ᠦᠨᠦ ᠵᠢᠯ ᠤᠨ 8 ᠰᠠᠷ᠎ᠠ ᠳᠤ᠂ ᠨᠠᠮ ᠤᠨ ᠲᠦᠪ ᠬᠤᠷᠢᠶ᠎ᠠ ᠠᠴᠠ ︽ᠲᠤᠮᠳᠠᠳᠤ ᠤᠯᠤᠰ ᠤᠨ ᠡᠪ ᠬᠠᠮᠳᠤ | ᠨᠠᠮ ᠤᠨ ᠲᠤᠭᠤᠷᠢᠨ ᠪᠠᠶᠢᠴᠠᠭᠠᠬᠤ ᠠᠵᠢᠯ ᠤᠨ ᠲᠦᠷᠢᠮ︾ ᠢ ᠲᠠᠷᠤᠮᠠᠯᠯᠠᠨ ᠲᠠᠷᠬᠠᠭᠠᠭᠰᠠᠨ ᠤ ᠬᠠᠮᠳᠤ ᠮᠡᠳᠡᠭᠳᠡᠯ | ᠲᠠᠷᠬᠠᠭᠠᠵᠤ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠲᠤ ᠬᠢᠨᠠᠮᠠᠭᠠᠢ ᠵᠢᠷᠤᠮᠯᠠᠨ ᠭᠡᠷᠡᠭᠵᠢᠬᠦᠯᠳᠦᠬᠡᠢ ᠭᠡᠵᠤ | ᠱᠠᠭᠠᠷᠳᠠᠭᠰᠠᠨ ᠪᠠᠶᠢᠨ᠎ᠠ᠃ 8 ᠰᠠᠷ᠎ᠠ ᠶᠢᠨ 20 ᠤ ᠡᠳᠦᠷ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ | ᠤ ᠨᠠᠮ ᠤᠨ ᠬᠤᠷᠢᠶ᠎ᠠ ᠶᠢᠨ ᠭᠤᠤᠯ ᠲᠤᠭᠤᠶᠢᠯᠠᠩ ᠬᠠᠮᠳᠤ ᠶᠢᠨ ᠰᠤᠷᠤᠯᠴᠠᠯᠭ᠎ᠠ ᠶᠢᠨ ᠬᠤᠷᠠᠯ ᠬᠢᠵᠤ᠂ ᠰᠢᠨ᠎ᠡ ᠪᠠᠷ | ᠵᠠᠰᠠᠪᠤᠷᠢ ᠤᠷᠤᠭᠤᠯᠤᠭᠰᠠᠨ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠲᠤᠭᠤᠷᠢᠨ ᠪᠠᠶᠢᠴᠠᠭᠠᠬᠤ ᠠᠵᠢᠯ ᠤᠨ | ᠲᠦᠷᠢᠮ︾ ᠢ ᠲᠤᠰᠬᠠᠢ ᠰᠡᠳᠤᠪ ᠢᠶᠠᠷ ᠰᠤᠷᠤᠯᠴᠠᠵᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ | ᠱᠦᠵᠢ ᠸᠠᠩ ᠵᠢᠶᠦ᠋ᠨ ᠲᠤᠰ ᠤᠳᠠᠭᠠᠨ ᠤ ᠰᠤᠷᠤᠯᠴᠠᠯᠭ᠎ᠠ ᠲᠡᠭᠡᠷ᠎ᠡ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ | ᠬᠠᠷᠢᠭᠤᠴᠠᠯᠭ᠎ᠠ ᠶᠢ ᠬᠢᠨᠠᠮᠠᠭᠠᠢ ᠬᠦᠢᠴᠡᠳᠭᠡᠵᠤ᠂ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠲᠤᠭᠤᠷᠢᠨ | ᠪᠠᠶᠢᠴᠠᠭᠠᠬᠤ ᠠᠵᠢᠯ ᠤᠨ ᠲᠦᠷᠢᠮ︾ ᠢ ᠪᠦᠬᠦ ᠲᠠᠯ᠎ᠠ ᠪᠠᠷ ᠲᠤᠤᠱᠯᠠᠭᠤᠯᠤᠨ ᠭᠡᠷᠡᠭᠵᠢᠬᠦᠯᠵᠤ᠂ ᠦᠪᠦᠷ ᠮᠤᠩᠭᠤᠯ | ᠤᠨ ᠨᠠᠮ ᠤᠨ ᠰᠤᠷᠳᠠᠯ ᠴᠢᠬᠡᠴᠢ ᠵᠠᠰᠠᠭ ᠤᠨ ᠪᠠᠶᠢᠭᠤᠯᠤᠯᠳᠠ ᠪᠠ ᠢᠯᠵᠠᠷᠠᠯ ᠢ ᠡᠰᠡᠷᠬᠦᠴᠡᠬᠦ ᠠᠵᠢᠯ ᠢ ᠲᠠᠰᠤᠷᠠᠯᠳᠠ | ᠦᠬᠡᠢ ᠬᠦᠨᠵᠡᠬᠡᠶᠢᠷᠡᠬᠦᠯᠬᠦ ᠭᠡᠷᠡᠭᠳᠡᠢ ᠭᠡᠵᠤ ᠴᠢᠬᠤᠯᠠᠴᠢᠯᠠᠵᠠᠢ᠃ ᠲᠡᠭᠡᠪᠡᠯ ᠰᠢᠨ᠎ᠡ ᠪᠠᠷ ᠵᠠᠰᠠᠪᠤᠷᠢ ᠤᠷᠤᠭᠤᠯᠤᠭᠰᠠᠨ | ︽ᠲᠤᠮᠳᠠᠳᠤ ᠤᠯᠤᠰ ᠤᠨ ᠡᠪ ᠬᠠᠮᠳᠤ ᠨᠠᠮ ᠤᠨ ᠲᠤᠭᠤᠷᠢᠨ ᠪᠠᠶᠢᠴᠠᠭᠠᠬᠤ ᠠᠵᠢᠯ ᠤᠨ ᠲᠦᠷᠢᠮ︾ ᠳᠤ ᠶᠠᠮᠠᠷ ᠶᠠᠮᠠᠷ | ᠰᠢᠨ᠎ᠡ ᠡᠭᠦᠳᠦᠯᠳᠡ ᠲᠠᠢ ᠪᠠᠶᠢᠬᠤ᠂ ᠬᠦᠬᠡᠬᠤᠳᠠ ᠲᠠᠷᠠᠭᠠᠴᠢ ᠶᠢᠨ ᠠᠯᠬᠤᠮ ᠤᠨ ᠲᠤᠭᠤᠷᠢᠨ ᠪᠠᠶᠢᠴᠠᠭᠠᠬᠤ ᠠᠵᠢᠯ | ᠤᠨ ᠲᠠᠯ᠎ᠠ ᠪᠠᠷ ᠶᠠᠮᠠᠷ ᠪᠤᠳᠠᠳᠠᠢ ᠠᠷᠭ᠎ᠠ ᠬᠡᠮᠵᠢᠶ᠎ᠡ ᠪᠠᠶᠢᠬᠤ᠂ ᠠᠷᠠᠳ ᠤᠨ ᠰᠦᠯᠵᠢᠶ᠎ᠡ ᠶᠢᠨ ᠦᠪᠦᠷ ᠮᠤᠩᠭᠤᠯ ᠤᠨ | ᠲᠠᠪᠳᠠᠭ ᠲᠡᠭᠡᠷ᠎ᠠ ᠲᠤᠷᠠᠳᠤᠭᠰᠠᠨ ᠲᠤᠰᠬᠠᠢ ᠰᠡᠳᠤᠪ ᠤᠨ ᠲᠠᠯ᠎ᠠ ᠪᠠᠷ ᠦᠪᠦᠷ ᠮᠤᠩᠭᠤᠯ ᠤᠨ ᠦᠪᠡᠷᠳᠡᠭᠡᠨ ᠵᠠᠰᠠᠬᠤ | ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠦᠬᠡᠬᠤᠳᠠ ᠶᠢᠨ ᠨᠠᠮ ᠤᠨ ᠬᠤᠷᠢᠶᠠᠨ ᠤ ᠱᠦᠵᠢ | ᠨᠠᠰᠤᠨᠮᠦ᠋ᠩᠭᠡ ᠶᠢ ᠰᠤᠷᠪᠤᠯᠵᠢᠯᠠᠭᠰᠠᠨ ᠪᠠᠶᠢᠨ᠎ᠠ᠃ | ᠰᠤᠷᠪᠤᠯᠵᠢᠯᠠᠭᠴᠢ᠄ ᠲᠦᠪ ᠬᠤᠷᠢᠶᠠᠨ ᠤ ᠰᠢᠨ᠎ᠡ ᠪᠠᠷ ᠵᠠᠰᠠᠪᠤᠷᠢ ᠤᠷᠤᠭᠤᠯᠤᠭᠰᠠᠨ ︽ᠲᠤᠮᠳᠠᠳᠤ ᠤᠯᠤᠰ ᠤᠨ | ᠡᠪ ᠬᠠᠮᠳᠤ ᠨᠠᠮ ᠤᠨ ᠲᠤᠭᠤᠷᠢᠨ ᠪᠠᠶᠢᠴᠠᠭᠠᠬᠤ ᠠᠵᠢᠯ ᠤᠨ ᠲᠦᠷᠢᠮ︾ ᠢ 8 ᠳ᠋ᠤᠭᠠᠷ ᠰᠠᠷ᠎ᠠ ᠶᠢᠨ 3 ᠤ ᠡᠳᠦᠷ | ᠵᠢᠩᠬᠢᠨᠢ ᠪᠠᠷ ᠨᠡᠶᠢᠳᠡᠯᠡᠨ ᠭᠡᠷᠡᠭᠵᠢᠬᠦᠯᠦᠭᠰᠡᠨ ᠪᠠᠶᠢᠨ᠎ᠠ᠃ ᠡᠩ ᠲᠡᠷᠢᠭᠦᠨ ᠳᠤ᠂ ᠲᠠ ᠰᠢᠨ᠎ᠡ ᠲᠦᠷᠢᠮ ᠤᠨ | ᠨᠡᠶᠢᠳᠡᠯᠡᠭᠳᠡᠭᠰᠡᠨ ᠶᠠᠪᠤᠳᠠᠯ ᠢ ᠭᠡᠷᠬᠢᠨ ᠦᠵᠡᠵᠤ ᠪᠠᠶᠢᠬᠤ ᠪᠠᠨ ᠶᠠᠷᠢᠭᠠᠳ ᠦᠭᠬᠦᠨᠠᠤ ᠤᠤ︖ | ᠨᠠᠰᠤᠨᠮᠦ᠋ᠩᠬᠡ᠄ ᠲᠤᠭᠤᠷᠢᠨ ᠪᠠᠶᠢᠴᠠᠭᠠᠬᠤ ᠶᠠᠪᠤᠳᠠᠯ ᠪᠤᠯ ᠢᠯᠵᠠᠷᠠᠯ ᠢ ᠡᠰᠡᠷᠬᠦᠴᠡᠵᠤ ᠠᠷᠢᠭᠤᠨ ᠴᠢᠬᠡᠴᠢ ᠶᠢ | ᠡᠷᠬᠢᠮᠯᠡᠬᠦ ︽ᠬᠤᠷᠴᠠ ᠵᠡᠪᠰᠡᠭ︾ ᠮᠦᠨ᠃ ᠨᠠᠮ ᠤᠨ ᠠᠷᠪᠠᠨ ᠨᠠᠢᠮᠠᠳᠤᠭᠠᠷ ᠬᠤᠷᠠᠯ ᠠᠴᠠ ᠨᠠᠰᠢ᠂ ᠰᠢ ᠶᠢᠨ ᠫᠢᠩ | ᠨᠦᠬᠦᠷ ᠢᠶᠠᠷ ᠶᠡᠷᠦᠩᠬᠡᠢ ᠱᠦᠵᠢ ᠪᠤᠯᠭᠠᠭᠰᠠᠨ ᠨᠠᠮ ᠤᠨ ᠲᠦᠪ ᠬᠤᠷᠢᠶ᠎ᠠ ᠲᠤᠭᠤᠷᠢᠨ ᠪᠠᠶᠢᠴᠠᠭᠠᠬᠤ ᠠᠵᠢᠯ ᠢ ᠲᠡᠭᠡᠳᠤ | ᠬᠡᠮᠵᠢᠶ᠎ᠡ ᠪᠠᠷ ᠬᠦᠨᠳᠦᠳᠭᠡᠨ ᠦᠵᠡᠵᠤ᠂ ᠲᠤᠭᠤᠷᠢᠨ ᠪᠠᠶᠢᠴᠠᠭᠠᠬᠤ ᠠᠵᠢᠯ ᠤᠨ ᠲᠤᠮᠳᠠ ᠢᠯᠡᠷᠡᠭᠰᠡᠨ ᠠᠰᠠᠭᠤᠳᠠᠯ ᠢ | ᠴᠢᠩᠭ᠎ᠠ ᠰᠢᠢᠳᠪᠦᠷᠢᠯᠡᠬᠦ ᠶᠢ ᠲᠡᠭᠡᠳᠤ ᠬᠡᠮᠵᠢᠶ᠎ᠡ ᠪᠠᠷ ᠴᠢᠬᠤᠯᠠᠴᠢᠯᠠᠨ ᠦᠵᠡᠭᠰᠡᠨ ᠢᠶᠠᠷ ᠪᠦᠬᠦᠶᠢᠯᠡ ᠲᠤᠭᠤᠷᠢᠨ | ᠪᠠᠶᠢᠴᠠᠭᠠᠬᠤ ᠠᠵᠢᠯ ᠮᠠᠰᠢ ᠰᠠᠶᠢᠨ ᠪᠠᠶᠢᠳᠠᠯ ᠲᠠᠢ ᠪᠤᠯᠤᠭᠰᠠᠨ ᠪᠦᠬᠡᠳ ᠪᠠᠰᠠᠴᠤ ᠢᠯᠵᠡᠷᠡᠯ ᠢ ᠵᠠᠯᠬᠠᠭᠠᠨ ᠰᠢᠢᠳᠭᠡᠬᠦ | ᠴᠢᠩᠭ᠎ᠠ ᠲᠠᠷᠤᠯᠳᠠᠳᠤ ᠪᠠᠶᠢᠳᠠᠯ ᠢ ᠪᠦᠷᠢᠯᠳᠦᠬᠦᠯᠦᠭᠰᠡᠨ ᠪᠠᠶᠢᠨ᠎ᠠ᠃ ᠲᠦᠪ ᠬᠤᠷᠢᠶᠠᠨ ᠤ ᠰᠢᠨ᠎ᠡ ᠪᠠᠷ ᠵᠠᠰᠠᠪᠤᠷᠢ | ᠤᠷᠤᠭᠤᠯᠤᠭᠰᠠᠨ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠲᠤᠭᠤᠷᠢᠨ ᠪᠠᠶᠢᠴᠠᠭᠠᠬᠤ ᠠᠵᠢᠯ ᠤᠨ ᠲᠦᠷᠢᠮ︾ | ᠨᠢ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠨᠠᠮ ᠤᠨ ᠲᠤᠳᠤᠭᠠᠳᠤ | ᠳᠠᠬᠢ ᠬᠢᠨᠠᠯᠳᠠ ᠶᠢ ᠴᠢᠩᠭᠠᠳᠬᠠᠵᠤ᠂ ᠲᠤᠭᠤᠷᠢᠨ ᠪᠠᠶᠢᠴᠠᠠᠭᠠᠬᠤ ᠠᠵᠢᠯ ᠢ ᠵᠢᠷᠤᠮᠵᠢᠭᠤᠯᠵᠤ᠂ ᠨᠠᠮ ᠤᠨ ᠰᠠᠬᠢᠯᠭ᠎ᠠ | ᠪᠠᠳᠤ ᠶᠢ ᠴᠢᠩᠭᠠᠳᠬᠠᠵᠤ᠂ ᠨᠠᠮ ᠤᠨ ᠰᠤᠷᠳᠠᠯ ᠢ ᠰᠠᠶᠢᠵᠢᠷᠠᠭᠤᠯᠬᠤ ᠳᠤ ᠮᠠᠰᠢ ᠴᠢᠬᠤᠯᠠ ᠠᠴᠢ ᠬᠤᠯᠪᠤᠭᠳᠠᠯ ᠲᠠᠢ | ᠶᠤᠮ᠃ ᠮᠢᠨᠤ ᠦᠵᠡᠬᠦ ᠪᠠᠷ᠂ ᠡᠩ ᠲᠡᠷᠢᠭᠦᠨ ᠳᠤ᠂ ᠰᠢᠨ᠎ᠡ ᠲᠦᠷᠢᠮ ᠪᠤᠯ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠭᠠᠰᠢᠬᠢ᠂ ᠲᠤᠭᠤᠷᠢᠨ ᠪᠠᠶᠢᠴᠠᠭᠠᠠᠬᠤ ᠠᠵᠢᠯ ᠤᠨ ᠦᠢᠯᠡᠳᠦᠯᠬᠡ ᠶᠢᠨ ᠰᠢᠨ᠎ᠡ ᠶᠢ ᠡᠭᠦᠳᠬᠦ ᠦᠷ᠎ᠡ | ᠪᠦᠳᠦᠮᠵᠢ ᠶᠢᠨ ᠪᠠᠬᠢᠵᠢᠬᠦᠯᠦᠯᠳᠡ ᠮᠦᠨ᠂ ᠲᠤᠭᠤᠷᠢᠨ ᠪᠠᠶᠢᠴᠠᠭᠠᠬᠤ ᠠᠵᠢᠯ ᠢ ᠵᠢᠷᠤᠮᠵᠢᠭᠤᠯᠬᠤ ᠲᠦᠷᠢᠮᠵᠢᠬᠦᠯᠬᠦ | ᠠᠷᠭ᠎ᠠ ᠵᠠᠮ ᠳᠤ ᠤᠷᠤᠭᠤᠯᠬᠤ ᠳᠤ ᠠᠰᠢᠭᠳᠠᠢ ᠶᠤᠮ᠂ ᠡᠶᠢᠮᠤ ᠨᠢᠭᠡᠨ ᠠᠵᠢᠯ ᠤᠨ ᠲᠦᠷᠢᠮ ᠪᠤᠯᠤᠨ ᠲᠦᠷᠢᠮ ᠤᠨ | ᠪᠠᠳᠤᠯᠠᠭ᠎ᠠ ᠲᠠᠢ ᠪᠤᠯᠤᠭᠰᠠᠨ ᠪᠤᠯᠬᠤᠷ ᠲᠤᠭᠤᠷᠢᠨ ᠪᠠᠶᠢᠴᠠᠭᠠᠬᠤ ᠡᠨᠡᠬᠦ ︽ᠬᠤᠷᠴᠠ ᠰᠡᠯᠡᠮ᠎ᠡ︾ ᠶᠢ ᠨᠡᠩ | ᠤᠨᠤᠪᠴᠢᠳᠠᠢ᠂ ᠨᠡᠩ ᠬᠤᠷᠴᠠᠯᠢᠭ᠂ ᠨᠡᠩ ᠠᠮᠢᠳᠤᠯᠢᠭ ᠭᠡᠷᠡᠭᠯᠡᠵᠤ᠂ ᠲᠤᠭᠤᠷᠢᠨ ᠪᠠᠶᠢᠴᠠᠭᠠᠬᠤ ᠠᠵᠢᠯ ᠢ ᠨᠡᠩ | ᠴᠢᠭᠯᠡᠯᠳᠤ ᠴᠢᠨᠠᠷ ᠪᠠ ᠦᠷ᠎ᠡ ᠪᠦᠳᠦᠮᠵᠢᠳᠤ ᠴᠢᠨᠠᠷᠳᠠᠢ ᠪᠤᠯᠭᠠᠵᠤ ᠴᠢᠳᠠᠨ᠎ᠠ᠃ ᠲᠠᠷᠠᠭ᠎ᠠ ᠳᠤᠨᠢ᠂ ᠰᠢᠨ᠎ᠡ ᠲᠦᠷᠢᠮ | ᠪᠤᠯ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠲᠦᠯᠬᠢᠨ ᠠᠬᠢᠭᠤᠯᠵᠤ᠂ ᠨᠠᠮ ᠢ ᠲᠦᠷᠢᠮ ᠶᠤᠰᠤᠭᠠᠷ ᠴᠢᠩᠭ᠎ᠠ | ᠵᠠᠰᠠᠬᠤ ᠶᠢᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠠᠷᠭ᠎ᠠ ᠬᠡᠮᠵᠢᠶ᠎ᠡ ᠮᠦᠨ᠂ ᠨᠠᠮ ᠤᠨ ᠰᠤᠷᠳᠠᠯ ᠴᠢᠬᠡᠴᠢ | ᠵᠠᠰᠠᠭ ᠤᠨ ᠪᠠᠶᠢᠭᠤᠯᠤᠯᠳᠠ ᠪᠠ ᠢᠯᠵᠠᠷᠠᠯ ᠢ ᠡᠰᠡᠷᠬᠦᠴᠡᠬᠦ ᠲᠡᠮᠡᠴᠡᠯ ᠢ ᠤᠯᠠᠮ ᠨᠢᠬᠡ ᠠᠯᠬᠤᠮ ᠲᠦᠪᠯᠡᠷᠡᠬᠦᠯᠵᠤ᠂ | ᠠᠰᠠᠭᠤᠳᠠᠯ ᠢ ᠢᠯᠡᠷᠡᠬᠦᠯᠤᠨ᠂ ᠰᠦᠷ ᠭᠦᠴᠦᠨ ᠢ ᠪᠤᠢ ᠪᠤᠯᠭᠠᠵᠤ᠂ ᠨᠠᠮ ᠤᠨ ᠲᠤᠳᠤᠭᠠᠳᠤ ᠳᠠᠬᠢ ᠬᠢᠨᠠᠯᠳᠠ ᠶᠢ | ᠴᠢᠩᠭᠠᠳᠬᠠᠨ᠂ ᠲᠤᠭᠤᠷᠢᠨ ᠪᠠᠶᠢᠴᠠᠭᠠᠬᠤ ᠠᠵᠢᠯ ᠢ ᠵᠢᠷᠤᠮᠵᠢᠭᠤᠯᠬᠤ ᠳᠤ ᠴᠢᠬᠤᠯᠠ ᠦᠨᠳᠦᠰᠦᠯᠡᠯ ᠤᠯᠭᠤᠵᠤ᠂ ᠨᠠᠮ | ᠤᠨ ᠲᠡᠷᠢᠭᠦᠨ ᠤ ᠴᠢᠨᠠᠷ ᠪᠤᠯᠤᠨ ᠴᠡᠪᠡᠷ ᠴᠢᠨᠠᠷ ᠤᠨ ᠪᠠᠶᠢᠭᠤᠯᠤᠯᠳᠠ ᠶᠢ ᠬᠦᠴᠦᠳᠡᠢ ᠲᠦᠯᠬᠢᠨ ᠠᠬᠢᠭᠤᠯᠬᠤ ᠪᠤᠯᠤᠨ᠎ᠠ᠃ | ᠭᠤᠷᠪᠠ ᠳᠤ᠂ ᠰᠢᠨ᠎ᠡ ᠲᠦᠷᠢᠮ ᠪᠤᠯ ᠨᠠᠮ ᠤᠨ ᠲᠤᠳᠤᠭᠠᠳᠤ ᠳᠠᠬᠢ ᠬᠠᠤᠯᠢ ᠲᠦᠷᠢᠮ ᠤᠨ ᠴᠢᠬᠤᠯᠠ ᠪᠦᠷᠢᠯᠳᠦᠭᠦᠨ | ᠭᠡᠰᠡᠭ ᠮᠦᠨ ᠂ ᠨᠠᠮ ᠤᠨ ᠲᠤᠳᠤᠭᠠᠳᠤ ᠳᠠᠬᠢ ᠬᠠᠤᠯᠢ ᠲᠦᠷᠢᠮ ᠤᠨ ᠪᠠᠶᠢᠭᠤᠯᠤᠯᠳᠠ ᠶᠢ ᠴᠢᠩᠭᠠᠳᠬᠠᠭᠰᠠᠨ ᠤ | ᠪᠤᠳᠠᠳᠠᠢ ᠦᠷ᠎ᠡ ᠪᠦᠳᠦᠭᠡᠯ ᠪᠤᠯᠤᠨ᠎ᠠ᠂ ᠲᠡᠷᠡ ᠨᠢ ᠲᠤᠭᠤᠷᠢᠨ ᠪᠠᠶᠢᠴᠠᠭᠠᠬᠤ ᠠᠵᠢᠯ ᠳᠤ ᠶᠡᠷᠦᠩᠬᠡᠢ ᠵᠢᠷᠤᠮᠵᠢᠯ ᠢ | ᠬᠠᠩᠭᠠᠭᠰᠠᠨ ᠪᠦᠬᠡᠳ ᠮᠦᠨᠴᠤ ᠮᠠᠨ ᠤ ᠨᠠᠮ ᠤᠨ ᠲᠤᠰ ᠪᠡᠶ᠎ᠡ ᠶᠢᠨ ᠲᠤᠳᠤᠭᠠᠳᠤ ᠳᠠᠬᠢ ᠠᠵᠢᠯᠯᠠᠭ᠎ᠠ ᠪᠠᠨ | ᠲᠦᠷᠢᠮᠵᠢᠬᠦᠯᠵᠤ᠂ ᠨᠠᠮ ᠤᠨ ᠵᠠᠰᠠᠭ ᠪᠠᠷᠢᠬᠤ ᠶᠢ ᠰᠢᠨᠵᠢᠯᠡᠬᠦ ᠤᠬᠠᠭᠠᠨᠴᠢᠯᠠᠬᠤ᠂ ᠲᠦᠷᠢᠮᠵᠢᠬᠦᠯᠬᠦ ᠬᠢᠷᠢ ᠲᠦᠪᠰᠢᠨ ᠢ | ᠲᠡᠭᠡᠭᠰᠢᠯᠡᠬᠦᠯᠬᠦ ᠳᠤ ᠴᠢᠬᠤᠯᠠ ᠪᠠᠳᠤᠯᠠᠭ᠎ᠠ ᠤᠯᠭᠤᠭᠰᠠᠨ ᠪᠠᠶᠢᠨ᠎ᠠ᠃ | ᠰᠤᠷᠪᠤᠯᠵᠢᠯᠠᠭᠴᠢ᠄ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠲᠤᠭᠤᠷᠢᠨ ᠪᠠᠶᠢᠴᠠᠭᠠᠬᠤ ᠠᠵᠢᠯ ᠤᠨ | ᠲᠦᠷᠢᠮ︾ ᠢ ᠲᠤᠰ ᠤᠳᠠᠭ᠎ᠠ ᠵᠠᠰᠠᠪᠤᠷᠢ ᠤᠷᠤᠭᠤᠯᠬᠤ ᠳᠠᠭᠠᠨ ᠲᠤᠭᠤᠷᠢᠨ ᠪᠠᠶᠢᠴᠠᠭᠠᠬᠤ ᠠᠵᠢᠯ ᠤᠨ ᠤᠯᠠᠨ ᠲᠠᠯ᠎ᠠ | ᠪᠠᠷ ᠰᠢᠨ᠎ᠡ ᠡᠬᠦᠳᠦᠭᠰᠠᠨ ᠪᠠᠶᠢᠨ᠎ᠠ᠃ ᠰᠢᠨ᠎ᠡ ᠲᠦᠷᠢᠮ ᠢ ᠰᠤᠳᠤᠯᠤᠨ ᠰᠤᠷᠤᠯᠴᠠᠬᠤ ᠶᠠᠪᠤᠴᠠ ᠲᠤᠮᠳᠠ᠂ ᠲᠠ ᠠᠯᠢ | ᠰᠢᠨ᠎ᠡ ᠡᠭᠦᠳᠦᠯᠳᠡ ᠳᠤ ᠮᠠᠰᠢ ᠬᠦᠨ ᠲᠦᠷᠦᠭᠳᠡᠯ ᠲᠠᠢ ᠪᠠᠶᠢᠨ᠎ᠠ ᠪᠤᠢ︖ | ᠨᠠᠰᠤᠨᠮᠦ᠋ᠩᠬᠡ᠄ ︽ᠦᠬᠡᠷᠡᠴᠢᠯᠡᠭᠴᠢᠳ ᠰᠠᠶ᠋ᠢ ᠲᠡᠪᠰᠢᠵᠤ᠂ ᠰᠢᠨ᠎ᠡ ᠡᠬᠦᠳᠦᠭᠴᠢᠳ ᠰᠠᠶ᠋ᠢᠭᠦ᠋ᠴᠦᠷᠭᠡᠭᠵᠢᠨᠠ︾᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠲᠤᠭᠤᠷᠢᠨ ᠪᠠᠶᠢᠴᠠᠭᠠᠠᠬᠤ ᠠᠵᠢᠯ ᠢᠯᠡᠳᠳᠡ ᠦᠷ᠎ᠡ | ᠪᠦᠳᠦᠮᠵᠢ ᠤᠯᠤᠭᠰᠠᠨ ᠶᠠᠪᠤᠳᠠᠯ ᠳᠤ ᠰᠢᠨ᠎ᠡ ᠡᠬᠦᠳᠦᠯᠳᠡ ᠴᠢᠬᠤᠯᠠ ᠲᠤᠯᠭᠠᠭᠤᠷᠢ ᠪᠤᠯᠵᠤ ᠪᠠᠶᠢᠭ᠎ᠠ ᠶᠤᠮ᠃ ᠨᠠᠳᠠ | ᠳᠤ ᠦᠭᠭᠦᠭᠰᠡᠨ ᠬᠠᠮᠤᠭ ᠬᠦᠨᠵᠡᠬᠡᠢ ᠲᠦᠷᠦᠭᠳᠡᠯ ᠪᠤᠯ ᠰᠢᠨ᠎ᠡ ᠲᠦᠷᠢᠮ ᠪᠦᠬᠦᠨ ᠢ ᠪᠦᠷᠢᠨᠰᠢᠬᠦᠯᠬᠦ ᠶᠢ ᠱᠠᠭᠠᠷᠳᠠᠭᠰᠠᠨ | ᠪᠢᠰᠢ᠂ ᠬᠠᠷᠢᠨ ᠭᠤᠤᠯᠳᠠᠯᠭ᠎ᠠ ᠲᠠᠢ ᠲᠠᠯ᠎ᠠ ᠪᠠᠷ ᠡᠩ ᠤᠨ ᠬᠢ ᠶᠢ ᠲᠠᠭᠠᠭᠤᠯᠵᠤ᠂ ᠴᠢᠬᠤᠯᠠ ᠲᠠᠯ᠎ᠠ ᠪᠠᠷ ᠪᠦᠬᠦ ᠲᠠᠯ᠎ᠠ | ᠶᠢ ᠪᠤᠳᠤᠯᠬᠢᠯᠠᠵᠤ᠂ ᠲᠤᠭᠤᠷᠢᠨ ᠪᠠᠶᠢᠴᠠᠭᠠᠬᠤ ᠠᠵᠢᠯ ᠤᠨ ᠵᠠᠩᠬᠢᠯᠠᠭ᠎ᠠ ᠶᠢ ᠵᠦᠪ ᠤᠨᠤᠪᠴᠢᠳᠠᠢ ᠡᠷᠢᠨ ᠭᠠᠷᠭᠠᠭᠰᠠᠨ | ᠶᠠᠪᠤᠳᠠᠯ ᠪᠤᠯᠤᠨ᠎ᠠ᠃ ᠵᠢᠱᠢᠶᠡᠯᠡᠪᠡᠯ᠄ ᠰᠢᠨ᠎ᠡ ᠲᠦᠷᠢᠮ ᠨᠢ ᠨᠠᠮ ᠤᠨ ᠤᠯᠤᠰ ᠲᠦᠷᠦ ᠶᠢᠨ ᠰᠠᠬᠢᠯᠭ᠎ᠠ᠂ ᠵᠤᠬᠢᠶᠠᠨ | ᠪᠠᠶᠢᠭᠤᠯᠤᠯᠳᠠ ᠶᠢᠨ ᠰᠠᠬᠢᠯᠭ᠎ᠠ᠂ ᠠᠷᠢᠭᠤᠨ ᠴᠢᠬᠡᠴᠢ ᠶᠢᠨ ᠰᠠᠬᠢᠯᠭ᠎ᠠ᠂ ᠤᠯᠠᠨ ᠲᠦᠮᠡᠨᠴᠢ ᠰᠠᠬᠢᠯᠭ᠎ᠠ᠂ ᠠᠵᠢᠯ ᠤᠨ | ᠰᠠᠬᠢᠯᠭ᠎ᠠ᠂ ᠠᠮᠢᠳᠤᠷᠠᠯ ᠤᠨ ᠰᠠᠬᠢᠯᠭ᠎ᠠ ᠵᠡᠷᠭᠡ ︽ᠵᠢᠷᠭᠤᠭᠠᠨ ᠶᠡᠭᠡ ᠰᠠᠬᠢᠯᠭ᠎ᠠ︾ ᠶᠢᠨ ᠲᠤᠭᠤᠷᠢᠨ ᠳᠤ ︽ᠲᠦᠷᠪᠡᠨ | ᠲᠠᠯ᠎ᠠ ᠪᠠᠷ ᠭᠦᠴᠤᠯᠡᠬᠦ︾ ᠬᠢᠨᠠᠯᠳᠠ ᠶᠢᠨ ᠠᠭᠤᠯᠭ᠎ᠠ ᠶᠢ ᠰᠢᠨ᠎ᠡ ᠪᠠᠷ ᠬᠤᠷᠢᠶᠠᠩᠭᠤᠶᠢᠯᠠᠵᠤ᠂ ᠲᠤᠭᠤᠷᠢᠨ ᠪᠠᠶᠢᠴᠠᠭᠠᠬᠤ | ᠠᠵᠢᠯ ᠤᠨ ᠠᠭᠤᠯᠭ᠎ᠠ ᠶᠢᠨ ᠦᠷᠭᠡᠵᠢᠬᠦ ᠠᠰᠠᠭᠤᠳᠠᠯ ᠠᠴᠠ ᠵᠠᠶᠢᠯᠠᠰᠬᠢᠭ᠍ᠰᠡᠨ ᠮᠦᠷᠳᠡᠭᠡᠨ ᠪᠠᠰᠠ ᠰᠠᠬᠢᠯᠭ᠎ᠠ ᠪᠠᠳᠤ ᠶᠢᠨ | ᠦᠨᠳᠦᠷ ᠪᠠᠷᠢᠮᠵᠢᠶ᠎ᠠ ᠪᠠᠷ ᠨᠠᠮ ᠤᠨ ᠭᠡᠰᠢᠭᠦᠨ ᠺᠠᠳ᠋ᠷ ᠤᠨ ᠠᠵᠢᠯᠯᠠᠭ᠎ᠠ ᠶᠢ ᠲᠦᠷᠢᠮᠵᠢᠬᠦᠯᠵᠠᠢ᠂ ᠮᠦᠨᠴᠤ ᠲᠦᠪ | ᠬᠤᠷᠢᠶᠠᠨ ᠤ ᠦᠨᠦᠬᠡᠨ ᠲᠠᠷᠤᠮᠠᠯᠯᠠᠨ ᠲᠠᠷᠬᠠᠭᠠᠭᠰᠠᠨ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠢᠭᠤᠨ | ᠴᠢᠭᠡᠴᠢ ᠪᠠᠷ ᠪᠡᠶ᠎ᠡ ᠪᠠᠨ ᠱᠠᠭᠠᠷᠳᠠᠬᠤ ᠲᠦᠷᠢᠮ︾ ᠪᠠ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠰᠠᠬᠢᠯᠭ᠎ᠠ | ᠪᠠᠳᠤ ᠶᠢᠨ ᠰᠢᠳᠭᠡᠯ ᠤᠨ ᠲᠦᠷᠢᠮ︾ ᠯᠤᠭ᠎ᠠ ᠠᠪᠴᠠᠯᠳᠤᠭᠤᠯᠵᠤ᠂ ᠬᠠᠷᠢᠯᠴᠠᠨ ᠲᠤᠯᠭᠠᠭᠤᠷᠢᠯᠠᠵᠤ᠂ ᠨᠠᠮ ᠢ | ᠬᠠᠮᠢᠶᠠᠷᠬᠤ ᠨᠠᠮ ᠢ ᠵᠠᠰᠠᠬᠤ ᠲᠦᠷᠢᠮ ᠤᠨ ︽ᠬᠤᠷᠢᠭ᠎ᠠ︾ ᠶᠢ ᠤᠯᠠᠮ ᠴᠢᠩᠭᠠᠯᠠᠭᠰᠠᠨ ᠪᠠᠶᠢᠨ᠎ᠠ᠃ ᠵᠢᠱᠢᠶᠡᠯᠡᠪᠡᠯ᠄ | ᠲᠤᠭᠤᠷᠢᠨ ᠪᠠᠶᠢᠴᠠᠭᠠᠬᠤ ᠠᠵᠢᠯ ᠤᠨ ᠠᠰᠠᠭᠤᠳᠠᠯ ᠢᠯᠡᠷᠡᠬᠦᠯᠬᠦ ᠠᠷᠭ᠎ᠠ ᠵᠠᠮ ᠢ ᠦᠷᠭᠡᠳᠭᠡᠵᠤ᠂ ᠤᠳᠤᠷᠢᠳᠤᠯᠭ᠎ᠠ | ᠺᠠᠳ᠋ᠷ ᠤᠨ ᠲᠤᠰ ᠪᠡᠶ᠎ᠡ ᠶᠢᠨ ᠬᠤᠯᠪᠤᠭᠳᠠᠯ ᠪᠦᠬᠦᠢ ᠶᠠᠪᠤᠳᠠᠯ ᠢᠶᠠᠨ ᠮᠡᠳᠡᠬᠦᠯᠦᠭᠰᠡᠨ ᠪᠠᠶᠢᠳᠠᠯ᠂ ᠪᠠᠶᠢᠳᠠᠯ ᠢ | ᠤᠶᠢᠯᠠᠭᠠᠬᠤ ᠬᠠᠮᠢᠶ᠎ᠠ ᠪᠦᠬᠦᠢ ᠬᠦᠮᠦᠰ ᠠᠴᠠ ᠠᠰᠠᠭᠤᠨ ᠰᠤᠷᠠᠭᠯᠠᠭᠰᠠᠨ ᠪᠠᠶᠢᠳᠠᠯ ᠢ ᠰᠤᠭᠤᠴᠢᠨ ᠪᠠᠶᠢᠴᠠᠭᠠᠵᠤ | ᠬᠠᠷᠭᠤᠭᠤᠯᠬᠤ︾ ᠵᠡᠷᠭᠡ ᠠᠷᠭ᠎ᠠ ᠬᠡᠯᠪᠡᠷᠢ ᠶᠢ ᠨᠡᠮᠡᠭᠳᠡᠭᠦᠯᠦᠭᠰᠡᠨ ᠶᠠᠪᠤᠳᠠᠯ ᠨᠢ ᠲᠤᠭᠤᠷᠢᠨ ᠪᠠᠶᠢᠴᠠᠭᠠᠵᠤ ᠠᠰᠠᠭᠤᠳᠠᠯ | ᠢ ᠢᠯᠡᠷᠡᠭᠦᠯᠬᠦ ᠳᠤ ᠬᠦᠴᠦᠳᠡᠢ ᠵᠡᠪᠰᠡᠭ ᠤᠯᠭᠤᠭᠰᠠᠨ ᠪᠠᠶᠢᠨ᠎ᠠ᠃ ᠲᠠᠬᠢᠨ ᠵᠢᠱᠢᠶᠡᠯᠡᠪᠡᠯ᠄ ᠲᠤᠰᠬᠠᠢ ᠲᠦᠷᠦᠯ ᠢᠶᠠᠷ | ᠲᠤᠭᠤᠷᠢᠨ ᠪᠠᠶᠢᠴᠠᠭᠠᠬᠤ ᠪᠤᠯ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠲᠤᠭᠤᠷᠢᠨ | ᠪᠠᠶᠢᠴᠠᠭᠠᠬᠤ ᠠᠵᠢᠯ ᠤᠨ ᠨᠢᠬᠡᠨ ᠰᠢᠨ᠎ᠡ ᠡᠭᠦᠳᠦᠯᠳᠠ ᠶᠢᠨ ᠠᠷᠭ᠎ᠠ ᠬᠡᠮᠵᠢᠶ᠎ᠡ ᠮᠦᠨ᠂ ᠲᠤᠰ ᠤᠳᠠᠭᠠᠨ ᠤ ᠵᠠᠰᠠᠪᠤᠷᠢ | ᠤᠷᠤᠭᠤᠯᠤᠭᠰᠠᠨ ᠬᠠᠮᠤᠭ ᠤᠨ ᠴᠢᠬᠤᠯᠠ ᠵᠦᠢᠯ ᠪᠤᠯ ︽ᠲᠤᠰᠬᠠᠢ ᠲᠦᠷᠦᠯ ᠢᠶᠠᠷ ᠲᠤᠭᠤᠷᠢᠨ ᠪᠠᠶᠢᠴᠠᠭᠠᠬᠤ︾ ᠶᠢ | ᠲᠤᠭᠤᠷᠢᠨ ᠪᠠᠶᠢᠴᠠᠠᠭᠠᠬᠤ ᠠᠵᠢᠯ ᠤᠨ ᠲᠦᠷᠢᠮ ᠳᠤ ᠤᠷᠤᠭᠤᠯᠵᠤ᠂ ᠲᠤᠭᠤᠷᠢᠨ ᠪᠠᠶᠢᠴᠠᠠᠭᠠᠬᠤ ᠠᠵᠢᠯ ᠢ ᠨᠡᠩ | ᠬᠦᠨᠵᠡᠬᠡᠢ᠂ ᠢᠯᠵᠡᠷᠡᠯ ᠢ ᠡᠰᠡᠷᠬᠦᠴᠡᠬᠦ ᠠᠵᠢᠯ ᠢ ᠤᠯᠠᠮ ᠦᠷ᠎ᠡ ᠪᠦᠳᠦᠮᠵᠢᠳᠠᠢ ᠪᠤᠯᠭᠠᠭᠰᠠᠨ ᠪᠠᠶᠢᠨ᠎ᠠ᠃ | ᠰᠤᠷᠪᠤᠯᠵᠢᠯᠠᠭᠴᠢ᠄ ᠪᠢᠳᠡᠨ ᠤ ᠮᠡᠳᠡᠭᠡᠵᠢ ᠪᠠᠷ᠂ ᠲᠤᠭᠤᠷᠢᠨ ᠪᠠᠶᠢᠴᠠᠭᠠᠵᠤ ᠬᠢᠨᠠᠯᠳᠠ ᠲᠠᠯᠪᠢᠬᠤ ᠡᠳᠡᠭᠡᠳ ᠪᠤᠯ | ᠭᠤᠤᠯ ᠨᠢ ᠪᠠᠶᠢᠴᠠᠭᠠᠭᠳᠠᠵᠤ ᠪᠠᠶᠢᠭ᠎ᠠ ᠨᠠᠮ ᠤᠨ ᠵᠤᠬᠢᠶᠠᠨ ᠪᠠᠶᠢᠭᠤᠯᠤᠯᠳᠠ ᠶᠢᠨ ᠤᠳᠤᠷᠢᠳᠬᠤ ᠪᠠᠭ ᠪᠤᠯᠤᠨ ᠲᠡᠭᠦᠨ | ᠤ ᠭᠡᠰᠢᠭᠦᠳ ᠪᠤᠯᠤᠨ᠎ᠠ᠂ ᠰᠢᠨ᠎ᠡ ᠲᠦᠷᠢᠮ ᠤᠨ ᠠᠷᠪᠠᠨ ᠨᠠᠢᠮᠠᠳᠤᠭᠠᠷ ᠵᠦᠢᠯ ᠳᠤ ︽ᠲᠤᠭᠤᠷᠢᠨ ᠪᠠᠶᠢᠴᠠᠭᠠᠬᠤ | ᠲᠤᠭᠤᠶᠢᠯᠠᠩ ᠨᠢ ᠪᠠᠶᠢᠴᠠᠭᠠᠭᠳᠠᠵᠤ ᠪᠠᠶᠢᠭ᠎ᠠ ᠨᠠᠮ ᠤᠨ ᠵᠤᠬᠢᠶᠠᠨ ᠪᠠᠶᠢᠭᠤᠯᠤᠯᠳᠠ ᠳᠤ ᠲᠦᠰᠢᠭᠯᠡᠵᠤ ᠠᠵᠢᠯ ᠢᠶᠠᠨ | ᠦᠷᠨᠢᠬᠦᠯᠬᠦ ᠭᠡᠷᠡᠭᠳᠡᠢ︾ ᠭᠡᠵᠤ ᠲᠤᠳᠤᠷᠬᠠᠢ ᠲᠤᠷᠠᠳᠤᠭᠰᠠᠨ ᠪᠠᠶᠢᠨ᠎ᠠ᠃ ᠲᠠ ᠡᠨᠡᠬᠦ ᠲᠤᠭᠳᠠᠭᠠᠯ ᠢ ᠭᠡᠷᠬᠢᠨ | ᠤᠶᠢᠯᠠᠭᠠᠵᠤ ᠪᠠᠶᠢᠬᠤ ᠪᠤᠢ︖ | ᠨᠠᠰᠤᠨᠮᠦ᠋ᠩᠭᠡ᠄ ᠮᠢᠨᠤ ᠦᠵᠡᠬᠦ ᠪᠠᠷ᠂ ᠰᠢᠨ᠎ᠡ ᠲᠦᠷᠢᠮ ᠳᠤ ᠲᠤᠭᠳᠠᠭᠠᠭᠰᠠᠨ ᠠᠵᠢᠯ ᠤᠨ ᠠᠷᠭ᠎ᠠ ᠮᠠᠶ᠋ᠢᠭ | ᠪᠤᠯᠤᠨ ᠡᠷᠭᠡ ᠶᠢᠨ ᠬᠢᠵᠠᠭᠠᠷᠯᠠᠯ ᠠᠴᠠ ᠦᠵᠡᠪᠡᠯ᠂ ᠲᠤᠭᠤᠷᠢᠨ ᠪᠠᠶᠢᠴᠠᠭᠠᠬᠤ ᠲᠤᠭᠤᠶᠢᠯᠠᠩ ᠪᠤᠯ ᠭᠤᠤᠯ ᠨᠢ | ᠠᠰᠠᠭᠤᠳᠠᠯ ᠢ ᠢᠯᠡᠷᠡᠬᠦᠯᠤᠨ᠎ᠠ᠂ ᠨᠠᠮ ᠤᠨ ᠰᠠᠬᠢᠯᠭ᠎ᠠ ᠪᠠᠳᠤ ᠶᠢ ᠬᠢᠨᠠᠨ ᠪᠠᠶᠢᠴᠠᠭᠠᠬᠤ ᠪᠠ ᠤᠯᠤᠰ ᠤᠨ ᠬᠠᠤᠯᠢ | ᠴᠠᠭᠠᠵᠠ ᠶᠢᠨ ᠡᠷᠭᠡ ᠮᠡᠳᠡᠯ ᠤᠨ ᠡᠭᠦᠷᠭᠡ ᠴᠢᠳᠠᠪᠤᠷᠢ ᠶᠢ ᠡᠵᠡᠨ ᠮᠡᠳᠡᠨ ᠤᠷᠤᠯᠠᠨ ᠬᠦᠢᠴᠡᠳᠭᠡᠬᠦ ᠪᠢᠰᠢ ᠬᠠᠷᠢᠨ | ᠤᠯᠠᠨ ᠲᠦᠮᠡᠨ ᠤ ᠲᠤᠰᠬᠠᠯ ᠲᠠᠢ ᠪᠠᠶᠢᠬᠤ᠂ ᠲᠤᠭᠳᠠᠭᠠᠯ ᠢ ᠢᠯᠡᠷᠭᠡᠢ ᠵᠦᠷᠢᠴᠡᠭᠰᠡᠨ ᠪᠦᠬᠡᠳ ᠰᠢᠢᠳᠪᠦᠷᠢᠯᠡᠵᠤ | ᠲᠠᠶᠢᠯᠬᠦ ᠠᠰᠠᠭᠤᠳᠠᠯ ᠳᠤ ᠲᠤᠭᠤᠷᠢᠨ ᠪᠠᠶᠢᠴᠠᠭᠠᠭᠳᠠᠵᠤ ᠪᠠᠶᠢᠭ᠎ᠠ ᠨᠠᠮ ᠤᠨ ᠵᠤᠬᠢᠶᠠᠨ ᠪᠠᠶᠢᠭᠤᠯᠤᠯᠳᠠ ᠳᠤ | ᠰᠢᠢᠳᠪᠦᠷᠢᠯᠡᠬᠦ ᠰᠠᠨᠠᠯ ᠢᠶᠠᠨ ᠲᠤᠷᠠᠳᠬᠤ ᠶᠠᠪᠤᠳᠠᠯ ᠪᠤᠯᠤᠨ᠎ᠠ᠃ ᠡᠶᠢᠮᠤ ᠠᠴᠠ᠂ ᠰᠢᠨ᠎ᠡ ᠲᠦᠷᠢᠮ ᠤᠨ ᠠᠷᠪᠠᠨ | ᠨᠠᠢᠮᠠᠳᠤᠭᠠᠷ ᠵᠦᠢᠯ ᠳᠤ ︽ᠲᠤᠭᠤᠷᠢᠨ ᠪᠠᠶᠢᠴᠠᠭᠠᠬᠤ ᠲᠤᠭᠤᠶᠢᠯᠠᠩ ᠨᠢ ᠪᠠᠶᠢᠴᠠᠭᠠᠭᠳᠠᠵᠤ ᠪᠠᠶᠢᠭ᠎ᠠ ᠨᠠᠮ ᠤᠨ | ᠵᠤᠬᠢᠶᠠᠨ ᠪᠠᠶᠢᠭᠤᠯᠤᠯᠳᠠ ᠳᠤ ᠲᠦᠰᠢᠭᠯᠡᠵᠤ ᠠᠵᠢᠯ ᠢᠶᠠᠨ ᠦᠷᠨᠢᠬᠦᠯᠵᠤ᠂ ᠲᠤᠭᠤᠷᠢᠨ ᠪᠠᠶᠢᠴᠠᠭᠠᠭᠳᠠᠵᠤ ᠪᠠᠶᠢᠭ᠎ᠠ | ᠭᠠᠵᠠᠷ ᠤᠷᠤᠨ ︵ᠨᠢᠬᠡᠴᠡ︶ ᠤ ᠶᠡᠷᠦᠳᠡ ᠶᠢᠨ ᠠᠵᠢᠯ ᠢ ᠬᠠᠷᠰᠢᠯᠠᠵᠤ ᠪᠤᠯᠬᠤ ᠦᠬᠡᠢ᠂ ᠰᠠᠬᠢᠯᠭ᠎ᠠ ᠪᠠᠳᠤ ᠶᠢᠨ | ᠭᠡᠷᠡᠭᠵᠢᠬᠦᠯᠦᠯᠳᠡ ᠶᠢᠨ ᠬᠢᠨᠠᠨ ᠪᠠᠶᠢᠴᠠᠭᠠᠬᠤ ᠡᠭᠦᠷᠭᠡ ᠬᠠᠷᠢᠴᠠᠭᠤᠯᠭ᠎ᠠ ᠶᠢ ᠬᠦᠢᠴᠡᠳᠭᠡᠵᠤ ᠪᠤᠯᠬᠤ ᠦᠬᠡᠢ︾ ᠬᠡᠵᠤ | ᠲᠤᠭᠳᠠᠭᠠᠭᠰᠠᠨ ᠪᠠᠶᠢᠨ᠎ᠠ᠃ ᠢᠩᠬᠢᠬᠦ ᠨᠢ ᠡᠯ᠎ᠡ ᠱᠠᠳᠤᠨ ᠤ ᠨᠠᠮ ᠤᠨ ᠬᠤᠷᠢᠶ᠎ᠠ ︵ ᠨᠠᠮ ᠤᠨ ᠲᠤᠭᠤᠶᠢᠯᠠᠩ︶ ᠳᠤ | ᠠᠪᠴᠤ ᠬᠡᠯᠡᠪᠡᠯ᠂ ᠨᠢᠬᠡ ᠲᠠᠯ᠎ᠠ ᠪᠠᠷ ᠲᠤᠭᠤᠷᠢᠨ ᠪᠠᠶᠢᠴᠠᠭᠠᠵᠤ ᠬᠢᠨᠠᠯᠳᠠ ᠲᠠᠯᠪᠢᠬᠤ ᠶᠢ ᠤᠬᠠᠮᠰᠠᠷ ᠠᠴᠠ ᠪᠠᠨ | ᠬᠦᠯᠢᠶᠡᠵᠤ᠂ ᠲᠤᠭᠤᠷᠢᠨ ᠪᠠᠶᠢᠴᠠᠭᠠᠬᠤ ᠲᠤᠭᠤᠶᠢᠯᠠᠩ ᠲᠠᠢ ᠢᠳᠡᠪᠬᠢᠳᠡᠢ ᠬᠠᠮᠵᠢᠯᠴᠠᠵᠤ ᠠᠵᠢᠯ ᠢᠶᠠᠨ ᠦᠷᠨᠢᠬᠦᠯᠤᠨ᠎ᠡ᠃ | ᠨᠦᠬᠦᠭᠡ ᠲᠠᠯ᠎ᠠ ᠪᠠᠷ᠂ ᠲᠤᠭᠤᠷᠢᠨ ᠪᠠᠶᠢᠴᠠᠭᠠᠬᠤ ᠪᠤᠯ ︽ᠨᠠᠮ ᠤᠨ ᠬᠤᠷᠢᠶ᠎ᠠ ᠶᠢᠨ ᠠᠵᠢᠯ︾ ᠪᠤᠯᠤᠨ᠎ᠠ᠂ ᠨᠠᠮ ᠤᠨ | ᠬᠤᠷᠢᠶ᠎ᠠ ᠨᠠᠮ ᠤᠨ ᠰᠤᠷᠳᠠᠯ ᠴᠢᠬᠡᠴᠢ ᠵᠠᠰᠠᠭ ᠤᠨ ᠪᠠᠶᠢᠭᠤᠯᠤᠯᠳᠠ ᠶᠢ ᠠᠳᠬᠤᠬᠤ ᠨᠢ ᠲᠡᠭᠦᠨ ᠤ ᠡᠭᠦᠷᠭᠡ | ᠬᠠᠷᠢᠭᠤᠴᠠᠯᠭ᠎ᠠ ᠮᠦᠨ᠂ ᠭᠤᠤᠯ ᠴᠤᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠨᠢ ᠰᠤᠩᠭᠤᠬᠤ ᠰᠡᠳᠤᠪ | ᠪᠢᠰᠢ᠂ ᠬᠠᠷᠢᠨ ᠵᠠᠪᠡᠯ ᠬᠠᠷᠢᠭᠤᠯᠬᠤ ᠰᠡᠳᠤᠪ ᠶᠤᠮ᠂ ᠬᠢᠪᠡᠴᠤ ᠪᠤᠯᠬᠤ ᠦᠯᠦ ᠬᠢᠪᠡᠴᠤ ᠪᠤᠯᠬᠤ ᠠᠵᠢᠯ ᠪᠢᠰᠢ᠂ | ᠬᠠᠷᠢᠨ ᠵᠠᠪᠠᠯ ᠬᠢᠬᠦ ᠶᠤᠰᠤᠳᠠᠢ ᠵᠦᠢᠯ ᠭᠡᠳᠡᠭ ᠢ ᠬᠠᠷᠠᠭᠤᠯᠵᠠᠢ᠃ ᠰᠢᠨ᠎ᠡ ᠲᠦᠷᠢᠮ ᠳᠤ ︽ᠲᠤᠭᠳᠠᠭᠠᠯ ᠢ ᠵᠦᠷᠢᠴᠡᠵᠤ | ᠲᠤᠭᠤᠷᠢᠨ ᠪᠠᠶᠢᠴᠠᠭᠠᠬᠤ ᠠᠵᠢᠯ ᠳᠤ ᠬᠠᠮᠵᠢᠯᠴᠠᠬᠤ ᠶᠢ ᠲᠡᠮᠵᠢᠭᠰᠡᠨ ᠦᠬᠡᠢ ᠠᠴᠠ ᠪᠤᠯᠤᠭᠠᠳ ᠬᠦᠨᠳᠤ ᠨᠤᠴᠢᠳᠠᠢ | ᠦᠷ᠎ᠡ ᠳ᠋ᠦᠩ ᠭᠠᠷᠭᠠᠭᠰᠠᠨ ᠪᠤᠯ ᠬᠠᠮᠢᠶ᠎ᠠ ᠪᠦᠬᠦᠢ ᠲᠤᠭᠳᠠᠭᠠᠯ ᠢ ᠦᠨᠳᠦᠰᠦᠯᠡᠵᠤ ᠬᠤᠯᠪᠤᠭᠳᠠᠯ ᠪᠦᠬᠦᠢ | ᠬᠠᠷᠢᠭᠤᠴᠠᠯᠭᠠᠳᠠᠨ ᠠᠴᠠ ᠬᠠᠷᠢᠭᠤᠴᠠᠯᠭ᠎ᠠ ᠨᠡᠬᠡᠮᠵᠢᠯᠡᠬᠦ ᠭᠡᠷᠡᠭᠳᠡᠢ︾ ᠭᠡᠵᠤ ᠲᠤᠳᠤᠷᠬᠠᠢ ᠵᠢᠭᠠᠭᠰᠠᠨ ᠤ ᠬᠠᠮᠳᠤ ︽ | ᠪᠠᠶᠢᠴᠠᠭᠠᠭᠳᠠᠵᠤ ᠪᠠᠶᠢᠭ᠎ᠠ ᠨᠠᠮ ᠤᠨ ᠵᠤᠬᠢᠶᠠᠨ ᠪᠠᠶᠢᠭᠤᠯᠤᠯᠳᠠ ᠶᠢᠨ ᠭᠤᠤᠯ ᠬᠠᠷᠢᠭᠤᠴᠠᠯᠭᠠᠳᠠᠨ ᠢ ᠵᠠᠰᠠᠵᠤ | ᠴᠡᠭᠴᠡᠯᠡᠬᠦ ᠠᠵᠢᠯ ᠢ ᠨᠠᠶᠢᠳᠠᠪᠤᠷᠢᠵᠢᠭᠤᠯᠬᠤ ᠶᠢᠨ ᠨᠢᠬᠡᠳᠦᠭᠡᠷ ᠬᠠᠷᠢᠭᠤᠴᠠᠯᠭᠠᠳᠠᠨ ᠪᠤᠯᠭᠠᠬᠤ ᠭᠡᠷᠡᠭᠳᠡᠢ︾ ᠭᠡᠵᠤ | ᠵᠢᠭᠠᠨ ᠭᠠᠷᠭᠠᠵᠠᠢ᠃ ᠡᠶᠢᠮᠤ ᠠᠴᠠ ᠨᠠᠮ ᠤᠨ ᠬᠤᠷᠢᠶ᠎ᠠ ︵ᠨᠠᠮ ᠤᠨ ᠲᠤᠭᠤᠶᠢᠯᠠᠩ︶ ᠶᠢᠨ ᠱᠦᠵᠢ ᠨᠠᠮ ᠢ ᠴᠢᠩᠭ᠎ᠠ | ᠵᠠᠰᠠᠬᠤ᠂ ᠨᠠᠮ ᠤᠨ ᠰᠤᠷᠳᠠᠯ ᠴᠢᠬᠡᠴᠢ ᠵᠠᠰᠠᠭ ᠤᠨ ᠪᠠᠶᠢᠭᠤᠯᠤᠯᠳᠠ ᠶᠢ ᠴᠢᠩᠭᠠᠳᠬᠠᠬᠤ ᠶᠠᠪᠤᠳᠠᠯ ᠨᠢ ᠬᠠᠮᠤᠭ | ᠴᠢᠬᠤᠯᠠ ᠡᠭᠦᠷᠭᠡ ᠪᠠᠨ ᠰᠠᠶᠢᠳᠤᠷ ᠠᠳᠬᠤᠵᠤ᠂ ᠡᠭᠦᠷᠭᠡ ᠲᠤᠰᠢᠶᠠᠯ ᠢᠶᠠᠨ ᠬᠦᠢᠴᠡᠳᠭᠡᠬᠦ ᠬᠠᠷᠢᠭᠤᠴᠠᠯᠭ᠎ᠠ ᠪᠠᠨ | ᠦᠨᠡᠨᠬᠦ ᠤᠬᠠᠵᠤ᠂ ᠬᠠᠷᠢᠭᠤᠴᠠᠯᠭ᠎ᠠ ᠪᠠᠨ ᠦᠨᠨᠡᠬᠦ ᠡᠭᠦᠷᠭᠡᠯᠡᠵᠤ᠂ ᠬᠠᠷᠢᠭᠤᠴᠠᠯᠭ᠎ᠠ ᠪᠠᠨ ᠦᠨᠨᠡᠬᠦ ᠲᠤᠤᠱᠳᠠᠢ | ᠬᠦᠢᠴᠡᠳᠭᠡᠬᠦ ᠭᠡᠷᠡᠭᠳᠡᠢ᠃ | ᠰᠤᠷᠪᠤᠯᠵᠢᠯᠠᠭᠴᠢ᠄ ᠤᠳᠤᠬᠠᠨ ᠳᠤ᠂ ᠦᠪᠦᠷ ᠮᠣᠩᠭᠤᠯ ᠤᠨ ᠡᠯ᠎ᠡ ᠱᠠᠲᠤᠨ ᠤ ᠨᠠᠮ ᠤᠨ ᠬᠤᠷᠢᠶ᠎ᠠ ᠨᠤᠭᠤᠳ | ᠲᠤᠭᠤᠷᠢᠨ ᠪᠠᠶᠢᠴᠠᠭᠠᠬᠤ ᠳᠦᠷᠢᠮ ᠢ ᠶᠠᠭ ᠢᠳᠡᠪᠬᠢᠲᠡᠢ ᠰᠤᠷᠤᠯᠴᠠᠨ ᠲᠤᠤᠱᠯᠠᠭᠤᠯᠵᠤ ᠪᠠᠶᠢᠨ᠎ᠠ᠂ ᠰᠢᠨ᠎ᠡ ᠳᠦᠷᠢᠮ ᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠳᠤᠮᠳᠠ ᠬᠦᠬᠡᠬᠤᠲᠠ ᠶᠢᠨ ᠬᠢᠨ ᠶᠠᠮᠠᠷ ᠰᠠᠶᠢᠨ ᠰᠠᠶᠢᠬᠠᠨ ᠠᠷᠭ᠎ᠠ | ᠬᠢᠳᠡᠯ ᠲᠠᠢ ᠪᠠᠶᠢᠨᠠᠤ᠂ ᠲᠠ ᠮᠠᠨᠤᠰ ᠲᠤ ᠲᠠᠨᠢᠯᠴᠠᠭᠤᠯᠤᠭᠠᠳ ᠦᠭᠭᠦᠨ᠎ᠡ ᠦᠦ︖ | ᠨᠠᠰᠦᠨᠮᠦ᠋ᠩᠬᠡ᠄ ᠰᠢᠨ᠎ᠡ ᠳᠦᠷᠢᠮ ᠢ ᠬᠢᠨᠠᠮᠠᠭᠠᠢ ᠰᠤᠷᠤᠯᠴᠠᠨ ᠤᠬᠠᠭᠤᠯᠵᠤ᠂ ᠲᠤᠤᠱᠯᠠᠭᠤᠯᠤᠨ | ᠨᠠᠶᠢᠳᠠᠪᠤᠷᠢᠵᠢᠭᠤᠯᠬᠤ ᠪᠣᠯ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠣᠳᠣᠬᠠᠨ ᠪᠠ ᠬᠤᠶᠢᠰᠢᠲᠠ ᠶᠢᠨ ᠨᠢᠭᠡᠨ | ᠬᠤᠭᠤᠴᠠᠭᠠᠨ ᠤ ᠴᠢᠬᠤᠯᠠ ᠤᠯᠤᠰ ᠲᠥᠷᠥ ᠶᠢᠨ ᠡᠭᠦᠷᠭᠡ ᠪᠣᠯᠣᠨ᠎ᠠ᠃ ᠬᠦᠬᠡᠬᠤᠲᠠ ᠶᠢᠨ ᠬᠢᠨ ᠰᠢᠨ᠎ᠡ ᠳᠦᠷᠢᠮ ᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠳᠤᠮᠳᠠ ᠭᠤᠷᠪᠠ ᠶᠢ ᠤᠶᠠᠯᠳᠤᠭᠤᠯᠬᠤ ᠶᠢ ᠭᠤᠣᠯᠳᠠᠯᠭ᠎ᠠ ᠲᠠᠢ | ᠬᠢᠪᠡ᠄ ᠨᠢᠭᠡ ᠳᠤ ᠰᠢᠨ᠎ᠡ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠢ ᠶᠢᠨ ᠫᠢᠩ ᠶᠡᠷᠦᠩᠬᠡᠢ | ᠱᠦᠵᠢ ᠶᠢᠨ ᠰᠢᠷᠢᠰ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠶᠢ ᠬᠦᠨᠵᠡᠭᠡᠢ ᠰᠤᠷᠤᠯᠴᠠᠬᠤ ᠯᠤᠭ᠎ᠠ ᠤᠶᠠᠯᠳᠤᠭᠤᠯᠤᠨ᠂ | ᠰᠢ ᠶᠢᠨ ᠫᠢᠩ ᠶᠠᠷᠦᠩᠬᠡᠢ ᠱᠦᠵᠢ ᠶᠢᠨ ᠳᠤᠷᠠᠳᠤᠭᠰᠠᠨ ᠲᠥᠪ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ | ᠴᠢᠭᠯᠡᠯᠲᠡ ᠪᠣᠯᠣᠨ ᠲᠤᠭᠤᠷᠢᠨ ᠪᠠᠶᠢᠴᠠᠭᠠᠬᠤ ᠠᠵᠢᠯ ᠲᠠᠢ ᠬᠤᠯᠪᠤᠭᠳᠠᠬᠤ ᠴᠢᠬᠤᠯᠠ ᠣᠨᠣᠯ ᠢ ᠭᠦᠨᠵᠡᠭᠡᠢ ᠣᠶᠢᠯᠠᠭᠠᠵᠤ᠂ | ᠵᠥᠪ ᠣᠨᠣᠪᠴᠢᠲᠠᠢ ᠤᠯᠤᠰ ᠲᠥᠷᠥ ᠶᠢᠨ ᠴᠢᠭᠯᠡᠯ ᠢ ᠡᠵᠡᠮᠰᠢᠵᠦ᠂ ᠭᠦᠨᠵᠡᠭᠡᠢ ᠰᠤᠷᠤᠯᠴᠠᠨ ᠣᠶᠢᠯᠠᠭᠠᠵᠤ᠂ | ᠨᠡᠪᠲᠡᠷᠡᠲᠡᠯ᠎ᠡ ᠰᠢᠩᠭᠡᠭᠡᠵᠦ᠂ ᠨᠢᠭᠡ ᠴᠣᠭᠴᠠᠵᠢᠭᠤᠯᠤᠨ ᠲᠤᠤᠱᠯᠠᠭᠤᠯᠪᠠ᠃ ᠬᠤᠶᠠᠷ ᠲᠤ ᠰᠢᠨ᠎ᠡ ᠳᠦᠷᠢᠮ ᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ | ᠨᠠᠶᠢᠳᠠᠪᠤᠷᠢᠵᠢᠭᠤᠯᠬᠤ ᠯᠤᠭ᠎ᠠ ᠤᠶᠠᠯᠳᠤᠭᠤᠯᠤᠨ᠂ ᠰᠢᠨ᠎ᠡ ᠳᠦᠷᠢᠮ ᠤᠨ ᠡᠯ᠎ᠡ ᠵᠦᠢᠯ ᠤᠨ ᠲᠣᠭᠲᠠᠭᠠᠯ ᠤᠨ | ᠠᠭᠤᠯᠤᠭᠳᠠᠵᠤ ᠪᠠᠶᠢᠭ᠎ᠠ ᠭᠦᠨᠵᠡᠭᠡᠢ ᠠᠭᠤᠯᠤᠭᠳᠠᠬᠤᠨ ᠪᠣᠯᠣᠨ ᠮᠦᠨ ᠴᠢᠨᠠᠷ ᠤᠨ ᠱᠠᠭᠠᠷᠳᠠᠯᠭ᠎ᠠ ᠶᠢ ᠵᠥᠪ | ᠣᠨᠣᠪᠴᠢᠲᠠᠢ ᠣᠶᠢᠯᠠᠭᠠᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠣᠷᠤᠰᠢᠵᠤ ᠪᠠᠶᠢᠭ᠎ᠠ ᠭᠤᠣᠯ | ᠴᠣᠭᠴᠠ ᠶᠢᠨ ᠬᠠᠷᠢᠭᠤᠴᠠᠯᠭ᠎ᠠ ᠪᠠᠷ ᠲᠤᠳᠠᠮᠠᠭ᠂ ᠨᠠᠮ ᠢ ᠴᠢᠩᠭ᠎ᠠ ᠵᠠᠰᠠᠬᠤ ᠨᠢ ᠬᠦᠴᠦᠨ ᠦᠭᠡᠢ᠂ ᠰᠠᠬᠢᠯᠭ᠎ᠠ ᠪᠠᠲᠤ | ᠨᠢ ᠰᠤᠯᠠ ᠵᠡᠷᠭᠡ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠦᠨ ᠰᠢᠢᠳᠪᠦᠷᠢᠯᠡᠵᠦ᠂ ᠴᠢᠩᠭ᠎ᠠ ᠰᠠᠬᠢᠯᠭ᠎ᠠ | ᠪᠠᠲᠤ ᠶᠢᠨ ᠴᠢᠩᠭ᠎ᠠ ᠪᠠᠷᠢᠮᠵᠢᠶ᠎ᠠ ᠪᠠᠷ ᠨᠠᠮ ᠤᠨ ᠺᠠᠳ᠋ᠷᠴᠤᠳ ᠤᠨ ᠠᠵᠢᠯᠯᠠᠭ᠎ᠠ ᠶᠢ ᠬᠡᠮᠵᠢᠨ ᠵᠢᠷᠤᠮᠵᠢᠭᠤᠯᠪᠠ᠃ | ᠭᠤᠷᠪᠠ ᠳᠤ ᠰᠢᠨ᠎ᠡ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠲᠤᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠨᠠᠶᠢᠳᠠᠪᠤᠷᠢᠵᠢᠭᠤᠯᠤᠯᠲᠠ ᠶᠢ ᠭᠦᠨᠵᠡᠭᠡᠶᠢᠷᠡᠭᠦᠯᠬᠦ ᠠᠵᠢᠯ ᠯᠤᠭ᠎ᠠ ᠤᠶᠠᠯᠳᠤᠭᠤᠯᠤᠨ᠂ 2014 | ᠣᠨ ᠳᠤ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠳᠤᠭᠤᠶᠢᠯᠠᠩ ᠠᠴᠠ | ᠬᠦᠬᠡᠬᠤᠲᠠ ᠶᠢᠨ ᠠᠵᠢᠯ ᠢ ᠲᠣᠭᠤᠷᠢᠨ ᠪᠠᠶᠢᠴᠠᠭᠠᠬᠤ ᠶᠢᠨ ᠬᠠᠮᠲᠤ ᠲᠣᠭᠤᠷᠢᠨ ᠪᠠᠶᠢᠴᠠᠭᠠᠭᠰᠠᠨ ᠰᠠᠨᠠᠯ ᠢᠶᠠᠨ ᠬᠠᠷᠢᠭᠤ | ᠲᠤᠰᠬᠠᠪᠠ᠂ ᠬᠤᠲᠠ ᠶᠢᠨ ᠨᠠᠮ ᠤᠨ ᠬᠤᠷᠢᠶ᠎ᠠ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠤᠯᠠᠷᠠᠭᠤᠯᠤᠯ ᠦᠭᠡᠢ ᠴᠢᠩᠭ᠎ᠠ ᠠᠳᠬᠤᠭᠰᠠᠭᠠᠷ ᠢᠷᠡᠪᠡ᠂ ᠤᠳᠤᠬᠠᠨ ᠳᠤ | ᠣᠯᠠᠩᠬᠢ ᠡᠭᠦᠷᠭᠡ ᠶᠢ ᠨᠢᠭᠡᠨᠲᠡ ᠴᠡᠭᠴᠡᠯᠡᠨ ᠰᠠᠶᠢᠵᠢᠷᠠᠭᠤᠯᠵᠤ ᠳᠠᠭᠤᠰᠬᠠᠪᠠ᠂ ᠲᠤᠭᠤᠷᠢᠨ ᠪᠠᠶᠢᠴᠠᠭᠠᠵᠤ ᠬᠠᠷᠢᠭᠤ | ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠠᠬᠢᠵᠢᠭᠦᠯᠦᠨ ᠠᠬᠢᠭᠤᠯᠬᠤ ᠳᠤᠮᠳᠠ᠂ ᠪᠢᠳᠡ | ᠳᠦᠷᠢᠮ ᠳᠤ ᠲᠣᠭᠲᠠᠭᠠᠭᠰᠠᠨ ᠱᠠᠭᠠᠷᠳᠠᠯᠭ᠎ᠠ ᠲᠠᠢ ᠠᠳᠠᠯᠢᠳᠬᠠᠵᠤ᠂ ᠲᠥᠪ ᠬᠤᠲᠠ ᠶᠢᠨ ᠪᠤᠲᠠᠲᠠᠢ ᠲᠠᠢ ᠨᠢᠭᠲᠠ | ᠤᠶᠠᠯᠳᠤᠭᠤᠯᠤᠨ᠂ ᠲᠠᠨᠢᠯᠲᠠ᠂ ᠰᠡᠳᠬᠢᠮᠵᠢ᠂ ᠠᠷᠭ᠎ᠠ ᠬᠡᠮᠵᠢᠶ᠎ᠡ ᠵᠡᠷᠭᠡ ᠲᠠᠯ᠎ᠠ ᠪᠠᠷ ᠠᠰᠠᠭᠤᠳᠠᠯ ᠢ | ᠰᠢᠢᠳᠪᠦᠷᠢᠯᠡᠬᠦ ᠠᠴᠠ ᠭᠠᠷᠳᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠲᠥᠪ ᠬᠤᠷᠢᠶ᠎ᠠ ᠠᠴᠠ ᠲᠣᠭᠤᠷᠢᠨ | ᠪᠠᠶᠢᠴᠠᠭᠠᠬᠤ ᠠᠵᠢᠯ ᠳᠤ ᠳᠤᠷᠠᠳᠤᠭᠰᠠᠨ ᠱᠠᠭᠠᠷᠳᠠᠯᠭ᠎ᠠ ᠳᠡᠭᠡᠷ᠎ᠡ ᠦᠨᠡᠨᠬᠦ ᠨᠢᠭᠡᠲᠦᠭᠦᠯᠪᠡ᠃ ᠤᠳᠤᠬᠠᠨ ᠳᠤ᠂ | ᠬᠦᠬᠡᠬᠤᠲᠠ ᠶᠢᠨ ᠬᠢᠨ ᠤ ᠰᠢᠨ᠎ᠡ ᠳᠦᠷᠢᠮ ᠢ ᠰᠤᠷᠤᠯᠴᠠᠵᠤ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠮᠦᠨᠬᠦ | ᠠᠩᠬᠠᠨ ᠤ ᠠᠯᠬᠤᠮ ᠳᠠᠭᠠᠨ ᠪᠣᠢ᠂ ᠳᠠᠷᠠᠭᠠᠴᠢ ᠶᠢᠨ ᠠᠯᠬᠤᠮ ᠳᠤ ᠪᠢᠳᠡ ᠬᠤᠲᠠ ᠶᠢᠨ ᠨᠠᠮ ᠤᠨ ᠬᠤᠷᠢᠶ᠎ᠠ ᠪᠣᠯᠣᠨ | ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠤᠨᠤᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠬᠤᠷᠠᠯ ᠢ | ᠬᠤᠷᠠᠯᠳᠤᠭᠤᠯᠤᠨ ᠲᠤᠰᠬᠠᠢ ᠰᠤᠷᠤᠯᠴᠠᠵᠤ᠂ ᠰᠢᠨ᠎ᠡ ᠳᠦᠷᠢᠮ ᠢ ᠲᠡᠷᠡ ᠶᠤᠰᠤᠭᠠᠷ ᠨᠢ ᠨᠠᠶᠢᠳᠠᠪᠤᠷᠢᠵᠢᠭᠤᠯᠤᠨ | ᠪᠣᠲᠠᠲᠠᠶᠢᠵᠢᠭᠤᠯᠵᠤ᠂ ᠲᠤᠭᠤᠷᠢᠨ ᠪᠠᠶᠢᠴᠠᠭᠠᠬᠤ《 ᠬᠤᠷᠴᠠ ᠰᠡᠯᠡᠮ᠎ᠡ》 ᠶᠢᠨ ᠦᠢᠯᠡᠳᠦᠯ ᠢ ᠨᠡᠩ ᠰᠠᠶᠢᠨ | ᠪᠠᠳᠠᠷᠠᠭᠤᠯᠤᠨ᠎ᠠ᠃ | ᠰᠤᠷᠪᠤᠯᠵᠢᠯᠠᠭᠴᠢ᠄ ᠬᠠᠮᠤᠭ ᠤᠨ ᠰᠡᠭᠦᠯ ᠳᠤ᠂ ᠲᠠ ᠲᠤᠭᠤᠷᠢᠨ ᠪᠠᠶᠢᠴᠠᠭᠠᠬᠤ ᠠᠵᠢᠯ ᠤᠨ ᠳᠦᠷᠢᠮ ᠲᠠᠢ | ᠤᠶᠠᠯᠳᠤᠭᠤᠯᠤᠨ᠂ ᠬᠦᠬᠡᠬᠤᠲᠠ ᠶᠢᠨ ᠬᠢᠨ ᠤ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ | ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠲᠠᠯ᠎ᠠ ᠪᠠᠷ ᠶᠠᠮᠠᠷ ᠶᠠᠮᠠᠷ ᠬᠢᠯᠠᠯᠵᠠᠮ᠎ᠠ ᠲᠠᠯ᠎ᠠ ᠪᠠᠶᠢᠬᠤ ᠶᠢ | ᠶᠠᠷᠢᠭᠠᠳ ᠥᠭᠭᠦᠨ᠎ᠡ ᠦᠦ︖ | ᠨᠠᠰᠦᠨᠮᠦ᠋ᠩᠭᠡ᠄ ᠣᠶᠢᠷ᠎ᠠ ᠶᠢᠨ ᠵᠢᠯ ᠤᠨ ᠲᠣᠷᠰᠢ᠂ ᠬᠦᠬᠡᠬᠤᠲᠠ ᠶᠢᠨ ᠬᠤᠲᠠ ᠶᠢᠨ ᠨᠠᠮ ᠤᠨ ᠬᠤᠷᠢᠶ᠎ᠠ | ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠬᠢᠨᠠᠮᠠᠭᠠᠢ | ᠭᠦᠢᠴᠡᠳᠭᠡᠵᠦ᠂ ᠢᠯᠵᠠᠷᠠᠯ ᠢ ᠡᠰᠡᠷᠭᠦᠴᠡᠵᠦ ᠠᠷᠢᠭᠤᠨ ᠴᠢᠭᠡᠴᠢ ᠶᠢ ᠡᠷᠬᠢᠮᠯᠡᠬᠦ ᠠᠵᠢᠯ ᠢ ᠢᠮᠠᠭᠲᠠ ᠰᠤᠯᠠᠷᠠᠭᠤᠯᠤᠰᠢ | ᠦᠭᠡᠢ ᠴᠢᠩᠭ᠎ᠠ ᠠᠳᠬᠤᠵᠤ᠂ ᠢᠯᠵᠠᠷᠠᠨ ᠳᠤᠷᠤᠶᠢᠲᠠᠬᠤ ᠶᠢ ᠡᠰᠡᠷᠭᠦᠴᠡᠬᠦ ᠰᠡᠷᠡᠮᠵᠢ ᠶᠢᠨ ᠬᠤᠩᠬᠤ ᠶᠢ ᠢᠮᠠᠭᠲᠠ | ᠰᠤᠨᠤᠷᠲᠠᠭᠤᠯᠵᠤ᠂《 ᠦᠴᠦᠬᠡᠨ ᠴᠦ ᠨᠠᠶᠢᠷ ᠲᠠᠯᠪᠢᠬᠤ ᠦᠭᠡᠢ》 ᠣᠪᠣᠷ ᠢᠶᠠᠷ ᠢᠯᠵᠠᠷᠠᠯ ᠢ ᠵᠠᠯᠬᠠᠭᠠᠨ ᠰᠢᠳᠭᠡᠪᠡ᠃ | ᠨᠢᠭᠡ ᠳᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠭᠦᠢᠴᠡᠳᠭᠡᠬᠦ ᠶᠢ ᠨᠠᠮ ᠤᠨ ᠰᠤᠷᠲᠠᠯ ᠴᠢᠭᠡᠴᠢ ᠵᠠᠰᠠᠭ ᠤᠨ | ᠪᠠᠶᠢᠭᠤᠯᠤᠯᠲᠠ ᠶᠢ ᠠᠬᠢᠭᠤᠯᠬᠤ ᠭᠤᠣᠯᠳᠠᠯᠭ᠎ᠠ ᠪᠣᠯᠭᠠᠨ ᠠᠳᠬᠤᠪᠠ᠃ ᠪᠢᠳᠡ ᠨᠠᠮ ᠤᠨ ᠬᠤᠷᠢᠶ᠎ᠠ ᠶᠢᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠤ《 ᠠᠷᠪᠠᠨ ᠨᠠᠢᠮᠠᠨ ᠲᠠᠯ᠎ᠠ ᠶᠢ ᠠᠳᠬᠤᠬᠤ》 ᠶᠢ | ᠳᠤᠷᠠᠳᠪᠠ᠂ ᠲᠣᠬᠠᠶᠢᠯᠠᠪᠠᠯ ᠤᠳᠤᠷᠢᠳᠤᠯᠭ᠎ᠠ ᠶᠢ ᠠᠳᠬᠤᠬᠤ᠂ ᠬᠠᠷᠢᠭᠤᠴᠠᠯᠭ᠎ᠠ ᠶᠢ ᠠᠳᠬᠤᠬᠤ᠂ ᠪᠡᠶ᠎ᠡ ᠪᠠᠨ ᠴᠢᠩᠭ᠎ᠠ | ᠱᠠᠭᠠᠷᠳᠠᠬᠤ ᠶᠢ ᠠᠳᠬᠤᠬᠤ᠂ ᠬᠦᠮᠦᠵᠢᠯ ᠢ ᠠᠳᠬᠤᠬᠤ᠂ ᠦᠵᠡᠯ ᠰᠠᠨᠠᠭ᠎ᠠ ᠶᠢ ᠠᠳᠬᠤᠬᠤ᠂ ᠰᠡᠷᠭᠡᠶᠢᠯᠡᠬᠦ ᠶᠢ | ᠠᠳᠬᠤᠬᠤ᠂ ᠬᠡᠷᠡᠭ ᠭᠦᠢᠴᠡᠳᠭᠡᠬᠦ ᠶᠢ ᠠᠳᠬᠤᠬᠤ᠂ ᠬᠢᠨᠠᠯᠲᠠ ᠲᠠᠯᠪᠢᠬᠤ ᠶᠢ ᠠᠳᠬᠤᠬᠤ᠂ ᠨᠡᠬᠡᠮᠵᠢᠯᠡᠬᠦ ᠶᠢ | ᠠᠳᠬᠤᠬᠤ᠂ ᠤᠳᠤᠷᠢᠳᠬᠤ ᠪᠠᠭ ᠢ ᠠᠳᠬᠤᠬᠤ᠂ ᠺᠠᠳ᠋ᠷ ᠢ ᠠᠳᠬᠤᠬᠤ᠂ ᠡᠩᠨᠡᠭᠡ ᠶᠢ ᠠᠳᠬᠤᠬᠤ᠂ | ᠦᠭᠡᠷᠡᠴᠢᠯᠡᠯᠲᠡ ᠶᠢ ᠠᠳᠬᠤᠬᠤ᠂ ᠳᠦᠷᠢᠮ ᠢ ᠠᠳᠬᠤᠬᠤ᠂ ᠬᠡᠷᠡᠭᠵᠢᠭᠦᠯᠦᠯᠲᠡ ᠶᠢ ᠠᠳᠬᠤᠵᠤ᠂ ᠪᠠᠶᠢᠩᠭᠤ | ᠠᠳᠬᠤᠵᠤ ᠨᠢᠮᠪᠠᠢ ᠠᠳᠬᠤᠬᠤ ᠪᠦᠭᠡᠳ ᠢᠮᠠᠭᠲᠠ ᠠᠳᠬᠤᠬᠤ ᠶᠠᠪᠤᠳᠠᠯ ᠪᠣᠯᠣᠨ᠎ᠠ᠃ ᠬᠤᠶᠢᠰᠢᠲᠠ ᠮᠦᠨ ᠬᠦ | ᠡᠨᠡᠬᠦ ᠰᠡᠳᠬᠢᠮᠵᠢ ᠪᠠᠷ ᠠᠳᠬᠤᠵᠤ᠂ ᠡᠴᠦᠰ ᠲᠤᠨᠢ ᠲᠤᠯᠲᠠᠯ᠎ᠠ ᠠᠳᠬᠤᠵᠤ᠂ ᠠᠵᠢᠯ ᠤᠨ ᠦᠷ᠎ᠡ ᠪᠦᠲᠦᠮᠵᠢ | ᠭᠠᠷᠲᠠᠯ᠎ᠠ ᠠᠳᠬᠤᠬᠤ ᠶᠢ ᠦᠨᠡᠨᠬᠦ ᠪᠠᠲᠤᠯᠠᠨ᠎ᠠ᠃《 ᠨᠠᠮ ᠤᠨ ᠬᠤᠷᠢᠶ᠎ᠠ ᠶᠢᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠲᠣᠬᠠᠢ ᠬᠡᠷᠡᠭᠵᠢᠭᠦᠯᠬᠦ ᠰᠠᠨᠠᠯ》 ᠢ ᠲᠣᠭᠲᠠᠭᠠᠨ | ᠨᠡᠶᠢᠲᠡᠯᠡᠵᠦ᠂ ᠨᠠᠮ ᠵᠠᠰᠠᠭ ᠤᠨ ᠨᠢᠭᠡᠳᠦᠭᠡᠷ ᠭᠠᠷ ᠪᠣᠯᠣᠨ ᠤᠳᠤᠷᠢᠳᠬᠤ ᠪᠠᠭ ᠤᠨ ᠪᠦᠷᠢᠯᠳᠦᠭᠦᠨ ᠨᠠᠷ ᠤᠨ ᠨᠠᠮ ᠤᠨ | ᠰᠤᠷᠲᠠᠯ ᠴᠢᠭᠡᠴᠢ ᠵᠠᠰᠠᠭ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠬᠢ ᠬᠠᠷᠢᠭᠤᠴᠠᠯᠭ᠎ᠠ ᠶᠢᠨ ᠬᠡᠪᠴᠢᠶ᠎ᠡ᠂ | ᠠᠭᠤᠯᠭ᠎ᠠ ᠪᠣᠯᠣᠨ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠳᠤ ᠪᠤᠲᠠᠲᠠᠢ ᠲᠣᠭᠲᠠᠭᠠᠯ ᠭᠠᠷᠭᠠᠵᠤ᠂ ᠠᠵᠢᠯ ᠢᠶᠠᠨ | ᠬᠤᠪᠢᠶᠠᠷᠢᠯᠠᠨ ᠬᠠᠷᠢᠭᠤᠴᠠᠭᠰᠠᠨ᠂ ᠬᠠᠶᠢᠭᠤᠴᠠᠯᠭᠠ ᠶᠢ ᠳᠤᠲᠤᠷᠬᠠᠶᠢᠯᠠᠭᠰᠠᠨ ᠠᠵᠢᠯ ᠤᠨ ᠲᠣᠭᠲᠠᠴᠠ ᠶᠢ | ᠪᠦᠷᠢᠯᠳᠦᠭᠦᠯᠪᠡ᠃ ᠬᠤᠶᠠᠷ ᠲᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠢᠨᠠᠯᠲᠠ ᠲᠠᠯᠪᠢᠬᠤ | ᠬᠠᠷᠢᠭᠤᠴᠠᠯᠭ᠎ᠠ ᠪᠠᠨ ᠰᠠᠶᠢᠲᠤᠷ ᠭᠦᠢᠴᠡᠳᠭᠡᠬᠦ ᠶᠢ ᠪᠦᠬᠦ ᠬᠦᠴᠦᠨ ᠢᠶᠠᠷ ᠢᠶᠠᠨ ᠳᠡᠮᠵᠢᠨ ᠠᠬᠢᠭᠤᠯᠪᠠ᠃ ᠬᠤᠲᠠ ᠶᠢᠨ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠠᠴᠠ ᠬᠤᠲᠠ ᠶᠢᠨ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠳᠤ ᠰᠠᠬᠢᠯᠭ᠎ᠠ | ᠪᠠᠲᠤ ᠪᠠᠶᠢᠴᠠᠭᠠᠬᠤ ᠪᠠᠶᠢᠭᠤᠯᠤᠮᠵᠢ ᠲᠣᠮᠢᠯᠠᠨ ᠰᠠᠭᠤᠯᠭᠠᠬᠤ ᠦᠭᠡᠷᠡᠴᠢᠯᠡᠯᠲᠡ ᠶᠢ ᠪᠦᠬᠦ ᠲᠠᠯ᠎ᠠ ᠪᠠᠷ ᠠᠬᠢᠭᠤᠯᠵᠤ᠂ | ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠤᠮᠵᠢ ᠳᠤ ᠨᠢᠭᠡᠲᠦᠯᠲᠡᠢ ᠨᠡᠷᠡᠶᠢᠳᠬᠦ᠂ ᠨᠢᠭᠡᠲᠦᠯᠲᠡᠢ | ᠬᠠᠮᠢᠶᠠᠷᠬᠤ ᠶᠢ ᠬᠡᠷᠡᠭᠵᠢᠭᠦᠯᠦᠨ᠂ ᠲᠣᠮᠢᠯᠠᠨ ᠰᠠᠭᠤᠯᠭᠠᠬᠤ ᠪᠠᠶᠢᠭᠤᠯᠤᠮᠵᠢ ᠶᠢ ᠪᠦᠷᠢᠨ ᠪᠦᠷᠬᠦᠭᠦᠯᠬᠦ ᠶᠢ ᠪᠦᠬᠦ | ᠣᠷᠣᠨ ᠳᠤ ᠤᠷᠢᠳᠠᠪᠠᠷ ᠪᠡᠶᠡᠯᠡᠭᠦᠯᠵᠦ᠂ ᠨᠠᠮ ᠤᠨ ᠳᠣᠲᠤᠭᠠᠳᠤᠬᠢ ᠬᠢᠨᠠᠯᠲᠠ ᠲᠠᠯᠪᠢᠯᠲᠠ ᠶᠢ ᠣᠷᠬᠢᠭᠳᠠᠭᠤᠯᠬᠤ ᠦᠭᠡᠢ᠂ | ᠬᠤᠭᠤᠰᠤᠳᠠᠭᠤᠯᠬᠤ ᠦᠭᠡᠢ ᠪᠠᠶᠢᠬᠤ ᠶᠢ ᠦᠨᠡᠨᠬᠦ ᠪᠠᠲᠤᠯᠠᠪᠠ᠃ ᠬᠤᠰᠢᠭᠤ ᠰᠢᠶᠠᠨ ᠲᠤᠭᠤᠷᠢᠭ ᠲᠤ ᠰᠠᠬᠢᠯᠭ᠎ᠠ ᠪᠠᠲᠤ | ᠪᠠᠶᠢᠴᠠᠭᠠᠬᠤ ᠪᠠᠶᠢᠭᠤᠯᠤᠮᠵᠢ ᠲᠣᠮᠢᠯᠠᠨ ᠰᠠᠭᠤᠯᠭᠠᠬᠤ ᠪᠠ ᠰᠢᠶᠠᠩ ᠪᠠᠯᠭᠠᠰᠤ ᠵᠡᠭᠡᠯᠢ ᠭᠤᠳᠤᠮᠵᠢ ᠳᠤ ᠲᠤᠰᠬᠠᠢ | ᠲᠤᠰᠢᠶᠠᠯᠲᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ ᠲᠣᠬᠢᠷᠠᠭᠤᠯᠬᠤ ᠶᠢ ᠪᠦᠷᠢᠨ ᠪᠦᠷᠬᠦᠭᠦᠯᠬᠦ | ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠪᠡ᠃ ᠪᠢᠳᠡ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ《 | ᠭᠤᠷᠪᠠ ᠶᠢ ᠬᠤᠪᠢᠷᠠᠭᠤᠯᠬᠤ》 ᠶᠢ ᠭᠦᠨᠵᠡᠭᠡᠶᠢᠷᠡᠭᠦᠯᠬᠦ ᠶᠢ ᠪᠦᠬᠦ ᠬᠦᠴᠦᠨ ᠢᠶᠠᠷ ᠢᠶᠠᠨ ᠳᠡᠮᠵᠢᠵᠦ᠂ ᠡᠯ᠎ᠡ | ᠲᠦᠷᠦᠯ ᠤᠨ ᠵᠦᠪᠯᠡᠬᠦ ᠵᠣᠬᠢᠴᠠᠭᠤᠯᠬᠤ ᠪᠠᠶᠢᠭᠤᠯᠤᠮᠵᠢ ᠶᠢ ᠢᠯᠭᠠᠷᠠᠭᠤᠯᠤᠨ᠂ ᠤᠤᠯ ᠤᠨ 144 ᠪᠠᠶᠢᠭᠰᠠᠨ ᠠᠴᠠ ᠨᠢ | 10 ᠪᠣᠯᠭᠠᠨ ᠬᠠᠰᠤᠵᠤ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢ | ᠲᠣᠬᠢᠷᠠᠭᠤᠯᠤᠨ ᠰᠢᠯᠢᠳᠡᠭᠵᠢᠭᠦᠯᠦᠭᠰᠡᠨ ᠪᠠ ᠨᠡᠮᠡᠨ ᠪᠠᠶᠢᠭᠤᠯᠵᠤ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ | ᠭᠤᠣᠯ ᠬᠦᠴᠦᠨ ᠢ ᠰᠠᠬᠢᠯᠭ᠎ᠠ ᠪᠠᠲᠤ ᠬᠡᠷᠡᠭᠵᠢᠭᠦᠯᠦᠨ ᠬᠡᠷᠡᠭ ᠰᠢᠢᠳᠪᠦᠷᠢᠯᠡᠬᠦ ᠳᠡᠭᠡᠷ᠎ᠡ ᠲᠦᠪᠯᠡᠷᠡᠭᠦᠯᠪᠡ᠃ ᠡᠭᠦᠷᠭᠡ | ᠴᠢᠳᠠᠪᠤᠷᠢᠲᠤ ᠰᠠᠯᠠᠭ᠎ᠠ ᠮᠦᠴᠢᠷ ᠤᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠳᠤᠨᠢ ᠬᠢᠨᠠᠯᠲᠠ | ᠪᠠᠶᠢᠴᠠᠭᠠᠯᠲᠠ ᠬᠢᠬᠦ ᠶᠢ ᠴᠢᠩᠭᠠᠳᠬᠠᠵᠤ᠂ ᠲᠤᠰᠬᠠᠶᠢᠯᠠᠨ ᠴᠡᠭᠴᠡᠯᠡᠨ ᠵᠠᠰᠬᠠᠤ ᠶᠢ ᠭᠦᠨᠵᠡᠭᠡᠢ ᠦᠷᠨᠢᠭᠦᠯᠦᠨ᠂ ᠭᠤᠣᠯ | ᠵᠠᠩᠬᠢᠯᠠᠭ᠎ᠠ ᠶᠢᠨ ᠴᠢᠭ᠋ ᠢ ᠨᠢᠭᠲᠠ ᠠᠩᠬᠠᠷᠤᠨ ᠰᠤᠷᠲᠠᠯ ᠢ ᠰᠠᠶᠢᠵᠢᠷᠠᠭᠤᠯᠵᠤ ᠰᠠᠬᠢᠯᠭ᠎ᠠ ᠶᠢ ᠴᠢᠩᠳᠠᠯᠠᠬᠤ ᠶᠢ | ᠬᠦᠴᠦᠲᠡᠢ ᠠᠳᠬᠤᠪᠠ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠳᠤᠲᠤᠭᠠᠳᠤᠬᠢ | ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ᠳᠤᠲᠤᠭᠠᠲᠤ ᠳᠠᠭᠠᠨ ᠬᠢᠨᠠᠯᠲᠠ ᠲᠠᠯᠪᠢᠬᠤ ᠲᠤᠰᠬᠠᠢ ᠪᠠᠶᠢᠭᠤᠯᠤᠮᠵᠢ ᠶᠢ | ᠪᠠᠶᠢᠭᠤᠯᠵᠤ᠂ ᠳᠤᠲᠤᠭᠠᠲᠤ ᠳᠠᠭᠠᠨ ᠨᠠᠶᠢᠷ ᠲᠠᠯᠪᠢᠬᠤ ᠠᠰᠠᠭᠤᠳᠠᠯ ᠢ ᠦᠨᠡᠨᠬᠦ ᠰᠢᠢᠳᠪᠦᠷᠢᠯᠡᠪᠡ᠃《 ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠡᠭᠦᠷᠭᠡ ᠴᠢᠳᠠᠪᠤᠷᠢ ᠪᠠᠨ ᠬᠤᠪᠢᠷᠠᠭᠤᠯᠬᠤ᠂ ᠠᠷᠭ᠎ᠠ | ᠬᠡᠯᠪᠡᠷᠢ ᠪᠠᠨ ᠬᠤᠪᠢᠷᠠᠭᠤᠯᠬᠤ᠂ ᠰᠤᠷᠲᠠᠯ ᠢᠶᠠᠨ ᠬᠤᠪᠢᠷᠠᠭᠤᠯᠬᠤ ᠲᠣᠬᠠᠢ ᠬᠡᠷᠡᠭᠵᠢᠭᠦᠯᠬᠦ ᠰᠠᠨᠠᠯ》 ᠪᠣᠯᠣᠨ《 | ᠬᠤᠰᠢᠭᠤ ᠰᠢᠶᠠᠨ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠠᠵᠢᠯ ᠢ ᠴᠢᠩᠭᠠᠳᠬᠠᠬᠤ ᠲᠣᠬᠠᠢ ᠵᠢᠯᠤᠭᠤᠳᠬᠤ | ᠰᠠᠨᠠᠯ》 ᠢ ᠲᠣᠭᠲᠠᠭᠠᠨ ᠨᠡᠶᠢᠲᠡᠯᠡᠵᠦ᠂ ᠬᠤᠲᠠ ᠰᠢᠶᠠᠨ ᠤ ᠱᠠᠲᠤ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ | ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠤᠳᠤᠷᠬᠠᠶᠢᠯᠠᠪᠠ᠃ ᠭᠤᠷᠪᠠ ᠳᠤ ᠢᠯᠵᠠᠷᠠᠯ ᠢ | ᠴᠢᠩᠭ᠎ᠠ ᠵᠠᠯᠬᠠᠭᠠᠨ ᠰᠢᠳᠭᠡᠬᠦ ᠦᠨᠳᠦᠷ ᠳᠠᠷᠤᠯᠲᠠᠲᠤ ᠪᠠᠶᠢᠳᠠᠯ ᠢ ᠢᠮᠠᠭᠲᠠ ᠪᠠᠷᠢᠮᠲᠠᠯᠠᠪᠠ᠃ ᠪᠢᠳᠡ ᠦᠴᠦᠬᠡᠨ ᠴᠦ | ᠨᠠᠶᠢᠷ ᠲᠠᠯᠪᠢᠬᠤ ᠦᠭᠡᠢ ᠣᠪᠣᠷ ᠢᠶᠠᠷ《 ᠪᠠᠷᠰ》᠂《 ᠪᠠᠲᠠᠭᠠᠨ᠎ᠠ》 ᠶᠢ ᠴᠤᠭ ᠲᠤᠨᠢ ᠴᠣᠬᠢᠬᠤ ᠶᠢ ᠪᠠᠷᠢᠮᠲᠠᠯᠠᠵᠤ᠂ | ᠬᠡᠷᠡᠭ ᠢ ᠪᠠᠶᠢᠴᠠᠭᠠᠨ ᠰᠢᠢᠳᠪᠦᠷᠢᠯᠡᠬᠦ ᠡᠷᠴᠢᠮ ᠢ ᠤᠯᠠᠮ ᠡᠷᠴᠢᠯᠡᠵᠦ᠂ ᠤᠳᠤᠷᠢᠳᠬᠤ ᠪᠠᠶᠢᠭᠤᠯᠭ᠎ᠠ ᠪᠣᠯᠣᠨ | ᠤᠳᠤᠷᠢᠳᠬᠤ ᠺᠠᠳ᠋ᠷ ᠤᠨ ᠳᠤᠮᠳᠠ ᠢᠯᠡᠷᠡᠭᠰᠡᠨ ᠱᠠᠮᠰᠢᠭᠰᠠᠨ ᠢᠯᠵᠠᠷᠠᠭᠰᠠᠨ ᠵᠡᠷᠭᠡ ᠠᠰᠠᠭᠤᠳᠠᠯ ᠢ ᠨᠢᠭᠡ ᠢᠯᠡᠷᠡᠭᠦᠯᠪᠡᠯ | ᠨᠢᠭᠡ ᠶᠢ ᠨᠢ ᠪᠠᠶᠢᠴᠠᠭᠠᠨ ᠰᠢᠢᠳᠪᠦᠷᠢᠯᠡᠪᠡ᠃ ᠡᠨᠡ ᠵᠢᠯ ᠤᠨ 1 — 10 ᠰᠠᠷ᠎ᠠ ᠪᠣᠯᠲᠠᠯ᠎ᠠ ᠪᠦᠬᠦ ᠬᠤᠲᠠ ᠶᠢᠨ ᠡᠯ᠎ᠡ | ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ 306 ᠶᠠᠪᠤᠳᠠᠯ ᠢ ᠬᠡᠷᠡᠭ ᠪᠣᠯᠭᠠᠨ | ᠳᠠᠩᠰᠠᠯᠠᠵᠤ᠂ ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠪᠠᠯ 104% ᠪᠠᠷ ᠨᠡᠮᠡᠭᠳᠡᠵᠡᠢ︔ 257 | ᠬᠦᠮᠦᠨ ᠳᠤ ᠨᠠᠮ ᠵᠠᠰᠠᠭ ᠤᠨ ᠰᠠᠬᠢᠯᠭ᠎ᠠ ᠪᠠᠲᠤ ᠶᠢᠨ ᠰᠢᠳᠭᠡᠯ ᠣᠯᠭᠤᠵᠣ᠂ ᠠᠳᠠᠯᠢ ᠬᠤᠭᠤᠴᠠᠭᠠᠨ ᠤ ᠬᠢ ᠲᠠᠢ | ᠠᠳᠠᠯᠢᠳᠬᠠᠪᠠᠯ 79.7% ᠨᠡᠮᠡᠭᠳᠡᠵᠦ᠂ ᠡᠭᠦᠨ ᠳᠤ ᠰᠢᠶᠠᠨ ᠭᠠᠵᠠᠷ ᠤᠨ ᠳᠡᠰ ᠤᠨ ᠬᠢ 14 ᠬᠦᠮᠦᠨ ᠪᠠᠶᠢᠨ᠎ᠠ᠃ | ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠪᠣᠯ | ᠤᠷᠲᠤ ᠬᠤᠭᠤᠴᠠᠭᠠᠨ ᠤ ᠨᠠᠷᠢᠨ ᠪᠤᠳᠤᠯᠢᠶᠠᠨ ᠲᠠᠢ ᠬᠠᠲᠠᠭᠤ ᠪᠡᠷᠬᠡ ᠡᠭᠦᠷᠭᠡ ᠪᠣᠯᠣᠨ᠎ᠠ᠃ ᠬᠦᠬᠡᠬᠤᠲᠠ ᠶᠢᠨ | ᠬᠤᠲᠠ ᠶᠢᠨ ᠨᠠᠮ ᠤᠨ ᠬᠤᠷᠢᠶ᠎ᠠ ᠪᠦᠬᠦ ᠬᠤᠲᠠ ᠶᠢᠨ ᠥᠷᠭᠡᠨ ᠣᠯᠠᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ | ᠳᠠᠶᠢᠴᠢᠯᠠᠵᠤ᠂ ᠰᠢ ᠶᠢᠨ ᠫᠢᠩ ᠨᠦᠬᠦᠷ ᠢᠶᠠᠷ ᠶᠡᠷᠦᠩᠬᠡᠢ ᠱᠦᠵᠢ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ | ᠲᠣᠭᠤᠶᠢᠨ ᠳᠤ ᠨᠡᠩ ᠢᠯᠡᠭᠦᠦ ᠨᠢᠭᠲᠠᠷᠠᠨ ᠪᠦᠯᠬᠦᠮᠳᠡᠵᠦ᠂ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠵᠥᠪ ᠣᠨᠤᠪᠴᠢᠲᠠᠢ ᠤᠳᠤᠷᠢᠳᠤᠯᠭ᠎ᠠ ᠳᠣᠣᠷ᠎ᠠ᠂ ᠦᠭᠡᠷᠡᠴᠢᠯᠡᠯᠲᠡ ᠬᠢᠵᠦ ᠰᠢᠨ᠎ᠡ ᠶᠢ ᠡᠭᠦᠳᠦᠨ᠂ ᠯᠠᠪᠳᠠᠭᠤᠨ | ᠪᠠᠲᠤᠲᠠᠢ ᠠᠵᠢᠯᠯᠠᠵᠤ᠂ ᠬᠦᠬᠡᠬᠤᠲᠠ ᠶᠢᠨ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠪᠣᠯᠣᠨ | ᠢᠯᠵᠠᠷᠠᠯ ᠢ ᠡᠰᠡᠷᠭᠦᠴᠡᠬᠦ ᠲᠡᠮᠡᠴᠡᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠪᠣᠢ ᠪᠣᠯᠭᠠᠨ᠎ᠠ᠃ |