| ᠡᠨᠡ ᠵᠢᠯ ᠤᠨ 8 ᠳ᠋ᠤᠭᠠᠷ ᠰᠠᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ︽ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ᠢ ᠳᠠᠷᠤᠮᠠᠯᠯᠠᠨ | ᠲᠠᠷᠬᠠᠭᠠᠭᠰᠠᠨ ᠤ ᠬᠠᠮᠲᠤ ᠮᠡᠳᠡᠭᠳᠡᠯ ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠢ ᠬᠢᠨᠠᠮᠠᠭᠠᠶ | ᠵᠢᠷᠤᠮᠯᠠᠨ ᠬᠡᠷᠡᠭᠵᠢᠬᠦᠯᠬᠦ ᠬᠡᠷᠡᠭᠲᠠᠢ ᠬᠡᠵᠤ ᠱᠠᠭᠠᠷᠳᠠᠪᠠ᠃ 8 ᠳ᠋ᠤᠭᠠᠷ ᠰᠠᠷ᠎ᠠ ᠶᠢᠨ 20 ᠤ ᠡᠳᠦᠷ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠤᠯ ᠰᠤᠷᠤᠯᠴᠠᠬᠤ ᠳᠤᠭᠤᠶᠢᠯᠠᠩ | ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ᠢ ᠲᠤᠰᠬᠠᠶ ᠰᠡᠳᠦᠪ ᠢᠶᠠᠷ | ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠸᠠᠩ ᠵᠢᠶᠦ᠋ᠨ ᠡᠨᠡ ᠤᠳᠠᠭᠠᠨ ᠤ | ᠰᠤᠷᠤᠯᠴᠠᠬᠤ ᠬᠤᠷᠠᠯ ᠳᠡᠭᠡᠷ᠎ᠡ ᠴᠢᠬᠤᠯᠠᠴᠢᠯᠠᠬᠤ ᠳᠠᠭᠠᠨ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ | ᠬᠠᠷᠢᠭᠤᠴᠠᠯᠭ᠎ᠠ ᠶᠢ ᠬᠢᠨᠠᠮᠠᠭᠠᠶ ᠬᠦᠢᠴᠡᠳᠭᠡᠨ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ | ᠪᠠᠶᠢᠴᠠᠭᠠᠬᠤ ᠠᠵᠢᠯ ᠤᠨ ᠳᠦᠷᠢᠮ︾ ᠢ ᠪᠦᠬᠦ ᠲᠠᠯ᠎ᠠ ᠪᠠᠷ ᠲᠤᠤᠱᠯᠠᠭᠤᠯᠤᠨ ᠬᠡᠷᠡᠭᠵᠢᠭᠦᠯᠵᠦ᠂ ᠥᠪᠥᠷ ᠮᠣᠩᠭᠤᠯ ᠤᠨ | ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠬᠢᠭᠡᠳ ᠢᠯᠵᠠᠷᠠᠯ ᠢ ᠡᠰᠡᠷᠭᠦᠴᠡᠬᠦ | ᠠᠵᠢᠯ ᠢ ᠲᠠᠰᠤᠷᠠᠯᠳᠠ ᠦᠭᠡᠢ ᠭᠦᠨᠵᠡᠭᠡᠶᠢᠷᠡᠭᠦᠯᠬᠦ ᠬᠡᠷᠡᠭᠲᠡᠶ ᠬᠡᠪᠡ᠃ ᠲᠡᠭᠡᠪᠡᠯ ᠰᠢᠨ᠎ᠡ ᠪᠠᠷ ᠵᠠᠰᠠᠪᠤᠷᠢ | ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ | ︵ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶ ᠳᠤ ᠪᠣᠳᠠᠲᠠᠶ ᠶᠠᠮᠠᠷ ᠶᠠᠮᠠᠷ ᠰᠢᠨ᠎ᠡ ᠱᠠᠭᠠᠷᠳᠠᠯᠭ᠎ᠠ ᠪᠠᠶᠢᠬᠤ᠂ | ᠥᠪᠥᠷ ᠮᠣᠩᠭᠤᠯ ᠳᠠᠷᠠᠭ᠎ᠠ ᠠᠯᠬᠤᠮ ᠤᠨ ᠲᠣᠭᠤᠷᠢᠨ ᠪᠠᠶᠢᠴᠠᠭᠠᠬᠤ ᠠᠵᠢᠯ ᠢ ᠬᠡᠷᠬᠢᠨ ᠲᠤᠤᠱᠯᠠᠭᠤᠯᠤᠨ | ᠨᠠᠶᠢᠳᠠᠪᠤᠷᠢᠵᠢᠭᠤᠯᠬᠤ ᠲᠤᠬᠠᠢ ᠠᠷᠠᠳ ᠤᠨ ᠰᠦᠯᠵᠢᠶ᠎ᠡ ᠶᠢᠨ ᠥᠪᠥᠷ ᠮᠣᠩᠭᠤᠯ ᠰᠤᠪᠠᠭ ᠳᠡᠭᠡᠷᠡᠬᠢ ᠭᠤᠤᠯ | ᠰᠡᠳᠦᠪ ᠢᠶᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠵᠠᠩ ᠯᠢ ᠶᠢ | ᠰᠤᠷᠪᠤᠯᠵᠢᠯᠠᠪᠠ᠃ | ᠰᠤᠷᠪᠤᠯᠵᠢᠯᠠᠭᠴᠢ᠄ ᠵᠠᠩ ᠱᠦᠵᠢ ᠰᠠᠶᠢᠨ ᠤᠤ︕ ᠮᠠᠨ ᠤ ᠲᠤᠰᠬᠠᠶ ᠰᠤᠷᠪᠤᠯᠵᠢᠯᠠᠭ᠎ᠠ ᠶᠢ ᠬᠦᠯᠢᠶᠡᠨ | ᠠᠪᠤᠭᠰᠠᠨ ᠳᠤ ᠲᠠᠯᠠᠷᠬᠠᠵᠤ ᠪᠠᠶᠢᠨ᠎ᠠ᠃ 8 ᠳ᠋ᠤᠭᠠᠷ ᠰᠠᠷ᠎ᠠ ᠶᠢᠨ 3 ᠤ ᠡᠳᠦᠷ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠦᠪ ᠬᠤᠷᠢᠶ᠎ᠠ ᠰᠢᠨ᠎ᠡ ᠪᠠᠷ ᠵᠠᠰᠠᠪᠤᠷᠢ ᠤᠷᠤᠭᠤᠯᠬᠤ ︽ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠣᠭᠤᠷᠢᠨ ᠪᠠᠶᠢᠴᠠᠭᠠᠬᠤ ᠠᠵᠢᠯ ᠤᠨ ᠲᠦᠷᠢᠮ︾ ᠢ ᠳᠠᠷᠤᠮᠠᠯᠯᠠᠨ ᠲᠠᠷᠬᠠᠭᠠᠪᠠ᠃ ᠲᠥᠪ ᠤᠨ ᠤᠳᠤᠷᠢᠳᠬᠤ ᠨᠥᠬᠦᠳ | ︽ᠳᠦᠷᠢᠮ︾ ᠳᠤ ᠵᠠᠰᠠᠪᠤᠷᠢ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠪᠡ᠃ ᠶᠠᠭᠤᠨ ᠤ ᠡᠮᠦᠨ᠎ᠡ᠂ | ᠲᠠᠨ ᠤ ᠦᠵᠡᠬᠦ ᠪᠠᠷ ᠡᠨᠡ ᠤᠳᠠᠭ᠎ᠠ ᠶᠢᠨ ︽ᠳᠦᠷᠢᠮ︾ ᠢ ᠨᠡᠶᠢᠲᠡᠯᠡᠭᠰᠡᠨ ᠨᠢ ᠶᠠᠮᠠᠷ ᠶᠠᠮᠠᠷ ᠴᠢᠬᠤᠯᠠ ᠠᠴᠢ | ᠬᠤᠯᠪᠣᠭᠳᠠᠯ ᠲᠠᠢ ᠪᠤᠢ︖ | ᠵᠠᠩ ᠯᠢ᠄ ᠨᠢᠭᠡ ᠳᠤ ︽ᠳᠦᠷᠢᠮ︾ ᠢ ᠲᠠᠭᠢᠨ ᠵᠠᠰᠠᠪᠤᠷᠢ ᠤᠷᠤᠭᠤᠯᠤᠭᠠᠳ ᠨᠡᠶᠢᠲᠡᠯᠡᠭᠰᠡᠨ ᠨᠢ ᠨᠠᠮ ᠢ ᠪᠦᠬᠦ | ᠲᠠᠯ᠎ᠠ ᠪᠠᠷ ᠴᠢᠩᠭ᠎ᠠ ᠵᠠᠰᠠᠬᠤ ᠳᠤ ᠬᠦᠴᠦᠨ ᠪᠦᠬᠦᠢ ᠲᠦᠰᠢᠭ ᠲᠤᠯᠭᠠᠭᠤᠷᠢ ᠬᠠᠩᠭᠠᠵᠠᠶ᠃ ᠲᠥᠪ ᠬᠤᠷᠢᠶ᠎ᠠ ᠠᠴᠠ ︽ | ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠳᠤᠷᠠᠳᠴᠤ᠂ ︽ᠨᠠᠮ ᠢ ᠪᠦᠬᠦ | ᠲᠠᠯ᠎ᠠ ᠪᠠᠷ ᠴᠢᠩᠭ᠎ᠠ ᠵᠠᠰᠠᠬᠤ︾ ᠪᠣᠯ ᠴᠢᠬᠤᠯᠠ ᠠᠭᠤᠯᠭ᠎ᠠ ᠪᠤᠯᠬᠤ ᠮᠦᠷᠲᠡᠭᠡᠨ᠂ ᠨᠡᠩ ᠴᠤ ᠪᠠᠶᠢᠯᠳᠤᠬᠤ | ᠪᠤᠳᠤᠯᠭ᠎ᠠ ᠶᠢᠨ ᠠᠷᠭ᠎ᠠ ᠬᠡᠮᠵᠢᠶ᠎ᠡ ᠪᠤᠯᠤᠨ᠎ᠠ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠪᠦᠬᠦ | ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠳᠤ ᠤᠯᠤᠰ ᠲᠦᠷᠦ ᠬᠢᠭᠡᠳ ᠵᠣᠬᠢᠶᠠᠨ ᠪᠠᠶᠢᠭᠤᠯᠤᠯᠲᠠ ᠶᠢᠨ | ᠪᠠᠲᠤᠯᠠᠭ᠎ᠠ ᠬᠠᠩᠭᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠪᠠᠶᠢᠯᠳᠤᠬᠤ ᠪᠤᠳᠤᠯᠭ᠎ᠠ ᠶᠢᠨ | ᠬᠠᠷᠠᠯᠲᠠ ᠶᠢ ᠪᠡᠶᠡᠯᠡᠬᠦᠯᠬᠦ ᠦᠨᠳᠦᠰᠦᠨ ᠪᠠᠲᠤᠯᠠᠭ᠎ᠠ ᠪᠤᠯᠤᠨ᠎ᠠ᠃ ᠵᠠᠰᠠᠪᠤᠷᠢ ᠣᠷᠣᠭᠤᠯᠤᠭᠰᠠᠨ ︽ᠳᠦᠷᠢᠮ︾ ᠨᠢ ︽ | ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ᠂ ᠢᠯᠠᠩᠭᠤᠶ᠎ᠠ ᠨᠠᠮ ᠢ ᠪᠦᠬᠦ | ᠲᠠᠯ᠎ᠠ ᠪᠠᠷ ᠴᠢᠩᠭ᠎ᠠ ᠵᠠᠰᠠᠬᠤ ᠰᠢᠨ᠎ᠡ ᠱᠠᠭᠠᠷᠳᠠᠯᠭ᠎ᠠ ᠶᠢ ᠬᠠᠷᠠᠭᠤᠯᠤᠭᠰᠠᠨ ᠪᠠᠶᠢᠨ᠎ᠠ᠃ ︽ᠳᠦᠷᠢᠮ︾ ᠪᠣᠯ ᠲᠣᠭᠤᠷᠢᠨ | ᠪᠠᠶᠢᠴᠠᠭᠠᠬᠤ ᠠᠵᠢᠯ ᠢ ᠵᠢᠷᠤᠮᠵᠢᠭᠤᠯᠬᠤ᠂ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠶᠢ ᠴᠢᠩᠭᠠᠷᠠᠭᠤᠯᠬᠤ ᠶᠢᠨ | ᠴᠢᠬᠤᠯᠠ ᠰᠠᠭᠤᠷᠢ ᠴᠢᠨᠠᠷᠲᠠᠶ ᠬᠠᠤᠯᠢ ᠲᠣᠭᠲᠠᠭᠠᠯ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ | ᠰᠢᠰᠲ᠋ᠧᠮᠵᠢ ᠶᠢᠨ ᠴᠢᠬᠤᠯᠠ ᠪᠦᠷᠢᠯᠳᠦᠬᠦᠨ ᠬᠡᠰᠡᠭ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ᠂ ᠬᠠᠤᠯᠢ | ᠲᠣᠭᠲᠠᠭᠠᠯ ᠪᠤᠯᠤᠨ ᠰᠠᠬᠢᠯᠭ᠎ᠠ ᠪᠠᠲᠤ ᠶᠣᠰᠣᠭᠠᠷ ᠨᠠᠮ ᠢ ᠬᠠᠮᠢᠶᠠᠷᠬᠤ ᠨᠠᠮ ᠢ ᠪᠠᠶᠢᠭᠤᠯᠬᠤ ᠬᠦᠴᠦᠨ ᠪᠦᠬᠦᠢ | ᠳᠦᠷᠢᠮ ᠤᠨ ᠪᠠᠲᠤᠯᠠᠭ᠎ᠠ ᠪᠤᠯᠤᠨ᠎ᠠ᠃ | ᠬᠤᠶᠠᠷ ᠲᠤ ︽ᠳᠦᠷᠢᠮ︾ ᠨᠢ ᠲᠣᠭᠲᠠᠭᠠᠯ ᠶᠣᠰᠣᠭᠠᠷ ᠨᠠᠮ ᠢ ᠬᠠᠮᠢᠶᠠᠷᠴᠤ ᠨᠠᠮ ᠢ ᠵᠠᠰᠠᠬᠤ᠂ ᠨᠠᠮ ᠤᠨ | ᠲᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠲᠦᠪ ᠴᠢᠩᠭ᠎ᠠ ᠪᠠᠶᠢᠯᠭᠠᠬᠤ ᠰᠢᠨ᠎ᠡ ᠣᠨᠴᠠᠯᠢᠭ ᠢ | ᠳᠤᠪᠤᠶᠢᠯᠭᠠᠪᠠ᠃ ᠰᠠᠬᠢᠯᠭ᠎ᠠ ᠪᠠᠲᠤ ᠨᠢ ᠬᠠᠤᠯᠢ ᠴᠠᠭᠠᠵᠠ ᠶᠢᠨ ᠲᠡᠷᠢᠬᠦᠨ ᠳᠤ ᠪᠠᠶᠢᠵᠤ᠂ ᠰᠠᠬᠢᠯᠭ᠎ᠠ ᠪᠠᠲᠤ ᠨᠢ ᠬᠠᠤᠯᠢ | ᠴᠠᠭᠠᠵᠠ ᠠᠴᠠ ᠴᠢᠩᠭ᠎ᠠ ᠶᠤᠮ᠃ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠬᠤ ᠳᠤ᠂ ᠡᠷᠬᠡᠪᠰᠢ ᠨᠠᠮ ᠤᠨ ᠲᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢᠨ | ᠦᠵᠡᠯ ᠤᠬᠠᠮᠰᠠᠷ ᠢ ᠴᠢᠩᠭᠠᠷᠠᠭᠤᠯᠵᠤ᠂ ᠡᠷᠬᠡᠪᠰᠢ ᠨᠠᠮ ᠢ ᠬᠠᠮᠢᠶᠠᠷᠴᠤ ᠨᠠᠮ ᠢ ᠵᠠᠰᠠᠬᠤ ᠪᠡᠶᠡᠴᠢ ᠴᠣᠭᠴᠠ ᠶᠢᠨ | ᠬᠠᠷᠢᠭᠤᠴᠠᠯᠭ᠎ᠠ ᠪᠠ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ ︽ᠳᠦᠷᠢᠮ︾ ᠳᠤ | ᠨᠠᠮ ᠤᠨ ︽ᠵᠢᠷᠭᠤᠭᠠᠨ ᠶᠡᠭᠡ ᠰᠠᠬᠢᠯᠭ᠎ᠠ ᠪᠠᠲᠤ︾ ᠶᠢ ᠳᠤᠪᠤᠶᠢᠯᠭᠠᠪᠠ᠂ ᠲᠡᠷᠡ ᠨᠢ ᠨᠠᠮ ᠤᠨ ᠳᠣᠲᠣᠭᠠᠳᠤ ᠶᠢᠨ | ᠬᠢᠨᠠᠯᠲᠠ ᠲᠠᠯᠪᠢᠬᠤ ︽ᠬᠤᠷᠴᠠ ᠵᠡᠪᠰᠡᠭ︾ ᠪᠤᠯᠬᠤ ᠪᠦᠭᠡᠳ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ | ᠰᠢᠰᠲ᠋ᠧᠮᠵᠢ ᠳᠤ ᠪᠠᠶᠢᠯᠳᠤᠬᠤ ᠪᠤᠳᠤᠯᠭ᠎ᠠ ᠶᠢᠨ ᠠᠴᠢ ᠬᠤᠯᠪᠣᠭᠳᠠᠯ ᠲᠠᠢ ᠳᠦᠷᠢᠮ ᠤᠨ ᠲᠣᠬᠢᠷᠠᠭᠤᠯᠤᠯᠲᠠ ᠪᠠᠶᠢᠵᠤ᠂ | ᠬᠠᠤᠯᠢ ᠲᠣᠭᠲᠠᠭᠠᠯ ᠶᠣᠰᠣᠭᠠᠷ ᠲᠣᠭᠤᠷᠢᠨ ᠪᠠᠶᠢᠴᠠᠭᠠᠬᠤ ᠶᠢ ᠲᠦᠯᠬᠢᠨ ᠠᠬᠢᠭᠤᠯᠬᠤ᠂ ᠲᠣᠭᠤᠷᠢᠨ ᠪᠠᠶᠢᠴᠠᠭᠠᠬᠤ | ᠠᠵᠢᠯ ᠤᠨ ᠬᠠᠲᠠᠭᠤ ᠴᠢᠨᠠᠷ ᠢ ᠨᠡᠮᠡᠭᠳᠡᠭᠦᠯᠬᠦ᠂ ᠲᠣᠭᠤᠷᠢᠨ ᠪᠠᠶᠢᠴᠠᠭᠠᠬᠤ ︽ᠰᠡᠯᠡᠮ᠎ᠡ︾ ᠶᠢᠨ ᠦᠢᠯᠡᠳᠦᠯ ᠢ ᠨᠡᠩ | ᠰᠠᠶᠢᠲᠤᠷ ᠪᠠᠳᠠᠷᠠᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ | ᠭᠤᠷᠪᠠ ᠳᠤ ︽ᠳᠦᠷᠢᠮ︾ ᠨᠢ ᠲᠣᠭᠤᠷᠢᠨ ᠪᠠᠶᠢᠴᠠᠭᠠᠬᠤ ᠦᠢᠯᠡᠳᠦᠯᠭᠡ ᠶᠢᠨ ᠬᠥᠭᠵᠢᠯᠲᠡ ᠶᠢᠨ | ᠬᠡᠷᠡᠭᠴᠡᠭᠡ ᠳᠤ ᠵᠤᠬᠢᠴᠠᠨ᠂ ᠲᠣᠭᠤᠷᠢᠨ ᠪᠠᠶᠢᠴᠠᠭᠠᠬᠤ ᠠᠵᠢᠯ ᠳᠤ ᠰᠢᠨ᠎ᠡ ᠵᠢᠷᠤᠮᠯᠠᠯ ᠬᠠᠨᠭ᠍ᠭᠠᠪᠠ᠃ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠰᠢ᠂ ᠲᠣᠭᠤᠷᠢᠨ ᠪᠠᠶᠢᠴᠠᠭᠠᠬᠤ ᠠᠵᠢᠯ ᠳᠤ ᠰᠢᠨ᠎ᠡ ᠪᠠᠶᠢᠳᠠᠯ ᠪᠤᠯᠤᠨ ᠡᠭᠦᠷᠭᠡ | ᠲᠤᠯᠭᠠᠷᠠᠵᠤ᠂ ᠠᠭᠤᠯᠭ᠎ᠠ ᠪᠤᠯᠤᠨ ᠠᠷᠭ᠎ᠠ ᠬᠡᠯᠪᠡᠷᠢ ᠳᠤ ᠴᠥᠮ ᠴᠢᠬᠤᠯᠠ ᠲᠤᠬᠢᠷᠠᠭᠤᠯᠤᠯᠳᠠ ᠬᠢᠵᠤ ᠬᠤᠪᠢᠷᠠᠭᠤᠯᠤᠨ᠂ | ᠦᠢᠯᠡᠳᠦᠯᠭᠡ ᠶᠢᠨ ᠳᠤᠮᠳᠠ ᠪᠠᠶᠠᠯᠢᠭ ᠲᠤᠷᠰᠢᠯᠭ᠎ᠠ ᠬᠤᠷᠠᠮᠳᠤᠭᠤᠯᠤᠭᠰᠠᠨ ᠪᠠᠶᠢᠨ᠎ᠠ᠃ ᠰᠢᠨ᠎ᠡ ᠪᠠᠶᠢᠳᠠᠯ᠂ ᠰᠢᠨ᠎ᠡ | ᠠᠰᠠᠭᠤᠳᠠᠯ ᠳᠤ ᠴᠢᠭᠯᠡᠭᠦᠯᠦᠨ᠂ ︽ᠳᠦᠷᠢᠮ︾ ᠨᠢ ᠬᠠᠤᠯᠢ ᠲᠤᠭᠲᠠᠭᠠᠯ ᠤᠨ ᠬᠡᠯᠪᠡᠷᠢ ᠪᠠᠷ ᠰᠢᠨ᠎ᠡ ᠴᠠᠭ ᠦᠶ᠎ᠡ ᠶᠢᠨ | ᠲᠣᠭᠤᠷᠢᠨ ᠪᠠᠶᠢᠴᠠᠭᠠᠬᠤ ᠠᠵᠢᠯ ᠤᠨ ᠶᠡᠷᠦᠩᠬᠡᠶ ᠵᠢᠯᠣᠭᠤᠳᠬᠤ ᠦᠵᠡᠯ ᠰᠠᠨᠠᠭ᠎ᠠ ᠪᠠ ᠠᠵᠢᠯ ᠤᠨ ᠣᠷᠣᠨ ᠪᠠᠶᠢᠷᠢ ᠶᠢ | ᠲᠤᠭᠲᠠᠭᠠᠵᠤ᠂ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠪᠠᠶᠢᠭᠤᠯᠤᠯ ᠪᠣᠯᠤᠨ ᠡᠭᠦᠷᠭᠡ | ᠬᠠᠷᠢᠭᠤᠴᠠᠯᠭ᠎ᠠ ᠶᠢᠨ ᠱᠠᠭᠠᠷᠳᠠᠯᠭ᠎ᠠ ᠶᠢ ᠰᠢᠯᠤᠭᠤᠳᠬᠠᠵᠤ᠂ ᠲᠣᠭᠤᠷᠢᠨ ᠪᠠᠶᠢᠴᠠᠭᠠᠭᠳᠠᠬᠤ ᠲᠠᠯ᠎ᠠ ᠪᠤᠯᠤᠨ ᠬᠦᠷᠢᠶ᠎ᠡ | ᠬᠡᠪᠴᠢᠶ᠎ᠡ ᠶᠢ ᠦᠷᠭᠡᠳᠭᠡᠨ᠂ ᠲᠣᠭᠤᠷᠢᠨ ᠪᠠᠶᠢᠴᠠᠭᠠᠬᠤ ᠪᠠᠷ ᠪᠦᠬᠦᠨ ᠢ ᠬᠠᠮᠤᠷᠬᠤ ᠥᠭᠡᠷᠡᠴᠢᠯᠡᠯᠲᠡ ᠶᠢᠨ | ᠱᠠᠭᠠᠷᠳᠠᠯᠭ᠎ᠠ ᠶᠢ ᠬᠠᠷᠠᠭᠤᠯᠵᠤ᠂ ︽ᠳᠥᠷᠪᠡᠨ ᠬᠦᠴᠦᠯᠡᠬᠦ︾ ᠶᠢᠨ ᠲᠣᠭᠤᠷᠢᠨ ᠪᠠᠶᠢᠴᠠᠭᠠᠬᠤ ᠠᠭᠤᠯᠭ᠎ᠠ ᠳᠤ | ᠲᠣᠬᠢᠷᠠᠭᠤᠯᠣᠯᠳᠠ ᠬᠢᠵᠤ ᠬᠦᠨᠵᠡᠭᠡᠶᠢᠷᠡᠭᠦᠯᠦᠨ᠂ ᠲᠣᠭᠤᠷᠢᠨ ᠪᠠᠶᠢᠴᠠᠭᠠᠬᠤ ᠠᠵᠢᠯ ᠤᠨ ᠠᠷᠭ᠎ᠠ ᠮᠠᠶ᠋ᠢᠭ ᠪᠣᠯᠤᠨ ᠡᠷᠬᠡ | ᠮᠡᠳᠡᠯ ᠤᠨ ᠬᠡᠪᠴᠢᠶ᠎ᠡ ᠶᠢ ᠬᠠᠯᠠᠨ ᠰᠠᠶᠢᠵᠢᠷᠠᠭᠤᠯᠵᠤ᠂ ᠠᠵᠢᠯ ᠤᠨ ᠰᠠᠬᠢᠯᠭ᠎ᠠ ᠪᠠᠲᠤ ᠪᠣᠯᠤᠨ ᠬᠠᠷᠢᠭᠤᠴᠠᠯᠭ᠎ᠠ ᠶᠢ | ᠲᠣᠳᠣᠷᠬᠠᠶ ᠪᠤᠯᠭᠠᠨ᠂ ᠰᠢᠨ᠎ᠡ ᠴᠠᠭ ᠦᠶ᠎ᠡ ᠶᠢᠨ ᠲᠣᠭᠤᠷᠢᠨ ᠪᠠᠶᠢᠴᠠᠭᠠᠬᠤ ᠠᠵᠢᠯ ᠳᠤ ᠦᠨᠳᠦᠰᠦᠨ ᠵᠢᠷᠤᠮᠵᠢᠯ ᠢ | ᠬᠠᠨᠭ᠍ᠭᠠᠭᠰᠠᠨ ᠪᠠᠶᠢᠨ᠎ᠠ᠃ | ᠰᠤᠷᠪᠤᠯᠵᠢᠯᠠᠭᠴᠢ᠄ ᠪᠢᠳᠡᠨ ᠤ ᠮᠡᠳᠡᠭᠡᠵᠢ ᠪᠠᠷ᠂ ᠲᠥᠪ ᠬᠤᠷᠢᠶ᠎ᠠ ᠶᠢᠨ ᠡᠨᠡ ᠤᠳᠠᠭᠠᠨ ᠤ ᠵᠠᠰᠠᠪᠤᠷᠢ | ᠣᠷᠣᠭᠤᠯᠤᠭᠰᠠᠨ ︽ᠳᠦᠷᠢᠮ︾ ᠨᠢ ᠳᠡᠭᠡᠷ᠎ᠡ ᠤᠳᠠᠭᠠᠨ ᠤ ᠨᠡᠶᠢᠲᠡᠯᠡᠭᠰᠡᠨ ︽ᠳᠦᠷᠢᠮ︾ ᠯᠦᠭᠡ 6 ᠵᠢᠯ | ᠠᠯᠤᠰᠯᠠᠵᠤ ᠪᠠᠶᠢᠨ᠎ᠠ᠂ ᠡᠨᠡᠬᠦ ᠬᠤᠭᠤᠴᠠᠭᠠᠨ ᠳᠤ᠂ ᠲᠣᠭᠤᠷᠢᠨ ᠪᠠᠶᠢᠴᠠᠭᠠᠬᠤ ᠠᠵᠢᠯ ᠳᠤ ᠬᠡᠳ ᠮᠠᠰᠢ ᠶᠡᠭᠡ | ᠬᠤᠪᠢᠷᠠᠯᠲᠠ ᠭᠠᠷᠴᠠᠶ᠃ ᠲᠠᠨ ᠤ ᠦᠵᠡᠬᠦ ᠪᠠᠷ᠂ ᠰᠢᠨ᠎ᠡ ︽ᠳᠦᠷᠢᠮ︾ ᠨᠢ ᠲᠥᠪ ᠬᠤᠷᠢᠶ᠎ᠠ ᠶᠢᠨ ᠶᠠᠮᠠᠷ ᠶᠠᠮᠠᠷ | ᠰᠢᠨ᠎ᠡ ᠱᠠᠭᠠᠷᠳᠠᠯᠭ᠎ᠠ ᠶᠢ ᠬᠠᠷᠠᠭᠤᠯᠤᠭᠰᠠᠨ ᠪᠤᠢ︖ | ᠵᠠᠩ ᠯᠢ᠄ ᠵᠠᠰᠠᠪᠤᠷᠢ ᠣᠷᠣᠭᠤᠯᠤᠭᠰᠠᠨ ︽ᠳᠦᠷᠢᠮ︾ ᠳᠤ ᠲᠣᠭᠤᠷᠢᠨ ᠪᠠᠶᠢᠴᠠᠭᠠᠬᠤ ᠠᠵᠢᠯ ᠤᠨ | ᠵᠢᠯᠣᠭᠤᠳᠬᠤ ᠦᠵᠡᠯ ᠰᠠᠨᠠᠭ᠎ᠠ᠂ ᠠᠵᠢᠯ ᠤᠨ ᠵᠠᠷᠴᠢᠮ᠂ ᠤᠳᠤᠷᠢᠳᠬᠤ ᠪᠠᠶᠢᠭᠤᠯᠤᠯ᠂ ᠪᠠᠶᠢᠭᠤᠯᠤᠮᠵᠢ ᠶᠢᠨ | ᠲᠤᠬᠢᠷᠠᠭᠤᠯᠤᠯᠲᠠ᠂ ᠠᠵᠢᠯᠳᠠᠨ ᠤ ᠬᠠᠮᠢᠶᠠᠷᠤᠯᠲᠠ᠂ ᠲᠣᠭᠤᠷᠢᠨ ᠪᠠᠶᠢᠴᠠᠭᠠᠭᠳᠠᠬᠤ ᠲᠠᠯ᠎ᠠ ᠶᠢᠨ ᠬᠦᠷᠢᠶ᠎ᠡ ᠬᠡᠪᠴᠢᠶ᠎ᠡ᠂ | ᠲᠣᠭᠤᠷᠢᠨ ᠪᠠᠶᠢᠴᠠᠭᠠᠬᠤ ᠠᠭᠤᠯᠭ᠎ᠠ᠂ ᠠᠵᠢᠯᠯᠠᠬᠤ ᠠᠷᠭ᠎ᠠ ᠮᠠᠶ᠋ᠢᠭ ᠪᠣᠯᠤᠨ ᠡᠷᠬᠡ ᠮᠡᠳᠡᠯ ᠤᠨ ᠬᠡᠪᠴᠢᠶ᠎ᠡ᠂ ᠠᠵᠢᠯ ᠤᠨ | ᠳᠡᠰ ᠳᠠᠷᠠᠭᠠᠯᠠᠯ᠂ ᠰᠠᠬᠢᠯᠭ᠎ᠠ ᠪᠠᠲᠤ ᠪᠤᠯᠤᠨ ᠬᠠᠷᠢᠭᠤᠴᠠᠯᠭ᠎ᠠ ᠵᠡᠷᠭᠡ ᠪᠠᠭᠲᠠᠵᠤ᠂ ᠪᠣᠳᠠᠲᠤ ᠴᠣᠭᠴᠠ ᠶᠢᠨ ᠴᠢᠨᠠᠷᠲᠠᠶ | ᠱᠠᠭᠠᠷᠳᠠᠯᠭ᠎ᠠ ᠪᠠᠶᠢᠬᠤ ᠮᠦᠷᠲᠡᠭᠡᠨ᠂ ᠪᠠᠰᠠ ᠳᠡᠰ ᠳᠠᠷᠠᠭᠠᠯᠠᠯ ᠤᠨ ᠴᠢᠨᠠᠷᠲᠠᠶ ᠲᠣᠭᠲᠠᠭᠠᠯ ᠪᠤᠢ᠃ | ᠨᠢᠭᠡ ᠳᠤ᠂ ᠲᠣᠭᠤᠷᠢᠨ ᠪᠠᠶᠢᠴᠠᠭᠠᠬᠤ ᠬᠡᠪᠴᠢᠶ᠎ᠡ ᠶᠢ ᠤᠯᠠᠮ ᠨᠢᠭᠡ ᠠᠯᠬᠤᠮ ᠦᠷᠭᠡᠳᠭᠡᠪᠡ᠃ ᠵᠠᠰᠠᠪᠤᠷᠢ | ᠣᠷᠣᠭᠤᠯᠤᠭᠰᠠᠨ ︽ᠳᠦᠷᠢᠮ︾ ᠨᠢ ᠲᠣᠭᠤᠷᠢᠨ ᠪᠠᠶᠢᠴᠠᠭᠠᠭᠳᠠᠬᠤ ᠲᠠᠯ᠎ᠠ ᠳᠤ ᠳᠠᠬᠢᠨ ᠵᠠᠭᠠᠭ ᠲᠣᠭᠲᠠᠭᠠᠵᠤ᠂ ᠳᠡᠳ᠋ | ᠮᠤᠵᠢ ᠶᠢᠨ ᠱᠠᠲᠤᠨ ᠤ ᠬᠤᠲᠠ ᠶᠢ ᠲᠥᠪ ᠬᠤᠷᠢᠶ᠎ᠠ ᠶᠢᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠣᠭᠤᠷᠢᠨ | ᠪᠠᠶᠢᠴᠠᠭᠠᠬᠤ ᠬᠡᠪᠴᠢᠶ᠎ᠡ ᠳᠤ ᠤᠷᠤᠭᠤᠯᠪᠠ᠃ ︽ᠲᠣᠭᠤᠷᠢᠨ ᠪᠠᠶᠢᠴᠠᠭᠠᠬᠤ ᠪᠠᠷ ᠪᠦᠬᠦᠨ ᠢ ᠬᠠᠮᠤᠷᠬᠤ ᠶᠢ | ᠪᠡᠶᠡᠯᠡᠭᠦᠯᠵᠦ᠂ ᠪᠦᠬᠦ ᠤᠯᠤᠰ ᠲᠤ ᠨᠢᠭᠡᠳᠦᠯᠲᠡᠶ ᠪᠠᠶᠢᠷᠢᠯᠠᠭᠤᠯᠬᠤ︾ ᠶᠢ ︽ᠶᠡᠷᠦᠩᠬᠡᠶ ᠳᠦᠷᠢᠮ︾ ᠳᠤ ᠲᠣᠳᠣᠷᠬᠠᠶ | ᠪᠢᠴᠢᠨ ᠤᠷᠤᠭᠤᠯᠵᠤ᠂ ︽ᠪᠦᠬᠦᠨ ᠢ ᠬᠠᠮᠤᠷᠬᠤ︾ ᠶᠢ ︽ᠬᠠᠲᠠᠭᠤ︾ ᠱᠠᠭᠠᠷᠳᠠᠯᠭ᠎ᠠ ᠪᠤᠯᠭᠠᠨ᠂ ᠡᠭᠦᠷᠭᠡ ᠶᠢ ᠴᠠᠭ | ᠬᠤᠭᠤᠴᠠᠭ᠎ᠠ ᠶᠣᠰᠣᠭᠠᠷ ᠪᠡᠶᠡᠯᠡᠭᠦᠯᠬᠦ ᠶᠢ ᠦᠨᠡᠨᠬᠦ ᠪᠠᠲᠤᠯᠠᠪᠠ᠃ ᠲᠣᠭᠤᠷᠢᠨ ᠪᠠᠶᠢᠴᠠᠭᠠᠬᠤ ᠬᠡᠪᠴᠢᠶ᠎ᠡ ᠳᠤ ᠳᠠᠬᠢᠨ | ᠵᠠᠭᠠᠭ ᠲᠤᠭᠲᠠᠭᠠᠭᠰᠠᠨ ᠶᠠᠪᠤᠳᠠᠯ ᠨᠢ᠂ ᠲᠥᠪ ᠬᠤᠷᠢᠶ᠎ᠠ ᠶᠢᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠤᠷᠴᠠ | ᠰᠡᠯᠡᠮ᠎ᠡ ᠨᠢ ᠳᠡᠳ᠋ ᠮᠣᠵᠢ ᠶᠢᠨ ᠳᠡᠰ ᠤᠨ ᠬᠤᠲᠠ᠂ ᠵᠢᠴᠢ ᠮᠤᠵᠢ ᠶᠢᠨ ᠳᠡᠰ ᠤᠨ ᠭᠠᠵᠠᠷ ᠣᠷᠣᠨ ᠤ ᠪᠠᠶᠢᠴᠠᠭᠠᠬᠤ | ᠰᠢᠭᠦᠬᠦ ᠪᠠᠶᠢᠭᠤᠯᠭ᠎ᠠ᠂ ᠨᠠᠮ ᠤᠨ ᠰᠠᠯᠠᠭ᠎ᠠ ᠮᠥᠴᠢᠷ᠂ ᠠᠷᠠᠳ ᠤᠨ ᠪᠦᠯᠬᠦᠮ ᠲᠡᠰᠢ ᠵᠢᠭᠠᠭᠰᠠᠨ ᠢ ᠬᠠᠷᠠᠭᠤᠯᠵᠤ ᠪᠤᠢ᠃ | ᠲᠣᠭᠤᠷᠢᠨ ᠪᠠᠶᠢᠴᠠᠭᠠᠬᠤ ᠬᠡᠪᠴᠢᠶ᠎ᠡ ᠶᠢᠨ ᠴᠢᠬᠤᠯᠠ ᠶᠡᠭᠡ ᠰᠢᠪᠲᠤᠯᠤᠯᠲᠠ ᠨᠢ᠂ ᠠᠷᠪᠠᠨ ᠨᠠᠢᠮᠠᠳᠤᠭᠠᠷ | ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠥᠬᠦᠳᠡ ᠬᠤᠷᠠᠯ ᠠᠴᠠ ᠳᠤᠷᠠᠳᠤᠭᠰᠠᠨ ᠲᠣᠭᠤᠷᠢᠨ | ᠪᠠᠶᠢᠴᠠᠭᠠᠬᠤ ᠪᠠᠷ ︽ᠪᠦᠬᠦᠨ ᠢ ᠬᠠᠮᠤᠷᠬᠤ︾ ᠶᠢ ᠦᠨᠡᠨᠬᠦ ᠨᠠᠶᠢᠳᠠᠪᠤᠷᠢᠵᠢᠭᠤᠯᠬᠤ ᠶᠢ ᠪᠠᠲᠤᠯᠠᠵᠤ᠂ ᠡᠪᠡᠳᠴᠢᠨ ᠲᠠᠢ | ᠮᠣᠳᠣ ᠶᠢ ᠵᠠᠰᠠᠬᠤ᠂ ᠢᠯᠵᠠᠷᠠᠭᠰᠠᠨ ᠮᠣᠳᠣ ᠶᠢ ᠠᠷᠢᠯᠭᠠᠬᠤ᠂ ᠮᠤᠷᠤᠶ ᠮᠣᠳᠣ ᠶᠢ ᠲᠡᠭᠰᠢᠯᠡᠬᠦ ᠦᠷ᠎ᠡ ᠪᠦᠲᠦᠮᠵᠢ ᠶᠢ | ᠨᠡᠩ ᠰᠠᠶᠢᠲᠤᠷ ᠭᠠᠷᠭᠠᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠢᠯᠡ ᠲᠣᠳᠣ ᠣᠨᠴᠠᠯᠢᠭ ᠢ | ᠬᠠᠷᠠᠭᠤᠯᠪᠠ᠃ | ᠬᠤᠶᠠᠷ ᠲᠤ᠂ ᠲᠣᠭᠤᠷᠢᠨ ᠪᠠᠶᠢᠴᠠᠭᠠᠬᠤ ᠠᠭᠤᠯᠭ᠎ᠠ ᠳᠤ ᠨᠡᠯᠢᠶᠡᠳ ᠶᠡᠭᠡ ᠲᠤᠬᠢᠷᠠᠭᠤᠯᠤᠯᠳᠠ ᠬᠢᠪᠡ᠃ ᠰᠢᠨ᠎ᠡ | ︽ᠳᠦᠷᠢᠮ︾ ᠨᠢ ᠲᠣᠭᠤᠷᠢᠨ ᠪᠠᠶᠢᠴᠠᠭᠠᠬᠤ ᠠᠵᠢᠯ ᠢ ᠡᠷᠬᠡᠪᠰᠢ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ | ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠤᠨ ᠭᠤᠤᠯ ᠠᠵᠢᠯ ᠲᠡᠰᠢ ᠢᠮᠠᠭᠲᠠ | ᠲᠦᠪᠯᠡᠷᠡᠭᠦᠯᠬᠦ ᠶᠢ ᠬᠠᠷᠠᠭᠤᠯᠤᠭᠰᠠᠨ ᠤ ᠬᠠᠮᠲᠤ ᠱᠠᠭᠠᠷᠳᠠᠵᠤ᠂ ᠨᠠᠮ ᠤᠨ ︽ᠵᠢᠷᠭᠤᠭᠠᠨ ᠶᠡᠭᠡ ᠰᠠᠬᠢᠯᠭ᠎ᠠ ᠪᠠᠲᠤ︾ | ᠯᠤᠭ᠎ᠠ ᠨᠢᠭᠲᠠ ᠤᠶᠠᠯᠳᠤᠭᠤᠯᠤᠨ᠂ ︽ᠳᠥᠷᠪᠡᠨ ᠬᠦᠴᠦᠯᠡᠬᠦ︾ ᠶᠢ ᠭᠦᠨᠵᠡᠭᠡᠶᠢᠷᠡᠭᠦᠯᠵᠦ᠂ ᠭᠤᠣᠯᠳᠠᠯᠭ᠎ᠠ ᠲᠠᠢ | ᠬᠥᠮᠦᠨ᠂ ᠭᠤᠣᠯᠳᠠᠯᠭ᠎ᠠ ᠲᠠᠢ ᠠᠵᠢᠯ᠂ ᠭᠤᠣᠯᠳᠠᠯᠭ᠎ᠠ ᠲᠠᠢ ᠠᠰᠠᠭᠤᠳᠠᠯ ᠢ ᠠᠩᠬᠠᠷᠴᠤ᠂ ᠲᠣᠭᠤᠷᠢᠨ ᠪᠠᠶᠢᠴᠠᠭᠠᠬᠤ | ᠠᠭᠤᠯᠭ᠎ᠠ ᠶᠢᠨ ᠬᠡᠲᠦᠷᠭᠡᠢ ᠥᠷᠭᠡᠨ ᠳᠡᠯᠭᠡᠷ ᠪᠠᠶᠢᠭ᠎ᠠ ᠠᠰᠠᠭᠤᠳᠠᠯ ᠢ ᠰᠢᠢᠳᠪᠦᠷᠢᠯᠡᠭᠰᠡᠨ ᠮᠦᠷᠲᠡᠭᠡᠨ ᠪᠠᠰᠠ ᠰᠠᠬᠢᠯᠭ᠎ᠠ | ᠪᠠᠲᠤ ᠶᠢ ᠴᠢᠩᠭ᠎ᠠ ᠬᠡᠷᠡᠭᠯᠡᠨ ᠨᠠᠮ ᠤᠨ ᠭᠡᠰᠢᠭᠦᠨ ᠤᠳᠤᠷᠢᠳᠬᠤ ᠺᠠᠳ᠋ᠷ ᠤᠨ ᠦᠢᠯᠡ ᠠᠵᠢᠯᠯᠠᠭ᠎ᠠ ᠶᠢ ᠬᠡᠮᠵᠢᠬᠦ ᠶᠢᠨ | ᠵᠡᠷᠭᠡᠴᠡᠪᠡᠷ᠂ ᠡᠭᠦᠨ ᠤ ᠬᠠᠮᠲᠤ ᠪᠠᠰᠠ ᠰᠠᠶ᠋ᠢᠬᠠᠨ ᠳᠠᠷᠤᠮᠠᠯᠯᠠᠨ ᠲᠠᠷᠬᠠᠭᠠᠭᠰᠠᠨ ︽ᠳᠤᠮᠳᠠᠳᠤ ᠤᠯᠤᠰ ᠤᠨ ᠡᠪ ᠬᠠᠮᠲᠤ | ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠯᠦᠭᠡ ᠬᠠᠷᠢᠯᠴᠠᠨ ᠵᠤᠯᠭᠠᠯᠳᠤᠭᠤᠯᠤᠭᠰᠠᠨ ᠪᠠᠶᠢᠨ᠎ᠠ᠃ | ᠬᠠᠭᠤᠴᠢᠨ ᠬᠡᠪᠯᠡᠯ ᠤᠨ ︽ᠳᠦᠷᠢᠮ︾ ᠤᠨ ᠵᠠᠭᠠᠭᠯᠠᠨ ᠲᠣᠭᠲᠠᠭᠠᠭᠰᠠᠨ ᠲᠣᠭᠤᠷᠢᠨ ᠪᠠᠶᠢᠴᠠᠭᠠᠬᠤ ᠠᠭᠤᠯᠭ᠎ᠠ ᠳᠤ᠂ | ︽ᠪᠠᠶᠢᠳᠠᠯ︾ ᠢ ᠴᠢᠬᠤᠯᠠᠴᠢᠯᠠᠭᠰᠠᠨ ᠪᠠᠶᠢᠨ᠎ᠠ᠂ ᠵᠢᠱᠢᠶᠡᠯᠡᠪᠡᠯ ᠲᠣᠭᠤᠷᠢᠨ ᠪᠠᠶᠢᠴᠠᠭᠠᠬᠤ ᠳᠤᠭᠤᠶᠢᠯᠠᠩ ᠺᠠᠳ᠋ᠷ ᠰᠢᠯᠢᠨ | ᠳᠡᠪᠰᠢᠭᠦᠯᠵᠤ ᠲᠣᠮᠢᠯᠠᠨ ᠬᠡᠷᠡᠭᠯᠡᠵᠤ ᠪᠠᠶᠢᠭ᠎ᠠ ᠪᠠᠶᠢᠳᠠᠯ ᠵᠡᠷᠭᠡ ᠳᠤ ᠭᠤᠤᠯᠳᠠᠯᠭ᠎ᠠ ᠲᠠᠢ ᠬᠢᠨᠠᠯᠲᠠ ᠲᠠᠯᠪᠢᠬᠤ ᠬᠡᠷᠡᠭᠲᠠᠢ | ᠬᠡᠵᠤ ᠱᠠᠭᠠᠷᠳᠠᠭᠰᠠᠨ ᠪᠠᠶᠢᠳᠠᠭ᠃ ᠰᠢᠨ᠎ᠡ ᠬᠡᠪᠯᠡᠯ ᠤᠨ ︽ᠳᠦᠷᠢᠮ︾ ᠳᠤ ︽ᠠᠰᠠᠭᠤᠳᠠᠯ︾ ᠢ ᠴᠢᠬᠤᠯᠠᠴᠢᠯᠠᠵᠤ᠂ | ᠲᠣᠭᠤᠷᠢᠨ ᠪᠠᠶᠢᠴᠠᠭᠠᠬᠤ ᠳᠤᠭᠤᠶᠢᠯᠠᠩ ᠣᠷᠣᠰᠢᠵᠤ ᠪᠠᠶᠢᠭ᠎ᠠ ᠡᠯ᠎ᠡ ᠲᠠᠯ᠎ᠠ ᠶᠢᠨ ᠠᠰᠠᠭᠤᠳᠠᠯ ᠢ ᠬᠦᠴᠦᠯᠡᠨ ᠤᠯᠵᠤ | ᠮᠡᠳᠡᠬᠦ ᠬᠡᠷᠡᠭᠲᠠᠢ ᠬᠡᠵᠤ ᠱᠠᠭᠠᠷᠳᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠴᠢᠨᠠᠷ ᠨᠡᠩ ᠴᠢᠩᠭ᠎ᠠ᠂ | ᠭᠤᠣᠯᠳᠠᠯᠭ᠎ᠠ ᠲᠣᠳᠣᠷᠬᠠᠶ ᠪᠠᠶᠢᠵᠤ᠂ ᠬᠠᠷᠠᠯᠲᠠ ᠲᠠᠢ ᠪᠠᠷ ᠰᠤᠮᠤ ᠬᠠᠷᠪᠤᠬᠤ᠂ ᠤᠨᠤᠪᠴᠢᠲᠠᠢ ᠴᠣᠬᠢᠯᠲᠠ ᠦᠭᠭᠦ᠂ | ᠠᠰᠠᠭᠤᠳᠠᠯ ᠢ ᠤᠯᠵᠤ ᠮᠡᠳᠡᠬᠦ᠂ ᠰᠦᠷᠳᠡᠬᠦᠯᠬᠦ ᠬᠦᠴᠦᠨ ᠪᠤᠢ ᠪᠤᠯᠭᠠᠬᠤ ᠶᠢ ᠪᠡᠶᠡᠯᠡᠬᠦᠯᠬᠦ ᠳᠤ ᠨᠡᠩ ᠠᠰᠢᠭᠲᠠᠢ | ᠪᠠᠶᠢᠵᠤ᠂ ᠲᠣᠭᠤᠷᠢᠨ ᠪᠠᠶᠢᠴᠠᠭᠠᠬᠤ ︽ᠰᠡᠯᠡᠮ᠎ᠡ︾ ᠶᠢᠨ ᠦᠢᠯᠡᠳᠦᠯ ᠢ ᠪᠠᠳᠠᠷᠠᠭᠤᠯᠬᠤ ᠪᠤᠯᠤᠨ᠎ᠠ᠃ | ᠭᠤᠷᠪᠠ ᠳᠤ᠂ ᠲᠣᠭᠤᠷᠢᠨ ᠪᠠᠶᠢᠴᠠᠭᠠᠬᠤ ᠠᠵᠢᠯ ᠤᠨ ᠠᠷᠭ᠎ᠠ ᠮᠠᠶ᠋ᠢᠭ ᠢ ᠬᠠᠯᠠᠨ ᠰᠠᠶᠢᠵᠢᠷᠠᠭᠤᠯᠪᠠ᠃ | ᠲᠣᠭᠤᠷᠢᠨ ᠪᠠᠶᠢᠴᠠᠭᠠᠬᠤ ᠬᠡᠪᠴᠢᠶ᠎ᠡ ᠪᠤᠯᠤᠨ ᠠᠭᠤᠯᠭ᠎ᠠ ᠳᠤ ᠲᠤᠬᠢᠷᠠᠭᠤᠯᠤᠯᠲᠠ ᠬᠢᠭᠰᠡᠨ ᠤ ᠬᠠᠮᠲᠤ᠂ ᠰᠢᠨ᠎ᠡ | ᠬᠡᠪᠯᠡᠯ ᠤᠨ ︽ᠳᠦᠷᠢᠮ︾ ᠨᠢ ᠲᠣᠭᠤᠷᠢᠨ ᠪᠠᠶᠢᠴᠠᠭᠠᠬᠤ ᠠᠵᠢᠯ ᠤᠨ ᠠᠷᠭ᠎ᠠ ᠮᠠᠶ᠋ᠢᠭ ᠢ ᠬᠠᠯᠠᠨ ᠰᠠᠶᠢᠵᠢᠷᠠᠭᠤᠯᠵᠤ᠂ | ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠵᠠᠷᠢᠮ ᠪᠦᠲᠦᠮᠵᠢᠲᠡᠶ ᠰᠢᠨ᠎ᠡ ᠶᠢ ᠡᠭᠦᠳᠬᠦ ᠠᠷᠭ᠎ᠠ ᠶᠢ | ᠣᠷᠣᠭᠤᠯᠤᠭᠰᠠᠨ ᠪᠠᠶᠢᠨ᠎ᠠ᠃ ᠵᠢᠱᠢᠶᠡᠯᠡᠪᠡᠯ᠂ ︽ᠤᠳᠤᠷᠢᠳᠬᠤ ᠺᠠᠲᠠᠷ ᠬᠤᠪᠢ ᠬᠥᠮᠦᠨ ᠤ ᠬᠤᠯᠪᠣᠭᠳᠠᠯ ᠪᠦᠬᠦᠢ | ᠵᠦᠢᠯᠡᠰ ᠢᠶᠠᠨ ᠮᠡᠳᠡᠭᠦᠯᠦᠭᠰᠡᠨ ᠢ ᠰᠤᠭᠤᠴᠠᠨ ᠪᠠᠶᠢᠴᠠᠭᠠᠵᠤ ᠬᠢᠨᠠᠨ ᠬᠠᠷᠭᠤᠭᠤᠯᠤᠭᠰᠠᠨ ᠪᠠᠶᠢᠳᠠᠯ︾᠂ ︽ᠬᠤᠯᠪᠣᠭᠳᠠᠯ | ᠪᠦᠬᠦᠢ ᠪᠠᠶᠢᠳᠠᠯ ᠢ ᠮᠡᠳᠡᠬᠦ ᠬᠥᠮᠦᠨ ᠠᠴᠠ ᠯᠠᠪᠯᠠᠨ ᠠᠰᠠᠭᠤᠬᠤ︾᠂ ︽ᠲᠤᠰᠬᠠᠶ ᠵᠦᠢᠯ ᠢᠶᠠᠷ ᠪᠠᠶᠢᠴᠠᠭᠠᠯᠲᠠ ᠬᠢᠬᠦ︾ | ᠵᠡᠷᠭᠡ ᠠᠷᠭ᠎ᠠ ᠮᠠᠶ᠋ᠢᠭ ᠢ ᠨᠡᠮᠡᠭᠳᠡᠭᠦᠯᠵᠤ᠂ ᠤᠤᠯ ᠤᠨ ︽ᠳᠦᠷᠢᠮ︾ ᠳᠤ ᠲᠣᠭᠲᠠᠭᠠᠭᠰᠠᠨ ᠵᠠᠬᠢᠳᠠᠯ ᠰᠤᠷᠪᠤᠯᠵᠢᠯᠠᠯ ᠢ | ᠬᠦᠯᠢᠶᠡᠡ ᠠᠪᠴᠤ ᠰᠢᠢᠳᠪᠦᠷᠢᠯᠡᠬᠦ᠂ ᠬᠤᠯᠪᠣᠭᠳᠠᠯ ᠪᠦᠬᠦᠢ ᠭᠠᠵᠠᠷ ᠤᠷᠤᠨ ︵ᠨᠢᠬᠡᠴᠡ︶ ᠪᠤᠶᠤ ᠰᠠᠯᠠᠭ᠎ᠠ | ᠮᠥᠴᠢᠷ ᠠᠴᠠ ᠪᠠᠶᠢᠳᠠᠯ ᠢ ᠤᠶᠢᠯᠠᠭᠠᠬᠤ᠂ ᠬᠤᠯᠪᠣᠭᠳᠠᠯ ᠪᠦᠬᠦᠢ ᠨᠢᠭᠡᠴᠡ ᠪᠠᠷ ᠬᠠᠪᠰᠤᠷᠤᠭᠤᠯᠬᠤ ᠵᠡᠷᠭᠡ ᠭᠤᠷᠪᠠᠨ | ᠵᠦᠢᠯ ᠤᠨ ᠠᠷᠭ᠎ᠠ ᠮᠠᠶ᠋ᠢᠭ ᠲᠤ ᠵᠠᠰᠠᠪᠤᠷᠢ ᠤᠷᠤᠭᠤᠯᠤᠭᠰᠠᠨ ᠤ ᠬᠠᠮᠲᠤ᠂ ︽ᠲᠣᠭᠤᠷᠢᠨ ᠪᠠᠶᠢᠴᠠᠭᠠᠬᠤ ᠳᠤᠭᠤᠶᠢᠯᠠᠩ | ᠲᠤᠮᠢᠯᠠᠨ ᠭᠠᠷᠭᠠᠭᠰᠠᠨ ᠨᠠᠮ ᠤᠨ ᠵᠣᠬᠢᠶᠠᠨ ᠪᠠᠶᠢᠭᠤᠯᠤᠯᠲᠠ ᠶᠢᠨ ᠵᠥᠪᠰᠢᠶᠡᠷᠡᠭᠰᠡᠨ ᠪᠤᠰᠤᠳ ᠠᠷᠭ᠎ᠠ ᠮᠠᠶ᠋ᠢᠭ︾ | ᠭᠡᠰᠡᠨ ᠡᠷᠬᠡ ᠣᠯᠭᠤᠬᠤ ᠴᠢᠨᠠᠷᠲᠠᠶ ᠵᠦᠢᠯ ᠢ ᠨᠡᠮᠡᠭᠳᠡᠬᠦᠯᠵᠤ᠂ ᠲᠣᠭᠤᠷᠢᠨ ᠪᠠᠶᠢᠴᠠᠭᠠᠵᠤ ᠠᠰᠠᠭᠤᠳᠠᠯ ᠢ ᠤᠯᠵᠤ | ᠮᠡᠳᠡᠬᠦ ᠠᠷᠭ᠎ᠠ ᠵᠠᠮ ᠢ ᠤᠯᠠᠮ ᠨᠢᠭᠡ ᠠᠯᠬᠤᠮ ᠦᠷᠭᠡᠵᠢᠭᠦᠯᠪᠡ᠃ ᠠᠵᠢᠯ ᠤᠨ ᠠᠷᠭ᠎ᠠ ᠮᠠᠶ᠋ᠢᠭ ᠢ ᠬᠠᠯᠠᠨ | ᠰᠠᠶᠢᠵᠢᠷᠠᠭᠤᠯᠤᠭᠰᠠᠨ ᠶᠠᠪᠤᠳᠠᠯ ᠨᠢ᠂ ᠲᠣᠭᠤᠷᠢᠨ ᠪᠠᠶᠢᠴᠠᠭᠠᠵᠤ ᠠᠰᠠᠭᠤᠳᠠᠯ ᠢ ᠤᠯᠵᠤ ᠮᠡᠳᠡᠬᠦ ᠳᠤ ᠬᠦᠴᠦᠨ ᠪᠦᠬᠦᠢ | ᠵᠡᠪᠰᠡᠭ ᠣᠯᠭᠤᠭᠰᠠᠨ ᠤ ᠵᠡᠷᠭᠡᠴᠡᠪᠡᠷ ᠪᠠᠰᠠ ᠲᠣᠭᠤᠷᠢᠨ ᠪᠠᠶᠢᠴᠠᠭᠠᠬᠤ ᠠᠵᠢᠯ ᠳᠤ ᠨᠡᠩ ᠶᠡᠭᠡ ᠡᠷᠬᠡ ᠮᠡᠳᠡᠯ | ᠣᠯᠭᠤᠭᠰᠠᠨ ᠢ ᠬᠠᠷᠠᠭᠤᠯᠵᠤ᠂ ᠰᠠᠬᠢᠯᠭ᠎ᠠ ᠪᠠᠲᠤ ᠳᠦᠷᠢᠮ ᠲᠣᠭᠲᠠᠭᠠᠯ ᠢ ᠴᠢᠩᠭ᠎ᠠ ᠵᠢᠷᠤᠮᠯᠠᠨ ᠲᠣᠭᠤᠷᠢᠨ ᠪᠠᠶᠢᠴᠠᠭᠠᠬᠤ | ᠠᠵᠢᠯ ᠦᠷᠨᠢᠬᠦᠯᠬᠦ ᠨᠢ ᠨᠡᠩ ᠴᠢᠬᠤᠯᠠ ᠬᠡᠰᠡᠨ ᠢ ᠬᠠᠷᠠᠭᠤᠯᠪᠠ᠃ | ᠲᠦᠷᠪᠡ ᠳᠤ ᠲᠣᠭᠤᠷᠢᠨ ᠪᠠᠶᠢᠴᠠᠭᠠᠬᠤ ᠬᠡᠯᠪᠡᠷᠢ ᠰᠢᠨ᠎ᠡ ᠡᠭᠦᠳᠦᠯᠲᠡ ᠲᠠᠢ ᠪᠣᠯᠪᠠ᠃ ᠲᠤᠰ ᠤᠳᠠᠭᠠᠨ ᠤ | ᠵᠠᠰᠠᠪᠤᠷᠢ ᠣᠷᠣᠭᠤᠯᠤᠭᠰᠠᠨ ᠨᠢᠭᠡᠨ ᠲᠣᠮᠣ ᠬᠢᠯᠡᠰ ᠴᠡᠭ ᠪᠣᠯ ︽ᠲᠤᠰᠬᠠᠶ ᠵᠦᠢᠯ ᠢᠶᠠᠷ ᠲᠣᠭᠤᠷᠢᠨ ᠪᠠᠶᠢᠴᠠᠭᠠᠬᠤ︾ | ᠶᠢ ︽ᠳᠦᠷᠢᠮ︾ ᠳᠤ ᠪᠢᠴᠢᠵᠦ ᠣᠷᠣᠭᠤᠯᠤᠨ᠂ ︽ᠲᠣᠭᠤᠷᠢᠨ ᠪᠠᠶᠢᠴᠠᠭᠠᠬᠤ ᠳᠤᠭᠤᠶᠢᠯᠠᠩ ᠲᠣᠮᠢᠯᠠᠭᠰᠠᠨ | ᠨᠠᠮ ᠤᠨ ᠵᠣᠬᠢᠶᠠᠨ ᠪᠠᠶᠢᠭᠤᠯᠤᠯᠲᠠ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠬᠠᠷᠢᠶ᠎ᠠ ᠪᠦᠬᠦᠢ ᠭᠠᠵᠠᠷ ᠣᠷᠣᠨ᠂ | ᠰᠠᠯᠠᠭ᠎ᠠ ᠮᠥᠴᠢᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠭᠤᠣᠯᠳᠠᠯᠭ᠎ᠠ ᠲᠠᠢ ᠬᠥᠮᠦᠨ᠂ | ᠭᠤᠣᠯᠳᠠᠯᠭ᠎ᠠ ᠲᠠᠢ ᠬᠡᠷᠡᠭ᠂ ᠭᠤᠣᠯᠳᠠᠯᠭ᠎ᠠ ᠲᠠᠢ ᠠᠰᠠᠭᠤᠳᠠᠯ ᠪᠤᠶᠤ ᠲᠣᠭᠤᠷᠢᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠪᠠᠶᠢᠳᠠᠯ ᠳᠤ ᠴᠢᠭᠯᠡᠭᠦᠯᠦᠨ᠂ ᠤᠶᠠᠨ ᠬᠠᠳᠠᠨ ᠲᠤᠰᠬᠠᠶ ᠵᠦᠢᠯ ᠢᠶᠠᠷ ᠲᠣᠭᠤᠷᠢᠨ ᠪᠠᠶᠢᠴᠠᠭᠠᠬᠤ ᠶᠢ | ᠥᠷᠨᠢᠭᠦᠯᠵᠦ ᠪᠣᠯᠣᠨ᠎ᠠ︾ ᠭᠡᠵᠦ ᠲᠣᠳᠣᠷᠬᠠᠶᠢᠯᠠᠭᠰᠠᠨ ᠶᠠᠪᠤᠳᠠᠯ ᠪᠤᠯᠤᠨ᠎ᠠ᠃ ᠲᠤᠰᠬᠠᠶ ᠵᠦᠢᠯ ᠢᠶᠠᠷ ᠲᠣᠭᠤᠷᠢᠨ | ᠪᠠᠶᠢᠴᠠᠭᠠᠬᠤ ᠪᠣᠯ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠲᠣᠭᠤᠷᠢᠨ ᠪᠠᠶᠢᠴᠠᠭᠠᠬᠤ ᠠᠵᠢᠯ ᠤᠨ ᠨᠢᠭᠡᠨ | ᠲᠣᠮᠣ ᠰᠢᠨ᠎ᠡ ᠶᠢ ᠡᠭᠦᠳᠦᠭᠰᠡᠨ ᠠᠷᠭ᠎ᠠ ᠬᠡᠮᠵᠢᠶ᠎ᠡ ᠪᠠᠶᠢᠵᠤ᠂ ᠪᠠᠶᠢᠩᠭᠤ ᠶᠢᠨ ᠲᠣᠭᠤᠷᠢᠨ ᠪᠠᠶᠢᠴᠠᠭᠠᠬᠤ ᠲᠠᠢ | ᠬᠠᠷᠢᠴᠠᠭᠤᠯᠪᠠᠯ᠂ ᠲᠤᠰᠬᠠᠶ ᠵᠦᠢᠯ ᠢᠶᠠᠷ ᠲᠣᠭᠤᠷᠢᠨ ᠪᠠᠶᠢᠴᠠᠭᠠᠬᠤ ᠨᠢ ᠨᠡᠩ ᠤᠶᠠᠨ ᠬᠠᠳᠠᠨ ᠪᠠᠶᠢᠵᠤ᠂ ᠬᠡᠯᠪᠡᠷᠢ ᠨᠢ | ︽ᠬᠤᠷᠴᠠ ᠣᠨᠣᠪᠴᠢᠲᠠᠢ ᠬᠦᠴᠦᠲᠡᠢ︾᠂ ᠠᠶᠢᠵᠠᠮ ᠨᠢ ︽ᠣᠭᠵᠣᠮ ᠰᠢᠭᠤᠳ ᠲᠦᠷᠭᠡᠨ︾᠂ ᠰᠠᠨᠠᠭᠠᠨ ᠳᠤ | ᠦᠭᠡᠢ ᠪᠠᠶᠢᠬᠤ ᠳᠤᠨᠢ ᠲᠠᠭᠠᠷᠢᠵᠤ᠂ ᠲᠣᠭᠤᠷᠢᠨ ᠪᠠᠶᠢᠴᠠᠭᠠᠬᠤ ᠬᠦᠴᠦᠯᠡᠴᠡ ᠡᠷᠴᠢᠮ ᠡᠭᠦᠨ ᠠᠴᠠ ᠪᠣᠯᠵᠤ ᠪᠦᠬᠦ | ᠲᠠᠯ᠎ᠠ ᠪᠠᠷ ᠳᠡᠭᠡᠭᠰᠢᠯᠡᠵᠦ ᠂ ᠦᠷ᠎ᠡ ᠪᠦᠲᠦᠮᠵᠢ ᠢᠯᠡᠳᠲᠡ ᠪᠠᠶᠢᠵᠤ᠂ ᠲᠣᠭᠤᠷᠢᠨ ᠪᠠᠶᠢᠴᠠᠭᠠᠬᠤ ᠠᠵᠢᠯ ᠢ ᠨᠡᠩ | ᠭᠦᠨᠵᠡᠭᠡᠶ᠂ ᠢᠯᠵᠠᠷᠠᠯ ᠢ ᠡᠰᠡᠷᠭᠦᠴᠡᠬᠦ ᠶᠢ ᠨᠡᠩ ᠢᠳᠡ ᠬᠦᠴᠦᠲᠡᠢ ᠪᠣᠯᠭᠠᠪᠠ᠃ | ᠲᠠᠪᠤ ᠳᠤ ᠲᠣᠭᠤᠷᠢᠨ ᠪᠠᠶᠢᠴᠠᠭᠠᠬᠤ ᠤᠳᠤᠷᠢᠳᠬᠤ ᠪᠠᠶᠢᠭᠤᠯᠤᠯ ᠪᠣᠯᠤᠨ ᠪᠠᠶᠢᠭᠤᠯᠤᠮᠵᠢ ᠶᠢᠨ | ᠪᠠᠶᠢᠷᠢᠯᠠᠭᠤᠯᠤᠯᠲᠠ ᠳᠤ ᠥᠭᠡᠷᠡᠴᠢᠯᠡᠯᠲᠡ ᠬᠢᠪᠡ᠃ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ︽ᠲᠡᠮᠦᠷ | ᠮᠠᠯᠠᠭᠠᠶ︾ ᠦᠭᠡᠢ ᠵᠡᠬᠦᠬᠦ ᠪᠠᠨ ᠪᠤᠯᠢᠪᠡ᠃ ᠰᠢᠨ᠎ᠡ ᠬᠡᠪᠯᠡᠯ ᠤᠨ ︽ᠳᠦᠷᠢᠮ︾ ᠤᠨ ᠠᠷᠪᠠᠳᠤᠭᠠᠷ ᠵᠦᠢᠯ ᠳᠤ ︽ | ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠢ ᠤᠳᠠᠭ᠎ᠠ ᠪᠦᠷᠢ ᠶᠢᠨ ᠲᠣᠭᠤᠷᠢᠨ ᠪᠠᠶᠢᠴᠠᠭᠠᠬᠤ ᠡᠭᠦᠷᠭᠡ ᠶᠢ | ᠦᠨᠳᠦᠰᠦᠯᠡᠨ ᠲᠣᠭᠲᠠᠭᠠᠬᠤ ᠶᠢᠨ ᠬᠠᠮᠲᠤ ᠡᠷᠬᠡ ᠣᠯᠭᠤᠬᠤ ᠬᠡᠷᠡᠭᠲᠡᠢ︾ ᠭᠡᠵᠦ ᠲᠣᠲᠣᠷᠬᠠᠶᠢᠯᠠᠪᠠ᠃ 2013 | ᠣᠨ ᠳᠤ᠂ ᠲᠦᠷᠦᠭᠦᠦ ᠡᠭᠡᠯᠵᠢ ᠶᠢᠨ ᠲᠥᠪ ᠬᠤᠷᠢᠶᠠᠨ ᠤ ᠲᠣᠭᠤᠷᠢᠨ ᠪᠠᠶᠢᠴᠠᠭᠠᠯᠲᠠ ᠨᠢ ︽ᠭᠤᠷᠪᠠᠨ ᠲᠣᠭᠲᠠᠮᠠᠯ | ᠪᠤᠰᠤ︾ ᠪᠠᠶᠢᠬᠤ ᠶᠢ ᠬᠡᠷᠡᠭᠵᠢᠭᠦᠯᠬᠦ ᠶᠢ ᠡᠬᠢᠯᠡᠨ ᠰᠦᠪᠡᠭᠴᠢᠯᠡᠪᠡ᠂ ᠲᠤᠬᠠᠶᠢᠯᠠᠪᠠᠯ ᠳᠠᠷᠤᠭ᠎ᠠ ᠨᠢ ᠲᠣᠭᠲᠠᠮᠠᠯ ᠪᠤᠰᠤ᠂ | ᠲᠣᠭᠤᠷᠢᠨ ᠪᠠᠶᠢᠴᠠᠭᠠᠭᠳᠠᠬᠤ ᠡᠲᠡᠭᠡᠳ ᠨᠢ ᠲᠣᠭᠲᠠᠮᠠᠯ ᠪᠤᠰᠤ᠂ ᠵᠢᠴᠢ ᠲᠣᠭᠤᠷᠢᠨ ᠪᠠᠶᠢᠴᠠᠭᠠᠬᠤ ᠳᠤᠭᠤᠶᠢᠯᠠᠩ | ᠪᠣᠯᠤᠨ ᠲᠣᠭᠤᠷᠢᠨ ᠪᠠᠶᠢᠴᠠᠭᠠᠭᠳᠠᠬᠤ ᠡᠲᠡᠭᠡᠳ ᠤᠨ ᠬᠠᠷᠢᠴᠠᠭ᠎ᠠ ᠲᠣᠭᠲᠠᠮᠠᠯ ᠪᠤᠰᠤ ᠪᠠᠶᠢᠬᠤ ᠪᠣᠯᠣᠨ᠎ᠠ᠃ ᠰᠢᠨ᠎ᠡ ︽ | ᠳᠦᠷᠢᠮ︾ ᠡᠨᠡ ᠬᠦ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ | ᠳᠦᠷᠢᠮ ᠲᠣᠭᠲᠠᠭᠠᠯ ᠪᠣᠯᠭᠠᠪᠠ᠃ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠠᠴᠠ ᠭᠠᠳᠠᠨ᠎ᠠ᠂ ᠲᠤᠰ ᠤᠳᠠᠭᠠᠨ ᠤ | ᠵᠠᠰᠠᠪᠤᠷᠢ ᠣᠷᠣᠭᠤᠯᠤᠭᠰᠠᠨ ᠨᠢ ᠪᠠᠰᠠ ᠲᠣᠭᠤᠷᠢᠨ ᠪᠠᠶᠢᠴᠠᠭᠠᠬᠤ ᠠᠵᠢᠯ ᠤᠨ ᠪᠠᠶᠢᠭᠤᠯᠤᠯ ᠲᠣᠭᠲᠠᠴᠠ ᠶᠢ ᠤᠯᠠᠮ | ᠨᠢᠭᠡ ᠠᠯᠬᠤᠮ ᠵᠢᠷᠤᠮᠵᠢᠭᠤᠯᠪᠠ᠃ ︽ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ | ᠳᠠᠷᠤᠭ᠎ᠠ ᠪᠠ ᠳᠡᠳ᠋ ᠳᠠᠷᠤᠭ᠎ᠠ ᠶᠢ ᠲᠣᠳᠣᠷᠬᠠᠶᠢᠯᠠᠬᠤ᠂ ᠲᠥᠪ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ | ᠤᠳᠤᠷᠢᠳᠬᠤ ᠳᠤᠭᠤᠶᠢᠯᠠᠩ ᠬᠢᠭᠡᠳ ᠣᠷᠣᠨ ᠨᠤᠲᠤᠭ ᠤᠨ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠤᠯᠭ᠎ᠠ | ᠯᠤᠭ᠎ᠠ ᠶᠢᠨ ᠬᠠᠷᠢᠴᠠᠭ᠎ᠠ ᠶᠢ ᠲᠣᠳᠣᠷᠬᠠᠶᠢᠯᠠᠬᠤ᠂ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ | ᠳᠤᠭᠤᠶᠢᠯᠠᠩ ᠤᠨ ᠠᠯᠪᠠᠨ ᠭᠡᠷ ᠤᠨ ᠪᠠᠶᠢᠷᠢ ᠲᠣᠭᠲᠠᠭᠠᠯᠲᠠ ᠪᠣᠯᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠬᠤ | ᠁︾ ᠭᠡᠵᠡᠢ᠃ ᠡᠳᠡᠭᠡᠷ ᠲᠣᠭᠲᠠᠭᠠᠯ ᠨᠢ ᠲᠥᠪ ᠬᠤᠷᠢᠶ᠎ᠠ ᠶᠢᠨ ᠲᠣᠭᠤᠷᠢᠨ ᠪᠠᠶᠢᠴᠠᠭᠠᠬᠤ ᠪᠠᠶᠢᠭᠤᠯᠤᠮᠵᠢ ᠶᠢᠨ | ᠪᠠᠶᠢᠭᠤᠯᠤᠯᠲᠠ ᠶᠢᠨ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠢ ᠭᠦᠢᠴᠡᠳ ᠬᠠᠷᠭᠤᠭᠤᠯᠵᠤ᠂ ᠲᠣᠭᠤᠷᠢᠨ | ᠪᠠᠶᠢᠴᠠᠭᠠᠬᠤ ᠠᠵᠢᠯ ᠤᠨ ᠪᠣᠳᠠᠲᠤ ᠪᠠᠶᠢᠳᠠᠯ ᠳᠤ ᠨᠡᠶᠢᠴᠡᠵᠦ᠂ ᠲᠣᠭᠤᠷᠢᠨ ᠪᠠᠶᠢᠴᠠᠭᠠᠬᠤ ᠠᠵᠢᠯ ᠤᠨ ᠵᠣᠬᠢᠶᠠᠨ | ᠪᠠᠶᠢᠭᠤᠯᠤᠯᠲᠠ ᠶᠢᠨ ᠰᠠᠭᠤᠷᠢ ᠶᠢ ᠨᠡᠩ ᠪᠠᠲᠤ ᠪᠠᠬᠢ ᠪᠣᠯᠭᠠᠪᠠ᠃ | ᠰᠤᠷᠪᠤᠯᠵᠢᠯᠠᠭᠴᠢ᠄ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ᠪᠣᠯ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ | ᠲᠣᠭᠤᠷᠢᠨ ᠪᠠᠶᠢᠴᠠᠭᠠᠬᠤ ᠠᠵᠢᠯ ᠤᠨ ᠦᠢᠯᠡᠳᠦᠯᠭᠡ ᠶᠢᠨ ᠴᠢᠬᠤᠯᠠ ᠶᠡᠭᠡ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ | ᠪᠣᠯᠣᠨ᠎ᠠ ᠭᠡᠵᠦ ᠬᠡᠯᠡᠵᠦ ᠪᠣᠯᠣᠨ᠎ᠠ᠃ ᠥᠪᠥᠷ ᠮᠣᠩᠭᠤᠯ ᠤᠢᠢᠷ᠎ᠠ ᠶᠢᠨ ᠬᠡᠳᠦᠨ ᠵᠢᠯ ᠤᠨ ᠲᠣᠭᠤᠷᠢᠨ ᠪᠠᠶᠢᠴᠠᠭᠠᠬᠤ | ᠠᠵᠢᠯ ᠤᠨ ᠦᠢᠯᠡᠳᠦᠯᠭᠡ ᠶᠢᠨ ᠳᠤᠮᠳᠠ ᠪᠠᠰᠠ ᠨᠡᠯᠢᠶᠡᠳ ᠰᠠᠶᠢᠨ ᠲᠤᠷᠰᠢᠯᠭ᠎ᠠ ᠬᠤᠷᠠᠮᠳᠤᠭᠤᠯᠵᠤ᠂ ᠨᠡᠯᠢᠶᠡᠳ ᠰᠢᠨ᠎ᠡ | ᠦᠷ᠎ᠡ ᠪᠦᠲᠦᠭᠡᠯ ᠣᠯᠤᠭᠰᠠᠨ ᠪᠠᠶᠢᠨ᠎ᠠ᠃ ᠲᠠ ᠪᠢᠳᠡᠨ ᠳᠤ ᠪᠣᠳᠠᠲᠠᠶ ᠲᠠᠨᠢᠯᠴᠠᠭᠤᠯᠵᠤ ᠥᠭᠭᠦᠨ᠎ᠡ ᠦᠦ︖ | ᠵᠠᠩ ᠯᠢ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠡᠷᠦᠩᠬᠡᠶ ᠱᠦᠵᠢ ᠰᠢ ᠶᠢᠨ ᠫᠢᠩ᠂ ᠱᠦᠵᠢ ᠸᠠᠩ ᠴᠢ ᠱᠠᠨ ᠤ ᠨᠠᠮ ᠨᠢ | ᠨᠠᠮ ᠢᠶᠠᠨ ᠬᠠᠮᠢᠶᠠᠷᠬᠤ᠂ ᠨᠠᠮ ᠢ ᠴᠢᠩᠭ᠎ᠠ ᠵᠠᠰᠠᠬᠤ ᠵᠢᠴᠢ ᠲᠣᠭᠤᠷᠢᠨ ᠪᠠᠶᠢᠴᠠᠭᠠᠬᠤ ᠠᠵᠢᠯ ᠤᠨ ᠲᠤᠬᠠᠶ ᠠᠯᠢ ᠤᠯᠠᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠶ ᠰᠤᠷᠤᠯᠴᠠᠨ ᠲᠤᠤᠱᠯᠠᠭᠤᠯᠵᠤ᠂ ᠲᠥᠪ ᠬᠤᠷᠢᠶ᠎ᠠ ᠶᠢᠨ | ᠲᠣᠭᠤᠷᠢᠨ ᠪᠠᠶᠢᠴᠠᠭᠠᠬᠤ ᠠᠵᠢᠯ ᠤᠨ ᠰᠢᠨ᠎ᠡ ᠪᠠᠶᠢᠷᠢᠯᠠᠭᠤᠯᠤᠯᠲᠠ᠂ ᠰᠢᠨ᠎ᠡ ᠱᠠᠭᠠᠷᠳᠠᠯᠭ᠎ᠠ ᠶᠣᠰᠣᠭᠠᠷ᠂ ᠲᠥᠪ | ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠴᠢᠭᠯᠡᠯᠲᠡ ᠶᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠰᠡᠳᠬᠢᠴᠡ ᠢᠶᠠᠨ ᠬᠤᠪᠢᠷᠠᠭᠤᠯᠵᠤ᠂ ᠴᠣᠬᠢᠯᠲᠠ ᠥᠭᠬᠦ ᠠᠷᠭ᠎ᠠ ᠪᠠᠨ ᠰᠣᠯᠢᠵᠤ᠂ | ᠠᠰᠠᠭᠤᠳᠠᠯ ᠢ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠵᠤ᠂ ᠲᠣᠭᠤᠷᠢᠨ ᠪᠠᠶᠢᠴᠠᠭᠠᠬᠤ | ᠲᠦᠷᠢᠮ ᠤᠨ ᠬᠢᠨᠠᠯᠲᠠ ᠲᠠᠯᠪᠢᠬᠤ ᠦᠢᠯᠡᠳᠦᠯ ᠢ ᠨᠡᠯᠢᠶᠡᠳ ᠰᠠᠶᠢᠲᠤᠷ ᠪᠠᠳᠠᠷᠠᠭᠤᠯᠪᠠ᠃ | ᠨᠢᠭᠡ ᠳᠤ ᠲᠠᠨᠢᠯᠲᠠ ᠶᠢ ᠠᠳᠬᠤᠨ᠂ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠲᠣᠭᠤᠷᠢᠨ ᠪᠠᠶᠢᠴᠠᠭᠠᠬᠤ | ᠠᠵᠢᠯ ᠤᠨ ᠬᠡᠯᠪᠡᠷᠢ ᠪᠠᠨ ᠬᠤᠪᠢᠷᠠᠭᠤᠯᠬᠤ ᠶᠢ ᠲᠦᠯᠬᠢᠨ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠲᠣᠭᠤᠷᠢᠨ ᠪᠠᠶᠢᠴᠠᠭᠠᠬᠤ ᠠᠵᠢᠯ ᠢ ᠰᠠᠶᠢᠲᠤᠷ ᠠᠳᠬᠤᠬᠤ ᠶᠠᠪᠤᠳᠠᠯ ᠢ ᠨᠠᠮ ᠤᠨ ᠰᠤᠷᠲᠠᠯ ᠠᠷᠢᠭᠤᠨ | ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ | ᠴᠢᠬᠤᠯᠠ ᠠᠷᠭ᠎ᠠ ᠬᠡᠮᠵᠢᠶ᠎ᠡ ᠪᠣᠯᠭᠠᠨ᠂ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠵᠢᠭᠰᠠᠭᠠᠨ | ᠣᠷᠣᠭᠤᠯᠵᠤ᠂ ᠲᠣᠭᠤᠷᠢᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ ᠶᠢ ᠦᠨᠡᠨ ᠬᠦ | ᠴᠢᠩᠭᠠᠳᠬᠠᠨ᠂ ᠴᠢᠬᠤᠯᠠᠴᠢᠯᠠᠨ ᠦᠵᠡᠭᠰᠡᠨ ᠬᠡᠮᠵᠢᠶ᠎ᠡ᠂ ᠠᠵᠢᠯ ᠤᠨ ᠡᠷᠴᠢᠮ ᠤᠷᠢᠳ ᠡᠮᠦᠨ᠎ᠡ ᠭᠠᠷᠤᠭ᠎ᠠ ᠦᠭᠡᠶ | ᠶᠤᠮ᠃ ᠲᠣᠭᠤᠷᠢᠨ ᠪᠠᠶᠢᠴᠠᠭᠠᠬᠤ ᠠᠵᠢᠯ ᠤᠨ ᠬᠠᠷᠢᠭᠤ ᠮᠡᠳᠡᠭᠦᠯᠦᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ | ᠰᠣᠨᠣᠰᠬᠤ ᠲᠣᠭᠲᠠᠴᠠ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠲᠣᠭᠤᠷᠢᠨ ᠪᠠᠶᠢᠴᠠᠭᠠᠬᠤ ᠠᠵᠢᠯ ᠢ ᠴᠠᠭ ᠲᠤᠨᠢ ᠲᠣᠬᠢᠷᠠᠭᠤᠯᠤᠨ ᠰᠤᠳᠤᠯᠵᠤ᠂ ᠲᠥᠪ ᠬᠤᠷᠢᠶ᠎ᠠ ᠶᠢᠨ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠴᠠᠭ ᠲᠤᠬᠠᠶ ᠳᠤᠨᠢ ᠤᠯᠠᠮᠵᠢᠯᠠᠨ ᠰᠤᠷᠤᠯᠴᠠᠵᠤ᠂ ᠲᠣᠭᠤᠷᠢᠨ | ᠪᠠᠶᠢᠴᠠᠭᠠᠬᠤ ᠠᠵᠢᠯ ᠢ ᠴᠢᠩᠭᠠᠳᠬᠠᠬᠤ ᠪᠠ ᠬᠠᠯᠠᠨ ᠰᠠᠶᠢᠵᠢᠷᠠᠭᠤᠯᠬᠤ ᠪᠣᠳᠠᠲᠠᠶ ᠠᠷᠭ᠎ᠠ ᠬᠡᠮᠵᠢᠶ᠎ᠡ ᠶᠢ ᠰᠤᠳᠤᠯᠪᠠ᠃ | ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠲᠣᠭᠤᠷᠢᠨ ᠪᠠᠶᠢᠴᠠᠭᠠᠬᠤ ᠠᠴᠠ ᠡᠮᠦᠨ᠎ᠡ᠂ | ᠲᠣᠭᠤᠷᠢᠨ ᠪᠠᠶᠢᠴᠠᠭᠠᠬᠤ ᠠᠵᠢᠯ ᠤᠨ ᠲᠥᠯᠥᠪᠯᠡᠭᠡ ᠶᠢᠨ ᠲᠥᠰᠦᠯ ᠢ ᠨᠠᠷᠢᠨ ᠬᠢᠨᠠᠮᠠᠭᠠᠶ ᠰᠤᠳᠤᠯᠤᠨ ᠲᠣᠭᠲᠠᠭᠠᠨ᠎ᠠ︔ | ᠲᠣᠭᠤᠷᠢᠨ ᠪᠠᠶᠢᠴᠠᠭᠠᠬᠤ ᠠᠵᠢᠯ ᠳᠠᠭᠤᠰᠤᠭᠰᠠᠨ ᠤ ᠳᠠᠷᠠᠭ᠎ᠠ᠂ ᠡᠯ᠎ᠡ ᠲᠣᠭᠤᠷᠢᠨ ᠪᠠᠶᠢᠴᠠᠭᠠᠬᠤ ᠳᠤᠭᠤᠶᠢᠯᠠᠩ ᠤᠨ | ᠲᠣᠭᠤᠷᠢᠨ ᠪᠠᠶᠢᠴᠠᠭᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠴᠠᠭ ᠲᠤᠬᠠᠶ ᠳᠤᠨᠢ ᠰᠣᠨᠣᠰᠴᠤ᠂ ᠲᠤᠪᠤᠶᠢᠮ᠎ᠠ | ᠠᠰᠠᠭᠤᠳᠠᠯ ᠪᠣᠯᠤᠨ ᠴᠢᠬᠤᠯᠠ ᠰᠦᠪᠡᠭᠴᠢ ᠶᠢᠨ ᠪᠣᠳᠠᠲᠠᠶ ᠰᠢᠢᠳᠪᠦᠷᠢᠯᠡᠬᠦ ᠰᠠᠨᠠᠯ ᠢ ᠰᠤᠳᠤᠯᠤᠨ᠎ᠠ᠃ ᠲᠣᠭᠤᠷᠢᠨ | ᠪᠠᠶᠢᠴᠠᠭᠠᠬᠤ ᠠᠵᠢᠯ ᠤᠨ ᠶᠡᠭᠡ ᠬᠠᠮᠵᠢᠯᠴᠠᠭ᠎ᠠ ᠬᠢᠬᠦ ᠲᠣᠭᠲᠠᠴᠠ ᠪᠠᠶᠢᠭᠤᠯᠵᠤ᠂ ᠰᠠᠬᠢᠯᠭ᠎ᠠ ᠪᠠᠲᠤ ᠪᠠᠶᠢᠴᠠᠭᠠᠬᠤ᠂ | ᠵᠣᠬᠢᠶᠠᠨ ᠪᠠᠶᠢᠭᠤᠯᠬᠤ᠂ ᠬᠢᠨᠠᠨ ᠪᠣᠳᠣᠬᠤ᠂ ᠳᠣᠲᠣᠭᠠᠳᠤ ᠶᠢ ᠬᠠᠮᠠᠭᠠᠯᠠᠬᠤ ᠪᠠᠢᠴᠠᠭᠠᠬᠤ ᠰᠢᠭᠦᠬᠦ ᠬᠠᠤᠯᠢ ᠴᠠᠭᠠᠵᠠ᠂ | ᠵᠠᠬᠢᠳᠠᠯ ᠰᠤᠷᠪᠤᠯᠵᠢᠯᠠᠯ ᠵᠡᠷᠭᠡ 17 ᠬᠠᠮᠵᠢᠯᠴᠠᠬᠤ ᠰᠠᠯᠠᠭ᠎ᠠ ᠮᠥᠴᠢᠷ ᠪᠣᠯᠣᠨ ᠨᠢᠭᠡᠴᠡ ᠶᠢᠨ ᠠᠵᠢᠯ ᠤᠨ ᠡᠭᠦᠷᠭᠡ | ᠬᠠᠷᠢᠭᠤᠴᠠᠯᠭ᠎ᠠ ᠶᠢ ᠲᠣᠳᠣᠷᠬᠠᠶᠢᠯᠠᠪᠠ᠃ 12 ᠠᠶᠢᠮᠠᠭ ᠬᠤᠳᠠ ᠳᠤ ᠨᠠᠮ ᠤᠨ ᠬᠤᠷᠢᠶ᠎ᠠ ᠶᠢᠨ ᠲᠣᠭᠤᠷᠢᠨ | ᠪᠠᠶᠢᠴᠠᠭᠠᠬᠤ ᠶᠢᠨ ᠬᠠᠷᠢᠯᠴᠠᠬᠤ ᠪᠠᠶᠢᠭᠤᠯᠤᠮᠵᠢ ᠪᠠᠶᠢᠭᠤᠯᠵᠤ᠂ ᠡᠭᠦᠷᠭᠡ ᠶᠢᠨ ᠱᠠᠭᠠᠷᠳᠠᠯᠭ᠎ᠠ ᠶᠢ ᠲᠣᠳᠣᠷᠬᠠᠶᠢᠯᠠᠨ᠂ | ᠠᠵᠢᠯ ᠤᠨ ᠶᠠᠪᠤᠭᠳᠠᠴᠠ ᠶᠢ ᠵᠢᠷᠤᠮᠵᠢᠭᠤᠯᠵᠤ᠂ ᠰᠢᠮᠳᠠᠭᠤᠯᠵᠤ ᠴᠡᠭᠴᠡᠯᠡᠨ ᠰᠠᠶᠢᠵᠢᠷᠠᠭᠤᠯᠬᠤ ᠦᠢᠯᠡᠳᠦᠯ ᠢ | ᠴᠢᠩᠭᠠᠷᠠᠭᠤᠯᠤᠨ᠂ ᠠᠵᠢᠯ ᠤᠨ ᠳᠠᠷᠤᠯᠲᠠ ᠶᠢ ᠱᠠᠲᠤ ᠱᠠᠲᠤ ᠪᠠᠷ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ | ᠲᠣᠭᠤᠷᠢᠭ︶ ᠤ ᠨᠠᠮ ᠤᠨ ᠬᠤᠷᠢᠶ᠎ᠠ ᠬᠦᠷᠲᠡᠯ᠎ᠡ ᠳᠠᠮᠵᠢᠭᠤᠯᠪᠠ᠃ | ᠬᠤᠶᠠᠷ ᠲᠤ ᠠᠰᠠᠭᠤᠳᠠᠯ ᠢ ᠠᠳᠬᠤᠨ᠂ ᠲᠥᠪᠯᠡᠷᠡᠯ ᠢ ᠴᠢᠩᠭᠠᠷᠠᠭᠤᠯᠵᠤ᠂ ᠬᠦᠴᠦᠲᠡᠶ ᠰᠦᠷᠳᠡᠭᠦᠯᠦᠯ ᠢ ᠪᠤᠶ | ᠪᠣᠯᠭᠠᠪᠠ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠴᠢᠩᠭ᠎ᠠ ᠠᠳᠬᠤᠨ᠂ ︽ᠨᠢᠭᠡ ᠭᠤᠣᠯ︾ ᠳᠤ | ᠲᠥᠪᠯᠡᠷᠡᠭᠦᠯᠦᠨ᠂ ︽ᠳᠥᠷᠪᠡᠨ ᠬᠦᠴᠦᠯᠡᠬᠦ︾᠂ ᠵᠢᠷᠭᠤᠭᠠᠨ ᠶᠡᠭᠡ ᠰᠠᠬᠢᠯᠭ᠎ᠠ ᠪᠠᠲᠤ ᠶᠢᠨ ᠲᠣᠭᠤᠷᠢᠨ ᠳᠤ᠂ | ᠠᠰᠠᠭᠤᠳᠠᠯ ᠢ ᠣᠯᠵᠤ ᠮᠡᠳᠡᠬᠦ᠂ ᠰᠦᠷᠳᠡᠭᠦᠯᠦᠯ ᠢ ᠪᠤᠶ ᠪᠣᠯᠭᠠᠬᠤ ᠶᠠᠪᠤᠳᠠᠯ ᠢ ᠭᠤᠣᠯ ᠡᠭᠦᠷᠭᠡ ᠪᠣᠯᠭᠠᠨ᠂ ᠲᠣᠭᠤᠷᠢᠨ | ᠪᠠᠶᠢᠴᠠᠭᠠᠬᠤ ᠶᠢᠨ ᠰᠦᠷᠳᠡᠭᠦᠯᠬᠦ ᠬᠦᠴᠦᠨ ᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ ᠥᠩᠭᠡᠷᠡᠭᠰᠡᠨ ᠤ ᠲᠣᠭᠤᠷᠢᠨ | ᠪᠠᠶᠢᠴᠠᠭᠠᠬᠤ ᠠᠭᠤᠯᠭ᠎ᠠ ᠨᠡᠯᠢᠶᠡᠳ ᠥᠷᠭᠡᠨ ᠳᠡᠯᠭᠡᠷ ᠪᠠᠶᠢᠬᠤ ᠠᠷᠭ᠎ᠠ ᠶᠢ ᠬᠤᠪᠢᠷᠠᠭᠤᠯᠵᠤ᠂ ᠭᠤᠣᠯᠳᠠᠯᠭ᠎ᠠ ᠲᠠᠢ | ᠬᠥᠮᠦᠨ᠂ ᠭᠤᠣᠯᠳᠠᠯᠭ᠎ᠠ ᠲᠠᠢ ᠬᠡᠷᠡᠭ᠂ ᠭᠤᠣᠯᠳᠠᠯᠭ᠎ᠠ ᠲᠠᠢ ᠠᠰᠠᠭᠤᠳᠠᠯ ᠢᠶᠠᠷ ᠨᠢᠭᠲᠠ ᠭᠤᠣᠯᠯᠠᠭᠤᠯᠤᠨ ᠲᠣᠭᠤᠷᠢᠨ | ᠪᠠᠶᠢᠴᠠᠭᠠᠬᠤ ᠠᠵᠢᠯ ᠥᠷᠨᠢᠭᠦᠯᠵᠦ᠂ ᠠᠰᠠᠭᠤᠳᠠᠯ ᠢ ᠣᠯᠵᠤ ᠮᠡᠳᠡᠬᠦ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠪᠡ᠃ | ᠣᠳᠣᠬᠠᠨ ᠪᠣᠯᠲᠠᠯ᠎ᠠ᠂ ᠨᠡᠶᠢᠲᠡ 6 ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠥᠷᠨᠢᠭᠦᠯᠵᠦ᠂ 88 ᠭᠠᠵᠠᠷ | ᠣᠷᠣᠨ᠂ ᠨᠢᠭᠡᠴᠡ ᠳᠠᠬᠢ ᠲᠣᠭᠤᠷᠢᠨ ᠪᠠᠶᠢᠴᠠᠭᠠᠬᠤ ᠡᠭᠦᠷᠭᠡ ᠪᠠ 2 ᠭᠠᠵᠠᠷ ᠣᠷᠣᠨ᠂ ᠨᠢᠭᠡᠴᠡ ᠳᠠᠬᠢ ︽ᠡᠷᠭᠢᠵᠦ | ᠬᠠᠷᠠᠬᠤ︾ ᠶᠢ ᠪᠡᠶᠡᠯᠡᠭᠦᠯᠵᠦ᠂ ︽ᠳᠥᠷᠪᠡᠨ ᠬᠦᠴᠦᠯᠡᠬᠦ︾ ᠲᠠᠯ᠎ᠠ ᠶᠢᠨ1463 ᠠᠰᠠᠭᠤᠳᠠᠯ ᠢ ᠢᠯᠡᠷᠡᠭᠦᠯᠵᠦ᠂ | ᠤᠳᠤᠷᠢᠳᠬᠤ ᠺᠠᠳ᠋ᠷᠴᠤᠳ ᠲᠤ ᠬᠤᠯᠪᠣᠭᠳᠠᠭᠰᠠᠨ ᠠᠰᠠᠭᠤᠳᠠᠯ ᠤᠨ ᠰᠦᠪᠡᠭᠴᠢ 1953 ᠶᠢ ᠣᠯᠵᠤ ᠮᠡᠳᠡᠨ᠂ | ᠲᠣᠭᠤᠷᠢᠨ ᠪᠠᠶᠢᠴᠠᠭᠠᠬᠤ ᠠᠵᠢᠯ ᠤᠷᠢᠳ ᠡᠮᠦᠨ᠎ᠡ ᠭᠠᠷᠤᠭᠠᠳᠤᠢ ᠦᠷ᠎ᠡ ᠪᠦᠲᠦᠮᠵᠢ ᠣᠯᠤᠭᠰᠠᠨ ᠪᠠᠶᠢᠨ᠎ᠠ᠃ ᠪᠢᠳᠡ | ᠪᠠᠰᠠ ᠲᠣᠭᠲᠠᠭᠠᠯ ᠭᠠᠷᠭᠠᠵᠤ᠂ ᠠᠶᠢᠮᠠᠭ ᠬᠤᠳᠠ᠂ ᠬᠤᠰᠢᠭᠤ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ | ᠵᠢᠴᠢ ᠲᠡᠭᠦᠨ ᠤ ᠺᠠᠳ᠋ᠷ ᠢ ᠲᠣᠭᠤᠷᠢᠨ ᠪᠠᠶᠢᠴᠠᠭᠠᠬᠤ ᠬᠡᠪᠴᠢᠶᠡᠨ ᠳᠤ ᠣᠷᠣᠭᠤᠯᠵᠤ᠂ ᠲᠣᠭᠤᠷᠢᠨ ᠪᠠᠶᠢᠴᠠᠭᠠᠬᠤ ᠪᠠᠷ | ᠳᠠᠮᠵᠢᠭᠤᠯᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠢᠰᠲ᠋ᠧᠮ ᠤᠨ ᠳᠣᠲᠣᠭᠠᠳᠤ ᠬᠢᠨᠠᠯᠲᠠ ᠲᠠᠯᠪᠢᠬᠤ | ᠠᠵᠢᠯ ᠢ ᠤᠯᠠᠮ ᠨᠢᠭᠡ ᠠᠯᠬᠤᠮ ᠴᠢᠩᠭᠠᠳᠬᠠᠪᠠ᠃ | ᠭᠤᠷᠪᠠ ᠳᠤ ᠴᠡᠭᠴᠡᠯᠡᠨ ᠰᠠᠶᠢᠵᠢᠷᠠᠭᠤᠯᠬᠤ ᠶᠢ ᠠᠳᠬᠤᠨ᠂ ᠱᠠᠭᠠᠷᠳᠠᠨ ᠬᠢᠬᠦ ᠰᠢᠮᠳᠠᠭᠤᠯᠤᠨ | ᠭᠦᠢᠴᠡᠳᠬᠡᠯᠭᠡᠬᠦ ᠶᠢ ᠠᠬᠢᠭᠤᠯᠵᠤ᠂ ᠲᠣᠭᠤᠷᠢᠨ ᠪᠠᠶᠢᠴᠠᠭᠠᠭᠰᠠᠨ ᠦᠷ᠎ᠡ ᠪᠦᠲᠦᠭᠡᠯ ᠢ ᠰᠠᠶᠢᠲᠤᠷ ᠬᠡᠷᠡᠭᠯᠡᠪᠡ᠃ | ᠲᠣᠭᠤᠷᠢᠨ ᠪᠠᠶᠢᠴᠠᠭᠠᠭᠰᠠᠨ ᠰᠠᠨᠠᠯ ᠤᠨ ︽ᠬᠤᠶᠠᠷ ᠲᠤ ᠲᠤᠰᠬᠠᠬᠤ︾ ᠶᠢ ᠬᠡᠷᠡᠭᠵᠢᠭᠦᠯᠵᠦ᠂ ᠲᠣᠭᠤᠷᠢᠨ | ᠪᠠᠶᠢᠴᠠᠭᠠᠭᠳᠠᠭᠰᠠᠨ ᠭᠠᠵᠠᠷ ᠣᠷᠣᠨ᠂ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠡᠳᠦᠭᠡᠷ ᠭᠠᠷ | ᠭᠤᠣᠯ ᠴᠣᠭᠴᠠ ᠶᠢᠨ ᠬᠠᠷᠢᠭᠤᠴᠠᠯᠭ᠎ᠠ ᠶᠢ ᠬᠢᠨᠠᠮᠠᠭᠠᠶ ᠭᠦᠢᠴᠡᠳᠬᠡᠬᠦ᠂ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠢᠮᠳᠠᠭᠤᠯᠪᠠ᠃ ᠲᠣᠭᠤᠷᠢᠨ | ᠪᠠᠶᠢᠴᠠᠭᠠᠯᠲᠠ ᠳᠠᠬᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ︽ᠬᠤᠶᠠᠷ ᠢ ᠢᠯᠡ ᠪᠣᠯᠭᠠᠬᠤ︾ ᠶᠢ | ᠬᠡᠷᠡᠭᠵᠢᠭᠦᠯᠵᠦ᠂ ᠨᠠᠮ ᠤᠨ ᠳᠣᠲᠣᠭᠠᠳᠤ ᠪᠠ ᠨᠡᠶᠢᠭᠡᠮ ᠳᠤ ᠴᠡᠭᠴᠡᠯᠡᠨ ᠰᠠᠶᠢᠵᠢᠷᠠᠭᠤᠯᠬᠤ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠴᠠᠭ ᠲᠤᠬᠠᠶ ᠳᠤᠨᠢ ᠢᠯᠠ ᠪᠣᠯᠭᠠᠵᠤ᠂ ᠨᠡᠶᠢᠭᠡᠮ ᠤᠨ ᠬᠢᠨ ᠤ ᠬᠢᠨᠠᠯᠲᠠ | ᠲᠠᠯᠪᠢᠬᠤ ᠶᠢ ᠬᠦᠯᠢᠶᠡᠯᠭᠡᠪᠡ᠃ ᠨᠢᠭᠡ ᠱᠡᠳᠦ ᠨᠢ ᠨᠢᠭᠡ ᠱᠠᠲᠤ ᠪᠠᠨ ᠠᠳᠬᠤᠬᠤ᠂ ᠱᠡᠳᠦ ᠱᠡᠳᠦ ᠪᠠᠷ | ᠨᠠᠶᠢᠳᠠᠪᠤᠷᠢᠵᠢᠭᠤᠯᠤᠯᠲᠠ ᠶᠢ ᠠᠳᠬᠤᠬᠤ ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠤᠢ ᠪᠣᠯᠭᠠᠪᠠ᠃ ᠡᠯ᠎ᠡ ᠱᠠᠲᠤᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠨᠤᠭᠤᠳ ᠲᠣᠭᠤᠷᠢᠨ ᠪᠠᠶᠢᠴᠠᠭᠠᠯᠲᠠ ᠳᠠᠬᠢ ᠰᠢᠯᠵᠢᠭᠦᠯᠦᠨ ᠲᠤᠰᠢᠶᠠᠭᠰᠠᠨ | ᠠᠰᠠᠭᠤᠳᠠᠯ ᠤᠨ ᠰᠦᠪᠡᠭᠴᠢ ᠶᠢ ᠡᠩ ᠲᠡᠷᠢᠭᠦᠨ ᠳᠤ ᠰᠤᠳᠤᠯᠤᠨ ᠰᠢᠢᠳᠪᠦᠷᠢᠯᠡᠵᠦ᠂ ᠰᠢᠢᠳᠪᠦᠷᠢᠯᠡᠬᠦ ᠰᠠᠨᠠᠯ ᠢᠶᠠᠨ | ᠴᠠᠭ ᠲᠤᠬᠠᠶ ᠳᠤᠨᠢ ᠳᠤᠷᠠᠳᠪᠠ︔ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ | ᠬᠡᠯᠲᠡᠰ ᠰᠢᠯᠵᠢᠭᠦᠯᠦᠨ ᠲᠤᠰᠢᠶᠠᠭᠰᠠᠨ ᠬᠥᠮᠦᠨ ᠰᠢᠯᠢᠵᠤ ᠬᠥᠮᠦᠨ ᠬᠡᠷᠡᠭᠯᠡᠵᠦ ᠪᠠᠶᠢᠭ᠎ᠠ ᠪᠠᠶᠢᠳᠠᠯ ᠤᠨ ᠲᠤᠬᠠᠢ | ᠲᠤᠰᠬᠠᠶ ᠰᠡᠳᠦᠪᠲᠦ ᠮᠡᠳᠡᠭᠦᠯᠦᠯᠲᠡ ᠶᠢ ᠦᠨᠳᠦᠰᠦᠯᠡᠨ ᠺᠠᠳ᠋ᠷ ᠲᠣᠮᠢᠯᠠᠨ ᠬᠡᠷᠡᠭᠯᠡᠬᠦ ᠪᠠᠶᠢᠳᠠᠯ ᠳᠠᠭᠠᠨ ᠵᠣᠬᠢᠴᠠᠩᠭᠤᠶ | ᠲᠣᠬᠢᠷᠠᠭᠤᠯᠤᠯᠲᠠ ᠬᠢᠭᠰᠡᠨ ᠪᠠᠶᠢᠨ᠎ᠠ᠃ ᠡᠨᠡ ᠵᠢᠯ ᠤᠨ 6 ᠳ᠋ᠤᠭᠠᠷ ᠰᠠᠷ᠎ᠠ ᠳᠤ᠂ ᠲᠣᠭᠤᠷᠢᠨ ᠪᠠᠶᠢᠴᠠᠭᠠᠬᠤ ᠠᠵᠢᠯ ᠤᠨ | ᠤᠳᠤᠷᠢᠳᠬᠤ ᠳᠤᠭᠤᠶᠢᠯᠠᠩ ᠵᠡᠭᠦᠨ᠂ ᠪᠠᠷᠠᠭᠤᠨ ᠬᠡᠰᠡᠭ ᠲᠤ ᠣᠷᠣᠨ ᠬᠤᠪᠢᠶᠠᠨ᠂ ᠲᠤᠰ ᠲᠤᠰ 2014 ᠣᠨ ᠤ | ᠲᠣᠭᠤᠷᠢᠨ ᠪᠠᠶᠢᠴᠠᠭᠠᠭᠰᠠᠨ 22 ᠭᠠᠵᠠᠷ ᠣᠷᠣᠨ᠂ ᠨᠢᠭᠡᠴᠡ ᠶᠢᠨ ᠨᠠᠮ ᠤᠨ ᠬᠤᠷᠢᠶ᠎ᠠ ᠪᠠ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠶᠢᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ | ᠰᠣᠨᠣᠰᠴᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠬᠦᠨᠳᠦᠷᠡᠭᠦᠯᠦᠨ᠂ | ᠠᠰᠠᠭᠤᠳᠠᠯ ᠰᠢᠢᠳᠪᠦᠷᠢᠯᠡᠬᠦ ᠶᠢ ᠲᠦᠯᠬᠢᠨ ᠠᠬᠢᠭᠤᠯᠪᠠ᠃ | ᠲᠦᠷᠪᠡ ᠳᠤ ᠡᠩᠨᠡᠭᠡ ᠶᠢ ᠠᠳᠬᠤᠨ᠂ ᠬᠡᠪ ᠴᠢᠨᠠᠷ ᠢ ᠳᠡᠭᠡᠭᠰᠢᠯᠡᠭᠦᠯᠵᠦ᠂ ᠢᠯᠵᠠᠷᠠᠯ ᠢ ᠡᠰᠡᠷᠭᠦᠴᠡᠬᠦ ᠪᠦᠬᠦᠨ ᠢ | ᠢᠯᠠᠭᠴᠢ ᠴᠡᠷᠢᠭ ᠢ ᠪᠠᠶᠢᠭᠤᠯᠪᠠ᠃ ︽ᠦᠨᠡᠨᠴᠢ ᠰᠢᠳᠤᠷᠭᠤ᠂ ᠠᠷᠢᠭᠤᠨ ᠴᠡᠪᠡᠷ᠂ ᠬᠠᠷᠢᠭᠤᠴᠠᠯᠭ᠎ᠠ ᠡᠭᠦᠷᠭᠡᠯᠡᠬᠦ︾ | ᠪᠠᠷᠢᠮᠵᠢᠶ᠎ᠠ ᠪᠣᠯᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠲᠣᠭᠤᠷᠢᠨ | ᠪᠠᠶᠢᠴᠠᠭᠠᠬᠤ ᠪᠠᠶᠢᠭᠤᠯᠤᠮᠵᠢ ᠶᠢᠨ ᠪᠠᠶᠢᠭᠤᠯᠤᠯᠲᠠ ᠶᠢ ᠶᠡᠬᠡᠪᠡᠷ ᠴᠢᠩᠭᠠᠳᠬᠠᠨ᠂ ᠲᠣᠭᠤᠷᠢᠨ ᠪᠠᠶᠢᠴᠠᠭᠠᠬᠤ ᠠᠵᠢᠯ ᠤᠨ | ᠤᠳᠤᠷᠢᠳᠬᠤ ᠳᠤᠭᠤᠶᠢᠯᠠᠩ ᠢ ᠴᠠᠭ ᠲᠤᠬᠠᠶ ᠳᠤᠨᠢ ᠲᠣᠬᠢᠷᠠᠭᠤᠯᠵᠤ᠂ ᠲᠣᠭᠤᠷᠢᠨ ᠪᠠᠶᠢᠴᠠᠭᠠᠬᠤ ᠠᠯᠪᠠᠨ ᠭᠡᠷ ᠢ | ᠲᠢᠩᠬᠢᠮ ᠤᠨ ᠳᠡᠰ ᠤᠨ ᠪᠠᠶᠢᠭᠤᠯᠤᠮᠵᠢ ᠪᠣᠯᠭᠠᠨ ᠲᠡᠰ ᠳᠡᠪᠰᠢᠭᠦᠯᠵᠦ᠂ ︽ᠲᠣᠭᠤᠷᠢᠨ ᠪᠠᠶᠢᠴᠠᠭᠠᠬᠤ | ᠳᠤᠭᠤᠶᠢᠯᠠᠩ ᠤᠨ ᠳᠠᠷᠤᠭ᠎ᠠ ᠤᠨ ᠬᠥᠮᠥᠷᠭᠡ︾᠂ ︽ᠲᠣᠭᠤᠷᠢᠨ ᠪᠠᠶᠢᠴᠠᠭᠠᠬᠤ ᠠᠵᠢᠯ ᠤᠨ ᠴᠢᠳᠠᠪᠤᠷᠢᠲᠠᠨ ᠤ | ᠬᠥᠮᠥᠷᠭᠡ︾ ᠶᠢ ᠵᠣᠬᠢᠶᠠᠨ ᠪᠠᠶᠢᠭᠤᠯᠵᠤ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠤ | ᠵᠢᠱᠢᠶᠡᠭᠳᠡᠭᠴᠢ ᠶᠢ ᠰᠣᠩᠭᠤᠬᠤ ᠪᠠ ᠰᠢᠯᠢᠳᠡᠭ ᠲᠣᠭᠤᠷᠢᠨ ᠪᠠᠶᠢᠴᠠᠭᠠᠬᠤ ᠴᠢᠳᠠᠪᠤᠷᠢᠲᠠᠨ ᠢ ᠰᠢᠯᠢᠨ ᠲᠣᠭᠲᠠᠭᠠᠬᠤ | ᠠᠵᠢᠯ ᠢ ᠰᠠᠶᠢᠳᠤᠷ ᠬᠢᠵᠦ᠂ ᠡᠯ᠎ᠡ ᠳᠤᠭᠤᠶᠢᠯᠠᠩ ᠢ ︽ᠴᠢᠬᠤᠯᠠ ᠶᠡᠭᠡ ᠠᠰᠠᠭᠤᠳᠠᠯ ᠤᠷᠤᠰᠢᠵᠤ ᠪᠠᠶᠢᠲᠠᠯ᠎ᠠ ᠣᠯᠵᠤ | ᠮᠡᠳᠡᠬᠦ ᠦᠭᠡᠢ ᠪᠣᠯ ᠬᠠᠷᠢᠭᠤᠴᠠᠯᠭ᠎ᠠ ᠪᠠᠨ ᠠᠯᠳᠠᠭᠰᠠᠨ ᠪᠠᠶᠢᠳᠠᠯ ᠪᠣᠯᠬᠤ᠂ ᠵᠠᠷᠢᠮ ᠴᠢᠬᠤᠯᠠ ᠶᠡᠭᠡ ᠠᠰᠠᠭᠤᠳᠠᠯ | ᠤᠷᠤᠰᠢᠵᠤ ᠪᠠᠶᠢᠲᠠᠯ᠎ᠠ ᠦᠨᠡᠨ ᠮᠥᠨ ᠢᠶᠠᠷ ᠨᠢ ᠲᠤᠰᠬᠠᠭᠰᠠᠨ ᠦᠭᠡᠢ ᠪᠣᠯ ᠲᠤᠰᠢᠶᠠᠯ ᠢᠶᠠᠨ ᠭᠤᠲᠤᠭᠠᠭᠰᠠᠨ︾ | ᠶᠠᠪᠤᠳᠠᠯ ᠪᠣᠯᠬᠤ ᠦᠵᠡᠯ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ︽ᠳᠥᠷᠪᠡᠨ ᠬᠦᠴᠦᠯᠡᠬᠦ︾ ᠪᠠᠷ | ᠭᠤᠣᠯᠯᠠᠭᠤᠯᠤᠨ ᠪᠠᠶᠢᠴᠠᠭᠠᠬᠤ ᠠᠵᠢᠯ ᠥᠷᠨᠢᠭᠦᠯᠬᠦ ᠶᠢ ᠲᠣᠳᠣᠷᠬᠠᠢ ᠱᠠᠭᠠᠷᠲᠠᠪᠠ᠃ ︽ᠨᠢᠭᠡ ᠤᠳᠠᠭ᠎ᠠ ᠳᠤ ᠨᠢᠭᠡ | ᠡᠷᠬᠡ ᠣᠯᠭᠤᠬᠤ︾ ᠪᠠ ︽ᠭᠤᠷᠪᠠᠨ ᠲᠣᠭᠲᠠᠮᠠᠯ ᠪᠤᠰᠤ︾ ᠪᠠᠶᠢᠬᠤ ᠵᠠᠷᠴᠢᠮ ᠢ ᠴᠢᠩᠭ᠎ᠠ ᠵᠢᠷᠤᠮᠯᠠᠨ ᠲᠣᠭᠤᠷᠢᠨ | ᠪᠠᠶᠢᠴᠠᠭᠠᠬᠤ ᠬᠦᠴᠦᠨ ᠢ ᠵᠦᠢ ᠵᠣᠬᠢᠰᠲᠠᠶ ᠲᠣᠬᠢᠷᠠᠭᠤᠯᠵᠤ᠂ ᠪᠦᠲᠦᠴᠡ ᠨᠢ ᠵᠦᠢ ᠵᠣᠬᠢᠰᠲᠠᠶ᠂ ᠬᠤᠷᠴᠠ ᠴᠢᠳᠠᠮᠠᠭᠠᠶ | ᠥᠨᠳᠦᠷ ᠦᠷ᠎ᠡ ᠪᠦᠲᠦᠮᠵᠢᠲᠡᠢ ᠪᠠᠶᠢᠬᠤ ᠶᠢ ᠦᠨᠡᠨ ᠬᠦ ᠪᠠᠲᠤᠯᠠᠪᠠ᠃ ᠲᠣᠭᠤᠷᠢᠨ ᠪᠠᠶᠢᠴᠠᠭᠠᠬᠤ ᠺᠠᠳ᠋ᠷ ᠤᠨ | ᠢᠷᠡᠯᠲᠡ ᠶᠢᠨ ᠠᠷᠭ᠎ᠠ ᠵᠠᠮ ᠢ ᠥᠷᠭᠡᠵᠢᠭᠦᠯᠦᠨ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ᠂ ᠵᠣᠬᠢᠶᠠᠨ ᠪᠠᠶᠢᠭᠤᠯᠬᠤ ᠬᠡᠯᠲᠡᠰ ᠤᠨ ᠲᠣᠭᠤᠷᠢᠨ ᠪᠠᠶᠢᠴᠠᠭᠠᠬᠤ ᠠᠵᠢᠯ ᠤᠨ ᠬᠡᠷᠡᠭᠴᠡᠭᠡ ᠪᠠᠷ᠂ ᠰᠢᠯᠢᠳᠡᠭ | ᠺᠠᠳ᠋ᠷ ᠢ ᠰᠢᠯᠢᠨ ᠲᠣᠮᠢᠯᠠᠵᠤ ᠲᠣᠭᠤᠷᠢᠨ ᠪᠠᠶᠢᠴᠠᠭᠠᠬᠤ ᠠᠵᠢᠯ ᠳᠤ ᠣᠷᠣᠯᠴᠠᠭᠤᠯᠤᠨ᠂ ᠲᠣᠭᠤᠷᠢᠨ ᠪᠠᠶᠢᠴᠠᠭᠠᠬᠤ | ᠠᠵᠢᠯ ᠥᠷᠨᠢᠭᠦᠯᠬᠦ ᠳᠤ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠪᠠ᠃ | ᠲᠠᠪᠤ ᠳᠤ ᠳᠦᠷᠢᠮ ᠢ ᠠᠳᠬᠤᠨ᠂ ᠰᠠᠭᠤᠷᠢ ᠶᠢ ᠪᠠᠬᠢᠵᠢᠭᠦᠯᠵᠦ᠂ ᠤᠷᠳᠤ ᠬᠤᠭᠤᠴᠠᠭᠠᠨ ᠤ ᠦᠷ᠎ᠡ | ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠪᠡ᠃ ᠳᠦᠷᠢᠮ ᠲᠣᠭᠲᠠᠭᠠᠯ ᠪᠠᠶᠢᠭᠤᠯᠬᠤ ᠶᠢ ᠴᠢᠬᠤᠯᠠᠴᠢᠯᠠᠨ᠂ ᠳᠡᠭᠡᠳᠦ | ᠳᠠᠪᠬᠤᠷᠭ᠎ᠠ ᠶᠢᠨ ᠵᠢᠷᠤᠭ ᠲᠥᠯᠥᠪᠯᠡᠭᠡ ᠶᠢ ᠰᠠᠶᠢᠲᠤᠷ ᠬᠢᠪᠡ᠃ ᠲᠣᠭᠤᠷᠢᠨ ᠪᠠᠶᠢᠴᠠᠭᠠᠬᠤ ᠠᠵᠢᠯ ᠤᠨ ᠰᠢᠨ᠎ᠡ | ᠡᠭᠦᠷᠭᠡ᠂ ᠰᠢᠨ᠎ᠡ ᠱᠠᠭᠠᠷᠳᠠᠯᠭ᠎ᠠ ᠲᠠᠢ ᠤᠶᠠᠯᠳᠤᠭᠤᠯᠤᠨ᠂ ᠲᠥᠪ ᠬᠤᠷᠢᠶ᠎ᠠ ᠶᠢᠨ ᠲᠣᠭᠤᠷᠢᠨ ᠪᠠᠶᠢᠴᠠᠭᠠᠬᠤ | ᠳᠤᠭᠤᠶᠢᠯᠠᠩ ᠤᠨ ᠲᠣᠭᠤᠷᠢᠨ ᠪᠠᠶᠢᠴᠠᠭᠠᠬᠤ ᠠᠵᠢᠯ ᠥᠷᠨᠢᠭᠦᠯᠬᠦ ︽ᠰᠢᠨ᠎ᠡ ᠪᠠᠶᠢᠯᠳᠤᠬᠤ ᠠᠷᠭ᠎ᠠ︾ ᠶᠢ ᠰᠣᠷᠣᠯᠴᠠᠬᠤ | ᠶᠢᠨ ᠬᠠᠮᠲᠤ ᠲᠣᠯᠢ ᠪᠣᠯᠭᠠᠨ᠂ 22 ᠵᠦᠢᠯ ᠤᠨ ᠬᠡᠷᠡᠭᠵᠢᠭᠦᠯᠬᠦ ᠰᠠᠨᠠᠯ᠂ ᠲᠣᠭᠲᠠᠭᠠᠯ᠂ ᠠᠷᠭ᠎ᠠ ᠶᠢ ᠰᠤᠳᠤᠯᠤᠨ | ᠲᠣᠭᠲᠠᠭᠠᠵᠤ᠂ ︽ᠲᠣᠭᠤᠷᠢᠨ ᠪᠠᠶᠢᠴᠠᠭᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠰᠠᠨᠠᠯ︾᠂ ︽ | 2012-2016 ᠣᠨ ᠤ ᠲᠣᠭᠤᠷᠢᠨ ᠪᠠᠶᠢᠴᠠᠭᠠᠬᠤ ᠠᠵᠢᠯ ᠤᠨ ᠲᠤᠬᠠᠶ ᠵᠢᠯᠣᠭᠤᠳᠬᠤ ᠰᠠᠨᠠᠯ︾ ᠵᠡᠷᠭᠡ | ᠬᠡᠷᠡᠭᠵᠢᠭᠦᠯᠬᠦ ᠰᠠᠨᠠᠯ ᠢ ᠲᠣᠭᠲᠠᠭᠠᠨ ᠨᠡᠶᠢᠲᠡᠯᠡᠵᠦ᠂ ᠲᠣᠭᠤᠷᠢᠨ ᠪᠠᠶᠢᠴᠠᠭᠠᠬᠤ ᠠᠵᠢᠯ ᠤᠨ ᠵᠢᠯᠣᠭᠤᠳᠬᠤ ᠦᠵᠡᠯ | ᠰᠠᠨᠠᠭ᠎ᠠ᠂ ᠭᠤᠣᠯ ᠡᠭᠦᠷᠭᠡ᠂ ᠠᠵᠢᠯ ᠤᠨ ᠭᠤᠣᠯᠳᠠᠯᠭ᠎ᠠ ᠵᠡᠷᠭᠡ ᠶᠢ ᠳᠤᠷᠠᠳᠴᠤ᠂ ᠲᠥᠪ ᠬᠤᠷᠢᠶ᠎ᠡ ᠶᠢᠨ ᠵᠣᠷᠢᠭ | ᠰᠠᠨᠠᠭ᠎ᠠ ᠯᠤᠭ᠎ᠠ ᠨᠡᠶᠢᠴᠡᠭᠰᠡᠨ᠂ ᠥᠪᠡᠷᠲᠡᠭᠡᠨ ᠵᠠᠰᠠᠬᠤ ᠣᠷᠣᠨ ᠤ ᠣᠨᠴᠠᠯᠢᠭ ᠪᠦᠬᠦᠢ ᠲᠣᠭᠤᠷᠢᠨ ᠪᠠᠶᠢᠴᠠᠭᠠᠬᠤ | ᠠᠵᠢᠯ ᠤᠨ ᠲᠦᠷᠢᠮ ᠤᠨ ᠰᠢᠰᠲ᠋ᠧᠮᠵᠢ ᠶᠢ ᠦᠨᠳᠦᠰᠦᠨ ᠳᠡᠭᠡᠨ ᠪᠣᠢ ᠪᠣᠯᠭᠠᠪᠠ᠃ ᠰᠢᠨ᠎ᠡ ︽ᠳᠦᠷᠢᠮ︾ | ᠨᠡᠶᠢᠲᠡᠯᠡᠭᠳᠡᠭᠰᠡᠨ ᠤ ᠳᠠᠷᠠᠭ᠎ᠠ ᠪᠠᠷ᠂ ᠬᠠᠮᠢᠶ᠎ᠡ ᠪᠦᠬᠦᠢ ᠳᠦᠷᠢᠮ ᠢ ᠬᠦᠴᠦᠨ ᠦᠭᠡᠶ ᠪᠣᠯᠭᠠᠬᠤ ᠵᠠᠰᠠᠬᠤ ᠪᠠᠶᠢᠭᠤᠯᠬᠤ | ᠠᠵᠢᠯ ᠢ ᠢᠳᠡᠪᠬᠢᠲᠡᠶ ᠰᠠᠶᠢᠲᠤᠷ ᠬᠢᠵᠦ᠂ ᠲᠥᠪ ᠬᠤᠷᠢᠶ᠎ᠡ ᠶᠢᠨ ᠵᠣᠷᠢᠭ ᠰᠠᠨᠠᠭ᠎ᠠ ᠯᠤᠭ᠎ᠠ ᠨᠡᠶᠢᠴᠡᠭᠰᠡᠨ ᠮᠥᠷᠲᠡᠭᠡᠨ | ᠪᠠᠰᠠ ᠥᠪᠥᠷ ᠮᠣᠩᠭᠤᠯ ᠤᠨ ᠪᠣᠳᠠᠲᠤ ᠪᠠᠶᠢᠳᠠᠯ ᠳᠤ ᠨᠡᠶᠢᠴᠡᠭᠰᠡᠨ ᠪᠦᠷᠢᠨ ᠲᠥᠬᠦᠷ ᠲᠣᠭᠤᠷᠢᠨ ᠪᠠᠶᠢᠴᠠᠭᠠᠬᠤ ᠠᠵᠢᠯ | ᠤᠨ ᠰᠢᠰᠲ᠋ᠧᠮᠵᠢ ᠶᠢ ᠠᠯᠬᠤᠮ ᠠᠯᠬᠤᠮ ᠢᠶᠠᠷ ᠪᠣᠢ ᠪᠣᠯᠭᠠᠨ᠂ ᠬᠠᠤᠯᠢ ᠪᠠᠷ ᠵᠠᠰᠠᠬᠤ ᠰᠡᠳᠬᠢᠬᠦᠶ ᠪᠣᠯᠤᠨ ᠬᠠᠤᠯᠢ ᠪᠠᠷ | ᠵᠠᠰᠠᠬᠤ ᠠᠷᠭ᠎ᠠ ᠮᠠᠶ᠋ᠢᠭ ᠢ ᠬᠡᠷᠡᠭᠯᠡᠨ ᠲᠣᠭᠤᠷᠢᠨ ᠪᠠᠶᠢᠴᠠᠭᠠᠬᠤ ᠦᠢᠯᠡ ᠠᠵᠢᠯᠯᠠᠭ᠎ᠠ ᠶᠢ ᠵᠢᠷᠤᠮᠵᠢᠭᠤᠯᠤᠨ᠂ ᠰᠠᠬᠢᠯᠭ᠎ᠠ | ᠪᠠᠲᠤ ᠪᠣᠯᠣᠨ ᠬᠠᠤᠯᠢ ᠴᠠᠭᠠᠵᠠ ᠶᠢᠨ ᠬᠡᠮᠵᠢᠭᠦᠷ ᠢ ᠴᠢᠩᠭ᠎ᠠ ᠵᠢᠷᠤᠮᠯᠠᠨ ᠲᠣᠭᠤᠷᠢᠨ ᠪᠠᠶᠢᠴᠠᠭᠠᠬᠤ ᠠᠵᠢᠯ ᠥᠷᠨᠢᠭᠦᠯᠬᠦ | ᠬᠡᠪ ᠪᠠᠶᠢᠳᠠᠯ ᠢ ᠴᠢᠷᠮᠠᠶᠢᠨ ᠪᠣᠢ ᠪᠣᠯᠭᠠᠪᠠ᠃ | ᠰᠤᠷᠪᠤᠯᠵᠢᠯᠠᠭᠴᠢ᠄ ︽ᠳᠦᠷᠢᠮ︾ ᠨᠢ ︽ᠲᠣᠭᠤᠷᠢᠨ ᠪᠠᠶᠢᠴᠠᠭᠠᠬᠤ ᠪᠠᠷ ᠪᠦᠬᠦᠨ ᠢ ᠬᠠᠮᠤᠷᠬᠤ ᠶᠢ | ᠪᠡᠶᠡᠯᠡᠭᠦᠯᠵᠦ᠂ ᠪᠦᠬᠦ ᠤᠯᠤᠰ ᠲᠤ ᠨᠢᠭᠡᠳᠦᠯᠲᠡᠶ ᠪᠠᠶᠢᠷᠢᠯᠠᠭᠤᠯᠤᠭᠰᠠᠨ︾ ᠲᠣᠭᠤᠷᠢᠨ ᠪᠠᠶᠢᠴᠠᠭᠠᠬᠤ ᠶᠢᠨ ᠶᠡᠷᠦᠩᠬᠡᠶ | ᠡᠭᠦᠷᠭᠡ ᠶᠢ ᠶᠡᠷᠦᠩᠬᠡᠶ ᠳᠦᠷᠢᠮ ᠳᠤ ᠪᠢᠴᠢᠨ ᠣᠷᠤᠭᠤᠯᠵᠤ᠂ ︽ᠪᠦᠬᠦᠨ ᠢ ᠬᠠᠮᠤᠷᠬᠤ︾ ᠶᠢ ᠬᠠᠳᠠᠭᠤ ᠱᠠᠭᠠᠷᠳᠠᠯᠭ᠎ᠠ | ᠪᠣᠯᠭᠠᠭᠰᠠᠨ ᠪᠠᠶᠢᠨ᠎ᠠ᠃ ᠲᠠ ᠥᠪᠥᠷ ᠮᠣᠩᠭᠤᠯ ᠤᠨ ᠲᠣᠭᠤᠷᠢᠨ ᠪᠠᠶᠢᠴᠠᠭᠠᠬᠤ ᠪᠠᠷ ᠪᠦᠬᠦᠨ ᠢ ᠬᠠᠮᠤᠷᠬᠤ ᠶᠢ | ᠪᠡᠶᠡᠯᠡᠭᠦᠯᠬᠦ ᠠᠬᠢᠴᠠ ᠶᠢᠨ ᠪᠠᠶᠢᠳᠠᠯ ᠢ ᠶᠠᠷᠢᠭᠠᠳ ᠥᠭᠭᠦᠨ᠎ᠡ ᠦᠦ︖ | ᠵᠠᠩ ᠯᠢ᠄ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠨᠢᠭᠡᠨᠲᠡ 88 ᠭᠠᠵᠠᠷ ᠣᠷᠣᠨ ᠪᠣᠯᠤᠨ ᠨᠢᠭᠡᠴᠡ ᠶᠢ ᠲᠣᠭᠤᠷᠢᠨ ᠪᠠᠶᠢᠴᠠᠭᠠᠵᠤ᠂ ᠶᠠᠭ ᠶᠠᠪᠤᠭᠳᠠᠵᠤ ᠪᠠᠶᠢᠭ᠎ᠠ | 2015 ᠣᠨ ᠤ ᠭᠤᠷᠪᠠᠳᠠᠬᠢ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠬᠢᠨ 1 ᠠᠶᠢᠮᠠᠭ᠂ 24 | ᠬᠤᠰᠢᠭᠤ ᠰᠢᠶᠠᠨ ︵ᠬᠤᠳᠠ᠂ ᠲᠣᠭᠤᠷᠢᠭ︶ ᠢ ᠲᠣᠭᠤᠷᠢᠨ ᠪᠠᠶᠢᠴᠠᠭᠠᠵᠤ ᠪᠣᠢ᠃ ᠵᠢᠯ ᠤᠨ ᠡᠴᠦᠰ ᠪᠣᠯᠬᠤ ᠳᠤ᠂ | ᠪᠤᠰᠤᠳ 20 ᠬᠤᠰᠢᠭᠤ ᠰᠢᠶᠠᠨ ︵ᠬᠤᠳᠠ᠂ ᠲᠣᠭᠤᠷᠢᠭ︶ ᠤ ᠲᠣᠭᠤᠷᠢᠨ ᠪᠠᠶᠢᠴᠠᠭᠠᠬᠤ ᠡᠭᠦᠷᠭᠡ ᠶᠢ | ᠪᠡᠶᠡᠯᠡᠭᠦᠯᠬᠦ ᠪᠠᠷ ᠲᠥᠯᠦᠪᠯᠡᠵᠦ᠂ ᠪᠦᠬᠦ 259 ᠲᠣᠭᠤᠷᠢᠨ ᠪᠠᠶᠢᠴᠠᠭᠠᠭᠳᠠᠬᠤ ᠡᠲᠡᠭᠡᠳ ᠤᠨ 51.35% ᠶᠢ | ᠡᠵᠡᠯᠡᠬᠦ ᠪᠣᠯᠣᠨ᠎ᠠ᠃ ᠲᠣᠭᠤᠷᠢᠨ ᠪᠠᠶᠢᠴᠠᠭᠠᠬᠤ ᠪᠠᠷ ︽ᠪᠦᠬᠦᠨ ᠢ ᠬᠠᠮᠤᠷᠬᠤ︾ ᠡᠭᠦᠷᠭᠡ ᠨᠡᠯᠢᠶᠡᠳ ᠬᠦᠨᠳᠦ ᠪᠠᠶᠢᠬᠤ | ᠪᠣᠳᠠᠲᠠᠶ ᠪᠠᠶᠢᠳᠠᠯ ᠳᠤ ᠴᠢᠭᠯᠡᠭᠦᠯᠦᠨ᠂ ᠥᠪᠥᠷ ᠮᠣᠩᠭᠤᠯ ᠪᠠᠶᠢᠩᠭᠤ ᠶᠢᠨ ᠲᠣᠭᠤᠷᠢᠨ ᠪᠠᠶᠢᠴᠠᠭᠠᠬᠤ ᠪᠠ ᠲᠤᠰᠬᠠᠶ | ᠵᠦᠢᠯ ᠢᠶᠠᠷ ᠲᠣᠭᠤᠷᠢᠨ ᠪᠠᠶᠢᠴᠠᠭᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠪᠠᠶᠢᠩᠭᠤ ᠶᠢᠨ ᠲᠣᠭᠤᠷᠢᠨ | ᠪᠠᠶᠢᠴᠠᠭᠠᠬᠤ ᠡᠭᠡᠯᠵᠢ ᠪᠣᠯᠣᠨ ᠲᠤᠰᠬᠠᠶ ᠵᠦᠢᠯ ᠢᠶᠠᠷ ᠲᠣᠭᠤᠷᠢᠨ ᠪᠠᠶᠢᠴᠠᠭᠠᠬᠤ ᠪᠦᠯᠦᠭ ᠤᠳᠠᠭ᠎ᠠ ᠶᠢ | ᠨᠡᠮᠡᠭᠳᠡᠭᠦᠯᠬᠦ ᠪᠠᠷ ᠳᠠᠮᠵᠢᠭᠤᠯᠤᠨ᠂ ᠲᠣᠭᠤᠷᠢᠨ ᠪᠠᠶᠢᠴᠠᠭᠠᠬᠤ ᠠᠶᠢᠵᠠᠮ ᠢᠶᠠᠨ ᠲᠥᠷᠭᠡᠳᠬᠡᠨ᠂ ᠢᠯᠵᠠᠷᠠᠯ ᠢ | ᠡᠰᠡᠷᠭᠦᠴᠡᠬᠦ ᠬᠤᠷᠢᠭ᠎ᠠ ᠣᠷᠣᠨ ᠥᠭᠡᠢ᠂ ᠬᠢᠨᠠᠯᠲᠠ ᠲᠠᠯᠪᠢᠬᠤ ᠳᠤ ᠥᠨᠴᠥᠭ ᠪᠣᠯᠣᠩ ᠦᠯᠡᠳᠡᠭᠡᠬᠦ ᠦᠭᠡᠢ ᠪᠣᠯᠭᠠᠨ᠎ᠠ | ᠃ ᠵᠢᠯ ᠤᠨ ᠡᠴᠦᠰ ᠲᠤ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠣᠭᠤᠷᠢᠭ︶ ᠳᠤ ᠶᠠᠪᠤᠭᠤᠯᠬᠤ | ᠲᠣᠭᠤᠷᠢᠨ ᠪᠠᠶᠢᠴᠠᠭᠠᠬᠤ ᠪᠠᠷ ᠪᠦᠬᠦᠨ ᠢ ᠬᠠᠮᠤᠷᠬᠤ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠬᠤᠷᠳᠤᠴᠠ ᠪᠠᠨ | ᠲᠥᠷᠭᠡᠳᠬᠡᠵᠦ᠂ ᠲᠢᠩᠬᠢᠮ ᠲᠣᠪᠴᠢᠶ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ ᠲᠤᠰᠬᠠᠶ ᠵᠦᠢᠯ ᠢᠶᠠᠷ | ᠲᠣᠭᠤᠷᠢᠨ ᠪᠠᠶᠢᠴᠠᠭᠠᠬᠤ ᠠᠵᠢᠯ ᠥᠷᠨᠢᠭᠦᠯᠵᠦ᠂ ᠲᠤᠰ ᠬᠤᠭᠤᠴᠠᠭᠠᠨ ᠤ ᠨᠠᠮ ᠤᠨ ᠬᠤᠷᠢᠶ᠎ᠡ ᠶᠢᠨ ᠲᠤᠰᠢᠶᠠᠯ ᠤᠨ | ᠬᠤᠭᠤᠴᠠᠭᠠᠨ ᠳᠤ ᠲᠣᠭᠤᠷᠢᠨ ᠪᠠᠶᠢᠴᠠᠭᠠᠬᠤ ᠪᠠᠷ ᠪᠦᠬᠦᠨ ᠢ ᠬᠠᠮᠤᠷᠬᠤ ᠶᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ | ᠰᠤᠷᠪᠤᠯᠵᠢᠯᠠᠭᠴᠢ᠄ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠥᠪᠥᠷ ᠮᠣᠩᠭᠤᠯ ᠤᠨ ᠲᠣᠭᠤᠷᠢᠨ | ᠪᠠᠶᠢᠴᠠᠭᠠᠬᠤ ᠠᠵᠢᠯ ᠨᠢ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ | ᠢᠯᠵᠠᠷᠠᠯ ᠢ ᠡᠰᠡᠷᠭᠦᠴᠡᠬᠦ ᠲᠡᠮᠡᠴᠡᠯ ᠢ ᠲᠦᠯᠬᠢᠨ ᠠᠬᠢᠭᠤᠯᠬᠤ ᠲᠠᠯ᠎ᠠ ᠪᠠᠷ ︽ᠬᠤᠷᠴᠠ ᠰᠡᠯᠡᠮ᠎ᠡ︾ ᠶᠢᠨ ᠦᠢᠯᠡᠳᠦᠯ ᠢ | ᠪᠠᠳᠠᠷᠠᠭᠤᠯᠪᠠ᠃ ︽ᠳᠦᠷᠢᠮ︾ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠥᠪᠥᠷ ᠮᠣᠩᠭᠤᠯ ᠤᠨ ᠲᠣᠭᠤᠷᠢᠨ ᠪᠠᠶᠢᠴᠠᠭᠠᠬᠤ ᠠᠵᠢᠯ ᠢ ᠦᠷᠭᠦᠯᠵᠢᠯᠡᠨ ᠴᠢᠩᠭᠠᠳᠬᠠᠬᠤ ᠲᠠᠯ᠎ᠠ ᠪᠠᠷ᠂ ᠥᠪᠥᠷ | ᠮᠣᠩᠭᠤᠯ ᠳᠠᠷᠠᠭᠠᠴᠢ ᠶᠢᠨ ᠠᠯᠬᠤᠮ ᠳᠤ ᠶᠠᠮᠠᠷ ᠶᠠᠮᠠᠷ ᠪᠣᠳᠠᠲᠠᠶ ᠲᠣᠬᠢᠷᠠᠭᠤᠯᠤᠯᠲᠠ ᠪᠠᠶᠢᠬᠤ ᠪᠤᠢ︖ | ᠵᠠᠩ ᠯᠢ᠄ ᠸᠠᠩ ᠴᠢ ᠱᠠᠨ ᠱᠦᠵᠢ ᠴᠢᠬᠤᠯᠠᠴᠢᠯᠠᠬᠤ ᠳᠠᠭᠠᠨ᠂ ︽ᠲᠣᠭᠤᠷᠢᠨ ᠪᠠᠶᠢᠴᠠᠭᠠᠬᠤ ᠠᠵᠢᠯ ᠤᠨ | ᠳᠦᠷᠢᠮ︾ ᠪᠣᠯ ᠨᠠᠮ ᠤᠨ ᠳᠦᠷᠢᠮ ᠳᠤ ᠲᠣᠭᠲᠠᠭᠠᠭᠰᠠᠨ ᠤ ᠪᠤᠲᠠᠲᠠᠶᠢᠵᠢᠭᠤᠯᠤᠯᠲᠠ᠂ ᠳᠦᠷᠢᠮᠵᠢᠭᠦᠯᠦᠯᠲᠡ ᠪᠠ ᠳᠡᠰ | ᠳᠠᠷᠠᠭᠠᠯᠠᠯᠵᠢᠭᠤᠯᠤᠯᠲᠠ ᠪᠣᠯᠬᠤ ᠪᠥᠭᠡᠳ ᠲᠣᠭᠤᠷᠢᠨ ᠪᠠᠶᠢᠴᠠᠭᠠᠬᠤ ᠠᠵᠢᠯ ᠤᠨ ᠴᠢᠩᠭ᠎ᠠ ᠬᠦᠴᠦᠲᠡᠶ ᠵᠢᠯᠤᠭᠤᠳᠤᠯᠭ᠎ᠠ | ᠪᠣᠯᠬᠤ ᠮᠥᠷᠲᠡᠭᠡᠨ ᠪᠠᠰᠠ ᠴᠢᠩᠭ᠎ᠠ ᠬᠦᠴᠦᠲᠡᠶ ᠵᠢᠷᠤᠮᠵᠢᠯ ᠪᠣᠯᠣᠨ᠎ᠠ᠃ ᠳᠠᠷᠠᠭᠠᠴᠢ ᠶᠢᠨ ᠠᠯᠬᠤᠮ ᠳᠤ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽︿ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ﹀ ᠢ ᠲᠤᠤᠱᠯᠠᠭᠤᠯᠬᠤ ᠲᠣᠬᠠᠢ ᠬᠡᠷᠡᠭᠵᠢᠭᠦᠯᠬᠦ | ᠠᠷᠭ᠎ᠠ︾ ᠬᠢᠭᠡᠳ ᠬᠠᠮᠢᠶ᠎ᠡ ᠪᠦᠬᠦᠢ ᠲᠥᠬᠦᠷ ᠳᠦᠷᠢᠮ ᠲᠣᠭᠲᠠᠭᠠᠯ ᠢ ᠲᠣᠭᠲᠠᠭᠠᠨ ᠨᠡᠶᠢᠲᠡᠯᠡᠵᠦ᠂ ᠲᠣᠭᠤᠷᠢᠨ | ᠪᠠᠶᠢᠴᠠᠭᠠᠬᠤ ᠠᠵᠢᠯ ᠤᠨ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠦᠨ᠂ ᠲᠣᠭᠤᠷᠢᠨ ᠪᠠᠶᠢᠴᠠᠭᠠᠬᠤ ᠶᠢᠨ ᠬᠤᠷᠴᠠ | ᠰᠡᠯᠡᠮ᠎ᠡ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠪᠣᠯᠣᠨ᠎ᠠ᠃ ᠦᠢᠯᠡᠳᠦᠯᠭᠡ ᠶᠢᠨ ᠳᠤᠮᠳᠠ᠂ ᠲᠠᠪᠤᠨ | ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠃ | ᠨᠢᠭᠡ ᠳᠤ᠂ ᠲᠣᠭᠤᠷᠢᠨ ᠪᠠᠶᠢᠴᠠᠭᠠᠬᠤ ᠠᠭᠤᠯᠭ᠎ᠠ ᠪᠠᠨ ᠭᠦᠨᠵᠡᠭᠡᠶᠢᠷᠡᠭᠦᠯᠦᠨ᠂ ᠨᠠᠮ ᠤᠨ ᠰᠠᠬᠢᠯᠭ᠎ᠠ ᠪᠠᠲᠤ | ᠪᠣᠯᠣᠨ ᠶᠣᠰᠣ ᠳᠦᠷᠢᠮ ᠢ ᠲᠣᠭᠲᠠᠭᠠᠨ ᠤᠷᠢᠳᠠᠪᠡᠷ ᠵᠢᠷᠤᠮᠯᠠᠬᠤ ᠬᠡᠷᠡᠭᠲᠡᠢ᠃ ︽ᠳᠦᠷᠢᠮ︾ ᠳᠤ ᠨᠠᠮ ᠤᠨ ︽ | ᠵᠢᠷᠭᠤᠭᠠᠨ ᠶᠡᠭᠡ ᠰᠠᠬᠢᠯᠭ᠎ᠠ ᠪᠠᠲᠤ︾ ᠪᠠᠷ ︽ᠳᠥᠷᠪᠡ ᠶᠢ ᠬᠦᠴᠦᠯᠡᠬᠦ︾ ᠶᠢ ᠭᠦᠨᠵᠡᠭᠡᠶᠢᠷᠡᠭᠦᠯᠬᠦ ᠶᠢ | ᠴᠢᠬᠤᠯᠠᠴᠢᠯᠠᠭᠰᠠᠨ ᠶᠠᠪᠤᠳᠠᠯ ᠪᠣᠯ ᠪᠣᠳᠠᠲᠠᠶ ᠠᠭᠤᠯᠭ᠎ᠠ ᠶᠢᠨ ᠲᠠᠯ᠎ᠠ ᠪᠠᠷ ᠰᠠᠬᠢᠯᠭ᠎ᠠ ᠪᠠᠲᠤ ᠶᠢ ᠵᠢᠷᠤᠮᠯᠠᠬᠤ ᠶᠢ | ᠲᠡᠷᠢᠭᠦᠨ ᠳᠤ ᠲᠠᠯᠪᠢᠭᠰᠠᠨ ᠣᠨᠣᠯᠵᠢᠬᠤᠨ ᠢ ᠳᠣᠪᠣᠶᠢᠯᠭᠠᠭᠰᠠᠨ ᠶᠤᠮ᠃ ᠣᠶᠢᠷ᠎ᠠ ᠶᠢᠨ ᠵᠢᠯ ᠤᠨ ᠥᠪᠥᠷ | ᠮᠣᠩᠭᠤᠯ ᠤᠨ ᠪᠠᠶᠢᠴᠠᠭᠠᠨ ᠰᠢᠢᠳᠪᠦᠷᠢᠯᠡᠭᠰᠡᠨ ᠢᠯᠵᠠᠷᠠᠯ ᠤᠨ ᠬᠡᠷᠡᠭ ᠠᠴᠠ ᠦᠵᠡᠪᠡᠯ᠂ ᠵᠣᠩᠬᠢᠯᠠᠬᠤ ᠤᠯᠠᠨ | ᠲᠣᠭᠠᠨ ᠤ ᠤᠳᠤᠷᠢᠳᠬᠤ ᠺᠠᠳ᠋ᠷᠴᠤᠳ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠵᠠᠮ ᠢᠶᠠᠷ ᠶᠠᠪᠤᠭᠰᠠᠨ ᠤ | ᠰᠢᠯᠲᠠᠭᠠᠨ ᠨᠢ ᠴᠦᠮ ᠬᠢᠨᠠᠯᠲᠠ ᠲᠠᠯᠪᠢᠬᠤ ᠲᠠᠯ᠎ᠠ ᠶᠢᠨ ᠲᠣᠲᠠᠭᠳᠠᠯ ᠲᠠᠢ ᠪᠠᠶᠢᠭ᠎ᠠ ᠳᠤ ᠬᠤᠯᠪᠤᠭᠳᠠᠯ ᠲᠠᠢ ᠪᠠᠶᠢᠵᠤ᠂ | ᠴᠥᠮ ︽ᠳᠦᠷᠢᠮ ᠠᠴᠠ ᠳᠠᠪᠠᠭᠰᠠᠨ︾ ᠠᠴᠠ ᠡᠬᠢᠯᠡᠵᠦ᠂ ᠶᠡᠷᠦ ᠨᠢ ᠬᠡᠷᠡᠭ ᠭᠠᠷᠬᠤ ᠠᠴᠠ ᠡᠮᠦᠨ᠎ᠡ ᠬᠢᠨᠠᠯᠲᠠ | ᠲᠠᠯᠪᠢᠬᠤ ᠠᠴᠠ ᠵᠠᠶᠢᠯᠠᠭᠰᠠᠨ ᠪᠠᠶᠢᠵᠤ᠂ ᠪᠠᠶᠢᠴᠠᠭᠠᠭᠳᠠᠭᠰᠠᠨ ᠤ ᠪᠠᠨ ᠳᠠᠷᠠᠭ᠎ᠠ ᠬᠢᠨᠠᠯᠲᠠ ᠲᠠᠯᠪᠢᠬᠤ ᠶᠠᠪᠤᠳᠠᠯ | ᠲᠤᠳᠠᠭᠤᠳᠠᠭᠰᠠᠨ ᠪᠣᠶᠤ ᠡᠰᠡᠭᠦᠯ᠎ᠡ ᠰᠠᠨᠠᠭᠠᠴᠢᠯᠠᠭ᠎ᠠ ᠠᠴᠠ ᠪᠠᠨ ᠬᠢᠨᠠᠯᠲᠠ ᠲᠠᠯᠪᠢᠬᠤ ᠶᠢ ᠬᠦᠯᠢᠶᠡᠭᠰᠡᠨ ᠦᠭᠡᠶ ᠳᠡᠭᠡᠨ | ᠭᠡᠮᠰᠢᠵᠡᠭᠡᠳᠡᠭ ᠪᠠᠶᠢᠨ᠎ᠠ᠃ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠨᠢ ᠡᠷᠬᠡᠪᠰᠢ ᠰᠠᠬᠢᠯᠭ᠎ᠠ ᠪᠠᠲᠤ ᠶᠢ | ᠵᠢᠷᠤᠮᠯᠠᠬᠤ ᠶᠢ ᠲᠡᠷᠢᠭᠦᠨ ᠳᠤ ᠪᠠᠶᠢᠯᠭᠠᠬᠤ ᠣᠨᠣᠯᠵᠢᠬᠤᠨ ᠢ ᠪᠠᠲᠤ ᠰᠠᠬᠢᠵᠤ᠂ ᠰᠠᠬᠢᠯᠭ᠎ᠠ ᠪᠠᠲᠤ ᠶᠢᠨ ᠨᠠᠭᠠᠳᠤ | ᠵᠠᠬ᠎ᠠ ᠶᠢᠨ ᠬᠤᠷᠢᠭ᠎ᠠ ᠱᠤᠭᠤᠮ ᠢ ᠴᠢᠩᠭ᠎ᠠ ᠵᠢᠷᠤᠮᠯᠠᠨ ᠪᠠᠲᠤ ᠰᠠᠬᠢᠵᠤ᠂ ᠨᠠᠮ ᠤᠨ ᠰᠠᠬᠢᠯᠭ᠎ᠠ ᠪᠠᠲᠤ ᠶᠢᠨ ᠲᠥᠪ | ᠴᠢᠩᠭ᠎ᠠ ᠴᠢᠨᠠᠷ ᠪᠣᠯᠣᠨ ᠡᠷᠬᠡ ᠰᠦᠷᠲᠦ ᠴᠢᠨᠠᠷ ᠢ ᠦᠨᠡᠨ ᠬᠦ ᠬᠠᠮᠠᠭᠠᠯᠠᠬᠤ ᠬᠡᠷᠡᠭᠲᠡᠢ᠃ ᠡᠨᠡ ᠬᠦ ᠰᠠᠭᠤᠷᠢᠨ ᠳᠡᠭᠡᠷ᠎ᠡ᠂ | ᠲᠣᠭᠤᠷᠢᠨ ᠪᠠᠶᠢᠴᠠᠭᠠᠭᠳᠠᠭᠰᠠᠨ ᠭᠠᠵᠠᠷ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠲᠣᠭᠤᠷᠢᠨ | ᠪᠠᠶᠢᠴᠠᠭᠠᠭᠳᠠᠭᠰᠠᠨ ᠨᠢᠭᠡᠴᠡ ᠳᠤ ᠶᠠᠪᠤᠭᠤᠯᠬᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠪᠠᠶᠢᠭᠤᠯᠤᠮᠵᠢ ᠶᠢᠨ ᠲᠣᠭᠤᠷᠢᠨ ᠪᠠᠶᠢᠴᠠᠭᠠᠬᠤ ᠶᠢ ᠦᠷᠭᠦᠯᠵᠢᠯᠡᠨ ᠴᠢᠩᠭᠠᠳᠬᠠᠵᠤ᠂ ᠡᠯ᠎ᠡ ᠱᠠᠲᠤᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠶᠢ ᠰᠢᠮᠳᠠᠭᠤᠯᠵᠤ ᠪᠠᠶᠢᠭᠠᠳ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠨᠢ ᠬᠢᠨᠠᠮᠠᠭᠠᠶ | ᠭᠦᠢᠴᠡᠳᠬᠡᠯᠭᠡᠵᠦ᠂ ᠲᠣᠭᠤᠷᠢᠨ ᠪᠠᠶᠢᠴᠠᠭᠠᠬᠤ ᠳᠡᠰ ᠳᠠᠪᠬᠤᠷᠭ᠎ᠠ ᠠᠴᠠ ︽ᠬᠢᠨᠠᠯᠲᠠ ᠲᠠᠯᠪᠢᠭᠴᠢᠳ ᠨᠡᠩ ᠢᠯᠡᠭᠦᠦ | ᠬᠢᠨᠠᠯᠲᠠ ᠲᠠᠯᠪᠢᠬᠤ ᠶᠢ ᠬᠦᠯᠢᠶᠡᠬᠦ︾ ᠶᠢ ᠪᠣᠳᠠᠲᠤ ᠭᠠᠵᠠᠷ ᠲᠤᠨᠢ ᠨᠠᠶᠢᠳᠠᠪᠤᠷᠢᠵᠢᠭᠤᠯᠬᠤ ᠬᠡᠷᠡᠭᠲᠡᠶ᠃ | ᠬᠤᠶᠠᠷ ᠲᠤ ᠠᠰᠠᠭᠤᠳᠠᠯ ᠤᠨ ᠤᠳᠤᠷᠢᠳᠤᠮᠵᠢ ᠶᠢ ᠳᠣᠪᠤᠶᠢᠯᠭᠠᠨ᠂ ᠰᠦᠷᠳᠡᠭᠦᠯᠦᠨ ᠬᠤᠷᠢᠭᠯᠠᠬᠤ ᠦᠢᠯᠡᠳᠦᠯ ᠢ | ᠦᠨᠡᠨ ᠬᠦ ᠪᠠᠳᠠᠷᠠᠭᠤᠯᠬᠤ ᠬᠡᠷᠡᠭᠲᠡᠶ᠃ ︽ᠳᠦᠷᠢᠮ︾ ᠳᠤ ᠲᠣᠳᠣᠷᠬᠠᠶ ᠳᠤᠷᠠᠳᠤᠨ ᠭᠠᠷᠭᠠᠭᠰᠠᠨ ᠨᠢ᠂ ᠲᠣᠭᠤᠷᠢᠨ | ᠪᠠᠶᠢᠴᠠᠭᠠᠬᠤ ᠠᠵᠢᠯ ᠨᠢ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ | ᠢᠯᠵᠠᠷᠠᠯ ᠢ ᠡᠰᠡᠷᠭᠦᠴᠡᠬᠦ ᠡᠨᠡᠬᠦ ᠭᠤᠣᠯ ᠵᠦᠢᠯ ᠢᠶᠠᠷ ᠭᠤᠣᠯᠯᠠᠭᠤᠯᠤᠨ᠂ ᠠᠰᠠᠭᠤᠳᠠᠯ ᠢ ᠣᠯᠵᠤ ᠮᠡᠳᠡᠬᠦ᠂ | ᠰᠦᠷᠳᠡᠭᠦᠯᠦᠯ ᠪᠣᠢ ᠪᠣᠯᠭᠠᠬᠤ ᠶᠢ ᠭᠤᠣᠯ ᠡᠭᠦᠷᠭᠡ ᠪᠣᠯᠭᠠᠵᠤ᠂ ᠲᠣᠭᠤᠷᠢᠨ ᠪᠠᠶᠢᠴᠠᠭᠠᠬᠤ ᠪᠠᠷ ᠪᠦᠬᠦᠨ ᠢ ᠬᠠᠮᠤᠷᠬᠤ᠂ | ᠪᠦᠬᠦ ᠤᠯᠤᠰ ᠲᠤ ᠨᠢᠭᠡᠳᠦᠯᠲᠡᠶ ᠪᠠᠶᠢᠷᠢᠯᠠᠭᠤᠯᠬᠤ ᠶᠢ ᠪᠡᠶᠡᠯᠡᠭᠦᠯᠬᠦ ᠬᠡᠷᠡᠭᠲᠡᠢ᠃ ᠠᠰᠠᠭᠤᠳᠠᠯ ᠢ ᠠᠩᠬᠠᠷᠤᠨ᠂ | ᠣᠨᠣᠪᠴᠢᠲᠠᠶ ᠬᠦᠴᠦᠯᠡᠵᠦ᠂ ᠲᠣᠭᠤᠷᠢᠨ ᠪᠠᠶᠢᠴᠠᠭᠠᠭᠳᠠᠭᠴᠢ ᠶᠢᠨ ᠢᠯᠵᠠᠷᠠᠨ ᠳᠣᠷᠣᠶᠢᠳᠠᠬᠤ᠂ ᠣᠪᠣᠷ ᠰᠤᠷᠲᠠᠯ᠂ | ᠰᠠᠬᠢᠯᠭ᠎ᠠ ᠪᠠᠲᠤ ᠪᠣᠯᠤᠨ ᠬᠥᠮᠦᠨ ᠰᠣᠩᠭᠤᠵᠤ ᠬᠡᠷᠡᠭᠯᠡᠬᠦ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠴᠢᠩᠭ᠎ᠠ | ᠠᠩᠬᠠᠷᠴᠤ᠂ ᠠᠰᠠᠭᠤᠳᠠᠯ ᠢ ᠣᠯᠵᠣ ᠮᠡᠳᠡᠬᠦ ᠣᠨᠣᠪᠴᠢ ᠶᠢᠨ ᠬᠡᠮᠵᠢᠶ᠎ᠡ ᠪᠠᠨ ᠳᠡᠭᠡᠭᠰᠢᠯᠡᠭᠦᠯᠦᠨ᠂ ᠲᠣᠭᠤᠷᠢᠨ | ᠪᠠᠶᠢᠴᠠᠭᠠᠬᠤ ᠠᠵᠢᠯ ᠤᠨ ᠣᠷᠣᠨ ᠪᠠᠶᠢᠷᠢ ᠠᠴᠠ ᠳᠠᠪᠠᠭᠤᠯᠬᠤ᠂ ᠣᠷᠣᠨ ᠪᠠᠶᠢᠷᠢ ᠭᠠᠵᠢᠬᠤ᠂ ᠣᠷᠣᠨ ᠪᠠᠶᠢᠷᠢ | ᠬᠤᠭᠤᠰᠤᠳᠠᠬᠤ ᠵᠡᠷᠭᠡ ᠠᠰᠠᠭᠤᠳᠠᠯ ᠢ ᠦᠨᠡᠨᠬᠦ ᠰᠢᠢᠳᠪᠦᠷᠢᠯᠡᠬᠦ ᠬᠡᠷᠡᠭᠲᠡᠢ᠃ ᠠᠰᠠᠭᠤᠳᠠᠯ ᠢ ᠣᠯᠵᠤ ᠮᠡᠳᠡᠬᠦ ᠶᠢᠨ | ᠲᠤᠰ ᠪᠡᠶ᠎ᠡ ᠨᠢ ᠳᠠᠷᠤᠶ ᠰᠦᠷᠳᠡᠭᠦᠯᠦᠯ ᠪᠠᠶᠢᠵᠤ᠂ ᠭᠤᠣᠯᠳᠠᠯᠭ᠎ᠠ ᠲᠠᠢ ᠲᠣᠭᠤᠷᠢᠨ ᠪᠠᠶᠢᠴᠠᠭᠠᠭᠳᠠᠭᠴᠢ ᠪᠠᠨ | ᠳᠣᠪᠣᠶᠢᠯᠭᠠᠨ᠂ ᠭᠤᠣᠯᠳᠠᠯᠭ᠎ᠠ ᠲᠠᠢ ᠬᠥᠮᠦᠨ᠂ ᠭᠤᠣᠯᠳᠠᠯᠭ᠎ᠠ ᠲᠠᠢ ᠬᠡᠷᠡᠭ᠂ ᠭᠤᠣᠯᠳᠠᠯᠭ᠎ᠠ ᠲᠠᠢ ᠠᠰᠠᠭᠤᠳᠠᠯ ᠢ | ᠴᠢᠩᠭ᠎ᠠ ᠠᠩᠬᠠᠷᠬᠤ ᠬᠡᠷᠡᠭᠲᠡᠢ᠃ ᠠᠰᠠᠭᠤᠳᠠᠯ ᠢ ᠣᠯᠵᠤ ᠮᠡᠳᠡᠬᠦ ᠪᠣᠯ ᠲᠦᠷᠦᠭᠦᠦ ᠠᠯᠬᠤᠮ ᠪᠠᠶᠢᠵᠤ᠂ ᠠᠰᠠᠭᠤᠳᠠᠯ ᠢ | ᠰᠢᠢᠳᠪᠦᠷᠢᠯᠡᠬᠦ ᠠᠶᠢᠵᠠᠮ ᠴᠤ ᠪᠠᠰᠠ ᠡᠷᠬᠡᠪᠰᠢ ᠠᠮᠵᠢᠵᠦ᠂ ᠢᠯᠵᠠᠷᠠᠯ ᠤᠨ ᠦᠯᠡᠳᠡᠭᠡᠯ ᠢ ᠪᠠᠭᠠᠰᠬᠠᠬᠤ ᠮᠥᠷᠲᠡᠭᠡᠨ | ᠪᠠᠰᠠ ᠢᠯᠵᠠᠷᠠᠯ ᠤᠨ ᠨᠡᠮᠡᠭᠳᠡᠯ ᠢ ᠬᠤᠷᠢᠭᠯᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠲᠣᠭᠤᠷᠢᠨ ᠪᠠᠶᠢᠴᠠᠭᠠᠭᠰᠠᠨ | ᠮᠡᠳᠡᠭᠦᠯᠦᠯᠲᠡ ᠨᠢ ᠠᠰᠠᠭᠤᠳᠠᠯ ᠢ ᠰᠢᠭᠤᠳ ᠵᠢᠭᠠᠵᠤ᠂ ᠲᠣᠭᠤᠷᠢᠨ ᠪᠠᠶᠢᠴᠠᠭᠠᠬᠤ ᠶᠢ ᠬᠦᠯᠢᠶᠡᠭᠰᠡᠨ ᠨᠢᠭᠡᠴᠡ ᠶᠢᠨ | ᠠᠮᠵᠢᠯᠲᠠ ᠶᠢ ᠶᠠᠷᠢᠬᠤ ᠤᠢᠭᠡᠢ᠂ ᠥᠪᠡᠷᠮᠢᠴᠡ ᠴᠢᠨᠠᠷ ᠪᠣᠯᠣᠨ ᠨᠡᠶᠢᠲᠡᠯᠢᠭ ᠴᠢᠨᠠᠷ ᠤᠨ ᠬᠠᠷᠢᠴᠠᠭ᠎ᠠ᠂ ᠬᠡᠷᠡᠭ ᠪᠣᠯᠣᠨ | ᠶᠣᠰᠤ ᠵᠦᠢ ᠶᠢᠨ ᠬᠠᠷᠢᠴᠠᠭ᠎ᠠ ᠶᠢ ᠴᠢᠬᠤᠯᠠᠴᠢᠯᠠᠨ ᠰᠤᠳᠤᠯᠵᠤ᠂ ᠲᠣᠭᠤᠷᠢᠨ ᠪᠠᠶᠢᠴᠠᠭᠠᠬᠤ ᠶᠢ ᠴᠢᠳᠠᠮᠠᠭᠠᠶ ᠪᠠᠷ | ᠬᠡᠷᠡᠭᠯᠡᠨ ᠲᠦᠷᠢᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠠᠰᠠᠭᠤᠳᠠᠯ ᠢ ᠰᠢᠭᠤᠳ ᠵᠢᠭᠠᠬᠤ᠂ ᠭᠡᠳᠡᠷᠭᠦ | ᠰᠢᠬᠠᠵᠤ ᠪᠠᠶᠢᠭᠠᠳ ᠥᠭᠡᠷᠡᠴᠢᠯᠡᠯᠲᠡ ᠶᠢᠨ ᠦᠨᠳᠦᠰᠦ ᠰᠤᠷᠪᠤᠯᠵᠢ ᠠᠴᠠ ᠨᠢ ᠵᠠᠰᠠᠬᠤ ᠦᠢᠯᠡᠳᠦᠯ ᠢ ᠪᠠᠳᠠᠷᠠᠭᠤᠯᠬᠤ | ᠬᠡᠷᠡᠭᠲᠡᠢ᠃ | ᠭᠤᠷᠪᠠ ᠳᠤ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠠᠯ᠎ᠠ ᠪᠠᠷ ᠬᠦᠴᠦ ᠲᠠᠯᠪᠢᠵᠤ᠂ | ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ | ᠬᠡᠷᠡᠭᠲᠡᠶ᠃ ᠲᠣᠭᠤᠷᠢᠨ ᠪᠠᠶᠢᠴᠠᠭᠠᠬᠤ ᠠᠵᠢᠯ ᠢ ᠰᠠᠶᠢᠨ ᠬᠢᠵᠦ ᠴᠢᠳᠠᠭᠰᠠᠨ ᠡᠰᠡᠬᠦ ᠶᠢ ᠵᠥᠪᠬᠡᠨ ᠬᠡᠴᠢᠨᠡᠨ | ᠭᠠᠵᠠᠷ ᠢᠶᠠᠷ ᠲᠣᠭᠤᠷᠢᠨ ᠪᠠᠶᠢᠴᠠᠭᠠᠵᠤ᠂ ᠬᠡᠴᠢᠨᠡᠨ ᠠᠰᠠᠭᠤᠳᠠᠯ ᠢ ᠣᠯᠵᠤ ᠮᠡᠳᠡᠭᠰᠡᠨ ᠢᠶᠠᠷ ᠯᠠ ᠦᠵᠡᠵᠦ ᠪᠣᠯᠬᠤ | ᠦᠭᠡᠢ᠂ ᠵᠠᠩᠭᠢᠯᠠᠭ᠎ᠠ ᠨᠢ ᠦᠷ᠎ᠡ ᠪᠦᠲᠦᠭᠡᠯ ᠢ ᠴᠢᠳᠠᠮᠠᠭᠠᠶ ᠪᠠᠷ ᠬᠡᠷᠡᠭᠯᠡᠵᠦ᠂ ᠠᠰᠠᠭᠤᠳᠠᠯ ᠢ ᠪᠦᠲᠦᠮᠵᠢᠲᠡᠶ ᠪᠠᠷ | ᠰᠠᠶᠢᠲᠤᠷ ᠰᠢᠢᠳᠪᠦᠷᠢᠯᠡᠬᠦ ᠳᠤ ᠪᠣᠢ᠃ ᠴᠡᠭᠴᠡᠯᠡᠨ ᠰᠠᠶᠢᠵᠢᠷᠠᠭᠤᠯᠬᠤ ᠶᠢᠨ ᠬᠠᠷᠢᠭᠤᠴᠠᠯᠭ᠎ᠠ ᠶᠢ ᠬᠥᠨᠳᠥᠷᠡᠭᠦᠯᠵᠦ᠂ | ᠲᠣᠭᠤᠷᠢᠨ ᠪᠠᠶᠢᠴᠠᠭᠠᠬᠤ ᠶᠢ ᠬᠦᠯᠢᠶᠡᠭᠰᠡᠨ ᠨᠢᠭᠡᠴᠡ ᠶᠢᠨ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠲᠡᠭᠦᠨ ᠤ | ᠭᠤᠣᠯ ᠬᠠᠷᠢᠭᠤᠴᠠᠯᠭᠠᠲᠠᠨ ᠯᠤᠭ᠎ᠠ ᠨᠢᠭᠤᠷᠳᠠᠨ ᠠᠰᠠᠭᠤᠳᠠᠯ ᠢ ᠲᠥᠪ ᠴᠢᠩᠭ᠎ᠠ ᠪᠠᠷ ᠵᠢᠭᠠᠨ ᠭᠠᠷᠭᠠᠵᠤ᠂ ᠴᠡᠭᠴᠡᠯᠡᠨ | ᠰᠠᠶᠢᠵᠢᠷᠠᠭᠤᠯᠬᠤ ᠶᠢᠨ ᠳᠠᠷᠤᠯᠲᠠ ᠶᠢ ᠳᠠᠮᠵᠢᠭᠤᠯᠤᠨ ᠪᠣᠳᠠᠲᠠᠶᠢᠵᠢᠭᠤᠯᠬᠤ ᠬᠡᠷᠡᠭᠲᠡᠶ᠃ ᠠᠰᠠᠭᠤᠳᠠᠯ ᠤᠨ | ᠰᠦᠪᠡᠭᠴᠢ ᠶᠢ ᠬᠢᠨᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ︽ᠤᠯᠠᠮ ᠨᠢᠭᠡ ᠠᠯᠬᠤᠮ ᠣᠶᠢᠯᠠᠭᠠᠵᠤ | ᠠᠩᠬᠠᠷᠤᠯ ᠲᠠᠯᠪᠢᠬᠤ︾ ᠲᠥᠷᠥᠯ ᠤᠨ ᠠᠰᠠᠭᠤᠳᠠᠯ ᠤᠨ ᠰᠦᠪᠡᠭᠴᠢ ᠶᠢ ᠭᠤᠣᠯᠳᠠᠯᠭ᠎ᠠ ᠲᠠᠢ ᠠᠩᠬᠠᠷᠴᠤ᠂ ᠤᠷᠢᠳᠠᠪᠠᠷ | ᠰᠢᠢᠳᠪᠦᠷᠢᠯᠡᠨ᠂ ᠬᠢᠵᠠᠭᠠᠷᠯᠠᠭᠰᠠᠨ ᠬᠤᠭᠤᠴᠠᠭᠠᠨ ᠳᠤ ᠭᠦᠢᠴᠡᠳᠬᠡᠵᠦ ᠳᠠᠭᠤᠰᠬᠠᠬᠤ ᠬᠡᠷᠡᠭᠲᠡᠶ᠃ ᠰᠢᠮᠳᠠᠭᠤᠯᠤᠨ | ᠪᠠᠶᠢᠴᠠᠭᠠᠵᠤ ᠰᠢᠮᠳᠠᠭᠤᠯᠤᠨ ᠭᠦᠢᠴᠡᠳᠬᠡᠯᠭᠡᠬᠦ ᠡᠷᠴᠢᠮ ᠢᠶᠠᠨ ᠴᠢᠩᠭᠠᠷᠠᠭᠤᠯᠵᠤ᠂ ᠲᠣᠭᠤᠷᠢᠨ ᠪᠠᠶᠢᠴᠠᠭᠠᠭᠰᠠᠨ ᠤ | ᠴᠡᠭᠴᠡᠯᠡᠨ ᠰᠠᠶᠢᠵᠢᠷᠠᠭᠤᠯᠬᠤ ᠶᠠᠪᠤᠳᠠᠯ ᠳᠤ ᠦᠷᠭᠦᠯᠵᠢᠯᠡᠨ ᠮᠥᠷᠳᠡᠵᠦ ᠦᠷ᠎ᠡ ᠪᠥᠲᠦᠮᠵᠢ ᠶᠢ ᠨᠢ ᠬᠡᠯᠡᠯᠴᠡᠨ᠂ ᠨᠢᠭᠡ | ᠨᠢᠭᠡ ᠪᠠᠷ ᠨᠢ ᠬᠠᠷᠭᠤᠭᠤᠯᠤᠨ ᠬᠠᠰᠤᠵᠤ᠂ ᠤᠴᠢᠷ ᠶᠠᠪᠤᠳᠠᠯ ᠪᠣᠯᠭᠠᠨ ᠳᠤ ᠮᠥᠷ ᠰᠤᠷᠠᠭ ᠲᠠᠢ᠂ ᠬᠡᠷᠡᠭ ᠪᠣᠯᠭᠠᠨ ᠳᠤ | ᠬᠠᠷᠢᠭᠤᠯᠲᠠ ᠲᠠᠢ ᠪᠠᠶᠢᠯᠭᠠᠬᠤ ᠬᠡᠷᠡᠭᠲᠡᠢ᠃ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠨ᠂ ᠣᠪᠣᠷ ᠨᠢ ᠬᠢᠨᠠᠮᠠᠭᠠᠶ | ᠦᠭᠡᠢ᠂ ᠠᠵᠢᠯ ᠨᠢ ᠡᠷᠴᠢᠮ ᠦᠭᠡᠢ᠂ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠭᠰᠠᠨ ᠥᠭᠡᠢ ᠪᠠᠶᠢᠪᠠᠯ ᠴᠢᠩᠭ᠎ᠠ | ᠬᠠᠷᠢᠭᠤᠴᠠᠯᠭ᠎ᠠ ᠨᠡᠬᠡᠮᠵᠢᠯᠡᠵᠦ᠂ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠤᠨ ᠪᠣᠳᠠᠲᠤ ᠦᠷ᠎ᠡ ᠪᠦᠲᠦᠮᠵᠢ ᠤᠯᠬᠤ | ᠪᠠ ᠨᠠᠮ ᠢ ᠬᠠᠮᠢᠶᠠᠷᠤᠨ ᠵᠠᠰᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ | ᠲᠦᠷᠪᠡ ᠳᠤ᠂ ᠠᠵᠢᠯ ᠤᠨ ᠬᠠᠷᠢᠴᠠᠭ᠎ᠠ ᠶᠢ ᠰᠢᠯᠤᠭᠤᠳᠬᠠᠵᠤ᠂ ᠠᠵᠢᠯᠯᠠᠭᠠᠨ ᠨᠢ ᠡᠮᠬᠢ ᠵᠢᠷᠤᠮ ᠲᠠᠢ | ᠠᠵᠢᠯ ᠤᠨ ᠪᠠᠶᠢᠷᠢᠰᠢᠯ ᠢ ᠪᠤᠢ ᠪᠣᠯᠭᠠᠬᠤ ᠬᠡᠷᠡᠭᠲᠡᠶ᠃ ᠨᠢᠭᠡ ᠳᠤ ᠰᠢᠰᠲ᠋ᠧᠮ ᠤᠨ ᠬᠠᠷᠢᠴᠠᠭ᠎ᠠ ᠶᠢ ᠰᠢᠯᠤᠭᠤᠳᠬᠠᠬᠤ | ᠬᠡᠷᠡᠭᠲᠡᠶ᠃ ︽ᠳᠦᠷᠢᠮ︾ ᠢ ᠦᠨᠳᠦᠰᠦᠯᠡᠨ ᠲᠣᠭᠤᠷᠢᠨ ᠪᠠᠶᠢᠴᠠᠭᠠᠬᠤ ᠳᠤᠭᠤᠶᠢᠯᠠᠩ ᠲᠣᠮᠢᠯᠠᠭᠰᠠᠨ ᠨᠠᠮ ᠤᠨ | ᠵᠣᠬᠢᠶᠠᠨ ᠪᠠᠶᠢᠭᠤᠯᠤᠯᠲᠠ᠂ ᠲᠣᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ᠂ ᠲᠣᠭᠤᠷᠢᠨ | ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ᠂ ᠲᠣᠭᠤᠷᠢᠨ ᠪᠠᠶᠢᠴᠠᠭᠠᠬᠤ | ᠳᠤᠭᠤᠶᠢᠯᠠᠩ ᠳᠤ ᠡᠭᠦᠷᠭᠡ ᠬᠠᠷᠢᠭᠤᠴᠠᠯᠭ᠎ᠠ ᠪᠣᠯᠣᠨ ᠡᠷᠬᠡ ᠮᠡᠳᠡᠯ ᠣᠯᠭᠤᠵᠤ᠂ ᠡᠷᠬᠡ ᠪᠣᠯᠣᠨ ᠡᠭᠦᠷᠭᠡ ᠶᠢ | ᠵᠣᠬᠢᠴᠠᠯᠳᠤᠭᠤᠯᠬᠤ᠂ ᠬᠠᠷᠢᠭᠤᠴᠠᠯᠭ᠎ᠠ ᠪᠣᠯᠣᠨ ᠡᠭᠦᠷᠭᠡᠯᠡᠯ ᠢ ᠠᠳᠠᠯᠢ ᠲᠡᠭᠰᠢ ᠪᠠᠶᠢᠯᠭᠠᠬᠤ ᠵᠠᠷᠴᠢᠮ ᠤᠨ ᠶᠣᠰᠣᠭᠠᠷ᠂ | ᠡᠯ᠎ᠡ ᠱᠠᠳᠤ ᠳᠠᠪᠬᠤᠷᠭ᠎ᠠ ᠶᠢᠨ ᠬᠠᠷᠢᠭᠤᠴᠠᠯᠭ᠎ᠠ ᠡᠷᠬᠡ ᠶᠢᠨ ᠬᠠᠷᠢᠴᠠᠭ᠎ᠠ ᠪᠣᠯᠣᠨ ᠠᠵᠢᠯ ᠤᠨ ᠬᠠᠷᠢᠴᠠᠭ᠎ᠠ ᠶᠢ ᠤᠯᠠᠮ | ᠨᠢᠭᠡ ᠠᠯᠬᠤᠮ ᠲᠣᠳᠣᠷᠬᠠᠶᠢᠯᠠᠵᠤ᠂ ᠡᠭᠦᠷᠭᠡ ᠲᠤᠰᠢᠶᠠᠯ ᠢᠶᠠᠨ ᠭᠦᠢᠴᠡᠳᠬᠡᠵᠦ ᠡᠷᠬᠡ ᠪᠠᠨ ᠭᠦᠢᠴᠡᠳᠬᠡᠬᠦ ᠳᠤ | ᠦᠨᠳᠦᠰᠦ ᠪᠠᠷᠢᠮᠲᠠ ᠲᠠᠢ᠂ ᠪᠠᠷᠢᠮᠵᠢᠶ᠎ᠠ ᠲᠠᠢ᠂ ᠶᠣᠰᠣ ᠳᠦᠷᠢᠮ ᠲᠠᠢ᠂ ᠳᠡᠰ ᠳᠠᠷᠠᠭᠠᠯᠠᠯ ᠲᠠᠢ ᠪᠣᠯᠭᠠᠵᠤ᠂ | ᠬᠠᠷᠢᠭᠤᠴᠠᠯᠭ᠎ᠠ ᠡᠷᠬᠡ ᠲᠣᠳᠣᠷᠬᠠᠶ᠂ ᠳᠡᠰ ᠳᠠᠷᠠᠭᠠᠯᠠᠯ ᠲᠣᠳᠣᠷᠬᠠᠶ᠂ ᠲᠤᠰ ᠲᠤᠰ ᠤᠨ ᠡᠭᠦᠷᠭᠡ ᠲᠤᠰᠢᠶᠠᠯ ᠢᠶᠠᠨ | ᠭᠦᠢᠴᠡᠳᠬᠡᠵᠦ᠂ ᠠᠵᠢᠯᠯᠠᠭᠠᠨ ᠨᠢ ᠪᠣᠯᠪᠠᠰᠤᠷᠠᠩᠭᠤᠢ ᠠᠵᠢᠯ ᠤᠨ ᠪᠠᠶᠢᠷᠢᠰᠢᠭᠤᠯᠤᠯᠲᠠ ᠶᠢ ᠪᠣᠢ ᠪᠣᠯᠭᠠᠬᠤ ᠬᠡᠷᠡᠭᠲᠡᠢ᠃ | ᠬᠤᠶᠠᠷ ᠲᠤ ᠲᠣᠭᠤᠷᠢᠨ ᠪᠠᠶᠢᠴᠠᠭᠠᠬᠤ ᠠᠯᠪᠠᠨ ᠭᠡᠷ ᠤᠨ ᠳᠣᠲᠣᠭᠠᠳᠤ ᠠᠵᠢᠯ ᠤᠨ ᠬᠠᠷᠢᠴᠠᠭ᠎ᠠ ᠶᠢ ᠰᠢᠯᠤᠭᠤᠳᠬᠠᠬᠤ | ᠬᠡᠷᠡᠭᠲᠡᠢ᠃ ︽ᠳᠦᠷᠢᠮ︾ ᠳᠤ ᠲᠣᠳᠣᠷᠬᠠᠶ ᠳᠤᠷᠠᠳᠤᠨ ᠭᠠᠷᠭᠠᠭᠰᠠᠨ ᠨᠢ᠂ ᠲᠣᠭᠤᠷᠢᠨ ᠪᠠᠶᠢᠴᠠᠭᠠᠬᠤ ᠠᠵᠢᠯ ᠤᠨ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠭᠡᠳᠡᠭ ᠨᠢ ᠨᠠᠮ ᠤᠨ ᠬᠤᠷᠢᠶ᠎ᠡ ᠶᠢᠨ ᠠᠵᠢᠯ ᠤᠨ ᠰᠠᠯᠠᠭ᠎ᠠ ᠮᠥᠴᠢᠷ | ᠪᠣᠯᠣᠨᠠᠠ᠃ ᠨᠠᠮ ᠤᠨ ᠬᠤᠷᠢᠶ᠎ᠡ ᠶᠢᠨ ᠠᠵᠢᠯ ᠤᠨ ᠰᠠᠯᠠᠭ᠎ᠠ ᠮᠥᠴᠢᠷ ᠪᠣᠯᠤᠨ ᠠᠯᠪᠠᠯᠠᠬᠤ ᠰᠠᠯᠠᠭ᠎ᠠ ᠮᠥᠴᠢᠷ ᠤᠨ | ᠲᠣᠭᠲᠠᠭᠠᠭᠰᠠᠨ ᠬᠡᠮᠵᠢᠶ᠎ᠡ᠂ ᠪᠠᠷᠢᠮᠵᠢᠶ᠎ᠠ ᠪᠣᠯᠣᠨ ᠣᠨᠴᠠᠯᠢᠭ ᠶᠣᠰᠤᠭᠠᠷ ᠵᠣᠬᠢᠶᠠᠨ ᠪᠠᠶᠢᠭᠤᠯᠤᠯᠲᠠ ᠪᠠᠶᠢᠭᠤᠯᠵᠤ᠂ | ᠶᠣᠰᠤ ᠳᠦᠷᠢᠮ ᠲᠣᠭᠲᠠᠭᠠᠨ᠂ ᠠᠵᠢᠯ ᠶᠠᠪᠤᠳᠠᠯ ᠡᠷᠬᠢᠯᠡᠵᠦ᠂ ᠰᠠᠯᠠᠭ᠎ᠠ ᠮᠥᠴᠢᠷ ᠤᠨ ᠠᠵᠢᠯ ᠤᠨ ᠬᠤᠪᠢᠶᠠᠷᠢᠯᠠᠯ᠂ | ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ᠂ ᠲᠤᠬᠠᠶᠢᠯᠠᠭᠰᠠᠨ ᠠᠵᠢᠯ ᠤᠨ ᠪᠠᠷᠢᠮᠵᠢᠶ᠎ᠠ᠂ ᠠᠵᠢᠯᠯᠠᠬᠤ ᠳᠡᠰ | ᠳᠠᠷᠠᠭᠠᠯᠠᠯ ᠢ ᠲᠣᠳᠣᠷᠬᠠᠶᠢᠯᠠᠨ᠂ ᠨᠢᠭᠡᠳᠦᠯᠲᠡᠶ ᠤᠳᠤᠷᠢᠳᠤᠨ᠂ ᠱᠠᠳᠤ ᠬᠤᠪᠢᠶᠠᠨ ᠬᠠᠷᠢᠭᠤᠴᠠᠭᠰᠠᠨ᠂ ᠲᠤᠬᠠᠶᠢᠯᠠᠭᠰᠠᠨ | ᠠᠵᠢᠯ ᠢ ᠰᠢᠰᠲ᠋ᠧᠮᠵᠢᠭᠦᠯᠦᠭᠰᠡᠨ᠂ ᠠᠵᠢᠯ ᠤᠨ ᠪᠠᠶᠢᠷᠢ ᠪᠣᠯᠣᠨ ᠬᠠᠷᠢᠭᠤᠴᠠᠯᠭ᠎ᠠ ᠶᠢ ᠵᠣᠬᠢᠴᠠᠯᠳᠤᠭᠤᠯᠤᠭᠰᠠᠨ᠂ | ᠳᠥᠭᠦᠮ ᠳᠥᠲᠡ ᠪᠥᠭᠡᠳ ᠥᠨᠳᠥᠷ ᠦᠷ᠎ᠡ ᠪᠦᠲᠦᠮᠵᠢᠲᠡᠶ᠂ ᠪᠡᠶ᠎ᠡ ᠪᠠᠨ ᠳᠠᠭᠠᠭᠠᠵᠤ ᠠᠵᠢᠯᠯᠠᠬᠤ ᠠᠵᠢᠯ ᠤᠨ | ᠪᠠᠶᠢᠷᠢᠰᠢᠭᠤᠯᠤᠯ ᠢ ᠪᠣᠢ ᠪᠣᠯᠭᠠᠵᠤ᠂ ᠨᠢᠭᠡᠳᠦᠯᠲᠡᠶ ᠲᠥᠯᠥᠪᠯᠡᠬᠦ ᠬᠠᠷᠢᠭᠤᠴᠠᠯᠭ᠎ᠠ᠂ ᠵᠣᠬᠢᠴᠠᠭᠤᠯᠬᠤ ᠬᠠᠷᠢᠭᠤᠴᠠᠯᠭ᠎ᠠ᠂ | ᠵᠢᠯᠤᠭᠤᠳᠬᠤ ᠬᠠᠷᠢᠭᠤᠴᠠᠯᠭ᠎ᠠ ᠶᠢ ᠦᠨᠡᠨ ᠬᠦ ᠰᠠᠶᠢᠲᠤᠷ ᠭᠦᠢᠴᠡᠳᠬᠡᠬᠦ ᠬᠡᠷᠡᠭᠲᠡᠶ᠃ ᠭᠤᠷᠪᠠ ᠳᠤ ᠳᠣᠲᠣᠭᠠᠳᠤ | ᠭᠠᠳᠠᠭᠠᠳᠤ ᠬᠠᠷᠢᠴᠠᠭ᠎ᠠ ᠶᠢ ᠰᠢᠯᠤᠭᠤᠳᠬᠠᠬᠤ ᠬᠡᠷᠡᠭᠲᠡᠶ᠃ ︽ᠳᠦᠷᠢᠮ︾ ᠳᠤ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠪᠠᠶᠢᠭᠤᠯᠭ᠎ᠠ᠂ ᠬᠢᠨᠠᠨ ᠪᠤᠳᠤᠬᠤ ᠪᠠᠶᠢᠭᠤᠯᠭ᠎ᠠ᠂ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ | ᠪᠣᠯᠣᠨ ᠵᠣᠬᠢᠶᠠᠨ ᠪᠠᠶᠢᠭᠤᠯᠤᠯᠲᠠ᠂ ᠵᠠᠬᠢᠳᠠᠯ ᠰᠤᠷᠪᠤᠯᠵᠢᠯᠠᠯ ᠵᠡᠷᠭᠡ ᠰᠠᠯᠠᠭ᠎ᠠ ᠮᠥᠴᠢᠷ ᠨᠢᠭᠡᠴᠡ ᠠᠴᠠ ᠲᠣᠭᠤᠷᠢᠨ | ᠪᠠᠶᠢᠴᠠᠭᠠᠬᠤ ᠠᠵᠢᠯ ᠢ ᠬᠠᠪᠰᠤᠷᠬᠤ ᠪᠤᠶᠤ ᠳᠡᠮᠵᠢᠵᠦ ᠬᠠᠮᠵᠢᠬᠤ ᠬᠠᠷᠢᠭᠤᠴᠠᠯᠭ᠎ᠠ ᠪᠣᠯᠣᠨ ᠡᠭᠦᠷᠭᠡ ᠲᠠᠢ ᠭᠡᠵᠦ | ᠲᠣᠳᠣᠷᠬᠠᠶ ᠲᠣᠭᠲᠠᠭᠠᠪᠠ᠃ ᠡᠳᠡᠭᠡᠷ ᠡᠷᠬᠡ ᠰᠥᠷ ᠲᠠᠢ ᠲᠦᠷᠦ ᠶᠢᠨ ᠪᠤᠳᠤᠯᠭ᠎ᠠ ᠶᠢ ᠭᠦᠢᠴᠡᠳ ᠰᠠᠶᠢᠲᠤᠷ ᠬᠡᠷᠡᠭᠯᠡᠨ᠂ | ᠬᠠᠮᠵᠢᠯᠴᠠᠨ ᠠᠵᠢᠯᠯᠠᠬᠤ ᠪᠣᠳᠠᠲᠠᠶ ᠠᠷᠭ᠎ᠠ ᠶᠢ ᠲᠡᠭᠦᠯᠳᠡᠷᠵᠢᠭᠦᠯᠦᠨ᠂ ᠬᠤᠯᠪᠣᠭᠳᠠᠯ ᠪᠦᠬᠦᠢ ᠡᠯ᠎ᠡ ᠲᠠᠯ᠎ᠠ ᠶᠢᠨ ᠬᠢᠨ | ᠯᠦᠭᠡ ᠶᠢᠨ ᠬᠠᠷᠢᠴᠠᠭ᠎ᠠ ᠪᠠᠨ ᠰᠢᠯᠤᠭᠤᠳᠬᠠᠵᠤ᠂ ᠬᠠᠮᠵᠢᠯᠴᠠᠨ ᠠᠵᠢᠯᠯᠠᠬᠤ ᠵᠠᠭᠪᠤᠷ ᠢ ᠪᠠᠶᠢᠭᠤᠯᠵᠤ᠂ ᠬᠦᠴᠦᠷᠬᠡᠭ | ᠶᠡᠭᠡ ᠨᠡᠶᠢᠯᠡᠮᠡᠯ ᠬᠦᠴᠦᠨ ᠢ ᠪᠣᠢ ᠪᠣᠯᠭᠠᠬᠤ ᠬᠡᠷᠡᠭᠲᠡᠶ᠃ | ᠲᠠᠪᠤ ᠳᠤ ᠳᠦᠷᠢᠮ ᠤᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠲᠣᠭᠤᠷᠢᠨ ᠪᠠᠶᠢᠴᠠᠭᠠᠬᠤ ᠠᠵᠢᠯ ᠢ | ᠵᠢᠷᠤᠮᠵᠢᠭᠤᠯᠬᠤ᠂ ᠳᠦᠷᠢᠮᠵᠢᠭᠦᠯᠬᠦ ᠶᠢ ᠲᠦᠯᠬᠢᠨ ᠠᠬᠢᠭᠤᠯᠬᠤ ᠬᠡᠷᠡᠭᠲᠡᠢ᠃ ᠨᠠᠮ ᠤᠨ ᠳᠣᠲᠤᠭᠠᠳᠤ ᠶᠢᠨ ᠬᠠᠤᠯᠢ | ᠲᠣᠭᠲᠠᠭᠠᠯ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠪᠡᠯ ᠰᠠᠶ᠋ᠢ ᠨᠠᠮ ᠢ ᠴᠢᠩᠭ᠎ᠠ ᠵᠠᠰᠠᠬᠤ᠂ ᠲᠣᠭᠲᠠᠭᠠᠯ | ᠶᠣᠰᠤᠭᠠᠷ ᠨᠠᠮ ᠢ ᠵᠠᠰᠠᠬᠤ ᠳᠤ ᠳᠦᠷᠢᠮ ᠤᠨ ᠪᠠᠲᠤᠯᠠᠭ᠎ᠠ ᠬᠠᠩᠭᠠᠵᠤ ᠴᠢᠳᠠᠨ᠎ᠠ᠃ ᠲᠣᠭᠤᠷᠢᠨ ᠪᠠᠶᠢᠴᠠᠭᠠᠬᠤ | ᠬᠠᠷᠢᠭᠤᠴᠠᠯᠭ᠎ᠠ ᠶᠢᠨ ᠳᠠᠪᠬᠤᠷᠭ᠎ᠠ ᠶᠢᠨ ᠳᠦᠷᠢᠮ ᠢ ᠲᠡᠭᠦᠯᠳᠡᠷᠵᠢᠭᠦᠯᠬᠦ ᠬᠡᠷᠡᠭᠲᠡᠢ᠃ ︽ᠳᠦᠷᠢᠮ︾ ᠳᠤ ᠲᠣᠭᠤᠷᠢᠨ | ᠪᠠᠶᠢᠴᠠᠭᠠᠬᠤ ᠠᠵᠢᠯ ᠤᠨ ᠬᠤᠯᠪᠤᠭᠳᠠᠯ ᠪᠦᠬᠦᠢ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠲᠣᠳᠤᠷᠬᠠᠶᠢᠯᠠᠵᠤ᠂ ᠲᠣᠭᠤᠷᠢᠨ | ᠪᠠᠶᠢᠴᠠᠭᠠᠬᠤ ᠠᠵᠢᠯ ᠤᠨ ᠬᠠᠷᠢᠭᠤᠴᠠᠯᠭ᠎ᠠ ᠶᠢᠨ ᠳᠦᠷᠢᠮ ᠤᠨ ᠪᠣᠳᠠᠲᠠᠢ ᠲᠣᠭᠲᠠᠭᠠᠯ ᠢ ᠰᠣᠳᠤᠯᠤᠨ ᠲᠣᠭᠲᠠᠭᠠᠵᠤ᠂ | ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠤᠷᠬᠠᠶᠢᠯᠠᠨ᠂ ᠬᠠᠷᠢᠭᠤᠴᠠᠯᠭ᠎ᠠ ᠶᠢ ᠨᠠᠷᠢᠯᠢᠭᠵᠢᠭᠤᠯᠵᠤ᠂ | ᠬᠠᠷᠢᠭᠤᠴᠠᠯᠭ᠎ᠠ ᠶᠢ ᠬᠦᠨᠳᠦᠷᠡᠭᠦᠯᠦᠭᠰᠡᠨ ᠪᠠᠶᠢᠨ᠎ᠠ᠃ ᠲᠣᠭᠤᠷᠢᠨ ᠪᠠᠶᠢᠴᠠᠭᠠᠬᠤ ᠡᠭᠦᠷᠭᠡ ᠶᠢᠨ ᠳᠠᠪᠬᠤᠷᠭ᠎ᠠ ᠶᠢᠨ | ᠳᠦᠷᠢᠮ ᠢ ᠲᠡᠭᠦᠯᠳᠡᠷᠵᠢᠭᠦᠯᠬᠦ ᠬᠡᠷᠡᠭᠲᠡᠢ᠃ ︽ᠳᠦᠷᠢᠮ︾ ᠨᠢ ᠠᠵᠢᠯ ᠤᠨ ᠬᠡᠪᠴᠢᠶ᠎ᠡ ᠪᠠ ᠡᠷᠬᠡ ᠮᠡᠳᠡᠯ᠂ ᠠᠵᠢᠯ ᠤᠨ | ᠠᠷᠭ᠎ᠠ ᠮᠠᠶ᠋ᠢᠭ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠪᠠ ᠦᠷ᠎ᠡ ᠪᠦᠲᠦᠭᠡᠯ ᠢ ᠬᠡᠷᠡᠭᠯᠡᠬᠦ ᠵᠡᠷᠭᠡ ᠲᠠᠯ | ᠪᠠᠷ ᠠᠯᠢ ᠤᠯᠠᠨ ᠰᠢᠨ᠎ᠡ ᠱᠠᠭᠠᠷᠳᠠᠯᠭ᠎ᠠ ᠳᠤᠷᠠᠳᠴᠤ᠂ ᠰᠢᠨ᠎ᠡ ᠱᠠᠭᠠᠷᠳᠠᠯᠭ᠎ᠠ ᠪᠠᠷ ᠬᠠᠷᠢᠴᠠᠭᠤᠯᠤᠨ ᠰᠢᠨ᠎ᠡ ᠠᠷᠭ᠎ᠠ ᠶᠢ | ᠰᠣᠳᠤᠯᠤᠨ ᠲᠣᠭᠲᠠᠭᠠᠵᠤ᠂ ᠵᠦᠢᠯ ᠵᠣᠷᠪᠤᠰ ᠪᠦᠷᠢ ᠶᠢᠨ ᠲᠣᠭᠲᠠᠭᠠᠯ ᠢ ᠪᠣᠳᠠᠲᠠᠶᠢᠵᠢᠭᠤᠯᠵᠤ᠂ ᠠᠵᠢᠯᠯᠠᠭᠠᠨᠵᠢᠭᠤᠯᠵᠤ᠂ | ᠳᠦᠷᠢᠮᠵᠢᠭᠦᠯᠵᠦ᠂ ᠲᠣᠭᠤᠷᠢᠨ ᠪᠠᠶᠢᠴᠠᠭᠠᠬᠤ ᠠᠵᠢᠯ ᠦᠷᠨᠢᠭᠦᠯᠬᠦ ᠶᠢᠨ ᠰᠠᠶᠢᠨ ︽ᠪᠠᠭᠠᠵᠢ︾ ᠪᠣᠯᠭᠠᠨ | ᠬᠤᠪᠢᠷᠠᠭᠤᠯᠬᠤ ᠬᠡᠷᠡᠭᠲᠡᠢ᠃ ︽ᠳᠦᠷᠢᠮ︾ ᠢ ᠲᠤᠤᠱᠠᠯᠠᠭᠤᠯᠬᠤ ᠶᠢᠨ ᠬᠡᠷᠡᠭᠵᠢᠭᠦᠯᠬᠦ ᠠᠷᠭ᠎ᠠ ᠶᠢ ᠱᠠᠯᠠᠪᠳᠠᠨ | ᠰᠣᠳᠤᠯᠤᠨ ᠲᠣᠭᠲᠠᠭᠠᠵᠤ᠂ ᠲᠥᠪ ᠬᠤᠷᠢᠶ᠎ᠠ ᠶᠢᠨ ᠵᠣᠷᠢᠭ ᠰᠠᠨᠠᠭ᠎ᠠ ᠳᠤ ᠨᠡᠶᠢᠴᠡᠭᠰᠡᠨ᠂ ᠪᠦᠷᠢᠨ ᠲᠡᠭᠦᠯᠳᠡᠷ ᠢᠵᠢ | ᠪᠦᠷᠢᠳᠦᠭᠰᠡᠨ᠂ ᠲᠣᠭᠤᠷᠢᠨ ᠪᠠᠶᠢᠴᠠᠭᠠᠬᠤ ᠠᠵᠢᠯ ᠤᠨ ᠲᠦᠬᠦᠷ ᠳᠦᠷᠢᠮ ᠪᠠ ᠠᠷᠭ᠎ᠠ ᠬᠡᠮᠵᠢᠶ᠎ᠡ ᠶᠢ ᠪᠣᠢ ᠪᠣᠯᠭᠠᠬᠤ | ᠬᠡᠷᠡᠭᠲᠡᠢ᠃ ︽ᠳᠦᠷᠢᠮ︾ ᠪᠠ ᠲᠣᠭᠤᠷᠢᠨ ᠪᠠᠶᠢᠴᠠᠭᠠᠬᠤ ᠠᠵᠢᠯ ᠤᠨ ᠳᠦᠬᠦᠷ ᠳᠦᠷᠢᠮ ᠲᠣᠭᠲᠠᠭᠠᠯ ᠶᠢ | ᠰᠤᠷᠤᠯᠴᠠᠵᠤ ᠤᠬᠠᠭᠤᠯᠬᠤ ᠪᠠᠨ ᠴᠢᠩᠭᠠᠳᠬᠠᠬᠤ ᠬᠡᠷᠡᠭᠲᠡᠢ᠃ | ᠰᠣᠷᠪᠤᠯᠵᠢᠯᠠᠭᠴᠢ᠄ ︽ᠳᠦᠷᠢᠮ︾ ᠤᠨ 28 ᠳ᠋ᠤᠭᠠᠷ ᠵᠦᠢᠯ ᠳᠤ ᠲᠣᠭᠲᠠᠭᠠᠭᠰᠠᠨ ᠨᠢ ︽ᠤᠳᠤᠷᠢᠳᠬᠤ | ᠺᠠᠳ᠋ᠷ ᠤᠨ ᠰᠠᠬᠢᠯᠭ᠎ᠠ ᠪᠠᠲᠤ ᠶᠢ ᠵᠥᠷᠢᠴᠡᠭᠰᠡᠨ ᠰᠡᠵᠢᠭᠲᠡᠶ ᠰᠦᠪᠡᠭᠴᠢ ᠪᠠ ᠰᠤᠷᠲᠠᠯ ᠤᠨ ᠲᠠᠯ᠎ᠠ ᠪᠠᠷ ᠬᠢ ᠳᠣᠪᠤᠶᠢᠮ᠎ᠠ | ᠠᠰᠠᠭᠤᠳᠠᠯ ᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠬᠤ | ᠬᠡᠷᠡᠭᠲᠡᠢ︾᠂ 29 ᠳ᠋ᠦ᠋ᠭᠡᠷ ᠵᠦᠢᠯ ᠳᠤ ᠵᠠᠯᠭᠠᠭᠠᠳ ᠲᠣᠭᠤᠷᠢᠨ ᠪᠠᠶᠢᠴᠠᠭᠠᠭᠠᠳ ᠰᠢᠯᠵᠢᠭᠦᠯᠦᠨ ᠲᠤᠰᠢᠶᠠᠭᠰᠠᠨ | ᠠᠰᠠᠭᠤᠳᠠᠯ ᠤᠨ ᠰᠦᠪᠡᠭᠴᠢ ᠶᠢ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠪᠠᠶᠢᠭᠤᠯᠭ᠎ᠠ ᠶᠢᠨ ᠰᠢᠢᠳᠪᠦᠷᠢᠯᠡᠬᠦ ᠶᠠᠪᠤᠳᠠᠯ ᠳᠤ ᠲᠣᠳᠣᠷᠬᠠᠶ ᠲᠣᠭᠲᠠᠭᠠᠯ ᠭᠠᠷᠭᠠᠭᠰᠠᠨ ᠪᠠᠶᠢᠨ᠎ᠠ᠂ ᠲᠠᠨ ᠤ ᠦᠵᠡᠬᠦ | ᠪᠠᠷ ᠦᠪᠡᠷᠲᠡᠭᠡᠨ ᠵᠠᠰᠠᠬᠤ ᠤᠷᠤᠨ ᠤ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠪᠠᠶᠢᠭᠤᠯᠭ᠎ᠠ ᠡᠨᠡᠬᠦ ᠲᠣᠭᠲᠠᠭᠠᠯ ᠢ ᠬᠡᠷᠬᠢᠨ ᠨᠡᠩ ᠰᠠᠶᠢᠲᠤᠷ ᠲᠤᠤᠱᠠᠯᠠᠭᠤᠯᠤᠨ ᠨᠠᠶᠢᠳᠠᠪᠤᠷᠢᠵᠢᠭᠤᠯᠬᠤ ᠪᠣᠢ︖ | ᠵᠠᠩ ᠯᠢ᠄ ᠦᠨᠳᠦᠰᠦᠨ ᠠᠴᠠ ᠨᠢ ᠠᠪᠴᠤ ᠬᠡᠯᠡᠪᠡᠯ᠂ ᠲᠣᠭᠤᠷᠢᠨ ᠪᠠᠶᠢᠴᠠᠭᠠᠬᠤ ᠠᠵᠢᠯ ᠪᠣᠯᠤᠨ ᠰᠠᠬᠢᠯᠭ᠎ᠠ | ᠪᠠᠲᠤ ᠪᠠᠶᠢᠴᠠᠭᠠᠬᠤ ᠠᠵᠢᠯ ᠢ ᠴᠦᠮ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠠ | ᠢᠯᠵᠠᠷᠠᠯ ᠢ ᠡᠰᠡᠷᠭᠦᠴᠡᠬᠦ ᠲᠡᠮᠡᠴᠡᠯ ᠤᠨ ᠡᠨᠡᠬᠦ ᠭᠤᠣᠯ ᠵᠦᠢᠯ ᠤᠨ ᠲᠣᠭᠤᠷᠢᠨ ᠳᠤ ᠥᠷᠨᠢᠭᠦᠯᠵᠦ᠂ ᠠᠵᠢᠯ ᠤᠨ | ᠬᠤᠪᠢᠶᠠᠷᠢᠯᠠᠯ ᠨᠢ ᠠᠳᠠᠯᠢ ᠦᠭᠡᠢ ᠪᠣᠯᠪᠠᠴᠤ ᠬᠠᠷᠠᠯᠲᠠ ᠨᠢ ᠨᠢᠭᠡᠳᠦᠯᠲᠡᠢ ᠶᠤᠮ᠃ ᠰᠢ ᠶᠢᠨ ᠫᠢᠩ ᠶᠡᠷᠦᠩᠬᠡᠢ ᠱᠦᠵᠢ | ᠲᠣᠭᠤᠷᠢᠨ ᠪᠠᠶᠢᠴᠠᠭᠠᠬᠤ ᠪᠠᠷ ᠪᠦᠬᠦᠨ ᠢ ᠬᠠᠮᠤᠷᠬᠤ ᠳᠤ᠂ ᠪᠠᠶᠢᠴᠠᠭᠠᠨ ᠰᠢᠢᠳᠪᠦᠷᠢᠯᠡᠬᠦ ᠶᠢᠨ ᠳᠠᠭᠠᠵᠤ ᠠᠮᠵᠢᠬᠤ ᠪᠠᠷ | ᠪᠠᠰᠠ ᠪᠦᠬᠦᠨ ᠢ ᠬᠠᠮᠤᠷᠬᠤ ᠬᠡᠷᠡᠭᠲᠡᠢ ᠭᠡᠵᠦ ᠲᠣᠳᠤᠷᠬᠠᠢ ᠱᠠᠭᠠᠷᠳᠠᠪᠠ᠃ ᠸᠠᠩ ᠴᠢ ᠱᠠᠨ ᠨᠦᠬᠦᠷ ᠵᠢᠭᠠᠨ | ᠭᠠᠷᠭᠠᠭᠰᠠᠨ ᠨᠢ᠂ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢ ᠨᠠᠮ ᠤᠨ ᠰᠠᠬᠢᠯᠭ᠎ᠠ ᠪᠠᠲᠤ ᠶᠢᠨ ᠬᠢᠨᠠᠯᠲᠠ | ᠲᠠᠯᠪᠢᠬᠤ᠂ ᠲᠣᠮᠢᠯᠠᠨ ᠰᠠᠭᠤᠯᠭᠠᠵᠤ ᠬᠢᠨᠠᠯᠲᠠ ᠲᠠᠯᠪᠢᠬᠤ ᠯᠤᠭ᠎ᠠ ᠣᠷᠭᠠᠨᠢᠭ ᠢᠶᠠᠷ ᠤᠶᠠᠯᠳᠤᠭᠤᠯᠵᠤ᠂ ᠲᠣᠭᠤᠷᠢᠨ | ᠪᠠᠶᠢᠴᠠᠭᠠᠭᠠᠳ ᠰᠢᠯᠵᠢᠭᠦᠯᠦᠨ ᠲᠤᠰᠢᠶᠠᠭᠰᠠᠨ ᠠᠰᠠᠭᠤᠳᠠᠯ ᠤᠨ ᠰᠦᠪᠡᠭᠴᠢ ᠶᠢ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠪᠠᠶᠢᠭᠤᠯᠭ᠎ᠠ ᠴᠠᠭ ᠲᠤᠬᠠᠢ ᠳᠤᠨᠢ ᠰᠢᠢᠳᠪᠦᠷᠢᠯᠡᠬᠦ ᠶᠢ ᠱᠠᠭᠠᠷᠳᠠᠵᠤ᠂ ᠰᠠᠬᠢᠯᠭ᠎ᠠ ᠪᠠᠲᠤ ᠶᠢ | ᠵᠥᠷᠢᠴᠡᠭᠰᠡᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠶ ᠭᠡᠵᠡᠢ᠃ ᠲᠣᠭᠤᠷᠢᠨ ᠪᠠᠶᠢᠴᠠᠭᠠᠬᠤ | ᠠᠵᠢᠯ ᠪᠠ ᠰᠠᠬᠢᠯᠭ᠎ᠠ ᠪᠠᠲᠤ ᠪᠠᠶᠢᠴᠠᠭᠠᠬᠤ ᠠᠵᠢᠯ ᠨᠢ ᠴᠦᠮ ᠲᠥᠪ ᠬᠤᠷᠢᠶ᠎ᠠ ᠶᠢᠨ ᠱᠠᠭᠠᠷᠳᠠᠯᠭ᠎ᠠ ᠶᠣᠰᠤᠭᠠᠷ᠂ ︽ | ᠳᠦᠷᠢᠮ︾ ᠢ ᠲᠤᠤᠱᠠᠯᠠᠭᠤᠯᠤᠨ ᠬᠡᠷᠡᠭᠵᠢᠭᠦᠯᠬᠦ ᠪᠠᠷ ᠳᠣᠬᠢᠶᠠᠯ ᠪᠣᠯᠭᠠᠨ᠂ ᠵᠣᠬᠢᠶᠠᠨ ᠪᠠᠶᠢᠭᠤᠯᠤᠨ ᠵᠣᠬᠢᠴᠠᠭᠤᠯᠬᠤ᠂ | ᠨᠢᠭᠲᠠ ᠬᠠᠮᠵᠢᠯᠴᠠᠬᠤ ᠪᠠᠨ ᠴᠢᠩᠭᠠᠳᠬᠠᠵᠤ᠂ ᠰᠠᠬᠢᠯᠭ᠎ᠠ ᠪᠠᠲᠤ᠂ ᠶᠣᠰᠤ ᠳᠦᠷᠢᠮ ᠠᠴᠠ ᠵᠦᠷᠢᠴᠡᠭᠰᠡᠨ | ᠠᠰᠠᠭᠤᠳᠠᠯ ᠢ ᠣᠯᠵᠤ ᠮᠡᠳᠡᠬᠦ ᠪᠠ ᠪᠠᠶᠢᠴᠠᠭᠠᠨ ᠰᠢᠢᠳᠪᠦᠷᠢᠯᠡᠵᠦ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ | ᠱᠠᠭᠠᠷᠳᠠᠯᠭ᠎ᠠ ᠶᠢ ᠪᠣᠳᠠᠲᠤ ᠭᠠᠵᠠᠷ ᠲᠤᠨᠢ ᠨᠠᠶᠢᠳᠠᠪᠤᠷᠢᠵᠢᠭᠤᠯᠬᠤ ᠬᠡᠷᠡᠭᠲᠡᠢ᠃ | ᠨᠢᠭᠡ ᠳᠤ ᠪᠠᠶᠢᠷᠢ ᠲᠣᠭᠲᠠᠭᠠᠯᠲᠠ ᠪᠠᠨ ᠣᠨᠤᠪᠴᠢᠲᠠᠢ ᠣᠯᠵᠤ᠂ ᠭᠤᠣᠯ ᠠᠵᠢᠯ ᠦᠢᠯᠡᠰ ᠲᠡᠭᠡᠨ | ᠠᠩᠬᠠᠷᠤᠯ ᠢᠶᠠᠨ ᠲᠦᠪᠯᠡᠷᠡᠭᠦᠯᠬᠦ ᠬᠡᠷᠡᠭᠲᠡᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠲᠣᠭᠤᠷᠢᠨ | ᠪᠠᠶᠢᠴᠠᠭᠠᠬᠤ ᠠᠵᠢᠯ ᠨᠢ ᠡᠭᠦᠷᠭᠡ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠪᠠᠨ ᠣᠨᠤᠪᠴᠢᠲᠠᠢ ᠣᠯᠵᠤ᠂ ︽ | ᠨᠢᠭᠡᠨ ᠭᠤᠣᠯ︾ ᠳᠤ ᠠᠩᠬᠠᠷᠤᠯ ᠢᠶᠠᠨ ᠲᠥᠪᠯᠡᠷᠡᠭᠦᠯᠦᠨ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ | ᠨᠢᠭᠡᠨᠲᠡ 6 ᠡᠭᠡᠯᠵᠢ ᠶᠢᠨ ᠲᠣᠭᠤᠷᠢᠨ ᠪᠠᠶᠢᠴᠠᠭᠠᠯᠲᠠ ᠬᠢᠵᠦ᠂ ᠨᠢᠭᠡ ᠪᠦᠯᠦᠭ ᠤᠳᠤᠷᠢᠳᠬᠤ ᠺᠠᠳ᠋ᠷ ᠤᠨ ᠠᠰᠠᠭᠤᠳᠠᠯ | ᠤᠨ ᠰᠦᠪᠡᠭᠴᠢ ᠪᠠ ᠰᠠᠬᠢᠯᠭ᠎ᠠ ᠪᠠᠲᠤ᠂ ᠰᠤᠷᠲᠠᠯ᠂ ᠢᠯᠵᠠᠷᠠᠯ᠂ ᠬᠦᠮᠦᠨ ᠰᠤᠩᠭᠤᠵᠤ ᠬᠦᠮᠦᠨ ᠬᠡᠷᠡᠭᠯᠡᠬᠦ ᠲᠠᠯ᠎ᠠ ᠶᠢᠨ | ᠳᠣᠪᠤᠶᠢᠮ᠎ᠠ ᠠᠰᠠᠭᠤᠳᠠᠯ ᠢ ᠣᠯᠵᠤ ᠮᠡᠳᠡᠨ᠂ ᠬᠦᠴᠦᠷᠬᠡᠭ ᠶᠡᠭᠡ ᠰᠦᠷᠳᠡᠭᠦᠯᠦᠯ ᠢ ᠪᠣᠢ ᠪᠣᠯᠭᠠᠪᠠ᠃ ᠪᠠᠶᠢᠳᠠᠯ ᠨᠢ | ᠡᠭᠦᠷᠭᠡ ᠶᠢ ᠲᠣᠭᠲᠠᠭᠠᠨ᠎ᠠ᠃ ᠲᠥᠪ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠤᠨ ᠴᠢᠭᠯᠡᠯᠲᠡ ᠶᠢ ᠡᠷᠬᠡᠪᠰᠢ | ᠡᠷᠡᠰ ᠭᠤᠶᠢᠪᠢᠰᠢ ᠦᠭᠡᠢ ᠪᠠᠷ ᠲᠤᠤᠱᠯᠠᠭᠤᠯᠵᠤ᠂ ᠲᠣᠭᠤᠷᠢᠨ ᠪᠠᠶᠢᠴᠠᠭᠠᠬᠤ ᠶᠢᠨ ᠡᠷᠴᠢᠮ ᠪᠠ ᠠᠶᠢᠵᠠᠮ ᠢ | ᠪᠠᠷᠢᠮᠳᠠᠯᠠᠨ᠂ ᠬᠤᠪᠢᠷᠠᠰᠢ ᠦᠭᠡᠢ ᠠᠯᠬᠤᠮ ᠢ ᠭᠢᠰᠭᠢᠵᠦ᠂ ᠢᠯᠵᠠᠷᠠᠯ ᠢ ᠡᠰᠡᠷᠭᠦᠴᠡᠬᠦ ᠳᠠᠬᠢ ᠲᠣᠭᠤᠷᠢᠨ | ᠪᠠᠶᠢᠴᠠᠭᠠᠬᠤ ᠶᠢᠨ ᠬᠤᠷᠴᠠ ᠰᠡᠯᠡᠮ᠎ᠡ ᠶᠢ ᠰᠠᠶᠢᠲᠤᠷ ᠬᠡᠷᠡᠭᠯᠡᠬᠦ ᠬᠡᠷᠡᠭᠲᠡᠢ᠃ ᠡᠯ᠎ᠡ ᠱᠠᠲᠤᠨ ᠤ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠨᠤᠭᠤᠳ ᠲᠥᠪ ᠪᠠ ᠦᠪᠡᠷᠲᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ᠶᠢᠨ ᠱᠠᠭᠠᠷᠳᠠᠯᠭ᠎ᠠ ᠶᠢ ᠳᠠᠭᠠᠵᠤ᠂ ᠦᠵᠡᠯ ᠰᠠᠨᠠᠭ᠎ᠠ ᠤᠶᠢᠯᠠᠭᠠᠭᠳᠠᠬᠤᠨ ᠢᠶᠠᠨ ᠬᠤᠪᠢᠷᠠᠭᠤᠯᠤᠨ᠂ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠶᠢᠨ ᠡᠭᠦᠷᠭᠡ ᠴᠢᠳᠠᠪᠤᠷᠢ ᠪᠠᠨ ᠬᠤᠪᠢᠷᠠᠭᠤᠯᠬᠤ᠂ ᠠᠷᠭ᠎ᠠ ᠮᠠᠶ᠋ᠢᠭ ᠢᠶᠠᠨ | ᠬᠤᠪᠢᠷᠠᠭᠤᠯᠬᠤ᠂ ᠰᠤᠷᠲᠠᠯ ᠢᠶᠠᠨ ᠬᠤᠪᠢᠷᠠᠭᠤᠯᠬᠤ ᠶᠢ ᠲᠦᠯᠬᠢᠨ ᠠᠬᠢᠭᠤᠯᠵᠤ᠂ ᠰᠠᠬᠢᠯᠭ᠎ᠠ ᠪᠠᠲᠤ ᠪᠠᠶᠢᠴᠠᠭᠠᠬᠤ | ᠠᠵᠢᠯ ᠢ ᠦᠨᠡᠨᠬᠦ ᠭᠤᠣᠯ ᠱᠤᠭᠤᠮ ᠭᠤᠣᠯ ᠦᠢᠯᠡᠰ ᠭᠤᠣᠯ ᠬᠠᠷᠢᠭᠤᠴᠠᠯᠭ᠎ᠠ ᠶᠢᠨ ᠲᠠᠯ᠎ᠠ ᠳᠤ ᠲᠦᠪᠯᠡᠷᠡᠭᠦᠯᠵᠤ᠂ | ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢ ᠢᠳᠡᠪᠬᠢᠲᠡᠢ ᠬᠠᠪᠰᠤᠷᠤᠨ ᠨᠠᠮ ᠤᠨ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠬᠤ ᠪᠠ ᠢᠯᠵᠠᠷᠠᠯ ᠢ ᠡᠰᠡᠷᠭᠦᠴᠡᠬᠦ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠬᠤ | ᠬᠡᠷᠡᠭᠲᠡᠢ᠃ | ᠬᠤᠶᠠᠷ ᠲᠤ ᠭᠤᠣᠯᠳᠠᠯᠭ᠎ᠠ ᠶᠢ ᠠᠳᠬᠤᠨ᠂ ᠠᠭᠤᠯᠭ᠎ᠠ ᠶᠢ ᠭᠦᠨᠵᠡᠭᠡᠶᠢᠷᠡᠭᠦᠯᠬᠦ ᠬᠡᠷᠡᠭᠲᠡᠢ᠃ ︽ᠳᠦᠷᠢᠮ︾ | ᠳᠤ᠂ ︽ᠵᠢᠷᠭᠤᠭᠠᠨ ᠶᠡᠭᠡ ᠰᠠᠬᠢᠯᠭ᠎ᠠ ᠪᠠᠲᠤ︾ ᠶᠢ ᠴᠢᠩᠭ᠎ᠠ ᠠᠳᠬᠤᠨ᠂ ︽ᠳᠥᠷᠪᠡᠨ ᠬᠥᠴᠦᠯᠡᠬᠦ︾ ᠶᠢ | ᠭᠦᠨᠵᠡᠭᠡᠶᠢᠷᠡᠭᠦᠯᠵᠦ᠂ ᠠᠰᠠᠭᠤᠳᠠᠯ ᠢ ᠣᠯᠵᠤ ᠮᠡᠳᠡᠨ᠂ ᠰᠦᠷᠳᠡᠭᠦᠯᠦᠯ ᠢ ᠪᠣᠢ ᠪᠣᠯᠭᠠᠬᠤ ᠬᠡᠷᠡᠭᠲᠡᠢ ᠭᠡᠵᠦ ᠲᠣᠳᠤᠷᠬᠠᠢ | ᠲᠣᠭᠲᠠᠭᠠᠭᠰᠠᠨ ᠪᠠᠶᠢᠨ᠎ᠠ᠃ ᠡᠨᠡ ᠨᠢ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠠᠭᠤᠯᠭ᠎ᠠ ᠶᠢ | ᠵᠢᠷᠤᠮᠵᠢᠭᠤᠯᠤᠭᠰᠠᠨ ᠢᠶᠠᠷ ᠪᠠᠷᠠᠬᠤ ᠦᠭᠡᠢ᠂ ᠪᠠᠰᠠ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ | ᠨᠠᠶᠢᠳᠠᠪᠤᠷᠢᠵᠢᠭᠤᠯᠬᠤ ᠳᠤ ᠰᠠᠬᠢᠯᠭ᠎ᠠ ᠪᠠᠲᠤ ᠶᠢᠨ ᠬᠤᠷᠢᠭ᠎ᠠ ᠱᠤᠭᠤᠮ ᠪᠠ ᠶᠤᠰᠤ ᠳᠦᠷᠢᠮ ᠤᠨ ᠬᠢᠵᠠᠭᠠᠷ ᠱᠤᠭᠤᠮ ᠢ | ᠪᠣᠢ ᠪᠣᠯᠭᠠᠪᠠ᠃ ᠰᠠᠬᠢᠯᠭ᠎ᠠ ᠪᠠᠲᠤ ᠪᠠᠶᠢᠴᠠᠭᠠᠬᠤ ᠠᠵᠢᠯ ︽ᠤᠭ ᠵᠣᠷᠢᠯᠲᠠ︾ ᠳᠠᠭᠠᠨ ᠪᠣᠴᠠᠵᠤ᠂ ᠡᠷᠬᠡᠪᠰᠢ | ᠰᠠᠬᠢᠯᠭ᠎ᠠ ᠪᠠᠲᠤ ᠶᠢ ᠲᠡᠷᠢᠭᠦᠨ ᠳᠤ ᠲᠠᠯᠪᠢᠬᠤ ᠬᠡᠷᠡᠭᠲᠡᠢ᠂ ᠡᠨᠡ ᠨᠢ ︽ᠳᠦᠷᠢᠮ︾ ᠤᠨ ᠱᠠᠭᠠᠷᠳᠠᠯᠭ᠎ᠠ ᠯᠤᠭ᠎ᠠ ᠮᠥᠨ | ᠴᠢᠨᠠᠷ ᠤᠨ ᠲᠠᠯ᠎ᠠ ᠪᠠᠷ ᠨᠢᠭᠡᠳᠦᠯᠲᠡᠶ ᠶᠤᠮ᠃ ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠭ᠎ᠠ ᠨᠤᠭᠤᠳ ︽ᠳᠦᠷᠢᠮ︾ | ᠤᠨ ᠬᠠᠮᠢᠶ᠎ᠠ ᠪᠦᠬᠦᠢ ᠲᠣᠭᠲᠠᠭᠠᠯ ᠢ ᠰᠠᠶᠢᠲᠤᠷ ᠨᠠᠶᠢᠳᠠᠪᠤᠷᠢᠵᠢᠭᠤᠯᠤᠨ᠂ ᠲᠣᠭᠤᠷᠢᠨ ᠪᠠᠶᠢᠴᠠᠭᠠᠬᠤ ᠠᠵᠢᠯ ᠢ ᠰᠠᠶᠢᠲᠤᠷ | ᠳᠡᠮᠵᠢᠨ ᠬᠠᠮᠵᠢᠵᠤ᠂ ᠲᠣᠭᠤᠷᠢᠨ ᠪᠠᠶᠢᠴᠠᠭᠠᠭᠠᠳ ᠰᠢᠯᠵᠢᠭᠦᠯᠦᠨ ᠲᠤᠰᠢᠶᠠᠭᠰᠠᠨ ᠠᠰᠠᠭᠤᠳᠠᠯ ᠤᠨ ᠰᠦᠪᠡᠭᠴᠢ ᠳᠤ | ᠰᠢᠢᠳᠪᠦᠷᠢᠯᠡᠬᠦ ᠰᠠᠨᠠᠯ ᠢᠶᠠᠨ ᠴᠠᠭ ᠲᠤᠬᠠᠢ ᠳᠤᠨᠢ ᠳᠤᠷᠠᠳᠬᠤ ᠬᠡᠷᠡᠭᠲᠡᠢ᠃ ᠢᠯᠠᠩᠭᠤᠶ᠎ᠠ ᠰᠦᠪᠡᠭᠴᠢ ᠶᠢ | ᠰᠢᠢᠳᠪᠦᠷᠢᠯᠡᠬᠦ᠂ ᠬᠡᠷᠡᠭ ᠪᠣᠯᠭᠠᠨ ᠳᠠᠩᠰᠠᠯᠠᠵᠤ ᠪᠠᠶᠢᠴᠠᠭᠠᠬᠤ᠂ ᠰᠢᠭᠦᠯᠲᠡ ᠬᠢᠭᠰᠡᠨ ᠮᠡᠳᠡᠭᠦᠯᠦᠯᠲᠡ ᠨᠢ ᠴᠦᠮ | ᠰᠠᠬᠢᠯᠭ᠎ᠠ ᠪᠠᠲᠤ ᠶᠢ ᠲᠡᠷᠢᠭᠦᠨ ᠳᠤ ᠪᠠᠶᠢᠯᠭᠠᠬᠤ ᠱᠠᠭᠠᠷᠳᠠᠯᠭ᠎ᠠ ᠶᠢ ᠬᠠᠷᠠᠭᠤᠯᠤᠭᠰᠠᠨ ᠪᠠᠶᠢᠵᠤ᠂ ᠰᠠᠬᠢᠯᠭ᠎ᠠ ᠪᠠᠲᠤ ᠶᠢᠨ | ᠱᠤᠭᠤᠮ ᠢᠶᠠᠷ ᠬᠡᠮᠵᠢᠵᠦ᠂ ᠨᠠᠮ ᠤᠨ ᠭᠡᠰᠢᠭᠦᠨ ᠺᠠᠳ᠋ᠷᠴᠤᠳ ᠤᠨ ᠣᠢᠢᠯᠠ ᠠᠵᠢᠯᠯᠠᠭ᠎ᠠ ᠶᠢ ᠵᠢᠷᠤᠮᠵᠢᠭᠤᠯᠬᠤ | ᠬᠡᠷᠡᠭᠲᠡᠢ᠃ | ᠭᠤᠷᠪᠠ ᠳᠤ ᠡᠭᠦᠷᠭᠡ ᠪᠠᠨ ᠲᠣᠳᠤᠷᠬᠠᠶᠢᠯᠠᠵᠤ᠂ ᠴᠠᠭ ᠲᠤᠬᠠᠶ ᠳᠤᠨᠢ ᠲᠠᠭᠠᠨ ᠤᠷᠤᠭᠰᠢᠯᠠᠬᠤ ᠬᠡᠷᠡᠭᠲᠡᠢ᠃ ︽ | ᠳᠦᠷᠢᠮ︾ ᠨᠢ ᠲᠣᠭᠤᠷᠢᠨ ᠪᠠᠶᠢᠴᠠᠭᠠᠬᠤ ᠪᠠᠷ ᠪᠦᠬᠦᠨ ᠢ ᠬᠠᠮᠤᠷᠬᠤ ᠱᠠᠭᠠᠷᠳᠠᠯᠭ᠎ᠠ ᠶᠢ ᠤᠯᠠᠮ ᠨᠢᠭᠡ ᠠᠯᠬᠤᠮ | ᠲᠤᠳᠤᠷᠬᠠᠶᠢᠯᠠᠪᠠ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠲᠤᠰ ᠬᠤᠭᠤᠴᠠᠭᠠᠨ ᠤ ᠲᠤᠰᠢᠶᠠᠯ ᠤᠨ | ᠬᠤᠭᠤᠴᠠᠭᠠᠨ ᠳᠤ ᠪᠣᠢ ᠪᠦᠬᠦᠢ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠪᠣᠯᠤᠨ | ᠤᠷᠤᠨ ᠤ ᠰᠢᠭᠤᠳ ᠬᠠᠷᠢᠶ᠎ᠠ ᠰᠠᠯᠠᠭ᠎ᠠ ᠮᠦᠴᠢᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠨᠠᠮ ᠤᠨ | ᠵᠣᠬᠢᠶᠠᠨ ᠪᠠᠶᠢᠭᠤᠯᠤᠯᠲᠠ ᠳᠤ ᠠᠳᠠᠭ ᠲᠠᠭᠠᠨ 1 ᠤᠳᠠᠭ᠎ᠠ ᠲᠣᠭᠤᠷᠢᠨ ᠪᠠᠶᠢᠴᠠᠭᠠᠯᠲᠠ ᠬᠢᠬᠦ ᠬᠡᠷᠡᠭᠲᠡᠢ᠃ ᠢᠯᠠᠩᠭᠤᠶ᠎ᠠ | ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠨᠠᠮ ᠤᠨ ᠬᠤᠷᠢᠶ᠎ᠠ ᠶᠢ ᠲᠣᠭᠤᠷᠢᠨ ᠪᠠᠶᠢᠴᠠᠭᠠᠵᠤ | ᠬᠢᠨᠠᠯᠲᠠ ᠲᠠᠯᠪᠢᠬᠤ ᠶᠢᠨ ᠴᠢᠬᠤᠯᠠ ᠠᠴᠠ ᠴᠢᠬᠤᠯᠠ ᠵᠦᠢᠯ ᠪᠣᠯᠭᠠᠵᠤ᠂ ︽ᠨᠢᠭᠡᠳᠦᠭᠡᠷ ᠭᠠᠷ︾ ᠢ ᠠᠩᠬᠠᠷᠴᠤ᠂ | ᠲᠡᠳᠡ ᠨᠠᠷ ᠢ ᠭᠤᠣᠯ ᠪᠣᠯᠬᠤ ᠤᠳᠤᠷᠢᠳᠬᠤ ᠺᠠᠳ᠋ᠷᠴᠤᠳ ᠤᠨ ᠡᠩᠨᠡᠭᠡᠨ ᠳᠤ ᠤᠷᠤᠭᠰᠠᠨ ᠠᠴᠠ ᠨᠢ ᠠᠪᠤᠭᠠᠳ | ᠴᠢᠩᠭ᠎ᠠ ᠬᠠᠮᠢᠶᠠᠷᠤᠯᠲᠠ ᠪᠠ ᠬᠢᠨᠠᠯᠲᠠ ᠲᠠᠯᠪᠢᠯᠲᠠ ᠶᠢ ᠬᠦᠯᠢᠶᠡᠯᠭᠡᠵᠦ᠂ ᠲᠣᠭᠤᠷᠢᠨ ᠪᠠᠶᠢᠴᠠᠭᠠᠬᠤ ᠠᠴᠠ ᠭᠠᠳᠠᠭᠤᠷ | ᠪᠠᠶᠢᠯᠭᠠᠬᠤ ᠦᠭᠡᠢ᠂ ᠬᠢᠨᠠᠯᠲᠠ ᠲᠠᠯᠪᠢᠯᠲᠠ ᠭᠤᠭᠤᠵᠢᠭᠳᠠᠬᠤ ᠦᠭᠡᠢ ᠪᠠᠶᠢᠯᠭᠠᠬᠤ ᠶᠢ ᠦᠨᠡᠨᠬᠦ ᠪᠠᠲᠤᠯᠠᠬᠤ ᠬᠡᠷᠡᠭᠲᠡᠢ᠃ | ᠰᠠᠬᠢᠯᠭ᠎ᠠ ᠪᠠᠲᠤ ᠪᠠᠶᠢᠴᠠᠭᠠᠬᠤ ᠪᠠᠶᠢᠭᠤᠯᠭ᠎ᠠ ᠨᠤᠭᠤᠳ ᠨᠠᠮ ᠤᠨ ᠳᠣᠲᠤᠭᠠᠳᠤ ᠶᠢᠨ ᠬᠢᠨᠠᠯᠲᠠ ᠲᠠᠯᠪᠢᠬᠤ ᠲᠤᠰᠬᠠᠢ | ᠪᠠᠶᠢᠭᠤᠯᠤᠮᠵᠢ᠂ ᠨᠠᠮ ᠢ ᠬᠠᠮᠢᠶᠠᠷᠴᠤ ᠨᠠᠮ ᠢ ᠵᠠᠰᠠᠬᠤ ᠶᠢᠨ ᠴᠢᠬᠤᠯᠠ ᠬᠦᠴᠦᠨ ᠪᠣᠯᠣᠭᠰᠠᠨ ᠤ ᠬᠤᠪᠢ ᠳᠤ᠂ | ᠲᠣᠭᠤᠷᠢᠨ ᠪᠠᠶᠢᠴᠠᠭᠠᠬᠤ ᠠᠵᠢᠯ ᠤᠨ ᠪᠦᠬᠦ ᠶᠠᠪᠤᠴᠠ ᠯᠤᠭ᠎ᠠ ᠶᠠᠪ ᠴᠠᠪ ᠵᠤᠯᠭᠠᠯᠳᠤᠭᠤᠯᠬᠤ ᠶᠢ ᠡᠷᠬᠡᠪᠰᠢ ᠪᠡᠶᠡᠯᠡᠭᠦᠯᠬᠦ | ᠬᠡᠷᠡᠭᠲᠡᠢ᠃ ᠦᠪᠦᠷ ᠮᠣᠩᠭᠤᠯ ᠣᠳᠣ ᠳᠤ ᠶᠠᠭ ᠲᠣᠭᠤᠷᠢᠨ ᠪᠠᠶᠢᠴᠠᠭᠠᠬᠤ ᠬᠢᠭᠡᠳ ᠰᠠᠬᠢᠯᠭ᠎ᠠ ᠪᠠᠲᠤ ᠬᠢᠨᠠᠨ | ᠪᠠᠶᠢᠴᠠᠭᠠᠬᠤ ᠶᠢ ᠤᠷᠭᠠᠨᠢᠭ ᠢᠶᠠᠷ ᠤᠶᠠᠯᠳᠤᠭᠤᠯᠤᠭᠰᠠᠨ ᠰᠢᠨ᠎ᠡ ᠠᠵᠢᠯ ᠤᠨ ᠲᠣᠭᠲᠠᠴᠠ ᠶᠢ ᠬᠠᠶᠢᠨ ᠰᠦᠪᠡᠭᠴᠢᠯᠡᠵᠦ | ᠪᠠᠶᠢᠨ᠎ᠠ᠂ ᠪᠣᠳᠠᠲᠠᠢ ᠬᠢᠬᠦ ᠠᠷᠭ᠎ᠠ ᠨᠢ ᠪᠣᠯ ᠲᠣᠭᠤᠷᠢᠨ ᠪᠠᠶᠢᠴᠠᠭᠠᠬᠤ ᠳᠤᠭᠤᠶᠢᠯᠠᠩ ᠳᠤ ᠰᠠᠬᠢᠯᠭ᠎ᠠ ᠪᠠᠲᠤ ᠬᠢᠨᠠᠨ | ᠪᠠᠶᠢᠴᠠᠭᠠᠬᠤ ᠲᠤᠬᠠᠶᠢᠯᠠᠭᠰᠠᠨ ᠠᠵᠢᠯ ᠤᠨ ᠬᠤᠷᠴᠠ ᠱᠠᠯᠠᠮᠠᠭᠠᠢ ᠺᠠᠳ᠋ᠷ ᠢ ᠠᠳᠠᠭ ᠲᠠᠭᠠᠨ ᠬᠤᠶᠠᠷ ᠨᠡᠷ᠎ᠡ | ᠲᠣᠬᠢᠷᠠᠭᠤᠯᠵᠤ᠂ ᠲᠣᠭᠤᠷᠢᠨ ᠪᠠᠶᠢᠴᠠᠭᠠᠬᠤ ᠳᠠᠬᠢ ᠰᠠᠬᠢᠯᠭ᠎ᠠ ᠪᠠᠲᠤ ᠶᠢ ᠵᠦᠷᠢᠴᠡᠭᠰᠡᠨ ᠰᠦᠪᠡᠭᠴᠢ᠂ ᠠᠰᠠᠭᠤᠳᠠᠯ ᠢ | ᠣᠯᠵᠤ ᠮᠡᠳᠡᠬᠦ ᠴᠢᠳᠠᠪᠤᠷᠢ ᠶᠢ ᠳᠡᠭᠡᠭᠰᠢᠯᠡᠭᠦᠯᠵᠦ᠂ ᠰᠠᠬᠢᠯᠭ᠎ᠠ ᠪᠠᠲᠤ ᠶᠢ ᠵᠦᠷᠢᠴᠡᠬᠦ ᠢᠯᠡᠷᠡᠯ ᠭᠠᠷᠪᠠᠯ ᠲᠡᠷᠡ ᠳᠠᠷᠤᠢ | ᠳᠤᠨᠢ ᠬᠠᠮᠢᠶᠠᠷᠬᠤ ᠳᠤ ᠳᠦᠭᠦᠮ ᠪᠣᠯᠭᠠᠨ᠂ ᠰᠠᠬᠢᠯᠭ᠎ᠠ ᠪᠠᠲᠤ ᠠᠴᠠ ᠵᠥᠷᠢᠴᠡᠭᠰᠡᠨ ᠪᠠᠶᠢᠬᠤ ᠶᠢ ᠣᠯᠵᠤ ᠮᠡᠳᠡᠪᠡᠯ | ᠤᠷᠢᠳᠠᠪᠠᠷ ᠬᠠᠮᠢᠶ᠎ᠠ ᠪᠦᠬᠦᠢ ᠠᠵᠢᠯ ᠢ ᠦᠷᠨᠢᠭᠦᠯᠵᠦ᠂ ᠳᠠᠷᠠᠭᠠᠴᠢ ᠶᠢᠨ ᠠᠰᠠᠭᠤᠳᠠᠯ ᠤᠨ ᠰᠦᠪᠡᠭᠴᠢ ᠶᠢ | ᠰᠢᠯᠵᠢᠭᠦᠯᠦᠨ ᠲᠤᠰᠢᠶᠠᠬᠤ᠂ ᠰᠠᠬᠢᠯᠭ᠎ᠠ ᠪᠠᠲᠤ ᠶᠢᠨ ᠬᠢᠨᠠᠨ ᠪᠠᠶᠢᠴᠠᠭᠠᠯᠲᠠ ᠬᠢᠬᠦ ᠳᠤ ᠪᠠᠲᠤ ᠪᠠᠬᠢ ᠰᠠᠭᠤᠷᠢ ᠲᠠᠯᠪᠢᠬᠤ | ᠬᠡᠷᠡᠭᠲᠡᠢ᠂ ᠢᠩᠭᠢᠪᠡᠯ ᠲᠣᠭᠤᠷᠢᠨ ᠪᠠᠶᠢᠴᠠᠭᠠᠬᠤ ᠠᠵᠢᠯ ᠬᠢᠭᠡᠳ ᠰᠠᠬᠢᠯᠭ᠎ᠠ ᠪᠠᠲᠤ ᠪᠠᠶᠢᠴᠠᠭᠠᠬᠤ ᠠᠵᠢᠯ ᠤᠨ | ᠵᠡᠷᠭᠡ ᠪᠠᠷ ᠳᠡᠭᠡᠭᠰᠢᠯᠡᠬᠦ᠂ ᠨᠢᠭᠡ ᠲᠡᠰᠢ ᠬᠦᠴᠦ ᠭᠠᠷᠭᠠᠬᠤ ᠶᠢ ᠨᠡᠩ ᠰᠠᠶᠢᠲᠤᠷ ᠪᠡᠶᠡᠯᠡᠭᠦᠯᠵᠦ᠂ ᠨᠠᠮ ᠤᠨ ᠰᠤᠷᠲᠠᠯ | ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠠᠵᠢᠯ ᠤᠨ ᠭᠦᠨᠵᠡᠭᠡᠶ | ᠦᠷᠨᠢᠬᠦ ᠶᠢ ᠲᠦᠯᠬᠢᠨ ᠠᠬᠢᠭᠤᠯᠵᠤ ᠴᠢᠳᠠᠨ᠎ᠠ᠃ |