ᠥᠪᠥᠷ ᠵᠠᠰᠠᠭ ᠠᠯᠪᠠᠨ ᠲᠠᠷᠬᠠᠭᠠᠭᠰᠠᠨ ﹇2015﹈ 61 ᠳ᠋ᠦ᠋ᠭᠡᠷ ᠲᠤᠭᠠᠳᠤ | 6 ᠳ᠋ᠤᠭᠠᠷ ᠰᠠᠷ᠎ᠠ ᠶᠢᠨ 8 ᠤ ᠡᠳᠥᠷ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠤᠨ᠂ ᠦᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ ᠳᠤ᠄ | ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ | ᠲᠣᠭᠲᠠᠭᠠᠬᠤ ᠪᠠ ᠪᠦᠷᠢᠳᠭᠡᠨ ᠳᠠᠩᠰᠠᠯᠠᠵᠤ ᠬᠢᠨᠠᠯᠲᠠ ᠲᠠᠯᠪᠢᠬᠤ ᠠᠷᠭ᠎ᠠ︾ ︵ᠦᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠤᠨ ᠤ ᠵᠠᠷᠯᠢᠭ 191 ᠳ᠋ᠤᠭᠡᠷ ᠲᠣᠭᠠᠲᠤ᠂ ᠳᠣᠷᠤᠭᠰᠢ ︽ᠠᠷᠭ᠎ᠠ︾ ᠭᠡᠵᠦ | ᠲᠣᠪᠴᠢᠯᠠᠨ᠎ᠠ︶ ᠶᠢᠨ ᠬᠤᠷᠢᠨ ᠵᠢᠷᠭᠤᠳᠤᠭᠠᠷ ᠵᠦᠢᠯ ᠳᠠᠬᠢ ︽ᠪᠠᠶᠢᠭᠤᠯᠭ᠎ᠠ ᠨᠤᠭᠤᠳ ᠵᠢᠷᠤᠮᠵᠢᠯ ᠤᠨ ᠴᠢᠨᠠᠷᠲᠠᠢ | ᠪᠢᠴᠢᠭ ᠮᠠᠲ᠋ᠧᠷᠢᠶᠠᠯ ᠢ ᠬᠤᠶᠠᠷ ᠵᠢᠯ ᠳᠤ ᠨᠢᠭᠡ ᠤᠳᠠᠭ᠎ᠠ ᠢᠯᠭᠠᠷᠠᠭᠤᠯᠤᠯᠲᠠ ᠬᠢᠬᠦ ᠪᠠᠷ ᠲᠤᠭᠳᠠᠭᠠᠬᠤ︾ ᠲᠣᠭᠲᠠᠭᠠᠯ | ᠶᠤᠰᠤᠭᠠᠷ᠂ ᠪᠦᠬᠦ ᠣᠷᠣᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠪᠦᠬᠦ ᠲᠠᠯ᠎ᠠ ᠪᠠᠷ ᠢᠯᠠᠭᠠᠷᠠᠭᠤᠯᠬᠤ | ᠠᠵᠢᠯ ᠢ ᠦᠨᠡᠨᠬᠦ ᠰᠠᠶᠢᠲᠤᠷ ᠬᠢᠬᠦ ᠶᠢᠨ ᠲᠤᠰᠠᠳᠠ᠂ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠤᠨ ᠢᠶᠠᠷ ᠵᠥᠪᠰᠢᠶᠡᠷᠡᠭᠦᠯᠦᠭᠡᠳ᠂ ᠡᠳᠦᠭᠡ ᠬᠤᠯᠪᠤᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠪᠡ᠃ | ᠨᠢᠭᠡ᠂ ᠢᠯᠭᠠᠷᠠᠭᠤᠯᠬᠤ ᠬᠡᠪᠴᠢᠶ᠎ᠡ | ︽ᠠᠷᠭ᠎ᠠ︾ ᠶᠢᠨ ᠳᠤᠯᠤᠳᠤᠭᠠᠷ ᠵᠦᠢᠯ ᠳᠤ ᠲᠣᠭᠲᠠᠭᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠪᠠ ᠵᠣᠬᠢᠶᠠᠨ | ᠪᠠᠶᠢᠭᠤᠯᠤᠯᠲᠠ ᠶᠢᠨ 2013 ᠣᠨ ᠳᠤ ᠪᠦᠬᠦ ᠲᠠᠯ᠎ᠠ ᠪᠠᠷ ᠢᠯᠭᠠᠷᠠᠭᠤᠯᠤᠭᠰᠠᠨ ᠤ ᠲᠠᠷᠠᠭᠠᠬᠢ ᠦᠷᠭᠦᠯᠵᠢᠯᠡᠨ | ᠬᠦᠴᠦᠨ ᠲᠠᠢ ᠪᠠᠶᠢᠯᠭᠠᠬᠤ ᠭᠠᠷᠴᠠᠭ ᠪᠣᠯᠣᠨ ᠵᠠᠰᠠᠪᠤᠷᠢ ᠣᠷᠤᠭᠤᠯᠤᠭᠰᠠᠨ ᠤ ᠲᠠᠷᠠᠭᠠᠬᠢ ᠳᠠᠬᠢᠵᠤ ᠰᠢᠨ᠎ᠡ ᠪᠠᠷ | ᠨᠡᠶᠢᠲᠡᠯᠡᠭᠰᠡᠨ ᠭᠠᠷᠴᠠᠭ ᠲᠤ ᠵᠢᠭᠰᠠᠭᠠᠵᠤ ᠣᠷᠣᠭᠤᠯᠤᠭᠰᠠᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠵᠢᠴᠢ | 2013 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ 2014 ᠣᠨ ᠤ 12 ᠳ᠋ᠤᠭᠠᠷ ᠰᠠᠷ᠎ᠠ ᠶᠢᠨ 31 ᠤ | ᠡᠳᠦᠷ ᠪᠣᠯᠲᠠᠯ᠎ᠠ ᠲᠣᠭᠲᠠᠭᠠᠵᠤ ᠶᠠᠪᠤᠭᠤᠯᠤᠭᠰᠠᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠨᠤᠭᠤᠳ᠃ | ᠬᠤᠶᠠᠷ᠂ ᠢᠯᠭᠠᠷᠠᠭᠤᠯᠬᠤ ᠵᠠᠷᠴᠢᠮ | ︵ᠨᠢᠭᠡ︶ ᠭᠤᠣᠯ ᠠᠭᠤᠯᠭ᠎ᠠ ᠨᠢ ᠣᠳᠣ ᠶᠢᠨ ᠬᠡᠷᠡᠭᠵᠢᠭᠦᠯᠵᠦ ᠪᠠᠶᠢᠭ᠎ᠠ ᠬᠠᠤᠯᠢ ᠴᠠᠭᠠᠵᠠ᠂ ᠬᠠᠤᠯᠢ | ᠲᠣᠭᠲᠠᠭᠠᠯ᠂ ᠳᠦᠷᠢᠮ ᠲᠣᠭᠲᠠᠭᠠᠯ ᠵᠢᠴᠢ ᠲᠡᠬᠡᠳᠤ ᠪᠠᠶᠢᠷᠢ ᠶᠢᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠲᠠᠢ | ᠨᠡᠶᠢᠴᠡᠬᠦ ᠦᠭᠡᠢ᠂ ᠡᠰᠡᠭᠦᠯ᠎ᠡ ᠭᠤᠣᠯ ᠦᠨᠳᠦᠰᠦᠯᠡᠯ ᠪᠣᠯᠭᠠᠭᠰᠠᠨ ᠬᠠᠤᠯᠢ ᠴᠠᠭᠠᠵᠠ᠂ ᠬᠠᠤᠯᠢ ᠲᠣᠭᠲᠠᠭᠠᠯ᠂ | ᠳᠦᠷᠢᠮ ᠲᠣᠭᠲᠠᠭᠠᠯ ᠵᠢᠴᠢ ᠲᠡᠬᠡᠳᠤ ᠪᠠᠶᠢᠷᠢ ᠶᠢᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠨᠢ ᠬᠦᠴᠦᠨ | ᠦᠭᠡᠢ ᠪᠣᠯᠣᠭᠰᠠᠨ᠂ ᠡᠰᠡᠭᠦᠯ᠎ᠡ ᠠᠳᠠᠯᠢ ᠪᠠᠶᠢᠷᠢ ᠶᠢᠨ ᠱᠠᠲᠤᠨ ᠤ ᠪᠤᠰᠤᠳ ᠵᠢᠷᠤᠮᠵᠢᠯ ᠤᠨ ᠴᠢᠨᠠᠷᠲᠠᠢ ᠪᠢᠴᠢᠭ | ᠮᠠᠲ᠋ᠧᠷᠢᠶᠠᠯ ᠯᠤᠭ᠎ᠠ ᠬᠠᠷᠢᠯᠴᠠᠨ ᠬᠠᠷᠰᠢᠯᠳᠤᠭᠰᠠᠨ᠂ ᠡᠰᠡᠭᠦᠯ᠎ᠡ ᠣᠷᠣᠨ ᠨᠤᠲᠤᠭ ᠤᠨ ᠬᠠᠮᠠᠭᠠᠯᠠᠯᠲᠠ᠂ ᠠᠵᠢᠯ | ᠲᠦᠷᠦᠯ ᠤᠨ ᠬᠠᠮᠠᠭᠠᠯᠠᠯᠲᠠ ᠵᠡᠷᠭᠡ ᠵᠣᠬᠢᠰ ᠦᠭᠡᠢ ᠠᠭᠤᠯᠭ᠎ᠠ ᠠᠭᠤᠯᠤᠭᠳᠠᠵᠤ᠂ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠬᠡᠷᠡᠭᠴᠡᠭᠡ ᠳᠤ ᠲᠣᠬᠢᠷᠠᠬᠤ ᠦᠭᠡᠢ ᠶᠢ ᠨᠢ ᠬᠦᠴᠦᠨ ᠦᠭᠡᠢ ᠪᠣᠯᠭᠠᠬᠤ ᠪᠠᠷ ᠨᠡᠶᠢᠲᠡᠯᠡᠬᠦ | ᠬᠡᠷᠡᠭᠲᠡᠢ᠃ | ︵ᠬᠤᠶᠠᠷ︶ ᠲᠦᠷ ᠴᠠᠭ ᠤᠨ ᠪᠠᠶᠢᠭᠤᠯᠤᠮᠵᠢ᠂ ᠤᠴᠢᠷ ᠶᠠᠪᠤᠳᠠᠯ ᠢ ᠵᠦᠪᠯᠡᠨ ᠵᠣᠬᠢᠴᠠᠭᠤᠯᠬᠤ ᠪᠠᠶᠢᠭᠤᠯᠤᠮᠵᠢ᠂ | ᠰᠠᠯᠠᠭ᠎ᠠ ᠮᠦᠴᠢᠷ ᠤᠨ ᠲᠣᠮᠢᠯᠠᠭᠰᠠᠨ ᠪᠠᠶᠢᠭᠤᠯᠤᠮᠵᠢ᠂ ᠰᠠᠯᠠᠭ᠎ᠠ ᠮᠦᠴᠢᠷ ᠤᠨ ᠲᠤᠳᠤᠭᠠᠲᠤ ᠳᠠᠭᠠᠨ | ᠪᠠᠶᠢᠷᠢᠯᠠᠭᠤᠯᠤᠭᠰᠠᠨ ᠪᠠᠶᠢᠭᠤᠯᠤᠮᠵᠢ ᠵᠢᠴᠢ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠲᠣᠭᠲᠠᠭᠠᠬᠤ ᠭᠤᠣᠯ | ᠴᠣᠭᠴᠠ ᠶᠢᠨ ᠬᠢᠷᠢ ᠭᠡᠮ ᠦᠭᠡᠢ ᠪᠤᠰᠤᠳ ᠨᠢᠭᠡᠴᠡ ᠶᠢᠨ ᠨᠡᠷ᠎ᠡ ᠪᠠᠷ ᠨᠡᠶᠢᠲᠡᠯᠡᠭᠰᠡᠨ ᠵᠢᠷᠤᠮᠵᠢᠯ ᠤᠨ ᠴᠢᠨᠠᠷᠲᠠᠢ ᠪᠢᠴᠢᠭ | ᠮᠠᠲ᠋ᠧᠷᠢᠶᠠᠯ ᠤᠨ ᠬᠦᠴᠦᠨ ᠦᠭᠡᠢ ᠪᠣᠯᠣᠭᠰᠠᠨ ᠢ ᠨᠡᠶᠢᠲᠡᠯᠡᠬᠦ ᠬᠡᠷᠡᠭᠲᠡᠢ︔ ᠦᠨᠡᠨᠬᠦ ᠦᠷᠭᠦᠯᠵᠢᠯᠡᠨ ᠬᠡᠷᠡᠭᠵᠢᠭᠦᠯᠬᠦ | ᠴᠢᠬᠤᠯᠠᠲᠠᠢ ᠪᠣᠯ᠂ ᠬᠠᠷᠢᠶ᠎ᠠ ᠠᠷᠠᠳ ᠤᠨ ᠵᠠᠰᠠᠭ ᠤᠨ ᠣᠷᠳᠤᠨ ᠪᠣᠶᠣ ᠠᠵᠢᠯ ᠤᠨ ᠰᠠᠯᠠᠭ᠎ᠠ ᠮᠦᠴᠢᠷ ᠠᠴᠠ ᠳᠠᠬᠢᠨ | ᠰᠢᠨ᠎ᠡ ᠪᠠᠷ ᠲᠣᠭᠲᠠᠭᠠᠵᠤ ᠨᠡᠶᠢᠲᠡᠯᠡᠬᠦ ᠬᠡᠷᠡᠭᠲᠡᠢ᠃ | ︵ᠭᠤᠷᠪᠠ︶ ᠬᠡᠰᠡᠭ ᠠᠭᠤᠯᠭ᠎ᠠ ᠨᠢ ᠣᠳᠣ ᠶᠢᠨ ᠬᠡᠷᠡᠭᠵᠢᠭᠦᠯᠵᠦ ᠪᠠᠶᠢᠭ᠎ᠠ ᠬᠠᠤᠯᠢ ᠴᠠᠭᠠᠵᠠ᠂ ᠬᠠᠤᠯᠢ | ᠲᠣᠭᠲᠠᠭᠠᠯ᠂ ᠳᠦᠷᠢᠮ ᠲᠣᠭᠲᠠᠭᠠᠯ ᠵᠢᠴᠢ ᠲᠡᠬᠡᠳᠤ ᠪᠠᠶᠢᠷᠢ ᠶᠢᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠲᠠᠢ | ᠨᠡᠶᠢᠴᠡᠬᠦ ᠦᠭᠡᠢ ᠪᠣᠶᠣ ᠦᠨᠳᠦᠰᠦᠯᠡᠯ ᠪᠣᠯᠭᠠᠭᠰᠠᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ | ᠵᠢᠴᠢ ᠲᠡᠬᠡᠳᠤ ᠪᠠᠶᠢᠷᠢ ᠶᠢᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠳᠤ ᠨᠢ ᠵᠠᠰᠠᠪᠤᠷᠢ ᠣᠷᠤᠭᠤᠯᠤᠭᠰᠠᠨ | ᠪᠣᠯᠪᠠᠴᠤ ᠭᠤᠣᠯ ᠪᠣᠯᠬᠤ ᠳᠦᠷᠢᠮ ᠪᠣᠯᠣᠨ ᠠᠷᠭ᠎ᠠ ᠬᠡᠮᠵᠢᠶ᠎ᠠ ᠶᠢ ᠨᠢ ᠦᠨᠡᠨᠬᠦ ᠦᠷᠭᠦᠯᠵᠢᠯᠡᠨ ᠬᠡᠷᠡᠭᠵᠢᠭᠦᠯᠬᠦ | ᠴᠢᠬᠤᠯᠠᠲᠠᠢ ᠪᠣᠯ᠂ ᠲᠣᠭᠲᠠᠭᠠᠭᠰᠠᠨ ᠪᠠᠶᠢᠭᠤᠯᠭ᠎ᠠ ᠠᠴᠠ ᠳᠠᠬᠢᠨ ᠰᠢᠨ᠎ᠡ ᠪᠠᠷ ᠵᠠᠰᠠᠪᠤᠷᠢ ᠣᠷᠤᠭᠤᠯᠵᠤ ᠨᠡᠶᠢᠲᠡᠯᠡᠬᠦ | ᠬᠡᠷᠡᠭᠲᠡᠢ᠃ | ︵ᠳᠥᠷᠪᠡ︶ ᠭᠤᠣᠯ ᠦᠨᠳᠦᠰᠦᠯᠡᠯ ᠪᠣᠯᠭᠠᠭᠰᠠᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ | ᠲᠣᠭᠲᠠᠭᠠᠯ ᠵᠢᠴᠢ ᠲᠡᠬᠡᠳᠤ ᠪᠠᠶᠢᠷᠢ ᠶᠢᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠨᠢ ᠨᠢᠭᠡᠨᠲᠡ ᠬᠦᠴᠦᠨ | ᠦᠭᠡᠢ ᠪᠣᠯᠭᠠᠭᠰᠠᠨ ᠢᠶᠠᠷ ᠨᠡᠶᠢᠲᠡᠯᠡᠭᠰᠡᠨ᠂ ᠡᠰᠡᠭᠦᠯ᠎ᠡ ᠲᠣᠬᠢᠷᠠᠬᠤ ᠬᠤᠭᠤᠴᠠᠭ᠎ᠠ ᠨᠢ ᠨᠢᠭᠡᠨᠲᠡ ᠦᠩᠭᠡᠷᠡᠭᠰᠡᠨ᠂ | ᠡᠰᠡᠭᠦᠯ᠎ᠡ ᠲᠣᠬᠢᠷᠠᠭᠤᠯᠬᠤ ᠡᠲᠡᠭᠡᠳ ᠨᠢ ᠨᠢᠭᠡᠨᠲᠡ ᠠᠯᠠᠭ᠎ᠠ ᠪᠣᠯᠣᠭᠰᠠᠨ᠂ ᠪᠤᠲᠠᠲᠠᠢ ᠳᠡᠭᠡᠷ᠎ᠡ ᠪᠠᠨ ᠨᠢᠭᠡᠨᠲᠡ ᠬᠦᠴᠦᠨ | ᠦᠭᠡᠢ ᠪᠣᠯᠣᠭᠰᠠᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠦᠴᠦᠨ ᠦᠭᠡᠢ ᠪᠣᠯᠣᠭᠰᠠᠨ ᠢ ᠨᠡᠶᠢᠲᠡᠯᠡᠬᠦ | ᠬᠡᠷᠡᠭᠲᠡᠢ᠃ | ︵ᠲᠠᠪᠤ︶ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠠᠭᠤᠯᠭ᠎ᠠ ᠨᠢ ᠲᠥᠷᠥ ᠶᠢᠨ ᠶᠠᠪᠤᠳᠠᠯ ᠤᠨ | ᠬᠤᠷᠢᠶ᠎ᠠ ᠪᠠ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠤᠳᠠᠭ᠎ᠠ ᠪᠦᠷᠢ ᠶᠢᠨ ᠬᠦᠴᠦᠨ | ᠦᠭᠡᠢ ᠪᠣᠯᠭᠠᠭᠰᠠᠨ ᠪᠣᠶᠣ ᠲᠣᠬᠢᠷᠠᠭᠤᠯᠤᠭᠰᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠦᠷᠦᠯ ᠵᠦᠢᠯ ᠳᠤ | ᠬᠤᠯᠪᠣᠭᠳᠠᠵᠤ ᠪᠠᠶᠢᠪᠠᠯ ᠬᠦᠴᠦᠨ ᠦᠭᠡᠢ ᠪᠣᠯᠭᠠᠬᠤ ᠪᠣᠶᠣ ᠵᠠᠰᠠᠪᠤᠷᠢ ᠣᠷᠤᠭᠤᠯᠬᠤ ᠪᠠᠷ ᠨᠡᠶᠢᠲᠡᠯᠡᠬᠦ ᠬᠡᠷᠡᠭᠲᠡᠢ᠃ | ︵ᠵᠢᠷᠭᠤᠭ᠎ᠠ︶ ᠨᠡᠷᠡᠶᠢᠳᠦᠯ ᠳᠤᠨᠢ ︽ᠲᠦᠷ ᠬᠡᠷᠡᠭᠵᠢᠭᠦᠯᠬᠦ︾᠂ ︽ᠲᠣᠷᠰᠢᠨ ᠬᠡᠷᠡᠭᠵᠢᠭᠦᠯᠬᠦ︾ ᠭᠡᠵᠦ | ᠲᠠᠯᠪᠢᠭᠰᠠᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠡᠷᠡᠭᠵᠢᠭᠦᠯᠦᠭᠡᠳ ᠨᠢᠭᠡᠨᠲᠡ ᠪᠦᠲᠦᠨ 2 ᠵᠢᠯ | ᠪᠣᠯᠣᠭᠰᠠᠨ ᠪᠣᠯ᠂ ᠬᠦᠴᠦᠨ ᠦᠭᠡᠢ ᠪᠣᠯᠣᠭᠰᠠᠨ ᠢᠶᠠᠷ ᠨᠡᠶᠢᠲᠡᠯᠡᠬᠦ ᠬᠡᠷᠡᠭᠲᠡᠢ︔ ᠦᠨᠡᠨᠬᠦ ᠦᠷᠭᠦᠯᠵᠢᠯᠡᠨ ᠬᠡᠷᠡᠭᠵᠢᠭᠦᠯᠬᠦ | ᠴᠢᠬᠤᠯᠠᠲᠠᠢ ᠪᠣᠯ᠂ ᠲᠣᠭᠲᠠᠭᠠᠭᠰᠠᠨ ᠪᠠᠶᠢᠭᠤᠯᠭ᠎ᠠ ᠠᠴᠠ ᠳᠠᠬᠢᠨ ᠰᠢᠨ᠎ᠡ ᠪᠠᠷ ᠵᠠᠰᠠᠪᠤᠷᠢ ᠣᠷᠣᠭᠤᠯᠵᠤ ᠨᠡᠶᠢᠲᠡᠯᠡᠬᠦ | ᠬᠡᠷᠡᠭᠲᠡᠢ᠃ | ︵ᠳᠣᠯᠤᠭ᠎ᠠ︶ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠨᠢ ᠬᠠᠤᠯᠢ ᠶᠤᠰᠤᠨ ᠳᠤ ᠨᠡᠶᠢᠴᠡᠬᠦ | ᠮᠥᠷᠲᠡᠭᠡᠨ ᠦᠷᠭᠦᠯᠵᠢᠯᠡᠨ ᠬᠡᠷᠡᠭᠵᠢᠭᠦᠯᠬᠦ ᠴᠢᠬᠤᠯᠠᠲᠠᠢ ᠪᠣᠯ᠂ ᠦᠷᠭᠦᠯᠵᠢᠯᠡᠨ ᠬᠦᠴᠦᠨ ᠲᠠᠢ ᠪᠠᠶᠢᠬᠤ ᠪᠠᠷ ᠨᠤᠲᠠᠯᠠᠬᠤ | ᠬᠡᠷᠡᠭᠲᠡᠢ᠃ | ᠭᠤᠷᠪᠠ᠂ ᠢᠯᠭᠠᠷᠠᠭᠤᠯᠬᠤ ᠠᠯᠬᠤᠮ ᠳᠠᠷᠠᠭ᠎ᠠ ᠬᠢᠭᠡᠳ ᠢᠯᠭᠠᠷᠠᠭᠤᠯᠤᠭᠰᠠᠨ ᠦᠷ᠎ᠡ ᠳ᠋ᠦᠩ ᠤᠨ ᠬᠡᠷᠡᠭᠯᠡᠯᠲᠡ | ᠲᠤᠰ ᠤᠳᠠᠭᠠᠨ ᠤ ᠢᠯᠭᠠᠷᠠᠭᠤᠯᠬᠤ ᠠᠵᠢᠯ ᠢ ︽ᠬᠡᠨ ᠲᠣᠭᠲᠠᠭᠠᠭᠰᠠᠨ ᠪᠣᠯ ᠲᠡᠳᠡ ᠢᠯᠭᠠᠷᠠᠭᠤᠯᠬᠤ︾ | ᠵᠠᠷᠴᠢᠮ ᠤᠨ ᠶᠤᠰᠤᠭᠠᠷ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠵᠤ ᠶᠠᠪᠤᠭᠤᠯᠤᠭᠰᠠᠨ | ᠪᠠᠶᠢᠭᠤᠯᠭ᠎ᠠ ᠠᠴᠠ ᠢᠯᠭᠠᠷᠠᠭᠤᠯᠵᠤ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠤᠨ ᠬᠢᠭᠡᠳ ᠵᠠᠰᠠᠭ ᠤᠨ | ᠣᠷᠳᠤᠨ ᠤ ᠠᠯᠪᠠᠨ ᠲᠢᠩᠬᠢᠮ ︵ᠠᠯᠪᠠᠨ ᠭᠡᠷ︶ ᠤᠨ ᠨᠡᠷ᠎ᠡ ᠪᠠᠷ ᠲᠣᠭᠲᠠᠭᠠᠵᠤ ᠶᠠᠪᠤᠭᠤᠯᠤᠭᠰᠠᠨ ᠠᠯᠪᠠᠨ ᠪᠢᠴᠢᠭ ᠢ | ᠠᠳᠠᠯᠢ ᠱᠠᠲᠤᠨ ᠤ ᠵᠠᠰᠠᠭ ᠤᠨ ᠣᠷᠳᠤᠨ ᠤ ᠬᠠᠤᠯᠢ ᠳᠦᠷᠢᠮ ᠤᠨ ᠪᠠᠶᠢᠭᠤᠯᠤᠮᠵᠢ ᠠᠴᠠ ᠲᠦᠷᠦᠭᠦᠯᠡᠨ ᠬᠠᠷᠢᠭᠤᠴᠠᠵᠤ | ᠢᠯᠭᠠᠷᠠᠭᠤᠯᠬᠤ ᠬᠡᠷᠡᠭᠲᠡᠢ᠃ ᠲᠤᠰ ᠤᠳᠠᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠢᠯᠭᠠᠷᠠᠭᠤᠯᠬᠤ | ᠠᠵᠢᠯ ᠢ 2015 ᠣᠨ ᠤ 10 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠪᠡᠶᠡᠯᠡᠭᠦᠯᠬᠦ ᠬᠡᠷᠡᠭᠲᠡᠢ᠃ | ︵ᠨᠢᠭᠡ︶ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠬᠢᠭᠡᠳ ᠵᠠᠰᠠᠭ ᠤᠨ | ᠣᠷᠳᠤᠨ ᠤ ᠠᠯᠪᠠᠨ ᠲᠢᠩᠬᠢᠮ ᠤᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢᠯᠭᠠᠷᠠᠭᠤᠯᠬᠤ ᠶᠢ ᠦᠪᠡᠷᠲᠡᠭᠡᠨ | ᠵᠠᠰᠠᠬᠤ ᠣᠷᠣᠨ ᠤ ᠬᠠᠤᠯᠢ ᠳᠦᠷᠢᠮ ᠤᠨ ᠠᠯᠪᠠᠨ ᠭᠡᠷ ᠨᠢ ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠤᠨ ᠤ | ᠠᠯᠪᠠᠨ ᠲᠢᠩᠬᠢᠮ ᠲᠠᠢ ᠬᠠᠮᠲᠤᠷᠠᠨ ᠣᠳᠣ ᠶᠢᠨ ᠬᠡᠷᠡᠭᠵᠢᠭᠦᠯᠵᠦ ᠪᠠᠶᠢᠭ᠎ᠠ ᠬᠦᠴᠦᠨ ᠪᠦᠬᠦᠢ ᠵᠢᠷᠤᠮᠵᠢᠯ ᠤᠨ ᠴᠢᠨᠠᠷᠲᠠᠢ | ᠪᠢᠴᠢᠭ ᠮᠠᠲ᠋ᠧᠷᠢᠶᠠᠯ ᠤᠨ ᠭᠠᠷᠴᠠᠭ ᠢ ᠡᠮᠬᠢᠯᠡᠨ ᠭᠠᠷᠭᠠᠵᠤ᠂ 2015 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ | ᠡᠮᠦᠨ᠎ᠡ ᠤᠤᠯ ᠲᠤᠭᠤᠷᠪᠢᠭᠰᠠᠨ ᠰᠠᠯᠠᠭ᠎ᠠ ᠮᠦᠴᠢᠷ ᠲᠤ ᠰᠢᠯᠵᠢᠭᠦᠯᠬᠦ ᠪᠣᠶᠣ ᠣᠳᠣ ᠬᠡᠷᠡᠭᠵᠢᠭᠦᠯᠵᠦ ᠪᠠᠶᠢᠭ᠎ᠠ ᠰᠠᠯᠠᠭ᠎ᠠ | ᠮᠦᠴᠢᠷ ᠨᠢ ᠠᠵᠢᠯ ᠤᠨ ᠪᠣᠲᠠᠲᠠᠢ ᠲᠠᠢ ᠪᠠᠨ ᠤᠶᠠᠯᠳᠤᠭᠤᠯᠤᠨ ᠪᠢᠴᠢᠭ ᠮᠠᠲ᠋ᠧᠷᠢᠶᠠᠯ ᠳᠠᠷᠠᠭᠠᠯᠠᠨ ᠰᠤᠳᠤᠯᠤᠯᠲᠠ ᠬᠢᠵᠦ | ᠂ ᠲᠡᠬᠡᠷᠡᠬᠢ ᠢᠯᠭᠠᠷᠠᠭᠤᠯᠬᠤ ᠵᠠᠷᠴᠢᠮ ᠤᠨ ᠶᠣᠰᠤᠭᠠᠷ ᠪᠢᠴᠢᠭ ᠮᠠᠲ᠋ᠧᠷᠢᠶᠠᠯ ᠳᠠᠷᠠᠭᠠᠯᠠᠨ ᠬᠦᠴᠦᠨ ᠦᠭᠡᠢ ᠪᠣᠯᠭᠠᠬᠤ᠂ | ᠬᠦᠴᠦᠨ ᠦᠭᠡᠢ ᠪᠣᠯᠣᠭᠰᠠᠨ᠂ ᠦᠷᠭᠦᠯᠵᠢᠯᠡᠨ ᠬᠦᠴᠦᠨ ᠲᠠᠢ ᠪᠠᠶᠢᠬᠤ ᠪᠣᠶᠣ ᠵᠠᠰᠠᠪᠤᠷᠢ ᠣᠷᠤᠭᠤᠯᠤᠭᠰᠠᠨ ᠤ ᠳᠠᠷᠠᠭ᠎ᠠ | ᠳᠠᠬᠢᠵᠤ ᠰᠢᠨ᠎ᠡ ᠪᠠᠷ ᠨᠡᠶᠢᠲᠡᠯᠡᠬᠦ ᠰᠠᠨᠠᠭᠤᠯᠭ᠎ᠠ ᠳᠤᠷᠠᠳᠬᠤ ᠶᠢᠨ ᠬᠠᠮᠲᠤ 7 ᠳ᠋ᠤᠭᠠᠷ ᠰᠠᠷ᠎ᠠ ᠶᠢᠨ ᠰᠡᠭᠦᠯᠴᠢ ᠠᠴᠠ | ᠡᠮᠦᠨ᠎ᠡ ︽ᠵᠠᠰᠠᠭ ᠤᠨ ᠣᠷᠳᠤᠨ ᠳᠤ ᠳᠡᠪᠰᠢᠭᠦᠯᠦᠨ ᠵᠠᠰᠠᠪᠤᠷᠢ ᠣᠷᠤᠭᠤᠯᠬᠤ᠂ ᠬᠦᠴᠦᠨ ᠦᠭᠡᠢ ᠪᠣᠯᠭᠠᠬᠤ | ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠭᠠᠷᠴᠠᠭ︾ ︵ᠨᠠᠷᠢᠨ ᠠᠭᠤᠯᠭ᠎ᠠ ᠶᠢ ᠳᠠᠭᠠᠯᠳᠤᠭᠤᠯᠤᠯ 1 ᠳᠤ | ᠦᠵᠡ︶ ᠲᠠᠢ ᠬᠠᠮᠲᠤ ᠳᠤᠨᠢ ᠦᠪᠡᠷᠲᠡᠭᠡᠨ ᠵᠠᠰᠠᠬᠤ ᠣᠷᠣᠨ ᠤ ᠬᠠᠤᠯᠢ ᠳᠦᠷᠢᠮ ᠤᠨ ᠠᠯᠪᠠᠨ ᠭᠡᠷ ᠲᠤ ᠮᠡᠳᠡᠭᠦᠯᠵᠦ | ᠬᠢᠨᠠᠨ ᠬᠠᠷᠭᠤᠭᠤᠯᠬᠤ ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠤ ᠬᠠᠤᠯᠢ ᠳᠦᠷᠢᠮ ᠤᠨ ᠠᠯᠪᠠᠨ ᠭᠡᠷ ᠨᠢ | ᠦᠪᠡᠷᠲᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠦᠴᠢᠷ ᠤᠨ ᠢᠯᠭᠠᠷᠠᠭᠤᠯᠬᠤ ᠰᠠᠨᠠᠭᠤᠯᠭ᠎ᠠ ᠳᠤ ᠪᠢᠴᠢᠭ ᠮᠠᠲ᠋ᠧᠷᠢᠶᠠᠯ | ᠳᠠᠷᠠᠭᠠᠯᠠᠨ ᠬᠢᠨᠠᠨ ᠬᠠᠷᠭᠤᠭᠤᠯᠬᠤ᠂ ᠪᠢᠴᠢᠭ ᠮᠠᠲ᠋ᠧᠷᠢᠶᠠᠯ ᠳᠠᠷᠠᠭᠠᠯᠠᠨ ᠢᠯᠭᠠᠷᠠᠭᠤᠯᠬᠤ ᠰᠠᠨᠠᠯ ᠳᠤᠷᠠᠳᠬᠤ ᠶᠢᠨ | ᠬᠠᠮᠲᠤ ᠬᠤᠷᠢᠶᠠᠩᠭᠤᠶᠢᠯᠠᠭᠰᠠᠨ ᠤ ᠳᠠᠷᠠᠭ᠎ᠠ ᠪᠠᠨ 9 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠦᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠳᠤ ᠮᠡᠳᠡᠭᠦᠯᠵᠦ ᠬᠢᠨᠠᠨ ᠲᠣᠭᠲᠠᠭᠠᠯᠭᠠᠬᠤ ᠬᠡᠷᠡᠭᠲᠡᠢ᠃ | ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠬᠢᠨᠠᠨ ᠲᠣᠭᠲᠠᠭᠠᠭᠰᠠᠨ ᠤ ᠳᠠᠷᠠᠭ᠎ᠠ | ᠦᠷᠭᠦᠯᠵᠢᠯᠡᠨ ᠬᠦᠴᠦᠨ ᠲᠠᠢ᠂ ᠬᠦᠴᠦᠨ ᠦᠭᠡᠢ ᠪᠣᠯᠭᠠᠭᠰᠠᠨ ᠪᠠ ᠬᠦᠴᠦᠨ ᠦᠭᠡᠢ ᠪᠣᠯᠣᠭᠰᠠᠨ ᠵᠢᠷᠤᠮᠵᠢᠯ ᠤᠨ | ᠴᠢᠨᠠᠷᠲᠠᠢ ᠪᠢᠴᠢᠭ ᠮᠠᠲ᠋ᠧᠷᠢᠶᠠᠯ ᠤᠨ ᠭᠠᠷᠴᠠᠭ ᠢ ᠨᠡᠶᠢᠭᠡᠮ ᠳᠤ ᠨᠡᠶᠢᠲᠡᠯᠡᠬᠦ ᠬᠡᠷᠡᠭᠲᠡᠢ︔ ᠵᠠᠰᠠᠪᠤᠷᠢ ᠣᠷᠤᠭᠤᠯᠤᠭᠰᠠᠨ ᠤ | ᠳᠠᠷᠠᠭ᠎ᠠ ᠳᠠᠬᠢᠵᠤ ᠰᠢᠨ᠎ᠡ ᠪᠠᠷ ᠨᠡᠶᠢᠲᠡᠯᠡᠬᠦ ᠴᠢᠬᠤᠯᠠᠲᠠᠢ ᠪᠣᠯ᠂ ᠣᠣᠯ ᠲᠤᠭᠤᠷᠪᠢᠭᠰᠠᠨ ᠰᠠᠯᠠᠭ᠎ᠠ ᠮᠥᠴᠢᠷ ᠪᠣᠶᠣ | ᠣᠳᠣ ᠬᠡᠷᠡᠭᠵᠢᠭᠦᠯᠵᠦ ᠪᠠᠶᠢᠭ᠎ᠠ ᠰᠠᠯᠠᠭ᠎ᠠ ᠮᠦᠴᠢᠷ ᠲᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠵᠠᠰᠠᠪᠤᠷᠢ | ᠣᠷᠤᠭᠤᠯᠤᠭᠰᠠᠨ ᠡᠬᠡ ᠨᠤᠤᠷᠠᠭ ᠢ ᠬᠤᠭᠤᠴᠠᠭ᠎ᠠ ᠬᠢᠵᠠᠭᠠᠷᠯᠠᠨ ᠮᠡᠳᠡᠭᠦᠯᠦᠨ ᠬᠦᠷᠭᠡᠬᠦ ᠶᠢ ᠳᠠᠭᠠᠭᠠᠯᠭᠠᠨ᠎ᠠ᠃ | ︵ᠬᠤᠶᠠᠷ︶ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠡᠯ᠎ᠡ | ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠤᠨ ᠨᠤᠭᠤᠳ ᠵᠢᠷᠤᠮᠵᠢᠯ ᠤᠨ | ᠴᠢᠨᠠᠷᠲᠠᠢ ᠪᠢᠴᠢᠭ ᠮᠠᠲ᠋ᠧᠷᠢᠶᠠᠯ ᠢ ᠢᠯᠭᠠᠷᠠᠭᠤᠯᠬᠤ ᠳᠤ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠤᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠢᠯᠭᠠᠷᠠᠭᠤᠯᠬᠤ ᠠᠷᠭ᠎ᠠ ᠪᠣᠯᠣᠨ ᠠᠯᠬᠤᠮ ᠳᠠᠷᠠᠭ᠎ᠠ ᠪᠠᠷ | ᠯᠠᠪᠯᠠᠯᠲᠠ ᠪᠣᠯᠭᠠᠨ ᠭᠦᠢᠴᠡᠳᠭᠡᠬᠦ ᠶᠢᠨ ᠬᠠᠮᠲᠤ ᠦᠷᠭᠦᠯᠵᠢᠯᠡᠨ ᠬᠦᠴᠦᠨ ᠲᠠᠢ ᠪᠠᠶᠢᠬᠤ᠂ ᠬᠦᠴᠦᠨ ᠦᠭᠡᠢ | ᠪᠣᠯᠭᠠᠭᠰᠠᠨ ᠪᠠ ᠬᠦᠴᠦᠨ ᠦᠭᠡᠢ ᠪᠣᠯᠣᠭᠰᠠᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠭᠠᠷᠴᠠᠭ ᠢ | 2015 ᠣᠨ ᠤ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠨᠡᠶᠢᠭᠡᠮ ᠳᠤ ᠨᠡᠶᠢᠲᠡᠯᠡᠬᠦ ᠬᠡᠷᠡᠭᠲᠡᠢ᠃ | ︵ᠭᠤᠷᠪᠠ︶ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠤᠨ᠂ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠤᠨ ᠤ ᠠᠵᠢᠯ ᠤᠨ ᠰᠠᠯᠠᠭ᠎ᠠ ᠮᠦᠴᠢᠷ ᠪᠣᠯᠣᠨ ᠬᠠᠤᠯᠢ | ᠴᠠᠭᠠᠵᠠ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ ᠶᠢᠨ ᠲᠣᠭᠲᠠᠭᠠᠭᠰᠠᠨ | ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠪᠤᠯ ᠲᠣᠭᠲᠠᠭᠠᠵᠤ ᠶᠠᠪᠤᠭᠤᠯᠤᠭᠰᠠᠨ ᠪᠠᠶᠢᠭᠤᠯᠭ᠎ᠠ ᠠᠴᠠ | ᠬᠠᠷᠢᠭᠤᠴᠠᠨ ᠢᠯᠭᠠᠷᠠᠭᠤᠯᠤᠨ᠎ᠠ︔ ᠰᠠᠯᠠᠭ᠎ᠠ ᠮᠦᠴᠢᠷ ᠬᠠᠮᠲᠤᠷᠠᠨ ᠲᠣᠭᠲᠠᠭᠠᠵᠤ ᠶᠠᠪᠤᠭᠤᠯᠤᠭᠰᠠᠨ ᠵᠢᠷᠤᠮᠵᠢᠯ ᠤᠨ | ᠴᠢᠨᠠᠷᠲᠠᠢ ᠪᠢᠴᠢᠭ ᠮᠠᠲ᠋ᠧᠷᠢᠶᠠᠯ ᠪᠣᠶᠣ ᠣᠯᠠᠨ ᠰᠠᠯᠠᠭ᠎ᠠ ᠮᠦᠴᠢᠷ ᠤᠨ ᠡᠭᠦᠷᠭᠡ ᠬᠠᠷᠢᠭᠤᠴᠠᠯᠭ᠎ᠠ ᠳᠤ ᠬᠤᠯᠪᠣᠭᠳᠠᠬᠤ | ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠪᠤᠯ ᠲᠦᠷᠦᠭᠦᠯᠡᠭᠰᠡᠨ ᠰᠠᠯᠠᠭ᠎ᠠ ᠮᠦᠴᠢᠷ ᠨᠢ ᠬᠠᠮᠢᠶ᠎ᠠ ᠪᠦᠬᠦᠢ | ᠰᠠᠯᠠᠭ᠎ᠠ ᠮᠦᠴᠢᠷ ᠲᠠᠢ ᠬᠠᠮᠲᠤᠷᠠᠨ ᠬᠠᠷᠢᠭᠤᠴᠠᠵᠤ ᠢᠯᠭᠠᠷᠠᠭᠤᠯᠤᠨ᠂ ᠢᠯᠭᠠᠷᠠᠭᠤᠯᠬᠤ ᠠᠯᠬᠤᠮ ᠳᠠᠷᠠᠭ᠎ᠠ ᠶᠢ | ᠦᠪᠡᠷ ᠲᠡᠭᠡᠨ ᠲᠣᠭᠲᠠᠭᠠᠬᠤ ᠪᠣᠯᠪᠠᠴᠤ ᠦᠷᠭᠦᠯᠵᠢᠯᠡᠨ ᠬᠦᠴᠦᠨ ᠲᠠᠢ ᠪᠠᠶᠢᠬᠤ᠂ ᠬᠦᠴᠦᠨ ᠦᠭᠡᠢ ᠪᠣᠯᠭᠠᠭᠰᠠᠨ ᠪᠠ | ᠬᠦᠴᠦᠨ ᠦᠭᠡᠢ ᠪᠣᠯᠣᠭᠰᠠᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠭᠠᠷᠴᠠᠭ ᠢ 2015 ᠣᠨ ᠤ 10 | ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠨᠡᠶᠢᠭᠡᠮ ᠳᠤ ᠨᠡᠶᠢᠲᠡᠯᠡᠬᠦ ᠬᠡᠷᠡᠭᠲᠡᠢ᠃ | ︵ᠳᠥᠷᠪᠡ︶ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ ᠪᠠ | ᠦᠪᠡᠷᠲᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠦᠴᠢᠷ ᠤᠳ 2015 ᠣᠨ ᠤ 10 ᠳ᠋ᠤᠭᠠᠷ ᠰᠠᠷ᠎ᠠ ᠶᠢᠨ | ᠰᠡᠭᠦᠯᠴᠢ ᠠᠴᠠ ᠡᠮᠦᠨ᠎ᠡ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠢᠯᠭᠠᠷᠠᠭᠤᠯᠤᠭᠰᠠᠨ ᠪᠠᠶᠢᠳᠠᠯ ᠤᠨ | ᠮᠡᠳᠡᠭᠦᠯᠦᠯᠲᠡ ᠬᠢᠭᠡᠳ ᠢᠯᠭᠠᠷᠠᠭᠤᠯᠤᠭᠰᠠᠨ ᠪᠠᠶᠢᠳᠠᠯ ᠤᠨ ᠲᠤᠭ᠎ᠠ ᠪᠦᠷᠢᠳᠭᠡᠯ ᠤᠨ ᠬᠦᠰᠦᠨᠦᠭᠲᠦ ︵ᠨᠠᠷᠢᠨ | ᠠᠭᠤᠯᠭ᠎ᠠ ᠶᠢ ᠳᠠᠭᠠᠯᠳᠤᠭᠤᠯᠤᠯ 2᠂ ᠳᠠᠭᠠᠯᠳᠤᠭᠤᠯᠤᠯ 3 ᠳᠤ ᠦᠵᠡ︶ ᠶᠢ ᠦᠪᠡᠷᠲᠡᠭᠡᠨ ᠵᠠᠰᠠᠬᠤ ᠣᠷᠣᠨ ᠤ | ᠬᠠᠤᠯᠢ ᠳᠦᠷᠢᠮ ᠤᠨ ᠠᠯᠪᠠᠨ ᠭᠡᠷ ᠲᠤ ᠮᠡᠳᠡᠭᠦᠯᠬᠦ ᠬᠡᠷᠡᠭᠲᠡᠢ᠂ ᠡᠭᠦᠨ ᠳᠤ ᠠᠶᠢᠮᠠᠭ ᠬᠤᠲᠠ ᠶᠢᠨ ᠢᠯᠭᠠᠷᠠᠭᠤᠯᠤᠭᠰᠠᠨ | ᠪᠠᠶᠢᠳᠠᠯ ᠤᠨ ᠮᠡᠳᠡᠭᠦᠯᠦᠯᠲᠡ ᠳᠤ ᠠᠶᠢᠮᠠᠭ ᠬᠤᠲᠠ ᠶᠢᠨ ᠲᠤᠰ ᠱᠠᠲᠤ ᠬᠢᠭᠡᠳ ᠲᠡᠭᠦᠨ ᠤ ᠰᠠᠯᠠᠭ᠎ᠠ ᠮᠦᠴᠢᠷ᠂ | ᠬᠠᠷᠢᠶ᠎ᠠ ᠬᠤᠰᠢᠭᠤ ᠰᠢᠶᠠᠨ ︵ᠬᠤᠲᠠ᠂ ᠲᠣᠭᠤᠷᠢᠭ︶ ᠬᠢᠭᠡᠳ ᠲᠡᠭᠦᠨ ᠤ ᠰᠠᠯᠠᠭ᠎ᠠ ᠮᠦᠴᠢᠷ ᠵᠢᠴᠢ ᠰᠤᠮᠤ ᠰᠢᠶᠠᠩ | ᠪᠠᠯᠭᠠᠰᠤ ᠶᠢᠨ ᠠᠷᠠᠳ ᠤᠨ ᠵᠠᠰᠠᠭ ᠤᠨ ᠣᠷᠳᠤᠨ ᠤ ᠢᠯᠭᠠᠷᠠᠭᠤᠯᠤᠭᠰᠠᠨ ᠪᠠᠶᠢᠳᠠᠯ ᠢ ᠪᠠᠭᠲᠠᠭᠠᠬᠤ ᠬᠡᠷᠡᠭᠲᠡᠢ᠃ | ︵ᠲᠠᠪᠤ︶ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠵᠤ ᠶᠠᠪᠤᠭᠤᠯᠤᠭᠰᠠᠨ ᠪᠠᠶᠢᠭᠤᠯᠭ᠎ᠠ ᠨᠢ | 2015 ᠣᠨ ᠤ 11 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠨᠡᠶᠢᠭᠡᠮ ᠳᠤ ᠨᠡᠶᠢᠲᠡᠯᠡᠬᠦ ᠵᠢᠷᠤᠮᠵᠢᠯ ᠤᠨ | ᠴᠢᠨᠠᠷᠲᠠᠢ ᠪᠢᠴᠢᠭ ᠮᠠᠲ᠋ᠧᠷᠢᠶᠠᠯ ᠤᠨ ᠭᠠᠷᠴᠠᠭ ᠲᠠᠢ ᠪᠢᠴᠢᠭ ᠮᠠᠲ᠋ᠧᠷᠢᠶᠠᠯ ᠢᠶᠠᠨ ᠪᠦᠷᠢᠳᠭᠡᠨ ᠳᠠᠩᠰᠠᠯᠠᠵᠤ ᠬᠢᠨᠠᠯᠲᠠ | ᠲᠠᠯᠪᠢᠬᠤ ᠶᠢ ᠬᠠᠷᠢᠭᠤᠴᠠᠵᠦ ᠪᠠᠶᠢᠭ᠎ᠠ ᠵᠠᠰᠠᠭ ᠤᠨ ᠣᠷᠳᠤᠨ ᠤ ᠬᠠᠤᠯᠢ ᠳᠦᠷᠢᠮ ᠤᠨ ᠪᠠᠶᠢᠭᠤᠯᠤᠮᠵᠢ ᠳᠤ ᠮᠡᠳᠡᠭᠦᠯᠵᠦ | ᠪᠦᠷᠢᠳᠭᠡᠨ ᠳᠠᠩᠰᠠᠯᠠᠭᠤᠯᠬᠤ ᠬᠡᠷᠡᠭᠲᠡᠢ᠃ | ︵ᠵᠢᠷᠭᠤᠭ᠎ᠠ︶ ᠲᠤᠰ ᠤᠳᠠᠭᠠᠨ ᠤ ᠪᠦᠬᠦ ᠲᠠᠯ᠎ᠠ ᠪᠠᠷ ᠢᠯᠭᠠᠷᠠᠭᠤᠯᠬᠤ ᠠᠵᠢᠯ ᠳᠠᠭᠤᠰᠤᠭᠰᠠᠨ ᠤ ᠳᠠᠷᠠᠭ᠎ᠠ᠂ | ᠦᠷᠭᠦᠯᠵᠢᠯᠡᠨ ᠬᠦᠴᠦᠨ ᠲᠠᠢ ᠪᠠᠶᠢᠯᠭᠠᠬᠤ ᠭᠠᠷᠴᠠᠭ ᠲᠤ ᠵᠢᠭᠰᠠᠭᠠᠨ ᠣᠷᠤᠭᠤᠯᠤᠭᠰᠠᠨ ᠦᠭᠡᠢ ᠵᠢᠷᠤᠮᠵᠢᠯ ᠤᠨ | ᠴᠢᠨᠠᠷᠲᠠᠢ ᠪᠢᠴᠢᠭ ᠮᠠᠲ᠋ᠧᠷᠢᠶᠠᠯ ᠢ ᠴᠦᠮ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠦᠨᠳᠦᠰᠦᠯᠡᠯ ᠪᠣᠯᠭᠠᠵᠤ ᠪᠣᠯᠬᠤ | ᠦᠭᠡᠢ᠃ | ᠳᠥᠷᠪᠡ᠂ ᠵᠣᠬᠢᠶᠠᠨ ᠪᠠᠶᠢᠭᠤᠯᠵᠤ ᠬᠡᠷᠡᠭᠵᠢᠭᠦᠯᠬᠦ | ᠲᠤᠰ ᠤᠳᠠᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠪᠦᠬᠦ ᠲᠠᠯ᠎ᠠ ᠪᠠᠷ ᠢᠯᠭᠠᠷᠠᠭᠤᠯᠬᠤ | ᠠᠵᠢᠯ ᠢ ᠪᠤᠯ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠨᠢᠭᠡᠲᠦᠯᠲᠡᠢ | ᠤᠳᠤᠷᠢᠳᠤᠯᠭ᠎ᠠ ᠶᠢᠨ ᠳᠣᠣᠷ᠎ᠠ᠂ ᠦᠪᠡᠷᠲᠡᠭᠡᠨ ᠵᠠᠰᠠᠬᠤ ᠣᠷᠣᠨ ᠤ ᠬᠠᠤᠯᠢ ᠳᠦᠷᠢᠮ ᠤᠨ ᠠᠯᠪᠠᠨ ᠭᠡᠷ ᠠᠴᠠ | ᠲᠦᠷᠦᠭᠦᠯᠡᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠤᠨ᠂ ᠡᠯ᠎ᠡ | ᠰᠠᠯᠠᠭ᠎ᠠ ᠮᠦᠴᠢᠷ ᠤᠳ ᠬᠠᠤᠯᠢ ᠳᠦᠷᠢᠮ ᠤᠨ ᠨᠢᠭᠡᠲᠦᠯᠲᠡᠢ ᠪᠠᠶᠢᠬᠤ ᠶᠢ ᠬᠠᠮᠠᠭᠠᠯᠠᠬᠤ ᠳᠡᠭᠡᠳᠦ ᠬᠡᠮᠵᠢᠶᠡᠨ ᠠᠴᠠ᠂ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠠᠷᠢᠨ ᠨᠢᠭᠲᠠ ᠲᠣᠬᠢᠷᠠᠭᠤᠯᠤᠨ | ᠪᠠᠶᠢᠷᠢᠯᠠᠭᠤᠯᠵᠤ᠂ ᠢᠳᠡᠪᠬᠢᠲᠡᠢ ᠪᠠᠷ ᠵᠣᠬᠢᠴᠠᠭᠤᠯᠤᠨ ᠬᠠᠮᠵᠢᠯᠴᠠᠵᠤ᠂ ᠨᠠᠷᠢᠨ ᠨᠢᠮᠪᠠᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠢᠯᠭᠠᠷᠠᠭᠤᠯᠬᠤ ᠠᠵᠢᠯ ᠤᠨ ᠣᠷᠤᠭᠰᠢᠲᠠᠢ ᠪᠡᠶᠡᠯᠡᠭᠳᠡᠬᠦ ᠶᠢ ᠦᠨᠡᠨᠬᠦ ᠪᠠᠲᠤᠯᠠᠬᠤ ᠬᠡᠷᠡᠭᠲᠡᠢ᠃ | ᠦᠪᠡᠷᠲᠡᠭᠡᠨ ᠵᠠᠰᠠᠬᠤ ᠣᠷᠣᠨ ᠤ ᠬᠠᠤᠯᠢ ᠳᠦᠷᠢᠮ ᠤᠨ ᠠᠯᠪᠠᠨ ᠭᠡᠷ ᠨᠢ ᠪᠦᠬᠦ ᠣᠷᠣᠨ ᠤ ᠵᠢᠷᠤᠮᠵᠢᠯ ᠤᠨ | ᠴᠢᠨᠠᠷᠲᠠᠢ ᠪᠢᠴᠢᠭ ᠮᠠᠲ᠋ᠧᠷᠢᠶᠠᠯ ᠢᠯᠭᠠᠷᠠᠭᠤᠯᠬᠤ ᠠᠵᠢᠯ ᠢ ᠵᠢᠯᠤᠭᠤᠳᠴᠤ ᠵᠣᠬᠢᠴᠠᠭᠤᠯᠬᠤ ᠪᠠᠨ ᠴᠢᠩᠭᠠᠳᠬᠠᠬᠤ | ᠬᠡᠷᠡᠭᠲᠡᠢ᠃ ᠡᠯ᠎ᠡ ᠠᠶᠢᠮᠠᠭ ᠬᠤᠲᠠ ᠨᠤᠭᠤᠳ ᠠᠶᠢᠮᠠᠭ ᠬᠤᠲᠠ ᠶᠢᠨ ᠲᠤᠰ ᠱᠠᠲᠤᠨ ᠤ ᠢᠯᠭᠠᠷᠠᠭᠤᠯᠬᠤ ᠠᠵᠢᠯ ᠢ | ᠵᠣᠬᠢᠶᠠᠨ ᠪᠠᠶᠢᠭᠤᠯᠵᠤ ᠪᠡᠶᠡᠯᠡᠭᠦᠯᠬᠦ ᠶᠢᠨ ᠬᠠᠮᠲᠤ᠂ ᠬᠠᠷᠢᠶ᠎ᠠ ᠬᠤᠰᠢᠭᠤ ᠰᠢᠶᠠᠨ ︵ᠬᠤᠲᠠ᠂ ᠲᠣᠭᠤᠷᠢᠭ︶ ᠤ | ᠢᠯᠭᠠᠷᠠᠭᠤᠯᠬᠤ ᠠᠵᠢᠯ ᠢ ᠰᠢᠮᠳᠠᠭᠤᠯᠤᠨ ᠪᠠᠶᠢᠴᠠᠭᠠᠬᠤ ᠪᠠᠨ ᠴᠢᠩᠭᠠᠳᠬᠠᠬᠤ ᠬᠡᠷᠡᠭᠲᠡᠢ᠃ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠤᠨ ᠤ ᠠᠵᠢᠯ ᠤᠨ ᠰᠠᠯᠠᠭ᠎ᠠ ᠮᠦᠴᠢᠷ ᠨᠢ ᠲᠤᠰ ᠰᠠᠯᠠᠭ᠎ᠠ | ᠮᠦᠴᠢᠷ ᠤᠨ ᠢᠶᠠᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢᠯᠭᠠᠷᠠᠭᠤᠯᠬᠤ ᠠᠵᠢᠯ ᠢ ᠰᠠᠶᠢᠲᠤᠷ ᠬᠢᠬᠦ ᠶᠢᠨ | ᠬᠠᠮᠲᠤ᠂ ᠲᠤᠰ ᠰᠠᠯᠠᠭ᠎ᠠ ᠮᠦᠴᠢᠷ ᠲᠤ ᠠᠯᠪᠠᠨ ᠭᠡᠷ ᠪᠠᠶᠢᠭᠤᠯᠤᠭᠰᠠᠨ ᠲᠦᠷ ᠴᠠᠭ ᠤᠨ ᠪᠠᠶᠢᠭᠤᠯᠤᠮᠵᠢ᠂ ᠬᠡᠷᠡᠭ | ᠶᠠᠪᠤᠳᠠᠯ ᠢ ᠵᠦᠪᠯᠡᠨ ᠵᠣᠬᠢᠴᠠᠭᠤᠯᠬᠤ ᠪᠠᠶᠢᠭᠤᠯᠤᠮᠵᠢ ᠵᠢᠴᠢ ᠲᠤᠰ ᠰᠠᠯᠠᠭ᠎ᠠ ᠮᠦᠴᠢᠷ ᠤᠨ ᠬᠠᠮᠢᠶᠠᠷᠴᠤ ᠪᠦᠬᠦᠢ | ᠬᠤᠶᠠᠳᠤᠭᠠᠷ ᠳᠡᠰ ᠤᠨ ᠨᠢᠭᠡᠴᠡ᠂ ᠬᠠᠮᠲᠤᠷᠠᠨ ᠠᠵᠢᠯᠯᠠᠬᠤ ᠨᠢᠭᠡᠴᠡ᠂ ᠫᠠᠶᠢᠰᠠ ᠡᠯᠭᠦᠭᠰᠡᠨ ᠨᠢᠭᠡᠴᠡ᠂ ᠲᠣᠮᠢᠯᠠᠭᠰᠠᠨ | ᠪᠠᠶᠢᠭᠤᠯᠤᠮᠵᠢ ᠶᠢᠨ ᠲᠣᠭᠲᠠᠭᠠᠵᠤ ᠶᠠᠪᠤᠭᠤᠯᠤᠭᠰᠠᠨ ᠪᠢᠴᠢᠭ ᠮᠠᠲ᠋ᠧᠷᠢᠶᠠᠯ ᠢᠯᠭᠠᠷᠠᠭᠤᠯᠬᠤ ᠠᠵᠢᠯ ᠢ ᠬᠠᠷᠢᠭᠤᠴᠠᠵᠤ᠂ | ᠪᠦᠬᠦ ᠲᠠᠯ᠎ᠠ ᠪᠠᠷ ᠢᠯᠭᠠᠷᠠᠭᠤᠯᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃ | ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠳ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ | ᠢᠯᠭᠠᠷᠠᠭᠤᠯᠬᠤ ᠠᠵᠢᠯ ᠤᠨ ᠳᠤᠮᠳᠠ ᠴᠢᠬᠤᠯᠠ ᠶᠡᠭᠡ ᠠᠰᠠᠭᠤᠳᠠᠯ ᠪᠣᠯᠣᠨ ᠴᠢᠬᠤᠯᠠ ᠪᠠᠶᠢᠳᠠᠯ ᠲᠤᠯᠭᠠᠷᠠᠪᠠᠯ᠂ | ᠦᠪᠡᠷᠲᠡᠭᠡᠨ ᠵᠠᠰᠠᠬᠤ ᠣᠷᠣᠨ ᠤ ᠬᠠᠤᠯᠢ ᠳᠦᠷᠢᠮ ᠤᠨ ᠠᠯᠪᠠᠨ ᠭᠡᠷ ᠲᠤ ᠴᠠᠭ ᠲᠣᠬᠠᠢ ᠳᠤᠨᠢ ᠬᠠᠷᠢᠭᠤ ᠲᠤᠰᠬᠠᠬᠤ | ᠬᠡᠷᠡᠭᠲᠡᠢ᠃ | ᠳᠠᠭᠠᠯᠳᠤᠭᠤᠯᠤᠯ᠄ | 1. ᠵᠠᠰᠠᠭ ᠤᠨ ᠣᠷᠳᠤᠨ ᠳᠤ ᠳᠡᠪᠰᠢᠭᠦᠯᠦᠨ ᠵᠠᠰᠠᠪᠤᠷᠢ ᠣᠷᠤᠭᠤᠯᠬᠤ᠂ ᠬᠦᠴᠦᠨ ᠦᠭᠡᠢ ᠪᠣᠯᠭᠠᠬᠤ | ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠭᠠᠷᠴᠠᠭ ︵ᠲᠣᠪᠴᠢᠯᠠᠪᠠ︶ | 2. ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠢᠯᠭᠠᠷᠠᠭᠤᠯᠤᠭᠰᠠᠨ ᠠᠵᠢᠯ ᠤᠨ ᠪᠠᠶᠢᠳᠠᠯ ᠤᠨ | ᠪᠦᠷᠢᠳᠭᠡᠯ ᠤᠨ ᠬᠦᠰᠦᠨᠦᠭᠲᠦ ︵ᠲᠣᠪᠴᠢᠯᠠᠪᠠ︶ | 3. ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠢᠯᠭᠠᠷᠠᠭᠤᠯᠤᠭᠰᠠᠨ ᠭᠠᠷᠴᠠᠭ ︵ᠲᠣᠪᠴᠢᠯᠠᠪᠠ︶ | | |