ᠹᠦ᠋ ᠲᠠᠢ ᠽᠧᠩ᠄ ᠲᠣᠮᠣ ᠬᠡᠯᠪᠡᠷᠢ ᠶᠢᠨ ᠪᠠᠷᠠᠭᠠᠠ ᠤ ᠭᠦᠢᠯᠭᠡᠭᠡ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ  ᠪᠦᠬᠦ ᠣᠷᠣᠨ ᠤ ᠣᠳᠣ ᠦᠶ᠎ᠡ ᠶᠢᠨ ᠪᠠᠷᠠᠭᠠᠠ ᠤ ᠭᠦᠢᠯᠭᠡᠭᠡ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2015/11/30
    11 ᠳ᠋ᠦ᠋ᠭᠡᠷ ᠰᠠᠷ᠎ᠠ ᠶᠢᠨ 26᠎ ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠹᠦ᠋ ᠲᠠᠢ ᠽᠧᠩ ᠬᠥᠬᠡᠬᠤᠲᠠ ᠶᠢᠨ ᠡᠯᠡᠰᠦᠨ ᠨᠢᠷᠤᠭᠤ ᠪᠠᠷᠠᠭᠠᠠ ᠤ ᠭᠦᠢᠯᠭᠡᠭᠡ ᠶᠢᠨ ᠬᠦᠷᠢᠶᠡᠯᠡᠩ ᠲᠣᠭᠤᠷᠢᠭ ᠲᠤ ᠰᠢᠨᠵᠢᠯᠡᠨ ᠪᠠᠶᠢᠴᠠᠭᠠᠪᠠ᠃ ᠲᠡᠷᠡ ᠴᠢᠬᠤᠯᠠᠴᠢᠯᠠᠭᠰᠠᠨ ᠨᠢ᠂ ᠠᠵᠤ ᠠᠬᠤᠢ ᠶᠢᠨ ᠰᠢᠨ᠎ᠡ ᠬᠡᠪ ᠪᠠᠶᠢᠳᠠᠯ ᠤᠨ ᠱᠠᠭᠠᠷᠳᠠᠯᠭ᠎ᠠ ᠶᠢ ᠳᠠᠭᠠᠵᠤ᠂ ᠲᠣᠮᠣ ᠬᠡᠯᠪᠡᠷᠢ ᠶᠢᠨ ᠪᠠᠷᠠᠭᠠᠠ ᠤ ᠭᠦᠢᠯᠭᠡᠭᠡ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠪᠦᠬᠦ ᠣᠷᠣᠨ ᠤ ᠣᠳᠣ ᠦᠶ᠎ᠡ ᠶᠢᠨ ᠪᠠᠷᠠᠭᠠᠠ ᠤ ᠭᠦᠢᠯᠭᠡᠭᠡ ᠶᠢᠨ ᠦᠢᠯᠡᠰ ᠤᠨ ᠬᠥᠭᠵᠢᠯᠲᠡ ᠶᠢ ᠳᠠᠶᠢᠴᠢᠯᠠᠬᠤ ᠪᠠ ᠠᠬᠢᠭᠤᠯᠬᠤ ᠬᠡᠷᠡᠭᠲᠡᠢ ᠭᠡᠪᠡ᠃      ᠪᠠᠶᠢᠴᠠᠭᠠᠯᠲᠠ ᠳᠤ᠂ ᠹᠦ᠋ ᠲᠠᠢ ᠽᠧᠩ ᠪᠠᠷᠠᠭᠠᠠ ᠤ ᠭᠦᠢᠯᠭᠡᠭᠡ ᠶᠢᠨ ᠬᠦᠷᠢᠶᠡᠯᠡᠩ ᠲᠣᠭᠤᠷᠢᠭ ᠤᠨ ᠲᠣᠬᠢᠷᠠᠭᠤᠯᠬᠤ ᠲᠥᠪ᠂ ᠲᠣᠬᠢᠷᠠᠭᠤᠯᠤᠨ ᠬᠥᠷᠭᠡᠬᠦ ᠲᠠᠰᠤᠭ᠂ ᠬᠥᠮᠥᠷᠭᠡ ᠵᠡᠷᠭᠡ ᠭᠠᠵᠠᠷ ᠲᠤ ᠬᠦᠷᠴᠦ᠂ ᠠᠵᠤ ᠠᠬᠤᠶᠢᠯᠠᠯ ᠤᠨ ᠬᠠᠮᠢᠶ᠎ᠠ ᠪᠦᠬᠦᠢ ᠬᠥᠮᠥᠰ ᠠᠴᠠ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ᠂ ᠡᠳ᠋ ᠪᠠᠷᠠᠭ᠎ᠠ ᠲᠣᠬᠢᠷᠠᠭᠤᠯᠤᠨ ᠬᠦᠷᠭᠡᠬᠦ ᠶᠠᠪᠤᠴᠠ᠂ ᠠᠵᠤ ᠠᠬᠤᠶᠢᠯᠠᠯ ᠵᠡᠷᠭᠡ ᠲᠠᠯ᠎ᠠ ᠪᠠᠷ ᠨᠠᠷᠢᠨ ᠣᠶᠢᠯᠭᠠᠵᠠᠢ᠃ ᠲᠡᠷᠡ ᠵᠢᠭᠠᠭᠰᠠᠨ ᠨᠢ᠂ ᠣᠳᠣ ᠦᠶ᠎ᠡ ᠶᠢᠨ ᠪᠠᠷᠠᠭᠠᠠ ᠤ ᠭᠦᠢᠯᠭᠡᠭᠡ ᠶᠢᠨ ᠦᠢᠯᠡᠰ ᠨᠢ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠴᠢᠬᠤᠯᠠ ᠪᠦᠷᠢᠯᠳᠦᠬᠦᠨ ᠬᠡᠰᠡᠭ ᠪᠠᠶᠢᠵᠤ᠂ ᠠᠵᠤ ᠦᠢᠯᠡᠰ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠬᠠᠮᠢᠶ᠎ᠠ ᠪᠦᠬᠦᠢ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠵᠦ᠂ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠴᠢᠬᠤᠯᠠ ᠦᠢᠯᠡᠳᠦᠯ ᠦᠵᠡᠭᠦᠯᠬᠦ ᠪᠣᠯᠣᠨ᠎ᠠ ᠭᠡᠵᠡᠢ᠃      ᠹᠦ᠋ ᠲᠠᠢ ᠽᠧᠩ ᠴᠢᠬᠤᠯᠠᠴᠢᠯᠠᠭᠰᠠᠨ ᠨᠢ᠂ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ᠂ ᠬᠥᠬᠡᠬᠤᠲᠠ ᠨᠢ ᠤᠯᠤᠰ ᠤᠨ ᠪᠠᠷᠠᠭᠠᠠ ᠤ ᠭᠦᠢᠯᠭᠡᠭᠡ ᠶᠢᠨ ᠵᠠᠩᠭᠢᠯᠠᠭ᠎ᠠ ᠶᠢᠨ ᠴᠢᠭ᠋ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠦᠴᠦᠯᠡᠴᠡ ᠪᠠᠨ ᠴᠢᠩᠭᠠᠳᠬᠠᠵᠤ᠂ ᠣᠳᠣ ᠦᠶ᠎ᠡ ᠶᠢᠨ ᠪᠠᠷᠠᠭᠠᠠ ᠤ ᠭᠦᠢᠯᠭᠡᠭᠡ ᠶᠢᠨ ᠦᠢᠯᠡᠰ ᠤᠨ ᠶᠡᠷᠦᠩᠬᠡᠶᠢᠯᠡᠭᠰᠡᠨ ᠦᠢᠯᠡᠴᠢᠯᠡᠭᠡ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠡᠢ᠃ ︽ᠢᠨᠲ᠋ᠧᠷ ᠰᠦᠯᠵᠢᠶ᠎ᠡ +︾ ᠪᠣᠯᠣᠨ ᠲᠣᠮᠣ ᠳ᠋ᠠᠶᠢᠲ᠋ᠠ ᠮᠡᠷᠭᠡᠵᠢᠯ ᠢ ᠭᠦᠢᠴᠡᠳ ᠠᠰᠢᠭᠯᠠᠵᠤ᠂ ᠤᠯᠠᠮᠵᠢᠯᠠᠯᠲᠤ ᠪᠠᠷᠠᠭᠠᠠ ᠤ ᠭᠦᠢᠯᠭᠡᠭᠡ ᠶᠢᠨ ᠡᠵᠡᠩᠨᠡᠯᠲᠡ ᠶᠢᠨ ᠵᠠᠭᠪᠤᠷ ᠢ ᠬᠤᠷᠳᠤᠬᠠᠨ ᠥᠭᠡᠷᠡᠴᠢᠯᠡᠵᠦ᠂ ᠣᠶᠣᠨᠯᠢᠭ ᠪᠠᠷᠠᠭᠠᠠ ᠤ ᠭᠦᠢᠯᠭᠡᠭᠡ ᠶᠢᠨ ᠬᠥᠭᠵᠢᠯᠲᠡ ᠶᠢ ᠲᠦᠷᠭᠡᠳᠬᠡᠬᠦ ᠬᠡᠷᠡᠭᠲᠡᠢ᠃ ᠬᠦᠷᠢᠶᠡᠯᠡᠭ ᠲᠣᠭᠤᠷᠢᠭ ᠤᠨ ᠠᠷᠠᠯᠵᠢᠶᠠᠴᠢᠨ ᠤᠷᠢᠬᠤ ᠬᠦᠴᠦᠯᠡᠴᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠨᠡᠷᠡᠲᠦ ᠠᠵᠤ ᠠᠬᠤᠶᠢᠯᠠᠯ ᠢ ᠢᠳᠡᠪᠬᠢᠲᠡᠢ ᠪᠠᠷ ᠣᠷᠣᠭᠤᠯᠵᠦ ᠠᠪᠴᠢᠷᠠᠬᠤ ᠬᠡᠷᠡᠭᠲᠡᠢ᠃ ᠣᠳᠣ ᠦᠶ᠎ᠡ ᠶᠢᠨ ᠲᠣᠮᠣ ᠬᠡᠯᠪᠡᠷᠢ ᠶᠢᠨ ᠪᠠᠷᠠᠭᠠᠠ ᠤ ᠭᠦᠢᠯᠭᠡᠭᠡ ᠶᠢᠨ ᠬᠦᠷᠢᠶᠡᠯᠡᠩ ᠲᠣᠭᠤᠷᠢᠭ ᠤᠨ ᠲᠠᠪᠴᠠᠩ ᠢᠶᠠᠷ ᠳᠠᠮᠵᠢᠭᠤᠯᠵᠤ᠂ ᠮᠠᠨ ᠤ ᠣᠷᠣᠨ ᠤ ᠪᠡᠯᠡᠨ ᠲᠠᠸᠠᠷ ᠤᠨ ᠵᠠᠬ᠎ᠠ ᠳᠡᠯᠭᠡᠭᠦᠷ ᠢ ᠲᠠᠰᠤᠷᠠᠯᠲᠠ ᠦᠭᠡᠢ ᠡᠯᠪᠡᠭᠵᠢᠭᠦᠯᠵᠦ᠂ ᠣᠷᠣᠨ ᠤ ᠳᠣᠲᠣᠭᠠᠳᠤ ᠶᠢᠨ  ᠪᠦᠲᠦᠭᠡᠭᠳᠦᠬᠦᠨ ᠢ ᠪᠦᠬᠦ ᠤᠯᠤᠰ ᠲᠤ ᠭᠠᠷᠭᠠᠬᠤ᠂ ᠳᠡᠯᠡᠬᠡᠢ ᠳᠤ ᠭᠠᠷᠭᠠᠬᠤ ᠶᠢ ᠳᠠᠶᠢᠴᠢᠯᠠᠬᠤ ᠬᠡᠷᠡᠭᠲᠡᠢ ᠭᠡᠪᠡ᠃       ᠣᠶᠢᠯᠭᠠᠭᠰᠠᠨ ᠢᠶᠠᠷ᠂ ᠬᠥᠬᠡᠬᠤᠲᠠ ᠶᠢᠨ ᠡᠯᠡᠰᠦᠨ ᠨᠢᠷᠤᠭᠤ ᠪᠠᠷᠠᠭᠠᠠ ᠤ ᠭᠦᠢᠯᠭᠡᠭᠡ ᠶᠢᠨ ᠬᠦᠷᠢᠶᠡᠯᠡᠩ ᠲᠣᠭᠤᠷᠢᠭ ᠨᠢ 1830 ᠮᠦ ᠭᠠᠵᠠᠷ ᠡᠵᠡᠯᠡᠵᠦ᠂ ᠲᠡᠮᠦᠷ ᠵᠠᠮ᠂ ᠬᠥᠮᠥᠷᠭᠡ᠂ ᠵᠠᠰᠠᠮᠠᠯ ᠵᠠᠮ᠂ ᠮᠡᠳᠡᠭᠡ ᠵᠠᠩᠭᠢ᠂ ᠲᠡᠮᠦᠷ ᠵᠠᠮ ᠤᠨ ᠪᠣᠭᠤᠮᠲᠠ ᠶᠢ ᠨᠢᠭᠡ ᠴᠤᠭᠴᠠᠵᠢᠭᠤᠯᠤᠭᠰᠠᠨ ᠲᠣᠮᠣ ᠬᠡᠯᠪᠡᠷᠢ ᠶᠢᠨ ᠶᠡᠷᠦᠩᠬᠡᠶᠢᠯᠡᠭᠰᠡᠨ ᠪᠠᠷᠠᠭᠠᠠ ᠤ ᠭᠦᠢᠯᠭᠡᠭᠡ ᠶᠢᠨ ᠬᠦᠷᠢᠶᠡᠯᠡᠭ ᠲᠤᠭᠤᠷᠢᠭ ᠪᠣᠯᠣᠨ᠎ᠠ᠂ ᠲᠥᠷᠥᠯ ᠵᠦᠢᠯ ᠤᠨ ᠨᠢᠭᠡᠳᠦᠭᠡᠷ ᠬᠤᠭᠤᠴᠠᠭ᠎ᠠ ᠳᠤ 10.5 ᠳ᠋ᠦᠩᠰᠢᠭᠤᠷ ᠲᠦᠭᠦᠷᠡᠭ ᠤᠨ ᠪᠡᠯᠨ ᠣᠷᠤᠭᠤᠯᠤᠯᠲᠠ ᠶᠢ ᠪᠡᠶᠡᠯᠡᠭᠦᠯᠵᠦ᠂ ᠣᠳᠣᠬᠠᠨ ᠳᠤ ᠨᠢᠭᠡᠨᠲᠡ ᠵᠢᠩ ᠳ᠋ᠦᠩ᠂ ᠯᠢ ᠺᠧ᠂ ᠬᠠᠢ ᠡᠯ᠂ ᠵᠧᠦ ᠭᠧ ᠲᠡᠷᠭᠡ ᠵᠠᠰᠠᠬᠤ ᠵᠡᠷᠭᠡ ᠤᠯᠠᠨ ᠨᠡᠷᠡᠲᠦ ᠠᠵᠤ ᠠᠬᠤᠶᠢᠯᠠᠯ ᠣᠷᠣᠵᠤ ᠢᠷᠡᠭᠰᠡᠨ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号