| | | ᠡᠨᠡ ᠵᠢᠯ ᠤᠨ 8 ᠳ᠋ᠤᠭᠠᠷ ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ ︽ | ᠳᠤᠮᠳᠠᠳᠤ ᠤᠯᠤᠰ ᠤᠨ ᠡᠪ ᠬᠠᠮᠳᠤ ᠨᠠᠮ ᠤᠨ ᠲᠤᠭᠤᠷᠢᠨ ᠪᠠᠶᠢᠴᠠᠭᠠᠬᠤ ᠠᠵᠢᠯ ᠤᠨ ᠲᠦᠷᠢᠮ︾ ᠢ ᠨᠡᠶᠢᠳᠡᠯᠡᠭᠰᠡᠨ ᠤ | ᠬᠠᠮᠳᠤ ᠮᠡᠳᠡᠭᠳᠡᠯ ᠲᠠᠷᠬᠠᠭᠠᠵᠦ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠢ ᠵᠢᠷᠤᠮᠯᠠᠨ ᠬᠡᠷᠡᠭᠵᠢᠬᠦᠯᠳᠤᠬᠡᠢ | ᠭᠡᠵᠦ ᠱᠠᠭᠠᠷᠳᠠᠪᠠ᠃ 8 ᠳ᠋ᠤᠭᠠᠷ ᠰᠠᠷ᠎ᠠ ᠶᠢᠨ 20 ᠤ ᠡᠳᠤᠷ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ | ᠤᠷᠤᠨ ᠤ ᠨᠠᠮ ᠤᠨ ᠬᠤᠷᠢᠶ᠎ᠠ ᠶᠢᠨ ᠭᠤᠤᠯ ᠳᠤᠭᠤᠶᠢᠯᠠᠩ ᠬᠠᠮᠳᠤ ᠶᠢᠨ ᠰᠤᠷᠤᠯᠴᠠᠯᠭ᠎ᠠ ᠶᠢᠨ ᠬᠤᠷᠠᠯ ᠬᠢᠵᠦ᠂ ᠰᠢᠨ᠎ᠡ | ᠪᠠᠷ ᠵᠠᠰᠠᠪᠤᠷᠢ ᠤᠷᠤᠭᠤᠯᠤᠭᠰᠠᠨ ︽ᠳᠤᠮᠳᠠᠳᠤ ᠤᠯᠤᠰ ᠤᠨ ᠡᠪ ᠬᠠᠮᠳᠤ ᠨᠠᠮ ᠤᠨ ᠲᠤᠭᠤᠷᠢᠨ ᠪᠠᠶᠢᠴᠠᠭᠠᠬᠤ ᠠᠵᠢᠯ | ᠤᠨ ᠲᠦᠷᠢᠮ︾ ᠢ ᠲᠤᠰᠬᠠᠢ ᠰᠡᠳᠤᠪ ᠢᠶᠠᠷ ᠰᠤᠷᠤᠯᠴᠠᠵᠦ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ | ᠶᠢᠨ ᠱᠦᠵᠢ ᠸᠠᠩ ᠵᠢᠶᠦ᠋ᠨ ᠲᠤᠰ ᠤᠳᠠᠭᠠᠨ ᠤ ᠰᠤᠷᠤᠯᠴᠠᠬᠤ ᠬᠤᠷᠠᠯ ᠳᠡᠭᠡᠷ᠎ᠡ᠂ ᠨᠠᠮ ᠢ ᠪᠦᠬᠦ ᠲᠠᠯ᠎ᠠ ᠪᠠᠷ | ᠴᠢᠩᠭ᠎ᠠ ᠵᠠᠰᠠᠬᠤ ᠬᠠᠷᠢᠭᠤᠴᠠᠯᠭ᠎ᠠ ᠶᠢ ᠬᠢᠨᠠᠮᠠᠭᠠᠢ ᠬᠦᠢᠴᠡᠳᠭᠡᠵᠦ᠂ ︽ᠳᠤᠮᠳᠠᠳᠤ ᠤᠯᠤᠰ ᠤᠨ ᠡᠪ ᠬᠠᠮᠳᠤ ᠨᠠᠮ ᠤᠨ | ᠲᠤᠭᠤᠷᠢᠨ ᠪᠠᠶᠢᠴᠠᠭᠠᠬᠤ ᠠᠵᠢᠯ ᠤᠨ ᠲᠦᠷᠢᠮ︾ ᠢ ᠪᠦᠬᠦ ᠲᠠᠯ᠎ᠠ ᠪᠠᠷ ᠲᠤᠤᠱᠯᠠᠭᠤᠯᠤᠨ ᠬᠡᠷᠡᠭᠵᠢᠬᠦᠯᠵᠦ᠂ ᠦᠪᠤᠷ | ᠮᠤᠩᠭᠤᠯ ᠤᠨ ᠨᠠᠮ ᠤᠨ ᠰᠤᠷᠳᠠᠯ ᠴᠢᠬᠡᠴᠢ ᠵᠠᠰᠠᠭ ᠤᠨ ᠪᠠᠶᠢᠭᠤᠯᠤᠯᠳᠠ ᠪᠤᠯᠤᠨ ᠢᠯᠵᠠᠷᠠᠯ ᠢ ᠡᠰᠡᠷᠭᠦᠴᠡᠬᠦ ᠠᠵᠢᠯ ᠢ | ᠨᠡᠩ ᠬᠦᠨᠵᠡᠭᠡᠶᠢᠷᠡᠭᠦᠯᠬᠦ ᠬᠡᠷᠡᠭᠲᠠᠢ ᠭᠡᠵᠦ ᠴᠢᠬᠤᠯᠠᠴᠢᠯᠠᠵᠠᠢ᠃ ᠳᠡᠭᠡᠪᠡᠯ ᠰᠢᠨ᠎ᠡ ᠪᠠᠷ ᠵᠠᠰᠠᠪᠤᠷᠢ ᠤᠷᠤᠭᠤᠯᠤᠭᠰᠠᠨ︽ | ᠳᠤᠮᠳᠠᠳᠤ ᠤᠯᠤᠰ ᠤᠨ ᠡᠪ ᠬᠠᠮᠳᠤ ᠨᠠᠮ ᠤᠨ ᠲᠤᠭᠤᠷᠢᠨ ᠪᠠᠶᠢᠴᠠᠭᠠᠬᠤ ᠠᠵᠢᠯ ᠤᠨ ᠲᠦᠷᠢᠮ︾ ︵ᠲᠤᠷᠤᠭᠰᠢ ︽ | ᠲᠤᠭᠤᠷᠢᠨ ᠪᠠᠶᠢᠴᠠᠭᠠᠬᠤ ᠲᠦᠷᠢᠮ︾ ᠬᠡᠵᠦ ᠲᠦᠬᠦᠮᠴᠢᠯᠡᠨ᠎ᠡ︶ ᠢ ᠨᠡᠶᠢᠳᠡᠯᠡᠭᠰᠡᠨ ᠨᠢ ᠶᠠᠮᠠᠷ ᠴᠢᠬᠤᠯᠠ ᠶᠡᠭᠡ ᠠᠬᠤᠢ | ᠪᠠᠶᠢᠳᠠᠯ ᠪᠤᠯᠤᠨ ᠪᠤᠳᠠᠳᠤ ᠠᠴᠢ ᠬᠤᠯᠪᠤᠭᠳᠠᠯ ᠲᠠᠢ ᠪᠤᠢ᠂ ᠦᠪᠤᠷ ᠮᠤᠩᠭᠤᠯ ᠳᠠᠷᠠᠭᠠᠴᠢ ᠶᠢᠨ ᠲᠤᠭᠤᠷᠢᠨ | ᠪᠠᠶᠢᠴᠠᠭᠠᠬᠤ ᠠᠵᠢᠯ ᠢ ᠬᠢᠷᠬᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠪᠤᠢ᠂ ᠠᠷᠠᠳ ᠤᠨ ᠰᠦᠯᠵᠢᠶ᠎ᠡ ᠶᠢᠨ ᠦᠪᠤᠷ | ᠮᠤᠩᠭᠤᠯ ᠤᠨ ᠲᠠᠪᠳᠠᠭ ᠳᠡᠭᠡᠷ᠎ᠡ ᠲᠤᠷᠠᠳᠤᠭᠰᠠᠨ ᠭᠤᠤᠯ ᠰᠡᠳᠤᠪ ᠤᠨ ᠲᠠᠯ᠎ᠠ ᠪᠠᠷ ᠦᠪᠤᠷ ᠮᠤᠩᠭᠤᠯ ᠤᠨ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠵᠤᠬᠢᠶᠠᠨ ᠪᠠᠶᠢᠭᠤᠯᠬᠤ | ᠬᠡᠯᠳᠡᠰ ᠤᠨ ᠲᠠᠷᠤᠭ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠤᠭᠤᠷᠢᠨ ᠪᠠᠶᠢᠴᠠᠭᠠᠬᠤ ᠠᠵᠢᠯ | ᠤᠨ ᠤᠳᠤᠷᠢᠳᠬᠤ ᠲᠤᠭᠤᠶᠢᠯᠠᠩ ᠤᠨ ᠳᠡᠳ᠋ ᠲᠠᠷᠤᠭ᠎ᠠ ᠯᠢ ᠫᠧᠩ ᠰᠢᠨ ᠢ ᠰᠤᠷᠪᠤᠯᠵᠢᠯᠠᠵᠦ᠂ ᠯᠢ ᠲᠠᠷᠤᠭ᠎ᠠ ᠠᠴᠠ | ᠳᠡᠭᠡᠷ᠎ᠡ ᠲᠤᠷᠠᠳᠤᠭᠰᠠᠨ ᠠᠰᠠᠭᠤᠳᠠᠯ ᠤᠨ ᠲᠠᠯ᠎ᠠ ᠪᠠᠷ ᠦᠪᠡᠷ ᠤᠨ ᠤᠶᠢᠯᠠᠭᠠᠯᠳᠠ ᠪᠠᠨ ᠶᠠᠷᠢᠯ᠎ᠠ᠃ | ᠰᠦᠯᠵᠢᠶᠡᠨ ᠠᠨᠳᠠ ᠨᠠᠷ ᠡ᠂ ᠰᠠᠶᠢᠨ ᠪᠠᠶᠢᠴᠠᠭᠠᠨᠠᠤ︕ ᠰᠦᠯᠵᠢᠶᠡᠨ ᠠᠨᠳᠠ ᠨᠠᠷ ᠲᠠᠢ ᠬᠠᠮᠳᠤ ᠪᠠᠷ ᠰᠠᠨᠠᠯ | ᠢᠶᠠᠨ ᠰᠤᠯᠢᠯᠴᠠᠨ ᠰᠤᠷᠤᠯᠴᠠᠬᠤ ᠪᠤᠯᠤᠭᠰᠠᠨ ᠲᠠᠭᠠᠨ ᠮᠠᠰᠢ ᠪᠠᠶᠠᠷᠯᠠᠵᠦ ᠪᠠᠶᠢᠨ᠎ᠠ᠃ ᠡᠨᠡᠬᠦ ᠲᠠᠰᠢᠷᠠᠮ ᠳᠤ ᠪᠢ | ᠵᠤᠬᠢᠶᠠᠨ ᠪᠠᠶᠢᠭᠤᠯᠬᠤ ᠰᠠᠯᠠᠭ᠎ᠠ ᠮᠦᠴᠢᠷ ᠤᠨ ᠡᠭᠦᠷᠬᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠲᠤᠭᠤᠷᠢᠨ ᠳᠤ᠂ | ︽ᠲᠤᠭᠤᠷᠢᠨ ᠪᠠᠶᠢᠴᠠᠭᠠᠬᠤ ᠲᠦᠷᠢᠮ︾ ᠢ ᠰᠤᠷᠤᠯᠴᠠᠨ ᠲᠤᠤᠱᠯᠠᠭᠤᠯᠬᠤ ᠲᠠᠯ᠎ᠠ ᠪᠠᠷ ᠬᠡᠳᠤᠨ ᠳᠠᠨᠢᠯᠳᠠ | ᠤᠶᠢᠯᠠᠭᠠᠯᠳᠠ ᠪᠠᠨ ᠶᠠᠷᠢᠵᠦ᠂ ᠲᠠ ᠪᠦᠬᠦᠨ ᠲᠠᠢ ᠰᠠᠨᠠᠯ ᠢᠶᠠᠨ ᠰᠤᠯᠢᠯᠴᠠᠶᠡ᠃ ᠪᠠᠭᠴᠠᠯᠠᠭᠠᠳ ᠬᠡᠯᠡᠪᠡᠯ ᠲᠠᠷᠤᠢ ︽ | ᠪᠦᠬᠦ ᠬᠦᠴᠤ︾ ᠪᠠᠷ ᠰᠤᠷᠤᠯᠴᠠᠬᠤ᠂ ︽ᠬᠦᠴᠤ ᠬᠠᠮᠳᠤᠳᠬᠠᠨ︾ ᠠᠵᠢᠯᠯᠠᠬᠤ᠂ ︽ᠬᠦᠴᠤ ᠲᠤᠰᠠᠯᠠᠨ︾ | ᠠᠬᠢᠭᠤᠯᠬᠤ᠂ ︽ᠬᠦᠴᠤ ᠵᠢᠭᠡᠯᠡᠨ︾ ᠬᠡᠷᠡᠭᠯᠡᠬᠦ ᠶᠢ ᠪᠡᠶᠡᠯᠡᠬᠦᠯᠬᠦ ᠶᠠᠪᠤᠳᠠᠯ ᠪᠤᠯᠤᠨ᠎ᠠ᠂ ᠲᠠ ᠪᠦᠬᠦᠨ ︽ᠬᠦᠴᠦ | ᠬᠠᠶᠢᠷᠠᠯᠠᠬᠤ︾ ᠪᠤᠯᠪᠠᠤ᠃ | ᠨᠢᠭᠡ᠂ ︽ᠪᠦᠬᠦ ᠬᠦᠴᠦᠨ︾ ᠢᠶᠠᠷ ᠢᠶᠠᠨ ︽ᠲᠤᠭᠤᠷᠢᠨ ᠪᠠᠶᠢᠴᠠᠭᠠᠬᠤ ᠲᠦᠷᠢᠮ︾ ᠢ ᠰᠤᠷᠤᠯᠴᠠᠵᠦ᠂ | ᠲᠤᠭᠤᠷᠢᠨ ᠪᠠᠶᠢᠴᠠᠭᠠᠬᠤ ᠠᠵᠢᠯ ᠢ ᠰᠠᠶᠢᠳᠤᠷ ᠠᠳᠬᠤᠬᠤ ᠳᠤ ᠦᠵᠡᠯ ᠰᠠᠨᠠᠭᠠᠨ ᠤ ᠪᠠᠳᠤ ᠰᠠᠭᠤᠷᠢ ᠶᠢ ᠴᠤᠭᠴᠠᠯᠠᠨ | ᠦᠭᠬᠦᠨ᠎ᠠ | ᠲᠤᠭᠤᠷᠢᠨ ᠪᠠᠶᠢᠴᠠᠭᠠᠬᠤ ᠪᠤᠯ ᠨᠠᠮ ᠤᠨ ᠲᠦᠷᠢᠮ ᠠᠴᠠ ᠤᠯᠭᠤᠭᠰᠠᠨ ᠴᠢᠬᠤᠯᠠ ᠡᠬᠦᠷᠬᠡ ᠬᠠᠷᠢᠭᠤᠴᠠᠯᠭ᠎ᠠ | ᠮᠦᠨ᠂ ᠨᠠᠮ ᠢ ᠴᠢᠩᠭ᠎ᠠ ᠵᠠᠰᠠᠵᠦ᠂ ᠨᠠᠮ ᠤᠨ ᠰᠠᠬᠢᠯᠭ᠎ᠠ ᠶᠢ ᠬᠠᠮᠠᠭᠠᠯᠠᠬᠤ ᠴᠢᠬᠤᠯᠠ ᠠᠷᠭ᠎ᠠ ᠪᠠᠷᠢᠯ ᠮᠦᠨ᠃ ᠲᠦᠪ | ᠠᠴᠠ ︽ᠲᠦᠷᠪᠡᠨ ᠪᠦᠬᠦ ᠲᠠᠯ᠎ᠠ︾ ᠶᠢ ᠠᠬᠢᠭᠤᠯᠬᠤ ᠪᠠᠶᠢᠯᠳᠤᠬᠤ ᠪᠤᠳᠤᠯᠭ᠎ᠠ ᠶᠢᠨ ᠳᠡᠭᠡᠳᠤ ᠬᠡᠮᠵᠢᠶ᠎ᠡ ᠪᠠᠷ ︽ | ᠲᠤᠭᠤᠷᠢᠨ ᠪᠠᠶᠢᠴᠠᠭᠠᠬᠤ ᠲᠦᠷᠢᠮ︾ ᠳᠤ ᠵᠠᠰᠠᠪᠤᠷᠢ ᠤᠷᠤᠭᠤᠯᠤᠭᠰᠠᠨ ᠶᠠᠪᠤᠳᠠᠯ ᠨᠢ ᠨᠠᠮ ᠢ ᠪᠦᠬᠦ ᠲᠠᠯ᠎ᠠ ᠪᠠᠷ | ᠴᠢᠩᠭ᠎ᠠ ᠵᠠᠰᠠᠬᠤ᠂ ᠲᠦᠷᠢᠮ ᠢᠶᠠᠷ ᠨᠠᠮ ᠢ ᠵᠠᠰᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠦ᠂ ᠨᠠᠮ ᠤᠨ ᠰᠤᠷᠳᠠᠯ | ᠴᠢᠬᠡᠴᠢ ᠵᠠᠰᠠᠭ ᠤᠨ ᠪᠠᠶᠢᠭᠤᠯᠤᠯᠳᠠ ᠪᠤᠯᠤᠨ ᠢᠯᠵᠠᠷᠠᠯ ᠢ ᠡᠰᠡᠷᠭᠦᠴᠡᠬᠦ ᠲᠠᠮᠠᠴᠡᠯ ᠢ ᠬᠦᠨᠵᠠᠭᠡᠢ ᠠᠬᠢᠭᠤᠯᠵᠦ᠂ | ᠤᠳᠤᠷᠢᠳᠬᠤ ᠪᠠᠭ ᠪᠤᠯᠤᠨ ᠺᠠᠳ᠋ᠷ ᠤᠨ ᠡᠩᠨᠡᠭᠡᠨ ᠤ ᠪᠠᠶᠢᠭᠤᠯᠤᠯᠳᠠ ᠶᠢ ᠴᠢᠩᠭᠠᠳᠬᠠᠵᠦ᠂ ᠲᠦᠪ ᠴᠢᠭᠡᠴᠢ ᠤᠯᠤᠰ | ᠲᠦᠷᠦ ᠶᠢᠨ ᠠᠮᠢ ᠠᠬᠤᠢ ᠶᠢ ᠪᠤᠢ ᠪᠤᠯᠭᠠᠬᠤ ᠳᠤ ᠲᠤᠩ ᠴᠢᠬᠤᠯᠠ ᠠᠴᠢ ᠬᠤᠯᠪᠤᠭᠳᠠᠯ ᠲᠠᠢ ᠶᠤᠮ᠃ ︽ᠲᠤᠭᠤᠷᠢᠨ | ᠪᠠᠶᠢᠴᠠᠭᠠᠬᠤ ᠲᠦᠷᠢᠮ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ ᠡᠩ ᠲᠡᠷᠢᠬᠦᠨ ᠳᠤ ᠡᠷᠬᠡᠪᠰᠢ ᠲᠦᠷᠢᠮ ᠢ | ᠬᠢᠨᠠᠮᠠᠭᠠᠢ ᠰᠤᠷᠤᠯᠴᠠᠵᠦ᠂ ᠲᠦᠪ ᠠᠴᠠ ︽ᠲᠤᠭᠤᠷᠢᠨ ᠪᠠᠶᠢᠴᠠᠭᠠᠬᠤ ᠲᠦᠷᠢᠮ︾ ᠢ ᠰᠢᠨ᠎ᠡ ᠪᠠᠷ ᠨᠡᠶᠢᠳᠡᠯᠡᠭᠰᠡᠨ ᠤ | ᠴᠢᠬᠤᠯᠠ ᠶᠡᠭᠡ ᠠᠬᠤᠢ ᠪᠠᠶᠢᠳᠠᠯ ᠪᠤᠯᠤᠨ ᠪᠤᠳᠠᠳᠤ ᠠᠴᠢ ᠬᠤᠯᠪᠤᠭᠳᠠᠯ ᠢ ᠬᠦᠨᠵᠡᠭᠡᠢ ᠤᠯᠠᠭᠠᠬᠤ ᠬᠡᠷᠡᠭᠲᠠᠢ᠂ | ᠢᠩᠬᠢᠪᠡᠯ ᠰᠠᠶ᠋ᠢ ᠦᠵᠡᠯ ᠰᠠᠨᠠᠭ᠎ᠠ ᠪᠤᠯᠤᠨ ᠠᠵᠢᠯᠯᠠᠭ᠎ᠠ ᠶᠢᠨ ᠲᠠᠯ᠎ᠠ ᠪᠠᠷ ︽ᠲᠤᠭᠤᠷᠢᠨ ᠪᠠᠶᠢᠴᠠᠭᠠᠬᠤ ᠲᠦᠷᠢᠮ︾ ᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠤᠯᠤᠰ ᠲᠦᠷᠦ ᠶᠢᠨ ᠤᠬᠠᠮᠰᠠᠷ ᠲᠠᠢ ᠪᠤᠯᠵᠦ ᠴᠢᠳᠠᠨ᠎ᠠ᠃ ᠡᠨᠡᠬᠦ ᠠᠴᠢ | ᠬᠤᠯᠪᠤᠭᠳᠠᠯ ᠢ ᠶᠠᠭᠠᠬᠢᠵᠦ ᠲᠠᠨᠢᠬᠤ ᠪᠤᠢ᠂ ᠮᠢᠨᠤ ᠦᠵᠡᠬᠦ ᠪᠠᠷ᠂ ᠴᠤᠬᠤᠮ ᠳᠠᠭᠠᠨ ᠭᠤᠷᠪᠠᠨ ᠲᠠᠯ᠎ᠠ ᠪᠠᠷ ᠤᠶᠢᠯᠠᠭᠠᠬᠤ | ᠬᠡᠷᠡᠭᠲᠠᠢ᠃ | ᠨᠢᠭᠡᠳᠤᠭᠡᠷ ᠲᠤ᠂ ︽ᠲᠤᠭᠤᠷᠢᠨ ᠪᠠᠶᠢᠴᠠᠭᠠᠬᠤ ᠲᠦᠷᠢᠮ︾ ᠪᠤᠯ ᠰᠤᠷᠳᠠᠯ ᠢ ᠰᠠᠶᠢᠵᠢᠷᠠᠭᠤᠯᠵᠦ ᠰᠠᠬᠢᠯᠭ᠎ᠠ ᠶᠢ | ᠴᠢᠩᠳᠠᠯᠠᠬᠤ ᠲᠤᠷᠰᠢᠯᠭ᠎ᠠ ᠶᠢᠨ ᠬᠦᠨᠵᠡᠭᠡᠢ ᠳ᠋ᠦᠩᠨᠡᠯᠳᠡ ᠮᠦᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ | ᠨᠠᠰᠢ᠂ ᠲᠦᠪ ᠬᠤᠷᠢᠶ᠎ᠠ ᠠᠴᠠ ᠰᠤᠷᠳᠠᠯ ᠪᠤᠯᠤᠨ ᠰᠠᠬᠢᠯᠭ᠎ᠠ ᠶᠢ ᠠᠳᠬᠤᠬᠤ ᠠᠴᠠ ᠭᠠᠷᠳᠠᠵᠦ᠂ ᠨᠠᠮ ᠤᠨ ᠰᠤᠷᠳᠠᠯ | ᠴᠢᠬᠡᠴᠢ ᠵᠠᠰᠠᠭ ᠤᠨ ᠪᠠᠶᠢᠭᠤᠯᠤᠯᠳᠠ ᠪᠤᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠬᠦᠨᠵᠡᠭᠡᠢ ᠠᠬᠢᠭᠤᠯᠵᠦ᠂ | ᠬᠢᠨᠠᠯᠳᠠ ᠲᠠᠯᠪᠢᠬᠤ ᠰᠠᠬᠢᠯᠭ᠎ᠠ ᠶᠢ ᠬᠡᠷᠡᠭᠵᠢᠬᠦᠯᠬᠦ ᠶᠢᠨ ᠬᠠᠷᠢᠭᠤᠴᠠᠯᠭ᠎ᠠ ᠠᠰᠠᠭᠤᠬᠤ ᠶᠢ ᠴᠢᠩᠭᠠᠷᠠᠭᠤᠯᠵᠦ᠂ ᠨᠠᠮ | ᠪᠤᠯᠤᠨ ᠠᠷᠠᠳ ᠤᠨ ᠰᠤᠷᠳᠠᠯ ᠢ ᠰᠠᠶᠢᠵᠢᠷᠠᠭᠤᠯᠵᠦ᠂ ᠨᠠᠮ ᠪᠤᠯᠤᠨ ᠠᠷᠠᠳ ᠤᠨ ᠰᠡᠳᠬᠢᠯ ᠢ ᠬᠦᠭᠵᠢᠭᠡᠪᠡ᠃ ᠡᠨᠡ | ᠤᠳᠠᠭ᠎ᠠ ︽ᠲᠤᠭᠤᠷᠢᠨ ᠪᠠᠶᠢᠴᠠᠭᠠᠬᠤ ᠲᠦᠷᠢᠮ︾ ᠳᠤ ᠵᠠᠰᠠᠪᠤᠷᠢ ᠤᠷᠤᠭᠤᠯᠬᠤ ᠳᠤ᠂ ᠨᠠᠮ ᠤᠨ ᠠᠷᠪᠠᠨ ᠨᠠᠢᠮᠠᠳᠤᠭᠠᠷ | ᠶᠡᠭᠡ ᠬᠤᠷᠠᠯ ᠪᠤᠯᠤᠨᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠭᠤᠷᠪᠠ᠂ ᠲᠦᠷᠪᠡᠳᠤᠭᠡᠷ | ᠪᠦᠬᠦᠳᠡ ᠬᠤᠷᠠᠯᠳᠤᠭᠠᠨ ᠤ ᠵᠤᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠵᠦ᠂ ᠰᠢ ᠶᠢᠨ ᠫᠢᠩ ᠶᠡᠷᠦᠩᠬᠡᠢ ᠱᠦᠵᠢ | ᠶᠢᠨ ᠰᠢᠷᠢᠰ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠪᠤᠯᠤᠨ ᠲᠤᠭᠤᠷᠢᠨ ᠪᠠᠶᠢᠴᠠᠭᠠᠬᠤ ᠠᠵᠢᠯ ᠤᠨ ᠲᠤᠬᠠᠢ | ᠴᠢᠬᠤᠯᠠ ᠵᠢᠭᠠᠪᠤᠷᠢ ᠶᠢ ᠦᠨᠡᠨᠬᠦ ᠲᠤᠤᠱᠯᠠᠭᠤᠯᠵᠦ᠂ ᠰᠤᠷᠳᠠᠯ ᠢ ᠰᠠᠶᠢᠵᠢᠷᠠᠭᠤᠯᠵᠦ ᠰᠠᠬᠢᠯᠭ᠎ᠠ ᠶᠢ ᠴᠢᠩᠳᠠᠯᠠᠬᠤ ᠪᠠ | ᠲᠤᠭᠤᠷᠢᠨ ᠪᠠᠶᠢᠴᠠᠭᠠᠬᠤ ᠠᠵᠢᠯ ᠤᠨ ᠦᠢᠯᠡᠳᠤᠯᠬᠡ ᠶᠢᠨ ᠦᠷ᠎ᠡ ᠪᠦᠳᠤᠭᠡᠯ ᠢ ᠭᠦᠢᠴᠡᠳ ᠰᠢᠩᠭᠡᠭᠡᠨ ᠠᠪᠴᠤ᠂ | ᠲᠤᠭᠤᠷᠢᠨ ᠪᠠᠶᠢᠴᠠᠭᠠᠬᠤ ᠠᠵᠢᠯ ᠳᠤ ᠲᠤᠯᠭᠠᠷᠠᠵᠦ ᠪᠠᠶᠢᠭ᠎ᠠ ᠰᠢᠨ᠎ᠡ ᠪᠠᠶᠢᠳᠠᠯ ᠪᠤᠯᠤᠨ ᠰᠢᠨ᠎ᠡ ᠠᠰᠠᠭᠤᠳᠠᠯ ᠢ | ᠴᠢᠬᠤᠯᠠᠴᠢᠯᠠᠨ ᠰᠢᠢᠳᠪᠤᠷᠢᠯᠠᠬᠦ ᠶᠢᠨ ᠳᠠᠭᠠᠤ ᠡᠳᠡᠭᠡᠷ ᠠᠮᠵᠢᠯᠳᠠ ᠲᠠᠢ ᠲᠤᠷᠰᠢᠯᠭ᠎ᠠ ᠶᠢ ᠲᠦᠷᠢᠮᠴᠢᠯᠡᠨ | ᠳᠡᠭᠡᠭᠰᠢᠯᠡᠬᠦᠯᠵᠦ᠂ ᠰᠢᠨ᠎ᠡ ᠪᠠᠶᠢᠳᠠᠯ ᠳᠤᠤᠷ᠎ᠠ ᠲᠤᠭᠤᠷᠢᠨ ᠪᠠᠶᠢᠴᠠᠭᠠᠬᠤ ᠠᠵᠢᠯ ᠢ ᠰᠠᠶᠢᠨ ᠬᠢᠬᠦ ᠳᠤ ᠦᠨᠳᠤᠰᠤᠨ | ᠵᠢᠷᠤᠮᠵᠢᠯ ᠤᠯᠭᠤᠨ ᠦᠭᠪᠡ᠃ | ᠬᠤᠶᠠᠳᠤᠭᠠᠷ ᠲᠤ᠂ ︽ᠲᠤᠭᠤᠷᠢᠨ ᠪᠠᠶᠢᠴᠠᠭᠠᠬᠤ ᠲᠦᠷᠢᠮ︾ ᠪᠤᠯ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ | ᠶᠢ ᠨᠠᠶᠢᠳᠠᠪᠤᠷᠢᠵᠢᠭᠤᠯᠬᠤ ᠶᠢᠨ ᠴᠢᠬᠤᠯᠠ ᠠᠷᠭ᠎ᠠ ᠬᠡᠮᠵᠢᠶ᠎ᠡ ᠮᠦᠨ᠃ 8700 ᠭᠠᠷᠤᠢ ᠲᠦᠮᠡᠨ ᠨᠠᠮ ᠤᠨ ᠬᠡᠰᠢᠬᠦᠨ | ᠲᠠᠢ᠂ 13 ᠳ᠋ᠦᠩᠰᠢᠭᠤᠷ ᠭᠠᠷᠤᠢ ᠬᠦᠮᠤᠨ ᠠᠮᠠ ᠲᠠᠢ ᠢᠢᠮᠤ ᠨᠢᠭᠡᠨ ᠲᠤᠮᠤ ᠤᠯᠤᠰ ᠲᠤ ᠤᠷᠳᠤ ᠬᠤᠭᠤᠴᠠᠭ᠎ᠠ ᠪᠠᠷ | ᠲᠦᠷᠦ ᠪᠠᠷᠢᠬᠤ ᠨᠠᠮ ᠳᠤ ᠠᠪᠴᠤ ᠬᠡᠯᠡᠪᠡᠯ᠂ ᠬᠡᠷᠪᠡ ᠨᠠᠮ ᠢᠶᠠᠨ ᠴᠢᠩᠭ᠎ᠠ ᠬᠠᠮᠢᠶᠠᠷᠬᠤ ᠦᠬᠡᠢ᠂ ᠨᠠᠮ ᠢᠶᠠᠨ ᠴᠢᠩᠳᠠ | ᠵᠠᠰᠠᠬᠤ ᠦᠬᠡᠢ᠂ ᠠᠷᠠᠳ ᠤᠯᠠᠨ ᠴᠢᠩᠭ᠎ᠠ ᠲᠤᠰᠬᠠᠯ ᠲᠠᠢ ᠪᠠᠶᠢᠭ᠎ᠠ ᠨᠠᠮ ᠤᠨ ᠳᠤᠳᠤᠭᠠᠳᠤᠬᠢ ᠲᠤᠪᠤᠶᠢᠮ᠎ᠠ | ᠠᠰᠠᠭᠤᠳᠠᠯ ᠢ ᠪᠦᠳᠤᠮᠵᠢᠲᠠᠢ ᠪᠠᠷ ᠰᠢᠢᠳᠪᠤᠷᠢᠯᠡᠬᠦ ᠦᠬᠡᠢ ᠪᠤᠯ ᠮᠠᠨ ᠤ ᠨᠠᠮ ᠳᠤ ᠲᠤᠮᠤ ᠠᠰᠠᠭᠤᠳᠠᠯ ᠭᠠᠷᠬᠤ ᠲᠤᠯᠠ | ᠨᠠᠮ ᠨᠢ ᠨᠠᠮ ᠢᠶᠠᠨ ᠬᠠᠮᠢᠶᠠᠷᠬᠤ᠂ ᠨᠠᠮ ᠢᠶᠠᠨ ᠴᠢᠩᠭ᠎ᠠ ᠵᠠᠰᠠᠬᠤ ᠶᠢ ᠦᠴᠤᠭᠡᠨ ᠴᠤ ᠰᠤᠯᠠᠷᠠᠭᠤᠯᠵᠦ ᠪᠤᠯᠬᠤ ᠦᠬᠡᠢ | ᠶᠤᠮ᠃ ᠲᠤᠭᠤᠷᠢᠨ ᠪᠠᠶᠢᠴᠠᠭᠠᠬᠤ ᠠᠵᠢᠯ ᠨᠢ ᠲᠦᠪ ᠬᠤᠷᠢᠶ᠎ᠠ ᠶᠢᠨ ᠱᠠᠭᠠᠷᠳᠠᠯᠭ᠎ᠠ ᠶᠢ ᠬᠢᠨᠠᠮᠠᠭᠠᠢ ᠲᠤᠤᠱᠯᠠᠭᠤᠯᠵᠦ᠂ | ᠰᠠᠬᠢᠯᠭ᠎ᠠ ᠪᠠᠳᠤ᠂ ᠢᠯᠵᠠᠷᠠᠯ᠂ ᠰᠤᠷᠳᠠᠯ ᠤᠨ ᠪᠠ ᠬᠦᠮᠤᠨ ᠰᠤᠩᠭᠤᠬᠤ ᠬᠦᠮᠤᠨ ᠬᠡᠷᠡᠭᠯᠡᠬᠦ ᠲᠠᠯ᠎ᠠ ᠪᠠᠷ ᠬᠢ | ᠲᠤᠪᠤᠶᠢᠮ᠎ᠠ ᠠᠰᠠᠭᠤᠳᠠ᠊ ᠢ ᠬᠦᠴᠤ ᠲᠠᠯᠪᠢᠨᠰᠡᠷᠡᠵᠦ ᠮᠡᠳᠡᠬᠦ ᠪᠠ ᠲᠡᠭᠦᠨ ᠢ ᠰᠢᠢᠳᠪᠤᠷᠢᠯᠡᠬᠦ ᠶᠢ ᠠᠬᠢᠭᠤᠯᠵᠦ᠂ | ᠡᠷᠴᠢᠮ᠂ ᠬᠦᠴᠤᠯᠡᠴᠡ᠂ ᠦᠷ᠎ᠡ ᠪᠦᠳᠤᠮᠵᠢ ᠶᠢ ᠶᠡᠬᠡᠪᠡᠷ ᠳᠡᠭᠡᠭᠰᠢᠯᠡᠭᠦᠯᠵᠦ᠂ ᠨᠠᠮ ᠢᠶᠠᠨ ᠴᠢᠩᠭ᠎ᠠ ᠵᠠᠰᠠᠬᠤ ᠡᠷᠴᠢᠮ ᠢ | ᠦᠨᠡᠨᠬᠦ ᠴᠢᠩᠭᠠᠷᠠᠭᠤᠯᠵᠠᠢ᠃ ᠢᠯᠠᠩᠭᠤᠶ᠎ᠠ ︽ᠲᠤᠭᠤᠷᠢᠨ ᠪᠠᠶᠢᠴᠠᠭᠠᠬᠤ ᠲᠦᠷᠢᠮ︾ ᠢ ᠨᠡᠶᠢᠳᠡᠯᠡᠨ | ᠬᠡᠷᠡᠭᠵᠢᠬᠦᠯᠦᠭᠰᠡᠨ ᠶᠠᠪᠤᠳᠠᠯ ᠨᠢ ᠲᠦᠷᠢᠮ ᠪᠠᠶᠢᠭᠤᠯᠬᠤ ᠲᠠᠯ᠎ᠠ ᠪᠠᠷ ᠲᠤᠭᠤᠷᠢᠨ ᠪᠠᠶᠢᠴᠠᠭᠠᠬᠤ ᠠᠵᠢᠯ ᠳᠤ ᠴᠢᠩᠭ᠎ᠠ | ᠵᠢᠷᠤᠮᠵᠢᠯ ᠲᠤᠭᠳᠠᠭᠠᠵᠦ᠂ ᠲᠤᠭᠤᠷᠢᠨ ᠪᠠᠶᠢᠴᠠᠭᠠᠬᠤ ᠠᠵᠢᠯ ᠢ ᠲᠦᠷᠢᠮᠵᠢᠬᠦᠯᠬᠦ᠂ ᠵᠢᠷᠤᠮᠵᠢᠭᠤᠯᠬᠤ ᠬᠢᠷᠢ ᠲᠦᠪᠰᠢᠨ ᠢ | ᠲᠡᠭᠡᠭᠰᠢᠯᠡᠬᠦᠯᠵᠦ᠂ ᠡᠷᠬᠡ ᠮᠡᠳᠡᠯ ᠤᠨ ᠠᠵᠢᠯᠯᠠᠭᠠᠨ ᠢ ᠬᠢᠵᠡᠭᠠᠷᠯᠠᠬᠤ ᠪᠠ ᠲᠡᠭᠦᠨ ᠳᠤ ᠬᠢᠨᠠᠯᠳᠠ ᠳᠠᠯᠪᠢᠬᠤ ᠶᠢ | ᠴᠢᠩᠭᠠᠳᠬᠠᠵᠦ᠂ ᠢᠯᠵᠠᠷᠠᠬᠦ ᠠᠴᠠ ᠠᠶᠤᠬᠤ᠂ ᠢᠯᠵᠡᠷᠡᠵᠦ ᠦᠯᠦ ᠪᠤᠯᠬᠤ᠂ ᠢᠯᠵᠡᠷᠡᠬᠦ ᠰᠠᠨᠠᠭ᠎ᠠ ᠦᠬᠡᠢ ᠪᠠᠶᠢᠬᠤ | ᠪᠦᠳᠤᠮᠵᠢᠲᠠᠢ ᠲᠤᠭᠳᠠᠴᠠ ᠶᠢ ᠪᠤᠢ ᠪᠤᠯᠭᠠᠵᠦ᠂ ᠨᠠᠮ ᠢ ᠪᠦᠬᠦ ᠲᠠᠯ᠎ᠠ ᠪᠠᠷ ᠵᠠᠰᠠᠬᠤ ᠶᠢ ᠪᠤᠳᠠᠲᠠᠢ ᠠᠴᠠ ᠪᠢᠰᠢ | ᠬᠡᠶᠢᠰᠪᠤᠷᠢ ᠪᠤᠰᠤ᠂ ᠦᠨᠢ ᠤᠳᠠᠭᠠᠨ ᠠᠴᠠ ᠪᠢᠰᠢ ᠨᠢᠭᠡᠯᠡ ᠤᠳᠠᠭ᠎ᠠ ᠨᠠᠶᠢᠳᠠᠪᠤᠷᠢᠵᠢᠭᠤᠯᠬᠤ ᠪᠤᠰᠤ ᠪᠠᠶᠢᠯᠭᠠᠵᠦ᠂ ᠨᠠᠮ | ᠢ ᠴᠢᠩᠭ᠎ᠠ ᠵᠠᠰᠠᠬᠤ ᠶᠢ ᠪᠠᠶᠢᠩᠭᠤ ᠪᠠᠷᠢᠮᠳᠠᠯᠠᠬᠤ᠂ ᠤᠳᠠᠭᠠᠨ ᠬᠤᠭᠤᠴᠠᠭ᠎ᠠ ᠬᠦᠴᠤᠨ ᠲᠠᠢ ᠪᠠᠶᠢᠯᠭᠠᠬᠤ ᠶᠢ | ᠠᠬᠢᠭᠤᠯᠬᠤ ᠳᠤ ᠳᠤᠩ ᠴᠢᠬᠤᠯᠠ ᠦᠢᠯᠡᠳᠤᠯ ᠦᠵᠡᠭᠦᠯᠬᠦ ᠪᠤᠯᠤᠨ᠎ᠠ᠃ | ᠭᠤᠷᠪᠠᠳᠤᠭᠠᠷ ᠲᠤ᠂ ︽ᠲᠤᠭᠤᠷᠢᠨ ᠪᠠᠶᠢᠴᠠᠭᠠᠬᠤ ᠲᠦᠷᠢᠮ︾ ᠪᠤᠯ ᠺᠠᠳ᠋ᠷ ᠢ ᠴᠢᠩᠭ᠎ᠠ ᠬᠢᠨᠠᠵᠦ ᠬᠠᠮᠢᠶᠠᠷᠬᠤ | ᠶᠢᠨ ᠬᠦᠴᠤᠲᠠᠢ ᠲᠦᠰᠢᠭ ᠮᠦᠨ᠃ ᠨᠠᠮ ᠨᠢ ᠨᠠᠮ ᠢᠶᠠᠨ ᠬᠠᠮᠢᠶᠠᠷᠬᠤ ᠳᠤ ᠡᠩ ᠲᠡᠷᠢᠬᠦᠨ ᠳᠤ ᠺᠠᠳ᠋ᠷ ᠢ ᠰᠠᠶᠢᠨ | ᠬᠠᠮᠢᠶᠠᠷᠬᠤ ᠬᠡᠷᠡᠭᠲᠠᠢ᠂ ᠨᠠᠮ ᠢ ᠴᠢᠩᠭ᠎ᠠ ᠵᠠᠰᠠᠬᠤ ᠳᠤ ᠠᠵᠢᠯᠳᠠᠳ ᠢ ᠴᠢᠩᠭ᠎ᠠ ᠵᠠᠰᠠᠬᠤ ᠨᠢ ᠵᠠᠩᠬᠢᠯᠠᠭ᠎ᠠ ᠪᠤᠯᠤᠨ᠎ᠠ᠃ | ᠵᠠᠷᠢᠮ ᠭᠠᠵᠠᠷ ᠤᠷᠤᠨ ᠪᠤᠯᠤᠨ ᠨᠢᠭᠡᠴᠡ ᠶᠢᠨ ᠨᠠᠮ ᠤᠨ ᠵᠤᠬᠢᠶᠠᠨ ᠪᠠᠶᠢᠭᠤᠯᠤᠯᠳᠠ ᠨᠢ ᠨᠠᠮ ᠢ ᠬᠠᠮᠢᠶᠠᠷᠬᠤ ᠨᠠᠮ ᠢ | ᠵᠠᠰᠠᠬᠤ ᠭᠤᠤᠯ ᠴᠤᠭᠴᠠ ᠶᠢᠨ ᠬᠠᠷᠢᠭᠤᠴᠠᠯᠭ᠎ᠠ ᠶᠢ ᠠᠯᠳᠠᠭᠰᠠᠨ ᠠᠴᠠ ᠪᠤᠯᠤᠭᠠᠳ ᠨᠠᠮ ᠤᠨ ᠲᠤᠬᠠᠢ ᠦᠵᠡᠯ | ᠤᠬᠠᠮᠰᠠᠷ ᠨᠢ ᠪᠠᠯᠠᠷᠬᠠᠢ᠂ ᠨᠠᠮ ᠤᠨ ᠵᠤᠬᠢᠶᠠᠨ ᠪᠠᠶᠢᠭᠤᠯᠤᠯᠳᠠ ᠨᠢ ᠳᠠᠷᠬᠠᠢ ᠪᠤᠳᠠᠷᠬᠠᠢ᠂ ᠨᠠᠮ ᠤᠨ ᠰᠠᠬᠢᠯᠭ᠎ᠠ ᠪᠠᠳᠤ | ᠨᠢ ᠰᠤᠯᠠ ᠵᠠᠳᠠᠭᠠᠢ ᠪᠠᠶᠢᠵᠦ᠂ ᠨᠠᠮ ᠤᠨ ᠵᠤᠬᠢᠶᠠᠨ ᠪᠠᠶᠢᠭᠤᠯᠤᠯᠳᠠ ᠶᠢᠨ ᠨᠢᠭᠳᠠᠷᠠᠯ ᠤᠨ ᠬᠦᠴᠤᠨ ᠪᠠ ᠪᠠᠶᠢᠯᠳᠤᠬᠤ | ᠬᠦᠴᠤᠨ ᠢ ᠪᠠᠭᠤᠷᠠᠭᠤᠯᠤᠭᠰᠠᠨ ᠢᠶᠠᠷ ᠪᠠᠷᠠᠬᠤ ᠦᠬᠡᠢ ᠪᠠᠰᠠ ᠨᠠᠮ ᠪᠤᠯᠤᠨ ᠤᠯᠠᠨ ᠲᠦᠮᠡᠨ ᠤ ᠬᠠᠷᠢᠴᠠᠭ᠎ᠠ ᠺᠠᠳ᠋ᠷ | ᠪᠤᠯᠤᠨ ᠤᠯᠠᠨ ᠲᠦᠮᠡᠨ ᠤ ᠬᠠᠷᠢᠴᠠᠭ᠎ᠠ ᠶᠢ ᠬᠤᠬᠢᠷᠠᠭᠤᠯᠵᠦ ᠪᠠᠶᠢᠨ᠎ᠠ᠂ ᠢᠢᠮᠤᠷᠬᠦ ᠪᠠᠶᠢᠳᠠᠯ ᠢ ᠡᠷᠬᠡᠪᠰᠢ ᠡᠷᠡᠰ | ᠰᠢᠭᠤᠷᠬᠠᠢ ᠬᠤᠪᠢᠷᠠᠭᠤᠯᠬᠤ ᠬᠡᠷᠡᠭᠲᠠᠢ᠃ ︽ᠲᠤᠭᠤᠷᠢᠨ ᠪᠠᠶᠢᠴᠠᠭᠠᠬᠤ ᠲᠦᠷᠢᠮ︾ ᠨᠢ ᠨᠠᠮ ᠤᠨ ᠲᠦᠷᠢᠮ ᠨᠠᠮ ᠤᠨ | ᠰᠠᠬᠢᠯᠭ᠎ᠠ ᠶᠢ ᠤᠯᠤᠰ ᠤᠨ ᠬᠠᠤᠯᠢ ᠴᠠᠭᠠᠵᠠ ᠠᠴᠠ ᠴᠢᠩᠭ᠎ᠠ ᠪᠠᠶᠢᠯᠭᠠᠬᠤ ᠱᠠᠭᠠᠷᠳᠠᠯᠭ᠎ᠠ ᠶᠢ ᠲᠤᠤᠱᠯᠠᠭᠤᠯᠵᠦ᠂ | ᠰᠠᠬᠢᠯᠭ᠎ᠠ ᠶᠢ ᠬᠠᠤᠯᠢ ᠠᠴᠠ ᠴᠢᠩᠭ᠎ᠠ ᠪᠠᠶᠢᠯᠭᠠᠬᠤ᠂ ᠰᠠᠬᠢᠯᠭ᠎ᠠ ᠶᠢ ᠬᠠᠤᠯᠢ ᠶᠢᠨ ᠲᠡᠷᠢᠬᠦᠨ ᠳᠤ ᠲᠠᠯᠪᠢᠬᠤ᠂ ᠰᠠᠬᠢᠯᠭ᠎ᠠ | ᠬᠠᠤᠯᠢ ᠶᠢ ᠰᠠᠯᠭᠠᠬᠤ ᠶᠢ ᠲᠤᠪᠤᠶᠢᠯᠭᠠᠵᠦ᠂ ᠨᠠᠮ ᠤᠨ ᠰᠠᠬᠢᠯᠭ᠎ᠠ ᠪᠤᠯᠤᠨ ᠶᠤᠰᠤ ᠲᠦᠷᠢᠮ ᠢ ᠲᠡᠷᠢᠬᠦᠨ ᠳᠤ ᠳᠠᠯᠪᠢᠵᠦ | ᠂ ᠲᠤᠭᠤᠷᠢᠨ ᠪᠠᠶᠢᠴᠠᠭᠠᠬᠤ ᠠᠵᠢᠯ ᠨᠢ ᠤᠯᠤᠰ ᠲᠦᠷᠦ ᠶᠢᠨ ᠰᠠᠬᠢᠯᠭ᠎ᠠ ᠪᠤᠯᠤᠨ ᠶᠤᠰᠤ ᠲᠦᠷᠢᠮ᠂ ᠠᠷᠢᠭᠤᠨ | ᠴᠢᠬᠡᠴᠢ ᠰᠠᠬᠢᠯᠭ᠎ᠠ᠂ ᠵᠤᠬᠢᠶᠠᠨ ᠪᠠᠶᠢᠭᠤᠯᠤᠯᠳᠠ ᠶᠢᠨ ᠰᠠᠬᠢᠯᠭ᠎ᠠ᠂ ᠤᠯᠠᠨ ᠲᠦᠮᠡᠨ ᠤ ᠰᠠᠬᠢᠯᠭ᠎ᠠ᠂ ᠠᠵᠢᠯ ᠤᠨ | ᠰᠠᠬᠢᠯᠭ᠎ᠠ᠂ ᠠᠮᠢᠳᠤᠷᠠᠯ ᠤᠨ ᠰᠠᠬᠢᠯᠭ᠎ᠠ ᠶᠢ ᠵᠦᠷᠢᠴᠡᠭᠰᠡᠨ ᠵᠡᠷᠭᠡ ᠠᠰᠠᠭᠤᠳᠠᠯ ᠢ ᠬᠦᠴᠤ ᠳᠠᠯᠪᠢᠨ ᠢᠯᠡᠷᠡᠬᠦᠯᠬᠦ ᠶᠢ | ᠲᠤᠳᠤᠷᠬᠠᠢ ᠳᠤᠷᠠᠳᠴᠤ᠂ ︽ᠤᠳᠤᠷᠢᠳᠬᠤ ᠺᠠᠳ᠋ᠷ ᠬᠤᠪᠢ ᠬᠦᠮᠤᠨ ᠤ ᠬᠠᠮᠢᠶ᠎ᠠ ᠪᠦᠬᠦᠢ ᠶᠠᠪᠤᠳᠠᠯ ᠢᠶᠠᠨ | ᠮᠡᠳᠡᠬᠦᠯᠦᠭᠰᠡᠨ ᠪᠠᠶᠢᠳᠠᠯ︾᠂ ︽ᠬᠠᠮᠢᠶ᠎ᠠ ᠪᠦᠬᠦᠢ ᠪᠠᠶᠢᠳᠠᠯ ᠢ ᠮᠡᠳᠡᠭᠴᠢᠳ ᠠᠴᠠ ᠠᠰᠠᠭᠤᠨ ᠯᠠᠪᠯᠠᠭᠰᠠᠨ ᠪᠠᠶᠢᠳᠠᠯ︾᠂ | ︽ᠲᠤᠰᠬᠠᠢ ᠪᠠᠶᠢᠴᠠᠭᠠᠯᠳᠠ ᠦᠷᠨᠢᠬᠦᠯᠦᠭᠰᠡᠨ ᠪᠠᠶᠢᠳᠠᠯ︾ ᠵᠡᠷᠭᠡ ᠶᠢ ᠰᠤᠭᠤᠴᠠᠨ ᠪᠠᠶᠢᠴᠠᠭᠠᠵᠦ ᠬᠢᠨᠠᠨ | ᠬᠠᠷᠭᠤᠭᠤᠯᠬᠤ ᠶᠢ ᠴᠢᠬᠤᠯᠠᠴᠢᠯᠠᠪᠠ᠃ ᠡᠳᠡᠭᠡᠷ ᠲᠤᠭᠳᠠᠭᠠᠯ ᠨᠢ ᠬᠦᠮᠤᠨ ᠰᠤᠩᠭᠤᠬᠤ ᠬᠦᠮᠤᠨ ᠬᠡᠷᠡᠭᠯᠡᠬᠦ ᠪᠠ ᠺᠠᠳ᠋ᠷ ᠢ | ᠬᠠᠮᠢᠶᠠᠷᠬᠤ ᠬᠢᠨᠠᠯᠳᠠ ᠳᠠᠯᠪᠢᠬᠤ ᠳᠤ ᠲᠤᠭᠤᠷᠢᠨ ᠪᠠᠶᠢᠴᠠᠭᠠᠬᠤ ᠶᠢ ᠨᠡᠩ ᠲᠤᠪᠤᠶᠢᠯᠭᠠᠵᠦ᠂ ᠲᠦᠷᠢᠮ ᠤᠨ ᠲᠠᠯ᠎ᠠ ᠠᠴᠠ | ᠰᠠᠬᠢᠯᠭ᠎ᠠ ᠶᠢᠨ ᠦᠨᠳᠤᠷ ᠬᠤᠷᠢᠭ᠎ᠠ᠂ ᠶᠤᠰᠤ ᠲᠦᠷᠢᠮ ᠤᠨ ᠴᠢᠩᠭ᠎ᠠ ᠬᠢᠵᠠᠭᠠᠷᠯᠠᠯ ᠪᠤᠯᠤᠨ ᠶᠤᠰᠤ ᠮᠤᠷᠠᠯ ᠤᠨ | ᠬᠢᠵᠠᠭᠠᠷ ᠱᠤᠭᠤᠮ ᠢ ᠲᠤᠭᠳᠠᠭᠠᠵᠦ᠂ ᠺᠠᠳ᠋ᠷ ᠤᠨ ᠬᠢᠨᠠᠯᠳᠠ ᠬᠠᠮᠢᠶᠠᠷᠤᠯᠳᠠ ᠶᠢ ᠠᠭᠤᠴᠢᠯᠠᠬᠤ᠂ ᠰᠤᠯᠠᠷᠠᠭᠤᠯᠬᠤ᠂ | ᠵᠦᠬᠡᠯᠡᠷᠡᠬᠦᠯᠬᠦ ᠠᠰᠠᠭᠤᠳᠠᠯ ᠢ ᠦᠨᠡᠨᠬᠦ ᠰᠢᠢᠳᠪᠤᠷᠢᠯᠠᠵᠦ᠂ ᠲᠦᠪ ᠪᠤᠰᠤ ᠰᠤᠷᠳᠠᠯ ᠪᠤᠯᠤᠨ ᠢᠯᠵᠠᠷᠠᠯ ᠤᠨ ᠡᠭᠦᠰᠤᠯ ᠢ | ᠤᠭ ᠦᠨᠳᠤᠰᠤ ᠠᠴᠠ ᠨᠢ ᠰᠡᠷᠭᠡᠶᠢᠯᠡᠬᠦ ᠳᠤ ᠠᠰᠢᠭᠲᠠᠢ ᠪᠤᠯᠭᠠᠵᠠᠢ᠃ | ᠬᠤᠶᠠᠷ᠂ ᠲᠤᠭᠤᠷᠢᠨ ᠪᠠᠶᠢᠴᠠᠭᠠᠬᠤ ᠠᠵᠢᠯ ᠢ ᠬᠦᠴᠤ ᠬᠠᠮᠳᠤᠳᠬᠠᠨ ᠰᠠᠶᠢᠳᠤᠷ ᠬᠢᠵᠦ᠂ ᠵᠤᠬᠢᠶᠠᠨ | ᠪᠠᠶᠢᠭᠤᠯᠬᠤ ᠰᠠᠯᠠᠭ᠎ᠠ ᠮᠦᠴᠢᠷ ᠤᠨ ᠴᠢᠬᠤᠯᠠ ᠡᠭᠦᠷᠬᠡ ᠬᠠᠷᠢᠭᠤᠴᠠᠯᠭ᠎ᠠ ᠶᠢ ᠬᠢᠨᠠᠮᠠᠭᠠᠢ ᠬᠦᠢᠴᠡᠳᠭᠡᠨ᠎ᠠ | ᠬᠦᠮᠤᠨ ᠰᠤᠩᠭᠤᠬᠤ ᠬᠦᠮᠤᠨ ᠬᠡᠷᠡᠭᠯᠡᠬᠦ ᠳᠤ ᠬᠢᠨᠠᠯᠳᠠ ᠳᠠᠯᠪᠢᠬᠤ ᠪᠤᠯ ︽ᠲᠤᠭᠤᠷᠢᠨ ᠪᠠᠶᠢᠴᠠᠭᠠᠬᠤ ᠲᠦᠷᠢᠮ︾ | ᠳᠤ ᠲᠤᠭᠳᠠᠭᠠᠭᠰᠠᠨ ︽ᠳᠦᠷᠪᠠᠨ ᠲᠠᠯ᠎ᠠ ᠪᠠᠷ ᠬᠦᠴᠤᠯᠡᠨ︾ ᠲᠤᠭᠤᠷᠢᠨ ᠪᠠᠶᠢᠴᠠᠭᠠᠬᠤ ᠶᠢᠨ ᠭᠤᠤᠯᠳᠠᠯᠭ᠎ᠠ ᠶᠢᠨ | ᠨᠢᠬᠡ ᠨᠢ ᠪᠤᠯᠤᠨ᠎ᠠ ᠂ ᠮᠦᠨᠴᠤ ᠵᠤᠬᠢᠶᠠᠨ ᠪᠠᠶᠢᠭᠤᠯᠬᠤ ᠠᠵᠢᠯ ᠪᠤᠯᠤᠨ ᠲᠤᠭᠤᠷᠢᠨ ᠪᠠᠶᠢᠴᠠᠭᠠᠬᠤ ᠠᠵᠢᠯ ᠤᠨ ᠬᠠᠮᠤᠭ | ᠤᠨ ᠨᠢᠭᠳᠠ ᠤᠶᠠᠯᠳᠤᠭᠤᠯᠬᠤ ᠶᠢᠨ ᠵᠠᠩᠬᠢᠯᠠᠭ᠎ᠠ ᠶᠢᠨ ᠨᠢᠬᠡ ᠨᠢ ᠪᠤᠯᠤᠨ᠎ᠠ᠃ ︽ᠲᠤᠭᠤᠷᠢᠨ ᠪᠠᠶᠢᠴᠠᠭᠠᠬᠤ ᠲᠦᠷᠢᠮ︾ | ᠨᠢ ᠵᠤᠬᠢᠶᠠᠨ ᠪᠠᠶᠢᠭᠤᠯᠬᠤ ᠰᠠᠯᠠᠭ᠎ᠠ ᠮᠦᠴᠢᠷ ᠲᠤ ᠴᠢᠬᠤᠯᠠ ᠡᠬᠦᠷᠭᠡ ᠬᠠᠷᠢᠭᠤᠴᠠᠯᠭ᠎ᠠ ᠪᠠ ᠲᠠᠷᠬᠠᠨ ᠡᠭᠦᠷᠭᠡ | ᠤᠯᠭᠤᠭᠰᠠᠨ ᠪᠤᠯᠬᠤᠷ᠂ ᠵᠤᠬᠢᠶᠠᠨ ᠪᠠᠶᠢᠭᠤᠯᠬᠤ ᠰᠠᠯᠠᠭ᠎ᠠ ᠮᠦᠴᠢᠷ ᠤᠳ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ | ᠡᠬᠦᠷᠭᠡᠯᠡᠵᠦ᠂ ᠲᠦᠷᠦᠬᠦᠯᠤᠨ ᠰᠤᠷᠤᠯᠴᠠᠯᠭ᠎ᠠ ᠶᠢ ᠠᠳᠬᠤᠵᠦ᠂ ᠲᠤᠤᠱᠯᠠᠭᠤᠯᠤᠯᠳᠠ ᠶᠢ ᠠᠳᠬᠤᠵᠦ᠂ | ᠨᠠᠶᠢᠳᠠᠪᠤᠷᠢᠵᠢᠭᠤᠯᠤᠯᠳᠠ ᠶᠢ ᠠᠳᠬᠤᠵᠦ᠂ ᠵᠤᠬᠢᠶᠠᠨ ᠪᠠᠶᠢᠭᠤᠯᠬᠤ ᠡᠯ᠎ᠡ ᠲᠠᠯ᠎ᠠ ᠶᠢᠨ ᠠᠵᠢᠯ ᠳᠤ ᠦᠨᠡᠨᠬᠦ | ᠠᠭᠤᠰᠬᠠᠬᠤ ᠬᠡᠷᠡᠭᠲᠠᠢ ᠬᠡᠵᠦ ᠬᠡᠯᠡᠭᠰᠡᠨ ᠴᠦ ᠪᠤᠯᠤᠨ᠎ᠠ᠃ ᠤᠳᠤᠬᠠᠨ ᠳᠤ᠂ ᠦᠪᠡᠷᠳᠡᠭᠡᠨ ᠵᠠᠰᠠᠬᠤ ᠤᠷᠤᠨ ᠤ ᠨᠠᠮ | ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠬᠡᠯᠳᠡᠰ ︽ᠵᠤᠬᠢᠶᠠᠨ ᠪᠠᠶᠢᠭᠤᠯᠬᠤ ᠰᠠᠯᠠᠭ᠎ᠠ ᠮᠦᠴᠢᠷ ᠤᠳ ︿ᠲᠤᠭᠤᠷᠢᠨ | ᠪᠠᠶᠢᠴᠠᠭᠠᠬᠤ ᠲᠦᠷᠢᠮ﹀ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠰᠠᠨᠠᠯ︾ ᠢ ᠨᠢᠭᠡᠨᠳᠡ ᠰᠤᠳᠤᠯᠤᠨ | ᠲᠤᠭᠳᠠᠭᠠᠪᠠ᠂ ᠵᠤᠷᠢᠯᠭ᠎ᠠ ᠨᠢ ᠬᠡᠪᠡᠯ ᠲᠠᠷᠤᠢ ᠵᠤᠬᠢᠶᠠᠨ ᠪᠠᠶᠢᠭᠤᠯᠬᠤ ᠰᠠᠯᠠᠭ᠎ᠠ ᠮᠦᠴᠢᠷ ᠤᠳ ᠤᠨ ︽ᠲᠤᠭᠤᠷᠢᠨ | ᠪᠠᠶᠢᠴᠠᠭᠠᠬᠤ ᠲᠦᠷᠢᠮ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ | ᠶᠢ ᠤᠯᠠᠮ ᠲᠤᠳᠤᠷᠬᠠᠶᠢᠯᠠᠵᠦ᠂ ︽ᠲᠤᠭᠤᠷᠢᠨ ᠪᠠᠶᠢᠴᠠᠭᠠᠬᠤ ᠲᠦᠷᠢᠮ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ | ᠪᠦᠬᠦᠯᠢ ᠴᠤᠭᠴᠠ ᠶᠢᠨ ᠨᠡᠶᠢᠯᠡᠯ ᠬᠦᠴᠤᠨ ᠢ ᠪᠤᠢ ᠪᠤᠯᠭᠠᠬᠤ ᠶᠠᠪᠤᠳᠠᠯ ᠪᠤᠯᠤᠨ᠎ᠠ᠃ ᠡᠭᠦᠨ ᠢ ᠬᠢᠷᠬᠢᠨ ᠲᠠᠨᠢᠬᠤ ᠪᠤᠢ︖ | ᠮᠢᠨᠤ ᠪᠤᠳᠤᠬᠤ ᠪᠠᠷ᠂ ᠭᠤᠤᠯ ᠨᠢ ᠭᠤᠷᠪᠠᠨ ᠲᠠᠯ᠎ᠠ ᠪᠠᠷ ᠪᠤᠳᠤᠯᠬᠢᠯᠠᠬᠤ ᠬᠡᠷᠡᠭᠲᠠᠢ᠃ | ᠨᠢᠭᠡᠳᠤᠭᠡᠷ ᠲᠤ᠂ ︽ᠲᠤᠭᠤᠷᠢᠨ ᠪᠠᠶᠢᠴᠠᠭᠠᠬᠤ ᠲᠦᠷᠢᠮ ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠤᠯ | ᠵᠤᠬᠢᠶᠠᠨ ᠪᠠᠶᠢᠭᠤᠯᠬᠤ ᠰᠠᠯᠠᠭ᠎ᠠ ᠮᠦᠴᠢᠷ ᠤᠨ ᠨᠢᠬᠡᠨ ᠴᠢᠬᠤᠯᠠ ᠤᠯᠤᠰ ᠲᠦᠷᠦ ᠶᠢᠨ ᠡᠬᠦᠷᠭᠡ ᠮᠦᠨ᠃ ︽ | ᠲᠤᠭᠤᠷᠢᠨ ᠪᠠᠶᠢᠴᠠᠭᠠᠬᠤ ᠲᠦᠷᠢᠮ︾ ᠨᠢ ᠬᠦᠮᠤᠨ ᠰᠤᠩᠭᠤᠬᠤ ᠬᠦᠮᠤᠨ ᠬᠡᠷᠡᠭᠯᠡᠬᠦ ᠳᠤ ᠬᠢᠨᠠᠯᠳᠠ ᠳᠠᠯᠪᠢᠬᠤ ᠶᠢ | ᠭᠤᠤᠯᠳᠠᠯᠭ᠎ᠠ ᠲᠠᠢ ᠲᠤᠭᠤᠷᠢᠨ ᠪᠠᠶᠢᠴᠠᠭᠠᠬᠤ ᠶᠢᠨ ᠠᠭᠤᠯᠭ᠎ᠠ ᠪᠤᠯᠭᠠᠭᠰᠠᠨ ᠤ ᠳᠠᠭᠠᠤ ᠲᠤᠭᠤᠷᠢᠨ ᠪᠠᠶᠢᠴᠠᠭᠠᠬᠤ ᠲᠠᠢ | ᠤᠶᠠᠯᠳᠤᠭᠤᠯᠤᠨ ᠬᠦᠮᠤᠨ ᠰᠤᠩᠭᠤᠬᠤ ᠬᠦᠮᠤᠨ ᠬᠡᠷᠡᠭᠯᠡᠬᠦ ᠲᠤᠰᠬᠠᠢ ᠪᠠᠶᠢᠴᠠᠭᠠᠯᠳᠠ ᠶᠢ ᠦᠨᠳᠤᠰᠤᠨ ᠠᠵᠢᠯ ᠤᠨ | ᠬᠡᠯᠪᠡᠷᠢ ᠪᠤᠯᠭᠠᠵᠠᠢ᠃ ᠢᠢᠮᠤ ᠠᠴᠠ᠂ ︽ᠲᠤᠭᠤᠷᠢᠨ ᠪᠠᠶᠢᠴᠠᠭᠠᠬᠤ ᠲᠦᠷᠢᠮ︾ ᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠨᠢ ᠰᠠᠬᠢᠯᠠᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ᠂ ᠲᠤᠭᠤᠷᠢᠨ ᠪᠠᠶᠢᠴᠠᠭᠠᠬᠤ | ᠪᠠᠶᠢᠭᠤᠯᠤᠮᠵᠢ ᠶᠢᠨ ᠬᠡᠷᠡᠭ ᠶᠠᠪᠤᠳᠠᠯ ᠪᠤᠯᠬᠤ ᠪᠠᠷ ᠪᠠᠷᠠᠬᠤ ᠦᠬᠡᠢ ᠪᠠᠰᠠ ᠵᠤᠬᠢᠶᠠᠨ ᠪᠠᠶᠢᠭᠤᠯᠬᠤ ᠰᠠᠯᠠᠭ᠎ᠠ ᠮᠦᠴᠢᠷ | ᠤᠨ ᠲᠦᠯᠬᠢᠵᠦ ᠪᠤᠯᠤᠰᠢ ᠦᠬᠡᠢ ᠤᠯᠤᠰ ᠲᠦᠷᠦ ᠶᠢᠨ ᠬᠠᠷᠢᠭᠤᠴᠠᠯᠭ᠎ᠠ ᠮᠦᠨ ᠬᠡᠵᠦ ᠬᠡᠯᠡᠵᠦ ᠪᠤᠯᠤᠨ᠎ᠠ᠃ ᠵᠤᠬᠢᠶᠠᠨ | ᠪᠠᠶᠢᠭᠤᠯᠬᠤ ᠰᠠᠯᠠᠭ᠎ᠠ ᠮᠦᠴᠢᠷ ᠤᠳ ᠡᠷᠬᠡᠪᠰᠢ ᠤᠯᠤᠰ ᠲᠦᠷᠦ ᠶᠢ ᠡᠷᠬᠢᠮᠯᠡᠬᠦ ᠦᠨᠳᠤᠷᠴᠡ ᠠᠴᠠ ︽ᠲᠤᠭᠤᠷᠢᠨ | ᠪᠠᠶᠢᠴᠠᠭᠠᠬᠤ ᠲᠦᠷᠢᠮ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠴᠢᠨᠠᠷ ᠢ ᠬᠦᠨᠵᠡᠭᠡᠢ ᠲᠠᠨᠢᠵᠦ᠂ ︽ | ᠲᠤᠭᠤᠷᠢᠨ ᠪᠠᠶᠢᠴᠠᠭᠠᠬᠤ ᠲᠦᠷᠢᠮ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠤᠯᠤᠰ ᠲᠦᠷᠦ ᠶᠢᠨ ᠤᠬᠠᠮᠰᠠᠷ | ᠢᠶᠠᠨ ᠦᠨᠡᠨᠬᠦ ᠳᠡᠭᠡᠭᠰᠢᠯᠡᠬᠦᠯᠬᠦ ᠬᠡᠷᠡᠭᠲᠠᠢ᠃ | ᠬᠤᠶᠠᠳᠤᠭᠠᠷ ᠲᠤ᠂ ︽ᠲᠤᠭᠤᠷᠢᠨ ᠪᠠᠶᠢᠴᠠᠭᠠᠬᠤ ᠲᠦᠷᠢᠮ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠤᠯ | ᠵᠤᠬᠢᠶᠠᠨ ᠪᠠᠶᠢᠭᠤᠯᠬᠤ ᠠᠵᠢᠯ ᠤᠨ ᠲᠦᠯᠬᠢᠵᠦ ᠪᠤᠯᠤᠰᠢ ᠦᠬᠡᠢ ᠦᠨᠳᠤᠰᠤᠨ ᠡᠬᠦᠷᠭᠡ ᠬᠠᠷᠢᠭᠤᠴᠠᠯᠭ᠎ᠠ ᠮᠦᠨ ᠃ | ︽ᠲᠤᠭᠤᠷᠢᠨ ᠪᠠᠶᠢᠴᠠᠭᠠᠬᠤ ᠲᠦᠷᠢᠮ︾ ᠨᠢ ᠲᠤᠭᠤᠷᠢᠨ ᠪᠠᠶᠢᠴᠠᠭᠠᠬᠤ ᠠᠵᠢᠯ ᠳᠤ ᠴᠢᠩᠭ᠎ᠠ ᠵᠢᠷᠤᠮᠵᠢᠯ | ᠲᠤᠭᠳᠠᠭᠠᠭᠰᠠᠨ ᠢᠶᠠᠷ ᠪᠠᠷᠠᠬᠤ ᠦᠬᠡᠢ ᠪᠠᠰᠠ ᠵᠤᠬᠢᠶᠠᠨ ᠪᠠᠶᠢᠭᠤᠯᠬᠤ ᠰᠠᠯᠠᠭ᠎ᠠ ᠮᠦᠴᠢᠷ ᠤᠳ ᠡᠭᠦᠷᠭᠡ | ᠬᠠᠷᠢᠭᠤᠴᠠᠯᠭ᠎ᠠ ᠡᠬᠦᠷᠭᠡᠯᠡᠬᠦ ᠶᠤᠰᠤᠲᠠᠢ ᠭᠡᠳᠡᠭ ᠢ ᠲᠦᠷᠢᠮ ᠤᠨ ᠲᠠᠯ᠎ᠠ ᠪᠠᠷ ᠲᠤᠳᠤᠷᠬᠠᠶᠢᠯᠠᠭᠰᠠᠨ ᠪᠠᠶᠢᠨ᠎ᠠ᠃ ᠢᠢᠮᠤ | ᠠᠴᠠ᠂ ︽ᠲᠤᠭᠤᠷᠢᠨ ᠪᠠᠶᠢᠴᠠᠭᠠᠬᠤ ᠲᠦᠷᠢᠮ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠤᠯ ᠮᠦᠨᠴᠤ ᠵᠤᠬᠢᠶᠠᠨ | ᠪᠠᠶᠢᠭᠤᠯᠬᠤ ᠠᠵᠢᠯ ᠤᠨ ᠡᠷᠬᠡᠪᠰᠢ ᠰᠠᠶᠢᠳᠤᠷ ᠴᠢᠩᠭ᠎ᠠ ᠠᠳᠬᠤᠬᠤ ᠴᠢᠬᠤᠯᠠ ᠡᠭᠦᠷᠭᠡ ᠪᠤᠯᠤᠨ᠎ᠠ᠃ ᠵᠤᠬᠢᠶᠠᠨ | ᠪᠠᠶᠢᠭᠤᠯᠬᠤ ᠰᠠᠯᠠᠭ᠎ᠠ ᠮᠦᠴᠢᠷ ᠤᠳ ︽ᠺᠠᠳ᠋ᠷ ᠢ ᠲᠤᠮᠢᠯᠠᠨ ᠬᠡᠷᠡᠭᠯᠡᠬᠦ ᠲᠦᠷᠢᠮ︾ ᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠲᠠᠢ ᠠᠳᠠᠯᠢ ᠪᠠᠷ ︽ᠲᠤᠭᠤᠷᠢᠨ ᠪᠠᠶᠢᠴᠠᠭᠠᠬᠤ ᠲᠦᠷᠢᠮ︾ ᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢ ᠰᠠᠶᠢᠳᠤᠷ ᠠᠳᠬᠤᠵᠦ᠂ ︽ᠲᠤᠭᠤᠷᠢᠨ ᠪᠠᠶᠢᠴᠠᠭᠠᠬᠤ ᠲᠦᠷᠢᠮ︾ ᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢ ᠵᠤᠬᠢᠶᠠᠨ ᠪᠠᠶᠢᠭᠤᠯᠬᠤ ᠠᠵᠢᠯ ᠤᠨ ᠬᠤᠷᠴᠠ ᠵᠡᠪᠰᠡᠭ ᠪᠤᠯᠭᠠᠵᠦ᠂ ᠵᠤᠬᠢᠶᠠᠨ ᠪᠠᠶᠢᠭᠤᠯᠬᠤ | ᠠᠵᠢᠯ ᠬᠢᠭᠡᠳ ᠲᠤᠭᠤᠷᠢᠨ ᠪᠠᠶᠢᠴᠠᠭᠠᠬᠤ ᠠᠵᠢᠯ ᠠᠳᠠᠯᠢ ᠴᠢᠭᠯᠡᠯ ᠲᠡᠰᠢ ᠬᠦᠴᠤᠯᠡᠵᠦ᠂ ᠠᠳᠠᠯᠢ ᠲᠠᠪᠳᠠᠭ ᠢᠶᠠᠷ | ᠬᠠᠮᠳᠤ ᠳᠠᠭᠠᠨ ᠮᠠᠨᠳᠤᠵᠦ᠂ ᠵᠠᠢ ᠵᠠᠪᠰᠠᠷ ᠦᠬᠡᠢ ᠵᠤᠯᠭᠠᠯᠳᠤᠭᠤᠯᠵᠦ᠂ ︽ᠲᠤᠭᠤᠷᠢᠨ ᠪᠠᠶᠢᠴᠠᠭᠠᠬᠤ ᠲᠦᠷᠢᠮ︾ ᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠦᠵᠡᠯ ᠤᠬᠠᠮᠰᠠᠷ ᠢᠶᠠᠨ ᠦᠨᠡᠨᠬᠦ ᠳᠡᠭᠡᠭᠰᠢᠯᠡᠬᠦᠯᠬᠦ ᠬᠡᠷᠡᠭᠲᠠᠢ᠃ | ᠭᠤᠷᠪᠠᠳᠤᠭᠠᠷ ᠲᠤ᠂ ︽ᠲᠤᠭᠤᠷᠢᠨ ᠪᠠᠶᠢᠴᠠᠭᠠᠬᠤ ᠲᠦᠷᠢᠮ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ | ᠪᠤᠯ ᠵᠤᠬᠢᠶᠠᠨ ᠪᠠᠶᠢᠭᠤᠯᠬᠤ ᠠᠵᠢᠯ ᠤᠨ ᠺᠠᠳ᠋ᠷᠴᠤᠳ ᠤᠨ ᠦᠷᠭᠦᠯᠵᠢ ᠰᠤᠷᠴᠤ ᠪᠠᠶᠢᠩᠭᠤ ᠰᠢᠨᠡᠴᠢᠯᠡᠭᠳᠡᠬᠦ ᠵᠠᠪᠠᠯ | ᠰᠤᠷᠬᠤ ᠬᠢᠴᠢᠶᠡᠯ ᠮᠦᠨ᠃ ︽ᠲᠤᠭᠤᠷᠢᠨ ᠪᠠᠶᠢᠴᠠᠭᠠᠬᠤ ᠲᠦᠷᠢᠮ︾ ᠨᠢ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠰᠢ ᠨᠠᠮ ᠢ ᠴᠢᠩᠭ᠎ᠠ ᠵᠠᠰᠠᠭᠰᠠᠨ ᠰᠢᠨ᠎ᠡ ᠡᠭᠦᠳᠤᠯᠳᠡ ᠶᠢᠨ ᠦᠢᠯᠡᠳᠤᠯᠭᠡ ᠶᠢ ᠬᠦᠢᠴᠡᠳ ᠰᠢᠩᠭᠡᠭᠡᠨ | ᠠᠪᠤᠭᠰᠠᠨ ᠲᠤᠯᠠ ᠲᠦᠷᠢᠮ ᠤᠨ ᠰᠢᠨ᠎ᠡ ᠡᠭᠦᠳᠤᠯᠳᠡ ᠶᠢᠨ ᠴᠢᠬᠤᠯᠠ ᠦᠷ᠎ᠡ ᠪᠦᠳᠤᠭᠡᠯ ᠪᠤᠯᠤᠨ᠎ᠠ᠃ ᠢᠯᠠᠩᠭᠤᠶ᠎ᠠ | ᠬᠦᠮᠤᠨ ᠰᠤᠩᠭᠤᠬᠤ ᠬᠦᠮᠤᠨ ᠬᠡᠷᠡᠭᠯᠡᠬᠦ ᠳᠤ ᠲᠤᠭᠤᠷᠢᠨ ᠪᠠᠶᠢᠴᠠᠭᠠᠵᠦ ᠬᠢᠨᠠᠯᠳᠠ ᠳᠠᠯᠪᠢᠬᠤ ᠨᠢ ᠲᠤᠭᠤᠷᠢᠨ | ᠪᠠᠶᠢᠴᠠᠭᠠᠬᠤ ᠠᠷᠭ᠎ᠠ ᠪᠠᠷᠢᠯ ᠤᠨ ᠤᠷᠤᠨ ᠵᠠᠢ ᠶᠢ ᠦᠷᠭᠡᠳᠬᠡᠭᠰᠡᠨ ᠢᠶᠠᠷ ᠪᠠᠷᠠᠬᠤ ᠦᠬᠡᠢ ᠪᠠᠰᠠ ᠵᠤᠬᠢᠶᠠᠨ ᠪᠠᠶᠢᠭᠤᠯᠬᠤ | ᠰᠠᠯᠠᠭ᠎ᠠ ᠮᠦᠴᠢᠷ ᠤᠨ ᠬᠦᠮᠤᠨ ᠰᠤᠩᠭᠤᠬᠤ ᠬᠦᠮᠤᠨ ᠬᠡᠷᠡᠭᠯᠡᠬᠦ ᠲᠤᠪᠤᠶᠢᠮ᠎ᠠ ᠠᠰᠠᠭᠤᠳᠠᠯ ᠢ ᠪᠦᠳᠤᠮᠵᠢ ᠲᠠᠢ ᠪᠠᠷ | ᠰᠡᠷᠡᠵᠦ ᠮᠡᠳᠡᠬᠦ᠂ ᠨᠢᠬᠡ ᠠᠴᠠ ᠵᠤᠶᠢᠴᠢᠯᠡᠵᠦ ᠨᠦᠬᠦᠭᠡ ᠶᠢ ᠮᠡᠳᠡᠬᠦ ᠮᠡᠳᠤ ᠪᠠᠷ ᠲᠦᠷᠢᠮ ᠲᠤᠭᠳᠠᠭᠠᠯ ᠢ ᠪᠠᠶᠢᠭᠤᠯᠬᠤ | ᠳᠤ ᠴᠢᠬᠤᠯᠠ ᠡᠰᠢ ᠪᠠᠷᠢᠮᠳᠠ ᠤᠯᠭᠤᠭᠰᠠᠨ ᠪᠠᠶᠢᠨ᠎ᠠ᠃ ᠵᠤᠬᠢᠶᠠᠨ ᠪᠠᠶᠢᠭᠤᠯᠬᠤ ᠠᠵᠢᠯ ᠤᠨ ᠺᠠᠳ᠋ᠷᠴᠤᠳ ︽ | ᠲᠤᠭᠤᠷᠢᠨ ᠪᠠᠶᠢᠴᠠᠭᠠᠬᠤ ᠲᠦᠷᠢᠮ︾ ᠢ ᠰᠤᠷᠤᠯᠴᠠᠬᠤ ᠶᠠᠪᠤᠳᠠᠯ ᠢ ᠵᠠᠪᠠᠯ ᠰᠤᠷᠬᠤ ᠬᠢᠴᠢᠶᠡᠯ ᠢᠶᠠᠨ ᠪᠤᠯᠭᠠᠵᠦ᠂ ᠲᠡᠷᠡ | ᠬᠡᠪ ᠢᠶᠠᠷ ᠨᠢ ᠰᠤᠷᠴᠤ᠂ ᠲᠦᠷᠢᠮ ᠳᠠᠷᠠᠭᠠᠯᠠᠨ ᠵᠤᠷᠪᠤᠰ ᠳᠠᠷᠠᠭᠠᠯᠠᠨ ᠰᠤᠷᠴᠤ᠂ ︽ᠲᠤᠭᠤᠷᠢᠨ ᠪᠠᠶᠢᠴᠠᠭᠠᠬᠤ ᠲᠦᠷᠢᠮ | ︾ ᠤᠨ ᠬᠠᠷᠠᠯᠳᠠ ᠶᠢᠨ ᠡᠭᠦᠷᠭᠡ᠂ ᠦᠢᠯᠡᠳᠤᠯᠭᠡ ᠶᠢᠨ ᠪᠠᠷᠢᠮᠵᠢᠶ᠎ᠠ ᠪᠤᠯᠤᠨ ᠪᠤᠳᠠᠲᠠᠢ ᠱᠠᠭᠠᠷᠳᠠᠯᠭ᠎ᠠ ᠶᠢ ᠬᠦᠨᠵᠡᠭᠡᠢ | ᠤᠶᠢᠯᠠᠭᠠᠵᠦ᠂ ᠵᠤᠬᠢᠶᠠᠨ ᠪᠠᠶᠢᠭᠤᠯᠬᠤ ᠰᠠᠯᠠᠭ᠎ᠠ ᠮᠦᠴᠢᠷ ᠤᠨ︽ᠲᠤᠭᠤᠷᠢᠨ ᠪᠠᠶᠢᠴᠠᠭᠠᠬᠤ ᠲᠦᠷᠢᠮ︾ ᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠦᠨᠳᠤᠰᠤᠨ ᠠᠷᠭ᠎ᠠ᠂ ᠭᠤᠤᠯ ᠰᠢᠪᠳᠤᠯᠤᠯᠳᠠ ᠶᠢᠨ ᠴᠢᠭᠯᠡᠯ ᠪᠤᠯᠤᠨ | ᠭᠤᠤᠯᠳᠠᠯᠭ᠎ᠠ ᠶᠢᠨ ᠠᠷᠭ᠎ᠠ ᠪᠠᠷᠢᠯ ᠢ ᠤᠨᠤᠪᠴᠢᠲᠠᠢ ᠡᠵᠡᠮᠰᠢᠵᠦ᠂ ᠦᠢᠯᠡᠳᠤᠯᠭᠡ ᠶᠢ ᠵᠢᠯᠤᠭᠤᠳᠬᠤ᠂ ᠠᠵᠢᠯ ᠢ | ᠠᠬᠢᠭᠤᠯᠬᠤ ᠲᠠᠯ᠎ᠠ ᠪᠠᠷ ᠠᠵᠢᠯ ᠢᠶᠠᠨ ᠪᠦᠳᠤᠭᠡᠵᠦ᠂ ᠠᠮᠵᠢᠯᠳᠠ ᠭᠠᠷᠭᠠᠵᠦ᠂ ︽ᠲᠤᠭᠤᠷᠢᠨ ᠪᠠᠶᠢᠴᠠᠭᠠᠬᠤ ᠲᠦᠷᠢᠮ︾ | ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯᠯᠠᠭᠠᠨ ᠤ ᠤᠬᠠᠮᠰᠠᠷ ᠢᠶᠠᠨ ᠳᠡᠭᠡᠭᠰᠢᠯᠡᠬᠦᠯᠬᠦ ᠬᠡᠷᠡᠭᠲᠠᠢ᠃ | ᠭᠤᠷᠪᠠ᠂ ᠲᠤᠭᠤᠷᠢᠨ ᠪᠠᠶᠢᠴᠠᠭᠠᠵᠦ ᠬᠢᠨᠠᠯᠳᠠ ᠳᠠᠯᠪᠢᠬᠤ ᠶᠢ ︽ᠬᠦᠴᠤ ᠲᠤᠰᠠᠯᠠᠨ︾ ᠠᠬᠢᠭᠤᠯᠵᠦ᠂ ᠬᠦᠮᠤᠨ | ᠰᠤᠩᠭᠤᠬᠤ ᠬᠦᠮᠤᠨ ᠬᠡᠷᠡᠭᠯᠡᠬᠦ ᠰᠤᠷᠳᠠᠯ ᠢ ᠦᠨᠡᠨᠬᠦ ᠵᠠᠰᠠᠨ ᠰᠠᠶᠢᠵᠢᠷᠠᠭᠤᠯᠤᠨ᠎ᠠ | ᠲᠤᠭᠤᠷᠢᠨ ᠪᠠᠶᠢᠴᠠᠭᠠᠬᠤ ᠠᠵᠢᠯ ᠤᠨ ᠲᠠᠰᠤᠷᠠᠯᠳᠠ ᠦᠬᠡᠢ ᠴᠢᠩᠭᠠᠳᠬᠤ ᠶᠢ ᠳᠠᠭᠠᠯᠳᠤᠨ᠂ ᠲᠤᠭᠤᠷᠢᠨ | ᠪᠠᠶᠢᠴᠠᠭᠠᠬᠤ ᠨᠢ ᠺᠠᠳ᠋ᠷᠴᠤᠳ ᠲᠤ ᠴᠢᠩᠭ᠎ᠠ ᠬᠢᠨᠠᠯᠳᠠ ᠳᠠᠯᠪᠢᠨ ᠬᠠᠮᠢᠶᠠᠷᠬᠤ᠂ ᠬᠦᠮᠤᠨ ᠰᠤᠩᠭᠤᠬᠤ ᠬᠦᠮᠤᠨ ᠬᠡᠷᠡᠭᠯᠡᠬᠦ | ᠰᠤᠷᠳᠠᠯ ᠢ ᠵᠠᠰᠠᠨ ᠰᠠᠶᠢᠵᠢᠷᠠᠭᠤᠯᠬᠤ ᠶᠢᠨ ᠴᠢᠬᠤᠯᠠ ᠲᠦᠰᠢᠭ ᠪᠤᠯᠤᠨ ᠬᠦᠴᠤᠲᠠᠢ ᠠᠷᠭ᠎ᠠ ᠬᠡᠮᠵᠢᠶ᠎ᠡ ᠪᠤᠯᠤᠭᠰᠠᠨ | ᠪᠠᠶᠢᠨ᠎ᠠ᠃ ᠢᠯᠠᠩᠭᠤᠶ᠎ᠠ ︽ᠲᠤᠭᠤᠷᠢᠨ ᠪᠠᠶᠢᠴᠠᠭᠠᠬᠤ ᠲᠦᠷᠢᠮ︾ ᠨᠢ ᠬᠦᠮᠤᠨ ᠰᠤᠩᠭᠤᠬᠤ ᠬᠦᠮᠤᠨ ᠬᠡᠷᠡᠭᠯᠡᠬᠦ ᠳᠤ | ᠲᠤᠭᠤᠷᠢᠨ ᠪᠠᠶᠢᠴᠠᠭᠠᠵᠦ ᠬᠢᠨᠠᠯᠳᠠ ᠳᠠᠯᠪᠢᠬᠤ ᠶᠢ ᠨᠡᠩ ᠲᠤᠪᠤᠶᠢᠯᠭᠠᠵᠦ᠂ ᠬᠦᠮᠤᠨ ᠰᠤᠩᠭᠤᠬᠤ ᠬᠦᠮᠤᠨ ᠬᠡᠷᠡᠭᠯᠡᠬᠦ | ᠲᠦᠪ ᠪᠤᠰᠤ ᠰᠤᠷᠳᠠᠯ ᠢ ᠪᠦᠳᠤᠮᠵᠢᠲᠠᠢ ᠪᠠᠷ ᠬᠢᠵᠠᠭᠠᠷᠯᠠᠬᠤ ᠳᠤ ︽ᠠᠪᠤᠷᠠᠯᠳᠠ ᠶᠢᠨ ᠵᠡᠭᠦᠤ︾ ᠳᠠᠯᠪᠢᠵᠦ | ᠦᠭᠬᠦᠭᠰᠡᠨ ᠪᠠᠶᠢᠨ᠎ᠠ᠃ ᠵᠤᠬᠢᠶᠠᠨ ᠪᠠᠶᠢᠭᠤᠯᠬᠤ ᠰᠠᠯᠠᠭ᠎ᠠ ᠮᠦᠴᠢᠷ ᠲᠤ ᠠᠪᠴᠤ ᠬᠡᠯᠡᠪᠡᠯ᠂ ᠭᠤᠤᠯᠳᠠᠯᠭ᠎ᠠ ᠨᠢ | ᠤᠶᠠᠯᠳᠤᠯ ᠳᠡᠭᠡᠷ᠎ᠡ ᠬᠦᠴᠤ ᠳᠠᠯᠪᠢᠬᠤ ᠳᠤ ᠪᠤᠢ᠂ ︽ᠲᠤᠭᠤᠷᠢᠨ ᠪᠠᠶᠢᠴᠠᠭᠠᠬᠤ ᠲᠦᠷᠢᠮ︾ ᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠪᠠᠷ ᠠᠵᠠ ᠲᠤᠬᠢᠶᠠᠯ ᠪᠤᠯᠭᠠᠵᠦ᠂ ᠲᠤᠭᠤᠷᠢᠨ ᠪᠠᠶᠢᠴᠠᠭᠠᠵᠦ ᠬᠢᠨᠠᠯᠳᠠ ᠳᠠᠯᠪᠢᠬᠤ ᠶᠢ ᠲᠤᠰᠠᠯᠠᠨ | ᠳᠡᠮᠵᠢᠵᠦ᠂ ᠠᠯᠢ ᠴᠢᠳᠠᠬᠤ ᠪᠠᠷ ᠲᠡᠭᠦᠨ ᠳᠤ ᠦᠢᠯᠡᠴᠢᠯᠡᠬᠦ ᠬᠡᠷᠡᠭᠲᠠᠢ᠃ ᠲᠤᠭᠤᠷᠢᠨ ᠪᠠᠶᠢᠴᠠᠭᠠᠬᠤ ᠶᠢ ᠬᠢᠷᠬᠢᠨ | ᠲᠤᠰᠠᠯᠠᠨ ᠳᠡᠮᠵᠢᠬᠦ ᠪᠤᠢ︖ ᠮᠢᠨᠤ ᠦᠵᠡᠬᠦ ᠪᠠᠷ᠂ ᠭᠤᠤᠯ ᠨᠢ ᠭᠤᠷᠪᠠᠨ ᠲᠠᠯ᠎ᠠ ᠪᠠᠷ ᠭᠠᠷᠳᠠᠨ ᠬᠢᠬᠦ ᠬᠡᠷᠡᠭᠲᠠᠢ᠃ | ᠨᠢᠭᠡᠳᠦᠭᠡᠷ ᠲᠤ᠂ ᠴᠡᠭᠴᠡᠯᠡᠨ ᠦᠭᠡᠷᠡᠴᠢᠯᠡᠬᠦᠯᠬᠦ ᠪᠠᠷ ᠲᠤᠰᠢᠶᠠᠭᠰᠠᠨ ᠠᠵᠢᠯ ᠢ ᠴᠢᠩᠭ᠎ᠠ ᠪᠠᠷ ᠵᠢᠷᠤᠮᠵᠢᠭᠤᠯᠵᠤ᠂ | ᠲᠤᠭᠤᠷᠢᠨ ᠪᠠᠶᠢᠴᠠᠭᠠᠬᠤ ᠳᠤ ᠪᠤᠴᠠᠭᠠᠭᠰᠠᠨ ᠬᠦᠮᠦᠨ ᠰᠤᠩᠭᠤᠵᠤ ᠬᠦᠮᠦᠨ ᠬᠡᠷᠡᠭᠯᠡᠬᠦ ᠠᠰᠠᠭᠤᠳᠠᠯ ᠢ ᠬᠢᠨᠠᠮᠠᠭᠠᠢ ᠪᠠᠷ | ᠰᠢᠢᠳᠪᠦᠷᠢᠯᠡᠪᠡ᠃ ᠴᠡᠭᠴᠡᠯᠡᠨ ᠦᠭᠡᠷᠡᠴᠢᠯᠡᠬᠦᠯᠬᠦ ᠪᠠᠷ ᠲᠤᠰᠢᠶᠠᠭᠰᠠᠨ ᠠᠵᠢᠯ ᠢ ᠰᠠᠶᠢᠲᠤᠷ ᠬᠢᠬᠦ ᠪᠤᠯ ᠲᠤᠭᠤᠷᠢᠨ | ᠪᠠᠶᠢᠴᠠᠭᠠᠬᠤ ᠠᠵᠢᠯ ᠤᠨ ᠳᠡᠰ ᠳᠠᠷᠠᠭᠠᠯᠠᠯ ᠪᠤᠯᠬᠤ ᠮᠦᠷᠲᠡᠭᠡᠨ ᠮᠦᠨᠴᠦ ᠲᠤᠭᠤᠷᠢᠨ ᠪᠠᠶᠢᠴᠠᠭᠠᠬᠤ ᠬᠤᠷᠴᠠ | ᠰᠡᠯᠡᠮ᠎ᠡ ᠶᠢᠨ ᠦᠢᠯᠡᠳᠦᠯ ᠢ ᠪᠠᠳᠠᠷᠠᠭᠤᠯᠵᠤ᠂ ᠺᠠᠲᠠᠷᠴᠤᠳ ᠢ ᠴᠢᠩᠭ᠎ᠠ ᠪᠠᠷ ᠬᠢᠨᠠᠨ ᠬᠠᠮᠢᠶᠠᠷᠬᠤ ᠵᠠᠩᠬᠢᠯᠠᠭ᠎ᠠ ᠶᠢᠨ | ᠬᠤᠭᠤᠴᠠᠭ᠎ᠠ ᠪᠤᠯᠤᠨ᠎ᠠ᠃ ︽ᠲᠤᠭᠤᠷᠢᠨ ᠪᠠᠶᠢᠴᠠᠭᠠᠬᠤ ᠳᠦᠷᠢᠮ︾ ᠢ ᠰᠠᠶᠢᠲᠤᠷ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢᠨ ᠲᠦᠯᠦᠭᠡ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠵᠤᠬᠢᠶᠠᠨ | ᠪᠠᠶᠢᠭᠤᠯᠬᠤ ᠬᠡᠯᠲᠡᠰ ᠲᠤᠭᠤᠷᠢᠨ ᠪᠠᠶᠢᠴᠠᠭᠠᠵᠤ ᠲᠤᠰᠢᠶᠠᠨ ᠰᠢᠢᠳᠪᠦᠷᠢᠯᠡᠭᠦᠯᠦᠭᠰᠡᠨ ᠠᠰᠠᠭᠤᠳᠠᠯ ᠢ ᠴᠡᠭᠴᠡᠯᠡᠨ | ᠦᠭᠡᠷᠡᠴᠢᠯᠡᠬᠦ ᠳᠤ ᠠᠮᠠᠷᠬᠠᠨ ᠭᠠᠷᠳᠠᠭ ᠳᠡᠰ ᠳᠠᠷᠠᠭᠠᠯᠠᠯ ᠲᠤᠲᠤᠷᠬᠠᠢ ᠦᠭᠡᠢ᠂ ᠬᠠᠷᠢᠭᠤᠴᠠᠯᠭ᠎ᠠ ᠲᠤᠳᠤ ᠪᠤᠰᠤ ᠵᠡᠷᠭᠡ | ᠠᠰᠠᠭᠤᠳᠠᠯ ᠳᠤ ᠬᠠᠨᠳᠤᠭᠤᠯᠤᠨ᠂ ᠲᠤᠭᠤᠷᠢᠨ ᠪᠠᠶᠢᠴᠠᠭᠠᠵᠤ ᠪᠤᠴᠠᠭᠠᠭᠰᠠᠨ ᠬᠦᠮᠦᠨ ᠰᠤᠩᠭᠤᠵᠤ ᠬᠦᠮᠦᠨ ᠬᠡᠷᠡᠭᠯᠡᠬᠦ | ᠠᠰᠠᠭᠤᠳᠠᠯ ᠢ ᠴᠡᠭᠴᠡᠯᠡᠨ ᠦᠭᠡᠷᠡᠴᠢᠯᠡᠬᠦᠯᠬᠦ ᠪᠠᠷ ᠲᠤᠰᠢᠶᠠᠭᠰᠠᠨ ᠠᠵᠢᠯ ᠤᠨ ︽ᠲᠦᠷ ᠬᠡᠷᠡᠭᠵᠢᠬᠦᠯᠬᠦ ᠠᠷᠭ᠎ᠠ︾ ᠶᠢ | ᠰᠤᠳᠤᠯᠤᠨ ᠲᠤᠭᠲᠠᠭᠠᠪᠠ᠃ ᠨᠢᠭᠡ ᠳᠤ ᠳᠡᠰ ᠳᠠᠷᠠᠭᠠᠯᠠᠯ ᠢ ᠵᠢᠷᠤᠮᠵᠢᠭᠤᠯᠵᠠᠢ᠃ ᠲᠤᠭᠤᠷᠢᠨ ᠪᠠᠶᠢᠴᠠᠭᠠᠬᠤ ᠠᠵᠢᠯ ᠤᠨ | ᠠᠯᠪᠠᠨ ᠭᠡᠷ ᠤᠨ ᠪᠤᠴᠠᠭᠠᠭᠰᠠᠨ ᠬᠦᠮᠦᠨ ᠰᠤᠩᠭᠤᠵᠤ ᠬᠦᠮᠦᠨ ᠭᠡᠷᠡᠭᠯᠡᠬᠦ ᠠᠰᠠᠭᠤᠳᠠᠯ ᠢ ᠦᠪᠡᠷᠲᠡᠭᠡᠨ ᠵᠠᠰᠠᠬᠤ | ᠤᠷᠤᠨ ᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠲᠡᠰ ᠬᠦᠯᠢᠶᠡᠨ ᠠᠪᠤᠭᠰᠠᠨ ᠤ ᠳᠠᠷᠠᠭ᠎ᠠ᠂ ᠺᠠᠲᠠᠷ | ᠬᠠᠮᠢᠶᠠᠷᠬᠤ ᠡᠷᠬᠡ ᠮᠡᠳᠡᠯ ᠤᠨ ᠶᠤᠰᠤᠭᠠᠷ ᠬᠤᠯᠪᠤᠭᠳᠠᠯ ᠪᠦᠬᠦᠢ ᠭᠠᠵᠠᠷ ᠤᠷᠤᠨ ᠨᠢᠭᠡᠴᠡ ᠶᠢᠨ ᠨᠠᠮ ᠤᠨ ᠬᠤᠷᠢᠶ᠎ᠠ ︵ | ᠨᠠᠮ ᠤᠨ ᠤᠳᠤᠷᠢᠳᠬᠤ ᠳᠤᠭᠤᠶᠢᠯᠠᠩ︶ ᠶᠢᠨ ᠬᠠᠷᠢᠭᠤᠴᠠᠯᠭᠠᠲᠠᠨ ᠳᠤ ᠨᠢᠭᠤᠷᠳᠠᠨ ᠲᠤᠰᠢᠶᠠᠨ᠎ᠠ︔ ᠲᠤᠰᠢᠶᠠᠨ | ᠰᠢᠢᠳᠪᠦᠷᠢᠯᠡᠬᠦᠯᠦᠭᠳᠡᠭᠰᠡᠨ ᠭᠠᠵᠠᠷ ᠤᠷᠤᠨ ᠨᠢᠭᠡᠴᠡ ᠴᠡᠭᠴᠡᠯᠡᠨ ᠦᠭᠡᠷᠡᠴᠢᠯᠡᠬᠦ ᠲᠦᠰᠦᠯ ᠢᠶᠠᠨ ᠰᠤᠳᠤᠯᠤᠨ | ᠳᠤᠷᠠᠳᠤᠭᠰᠠᠨ ᠤ ᠳᠠᠷᠠᠭ᠎ᠠ᠂ ᠵᠤᠬᠢᠶᠠᠨ ᠪᠠᠶᠢᠭᠤᠯᠬᠤ ᠬᠡᠯᠲᠡᠰ ᠠᠴᠠ ᠬᠢᠨᠠᠨ ᠬᠠᠷᠭᠤᠭᠤᠯᠵᠤ ᠵᠦᠪᠰᠢᠶᠡᠷᠡᠭᠡᠳ | ᠴᠡᠭᠴᠡᠯᠡᠨ ᠦᠭᠡᠷᠡᠴᠢᠯᠡᠨ᠎ᠡ︔ ᠲᠤᠰᠢᠶᠠᠨ ᠰᠢᠢᠳᠪᠦᠷᠢᠯᠡᠬᠦᠯᠦᠭᠳᠡᠭᠰᠡᠨ ᠭᠠᠵᠠᠷ ᠤᠷᠤᠨ ᠨᠢᠭᠡᠴᠡ ᠰᠢᠢᠳᠪᠦᠷᠢᠯᠡᠭᠰᠡᠨ | ᠦᠷ᠎ᠡ ᠳ᠋ᠦᠡᠭ ᠪᠤᠶᠤ ᠴᠡᠭᠴᠡᠯᠡᠨ ᠦᠭᠡᠷᠡᠴᠢᠯᠡᠭᠰᠡᠨ ᠠᠬᠢᠴᠠ ᠶᠢᠨ ᠪᠠᠶᠢᠳᠠᠯ ᠢᠶᠠᠨ ᠵᠤᠬᠢᠶᠠᠨ ᠪᠠᠶᠢᠭᠤᠯᠬᠤ ᠬᠡᠯᠲᠡᠰ ᠲᠤ | ᠲᠤᠭᠲᠠᠭᠰᠠᠨ ᠬᠤᠭᠤᠴᠠᠭᠠᠨ ᠳᠤ ᠪᠠᠨ ᠪᠢᠴᠢᠭ ᠢᠶᠠᠷ ᠮᠡᠳᠡᠭᠦᠯᠦᠭᠰᠡᠨ ᠤ ᠳᠠᠷᠠᠭ᠎ᠠ᠂ ᠵᠤᠬᠢᠶᠠᠨ ᠪᠠᠶᠢᠭᠤᠯᠬᠤ | ᠬᠡᠯᠲᠡᠰ ᠠᠴᠠ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠠᠵᠢᠯ ᠤᠨ ᠠᠯᠪᠠᠨ | ᠬᠡᠷ ᠲᠤ ᠪᠢᠴᠢᠭ ᠢᠶᠠᠷ ᠪᠤᠴᠠᠭᠠᠨ᠎ᠠ ᠬᠡᠵᠤ ᠲᠤᠭᠲᠠᠭᠠᠪᠠ᠃ ᠬᠤᠶᠠᠷ ᠲᠤ ᠠᠷᠭ᠎ᠠ ᠪᠠᠨ ᠲᠤᠲᠤᠷᠬᠠᠶᠢᠯᠠᠪᠠ᠃ ᠲᠤᠰᠢᠶᠠᠨ | ᠰᠢᠢᠳᠪᠦᠷᠢᠯᠡᠬᠦᠯᠦᠭᠳᠡᠭᠰᠡᠨ ᠭᠠᠵᠠᠷ ᠤᠷᠤᠨ ᠨᠢᠭᠡᠴᠡ ᠴᠡᠭᠴᠡᠯᠡᠨ ᠦᠭᠡᠷᠡᠴᠢᠯᠡᠬᠦ ᠲᠦᠰᠦᠯ ᠢᠶᠠᠨ ᠬᠢᠨᠠᠮᠠᠭᠠᠢ ᠪᠠᠷ | ᠲᠤᠭᠲᠠᠭᠠᠵᠤ᠂ ᠴᠡᠭᠴᠡᠯᠡᠨ ᠦᠭᠡᠷᠡᠴᠢᠯᠡᠬᠦ ᠶᠢ ᠨᠠᠶᠢᠳᠠᠪᠤᠷᠢᠵᠢᠭᠤᠯᠬᠤ ᠡᠬᠦᠷᠭᠡ ᠶᠢᠨ ᠪᠢᠴᠢᠭ᠂ ᠴᠠᠭ ᠤᠨ ᠬᠦᠰᠦᠨᠦᠭᠲᠦ | ᠪᠤᠯᠤᠨ ᠬᠠᠷᠢᠭᠤᠴᠠᠬᠤ ᠬᠦᠮᠦᠨ ᠢ ᠲᠤᠲᠤᠷᠬᠠᠶᠢᠯᠠᠵᠤ᠂ ᠠᠰᠠᠭᠤᠳᠠᠯ ᠢ ᠡᠯᠭᠦᠬᠡ ᠲᠠᠩᠰᠠ ᠳᠠᠶᠢᠯᠬᠤ ᠮᠠᠶ᠋ᠢᠭ ᠢᠶᠠᠷ | ᠰᠢᠢᠳᠪᠦᠷᠢᠯᠡᠬᠦ ᠶᠢ ᠱᠠᠭᠠᠷᠳᠠᠵᠤ᠂ ᠵᠤᠬᠢᠶᠠᠨ ᠪᠠᠶᠢᠭᠤᠯᠬᠤ ᠬᠡᠯᠲᠡᠰ ᠡᠬᠡ ᠳᠠᠩᠰᠠ ᠪᠠᠶᠢᠭᠤᠯᠵᠤ᠂ ᠰᠢᠮᠳᠠᠭᠤᠯᠤᠨ | ᠪᠠᠶᠢᠴᠠᠭᠠᠬᠤ᠂ ᠬᠠᠷᠢᠭᠤᠴᠠᠯᠭ᠎ᠠ ᠨᠡᠬᠡᠮᠵᠢᠯᠡᠬᠦ ᠪᠠᠷ ᠮᠡᠳᠡᠭᠡᠯᠡᠬᠦ ᠵᠡᠷᠭᠡ ᠠᠷᠭ᠎ᠠ ᠪᠠᠷ ᠴᠡᠭᠴᠡᠯᠡᠨ ᠦᠭᠡᠷᠡᠴᠢᠯᠡᠯᠲᠡ ᠶᠢᠨ | ᠰᠢᠮᠳᠠᠭᠤᠯᠤᠨ ᠪᠠᠶᠢᠴᠠᠭᠠᠬᠤ ᠶᠠᠪᠤᠳᠠᠯ ᠢ ᠰᠠᠶᠢᠲᠤᠷ ᠠᠳᠬᠤᠵᠤ᠂ ᠴᠠᠭ ᠪᠦᠷᠢ ᠡᠵᠡᠮᠳᠡᠵᠤ᠂ ᠤᠴᠢᠷ ᠶᠠᠪᠤᠳᠠᠯ ᠪᠦᠷᠢ | ᠰᠢᠮᠳᠠᠭᠤᠯᠵᠤ᠂ ᠬᠦᠳᠡᠯᠦᠩᠭᠦᠢ ᠪᠠᠷ ᠬᠠᠮᠢᠶᠠᠷᠤᠨ᠎ᠠ ᠬᠡᠵᠤ ᠲᠤᠷᠠᠳᠪᠠ᠃ ᠭᠤᠷᠪᠠ ᠳᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠠᠢ᠃ ᠵᠤᠬᠢᠶᠠᠨ ᠪᠠᠶᠢᠭᠤᠯᠬᠤ ᠬᠡᠯᠲᠡᠰ ᠤᠨ ᠺᠠᠲᠠᠷᠴᠤᠳ ᠲᠤ ᠬᠢᠨᠠᠯᠲᠠ ᠲᠠᠯᠪᠢᠬᠤ | ᠪᠠᠶᠢᠭᠤᠯᠤᠮᠵᠢ ᠶᠢᠨ ᠰᠢᠮᠳᠠᠭᠤᠯᠤᠨ ᠪᠠᠶᠢᠴᠠᠭᠠᠬᠤ ᠬᠠᠷᠢᠭᠤᠴᠠᠯᠭ᠎ᠠ᠂ ᠺᠠᠲᠠᠷ ᠤᠨ ᠠᠵᠢᠯ ᠤᠨ ᠭᠠᠵᠠᠷ ᠬᠡᠷ ᠤᠨ ᠬᠢᠨᠠᠨ | ᠬᠠᠷᠭᠤᠭᠤᠯᠬᠤ ᠬᠠᠷᠢᠭᠤᠴᠠᠯᠭ᠎ᠠ᠂ ᠲᠤᠰᠢᠶᠠᠨ ᠰᠢᠢᠳᠪᠦᠷᠢᠯᠡᠬᠦᠯᠦᠭᠳᠡᠭᠰᠡᠨ ᠭᠠᠵᠠᠷ ᠤᠷᠤᠨ ᠨᠢᠭᠡᠴᠡ ᠶᠢᠨ ᠨᠠᠮ ᠤᠨ | ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠬᠢᠭᠡᠳ ᠵᠤᠬᠢᠶᠠᠨ ᠪᠠᠶᠢᠭᠤᠯᠬᠤ ᠰᠠᠯᠠᠭ᠎ᠠ ᠮᠦᠴᠢᠷ ᠤᠨ | ᠴᠡᠭᠴᠡᠯᠡᠨ ᠦᠭᠡᠷᠡᠴᠢᠯᠡᠬᠦ ᠬᠠᠷᠢᠭᠤᠴᠠᠯᠭ᠎ᠠ ᠶᠢ ᠲᠤᠰ ᠲᠤᠰ ᠴᠢᠩᠭ᠎ᠠ ᠪᠠᠷ ᠵᠢᠷᠤᠮᠵᠢᠭᠤᠯᠪᠠ᠃ ᠡᠬᠦᠨ ᠤ ᠬᠠᠮᠲᠤᠳᠠ᠂ | ︽ᠡᠷᠬᠢᠵᠤ ᠦᠵᠡᠬᠦ︾ ᠶᠢ ᠲᠤᠭᠤᠷᠢᠨ ᠪᠠᠶᠢᠴᠠᠭᠠᠬᠤ ᠠᠵᠢᠯ ᠤᠨ ᠠᠯᠪᠠᠨ ᠭᠡᠷ ᠲᠠᠢ ᠬᠠᠮᠲᠤᠷᠠᠨ ᠵᠤᠬᠢᠶᠠᠨ | ᠪᠠᠶᠢᠭᠤᠯᠵᠤ᠂ ᠴᠡᠭᠴᠡᠯᠡᠨ ᠦᠭᠡᠷᠡᠴᠢᠯᠡᠵᠤ ᠪᠠᠶᠢᠭ᠎ᠠ ᠠᠬᠢᠴᠠ᠂ ᠰᠢᠢᠳᠪᠦᠷᠢᠯᠡᠭᠰᠡᠨ ᠳ᠋ᠦᠡᠭ ᠪᠤᠯᠤᠨ | ᠨᠡᠶᠢᠳᠠᠪᠤᠷᠢᠵᠢᠭᠤᠯᠤᠭᠰᠠᠨ ᠦᠷ᠎ᠡ ᠪᠦᠲᠦᠮᠵᠢ ᠶᠢ ᠬᠢᠨᠠᠮᠠᠭᠠᠢ ᠪᠠᠷ ᠪᠠᠶᠢᠴᠠᠭᠠᠵᠤ᠂ ᠬᠠᠯᠠᠨ ᠰᠠᠶᠢᠵᠢᠷᠠᠭᠤᠯᠬᠤ | ᠰᠠᠨᠠᠯ ᠢᠶᠠᠨ ᠬᠠᠨᠳᠤᠯᠭ᠎ᠠ ᠲᠠᠢ ᠪᠠᠷ ᠳᠤᠷᠠᠳᠪᠠ᠃ ᠳᠥᠷᠪᠡ ᠳᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠷᠠᠭᠤᠯᠵᠠᠢ᠃ | ᠲᠤᠭᠤᠷᠢᠨ ᠪᠠᠶᠢᠴᠠᠭᠠᠵᠤ ᠪᠤᠴᠠᠭᠠᠭᠰᠠᠨ ᠬᠥᠮᠥᠨ ᠰᠤᠩᠭᠤᠵᠤ ᠬᠥᠮᠥᠨ ᠬᠡᠷᠡᠭᠯᠡᠬᠦ ᠠᠰᠠᠭᠤᠳᠠᠯ ᠨᠡᠯᠢᠶᠡᠳ ᠠᠷᠪᠢᠨ | ᠪᠤᠶᠤ ᠴᠡᠭᠴᠡᠯᠡᠨ ᠥᠭᠡᠷᠡᠴᠢᠯᠡᠯᠲᠡ ᠶᠢᠨ ᠡᠷᠴᠢᠮ ᠬᠦᠷᠦᠯᠴᠡᠬᠦ ᠦᠭᠡᠢ ᠪᠠᠶᠢᠭ᠎ᠠ ᠭᠠᠵᠠᠷ ᠣᠷᠣᠨ ᠨᠢᠭᠡᠴᠡ ᠶᠢᠨ | ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠣᠭᠤᠶᠢᠯᠠᠩ︶ ᠪᠣᠯᠣᠨ ᠵᠣᠬᠢᠶᠠᠨ ᠪᠠᠶᠢᠭᠤᠯᠬᠤ ᠰᠠᠯᠠᠭ᠎ᠠ ᠮᠦᠴᠢᠷ ᠤᠨ | ᠭᠤᠣᠯ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠵᠤ᠂ ᠠᠰᠠᠭᠤᠳᠠᠯ ᠨᠢ ᠬᠦᠨᠳᠦ ᠨᠣᠴᠢᠲᠠᠢ ᠪᠠᠶᠢᠪᠠᠯ ᠴᠢᠩᠭ᠎ᠠ | ᠨᠢᠮᠪᠠᠢ ᠪᠠᠷ ᠬᠠᠷᠢᠭᠤᠴᠠᠯᠭ᠎ᠠ ᠨᠡᠬᠡᠮᠵᠢᠯᠡᠨ᠎ᠡ ᠭᠡᠵᠦ ᠲᠣᠲᠤᠷᠬᠠᠢ ᠲᠣᠭᠲᠠᠭᠠᠪᠠ᠃ ᠡᠨᠡ ᠵᠢᠯ ᠠᠴᠠ ᠨᠠᠰᠢ᠂ ᠨᠢᠭᠡᠨᠲᠡ | 25 ᠭᠠᠵᠠᠷ ᠣᠷᠣᠨ ᠪᠣᠯᠣᠨ ᠨᠢᠭᠡᠴᠡ ᠲᠠᠢ ︽ᠨᠢᠭᠡᠳ ᠨᠢᠭᠡ ᠪᠠᠷ︾ ᠨᠢᠭᠤᠷᠳᠠᠨ ᠰᠢᠮᠳᠠᠭᠤᠯᠤᠨ ᠰᠢᠢᠳᠪᠦᠷᠢᠯᠡᠭᠦᠯᠵᠦ | ᠂ 28 ᠭᠠᠵᠠᠷ ᠣᠷᠣᠨ ᠪᠣᠯᠣᠨ ᠨᠢᠭᠡᠴᠡ ᠶᠢ ᠶᠠᠭ ᠰᠠᠶᠢᠬᠠᠨ ᠰᠢᠮᠳᠠᠭᠤᠯᠤᠨ ᠰᠢᠢᠳᠪᠦᠷᠢᠯᠡᠭᠦᠯᠵᠦ᠂ 18 | ᠬᠥᠮᠥᠨ ᠠᠴᠠ ᠬᠠᠷᠢᠭᠤᠴᠠᠯᠭ᠎ᠠ ᠨᠡᠬᠡᠮᠵᠢᠯᠡᠬᠦ ᠪᠠᠷ ᠪᠠᠶᠢᠴᠠᠭᠠᠨ ᠰᠢᠢᠳᠪᠦᠷᠢᠯᠡᠵᠦ᠂ ᠲᠣᠭᠤᠷᠢᠨ ᠪᠠᠶᠢᠴᠠᠭᠠᠵᠤ | ᠪᠤᠴᠠᠭᠠᠭᠰᠠᠨ ᠬᠥᠮᠥᠨ ᠰᠤᠩᠭᠤᠵᠤ ᠬᠥᠮᠥᠨ ᠬᠡᠷᠡᠭᠯᠡᠬᠦ ᠠᠰᠠᠭᠤᠳᠠᠯ ᠨᠢᠭᠡᠪᠦᠷᠢ ᠶᠢ ᠨᠠᠶᠢᠳᠠᠪᠤᠷᠢᠵᠢᠯᠲᠠ ᠲᠠᠢ᠂ ᠤᠴᠢᠷ | ᠶᠠᠪᠤᠳᠠᠯ ᠪᠣᠯᠭᠠᠨ ᠳᠤ ᠬᠠᠷᠢᠭᠤ ᠲᠠᠢ ᠪᠠᠶᠢᠬᠤ ᠶᠢ ᠬᠦᠴᠦ ᠲᠠᠢ ᠪᠠᠲᠤᠯᠠᠪᠠ᠃ | ᠬᠤᠶᠠᠳᠤᠭᠠᠷ ᠲᠤ᠂ ︽ᠺᠠᠳ᠋ᠷ ᠲᠣᠮᠢᠯᠠᠨ ᠬᠡᠷᠡᠭᠯᠡᠬᠦ ᠳᠦᠷᠢᠮ︾ ᠢ ᠴᠢᠩᠭ᠎ᠠ ᠲᠤᠤᠱᠯᠠᠭᠤᠯᠵᠤ᠂ ᠬᠥᠮᠦᠨ | ᠰᠤᠩᠭᠤᠵᠤ ᠬᠥᠮᠥᠨ ᠬᠡᠷᠡᠭᠯᠡᠬᠦ ᠲᠣᠰᠬᠠᠢ ᠪᠠᠶᠢᠴᠠᠭᠠᠯᠲᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠪᠡ᠃ ᠬᠥᠮᠥᠨ | ᠰᠤᠩᠭᠤᠵᠤ ᠬᠥᠮᠥᠨ ᠬᠡᠷᠡᠭᠯᠡᠬᠦ ᠲᠣᠰᠬᠠᠢ ᠪᠠᠶᠢᠴᠠᠭᠠᠯᠲᠠ ᠶᠢ ᠴᠢᠩᠭᠠᠳᠬᠠᠬᠤ ᠪᠣᠯ ᠲᠣᠭᠤᠷᠢᠨ ᠪᠠᠶᠢᠴᠠᠭᠠᠬᠤ | ᠠᠵᠢᠯ ᠤᠨ ᠭᠤᠣᠯ ᠠᠭᠤᠯᠭ᠎ᠠ ᠪᠣᠯᠬᠤ ᠪᠠᠷ ᠪᠠᠷᠠᠬᠤ ᠦᠭᠡᠢ᠂ ᠮᠦᠨᠴᠦ ᠵᠣᠬᠢᠶᠠᠨ ᠪᠠᠶᠢᠭᠤᠯᠬᠤ ᠰᠠᠯᠠᠭ᠎ᠠ ᠮᠦᠴᠢᠷ ᠤᠨ | ᠴᠢᠬᠤᠯᠠ ᠡᠭᠦᠷᠭᠡ ᠪᠣᠯᠣᠨ᠎ᠠ᠃ ᠣᠶᠢᠷ᠎ᠠ ᠶᠢᠨ ᠵᠢᠯ ᠤᠳ ᠲᠤ᠂ ᠬᠥᠮᠥᠨ ᠰᠤᠩᠭᠤᠵᠤ ᠬᠥᠮᠥᠨ ᠬᠡᠷᠡᠭᠯᠡᠬᠦ ᠪᠠᠶᠢᠳᠠᠯ ᠤᠨ | ᠲᠣᠬᠠᠢ ᠲᠣᠰᠬᠠᠢ ᠪᠠᠶᠢᠴᠠᠭᠠᠯᠲᠠ ᠶᠢ ᠪᠢᠳᠠ ᠪᠠᠷᠤᠭ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠶᠠᠪᠤᠭᠤᠯᠤᠭᠰᠠᠭᠠᠷ | ᠢᠷᠡᠪᠡ᠃ ᠣᠷᠴᠢᠮᠬᠠᠨ ᠲᠤᠰᠬᠠᠢ ᠪᠠ ᠭᠦᠨᠵᠡᠭᠡᠢ ᠪᠠᠶᠢᠬᠤ ᠱᠠᠭᠠᠷᠳᠠᠯᠭ᠎ᠠ ᠶᠣᠰᠣᠭᠠᠷ᠂ ᠵᠢᠷᠠᠭᠠᠳ ᠬᠥᠮᠥᠨ ᠭᠠᠷᠭᠠᠨ | 12 ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ 12 ᠠᠶᠢᠮᠠᠭ ᠬᠤᠲᠠ ᠪᠣᠯᠣᠨ ᠬᠡᠰᠡᠭ ᠲᠢᠩᠬᠢᠮ | ᠲᠣᠪᠴᠢᠶᠠᠨ ᠤ ᠬᠥᠮᠥᠨ ᠰᠤᠩᠭᠤᠵᠤ ᠬᠥᠮᠥᠨ ᠬᠡᠷᠡᠭᠯᠡᠵᠦ ᠪᠠᠶᠢᠭ᠎ᠠ ᠪᠠᠶᠢᠳᠠᠯ ᠳᠤ ᠲᠤᠰᠬᠠᠢ ᠪᠠᠶᠢᠴᠠᠭᠠᠯᠲᠠ ᠬᠢᠵᠦ᠂ | ᠺᠠᠳ᠋ᠷ ᠰᠢᠯᠢᠨ ᠲᠣᠮᠢᠯᠠᠬᠤ ᠠᠵᠢᠯ ᠳᠤ ︽ᠬᠠᠷᠢᠭᠤᠴᠠᠯᠭ᠎ᠠ ᠠᠯᠳᠠᠭᠰᠠᠨ︾ ᠶᠠᠪᠤᠳᠠᠯ ᠪᠠᠶᠢᠬᠤ ᠡᠰᠡᠬᠦ᠂ ᠺᠠᠳ᠋ᠷ ᠢ ᠨᠠᠮ | ᠬᠠᠮᠢᠶᠠᠷᠬᠤ ᠵᠠᠷᠴᠢᠮ ᠢ ᠪᠠᠷᠢᠮᠲᠠᠯᠠᠬᠤ ᠬᠠᠷᠢᠭᠤᠴᠠᠯᠭ᠎ᠠ᠂ ᠤᠳᠤᠷᠢᠳᠬᠤ ᠪᠠ ᠬᠠᠷᠢᠭᠤᠴᠠᠬᠤ ᠬᠠᠷᠢᠭᠤᠴᠠᠯᠭ᠎ᠠ ᠪᠠᠨ | ᠪᠡᠶᠡᠯᠡᠭᠦᠯᠦᠭᠰᠡᠨ ᠡᠰᠡᠬᠦ ︔ ︽ᠵᠢᠷᠤᠮᠵᠢᠯ ᠠᠯᠳᠠᠭᠰᠠᠨ︾ ᠶᠠᠪᠤᠳᠠᠯ ᠪᠠᠶᠢᠬᠤ ᠡᠰᠡᠬᠦ︔ ︽ᠺᠠᠳ᠋ᠷ ᠲᠣᠮᠢᠯᠠᠨ ᠬᠡᠷᠡᠭᠯᠡᠬᠦ | ᠳᠦᠷᠢᠮ︾ ᠳᠤ ᠲᠣᠭᠲᠠᠭᠠᠭᠰᠠᠨ ᠪᠠᠷᠢᠮᠵᠢᠶ᠎ᠠ᠂ ᠨᠥᠬᠦᠴᠡᠯ᠂ ᠳᠡᠰ ᠳᠠᠷᠠᠭᠠᠯᠠᠯ ᠪᠣᠯᠣᠨ ᠰᠠᠬᠢᠯᠭ᠎ᠠ ᠪᠠᠲᠤ ᠶᠢᠨ | ᠱᠠᠭᠠᠷᠳᠠᠯᠭ᠎ᠠ ᠵᠢᠷᠤᠮᠯᠠᠭᠰᠠᠨ ᠡᠰᠡᠬᠦ︔ ︽ᠭᠤᠣᠯᠴᠢ ᠪᠠᠨ ᠠᠯᠳᠠᠭᠰᠠᠨ︾ ᠶᠠᠪᠤᠳᠠᠯ ᠪᠠᠶᠢᠬᠤ ᠡᠰᠡᠬᠦ᠂ ᠨᠠᠮᠴᠢ | ᠴᠢᠨᠠᠷ ᠤᠨ ᠵᠠᠷᠴᠢᠮ᠂ ᠭᠤᠣᠯᠴᠢ ᠰᠢᠳᠤᠷᠭᠤ ᠲᠥᠪ ᠴᠢᠭᠡᠴᠢ ᠪᠠᠶᠢᠬᠤ ᠶᠢ ᠪᠠᠷᠢᠮᠲᠠᠯᠠᠭᠰᠠᠨ ᠡᠰᠡᠬᠦ︔ ᠠᠮᠢ ᠪᠠᠨ | ᠪᠤᠷᠳᠤᠭᠰᠠᠨ᠂ ᠵᠣᠭᠤᠰᠤᠨ ᠳᠤ ᠰᠢᠨᠤᠭᠰᠠᠨ᠂ ᠥᠩᠭᠡᠨ ᠳᠤ ᠤᠨᠠᠭᠰᠠᠨ᠂ ᠰᠢᠳᠠᠷ ᠰᠦᠯᠪᠡᠭᠡ ᠪᠠᠨ ᠳᠡᠭᠡᠨ | ᠵᠢᠳᠬᠦᠭᠰᠡᠨ ᠵᠡᠷᠭᠡ ᠠᠰᠠᠭᠤᠳᠠᠯ ᠣᠷᠣᠰᠢᠵᠤ ᠪᠠᠶᠢᠬᠤ ᠡᠰᠡᠬᠦ ᠶᠢ ᠭᠤᠣᠯᠳᠠᠯᠭ᠎ᠠ ᠲᠠᠢ ᠪᠠᠷ ᠪᠠᠶᠢᠴᠠᠭᠠᠪᠠ᠃ ᠬᠦᠴᠦᠨ | ᠲᠡᠭᠦᠯᠳᠡᠷ ᠪᠠᠶᠢᠴᠠᠭᠠᠯᠲᠠ ᠬᠢᠨᠠᠯᠲᠠ ᠪᠠᠷ ᠳᠠᠮᠵᠢᠭᠤᠯᠤᠨ᠂ ᠪᠠᠷᠢᠮᠵᠢᠶ᠎ᠠ ᠶᠢ ᠬᠡᠷᠡᠭᠵᠢᠭᠦᠯᠬᠦ ᠨᠢ ᠬᠡᠪ ᠢᠶᠠᠨ ᠠᠯᠳᠠᠵᠤ᠂ | ᠠᠵᠢᠯ ᠤᠨ ᠳᠡᠰ ᠳᠠᠷᠠᠭᠠᠯᠠᠯ ᠴᠢᠩᠭ᠎ᠠ ᠪᠢᠰᠢ᠂ ᠬᠢᠨᠠᠯᠲᠠ ᠲᠠᠯᠪᠢᠨ ᠬᠠᠷᠢᠭᠤᠴᠠᠬᠤ ᠨᠢ ᠬᠦᠴᠦᠨ ᠦᠭᠡᠢ ᠮᠡᠲᠦ ᠶᠢᠨ | ᠠᠰᠠᠭᠤᠳᠠᠯ ᠤᠳ ᠢ ᠴᠠᠭ ᠳᠠᠷᠤᠢ ᠳᠤᠨᠢ ᠢᠯᠡᠷᠡᠭᠦᠯᠦᠨ ᠰᠢᠢᠳᠪᠦᠷᠢᠯᠡᠵᠦ᠂ ︽ᠺᠠᠳ᠋ᠷ ᠲᠤᠮᠢᠯᠠᠨ ᠬᠡᠷᠡᠭᠯᠡᠬᠦ ᠳᠦᠷᠢᠮ︾ | ᠤᠨ ᠭᠦᠨᠵᠡᠭᠡᠢ ᠪᠠᠷ ᠲᠤᠤᠱᠯᠠᠭᠳᠠᠨ ᠨᠠᠶᠢᠳᠠᠪᠤᠷᠢᠵᠢᠬᠤ ᠶᠢ ᠦᠨᠡᠨ ᠬᠦ ᠪᠠᠲᠤᠯᠠᠵᠤ᠂ ᠬᠥᠮᠥᠨ ᠰᠤᠩᠭᠤᠨ ᠬᠥᠮᠥᠨ | ᠬᠡᠷᠡᠭᠯᠡᠬᠦ ᠴᠢᠨᠠᠷ ᠴᠢᠨᠰᠠᠭ᠎ᠠ ᠪᠦᠲᠦᠮᠵᠢᠲᠠᠢ ᠪᠠᠷ ᠳᠡᠭᠡᠭᠰᠢᠯᠡᠭᠳᠡᠪᠡ᠃ | ᠭᠤᠷᠪᠠᠳᠤᠭᠠᠷ ᠲᠤ᠂ ᠭᠤᠣᠯᠳᠠᠯᠭ᠎ᠠ ᠲᠠᠢ ᠠᠰᠠᠭᠤᠳᠠᠯ ᠢ ᠴᠢᠩᠭ᠎ᠠ ᠭᠡᠲᠡᠵᠦ᠂ ᠬᠥᠮᠥᠨ ᠰᠤᠩᠭᠤᠵᠤ ᠬᠥᠮᠥᠨ | ᠬᠡᠷᠡᠭᠯᠡᠬᠦ ᠲᠥᠪ ᠪᠤᠰᠤ ᠰᠤᠷᠲᠠᠯ ᠢ ᠦᠷᠭᠦᠯᠵᠢᠯᠡᠨ ᠴᠡᠭᠴᠡᠯᠡᠨ ᠵᠠᠰᠠᠪᠠ᠃ ᠲᠣᠭᠤᠷᠢᠨ ᠪᠠᠶᠢᠴᠠᠭᠠᠬᠤ ᠠᠵᠢᠯ ᠳᠠᠬᠢ | ᠭᠤᠤᠯᠳᠠᠯᠭᠠᠲᠤ ᠬᠥᠮᠥᠨ᠂ ᠭᠤᠣᠯᠳᠠᠯᠭᠠᠲᠤ ᠬᠡᠷᠡᠭ᠂ ᠭᠤᠣᠯᠳᠠᠯᠭᠠᠲᠤ ᠠᠰᠠᠭᠤᠳᠠᠯ ᠢ ᠴᠢᠩᠭ᠎ᠠ ᠭᠡᠲᠡᠬᠦ ᠪᠦᠲᠦᠮᠵᠢᠲᠠᠢ | ᠠᠷᠭ᠎ᠠ ᠬᠢᠳᠡᠯ ᠢ ᠲᠣᠯᠢᠳᠠᠨ ᠬᠡᠷᠡᠭᠯᠡᠵᠦ᠂ ᠺᠠᠳ᠋ᠷ ᠰᠢᠯᠢᠨ ᠲᠣᠮᠢᠯᠠᠬᠤ ᠪᠠᠷᠢᠮᠵᠢᠶ᠎ᠠ ᠳᠡᠰ ᠳᠠᠷᠠᠭᠠᠯᠠᠯ ᠠᠴᠠ ᠵᠦᠷᠢᠴᠡᠭᠰᠡᠨ | ᠂ ᠳᠠᠷᠤᠭ᠎ᠠ ᠨᠣᠶᠠᠨ ᠰᠠᠭᠤᠬᠤ ᠪᠠᠷ ᠳᠠᠪᠰᠢᠭᠤᠷᠠᠨ ᠭᠦᠶᠦᠵᠦ᠂ ᠨᠠᠶᠢᠷ ᠲᠠᠯ᠎ᠠ ᠬᠡᠯᠡᠭᠦᠯᠦᠭᠰᠡᠨ᠂ ᠣᠷᠣᠨ ᠲᠤᠭ᠎ᠠ ᠠᠴᠠ | ᠬᠡᠲᠦᠷᠡᠭᠦᠯᠦᠨ ᠺᠠᠳ᠋ᠷ ᠲᠣᠬᠢᠷᠠᠭᠤᠯᠤᠭᠰᠠᠨ᠂ ᠳᠠᠩᠰᠠ ᠡᠪᠬᠡᠮᠡᠯ ᠢᠶᠠᠨ ᠬᠠᠭᠤᠷᠮᠠᠭᠯᠠᠨ ᠵᠣᠬᠢᠶᠠᠭᠰᠠᠨ᠂ | ᠲᠣᠭᠲᠠᠭᠠᠯ ᠠᠴᠠ ᠵᠦᠷᠢᠴᠡᠨ ᠲᠣᠰᠢᠶᠠᠯ ᠬᠠᠪᠰᠤᠷᠭᠠᠭᠰᠠᠨ᠂ ︽ᠨᠢᠴᠦᠭᠦᠨ ᠨᠣᠶᠠᠨ︾ ᠪᠣᠯᠣᠭᠰᠠᠨ | ᠠᠰᠠᠭᠤᠳᠠᠯ ᠤᠳ ᠢ ᠭᠤᠣᠯᠳᠠᠯᠭ᠎ᠠ ᠲᠠᠢ ᠪᠠᠷ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠭᠦᠨᠵᠡᠭᠡᠢ ᠪᠠᠷ | ᠥᠷᠨᠢᠭᠦᠯᠪᠡ᠃ ᠢᠯᠠᠩᠭᠤᠶ᠎ᠠ ᠪᠢᠳᠡ ᠲᠣᠭᠤᠷᠢᠨ ᠪᠠᠶᠢᠴᠠᠭᠠᠬᠤ ᠠᠵᠢᠯ ᠳᠤ ᠣᠯᠵᠤ ᠮᠡᠳᠡᠭᠰᠡᠨ ᠬᠥᠮᠥᠨ ᠰᠣᠩᠭᠤᠬᠤ | ᠬᠥᠮᠥᠨ ᠬᠡᠷᠡᠭᠯᠡᠬᠦ ᠲᠠᠯ᠎ᠠ ᠪᠠᠷ ᠬᠢ ᠳᠣᠪᠤᠶᠢᠮ᠎ᠠ ᠠᠰᠠᠭᠤᠳᠠᠯ ᠳᠤ ᠴᠢᠭᠯᠡᠭᠦᠯᠦᠨ᠂ ᠲᠥᠪ ᠬᠤᠷᠢᠶ᠎ᠠ ᠶᠢᠨ | ᠲᠣᠭᠲᠠᠭᠠᠭᠰᠠᠨ 6 ᠵᠦᠢᠯ ᠤᠨ ᠡᠭᠦᠷᠭᠡ ᠶᠢᠨ ᠰᠠᠭᠤᠷᠢᠨ ᠳᠡᠭᠡᠷ᠎ᠡ ᠪᠠᠰᠠ ᠥᠪᠡᠷᠲᠡᠭᠡᠨ ᠵᠠᠰᠠᠬᠤ ᠣᠷᠣᠨ ᠤ ᠪᠣᠲᠠᠲᠠᠢ | ᠲᠠᠢ ᠪᠠᠨ ᠤᠶᠠᠯᠳᠤᠭᠤᠯᠤᠨ ︽ᠬᠤᠭᠤᠰᠤᠨ ᠢᠶᠠᠷ ᠴᠠᠯᠢᠩ ᠢᠳᠡᠬᠦ︾ ᠲᠣᠭᠲᠠᠭᠠᠯ ᠠᠴᠠ ᠵᠦᠷᠢᠴᠢᠨ ᠬᠤᠪᠢ ᠶᠢᠨ | ᠤᠴᠢᠷ ᠢᠶᠠᠷ ᠭᠠᠳᠠᠭᠠᠳᠤ ︵ᠬᠢᠯᠢ ᠪᠠᠷ︶ ᠭᠠᠷᠬᠤ 2 ᠵᠦᠢᠯ ᠤᠨ ᠡᠭᠦᠷᠭᠡ ᠶᠢ ᠨᠡᠮᠡᠭᠡᠳ ᠤᠷᠢᠳ ᠬᠤᠵᠢᠳ 3 | ᠤᠳᠠᠭ᠎ᠠ ᠲᠤᠰᠬᠠᠶᠢᠯᠠᠨ ᠰᠢᠮᠳᠠᠭᠤᠯᠤᠨ ᠪᠠᠶᠢᠴᠠᠭᠠᠪᠠ᠃ ᠣᠶᠢᠷ᠎ᠠ ᠳᠤ᠂ ᠪᠢᠳᠡ ᠲᠤᠰᠬᠠᠢ ᠵᠦᠢᠯ ᠤᠨ ᠴᠡᠭᠴᠡᠯᠡᠨ | ᠵᠠᠰᠠᠬᠤ ᠠᠵᠢᠯ ᠢᠠᠯᠠᠩᠭᠤᠶᠠ ᠲᠤᠰᠢᠶᠠᠯ ᠤᠨ ᠲᠤᠭ᠎ᠠ ᠠᠴᠠ ᠬᠡᠲᠦᠷᠡᠭᠦᠯᠦᠨ ᠺᠠᠲᠠᠷ ᠲᠣᠬᠢᠷᠠᠭᠤᠯᠬᠤ ᠠᠰᠠᠭᠤᠳᠠᠯ ᠢ | ᠴᠡᠭᠴᠡᠯᠡᠨ ᠵᠠᠰᠠᠬᠤ ᠳᠤ 12 ᠠᠶᠢᠮᠠᠭ ᠬᠤᠲᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠶᠢ | ᠲᠥᠪᠯᠡᠷᠡᠭᠦᠯᠦᠨ ᠪᠣᠯᠵᠣᠨ ᠶᠠᠷᠢᠯᠴᠠᠵᠤ᠂ ᠲᠣᠭᠲᠠᠭᠠᠭᠰᠠᠨ ᠴᠡᠭᠴᠡᠯᠡᠨ ᠵᠠᠰᠠᠬᠤ ᠠᠵᠢᠯ ᠢ ᠡᠨᠡ ᠵᠢᠯ ᠤᠨ ᠡᠴᠦᠰ ᠠᠴᠠ | ᠡᠮᠦᠨ᠎ᠡ ᠪᠡᠶᠡᠯᠡᠭᠦᠯᠵᠦ᠂ ᠬᠥᠮᠥᠨ ᠰᠣᠩᠭᠤᠬᠤ ᠬᠥᠮᠥᠨ ᠬᠡᠷᠡᠭᠯᠡᠬᠦ ᠬᠡᠪ ᠰᠤᠷᠲᠠᠯ ᠢ ᠦᠨᠡᠨ ᠬᠦ ᠲᠥᠪ ᠪᠣᠯᠭᠠᠵᠤ᠂ ᠬᠡᠪ | ᠰᠤᠷᠲᠠᠯ ᠴᠢᠬᠡᠴᠢ ᠠᠷᠢᠭᠤᠨ ᠤᠯᠤᠰ ᠲᠥᠷᠥ ᠶᠢᠨ ᠠᠮᠢ ᠠᠬᠤᠢ ᠶᠢ ᠪᠣᠢ ᠪᠣᠯᠭᠠᠬᠤ ᠬᠡᠷᠡᠭᠲᠡᠢ ᠭᠡᠵᠦ ᠲᠣᠳᠣᠷᠬᠠᠢ | ᠳᠤᠷᠠᠳᠴᠠᠢ᠃ | ᠳᠥᠷᠪᠡ᠂ ᠲᠣᠭᠤᠷᠢᠨ ᠪᠠᠶᠢᠴᠠᠭᠠᠭᠰᠠᠨ ᠦᠷ᠎ᠡ ᠪᠦᠲᠦᠭᠡᠯ ᠤᠨ ︽ᠬᠦᠴᠦᠨ︾ ᠢ ᠠᠰᠢᠭᠯᠠᠨ ᠬᠡᠷᠡᠭᠯᠡᠵᠦ | ᠺᠠᠲᠠᠷ ᠤᠨ ᠬᠢᠨᠠᠯᠲᠠ ᠬᠠᠮᠢᠶᠠᠷᠤᠯᠲᠠ ᠶᠢ ᠴᠢᠩᠭ᠎ᠠ ᠪᠠᠷ ᠵᠢᠷᠤᠮᠵᠢᠭᠤᠯᠪᠠ | ᠲᠣᠭᠤᠷᠢᠨ ᠪᠠᠶᠢᠴᠠᠭᠠᠬᠤ ᠠᠵᠢᠯ ᠨᠢ ᠬᠥᠮᠥᠨ ᠰᠣᠩᠭᠤᠬᠤ ᠬᠥᠮᠥᠨ ᠬᠡᠷᠡᠭᠯᠡᠬᠦ ︽ᠠᠮᠢᠳᠤᠯᠢᠭ ᠪᠠᠶᠢᠳᠠᠯ︾ ᠢ | ᠡᠵᠡᠮᠰᠢᠭᠰᠡᠨ ᠢᠶᠠᠷ ᠪᠠᠷᠠᠬᠤ ᠦᠭᠡᠢ᠂ ᠮᠠᠨ ᠤ ᠪᠠᠰᠠ ᠺᠠᠲᠠᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ | ᠬᠠᠨᠳᠤᠯᠭᠠᠲᠤ ᠴᠢᠨᠠᠷ ᠲᠠᠢ ᠪᠠᠷ ᠴᠢᠩᠭᠠᠳᠬᠠᠨ ᠰᠠᠶᠢᠵᠢᠷᠠᠭᠤᠯᠬᠤ ᠳᠤ ᠪᠤᠲᠠᠲᠠᠢ ᠦᠨᠳᠦᠰᠦᠯᠡᠯ ᠣᠯᠭᠤᠭᠰᠠᠨ ᠪᠠᠶᠢᠨ᠎ᠠ᠃ | ᠦᠢᠯᠡᠳᠦᠯᠭᠡ ᠳᠤᠮᠳᠠ᠂ ᠪᠢᠳᠡ ᠲᠣᠭᠤᠷᠢᠨ ᠪᠠᠶᠢᠴᠠᠭᠠᠬᠤ ᠶᠠᠪᠤᠴᠠ ᠳᠤ ᠣᠯᠵᠤ ᠮᠡᠳᠡᠭᠰᠡᠨ ᠨᠠᠶᠢᠳᠡᠮ ᠤᠨ ᠴᠢᠨᠠᠷ | ᠲᠠᠢ ᠠᠰᠠᠭᠤᠳᠠᠯ ᠢ ᠦᠨᠳᠦᠰᠦᠯᠡᠵᠦ᠂ ᠪᠤᠲᠠᠲᠠᠢ ᠲᠠᠢ ᠪᠠᠨ ᠤᠶᠠᠯᠳᠤᠭᠤᠯᠤᠨ ︽ᠺᠠᠲᠠᠷ ᠤᠨ ᠬᠠᠮᠢᠶᠠᠷᠤᠯᠲᠠ ᠶᠢᠨ | ᠠᠵᠢᠯ ᠢ ᠤᠯᠠᠮ ᠨᠢᠭᠡᠨ ᠠᠯᠬᠤᠮ ᠴᠢᠩᠭ᠎ᠠ ᠪᠠᠷ ᠵᠢᠷᠤᠮᠵᠢᠭᠤᠯᠬᠤ ᠲᠤᠬᠠᠢ ᠰᠠᠨᠠᠯ︾ ᠢ ᠲᠣᠭᠲᠠᠭᠠᠵᠤ᠂ ᠬᠥᠮᠥᠨ | ᠰᠣᠩᠭᠤᠵᠤ ᠬᠥᠮᠥᠨ ᠬᠡᠷᠡᠭᠯᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠣᠭᠤᠷᠢᠨ ᠪᠠᠶᠢᠴᠠᠭᠠᠭᠰᠠᠨ | ᠦᠷ᠎ᠡ ᠪᠦᠲᠦᠭᠡᠯ ᠢ ᠤᠳᠤᠷᠢᠳᠤᠬᠤ ᠪᠠᠭ ᠪᠣᠯᠣᠨ ᠺᠠᠲᠠᠷ ᠤᠨ ᠡᠩᠨᠡᠭᠡᠨ ᠤ ᠪᠠᠶᠢᠭᠤᠯᠤᠯᠲᠠ ᠶᠢᠨ ᠪᠦᠬᠦ ᠶᠠᠪᠤᠴᠠ᠂ ᠡᠯ᠎ᠡ | ᠲᠠᠯ᠎ᠠ ᠳᠤ ᠦᠨᠡᠨ ᠬᠦ ᠬᠡᠷᠡᠭᠯᠡᠪᠡ᠃ ᠪᠤᠲᠠᠲᠠᠢ ᠪᠠᠷ ᠬᠡᠯᠡᠪᠡᠯ᠂ ᠣᠳᠣᠬᠠᠨ ᠤ ᠲᠣᠭᠤᠷᠢᠨ ᠪᠠᠶᠢᠴᠠᠭᠠᠭᠰᠠᠨ ᠦᠷ᠎ᠡ | ᠪᠦᠲᠦᠭᠡᠯ ᠭᠤᠣᠯᠳᠠᠭᠤ ᠳᠦᠷᠪᠡᠨ ᠲᠠᠯ᠎ᠠ ᠪᠠᠷ ᠢᠯᠡᠷᠡᠵᠦ ᠪᠤᠢ᠃ | ᠨᠢᠭᠡᠳᠦᠭᠡᠷ ᠲᠤ᠂ ᠵᠠᠳᠠᠯᠤᠯᠲᠠ ᠬᠢᠵᠦ ᠰᠤᠳᠤᠯᠤᠨ ᠮᠠᠭᠠᠳᠯᠠᠬᠤ ᠶᠢ ᠴᠢᠩᠭᠠᠳᠬᠠᠪᠠ᠃ ᠲᠣᠭᠤᠷᠢᠨ | ᠪᠠᠶᠢᠴᠠᠭᠠᠬᠤ ᠠᠵᠢᠯ ᠤᠨ ᠥᠪᠡᠷᠮᠢᠴᠡ ᠳᠠᠪᠠᠭᠤᠯᠢᠭ ᠢ ᠪᠦᠷᠢᠨ ᠪᠠᠳᠠᠷᠠᠭᠤᠯᠵᠤ᠂ ᠥᠩᠭᠡᠷᠡᠭᠰᠡᠨ ᠤ ᠬᠢ ᠰᠢᠭ᠋ ᠪᠠᠭ ᠤᠨ | ᠪᠦᠲᠦᠴᠡ᠂ ᠺᠠᠲᠠᠷ ᠤᠨ ᠰᠢᠨᠵᠢ ᠣᠨᠴᠠᠯᠢᠭ ᠢ ᠯᠠ ᠰᠤᠳᠤᠯᠤᠨ ᠮᠠᠭᠠᠳᠯᠠᠬᠤ ᠳᠠᠩ ᠴᠣᠯᠭᠤᠷ ᠵᠠᠭᠪᠤᠷᠰᠢᠯ ᠢ ᠡᠪᠳᠡᠵᠦ | ᠂ ᠲᠣᠭᠤᠷᠢᠨ ᠪᠠᠶᠢᠴᠠᠭᠠᠯᠲᠠ ᠶᠢ ᠠᠰᠢᠭᠯᠠᠨ ᠰᠤᠳᠤᠯᠤᠨ ᠮᠠᠭᠠᠳᠯᠠᠬᠤ ᠬᠠᠷᠠᠭ᠎ᠠ ᠪᠠᠨ ᠲᠥᠪ ᠬᠤᠷᠢᠶ᠎ᠠ ᠪᠣᠯᠣᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠤᠣᠯ ᠠᠵᠢᠯ ᠭᠤᠣᠯᠳᠠᠭᠤ ᠲᠥᠷᠥᠯ ᠵᠦᠢᠯ ᠢ ᠠᠬᠢᠭᠤᠯᠬᠤ᠂ ᠨᠠᠮ ᠢ | ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ᠂ ᠠᠷᠠᠳᠴᠢᠯᠠᠯ ᠲᠥᠪᠯᠡᠷᠡᠯ ᠤᠨ | ᠶᠣᠰᠣ ᠶᠢ ᠬᠡᠷᠡᠭᠵᠢᠭᠦᠯᠦᠭᠰᠡᠨ ᠵᠡᠷᠭᠡ ᠡᠯ᠎ᠡ ᠲᠠᠯ᠎ᠠ ᠬᠦᠷᠲᠡᠯ᠎ᠡ ᠥᠷᠭᠡᠵᠢᠭᠦᠯᠵᠦ᠂ ᠭᠠᠭᠴᠠ ᠵᠦᠢᠯ ᠤᠨ ᠰᠤᠳᠤᠯᠤᠨ | ᠮᠠᠭᠠᠳᠯᠠᠯᠲᠠ ᠶᠢ ᠶᠡᠷᠦᠩᠬᠡᠶᠢᠯᠡᠭᠰᠡᠨ ᠰᠤᠳᠤᠯᠤᠨ ᠮᠠᠭᠠᠳᠯᠠᠯᠲᠠ ᠪᠣᠯᠭᠠᠨ ᠬᠤᠪᠢᠷᠠᠭᠤᠯᠪᠠ︔ ᠥᠩᠭᠡᠷᠡᠭᠰᠡᠨ ᠤ ᠬᠢ | ᠰᠢᠭ᠋ ᠠᠯᠪᠠᠨ ᠭᠡᠷ ᠲᠤ ᠪᠠᠨ ᠰᠠᠭᠤᠵᠤ ᠲᠤᠭ᠎ᠠ ᠪᠠᠷᠢᠮᠲᠠ ᠵᠠᠳᠠᠯᠤᠨ᠂ ᠮᠠᠲ᠋ᠧᠷᠢᠶᠠᠯ ᠠᠳᠠᠯᠢᠳᠬᠠᠳᠠᠭ ᠬᠢᠵᠠᠭᠠᠷᠯᠠᠯ ᠢ | ᠡᠪᠳᠡᠵᠦ᠂ ᠲᠣᠭᠤᠷᠢᠨ ᠪᠠᠶᠢᠴᠠᠭᠠᠯᠲᠠ ᠶᠢ ᠠᠰᠢᠭᠯᠠᠨ ᠺᠠᠲᠠᠷ ᠤᠨ ᠠᠵᠢᠯ ᠤᠨ ᠡᠮᠦᠨ᠎ᠡ ᠹᠷᠣᠨᠲᠲ᠋ᠤ | ᠭᠦᠨᠵᠡᠭᠡᠶᠢᠷᠡᠭᠦᠯᠵᠦ᠂ ᠲᠡᠳᠡᠨ ᠤ ᠬᠠᠷᠢᠭᠤᠴᠠᠯᠭ᠎ᠠ ᠶᠢᠨ ᠡᠭᠦᠷᠭᠡᠯᠡᠯ᠂ ᠴᠢᠳᠠᠪᠤᠷᠢ ᠬᠡᠪ ᠪᠣᠯᠪᠠᠰᠤᠷᠠᠯ ᠪᠣᠯᠣᠨ ᠪᠤᠲᠠᠲᠠᠢ | ᠢᠯᠡᠷᠡᠯ ᠢ ᠠᠬᠤᠢ ᠲᠠᠯᠠᠪᠠᠢ ᠳᠤᠨᠢ ᠰᠢᠯᠭᠠᠨ ᠪᠠᠶᠢᠴᠠᠭᠠᠵᠤ᠂ ᠨᠠᠮᠵᠢᠭᠤᠨ ᠰᠤᠳᠤᠯᠤᠨ ᠮᠠᠭᠠᠳᠯᠠᠯᠲᠠ ᠶᠢ ᠬᠥᠳᠥᠯᠥᠩᠭᠦᠢ | ᠰᠤᠳᠤᠯᠤᠨ ᠮᠠᠭᠠᠳᠯᠠᠯᠲᠠ ᠪᠣᠯᠭᠠᠨ ᠬᠤᠪᠢᠷᠠᠭᠤᠯᠪᠠ᠃ ᠥᠩᠭᠡᠷᠡᠭᠰᠡᠨ ᠤ ᠣᠨ ᠤ ᠬᠢᠨᠠᠨ ᠰᠢᠯᠭᠠᠯᠲᠠ ᠲᠠᠢ | ᠤᠶᠠᠯᠳᠤᠭᠤᠯᠤᠨ᠂ ᠺᠠᠲᠠᠷ ᠢ ᠬᠢᠨᠠᠨ ᠰᠢᠯᠭᠠᠬᠤ ᠰᠤᠳᠤᠯᠤᠨ ᠮᠠᠭᠠᠳᠯᠠᠨ᠂ ᠴᠠᠭ ᠬᠤᠭᠤᠴᠠᠭ᠎ᠠ ᠤᠷᠲᠤ᠂ ᠴᠠᠭ ᠳᠠᠷᠤᠢ | ᠳᠤᠨᠢ ᠮᠥᠷᠳᠡᠵᠦ ᠳᠡᠶᠢᠯᠬᠦ ᠦᠭᠡᠢ ᠭᠡᠮ ᠢ ᠡᠪᠳᠡᠵᠦ᠂ ᠲᠣᠭᠲᠠᠮᠠᠯ ᠬᠤᠭᠤᠴᠠᠭ᠎ᠠ ᠦᠭᠡᠢ᠂ ᠪᠠᠶᠢᠡᠭᠭᠤ ᠶᠢᠨ ᠴᠢᠨᠠᠷᠲᠠᠢ᠂ | ᠪᠥᠬᠦᠨ ᠢ ᠬᠠᠮᠤᠷᠠᠭᠤᠯᠤᠨ ᠲᠣᠭᠤᠷᠢᠨ ᠪᠠᠶᠢᠴᠠᠭᠠᠬᠤ ᠶᠢ ᠠᠰᠢᠭᠯᠠᠵᠤ᠂ ᠤᠳᠤᠷᠢᠳᠬᠤ ᠪᠠᠭ ᠤᠨ ᠪᠥᠬᠦᠶᠢᠯᠠ | ᠪᠠᠶᠢᠳᠠᠯ ᠢ ᠴᠠᠭ ᠢᠮᠠᠭᠲᠠ ᠡᠵᠡᠮᠰᠢᠵᠤ᠂ ᠤᠳᠤᠷᠢᠳᠬᠤ ᠺᠠᠳ᠋ᠷ ᠤᠨ ᠦᠵᠡᠯ ᠰᠠᠨᠠᠭ᠎ᠠ᠂ ᠠᠵᠢᠯ᠂ ᠠᠮᠢᠳᠤᠷᠠᠯ ᠵᠡᠷᠭᠡ | ᠡᠯ᠎ᠡ ᠲᠠᠯ᠎ᠠ ᠶᠢᠨ ᠬᠤᠪᠢᠷᠠᠯᠲᠠ ᠶᠢ ᠥᠷᠭᠦᠯᠵᠢ ᠣᠶᠢᠯᠠᠭᠠᠵᠤ᠂ ᠲᠣᠭᠲᠠᠮᠠᠯ ᠬᠤᠭᠤᠴᠠᠭ᠎ᠠ ᠲᠠᠢ ᠰᠣᠳᠣᠯᠣᠨ | ᠮᠠᠭᠠᠳᠯᠠᠯᠲᠠ ᠶᠢ ᠪᠠᠶᠢᠩᠭᠤ ᠶᠢᠨ ᠴᠢᠨᠠᠷᠲᠠᠢ ᠰᠣᠳᠣᠯᠣᠨ ᠮᠠᠭᠠᠳᠯᠠᠯᠲᠠ ᠪᠣᠯᠭᠠᠨ ᠬᠤᠪᠢᠷᠠᠭᠤᠯᠪᠠ᠃ | ᠬᠤᠶᠠᠳᠤᠭᠠᠷ ᠲᠤ᠂ ᠠᠵᠢᠯ ᠤᠨ ᠪᠠᠶᠢᠷᠢ ᠶᠢᠨ ᠰᠠᠨᠠᠭᠠᠴᠢᠯᠠᠭ᠎ᠠ ᠶᠢ ᠬᠡᠷᠡᠭᠵᠢᠭᠦᠯᠪᠡ᠃ ᠺᠠᠳ᠋ᠷ ᠲᠣᠬᠢᠷᠠᠭᠤᠯᠬᠤ | ᠰᠠᠨᠠᠭᠠᠴᠢᠯᠠᠭ᠎ᠠ ᠶᠢᠨ ᠵᠢᠷᠤᠮᠵᠢᠭᠤᠯᠤᠯᠲᠠ ᠶᠢ ᠲᠦᠯᠬᠢᠨ ᠠᠬᠢᠭᠤᠯᠬᠤ ᠶᠢᠨ ᠲᠥᠯᠦᠭᠡ᠂ ᠪᠢᠳᠡ ᠲᠣᠭᠤᠷᠢᠨ | ᠪᠠᠶᠢᠴᠠᠭᠠᠵᠤ ᠪᠤᠴᠠᠭᠠᠭᠰᠠᠨ ᠠᠰᠠᠭᠤᠳᠠᠯ ᠢ ᠦᠨᠳᠦᠰᠦᠯᠡᠨ᠂ ︽ᠤᠳᠤᠷᠢᠳᠬᠤ ᠺᠠᠳ᠋ᠷ ᠨᠥᠬᠦᠪᠦᠷᠢᠯᠡᠨ ᠲᠣᠬᠢᠷᠠᠭᠤᠯᠬᠤ | ᠠᠵᠢᠯ ᠤᠨ ᠪᠠᠶᠢᠷᠢ ᠶᠢᠨ ᠰᠠᠨᠠᠭᠠᠴᠢᠯᠠᠭ᠎ᠠ ᠶᠢᠨ ᠲᠦᠷ ᠶᠠᠪᠤᠭᠤᠯᠬᠤ ᠠᠷᠭ᠎ᠠ︾ ᠶᠢ ᠲᠤᠰᠬᠠᠶᠢᠯᠠᠨ ᠲᠣᠭᠲᠠᠭᠠᠵᠤ᠂ ︽ | ᠤᠷᠢᠳᠠᠪᠡᠷ ᠪᠠᠶᠢᠷᠢ ᠶᠢ ᠰᠠᠨᠠᠭᠠᠴᠢᠯᠠᠵᠤ᠂ ᠳᠠᠷᠠᠭ᠎ᠠ ᠪᠠᠷ ᠵᠢᠱᠢᠭᠳᠡᠭᠴᠢ ᠶᠢ ᠲᠣᠭᠲᠠᠭᠠᠬᠤ︾ ᠵᠠᠷᠴᠢᠮ ᠤᠨ ᠶᠣᠰᠤᠭᠠᠷ᠂ | ᠠᠵᠢᠯ ᠤᠨ ᠪᠠᠶᠢᠷᠢ ᠶᠢᠨ ᠬᠡᠷᠡᠭᠴᠡᠭᠡ ᠶᠢ ᠦᠨᠳᠦᠰᠦᠯᠡᠨ ᠪᠥᠬᠦ ᠶᠠᠪᠤᠴᠠ ᠳᠤ ᠵᠦᠷᠢᠶᠡᠲᠦ ᠲᠤᠭ᠎ᠠ ᠪᠠᠷ ᠨᠡᠷ᠎ᠡ | ᠳᠤᠷᠠᠳᠬᠤ ᠬᠡᠯᠪᠡᠷᠢ ᠶᠢ ᠠᠪᠴᠤ᠂ ᠪᠠᠶᠢᠷᠢ ᠳᠤᠨᠢ ᠲᠣᠬᠢᠷᠠᠭᠰᠠᠨ ᠬᠥᠮᠦᠨ ᠢ ᠰᠣᠩᠭᠤᠵᠣ᠂ ᠺᠠᠳ᠋ᠷ ᠰᠢᠯᠢᠨ ᠲᠣᠮᠢᠯᠠᠬᠤ | ᠠᠵᠢᠯ ᠳᠠᠬᠢ ᠠᠷᠠᠳᠴᠢᠯᠠᠯ ᠢ ᠪᠥᠲᠦᠮᠵᠢᠲᠡᠢ ᠪᠠᠷ ᠥᠷᠭᠡᠳᠬᠡᠨ᠂ ᠬᠥᠮᠦᠨ ᠪᠠᠶᠢᠷᠢ ᠬᠠᠷᠢᠯᠴᠠᠨ ᠲᠣᠬᠢᠷᠠᠯᠴᠠᠬᠤ | ᠬᠡᠮᠵᠢᠶ᠎ᠡ ᠪᠠ ᠬᠥᠮᠦᠨ ᠰᠣᠩᠭᠤᠵᠣ ᠬᠥᠮᠦᠨ ᠬᠡᠷᠡᠭᠯᠡᠬᠦ ᠢᠲᠡᠬᠡᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠪᠡ᠃ ᠡᠭᠦᠨ ᠳᠤ | ᠬᠠᠮᠲᠤᠲᠠ᠂ ᠵᠢᠱᠢᠭᠳᠡᠭᠴᠢ ᠶᠢᠨ ᠬᠡᠪ ᠴᠢᠨᠠᠷ ᠢ ᠪᠠᠲᠤᠯᠠᠬᠤ ᠶᠢᠨ ᠲᠥᠯᠦᠭᠡ ︽ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠡ ᠶᠢᠨ ᠬᠠᠮᠢᠶᠠᠷᠬᠤ ᠺᠠᠳ᠋ᠷ ᠢ ᠰᠢᠯᠭᠠᠨ ᠪᠠᠶᠢᠴᠠᠭᠠᠬᠤ ᠠᠷᠭ᠎ᠠ︾ ᠶᠢ ᠰᠣᠳᠣᠯᠣᠨ ᠲᠣᠭᠲᠠᠭᠠᠵᠤ᠂ | ᠺᠠᠳ᠋ᠷ ᠢ ᠰᠢᠯᠭᠠᠨ ᠪᠠᠶᠢᠴᠠᠭᠠᠬᠤ ᠳᠠᠬᠢ ︽ᠬᠤᠶᠠᠷ ᠬᠠᠷᠭᠤᠭᠤᠯᠤᠨ ᠪᠠᠶᠢᠴᠠᠭᠠᠬᠤ︾ ᠶᠢ ᠬᠢᠨᠠᠮᠠᠭᠠᠢ ᠰᠠᠶᠢᠲᠤᠷ ᠬᠢᠵᠦ᠂ | ᠺᠠᠳ᠋ᠷ ᠰᠢᠯᠭᠠᠨ ᠪᠠᠶᠢᠴᠠᠭᠠᠬᠤ ᠳᠠᠬᠢ ︽ᠲᠠᠪᠤᠨ ᠣᠨᠢᠰᠤ︾ ᠶᠢ ᠰᠠᠶᠢᠲᠤᠷ ᠣᠨᠢᠰᠤᠯᠠᠬᠤ ᠶᠢ ᠪᠠᠷᠢᠮᠲᠠᠯᠠᠵᠤ᠂ ᠺᠠᠳ᠋ᠷ ᠤᠨ | ᠳᠠᠩᠰᠠ ᠡᠪᠬᠡᠮᠡᠯ ᠤᠨ ᠲᠠᠯ᠎ᠠ ᠪᠠᠷ ︽ᠳᠡᠪᠰᠢᠭᠦᠯᠦᠭᠳᠡᠴᠢ ᠪᠥᠬᠦᠨ ᠢ ᠡᠷᠬᠡᠪᠰᠢ ᠪᠠᠶᠢᠴᠠᠭᠠᠬᠤ︾᠂ ᠬᠤᠪᠢ | ᠬᠥᠮᠦᠨ ᠳᠤ ᠬᠤᠯᠪᠤᠭᠳᠠᠯ ᠪᠥᠬᠦᠢ ᠵᠦᠢᠯ ᠤᠨ ᠮᠡᠳᠡᠭᠦᠯᠦᠯᠲᠡ ᠶᠢ ︽ᠳᠡᠪᠰᠢᠭᠦᠯᠦᠭᠳᠡᠴᠢ ᠪᠥᠬᠦᠨ ᠢ ᠡᠷᠬᠡᠪᠰᠢ | ᠬᠠᠷᠭᠤᠭᠤᠯᠬᠤ︾᠂ ᠰᠠᠬᠢᠯᠭ᠎ᠠ ᠪᠠᠲᠤ ᠬᠢᠨᠠᠨ ᠪᠠᠶᠢᠴᠠᠭᠠᠬᠤ ᠪᠠᠶᠢᠭᠤᠯᠭ᠎ᠠ ᠠᠴᠠ ᠳᠡᠪᠰᠢᠭᠦᠯᠦᠭᠳᠡᠴᠢ ᠪᠥᠬᠦᠨ ᠤ | ᠠᠷᠢᠭᠤᠨ ᠴᠢᠭᠡᠴᠢ ᠪᠠᠶᠢᠳᠠᠯ ᠤᠨ ᠬᠤᠯᠪᠤᠭᠳᠠᠯ ᠪᠥᠬᠦᠢ ᠰᠠᠨᠠᠯ ᠢ ︽ᠡᠷᠬᠡᠪᠰᠢ ᠰᠣᠨᠣᠰᠬᠤ︾᠂ ᠭᠠᠵᠠᠷ ᠣᠷᠣᠨ | ᠨᠢᠭᠡᠴᠡ ᠶᠢᠨ ᠨᠠᠮ ᠤᠨ ᠬᠤᠷᠢᠶᠠᠨ ᠤ ᠱᠦᠵᠢ ᠠᠷᠢᠭᠤᠨ ᠴᠢᠭᠡᠴᠢ ᠪᠠᠶᠢᠳᠠᠯ ᠤᠨ ᠲᠣᠬᠠᠢ ︽ᠳᠡᠪᠰᠢᠭᠦᠯᠦᠭᠳᠡᠴᠢ | ᠪᠥᠬᠦᠨ ᠳᠤ ᠡᠷᠬᠡᠪᠰᠢ ᠭᠠᠷ ᠢ ᠦᠰᠦᠭ ᠵᠢᠷᠤᠬᠤ︾ ᠶᠢ ᠪᠡᠶᠡᠯᠡᠭᠦᠯᠵᠦ᠂ ᠺᠠᠳ᠋ᠷᠴᠤᠳ ᠤᠨ ᠠᠷᠢᠭᠤᠨ ᠴᠢᠭᠡᠴᠢ ᠪᠠᠷ | ᠵᠠᠰᠠᠭ ᠪᠠᠷᠢᠬᠤ ᠪᠣᠭᠤᠮᠲᠠ ᠶᠢ ᠪᠠᠲᠤ ᠪᠠᠬᠢ ︽ᠣᠨᠢᠰᠤᠯᠠᠭᠰᠠᠨ︾ ᠪᠠᠶᠢᠨ᠎ᠠ᠃ | ᠭᠤᠷᠪᠠᠳᠤᠭᠠᠷ ᠲᠤ᠂ ᠲᠣᠭᠲᠠᠭᠠᠯ ᠠᠴᠠ ᠵᠦᠷᠢᠴᠡᠨ ᠬᠥᠮᠦᠨ ᠬᠡᠷᠡᠭᠯᠡᠬᠦ ᠶᠢ ᠰᠡᠷᠭᠡᠶᠢᠯᠡᠪᠡ᠃ ᠳᠠᠯᠳᠠ ᠬᠡᠮ ᠢ | ᠤᠷᠢᠳᠴᠢᠯᠠᠨ ᠰᠡᠷᠭᠡᠶᠢᠯᠡᠬᠦ ᠪᠠᠷ ᠵᠣᠭᠰᠤᠴᠠ ᠪᠣᠯᠭᠠᠵᠤ᠂ ᠺᠠᠳ᠋ᠷ ᠢ ᠲᠣᠬᠢᠷᠠᠭᠤᠯᠬᠤ ᠠᠴᠠ ᠡᠮᠦᠨ᠎ᠡ᠂ ᠺᠠᠳ᠋ᠷ | ᠲᠣᠬᠢᠷᠠᠭᠤᠯᠬᠤ ᠲᠥᠰᠥᠯ ᠢ ᠤᠷᠢᠳᠴᠢᠯᠠᠨ ᠬᠢᠨᠠᠬᠤ ᠳᠦᠷᠢᠮ ᠢ ᠶᠠᠪᠤᠭᠤᠯᠵᠤ᠂ ᠳᠡᠭᠡᠳᠦ ᠱᠠᠲᠤ ᠨᠢ ᠲᠤᠰᠢᠶᠠᠯ ᠤᠨ | ᠲᠤᠭ᠎ᠠ ᠠᠴᠠ ᠬᠡᠲᠦᠷᠡᠭᠦᠯᠦᠨ ᠺᠠᠳ᠋ᠷ ᠲᠣᠬᠢᠷᠠᠭᠤᠯᠬᠤ ᠠᠰᠠᠭᠤᠳᠠᠯ ᠢ ᠭᠤᠣᠯᠳᠠᠯᠭ᠎ᠠ ᠪᠣᠯᠭᠠᠨ ᠴᠢᠩᠭ᠎ᠠ ᠬᠢᠨᠠᠨ | ᠪᠠᠶᠢᠴᠠᠭᠠᠨ᠎ᠠ᠃ ᠺᠠᠳ᠋ᠷ ᠲᠣᠬᠢᠷᠠᠭᠤᠯᠬᠤ ᠦᠶ᠎ᠡ ᠳᠤ᠂ ᠺᠠᠳ᠋ᠷ ᠲᠣᠮᠢᠯᠠᠬᠤ ᠪᠥᠬᠦ ᠶᠠᠪᠤᠴᠠ ᠶᠢ ᠪᠤᠲᠠᠲᠠᠢ ᠲᠡᠮᠳᠡᠭᠯᠡᠬᠦ | ᠳᠦᠷᠢᠮ ᠢ ᠶᠠᠪᠤᠭᠤᠯᠵᠤ᠂ ︽ᠬᠡᠨ ᠭᠠᠷᠳᠠᠭᠰᠠᠨ ᠪᠣᠯ ᠬᠡᠨ ᠲᠡᠮᠳᠡᠭᠯᠡᠵᠦ᠂ ᠬᠡᠨ ᠬᠠᠷᠢᠭᠤᠴᠠᠬᠤ︾ ᠵᠠᠷᠴᠢᠮ ᠤᠨ | ᠶᠣᠰᠤᠭᠠᠷ ᠺᠠᠳ᠋ᠷ ᠰᠢᠯᠢᠨ ᠲᠣᠮᠢᠯᠠᠬᠤ ᠪᠥᠬᠦ ᠶᠠᠪᠤᠴᠠ ᠶᠢᠨ ᠭᠤᠭᠴᠤᠭ᠎ᠠ ᠪᠦᠷᠢ ᠶᠢᠨ ᠪᠠᠶᠢᠳᠠᠯ ᠢ ᠴᠦᠮ ᠠᠮᠢᠳᠤ | ᠳᠥᠷᠰᠦᠯᠢᠭ ᠢᠶᠠᠷ ᠲᠡᠮᠳᠡᠭᠯᠡᠵᠦ᠂ ᠺᠠᠳ᠋ᠷ ᠰᠢᠯᠢᠨ ᠲᠣᠮᠢᠯᠠᠬᠤ ᠠᠵᠢᠯ ᠤᠨ ᠲᠣᠳᠣ ᠲᠤᠩᠭᠠᠯᠠᠭ᠂ ᠳᠡᠰ ᠳᠠᠷᠠᠭᠠᠯᠠᠯ ᠨᠢ | ᠵᠢᠷᠤᠮᠵᠢᠭᠰᠠᠨ ᠪᠠᠶᠢᠬᠤ ᠶᠢ ᠠᠬᠢᠭᠤᠯᠪᠠ᠃ ᠺᠠᠳ᠋ᠷ ᠢ ᠲᠣᠬᠢᠷᠠᠭᠤᠯᠤᠭᠰᠠᠨ ᠳᠤ ᠳᠠᠷᠠᠭ᠎ᠠ᠂ ᠳᠡᠭᠡᠳᠦ ᠱᠠᠲᠤ ᠨᠢ | ᠳᠤᠤᠷᠠᠳᠤ ᠱᠠᠲᠤᠨ ᠤ ᠲᠣᠬᠢᠷᠠᠭᠤᠯᠤᠭᠰᠠᠨ ᠺᠠᠳ᠋ᠷ ᠤᠨ ᠲᠣᠰᠢᠶᠠᠯ ᠡᠭᠦᠷᠭᠡᠯᠡᠬᠦ ᠬᠢᠷᠢ ᠬᠡᠮ᠂ ᠰᠢᠯᠢᠨ ᠲᠣᠮᠢᠯᠠᠭᠰᠠᠨ | ᠳᠡᠰ ᠳᠠᠷᠠᠭᠠᠯᠠᠯ᠂ ᠠᠷᠢᠭᠤᠨ ᠴᠢᠭᠡᠴᠢ ᠪᠠᠷ ᠵᠠᠰᠠᠭ ᠪᠠᠷᠢᠬᠤ᠂ ᠵᠠᠬᠢᠳᠠᠯ ᠰᠣᠷᠪᠤᠯᠵᠢᠯᠠᠯ ᠤᠨ ᠲᠤᠰᠬᠠᠯ ᠵᠡᠷᠭᠡ | ᠪᠠᠶᠢᠳᠠᠯ ᠢ ᠴᠢᠩᠭ᠎ᠠ ᠨᠢᠮᠪᠠᠢ ᠬᠢᠨᠠᠨ ᠬᠠᠷᠭᠤᠭᠤᠯᠵᠤ᠂ ᠬᠢᠨᠠᠨ ᠬᠠᠷᠭᠤᠭᠤᠯᠤᠯᠲᠠ ᠶᠢ ᠡᠬᠢᠨ ᠠᠴᠠ ᠨᠢ ᠠᠪᠤᠭᠠᠳ | ᠡᠴᠦᠰ ᠲᠤᠨᠢ ᠬᠦᠷᠲᠡᠯ᠎ᠡ ᠣᠷᠬᠢᠭᠳᠠᠯ ᠦᠭᠡᠢ ᠲᠤᠤᠱᠯᠠᠭᠤᠯᠪᠠ᠃ | ᠳᠥᠷᠪᠡᠳᠦᠭᠡᠷ ᠲᠤ᠂ ᠡᠳᠦᠷ ᠲᠣᠳᠣᠮᠠ ᠶᠢᠨ ᠬᠢᠨᠠᠯᠲᠠ ᠶᠢ ᠴᠢᠩᠭᠠᠳᠬᠠᠪᠠ᠃ ᠲᠣᠭᠤᠷᠢᠨ ᠪᠠᠶᠢᠴᠠᠭᠠᠬᠤ | ᠠᠵᠢᠯ ᠲᠠᠢ ᠨᠢᠭᠲᠠ ᠤᠶᠠᠯᠳᠤᠭᠤᠯᠤᠨ᠂ ︽ᠺᠠᠳ᠋ᠷ ᠲᠤ ᠬᠢᠨᠠᠯᠲᠠ ᠲᠠᠯᠪᠢᠬᠤ ᠠᠵᠢᠯ ᠢ ᠴᠢᠨᠠᠭᠰᠢᠲᠠ ᠴᠢᠩᠭᠠᠳᠬᠠᠨ | ᠰᠠᠶᠢᠵᠢᠷᠠᠭᠤᠯᠬᠤ ᠲᠣᠬᠠᠢ ᠰᠠᠨᠠᠯ︾ ᠲᠣᠭᠲᠠᠭᠠᠨ ᠳᠤᠷᠠᠳᠴᠤ᠂ ᠮᠡᠳᠡᠭᠡ ᠵᠠᠩᠭᠢ ᠶᠢᠨ ᠬᠢᠨᠠᠯᠲᠠ᠂ ᠬᠠᠮᠢᠶᠠᠷᠤᠯᠲᠠ ᠶᠢᠨ | ᠬᠢᠨᠠᠯᠲᠠ᠂ ᠪᠠᠶᠢᠴᠠᠭᠠᠯᠲᠠ ᠶᠢᠨ ᠬᠢᠨᠠᠯᠲᠠ ᠵᠡᠷᠭᠡ ︽ᠭᠤᠷᠪᠠᠨ ᠬᠢᠨᠠᠯᠲᠠ︾ ᠶᠢᠨ ᠦᠢᠯᠡᠳᠦᠯ ᠢ ᠪᠦᠷᠢᠨ ᠪᠠᠳᠠᠷᠠᠭᠤᠯᠵᠤ | ᠂ ᠲᠣᠭᠤᠷᠢᠨ ᠪᠠᠶᠢᠴᠠᠭᠠᠬᠤ ᠬᠦᠴᠦᠨ ᠢ ᠠᠰᠢᠭᠯᠠᠨ᠂ ᠺᠠᠳ᠋ᠷᠴᠤᠳ ᠤᠨ ᠦᠵᠡᠯ ᠰᠠᠨᠠᠭ᠎ᠠ ᠦᠢᠯᠡ ᠠᠵᠢᠯᠯᠠᠭᠠᠨ ᠤ ︽ | ᠠᠮᠢᠳᠤᠯᠢᠭ ᠪᠠᠶᠢᠳᠠᠯ︾᠂ ᠰᠢᠨ᠎ᠡ ᠬᠥᠳᠡᠯᠦᠯ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠵᠤ ᠴᠠᠭ ᠲᠤᠬᠠᠢ ᠳᠤᠨᠢ | ᠰᠡᠷᠡᠮᠵᠢ ᠥᠭᠬᠦ ᠪᠠ ᠰᠢᠢᠳᠪᠦᠷᠢᠯᠡᠵᠦ᠂ ᠺᠠᠳ᠋ᠷᠴᠤᠳ ᠢ ᠦᠡᠨᠨ ᠬᠦ ᠡᠩ ᠤᠨ ᠴᠠᠭ ᠲᠤᠨᠢ ᠬᠠᠮᠢᠶᠠᠷᠴᠤ᠂ ᠬᠢᠷᠢ | ᠬᠡᠮᠵᠢᠶ᠎ᠡ ᠪᠠᠨ ᠴᠢᠩᠭᠠᠷᠠᠭᠤᠯᠪᠠ᠃ ᠢᠯᠠᠩᠭᠤᠶ᠎ᠡ ᠣᠶᠢᠷ᠎ᠠ ᠳᠤ᠂ ᠲᠣᠭᠤᠷᠢᠨ ᠪᠠᠶᠢᠴᠠᠭᠠᠬᠤ ᠳᠤ ᠣᠯᠵᠤ ᠮᠡᠳᠡᠭᠰᠡᠨ | ᠨᠡᠶᠢᠳᠡᠮ ᠤᠨ ᠴᠢᠨᠠᠷᠲᠠᠢ ᠠᠰᠠᠭᠤᠳᠠᠯ ᠲᠠᠢ ᠤᠶᠠᠯᠳᠤᠭᠤᠯᠤᠨ᠂ ᠺᠠᠳ᠋ᠷ ᠤᠨ ᠳᠡᠪᠰᠢᠵᠦ ᠴᠦ ᠪᠣᠯᠬᠤ ᠪᠠᠭᠤᠵᠤ ᠴᠦ | ᠪᠣᠯᠬᠤ ᠶᠢ ᠲᠦᠯᠬᠢᠨ ᠠᠬᠢᠭᠤᠯᠬᠤ ᠶᠢᠨ ᠲᠤᠰᠠᠲᠠ᠂ ᠤᠳᠤᠷᠢᠳᠬᠤ ᠺᠠᠳ᠋ᠷ ᠢ ︽ᠠᠵᠢᠯ ᠤᠨ ᠪᠠᠶᠢᠷᠢ ᠳᠤᠨᠢ | ᠴᠡᠭᠡᠷᠯᠡᠭᠦᠯᠬᠦ︾᠂ ︽ᠲᠤᠰᠢᠶᠠᠯ ᠠᠴᠠ ᠨᠢ ᠵᠣᠭᠰᠤᠭᠠᠨ ᠴᠡᠭᠴᠡᠯᠡᠨ ᠥᠭᠡᠷᠡᠴᠢᠯᠡᠭᠦᠯᠬᠦ︾᠂ ︽ᠲᠤᠰᠢᠶᠠᠯ ᠠᠴᠠ ᠨᠢ | ᠤᠭᠴᠠᠷᠠᠭᠤᠯᠤᠨ ᠲᠣᠬᠢᠷᠠᠭᠤᠯᠬᠤ︾ ᠭᠤᠷᠪᠠᠨ ︽ᠬᠠᠮᠢᠶᠠᠷᠤᠯᠲᠠ ᠶᠢᠨ ᠠᠷᠭ᠎ᠠ︾ ᠶᠢ ᠨᠢᠭᠡᠨᠲᠡ ᠰᠣᠳᠣᠯᠣᠨ | ᠲᠣᠭᠲᠠᠭᠠᠵᠤ᠂ ᠭᠤᠣᠯᠳᠠᠭᠤ ᠺᠠᠳ᠋ᠷ ᠠᠴᠠ ᠬᠠᠷᠢᠭᠤᠴᠠᠯᠭ᠎ᠠ ᠨᠡᠬᠡᠮᠵᠢᠯᠡᠬᠦ ᠪᠠ ᠬᠠᠦᠯᠢ ᠰᠠᠬᠢᠯᠭ᠎ᠠ ᠠᠴᠠ ᠵᠦᠷᠢᠴᠡᠭᠡᠳ | ᠰᠢᠢᠳᠪᠦᠷᠢᠯᠡᠬᠦ ᠶᠢᠨ ᠡᠮᠦᠨ᠎ᠡ᠂ ᠺᠠᠳ᠋ᠷᠴᠤᠳ ᠢ ᠴᠢᠩᠭ᠎ᠠ ᠱᠠᠭᠠᠷᠳᠠᠵᠤ᠂ ᠬᠠᠯᠠᠮᠵᠢᠯᠠᠨ ᠬᠠᠶᠢᠷᠠᠯᠠᠬᠤ ᠲᠠᠯ᠎ᠠ ᠠᠴᠠ | ᠢᠷᠡᠵᠦ᠂ ︽ᠣᠪᠣᠷ ᠰᠤᠷᠲᠠᠯ ᠴᠢᠩᠭ᠎ᠠ ᠨᠢᠮᠪᠠᠢ ᠯᠠᠪᠳᠠᠭᠤᠨ ᠪᠠᠲᠤᠲᠠᠢ ᠪᠢᠰᠢ︾᠂ ︽ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ︾᠂ ︽ᠣᠳᠣ ᠶᠢᠨ ᠲᠤᠰᠢᠶᠠᠯ ᠳᠤ ᠪᠠᠨ ᠥᠯᠦ ᠲᠣᠬᠢᠷᠠᠬᠤ ᠺᠠᠳ᠋ᠷ︾ ᠤᠨ | ᠬᠢᠨᠠᠯᠲᠠ ᠬᠠᠮᠢᠶᠠᠷᠤᠯᠲᠠ ᠳᠤ ᠬᠠᠨᠳᠤᠭᠤᠯᠤᠭᠰᠠᠨ ᠪᠤᠲᠠᠲᠠᠢ ᠠᠷᠭ᠎ᠠ ᠪᠣᠯᠬᠤ ᠪᠥᠭᠡᠳ ᠨᠣᠶᠠᠨ ᠰᠠᠭᠤᠴᠢᠬᠠᠭᠠᠳ ᠠᠵᠢᠯ | ᠬᠢᠬᠦ ᠦᠭᠡᠢ᠂ ᠨᠣᠶᠠᠨ ᠰᠠᠭᠤᠴᠢᠬᠠᠭᠠᠳ ᠲᠥᠪ ᠪᠣᠰᠤ ᠪᠠᠶᠢᠵᠤ᠂ ᠨᠣᠶᠠᠨ ᠰᠠᠭᠤᠴᠢᠬᠠᠭᠠᠳ ᠳᠤᠷ᠎ᠠ ᠪᠠᠷ ᠢᠶᠠᠨ | ᠦᠢᠯᠡᠳᠬᠦ ᠮᠡᠲᠦ ᠶᠢᠨ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠺᠠᠳ᠋ᠷᠴᠤᠳ ᠤᠨ ᠴᠤᠭ ᠰᠦᠯᠳᠡ ᠶᠢ | ᠬᠥᠭᠵᠢᠭᠡᠵᠦ᠂ ᠣᠪᠣᠷ ᠰᠤᠷᠲᠠᠯ ᠢ ᠨᠢ ᠳᠠᠪᠲᠠᠭᠳᠠᠭᠤᠯᠤᠨ᠂ ᠰᠢᠨ᠎ᠡ ᠦᠢᠯᠡᠳᠦᠯ ᠭᠠᠷᠭᠠᠬᠤ ᠶᠢ ᠨᠢ ᠤᠯᠠᠮ ᠨᠢᠭᠡ | ᠠᠯᠬᠤᠮ ᠲᠦᠯᠬᠢᠨ ᠠᠬᠢᠭᠤᠯᠪᠠ᠃ ᠡᠭᠦᠨ ᠠᠴᠠ ᠭᠠᠳᠠᠨ᠎ᠠ᠂ ᠪᠢᠳᠡ ᠪᠠᠰᠠ ᠲᠣᠭᠤᠷᠢᠨ ᠪᠠᠶᠢᠴᠠᠭᠠᠯᠲᠠ ᠳᠤ | ᠪᠤᠴᠠᠭᠠᠭᠰᠠᠨ ᠠᠰᠠᠭᠤᠳᠠᠯ ᠳᠤ ᠬᠠᠨᠳᠤᠭᠤᠯᠤᠨ᠂ ᠺᠠᠳ᠋ᠷᠴᠤᠳ ᠢ ᠴᠢᠩᠭ᠎ᠠ ᠰᠤᠷᠭᠠᠨ ᠬᠠᠮᠢᠶᠠᠷᠬᠤ᠂ ᠨᠠᠮ ᠤᠨ | ᠳᠣᠲᠣᠷᠠᠬᠢ ᠤᠯᠤᠰ ᠲᠥᠷᠥ ᠶᠢᠨ ᠠᠮᠢᠳᠤᠷᠠᠯ ᠢ ᠴᠢᠩᠭᠠᠷᠠᠭᠤᠯᠬᠤ ᠵᠡᠷᠭᠡ ᠲᠠᠯ᠎ᠠ ᠪᠠᠷ ᠴᠢᠩᠭ᠎ᠠ ᠵᠢᠷᠤᠮᠵᠢᠭᠤᠯᠵᠤ᠂ | ᠺᠠᠳ᠋ᠷᠴᠤᠳ ᠤᠨ ᠡᠳᠦᠷ ᠲᠣᠲᠣᠮ ᠤᠨ ᠬᠠᠮᠢᠶᠠᠷᠤᠯᠲᠠ ᠶᠢ ᠬᠦᠴᠦᠲᠡᠢ ᠴᠢᠩᠭᠠᠳᠬᠠᠪᠠ᠃ | | |