ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠪᠦᠬᠦ ᠲᠠᠯ᠎ᠠ ᠪᠠᠷ ᠢᠯᠭᠠᠷᠠᠭᠤᠯᠬᠤ ᠠᠵᠢᠯ ᠢ ᠦᠷᠨᠢᠭᠦᠯᠬᠦ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2015/11/30
        ᠥᠪᠥᠷ ᠵᠠᠰᠠᠭ ᠠᠯᠪᠠᠨ ᠲᠠᠷᠬᠠᠭᠠᠭᠰᠠᠨ ﹇2015﹈ 61 ᠳ᠋ᠦ᠋ᠭᠡᠷ ᠲᠤᠭᠠᠳᠤ                     6 ᠳ᠋ᠤᠭᠠᠷ ᠰᠠᠷ᠎ᠠ ᠶᠢᠨ 8 ᠤ ᠡᠳᠥᠷᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠤᠨ᠂ ᠦᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ ᠳᠤ᠄      ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠬᠤ ᠪᠠ ᠪᠦᠷᠢᠳᠭᠡᠨ ᠳᠠᠩᠰᠠᠯᠠᠵᠤ ᠬᠢᠨᠠᠯᠲᠠ ᠲᠠᠯᠪᠢᠬᠤ ᠠᠷᠭ᠎ᠠ︾ ︵ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠵᠠᠷᠯᠢᠭ 191 ᠳ᠋ᠤᠭᠡᠷ ᠲᠣᠭᠠᠲᠤ᠂ ᠳᠣᠷᠤᠭᠰᠢ ︽ᠠᠷᠭ᠎ᠠ︾ ᠭᠡᠵᠦ ᠲᠣᠪᠴᠢᠯᠠᠨ᠎ᠠ︶ ᠶᠢᠨ ᠬᠤᠷᠢᠨ ᠵᠢᠷᠭᠤᠳᠤᠭᠠᠷ ᠵᠦᠢᠯ ᠳᠠᠬᠢ ︽ᠪᠠᠶᠢᠭᠤᠯᠭ᠎ᠠ ᠨᠤᠭᠤᠳ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠤᠶᠠᠷ ᠵᠢᠯ ᠳᠤ ᠨᠢᠭᠡ ᠤᠳᠠᠭ᠎ᠠ ᠢᠯᠭᠠᠷᠠᠭᠤᠯᠤᠯᠲᠠ ᠬᠢᠬᠦ ᠪᠠᠷ ᠲᠤᠭᠳᠠᠭᠠᠬᠤ︾ ᠲᠣᠭᠲᠠᠭᠠᠯ ᠶᠤᠰᠤᠭᠠᠷ᠂ ᠪᠦᠬᠦ ᠣᠷᠣᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠪᠦᠬᠦ ᠲᠠᠯ᠎ᠠ ᠪᠠᠷ ᠢᠯᠠᠭᠠᠷᠠᠭᠤᠯᠬᠤ ᠠᠵᠢᠯ ᠢ ᠦᠨᠡᠨᠬᠦ ᠰᠠᠶᠢᠲᠤᠷ ᠬᠢᠬᠦ ᠶᠢᠨ ᠲᠤᠰᠠᠳᠠ᠂ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠢᠶᠠᠷ ᠵᠥᠪᠰᠢᠶᠡᠷᠡᠭᠦᠯᠦᠭᠡᠳ᠂ ᠡᠳᠦᠭᠡ ᠬᠤᠯᠪᠤᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠪᠡ᠃      ᠨᠢᠭᠡ᠂ ᠢᠯᠭᠠᠷᠠᠭᠤᠯᠬᠤ ᠬᠡᠪᠴᠢᠶ᠎ᠡ      ︽ᠠᠷᠭ᠎ᠠ︾ ᠶᠢᠨ ᠳᠤᠯᠤᠳᠤᠭᠠᠷ ᠵᠦᠢᠯ ᠳᠤ ᠲᠣᠭᠲᠠᠭᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠪᠠ ᠵᠣᠬᠢᠶᠠᠨ ᠪᠠᠶᠢᠭᠤᠯᠤᠯᠲᠠ ᠶᠢᠨ 2013 ᠣᠨ ᠳᠤ ᠪᠦᠬᠦ ᠲᠠᠯ᠎ᠠ ᠪᠠᠷ ᠢᠯᠭᠠᠷᠠᠭᠤᠯᠤᠭᠰᠠᠨ ᠤ ᠲᠠᠷᠠᠭᠠᠬᠢ ᠦᠷᠭᠦᠯᠵᠢᠯᠡᠨ ᠬᠦᠴᠦᠨ ᠲᠠᠢ ᠪᠠᠶᠢᠯᠭᠠᠬᠤ ᠭᠠᠷᠴᠠᠭ ᠪᠣᠯᠣᠨ ᠵᠠᠰᠠᠪᠤᠷᠢ ᠣᠷᠤᠭᠤᠯᠤᠭᠰᠠᠨ ᠤ ᠲᠠᠷᠠᠭᠠᠬᠢ ᠳᠠᠬᠢᠵᠤ ᠰᠢᠨ᠎ᠡ ᠪᠠᠷ ᠨᠡᠶᠢᠲᠡᠯᠡᠭᠰᠡᠨ ᠭᠠᠷᠴᠠᠭ ᠲᠤ ᠵᠢᠭᠰᠠᠭᠠᠵᠤ ᠣᠷᠣᠭᠤᠯᠤᠭᠰᠠᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠵᠢᠴᠢ 2013 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ 2014 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠲᠣᠭᠲᠠᠭᠠᠵᠤ ᠶᠠᠪᠤᠭᠤᠯᠤᠭᠰᠠᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠨᠤᠭᠤᠳ᠃      ᠬᠤᠶᠠᠷ᠂ ᠢᠯᠭᠠᠷᠠᠭᠤᠯᠬᠤ ᠵᠠᠷᠴᠢᠮ      ︵ᠨᠢᠭᠡ︶ ᠭᠤᠣᠯ ᠠᠭᠤᠯᠭ᠎ᠠ ᠨᠢ ᠣᠳᠣ ᠶᠢᠨ ᠬᠡᠷᠡᠭᠵᠢᠭᠦᠯᠵᠦ ᠪᠠᠶᠢᠭ᠎ᠠ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠵᠢᠴᠢ ᠲᠡᠬᠡᠳᠤ ᠪᠠᠶᠢᠷᠢ ᠶᠢᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠲᠠᠢ ᠨᠡᠶᠢᠴᠡᠬᠦ ᠦᠭᠡᠢ᠂ ᠡᠰᠡᠭᠦᠯ᠎ᠡ ᠭᠤᠣᠯ ᠦᠨᠳᠦᠰᠦᠯᠡᠯ ᠪᠣᠯᠭᠠᠭᠰᠠᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠵᠢᠴᠢ ᠲᠡᠬᠡᠳᠤ ᠪᠠᠶᠢᠷᠢ ᠶᠢᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠨᠢ ᠬᠦᠴᠦᠨ ᠦᠭᠡᠢ ᠪᠣᠯᠣᠭᠰᠠᠨ᠂ ᠡᠰᠡᠭᠦᠯ᠎ᠡ ᠠᠳᠠᠯᠢ ᠪᠠᠶᠢᠷᠢ ᠶᠢᠨ ᠱᠠᠲᠤᠨ ᠤ ᠪᠤᠰᠤᠳ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠯᠤᠭ᠎ᠠ ᠬᠠᠷᠢᠯᠴᠠᠨ ᠬᠠᠷᠰᠢᠯᠳᠤᠭᠰᠠᠨ᠂ ᠡᠰᠡᠭᠦᠯ᠎ᠡ ᠣᠷᠣᠨ ᠨᠤᠲᠤᠭ ᠤᠨ ᠬᠠᠮᠠᠭᠠᠯᠠᠯᠲᠠ᠂ ᠠᠵᠢᠯ ᠲᠦᠷᠦᠯ ᠤᠨ ᠬᠠᠮᠠᠭᠠᠯᠠᠯᠲᠠ ᠵᠡᠷᠭᠡ ᠵᠣᠬᠢᠰ ᠦᠭᠡᠢ ᠠᠭᠤᠯᠭ᠎ᠠ ᠠᠭᠤᠯᠤᠭᠳᠠᠵᠤ᠂  ᠠᠵᠤ ᠠᠬᠤᠢ ᠨᠡᠶᠢᠭᠡᠮ ᠤᠨ ᠬᠥᠭᠵᠢᠯᠲᠡ  ᠶᠢᠨ  ᠬᠡᠷᠡᠭᠴᠡᠭᠡ  ᠳᠤ  ᠲᠣᠬᠢᠷᠠᠬᠤ  ᠦᠭᠡᠢ  ᠶᠢ  ᠨᠢ  ᠬᠦᠴᠦᠨ ᠦᠭᠡᠢ ᠪᠣᠯᠭᠠᠬᠤ ᠪᠠᠷ ᠨᠡᠶᠢᠲᠡᠯᠡᠬᠦ ᠬᠡᠷᠡᠭᠲᠡᠢ᠃        ︵ᠬᠤᠶᠠᠷ︶ ᠲᠦᠷ ᠴᠠᠭ ᠤᠨ ᠪᠠᠶᠢᠭᠤᠯᠤᠮᠵᠢ᠂ ᠤᠴᠢᠷ ᠶᠠᠪᠤᠳᠠᠯ ᠢ ᠵᠦᠪᠯᠡᠨ ᠵᠣᠬᠢᠴᠠᠭᠤᠯᠬᠤ ᠪᠠᠶᠢᠭᠤᠯᠤᠮᠵᠢ᠂ ᠰᠠᠯᠠᠭ᠎ᠠ ᠮᠦᠴᠢᠷ ᠤᠨ ᠲᠣᠮᠢᠯᠠᠭᠰᠠᠨ ᠪᠠᠶᠢᠭᠤᠯᠤᠮᠵᠢ᠂ ᠰᠠᠯᠠᠭ᠎ᠠ ᠮᠦᠴᠢᠷ ᠤᠨ ᠲᠤᠳᠤᠭᠠᠲᠤ ᠳᠠᠭᠠᠨ ᠪᠠᠶᠢᠷᠢᠯᠠᠭᠤᠯᠤᠭᠰᠠᠨ ᠪᠠᠶᠢᠭᠤᠯᠤᠮᠵᠢ ᠵᠢᠴᠢ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠲᠣᠭᠲᠠᠭᠠᠬᠤ ᠭᠤᠣᠯ ᠴᠣᠭᠴᠠ ᠶᠢᠨ ᠬᠢᠷᠢ ᠭᠡᠮ ᠦᠭᠡᠢ ᠪᠤᠰᠤᠳ ᠨᠢᠭᠡᠴᠡ ᠶᠢᠨ ᠨᠡᠷ᠎ᠡ ᠪᠠᠷ ᠨᠡᠶᠢᠲᠡᠯᠡᠭᠰᠡᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠦᠴᠦᠨ ᠦᠭᠡᠢ ᠪᠣᠯᠣᠭᠰᠠᠨ ᠢ ᠨᠡᠶᠢᠲᠡᠯᠡᠬᠦ ᠬᠡᠷᠡᠭᠲᠡᠢ︔ ᠦᠨᠡᠨᠬᠦ ᠦᠷᠭᠦᠯᠵᠢᠯᠡᠨ ᠬᠡᠷᠡᠭᠵᠢᠭᠦᠯᠬᠦ ᠴᠢᠬᠤᠯᠠᠲᠠᠢ ᠪᠣᠯ᠂ ᠬᠠᠷᠢᠶ᠎ᠠ ᠠᠷᠠᠳ ᠤᠨ ᠵᠠᠰᠠᠭ ᠤᠨ ᠣᠷᠳᠤᠨ ᠪᠣᠶᠣ ᠠᠵᠢᠯ ᠤᠨ ᠰᠠᠯᠠᠭ᠎ᠠ ᠮᠦᠴᠢᠷ ᠠᠴᠠ ᠳᠠᠬᠢᠨ ᠰᠢᠨ᠎ᠡ ᠪᠠᠷ ᠲᠣᠭᠲᠠᠭᠠᠵᠤ ᠨᠡᠶᠢᠲᠡᠯᠡᠬᠦ ᠬᠡᠷᠡᠭᠲᠡᠢ᠃      ︵ᠭᠤᠷᠪᠠ︶ ᠬᠡᠰᠡᠭ ᠠᠭᠤᠯᠭ᠎ᠠ ᠨᠢ ᠣᠳᠣ ᠶᠢᠨ ᠬᠡᠷᠡᠭᠵᠢᠭᠦᠯᠵᠦ ᠪᠠᠶᠢᠭ᠎ᠠ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠵᠢᠴᠢ ᠲᠡᠬᠡᠳᠤ ᠪᠠᠶᠢᠷᠢ ᠶᠢᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠲᠠᠢ ᠨᠡᠶᠢᠴᠡᠬᠦ ᠦᠭᠡᠢ ᠪᠣᠶᠣ ᠦᠨᠳᠦᠰᠦᠯᠡᠯ ᠪᠣᠯᠭᠠᠭᠰᠠᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠵᠢᠴᠢ ᠲᠡᠬᠡᠳᠤ ᠪᠠᠶᠢᠷᠢ ᠶᠢᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠳᠤ ᠨᠢ ᠵᠠᠰᠠᠪᠤᠷᠢ ᠣᠷᠤᠭᠤᠯᠤᠭᠰᠠᠨ ᠪᠣᠯᠪᠠᠴᠤ ᠭᠤᠣᠯ ᠪᠣᠯᠬᠤ ᠳᠦᠷᠢᠮ ᠪᠣᠯᠣᠨ ᠠᠷᠭ᠎ᠠ ᠬᠡᠮᠵᠢᠶ᠎ᠠ ᠶᠢ ᠨᠢ ᠦᠨᠡᠨᠬᠦ ᠦᠷᠭᠦᠯᠵᠢᠯᠡᠨ ᠬᠡᠷᠡᠭᠵᠢᠭᠦᠯᠬᠦ ᠴᠢᠬᠤᠯᠠᠲᠠᠢ ᠪᠣᠯ᠂ ᠲᠣᠭᠲᠠᠭᠠᠭᠰᠠᠨ ᠪᠠᠶᠢᠭᠤᠯᠭ᠎ᠠ ᠠᠴᠠ ᠳᠠᠬᠢᠨ ᠰᠢᠨ᠎ᠡ ᠪᠠᠷ ᠵᠠᠰᠠᠪᠤᠷᠢ ᠣᠷᠤᠭᠤᠯᠵᠤ ᠨᠡᠶᠢᠲᠡᠯᠡᠬᠦ ᠬᠡᠷᠡᠭᠲᠡᠢ᠃      ︵ᠳᠥᠷᠪᠡ︶ ᠭᠤᠣᠯ ᠦᠨᠳᠦᠰᠦᠯᠡᠯ ᠪᠣᠯᠭᠠᠭᠰᠠᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠵᠢᠴᠢ ᠲᠡᠬᠡᠳᠤ ᠪᠠᠶᠢᠷᠢ ᠶᠢᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠨᠢ ᠨᠢᠭᠡᠨᠲᠡ ᠬᠦᠴᠦᠨ ᠦᠭᠡᠢ ᠪᠣᠯᠭᠠᠭᠰᠠᠨ ᠢᠶᠠᠷ ᠨᠡᠶᠢᠲᠡᠯᠡᠭᠰᠡᠨ᠂ ᠡᠰᠡᠭᠦᠯ᠎ᠡ ᠲᠣᠬᠢᠷᠠᠬᠤ ᠬᠤᠭᠤᠴᠠᠭ᠎ᠠ ᠨᠢ ᠨᠢᠭᠡᠨᠲᠡ ᠦᠩᠭᠡᠷᠡᠭᠰᠡᠨ᠂ ᠡᠰᠡᠭᠦᠯ᠎ᠡ ᠲᠣᠬᠢᠷᠠᠭᠤᠯᠬᠤ ᠡᠲᠡᠭᠡᠳ ᠨᠢ ᠨᠢᠭᠡᠨᠲᠡ ᠠᠯᠠᠭ᠎ᠠ ᠪᠣᠯᠣᠭᠰᠠᠨ᠂ ᠪᠤᠲᠠᠲᠠᠢ ᠳᠡᠭᠡᠷ᠎ᠡ ᠪᠠᠨ ᠨᠢᠭᠡᠨᠲᠡ ᠬᠦᠴᠦᠨ ᠦᠭᠡᠢ ᠪᠣᠯᠣᠭᠰᠠᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠦᠴᠦᠨ ᠦᠭᠡᠢ ᠪᠣᠯᠣᠭᠰᠠᠨ ᠢ ᠨᠡᠶᠢᠲᠡᠯᠡᠬᠦ ᠬᠡᠷᠡᠭᠲᠡᠢ᠃      ︵ᠲᠠᠪᠤ︶ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠠᠭᠤᠯᠭ᠎ᠠ ᠨᠢ ᠲᠥᠷᠥ ᠶᠢᠨ ᠶᠠᠪᠤᠳᠠᠯ ᠤᠨ ᠬᠤᠷᠢᠶ᠎ᠠ ᠪᠠ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠤᠳᠠᠭ᠎ᠠ ᠪᠦᠷᠢ ᠶᠢᠨ ᠬᠦᠴᠦᠨ ᠦᠭᠡᠢ ᠪᠣᠯᠭᠠᠭᠰᠠᠨ ᠪᠣᠶᠣ ᠲᠣᠬᠢᠷᠠᠭᠤᠯᠤᠭᠰᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠦᠷᠦᠯ ᠵᠦᠢᠯ ᠳᠤ ᠬᠤᠯᠪᠣᠭᠳᠠᠵᠤ ᠪᠠᠶᠢᠪᠠᠯ ᠬᠦᠴᠦᠨ ᠦᠭᠡᠢ ᠪᠣᠯᠭᠠᠬᠤ ᠪᠣᠶᠣ ᠵᠠᠰᠠᠪᠤᠷᠢ ᠣᠷᠤᠭᠤᠯᠬᠤ ᠪᠠᠷ ᠨᠡᠶᠢᠲᠡᠯᠡᠬᠦ ᠬᠡᠷᠡᠭᠲᠡᠢ᠃      ︵ᠵᠢᠷᠭᠤᠭ᠎ᠠ︶ ᠨᠡᠷᠡᠶᠢᠳᠦᠯ ᠳᠤᠨᠢ ︽ᠲᠦᠷ ᠬᠡᠷᠡᠭᠵᠢᠭᠦᠯᠬᠦ︾᠂ ︽ᠲᠣᠷᠰᠢᠨ ᠬᠡᠷᠡᠭᠵᠢᠭᠦᠯᠬᠦ︾ ᠭᠡᠵᠦ ᠲᠠᠯᠪᠢᠭᠰᠠᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠡᠷᠡᠭᠵᠢᠭᠦᠯᠦᠭᠡᠳ ᠨᠢᠭᠡᠨᠲᠡ ᠪᠦᠲᠦᠨ 2 ᠵᠢᠯ ᠪᠣᠯᠣᠭᠰᠠᠨ ᠪᠣᠯ᠂ ᠬᠦᠴᠦᠨ ᠦᠭᠡᠢ ᠪᠣᠯᠣᠭᠰᠠᠨ ᠢᠶᠠᠷ ᠨᠡᠶᠢᠲᠡᠯᠡᠬᠦ ᠬᠡᠷᠡᠭᠲᠡᠢ︔ ᠦᠨᠡᠨᠬᠦ ᠦᠷᠭᠦᠯᠵᠢᠯᠡᠨ ᠬᠡᠷᠡᠭᠵᠢᠭᠦᠯᠬᠦ ᠴᠢᠬᠤᠯᠠᠲᠠᠢ ᠪᠣᠯ᠂ ᠲᠣᠭᠲᠠᠭᠠᠭᠰᠠᠨ ᠪᠠᠶᠢᠭᠤᠯᠭ᠎ᠠ ᠠᠴᠠ ᠳᠠᠬᠢᠨ ᠰᠢᠨ᠎ᠡ ᠪᠠᠷ ᠵᠠᠰᠠᠪᠤᠷᠢ ᠣᠷᠣᠭᠤᠯᠵᠤ ᠨᠡᠶᠢᠲᠡᠯᠡᠬᠦ ᠬᠡᠷᠡᠭᠲᠡᠢ᠃      ︵ᠳᠣᠯᠤᠭ᠎ᠠ︶ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠨᠢ ᠬᠠᠤᠯᠢ ᠶᠤᠰᠤᠨ ᠳᠤ ᠨᠡᠶᠢᠴᠡᠬᠦ ᠮᠥᠷᠲᠡᠭᠡᠨ ᠦᠷᠭᠦᠯᠵᠢᠯᠡᠨ ᠬᠡᠷᠡᠭᠵᠢᠭᠦᠯᠬᠦ ᠴᠢᠬᠤᠯᠠᠲᠠᠢ ᠪᠣᠯ᠂ ᠦᠷᠭᠦᠯᠵᠢᠯᠡᠨ ᠬᠦᠴᠦᠨ ᠲᠠᠢ ᠪᠠᠶᠢᠬᠤ ᠪᠠᠷ ᠨᠤᠲᠠᠯᠠᠬᠤ ᠬᠡᠷᠡᠭᠲᠡᠢ᠃      ᠭᠤᠷᠪᠠ᠂ ᠢᠯᠭᠠᠷᠠᠭᠤᠯᠬᠤ ᠠᠯᠬᠤᠮ ᠳᠠᠷᠠᠭ᠎ᠠ ᠬᠢᠭᠡᠳ ᠢᠯᠭᠠᠷᠠᠭᠤᠯᠤᠭᠰᠠᠨ ᠦᠷ᠎ᠡ ᠳ᠋ᠦᠩ ᠤᠨ ᠬᠡᠷᠡᠭᠯᠡᠯᠲᠡ      ᠲᠤᠰ ᠤᠳᠠᠭᠠᠨ ᠤ ᠢᠯᠭᠠᠷᠠᠭᠤᠯᠬᠤ ᠠᠵᠢᠯ ᠢ ︽ᠬᠡᠨ ᠲᠣᠭᠲᠠᠭᠠᠭᠰᠠᠨ ᠪᠣᠯ ᠲᠡᠳᠡ ᠢᠯᠭᠠᠷᠠᠭᠤᠯᠬᠤ︾ ᠵᠠᠷᠴᠢᠮ ᠤᠨ ᠶᠤᠰᠤᠭᠠᠷ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠵᠤ ᠶᠠᠪᠤᠭᠤᠯᠤᠭᠰᠠᠨ ᠪᠠᠶᠢᠭᠤᠯᠭ᠎ᠠ ᠠᠴᠠ ᠢᠯᠭᠠᠷᠠᠭᠤᠯᠵᠤ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠤᠨ ᠬᠢᠭᠡᠳ ᠵᠠᠰᠠᠭ ᠤᠨ ᠣᠷᠳᠤᠨ ᠤ ᠠᠯᠪᠠᠨ ᠲᠢᠩᠬᠢᠮ ︵ᠠᠯᠪᠠᠨ ᠭᠡᠷ︶ ᠤᠨ ᠨᠡᠷ᠎ᠡ ᠪᠠᠷ ᠲᠣᠭᠲᠠᠭᠠᠵᠤ ᠶᠠᠪᠤᠭᠤᠯᠤᠭᠰᠠᠨ ᠠᠯᠪᠠᠨ ᠪᠢᠴᠢᠭ ᠢ ᠠᠳᠠᠯᠢ ᠱᠠᠲᠤᠨ ᠤ ᠵᠠᠰᠠᠭ ᠤᠨ ᠣᠷᠳᠤᠨ ᠤ ᠬᠠᠤᠯᠢ ᠳᠦᠷᠢᠮ ᠤᠨ ᠪᠠᠶᠢᠭᠤᠯᠤᠮᠵᠢ ᠠᠴᠠ ᠲᠦᠷᠦᠭᠦᠯᠡᠨ ᠬᠠᠷᠢᠭᠤᠴᠠᠵᠤ ᠢᠯᠭᠠᠷᠠᠭᠤᠯᠬᠤ ᠬᠡᠷᠡᠭᠲᠡᠢ᠃ ᠲᠤᠰ ᠤᠳᠠᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠢᠯᠭᠠᠷᠠᠭᠤᠯᠬᠤ ᠠᠵᠢᠯ ᠢ 2015 ᠣᠨ ᠤ 10 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠪᠡᠶᠡᠯᠡᠭᠦᠯᠬᠦ ᠬᠡᠷᠡᠭᠲᠡᠢ᠃      ︵ᠨᠢᠭᠡ︶ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠬᠢᠭᠡᠳ ᠵᠠᠰᠠᠭ ᠤᠨ ᠣᠷᠳᠤᠨ ᠤ ᠠᠯᠪᠠᠨ ᠲᠢᠩᠬᠢᠮ ᠤᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢᠯᠭᠠᠷᠠᠭᠤᠯᠬᠤ ᠶᠢ ᠦᠪᠡᠷᠲᠡᠭᠡᠨ ᠵᠠᠰᠠᠬᠤ ᠣᠷᠣᠨ ᠤ ᠬᠠᠤᠯᠢ ᠳᠦᠷᠢᠮ ᠤᠨ ᠠᠯᠪᠠᠨ ᠭᠡᠷ ᠨᠢ ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠤᠨ ᠤ ᠠᠯᠪᠠᠨ ᠲᠢᠩᠬᠢᠮ ᠲᠠᠢ ᠬᠠᠮᠲᠤᠷᠠᠨ ᠣᠳᠣ ᠶᠢᠨ ᠬᠡᠷᠡᠭᠵᠢᠭᠦᠯᠵᠦ ᠪᠠᠶᠢᠭ᠎ᠠ ᠬᠦᠴᠦᠨ ᠪᠦᠬᠦᠢ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠭᠠᠷᠴᠠᠭ ᠢ ᠡᠮᠬᠢᠯᠡᠨ ᠭᠠᠷᠭᠠᠵᠤ᠂ 2015 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠤᠤᠯ ᠲᠤᠭᠤᠷᠪᠢᠭᠰᠠᠨ ᠰᠠᠯᠠᠭ᠎ᠠ ᠮᠦᠴᠢᠷ ᠲᠤ ᠰᠢᠯᠵᠢᠭᠦᠯᠬᠦ ᠪᠣᠶᠣ ᠣᠳᠣ ᠬᠡᠷᠡᠭᠵᠢᠭᠦᠯᠵᠦ ᠪᠠᠶᠢᠭ᠎ᠠ ᠰᠠᠯᠠᠭ᠎ᠠ ᠮᠦᠴᠢᠷ ᠨᠢ ᠠᠵᠢᠯ ᠤᠨ ᠪᠣᠲᠠᠲᠠᠢ ᠲᠠᠢ ᠪᠠᠨ ᠤᠶᠠᠯᠳᠤᠭᠤᠯᠤᠨ ᠪᠢᠴᠢᠭ ᠮᠠᠲ᠋ᠧᠷᠢᠶᠠᠯ ᠳᠠᠷᠠᠭᠠᠯᠠᠨ ᠰᠤᠳᠤᠯᠤᠯᠲᠠ ᠬᠢᠵᠦ ᠂ ᠲᠡᠬᠡᠷᠡᠬᠢ ᠢᠯᠭᠠᠷᠠᠭᠤᠯᠬᠤ ᠵᠠᠷᠴᠢᠮ ᠤᠨ ᠶᠣᠰᠤᠭᠠᠷ ᠪᠢᠴᠢᠭ ᠮᠠᠲ᠋ᠧᠷᠢᠶᠠᠯ ᠳᠠᠷᠠᠭᠠᠯᠠᠨ ᠬᠦᠴᠦᠨ ᠦᠭᠡᠢ ᠪᠣᠯᠭᠠᠬᠤ᠂ ᠬᠦᠴᠦᠨ ᠦᠭᠡᠢ ᠪᠣᠯᠣᠭᠰᠠᠨ᠂ ᠦᠷᠭᠦᠯᠵᠢᠯᠡᠨ ᠬᠦᠴᠦᠨ ᠲᠠᠢ ᠪᠠᠶᠢᠬᠤ ᠪᠣᠶᠣ ᠵᠠᠰᠠᠪᠤᠷᠢ ᠣᠷᠤᠭᠤᠯᠤᠭᠰᠠᠨ ᠤ ᠳᠠᠷᠠᠭ᠎ᠠ ᠳᠠᠬᠢᠵᠤ ᠰᠢᠨ᠎ᠡ ᠪᠠᠷ ᠨᠡᠶᠢᠲᠡᠯᠡᠬᠦ ᠰᠠᠨᠠᠭᠤᠯᠭ᠎ᠠ ᠳᠤᠷᠠᠳᠬᠤ ᠶᠢᠨ ᠬᠠᠮᠲᠤ 7 