ᠥᠪᠥᠷ ᠮᠣᠩᠭᠤᠯ 20 ᠰᠢᠯᠢᠳᠡᠭ ᠶᠡᠭᠡ ᠡᠮᠴᠢ ᠪᠣᠯᠣᠨ 40 ᠨᠡᠷ᠎ᠡ ᠳᠤᠷᠠᠳᠤᠭᠳᠠᠭᠰᠠᠨ ᠰᠢᠯᠢᠳᠡᠭ ᠶᠡᠭᠡ ᠡᠮᠴᠢ ᠶᠢ ᠬᠥᠬᠢᠭᠦᠯᠦᠨ ᠰᠠᠶᠢᠰᠢᠶᠠᠪᠠ
ᠨᠡᠶᠢᠲᠡᠯᠡᠭᠰᠡᠨ ᠴᠠᠭ᠄
2015/11/30
     ᠥᠪᠥᠷ ᠮᠣᠩᠭᠤᠯ 20 ᠰᠢᠯᠢᠳᠡᠭ ᠶᠡᠭᠡ ᠡᠮᠴᠢ ᠪᠣᠯᠣᠨ 40 ᠨᠡᠷ᠎ᠡ ᠳᠤᠷᠠᠳᠤᠭᠳᠠᠭᠰᠠᠨ ᠰᠢᠯᠢᠳᠡᠭ ᠶᠡᠭᠡ ᠡᠮᠴᠢ ᠶᠢ ᠬᠥᠬᠢᠭᠦᠯᠦᠨ ᠰᠠᠶᠢᠰᠢᠶᠠᠪᠠ      11 ᠳ᠋ᠤᠭᠡᠷ ᠰᠠᠷ᠎ᠠ ᠶᠢᠨ 28᠎ ᠤ ᠡᠳᠦᠷ᠂ ᠬᠥᠬᠡᠬᠤᠲᠠ ᠳᠤ ᠬᠤᠷᠠᠯᠳᠤᠭᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠡᠮᠴᠢ ᠶᠢᠨ ᠨᠡᠶᠢᠭᠡᠮᠯᠢᠭ ᠤᠨ ᠭᠡᠰᠢᠭᠦᠳ ᠤᠨ ᠲᠥᠯᠥᠭᠡᠯᠡᠭᠴᠢᠳ ᠤᠨ ᠬᠤᠶᠠᠳᠤᠭᠠᠷ ᠤᠳᠠᠭᠠᠨ ᠤ ᠶᠡᠭᠡ ᠬᠤᠷᠠᠯ ᠳᠡᠭᠡᠷ᠎ᠡ᠂ ᠡᠦ ᠷᠦᠢ ᠰᠢᠩ ᠵᠡᠷᠭᠡ 20 ᠬᠥᠮᠦᠨ ᠠᠩᠬᠠᠳᠤᠭᠠᠷ ᠬᠤᠭᠤᠴᠠᠭᠠᠨ ᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢᠳᠡᠭ ᠶᠡᠭᠡ ᠡᠮᠴᠢ ᠶᠢᠨ ᠱᠠᠩᠨᠠᠯ︾᠎ ᠢ ᠬᠦᠷᠲᠡᠭᠰᠡᠨ ᠪᠠ ᠨᠠᠭᠤᠨᠪᠢᠯᠢᠭ᠌ ᠵᠡᠷᠭᠡ 40 ᠬᠥᠮᠦᠨ ᠠᠩᠬᠠᠳᠤᠭᠠᠷ ᠬᠤᠭᠤᠴᠠᠭᠠᠨ ᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢᠳᠡᠭ ᠶᠡᠭᠡ ᠡᠮᠴᠢ ᠶᠢᠨ ᠨᠡᠷ᠎ᠡ ᠳᠤᠷᠠᠳᠤᠭᠳᠠᠭᠰᠠᠳ ᠤᠨ ᠱᠠᠩᠨᠠᠯ︾ ᠬᠦᠷᠲᠡᠭᠰᠡᠨ ᠰᠢᠯᠢᠳᠡᠭ ᠶᠡᠭᠡ ᠡᠮᠴᠢ ᠨᠠᠷ ᠢ ᠰᠠᠶᠢᠰᠢᠶᠠᠨ ᠬᠥᠬᠢᠭᠦᠯᠪᠡ᠃      ᠣᠶᠢᠯᠠᠭᠠᠭᠰᠠᠨ ᠢᠶᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢᠳᠡᠭ ᠶᠡᠭᠡ ᠡᠮᠴᠢ ᠶᠢᠨ ᠱᠠᠩᠨᠠᠯ︾ ᠪᠣᠯ ᠥᠪᠥᠷ ᠮᠣᠩᠭᠤᠯ ᠤᠨ ᠶᠡᠭᠡ ᠡᠮᠴᠢ ᠶᠢᠨ ᠠᠵᠢᠯ ᠲᠦᠷᠦᠯ ᠤᠨ ᠬᠠᠮᠤᠭ ᠤᠨ ᠳᠡᠭᠡᠳᠦ ᠱᠠᠩᠨᠠᠯ ᠪᠠᠶᠢᠵᠤ᠂ ᠲᠤᠰ ᠤᠳᠠᠭᠠᠨ ᠤ ᠱᠠᠩᠨᠠᠯ ᠢ ᠣᠯᠤᠭᠰᠠᠨ ᠶᠡᠭᠡ ᠡᠮᠴᠢ ᠨᠠᠷ ᠴᠥᠮ ᠠᠨᠠᠭᠠᠬᠤ ᠤᠬᠠᠭᠠᠨ ᠤ ᠬᠦᠷᠢᠶᠡᠨ ᠳᠤ ᠰᠢᠯᠢᠳᠡᠭ ᠬᠢᠷᠢ ᠪᠦᠲᠦᠮᠵᠢ ᠣᠯᠤᠭᠰᠠᠨ ᠪᠠ ᠡᠷᠡᠭᠦᠯ ᠮᠡᠨᠳᠦ ᠶᠢᠨ ᠦᠢᠯᠡᠰ ᠲᠤ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠰᠢᠯᠢᠳᠡᠭ ᠶᠡᠭᠡ ᠡᠮᠴᠢ ᠨᠠᠷ ᠤᠨ ᠲᠥᠯᠦᠭᠡᠯᠡᠭᠴᠢᠳ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠶᠡᠭᠡ ᠡᠮᠴᠢ ᠶᠢᠨ ᠨᠡᠶᠢᠭᠡᠮᠯᠢᠭ ᠠᠴᠠ᠂ ᠪᠦᠬᠦ ᠣᠷᠣᠨ ᠤ ᠥᠷᠭᠡᠨ ᠤᠯᠠᠨ ᠶᠡᠭᠡ ᠡᠮᠴᠢ ᠨᠠᠷ ᠱᠠᠩᠨᠠᠯ ᠬᠦᠷᠲᠡᠭᠰᠡᠳ ᠠᠴᠠ ᠰᠤᠷᠤᠯᠴᠠᠵᠤ᠂ ᠲᠡᠳᠡᠨᠠᠷ ᠤᠨ ᠠᠷᠠᠳ ᠤᠯᠠᠨ ᠤ ᠡᠷᠡᠭᠦᠯ ᠮᠡᠨᠳᠦ ᠶᠢ ᠬᠠᠮᠠᠭᠠᠯᠠᠬᠤ ᠪᠠᠷ ᠡᠭᠦᠷᠭᠡ ᠪᠠᠨ ᠪᠣᠯᠭᠠᠭᠰᠠᠨ᠂ ᠠᠷᠠᠳ ᠲᠦᠮᠡᠨ ᠤ ᠡᠷᠡᠭᠦᠯ ᠮᠡᠨᠳᠦ ᠶᠢᠨ ᠲᠥᠯᠦᠭᠡ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠦᠢᠯᠡᠴᠢᠯᠡᠬᠦ ᠡᠷᠬᠢᠮ ᠳᠡᠭᠡᠳᠦ ᠵᠣᠷᠢᠭ ᠰᠠᠨᠠᠭ᠎ᠠ ᠶᠢ ᠰᠤᠷᠤᠯᠴᠠᠬᠤ ᠬᠡᠷᠡᠭᠲᠡᠢ︔ ᠲᠡᠳᠡᠨ ᠤ ᠡᠷᠬᠢᠮ ᠳᠡᠭᠡᠳᠦ ᠡᠮᠴᠢᠯᠡᠬᠦ ᠮᠣᠷᠠᠯ᠂ ᠠᠵᠢᠯ ᠮᠡᠷᠭᠡᠵᠢᠯ ᠢᠶᠠᠨ ᠡᠷᠬᠢᠮᠯᠡᠨ ᠬᠠᠶᠢᠷᠠᠯᠠᠵᠤ᠂ ᠥᠪᠡᠷ ᠢ ᠪᠠᠨ ᠤᠮᠠᠷᠲᠠᠨ ᠠᠵᠢᠯᠯᠠᠵᠤ᠂ ᠡᠪᠡᠳᠴᠢᠲᠡᠨ ᠢ ᠳᠣᠲᠣᠨᠣ ᠰᠠᠲᠤᠨ ᠢᠶᠠᠨ ᠰᠢᠭ ᠦᠵᠡᠬᠦ ᠭᠤᠶᠠᠴᠢ ᠦᠭᠡᠢ ᠵᠢᠳᠬᠦᠬᠦ ᠵᠣᠷᠢᠭ ᠰᠠᠨᠠᠭ᠎ᠠ ᠶᠢ ᠰᠤᠷᠤᠯᠴᠠᠬᠤ ᠬᠡᠷᠡᠭᠲᠡᠢ︔ ᠲᠡᠳᠡᠨ ᠤ ᠰᠢᠷᠭᠠᠭᠤ ᠰᠤᠳᠤᠯᠤᠯᠲᠠ ᠬᠢᠵᠦ᠂ ᠪᠡᠷᠬᠡ ᠰᠡᠳᠦᠪ ᠢ ᠴᠢᠷᠮᠠᠶᠢᠨ ᠰᠢᠢᠳᠪᠦᠷᠢᠯᠡᠵᠦ᠂ ᠠᠨᠠᠭᠠᠬᠤ ᠤᠬᠠᠭᠠᠨ ᠤ ᠮᠡᠷᠭᠡᠵᠢᠯ ᠤᠨ ᠥᠨᠳᠥᠷ ᠤᠷᠬᠢᠯ ᠳᠤ ᠵᠣᠷᠢᠭᠲᠠᠶ ᠪᠠᠷ ᠭᠠᠷᠬᠤ ᠤᠷᠤᠭᠰᠢᠯᠠᠯᠲᠠ ᠶᠢᠨ ᠵᠣᠷᠢᠭ ᠰᠠᠨᠠᠭ᠎ᠠ ᠶᠢ ᠰᠤᠷᠤᠯᠴᠠᠬᠤ ᠬᠡᠷᠡᠭᠲᠡᠢ ᠭᠡᠵᠦ ᠤᠷᠢᠶᠠᠯᠠᠪᠠ᠃ ᠡᠭᠦᠨ ᠠᠴᠠ ᠭᠠᠳᠠᠨ᠎ᠠ᠂ ᠬᠥᠬᠢᠭᠦᠯᠦᠯ ᠭᠥᠷᠳᠡᠭᠰᠡᠨ 60 ᠶᠡᠭᠡ ᠡᠮᠴᠢ ᠨᠠᠷ ᠳᠠᠷᠤᠤ ᠬᠢᠴᠢᠶᠡᠩᠭᠦᠶ ᠪᠠᠷᠳᠠᠮᠨᠠᠬᠤ ᠥᠬᠡᠢ ᠪᠠᠴᠢᠮᠳᠠᠬᠤ ᠥᠬᠡᠢ ᠪᠠᠶᠢᠬᠤ ᠰᠢᠯᠢᠳᠡᠭ ᠰᠤᠷᠲᠠᠯ ᠢᠶᠠᠨ ᠪᠠᠳᠠᠷᠠᠭᠤᠯᠵᠤ᠂ ᠡᠮ ᠡᠮᠨᠡᠯᠭᠡ ᠶᠢᠨ ᠮᠡᠷᠭᠡᠵᠢᠯ ᠤᠨ ᠬᠢᠷᠢ ᠬᠡᠮᠵᠢᠶ᠎ᠡ ᠪᠣᠯᠣᠨ ᠦᠢᠯᠡᠴᠢᠯᠡᠭᠡᠨ ᠤ ᠶᠠᠰᠤ ᠴᠢᠨᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠥᠪᠥᠷ ᠮᠣᠩᠭᠤᠯ ᠤᠨ ᠡᠮ ᠡᠮᠨᠡᠯᠭᠡ ᠶᠢᠨ ᠦᠢᠯᠡᠰ ᠤᠨ ᠡᠷᠡᠭᠦᠯ ᠬᠥᠭᠵᠢᠯᠲᠡ ᠶᠢ ᠲᠦᠯᠬᠢᠨ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠪᠠᠨ ᠦᠵᠡᠭᠦᠯᠦᠰᠦᠭᠡᠢ ᠭᠡᠪᠡ
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号