ᠲᠣᠳᠣᠭᠠᠳᠤ ᠶᠢ ᠬᠠᠮᠠᠭᠠᠯᠠᠬᠤ ᠶᠠᠮᠤᠨ ᠤ ᠭᠠᠯ ᠤᠨᠳᠠᠷᠠᠭᠠᠬᠤ ᠲᠤᠪᠴᠢᠶ᠎ᠠ ᠶᠢᠨ ᠯᠧᠩ ᠯᠢ ᠨᠥᠬᠦᠷ ᠥᠪᠥᠷ ᠮᠣᠩᠭᠤᠯ ᠤᠨ ᠳᠤᠳᠤᠭᠠᠳᠤ ᠶᠢ ᠬᠠᠮᠠᠭᠠᠯᠠᠬᠤ ᠲᠢᠩᠬᠢᠮ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2015/11/4
     11 ᠳ᠋ᠤᠭᠡᠷ ᠰᠠᠷ᠎ᠠ ᠶᠢᠨ 3᠎ ᠤ ᠡᠳᠦᠷ ᠤᠨ ᠦᠳᠡ ᠶᠢᠨ ᠡᠮᠦᠨ᠎ᠡ᠂ ᠲᠣᠳᠣᠭᠠᠳᠤ ᠶᠢ ᠬᠠᠮᠠᠭᠠᠯᠠᠬᠤ ᠶᠠᠮᠤᠨ ᠤ ᠭᠠᠯ ᠤᠨᠳᠠᠷᠠᠭᠠᠬᠤ ᠲᠤᠪᠴᠢᠶ᠎ᠠ ᠶᠢᠨ ᠯᠧᠩ ᠯᠢ ᠨᠥᠬᠦᠷ ᠥᠪᠥᠷ ᠮᠣᠩᠭᠤᠯ ᠤᠨ ᠳᠤᠳᠤᠭᠠᠳᠤ ᠶᠢ ᠬᠠᠮᠠᠭᠠᠯᠠᠬᠤ ᠲᠢᠩᠬᠢᠮ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠤᠳᠤᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠮᠠ ᠮᠢᠩ ᠠᠴᠠ ᠯᠧᠩ ᠯᠢ ᠨᠥᠬᠦᠷ ᠲᠤ ᠲᠢᠩᠬᠢᠮ ᠤᠨ ᠪᠠᠶᠢᠭᠤᠯᠭ᠎ᠠ ᠶᠢᠨ ᠶᠠᠭ ᠰᠢᠨᠡᠳᠬᠡᠨ ᠰᠡᠯᠪᠢᠨ ᠵᠠᠰᠠᠵᠤ ᠪᠠᠶᠢᠭ᠎ᠠ 1 ᠳ᠋ᠤᠭᠡᠷ ᠠᠰᠠᠷ ᠤᠨ ᠭᠠᠳᠠᠨ᠎ᠠ ᠬᠠᠨ᠎ᠠ ᠶᠢ ᠪᠠᠷᠢᠵᠤ ᠪᠠᠶᠢᠭ᠎ᠠ ᠪᠠᠶᠢᠳᠠᠯ ᠵᠢᠴᠢ ᠰᠢᠨ᠎ᠡ ᠪᠠᠷ ᠰᠢᠨᠡᠳᠬᠡᠨ ᠵᠠᠰᠠᠭᠰᠠᠨ ᠠᠰᠠᠷ ᠤᠨ ᠡᠮᠦᠨᠡᠬᠢ ᠲᠠᠯᠠᠪᠠᠢ ᠵᠡᠷᠭᠡ ᠪᠡᠯᠡᠳᠬᠡᠮᠵᠢ ᠶᠢ ᠲᠠᠨᠢᠯᠴᠠᠭᠤᠯᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠡᠳ᠋ ᠡᠷᠬᠢᠯᠡᠭᠴᠢ ᠸᠠᠩ ᠷᠦᠢ ᠹᠸᠡᠭ᠂ ᠥᠪᠡᠷᠲᠡᠭᠡᠨ ᠵᠠᠰᠠᠬᠤ ᠣᠷᠣᠨ ᠤ ᠳᠤᠳᠤᠭᠠᠳᠤ ᠶᠢ ᠬᠠᠮᠠᠭᠠᠯᠠᠬᠤ ᠲᠢᠩᠬᠢᠮ ᠤᠨ ᠨᠠᠮ ᠤᠨ ᠬᠤᠷᠢᠶ᠎ᠡ ᠶᠢᠨ ᠬᠡᠰᠢᠭᠦᠨ᠂ ᠭᠠᠯ ᠤᠨᠳᠠᠷᠠᠭᠠᠬᠤ ᠶᠡᠷᠦᠩᠬᠡᠢ ᠠᠩᠭᠢ ᠶᠢᠨ ᠤᠯᠤᠰ ᠲᠥᠷᠥ ᠶᠢᠨ ᠭᠡᠰᠢᠭᠦᠨ ᠭᠧ ᠮᠢᠩ ᠯᠢ ᠵᠡᠷᠭᠡ ᠬᠠᠮᠢᠶ᠎ᠡ ᠪᠥᠬᠦᠢ ᠤᠳᠤᠷᠢᠳᠤᠯᠭ᠎ᠠ ᠪᠠᠷ᠎ᠠ ᠪᠣᠯᠵᠤ ᠪᠠᠶᠢᠴᠠᠭᠠᠨ ᠰᠤᠳᠤᠯᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号