ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠲᠠᠷᠬᠠᠭᠠᠭᠰᠠᠨ ︽ᠤᠰᠤᠨ ᠤ | ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢᠨ ᠲᠥᠯᠥᠪᠯᠡᠭᠡ ᠶᠢ ᠬᠡᠷᠡᠭᠵᠢᠭᠦᠯᠬᠦ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠳᠣᠷᠣᠭᠰᠢ ︽ᠰᠠᠨᠠᠯ︾ ᠭᠡᠵᠦ | ᠲᠣᠪᠴᠢᠯᠠᠨ᠎ᠠ︶ ᠳᠤ ᠶᠢᠰᠦᠨ ᠶᠡᠭᠡ ᠭᠤᠣᠯᠳᠠᠯᠭᠠᠲᠤ ᠡᠭᠦᠷᠭᠡ ᠶᠢᠨ ᠬᠠᠷᠠᠯᠲᠠ ᠲᠣᠭᠲᠠᠭᠠᠵᠤ᠂ ᠡᠯ᠎ᠡ ᠰᠠᠯᠠᠭ᠎ᠠ | ᠮᠥᠴᠢᠷ ᠤᠳ ᠤᠰᠤᠨ ᠤ ᠪᠣᠬᠢᠷᠲᠤᠯ ᠢ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠪᠦᠬᠦ ᠣᠷᠣᠨ ᠤ ᠤᠰᠤᠨ ᠤ | ᠣᠷᠴᠢᠨ ᠠᠬᠤᠢ ᠶᠢᠨ ᠶᠠᠰᠤ ᠴᠢᠨᠠᠷ ᠢ ᠰᠠᠶᠢᠵᠢᠷᠠᠭᠤᠯᠵᠤ᠂ ᠤᠰᠤᠨ ᠤ ᠣᠷᠴᠢᠨ ᠠᠬᠤᠢ ᠶᠢᠨ ᠠᠶᠤᠯ ᠦᠬᠡᠢ ᠶᠢ | ᠪᠠᠲᠤᠯᠠᠬᠤ ᠬᠡᠷᠡᠭᠲᠠᠢ ᠬᠡᠵᠤ ᠱᠠᠭᠠᠷᠳᠠᠪᠠ᠃ | ᠪᠣᠬᠢᠷᠲᠤᠭᠤᠯᠤᠭᠴᠢ ᠪᠣᠳᠠᠰ ᠤᠨ ᠭᠠᠳᠠᠭᠰᠢᠯ ᠢ ᠡᠵᠡᠮᠳᠡᠨ᠎ᠡ | ︽ᠰᠠᠨᠠᠯ︾ ᠳᠤ 2016 ᠤᠨ ᠤ ᠡᠴᠦᠰ ᠠᠴᠠ ᠡᠮᠦᠨ᠎ᠡ᠂ ᠤᠯᠤᠰ ᠤᠨ ᠠᠵᠤ ᠦᠢᠯᠡᠰ ᠤᠨ ᠲᠦᠷᠦ ᠶᠢᠨ | ᠪᠤᠳᠤᠯᠭ᠎ᠠ ᠳᠤ ᠨᠡᠶᠢᠴᠡᠬᠦ ᠦᠭᠡᠢ ᠵᠢᠵᠢᠭ ᠬᠡᠯᠪᠡᠷᠢ ᠶᠢᠨ ᠴᠠᠭᠠᠰᠤ ᠬᠢᠬᠦ᠂ ᠠᠷᠠᠰᠤ ᠡᠯᠳᠡᠬᠦ᠂ ᠳᠠᠷᠤᠮᠠᠯᠯᠠᠵᠤ ᠪᠣᠳᠤᠬᠤ᠂ | ᠪᠤᠳᠤᠵᠤ ᠰᠢᠷᠲᠡᠬᠦ᠂ ᠨᠡᠭᠦᠷᠡᠰᠦ ᠬᠡᠦᠷᠰᠢᠭᠦᠯᠬᠦ᠂ ᠬᠦᠬᠦᠷ ᠪᠣᠯᠪᠠᠰᠤᠷᠠᠭᠤᠯᠬᠤ᠂ ᠠᠷᠰᠧᠨ ᠪᠣᠯᠪᠠᠰᠤᠷᠠᠭᠤᠯᠬᠤ᠂ ᠲᠣᠰᠤ | ᠪᠣᠯᠪᠠᠰᠤᠷᠠᠭᠤᠯᠬᠤ᠂ ᠴᠠᠬᠢᠯᠭᠠᠨ ᠢᠶᠠᠷ ᠥᠩᠭᠡᠯᠡᠬᠦ᠂ ᠲᠠᠷᠢᠶᠠᠨ ᠡᠮ ᠵᠡᠷᠭᠡ ᠤᠰᠤᠨ ᠤ ᠣᠷᠴᠢᠨ ᠠᠬᠤᠢ ᠶᠢ ᠬᠦᠨᠳᠦ | ᠨᠣᠴᠢᠲᠠᠶ ᠪᠣᠬᠢᠷᠲᠤᠭᠤᠯᠬᠤ ︽ᠠᠷᠪᠠᠨ ᠵᠢᠵᠢᠭ︾ ᠠᠵᠤ ᠠᠬᠤᠶᠢᠯᠠᠯ ᠢ ᠴᠠᠭᠠᠵᠠᠯᠠᠬᠤ ᠬᠡᠷᠡᠭᠲᠠᠢ ᠬᠡᠵᠤ ᠱᠠᠭᠠᠷᠳᠠᠪᠠ᠃ | ᠲᠤᠰᠬᠠᠶ ᠵᠦᠢᠯ ᠤᠨ ᠴᠡᠭᠴᠡᠯᠡᠨ ᠵᠠᠰᠠᠬᠤ ᠠᠵᠢᠯ ᠨᠢ ᠴᠠᠭᠠᠰᠤ ᠬᠢᠬᠦ᠂ ᠬᠡᠦᠷᠰᠢᠭᠦᠯᠬᠦ᠂ ᠠᠽᠣᠲ ᠤᠨ ᠪᠤᠷᠳᠤᠭᠤᠷ ᠂ | ᠥᠩᠭᠡᠲᠦ ᠲᠡᠮᠦᠷᠯᠢᠭ᠂ ᠳᠠᠷᠤᠮᠠᠯᠯᠠᠨ ᠪᠤᠳᠤᠬᠤ᠂ ᠲᠠᠷᠢᠶᠠᠯᠠᠩ ᠤᠨ ᠲᠤᠰᠠᠯᠠᠬᠤ ᠦᠢᠯᠡᠳᠪᠦᠷᠢᠯᠡᠯ ᠤᠨ ᠢᠳᠡᠭᠡᠨ | ᠤᠮᠳᠠᠭᠠᠨ ᠪᠣᠯᠪᠠᠰᠤᠷᠠᠭᠤᠯᠬᠤ᠂ ᠲᠦᠭᠦᠬᠡᠶ ᠮᠠᠲ᠋ᠧᠷᠢᠶᠠᠯ ᠤᠨ ᠡᠮ ᠦᠢᠯᠡᠳᠬᠦ᠂ ᠠᠷᠠᠰᠤ ᠡᠯᠳᠡᠬᠦ᠂ ᠲᠠᠷᠢᠶᠠᠨ ᠡᠮ᠂ | ᠴᠠᠬᠢᠯᠭᠠᠨ ᠢᠶᠠᠷ ᠥᠩᠭᠡᠯᠡᠬᠦ ᠵᠡᠷᠭᠡ ᠠᠵᠢᠯ ᠲᠦᠷᠦᠯ ᠲᠠᠢ ᠬᠤᠯᠪᠤᠭᠳᠠᠨ᠎ᠠ᠃ ᠡᠭᠦᠨ ᠠᠴᠠ ᠭᠠᠳᠠᠨ᠎ᠠ᠂ ᠡᠯ᠎ᠡ ᠭᠠᠵᠠᠷ | ᠣᠷᠣᠨ ᠲᠤᠰ ᠭᠠᠵᠠᠷ ᠣᠷᠣᠨ ᠤ ᠪᠠᠨ ᠠᠵᠤ ᠦᠢᠯᠡᠳᠪᠦᠷᠢ ᠲᠦᠪᠯᠡᠷᠡᠭᠰᠡᠨ ᠣᠷᠣᠨ ᠤ ᠪᠣᠬᠢᠷ ᠤᠰᠤ ᠶᠢ | ᠰᠢᠢᠳᠪᠦᠷᠢᠯᠡᠬᠦ ᠲᠥᠬᠦᠭᠡᠷᠦᠮᠵᠢ ᠶᠢᠨ ᠪᠠᠶᠢᠳᠠᠯ ᠢ ᠵᠢᠭᠰᠠᠭᠠᠨ ᠪᠠᠶᠢᠴᠠᠭᠠᠬᠤ ᠶᠢ ᠳᠠᠷᠤᠶ ᠲᠦᠷᠭᠡᠨ ᠡᠬᠢᠯᠡᠭᠦᠯᠵᠦ᠂ | 2017 ᠣᠨ ᠤ ᠡᠴᠦᠰ ᠠᠴᠠ ᠡᠮᠦᠨ᠎ᠡ᠂ ᠠᠵᠤ ᠦᠢᠯᠡᠳᠪᠦᠷᠢ ᠲᠦᠪᠯᠡᠷᠡᠭᠰᠡᠨ ᠣᠷᠣᠨ ᠤ ᠪᠣᠬᠢᠷ ᠤᠰᠤ ᠶᠢ | ᠲᠥᠪᠯᠡᠷᠡᠭᠦᠯᠦᠨ ᠰᠢᠢᠳᠪᠦᠷᠢᠯᠡᠬᠦ ᠪᠡᠯᠡᠳᠬᠡᠮᠵᠢ ᠶᠢ ᠲᠣᠭᠲᠠᠭᠠᠯ ᠶᠣᠰᠣᠭᠠᠷ ᠪᠠᠶᠢᠭᠤᠯᠬᠤ ᠪᠥᠭᠡᠳ ᠠᠦ᠋ᠲ᠋ᠤᠴᠢᠯᠠᠭᠰᠠᠨ | ᠰᠦᠯᠵᠢᠶᠡᠨ ᠳᠡᠭᠡᠷᠡᠬᠢ ᠬᠢᠨᠠᠨ ᠡᠵᠡᠮᠰᠢᠬᠦ ᠲᠥᠬᠦᠭᠡᠷᠦᠮᠵᠢ ᠶᠢ ᠤᠭᠰᠠᠷᠠᠨ᠎ᠠ᠃ ᠬᠤᠭᠤᠴᠠᠭ᠎ᠠ ᠶᠤᠰᠤᠭᠠᠷ | ᠪᠡᠶᠡᠯᠡᠭᠦᠯᠦᠭᠰᠡᠨ ᠤᠢᠭᠡᠢ ᠪᠠᠶᠢᠪᠠᠯ᠂ ᠲᠡᠭᠦᠨ ᠤ ᠤᠰᠤ ᠪᠣᠬᠢᠷᠲᠤᠭᠤᠯᠬᠤ ᠪᠣᠳᠠᠰ ᠭᠠᠳᠠᠭᠰᠢᠯᠠᠭᠤᠯᠬᠤ ᠶᠢ | ᠨᠡᠮᠡᠭᠳᠡᠬᠦᠯᠬᠦ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠢᠨᠠᠨ ᠵᠥᠪᠰᠢᠶᠡᠷᠡᠬᠦ ᠪᠠ ᠬᠢᠨᠠᠨ ᠬᠠᠷᠭᠤᠭᠤᠯᠬᠤ ᠶᠢ | ᠴᠦᠮ ᠲᠦᠷ ᠵᠣᠭᠰᠣᠭᠠᠬᠤ ᠶᠢᠨ ᠬᠠᠮᠲᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠡᠭᠦᠨ ᠤ ᠬᠦᠷᠢᠶᠡᠯᠡᠩ | ᠲᠣᠭᠤᠷᠢᠭ ᠤᠨ ᠬᠢᠷᠢ ᠬᠡᠮ ᠢ ᠨᠢ ᠬᠦᠴᠦᠨ ᠦᠭᠡᠢ ᠪᠣᠯᠭᠠᠨ᠎ᠠ ᠬᠡᠪᠡ᠃ | ᠬᠤᠳᠠ ᠪᠠᠯᠭᠠᠰᠤ ᠶᠢᠨ ᠠᠮᠢᠳᠤᠷᠠᠯ ᠤᠨ ᠪᠣᠬᠢᠷᠲᠤᠯ ᠢ ᠵᠠᠰᠠᠬᠤ ᠠᠵᠢᠯ ᠢ ᠴᠢᠩᠭᠠᠳᠬᠠᠨ᠎ᠠ᠃ 2020 ᠣᠨ | ᠪᠣᠯᠬᠤ ᠳᠤ᠂ ᠪᠥᠬᠦ ᠣᠷᠣᠨ ᠤ ᠪᠣᠢ ᠪᠦᠬᠦᠢ ᠬᠤᠰᠢᠭᠤ ᠰᠢᠶᠠᠨ ︵ᠬᠤᠳᠠ᠂ ᠲᠣᠭᠤᠷᠢᠭ︶ ᠪᠣᠯᠤᠨ | ᠭᠤᠣᠯᠳᠠᠯᠭ᠎ᠠ ᠲᠠᠢ ᠪᠠᠯᠭᠠᠰᠤ ᠶᠢ ᠪᠣᠬᠢᠷ ᠤᠰᠤ ᠶᠢ ᠴᠤᠭᠯᠠᠭᠤᠯᠵᠤ ᠰᠢᠢᠳᠪᠦᠷᠢᠯᠡᠬᠦ ᠴᠢᠳᠠᠪᠤᠷᠢ ᠲᠠᠢ ᠪᠤᠯᠭᠠᠵᠤ᠂ | ᠬᠤᠰᠢᠭᠤ ᠰᠢᠶᠠᠨ ︵ᠬᠤᠳᠠ᠂ ᠲᠣᠭᠤᠷᠢᠭ︶᠂ ᠬᠤᠳᠠ ᠶᠢᠨ ᠪᠣᠬᠢᠷ ᠤᠰᠤ ᠰᠢᠢᠳᠪᠦᠷᠢᠯᠡᠬᠦ ᠨᠣᠷᠮ᠎ᠠ ᠶᠢ ᠲᠣᠰ ᠲᠣᠰ | 85%᠂ 95% ᠣᠷᠴᠢᠮ ᠳᠤ ᠬᠦᠷᠦᠭᠦᠯᠦᠨ᠎ᠡ᠃ ᠳᠦᠬᠦᠷᠵᠢᠭᠰᠡᠨ ᠬᠤᠭᠤᠯᠠᠶ ᠲᠣᠣᠷ ᠤᠨ ᠪᠦᠳᠦᠭᠡᠨ | ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠬᠤᠳᠠ ᠳᠠᠬᠢ ᠲᠣᠰᠬᠤᠨ᠂ ᠬᠠᠭᠤᠴᠢᠨ ᠬᠤᠳᠠ ᠶᠢᠨ | ᠲᠣᠭᠤᠷᠢᠭ ᠪᠠ ᠬᠤᠳᠠ ᠬᠥᠳᠡᠭᠡ ᠶᠢᠨ ᠠᠭᠤᠯᠵᠠᠷ ᠬᠡᠰᠡᠭ ᠤᠨ ᠪᠣᠬᠢᠷ ᠤᠰᠤ ᠶᠢ ᠬᠠᠰᠢᠵᠤ ᠬᠤᠷᠢᠭᠯᠠᠬᠤ᠂ | ᠴᠤᠭᠯᠠᠭᠤᠯᠬᠤ ᠶᠢ ᠴᠢᠩᠭᠠᠷᠠᠭᠤᠯᠬᠤ ᠬᠡᠷᠡᠭᠲᠡᠶ᠃ ᠬᠥᠬᠡᠬᠤᠲᠠ ᠶᠢᠨ ᠪᠠᠶᠢᠭᠤᠯᠤᠭᠰᠠᠨ ᠲᠣᠭᠤᠷᠢᠭ 2017 ᠣᠨ | ᠪᠤᠯᠲᠠᠯ᠎ᠠ᠂ ᠪᠤᠰᠤᠳ ᠭᠠᠵᠠᠷ ᠣᠷᠣᠨ ᠤ ᠪᠠᠶᠢᠭᠤᠯᠤᠭᠰᠠᠨ ᠲᠣᠭᠤᠷᠢᠭ ᠤᠳ 2020 ᠤᠨ ᠤ ᠡᠴᠦᠰ ᠠᠴᠠ ᠡᠮᠦᠨ᠎ᠡ | ᠪᠣᠬᠢᠷ ᠤᠰᠤ ᠶᠢ ᠦᠨᠳᠦᠰᠦᠨ ᠳᠡᠭᠡᠨ ᠪᠦᠷᠢᠨ ᠴᠤᠭᠯᠠᠭᠤᠯᠬᠤ᠂ ᠪᠦᠬᠦᠨ ᠢ ᠰᠢᠢᠳᠪᠦᠷᠢᠯᠡᠬᠦ ᠬᠡᠷᠡᠭᠲᠡᠶ᠃ ᠤᠳᠤ | ᠪᠠᠶᠢᠭ᠎ᠠ ᠪᠤᠵᠠᠷ ᠰᠢᠪᠠᠷ ᠢ ᠰᠢᠢᠳᠪᠦᠷᠢᠯᠡᠬᠦ ᠲᠥᠬᠦᠭᠡᠷᠦᠮᠵᠢ ᠶᠢ 2017 ᠤᠨ ᠤ ᠡᠴᠦᠰ ᠠᠴᠠ ᠡᠮᠦᠨ᠎ᠡ | ᠦᠨᠳᠦᠰᠦᠨ ᠳᠡᠭᠡᠨ ᠪᠠᠷᠢᠮᠵᠢᠶ᠎ᠠ ᠳᠤ ᠬᠦᠷᠭᠡᠭᠡᠨ ᠥᠭᠡᠷᠡᠴᠢᠯᠡᠬᠦ ᠶᠢ ᠪᠡᠶᠡᠯᠡᠭᠦᠯᠵᠦ᠂ ᠭᠠᠵᠠᠷ ᠣᠷᠣᠨ ᠤ ᠲᠡᠰ ᠤᠨ | ᠬᠤᠳᠠ ᠶᠢᠨ ᠪᠣᠬᠢᠷ ᠰᠢᠪᠡᠷ ᠢ ᠬᠤᠣᠷ ᠦᠭᠡᠶᠢᠵᠢᠬᠦᠯᠦᠨ ᠰᠢᠢᠳᠪᠦᠷᠢᠯᠡᠬᠦ ᠨᠤᠷᠮ᠎ᠠ ᠶᠢ 2020 ᠤᠨ ᠤ ᠡᠴᠦᠰ ᠠᠴᠠ | ᠡᠮᠦᠨ᠎ᠡ 90% ᠠᠴᠠ ᠳᠡᠭᠡᠭᠰᠢ ᠳᠤ ᠬᠦᠷᠦᠭᠦᠯᠦᠨ᠎ᠡ᠃ | ᠲᠠᠷᠢᠶᠠᠯᠠᠩ ᠬᠥᠳᠡᠭᠡ ᠲᠣᠰᠬᠤᠨ ᠤ ᠪᠣᠬᠢᠷᠲᠤᠯ ᠤᠨ ᠰᠡᠷᠭᠡᠶᠢᠯᠡ᠊ ᠵᠠᠰᠠᠯᠲᠠ ᠶᠢ ᠲᠥᠯᠬᠢᠨ ᠠᠬᠢᠭᠤᠯᠤᠨ᠎ᠠ᠃ ᠮᠠᠯ | ᠵᠢᠭᠦᠷᠲᠡᠨ ᠲᠡᠵᠢᠭᠡᠨ ᠦᠷᠡᠵᠢᠭᠦᠯᠬᠦ ᠳᠠᠬᠢ ᠪᠣᠬᠢᠷᠲᠤᠯ ᠢ ᠰᠡᠷᠭᠡᠶᠢᠯᠡᠨ ᠵᠠᠰᠠᠵᠤ᠂ ᠮᠠᠯ ᠵᠢᠭᠦᠷᠲᠡᠨ ᠢ ᠲᠡᠵᠢᠭᠡᠨ | ᠦᠷᠡᠵᠢᠭᠦᠯᠬᠦ ᠴᠠᠭᠠᠵᠠᠲᠠᠢ ᠣᠷᠣᠨ ᠢ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠨ ᠲᠣᠭᠲᠠᠭᠠᠵᠤ᠂ 2017 ᠣᠨ ᠤ | ᠡᠴᠦᠰ ᠠᠴᠠ ᠡᠮᠦᠨ᠎ᠡ᠂ ᠬᠠᠤᠯᠢ ᠶᠣᠰᠣᠭᠠᠷ ᠲᠣᠭᠲᠠᠭᠠᠭᠰᠠᠨ ᠲᠡᠵᠢᠭᠡᠬᠦ ᠶᠢ ᠴᠠᠭᠠᠵᠠᠯᠠᠭᠰᠠᠨ ᠣᠷᠣᠨ ᠤ ᠳᠣᠲᠣᠷᠠᠬᠢ | ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠲᠠᠯᠠᠪᠠᠢ ︵ᠵᠢᠵᠢᠭ ᠲᠣᠭᠤᠷᠢᠭ︶ ᠪᠠ ᠲᠡᠵᠢᠭᠡᠨ ᠦᠷᠡᠵᠢᠭᠦᠯᠬᠦ ᠲᠤᠰᠬᠠᠶ | ᠡᠷᠤᠭᠡ ᠶᠢ ᠬᠠᠭᠠᠬᠤ ᠪᠤᠶᠤ ᠨᠡᠭᠦᠯᠭᠡᠨ᠎ᠡ᠃ 2016 ᠣᠨ ᠠᠴᠠ ᠡᠬᠢᠯᠡᠨ᠂ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ | ᠪᠠᠶᠢᠭᠤᠯᠬᠤ᠂ ᠥᠷᠭᠡᠳᠬᠡᠨ ᠪᠠᠶᠢᠭᠤᠯᠬᠤ ᠬᠡᠪᠴᠢᠶᠡᠵᠢᠬᠦᠯᠦᠭᠰᠡᠨ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠲᠠᠯᠠᠪᠠᠢ | ︵ᠵᠢᠵᠢᠭ ᠲᠣᠭᠤᠷᠢᠭ︶ ᠶᠢᠨ ᠪᠣᠷᠣᠭᠠᠨ ᠤ ᠤᠰᠤ ᠪᠣᠬᠢᠷ ᠤᠰᠤ ᠶᠢ ᠰᠠᠯᠭᠠᠨ ᠵᠠᠯᠠᠵᠤ᠂ ᠰᠢᠭᠡᠭ ᠦᠷᠲᠡᠩ ᠳᠤ | ᠪᠤᠬᠢᠷᠳᠤᠭᠰᠠᠨ ᠤᠰᠤ ᠶᠢ ᠡᠬᠢ ᠪᠠᠶᠠᠯᠢᠭᠵᠢᠭᠤᠯᠤᠨ ᠠᠰᠢᠭᠯᠠᠨ᠎ᠠ᠃ ᠳᠤᠤᠷ᠎ᠠ ᠬᠤᠤᠷᠲᠤ ᠳᠤᠤᠷ᠎ᠠ ᠦᠯᠡᠳᠡᠴᠡᠲᠦ | ᠪᠠᠭᠠᠲᠠᠶ ᠲᠠᠷᠢᠶᠠᠨ ᠡᠮ ᠬᠡᠷᠡᠭᠯᠡᠬᠦ ᠳᠤ ᠨᠥᠬᠦᠪᠥᠷᠢ ᠥᠭᠬᠦ ᠲᠤᠷᠰᠢᠯᠲᠠ ᠶᠢᠨ ᠲᠤᠷᠰᠢᠯᠭ᠎ᠠ ᠶᠢ ᠳᠡᠯᠭᠡᠷᠡᠭᠦᠯᠵᠤ᠂ | ᠲᠠᠷᠢᠮᠠᠯ ᠤᠨ ᠡᠪᠡᠳᠴᠢᠨ ᠬᠤᠷᠣᠬᠠᠶ ᠶᠢᠨ ᠬᠥᠨᠥᠭᠡᠯ ᠢ ᠪᠤᠬᠢᠷᠳᠤᠯ ᠦᠭᠡᠢ ᠰᠡᠷᠭᠡᠶᠢᠯᠡᠨ ᠬᠢᠵᠠᠭᠠᠷᠯᠠᠬᠤ ᠪᠠ | ᠨᠢᠭᠡᠳᠦᠯᠲᠡᠶ ᠪᠠᠷ ᠰᠡᠷᠭᠡᠶᠢᠯᠡᠨ ᠵᠠᠰᠠᠵᠤ᠂ 2020 ᠣᠨ ᠪᠣᠯᠬᠤ ᠳᠤ᠂ ᠲᠠᠷᠢᠮᠠᠯ ᠤᠨ ᠡᠪᠡᠳᠴᠢᠨ ᠬᠤᠷᠣᠬᠠᠶ ᠶᠢ | ᠨᠢᠭᠡᠳᠦᠯᠲᠡᠶ ᠪᠠᠷ ᠰᠡᠷᠭᠡᠶᠢᠯᠡᠨ ᠵᠠᠰᠬᠤ ᠪᠦᠷᠬᠦᠴᠡ ᠶᠢᠨ ᠨᠤᠷᠮ᠎ᠠ ᠶᠢ 40 % ᠠᠴᠠ ᠳᠡᠭᠡᠭᠰᠢ ᠳᠤ ᠬᠦᠷᠦᠭᠦᠯᠦᠨ᠎ᠡ︔ | ᠬᠥᠷᠥᠰᠥ ᠰᠢᠷᠣᠶ ᠶᠢ ᠰᠢᠯᠭᠠᠵᠤ ᠪᠤᠷᠳᠤᠭᠤᠷ ᠣᠷᠣᠭᠤᠯᠬᠤ ᠶᠢ ᠬᠡᠷᠡᠭᠵᠢᠭᠦᠯᠵᠦ᠂ ᠨᠠᠷᠢᠯᠢᠭ ᠤᠨᠤᠪᠴᠢᠲᠠᠢ ᠪᠤᠷᠳᠤᠭᠤᠷ | ᠣᠷᠣᠭᠤᠯᠬᠤ ᠮᠡᠷᠭᠡᠵᠢᠯ ᠪᠤᠯᠤᠨ ᠮᠠᠰᠢᠨ ᠪᠠᠭᠠᠵᠢ ᠶᠢ ᠳᠡᠯᠭᠡᠷᠡᠬᠦᠯᠵᠤ᠂ 2020 ᠣᠨ ᠪᠣᠯᠬᠤ ᠳᠤ᠂ ᠬᠥᠷᠥᠰᠥ | ᠰᠢᠷᠤᠢ ᠶᠢ ᠰᠢᠯᠭᠠᠵᠤ ᠪᠤᠷᠳᠤᠭᠤᠷ ᠣᠷᠣᠭᠤᠯᠬᠤ ᠮᠡᠷᠭᠡᠵᠢᠯ ᠤᠨ ᠪᠦᠷᠬᠦᠴᠡ ᠶᠢᠨ ᠨᠤᠷᠮ᠎ᠠ ᠶᠢ 90% ᠠᠴᠠ | ᠳᠡᠭᠡᠭᠰᠢ ᠳᠤ ᠬᠦᠷᠦᠭᠦᠯᠵᠤ᠂ ᠬᠢᠮᠢ ᠶᠢᠨ ᠪᠤᠷᠳᠤᠭᠤᠷ ᠶᠢᠨ ᠠᠰᠢᠭᠯᠠᠮᠵᠢ ᠶᠢᠨ ᠨᠤᠷᠮ᠎ᠠ ᠶᠢ 40 % ᠠᠴᠠ | ᠳᠡᠭᠡᠭᠰᠢ ᠳᠤ ᠬᠦᠷᠲᠡᠯ᠎ᠡ ᠳᠡᠭᠡᠭᠰᠢᠯᠡᠭᠦᠯᠦᠨ᠎ᠡ᠃ | ᠠᠵᠤ ᠠᠬᠤᠶ ᠶᠢᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠵᠤ ᠲᠡᠰ ᠳᠡᠪᠰᠢᠬᠦ ᠶᠢ ᠲᠦᠯᠬᠢᠨ | ᠠᠬᠢᠭᠤᠯᠤᠨ᠎ᠠ | ︽ᠰᠠᠨᠠᠯ︾ ᠳᠤ ᠳᠤᠷᠠᠳᠤᠨ ᠭᠠᠷᠭᠠᠭᠰᠠᠨ ᠨᠢ᠂ ᠡᠯ᠎ᠡ ᠭᠠᠵᠠᠷ ᠤᠨ ᠬᠢᠨ ᠤᠰᠤᠨ ᠤ ᠡᠬᠢ ᠪᠠᠶᠠᠯᠢᠭ᠂ | ᠤᠰᠤᠨ ᠤ ᠣᠷᠴᠢᠨ ᠠᠬᠤᠢ ᠶᠢᠨ ᠳᠠᠭᠠᠭᠠᠴᠠ ᠶᠢᠨ ᠴᠢᠳᠠᠪᠤᠷᠢ ᠶᠢ ᠬᠢᠨᠠᠨ ᠬᠡᠮᠵᠢᠵᠦ ᠦᠨᠡᠯᠡᠬᠦ ᠰᠢᠰᠲ᠋ᠧᠮᠵᠢ ᠶᠢ | ᠪᠠᠶᠢᠭᠤᠯᠵᠤ᠂ ᠳᠠᠭᠠᠭᠠᠬᠤ ᠴᠢᠳᠠᠪᠤᠷᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠬᠡᠷᠡᠭᠵᠢᠭᠦᠯᠵᠦ᠂ | ᠳᠠᠭᠠᠭᠠᠴᠠ ᠠᠴᠠ ᠬᠡᠲᠦᠷᠡᠭᠰᠡᠨ ᠣᠷᠣᠨ ᠳᠤ ᠤᠰᠤ ᠪᠣᠬᠢᠷᠲᠤᠭᠤᠯᠬᠤ ᠪᠣᠳᠠᠰ ᠢ ᠪᠠᠭᠠᠰᠬᠠᠬᠤ ᠲᠥᠰᠦᠯ ᠢ | ᠬᠡᠷᠡᠭᠵᠢᠬᠦᠯᠦᠨ᠂ ᠬᠥᠭᠵᠢᠯᠲᠡ ᠶᠢᠨ ᠲᠥᠯᠥᠪᠵᠢᠭᠦᠯᠭᠡ ᠪᠤᠯᠤᠨ ᠠᠵᠤ ᠦᠢᠯᠡᠰ ᠤᠨ ᠪᠦᠲᠦᠴᠡ ᠶᠢ ᠲᠦᠷᠭᠡᠳᠭᠡᠨ | ᠲᠤᠬᠢᠷᠠᠭᠤᠯᠬᠤ ᠬᠡᠷᠡᠭᠲᠠᠢ᠃ 2020 ᠣᠨ ᠪᠣᠯᠬᠤ ᠳᠤ᠂ ᠡᠯ᠎ᠡ ᠭᠠᠵᠠᠷ ᠣᠷᠣᠨ ᠤ ᠤᠰᠤᠨ ᠤ ᠡᠬᠢ ᠪᠠᠶᠠᠯᠢᠭ᠂ | ᠤᠰᠤᠨ ᠤ ᠣᠷᠴᠢᠨ ᠠᠬᠤᠢ ᠶᠢᠨ ᠳᠠᠭᠠᠭᠠᠴᠠ ᠶᠢᠨ ᠴᠢᠳᠠᠪᠤᠷᠢ ᠶᠢᠨ ᠣᠳᠣᠬᠢ ᠪᠠᠶᠢᠳᠠᠯ ᠤᠨ ᠦᠨᠡᠯᠡᠯᠲᠡ ᠶᠢ | ᠪᠡᠶᠡᠯᠡᠭᠦᠯᠦᠨ᠎ᠡ᠃ ᠪᠣᠬᠢᠷᠲᠤᠯ ᠡᠭᠦᠰᠭᠡᠬᠦ ᠠᠵᠤ ᠠᠬᠤᠶᠢᠯᠠᠯ ᠢ ᠤᠬᠤᠷᠢᠨ ᠭᠠᠷᠭᠠᠵᠤ᠂ ᠬᠤᠳᠠ ᠶᠢᠨ ᠪᠠᠶᠢᠭᠤᠯᠤᠭᠰᠠᠨ | ᠲᠤᠭᠤᠷᠢᠭ ᠲᠤ ᠤᠳᠤ ᠪᠠᠶᠢᠭ᠎ᠠ ᠪᠤᠯᠤᠳ ᠲᠡᠮᠦᠷ᠂ ᠥᠩᠭᠡᠲᠦ ᠲᠡᠮᠦᠷᠯᠢᠭ᠂ ᠴᠠᠭᠠᠰᠤ ᠬᠢᠬᠦ᠂ ᠳᠠᠷᠤᠮᠠᠯᠯᠠᠨ ᠪᠤᠳᠤᠬᠤ᠂ | ᠲᠦᠭᠦᠬᠡᠶ ᠮᠠᠲ᠋ᠧᠷᠢᠶᠠᠯ ᠤᠨ ᠡᠮ ᠦᠢᠯᠡᠳᠬᠦ᠂ ᠬᠢᠮᠢ ᠶᠢᠨ ᠠᠵᠤ ᠦᠢᠯᠡᠳᠪᠦᠷᠢ ᠵᠡᠷᠭᠡ ᠪᠣᠬᠢᠷᠲᠤᠯ ᠶᠡᠬᠡᠪᠲᠦᠷ ᠠᠵᠤ | ᠠᠬᠤᠶᠢᠯᠠᠯ ᠢ ᠡᠮᠬᠢ ᠵᠢᠷᠤᠮ ᠲᠠᠢ ᠪᠠᠷ ᠨᠡᠭᠦᠯᠭᠡᠬᠦ ᠪᠤᠶᠤ ᠬᠠᠤᠯᠢ ᠶᠣᠰᠣᠭᠠᠷ ᠬᠠᠭᠠᠬᠤ ᠪᠤᠯᠤᠨ᠎ᠠ᠃ | ᠤᠰᠤᠨ ᠤ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠭᠠᠮᠨᠠᠨ ᠬᠠᠮᠠᠭᠠᠯᠠᠨ᠎ᠠ | ︽ᠰᠠᠨᠠᠯ︾ ᠳᠤ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢ ᠬᠡᠷᠡᠭᠵᠢᠭᠦᠯᠵᠦ᠂ | ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠬᠦᠢᠴᠡᠳᠭᠡᠯ ᠲᠣᠭᠠᠨ ᠤ ᠰᠢᠰᠲ᠋ᠧᠮᠵᠢ ᠶᠢ | ᠲᠡᠭᠦᠯᠳᠡᠷᠵᠢᠭᠦᠯᠵᠦ᠂ 2020 ᠣᠨ ᠳᠤ ᠪᠦᠬᠦ ᠣᠷᠣᠨ ᠤ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ 211 | ᠳ᠋ᠦᠡᠭᠰᠢᠭᠤᠷ ᠪᠣᠰᠤᠭ᠎ᠠ ᠳᠥᠷᠪᠡᠯᠵᠢᠨ ᠮᠧᠲᠷ ᠤᠨ ᠳᠣᠲᠣᠷ᠎ᠠ ᠬᠢᠵᠠᠭᠠᠷᠯᠠᠨ᠎ᠠ᠃ ᠡᠭᠦᠨ ᠤ ᠬᠠᠮᠲᠤ ᠭᠠᠵᠠᠷ ᠳᠣᠣᠷᠠᠬᠢ | ᠤᠰᠤ ᠶᠢ ᠬᠡᠲᠦᠷᠡᠲᠡᠯ᠎ᠡ ᠬᠡᠷᠡᠭᠯᠡᠬᠦ ᠶᠢ ᠴᠢᠩᠭ᠎ᠠ ᠬᠢᠵᠠᠭᠠᠷᠯᠠᠵᠤ᠂ 2017 ᠣᠨ ᠤ ᠡᠴᠦᠰ ᠠᠴᠠ ᠡᠮᠦᠨ᠎ᠡ᠂ ᠪᠦᠬᠦ | ᠤᠷᠤᠨ ᠤ ᠭᠠᠵᠠᠷ ᠳᠤᠤᠷ᠎ᠠ ᠠᠴᠠ ᠤᠰᠤ ᠭᠠᠷᠭᠠᠬᠤ ᠶᠢ ᠴᠠᠭᠠᠵᠠᠯᠠᠬᠤ ᠣᠷᠣᠨ᠂ ᠬᠡᠮᠵᠢᠶ᠎ᠡ ᠲᠠᠢ ᠣᠷᠣᠨ ᠪᠤᠯᠤᠨ | ᠭᠠᠵᠠᠷ ᠤᠨ ᠭᠠᠳᠠᠷᠭᠤ ᠳᠤᠷᠤᠭᠰᠢ ᠰᠠᠭᠤᠬᠤ ᠶᠢ ᠬᠢᠵᠠᠭᠠᠷᠯᠠᠬᠤ ᠣᠷᠣᠨ ᠤ ᠬᠦᠷᠢᠶ᠎ᠡ ᠬᠡᠪᠴᠢᠶ᠎ᠡ ᠶᠢ ᠲᠣᠭᠲᠠᠭᠠᠬᠤ | ᠠᠵᠢᠯ ᠢ ᠪᠡᠶᠡᠯᠡᠬᠦᠯᠦᠨ᠎ᠡ᠃ | ᠤᠰᠤᠨ ᠤ ᠣᠷᠴᠢᠨ ᠠᠬᠤᠢ ᠶᠢᠨ ᠬᠠᠮᠢᠶᠠᠷᠤᠯᠲᠠ ᠶᠢ ᠴᠢᠩᠭᠠᠳᠬᠠᠨ᠎ᠠ | ᠡᠯ᠎ᠡ ᠵᠦᠢᠯ ᠤᠨ ᠤᠰᠤᠨ ᠴᠤᠭᠴᠠᠰ ᠤᠰᠤᠨ ᠴᠢᠨᠠᠷ ᠤᠨ ᠬᠠᠮᠠᠭᠠᠯᠠᠯᠲᠠ ᠶᠢᠨ ᠬᠠᠷᠠᠯᠲᠠ ᠶᠢ | ᠲᠤᠲᠤᠷᠬᠠᠶᠢᠯᠠᠵᠤ᠂ ᠤᠰᠤᠨ ᠴᠤᠭᠴᠠᠰ ᠤᠨ ᠪᠠᠷᠢᠮᠵᠢᠶ᠎ᠠ ᠳᠤ ᠬᠦᠷᠦᠭᠰᠡᠨ ᠪᠠᠶᠢᠳᠠᠯ ᠢ ᠨᠢᠭᠡ ᠨᠢᠭᠡ ᠪᠠᠷ ᠵᠢᠭᠰᠠᠭᠠᠨ | ᠪᠠᠶᠢᠴᠠᠭᠠᠨ᠎ᠠ᠃ 2016 ᠤᠨ ᠠᠴᠠ ᠡᠬᠢᠯᠡᠨ᠂ ᠨᠡᠶᠢᠭᠡᠮ ᠨᠡᠶᠢᠲᠡ ᠳᠤ ᠲᠣᠭᠲᠠᠮᠠᠯ ᠬᠤᠭᠤᠴᠠᠭ᠎ᠠ ᠲᠠᠢ ᠪᠠᠷ | ᠨᠡᠶᠢᠲᠡᠯᠡᠬᠦ ᠬᠡᠷᠡᠭᠲᠡᠶ᠃ ᠤᠰᠦᠠ ᠤ ᠴᠢᠨᠠᠷ ᠨᠢ ᠪᠠᠷᠢᠮᠵᠢᠶ᠎ᠠ ᠳᠤ ᠬᠥᠷᠥᠭᠰᠡᠨ ᠥᠭᠡᠢ ᠣᠷᠣᠨ ᠪᠦᠰᠡ ᠶᠢ ᠰᠢᠮᠳᠠᠭᠤᠯᠤᠨ | ᠭᠦᠢᠴᠡᠳᠭᠡᠯᠭᠡᠵᠤ᠂ ᠴᠢᠬᠤᠯᠠ ᠲᠠᠢ ᠦᠶ᠎ᠡ ᠳᠤ ᠣᠷᠣᠨ ᠪᠦᠰᠡ ᠶᠢᠨ ᠵᠥᠪᠰᠢᠶᠡᠷᠡᠯ ᠢ ᠬᠢᠵᠠᠭᠠᠷᠯᠠᠬᠤ ᠵᠡᠷᠭᠡ ᠠᠷᠭ᠎ᠠ | ᠬᠡᠮᠵᠢᠶ᠎ᠡ ᠠᠪᠤᠨ᠎ᠠ᠃ ᠪᠣᠬᠢᠷᠲᠤᠭᠤᠯᠬᠤ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠢ ᠬᠠᠤᠯᠢ ᠶᠣᠰᠣᠭᠠᠷ | ᠬᠢᠨᠠᠨ ᠣᠯᠭᠤᠵᠤ᠂ 2015 ᠣᠨ ᠤ ᠡᠴᠦᠰ ᠠᠴᠠ ᠡᠮᠦᠨ᠎ᠡ᠂ ᠤᠯᠤᠰ ᠤᠨ ᠡᠵᠡᠮᠰᠢᠯᠲᠦ ᠭᠤᠣᠯᠳᠠᠯᠭ᠎ᠠ ᠲᠠᠢ | ᠪᠣᠬᠢᠷᠲᠤᠯ ᠤᠨ ᠰᠤᠷᠪᠤᠯᠵᠢ ᠵᠢᠴᠢ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠶᠢ ᠦᠨ᠎ᠡ ᠲᠥᠯᠥᠪᠦᠷᠢ ᠲᠠᠢ ᠪᠠᠷ | ᠬᠡᠷᠡᠭᠯᠡᠬᠦ ᠪᠠ ᠠᠷᠠᠯᠵᠢᠶᠠᠯᠠᠬᠤ ᠲᠤᠷᠰᠢᠯᠲᠠ ᠶᠢᠨ ᠭᠠᠵᠠᠷ ᠣᠷᠣᠨ ᠤ ᠪᠣᠬᠢᠷᠲᠤᠯ ᠤᠨ ᠰᠤᠷᠪᠤᠯᠵᠢᠲᠤ ᠪᠣᠳᠠᠰ | ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠬᠢᠨᠠᠨ ᠣᠯᠭᠤᠬᠤ ᠠᠵᠢᠯ ᠢ ᠪᠡᠶᠡᠯᠡᠭᠦᠯᠵᠦ᠂ ᠪᠤᠰᠤᠳ | ᠪᠣᠬᠢᠷᠲᠤᠯ ᠤᠨ ᠡᠬᠢ ᠰᠤᠷᠪᠤᠯᠵᠢ ᠶᠢ 2017 ᠤᠨ ᠤ ᠡᠴᠦᠰ ᠠᠴᠠ ᠡᠮᠦᠨ᠎ᠡ ᠪᠡᠶᠡᠯᠡᠭᠦᠯᠦᠨ᠎ᠡ᠃ | ᠣᠷᠴᠢᠨ ᠲᠤᠭᠤᠷᠢᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠳᠠᠯᠠᠨ᠎ᠠ | ᠬᠠᠤᠯᠢ ᠴᠠᠭᠠᠵᠠ ᠬᠠᠤᠯᠢ ᠲᠣᠭᠲᠠᠭᠠᠯ ᠢ ᠲᠡᠭᠦᠯᠳᠡᠷᠵᠢᠭᠦᠯᠵᠦ᠂ ᠪᠠᠷᠢᠮᠵᠢᠶ᠎ᠠ ᠶᠢᠨ ᠰᠢᠰᠲ᠋ᠧᠮᠵᠢ ᠶᠢ | ᠲᠡᠭᠦᠯᠳᠡᠷᠵᠢᠬᠦᠯᠦᠨ᠎ᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠤᠭᠤᠬᠤ ᠤᠰᠤᠨ ᠤ | ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠲᠦᠷᠢᠮ︾ ᠢ ᠲᠤᠭᠲᠠᠭᠠᠨ᠎ᠠ ︵ᠵᠠᠰᠠᠪᠤᠷᠢ ᠤᠷᠤᠭᠤᠯᠤᠨ᠎ᠠ︶᠃ ᠬᠠᠤᠯᠢ | ᠬᠡᠷᠡᠭᠵᠢᠭᠦᠯᠬᠦ ᠡᠷᠴᠢᠮ ᠢᠶᠠᠨ ᠨᠡᠮᠡᠭᠳᠡᠭᠦᠯᠦᠨ᠎ᠡ᠃ 2016 ᠣᠨ ᠠᠴᠠ ᠡᠬᠢᠯᠡᠨ᠂ ᠣᠷᠴᠢᠨ ᠲᠣᠭᠤᠷᠢᠨ ᠤ | ᠬᠠᠮᠠᠭᠠᠯᠠᠯᠲᠠ ᠶᠢᠨ ︽ᠰᠢᠷ᠎ᠠ ᠫᠠᠶᠢᠰᠠ︾᠂ ︽ᠤᠯᠠᠭᠠᠨ ᠫᠠᠶᠢᠰᠠ︾ ᠤᠯᠤᠭᠰᠠᠨ ᠠᠵᠤ ᠠᠬᠤᠶᠢᠯᠠᠯ ᠤᠨ ᠨᠡᠷᠡᠰ ᠢ | ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠵᠤ᠂ ᠪᠣᠬᠢᠷᠲᠤᠭᠤᠯᠬᠤ ᠪᠣᠳᠠᠰ ᠭᠠᠳᠠᠭᠰᠢᠯᠠᠭᠤᠯᠬᠤ ᠨᠢᠭᠡᠴᠡ ᠶᠢᠨ | ᠭᠠᠳᠠᠭᠰᠢᠯᠠᠭᠤᠯᠤᠯᠲᠠ ᠨᠢ ᠪᠠᠷᠢᠮᠵᠢᠶ᠎ᠠ ᠳᠤ ᠬᠦᠷᠦᠩᠰᠡᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠭᠤᠴᠠᠨ | ᠪᠠᠶᠢᠴᠠᠭᠠᠵᠤ᠂ ᠦᠷ᠎ᠡ ᠳ᠋ᠦᠡᠭ ᠢ ᠨᠡᠶᠢᠭᠡᠮ ᠳᠤ ᠨᠡᠶᠢᠲᠡᠯᠡᠨ᠎ᠡ᠃ ᠣᠷᠴᠢᠨ ᠲᠤᠭᠤᠷᠢᠨ ᠤ ᠬᠠᠤᠯᠢ ᠠᠴᠠ ᠵᠥᠷᠢᠴᠡᠭᠰᠡᠨ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠪᠦᠳᠤᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠣᠷᠴᠢᠨ | ᠲᠣᠭᠤᠷᠢᠨ ᠳᠤ ᠦᠵᠡᠬᠦᠯᠬᠦ ᠨᠦᠯᠦᠭᠡ ᠶᠢ ᠦᠨᠡᠯᠡᠬᠦ ᠬᠦᠷᠢᠶ᠎ᠡ ᠬᠡᠪᠴᠢᠶ᠎ᠠ ᠳᠠᠬᠢ ᠡᠷᠬᠡ ᠠᠴᠠ ᠪᠠᠨ ᠳᠠᠪᠠᠵᠤ ᠬᠢᠨᠠᠨ | ᠵᠥᠪᠰᠢᠶᠡᠷᠡᠬᠦ ᠂ ᠵᠥᠪᠰᠢᠶᠡᠷᠡᠭᠦᠯᠦᠭᠡᠳᠦᠶ ᠪᠠᠷ ᠤᠷᠢᠳᠠᠪᠠᠷ ᠪᠠᠶᠢᠭᠤᠯᠬᠤ᠂ ᠵᠥᠪᠰᠢᠶᠡᠷᠡᠭᠦᠯᠵᠦ ᠪᠠᠶᠢᠬᠤ ᠶᠢᠨ ᠳᠠᠭᠠᠤ | ᠪᠠᠶᠢᠭᠤᠯᠬᠤ᠂ ᠤᠳᠠᠭᠠᠨ ᠵᠢᠯ ᠲᠤᠷᠰᠢᠭᠠᠳ ᠦᠯᠦ ᠰᠢᠯᠭᠠᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠶᠠᠯ᠎ᠠ ᠬᠢᠭᠰᠡᠨ ᠳᠤ ᠲᠤᠭᠠᠴᠠᠭᠳᠠᠭᠰᠠᠨ ᠪᠠᠶᠢᠪᠠᠯ᠂ | ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠤᠰᠤᠨ ᠤ ᠣᠷᠴᠢᠨ ᠠᠬᠤᠢ ᠶᠢ ᠬᠢᠨᠠᠨ ᠬᠡᠮᠵᠢᠬᠦ | ᠲᠣᠣᠷ ᠰᠦᠯᠵᠢᠶ᠎ᠡ ᠶᠢ ᠲᠡᠭᠦᠯᠳᠡᠷᠵᠢᠭᠦᠯᠵᠦ᠂ ᠣᠷᠴᠢᠨ ᠲᠤᠭᠤᠷᠢᠨ ᠢ ᠬᠢᠨᠠᠨ ᠬᠠᠮᠢᠶᠠᠷᠬᠤ ᠴᠢᠳᠠᠪᠤᠷᠢ ᠪᠠᠨ | ᠳᠡᠭᠡᠭᠰᠢᠯᠡᠭᠦᠯᠬᠦ ᠬᠡᠷᠡᠭᠲᠡᠶ᠃ ᠬᠢᠨᠠᠨ ᠬᠡᠮᠵᠢᠬᠦ ᠣᠭᠲᠣᠯᠤᠭᠠᠰᠤ ︵ᠭᠠᠵᠠᠷ ᠣᠷᠣᠨ︶ ᠶᠢ ᠨᠢᠭᠡᠳᠦᠯᠲᠡᠶ | ᠲᠥᠯᠥᠪᠵᠢᠭᠦᠯᠦᠨ ᠲᠤᠬᠢᠷᠠᠭᠤᠯᠵᠤ᠂ ᠡᠯ᠎ᠡ ᠭᠠᠵᠠᠷ ᠣᠷᠣᠨ 2016 ᠣᠨ ᠠᠴᠠ ᠡᠬᠢᠯᠡᠨ ᠣᠷᠴᠢᠨ ᠲᠤᠭᠤᠷᠢᠨ ᠢ | ᠬᠢᠨᠠᠨ ᠬᠠᠮᠢᠶᠠᠷᠬᠤ ᠰᠦᠯᠵᠢᠶᠡᠨ ᠤ ᠲᠤᠤᠷᠴᠢᠯᠠᠭᠰᠠᠨ ᠬᠠᠮᠢᠶᠠᠷᠤᠯᠲᠠ ᠶᠢ ᠬᠡᠷᠡᠭᠵᠢᠬᠦᠯᠦᠨ᠎ᠡ᠃ | ᠤᠰᠤᠨ ᠤ ᠠᠮᠢ ᠠᠬᠤᠶ ᠶᠢᠨ ᠠᠮᠤᠷ ᠲᠦᠪᠰᠢᠨ ᠢ ᠪᠠᠲᠤᠯᠠᠨ᠎ᠠ | ︽ᠰᠠᠨᠠᠯ︾ ᠳᠤ ᠵᠢᠭᠠᠵᠤ ᠭᠠᠷᠭᠠᠭᠰᠠᠨ ᠨᠢ᠂ ᠡᠯ᠎ᠡ ᠭᠠᠵᠠᠷ ᠣᠷᠣᠨ ᠵᠢᠴᠢ ᠤᠰᠤ ᠬᠠᠩᠭᠠᠬᠤ ᠨᠢᠭᠡᠴᠡ ᠲᠤᠰ | ᠵᠠᠰᠠᠭ ᠵᠠᠬᠢᠷᠭᠠᠨ ᠤ ᠣᠷᠣᠨ ᠤ ᠤᠤᠭᠤᠬᠤ ᠤᠰᠤᠨ ᠤ ᠡᠬᠢ ᠰᠤᠷᠪᠤᠯᠵᠢ᠂ ᠤᠰᠤ ᠬᠠᠩᠭᠠᠬᠤ ᠦᠢᠯᠡᠳᠪᠦᠷᠢ ᠶᠢᠨ | ᠤᠰᠤ ᠭᠠᠷᠭᠠᠬᠤ ᠪᠠ ᠬᠡᠷᠡᠭᠯᠡᠭᠴᠢ ᠶᠢᠨ ᠤᠰᠤᠨ ᠭᠤᠭᠤᠵᠢᠭᠤᠷ ᠠᠴᠠ ᠭᠠᠷᠬᠤ ᠤᠰᠤᠨ ᠤ ᠴᠢᠨᠠᠷ ᠵᠡᠷᠭᠡ ᠤᠤᠭᠤᠬᠤ | ᠤᠰᠤᠨ ᠤ ᠠᠶᠤᠯ ᠥᠭᠡᠢ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠰᠢᠯᠭᠠᠬᠤ᠂ ᠪᠠᠶᠢᠴᠠᠭᠠᠨ | ᠬᠡᠮᠵᠢᠬᠦ ᠪᠠ ᠦᠨᠡᠯᠡᠨ ᠵᠢᠱᠢᠵᠤ᠂ ᠭᠠᠵᠠᠷ ᠣᠷᠣᠨ ᠤ ᠲᠡᠰ ᠤᠨ ᠬᠤᠲᠠ 2016 ᠣᠨ ᠠᠴᠠ ᠡᠬᠢᠯᠡᠨ ᠤᠯᠠᠷᠢᠯ ᠪᠦᠷᠢ | ᠨᠢᠭᠡ ᠤᠳᠠᠭ᠎ᠠ ᠨᠡᠶᠢᠭᠡᠮ ᠨᠡᠶᠢᠲᠡ ᠳᠤ ᠢᠯᠡ ᠪᠠᠷ ᠵᠠᠷᠯᠠᠨ᠎ᠠ᠃ 2018 ᠣᠨ ᠠᠴᠠ ᠡᠬᠢᠯᠡᠨ᠂ ᠪᠤᠢ ᠪᠦᠬᠦᠢ | ᠬᠤᠰᠢᠭᠤ ᠰᠢᠶᠠᠨ ︵ᠬᠤᠳᠠ᠂ ᠲᠣᠭᠤᠷᠢᠭ︶ ᠤ ᠬᠤᠳᠠ ᠶᠢᠨ ᠤᠤᠭᠤᠬᠤ ᠤᠰᠤᠨ ᠤ ᠠᠮᠤᠷ ᠲᠦᠪᠰᠢᠨ ᠤ | ᠪᠠᠶᠢᠳᠠᠯ ᠤᠨ ᠮᠡᠳᠡᠭᠡ ᠵᠠᠩᠭᠢ ᠪᠥᠬᠦᠨ ᠢ ᠴᠥᠮ ᠨᠡᠶᠢᠭᠡᠮ ᠳᠤ ᠢᠯᠡ ᠪᠤᠯᠭᠠᠨ᠎ᠠ᠃ ᠲᠦᠩᠯᠢᠶᠣᠤ ᠬᠤᠳᠠ᠂ ᠬᠢᠩᠭᠠᠨ | ᠠᠶᠢᠮᠠᠭ᠂ ᠬᠥᠯᠥᠨ ᠪᠤᠶᠢᠷ ᠬᠤᠳᠠ᠂ ᠠᠯᠠᠱᠠ ᠠᠶᠢᠮᠠᠭ᠂ ᠰᠢᠯᠢ ᠶᠢᠨ ᠭᠤᠣᠯ ᠠᠶᠢᠮᠠᠭ᠂ ᠦᠬᠠᠶ ᠬᠤᠳᠠ᠂ ᠮᠠᠨᠵᠤᠤᠷ | ᠬᠤᠳᠠ᠂ ᠡᠷᠢᠶᠡᠨ ᠬᠤᠳᠠ ᠵᠡᠷᠭᠡ ᠭᠠᠵᠠᠷ ᠣᠷᠣᠨ ᠤ ᠬᠢᠨ 2020 ᠣᠨ ᠠᠴᠠ ᠡᠮᠦᠨ᠎ᠡ᠂ ᠪᠡᠯᠡᠳᠬᠡᠯ ᠤᠰᠤᠨ | ᠰᠤᠷᠪᠤᠯᠵᠢ ᠪᠤᠶᠤ ᠪᠠᠴᠢᠮ ᠪᠠᠶᠢᠳᠠᠯ ᠢ ᠠᠷᠭᠠᠴᠠᠬᠤ ᠣᠰᠣᠠ ᠰᠤᠷᠪᠤᠯᠵᠢ ᠶᠢᠨ ᠪᠦᠲᠦᠭᠡᠨ ᠪᠠᠶᠢᠭᠤᠯᠤᠯᠲᠠ ᠶᠢ | ᠦᠨᠳᠦᠰᠦᠨ ᠳᠡᠭᠡᠨ ᠪᠡᠶᠡᠯᠡᠭᠦᠯᠦᠨ᠎ᠡ ᠃ ᠬᠥᠳᠡᠭᠡ ᠲᠣᠰᠬᠤᠨ ᠤ ᠤᠤᠭᠤᠬᠤ ᠣᠰᠣᠨ ᠤ ᠰᠤᠷᠪᠤᠯᠵᠢ ᠶᠢᠨ | ᠬᠠᠮᠠᠭᠠᠯᠠᠯᠲᠠ ᠪᠠ ᠶᠠᠰᠤ ᠴᠢᠨᠠᠷ ᠤᠨ ᠰᠢᠯᠭᠠᠨ ᠪᠠᠶᠢᠴᠠᠭᠠᠯᠲᠠ ᠶᠢ ᠴᠢᠩᠭᠠᠳᠬᠠᠨ᠎ᠠ᠃ | ᠣᠷᠴᠢᠨ ᠲᠤᠭᠤᠷᠢᠨ ᠤ ᠬᠤᠷᠮᠤᠨᠯᠢᠭ ᠬᠢᠮᠢ ᠶᠢᠨ ᠪᠣᠳᠠᠰ ᠤᠨ ᠪᠣᠬᠢᠷᠲᠤᠯ ᠢ ᠴᠢᠩᠭ᠎ᠠ ᠬᠢᠵᠠᠭᠠᠷᠯᠠᠨ᠎ᠠ᠃ | 2017 ᠣᠨ ᠤ ᠵᠢᠯ ᠤᠨ ᠡᠴᠦᠰ ᠠᠴᠠ ᠡᠮᠦᠨ᠎ᠡ ᠣᠷᠴᠢᠨ ᠲᠤᠭᠤᠷᠢᠨ ᠤ ᠬᠤᠷᠮᠤᠨᠯᠢᠭ ᠬᠢᠮᠢ ᠶᠢᠨ ᠵᠦᠢᠯ ᠢ | ᠦᠢᠯᠡᠳᠪᠦᠷᠢᠯᠡᠨ ᠬᠡᠷᠡᠭᠯᠡᠵᠦ ᠪᠠᠶᠢᠭ᠎ᠠ ᠪᠠᠶᠢᠳᠠᠯ ᠢ ᠪᠠᠶᠢᠴᠠᠭᠠᠨ ᠳᠠᠭᠤᠰᠬᠠᠵᠤ᠂ ᠤᠰᠤᠨ ᠰᠤᠷᠪᠤᠯᠵᠢ ᠶᠢᠨ ᠭᠠᠵᠠᠷ᠂ | ᠲᠠᠷᠢᠶᠠᠯᠠᠩ ᠤᠨ ᠪᠦᠲᠦᠭᠡᠭᠳᠡᠬᠦᠨ ᠤ ᠲᠠᠷᠢᠶᠠᠯᠠᠭ᠎ᠠ ᠶᠢᠨ ᠣᠷᠣᠨ ᠵᠢᠴᠢ ᠤᠰᠤᠨ ᠭᠠᠷᠤᠯᠲᠠ ᠶᠢ ᠲᠥᠪᠯᠡᠷᠡᠭᠦᠯᠦᠨ | ᠲᠡᠵᠢᠭᠡᠨ ᠦᠷᠡᠵᠢᠭᠦᠯᠬᠦ ᠣᠷᠣᠨ ᠤ ᠠᠶᠤᠯ ᠲᠦᠭᠰᠢᠭᠦᠷᠢ ᠶᠢ ᠬᠢᠨᠠᠨ ᠡᠵᠡᠮᠳᠡᠨ ᠦᠨᠡᠯᠡᠨ ᠵᠢᠱᠢᠵᠤ᠂ ᠣᠷᠴᠢᠨ | ᠲᠤᠭᠤᠷᠢᠨ ᠤ ᠬᠤᠷᠮᠤᠨᠯᠢᠭ ᠬᠢᠮᠢ ᠶᠢᠨ ᠵᠦᠢᠯ ᠢ ᠴᠠᠭᠠᠵᠠᠯᠠᠬᠤ᠂ ᠬᠢᠵᠠᠭᠠᠷᠯᠠᠬᠤ᠂ ᠣᠷᠣᠯᠠᠭᠤᠯᠬᠤ ᠵᠡᠷᠭᠡ ᠠᠷᠭ᠎ᠠ | ᠬᠡᠮᠵᠢᠶ᠎ᠡ ᠠᠪᠤᠨ᠎ᠠ᠃ | ᠭᠠᠵᠠᠷ ᠳᠣᠣᠷᠠᠬᠢ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠭᠠᠵᠠᠷ | ᠳᠣᠣᠷᠠᠬᠢ ᠤᠰᠤ ᠶᠢ ᠲᠥᠪᠯᠡᠷᠡᠩᠭᠦᠶ ᠪᠠᠷ ᠲᠠᠲᠠᠵᠤ ᠤᠤᠭᠤᠬᠤ ᠤᠰᠤᠨ ᠤ ᠡᠬᠢ ᠰᠤᠷᠪᠤᠯᠵᠢ ᠪᠠᠨ ᠨᠥᠬᠦᠨ | ᠬᠠᠨᠭ᠍ᠭᠠᠵᠤ ᠪᠠᠶᠢᠭ᠎ᠠ ᠣᠷᠣᠨ ᠵᠡᠷᠭᠡ ᠣᠷᠣᠨ ᠪᠦᠰᠡ ᠶᠢᠨ ᠣᠷᠴᠢᠨ ᠲᠤᠭᠤᠷᠢᠨ ᠤ ᠪᠠᠶᠢᠳᠠᠯ ᠢ ᠲᠣᠭᠲᠠᠮᠠᠯ | ᠬᠤᠭᠤᠴᠠᠭ᠎ᠠ ᠲᠠᠢ ᠪᠠᠷ ᠪᠠᠶᠢᠴᠠᠭᠠᠨ ᠵᠢᠱᠢᠬᠦ ᠬᠡᠷᠡᠭᠲᠠᠢ᠃ ᠲᠤᠰᠤ ᠨᠡᠮᠡᠬᠦ ᠥᠷᠲᠡᠭᠡᠨ ᠤ ᠭᠠᠵᠠᠷ ᠳᠣᠣᠷᠠᠬᠢ ᠲᠤᠰᠤᠨ | ᠰᠠᠪᠠ ᠶᠢ 2017 ᠤᠨ ᠤ ᠵᠢᠯ ᠤᠨ ᠡᠴᠦᠰ ᠠᠴᠠ ᠡᠮᠦᠨ᠎ᠡ ᠪᠥᠬᠦᠳᠡ ᠶᠢ ᠰᠢᠨᠡᠳᠭᠡᠨ ᠳᠠᠪᠬᠤᠷ ᠰᠠᠪᠠ ᠪᠤᠶᠤ | ᠨᠡᠪᠴᠢᠬᠦ ᠶᠢ ᠰᠡᠷᠭᠡᠶᠢᠯᠡᠬᠦ ᠴᠥᠭᠦᠷᠥᠮ ᠪᠠᠶᠢᠭᠤᠯᠤᠨ᠎ᠠ᠃ ᠬᠠᠶᠠᠭᠳᠠᠮᠠᠯ ᠠᠭᠤᠷᠬᠠᠶ ᠶᠢᠨ ᠬᠤᠳᠳᠤᠭ᠂ ᠡᠷᠦᠮᠳᠡᠭᠰᠡᠨ | ᠬᠤᠳᠳᠤᠭ᠂ ᠤᠰᠤᠨ ᠬᠤᠳᠳᠤᠭ ᠢ ᠪᠦᠭᠯᠡᠨ᠎ᠡ᠃ | ᠬᠤᠳᠠ ᠶᠢᠨ ᠬᠠᠷ᠎ᠠ ᠦᠮᠡᠬᠡᠶ ᠤᠰᠤ ᠶᠢ ᠴᠡᠭᠴᠡᠯᠡᠨ ᠵᠠᠰᠠᠨ᠎ᠠ᠃ ᠭᠠᠵᠠᠷ ᠣᠷᠣᠨ ᠤ ᠲᠡᠰ ᠤᠨ ᠬᠤᠲᠠ ᠶᠢᠨ | ᠪᠠᠶᠢᠭᠤᠯᠤᠭᠰᠠᠨ ᠲᠣᠭᠤᠷᠢᠭ 2015 ᠣᠨ ᠤ ᠵᠢᠯ ᠤᠨ ᠡᠴᠦᠰ ᠠᠴᠠ ᠡᠮᠦᠨ᠎ᠡ ᠤᠰᠤ ᠶᠢ ᠵᠢᠭᠰᠠᠭᠠᠨ ᠪᠠᠶᠢᠴᠠᠭᠠᠬᠤ | ᠠᠵᠢᠯ ᠢᠶᠠᠨ ᠳᠠᠭᠤᠰᠬᠠᠵᠤ᠂ ᠬᠠᠷ᠎ᠠ ᠦᠮᠡᠬᠡᠶ ᠤᠰᠤᠨ ᠤ ᠨᠡᠷᠡᠶᠢᠳᠦᠯ᠂ ᠬᠠᠷᠢᠭᠤᠴᠠᠯᠭᠠᠲᠠᠨ ᠬᠢᠭᠡᠳ ᠪᠠᠷᠢᠮᠵᠢᠶ᠎ᠠ ᠳᠤ | ᠬᠦᠷᠭᠡᠬᠦ ᠬᠤᠭᠤᠴᠠᠭ᠎ᠠ ᠶᠢ ᠨᠡᠶᠢᠲᠡᠯᠡᠨ᠎ᠡ︔ 2017 ᠤᠨ ᠤ ᠵᠢᠯ ᠤᠨ ᠡᠴᠦᠰ ᠠᠴᠠ ᠡᠮᠦᠨ᠎ᠡ ᠭᠤᠣᠯ ᠤᠨ | ᠤᠰᠤᠨ ᠳᠤ ᠶᠡᠭᠡ ᠬᠡᠪᠴᠢᠶᠡᠨ ᠤ ᠬᠥᠪᠦᠮᠡᠯ ᠪᠤᠳᠠᠰ ᠳᠡᠭᠳᠡᠬᠦ ᠦᠭᠡᠶ᠂ ᠭᠤᠣᠯ ᠤᠨ ᠡᠷᠭᠢ ᠳᠤ ᠬᠤᠭ ᠨᠣᠪᠰᠢ | ᠦᠭᠡᠢ᠂ ᠬᠠᠤᠯᠢ ᠠᠴᠠ ᠵᠥᠷᠢᠴᠡᠵᠦ ᠪᠤᠬᠢᠷᠳᠤᠭᠤᠯᠬᠤ ᠪᠣᠳᠠᠰ ᠭᠠᠳᠠᠭᠰᠢᠯᠠᠭᠤᠯᠬᠤ ᠠᠮᠠᠰᠠᠷ ᠦᠭᠡᠢ ᠪᠠᠶᠢᠬᠤ ᠶᠢ | ᠪᠠᠲᠤᠯᠠᠨ᠎ᠠ︔ 2020 ᠤᠨ ᠤ ᠵᠢᠯ ᠤᠨ ᠡᠴᠦᠰ ᠠᠴᠠ ᠡᠮᠦᠨ᠎ᠡ ᠬᠠᠷ᠎ᠠ ᠦᠮᠡᠬᠡᠶ ᠤᠰᠤ ᠶᠢ ᠵᠠᠰᠠᠬᠤ ᠬᠠᠷᠠᠯᠲᠠ ᠶᠢ | ᠪᠡᠶᠡᠯᠡᠭᠦᠯᠬᠦ ᠪᠤᠯᠤᠨ᠎ᠠ᠃ 2017 ᠣᠨ ᠤ ᠵᠢᠯ ᠤᠨ ᠡᠴᠦᠰ ᠠᠴᠠ ᠡᠮᠦᠨ᠎ᠡ᠂ ᠬᠥᠬᠡᠬᠤᠲᠠ ᠶᠢᠨ ᠪᠠᠶᠢᠭᠤᠯᠤᠭᠰᠠᠨ | ᠲᠣᠭᠤᠷᠢᠭ ᠤᠨ ᠬᠠᠷ᠎ᠠ ᠦᠮᠡᠬᠡᠶ ᠤᠰᠤ ᠶᠢ ᠦᠨᠳᠦᠰᠦᠨ ᠳᠤᠨᠢ ᠠᠷᠢᠯᠭᠠᠵᠤ᠂ ᠪᠤᠰᠤᠳ ᠭᠠᠵᠠᠷ ᠣᠷᠣᠨ ᠤ ᠲᠡᠰ ᠤᠨ | ᠬᠤᠲᠠ ᠶᠢᠨ ᠪᠠᠶᠢᠭᠤᠯᠤᠭᠰᠠᠨ ᠲᠣᠭᠤᠷᠢᠭ ᠨᠢ ᠴᠡᠭᠴᠡᠯᠡᠨ ᠵᠠᠰᠠᠬᠤ ᠬᠠᠷᠠᠯᠲᠠ ᠶᠢᠨ ᠢᠶᠠᠨ 70% ᠶᠢ ᠪᠡᠶᠡᠯᠡᠬᠦᠯᠬᠦ | ᠪᠤᠯᠤᠨ᠎ᠠ᠃ | ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠪᠠᠳᠠᠷᠠᠭᠤᠯᠤᠨ᠎ᠠ | ︽ᠰᠠᠨᠠᠯ︾ ᠳᠤ ᠱᠠᠭᠠᠷᠳᠠᠭᠰᠠᠨ ᠨᠢ᠂ ᠤᠰᠤᠨ ᠤ ᠦᠨ᠎ᠡ ᠬᠠᠨᠭ᠍ᠰᠢ ᠶᠢᠨ ᠥᠭᠡᠷᠡᠴᠢᠯᠡᠯᠲᠡ ᠶᠢ ᠲᠦᠷᠭᠡᠳᠬᠡᠨ᠂ | ᠬᠤᠰᠢᠭᠤ ᠰᠢᠶᠠᠨ ᠤ ᠱᠠᠲᠤ ᠵᠢᠴᠢ ᠲᠡᠭᠦᠨ ᠠᠴᠠ ᠳᠡᠭᠡᠭᠰᠢᠬᠢ ᠬᠤᠲᠠ 2015 ᠣᠨ ᠤ ᠵᠢᠯ ᠤᠨ ᠡᠴᠦᠰ ᠠᠴᠠ | ᠡᠮᠦᠨ᠎ᠡ᠂ ᠰᠠᠭᠤᠭᠠᠯᠢ ᠠᠷᠠᠳ ᠤᠨ ᠱᠠᠲᠤᠯᠢᠭ ᠤᠰᠤᠨ ᠤ ᠦᠨ᠎ᠡ ᠶᠢᠨ ᠲᠥᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ | ᠨᠥᠬᠦᠴᠡᠯ ᠪᠦᠷᠢᠯᠳᠦᠭᠦᠯᠦᠭᠰᠡᠨ ᠪᠠᠶᠢᠭᠤᠯᠤᠯᠲᠤ ᠪᠠᠯᠭᠠᠰᠤ ᠴᠤ ᠢᠳᠡᠪᠬᠢᠲᠡᠶ ᠪᠠᠷ ᠲᠦᠯᠬᠢᠨ ᠠᠬᠢᠭᠤᠯᠬᠤ ᠬᠡᠷᠡᠭᠲᠡᠶ᠃ | 2020 ᠣᠨ ᠤ ᠵᠢᠯ ᠤᠨ ᠡᠴᠦᠰ ᠠᠴᠠ ᠡᠮᠦᠨ᠎ᠡ᠂ ᠰᠠᠭᠤᠭᠠᠯᠢ ᠠᠷᠠᠳ ᠤᠨ ᠬᠡᠷᠡᠭᠯᠡᠭᠡᠨ ᠤ ᠪᠤᠰᠤ ᠤᠰᠤ ᠨᠢ | ᠲᠣᠭᠲᠠᠭᠰᠠᠨ ᠨᠤᠷᠮ᠎ᠠ ᠠᠴᠠ ᠬᠡᠲᠦᠷᠡᠭᠰᠡᠨ᠂ ᠲᠥᠯᠥᠪᠯᠡᠭᠡ ᠠᠴᠠ ᠬᠡᠲᠦᠷᠡᠭᠰᠡᠨ ᠪᠠᠶᠢᠪᠠᠯ ᠨᠡᠶᠢᠯᠡᠪᠦᠷᠢ ᠪᠠᠷ ᠨᠢ ᠦᠨ᠎ᠡ | ᠨᠡᠮᠡᠵᠤ ᠪᠤᠳᠤᠬᠤ ᠲᠥᠷᠢᠮ ᠢ ᠪᠦᠬᠦ ᠲᠠᠯ᠎ᠠ ᠪᠠᠷ ᠬᠡᠷᠡᠭᠵᠢᠬᠦᠯᠦᠨ᠎ᠡ᠃ ᠲᠠᠷᠢᠶᠠᠯᠠᠩ ᠳᠤ ᠬᠡᠷᠡᠭᠯᠡᠬᠦ ᠤᠰᠤᠨ ᠤ | ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠤᠨ᠎ᠠ᠃ ᠡᠭᠦᠨ ᠠᠴᠠ ᠭᠠᠳᠠᠨ᠎ᠠ | ᠤᠷᠮᠠᠰᠢᠭᠤᠯᠤᠨ ᠵᠣᠷᠢᠭᠵᠢᠭᠤᠯᠬᠤ ᠲᠣᠭᠲᠠᠴᠠ ᠶᠢ ᠪᠠᠶᠢᠭᠤᠯᠵᠤ᠂ ᠡᠨᠧᠷᠭᠢ ᠠᠷᠪᠢᠯᠠᠵᠤ ᠪᠣᠬᠢᠷᠲᠤᠯ ᠪᠣᠳᠠᠰ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠠᠭᠰᠠᠨ ᠲᠡᠷᠢᠭᠦᠨ ᠤ ᠠᠵᠤ ᠠᠬᠤᠶᠢᠯᠠᠯ᠂ ᠠᠵᠤ ᠦᠢᠯᠡᠳᠪᠦᠷᠢ | ᠲᠥᠪᠯᠡᠷᠡᠭᠰᠡᠨ ᠣᠷᠣᠨ ᠤ ᠤᠰᠤ ᠬᠡᠷᠡᠭᠯᠡᠬᠦ ᠦᠷ᠎ᠡ ᠪᠦᠲᠦᠮᠵᠢ᠂ ᠪᠣᠬᠢᠷᠲᠤᠭᠤᠯᠬᠤ ᠪᠣᠳᠠᠰ ᠭᠠᠳᠠᠭᠰᠢᠯᠠᠭᠤᠯᠬᠤ | ᠬᠦᠴᠦᠯᠡᠴᠡ ᠵᠡᠷᠭᠡ ᠶᠢ ᠨᠡᠩ ᠥᠨᠳᠥᠷ ᠪᠠᠷᠢᠮᠵᠢᠶ᠎ᠠ ᠳᠤ ᠬᠦᠷᠭᠡᠬᠦ ᠶᠢ ᠵᠤᠷᠢᠭᠵᠢᠭᠤᠯᠤᠨ᠂ ᠠᠷᠢᠭᠤᠨ ᠴᠡᠪᠡᠷ | ᠦᠢᠯᠡᠳᠪᠦᠷᠢᠯᠡᠯ ᠢ ᠦᠷᠨᠢᠭᠦᠯᠦᠭᠰᠡᠨ᠂ ᠤᠰᠤ ᠶᠢ ᠠᠷᠪᠢᠯᠠᠵᠤ ᠬᠡᠷᠡᠭᠯᠡᠭᠰᠡᠨ ᠪᠠ ᠪᠣᠬᠢᠷᠲᠤᠯ ᠢ ᠵᠠᠰᠠᠭᠰᠠᠨ ᠵᠡᠷᠭᠡ | ᠦᠯᠢᠬᠡᠷ ᠵᠢᠱᠢᠶ᠎ᠡ ᠶᠢ ᠳᠡᠮᠵᠢᠨ᠎ᠡ᠃ ᠡᠭᠦᠨ ᠤ ᠬᠠᠮᠲᠤ ᠣᠷᠴᠢᠨ ᠲᠤᠭᠤᠷᠢᠨ ᠤ ᠢᠲᠡᠭᠡᠮᠵᠢ ᠶᠢᠨ ᠰᠢᠰᠲ᠋ᠧᠮᠵᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠢᠲᠡᠭᠡᠯ ᠲᠠᠢ ᠪᠠᠶᠢᠬᠤ ᠶᠢ ᠤᠷᠮᠠᠰᠢᠭᠤᠯᠬᠤ ᠪᠠ ᠢᠲᠡᠭᠡᠯ ᠢᠶᠠᠨ ᠠᠯᠳᠠᠬᠤ ᠶᠢ | ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠠᠶᠢᠭᠤᠯᠵᠤ᠂ 2017 ᠣᠨ ᠤ ᠵᠢᠯ ᠤᠨ ᠡᠴᠦᠰ ᠠᠴᠠ ᠡᠮᠦᠨ᠎ᠡ ᠠᠵᠤ | ᠠᠬᠤᠶᠢᠯᠠᠯ ᠤᠨ ᠣᠷᠴᠢᠨ ᠲᠣᠭᠤᠷᠢᠨ ᠤ ᠢᠲᠡᠭᠡᠮᠵᠢ ᠶᠢᠨ ᠦᠨᠡᠯᠡᠬᠦ ᠰᠢᠰᠲ᠋ᠧᠮ ᠶᠢ ᠱᠠᠳᠤ ᠬᠤᠪᠢᠶᠠᠨ | ᠪᠠᠶᠢᠭᠤᠯᠤᠨ᠎ᠠ᠃ | ︽ᠰᠠᠨᠠᠯ︾ ᠳᠤ ᠪᠠᠰᠠ ᠬᠢᠯᠢ ᠰᠤᠨᠳᠠᠯᠠᠭᠰᠠᠨ ᠤᠰᠤᠨ ᠤ ᠣᠷᠴᠢᠨ ᠲᠤᠭᠤᠷᠢᠨ ᠤ ᠨᠦᠬᠦᠪᠦᠷᠢ ᠦᠭᠭᠦ ᠶᠢ | ᠬᠡᠷᠡᠭᠵᠢᠬᠦᠯᠬᠦ ᠬᠡᠷᠡᠭᠲᠡᠶ ᠭᠡᠵᠦ ᠱᠠᠭᠠᠷᠳᠠᠵᠠᠶ᠃ ᠬᠥᠨᠳᠡᠯᠡᠨ ᠪᠡᠯᠠ ᠮᠥᠩᠭᠦ ᠶᠢᠨ ᠨᠥᠬᠦᠪᠥᠷᠢ᠂ ᠠᠵᠢᠯ ᠲᠦᠷᠦᠯ ᠤᠨ | ᠰᠢᠰᠲ᠋ᠧᠮ ᠢᠶᠠᠷ ᠲᠤᠰᠠᠯᠠᠯᠴᠠᠬᠤ᠂ ᠠᠵᠤ ᠦᠢᠯᠡᠰ ᠢ ᠰᠢᠯᠵᠢᠬᠦᠯᠬᠦ ᠵᠡᠷᠭᠡ ᠠᠷᠭ᠎ᠠ ᠮᠠᠶ᠋ᠢᠭ ᠢ ᠬᠠᠶᠢᠨ ᠰᠦᠪᠡᠭᠴᠢᠯᠡᠵᠦ᠂ | ᠬᠢᠯᠢ ᠰᠤᠨᠳᠠᠯᠠᠭᠰᠠᠨ ᠤᠰᠤᠨ ᠤ ᠣᠷᠴᠢᠨ ᠲᠤᠭᠤᠷᠢᠨ ᠤ ᠨᠦᠬᠦᠪᠦᠷᠢ ᠦᠭᠭᠦ ᠲᠣᠭᠲᠠᠴᠠ ᠶᠢ ᠪᠠᠶᠢᠭᠤᠯᠤᠨ᠂ | ᠨᠦᠬᠦᠪᠦᠷᠢ ᠦᠭᠭᠦ ᠲᠤᠷᠰᠢᠯᠲᠠ ᠶᠢᠨ ᠠᠵᠢᠯ ᠢ ᠦᠷᠨᠢᠬᠦᠯᠦᠨ᠎ᠡ᠃ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠶᠢ | ᠦᠨ᠎ᠡ ᠲᠥᠯᠥᠪᠦᠷᠢ ᠲᠠᠢ ᠪᠠᠷ ᠬᠡᠷᠡᠭᠯᠡᠬᠦ ᠪᠠ ᠠᠷᠠᠯᠵᠢᠶᠠᠯᠠᠬᠤ ᠲᠤᠷᠰᠢᠯᠲᠠ ᠶᠢ ᠬᠦᠨᠵᠡᠭᠡᠶᠢᠷᠡᠬᠦᠯᠦᠨ᠎ᠡ᠃ | ᠰᠢᠨᠵᠢᠯᠡᠬᠦ ᠤᠬᠠᠭᠠᠨ ᠮᠡᠷᠭᠡᠵᠢᠯ ᠤᠨ ᠤᠳᠤᠷᠢᠳᠤᠨ ᠳᠠᠭᠠᠭᠤᠯᠵᠤ ᠲᠤᠯᠭᠠᠭᠤᠷᠢᠯᠠᠬᠤ ᠦᠢᠯᠡᠳᠦᠯ ᠢ | ᠴᠢᠩᠭᠠᠳᠬᠠᠨ᠎ᠠ | ᠣᠷᠴᠢᠨ ᠲᠤᠭᠤᠷᠢᠨ ᠢ ᠬᠠᠮᠠᠭᠠᠯᠠᠬᠤ ᠠᠵᠤ ᠦᠢᠯᠡᠰ ᠤᠨ ᠵᠠᠬ᠎ᠠ ᠳᠡᠯᠭᠡᠭᠦᠷ ᠢ ᠵᠢᠷᠤᠮᠵᠢᠭᠤᠯᠤᠨ᠎ᠠ᠃ ᠣᠷᠴᠢᠨ | ᠲᠤᠭᠤᠷᠢᠨ ᠢ ᠬᠠᠮᠠᠭᠠᠯᠠᠬᠤ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠡᠵᠡᠩᠨᠡᠬᠦ ᠦᠢᠯᠡ ᠠᠵᠢᠯᠯᠠᠭ᠎ᠠ ