︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠬᠤᠲᠠ ᠪᠠᠯᠭᠠᠰᠤ ᠶᠢᠨ ᠦᠨᠳᠦᠰᠦᠨ ᠡᠮ | ᠡᠮᠨᠡᠯᠭᠡ ᠶᠢᠨ ᠳᠠᠭᠠᠳᠬᠠᠯ ᠤᠨ ᠳᠦᠷᠢᠮ︾ ᠢ ᠦᠪᠡᠷᠲᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠ | ᠶᠢᠰᠦᠳᠦᠭᠡᠷ ᠬᠤᠷᠠᠯᠳᠤᠭᠠᠨ ᠠᠴᠠ ᠪᠠᠲᠤᠯᠠᠵᠤ᠂ 2016 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ | ᠡᠬᠢᠯᠡᠨ ᠬᠡᠷᠡᠭᠵᠢᠭᠦᠯᠦᠨ᠎ᠡ᠃ ᠲᠤᠰ ᠳᠦᠷᠢᠮ ᠨᠢ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ | ᠵᠠᠷᠤᠳᠠᠯ ᠲᠤᠰᠢᠶᠠᠬᠤ ᠵᠢᠯ ᠬᠤᠭᠤᠴᠠᠭ᠎ᠠ ᠶᠢ 25 ᠵᠢᠯ ᠪᠣᠯᠭᠠᠨ ᠨᠢᠭᠡᠳᠦᠯᠲᠡᠢ ᠲᠣᠭᠲᠠᠭᠠᠪᠠ᠃ | ᠣᠳᠣᠬᠠᠨ ᠳᠤ᠂ ᠮᠠᠨ ᠤ ᠤᠷᠤᠨ ᠤ ᠡᠯ᠎ᠡ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ ᠬᠠᠮᠤᠭ ᠳᠣᠣᠷ᠎ᠠ | ᠵᠠᠷᠤᠳᠠᠯ ᠲᠤᠰᠢᠶᠠᠬᠤ ᠵᠢᠯ ᠬᠤᠭᠤᠴᠠᠭ᠎ᠠ ᠨᠢᠭᠡᠳᠦᠯ ᠦᠭᠡᠢ ᠪᠠᠶᠢᠵᠤ᠂ ᠬᠠᠮᠤᠭ ᠤᠷᠲᠤ ᠨᠢ 25 ᠵᠢᠯ᠂ ᠬᠠᠮᠤᠭ | ᠣᠬᠤᠷ ᠨᠢ 10 ᠵᠢᠯ ᠪᠣᠯᠤᠨ᠎ᠠ᠃ ᠬᠦᠮᠦᠨ ᠠᠮᠠ ᠶᠢᠨ ᠦᠲᠡᠯᠦᠭᠡ ᠨᠠᠰᠤᠵᠢᠯ ᠤᠨ ᠲᠦᠷᠭᠡᠳᠬᠦ ᠶᠢ ᠳᠠᠭᠠᠯᠳᠤᠨ᠂ | ᠨᠠᠰᠤᠨ ᠤ ᠠᠮᠠᠷᠠᠯᠲᠠ ᠠᠪᠤᠭᠰᠠᠨ ᠬᠥᠮᠦᠰ ᠤᠨ ᠬᠠᠷᠢᠴᠠᠯ ᠨᠡᠮᠡᠭᠳᠡᠵᠦ᠂ ᠵᠠᠷᠤᠳᠠᠯ ᠲᠤᠰᠢᠶᠠᠬᠤ ᠬᠦᠮᠦᠨ ᠠᠮᠠ ᠶᠢᠨ | ᠬᠠᠷᠢᠴᠠᠯ ᠠᠯᠬᠤᠮ ᠠᠯᠬᠤᠮ ᠢᠶᠠᠷ ᠪᠠᠭᠤᠷᠠᠵᠤ᠂ ᠵᠠᠷᠤᠳᠠᠯ ᠲᠤᠰᠢᠶᠠᠬᠤ ᠵᠢᠯ ᠬᠤᠭᠤᠴᠠᠭ᠎ᠠ ᠨᠢ ᠬᠡᠲᠦᠷᠬᠡᠶ ᠣᠬᠤᠷ | ᠠᠴᠠ ᠪᠣᠯᠵᠤ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠦᠩᠭᠦᠨ ᠤ ᠪᠠᠲᠤᠯᠠᠭ᠎ᠠ ᠶᠢᠨ ᠴᠢᠳᠠᠪᠤᠷᠢ | ᠮᠠᠭᠤᠲᠠᠬᠤ ᠶᠢᠨ ᠬᠠᠮᠲᠤ ᠬᠦᠮᠦᠰ ᠤᠨ ᠳᠠᠭᠠᠳᠬᠠᠯ ᠳᠤ ᠡᠷᠲᠡ ᠣᠷᠣᠬᠤ ᠳᠤᠷ᠎ᠠ ᠦᠭᠡᠢ ᠪᠦᠭᠡᠳ ᠵᠠᠪᠰᠢᠨ | ᠦᠩᠭᠡᠷᠡᠬᠦ ᠰᠡᠳᠭᠢᠴᠡ ᠶᠢ ᠠᠮᠠᠷᠬᠠᠨ ᠪᠣᠢ ᠪᠣᠯᠭᠠᠳᠠᠭ᠃ ᠡᠨᠡ ᠤᠳᠠᠭ᠎ᠠ ᠶᠢᠨ ᠬᠠᠮᠤᠭ ᠳᠣᠣᠷ᠎ᠠ ᠵᠠᠷᠤᠳᠠᠯ ᠲᠤᠰᠢᠶᠠᠬᠤ | ᠵᠢᠯ ᠬᠤᠭᠤᠴᠠᠭ᠎ᠠ ᠶᠢ ᠨᠢᠭᠡᠳᠦᠭᠦᠯᠦᠭᠰᠡᠨ ᠪᠠ ᠳᠡᠭᠡᠭᠰᠢᠯᠡᠭᠦᠯᠦᠭᠰᠡᠨ ᠨᠢ᠂ ᠳᠠᠭᠠᠳᠬᠠᠯ ᠳᠤ ᠣᠷᠣᠯᠴᠠᠭᠰᠠᠳ ᠬᠠᠤᠯᠢ | ᠪᠠᠷ ᠲᠣᠭᠲᠠᠭᠠᠭᠰᠠᠨ ᠨᠠᠰᠤᠨ ᠤ ᠠᠮᠠᠷᠠᠯᠲᠠ ᠠᠪᠤᠭᠰᠠᠨ ᠤ ᠳᠠᠷᠠᠭ᠎ᠠ ᠡᠪᠡᠳᠴᠢᠯᠡᠬᠦ ᠦᠶ᠎ᠡ᠂ ᠦᠨᠳᠦᠰᠦᠨ ᠡᠮ | ᠡᠮᠨᠡᠯᠭᠡ ᠶᠢᠨ ᠪᠠᠲᠤᠯᠠᠭ᠎ᠠ ᠶᠢᠨ ᠬᠠᠷᠠᠭᠠᠯᠵᠠᠯ ᠡᠳ᠋ᠯᠡᠬᠦ ᠶᠢ ᠦᠨᠡᠨᠬᠦ ᠪᠠᠲᠤᠯᠠᠵᠤ ᠴᠢᠳᠠᠨ᠎ᠠ᠃ ᠦᠪᠡᠷᠲᠡᠭᠡᠨ ᠵᠠᠰᠠᠬᠤ | ᠤᠷᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠳᠠᠷᠤᠭ᠎ᠠ ᠴᠠᠩ | ᡁᠢ ᠭᠠᠩ ᠬᠡᠯᠡᠭᠰᠡᠨ ᠨᠢ᠂ ᠡᠨᠡᠬᠦ ᠰᠢᠨ᠎ᠡ ᠲᠥᠷᠦ ᠶᠢᠨ ᠪᠣᠳᠤᠯᠭ᠎ᠠ ᠶᠢ ᠬᠡᠷᠡᠭᠵᠢᠭᠦᠯᠬᠦ ᠦᠶ᠎ᠡ᠂ ᠲᠥᠷᠦ ᠶᠢᠨ | ᠪᠣᠳᠤᠯᠭ᠎ᠠ ᠶᠢᠨ ᠰᠢᠯᠵᠢᠯᠲᠡ ᠶᠢᠨ ᠬᠤᠭᠤᠴᠠᠭ᠎ᠠ ᠶᠢ ᠪᠠᠶᠢᠭᠤᠯᠤᠨ᠂ ᠵᠠᠷᠤᠳᠠᠯ ᠲᠤᠰᠢᠶᠠᠬᠤ ᠵᠢᠯ ᠬᠤᠭᠤᠴᠠᠭ᠎ᠠ ᠶᠢ | ᠠᠬᠠᠮᠳ ᠨᠠᠰᠤᠲᠠᠨ ᠳᠤ ᠬᠠᠭᠤᠴᠢᠨ ᠠᠷᠭ᠎ᠠ᠂ ᠰᠢᠨ᠎ᠡ ᠬᠦᠮᠦᠨ ᠳᠤ ᠰᠢᠨ᠎ᠡ ᠠᠷᠭ᠎ᠠ ᠶᠢ ᠬᠡᠷᠡᠭᠵᠢᠭᠦᠯᠵᠦ᠂ | ᠲᠥᠷᠦ ᠶᠢᠨ ᠪᠣᠳᠤᠯᠭ᠎ᠠ ᠶᠢᠨ ᠲᠣᠭᠲᠠᠭᠤᠨ ᠢᠶᠠᠷ ᠰᠢᠯᠵᠢᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠪᠡ᠃ | ᠳᠦᠷᠢᠮ ᠳᠤ ᠲᠣᠭᠲᠠᠭᠠᠭᠰᠠᠨ ᠨᠢ᠂ ᠦᠪᠡᠷᠲᠡᠭᠡᠨᠨ ᠵᠠᠰᠠᠬᠤ ᠤᠷᠤᠨ ᠤ ᠠᠵᠢᠯᠲᠠᠨ ᠠᠵᠢᠯᠴᠢᠨ ᠤ ᠡᠮ | ᠡᠮᠨᠡᠯᠭᠡ ᠶᠢᠨ ᠳᠠᠭᠠᠳᠬᠠᠯ ᠤᠨ ᠬᠠᠮᠤᠭ ᠳᠣᠣᠷ᠎ᠠ ᠵᠠᠷᠤᠳᠠᠯ ᠲᠤᠰᠢᠶᠠᠬᠤ ᠬᠠᠷᠢᠴᠠᠯ ᠨᠢ ᠬᠥᠮᠦᠨ ᠬᠡᠷᠡᠭᠯᠡᠬᠦ ᠨᠢᠭᠡᠴᠡ | 6%᠂ ᠬᠤᠪᠢ ᠬᠦᠮᠦᠨ 2% ᠪᠣᠯᠤᠨ᠎ᠠ᠃ ᠤᠶᠢᠯᠭᠠᠭᠰᠠᠨ ᠢᠶᠠᠷ᠂ ᠡᠨᠡ ᠪᠣᠯ ᠣᠳᠣᠬᠠᠨ ᠳᠤ ᠪᠦᠬᠦ ᠤᠯᠤᠰ ᠲᠤ | ᠬᠠᠮᠤᠭ ᠳᠣᠣᠷ᠎ᠠ ᠵᠠᠷᠤᠳᠠᠯ ᠲᠤᠰᠢᠶᠠᠬᠤ ᠬᠠᠷᠢᠴᠠᠯ ᠤᠨ ᠪᠠᠷᠢᠮᠵᠢᠶ᠎ᠠ ᠮᠦᠨ᠃ ᠡᠨᠡ ᠤᠳᠠᠭ᠎ᠠ ᠶᠢᠨ ᠳᠦᠷᠢᠮ ᠳᠤ | ᠨᠢᠭᠡᠳᠦᠯᠲᠡᠢ ᠳᠡᠭᠡᠭᠰᠢᠯᠡᠭᠦᠯᠦᠯᠲᠡ ᠬᠢᠭᠰᠡᠨ ᠦᠭᠡᠢ᠂ ᠭᠤᠣᠯ ᠨᠢ ᠦᠪᠡᠷᠲᠡᠭᠡᠨ ᠵᠠᠰᠠᠬᠤ ᠤᠷᠤᠨ ᠶᠠᠭ ᠰᠠᠶᠢᠬᠠᠨ | ᠠᠵᠤ ᠠᠬᠤᠶ ᠶᠢᠨ ᠬᠥᠭᠵᠢᠯᠲᠡ ᠶᠢᠨ ᠬᠡᠯᠪᠡᠷᠢ ᠪᠠᠨ ᠬᠤᠪᠢᠷᠠᠭᠤᠯᠬᠤ ᠬᠤᠭᠤᠴᠠᠭᠠᠨ ᠳᠤ ᠪᠠᠶᠢᠵᠤ᠂ ᠡᠯ᠎ᠡ ᠱᠠᠲᠤᠨ ᠤ | ᠡᠳ᠋ ᠤᠨ ᠵᠠᠰᠠᠭ ᠪᠠ ᠠᠵᠤ ᠠᠬᠤᠶᠢᠯᠠᠯ ᠤᠨ ᠳᠠᠷᠤᠭᠠᠰᠤ ᠶᠢ ᠨᠡᠮᠡᠭᠳᠡᠭᠦᠯᠬᠦ ᠳᠤ ᠲᠣᠬᠢᠷᠠᠮᠵᠢ ᠦᠭᠡᠢ᠂ ᠬᠡᠰᠡᠭ ᠠᠵᠤ | ᠠᠬᠤᠢ ᠶᠢᠨ ᠰᠠᠭᠤᠷᠢ ᠨᠡᠯᠢᠶᠡᠳ ᠰᠠᠶᠢᠨ ᠭᠠᠵᠠᠷ ᠤᠷᠤᠨ ᠳᠤ᠂ ᠰᠠᠭᠤᠷᠢ ᠮᠦᠩᠭᠦ ᠶᠢᠨ ᠬᠡᠷᠡᠭᠴᠡᠭᠡ ᠪᠠᠶᠢᠳᠠᠯ ᠵᠢᠴᠢ | ᠵᠠᠰᠠᠭ ᠤᠨ ᠤᠷᠳᠤᠨ᠂ ᠠᠵᠤ ᠠᠬᠤᠶᠢᠯᠠᠯ ᠤᠨ ᠡᠭᠦᠷᠭᠡᠯᠡᠬᠦ ᠴᠢᠳᠠᠪᠤᠷᠢ ᠶᠢ ᠦᠨᠳᠦᠰᠦᠯᠡᠨ ᠨᠢᠭᠡᠳᠦᠯᠲᠡᠶ ᠲᠦᠯᠦᠪᠯᠡᠵᠦ | ᠪᠠᠶᠢᠭᠠᠳ ᠭᠠᠵᠠᠷ ᠣᠷᠣᠨ ᠤ ᠪᠠᠨ ᠪᠣᠳᠠᠲᠠᠶ ᠵᠠᠷᠤᠳᠠᠯ ᠲᠤᠰᠢᠶᠠᠬᠤ ᠬᠠᠷᠢᠴᠠᠯ ᠢ ᠲᠣᠭᠲᠠᠭᠠᠬᠤ ᠬᠡᠷᠡᠭᠲᠡᠢ ᠭᠡᠵᠡᠢ᠃ | ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠲᠤᠰᠢᠶᠠᠬᠤ | ᠬᠠᠷᠢᠴᠠᠯ ᠤᠨ ᠲᠤᠬᠠᠢ ᠭᠡᠪᠡᠯ᠂ ᠨᠠᠰᠤᠨ ᠳᠤ ᠬᠦᠷᠦᠭᠰᠡᠨ ᠬᠦᠮᠦᠨ ᠬᠤᠳᠠ ᠪᠠᠯᠭᠠᠰᠤᠨ ᠤ ᠰᠠᠭᠤᠭᠠᠯᠢ ᠠᠷᠠᠳ ᠤᠨ | ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ ᠶᠢᠨ 2% ᠣᠷᠴᠢᠮ᠂ ᠨᠠᠰᠤᠨ ᠳᠤ ᠦᠯᠦ | ᠬᠦᠷᠦᠭᠰᠡᠳ 1% ᠣᠷᠴᠢᠮ ᠶᠣᠰᠤᠭᠠᠷ ᠲᠤᠰᠢᠶᠠᠬᠤ ᠬᠡᠷᠡᠭᠲᠡᠢ᠃ ᠳᠦᠷᠢᠮ ᠳᠤ ᠪᠠᠰᠠ ᠬᠤᠪᠢ ᠬᠦᠮᠦᠨ ᠤ | ᠲᠤᠰᠢᠶᠠᠬᠤ ᠬᠡᠰᠡᠭ ᠤᠨ ᠵᠠᠰᠠᠭ ᠤᠨ ᠣᠷᠳᠣᠨ ᠤ ᠨᠥᠬᠦᠪᠥᠷᠢ ᠮᠦᠩᠭᠦ ᠶᠢ ᠡᠳ᠋ᠯᠡᠬᠦ ᠣᠨᠴᠠᠭᠠᠢ ᠪᠦᠯᠬᠦᠮ ᠨᠡᠶᠢᠲᠡ ᠳᠤ | ᠲᠣᠳᠤᠷᠬᠠᠶᠢᠯᠠᠯᠲᠠ ᠬᠢᠪᠡ᠃ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ ᠬᠦᠮᠦᠨ᠂ ᠬᠦᠳᠡᠯᠮᠦᠷᠢᠯᠡᠬᠦ | ᠴᠢᠳᠠᠪᠤᠷᠢ ᠦᠭᠡᠢ ᠵᠡᠮᠳᠡᠭᠴᠦᠳ᠂ ᠳᠣᠣᠷ᠎ᠠ ᠣᠷᠤᠯᠭ᠎ᠠ ᠲᠠᠢ ᠭᠡᠷ ᠪᠦᠯᠢ ᠶᠢᠨ ᠪᠦᠬᠦᠯᠢ 60 ᠨᠠᠰᠤ ᠠᠴᠠ ᠳᠡᠭᠡᠭᠰᠢ | ᠨᠠᠰᠤᠲᠠᠨ ᠪᠠ ᠨᠠᠰᠤᠨ ᠳᠤ ᠦᠯᠦ ᠬᠦᠷᠦᠭᠰᠡᠳ ᠵᠡᠷᠭᠡ ᠬᠦᠮᠦᠰ ᠤᠨ ᠬᠤᠪᠢ ᠬᠦᠮᠦᠨ ᠤ ᠲᠤᠰᠢᠶᠠᠬᠤ ᠴᠢᠬᠤᠯᠲᠠᠢ | ᠬᠡᠰᠡᠭ ᠲᠤ᠂ ᠵᠠᠰᠠᠭ ᠤᠨ ᠤᠷᠳᠤᠨ ᠠᠴᠠ ᠨᠦᠬᠦᠪᠦᠷᠢ ᠮᠦᠩᠭᠦ ᠣᠯᠭᠤᠨ᠎ᠠ᠃ | ᠳᠦᠷᠢᠮ ᠨᠢ ᠡᠮ ᠡᠮᠨᠡᠯᠭᠡ ᠶᠢᠨ ᠬᠠᠷᠠᠭᠠᠯᠵᠠᠯ ᠤᠨ ᠬᠢᠷᠢ ᠲᠦᠪᠰᠢᠨ ᠢ ᠲᠣᠭᠲᠠᠭᠠᠬᠤ ᠡᠷᠬᠡ ᠶᠢ ᠠᠶᠢᠮᠠᠭ | ᠬᠤᠲᠠ ᠳᠤ ᠪᠠᠭᠤᠯᠭᠠᠵᠤ᠂ ᠡᠬᠢᠯᠡᠵᠦ ᠥᠭᠬᠦ ᠪᠠᠷᠢᠮᠵᠢᠶ᠎ᠠ᠂ ᠬᠠᠮᠤᠭ ᠦᠨᠳᠦᠷ ᠬᠢᠵᠠᠭᠠᠷ ᠲᠤᠭ᠎ᠠ ᠵᠢᠴᠢ ᠦᠭᠬᠦ | ᠬᠠᠷᠢᠴᠠᠯ ᠢ ᠪᠣᠯ ᠨᠢᠭᠡᠳᠦᠯᠲᠡᠶ ᠲᠥᠯᠥᠪᠯᠡᠬᠦ ᠭᠠᠵᠠᠷ ᠣᠷᠣᠨ ᠤ ᠠᠷᠠᠳ ᠤᠨ ᠵᠠᠰᠠᠭ ᠤᠨ ᠤᠷᠳᠤᠨ ᠠᠴᠠ ᠲᠣᠭᠲᠠᠭᠠᠨ᠎ᠠ᠃ | ᠣᠨᠳᠣᠣ ᠭᠠᠵᠠᠷ ᠲᠤ ᠡᠪᠡᠳᠴᠢᠨ ᠦᠵᠡᠭᠦᠯᠦᠭᠰᠡᠨ ᠢ ᠳ᠋ᠦᠩᠨᠡᠨ ᠪᠣᠳᠤᠯᠲᠠ ᠶᠢ ᠲᠦᠯᠬᠢᠨ ᠠᠬᠢᠭᠤᠯᠬᠤ ᠶᠢᠨ | ᠲᠤᠰᠠᠳᠠ᠂ ᠳᠦᠷᠢᠮ ᠳᠤ ᠲᠣᠭᠲᠠᠭᠠᠭᠰᠠᠨ ᠨᠢ᠂ ᠡᠮ ᠡᠮᠨᠡᠯᠭᠡ ᠶᠢᠨ ᠳᠠᠭᠠᠳᠬᠠᠯ ᠤᠨ ᠶᠠᠪᠤᠳᠠᠯ ᠢ ᠡᠷᠬᠢᠯᠡᠨ | ᠭᠦᠢᠴᠡᠳᠬᠡᠬᠦ ᠪᠠᠶᠢᠭᠤᠯᠤᠮᠵᠢ ᠠᠴᠠ ᠣᠨᠳᠣᠣ ᠭᠠᠵᠠᠷ ᠡᠪᠡᠳᠴᠢᠨ ᠦᠵᠡᠭᠦᠯᠵᠦ ᠬᠠᠮᠵᠢᠯᠴᠠᠬᠤ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠵᠦ᠂ ᠦᠪᠡᠷᠲᠡᠭᠡᠨ ᠵᠠᠰᠠᠬᠤ ᠤᠷᠤᠨ ᠳᠤ ᠣᠨᠳᠣᠣ ᠭᠠᠵᠠᠷ ᠡᠪᠡᠳᠴᠢᠨ | ᠦᠵᠡᠭᠦᠯᠦᠭᠰᠡᠳ ᠤᠨ ᠰᠢᠭᠤᠳ ᠳ᠋ᠦᠩᠨᠡᠨ ᠪᠣᠳᠤᠬᠤ ᠶᠢ ᠬᠡᠷᠡᠭᠵᠢᠭᠦᠯᠵᠦ᠂ ᠮᠤᠵᠢ ᠳᠠᠪᠠᠨ ᠣᠨᠳᠣᠣ ᠭᠠᠵᠠᠷ | ᠡᠪᠡᠳᠴᠢᠨ ᠦᠵᠡᠭᠦᠯᠦᠭᠰᠡᠳ ᠤᠨ ᠰᠢᠭᠤᠳ ᠳ᠋ᠦᠩᠨᠡᠨ ᠪᠣᠳᠤᠯᠲᠠ ᠶᠢ ᠲᠦᠯᠬᠢᠨ ᠠᠬᠢᠭᠤᠯᠬᠤ ᠪᠣᠯᠤᠨ᠎ᠠ᠃ | ᠤᠷᠤᠨ ᠤ ᠳᠣᠲᠤᠷᠠᠬᠢ ᠡᠮ ᠡᠮᠨᠡᠯᠭᠡ ᠶᠢᠨ ᠡᠬᠢ ᠪᠠᠶᠠᠯᠢᠭ ᠤᠨ ᠲᠠᠷᠬᠠᠯᠲᠠ ᠲᠡᠭᠰᠢ ᠦᠭᠡᠢ ᠪᠠᠶᠢᠬᠤ ᠪᠣᠳᠠᠲᠤ | ᠪᠠᠶᠢᠳᠠᠯ ᠳᠤ ᠴᠢᠭᠯᠡᠭᠦᠯᠵᠦ᠂ ᠳᠦᠷᠢᠮ ᠨᠢ ᠳᠠᠭᠠᠳᠬᠠᠯ ᠳᠤ ᠣᠷᠤᠯᠴᠠᠭᠰᠠᠳ ᠤᠨ ᠣᠨᠳᠣᠣ ᠭᠠᠵᠠᠷ ᠲᠤ ᠡᠪᠡᠳᠴᠢᠨ | ᠦᠵᠡᠭᠦᠯᠬᠦ ᠬᠢᠨᠠᠨ ᠵᠦᠪᠰᠢᠶᠡᠷᠡᠯ ᠤᠨ ᠭᠠᠷᠳᠠᠮ ᠢ ᠳᠦᠭᠦᠮᠴᠢᠯᠡᠵᠦ᠂ ᠣᠨᠳᠣᠣ ᠭᠠᠵᠠᠷ ᠡᠪᠡᠳᠴᠢᠨ ᠦᠵᠡᠭᠦᠯᠬᠦ ᠬᠢᠨᠠᠨ | ᠵᠦᠪᠰᠢᠶᠡᠷᠡᠬᠦ ᠳᠦᠷᠢᠮ ᠢ ᠬᠤᠪᠢᠷᠠᠭᠤᠯᠵᠤ ᠳᠠᠩᠰᠠᠯᠠᠭᠤᠯᠤᠨ ᠲᠡᠮᠳᠡᠭᠯᠡᠬᠦ ᠳᠦᠷᠢᠮ ᠪᠣᠯᠭᠠᠪᠠ᠃ ᠬᠤᠲᠠ | ᠪᠠᠯᠭᠠᠰᠤᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠪᠦᠷᠬᠦᠭᠦᠯᠬᠦ ᠬᠦᠷᠢᠶ᠎ᠡ ᠬᠡᠪᠴᠢᠶ᠎ᠡ ᠶᠢ | ᠲᠡᠭᠦᠯᠳᠡᠷᠵᠢᠭᠦᠯᠬᠦ ᠶᠢᠨ ᠲᠤᠰᠠᠳᠠ᠂ ᠠᠵᠢᠯ ᠣᠯᠤᠭᠠᠳᠤᠶ ᠬᠤᠲᠠ ᠪᠠᠯᠭᠠᠰᠤᠨ ᠤ ᠪᠠᠶᠢᠩᠭᠤ ᠰᠠᠭᠤᠭᠠᠯᠢ ᠠᠷᠠᠳ ᠡᠮ | ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠬᠦᠷᠲᠡᠬᠦ ᠶᠢ ᠪᠠᠲᠤᠯᠠᠬᠤ ᠲᠤᠬᠠᠢ ᠳᠦᠷᠢᠮ ᠳᠤ ᠲᠣᠭᠲᠠᠭᠠᠭᠰᠠᠨ ᠨᠢ᠂ | ᠬᠤᠲᠠ ᠪᠠᠯᠭᠠᠰᠤᠨ ᠤ ᠡᠯ᠎ᠡ ᠲᠦᠷᠦᠯ ᠤᠨ ᠪᠦᠬᠦᠯᠢ ᠡᠳᠦᠷ ᠤᠨ ᠳᠦᠷᠢᠮᠲᠦ ᠰᠤᠷᠭᠠᠭᠤᠯᠢ ᠶᠢᠨ ᠰᠤᠷᠤᠯᠴᠠᠵᠤ ᠪᠠᠶᠢᠭ᠎ᠠ | ᠰᠤᠷᠤᠭᠴᠢ᠂ ᠰᠤᠷᠬᠤ ᠨᠠᠰᠤᠨ ᠠᠴᠠ ᠡᠮᠦᠨᠡᠬᠢ ᠬᠡᠦᠬᠡᠳ᠂ ᠠᠵᠢᠯ ᠦᠭᠡᠢ ᠬᠤᠲᠠ ᠪᠠᠯᠭᠠᠰᠤᠨ ᠤ ᠪᠠᠶᠢᠩᠭᠤ | ᠰᠠᠭᠤᠭᠠᠯᠢ ᠠᠷᠠᠳ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ | ᠣᠷᠤᠵᠤ ᠪᠣᠯᠤᠨ᠎ᠠ ᠭᠡᠵᠡᠢ᠃ |