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ︽ᠵᠠᠰᠠᠭ ᠤᠨ ᠣᠷᠳᠤᠨ ᠳᠤ ᠳᠡᠪᠰᠢᠭᠦᠯᠦᠨ ᠵᠠᠰᠠᠪᠤᠷᠢ ᠣᠷᠤᠭᠤᠯᠬᠤ᠂ ᠬᠦᠴᠦᠨ ᠦᠭᠡᠢ ᠪᠣᠯᠭᠠᠬᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠭᠠᠷᠴᠠᠭ︾ ︵ᠨᠠᠷᠢᠨ ᠠᠭᠤᠯᠭ᠎ᠠ ᠶᠢ ᠳᠠᠭᠠᠯᠳᠤᠭᠤᠯᠤᠯ 1 ᠳᠤ ᠦᠵᠡ︶ ᠲᠠᠢ ᠬᠠᠮᠲᠤ ᠳᠤᠨᠢ ᠦᠪᠡᠷᠲᠡᠭᠡᠨ ᠵᠠᠰᠠᠬᠤ ᠣᠷᠣᠨ ᠤ ᠬᠠᠤᠯᠢ ᠳᠦᠷᠢᠮ ᠤᠨ ᠠᠯᠪᠠᠨ ᠭᠡᠷ ᠲᠤ ᠮᠡᠳᠡᠭᠦᠯᠵᠦ ᠬᠢᠨᠠᠨ ᠬᠠᠷᠭᠤᠭᠤᠯᠬᠤ ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠤ ᠬᠠᠤᠯᠢ ᠳᠦᠷᠢᠮ ᠤᠨ ᠠᠯᠪᠠᠨ ᠭᠡᠷ ᠨᠢ ᠦᠪᠡᠷᠲᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠦᠴᠢᠷ ᠤᠨ ᠢᠯᠭᠠᠷᠠᠭᠤᠯᠬᠤ ᠰᠠᠨᠠᠭᠤᠯᠭ᠎ᠠ ᠳᠤ ᠪᠢᠴᠢᠭ ᠮᠠᠲ᠋ᠧᠷᠢᠶᠠᠯ ᠳᠠᠷᠠᠭᠠᠯᠠᠨ ᠬᠢᠨᠠᠨ ᠬᠠᠷᠭᠤᠭᠤᠯᠬᠤ᠂ ᠪᠢᠴᠢᠭ ᠮᠠᠲ᠋ᠧᠷᠢᠶᠠᠯ ᠳᠠᠷᠠᠭᠠᠯᠠᠨ ᠢᠯᠭᠠᠷᠠᠭᠤᠯᠬᠤ ᠰᠠᠨᠠᠯ ᠳᠤᠷᠠᠳᠬᠤ ᠶᠢᠨ ᠬᠠᠮᠲᠤ ᠬᠤᠷᠢᠶᠠᠩᠭᠤᠶᠢᠯᠠᠭᠰᠠᠨ ᠤ ᠳᠠᠷᠠᠭ᠎ᠠ ᠪᠠᠨ 9 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠳᠤ ᠮᠡᠳᠡᠭᠦᠯᠵᠦ ᠬᠢᠨᠠᠨ ᠲᠣᠭᠲᠠᠭᠠᠯᠭᠠᠬᠤ ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠬᠢᠨᠠᠨ ᠲᠣᠭᠲᠠᠭᠠᠭᠰᠠᠨ ᠤ ᠳᠠᠷᠠᠭ᠎ᠠ ᠦᠷᠭᠦᠯᠵᠢᠯᠡᠨ ᠬᠦᠴᠦᠨ ᠲᠠᠢ᠂ ᠬᠦᠴᠦᠨ ᠦᠭᠡᠢ ᠪᠣᠯᠭᠠᠭᠰᠠᠨ ᠪᠠ ᠬᠦᠴᠦᠨ ᠦᠭᠡᠢ ᠪᠣᠯᠣᠭᠰᠠᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠭᠠᠷᠴᠠᠭ ᠢ ᠨᠡᠶᠢᠭᠡᠮ ᠳᠤ ᠨᠡᠶᠢᠲᠡᠯᠡᠬᠦ ᠬᠡᠷᠡᠭᠲᠡᠢ︔ ᠵᠠᠰᠠᠪᠤᠷᠢ ᠣᠷᠤᠭᠤᠯᠤᠭᠰᠠᠨ ᠤ ᠳᠠᠷᠠᠭ᠎ᠠ ᠳᠠᠬᠢᠵᠤ ᠰᠢᠨ᠎ᠡ ᠪᠠᠷ ᠨᠡᠶᠢᠲᠡᠯᠡᠬᠦ ᠴᠢᠬᠤᠯᠠᠲᠠᠢ ᠪᠣᠯ᠂ ᠣᠣᠯ ᠲᠤᠭᠤᠷᠪᠢᠭᠰᠠᠨ ᠰᠠᠯᠠᠭ᠎ᠠ ᠮᠥᠴᠢᠷ ᠪᠣᠶᠣ ᠣᠳᠣ ᠬᠡᠷᠡᠭᠵᠢᠭᠦᠯᠵᠦ ᠪᠠᠶᠢᠭ᠎ᠠ ᠰᠠᠯᠠᠭ᠎ᠠ ᠮᠦᠴᠢᠷ ᠲᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠵᠠᠰᠠᠪᠤᠷᠢ ᠣᠷᠤᠭᠤᠯᠤᠭᠰᠠᠨ ᠡᠬᠡ ᠨᠤᠤᠷᠠᠭ ᠢ ᠬᠤᠭᠤᠴᠠᠭ᠎ᠠ ᠬᠢᠵᠠᠭᠠᠷᠯᠠᠨ ᠮᠡᠳᠡᠭᠦᠯᠦᠨ ᠬᠦᠷᠭᠡᠬᠦ ᠶᠢ ᠳᠠᠭᠠᠭᠠᠯᠭᠠᠨ᠎ᠠ᠃      ︵ᠬᠤᠶᠠᠷ︶ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠤᠨ ᠨᠤᠭᠤᠳ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠢᠯᠭᠠᠷᠠᠭᠤᠯᠬᠤ ᠳᠤ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠢᠯᠭᠠᠷᠠᠭᠤᠯᠬᠤ ᠠᠷᠭ᠎ᠠ ᠪᠣᠯᠣᠨ ᠠᠯᠬᠤᠮ ᠳᠠᠷᠠᠭ᠎ᠠ ᠪᠠᠷ ᠯᠠᠪᠯᠠᠯᠲᠠ ᠪᠣᠯᠭᠠᠨ ᠭᠦᠢᠴᠡᠳᠭᠡᠬᠦ ᠶᠢᠨ ᠬᠠᠮᠲᠤ ᠦᠷᠭᠦᠯᠵᠢᠯᠡᠨ ᠬᠦᠴᠦᠨ ᠲᠠᠢ ᠪᠠᠶᠢᠬᠤ᠂ ᠬᠦᠴᠦᠨ ᠦᠭᠡᠢ ᠪᠣᠯᠭᠠᠭᠰᠠᠨ ᠪᠠ ᠬᠦᠴᠦᠨ ᠦᠭᠡᠢ ᠪᠣᠯᠣᠭᠰᠠᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠭᠠᠷᠴᠠᠭ ᠢ 2015 ᠣᠨ ᠤ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠨᠡᠶᠢᠭᠡᠮ ᠳᠤ ᠨᠡᠶᠢᠲᠡᠯᠡᠬᠦ ᠬᠡᠷᠡᠭᠲᠡᠢ᠃      ︵ᠭᠤᠷᠪᠠ︶ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠤᠨ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠤᠨ ᠤ ᠠᠵᠢᠯ ᠤᠨ ᠰᠠᠯᠠᠭ᠎ᠠ ᠮᠦᠴᠢᠷ ᠪᠣᠯᠣᠨ ᠬᠠᠤᠯᠢ ᠴᠠᠭᠠᠵᠠ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ ᠶᠢᠨ ᠲᠣᠭᠲᠠᠭᠠᠭᠰᠠᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠪᠤᠯ ᠲᠣᠭᠲᠠᠭᠠᠵᠤ ᠶᠠᠪᠤᠭᠤᠯᠤᠭᠰᠠᠨ ᠪᠠᠶᠢᠭᠤᠯᠭ᠎ᠠ ᠠᠴᠠ ᠬᠠᠷᠢᠭᠤᠴᠠᠨ ᠢᠯᠭᠠᠷᠠᠭᠤᠯᠤᠨ᠎ᠠ︔ ᠰᠠᠯᠠᠭ᠎ᠠ ᠮᠦᠴᠢᠷ ᠬᠠᠮᠲᠤᠷᠠᠨ ᠲᠣᠭᠲᠠᠭᠠᠵᠤ ᠶᠠᠪᠤᠭᠤᠯᠤᠭᠰᠠᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠪᠣᠶᠣ ᠣᠯᠠᠨ ᠰᠠᠯᠠᠭ᠎ᠠ ᠮᠦᠴᠢᠷ ᠤᠨ ᠡᠭᠦᠷᠭᠡ ᠬᠠᠷᠢᠭᠤᠴᠠᠯᠭ᠎ᠠ ᠳᠤ ᠬᠤᠯᠪᠣᠭᠳᠠᠬᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠪᠤᠯ ᠲᠦᠷᠦᠭᠦᠯᠡᠭᠰᠡᠨ ᠰᠠᠯᠠᠭ᠎ᠠ ᠮᠦᠴᠢᠷ ᠨᠢ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠲᠤᠷᠠᠨ ᠬᠠᠷᠢᠭᠤᠴᠠᠵᠤ ᠢᠯᠭᠠᠷᠠᠭᠤᠯᠤᠨ᠂ ᠢᠯᠭᠠᠷᠠᠭᠤᠯᠬᠤ ᠠᠯᠬᠤᠮ ᠳᠠᠷᠠᠭ᠎ᠠ ᠶᠢ ᠦᠪᠡᠷ ᠲᠡᠭᠡᠨ ᠲᠣᠭᠲᠠᠭᠠᠬᠤ ᠪᠣᠯᠪᠠᠴᠤ ᠦᠷᠭᠦᠯᠵᠢᠯᠡᠨ ᠬᠦᠴᠦᠨ ᠲᠠᠢ ᠪᠠᠶᠢᠬᠤ᠂ ᠬᠦᠴᠦᠨ ᠦᠭᠡᠢ ᠪᠣᠯᠭᠠᠭᠰᠠᠨ ᠪᠠ ᠬᠦᠴᠦᠨ ᠦᠭᠡᠢ ᠪᠣᠯᠣᠭᠰᠠᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠭᠠᠷᠴᠠᠭ ᠢ 2015 ᠣᠨ ᠤ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠨᠡᠶᠢᠭᠡᠮ ᠳᠤ ᠨᠡᠶᠢᠲᠡᠯᠡᠬᠦ ᠬᠡᠷᠡᠭᠲᠡᠢ᠃      ︵ᠳᠥᠷᠪᠡ︶ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ ᠪᠠ ᠦᠪᠡᠷᠲᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠦᠴᠢᠷ ᠤᠳ 2015 ᠣᠨ ᠤ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠢᠯᠭᠠᠷᠠᠭᠤᠯᠤᠭᠰᠠᠨ ᠪᠠᠶᠢᠳᠠᠯ ᠤᠨ ᠮᠡᠳᠡᠭᠦᠯᠦᠯᠲᠡ ᠬᠢᠭᠡᠳ ᠢᠯᠭᠠᠷᠠᠭᠤᠯᠤᠭᠰᠠᠨ ᠪᠠᠶᠢᠳᠠᠯ ᠤᠨ ᠲᠤᠭ᠎ᠠ ᠪᠦᠷᠢᠳᠭᠡᠯ ᠤᠨ ᠬᠦᠰᠦᠨᠦᠭᠲᠦ ︵ᠨᠠᠷᠢᠨ ᠠᠭᠤᠯᠭ᠎ᠠ ᠶᠢ ᠳᠠᠭᠠᠯᠳᠤᠭᠤᠯᠤᠯ 2᠂ ᠳᠠᠭᠠᠯᠳᠤᠭᠤᠯᠤᠯ 3 ᠳᠤ ᠦᠵᠡ︶ ᠶᠢ ᠦᠪᠡᠷᠲᠡᠭᠡᠨ ᠵᠠᠰᠠᠬᠤ ᠣᠷᠣᠨ ᠤ ᠬᠠᠤᠯᠢ ᠳᠦᠷᠢᠮ ᠤᠨ ᠠᠯᠪᠠᠨ ᠭᠡᠷ ᠲᠤ ᠮᠡᠳᠡᠭᠦᠯᠬᠦ ᠬᠡᠷᠡᠭᠲᠡᠢ᠂ ᠡᠭᠦᠨ ᠳᠤ ᠠᠶᠢᠮᠠᠭ ᠬᠤᠲᠠ ᠶᠢᠨ ᠢᠯᠭᠠᠷᠠᠭᠤᠯᠤᠭᠰᠠᠨ ᠪᠠᠶᠢᠳᠠᠯ ᠤᠨ ᠮᠡᠳᠡᠭᠦᠯᠦᠯᠲᠡ ᠳᠤ ᠠᠶᠢᠮᠠᠭ ᠬᠤᠲᠠ ᠶᠢᠨ ᠲᠤᠰ ᠱᠠᠲᠤ ᠬᠢᠭᠡᠳ ᠲᠡᠭᠦᠨ ᠤ ᠰᠠᠯᠠᠭ᠎ᠠ ᠮᠦᠴᠢᠷ᠂ ᠬᠠᠷᠢᠶ᠎ᠠ ᠬᠤᠰᠢᠭᠤ ᠰᠢᠶᠠᠨ ︵ᠬᠤᠲᠠ᠂ ᠲᠣᠭᠤᠷᠢᠭ︶ ᠬᠢᠭᠡᠳ ᠲᠡᠭᠦᠨ ᠤ ᠰᠠᠯᠠᠭ᠎ᠠ ᠮᠦᠴᠢᠷ ᠵᠢᠴᠢ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠤᠨ ᠤ ᠢᠯᠭᠠᠷᠠᠭᠤᠯᠤᠭᠰᠠᠨ ᠪᠠᠶᠢᠳᠠᠯ ᠢ ᠪᠠᠭᠲᠠᠭᠠᠬᠤ ᠬᠡᠷᠡᠭᠲᠡᠢ᠃      ︵ᠲᠠᠪᠤ︶ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠭᠲᠠᠭᠠᠵᠤ ᠶᠠᠪᠤᠭᠤᠯᠤᠭᠰᠠᠨ ᠪᠠᠶᠢᠭᠤᠯᠭ᠎ᠠ ᠨᠢ 2015 ᠣᠨ ᠤ 11 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠨᠡᠶᠢᠭᠡᠮ ᠳᠤ ᠨᠡᠶᠢᠲᠡᠯᠡᠬᠦ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠭᠠᠷᠴᠠᠭ ᠲᠠᠢ ᠪᠢᠴᠢᠭ ᠮᠠᠲ᠋ᠧᠷᠢᠶᠠᠯ ᠢᠶᠠᠨ ᠪᠦᠷᠢᠳᠭᠡᠨ ᠳᠠᠩᠰᠠᠯᠠᠵᠤ ᠬᠢᠨᠠᠯᠲᠠ ᠲᠠᠯᠪᠢᠬᠤ ᠶᠢ ᠬᠠᠷᠢᠭᠤᠴᠠᠵᠦ ᠪᠠᠶᠢᠭ᠎ᠠ ᠵᠠᠰᠠᠭ ᠤᠨ ᠣᠷᠳᠤᠨ ᠤ ᠬᠠᠤᠯᠢ ᠳᠦᠷᠢᠮ ᠤᠨ ᠪᠠᠶᠢᠭᠤᠯᠤᠮᠵᠢ ᠳᠤ ᠮᠡᠳᠡᠭᠦᠯᠵᠦ ᠪᠦᠷᠢᠳᠭᠡᠨ ᠳᠠᠩᠰᠠᠯᠠᠭᠤᠯᠬᠤ ᠬᠡᠷᠡᠭᠲᠡᠢ᠃      ︵ᠵᠢᠷᠭᠤᠭ᠎ᠠ︶ ᠲᠤᠰ ᠤᠳᠠᠭᠠᠨ ᠤ ᠪᠦᠬᠦ ᠲᠠᠯ᠎ᠠ ᠪᠠᠷ ᠢᠯᠭᠠᠷᠠᠭᠤᠯᠬᠤ ᠠᠵᠢᠯ ᠳᠠᠭᠤᠰᠤᠭᠰᠠᠨ ᠤ ᠳᠠᠷᠠᠭ᠎ᠠ᠂ ᠦᠷᠭᠦᠯᠵᠢᠯᠡᠨ ᠬᠦᠴᠦᠨ ᠲᠠᠢ ᠪᠠᠶᠢᠯᠭᠠᠬᠤ ᠭᠠᠷᠴᠠᠭ ᠲᠤ ᠵᠢᠭᠰᠠᠭᠠᠨ ᠣᠷᠤᠭᠤᠯᠤᠭᠰᠠᠨ ᠦᠭᠡᠢ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠴᠦᠮ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠦᠨᠳᠦᠰᠦᠯᠡᠯ ᠪᠣᠯᠭᠠᠵᠤ ᠪᠣᠯᠬᠤ ᠦᠭᠡᠢ᠃      ᠳᠥᠷᠪᠡ᠂ ᠵᠣᠬᠢᠶᠠᠨ ᠪᠠᠶᠢᠭᠤᠯᠵᠤ ᠬᠡᠷᠡᠭᠵᠢᠭᠦᠯᠬᠦ      ᠲᠤᠰ ᠤᠳᠠᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠪᠦᠬᠦ ᠲᠠᠯ᠎ᠠ ᠪᠠᠷ ᠢᠯᠭᠠᠷᠠᠭᠤᠯᠬᠤ ᠠᠵᠢᠯ ᠢ ᠪᠤᠯ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠨᠢᠭᠡᠲᠦᠯᠲᠡᠢ ᠤᠳᠤᠷᠢᠳᠤᠯᠭ᠎ᠠ ᠶᠢᠨ ᠳᠣᠣᠷ᠎ᠠ᠂ ᠦᠪᠡᠷᠲᠡᠭᠡᠨ ᠵᠠᠰᠠᠬᠤ ᠣᠷᠣᠨ ᠤ ᠬᠠᠤᠯᠢ ᠳᠦᠷᠢᠮ ᠤᠨ ᠠᠯᠪᠠᠨ ᠭᠡᠷ ᠠᠴᠠ ᠲᠦᠷᠦᠭᠦᠯᠡᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠤᠨ᠂ ᠡᠯ᠎ᠡ ᠰᠠᠯᠠᠭ᠎ᠠ ᠮᠦᠴᠢᠷ ᠤᠳ ᠬᠠᠤᠯᠢ ᠳᠦᠷᠢᠮ ᠤᠨ ᠨᠢᠭᠡᠲᠦᠯᠲᠡᠢ ᠪᠠᠶᠢᠬᠤ ᠶᠢ ᠬᠠᠮᠠᠭᠠᠯᠠᠬᠤ ᠳᠡᠭᠡᠳᠦ ᠬᠡᠮᠵᠢᠶᠡᠨ ᠠᠴᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠠᠷᠢᠨ ᠨᠢᠭᠲᠠ ᠲᠣᠬᠢᠷᠠᠭᠤᠯᠤᠨ ᠪᠠᠶᠢᠷᠢᠯᠠᠭᠤᠯᠵᠤ᠂ ᠢᠳᠡᠪᠬᠢᠲᠡᠢ ᠪᠠᠷ ᠵᠣᠬᠢᠴᠠᠭᠤᠯᠤᠨ ᠬᠠᠮᠵᠢᠯᠴᠠᠵᠤ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠢᠯᠭᠠᠷᠠᠭᠤᠯᠬᠤ ᠠᠵᠢᠯ ᠤᠨ ᠣᠷᠤᠭᠰᠢᠲᠠᠢ ᠪᠡᠶᠡᠯᠡᠭᠳᠡᠬᠦ ᠶᠢ ᠦᠨᠡᠨᠬᠦ ᠪᠠᠲᠤᠯᠠᠬᠤ ᠬᠡᠷᠡᠭᠲᠡᠢ᠃      ᠦᠪᠡᠷᠲᠡᠭᠡᠨ ᠵᠠᠰᠠᠬᠤ ᠣᠷᠣᠨ ᠤ ᠬᠠᠤᠯᠢ ᠳᠦᠷᠢᠮ ᠤᠨ ᠠᠯᠪᠠᠨ ᠭᠡᠷ ᠨᠢ ᠪᠦᠬᠦ ᠣᠷᠣᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢᠯᠭᠠᠷᠠᠭᠤᠯᠬᠤ ᠠᠵᠢᠯ ᠢ ᠵᠢᠯᠤᠭᠤᠳᠴᠤ ᠵᠣᠬᠢᠴᠠᠭᠤᠯᠬᠤ ᠪᠠᠨ ᠴᠢᠩᠭᠠᠳᠬᠠᠬᠤ ᠬᠡᠷᠡᠭᠲᠡᠢ᠃ ᠡᠯ᠎ᠡ ᠠᠶᠢᠮᠠᠭ ᠬᠤᠲᠠ ᠨᠤᠭᠤᠳ ᠠᠶᠢᠮᠠᠭ ᠬᠤᠲᠠ ᠶᠢᠨ ᠲᠤᠰ ᠱᠠᠲᠤᠨ ᠤ ᠢᠯᠭᠠᠷᠠᠭᠤᠯᠬᠤ ᠠᠵᠢᠯ ᠢ ᠵᠣᠬᠢᠶᠠᠨ ᠪᠠᠶᠢᠭᠤᠯᠵᠤ ᠪᠡᠶᠡᠯᠡᠭᠦᠯᠬᠦ ᠶᠢᠨ ᠬᠠᠮᠲᠤ᠂ ᠬᠠᠷᠢᠶ᠎ᠠ ᠬᠤᠰᠢᠭᠤ ᠰᠢᠶᠠᠨ ︵ᠬᠤᠲᠠ᠂ ᠲᠣᠭᠤᠷᠢᠭ︶ ᠤ ᠢᠯᠭᠠᠷᠠᠭᠤᠯᠬᠤ ᠠᠵᠢᠯ ᠢ ᠰᠢᠮᠳᠠᠭᠤᠯᠤᠨ ᠪᠠᠶᠢᠴᠠᠭᠠᠬᠤ ᠪᠠᠨ ᠴᠢᠩᠭᠠᠳᠬᠠᠬᠤ ᠬᠡᠷᠡᠭᠲᠡᠢ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠤᠨ ᠤ ᠠᠵᠢᠯ ᠤᠨ ᠰᠠᠯᠠᠭ᠎ᠠ ᠮᠦᠴᠢᠷ ᠨᠢ ᠲᠤᠰ ᠰᠠᠯᠠᠭ᠎ᠠ ᠮᠦᠴᠢᠷ ᠤᠨ ᠢᠶᠠᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢᠯᠭᠠᠷᠠᠭᠤᠯᠬᠤ ᠠᠵᠢᠯ ᠢ ᠰᠠᠶᠢᠲᠤᠷ ᠬᠢᠬᠦ ᠶᠢᠨ ᠬᠠᠮᠲᠤ᠂ ᠲᠤᠰ ᠰᠠᠯᠠᠭ᠎ᠠ ᠮᠦᠴᠢᠷ ᠲᠤ ᠠᠯᠪᠠᠨ ᠭᠡᠷ ᠪᠠᠶᠢᠭᠤᠯᠤᠭᠰᠠᠨ ᠲᠦᠷ ᠴᠠᠭ ᠤᠨ ᠪᠠᠶᠢᠭᠤᠯᠤᠮᠵᠢ᠂ ᠬᠡᠷᠡᠭ ᠶᠠᠪᠤᠳᠠᠯ ᠢ ᠵᠦᠪᠯᠡᠨ ᠵᠣᠬᠢᠴᠠᠭᠤᠯᠬᠤ ᠪᠠᠶᠢᠭᠤᠯᠤᠮᠵᠢ ᠵᠢᠴᠢ ᠲᠤᠰ ᠰᠠᠯᠠᠭ᠎ᠠ ᠮᠦᠴᠢᠷ ᠤᠨ ᠬᠠᠮᠢᠶᠠᠷᠴᠤ ᠪᠦᠬᠦᠢ ᠬᠤᠶᠠᠳᠤᠭᠠᠷ ᠳᠡᠰ ᠤᠨ ᠨᠢᠭᠡᠴᠡ᠂ ᠬᠠᠮᠲᠤᠷᠠᠨ ᠠᠵᠢᠯᠯᠠᠬᠤ ᠨᠢᠭᠡᠴᠡ᠂ ᠫᠠᠶᠢᠰᠠ ᠡᠯᠭᠦᠭᠰᠡᠨ ᠨᠢᠭᠡᠴᠡ᠂ ᠲᠣᠮᠢᠯᠠᠭᠰᠠᠨ ᠪᠠᠶᠢᠭᠤᠯᠤᠮᠵᠢ ᠶᠢᠨ ᠲᠣᠭᠲᠠᠭᠠᠵᠤ ᠶᠠᠪᠤᠭᠤᠯᠤᠭᠰᠠᠨ ᠪᠢᠴᠢᠭ ᠮᠠᠲ᠋ᠧᠷᠢᠶᠠᠯ ᠢᠯᠭᠠᠷᠠᠭᠤᠯᠬᠤ ᠠᠵᠢᠯ ᠢ ᠬᠠᠷᠢᠭᠤᠴᠠᠵᠤ᠂ ᠪᠦᠬᠦ ᠲᠠᠯ᠎ᠠ ᠪᠠᠷ ᠢᠯᠭᠠᠷᠠᠭᠤᠯᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃      ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠳ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠢᠯᠭᠠᠷᠠᠭᠤᠯᠬᠤ ᠠᠵᠢᠯ ᠤᠨ ᠳᠤᠮᠳᠠ ᠴᠢᠬᠤᠯᠠ ᠶᠡᠭᠡ ᠠᠰᠠᠭᠤᠳᠠᠯ ᠪᠣᠯᠣᠨ ᠴᠢᠬᠤᠯᠠ ᠪᠠᠶᠢᠳᠠᠯ ᠲᠤᠯᠭᠠᠷᠠᠪᠠᠯ᠂ ᠦᠪᠡᠷᠲᠡᠭᠡᠨ ᠵᠠᠰᠠᠬᠤ ᠣᠷᠣᠨ ᠤ ᠬᠠᠤᠯᠢ ᠳᠦᠷᠢᠮ ᠤᠨ ᠠᠯᠪᠠᠨ ᠭᠡᠷ ᠲᠤ ᠴᠠᠭ ᠲᠣᠬᠠᠢ ᠳᠤᠨᠢ ᠬᠠᠷᠢᠭᠤ ᠲᠤᠰᠬᠠᠬᠤ ᠬᠡᠷᠡᠭᠲᠡᠢ᠃      ᠳᠠᠭᠠᠯᠳᠤᠭᠤᠯᠤᠯ᠄      1. ᠵᠠᠰᠠᠭ ᠤᠨ ᠣᠷᠳᠤᠨ ᠳᠤ ᠳᠡᠪᠰᠢᠭᠦᠯᠦᠨ ᠵᠠᠰᠠᠪᠤᠷᠢ ᠣᠷᠤᠭᠤᠯᠬᠤ᠂ ᠬᠦᠴᠦᠨ ᠦᠭᠡᠢ ᠪᠣᠯᠭᠠᠬᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠭᠠᠷᠴᠠᠭ ︵ᠲᠣᠪᠴᠢᠯᠠᠪᠠ︶      2. ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠢᠯᠭᠠᠷᠠᠭᠤᠯᠤᠭᠰᠠᠨ ᠠᠵᠢᠯ ᠤᠨ ᠪᠠᠶᠢᠳᠠᠯ ᠤᠨ ᠪᠦᠷᠢᠳᠭᠡᠯ ᠤᠨ ᠬᠦᠰᠦᠨᠦᠭᠲᠦ ︵ᠲᠣᠪᠴᠢᠯᠠᠪᠠ︶      3. ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠢᠯᠭᠠᠷᠠᠭᠤᠯᠤᠭᠰᠠᠨ ᠭᠠᠷᠴᠠᠭ ︵ᠲᠣᠪᠴᠢᠯᠠᠪᠠ︶
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号