ᠥᠪᠥᠷ ᠮᠣᠩᠭᠤᠯ 2016 ᠣᠨ ᠳᠤ ᠪᠦᠬᠦ ᠠᠷᠠᠳ ᠳᠠᠭᠠᠳᠬᠠᠯ ᠳᠤ ᠣᠷᠣᠯᠴᠠᠬᠤ ᠪᠦᠷᠢᠳᠬᠡᠯ ᠤᠨ ᠲᠥᠯᠥᠪᠯᠡᠭᠡ ᠶᠢ ᠪᠦᠬᠦ ᠣᠷᠣᠨ ᠤ ᠠᠶᠢᠮᠠᠭ ᠬᠤᠲᠠ ᠬᠤᠰᠢᠭᠤ ᠰᠢᠶᠠᠨ ᠬᠦᠷᠲᠡᠯ᠎ᠡ ᠥᠷᠭᠡᠳᠬᠡᠨ᠎ᠡ
ᠨᠡᠶᠢᠲᠡᠯᠡᠭᠰᠡᠨ ᠴᠠᠭ᠄
2015/11/27
     ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠡᠮᠦᠨᠡᠬᠡᠨ ᠬᠤᠷᠠᠯᠳᠤᠭᠤᠯᠤᠭᠰᠠᠨ ︽ᠪᠦᠬᠦ ᠠᠷᠠᠳ ᠳᠠᠭᠠᠳᠬᠠᠯ ᠳᠤ ᠣᠷᠣᠯᠴᠠᠬᠤ ᠪᠦᠷᠢᠳᠬᠡᠯ ᠤᠨ ᠲᠥᠯᠥᠪᠯᠡᠭᠡ ᠶᠢᠨ ᠲᠤᠷᠰᠢᠯᠲᠠ ᠶᠢᠨ ᠴᠢᠭ᠋ ᠢ ᠥᠷᠭᠡᠳᠬᠡᠬᠦ ᠠᠵᠢᠯ ᠤᠨ ᠬᠠᠷᠠᠭᠠᠨ ᠳᠠᠪᠲᠠᠮᠵᠢᠲᠤ ᠬᠤᠷᠠᠯ︾᠎ ᠳᠤ ᠵᠠᠳᠠᠷᠠᠭᠤᠯᠤᠭᠰᠠᠨ ᠨᠢ᠂ ︽13·5︾᠎ ᠶᠢᠨ ᠬᠤᠭᠤᠴᠠᠭᠠᠨ ᠳᠤ᠂ ᠮᠠᠨ ᠤ ᠤᠯᠤᠰ ᠪᠦᠬᠦ ᠠᠷᠠᠳ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠠᠤᠯᠢ ᠪᠠᠷ ᠲᠣᠭᠲᠠᠭᠰᠠᠨ ᠭᠥᠮᠥᠰ ᠢ ᠪᠦᠷᠢᠨ ᠪᠦᠷᠬᠦᠭᠦᠯᠬᠦ ᠶᠢ ᠦᠨᠳᠦᠰᠦᠨ ᠳᠡᠭᠡᠨ ᠪᠡᠶᠡᠯᠡᠭᠦᠯᠬᠦ ᠪᠣᠯᠣᠨ᠎ᠠ᠃ ᠲᠤᠰ ᠬᠠᠷᠠᠯᠲᠠ ᠶᠢ ᠪᠡᠶᠡᠯᠡᠭᠦᠯᠬᠦ ᠶᠢᠨ ᠲᠤᠰᠠᠳᠠ᠂ ᠪᠦᠬᠦ ᠠᠷᠠᠳ ᠳᠠᠭᠠᠳᠬᠠᠯ ᠳᠤ ᠣᠷᠣᠯᠴᠠᠬᠤ ᠪᠦᠷᠢᠳᠬᠡᠯ ᠤᠨ ᠲᠥᠯᠥᠪᠯᠡᠭᠡ ᠶᠢ ᠲᠦᠷᠭᠡᠳᠬᠡᠨ ᠳᠡᠯᠭᠡᠷᠡᠭᠦᠯᠵᠦ᠂ ᠡᠨᠡ ᠵᠢᠯ ᠤᠨ ᠰᠡᠭᠦᠯᠴᠢ ᠳᠤ ᠲᠤᠷᠰᠢᠯᠲᠠ ᠶᠢᠨ ᠴᠢᠭ᠋ ᠢ ᠪᠦᠬᠦ ᠤᠯᠤᠰ ᠤᠨ 50%᠎ ᠶᠢᠨ ᠭᠠᠵᠠᠷ ᠣᠷᠣᠨ ᠳᠤ ᠬᠦᠷᠲᠡᠯ᠎ᠡ ᠥᠷᠭᠡᠳᠬᠡᠬᠦ ᠪᠣᠯᠣᠨ᠎ᠠ᠃      ᠥᠪᠡᠷᠲᠡᠭᠡᠨ ᠵᠠᠰᠠᠬᠤ ᠣᠷᠣᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠬᠦ ᠠᠷᠠᠳ ᠳᠠᠭᠠᠳᠬᠠᠯ ᠳᠤ ᠣᠷᠣᠯᠴᠠᠬᠤ ᠪᠦᠷᠢᠳᠬᠡᠯ ᠤᠨ ᠠᠵᠢᠯ ᠤᠨ ᠬᠡᠷᠡᠭᠵᠢᠭᠦᠯᠬᠦ ᠲᠥᠰᠥᠯ︾ ︵ᠲᠣᠷᠣᠭᠰᠢ ᠬᠡᠷᠡᠭᠵᠢᠭᠦᠯᠬᠦ ᠲᠥᠰᠥᠯ ᠢ ᠭᠡᠵᠦ ᠲᠣᠪᠴᠢᠯᠠᠨ᠎ᠠ︶᠎ ᠶᠢ ᠳᠠᠷᠤᠮᠠᠯᠯᠠᠨ ᠲᠠᠷᠬᠠᠭᠠᠪᠠ᠃ ᠲᠤᠰ ᠲᠥᠰᠥᠯ ᠳᠤ ᠦᠬᠠᠢ ᠬᠤᠲᠠ ᠶᠢᠨ ᠲᠤᠷᠰᠢᠯᠲᠠ ᠶᠢᠨ ᠴᠢᠭ᠋ ᠤᠨ ᠲᠤᠷᠰᠢᠯᠭ᠎ᠠ ᠪᠠᠷ ᠬᠥᠲᠥᠯᠥᠮᠵᠢ ᠪᠣᠯᠭᠠᠨ᠂ ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ ᠲᠥᠷᠥ ᠶᠢᠨ ᠪᠣᠳᠣᠯᠭ᠎ᠠ ᠳᠤ ᠲᠣᠭᠲᠠᠭᠰᠠᠨ ᠳᠠᠭᠠᠳᠬᠠᠯ ᠳᠤ ᠣᠷᠣᠯᠴᠠᠬᠤ ᠨᠥᠬᠦᠴᠡᠯ ᠳᠤ ᠨᠡᠶᠢᠴᠡᠬᠦ ᠥᠪᠡᠷᠲᠡᠭᠡᠨ ᠵᠠᠰᠠᠬᠤ ᠣᠷᠣᠨ ᠤ ᠡᠷᠦᠬᠡ ᠠᠮᠠ ᠲᠠᠢ ᠬᠥᠮᠥᠨ ᠠᠮᠠ᠂ ᠥᠪᠡᠷᠲᠡᠭᠡᠨ ᠵᠠᠰᠠᠬᠤ ᠣᠷᠣᠨ ᠤ ᠪᠤᠰᠤ ᠡᠷᠦᠬᠡ ᠠᠮᠠ ᠲᠠᠢ ᠬᠥᠮᠥᠨ ᠠᠮᠠ ᠵᠢᠴᠢ ᠥᠪᠡᠷᠲᠡᠭᠡᠨ ᠵᠠᠰᠠᠬᠤ ᠣᠷᠣᠨ ᠤ ᠬᠠᠷᠢᠶᠠᠨ ᠳᠤ ᠪᠠᠶᠢᠩᠭᠤ ᠰᠠᠭᠤᠭ᠎ᠠ ᠬᠥᠮᠥᠨ ᠠᠮᠠ ᠶᠢᠨ ᠨᠡᠶᠢᠭᠡᠮ ᠤᠨ ᠳᠠᠭᠠᠳᠬᠠᠯ ᠳᠤ ᠣᠷᠣᠯᠴᠠᠭᠰᠠᠨ ᠪᠠᠶᠢᠳᠠᠯ ᠢ ᠪᠦᠷᠢᠳᠬᠡᠬᠦ᠂ ᠬᠢᠨᠠᠨ ᠪᠠᠶᠢᠴᠠᠭᠠᠬᠤ᠂ ᠵᠢᠷᠤᠮᠵᠢᠭᠤᠯᠬᠤ ᠪᠠ ᠬᠠᠮᠢᠶᠠᠷᠤᠯᠲᠠ ᠪᠠᠷ ᠳᠠᠮᠵᠢᠭᠤᠯᠤᠨ᠂ ᠡᠨᠡ ᠵᠢᠯ ᠳᠤ ᠲᠤᠷᠰᠢᠯᠲᠠ ᠶᠢᠨ ᠴᠢᠭ᠋ ᠤᠨ ᠬᠡᠪᠴᠢᠶ᠎ᠡ ᠶᠢ 50%᠎ ᠶᠢᠨ ᠬᠤᠰᠢᠭᠤ ᠰᠢᠶᠠᠨ ︵ᠬᠤᠲᠠ᠂ ᠲᠣᠭᠤᠷᠢᠭ︶ ᠬᠦᠷᠲᠡᠯ᠎ᠡ ᠥᠷᠭᠡᠳᠬᠡᠵᠦ᠂ ᠬᠥᠮᠥᠨ ᠠᠮᠠ ᠶᠢ ᠡᠯ᠎ᠡ ᠠᠶᠢᠮᠠᠭ ᠬᠤᠲᠠ ᠶᠢᠨ 50% ᠬᠦᠷᠲᠡᠯ᠎ᠡ ᠡᠵᠡᠯᠡᠭᠦᠯᠬᠦ ᠪᠠᠷ ᠬᠦᠴᠦᠯᠡᠨ ᠴᠢᠷᠮᠠᠶᠢᠨ᠎ᠠ︔ 2016 ᠣᠨ ᠬᠦᠷᠬᠦ ᠳᠤ ᠪᠦᠬᠦ ᠠᠷᠠᠳ ᠳᠠᠭᠠᠳᠬᠠᠯ ᠳᠤ ᠣᠷᠣᠯᠴᠠᠬᠤ ᠪᠦᠷᠢᠳᠬᠡᠯ ᠤᠨ ᠲᠥᠯᠥᠪᠯᠡᠭᠡ ᠶᠢ ᠪᠦᠬᠦ ᠣᠷᠣᠨ ᠤ ᠪᠦᠬᠦᠶᠢᠯᠡ ᠠᠶᠢᠮᠠᠭ ᠬᠤᠲᠠ ᠪᠣᠯᠣᠨ ᠬᠤᠰᠢᠭᠤ ᠰᠢᠶᠠᠨ ︵ᠬᠤᠲᠠ᠂ ᠲᠣᠭᠤᠷᠢᠭ︶ ᠬᠦᠷᠲᠡᠯ᠎ᠡ ᠥᠷᠭᠡᠳᠬᠡᠵᠦ᠂ ᠦᠨᠳᠦᠰᠦᠨ ᠨᠠᠰᠤᠵᠢᠯ ᠤᠨ ᠳᠠᠭᠠᠳᠬᠠᠯ ᠢ ᠪᠦᠬᠦ ᠠᠵᠢᠯᠲᠠᠨ ᠠᠵᠢᠯᠴᠢᠨ ᠪᠠ ᠵᠣᠬᠢᠬᠤ ᠨᠠᠰᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠢ ᠪᠦᠷᠬᠦᠭᠦᠯᠵᠦ᠂ ᠳᠠᠭᠠᠳᠬᠠᠯ ᠳᠤ ᠣᠷᠣᠯᠴᠠᠬᠤ ᠨᠤᠷᠮ᠎ᠠ ᠶᠢ 90%᠎ ᠠᠴᠠ ᠳᠡᠭᠡᠭᠰᠢ ᠬᠦᠷᠦᠭᠦᠯᠵᠦ᠂ ᠦᠨᠳᠦᠰᠦᠨ ᠡᠮᠨᠡᠯᠭᠡ ᠶᠢᠨ ᠳᠠᠭᠠᠳᠬᠠᠯ ᠢ ᠪᠦᠬᠦ ᠠᠷᠠᠳ ᠢ ᠪᠦᠷᠬᠦᠭᠦᠯᠵᠦ᠂ ᠠᠵᠢᠯ ᠠᠯᠳᠠᠬᠤ ᠳᠠᠭᠠᠳᠬᠠᠯ᠂ ᠠᠵᠢᠯ ᠠᠴᠠ ᠪᠣᠯᠣᠭᠰᠠᠨ ᠭᠡᠮᠲᠦᠯ ᠤᠨ ᠳᠠᠭᠠᠳᠬᠠᠯ᠂ ᠦᠷᠡᠵᠢᠯ ᠤᠨ ᠳᠠᠭᠠᠳᠬᠠᠯ ᠢ ᠬᠠᠤᠯᠢ ᠪᠠᠷ ᠲᠣᠭᠲᠠᠭᠰᠠᠨ ᠪᠦᠬᠦ ᠬᠥᠮᠥᠰ ᠢ ᠦᠨᠳᠦᠰᠦᠨ ᠳᠡᠭᠡᠨ ᠪᠦᠷᠢᠨ ᠪᠦᠷᠬᠦᠭᠦᠯᠦᠨ᠎ᠡ ᠭᠡᠵᠦ ᠲᠣᠳᠣᠷᠬᠠᠶᠢᠯᠠᠪᠠ᠃ ︽ᠬᠡᠷᠡᠭᠵᠢᠭᠦᠯᠬᠦ ᠲᠥᠰᠥᠯ︾᠎ ᠳᠤ ᠱᠠᠭᠠᠷᠳᠠᠭᠰᠠᠨ ᠨᠢ᠂ 11 ᠳ᠋ᠦ᠋ᠭᠡᠷ ᠰᠠᠷ᠎ᠠ ᠶᠢᠨ ᠡᠴᠦᠰ ᠪᠣᠯᠲᠠᠯ᠎ᠠ᠂ ᠲᠤᠷᠰᠢᠯᠲᠠ ᠶᠢᠨ ᠴᠢᠭ᠋ ᠢᠶᠠᠷ ᠵᠢᠭᠰᠠᠭᠠᠭᠳᠠᠭᠰᠠᠨ ᠬᠤᠰᠢᠭᠤ ᠰᠢᠶᠠᠨ ︵ᠬᠤᠲᠠ᠂ ᠲᠣᠭᠤᠷᠢᠭ︶ ᠪᠦᠬᠦᠨ ᠪᠦᠬᠦ ᠠᠷᠠᠳ ᠳᠠᠭᠠᠳᠬᠠᠯ ᠳᠤ ᠣᠷᠣᠯᠴᠠᠬᠤ ᠪᠦᠷᠢᠳᠬᠡᠯ ᠤᠨ ᠠᠵᠢᠯ ᠢ ᠪᠦᠬᠦ ᠲᠠᠯ᠎ᠠ ᠪᠠᠷ ᠡᠬᠢᠯᠡᠭᠦᠯᠬᠦ ᠬᠡᠷᠡᠭᠲᠡᠢ ᠭᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号