ᠥᠪᠥᠷ ᠮᠣᠩᠭᠤᠯ ᠵᠠᠰᠠᠮᠠᠯ ᠵᠠᠮ ᠤᠨ ᠠᠮᠤᠷ ᠲᠦᠪᠰᠢᠨ ᠠᠮᠢ ᠨᠠᠰᠤᠨ ᠤ ᠬᠠᠮᠠᠭᠠᠯᠠᠯᠲᠠ ᠶᠢᠨ ᠢᠨᠵᠧᠨᠧᠷᠢᠩ ᠢ ᠬᠡᠷᠡᠭᠵᠢᠭᠦᠯᠵᠦ  ︽ᠨᠡᠷ᠎ᠡ ᠶᠢᠨ ᠬᠠᠷ᠎ᠠ ᠳᠠᠩᠰᠠ︾᠎ ᠶᠢᠨ ᠳᠦᠷᠢᠮ ᠪᠠᠶᠢᠭᠤᠯᠪᠠ
ᠨᠡᠶᠢᠲᠡᠯᠡᠭᠰᠡᠨ ᠴᠠᠭ᠄
2015/11/4
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠥᠬᠦ ᠣᠷᠣᠨ ᠤ ᠬᠡᠪᠴᠢᠶᠡᠨ ᠳᠤ ᠵᠠᠰᠠᠮᠠᠯ ᠵᠠᠮ ᠤᠨ ᠠᠮᠤᠷ ᠲᠦᠪᠰᠢᠨ ᠠᠮᠢ ᠨᠠᠰᠤᠨ ᠤ ᠬᠠᠮᠠᠭᠠᠯᠠᠯᠲᠠ ᠶᠢᠨ ᠢᠨᠵᠧᠨᠧᠷᠢᠩ ᠢ ᠬᠡᠷᠡᠭᠵᠢᠭᠦᠯᠬᠦ ᠶᠢ ᠲᠣᠭᠲᠠᠭᠰᠠᠨ ᠪᠥᠭᠡᠳ ᠪᠣᠳᠠᠲᠠᠶ ᠬᠡᠷᠡᠭᠵᠢᠭᠦᠯᠬᠦ ᠰᠠᠨᠠᠯ ᠳᠤᠷᠠᠳᠪᠠ᠃ ᠲᠤᠰ ᠬᠡᠷᠡᠭᠵᠢᠭᠦᠯᠬᠦ ᠰᠠᠨᠠᠯ ᠳᠤ ᠵᠠᠰᠠᠮᠠᠯ ᠵᠠᠮ ᠤᠨ ᠠᠮᠤᠷ ᠲᠦᠪᠰᠢᠨ ᠤ ᠲᠠᠯᠳᠠ ᠭᠡᠮ ᠢ ᠪᠦᠬᠦ ᠬᠦᠴᠦᠨ ᠢᠶᠠᠷ ᠢᠶᠠᠨ ᠴᠡᠭᠴᠡᠯᠡᠨ ᠵᠠᠰᠠᠵᠤ᠂ ᠠᠮᠤᠷ ᠲᠦᠪᠰᠢᠨ ᠤ ᠪᠡᠯᠡᠳᠬᠡᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠬᠠᠤᠯᠢ ᠶᠣᠰᠣᠭᠠᠷ ᠶᠡᠷᠦᠩᠬᠡᠶᠢᠯᠡᠨ ᠵᠠᠰᠠᠬᠤ ᠶᠢ ᠴᠢᠩᠭᠠᠷᠠᠭᠤᠯᠵᠤ᠂ ᠵᠠᠰᠠᠮᠠᠯ ᠵᠠᠮ ᠤᠨ ᠠᠮᠤᠷ ᠲᠦᠪᠰᠢᠨ ᠤ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠪᠥᠬᠦ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠥᠭᠡᠳ‌‍ᠰᠠᠶᠢᠵᠢᠷᠠᠯᠲᠠ ᠲᠠᠢ ᠪᠠᠶᠢᠬᠤ ᠶᠢ ᠠᠬᠢᠭᠤᠯᠬᠤ ᠬᠡᠷᠡᠭᠲᠡᠢ ᠭᠡᠵᠦ ᠲᠣᠳᠣᠷᠬᠠᠶᠢᠯᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠠᠷᠤᠮᠠᠯᠯᠠᠨ ᠶᠠᠪᠤᠭᠤᠯᠤᠭᠰᠠᠨ ︽ᠵᠠᠰᠠᠮᠠᠯ ᠵᠠᠮ ᠤᠨ ᠠᠮᠤᠷ ᠲᠦᠪᠰᠢᠨ ᠠᠮᠢ ᠨᠠᠰᠤᠨ ᠤ ᠬᠠᠮᠠᠭᠠᠯᠠᠯᠲᠠ ᠶᠢᠨ ᠢᠨᠵᠧᠨᠧᠷᠢᠩ ᠢ ᠬᠡᠷᠡᠭᠵᠢᠭᠦᠯᠬᠦ ᠲᠤᠬᠠᠶ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶᠎ ᠳᠤ ᠲᠣᠳᠣᠷᠬᠠᠶ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠨᠢ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠳᠤ ᠪᠠᠶᠢᠭ᠎ᠠ ᠵᠠᠰᠠᠮᠠᠯ ᠵᠠᠮ ᠤᠨ ᠠᠮᠤᠷ ᠲᠦᠪᠰᠢᠨ ᠠᠮᠢ ᠨᠠᠰᠤᠨ ᠤ ᠬᠠᠮᠠᠭᠠᠯᠠᠯᠲᠠ ᠶᠢᠨ ᠢᠨᠵᠧᠨᠧᠷᠢᠩ ᠢ ᠬᠡᠷᠡᠭᠵᠢᠭᠦᠯᠬᠦ ᠲᠥᠰᠦᠯ︾᠎ ᠤᠨ ᠱᠠᠭᠠᠷᠳᠠᠯᠭ᠎ᠠ ᠶᠣᠰᠣᠭᠠᠷ᠂ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠂ ᠬᠦᠴᠦᠨ ᠢᠶᠠᠨ ᠵᠣᠬᠢᠶᠠᠨ ᠪᠠᠶᠢᠭᠤᠯᠵᠤ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠵᠠᠰᠠᠮᠠᠯ ᠵᠠᠮ ᠤᠨ ᠠᠮᠤᠷ ᠲᠦᠪᠰᠢᠨ ᠤ ᠲᠠᠯᠳᠠ ᠭᠡᠮ ᠢ ᠲᠥᠪᠯᠡᠷᠡᠭᠦᠯᠦᠨ ᠵᠢᠭᠰᠠᠭᠠᠨ ᠪᠠᠶᠢᠴᠠᠭᠠᠵᠤ᠂ ᠲᠠᠯᠳᠠ ᠭᠡᠮ ᠤᠨ ᠰᠠᠭᠤᠷᠢ ᠲᠤᠭ᠎ᠠ ᠶᠢ ᠲᠣᠳᠣᠷᠬᠠᠶ᠂ ᠡᠬᠡ ᠳᠠᠩᠰᠠ ᠶᠢ ᠪᠦᠷᠢᠨ ᠲᠡᠭᠦᠯᠳᠡᠷ ᠪᠣᠯᠭᠠᠬᠤ ᠬᠡᠷᠡᠭᠲᠡᠢ ᠭᠡᠪᠡ᠃      ︽ᠰᠠᠨᠠᠯ︾᠎ ᠳᠤ ᠥᠪᠥᠷ ᠮᠣᠩᠭᠤᠯ ᠤᠨ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠳ ᠠᠶᠠᠨᠴᠢᠳ ᠪᠠ ᠪᠠᠷᠠᠭ᠎ᠠ ᠶᠢᠨ ᠲᠡᠭᠡᠭᠡᠪᠦᠷᠢ ᠶᠢᠨ ᠵᠢᠯᠣᠭᠤᠴᠢ ᠶᠢᠨ ᠠᠵᠢᠯ ᠡᠷᠬᠢᠯᠡᠵᠦ ᠪᠠᠶᠢᠭ᠎ᠠ ᠮᠡᠳᠡᠭᠡ ᠵᠠᠩᠭᠢ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠮᠡᠳᠡᠭᠡ ᠵᠠᠩᠭᠢ᠂ ᠵᠠᠮ ᠬᠠᠷᠢᠯᠴᠠᠭᠠᠨ ᠤ ᠠᠳᠡᠯ ᠤᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠶᠢ ᠲᠦᠷᠭᠡᠳᠬᠡᠵᠦ᠂ ᠵᠢᠯᠣᠭᠤᠴᠢ ᠶᠢᠨ ︽ᠨᠡᠷ᠎ᠡ ᠶᠢᠨ ᠬᠠᠷ᠎ᠠ ᠳᠠᠩᠰᠠ ︾᠎ ᠶᠢᠨ ᠳᠦᠷᠢᠮ ᠪᠠᠶᠢᠭᠤᠯᠬᠤ ᠬᠡᠷᠡᠭᠲᠡᠢ ᠭᠡᠵᠦ ᠲᠣᠳᠣᠷᠬᠠᠶᠢᠯᠠᠪᠠ᠃ ᠵᠠᠮ ᠬᠠᠷᠢᠯᠴᠠᠭᠠᠨ ᠤ ᠠᠳᠡᠯ ᠠᠴᠠ ᠪᠤᠯᠵᠤ ᠬᠥᠮᠦᠨ ᠠᠳᠡᠭᠰᠡᠨ ᠮᠥᠷᠲᠡᠭᠡᠨ ᠠᠳᠠᠯᠢ ᠳᠡᠰ ᠠᠴᠠ ᠳᠡᠭᠡᠭᠰᠢᠬᠢ ᠬᠠᠷᠢᠭᠤᠴᠠᠯᠭ᠎ᠠ ᠡᠭᠦᠷᠭᠡᠯᠡᠭᠰᠡᠨ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠨ 12 ᠬᠤᠪᠢ ᠪᠠᠨ ᠳᠦᠭᠦᠷᠲᠡᠯ᠎ᠡ ᠲᠡᠮᠳᠡᠭᠯᠡᠭᠦᠯᠦᠭᠰᠡᠨ᠂ ᠠᠷᠢᠬᠢ ᠤᠤᠭᠤᠭᠠᠳ ᠲᠡᠷᠭᠡ ᠵᠢᠯᠣᠭᠤᠳᠤᠭᠰᠠᠨ ᠦᠢᠯᠡ ᠠᠵᠢᠯᠯᠠᠭ᠎ᠠ ᠲᠠᠢ᠂ ᠲᠣᠭᠲᠠᠭᠠᠭᠰᠠᠨ ᠬᠥᠮᠥᠨ ᠤ ᠲᠤᠭ᠎ᠠ ᠠᠴᠠ 20%᠎ ᠠᠴᠠ ᠳᠡᠭᠡᠭᠰᠢ ᠪᠠᠷ ᠬᠡᠲᠦᠷᠡᠭᠦᠯᠦᠭᠰᠡᠨ᠂ ᠲᠣᠭᠲᠠᠭᠠᠭᠰᠠᠨ ᠬᠤᠷᠳᠤᠴᠠ ᠠᠴᠠ 50 % ︵ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠣᠭᠲᠠᠭᠠᠭᠰᠠᠨ ᠬᠤᠷᠳᠤᠴᠠ ᠠᠴᠠ 20% ᠬᠡᠲᠦᠷᠡᠭᠰᠡᠨ︶᠎ ᠠᠴᠠ ᠳᠡᠭᠡᠭᠰᠢ ᠪᠠᠷ ᠬᠡᠲᠦᠷᠡᠭᠦᠯᠦᠭᠰᠡᠨ ᠪᠤᠶᠤ 12 ᠰᠠᠷ᠎ᠠ ᠶᠢᠨ ᠳᠣᠲᠣᠷ᠎ᠠ 3 ᠤᠳᠠᠭ᠎ᠠ ᠠᠴᠠ ᠳᠡᠭᠡᠭᠰᠢ ᠲᠣᠭᠲᠠᠭᠠᠭᠰᠠᠨ ᠬᠤᠷᠳᠤᠴᠠ ᠠᠴᠠ ᠬᠡᠲᠦᠷᠡᠭᠦᠯᠦᠭᠰᠡᠨ ᠬᠠᠤᠯᠢ ᠠᠴᠠ ᠵᠥᠷᠢᠴᠡᠭᠰᠡᠨ ᠲᠡᠮᠳᠡᠭᠯᠡᠯ ᠲᠠᠢ ᠠᠶᠠᠨᠴᠢᠳ ᠪᠠ ᠪᠠᠷᠠᠭ᠎ᠠ ᠶᠢᠨ ᠲᠡᠭᠡᠭᠡᠪᠦᠷᠢ ᠶᠢᠨ ᠵᠢᠯᠣᠭᠤᠴᠢ ᠶᠢ ︽ᠨᠡᠷ᠎ᠡ ᠶᠢᠨ ᠬᠠᠷ᠎ᠠ ᠲᠠᠩᠰᠠ︾᠎ ᠳᠤ ᠣᠷᠣᠭᠤᠯᠬᠤ ᠬᠡᠷᠡᠭᠲᠡᠶ ᠭᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号