ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠬᠤᠷᠢᠶ᠎ᠠ ᠶᠡᠭᠡ ᠮᠠᠨᠠᠨ ᠪᠣᠯᠣᠨ ᠪᠣᠬᠢᠷ ᠮᠠᠨᠠᠨ ᠤ ᠰᠢᠷ᠎ᠠ ᠥᠩᠭᠡ ᠶᠢᠨ ᠰᠡᠷᠡᠮᠵᠢ ᠶᠢᠨ ᠳᠣᠬᠢᠶ᠎ᠠ ᠨᠡᠶᠢᠲᠡᠯᠡᠪᠡ
ᠨᠡᠶᠢᠲᠡᠯᠡᠭᠰᠡᠨ ᠴᠠᠭ᠄
2015/11/30
       11 ᠳ᠋ᠦ᠋ᠭᠡᠷ ᠰᠠᠷ᠎ᠠ ᠶᠢᠨ 29᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠬᠤᠷᠢᠶ᠎ᠠ ᠶᠡᠭᠡ ᠮᠠᠨᠠᠨ ᠪᠠ ᠪᠣᠬᠢᠷ ᠮᠠᠨᠠᠨ ᠤ ᠰᠢᠷ᠎ᠠ ᠥᠩᠭᠡ ᠶᠢᠨ ᠰᠡᠷᠡᠮᠵᠢ ᠶᠢᠨ ᠳᠣᠬᠢᠶ᠎ᠠ ᠶᠢ ᠦᠷᠭᠦᠯᠵᠢᠯᠡᠨ ᠨᠡᠶᠢᠲᠡᠯᠡᠪᠡ᠃ ᠪᠣᠬᠢᠷ ᠮᠠᠨᠠᠨ ᠤ ᠰᠡᠷᠡᠮᠵᠢ ᠶᠢᠨ ᠳᠣᠬᠢᠶ᠎ᠠ ᠳᠤ᠂ ᠢᠷᠡᠬᠦ 24 ᠴᠠᠭ ᠤᠨ ᠳᠣᠲᠣᠷ᠎ᠠ᠂ ᠪᠤᠭᠤᠲᠤ ᠶᠢᠨ ᠵᠡᠭᠦᠨ ᠪᠠ ᠡᠮᠦᠨ᠎ᠡ ᠪᠡᠶ᠎ᠡ᠂ ᠬᠥᠬᠡᠬᠤᠲᠠ᠂ ᠤᠯᠠᠭᠠᠨᠴᠠᠪ ᠬᠤᠲᠠ ᠶᠢᠨ ᠡᠮᠦᠨ᠎ᠡ ᠪᠡᠶ᠎ᠡ᠂ ᠰᠢᠯᠢ ᠶᠢᠨ ᠭᠤᠣᠯ ᠠᠶᠢᠮᠠᠭ ᠤᠨ ᠵᠡᠭᠦᠨ ᠪᠡᠶ᠎ᠡ᠂ ᠤᠯᠠᠭᠠᠨᠬᠠᠳᠠ ᠬᠤᠲᠠ᠂ ᠲᠦᠩᠯᠢᠶᠣᠣ ᠬᠤᠲᠠ ᠵᠡᠷᠭᠡ ᠭᠠᠵᠠᠷ ᠢᠶᠠᠷ ᠳᠤᠮᠳᠠ ᠬᠡᠮᠵᠢᠶᠡᠨ ᠤ ᠪᠣᠬᠢᠷ ᠮᠠᠨᠠᠨ ᠲᠠᠲᠠᠵᠤ᠂ ᠳᠤᠮᠳᠠ ᠵᠡᠷᠭᠡ ᠶᠢᠨ ᠠᠭᠠᠷ ᠤᠨ ᠪᠤᠬᠢᠷᠳᠤᠯ ᠡᠭᠦᠰᠦᠨ᠎ᠡ︔ 29᠎ ᠤ ᠡᠳᠦᠷ ᠤᠨ 20 ᠴᠠᠭ ᠠᠴᠠ 30᠎ ᠤ ᠡᠳᠦᠷ ᠤᠨ 08 ᠴᠠᠭ ᠪᠤᠯᠲᠠᠯ᠎ᠠ ᠣᠷᠳᠣᠰ ᠬᠤᠲᠠ ᠶᠢᠨ ᠵᠡᠭᠦᠨ ᠬᠤᠶᠢᠲᠤ ᠪᠡᠶ᠎ᠡ᠂ ᠪᠤᠭᠤᠲᠤ ᠬᠤᠲᠠ ᠶᠢᠨ ᠳᠤᠮᠳᠠ ᠡᠮᠦᠨ᠎ᠡ ᠪᠡᠶ᠎ᠡ᠂ ᠬᠦᠬᠡᠬᠤᠲᠠ᠂ ᠤᠯᠠᠭᠠᠨᠴᠠᠪ ᠬᠤᠲᠠ ᠶᠢᠨ ᠳᠤᠮᠳᠠ ᠡᠮᠦᠨ᠎ᠡ ᠪᠡᠶ᠎ᠡ᠂ ᠰᠢᠯᠢ ᠶᠢᠨ ᠭᠤᠣᠯ ᠠᠶᠢᠮᠠᠭ ᠤᠨ ᠵᠡᠭᠦᠨ ᠪᠡᠶ᠎ᠡ᠂ ᠤᠯᠠᠭᠠᠨᠬᠠᠳᠠ ᠬᠤᠲᠠ ᠵᠡᠷᠭᠡ ᠭᠠᠵᠠᠷ ᠢᠶᠠᠷ ᠦᠵᠡᠭᠳᠡᠴᠡ ᠨᠢ 500 ᠮᠧᠲᠷ ᠬᠦᠷᠬᠦ ᠦᠭᠡᠢ᠂ 200 ᠮᠧᠲᠷ ᠪᠤᠶᠤ 200 ᠮᠧᠲᠷ ᠠᠴᠠ ᠳᠡᠭᠡᠭᠰᠢᠬᠢ ᠶᠡᠭᠡ ᠮᠠᠨᠠᠨ ᠲᠠᠲᠠᠨ᠎ᠠ᠃ ᠴᠠᠭ ᠠᠭᠤᠷ ᠤᠨ ᠮᠡᠷᠭᠡᠵᠢᠯᠲᠡᠨ ᠠᠴᠠ ᠪᠣᠬᠢᠷ ᠮᠠᠨᠠᠨ ᠲᠠᠢ ᠭᠠᠵᠠᠷ ᠣᠷᠣᠨ ᠤ ᠠᠭᠠᠷ ᠤᠨ ᠴᠢᠨᠠᠷ ᠴᠢᠨᠰᠠᠭ᠎ᠠ ᠢᠯᠡᠷᠬᠡᠢ ᠳᠤᠷᠤᠭᠰᠢᠯᠠᠬᠤ ᠪᠣᠯᠬᠤᠷ᠂ ᠬᠥᠮᠥᠰ ᠡᠷᠬᠡᠪᠰᠢ ᠵᠣᠬᠢᠰᠲᠠᠢ ᠰᠡᠷᠭᠡᠶᠢᠯᠡᠨ ᠬᠠᠮᠠᠭᠠᠯᠠᠬᠤ ᠬᠡᠷᠡᠭᠲᠡᠢ᠂ ᠡᠩ ᠤᠨ ᠬᠥᠮᠥᠨ ᠭᠠᠳᠠᠨ᠎ᠠ ᠬᠥᠳᠡᠯᠭᠡᠭᠡᠨ ᠬᠢᠬᠦ ᠪᠠᠨ ᠪᠠᠭᠠᠰᠬᠠᠵᠤ᠂ ᠬᠡᠦᠬᠡᠳ᠂ ᠨᠠᠰᠤᠲᠠᠶᠢᠴᠤᠳ ᠪᠠ ᠬᠢᠮᠤᠷᠠᠭ᠎ᠠ ᠲᠠᠭᠰᠢᠭᠤᠷ ᠲᠤ ᠠᠮᠠᠷᠬᠠᠨ ᠨᠡᠷᠪᠡᠭᠳᠡᠳᠡᠭ ᠬᠥᠮᠥᠰ ᠭᠠᠳᠠᠨ᠎ᠠ ᠭᠠᠷᠬᠤ ᠦᠭᠡᠢ ᠪᠠᠶᠢᠪᠠᠯ ᠬᠠᠮᠤᠭ ᠰᠠᠶᠢᠨ ᠭᠡᠵᠦ ᠰᠠᠨᠠᠭᠤᠯᠪᠠ᠃ ᠡᠭᠦᠨ ᠤ ᠵᠡᠷᠭᠡᠪᠡᠷ᠂ ᠶᠡᠭᠡ ᠮᠠᠨᠠᠨ ᠳᠤ ᠬᠠᠨᠳᠤᠭᠤᠯᠤᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠪᠠᠶᠢᠭᠤᠯᠭ᠎ᠠ ᠡᠭᠦᠷᠭᠡ ᠬᠠᠷᠢᠭᠤᠴᠠᠯᠭ᠎ᠠ ᠶᠤᠰᠤᠭᠠᠷ ᠮᠠᠨᠠᠨ ᠢ ᠰᠡᠷᠭᠡᠶᠢᠯᠡᠬᠦ ᠪᠡᠯᠡᠳᠬᠡᠯ ᠠᠵᠢᠯ ᠢ ᠰᠠᠶᠢᠲᠤᠷ ᠬᠢᠵᠦ᠂ ᠨᠢᠰᠬᠡᠯ ᠤᠨ ᠪᠠᠭᠤᠳᠠᠯ᠂ ᠳᠡᠭᠡᠳᠦ ᠬᠤᠷᠳᠣ ᠶᠢᠨ ᠵᠠᠰᠠᠮᠠᠯ ᠵᠠᠮ ᠵᠡᠷᠭᠡ ᠨᠢᠭᠡᠴᠡ ᠵᠠᠮ ᠬᠠᠷᠢᠯᠴᠠᠭᠠᠨ ᠤ ᠬᠠᠮᠢᠶᠠᠷᠤᠯᠲᠠ ᠪᠠᠨ ᠴᠢᠩᠭᠠᠳᠬᠠᠨ᠂ ᠠᠮᠤᠷ ᠲᠦᠪᠰᠢᠨ ᠢ ᠪᠠᠲᠤᠯᠠᠬᠤ ᠬᠡᠷᠡᠭᠲᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号