| 11 ᠳ᠋ᠦ᠋ᠭᠡᠷ ᠰᠠᠷ᠎ᠠ ᠶᠢᠨ 1 ᠤ ᠡᠳᠦᠷ᠂ ᠥᠪᠥᠷ ᠮᠣᠩᠭᠤᠯ ᠤᠨ ᠨᠣᠮ ᠤᠨ ᠰᠠᠩ ᠤᠨ ᠪᠠᠭᠠᠴᠤᠳ ᠤᠨ | ᠣᠷᠳᠣᠨ ᠳᠤ ᠡᠷᠬᠢᠮ ᠵᠣᠴᠢᠳ ᠳᠦᠭᠦᠷᠴᠦ᠂ ᠨᠣᠮ ᠪᠢᠴᠢᠭ ᠤᠨ ᠦᠨᠦᠷ ᠬᠠᠩᠬᠤᠯᠤᠭᠰᠠᠨ ᠶᠣᠰᠣᠯᠠᠯ ᠤᠨ ᠠᠬᠤᠢ | ᠲᠠᠯᠠᠪᠠᠢ ᠳᠤ᠂ ᠦᠪᠡᠷᠳᠡᠭᠡᠨ ᠵᠠᠰᠠᠬᠤ ᠤᠷᠤᠨ ᠤ ᠰᠤᠶᠤᠯ ᠤᠨ ᠲᠢᠩᠬᠢᠮ᠂ ᠦᠪᠦᠷ ᠮᠤᠩᠭᠤᠯ ᠤᠨ ᠡᠳᠦᠷ ᠤᠨ | ᠰᠤᠨᠢᠨ ᠤ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠲᠤᠤᠷ ᠰᠦᠯᠵᠢᠶ᠎ᠠ ᠶᠢᠨ ᠮᠡᠳᠡᠭᠡ ᠵᠠᠩᠬᠢ ᠶᠢᠨ ᠠᠯᠪᠠᠨ | ᠭᠡᠷ ᠠᠴᠠ ᠭᠤᠤᠯᠯᠠᠨ ᠡᠷᠬᠢᠯᠡᠵᠤ᠂ ᠤᠮᠠᠷᠠᠳᠦ ᠶᠢᠨ ᠰᠢᠨ᠎ᠠ ᠰᠤᠨᠢᠨ᠂ ᠦᠪᠦᠷ ᠮᠤᠩᠭᠤᠯ ᠤᠨ ᠨᠤᠮ ᠤᠨ ᠰᠠᠩ ᠠᠴᠠ | ᠲᠠᠭᠠᠭᠠᠨ ᠡᠷᠬᠢᠯᠡᠭᠰᠡᠡ ︽ᠢᠯᠢ · ᠰᠦ ᠶᠢᠨ ᠦᠨᠦᠷ ᠪᠢᠴᠢᠭ ᠤᠨ ᠦᠨᠦᠷ ᠠᠮᠲᠠ ᠵᠡᠷᠭᠡᠯᠡᠨ ᠬᠠᠩᠬᠤᠯᠤᠭᠰᠠᠨ | ᠠᠮᠢᠵᠢᠷᠠᠯ ᠤᠨ ᠬᠦᠴᠦᠨ ᠲᠠᠢ ᠦᠪᠦᠷ ᠮᠤᠩᠭᠤᠯ︾ — ᠠᠷᠪᠠᠳᠤᠭᠠᠷ ᠬᠤᠭᠤᠴᠠᠭᠠᠨ ᠤ ᠲᠠᠯ᠎ᠠ ᠨᠤᠳᠤᠬ ᠤᠨ ᠨᠤᠮ | ᠤᠩᠰᠢᠬᠤ ᠰᠠᠷ᠎ᠠ ᠶᠢᠨ ᠠᠵᠢᠯᠯᠠᠭ᠎ᠠ ᠵᠢᠴᠢ ᠦᠪᠦᠷ ᠮᠤᠩᠭᠤᠯ ᠤᠨ ᠨᠤᠮ ᠤᠨ ᠰᠠᠩ ᠤᠨ ᠪᠠᠭᠠᠴᠤᠳ ᠤᠨ ᠤᠷᠳᠤᠨ ᠤ | ᠡᠷᠦᠬᠡ ᠰᠡᠬᠦᠬᠦ ᠶᠤᠰᠤᠯᠠᠯ ᠦᠪᠦᠷ ᠮᠤᠩᠭᠤᠯ ᠤᠨ ᠨᠤᠮ ᠤᠨ ᠰᠠᠩ ᠤᠨ ᠪᠠᠭᠠᠴᠤᠳ ᠤᠨ ᠤᠷᠳᠤᠨ ᠳᠤ ᠶᠠᠪᠤᠬᠳᠠᠵᠠᠢ᠃ | ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠲᠢᠩᠬᠢᠮ ᠤᠨ ᠳᠠᠷᠤᠭ᠎ᠠ ᠲᠦᠩ ᠭᠦᠸᠧ ᠴᠢᠩ᠂ ᠥᠪᠥᠷ ᠮᠣᠩᠭᠤᠯ ᠤᠨ ᠡᠳᠦᠷ ᠤᠨ ᠰᠣᠨᠢᠨ ᠤ | ᠬᠤᠷᠢᠶ᠎ᠠ ᠶᠢᠨ ᠳᠡᠳ᠋ ᠶᠡᠷᠦᠩᠭᠡᠢ ᠨᠠᠶᠢᠷᠠᠭᠤᠯᠤᠭᠴᠢ ᠰᠦᠨ ᠶᠠ ᠡᠾᠦ᠋ᠢ᠂ ᠥᠪᠥᠷ ᠮᠣᠩᠭᠤᠯ ᠤᠨ ᠤᠳᠬ᠎ᠠ | ᠤᠷᠠᠯᠢᠭ ᠤᠨ ᠬᠤᠯᠪᠣᠭ᠎ᠠ ᠶᠢᠨ ᠳᠡᠳ᠋ ᠲᠡᠷᠢᠭᠦᠯᠡᠭᠴᠢ᠂ ᠥᠪᠥᠷ ᠮᠣᠩᠭᠤᠯ ᠤᠨ ᠵᠣᠬᠢᠶᠠᠭᠴᠢᠳ ᠤᠨ ᠨᠡᠶᠢᠭᠡᠮᠯᠢᠭ ᠤᠨ | ᠲᠡᠷᠢᠭᠦᠯᠡᠭᠴᠢ ᠭᠤᠮᠪᠤᠵᠠᠪ᠂ ᠥᠪᠡᠷᠲᠡᠭᠡᠨ ᠵᠠᠰᠠᠬᠤ ᠣᠷᠣᠨ ᠤ ᠰᠤᠶᠤᠯ ᠤᠨ ᠲᠢᠩᠬᠢᠮ ᠤᠨ ᠳᠡᠳ᠋ ᠳᠠᠷᠤᠭ᠎ᠠ ᠵᠤᠤ | ᠰᠢᠨ ᠮᠢᠨ᠂ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠲᠢᠩᠬᠢᠮ ᠤᠨ ᠳᠡᠳ᠋ ᠳᠠᠷᠤᠭ᠎ᠠ ᠴᠢᠶᠤᠤ ᠢᠦᠢ ᠭᠤᠸᠠᠩ᠂ | ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠲᠢᠩᠬᠢᠮ ᠤᠨ ᠲᠣᠭᠤᠷᠢᠨ ᠪᠠᠶᠢᠴᠠᠭᠠᠭᠴᠢ ᠬᠠᠨ ᠪᠢᠨ᠂ ᠥᠪᠡᠷᠲᠡᠭᠡᠨ | ᠵᠠᠰᠠᠬᠤ ᠣᠷᠣᠨ ᠤ ᠲᠣᠣᠷ ᠰᠦᠯᠵᠢᠶ᠎ᠡ ᠶᠢᠨ ᠮᠡᠳᠡᠭᠡ ᠵᠠᠩᠭᠢ ᠶᠢᠨ ᠠᠯᠪᠠᠨ ᠭᠡᠷ ᠤᠨ ᠡᠷᠬᠢᠯᠡᠭᠴᠢ ᠯᠢ ᠱᠢ ᠰᠧᠨ᠂ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠰᠢᠨᠵᠢᠯᠡᠬᠦ ᠤᠬᠠᠭᠠᠨ ᠰᠤᠷᠭᠠᠨ ᠬᠥᠮᠥᠵᠢᠯ | ᠲᠡᠦᠭᠡ ᠰᠣᠶᠣᠯ ᠤᠨ ᠭᠠᠵᠠᠷ ᠤᠨ ᠳᠠᠷᠤᠭ᠎ᠠ ᠴᠧᠨ ᠢᠦᠢ ᠬᠤᠸᠠ᠂ ᠢᠯᠢ ᠪᠦᠯᠦᠭᠯᠡᠯ ᠤᠨ ᠭᠦᠢᠴᠡᠳᠬᠡᠬᠦ | ᠶᠡᠷᠦᠩᠬᠡᠶᠢᠯᠡᠭᠴᠢ ᠵᠠᠩ ᠵᠢᠶᠠᠨ ᠴᠢᠦ᠂ ᠥᠪᠥᠷ ᠮᠣᠩᠭᠤᠯ ᠤᠨ ᠨᠣᠮ ᠤᠨ ᠰᠠᠩ ᠤᠨ ᠨᠠᠮ ᠤᠨ ᠡᠭᠦᠷ ᠤᠨ ᠶᠡᠷᠦᠩᠭᠡᠢ | ᠱᠦᠵᠢ ᠵᠣᠣ ᠵᠢᠩ ᠴᠢ ᠵᠢᠴᠢ ᠮᠠᠨ ᠤ ᠣᠷᠣᠨ ᠤ ᠠᠯᠳᠠᠷᠲᠤ ᠵᠣᠬᠢᠶᠠᠯᠴᠢ ᠡᠷᠳᠡᠮᠲᠡᠳ 50 ᠭᠠᠷᠤᠢ ᠬᠥᠮᠥᠨ | ᠡᠬᠢᠯᠡᠯᠲᠡ ᠶᠢᠨ ᠶᠣᠰᠣᠯᠠᠯ ᠳᠤ ᠣᠷᠣᠯᠴᠠᠵᠠᠢ᠃ | 2014 — 2015 ᠣᠨ ᠳᠤ᠂ ︽ᠪᠦᠬᠦ ᠠᠷᠠᠳ ᠤᠨ ᠤᠩᠰᠢᠯᠭ᠎ᠠ︾ ᠨᠢ ︽ᠵᠠᠰᠠᠭ ᠤᠨ ᠣᠷᠳᠣᠨ ᠤ | ᠠᠵᠢᠯ ᠤᠨ ᠢᠯᠡᠳᠬᠡᠯ︾ ᠳᠤ ᠬᠤᠶᠠᠷ ᠵᠢᠯ ᠳᠠᠷᠠᠭᠠᠯᠠᠨ ᠪᠢᠴᠢᠭᠳᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠴᠤ ᠪᠦᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠶᠢ ᠠᠵᠢᠯ ᠤᠨ | ᠭᠤᠣᠯᠳᠠᠯᠭ᠎ᠠ ᠳᠤ ᠣᠷᠣᠭᠤᠯᠵᠤ᠂ ᠪᠦᠬᠦ ᠠᠷᠠᠳ ᠤᠨ ᠤᠩᠰᠢᠯᠭ᠎ᠠ ᠶᠢ ᠪᠦᠬᠦ ᠣᠷᠣᠨ ᠤ ᠬᠦᠷᠢᠶ᠎ᠡ ᠬᠡᠪᠴᠢᠶᠡᠨ ᠳᠤ | ᠲᠦᠯᠬᠢᠨ ᠠᠬᠢᠭᠤᠯᠵᠤ᠂ ᠪᠢᠴᠢᠭ ᠤᠨ ᠰᠤᠷᠪᠤᠯᠵᠢᠲᠤ ᠨᠡᠶᠢᠭᠡᠮ ᠢ ᠪᠦᠲᠦᠭᠡᠨ ᠪᠠᠶᠢᠭᠤᠯᠬᠤ ᠪᠠᠷ ᠪᠤᠢ᠃ ᠪᠦᠬᠦ ᠠᠷᠠᠳ | ᠤᠨ ᠤᠩᠰᠢᠯᠭ᠎ᠠ ᠶᠢᠨ ᠠᠵᠢᠯᠯᠠᠭ᠎ᠠ ᠶᠢ ᠳᠠᠶᠢᠴᠢᠯᠠᠬᠤ ᠶᠢᠨ ᠲᠥᠯᠥᠭᠡ᠂ 2006 ᠣᠨ ᠠᠴᠠ ᠡᠬᠢᠯᠡᠨ᠂ ︽ | ᠤᠮᠠᠷᠠᠲᠤ ᠶᠢᠨ ᠰᠢᠨ᠎ᠡ ᠰᠣᠨᠢᠨ︾ ᠨᠢ ᠢᠯᠢ ᠪᠦᠯᠦᠭᠯᠡᠯ ᠤᠨ ᠬᠦᠴᠦᠲᠦ ᠳᠡᠮᠵᠢᠯᠭᠡ ᠳᠣᠣᠷ᠎ᠠ ᠲᠠᠯ᠎ᠠ ᠨᠤᠲᠤᠭ ᠤᠨ | ᠨᠣᠮ ᠤᠩᠰᠢᠬᠤ ᠰᠠᠷ᠎ᠠ ᠶᠢᠨ ᠠᠵᠢᠯᠯᠠᠭ᠎ᠠ ᠦᠷᠨᠢᠭᠦᠯᠪᠡ᠃ 2015 ᠣᠨ ᠪᠣᠯᠲᠠᠯ᠎ᠠ᠂ ᠲᠠᠯ᠎ᠠ ᠨᠤᠲᠤᠭ ᠤᠨ ᠨᠣᠮ | ᠤᠩᠰᠢᠬᠤ ᠰᠠᠷ᠎ᠠ 10 ᠵᠢᠯ ᠶᠠᠪᠤᠭᠳᠠᠯ᠎ᠠ᠃ 10 ᠵᠢᠯ ᠤᠨ ᠲᠤᠷᠰᠢ᠂ ᠲᠠᠯ᠎ᠠ ᠨᠤᠳᠤᠬ ᠤᠨ ᠨᠤᠮ ᠤᠩᠰᠢᠬᠤ ᠰᠠᠷ᠎ᠠ | ᠨᠢ ᠠᠵᠢᠯᠯᠠᠭ᠎ᠠ ᠶᠢᠨ ᠠᠭᠤᠯᠭ᠎ᠠ ᠪᠤᠯᠤᠨ ᠤᠯᠠᠮᠵᠢᠯᠠᠬᠤ ᠭᠡᠯᠪᠡᠷᠢ ᠪᠠᠨ ᠲᠠᠰᠤᠷᠠᠯᠳᠠ ᠦᠭᠡᠢ ᠬᠦᠨᠵᠡᠭᠡᠶᠢᠷᠡᠭᠦᠯᠦᠨ | ᠪᠠᠶᠠᠯᠢᠬᠵᠢᠭᠤᠯᠵᠦ᠂ ᠮᠤᠩᠭᠤᠯ ᠦᠨᠳᠦᠰᠦᠳᠡᠨ ᠤ ᠠᠷᠪᠠᠨ ᠭᠠᠷᠮᠠᠭᠠᠢ ᠰᠢᠨᠵᠢᠯᠡᠬᠦ ᠤᠬᠠᠭᠠᠨᠳᠠᠡ ᠤ ᠰᠢᠯᠭᠠᠷᠠᠭᠤᠯᠤᠯᠳᠠ᠂ | ᠨᠤᠮ ᠤᠩᠰᠢᠬᠤ᠂ ᠨᠡᠷᠡᠳᠦ ᠬᠦᠮᠦᠰ ᠤᠨ ᠶᠠᠷᠢᠶ᠎ᠠ ᠢᠯᠡᠳᠭᠡᠯ ᠤᠨ ᠭᠠᠷᠠᠬ ᠵᠡᠷᠭᠡ ᠠᠯᠢ ᠤᠯᠠᠨ ᠨᠦᠯᠦᠭᠡ ᠶᠡᠭᠡᠳᠠᠢ | ᠰᠤᠶᠤᠯ ᠤᠨ ᠠᠵᠢᠯᠯᠠᠭ᠎ᠠ ᠦᠷᠨᠢᠭᠦᠯᠵᠦ᠂ ᠮᠦᠸᠧ ᠶᠠᠨ᠂ ᠯᠢᠦ ᠵᠢᠶᠧ ᠷᠦᠸᠧ᠂ ᠪᠢ ᠱᠦ ᠮᠢᠨ᠂ ᠳ᠋ᠧᠩ ᠵᠢᠦ ᠭᠠᠩ | ᠵᠡᠷᠭᠡ ᠨᠡᠷᠡᠳᠦ ᠵᠤᠬᠢᠶᠠᠯᠴᠢ ᠤᠷᠤᠯᠴᠠᠬᠰᠠᠠ ᠠᠴᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠮᠠᠰᠢ ᠶᠡᠭᠡ | ᠰᠠᠶᠢᠰᠢᠶᠠᠯ ᠢ ᠬᠦᠷᠲᠡᠵᠦ᠂ ᠮᠠᠨ ᠤ ᠣᠷᠣᠨ ᠤ ᠴᠢᠬᠤᠯᠠ ᠪᠦᠬᠦᠢ ᠨᠡᠷᠡᠲᠦ ᠲᠡᠮᠳᠡᠭᠲᠦ ᠰᠤᠶᠤᠯ ᠤᠨ ᠠᠵᠢᠯᠯᠠᠭ᠎ᠠ ᠶᠢᠨ | ᠨᠢᠭᠡ ᠨᠢ ᠪᠣᠯᠪᠠ᠃ ᠲᠤᠰ ᠬᠤᠭᠤᠴᠠᠭᠠᠨ ᠤ ᠲᠠᠯ᠎ᠠ ᠨᠤᠲᠤᠭ ᠤᠨ ᠨᠣᠮ ᠤᠩᠰᠢᠬᠤ ᠰᠠᠷ᠎ᠠ ᠶᠢᠨ ᠠᠵᠢᠯᠯᠠᠭ᠎ᠠ ᠳᠤ | ᠥᠪᠥᠷ ᠮᠣᠩᠭᠤᠯ ᠤᠨ ᠨᠣᠮ ᠤᠨ ᠰᠠᠩ ᠤᠨ ᠪᠠᠭᠠᠴᠤᠳ ᠤᠨ ᠣᠷᠳᠣᠨ ᠢ ᠨᠡᠭᠡᠭᠡᠬᠦ᠂ ᠨᠣᠮ ᠤᠩᠰᠢᠬᠤ᠂ ᠬᠥᠭᠡᠷᠦᠬᠦᠨ | ᠪᠦᠪᠡᠢ ᠦᠯᠢᠭᠡᠷ ᠶᠠᠷᠢᠬᠤ᠂ ᠲᠠᠯ᠎ᠠ ᠨᠤᠲᠤᠭ ᠤᠨ ᠨᠣᠮ ᠤᠩᠰᠢᠬᠤ ᠰᠠᠷ᠎ᠠ ᠶᠢᠨ ᠨᠡᠷᠡᠲᠦ ᠬᠦᠮᠦᠰ ᠤᠨ ᠶᠠᠷᠢᠶ᠎ᠠ | ᠢᠯᠡᠳᠬᠡᠯ ᠤᠨ ᠭᠠᠷᠠᠭ᠂ ᠯᠸᠢ ᠮᠧᠩ ᠨᠣᠮ ᠤᠩᠰᠢᠬᠤ ᠴᠤᠭᠯᠠᠭᠠᠨ᠂ ᠨᠡᠷᠡᠲᠦ ᠬᠦᠮᠦᠰ ᠨᠣᠮ ᠲᠠᠨᠢᠯᠴᠠᠭᠤᠯᠬᠤ᠂ | ᠲᠠᠯ᠎ᠠ ᠨᠤᠲᠤᠭ ᠤᠨ ᠨᠣᠮ ᠤᠩᠰᠢᠬᠤ ᠰᠠᠷ᠎ᠠ ᠶᠢᠨ ᠡᠷᠲᠡᠨ ᠤ ᠰᠤᠳᠤᠯᠤᠯ ᠤᠨ ᠬᠢᠴᠢᠶᠡᠯ ᠤᠨ ᠲᠠᠩᠬᠢᠮ᠂ | ᠲᠠᠯᠠᠷᠬᠠᠯ ᠤᠨ ᠢᠷᠠᠭᠤ ᠨᠠᠶᠢᠷᠠᠭ ᠤᠨ ᠴᠤᠭᠯᠠᠭᠠᠨ᠂ ᠸᠠᠩ ᠪᠦ᠋ ᠫᠢᠩ ᠸᠢᠴᠡᠲ ᠤᠨ ᠠᠨᠳᠠ ᠨᠠᠷ ᠤᠨ | ᠠᠭᠤᠯᠵᠠᠯᠲᠠ ᠶᠢᠨ ᠴᠤᠭᠯᠠᠭᠠᠨ ᠵᠢᠴᠢ ᠨᠣᠮ ᠪᠢᠴᠢᠭ ᠤᠨ ᠴᠤᠭᠯᠠᠭᠠᠨ ᠭᠡᠬᠦ ᠮᠡᠲᠦ ᠶᠢᠨ10 ᠬᠤᠪᠢᠶᠠᠷᠢ ᠠᠭᠤᠯᠭ᠎ᠠ | ᠲᠣᠬᠢᠷᠠᠭᠤᠯᠪᠠ᠃ |