| 10 ᠳ᠋ᠤᠭᠠᠷ ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢᠦ ᠰᠢᠨ | ᠯᠧ ᠤᠯᠠᠭᠠᠨᠴᠠᠪ ᠬᠤᠳᠠ ᠳᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ | ᠪᠡᠶ᠎ᠡ ᠶᠢᠨ ᠲᠠᠮᠢᠷ ᠤᠨ ᠴᠤᠭᠯᠠᠭᠠᠨ ᠤ ᠤᠷᠤᠯᠳᠤᠭᠠᠨ ᠤ ᠲᠠᠯᠠᠪᠠᠢ ᠨᠤᠭᠤᠳ ᠤᠨ ᠪᠦᠲᠦᠭᠡᠨ ᠪᠠᠶᠢᠭᠤᠯᠤᠯᠲᠠ ᠶᠢᠨ | ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠡ᠃ ᠬᠤᠲᠠ ᠶᠢᠨ ᠳᠡᠳ᠋ ᠳᠠᠷᠤᠭ᠎ᠠ ᠵᠠᠩ ᠰᠢᠶᠠᠩ ᠪᠠᠷ᠎ᠠ | ᠪᠣᠯᠵᠤ ᠪᠠᠶᠢᠴᠠᠭᠠᠨ ᠰᠤᠳᠤᠯᠪᠠ᠃ | ᠯᠢᠦ ᠰᠢᠨ ᠯᠧ ᠤᠷᠢᠳ ᠬᠤᠵᠢᠳ ᠬᠤᠲᠠ ᠶᠢᠨ ᠤᠮᠪᠠᠯᠲᠠ ᠶᠢᠨ ᠣᠷᠳᠣᠨ᠂ ᠲᠣᠣᠷ ᠪᠥᠮᠪᠦᠭᠡ ᠶᠢᠨ | ᠣᠷᠳᠣᠨ ᠤ ᠪᠦ᠋ᠲᠦᠭᠡᠨ ᠪᠠᠶᠢᠭᠤᠯᠤᠯᠲᠠ ᠶᠢᠨ ᠲᠠᠯᠠᠪᠤᠷ᠂ ᠬᠤᠳᠠ ᠶᠢᠨ ᠪᠡᠶ᠎ᠡ ᠶᠢᠨ ᠲᠠᠮᠢᠷ ᠤᠨ ᠲᠠᠯᠠᠪᠣᠷ᠂ ᠪᠡᠶ᠎ᠡ ᠶᠢᠨ | ᠲᠠᠮᠢᠷ ᠤᠨ ᠣᠷᠳᠣᠨ ᠳᠤ ᠣᠴᠢᠵᠤ᠂ ᠬᠤᠯᠪᠣᠭᠳᠠᠯ ᠪᠦᠬᠦᠢ ᠪᠠᠷᠢᠯᠭ᠎ᠠ ᠶᠢᠨ ᠪᠦᠳᠦᠭᠡᠠ ᠪᠠᠶᠢᠭᠤᠯᠤᠯᠲᠠ ᠶᠢᠨ | ᠨᠢᠭᠡᠴᠡ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠯᠠᠪᠠᠶ ᠨᠤᠭᠤᠳ ᠤᠨ ᠪᠠᠷᠢᠯᠭ᠎ᠠ ᠶᠢᠨ ᠠᠬᠢᠴᠠ᠂ ᠪᠡᠯᠡ | ᠣᠷᠣᠭᠤᠯᠤᠯᠲᠠ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠵᠡᠷᠭᠡ ᠪᠠᠶᠢᠳᠠᠯ ᠤᠳ ᠢ ᠨᠠᠷᠢᠨ ᠠᠰᠠᠭᠤᠭᠰᠠᠨ ᠤ | ᠬᠠᠮᠲᠤ ᠪᠣᠳᠠᠲᠠᠶ ᠰᠠᠨᠠᠯ ᠪᠤᠯᠤᠨ ᠱᠠᠭᠠᠷᠳᠠᠯᠭ᠎ᠠ ᠳᠤᠷᠠᠳᠪᠠ᠃ 2018 ᠣᠨ ᠤ ᠥᠪᠡᠷᠲᠡᠭᠡᠨ ᠵᠠᠰᠠᠬᠤ ᠣᠷᠣᠨ ᠤ | ᠠᠷᠪᠠᠨ ᠳᠥᠷᠪᠡᠳᠦᠭᠡᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠢ ᠤᠭᠲᠤᠬᠤ ᠶᠢᠨ ᠲᠥᠯᠥᠭᠡ᠂ | ᠤᠯᠠᠭᠠᠨᠴᠠᠪ ᠬᠤᠳᠠ ᠨᠢᠭᠡ ᠲᠠᠯ᠎ᠠ ᠪᠠᠷ ᠨᠢᠭᠡ ᠪᠦᠯᠦᠭ ᠪᠡᠶ᠎ᠡ ᠶᠢᠨ ᠲᠠᠮᠢᠷ ᠤᠨ ᠲᠠᠯᠠᠪᠠᠢ ᠨᠤᠭᠤᠳ ᠢ ᠪᠠᠶᠢᠭᠤᠯᠬᠤ ᠪᠠᠷ | ᠲᠥᠯᠥᠪᠯᠡᠵᠦ᠂ ᠨᠦᠬᠦᠭᠡ ᠲᠠᠯ᠎ᠠ ᠪᠠᠷ ᠤᠳᠤ ᠪᠠᠶᠢᠭ᠎ᠠ ᠲᠠᠯᠠᠪᠠᠢ ᠨᠤᠭᠤᠳ ᠢ ᠥᠷᠭᠡᠳᠬᠡᠨ ᠪᠠᠶᠢᠭᠤᠯᠵᠤ᠂ | ᠴᠢᠳᠠᠪᠬᠢ ᠶᠢ ᠨᠢ ᠡᠮᠬᠢᠯᠡᠨ ᠨᠢᠭᠡᠳᠬᠡᠵᠦ᠂ ᠤᠷᠤᠯᠳᠤᠭᠠᠨ ᠤ ᠡᠭᠦᠷᠭᠡ ᠶᠢ ᠡᠭᠦᠷᠭᠡᠯᠡᠬᠦ ᠲᠠᠯᠠᠪᠠᠢ ᠨᠤᠭᠤᠳ ᠢ ᠥᠨᠳᠥᠷ | ᠪᠠᠷᠢᠮᠵᠢᠶ᠎ᠠ ᠪᠠᠷ ᠵᠢᠷᠤᠵᠤ ᠲᠥᠯᠥᠪᠯᠡᠬᠦ᠂ ᠥᠨᠳᠥᠷ ᠬᠢᠷᠢ ᠲᠦᠪᠰᠢᠨ ᠢᠶᠠᠷ ᠪᠦᠲᠦᠭᠡᠨ ᠪᠠᠶᠢᠭᠤᠯᠬᠤ᠂ ᠥᠨᠳᠥᠷ ᠦᠷ᠎ᠡ | ᠪᠦᠲᠦᠮᠵᠢᠲᠡᠶ ᠪᠠᠷ ᠬᠠᠮᠢᠶᠠᠷᠬᠤ ᠶᠢ ᠦᠨᠡᠨ ᠬᠦ ᠪᠠᠲᠤᠯᠠᠪᠠ᠃ ᠣᠳᠣᠬᠠᠨ ᠳᠤ᠂ ᠬᠤᠲᠠ ᠶᠢᠨ ᠪᠡᠶ᠎ᠡ ᠶᠢᠨ ᠲᠠᠮᠢᠷ ᠤᠨ | ᠣᠷᠳᠣᠨ ᠨᠢᠭᠡᠨᠲᠡ ᠪᠠᠶᠢᠭᠤᠯᠤᠭᠳᠠᠭᠰᠠᠨ ᠪᠥᠭᠡᠳ ᠠᠰᠢᠭᠯᠠᠯᠲᠠ ᠳᠤ ᠣᠷᠤᠪᠠ᠂ ᠬᠤᠲᠠ ᠶᠢᠨ ᠤᠮᠪᠠᠯᠲᠠ ᠶᠢᠨ | ᠣᠷᠳᠣᠨ᠂ ᠲᠣᠣᠷ ᠪᠥᠮᠪᠦᠭᠡ ᠶᠢᠨ ᠣᠷᠳᠣᠨ ᠢ ᠵᠢᠷᠤᠵᠤ ᠲᠥᠯᠥᠪᠯᠡᠬᠦ᠂ ᠲᠥᠯᠥᠪᠵᠢᠭᠦᠯᠬᠦ ᠵᠡᠷᠭᠡ ᠡᠮᠦᠨᠡᠬᠢ | ᠬᠤᠭᠤᠴᠠᠭᠠᠨ ᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ ᠂ ᠢᠷᠡᠬᠦ ᠵᠢᠯ ᠤᠨ 3 ᠳ᠋ᠤᠭᠠᠷ ᠰᠠᠷ᠎ᠠ ᠳᠤ ᠠᠵᠢᠯ ᠢᠶᠠᠨ | ᠡᠬᠢᠯᠡᠭᠦᠯᠵᠦ᠂ 2017 ᠣᠨ ᠤ ᠡᠴᠦᠰ ᠠᠴᠠ ᠡᠮᠦᠨ᠎ᠡ ᠠᠰᠢᠭᠯᠠᠯᠲᠠ ᠳᠤ ᠣᠷᠣᠭᠤᠯᠬᠤ ᠪᠠᠷ ᠵᠢᠱᠢᠵᠦ ᠪᠤᠢ᠃ |