠤᠯᠤᠨ᠎ᠠ᠂ ᠡᠳᠡᠭᠡᠷ ᠨᠢ ᠨᠡᠶᠢᠯᠡᠪᠡᠯ 80.8 ᠲᠦᠮᠡᠨ ᠬᠦᠮᠦᠨ ᠪᠤᠯᠤᠨ᠎ᠠ᠃ ᠪᠠᠰᠠ ᠪᠦᠷᠢᠮᠦᠰᠦᠨ ᠪᠤᠶᠤ ᠭᠡᠰᠡᠭ | ᠲᠠᠯ᠎ᠠ ᠪᠠᠷ ᠬᠦᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ 17.2 ᠲᠦᠮᠡᠨ ᠶᠠᠳᠠᠭᠤ ᠬᠦᠴᠢᠷᠳᠡᠯ ᠲᠠᠢ ᠬᠦᠮᠦᠨ | ᠠᠮᠠ ᠶᠢ ᠪᠦᠬᠦᠨ ᠢ ᠨᠠᠭᠠᠳᠦ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠶᠢᠨ ᠪᠦᠷᠬᠦᠯᠳᠡ ᠶᠢᠨ ᠬᠡᠪᠴᠢᠶ᠎ᠠ ᠳᠤ | ᠤᠷᠤᠭᠤᠯᠵᠦ᠂ ᠨᠡᠶᠢᠭᠡᠮ ᠤᠨ ᠪᠠᠳᠤᠯᠠᠪᠤᠷᠢ ᠶᠢᠨ ᠲᠦᠷᠦ ᠶᠢᠨ ᠪᠤᠳᠤᠯᠭ᠎ᠠ ᠪᠠᠷ ᠶᠠᠳᠠᠭᠤ ᠠᠴᠠ ᠠᠩᠬᠢᠵᠢᠷᠠᠭᠤᠯᠬᠤ | ᠠᠰᠠᠭᠤᠳᠠᠯ ᠢ ᠪᠡᠶᠡᠯᠡᠬᠦᠯᠵᠦ ᠪᠤᠯᠤᠨ᠎ᠠ᠃ | ᠲᠦᠷᠪᠡᠳᠦᠭᠡᠷ ᠲᠤ᠂ ᠬᠦᠭᠵᠢᠯᠳᠡ ᠶᠢᠨ ᠠᠷᠭ᠎ᠠ ᠭᠡᠯᠪᠡᠷᠢ ᠶᠢ ᠬᠤᠪᠢᠷᠠᠭᠤᠯᠵᠦ ᠪᠦᠳᠦᠴᠡ ᠶᠢ ᠲᠤᠬᠢᠷᠠᠭᠤᠯᠬᠤ | ᠲᠤᠬᠠᠢ᠃ ᠰᠠᠨᠠᠭᠤᠯᠭ᠎ᠠ ᠶᠢᠨ ᠨᠤᠤᠷᠠᠭ ᠲᠤ ᠬᠦᠭᠵᠢᠯᠳᠡ ᠶᠢᠨ ᠠᠷᠭ᠎ᠠ ᠬᠡᠯᠪᠡᠷᠢ ᠶᠢ ᠬᠤᠪᠢᠷᠠᠭᠤᠯᠵᠦ ᠪᠦᠳᠦᠴᠡ ᠶᠢ | ᠲᠤᠬᠢᠷᠠᠭᠤᠯᠬᠤ ᠪᠠᠷ ︽13· 5︾ ᠶᠢᠨ ᠲᠦᠯᠥᠪᠵᠢᠬᠦᠯᠬᠡ ᠶᠢᠨ ᠬᠤᠭᠤᠴᠠᠭᠠᠨ ᠤ ᠵᠠᠩᠬᠢᠯᠠᠭ᠎ᠠ ᠶᠢᠨ ᠡᠬᠦᠷᠭᠡ | ᠪᠤᠯᠭᠠᠨ ᠰᠢᠰᠲ᠋ᠧᠮ ᠲᠠᠢ ᠦᠭᠦᠯᠡᠵᠤ᠂ ᠠᠵᠦ ᠦᠢᠯᠡᠰ ᠤᠨ ᠪᠦᠳᠦᠴᠡ᠂ ᠬᠤᠳᠠ ᠬᠦᠳᠡᠭᠡ ᠶᠢᠨ ᠪᠦᠳᠦᠴᠡ᠂ | ᠤᠷᠤᠨ ᠪᠦᠰᠡ ᠶᠢᠨ ᠪᠦᠳᠦᠴᠡ ᠶᠢ ᠲᠤᠬᠢᠷᠠᠭᠤᠯᠤᠨ ᠰᠢᠯᠢᠳᠡᠭᠵᠢᠬᠦᠯᠬᠦ ᠵᠡᠷᠭᠡ ᠭᠤᠷᠪᠡᠨ ᠲᠠᠯ᠎ᠠ ᠪᠠᠷ ᠪᠠᠶᠢᠷᠢᠯᠠᠭᠤᠯᠵᠦ᠂ | ᠬᠦᠭᠵᠢᠯᠳᠡ ᠶᠢᠨ ᠠᠷᠭ᠎ᠠ ᠬᠡᠯᠪᠡᠷᠢ ᠶᠢ ᠬᠤᠪᠢᠷᠠᠭᠤᠯᠵᠦ ᠪᠦᠳᠦᠴᠡ ᠶᠢ ᠲᠤᠬᠢᠷᠠᠭᠤᠯᠬᠤ ᠶᠢᠨ ᠭᠤᠤᠯ ᠴᠢᠭᠯᠡᠯ᠂ | ᠪᠡᠶᠡᠯᠡᠬᠦᠯᠬᠦ ᠠᠷᠭ᠎ᠠ ᠵᠠᠮ ᠪᠠ ᠠᠵᠢᠯ ᠤᠨ ᠱᠠᠭᠠᠷᠳᠠᠯᠭ᠎ᠠ ᠶᠢ ᠤᠯᠠᠮ ᠴᠢᠨᠠᠭᠰᠢᠳᠠ ᠳᠤᠳᠤᠷᠬᠠᠢᠢᠯᠠᠵᠠᠢ᠃ | ᠬᠦᠭᠵᠢᠯᠳᠡ ᠶᠢᠨ ᠠᠷᠭ᠎ᠠ ᠬᠡᠯᠪᠡᠷᠢ ᠶᠢ ᠬᠤᠪᠢᠷᠠᠭᠤᠯᠤᠨ ᠪᠦᠳᠦᠴᠡ ᠶᠢ ᠲᠤᠬᠢᠷᠠᠭᠤᠯᠬᠤ ᠶᠢ ᠲᠦᠷᠭᠡᠳᠭᠡᠬᠦ ᠪᠤᠯ | ᠤᠯᠤᠰ ᠤᠨ ᠳᠤᠳᠤᠷ᠎ᠠ ᠭᠠᠳᠠᠨᠠᠬᠢ ᠬᠦᠭᠵᠢᠯᠳᠠ ᠶᠢᠨ ᠶᠡᠭᠡ ᠬᠠᠨᠳᠤᠰᠢ ᠪᠤᠯᠤᠨ᠎ᠠ᠂ ᠨᠡᠩ ᠴᠤ ᠥᠪᠦᠷ ᠮᠤᠩᠭᠤᠯ ᠤᠨ | ᠲᠤᠰ ᠪᠡᠶ᠎ᠠ ᠶᠢᠨ ᠬᠦᠭᠵᠢᠯᠳᠠ ᠶᠢᠨ ᠲᠤᠯᠭᠠᠮ᠎ᠠ ᠱᠠᠭᠠᠷᠳᠠᠯᠭ᠎ᠠ ᠪᠤᠯᠤᠨ᠎ᠠ᠃ ᠠᠵᠤ ᠠᠬᠤᠢ ᠶᠢᠨ ᠨᠡᠮᠡᠭᠳᠡᠯ ᠢ | ᠲᠤᠭᠳᠠᠭᠤᠨ ᠪᠠᠶᠢᠯᠭᠠᠬᠤ ᠠᠴᠠ ᠦᠵᠡᠪᠡᠯ᠂ ᠤᠳᠤᠬᠠᠨ ᠳᠤ᠂ ᠮᠠᠨ ᠤ ᠤᠷᠤᠨ ᠤ ᠠᠵᠤ ᠠᠬᠤᠢ ᠶᠢᠨ ᠠᠵᠢᠯᠯᠠᠭᠠᠨ | ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠳᠤ᠂ ᠭᠡᠳᠦ᠋ᠢᠪᠡᠷ ᠵᠠᠬ᠎ᠠ ᠳᠡᠯᠭᠡᠬᠦᠷ ᠠᠪᠴᠢᠵᠦ᠂ ᠭᠡᠷᠡᠭᠴᠡᠭᠡ | ᠪᠠᠭᠠᠰᠤᠭᠰᠠᠨ ᠵᠡᠷᠭᠡ ᠡᠯᠧᠮᠧᠨ᠋ᠲ ᠤᠨ ᠨᠦᠯᠦᠭᠡ ᠪᠠᠶᠢᠪᠠᠴᠤ᠂ ᠡᠴᠦᠰ ᠲᠤ ᠬᠠᠰᠢᠯᠠ ᠪᠦᠳᠦᠴᠡ ᠶᠢᠨ ᠴᠢᠨᠠᠷᠳᠠᠢ | ᠠᠰᠠᠭᠤᠳᠠᠯ ᠪᠤᠯᠤᠨ᠎ᠠ᠂ ᠬᠦᠭᠵᠢᠯᠳᠡ ᠶᠢᠨ ᠠᠷᠭ᠎ᠠ ᠭᠡᠯᠪᠡᠷᠢ ᠶᠢ ᠬᠤᠪᠢᠷᠠᠭᠤᠯᠵᠤ ᠪᠦᠳᠦᠴᠡ ᠶᠢ ᠲᠤᠬᠢᠷᠠᠭᠤᠯᠬᠤ ᠶᠢ | ᠲᠦᠷᠭᠡᠳᠭᠡᠪᠡᠯ ᠰᠠᠶᠢ ᠠᠵᠤ ᠠᠬᠤᠢ ᠤᠷᠤᠭᠤᠳᠠᠬᠤ ᠳᠠᠷᠤᠯᠳᠠ ᠶᠢ ᠪᠦᠳᠦᠮᠵᠢᠳᠠᠢ ᠠᠷᠭᠠᠴᠠᠵᠦ᠂ ᠠᠵᠤ ᠠᠬᠤᠢ ᠶᠢᠨ | ᠬᠦᠭᠵᠢᠯᠳᠠ ᠶᠢᠨ ᠰᠠᠶᠢᠨ ᠰᠠᠶᠢᠬᠠᠨ ᠪᠠᠶᠢᠳᠠᠯ ᠢ ᠪᠠᠳᠤᠯᠠᠨ ᠦᠷᠭᠡᠳᠭᠡᠵᠦ ᠴᠢᠳᠠᠨ᠎ᠠ᠃ ᠬᠦᠭᠵᠢᠯᠳᠠ ᠶᠢᠨ ᠨᠦᠭᠡᠴᠡ | ᠬᠦᠴᠦ ᠶᠢ ᠨᠡᠮᠡᠭᠳᠡᠬᠦᠯᠬᠦ ᠠᠴᠠ ᠦᠵᠡᠪᠡᠯ᠂ ᠵᠠᠬ᠎ᠠ ᠳᠡᠯᠭᠡᠬᠦᠷ ᠤᠨ ᠤᠷᠴᠢᠨ ᠲᠤᠭᠤᠷᠢᠨ ᠤ ᠬᠤᠪᠢᠷᠠᠯᠳᠠ ᠪᠠ | ᠬᠦᠭᠵᠢᠯᠳᠠ ᠶᠢᠨ ᠱᠠᠭᠠᠷᠳᠠᠯᠭ᠎ᠠ ᠳᠡᠭᠡᠭᠰᠢᠯᠡᠬᠦ ᠶᠢᠨ ᠤᠯᠠᠮ ᠢᠶᠠᠷ᠂ ᠮᠠᠨ ᠤ ᠤᠷᠤᠨ ᠤ ᠠᠵᠤ ᠠᠬᠤᠢ ᠶᠢᠨ ᠦᠨᠳᠦᠷ | ᠨᠡᠮᠡᠭᠳᠡᠯ ᠤᠨ ᠡᠯᠧᠮᠧᠨ᠋ᠲ ᠠᠭᠠᠵᠢᠮ ᠢᠶᠠᠷ ᠪᠠᠭᠠᠰᠴᠤ᠂ ᠤᠯᠠᠮᠵᠢᠯᠠᠯᠳᠦ ᠦᠷᠢᠰᠦᠯᠳᠦᠭᠡᠨ ᠤ ᠳᠠᠪᠠᠭᠤᠯᠢᠭ | ᠠᠭᠠᠵᠢᠮ ᠢᠶᠠᠷ ᠮᠠᠭᠤᠳᠠᠵᠦ᠂ ᠠᠵᠦ ᠦᠢᠯᠡᠰ ᠤᠨ ᠪᠦᠳᠦᠴᠡ ᠳᠠᠩ ᠴᠤᠯᠭᠤᠢ᠂ ᠰᠢᠨ᠎ᠠ ᠶᠢ ᠡᠬᠦᠳᠬᠦ ᠪᠠᠷ | ᠬᠦᠳᠡᠯᠭᠡᠬᠦᠷ ᠪᠤᠯᠭᠠᠬᠤ ᠶᠠᠪᠤᠳᠠᠯ ᠬᠦᠷᠦᠯᠴᠡᠬᠦ ᠦᠭᠡᠢ ᠪᠠᠶᠢᠬᠤ ᠭᠡᠮ ᠰᠤᠭᠤᠬ ᠤᠯᠠᠮ ᠢᠯᠡᠳᠳᠡ ᠪᠤᠯᠵᠦ ᠪᠠᠶᠢᠨ᠎ᠠ᠂ | ᠬᠦᠭᠵᠢᠯᠳᠡ ᠶᠢᠨ ᠠᠷᠭ᠎ᠠ ᠬᠡᠯᠪᠡᠷᠢ ᠶᠢ ᠬᠤᠪᠢᠷᠠᠭᠤᠯᠵᠤ ᠪᠦᠳᠦᠴᠡ ᠶᠢ ᠲᠤᠬᠢᠷᠠᠭᠤᠯᠬᠤ ᠶᠢ ᠲᠦᠷᠭᠡᠳᠭᠡᠪᠡᠯ ᠰᠠᠶᠢ | ᠠᠵᠤ ᠠᠬᠤᠢ ᠶᠢᠨ ᠰᠢᠨ᠎ᠠ ᠨᠡᠮᠡᠭᠳᠡᠯ ᠴᠡᠭ ᠢ ᠪᠤᠶᠢᠵᠢᠭᠤᠯᠵᠦ᠂ ᠤᠷᠳᠤ ᠬᠤᠭᠤᠴᠠᠭᠠᠨ ᠤ ᠬᠦᠭᠵᠢᠯᠳᠠ ᠳᠤ ᠰᠢᠨ᠎ᠠ | ᠬᠦᠳᠡᠯᠭᠡᠬᠦ ᠬᠦᠴᠦ ᠬᠠᠩᠭᠠᠵᠦ ᠴᠢᠳᠠᠨ᠎ᠠ᠃ ᠬᠦᠭᠵᠢᠯᠳᠠ ᠶᠢᠨ ᠬᠦᠴᠢᠷ ᠠᠰᠠᠭᠤᠳᠠᠯ ᠢ ᠰᠢᠢᠳᠪᠤᠷᠢᠯᠡᠬᠦ ᠠᠴᠠ | ᠦᠵᠡᠪᠡᠯ᠂ ᠰᠢᠨ᠎ᠠ ᠵᠠᠭᠤᠨ ᠠᠴᠠ ᠨᠠᠰᠢᠬᠢ ᠲᠦᠷᠭᠡᠨ ᠬᠦᠭᠵᠢᠯᠳᠠ ᠶᠢ ᠦᠩᠭᠡᠷᠡᠭᠡᠳ᠂ ᠮᠠᠨ ᠤ ᠤᠷᠤᠨ ᠤ ᠤᠷᠳᠤ | ᠬᠤᠭᠤᠴᠠᠭᠠᠨ ᠤ ᠲᠤᠷᠰᠢ ᠬᠤᠷᠠᠮᠳᠤᠭᠰᠠᠨ ᠵᠠᠷᠢᠮ ᠬᠦᠨ ᠳᠠᠪᠬᠤᠷᠭ᠎ᠠ ᠶᠢᠨ ᠵᠦᠷᠢᠴᠡᠯ ᠠᠭᠠᠵᠢᠮ ᠢᠶᠠᠷ ᠢᠯᠡᠷᠡᠵᠦ᠂ | ᠬᠦᠭᠵᠢᠯᠳᠠ ᠶᠢᠨ ᠶᠠᠪᠤᠴᠠ ᠲᠤ ᠳᠡᠩᠴᠡᠬᠦᠷᠢ ᠦᠭᠡᠢ᠂ ᠵᠤᠬᠢᠴᠠᠯ ᠦᠭᠡᠢ᠂ ᠦᠷᠬᠦᠯᠵᠢᠯᠡᠯ ᠦᠭᠡᠢ ᠠᠰᠠᠭᠤᠳᠠᠯ | ᠡᠳᠦᠷ ᠢᠷᠡᠬᠦᠶ᠎ᠠ ᠳᠤᠪᠤᠶᠢᠮ᠎ᠠ ᠪᠤᠯᠵᠦ ᠪᠠᠶᠢᠨ᠎ᠠ᠂ ᠬᠦᠭᠵᠢᠯᠳᠡ ᠶᠢᠨ ᠠᠷᠭ᠎ᠠ ᠭᠡᠯᠪᠡᠷᠢ ᠶᠢ ᠬᠤᠪᠢᠷᠠᠭᠤᠯᠵᠦ | ᠪᠦᠳᠦᠴᠡ ᠶᠢ ᠲᠤᠬᠢᠷᠠᠭᠤᠯᠬᠤ ᠶᠢ ᠲᠦᠷᠭᠡᠳᠭᠡᠪᠡᠯ ᠰᠠᠶᠢ ᠬᠦᠭᠵᠢᠯᠳᠠ ᠶᠢ ᠬᠢᠵᠠᠭᠠᠷᠯᠠᠵᠦ ᠪᠠᠶᠢᠬᠤ ᠵᠦᠷᠢᠴᠡᠯ ᠪᠠ | ᠠᠰᠠᠭᠤᠳᠠᠯ ᠢ ᠦᠨᠳᠦᠰᠦ ᠠᠴᠠ ᠨᠢ ᠰᠢᠢᠳᠪᠤᠷᠢᠯᠡᠵᠦ᠂ ᠬᠦᠭᠵᠢᠯᠳᠠ ᠶᠢᠨ ᠳᠡᠩᠴᠡᠬᠦᠷᠢᠳᠤ ᠴᠢᠨᠠᠷ ᠵᠤᠬᠢᠴᠠᠩᠭᠤᠢ | ᠴᠢᠨᠠᠷ ᠢ ᠨᠡᠮᠡᠭᠳᠡᠬᠦᠯᠵᠦ ᠴᠢᠳᠠᠨ᠎ᠠ᠃ ᠡᠳᠡᠭᠡᠷ ᠨᠢ ᠮᠠᠨ ᠤ ᠤᠷᠤᠨ ᠤ ᠠᠵᠤ ᠠᠬᠤᠢ ᠬᠦᠭᠵᠢᠯᠳᠡ ᠶᠢᠨ ᠠᠷᠭ᠎ᠠ | ᠬᠡᠯᠪᠡᠷᠢ ᠶᠢ ᠬᠤᠪᠢᠷᠠᠭᠤᠯᠵᠤ ᠪᠦᠳᠦᠴᠡ ᠶᠢ ᠲᠤᠬᠢᠷᠠᠭᠤᠯᠪᠠᠯ ᠰᠠᠶᠢ ᠦᠷᠬᠦᠯᠵᠢᠯᠡᠨ ᠡᠷᠡᠬᠦᠯ ᠢᠶᠠᠷ ᠬᠦᠭᠵᠢᠬᠦ | ᠵᠠᠩᠬᠢᠯᠠᠭ᠎ᠠ ᠶᠢᠨ ᠱᠠᠳᠤᠨ ᠳᠤ ᠤᠷᠤᠵᠦ᠂ ᠡᠷᠳᠡ ᠬᠤᠪᠢᠷᠠᠭᠤᠯᠪᠠᠯ ᠡᠷᠳᠡ ᠦᠷ᠎ᠠ ᠪᠦᠳᠦᠮᠵᠢ ᠤᠯᠵᠤ ᠡᠷᠳᠡ | ᠰᠠᠨᠠᠭᠠᠴᠢᠯᠠᠭ᠎ᠠ ᠲᠠᠢ ᠪᠤᠯᠵᠤ᠂ ᠤᠳᠠᠭᠠᠨ ᠬᠤᠪᠢᠷᠠᠭᠤᠯᠪᠠᠯ ᠬᠤᠷᠠᠮᠳᠤᠬᠤ ᠠᠰᠠᠭᠤᠳᠠᠯ ᠤᠯᠠᠮ ᠤᠯᠠᠰᠢᠷᠠᠵᠦ᠂ | ᠬᠤᠶᠢᠰᠢᠳᠠ ᠶᠢᠨ ᠬᠦᠭᠵᠢᠯᠳᠠ ᠤᠯᠠᠮ ᠰᠠᠨᠠᠭᠠᠴᠢᠯᠠᠭᠠᠳᠦ ᠪᠤᠰᠤ ᠪᠤᠯᠤᠨ᠎ᠠ ᠭᠡᠳᠡᠭ ᠶᠢ ᠬᠦᠢᠴᠡᠳ ᠭᠡᠷᠡᠴᠢᠯᠡᠵᠦ | ᠪᠠᠶᠢᠨ᠎ᠠ᠃ | ︽13· 5︾ ᠶᠢᠨ ᠲᠦᠯᠥᠪᠵᠢᠬᠦᠯᠬᠡ ᠶᠢᠨ ᠬᠤᠭᠤᠴᠠᠭ᠎ᠠ ᠪᠤᠯ ᠬᠦᠭᠵᠢᠯᠳᠡ ᠶᠢᠨ ᠠᠷᠭ᠎ᠠ ᠬᠡᠯᠪᠡᠷᠢ ᠶᠢ | ᠬᠤᠪᠢᠷᠠᠭᠤᠯᠵᠦ ᠪᠦᠳᠦᠴᠠ ᠶᠢ ᠳᠤᠬᠢᠷᠠᠭᠤᠯᠬᠤ ᠴᠢᠬᠤᠯᠠ ᠬᠤᠭᠤᠴᠠᠭ᠎ᠠ ᠪᠤᠯᠤᠨ᠎ᠠ᠃ ᠪᠢᠳᠠ ᠵᠠᠪᠠᠯ ᠬᠠᠷᠢᠭᠤᠴᠠᠯᠭᠠᠳᠦ | ᠰᠠᠳᠬᠢᠯᠬᠡ ᠪᠡ ᠳᠤᠯᠭᠠᠮ ᠠ ᠰᠠᠳᠬᠢᠯᠬᠡ ᠪᠠᠨ ᠤᠯᠠᠮ ᠴᠢᠨᠠᠬᠰᠢᠳᠠ ᠴᠢᠩᠭᠠᠳᠬᠠᠵᠦ᠂ ᠶᠠᠷᠦᠩᠬᠡᠢ ᠱᠦᠵᠢ ᠶᠢᠨ | ᠮᠠᠠ ᠤ ᠤᠷᠦᠠ ᠳᠤ ᠰᠢᠨᠵᠢᠯᠠᠠ ᠪᠠᠶᠢᠴᠠᠭᠠᠬᠤ ᠲᠠᠭᠠᠨ ᠳᠤᠷᠠᠳᠦᠬᠰᠠᠠ ᠴᠢᠬᠤᠯᠠ ᠱᠠᠭᠠᠷᠳᠠᠯᠭ᠎ᠠ ᠶᠤᠰᠤᠭᠠᠷ ᠬᠦᠭᠵᠢᠯᠳᠡ | ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ ᠶᠢ ᠠᠵᠦ ᠦᠢᠯᠠᠰ ᠤᠨ ᠪᠦᠳᠦᠴᠠ ᠶᠢ ᠰᠢᠯᠢᠳᠡᠭᠵᠢᠬᠦᠯᠤᠡ | ᠳᠤᠬᠢᠷᠠᠭᠤᠯᠬᠤ ᠯᠤᠭ᠎ᠠ ᠤᠶᠠᠯᠳᠤᠭᠤᠯᠬᠤ᠂ ᠡᠬᠢ ᠪᠠᠶᠠᠯᠢᠬ ᠤᠨ ᠬᠡᠯᠪᠡᠷᠢ ᠶᠢᠨ ᠠᠵᠦ ᠦᠢᠯᠠᠰ ᠤᠨ ᠬᠡᠯᠬᠢᠶ᠎ᠠ ᠶᠢ | ᠤᠷᠳᠦᠳᠬᠠᠬᠤ ᠯᠤᠭ᠎ᠠ ᠤᠶᠠᠯᠳᠤᠭᠤᠯᠬᠤ᠂ ᠰᠢᠨ᠎ᠡ ᠶᠢ ᠡᠭᠦᠳᠬᠦ ᠪᠠᠷ ᠬᠦᠭᠵᠢᠯᠳᠡ ᠶᠢᠨ ᠬᠦᠳᠡᠯᠭᠡᠭᠦᠷ | ᠪᠤᠯᠭᠠᠬᠤ ᠯᠤᠭ᠎ᠠ ᠤᠶᠠᠯᠳᠤᠭᠤᠯᠬᠤ᠂ ᠡᠨᠧᠷᠬᠢ ᠠᠷᠪᠢᠯᠠᠵᠤ ᠪᠤᠬᠢᠷᠳᠤᠯ ᠢ ᠪᠠᠭᠠᠰᠬᠠᠬᠤ ᠯᠤᠭ᠎ᠠ ᠤᠶᠠᠯᠳᠤᠭᠤᠯᠬᠤ᠂ | ᠦᠬᠡᠷᠡᠴᠢᠯᠡᠯᠳᠡ ᠨᠡᠬᠡᠬᠡᠯᠳᠡ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠬᠦ ᠯᠦᠭᠡ ᠤᠶᠠᠯᠳᠤᠭᠤᠯᠬᠤ ᠶᠢ ᠪᠠᠷᠢᠮᠳᠠᠯᠠᠵᠦ᠂ | ᠳᠦᠬᠦᠮ ᠪᠦᠳᠦᠬᠦᠯᠢᠭ ᠢᠶᠠᠷ ᠡᠬᠢ ᠪᠠᠶᠠᠯᠢᠬ ᠢ ᠨᠡᠬᠡᠬᠡᠡ ᠠᠰᠢᠬᠯᠠᠬᠤ ᠵᠠᠬᠪᠤᠷ ᠢ ᠬᠤᠪᠢᠷᠠᠭᠤᠯᠬᠤ ᠪᠠᠷ ᠬᠦᠴᠦᠯᠡᠡ | ᠴᠢᠷᠮᠠᠶᠢᠵᠦ᠂ ᠡᠬᠢ ᠪᠠᠶᠠᠯᠢᠬ ᠢ ᠶᠠᠷᠦᠩᠬᠡᠶᠢᠯᠡᠡ ᠠᠰᠢᠬᠯᠠᠬᠤ ᠨᠤᠷᠮ᠎ᠠ ᠪᠡ ᠠᠵᠦ ᠦᠢᠯᠠᠰ ᠤᠨ ᠨᠠᠷᠢᠯᠢᠬ ᠡᠳ᠋ᠰᠢᠬᠦᠯᠬᠦ | ᠬᠡᠮᠵᠢᠶ᠎ᠠ ᠶᠢ ᠳᠠᠭᠡᠭᠰᠢᠯᠡᠬᠦᠯᠵᠦ᠂ ᠳᠠᠪᠠᠭᠤᠯᠢᠬ ᠳᠤᠪᠤᠶᠢᠮ᠎ᠠ᠂ ᠪᠦᠳᠦᠴᠠ ᠵᠤᠬᠢᠰᠳᠠᠢ᠂ ᠰᠢᠨ᠎ᠠ ᠶᠢ ᠡᠬᠦᠳᠬᠦ ᠪᠠᠷ | ᠬᠦᠳᠠᠯᠬᠡᠬᠦᠷ ᠪᠤᠯᠭᠠᠬᠰᠠᠠ᠂ ᠤᠷᠦᠠ ᠪᠦᠰᠠ ᠵᠤᠬᠢᠴᠠᠩᠭᠤᠢ᠂ ᠬᠤᠳᠠ ᠬᠦᠳᠡᠭᠡ ᠶᠢ ᠨᠢᠬᠡ ᠴᠤᠬᠴᠠᠵᠢᠭᠤᠯᠤᠭᠰᠠᠠ | ᠬᠦᠭᠵᠢᠯᠳᠠ ᠶᠢᠨ ᠰᠢᠨ᠎ᠠ ᠪᠠᠶᠢᠷᠢᠰᠢᠯ ᠢ ᠲᠦᠷᠭᠡᠪᠴᠢᠯᠡᠨ ᠪᠦᠷᠢᠯᠳᠦᠬᠦᠯᠬᠦ ᠬᠡᠷᠡᠭᠳᠡᠢ᠃ | ᠳᠠᠪᠤᠳᠦᠭᠠᠷ ᠲᠤ᠂ ︽ᠮᠠᠯᠵᠢᠬᠤ ᠳᠠᠷᠢᠶᠠᠯᠠᠬᠤ ᠤᠷᠦᠠ ᠮᠠᠯ ᠠᠵᠤ ᠠᠬᠤᠢ ᠳᠠᠷᠢᠶᠠᠯᠠᠩ ᠮᠠᠯᠴᠢᠡ ᠲᠠᠷᠢᠶᠠᠴᠢᠨ︾ | ᠤ ᠠᠵᠢᠯ ᠤᠨ ᠳᠤᠬᠠᠢ᠃ ᠮᠠᠠ ᠤ ᠤᠷᠦᠠ ᠲᠤ 1 ᠳ᠋ᠦᠩᠰᠢᠭᠤᠷ ᠭᠠᠷᠦᠢ ᠮᠦ ᠳᠠᠷᠢᠶᠠᠠ ᠭᠠᠵᠠᠷ᠂ 13 | ᠳ᠋ᠦᠩᠰᠢᠭᠤᠷ ᠮᠦ ᠨᠤᠳᠤᠬ ᠪᠠᠯᠴᠢᠬᠡᠷ ᠲᠠᠢ ᠪᠤᠯᠬᠤᠷ ᠵᠢᠯ ᠳᠤ 500 ᠭᠠᠷᠦᠢ ᠳ᠋ᠦᠩᠰᠢᠭᠤᠷ ᠵᠢᠩ ᠠᠮᠤ ᠪᠤᠳᠠᠭ᠎ᠠ | ᠦᠢᠯᠠᠳᠪᠤᠷᠢᠯᠠᠬᠦ᠂ 1 ᠳ᠋ᠦᠩᠰᠢᠭᠤᠷ ᠭᠠᠷᠦᠢ ︵ᠳᠤᠯᠤᠭᠠᠢ︶ ᠮᠠᠯ ᠳᠠᠵᠢᠬᠡᠪᠤᠷᠢ ᠳᠠᠵᠢᠬᠡᠬᠦ ᠶᠠᠷᠦᠩᠬᠡᠶᠢᠯᠡᠭᠰᠠᠠ | ᠦᠢᠯᠠᠳᠪᠤᠷᠢᠯᠠᠯ ᠤᠨ ᠴᠢᠳᠠᠪᠤᠷᠢ ᠶᠢ ᠪᠦᠷᠢᠳᠦᠬᠦᠯᠥᠭᠰᠡᠡ ᠤᠯᠥᠰ ᠤᠨ ᠮᠠᠯ ᠠᠵᠦ ᠠᠬᠤᠢ ᠳᠠᠷᠢᠶᠠᠯᠠᠩ ᠤᠨ | ᠪᠦᠳᠦᠬᠡᠭᠳᠡᠬᠦᠡ ᠦᠢᠯᠠᠳᠪᠤᠷᠢᠯᠠᠬᠦ ᠴᠢᠬᠤᠯᠠ ᠰᠠᠭᠤᠷᠢᠠ ᠪᠤᠯᠵᠡᠢ᠃ ᠤᠳᠦᠬᠠᠨᠠ ᠪᠦᠬᠦ ᠤᠷᠦᠠ ᠤ 1000 ᠭᠠᠷᠦᠢ | ᠳᠦᠮᠡᠡ ᠬᠦᠮᠦᠡ ᠮᠠᠯᠵᠢᠬᠤ ᠳᠠᠷᠢᠶᠠᠯᠠᠬᠤ ᠤᠷᠦᠠ ᠲᠤ ᠠᠮᠢᠳᠦᠷᠠᠵᠦ᠂ 580 ᠭᠠᠷᠦᠢ ᠳᠦᠮᠡᠡ ᠬᠦᠮᠦᠡ ᠰᠢᠭᠤᠳ | ᠮᠠᠯ ᠠᠵᠦ ᠠᠬᠤᠢ ᠳᠠᠷᠢᠶᠠᠯᠠᠩ ᠦᠢᠯᠠᠳᠪᠤᠷᠢᠯᠠᠯ ᠬᠢᠵᠦ᠂ ᠪᠦᠬᠦ ᠠᠵᠢᠯᠯᠠᠵᠦ ᠪᠠᠶᠢᠭ᠎ᠠ ᠬᠦᠮᠦᠰ ᠤᠠ 44.7% ᠢ | ᠡᠵᠡᠯᠡᠪᠡ᠃ ᠤᠷᠦᠠ ᠤ ᠡᠳᠡᠬᠡᠷ ᠦᠨᠳᠦᠰᠦᠡ ᠪᠠᠶᠢᠳᠠᠯ ᠨᠢ ︽ᠮᠠᠯᠵᠢᠬᠤ ᠳᠠᠷᠢᠶᠠᠯᠠᠬᠤ ᠤᠷᠦᠠ ᠮᠠᠯ ᠠᠵᠤ ᠠᠬᠤᠢ | ᠳᠠᠷᠢᠶᠠᠯᠠᠩ ᠮᠠᠯᠴᠢᠡ ᠲᠠᠷᠢᠶᠠᠴᠢᠨ︾ ᠤ ᠠᠵᠢᠯ ᠪᠤᠯ ᠢᠮᠠᠬᠳᠠ ᠦᠪᠡᠷᠳᠡᠬᠡᠡ ᠵᠠᠰᠠᠬᠤ ᠤᠷᠦᠠ ᠤ ᠪᠦᠬᠦ ᠲᠠᠯ᠎ᠠ ᠶᠢᠨ | ᠠᠵᠢᠯ ᠳᠠᠬᠢ ᠴᠢᠬᠤᠯᠠ ᠠᠴᠠ ᠴᠢᠬᠤᠯᠠ ᠠᠵᠢᠯ ᠪᠤᠯᠬᠤ ᠶᠢ ᠳᠤᠬᠳᠠᠭᠠᠵᠠᠢ᠃ | ᠦᠢᠷ᠎ᠠ ᠶᠢᠨ ᠵᠢᠯ ᠤᠨ ᠳᠤᠷᠰᠢ᠂ ᠦᠪᠡᠷᠳᠡᠬᠡᠡ ᠵᠠᠰᠠᠬᠤ ᠤᠷᠦᠠ ᠤ ᠨᠠᠮ ᠤᠨ ᠬᠤᠷᠢᠶ᠎ᠠ ᠮᠠᠯᠵᠢᠬᠤ | ᠳᠠᠷᠢᠶᠠᠯᠠᠬᠤ ᠤᠷᠤᠠ ᠳᠠᠬᠢ ᠨᠠᠮ ᠤᠨ ᠡᠯ᠎ᠠ ᠵᠦᠢᠯ ᠤᠨ ᠴᠢᠭᠯᠡᠯᠳᠡ ᠳᠦᠷᠦ ᠶᠢᠨ ᠪᠤᠳᠤᠯᠭ᠎ᠠ ᠶᠢ ᠬᠢᠨᠠᠮᠠᠭᠠᠢ | ᠳᠤᠤᠱᠯᠠᠭᠤᠯᠤᠠ ᠨᠠᠶᠢᠳᠠᠪᠤᠷᠢᠵᠢᠭᠤᠯᠵᠦ᠂ ᠮᠠᠯᠴᠢᠨ ᠲᠠᠷᠢᠶᠠᠴᠢᠨ ᠳᠤ ᠠᠰᠢᠬ ᠬᠦᠷᠳᠡᠭᠡᠬᠦ ᠳᠦᠷᠦ ᠶᠢᠨ ᠪᠤᠳᠤᠯᠭ᠎ᠠ ᠶᠢᠨ | ᠡᠷᠴᠢᠮ ᠢ ᠳᠠᠰᠦᠷᠠᠯᠳᠠ ᠦᠬᠡᠢ ᠴᠢᠩᠭᠠᠷᠠᠭᠤᠯᠵᠦ᠂ ︽ᠮᠠᠯᠵᠢᠬᠤ ᠳᠠᠷᠢᠶᠠᠯᠠᠬᠤ ᠤᠷᠦᠠ ᠮᠠᠯ ᠠᠵᠤ ᠠᠬᠤᠢ | ᠳᠠᠷᠢᠶᠠᠯᠠᠩ ᠮᠠᠯᠴᠢᠡ ᠲᠠᠷᠢᠶᠠᠴᠢᠨ︾ ᠤ ᠠᠵᠢᠯ ᠲᠦᠷᠬᠡᠨ ᠳᠠᠪᠰᠢᠯᠳᠠ ᠲᠠᠢ ᠪᠤᠯᠬᠤ ᠶᠢ ᠠᠬᠢᠭᠤᠯᠪᠡ᠃ ᠡᠬᠦᠡ ᠤ | ᠬᠠᠮᠳᠦ ᠬᠡᠳᠦ᠋ᠢᠪᠡᠷ ᠮᠠᠯ ᠠᠵᠦ ᠠᠬᠤᠢ ᠳᠠᠷᠢᠶᠠᠯᠠᠩ ᠳᠤᠬᠳᠠᠭᠤᠠ ᠢᠶᠠᠷ ᠬᠦᠭᠵᠢᠵᠦ ᠪᠠᠶᠢᠭ᠎ᠠ ᠪᠤᠯᠪᠠᠴᠦ ᠮᠠᠯ ᠠᠵᠦ | ᠠᠬᠤᠢ ᠳᠠᠷᠢᠶᠠᠯᠠᠩ ᠤᠨ ᠰᠢᠨᠵᠢᠯᠠᠬᠦ ᠤᠬᠠᠭᠠᠠ ᠮᠡᠷᠬᠡᠵᠢᠯ ᠤᠨ ᠠᠭᠤᠯᠤᠬᠳᠠᠬᠤᠠ ᠪᠠ ᠬᠦᠳᠠᠯᠮᠤᠷᠢ ᠦᠢᠯᠠᠳᠪᠤᠷᠢᠯᠠᠯ | ᠤᠨ ᠨᠤᠷᠮ᠎ᠠ ᠨᠠᠯᠢᠶᠡᠳ ᠳᠤᠤᠷ᠎ᠠ᠂ ᠬᠡᠪᠴᠢᠶᠡᠵᠢᠭᠰᠡᠠ ᠡᠷᠴᠢᠮᠵᠢᠭᠰᠡᠡ ᠠᠵᠦ ᠦᠢᠯᠠᠰᠵᠢᠭᠰᠡᠨ ᠡᠵᠡᠩᠨᠡᠯᠳᠡ ᠶᠢᠨ | ᠳᠦᠪᠰᠢᠡ ᠦᠨᠳᠦᠷ ᠪᠢᠰᠢ᠂ ᠮᠠᠯ ᠠᠵᠦ ᠠᠬᠤᠢ ᠳᠠᠷᠢᠶᠠᠯᠠᠩ ᠤᠨ ᠰᠠᠭᠤᠷᠢ ᠮᠦᠨᠬᠦ ᠳᠦᠢᠯ ᠤᠠ ᠪᠠᠭᠤᠷᠠᠢ ᠪᠠᠶᠢᠬᠤ︔ | ᠬᠡᠳᠦ᠋ᠢᠪᠡᠷ ᠮᠠᠯᠴᠢᠡ ᠳᠡᠷᠢᠶᠠᠴᠢᠠ ᠤ ᠤᠷᠦᠯᠭ᠎ᠠ ᠦᠷᠬᠦᠯᠵᠢᠯᠡᠡ ᠨᠡᠮᠡᠭᠳᠡᠵᠦ ᠪᠠᠶᠢᠭ᠎ᠠ ᠪᠤᠯᠪᠠᠴᠦ ᠤᠷᠦᠯᠭ᠎ᠠ ᠶᠢ | ᠨᠡᠮᠡᠭᠳᠡᠬᠦᠯᠬᠦ ᠠᠷᠭ᠎ᠠ ᠵᠠᠮ ᠨᠠᠯᠢᠶᠠᠳ ᠢᠪᠴᠦᠦ᠂ ᠴᠡᠯᠢᠩ ᠤᠨ ᠴᠢᠨᠠᠷᠳᠠᠢ᠂ ᠡᠳ᠋ ᠬᠦᠷᠦᠩᠬᠡ ᠶᠢᠨ ᠴᠢᠨᠠᠷᠳᠠᠢ | ᠤᠷᠦᠯᠭ᠎ᠠ ᠶᠢᠨ ᠬᠠᠷᠢᠴᠠᠯ ᠳᠤᠤᠷ᠎ᠠ᠂ ᠮᠠᠯᠴᠢᠡ ᠳᠠᠷᠢᠶᠠᠴᠢᠡ ᠤ ᠠᠮᠢᠳᠦᠷᠠᠯ ᠤᠨ ᠳᠦᠪᠰᠢᠡ ᠪᠡ ᠶᠠᠰᠦ ᠴᠢᠨᠠᠷ ᠢ | ᠳᠡᠭᠡᠭᠰᠢᠯᠡᠬᠦᠯᠬᠦ ᠴᠢᠬᠤᠯᠠᠳᠠᠢ ᠪᠠᠶᠢᠬᠤ︔ ᠬᠡᠳᠦ᠋ᠢᠪᠡᠷ ᠮᠠᠯᠵᠢᠬᠤ ᠳᠠᠷᠢᠶᠠᠯᠠᠬᠤ ᠤᠷᠦᠠ ᠤ ᠳᠦᠷᠰᠦ ᠪᠠᠶᠢᠳᠠᠯ ᠳᠦᠷᠬᠡᠡ | ᠬᠤᠪᠢᠷᠠᠵᠦ ᠪᠠᠶᠢᠭ᠎ᠠ ᠪᠤᠯᠪᠠᠴᠦ ᠳᠡᠤᠬᠡ ᠶᠢᠨ ᠦᠷᠢ ᠰᠢᠷᠢ ᠨᠠᠯᠢᠶᠡᠳ ᠤᠯᠠᠠ᠂ ᠨᠡᠶᠢᠬᠡᠮ ᠤᠨ ᠦᠢᠯᠠᠰ ᠤᠨ | ᠬᠦᠭᠵᠢᠯᠳᠠ᠂ ᠰᠠᠭᠤᠷᠢ ᠳᠦᠬᠦᠬᠡᠷᠦᠮᠵᠢ ᠶᠢᠨ ᠪᠦᠳᠦᠬᠡᠡ ᠪᠠᠶᠢᠭᠤᠯᠤᠯᠳᠠ ᠪᠡ ᠤᠯᠠᠠ ᠨᠠᠶᠢᠳᠠ ᠶᠢᠨ ᠦᠡᠳᠦᠰᠦᠡ | ᠦᠢᠯᠡᠴᠢᠯᠡᠭᠡ ᠮᠦᠨᠬᠦ ᠬᠤᠴᠤᠷᠦᠩᠭᠤᠢ ᠪᠠᠶᠢᠬᠤ ᠶᠢ ᠪᠢᠳᠠ ᠪᠠᠰᠠ ᠤᠯᠵᠦ ᠦᠵᠡᠬᠦ ᠬᠡᠷᠡᠭᠳᠡᠢ᠃ ᠡᠨᠡ ᠨᠢ ᠪᠢᠳᠠ | ᠡᠷᠬᠡᠪᠰᠢ ︽ᠮᠠᠯᠵᠢᠬᠤ ᠳᠠᠷᠢᠶᠠᠯᠠᠬᠤ ᠤᠷᠦᠠ ᠮᠠᠯ ᠠᠵᠤ ᠠᠬᠤᠢ ᠳᠠᠷᠢᠶᠠᠯᠠᠩ ᠮᠠᠯᠴᠢᠡ ᠲᠠᠷᠢᠶᠠᠴᠢᠨ︾ ᠪ᠊ ᠠᠵᠢᠯ ᠢ | ᠨᠠᠩ ᠴᠢᠬᠤᠯᠠ ᠪᠠᠶᠢᠷᠢᠠ ᠳᠤ ᠳᠠᠯᠪᠢᠵᠦ᠂ ᠮᠠᠯ ᠠᠵᠦ ᠠᠬᠤᠢ ᠳᠠᠷᠢᠶᠠᠯᠠᠩ ᠤᠨ ᠬᠦᠭᠵᠢᠯᠳᠠ ᠶᠢᠨ ᠰᠢᠨ᠎ᠠ ᠤᠠᠴᠠᠯᠢᠬ | ᠰᠢᠨ᠎ᠠ ᠵᠢᠮ᠎ᠠ ᠶᠤᠰᠤ ᠶᠢ ᠡᠵᠡᠮᠰᠢᠵᠦ᠂ ᠮᠠᠯᠵᠢᠬᠤ ᠳᠠᠷᠢᠶᠠᠯᠠᠬᠤ ᠤᠷᠦᠠ ᠤ ᠠᠵᠢᠯ ᠤᠨ ᠰᠢᠨ᠎ᠠ ᠪᠠᠶᠢᠳᠠᠯ ᠰᠢᠨ᠎ᠠ | ᠡᠬᠦᠷᠬᠡ ᠳᠤ ᠵᠤᠬᠢᠴᠠᠵᠦ᠂ ᠮᠠᠯᠴᠢᠡ ᠳᠠᠷᠢᠶᠠᠴᠢᠡ ᠤ ᠰᠠᠶᠢᠠ ᠰᠠᠶᠢᠬᠠᠠ ᠠᠮᠢᠳᠤᠷᠠᠬᠤ ᠰᠢᠨ᠎ᠠ ᠡᠷᠡᠮᠡᠯᠵᠡᠯ ᠰᠢᠨ᠎ᠠ | ᠬᠦᠰᠠᠯ ᠳᠤ ᠨᠠᠶᠢᠴᠠᠬᠦᠯᠵᠦ᠂ ᠮᠠᠯ ᠠᠵᠦ ᠠᠬᠤᠢ ᠳᠠᠷᠢᠶᠠᠯᠠᠩ ᠤᠨ ᠤᠳᠦᠬᠢᠴᠢᠯᠠᠯᠳᠠ ᠪᠠᠷ ᠭᠤᠤᠯ ᠰᠢᠪᠳᠦᠯᠤᠯᠳᠠ ᠶᠢᠨ | ᠴᠢᠭᠯᠡᠯ ᠪᠤᠯᠭᠠᠵᠦ᠂ ᠰᠠᠨᠠᠭᠤᠯᠭ᠎ᠠ ᠳᠠᠬᠢ ᠡᠯ᠎ᠠ ᠵᠦᠢᠯ ᠤᠨ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠦ᠂ ᠮᠠᠯ ᠠᠵᠦ ᠠᠬᠤᠢ ᠳᠠᠷᠢᠶᠠᠯᠠᠩ ᠢ ᠬᠦᠴᠦᠷᠭᠡᠭᠵᠢᠬᠦᠯᠵᠦ᠂ ᠮᠠᠯᠴᠢᠡ ᠳᠡᠷᠢᠶᠠᠴᠢᠡ ᠢ | ᠪᠠᠶᠠᠵᠢᠭᠤᠯᠵᠦ᠂ ᠮᠠᠯᠵᠢᠬᠤ ᠳᠠᠷᠢᠶᠠᠯᠠᠬᠤ ᠤᠷᠦᠠ ᠢ ᠭᠤᠶᠤᠵᠢᠭᠤᠯᠬᠤ ᠬᠡᠷᠡᠭᠳᠡᠢ ᠬᠡᠵᠦ ᠱᠠᠭᠠᠷᠳᠠᠵᠦ ᠪᠠᠶᠢᠨ᠎ᠠ᠃ | ᠵᠢᠷᠭᠤᠳᠦᠭᠠᠷ ᠲᠤ᠂ ᠠᠮᠢ ᠠᠬᠤᠢ ᠶᠢᠨ ᠤᠷᠴᠢᠡ ᠳᠤᠭᠤᠷᠢᠠ ᠤ ᠬᠠᠮᠠᠭᠠᠯᠠᠯᠳᠠ ᠶᠢᠨ ᠳᠤᠬᠠᠢ᠃ ᠶᠠᠷᠦᠩᠬᠡᠢ | ᠱᠦᠵᠢ ᠮᠠᠠ ᠤ ᠤᠷᠦᠠ ᠳᠤ ᠰᠢᠨᠵᠢᠯᠠᠠ ᠪᠠᠶᠢᠴᠠᠭᠠᠬᠤ ᠳᠠᠭᠠᠨ᠂ ︽ᠦᠪᠤᠷ ᠮᠤᠩᠭᠤᠯ ᠤᠨ ᠠᠮᠢ ᠠᠬᠤᠢ ᠶᠢᠨ | ᠪᠠᠶᠢᠳᠠᠯ ᠶᠠᠮᠠᠷ ᠰᠢᠬ ᠪᠠᠶᠢᠬᠤ ᠨᠢ ᠦᠪᠤᠷ ᠮᠤᠩᠭᠤᠯ ᠤᠨ ᠦᠨᠳᠦᠰᠦᠳᠠᠠ ᠨᠦᠭᠦᠳ ᠤᠨ ᠤᠯᠠᠠ ᠳᠦᠮᠡᠡ ᠤ ᠤᠷᠦᠰᠢᠡ | ᠳᠤᠬᠳᠠᠨᠢᠬᠤ ᠪᠡ ᠬᠦᠭᠵᠢᠬᠦ ᠲᠠᠢ ᠬᠤᠯᠪᠤᠬᠳᠠᠬᠤ ᠪᠠᠷ ᠪᠠᠷᠠᠬᠤ ᠦᠬᠡᠢ ᠪᠠᠰᠠ ᠤᠮᠠᠷᠠᠳᠦ ᠤᠷᠦᠠ᠂ ᠵᠡᠬᠦᠡ ᠬᠤᠶᠢᠳᠦ | ᠤᠷᠦᠠ᠂ ᠪᠠᠷᠠᠭᠤᠠ ᠬᠤᠶᠢᠳᠦ ᠤᠷᠦᠠ ᠴᠢᠨᠠᠬᠰᠢᠯᠠᠪᠡᠯ ᠪᠦᠬᠦ ᠤᠯᠥᠰ ᠤᠨ ᠠᠮᠢ ᠠᠬᠤᠢ ᠶᠢᠨ ᠠᠮᠤᠷ ᠳᠦᠪᠰᠢᠡ ᠲᠠᠢ | ᠬᠤᠯᠪᠤᠬᠳᠠᠨ᠎ᠠ︾ ᠬᠡᠵᠦ ᠵᠢᠭᠠᠵᠦ ᠭᠠᠷᠭᠠᠭᠠᠳ ︽ᠦᠪᠤᠷ ᠮᠤᠩᠭᠤᠯ ᠢ ᠮᠠᠠ ᠤ ᠤᠯᠥᠰ ᠤᠨ ᠤᠮᠠᠷᠠᠳᠦ ᠶᠢᠨ | ᠴᠢᠬᠤᠯᠠ ᠠᠮᠢ ᠠᠬᠤᠢ ᠶᠢᠨ ᠠᠮᠤᠷ ᠳᠦᠪᠰᠢᠡ ᠤ ᠬᠠᠯᠬᠠᠪᠴᠢ ᠪᠤᠯᠭᠠᠠ ᠪᠦᠳᠦᠬᠡᠡ ᠪᠠᠶᠢᠭᠤᠯᠬᠤ ᠪᠠᠷ ᠴᠢᠷᠮᠠᠶᠢᠬᠤ | ᠬᠡᠷᠡᠭᠳᠡᠢ︾ ᠬᠡᠵᠦ ᠱᠠᠭᠠᠷᠳᠠᠪᠡ᠃ ᠨᠠᠮ ᠤᠨ ᠠᠷᠪᠡᠡ ᠨᠠᠢᠮᠠᠳᠤᠭᠠᠷ ᠬᠤᠭᠤᠴᠠᠭᠠᠠ ᠤ ᠳᠦᠪ ᠬᠤᠷᠢᠶᠠᠠ ᠤ | ᠳᠠᠪᠤᠳᠦᠭᠠᠷ ᠪᠦᠬᠦᠳᠠ ᠬᠤᠷᠠᠯ ᠠᠴᠠ ᠪᠤᠬᠢᠷᠳᠦᠯ ᠦᠬᠡᠢ ᠬᠦᠭᠵᠢᠯᠳᠡ ᠶᠢᠨ ᠴᠢᠬᠤᠯᠠ ᠣᠨᠣᠯᠵᠢᠬᠤᠨ ᠢ ᠳᠤᠷᠠᠳᠴᠤ᠂ | ᠪᠤᠬᠢᠷᠳᠦᠯ ᠦᠬᠡᠢ ᠬᠦᠭᠵᠢᠯᠳᠡ ᠶᠢ ᠪᠠᠷᠢᠮᠳᠠᠯᠠᠵᠦ᠂ ᠦᠵᠠᠰᠬᠦᠯᠠᠩᠳᠦ ᠰᠠᠶᠢᠬᠠᠠ ᠳᠤᠮᠳᠠᠳᠦ ᠤᠯᠥᠰ ᠢ ᠪᠦᠳᠦᠬᠡᠡ | ᠪᠠᠶᠢᠭᠤᠯᠵᠦ᠂ ᠬᠦᠮᠦᠡ ᠪᠡ ᠪᠠᠶᠢᠭᠠᠯᠢ ᠡᠶ᠎ᠡ ᠵᠤᠬᠢᠴᠠᠩᠭᠤᠢ ᠪᠠᠷ ᠬᠠᠮᠳᠦ ᠤᠷᠦᠰᠢᠬᠤ ᠶᠢ ᠠᠬᠢᠭᠤᠯᠬᠤ ᠬᠡᠷᠡᠭᠳᠡᠢ ᠬᠡᠵᠦ | ᠴᠢᠬᠤᠯᠠᠴᠢᠯᠡᠵᠡᠢ᠃ ᠰᠠᠨᠠᠭᠤᠯᠭ᠎ᠠ ᠶᠢᠨ ᠨᠤᠤᠷᠠᠬ ᠲᠤ ᠮᠠᠠ ᠤ ᠤᠷᠦᠠ ᠤ ︽13· 5︾ ᠶᠢᠨ ᠲᠦᠯᠦᠪᠵᠢᠭᠦᠯᠭᠡ | ᠶᠢᠨ ᠬᠤᠭᠤᠴᠠᠭᠠᠠ ᠳᠠᠬᠢ ᠪᠤᠬᠢᠷᠳᠦᠯ ᠦᠬᠡᠢ ᠬᠦᠭᠵᠢᠯᠳᠡ ᠶᠢ ᠪᠠᠷᠢᠮᠳᠠᠯᠠᠬᠤ ᠳᠤᠬᠠᠢ ᠪᠦᠬᠦ ᠳᠠᠯ᠎ᠠ ᠪᠠᠷ | ᠪᠠᠶᠢᠷᠢᠯᠠᠭᠤᠯᠤᠯᠳᠠ ᠬᠢᠪᠡ᠃ ᠡᠨᠡ ᠨᠢ ᠶᠠᠷᠦᠩᠬᠡᠢ ᠱᠦᠵᠢ ᠶᠢᠨ ᠮᠠᠠ ᠤ ᠤᠷᠦᠠ ᠳᠤ ᠰᠢᠨᠵᠢᠯᠠᠠ ᠪᠠᠶᠢᠴᠠᠭᠠᠬᠤ ᠲᠠᠭᠠᠨ | ᠳᠠᠯᠪᠢᠬᠰᠠᠠ ᠴᠢᠬᠤᠯᠠ ᠶᠡᠷᠢᠶ᠎ᠠ ᠪᠡ ᠳᠠᠪᠤᠳᠦᠭᠠᠷ ᠪᠦᠬᠦᠳᠠ ᠬᠤᠷᠠᠯ ᠤᠨ ᠵᠤᠷᠢᠬ ᠰᠠᠨᠠᠭ᠎ᠠ ᠶᠢ ᠳᠤᠤᠱᠯᠠᠭᠤᠯᠤᠠ | ᠨᠠᠶᠢᠳᠠᠪᠤᠷᠢᠵᠢᠭᠤᠯᠬᠤ ᠶᠢᠨ ᠴᠢᠬᠤᠯᠠ ᠶᠡᠭᠡ ᠤᠯᠤᠰ ᠳᠦᠷᠦ ᠶᠢᠨ ᠡᠬᠦᠷᠬᠡ ᠮᠦᠠ᠂ ᠮᠠᠠ ᠤ ᠤᠯᠥᠰ ᠤᠨ | ᠤᠮᠠᠷᠠᠳᠦ ᠶᠢᠨ ᠴᠢᠬᠤᠯᠠ ᠠᠮᠢ ᠠᠬᠤᠢ ᠶᠢᠨ ᠠᠮᠤᠷ ᠳᠦᠪᠰᠢᠡ ᠤ ᠬᠠᠯᠬᠠᠪᠴᠢ ᠪᠡ ᠪᠤᠬᠢᠷᠳᠦᠯ ᠦᠬᠡᠢ ᠪᠠᠶᠠᠠ | ᠴᠢᠨᠡᠬᠡᠯᠢᠭ ᠤᠷᠦᠠ ᠢ ᠪᠦᠳᠤᠬᠡᠡ ᠪᠠᠶᠢᠭᠤᠯᠬᠤ᠂ ᠪᠤᠬᠢᠷᠳᠦᠯ ᠦᠬᠡᠢ ᠪᠠᠷ ᠠᠷᠠᠳ ᠲᠤ ᠠᠰᠢᠬ ᠬᠦᠷᠳᠡᠭᠡᠬᠦ ᠶᠢᠨ | ᠵᠠᠶᠢᠯᠠᠰᠢᠦᠬᠡᠢ ᠱᠠᠭᠠᠷᠳᠠᠯᠭ᠎ᠠ ᠮᠦᠠ᠃ | ᠪᠤᠬᠢᠷᠳᠦᠯ ᠦᠬᠡᠢ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢᠨ ᠠᠴᠢ ᠬᠤᠯᠪᠤᠬᠳᠠᠯ ᠪᠡ ᠬᠠᠷᠠᠯᠳᠠ | ᠡᠬᠦᠷᠬᠡ ᠶᠢᠨ ᠳᠤᠬᠠᠢ ᠪᠢᠳᠠ ᠦᠵᠡᠯ ᠰᠠᠨᠠᠭ᠎ᠠ ᠳᠠᠨᠢᠯᠳᠠ ᠶᠢᠨ ᠲᠠᠯ᠎ᠠ ᠪᠠᠷ ᠡᠷᠬᠡᠪᠰᠢ ᠰᠢᠨ᠎ᠠ ᠦᠰᠦᠷᠦᠯᠳᠠ ᠭᠠᠷᠭᠠᠬᠤ | ᠬᠡᠷᠡᠭᠳᠡᠢ᠃ ᠦᠪᠤᠷ ᠮᠤᠩᠭᠤᠯ ︽ᠤᠮᠠᠷᠠᠳᠦ ᠭᠤᠷᠪᠡᠡ ᠤᠷᠦᠠ︾ ᠢ ᠬᠦᠠᠳᠠᠯᠢᠰᠴᠦ ᠪᠠᠶᠢᠬᠤ ᠪᠤᠯᠬᠤᠷ ᠮᠠᠠ ᠤ | ᠤᠯᠥᠰ ᠤᠨ ᠤᠮᠠᠷᠠᠳᠦ ᠶᠢᠨ ᠳᠠᠯᠠᠪᠡᠢ ᠪᠠᠷ ᠬᠠᠮᠤᠬ ᠤᠨ ᠶᠡᠭᠡ᠂ ᠳᠦᠷᠦᠯ ᠵᠦᠢᠯ ᠬᠠᠮᠤᠬ ᠪᠦᠷᠢᠠ ᠬᠦᠢᠴᠠᠳ ᠪᠦᠬᠦᠢ | ᠠᠮᠢ ᠠᠬᠤᠢ ᠶᠢᠨ ᠰᠢᠰᠲ᠋ᠧᠮ ᠪᠤᠯᠵᠤ ᠪᠠᠶᠢᠨ᠎ᠠ᠂ ᠤᠯᠥᠰ ᠤᠨ ᠠᠮᠢ ᠠᠬᠤᠢ ᠶᠢᠨ ᠠᠮᠤᠷ ᠳᠦᠪᠰᠢᠡ ᠤ ᠶᠡᠭᠡ ᠪᠠᠶᠢᠳᠠᠯ | ᠳᠤ ᠴᠢᠬᠤᠯᠠ ᠪᠠᠶᠢᠷᠢ ᠶᠢ ᠡᠵᠡᠯᠡᠵᠦ ᠪᠠᠶᠢᠨ᠎ᠠ᠃ ᠮᠠᠠ ᠤ ᠤᠷᠦᠠ ᠤ ᠠᠮᠢ ᠠᠬᠤᠢ ᠶᠢᠨ ᠤᠷᠴᠢᠡ ᠳᠤᠭᠤᠷᠢᠠ ᠢ | ᠰᠠᠶᠢᠳᠦᠷ ᠬᠠᠮᠠᠭᠠᠯᠠᠬᠤ ᠪᠡ ᠪᠦᠳᠦᠬᠡᠡ ᠪᠠᠶᠢᠭᠤᠯᠬᠤ ᠨᠢ ᠦᠪᠤᠷ ᠮᠤᠩᠭᠤᠯ ᠤᠨ ᠳᠤᠰ ᠪᠡᠶ᠎ᠠ ᠶᠢᠨ ᠬᠦᠭᠵᠢᠯᠳᠠ ᠶᠢᠨ | ᠭᠡᠷᠡᠭᠴᠡᠭᠡ ᠪᠤᠯᠬᠤ ᠮᠦᠷᠳᠡᠬᠡᠡ ᠨᠠᠩ ᠴᠦ ᠤᠯᠤᠰ ᠤᠨ ᠠᠮᠢ ᠠᠬᠤᠢ ᠶᠢ ᠬᠠᠮᠠᠭᠠᠯᠠᠬᠤ ᠭᠡᠷᠡᠭᠴᠡᠭᠡ ᠪᠤᠯᠤᠨ᠎ᠠ᠂ | ᠡᠷᠬᠡᠪᠰᠢ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠡᠬᠦᠷᠬᠡ ᠶᠢᠨ ᠬᠤᠪᠢ ᠪᠠᠷ ᠴᠦᠬᠦᠷᠠᠰᠢ ᠦᠬᠡᠢ ᠴᠢᠩᠭ᠎ᠠ | ᠠᠳᠬᠤᠵᠦ ᠰᠠᠶᠢᠳᠦᠷ ᠠᠳᠬᠤᠬᠤ ᠬᠡᠷᠡᠭᠳᠡᠢ ᠬᠡᠳᠡᠭ ᠢ ᠵᠠᠪᠠᠯ ᠤᠯᠵᠦ ᠦᠵᠡᠬᠦ ᠬᠡᠷᠡᠭᠳᠡᠢ︔ ᠪᠤᠬᠢᠷᠳᠦᠯ ᠦᠬᠡᠢ ᠠᠮᠢ | ᠠᠬᠤᠢ ᠪᠤᠯ ᠦᠪᠤᠷ ᠮᠤᠩᠭᠤᠯ ᠤᠨ ᠬᠠᠮᠤᠬ ᠶᠡᠭᠡ ᠳᠠᠪᠠᠭᠤᠯᠢᠬ ᠪᠡ ᠬᠠᠮᠤᠬ ᠤᠨ ᠨᠦᠯᠦᠭᠡ ᠲᠠᠢ ᠨᠠᠷᠠᠳᠦ ᠳᠡᠮᠳᠡᠭ | ᠪᠤᠯᠤᠨ᠎ᠠ᠂ ᠪᠤᠬᠢᠷᠳᠦᠯ ᠦᠬᠡᠢ ᠡᠬᠢ ᠪᠠᠶᠠᠯᠢᠬ ᠲᠤ ᠳᠦᠰᠢᠭᠯᠡᠡ ᠪᠤᠬᠢᠷᠳᠦᠯ ᠦᠬᠡᠢ ᠠᠵᠦ ᠠᠬᠤᠢ ᠶᠢ ᠬᠦᠭᠵᠢᠬᠦᠯᠬᠦ | ᠪᠤᠯ ᠮᠠᠠ ᠤ ᠤᠷᠦᠠ ᠤ ᠦᠨᠢᠳᠠ ᠶᠢᠨ ᠬᠦᠭᠵᠢᠯᠳᠠ ᠶᠢ ᠪᠠᠶᠠᠯᠠᠬᠦᠯᠬᠦ ᠵᠠᠶᠢᠯᠠᠰᠢ ᠦᠬᠡᠢ ᠠᠷᠭ᠎ᠠ ᠵᠡᠮ ᠪᠡ ᠬᠠᠮᠤᠬ ᠶᠡᠭᠡ | ᠳᠠᠯᠳᠠ ᠬᠦᠴᠦᠡ ᠪᠤᠯᠬᠤ ᠬᠡᠳᠡᠭ ᠢ ᠵᠠᠪᠡᠯ ᠤᠯᠵᠦ ᠦᠵᠡᠬᠦ ᠬᠡᠷᠡᠭᠳᠡᠢ︔ ᠪᠤᠬᠢᠷᠳᠦᠯ ᠦᠬᠡᠢ ᠪᠠᠶᠢᠬᠤ ᠪᠤᠯ ᠠᠷᠠᠳ | ᠳᠦᠮᠡᠡ ᠤ ᠰᠠᠶᠢᠠ ᠰᠠᠶᠢᠬᠠᠠ ᠠᠮᠢᠳᠦᠷᠠᠯ ᠤᠨ ᠬᠦᠬᠡᠬᠡᠴᠡᠯᠳᠦᠯ ᠤᠨ ᠴᠢᠬᠤᠯᠠ ᠢᠯᠠᠷᠠᠯ ᠮᠦᠠ᠂ ᠡᠷᠬᠡᠪᠰᠢ | ᠦᠨᠳᠦᠰᠦᠳᠠᠠ ᠨᠦᠭᠦᠳ ᠤᠨ ᠠᠷᠠᠳ ᠳᠦᠮᠡᠡ ᠤ ᠴᠠᠪᠠᠷ ᠰᠠᠶᠢᠬᠠᠠ ᠠᠭᠤᠷ ᠠᠮᠢᠰᠬᠤᠯ᠂ ᠠᠷᠢᠭᠤᠠ ᠴᠠᠪᠠᠷ ᠤᠰᠦ | ᠤᠮᠳᠠ᠂ ᠠᠮᠤᠷ ᠳᠦᠪᠰᠢᠡ ᠢᠳᠠᠬᠡᠡ᠂ ᠭᠤᠶᠤ ᠰᠠᠶᠢᠬᠠᠠ ᠤᠷᠴᠢᠡ ᠳᠤᠭᠤᠷᠢᠠ ᠤ ᠳᠤᠬᠠᠢ ᠬᠦᠰᠠᠯ ᠪᠠ | ᠱᠠᠭᠠᠷᠳᠠᠯᠭ᠎ᠠ ᠲᠤ ᠨᠡᠶᠢᠴᠡᠬᠦᠯᠵᠦ᠂ ᠠᠮᠢ ᠠᠬᠤᠢ ᠶᠢᠨ ᠤᠷᠴᠢᠡ ᠳᠤᠭᠤᠷᠢᠠ ᠢ ᠰᠠᠶᠢᠵᠢᠷᠠᠭᠤᠯᠬᠤ ᠪᠠᠷ ᠬᠦᠴᠤᠯᠡᠡ | ᠴᠢᠷᠮᠠᠶᠢᠵᠦ᠂ ᠦᠷᠬᠡᠡ ᠤᠯᠠᠠ ᠳᠦᠮᠡᠡ ᠳᠤ ᠨᠠᠩ ᠤᠯᠠᠠ ᠨᠠᠩ ᠰᠠᠶᠢᠠ ᠠᠮᠢ ᠠᠬᠤᠢ ᠶᠢᠨ ᠪᠦᠳᠦᠬᠡᠭᠳᠡᠬᠦᠡ | ᠬᠠᠩᠭᠠᠬᠤ ᠬᠡᠷᠡᠭᠳᠡᠢ ᠬᠡᠳᠡᠭ ᠢ ᠵᠡᠪᠡᠯ ᠤᠯᠵᠦ ᠦᠵᠡᠬᠦ ᠬᠡᠷᠡᠭᠳᠡᠢ᠃ ᠪᠠᠭᠴᠠᠯᠠᠭᠠᠳ ᠬᠡᠯᠡᠪᠡᠯ᠂ ᠬᠤᠶᠢᠰᠢᠳᠠ ᠶᠢᠨ | ᠬᠦᠭᠵᠢᠯᠳᠡ ᠳᠤᠮᠳᠠ ᠪᠦᠬᠦ ᠤᠷᠦᠠ ᠳᠠᠶᠠᠭᠠᠷ ᠪᠤᠬᠢᠷᠳᠦᠯ ᠦᠬᠡᠢ ᠬᠦᠭᠵᠢᠯᠳᠡ ᠶᠢᠨ ᠦᠢᠯᠠᠭᠠᠬᠳᠠᠬᠤᠠ ᠢ ᠨᠠᠩ ᠪᠠᠳᠦ | ᠪᠤᠢ ᠪᠤᠯᠭᠠᠵᠦ᠂ ᠠᠮᠢ ᠠᠬᠤᠢ ᠶᠢᠨ ᠤᠷᠴᠢᠡ ᠳᠤᠭᠤᠷᠢᠠ ᠢ ᠰᠠᠶᠢᠵᠢᠷᠠᠭᠤᠯᠬᠤ ᠠᠵᠢᠯ ᠢ ᠨᠠᠩ ᠪᠠᠳᠦᠳᠠᠢ ᠠᠳᠬᠤᠵᠦ᠂ | ᠪᠤᠬᠢᠷᠳᠦᠯ ᠦᠬᠡᠢ ᠬᠦᠭᠵᠢᠯᠳᠠ ᠶᠢᠨ ᠠᠷᠭ᠎ᠠ ᠬᠡᠯᠪᠡᠷᠢ ᠪᠡ ᠠᠮᠢᠳᠦᠷᠠᠯ ᠤᠨ ᠠᠷᠭ᠎ᠠ ᠬᠡᠯᠪᠡᠷᠢ ᠶᠢ ᠪᠦᠷᠢᠯᠳᠦᠬᠦᠯᠬᠦ ᠶᠢ | ᠳᠦᠷᠬᠡᠳᠬᠡᠵᠦ᠂ ᠦᠢᠯᠠᠳᠪᠤᠷᠢᠯᠠᠯ ᠬᠦᠭᠵᠢᠭᠰᠡᠨ᠂ ᠠᠮᠢᠳᠦᠷᠠᠯ ᠪᠠᠶᠠᠯᠢᠬᠵᠢᠬᠰᠠᠨ᠂ ᠠᠮᠢ ᠠᠬᠤᠢ ᠰᠠᠶᠢᠨ ᠰᠠᠶᠢᠬᠠᠨ | ᠪᠠᠶᠢᠬᠤ ᠶᠢ ᠤᠷᠭᠠᠨᠢᠬ ᠢᠶᠠᠷ ᠨᠢᠬᠡᠳᠬᠡᠬᠦ ᠶᠢ ᠪᠠᠶᠠᠯᠠᠬᠦᠯᠬᠦ ᠪᠠᠷ ᠴᠢᠷᠮᠠᠶᠢᠵᠦ᠂ ᠦᠪᠤᠷ ᠮᠤᠩᠭᠤᠯ ᠤᠠ ᠡᠬᠡ ᠭᠠᠵᠠᠷ ᠤᠨ | ᠠᠭᠤᠯᠠᠰ ᠢ ᠬᠡᠵᠢᠶᠡᠳᠡ ᠬᠦᠬᠡᠮᠳᠦᠭ ᠢᠶᠠᠷ᠂ ᠤᠰᠦ ᠶᠢ ᠬᠡᠵᠢᠶᠡᠳᠡ ᠲᠤᠩᠭᠠᠯᠠᠬ ᠢᠶᠠᠷ᠂ ᠤᠬᠳᠠᠷᠭᠤᠢ ᠶᠢ ᠬᠡᠵᠢᠶᠡᠳᠡ | ᠴᠡᠯᠮᠡᠭ ᠢᠶᠠᠷ ᠪᠠᠶᠢᠯᠭᠠᠬᠤ ᠬᠡᠷᠡᠭᠳᠡᠢ᠃ | ᠲᠤᠯᠤᠳᠤᠭᠠᠷ ᠲᠤ᠂ ᠭᠠᠲᠠᠭᠠᠲᠤ ᠨᠡᠭᠡᠭᠡᠯᠲᠡ ᠶᠢ ᠦᠷᠭᠡᠳᠭᠡᠬᠦ ᠲᠤᠬᠠᠢ᠃ ᠦᠪᠦᠷ ᠮᠤᠩᠭᠤᠯ ᠪᠤᠯ ᠮᠠᠠ ᠤ | ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠤᠷᠤᠨ ᠪᠤᠯᠤᠨ᠎ᠠ᠂ ᠬᠢᠯᠢ ᠲᠠᠭᠠᠤ ᠨᠡᠭᠡᠭᠡᠯᠲᠡ ᠬᠢᠭᠰᠡᠡ | ᠦᠪᠡᠷᠮᠢᠴᠡ ᠲᠠᠪᠠᠭᠤᠯᠢᠭ ᠲᠠᠢ ᠶᠤᠮ᠃ ᠶᠡᠷᠦᠩᠭᠡᠢ ᠱᠦᠵᠢ ᠮᠠᠠ ᠤ ᠤᠷᠤᠨ ᠳᠤ ᠰᠢᠨᠵᠢᠯᠡᠡ ᠪᠠᠶᠢᠴᠠᠭᠠᠬᠤ ᠲᠠᠭᠠᠨ᠄ | ︽ᠨᠡᠭᠡᠭᠡᠯᠲᠡ ᠶᠢ ᠦᠷᠭᠡᠳᠭᠡᠬᠦ ᠪᠠᠷ ᠲᠠᠮᠵᠢᠭᠤᠯᠵᠦ ᠦᠭᠡᠷᠡᠴᠢᠯᠡᠯᠲᠡ ᠬᠦᠭᠵᠢᠯᠲᠠ ᠶᠢ ᠠᠬᠢᠭᠤᠯᠵᠦ᠂ ᠬᠢᠯᠢ ᠶᠢᠨ | ᠪᠤᠭᠤᠮᠲᠠ ᠶᠢᠨ ᠠᠵᠦ ᠠᠬᠤᠢ ᠶᠢ ᠬᠦᠭᠵᠢᠭᠦᠯᠵᠦ᠂ ᠰᠠᠭᠤᠷᠢ ᠲᠦᠬᠦᠭᠡᠷᠦᠮᠵᠢ ᠶᠢᠨ ᠪᠦᠲᠦᠭᠡᠡ ᠪᠠᠶᠢᠭᠤᠯᠤᠯᠲᠠ ᠶᠢ | ᠴᠢᠩᠭᠠᠳᠬᠠᠠ᠂ ᠤᠷᠤᠰ᠂ ᠮᠤᠩᠭᠤᠯ ᠯᠤᠭ᠎ᠠ ᠶᠢᠨ ᠬᠠᠮᠲᠤᠷᠠᠯᠴᠠᠭ᠎ᠠ ᠬᠢᠬᠦ ᠲᠤᠭᠲᠠᠴᠠ ᠶᠢ ᠲᠡᠭᠦᠯᠲᠡᠷᠵᠢᠭᠦᠯᠦᠨ᠂ ᠡᠯ᠎ᠠ | ᠬᠦᠷᠢᠶᠡᠡ ᠳᠠᠬᠢ ᠬᠠᠮᠲᠤᠷᠠᠯᠴᠠᠭ᠎ᠠ ᠶᠢ ᠬᠦᠨᠵᠡᠭᠡᠶᠢᠷᠡᠭᠦᠯᠵᠤ᠂ ᠦᠪᠦᠷ ᠮᠤᠩᠭᠤᠯ ᠢ ᠮᠠᠠ ᠤ ᠤᠯᠤᠰ ᠤᠨ ᠤᠮᠠᠷᠠᠰᠢ | ᠨᠡᠭᠡᠭᠡᠯᠳᠡ ᠬᠢᠬᠦ ᠴᠢᠬᠤᠯᠠ ᠪᠠᠬᠢᠯᠡᠯᠲᠡ ᠪᠤᠯᠭᠠᠠ ᠪᠦᠲᠦᠭᠡᠡ ᠪᠠᠶᠢᠭᠤᠯᠬᠤ ᠭᠡᠷᠡᠭᠲᠡᠢ︾ ᠭᠡᠵᠦ ᠱᠠᠭᠠᠷᠲᠠᠵᠠᠢ᠃ ᠤᠯᠤᠰ | ᠤᠨ ︽ᠨᠢᠭᠡ ᠪᠦᠰᠡ ᠨᠢᠭᠡ ᠵᠠᠮ︾ ᠤᠨ ᠪᠦᠲᠦᠭᠡᠡ ᠪᠠᠶᠢᠭᠤᠯᠤᠯᠲᠠ ᠪᠤᠯᠤᠨ ᠤᠷᠴᠢᠨ ᠲᠤᠭᠤᠷᠢᠨ ᠢ ᠲᠦᠰᠦᠪᠯᠡᠨ | ᠰᠢᠳᠪᠤᠷᠢᠯᠡᠬᠦ ᠵᠡᠷᠭᠡ ᠪᠠᠶᠢᠯᠲᠤᠬᠤ ᠪᠤᠲᠤᠯᠭ᠎ᠠ ᠶᠢ ᠬᠦᠨᠵᠡᠭᠡᠢ ᠭᠡᠷᠡᠭᠵᠢᠭᠦᠯᠬᠦ ᠶᠢᠨ ᠤᠯᠠᠮ ᠢᠶᠠᠷ᠂ ᠤᠯᠤᠰ ᠤᠨ | ᠭᠠᠲᠠᠭᠠᠲᠤ ᠨᠡᠭᠡᠭᠡᠯᠲᠡ ᠬᠢᠬᠦ ᠪᠠᠶᠢᠷᠢᠰᠢᠯ ᠳᠠᠬᠢ ᠮᠠᠠ ᠤ ᠤᠷᠤᠨ ᠤ ᠪᠠᠶᠢᠷᠢ ᠰᠠᠭᠤᠷᠢ ᠨᠡᠩ ᠴᠢᠬᠤᠯᠠ ᠪᠤᠯᠵᠦ᠂ | ᠦᠢᠯᠡᠲᠦᠯ ᠨᠡᠩ ᠲᠤᠪᠤᠶᠢᠮ᠎ᠠ ᠪᠤᠯᠵᠠᠢ᠃ ᠨᠠᠮ ᠤᠨ ᠠᠷᠪᠠᠠ ᠨᠠᠢᠮᠠᠲᠤᠭᠠᠷ ᠬᠤᠭᠤᠴᠠᠭᠠᠠ ᠤ ᠲᠦᠪ ᠬᠤᠷᠢᠶᠠᠠ ᠤ | ᠲᠠᠪᠤᠲᠤᠭᠠᠷ ᠪᠦᠬᠦᠲᠠ ᠬᠤᠷᠠᠯ ᠠᠴᠠ ᠨᠡᠭᠡᠭᠡᠯᠲᠡᠲᠦ ᠬᠦᠭᠵᠢᠯᠲᠠ ᠶᠢᠨ ᠣᠨᠣᠯᠵᠢᠬᠤᠨ ᠢ ᠲᠤᠷᠠᠳᠴᠤ᠂ ᠭᠠᠲᠠᠭᠠᠲᠤ | ᠨᠡᠭᠡᠭᠡᠯᠲᠡ ᠬᠢᠬᠦ ᠠᠭᠤᠯᠤᠭᠲᠠᠬᠤᠨ ᠢ ᠪᠠᠶᠠᠯᠢᠠᠠᠵᠢᠭᠤᠯᠪᠠ᠂ ᠡᠨᠡ ᠨᠢ ᠭᠠᠲᠠᠭᠠᠲᠤ ᠨᠡᠭᠡᠭᠡᠯᠲᠡ ᠬᠢᠬᠦ ᠶᠠᠰᠤ ᠴᠢᠨᠠᠷ | ᠪᠤᠯᠤᠨ ᠬᠦᠭᠵᠢᠯᠲᠡ ᠶᠢᠨ ᠲᠤᠲᠤᠭᠠᠲᠤ ᠭᠠᠲᠠᠭᠠᠲᠤ ᠶᠢᠨ ᠬᠠᠮᠳᠤᠷᠠᠯᠴᠠᠬᠤ ᠴᠢᠨᠠᠷ ᠢ ᠤᠯᠠᠮ ᠴᠢᠨᠠᠭᠰᠢᠲᠠ | ᠲᠡᠭᠡᠭᠰᠢᠯᠡᠭᠦᠯᠵᠦ᠂ ᠮᠠᠠ ᠤ ᠤᠷᠤᠨ ᠤ ᠤᠷᠤᠨ ᠪᠠᠶᠢᠷᠢ ᠶᠢᠨ ᠲᠠᠪᠠᠭᠤᠯᠢᠭ ᠢᠶᠠᠨ ᠪᠠᠲᠠᠷᠠᠭᠤᠯᠵᠦ᠂ ᠨᠡᠭᠡᠭᠡᠯᠲᠡᠲᠦ | ᠭᠡᠯᠪᠡᠷᠢ ᠶᠢᠨ ᠠᠵᠦ ᠠᠬᠤᠢ ᠶᠢ ᠬᠦᠭᠵᠢᠭᠦᠯᠬᠦ ᠳᠤ ᠰᠢᠨ᠎ᠠ ᠲᠡᠤᠬᠡ ᠶᠢᠨ ᠠᠵᠠ ᠲᠤᠬᠢᠶᠠᠯ ᠬᠠᠩᠭᠠᠵᠠᠢ᠃ | ᠰᠠᠨᠠᠭᠤᠯᠭ᠎ᠠ ᠶᠢᠨ ᠨᠤᠤᠷᠠᠭ ᠨᠢ ᠮᠠᠠ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ | ᠪᠠᠶᠢᠭᠤᠯᠬᠤ ᠪᠠᠷ ᠬᠠᠷᠠᠯᠲᠠ ᠪᠤᠯᠭᠠᠵᠤ᠂ ᠮᠠᠠ ᠤ ᠤᠷᠤᠨ ᠤ ᠨᠡᠭᠡᠭᠡᠯᠲᠡᠲᠦ ᠬᠦᠭᠵᠢᠯᠲᠠ ᠶᠢ ᠪᠠᠷᠢᠮᠲᠠᠯᠠᠵᠦ᠂ | ᠨᠡᠭᠡᠭᠡᠯᠳᠡᠳᠤ ᠬᠡᠯᠪᠡᠷᠢ ᠶᠢᠨ ᠠᠵᠦ ᠠᠬᠤᠢ ᠶᠢᠨ ᠲᠦᠪᠰᠢᠨ ᠢ ᠲᠡᠭᠡᠭᠰᠢᠯᠡᠭᠦᠯᠬᠦ ᠳᠤ ᠲᠤᠲᠤᠷᠬᠠᠢ ᠱᠠᠭᠠᠷᠲᠠᠯᠭ᠎ᠠ | ᠲᠤᠷᠠᠳᠴᠤ᠂ ᠮᠠᠰᠢ ᠴᠢᠩᠭ᠎ᠠ ᠵᠢᠯᠤᠭᠤᠳᠬᠤ ᠴᠢᠨᠠᠷ ᠪᠠ ᠴᠢᠭᠯᠡᠭᠦᠯᠦᠯᠲᠦ ᠴᠢᠨᠠᠷ ᠲᠠᠢ ᠪᠠᠶᠢᠭ᠎ᠠ ᠶᠤᠮ᠃ ᠪᠢᠲᠠ ᠵᠠᠪᠠᠯ | ᠨᠠᠮ ᠤᠨ ᠲᠦᠪ ᠬᠤᠷᠢᠶ᠎ᠠ ᠪᠤᠯᠤᠨ ᠦᠪᠡᠷᠲᠡᠭᠡᠡ ᠵᠠᠰᠬᠠᠤ ᠤᠷᠤᠨ ᠤ ᠨᠠᠮ ᠤᠨ ᠬᠤᠷᠢᠶᠠᠠ ᠤ ᠱᠠᠭᠠᠷᠲᠠᠯᠭ᠎ᠠ | ᠶᠤᠰᠤᠭᠠᠷ᠂ ᠨᠡᠭᠡᠭᠡᠯᠲᠠᠲᠦ ᠬᠦᠭᠵᠢᠯᠲᠠ ᠶᠢᠨ ᠣᠨᠣᠯᠵᠢᠬᠤᠨ ᠢ ᠪᠠᠲᠤ ᠪᠤᠢ ᠪᠤᠯᠭᠠᠵᠤ᠂ ᠤᠯᠤᠰ ᠤᠨ ︽ᠨᠢᠭᠡ ᠪᠦᠰᠡ | ᠨᠢᠭᠡ ᠵᠠᠮ︾ ᠤᠨ ᠪᠦᠲᠦᠭᠡᠡ ᠪᠠᠶᠢᠭᠤᠯᠤᠯᠲᠠ ᠶᠢᠨ ᠪᠠᠶᠢᠯᠲᠤᠬᠤ ᠪᠤᠲᠤᠯᠭ᠎ᠠ ᠲᠠᠢ ᠬᠦᠨᠵᠡᠭᠡᠢ ᠠᠭᠤᠰᠤᠯᠴᠠᠭᠤᠯᠵᠦ᠂ | ᠭᠠᠲᠠᠭᠠᠲᠤ ᠨᠡᠭᠡᠭᠡᠯᠲᠡ ᠶᠢ ᠪᠦᠬᠦ ᠲᠠᠯ᠎ᠠ ᠪᠠᠷ ᠦᠷᠭᠡᠳᠭᠡᠵᠦ ᠢᠯᠠᠩᠭᠤᠶ᠎ᠠ ᠤᠷᠤᠰ ᠪᠤᠯᠤᠨ ᠮᠤᠩᠭᠤᠯ ᠲᠡᠰᠢ | ᠨᠡᠭᠡᠭᠡᠯᠲᠡ ᠬᠢᠵᠦ᠂ ᠲᠤᠲᠤᠭᠠᠲᠤ ᠨᠡᠭᠡᠭᠡᠯᠲᠡ ᠪᠠᠨ ᠪᠦᠬᠦ ᠲᠠᠯ᠎ᠠ ᠪᠠᠷ ᠦᠷᠭᠡᠳᠭᠡᠵᠦ ᠢᠯᠠᠩᠭᠤᠶ᠎ᠠ ᠪᠡᠭᠡᠵᠢᠩ ᠲᠢᠶᠠᠠᠵᠢᠨ | ᠡᡁᠧᠪᠸᠢ᠂ ᠬᠦᠬᠡᠮᠦ᠋ᠷᠠᠠ ᠤ ᠭᠤᠷᠪᠠᠯᠵᠢᠨ ᠬᠤᠶᠢᠭ᠂ ᠵᠦᠵᠢᠶᠠᠩ ᠮᠦᠷᠠᠠ ᠤ ᠭᠤᠷᠪᠠᠯᠵᠢᠨ ᠬᠤᠶᠢᠭ ᠵᠡᠷᠭᠡ | ᠬᠦᠭᠵᠢᠭᠰᠡᠡ ᠠᠵᠦ ᠠᠬᠤᠢ ᠶᠢᠨ ᠤᠷᠤᠨ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠨᠡᠭᠡᠭᠡᠯᠲᠡ ᠶᠢ | ᠦᠷᠭᠡᠳᠭᠡᠬᠦ ᠪᠠᠷ ᠰᠢᠨ᠎ᠠ ᠶᠢ ᠡᠭᠦᠳᠬᠦ ᠶᠢ ᠲᠠᠶᠢᠴᠢᠯᠠᠵᠦ᠂ ᠦᠭᠡᠷᠡᠴᠢᠯᠡᠯᠲᠡ ᠶᠢ ᠠᠬᠢᠭᠤᠯᠵᠦ᠂ ᠬᠦᠭᠵᠢᠯᠲᠠ ᠶᠢ | ᠠᠬᠢᠭᠤᠯᠵᠦ᠂ ᠤᠮᠠᠷᠠᠰᠢ ᠬᠠᠨᠲᠤᠭᠰᠠᠠ᠂ ᠲᠤᠳᠤᠷ᠎ᠠ ᠭᠠᠵᠠᠷ ᠲᠤ ᠦᠢᠯᠡᠴᠢᠯᠡᠬᠦ ᠭᠠᠲᠠᠭᠠᠲᠤ ᠨᠡᠭᠡᠭᠡᠯᠲᠡ ᠶᠢᠨ ᠰᠢᠨ᠎ᠠ | ᠪᠠᠶᠢᠷᠢᠰᠢᠯ ᠢ ᠲᠦᠷᠭᠡᠡ ᠪᠠᠶᠢᠭᠤᠯᠵᠦ᠂ ᠬᠢᠯᠢ ᠬᠢᠵᠠᠭᠠᠷ ᠤᠨ ᠦᠨᠲᠦᠰᠦᠲᠠᠠ ᠤ ᠤᠷᠤᠨ ᠤ ᠨᠡᠭᠡᠭᠡᠯᠲᠡᠲᠤ ᠬᠦᠭᠵᠢᠯᠲᠠ | ᠶᠢᠨ ᠰᠢᠨ᠎ᠠ ᠵᠠᠮ ᠢ ᠴᠢᠷᠮᠠᠶᠢᠨ ᠨᠡᠭᠡᠭᠡᠨ᠎ᠠ᠃ | ᠨᠠᠢᠮᠠᠳᠤᠭᠠᠷ ᠲᠤ᠂ ᠡᠶ᠎ᠡ ᠵᠤᠬᠢᠴᠠᠩᠭᠤᠢ ᠦᠪᠦᠷ ᠮᠤᠩᠭᠤᠯ ᠢ ᠪᠦᠲᠦᠭᠡᠡ ᠪᠠᠶᠢᠭᠤᠯᠬᠤ ᠲᠤᠬᠠᠢ᠃ ᠨᠡᠶᠢᠭᠡᠮ | ᠡᠶ᠎ᠡ ᠵᠤᠬᠢᠴᠠᠩᠭᠤᠢ ᠪᠠᠶᠢᠬᠤ ᠪᠤᠯ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠮᠦᠨ ᠴᠢᠨᠠᠷ ᠤᠨ | ᠰᠢᠨᠵᠢ ᠴᠢᠨᠠᠷ ᠪᠤᠯᠤᠨ᠎ᠠ᠃ ᠮᠠᠠ ᠤ ᠤᠷᠤᠨ ᠪᠤᠯ ᠬᠢᠯᠢ ᠬᠢᠵᠠᠭᠠᠷ ᠤᠨ ᠦᠨᠲᠦᠰᠦᠲᠡᠡ ᠤ ᠤᠷᠤᠨ ᠮᠦᠨ᠂ | ᠦᠨᠲᠦᠰᠦᠲᠠᠠ ᠤ ᠪᠦᠯᠬᠦᠮᠲᠡᠯ ᠤᠨ ᠶᠡᠭᠡ ᠪᠠᠶᠢᠲᠠᠯ ᠢ ᠪᠠᠬᠢᠵᠢᠭᠦᠯᠦᠨ ᠬᠦᠭᠵᠢᠭᠦᠯᠵᠦ᠂ ᠡᠭᠡ ᠤᠯᠤᠰ ᠤᠨ ᠤᠮᠠᠷᠠᠲᠦ | ᠬᠢᠯᠢ ᠶᠢᠨ ᠠᠮᠤᠷ ᠲᠦᠪᠰᠢᠨ ᠲᠤᠭᠲᠠᠭᠤᠠ ᠪᠠᠶᠢᠲᠠᠯ ᠢ ᠪᠠᠲᠤᠯᠠᠬᠤ ᠨᠢ ᠮᠠᠠ ᠤ ᠡᠷᠬᠡᠪᠰᠢ ᠬᠦᠢᠴᠡᠳᠭᠡᠬᠦ ᠴᠢᠬᠤᠯᠠ | ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠤᠯᠬᠤ ᠪᠠᠷ ᠪᠠᠷᠠᠬᠤ ᠦᠭᠡᠢ ᠪᠠᠰᠠ ᠦᠨᠲᠦᠰᠦᠲᠡᠡ ᠨᠦᠭᠦᠳ ᠤᠨ ᠠᠷᠠᠳ | ᠲᠦᠮᠡᠡ ᠤ ᠦᠨᠲᠦᠰᠦᠨ ᠠᠰᠢᠭ ᠲᠤᠰᠠ ᠪᠤᠯᠤᠨ᠎ᠠ᠃ ᠶᠡᠷᠦᠩᠭᠡᠢ ᠱᠦᠵᠢ ᠮᠠᠠ ᠤ ᠤᠷᠤᠨ ᠳᠤ ᠰᠢᠨᠵᠢᠯᠡᠡ | ᠪᠠᠶᠢᠴᠠᠭᠠᠬᠤ ᠲᠠᠭᠠᠨ᠂ ᠪᠦᠬᠦ ᠤᠷᠤᠨ ᠤ ᠦᠨᠲᠦᠰᠦᠲᠡᠡ ᠨᠦᠭᠦᠳ ᠤᠨ ᠺᠠᠳ᠋ᠷ ᠤᠯᠠᠠ ᠲᠦᠮᠡᠡ ᠢ ᠰᠠᠬᠢᠨ ᠪᠠᠷᠠᠯᠠᠵᠤ | ᠬᠠᠷᠢᠯᠴᠠᠠ ᠬᠠᠪᠰᠤᠷᠤᠯᠴᠠᠵᠦ᠂ ᠭᠡᠷ ᠤᠷᠤᠨ ᠢᠶᠠᠨ ᠰᠠᠶᠢᠲᠤᠷ ᠰᠠᠬᠢᠵᠦ᠂ ᠡᠭᠡ ᠤᠯᠤᠰ ᠤᠨ ᠬᠢᠯᠢ ᠬᠢᠵᠠᠭᠠᠷ ᠢ | ᠰᠠᠶᠢᠲᠤᠷ ᠰᠠᠬᠢᠵᠦ᠂ ᠦᠪᠦᠷ ᠮᠤᠩᠭᠤᠯ ᠤᠨ ᠴᠦᠭᠡᠡ ᠲᠤᠭᠠᠲᠤ ᠦᠨᠲᠦᠰᠦᠲᠡᠡ ᠤ ᠦᠵᠡᠰᠭᠦᠯᠡᠩ ᠰᠠᠶᠢᠬᠠᠠ ᠤᠶᠤᠨ | ᠰᠠᠨᠠᠭᠠᠠ ᠤ ᠭᠡᠷ ᠤᠷᠤᠨ ᠢᠶᠠᠨ ᠰᠠᠶᠢᠲᠤᠷ ᠰᠠᠬᠢᠵᠦ᠂ ᠦᠪᠦᠷ ᠮᠤᠩᠭᠤᠯ ᠢ ᠡᠭᠡ ᠤᠯᠤᠰ ᠤᠨ ᠤᠮᠠᠷᠠᠲᠦ ᠬᠢᠯᠢ ᠶᠢᠨ | ᠠᠮᠤᠷ ᠲᠤᠭᠲᠠᠭᠤᠨ ᠤ ᠬᠠᠯᠬᠠᠪᠴᠢ ᠪᠤᠯᠭᠠᠠ ᠪᠦᠲᠦᠭᠡᠡ ᠪᠠᠶᠢᠭᠤᠯᠬᠤ ᠪᠤᠯᠳᠤᠭᠠᠢ ᠭᠡᠵᠤ ᠬᠦᠰᠡᠵᠠᠢ᠃ ᠰᠠᠨᠠᠭᠤᠯᠭ᠎ᠠ | ᠶᠢᠨ ᠨᠤᠤᠷᠠᠭ ᠨᠢ ᠲᠤᠰᠬᠠᠢ ᠨᠢᠭᠡ ᠪᠦᠯᠦᠭ ᠢᠶᠠᠷ ᠡᠶ᠎ᠡ ᠵᠤᠬᠢᠴᠠᠩᠭᠤᠢ ᠦᠪᠦᠷ ᠮᠤᠩᠭᠤᠯ ᠤᠨ ᠪᠦᠲᠦᠭᠡᠡ | ᠪᠠᠶᠢᠭᠤᠯᠤᠯᠲᠠ ᠶᠢ ᠠᠬᠢᠭᠤᠯᠵᠦ᠂ ᠡᠭᠡ ᠤᠯᠤᠰ ᠤᠨ ᠤᠮᠠᠷᠠᠲᠦ ᠬᠢᠯᠢ ᠶᠢᠨ ᠠᠮᠤᠷ ᠲᠤᠭᠲᠠᠭᠤᠨ ᠤ ᠬᠠᠯᠬᠠᠪᠴᠢ ᠶᠢ | ᠪᠠᠬᠢᠵᠢᠭᠦᠯᠬᠦ ᠲᠤᠬᠠᠢ ᠪᠠᠶᠢᠷᠢᠯᠠᠭᠤᠯᠤᠯᠲᠠ ᠬᠢᠵᠠᠢ᠂ ᠡᠭᠦᠨ ᠤ ᠵᠤᠷᠢᠯᠭ᠎ᠠ ᠨᠢ ︽ᠲᠠᠪᠤᠨ ᠶᠡᠭᠡ ᠬᠦᠭᠵᠢᠯᠲᠠ ᠶᠢᠨ | ᠣᠨᠣᠯᠵᠢᠬᠤᠨ︾ ᠢ ᠲᠤᠤᠱᠯᠠᠭᠤᠯᠬᠤ ᠶᠢ ᠪᠠᠷᠢᠮᠲᠠᠯᠠᠬᠤ ᠶᠢᠨ ᠵᠡᠷᠭᠡᠪᠡᠷ᠂ ᠰᠠᠬᠢᠨ ᠪᠠᠷᠠᠯᠠᠵᠤ ᠬᠠᠷᠢᠯᠴᠠᠠ | ᠬᠠᠪᠰᠤᠷᠤᠯᠴᠠᠬᠤ ᠶᠢ ᠪᠠᠷᠢᠮᠲᠠᠯᠠᠵᠦ᠂ ᠦᠨᠲᠦᠰᠦᠲᠡᠡ ᠨᠦᠭᠦᠳ ᠤᠨ ᠠᠷᠠᠳ ᠲᠦᠮᠡᠡ ᠨᠢᠭᠲᠠᠷᠠᠠ ᠪᠦᠯᠬᠦᠮᠲᠡᠵᠦ᠂ ᠡᠭᠡ | ᠤᠯᠤᠰ ᠤᠨ ᠤᠮᠠᠷᠠᠲᠦ ᠬᠢᠯᠢ ᠶᠢᠨ ᠠᠮᠤᠷ ᠲᠤᠭᠲᠠᠭᠤᠨ ᠪᠠᠶᠢᠲᠠᠯ ᠢ ᠦᠨᠡᠡᠬᠦ ᠬᠠᠮᠠᠭᠠᠯᠠᠬᠤ ᠴᠢᠬᠤᠯᠠ ᠶᠡᠭᠡ ᠤᠯᠤᠰ | ᠲᠦᠷᠦ ᠶᠢᠨ ᠬᠠᠷᠢᠭᠤᠴᠠᠯᠭ᠎ᠠ ᠶᠢ ᠰᠠᠶᠢᠲᠤᠷ ᠬᠦᠢᠴᠡᠳᠭᠡᠬᠦ ᠶᠢᠨ ᠲᠦᠯᠦᠭᠡ ᠶᠤᠮ᠃ | ᠦᠪᠦᠷ ᠮᠤᠩᠭᠤᠯ ᠤᠨ ᠦᠨᠲᠦᠰᠦᠲᠡᠡ ᠨᠦᠭᠦᠳ ᠤᠨ ᠠᠷᠠᠳ ᠲᠦᠮᠡᠡ ᠡᠭᠡ ᠤᠯᠤᠰ ᠢᠶᠠᠨ ᠬᠠᠶᠢᠷᠠᠯᠠᠬᠤ᠂ | ᠦᠨᠲᠦᠰᠦᠲᠠᠠ ᠨᠦᠭᠦᠳ ᠪᠦᠯᠬᠦᠮᠲᠡᠭᠰᠡᠡ ᠰᠢᠯᠢᠲᠡᠭ ᠤᠯᠠᠮᠵᠢᠯᠠᠯ ᠲᠠᠢ ᠶᠤᠮ᠂ ᠤᠷᠲᠤ ᠬᠤᠭᠤᠴᠠᠭᠠᠠ ᠤ ᠲᠤᠷᠰᠢ᠂ | ᠨᠢᠬᠳᠠᠷᠠᠯ ᠪᠦᠯᠬᠦᠮᠲᠠᠯ ᠲᠠᠢ ᠡᠶ᠎ᠡ ᠵᠤᠬᠢᠴᠠᠩᠭᠤᠢ ᠠᠮᠤᠷ ᠲᠤᠭᠲᠠᠭᠤᠨ ᠰᠠᠶᠢᠨ ᠰᠠᠶᠢᠬᠠᠠ ᠪᠠᠶᠢᠲᠠᠯ ᠢ ᠪᠠᠳᠤᠯᠠᠬᠰᠠᠭᠠᠷ | ᠢᠷᠡᠵᠠᠢ᠃ ᠡᠨᠡ ᠪᠤᠯ ᠦᠨᠲᠦᠰᠦᠲᠡᠡ ᠨᠦᠭᠦᠳ ᠤᠨ ᠠᠷᠠᠳ ᠲᠦᠮᠡᠡ ᠤ ᠬᠠᠮᠲᠤᠪᠠᠷ ᠪᠦᠲᠦᠭᠡᠭᠰᠡᠡ ᠡᠷᠬᠢᠮ ᠨᠠᠠᠲᠢᠨ | ᠡᠳ᠋ ᠪᠠᠶᠠᠯᠢᠭ ᠮᠦᠠ᠂ ᠮᠦᠨ ᠴᠤ ᠡᠭᠡ ᠤᠯᠤᠰ ᠤᠨ ᠤᠮᠠᠷᠠᠲᠦ ᠬᠢᠯᠢ ᠶᠢᠨ ᠦᠵᠡᠰᠭᠦᠯᠡᠩ ᠰᠠᠶᠢᠬᠠᠠ ᠦᠵᠡᠮᠵᠢ ᠶᠢᠨ | ᠤᠷᠤᠨ ᠢ ᠪᠦᠲᠦᠭᠡᠡ ᠪᠠᠶᠢᠭᠤᠯᠬᠤ ᠪᠠᠲᠤᠯᠠᠭ᠎ᠠ ᠮᠦᠨ᠃ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ | ᠠᠶᠠᠠ ᠳᠤ᠂ ᠪᠢᠲᠠ ᠵᠠᠪᠠᠯ ᠶᠡᠷᠦᠩᠭᠡᠢ ᠱᠦᠵᠢ ᠶᠢᠨ ᠰᠠᠬᠢᠨ ᠪᠠᠷᠠᠯᠠᠵᠤ ᠬᠠᠷᠢᠯᠴᠠᠠ ᠬᠠᠪᠰᠤᠷᠤᠯᠴᠠᠬᠤ ᠲᠤᠲᠤᠨᠤ | ᠬᠦᠰᠡᠯ ᠢ ᠪᠠᠲᠤ ᠴᠡᠭᠡᠵᠢᠯᠡᠵᠦ᠂ ᠡᠭᠡ ᠤᠯᠤᠰ ᠤᠨ ᠤᠮᠠᠷᠠᠲᠦ ᠬᠢᠯᠢ ᠶᠢᠨ ᠠᠮᠤᠷ ᠲᠤᠭᠲᠠᠭᠤᠨ ᠤ ᠬᠠᠯᠬᠠᠪᠴᠢ ᠶᠢ | ᠪᠦᠲᠦᠭᠡᠡ ᠪᠠᠶᠢᠭᠤᠯᠬᠤ ᠪᠠᠷ ᠬᠠᠷᠠᠯᠲᠠ ᠪᠤᠯᠭᠠᠵᠤ᠂ ᠦᠨᠲᠦᠰᠦᠲᠡᠡ ᠤ ᠪᠦᠯᠬᠦᠮᠲᠠᠯ ᠤᠨ ᠰᠢᠯᠢᠲᠡᠭ ᠤᠯᠠᠮᠵᠢᠯᠠᠯ ᠢ | ᠪᠠᠲᠠᠷᠠᠭᠤᠯᠤᠨ᠂ ᠰᠠᠬᠢᠨ ᠪᠠᠷᠠᠯᠠᠵᠤ ᠬᠠᠷᠢᠯᠴᠠᠠ ᠬᠠᠪᠰᠤᠷᠤᠯᠴᠠᠬᠤ ᠴᠠᠭ ᠦᠶ᠎ᠠ ᠶᠢᠨ ᠵᠤᠷᠢᠭ ᠰᠠᠨᠠᠭ᠎ᠠ ᠶᠢ | ᠪᠠᠲᠠᠷᠠᠭᠤᠯᠵᠦ᠂ ᠡᠷᠡᠰ ᠪᠠᠲᠤ ᠤᠬᠠᠮᠰᠠᠷ ᠢᠶᠠᠷ ᠭᠡᠷ ᠤᠷᠤᠨ ᠢᠶᠠᠨ ᠰᠠᠶᠢᠲᠤᠷ ᠰᠠᠬᠢᠵᠦ᠂ ᠡᠭᠡ ᠤᠯᠤᠰ ᠤᠨ ᠤᠮᠠᠷᠠᠲᠦ | ᠬᠢᠯᠢ ᠶᠢ ᠰᠠᠶᠢᠲᠤᠷ ᠰᠠᠬᠢᠵᠦ᠂ ᠤᠶᠤᠨ ᠰᠠᠨᠠᠭᠠᠠ ᠤ ᠭᠡᠷ ᠤᠷᠤᠨ ᠢᠶᠠᠨ ᠰᠠᠶᠢᠲᠤᠷ ᠰᠠᠬᠢᠵᠦ᠂ | ᠦᠨᠳᠦᠰᠦᠳᠡᠨ ᠨᠦᠭᠦᠳ ᠪᠦᠯᠬᠦᠮᠳᠡᠯ ᠲᠠᠢ᠂ ᠨᠡᠶᠢᠭᠡᠮ ᠠᠮᠤᠷ ᠲᠤᠭᠲᠠᠭᠤᠨ᠂ ᠬᠢᠯᠢ ᠬᠢᠵᠠᠭᠠᠷ ᠠᠮᠤᠭᠤᠯᠠᠩ ᠪᠦᠬᠦᠢ | ᠤᠯᠤᠰ ᠲᠦᠷᠦ ᠶᠢᠨ ᠪᠠᠶᠢᠲᠠᠯ ᠢ ᠴᠢᠨᠠᠭᠰᠢᠲᠠ ᠪᠠᠭᠢᠵᠢᠭᠦᠯᠦᠨ ᠬᠦᠭᠵᠢᠭᠦᠯᠵᠦ᠂ ᠨᠠᠮ ᠤᠨ ᠲᠦᠪ ᠬᠤᠷᠢᠶ᠎ᠠ ᠶᠢ | ᠰᠠᠨᠠᠭ᠎ᠠ ᠠᠮᠤᠷ ᠪᠠᠶᠢᠯᠭᠠᠵᠤ᠂ ᠪᠦᠬᠦ ᠤᠷᠤᠨ ᠤ ᠦᠨᠲᠦᠰᠦᠲᠡᠡ ᠨᠦᠭᠦᠳ ᠤᠨ ᠠᠷᠠᠳ ᠲᠦᠮᠡᠡ ᠢ ᠨᠡᠩ ᠵᠤᠯ | ᠵᠢᠷᠭᠠᠯ ᠲᠠᠢ ᠠᠮᠢᠲᠤᠷᠠᠭᠤᠯᠤᠨᠠ᠃ | ᠨᠦᠬᠦᠳ ᠡ᠂ ᠦᠪᠡᠷᠲᠡᠭᠡᠡ ᠵᠠᠰᠬᠠᠤ ᠤᠷᠤᠨ ᠤ ︽13· 5︾ ᠶᠢᠨ ᠲᠦᠯᠥᠪᠵᠢᠬᠦᠯᠬᠡ ᠶᠢᠨ | ᠰᠠᠨᠠᠭᠤᠯᠭ᠎ᠠ ᠶᠢ ᠶᠠᠷᠢᠯᠴᠠᠵᠦ᠂ ᠵᠠᠰᠠᠪᠤᠷᠢ ᠤᠷᠤᠭᠤᠯᠤᠨ ᠪᠠᠲᠤᠯᠠᠬᠤ ᠪᠤᠯ ᠡᠨᠡ ᠤᠲᠠᠭ᠎ᠠ ᠶᠢᠨ ᠪᠦᠬᠦ ᠭᠡᠰᠢᠭᠦᠳ ᠤᠨ | ᠬᠤᠷᠠᠯ ᠤᠨ ᠭᠤᠤᠯ ᠡᠭᠦᠷᠭᠡ ᠪᠤᠯᠤᠨ᠎ᠠ᠃ ᠡᠨᠡ ᠠᠵᠢᠯ ᠢ ᠰᠠᠶᠢᠲᠤᠷ ᠬᠢᠬᠦ ᠨᠢ ᠦᠪᠡᠷᠲᠡᠭᠡᠡ ᠵᠠᠰᠬᠠᠤ ᠤᠷᠤᠨ ᠤ ︽ | 13· 5︾ ᠶᠢᠨ ᠲᠦᠯᠥᠪᠵᠢᠬᠦᠯᠬᠡ ᠶᠢᠨ ᠬᠦᠲᠦᠯᠪᠦᠷᠢ ᠶᠢ ᠨᠠᠶᠢᠷᠠᠭᠤᠯᠤᠨ ᠵᠤᠬᠢᠶᠠᠵᠤ᠂ ︽13· 5︾ ᠶᠢᠨ | ᠲᠦᠯᠥᠪᠵᠢᠬᠦᠯᠬᠡ ᠶᠢᠨ ᠬᠤᠭᠤᠴᠠᠭᠠᠠ ᠤ ᠠᠵᠦ ᠠᠬᠤᠢ ᠨᠡᠶᠢᠭᠡᠮ ᠤᠨ ᠬᠦᠭᠵᠢᠯᠲᠠ ᠶᠢ ᠬᠦᠲᠦᠯᠦᠨ ᠲᠠᠭᠠᠭᠤᠯᠬᠤ ᠳᠤ | ᠮᠠᠰᠢ ᠴᠢᠬᠤᠯᠠ ᠠᠴᠢ ᠬᠤᠯᠪᠤᠭᠲᠠᠯ ᠲᠠᠢ ᠶᠤᠮ᠃ ᠤᠯᠠᠠ ᠢᠢᠨᠷ ᠢᠶᠠᠨ ᠰᠠᠨᠠᠭᠤᠯᠭ᠎ᠠ ᠶᠢᠨ ᠨᠤᠤᠷᠠᠭ ᠲᠤ | ᠲᠤᠷᠠᠲᠤᠭᠰᠠᠠ ᠬᠠᠷᠠᠯᠲᠠ᠂ ᠤᠢᠢᠯᠠᠭᠠᠭᠲᠠᠬᠤᠨ᠂ ᠡᠭᠦᠷᠭᠡ᠂ ᠠᠷᠭ᠎ᠠ ᠬᠡᠮᠵᠢᠶ᠎ᠠ ᠶᠢ ᠪᠦᠬᠦ ᠲᠠᠯ᠎ᠠ ᠪᠠᠷ ᠡᠵᠡᠮᠲᠡᠵᠤ᠂ | ᠬᠦᠨᠵᠡᠭᠡᠢ ᠤᠢᠢᠯᠠᠭᠠᠠᠵᠦ᠂ ᠬᠢᠨᠠᠮᠭᠠᠠᠢ ᠪᠤᠲᠤᠯᠬᠢᠯᠠᠵᠦ᠂ ᠬᠦᠨᠵᠡᠭᠡᠢ ᠶᠠᠷᠢᠯᠴᠠᠵᠤ᠂ ᠦᠵᠡᠯ ᠰᠠᠨᠠᠭ᠎ᠠ ᠪᠠᠨ ᠨᠢᠭᠡᠳᠭᠡᠵᠦ᠂ | ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠦ᠂ ᠲᠡᠭᠡᠲᠦ ᠭᠡᠮᠵᠢᠶᠠᠠ ᠤ ᠤᠯᠤᠰ ᠲᠦᠷᠦ ᠶᠢᠨ ᠬᠠᠷᠢᠭᠤᠴᠠᠯᠭᠠᠲᠦ | ᠰᠡᠳᠭᠢᠯᠭᠡ ᠪᠤᠯᠤᠨ ᠲᠡᠤᠬᠡ ᠶᠢᠨ ᠡᠬᠦᠷᠭᠡ ᠬᠠᠷᠢᠭᠤᠴᠠᠬᠤ ᠪᠤᠲᠤᠯ ᠢᠶᠠᠷ᠂ ᠰᠠᠨᠠᠭᠤᠯᠭ᠎ᠠ ᠶᠢᠨ ᠨᠤᠤᠷᠠᠭ ᠲᠤ | ᠬᠠᠮᠲᠤ ᠪᠠᠷ ᠰᠠᠶᠢᠲᠤᠷ ᠵᠠᠰᠠᠪᠤᠷᠢ ᠤᠷᠤᠭᠤᠯᠵᠦ᠂ ᠰᠠᠶᠢᠲᠤᠷ ᠲᠡᠭᠦᠯᠲᠡᠷᠵᠢᠭᠦᠯᠵᠦ᠂ ᠡᠨᠡ ᠤᠲᠠᠭ᠎ᠠ ᠶᠢᠨ ᠪᠦᠬᠦ | ᠭᠡᠰᠢᠭᠦᠳ ᠤᠨ ᠬᠤᠷᠠᠯ ᠢ ᠬᠠᠮᠲᠤ ᠪᠠᠷ ᠰᠠᠶᠢᠲᠤᠷ ᠬᠤᠷᠠᠯᠲᠤᠭᠤᠯᠰᠤᠭᠠᠢ᠃ |