ᠳᠤᠮᠳᠠ ᠠᠴᠠ ᠪᠠᠭ᠋ᠠᠨ ᠴᠢᠩᠭ᠎ᠠ ᠬᠦᠢᠲᠡᠨ ᠠᠭᠤᠷ ᠠᠮᠢᠰᠬᠤᠯ ᠤᠨ ᠨᠥᠯᠥᠭᠡ ᠪᠠᠷ᠂ 11 ᠳ᠋ᠦ᠋ᠭᠡᠷ ᠰᠠᠷ᠎ᠠ ᠶᠢᠨ | 5 ᠤ ᠡᠳᠦᠷ ᠠᠴᠠ 8 ᠤ ᠡᠳᠦᠷ ᠪᠣᠯᠲᠠᠯ᠎ᠠ᠂ ᠮᠠᠨ ᠤ ᠣᠷᠣᠨ ᠤ ᠶᠡᠬᠡᠩᠬᠢ ᠭᠠᠵᠠᠷ ᠲᠤ ᠪᠠᠷᠠᠭᠤᠨ ᠠᠴᠠ ᠵᠡᠭᠦᠨᠰᠢ | ᠨᠢᠭᠡ ᠤᠳᠠᠭ᠎ᠠ ᠮᠡᠳᠡᠭᠳᠡᠬᠦ᠋ᠢᠴᠡ ᠴᠠᠰᠤ ᠪᠣᠷᠣᠭᠠᠨ ᠣᠷᠣᠨ᠎ᠠ᠃ ᠪᠣᠳᠠᠲᠠᠶ ᠤᠷᠢᠳᠴᠢᠯᠠᠨ ᠮᠡᠳᠡᠭᠡᠯᠡᠭᠰᠡᠨ ᠨᠢ ᠳᠣᠣᠷᠠᠬᠢ | ᠮᠡᠲᠦ᠄ 5 ᠤ ᠡᠳᠦᠷ ᠠᠴᠠ 8 ᠤ ᠡᠳᠦᠷ ᠪᠣᠯᠲᠠᠯ᠎ᠠ᠂ ᠠᠯᠠᠱᠠᠨ ᠠᠶᠢᠮᠠᠭ ᠤᠨ ᠵᠡᠭᠦᠨ ᠬᠡᠰᠡᠭ᠂ ᠪᠠᠶᠠᠨᠨᠠᠭᠤᠷ | ᠬᠤᠲᠠ ᠶᠢᠨ ᠶᠡᠬᠡᠩᠬᠢ ᠬᠡᠰᠡᠭ᠂ ᠦᠬᠠᠶ ᠬᠤᠳᠠ᠂ ᠤᠷᠳᠤᠰ ᠬᠤᠳᠠ᠂ ᠪᠤᠭᠤᠲᠤ ᠬᠤᠳᠠ᠂ ᠬᠥᠬᠡᠬᠤᠲᠠ᠂ | ᠤᠯᠠᠭᠠᠨᠴᠠᠪ ᠬᠤᠳᠠ᠂ ᠰᠢᠯᠢ ᠶᠢᠨ ᠭᠤᠣᠯ ᠠᠶᠢᠮᠠᠭ ᠤᠨ ᠶᠡᠬᠡᠩᠬᠢ ᠬᠡᠰᠡᠭ᠂ ᠤᠯᠠᠭᠠᠨᠬᠠᠳᠠ ᠬᠤᠳᠠ᠂ ᠲᠦᠩᠯᠢᠶᠣᠤ | ᠬᠤᠳᠠ᠂ ᠬᠢᠩᠭᠠᠨ ᠠᠶᠢᠮᠠᠭ᠂ ᠬᠥᠯᠥᠨ ᠪᠤᠶᠢᠷ ᠬᠤᠳᠠ ᠶᠢᠨ ᠡᠮᠦᠨᠡᠲᠦ ᠬᠡᠰᠡᠭ ᠲᠤ ᠪᠠᠭ᠎ᠠ ᠪᠣᠷᠣᠭᠠᠨ ᠪᠤᠶᠤ ᠴᠠᠰᠣ | ᠪᠤᠷᠣᠭᠠᠨ ᠬᠤᠯᠢᠯᠳᠤᠵᠤ ︵ᠴᠠᠰᠤ︶ ᠣᠷᠣᠨ᠎ᠠ᠂ ᠲᠤᠨᠳᠠᠰᠤ ᠶᠢᠨ ᠬᠡᠮᠵᠢᠶ᠎ᠡ ᠨᠢ ᠨᠡᠶᠢᠲᠡ 