ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠ ᠶᠢᠰᠦᠳᠦᠭᠡᠷ ᠬᠤᠷᠠᠯ ᠠᠴᠠ᠂ ᠬᠥᠯᠥᠨ ᠪᠤᠶᠢᠷ ᠬᠤᠳᠠ᠂ | ᠲᠦᠩᠯᠢᠶᠣᠤ ᠬᠤᠳᠠ᠂ ᠤᠯᠠᠭᠠᠨᠬᠠᠳᠠ ᠬᠤᠳᠠ᠂ ᠤᠯᠠᠭᠠᠨᠴᠠᠪ ᠬᠤᠲᠠ᠂ ᠤᠷᠳᠤᠰ ᠬᠤᠳᠠ᠂ ᠪᠠᠶᠠᠨᠨᠠᠭᠤᠷ ᠬᠤᠳᠠ᠂ | ᠦᠬᠠᠢ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ | 2015 ᠤᠨ ᠤ 12 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ᠂ ᠬᠤᠳᠠ ᠬᠥᠳᠡᠭᠡ ᠶᠢᠨ ᠪᠦᠳᠦᠭᠡᠨ | ᠪᠠᠶᠢᠭᠤᠯᠤᠯᠲᠠ ᠪᠣᠯᠤᠨ ᠬᠠᠮᠢᠶᠠᠷᠤᠯᠲᠠ᠂ ᠣᠷᠴᠢᠨ ᠲᠤᠭᠤᠷᠢᠨ ᠤ ᠬᠠᠮᠠᠭᠠᠯᠠᠯᠲᠠ᠂ ᠲᠡᠦᠬᠡ ᠰᠣᠶᠣᠯ ᠤᠨ | ᠬᠠᠮᠠᠭᠠᠯᠠᠯᠲᠠ ᠵᠡᠷᠭᠡ ᠲᠠᠯ᠎ᠠ ᠶᠢᠨ ᠬᠡᠷᠡᠭ ᠶᠠᠪᠤᠳᠠᠯ ᠳᠤ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠢ ᠡᠬᠢᠯᠡᠨ | ᠲᠣᠭᠲᠠᠭᠠᠵᠤ ᠪᠤᠯᠤᠨ᠎ᠠ ᠬᠡᠵᠤ ᠰᠢᠢᠳᠪᠦᠷᠢ ᠭᠠᠷᠭᠠᠪᠠ᠃ | ᠡᠨᠡ ᠵᠢᠯ ᠤᠨ 3 ᠳ᠋ᠤᠭᠠᠷ ᠰᠠᠷ᠎ᠠ ᠳᠤ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠤᠯᠢ ᠲᠣᠭᠲᠠᠭᠠᠬᠤ ᠬᠠᠤᠯᠢ﹀ ᠳᠤ ᠵᠠᠰᠠᠪᠤᠷᠢ | ᠣᠷᠣᠭᠤᠯᠬᠤ ᠲᠤᠬᠠᠶ ᠲᠣᠭᠲᠠᠭᠠᠯ︾ ᠢ ᠪᠠᠲᠤᠯᠠᠵᠤ᠂ ᠪᠤᠢ ᠪᠦᠬᠦᠢ ᠲᠣᠭᠤᠷᠢᠭ ᠪᠠᠶᠢᠭᠤᠯᠤᠭᠰᠠᠨ ᠬᠤᠳᠠ ᠳᠤ ᠣᠷᠣᠨ | ᠨᠤᠲᠤᠭ ᠤᠨ ᠬᠠᠤᠯᠢ ᠲᠣᠭᠲᠠᠭᠠᠬᠤ ᠡᠷᠬᠡ ᠤᠯᠭᠤᠪᠠ᠃ ᠬᠠᠤᠯᠢ ᠲᠣᠭᠲᠠᠭᠠᠬᠤ ᠬᠠᠤᠯᠢ ᠶᠢᠨ ᠲᠣᠭᠲᠠᠭᠠᠯ ᠢ | ᠦᠨᠳᠦᠰᠦᠯᠡᠪᠡᠯ᠂ ᠮᠠᠨ ᠤ ᠣᠷᠣᠨ ᠳᠤ ᠣᠷᠣᠨ ᠨᠤᠲᠤᠭ ᠤᠨ ᠬᠠᠤᠯᠢ ᠲᠣᠭᠲᠠᠭᠠᠬᠤ ᠡᠷᠬᠡ ᠶᠢ ᠡᠳ᠋ᠯᠡᠵᠤ ᠪᠤᠯᠬᠤ | ᠬᠥᠯᠥᠨ ᠪᠤᠶᠢᠷ ᠵᠡᠷᠭᠡ 7 ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢ ᠰᠢᠨ᠎ᠡ ᠪᠠᠷ ᠨᠡᠮᠡᠭᠳᠡᠭᠦᠯᠪᠡ᠃ ᠥᠪᠡᠷᠲᠡᠭᠡᠨ ᠵᠠᠰᠠᠬᠤ ᠣᠷᠣᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠤᠯᠢ ᠴᠠᠭᠠᠵᠠ ᠶᠢᠨ | ᠠᠵᠢᠯ ᠤᠨ ᠵᠦᠪᠯᠡᠯ 7 ᠲᠣᠭᠤᠷᠢᠭ ᠪᠠᠶᠢᠭᠤᠯᠤᠭᠰᠠᠨ ᠬᠤᠳᠠ ᠶᠢᠨ ᠬᠥᠮᠦᠨ ᠠᠮᠠ ᠶᠢᠨ ᠲᠤᠭ᠎ᠠ᠂ ᠨᠤᠲᠤᠭ | ᠳᠡᠪᠢᠰᠬᠡᠷ ᠤᠨ ᠲᠠᠯᠠᠪᠠᠢ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠶᠡᠷᠦᠩᠬᠡᠶᠢᠯᠡᠨ ᠰᠢᠨᠵᠢᠯᠡᠭᠰᠡᠨ | ᠰᠠᠭᠤᠷᠢᠨ ᠳᠡᠭᠡᠷ᠎ᠡ᠂ ᠲᠡᠭᠦᠨ ᠤ ᠬᠠᠤᠯᠢ ᠲᠣᠭᠲᠠᠭᠠᠬᠤ ᠬᠡᠷᠡᠭᠴᠡᠭᠡ᠂ ᠬᠠᠤᠯᠢ ᠲᠣᠭᠲᠠᠭᠠᠬᠤ ᠴᠢᠳᠠᠪᠤᠷᠢ ᠶᠢ | ᠭᠤᠣᠯᠳᠠᠯᠭ᠎ᠠ ᠲᠠᠢ ᠦᠨᠡᠯᠡᠨ ᠵᠢᠱᠢᠵᠤ᠂ 7 ᠲᠣᠭᠤᠷᠢᠭ ᠪᠠᠶᠢᠭᠤᠯᠤᠭᠰᠠᠨ ᠬᠤᠳᠠ ᠶᠢᠨ ᠬᠠᠤᠯᠢ ᠲᠣᠭᠲᠠᠭᠠᠬᠤ | ᠬᠡᠷᠡᠭᠴᠡᠭᠡ ᠨᠢ ᠨᠡᠶᠢᠳᠡᠮ ᠲᠤᠯᠭᠠᠮ᠎ᠠ ᠱᠠᠭᠠᠷᠳᠠᠭᠳᠠᠵᠤ ᠪᠠᠶᠢᠬᠤ ᠪᠥᠭᠡᠳ ᠬᠠᠤᠯᠢ ᠲᠣᠭᠲᠠᠭᠠᠬᠤ ᠠᠵᠢᠯ ᠢ ᠦᠷᠨᠢᠬᠦᠯᠬᠦ | ᠠᠵᠢᠯ ᠤᠨ ᠴᠢᠳᠠᠪᠤᠷᠢ ᠶᠢ ᠦᠨᠳᠦᠰᠦᠨ ᠳᠡᠭᠡᠨ ᠪᠦᠷᠢᠳᠦᠬᠦᠯᠵᠤ᠂ ᠣᠷᠣᠨ ᠨᠤᠲᠤᠭ ᠤᠨ ᠴᠢᠨᠠᠷᠲᠠᠶ ᠬᠠᠤᠯᠢ | ᠲᠣᠭᠲᠠᠭᠠᠯ ᠲᠣᠭᠲᠠᠭᠠᠬᠤ ᠨᠥᠬᠦᠴᠡᠯ ᠪᠠ ᠴᠠᠭ ᠲᠣᠬᠢᠶᠠᠯ ᠨᠢ ᠨᠢᠭᠡᠨᠲᠡ ᠪᠡᠯᠡᠭᠡᠨ ᠪᠤᠯᠵᠠᠢ ᠬᠡᠵᠤ ᠦᠵᠡᠪᠡ᠃ | ᠣᠶᠢᠯᠠᠭᠠᠭᠰᠠᠨ ᠢᠶᠠᠷ᠂ ᠡᠨᠡ ᠵᠢᠯ ᠠᠴᠠ ᠨᠠᠰᠢ᠂ 7 ᠲᠣᠭᠤᠷᠢᠭ ᠪᠠᠶᠢᠭᠤᠯᠤᠭᠰᠠᠨ ᠬᠤᠳᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠠᠤᠯᠢ ᠲᠣᠭᠲᠠᠭᠠᠬᠤ ᠲᠦᠷᠦᠯ ᠵᠦᠢᠯ ᠤᠨ | ᠪᠡᠯᠡᠳᠬᠡᠯ ᠠᠵᠢᠯ ᠢ ᠢᠳᠡᠪᠬᠢᠲᠡᠶ ᠥᠷᠨᠢᠭᠦᠯᠵᠦ᠂ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ | ᠬᠡᠷᠡᠭᠴᠡᠭᠡ ᠲᠠᠢ ᠪᠠᠨ ᠤᠶᠠᠯᠳᠤᠭᠤᠯᠵᠤ᠂ ᠬᠠᠤᠯᠢ ᠲᠤᠭᠲᠠᠭᠠᠬᠤ ᠪᠠᠶᠢᠴᠠᠭᠠᠨ ᠰᠤᠳᠤᠯᠤᠯᠲᠠ ᠪᠠ ᠬᠠᠤᠯᠢ | ᠲᠣᠭᠲᠠᠭᠠᠬᠤ ᠲᠦᠷᠦᠯ ᠵᠦᠢᠯ ᠢ ᠨᠡᠶᠢᠭᠡᠮ ᠨᠡᠶᠢᠲᠡ ᠠᠴᠠ ᠢᠯᠠ ᠪᠠᠷ ᠴᠤᠭᠯᠠᠭᠤᠯᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠭᠤᠣᠯᠳᠠᠭᠤ ᠤᠰᠤᠨ ᠰᠤᠷᠪᠤᠯᠵᠢ ᠶᠢᠨ ᠣᠷᠣᠨ ᠤ ᠬᠠᠮᠠᠭᠠᠯᠠᠯᠲᠠ᠂ ᠬᠤᠳᠠ ᠶᠢᠨ | ᠨᠣᠭᠤᠭᠠᠷᠠᠭᠤᠯᠤᠯᠲᠠ᠂ ᠬᠡᠷ ᠠᠬᠤᠶ ᠤᠨ ᠬᠠᠮᠢᠶᠠᠷᠤᠯᠲᠠ᠂ ᠠᠮᠢ ᠠᠬᠤᠶ ᠶᠢᠨ ᠬᠠᠮᠠᠭᠠᠯᠠᠯᠲᠠ ᠵᠡᠷᠭᠡ ᠲᠠᠯ᠎ᠠ ᠪᠠᠷ | ᠲᠦᠪᠯᠡᠷᠡᠭᠰᠡᠨ ᠨᠢᠭᠡ ᠪᠦᠯᠦᠭ ᠬᠠᠤᠯᠢ ᠲᠣᠭᠲᠠᠭᠠᠬᠤ ᠰᠠᠨᠠᠭᠤᠯᠭ᠎ᠠ ᠶᠢᠨ ᠲᠦᠷᠦᠯ ᠵᠦᠢᠯ ᠢ ᠴᠤᠭᠯᠠᠭᠤᠯᠤᠭᠰᠠᠨ | ᠪᠥᠭᠡᠳ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠭᠠᠷᠳᠠᠨ ᠬᠢᠪᠡ᠃ ᠡᠭᠦᠨ ᠠᠴᠠ ᠭᠠᠳᠠᠨ᠎ᠠ᠂ 7 ᠲᠣᠭᠤᠷᠢᠭ | ᠪᠠᠶᠢᠭᠤᠯᠤᠭᠰᠠᠨ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ | ᠨᠢᠭᠡᠨᠲᠡ ᠠᠳᠠᠯᠢ ᠱᠠᠲᠤᠨ ᠤ ᠨᠠᠮ ᠤᠨ ᠬᠤᠷᠢᠶ᠎ᠠ ᠠᠴᠠ ᠵᠢᠭᠠᠪᠤᠷᠢ ᠠᠪᠴᠤ᠂ ᠣᠶᠢᠷ᠎ᠠ ᠶᠢᠨ ᠬᠤᠭᠤᠴᠠᠭᠠᠨ ᠳᠤ ᠬᠠᠤᠯᠢ | ᠴᠠᠭᠠᠵᠠ ᠶᠢᠨ ᠠᠵᠢᠯ ᠤᠨ ᠵᠦᠪᠯᠡᠯ ᠪᠠᠶᠢᠭᠤᠯᠬᠤ ᠪᠤᠯᠤᠨ᠎ᠠ᠃ ᠡᠭᠦᠨ ᠠᠴᠠ ᠡᠮᠦᠨ᠎ᠡ᠂ ᠬᠥᠬᠡᠬᠤᠲᠠ᠂ ᠪᠤᠭᠤᠲᠤ | ᠬᠤᠳᠠ ᠣᠷᠣᠨ ᠨᠤᠲᠤᠭ ᠤᠨ ᠬᠠᠤᠯᠢ ᠲᠣᠭᠲᠠᠭᠠᠬᠤ ᠡᠷᠬᠡ ᠶᠢ ᠨᠢᠭᠡᠨᠲᠡ ᠡᠳ᠋ᠯᠡᠵᠤ ᠪᠠᠶᠢᠪᠠ᠃ ᠣᠷᠴᠣᠨ ᠤ | ᠥᠪᠡᠷᠲᠡᠭᠡᠨ ᠵᠠᠰᠠᠬᠤ ᠬᠤᠰᠢᠭᠤ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ | ᠮᠤᠷᠢᠨᠳᠠᠪᠠᠭ᠎ᠠ ᠶᠢᠨ ᠳᠠᠭᠤᠷ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠨᠢ ᠥᠪᠡᠷᠲᠡᠭᠡᠨ ᠵᠠᠰᠠᠬᠤ ᠳᠦᠷᠢᠮ᠂ ᠲᠤᠰᠬᠠᠶ ᠳᠦᠷᠢᠮ ᠲᠤᠭᠲᠠᠭᠠᠵᠤ | ᠪᠤᠯᠤᠨ᠎ᠠ᠃ |