ᠥᠪᠥᠷ ᠮᠣᠩᠭᠤᠯ ᠤᠨ ᠡᠩ ᠤᠨ ᠳᠡᠭᠡᠳᠦ ᠰᠤᠷᠭᠠᠭᠤᠯᠢ ᠨᠤᠭᠤᠳ ᠤᠨ ᠣᠶᠤᠲᠠᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠮᠡᠳᠡᠯᠭᠡ ᠶᠢᠨ ᠰᠢᠢᠳᠪᠦᠷᠢᠲᠦ ᠤᠷᠤᠯᠳᠤᠭᠠᠨ ᠲᠡᠭᠦᠰᠪᠡ
ᠨᠡᠶᠢᠲᠡᠯᠡᠭᠰᠡᠨ ᠴᠠᠭ᠄
2015/11/3
     10 ᠳ᠋ᠤᠭᠠᠷ ᠰᠠᠷ᠎ᠠ ᠶᠢᠨ 29᠎ ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠪᠦᠬᠦ ᠣᠷᠣᠨ ᠤ ᠡᠩ ᠤᠨ ᠳᠡᠭᠡᠳᠦ ᠰᠤᠷᠭᠠᠭᠤᠯᠢ ᠨᠤᠭᠤᠳ ᠤᠨ ᠭᠤᠷᠪᠠᠳᠤᠭᠠᠷ ᠬᠤᠭᠤᠴᠠᠭᠠᠨ ᠤ ᠰᠡᠳᠬᠢᠴᠡ ᠶᠢᠨ ᠡᠷᠡᠭᠦᠯ ᠮᠡᠨᠳᠦ ᠶᠢᠨ ᠮᠡᠳᠡᠯᠭᠡ ᠶᠢᠨ ᠰᠢᠢᠳᠪᠦᠷᠢᠲᠦ ᠤᠷᠤᠯᠳᠤᠭᠠᠨ ᠬᠤᠭᠤᠴᠠᠭ᠎ᠠ ᠶᠤᠰᠤᠭᠠᠷ ᠬᠦᠬᠡᠬᠤᠲᠠ ᠳᠤ ᠶᠠᠪᠤᠭᠳᠠᠵᠤ᠂ ᠥᠪᠥᠷ ᠮᠣᠩᠭᠤᠯ ᠤᠨ  ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠲᠥᠯᠥᠭᠡᠯᠡᠭᠴᠢᠳ ᠤᠨ ᠠᠩᠭᠢ ᠲᠤᠰ ᠬᠤᠭᠤᠴᠠᠭᠠᠨ ᠤ ᠲᠡᠷᠢᠭᠦᠨ ᠱᠠᠩᠨᠠᠯ ᠢ ᠬᠦᠷᠲᠡᠵᠡᠢ᠃       ︽ᠣᠶᠤᠲᠠᠳ ᠰᠢᠯᠢᠳᠡᠭ ᠦᠵᠡᠯ ᠰᠠᠨᠠᠭ᠎ᠠ ᠶᠣᠰᠣ ᠰᠤᠷᠲᠠᠬᠤᠨ ᠤ ᠬᠡᠪ ᠴᠢᠨᠠᠷ᠂ ᠰᠣᠶᠣᠯ ᠤᠨ ᠬᠡᠪ ᠴᠢᠨᠠᠷ᠂ ᠮᠡᠷᠭᠡᠵᠢᠯ ᠤᠨ ᠬᠡᠪ ᠴᠢᠨᠠᠷ ᠪᠠ ᠪᠡᠶ᠎ᠡ ᠮᠠᠬᠠᠪᠤᠳ ᠤᠨ ᠬᠡᠪ ᠴᠢᠨᠠᠷ ᠲᠠᠢ ᠪᠠᠶᠢᠬᠤ ᠪᠠᠷ ᠪᠠᠷᠠᠬᠤ ᠦᠭᠡᠢ ᠰᠢᠯᠢᠳᠡᠭ ᠰᠡᠳᠬᠢᠴᠡ ᠶᠢᠨ ᠬᠡᠪ ᠴᠢᠨᠠᠷ ᠪᠠᠶᠢᠬᠤ ᠬᠡᠷᠡᠭᠲᠡᠢ︾ ᠭᠡᠵᠦ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ ᠤᠨ ᠤᠯᠤᠰ ᠲᠥᠷᠥ ᠦᠵᠡᠯ ᠰᠠᠨᠠᠭ᠎ᠠ ᠪᠣᠯᠣᠨ ᠰᠤᠷᠤᠭᠴᠢ ᠶᠢᠨ ᠠᠵᠢᠯ ᠤᠨ ᠭᠠᠵᠠᠷ ᠤᠨ ᠯᠢ ᠮᠢᠨ ᠬᠤᠢ ᠶᠠᠷᠢᠵᠤ᠂ ᠥᠪᠥᠷ ᠮᠣᠩᠭᠤᠯ ᠤᠨ ᠡᠩ ᠤᠨ ᠳᠡᠭᠡᠳᠦ ᠰᠤᠷᠭᠠᠭᠤᠯᠢ ᠨᠤᠭᠤᠳ ᠤᠨ ᠣᠶᠤᠲᠠᠳ ᠤᠨ ᠣᠶᠤᠲᠠᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠮᠡᠳᠡᠯᠭᠡ ᠶᠢᠨ ᠰᠢᠢᠳᠪᠦᠷᠢᠲᠦ ᠤᠷᠤᠯᠳᠤᠭᠠᠨ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ ᠭᠤᠣᠯᠴᠢᠯᠠᠨ ᠡᠷᠬᠢᠯᠡᠪᠡ᠃ ᠤᠷᠤᠯᠳᠤᠭᠠᠨ ᠨᠢᠭᠡᠨᠲᠡ ᠭᠤᠷᠪᠠᠨ ᠬᠤᠭᠤᠴᠠᠭ᠎ᠠ ᠶᠠᠪᠤᠭᠳᠠᠵᠤ᠂ ᠡᠨᠡ ᠵᠢᠯ ᠪᠣᠯ ᠲᠥᠯᠥᠭᠡᠯᠡᠭᠴᠢᠳ ᠤᠨ ᠠᠩᠭᠢ ᠬᠠᠮᠤᠭ ᠣᠯᠠᠨ ᠤᠷᠤᠯᠴᠠᠭᠰᠠᠨ ᠨᠢᠭᠡ ᠬᠤᠭᠤᠴᠠᠭ᠎ᠠ ᠪᠣᠯᠣᠨ᠎ᠠ᠃      ᠥᠪᠥᠷ ᠮᠣᠩᠭᠤᠯ ᠤᠨ ᠡᠩ ᠤᠨ ᠶᠡᠭᠡ ᠰᠤᠷᠭᠠᠭᠤᠯᠢ ᠶᠢᠨ ᠣᠶᠤᠲᠠᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠮᠡᠳᠡᠯᠭᠡ ᠶᠢᠨ ᠰᠢᠢᠳᠪᠦᠷᠢᠲᠦ ᠤᠷᠤᠯᠳᠤᠭᠠᠨ ᠨᠢ ︽ᠰᠡᠳᠬᠢᠴᠡ ᠶᠢᠨ ᠡᠷᠡᠭᠦᠯ ᠮᠡᠨᠳᠦ ᠶᠢ ᠠᠩᠬᠠᠷᠴᠤ᠂ ᠪᠠᠶᠠᠷ ᠪᠠᠶᠠᠰᠤᠯ ᠲᠠᠢ ᠪᠠᠷ ᠦᠰᠦᠨ ᠪᠣᠶᠢᠵᠢᠬᠤ ᠶᠢ ᠠᠬᠢᠭᠤᠯᠤᠨ᠂ ᠵᠠᠯᠠᠭᠤ ᠨᠠᠰᠤᠨ ᠤ ᠵᠡᠭᠦᠳᠦ ᠪᠠᠨ ᠲᠡᠷᠭᠡᠯᠰᠢᠭᠦᠯᠬᠦ︾᠎ ᠪᠠᠷ ᠭᠤᠣᠯ ᠰᠡᠳᠦᠪ ᠪᠣᠯᠭᠠᠵᠤ᠂ ᠠᠩᠬᠠᠨ ᠤ ᠤᠷᠤᠯᠳᠤᠭᠠᠨ᠂ ᠳᠠᠬᠢᠨ ᠤᠷᠤᠯᠳᠤᠭᠠᠨ ᠪᠠ ᠰᠢᠢᠳᠪᠦᠷᠢᠲᠦ ᠤᠷᠤᠯᠳᠤᠭᠠᠨ ᠭᠡᠵᠦ ᠬᠤᠪᠢᠶᠠᠪᠠ᠃ ᠡᠭᠦᠨ ᠳᠤ᠂ ᠪᠡᠯᠡᠳᠬᠡᠯ ᠤᠷᠤᠯᠳᠤᠭᠠᠨ ᠢ ᠬᠦᠬᠡᠬᠤᠲᠠ ᠶᠢᠨ ᠲᠣᠭᠤᠷᠢᠭ᠂ ᠪᠠᠷᠠᠭᠤᠨ ᠬᠡᠰᠡᠭ ᠤᠨ ᠲᠤᠭᠤᠷᠢᠭ᠂ ᠵᠡᠭᠦᠨ ᠬᠡᠰᠡᠭ ᠤᠨ ᠲᠤᠭᠤᠷᠢᠭ ᠭᠡᠵᠦ ᠲᠤᠰ ᠲᠤᠰ ᠬᠤᠪᠢᠶᠠᠨ ᠶᠠᠪᠤᠭᠳᠠᠭᠤᠯᠪᠠ᠃ ᠰᠢᠢᠳᠪᠦᠷᠢᠲᠦ ᠤᠷᠤᠯᠳᠤᠭᠠᠨ ᠳᠤ ᠤᠷᠤᠯᠴᠠᠭᠰᠠᠨ12 ᠲᠥᠯᠥᠭᠡᠯᠡᠭᠴᠢᠳ ᠤᠨ ᠠᠩᠭᠢ ᠨᠢ 48 ᠠᠩᠭᠢ ᠶᠢᠨ ᠳᠤᠲᠤᠷ᠎ᠠ ᠠᠴᠠ ᠬᠤᠰᠢᠭᠤᠷᠠᠨ ᠭᠠᠷᠴᠠᠢ᠃      ᠬᠤᠷᠴᠠ ᠰᠢᠷᠦᠭᠦᠨ ᠥᠷᠢᠰᠦᠯᠳᠦᠭᠡᠨ ᠢᠶᠠᠷ ᠳᠠᠮᠵᠢᠨ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠲᠥᠯᠥᠭᠡᠯᠡᠭᠴᠢᠳ ᠤᠨ ᠠᠩᠭᠢ ᠲᠤᠰ ᠬᠤᠭᠤᠴᠠᠭᠠᠨ ᠤ ᠲᠡᠷᠢᠭᠦᠨ ᠱᠠᠩᠨᠠᠯ ᠢ ᠬᠦᠷᠲᠡᠵᠦ︔ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠪᠣᠯᠣᠨ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠬᠤᠶᠠᠳᠤᠭᠠᠷ ᠳᠡᠰ ᠤᠨ ᠱᠠᠩᠨᠠᠯ ᠢ ᠬᠦᠷᠲᠡᠵᠦ︔ ᠥᠪᠥᠷ ᠮᠣᠩᠭᠤᠯ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠲᠧᠭᠨᠢᠭ ᠮᠡᠷᠭᠡᠵᠢᠯ ᠤᠨ ᠶᠡᠭᠡ ᠰᠤᠷᠭᠠᠭᠤᠯᠢ ᠪᠣᠯᠣᠨ ᠬᠦᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠨᠢ ᠵᠡᠷᠭᠡᠪᠡᠷ ᠭᠤᠷᠪᠠᠳᠤᠭᠠᠷ ᠳᠡᠰ ᠤᠨ ᠱᠠᠩᠨᠠᠯ ᠢ ᠬᠦᠷᠲᠡᠵᠡᠢ᠃       ᠣᠶᠢᠷ᠎ᠠ ᠶᠢᠨ ᠵᠢᠯ ᠤᠳ ᠲᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ ᠵᠢᠴᠢ ᠡᠯ᠎ᠡ ᠳᠡᠭᠡᠳᠦ ᠰᠤᠷᠭᠠᠭᠤᠯᠢ ᠨᠤᠭᠤᠳ ᠤᠨ ᠬᠤᠶᠠᠳᠤᠭᠠᠷ ᠬᠢᠴᠢᠶᠡᠯ ᠬᠦᠮᠦᠵᠢᠯ ᠤᠨ ᠬᠦᠳᠡᠯᠭᠡᠭᠡᠨ᠂ ᠦᠷᠭᠡᠨ ᠳᠡᠯᠭᠡᠷ ᠤᠬᠠᠭᠤᠯᠭ᠎ᠠ᠂ ᠰᠡᠳᠬᠢᠴᠡ ᠶᠢᠨ ᠡᠷᠡᠭᠦᠯ ᠮᠡᠨᠳᠦ ᠶᠢᠨ ᠬᠢᠴᠢᠶᠡᠯ ᠢ ᠲᠦᠭᠡᠮᠡᠯᠵᠢᠭᠦᠯᠬᠦ ᠪᠠᠷ ᠳᠠᠮᠵᠢᠵᠤ ᠣᠶᠤᠲᠠᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠰᠤᠷᠭᠠᠨ ᠬᠦᠮᠦᠵᠢᠯ ᠤᠨ ᠠᠵᠢᠯ ᠢ ᠲᠦᠯᠬᠢᠨ ᠠᠬᠢᠭᠤᠯᠬᠤ ᠲᠠᠯ᠎ᠠ ᠪᠠᠷ ᠢᠳᠡᠪᠬᠢᠲᠡᠢ ᠪᠠᠷ ᠰᠦᠪᠡᠭᠴᠢᠯᠡᠭᠰᠡᠨ ᠪᠠᠶᠢᠨ᠎ᠠ᠃ 2009 ᠣᠨ ᠠᠴᠠ ᠡᠬᠢᠯᠡᠨ᠂ ᠥᠪᠥᠷ ᠮᠣᠩᠭᠤᠯ ᠪᠦᠬᠦ ᠣᠷᠣᠨ ᠤ ᠬᠡᠪᠴᠢᠶᠡᠨ ᠳᠤ ᠭᠤᠷᠪᠠᠨ ᠬᠤᠭᠤᠴᠠᠭᠠᠨ ᠤ ᠣᠶᠤᠲᠠᠳ ᠤᠨ ᠰᠡᠳᠬᠢᠴᠡ ᠵᠦᠴᠦᠭᠡ ᠶᠢᠨ ᠤᠷᠤᠯᠳᠤᠭᠠᠨ ᠪᠠ ᠣᠶᠤᠲᠠᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠮᠡᠳᠡᠯᠭᠡ ᠶᠢᠨ ᠤᠷᠤᠯᠳᠤᠭᠠᠨ ᠶᠠᠪᠤᠭᠳᠠᠭᠤᠯᠪᠠ᠃ ᠲᠡᠷᠡ ᠨᠢ ᠣᠶᠤᠲᠠᠳ ᠤᠨ ᠨᠡᠶᠢᠭᠡᠮ ᠤᠨ ᠠᠮᠢᠳᠤᠷᠠᠯ ᠲᠠᠢ ᠵᠣᠬᠢᠴᠠᠬᠤ ᠴᠢᠳᠠᠪᠤᠷᠢ ᠶᠢ ᠳᠡᠭᠡᠭᠰᠢᠯᠡᠭᠦᠯᠦᠨ᠂ ᠣᠶᠤᠲᠠᠳ ᠤᠨ ᠥᠪᠡᠷᠮᠢᠴᠡ ᠰᠡᠳᠬᠢᠴᠡ ᠶᠢᠨ ᠬᠡᠪ ᠴᠢᠨᠠᠷ ᠢ ᠬᠥᠮᠥᠵᠢᠭᠦᠯᠦᠨ᠂ ᠳᠡᠭᠡᠳᠦ ᠰᠤᠷᠭᠠᠭᠤᠯᠢ ᠨᠤᠭᠤᠳ ᠤᠨ ᠶᠣᠰᠣ ᠰᠤᠷᠲᠠᠬᠤᠨ ᠲᠠᠮᠢᠷ ᠤᠨ ᠠᠵᠢᠯ ᠤᠨ ᠬᠠᠨᠳᠤᠯᠭᠠᠲᠤ ᠴᠢᠨᠠᠷ᠂ ᠪᠤᠳᠠᠳᠤ ᠦᠷ᠎ᠡ ᠪᠦᠲᠦᠮᠵᠢᠲᠦ ᠴᠢᠨᠠᠷ ᠪᠣᠯᠣᠨ ᠰᠠᠨᠠᠭᠠᠴᠢᠯᠠᠭᠠᠲᠤ ᠴᠢᠨᠠᠷ ᠢ ᠳᠡᠭᠡᠭᠰᠢᠯᠡᠭᠦᠯᠬᠦ ᠳᠤ ᠮᠠᠰᠢ ᠴᠢᠬᠤᠯᠠ ᠦᠢᠯᠡᠳᠦᠯ ᠲᠠᠢ ᠶᠤᠮ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号