0.0 ~ 25.0 | ᠮᠢᠯᠢᠮᠧᠲᠷ ᠪᠣᠯᠣᠨ᠎ᠠ᠃ ᠡᠭᠦᠨ ᠳᠤ᠂ ᠤᠷᠳᠤᠰ ᠬᠤᠳᠠ ᠶᠢᠨ ᠵᠡᠭᠦᠨ ᠬᠡᠰᠡᠭ᠂ ᠪᠤᠭᠤᠲᠤ ᠬᠤᠳᠠ ᠶᠢᠨ ᠡᠮᠦᠨᠡᠲᠦ | ᠬᠡᠰᠡᠭ᠂ ᠬᠥᠬᠡᠬᠤᠲᠠ ᠶᠢᠨ ᠡᠮᠦᠨᠡᠲᠦ ᠬᠡᠰᠡᠭ᠂ ᠤᠯᠠᠭᠠᠨᠴᠠᠪ ᠬᠤᠳᠠ ᠶᠢᠨ ᠡᠮᠦᠨᠡᠲᠦ ᠬᠡᠰᠡᠭ᠂ ᠰᠢᠯᠢ ᠶᠢᠨ ᠭᠤᠣᠯ | ᠠᠶᠢᠮᠠᠭ ᠤᠨ ᠡᠮᠦᠨᠡᠲᠦ ᠬᠡᠰᠡᠭ᠂ ᠤᠯᠠᠭᠠᠨᠬᠠᠳᠠ ᠬᠤᠳᠠ ᠶᠢᠨ ᠡᠮᠦᠨᠡᠲᠦ ᠬᠡᠰᠡᠭ ᠲᠤ ᠳᠤᠮᠳᠠ ᠵᠡᠷᠭᠡ ᠶᠢᠨ ᠪᠣᠷᠣᠭᠠᠨ | ᠪᠤᠶᠤ ᠴᠠᠰᠣ ᠪᠤᠷᠣᠭᠠᠨ ᠬᠤᠯᠢᠯᠳᠤᠵᠤ ᠣᠷᠣᠨ᠎ᠠ︔ ᠤᠷᠳᠤᠰ ᠬᠤᠳᠠ ᠶᠢᠨ ᠵᠡᠭᠦᠨ ᠬᠤᠶᠢᠲᠤ ᠬᠡᠰᠡᠭ᠂ ᠬᠥᠬᠡᠬᠤᠲᠠ | ᠶᠢᠨ ᠪᠠᠷᠠᠭᠤᠨ ᠡᠮᠦᠨᠡᠲᠦ ᠬᠡᠰᠡᠭ ᠢᠶᠠᠷ ᠶᠡᠭᠡ ᠪᠣᠷᠣᠭᠠᠨ ᠲᠠᠢ᠃ ᠤᠯᠠᠭᠠᠨᠴᠠᠪ ᠬᠤᠲᠠ ᠶᠢᠨ ᠬᠤᠶᠢᠲᠤ ᠬᠡᠰᠡᠭ᠂ | ᠰᠢᠯᠢ ᠶᠢᠨ ᠭᠤᠣᠯ ᠠᠶᠢᠮᠠᠭ ᠤᠨ ᠳᠤᠮᠳᠠ ᠡᠮᠦᠨᠡᠲᠦ ᠬᠡᠰᠡᠭ᠂ ᠤᠯᠠᠭᠠᠨᠬᠠᠳᠠ ᠬᠤᠲᠠ ᠶᠢᠨ ᠳᠤᠮᠳᠠ ᠬᠡᠰᠡᠭ᠂ | ᠬᠤᠶᠢᠲᠤ ᠬᠡᠰᠡᠭ ᠢᠶᠠᠷ ᠳᠤᠮᠳᠠ ᠵᠡᠷᠭᠡ ᠶᠢᠨ ᠴᠠᠰᠤ ᠲᠠᠢ︔ ᠰᠢᠯᠢ ᠶᠢᠨ ᠭᠤᠣᠯ ᠠᠶᠢᠮᠠᠭ ᠤᠨ ᠵᠡᠭᠦᠨ ᠡᠮᠦᠨᠡᠲᠦ ᠬᠡᠰᠡᠭ᠂ | ᠤᠯᠠᠭᠠᠨᠬᠠᠳᠠ ᠬᠤᠲᠠ ᠶᠢᠨ ᠬᠤᠶᠢᠲᠤ ᠬᠡᠰᠡᠭ ᠲᠤ ᠶᠡᠭᠡ ᠴᠠᠰᠤ ᠲᠠᠢ᠃ ᠪᠦᠬᠦ ᠣᠷᠣᠨ ᠤ ᠶᠡᠬᠡᠩᠬᠢ ᠬᠡᠰᠡᠭ ᠭᠠᠵᠠᠷ | ᠤᠨ ᠳᠤᠯᠠᠭᠠᠨ ᠤ ᠬᠡᠮᠵᠢᠶ᠎ᠡ ᠨᠡᠯᠢᠶᠡᠳ ᠳᠣᠣᠷ᠎ᠠ ᠪᠣᠯᠣᠨ᠎ᠠ᠃ ᠡᠨᠡᠬᠦ ᠬᠤᠭᠤᠴᠠᠭᠠᠨ ᠳᠤ᠂ ᠪᠤᠭᠤᠲᠤ ᠬᠤᠲᠠ ᠶᠢᠨ | ᠬᠤᠶᠢᠲᠤ ᠬᠡᠰᠡᠭ᠂ ᠬᠥᠬᠡᠬᠤᠲᠠ ᠶᠢᠨ ᠬᠤᠶᠢᠲᠤ ᠬᠡᠰᠡᠭ᠂ ᠤᠯᠠᠭᠠᠨᠴᠠᠪ ᠬᠤᠲᠠ ᠶᠢᠨ ᠬᠤᠶᠢᠲᠤ ᠬᠡᠰᠡᠭ᠂ ᠰᠢᠯᠢ ᠶᠢᠨ | ᠭᠤᠣᠯ ᠠᠶᠢᠮᠠᠭ᠂ ᠬᠢᠩᠭᠠᠨ ᠠᠶᠢᠮᠠᠭ᠂ ᠬᠥᠯᠥᠨ ᠪᠤᠶᠢᠷ ᠬᠤᠳᠠᠶᠢᠨ ᠪᠠᠷᠠᠭᠤᠨ ᠬᠡᠰᠡᠭ ᠲᠤ ᠵᠡᠭᠦᠨ ᠠᠴᠠ 5 | ᠳᠡᠰ ᠤᠨ ᠰᠠᠯᠬᠢ ᠲᠠᠢ᠃ | ᠬᠤᠯᠪᠣᠭᠳᠠᠯ ᠪᠦᠬᠦᠢ ᠭᠠᠵᠠᠷ ᠣᠷᠣᠨ ᠠᠷᠭᠠᠴᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠮᠠᠯᠵᠢᠬᠤ ᠣᠷᠣᠨ | ᠪᠣᠯᠤᠨ ᠪᠡᠯᠡᠳᠭᠡᠮᠵᠢᠳᠤ ᠲᠠᠷᠢᠶᠠᠯᠠᠩ᠂ ᠵᠠᠮ ᠲᠡᠭᠡᠭᠡᠪᠦᠷᠢ ᠶᠢᠨ ᠵᠡᠷᠭᠡ ᠰᠠᠯᠠᠭ᠎ᠠ ᠮᠦᠴᠢᠷ ᠤᠳ ᠪᠦᠲᠦᠮᠵᠢᠲᠡᠶ ᠠᠷᠭ᠎ᠠ | ᠬᠡᠮᠵᠢᠶ᠎ᠡ ᠠᠪᠴᠤ ᠠᠰᠢᠭ ᠦᠭᠡᠢ ᠨᠥᠯᠥᠭᠡ ᠶᠢ ᠠᠷᠭᠠᠴᠠᠵᠤ᠂ ᠣᠯᠠᠨ ᠢᠶᠠᠷ ᠢᠶᠠᠨ ᠬᠠᠨᠳᠤᠯᠭᠠᠲᠤ ᠴᠢᠨᠠᠷᠲᠠᠶ | ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ |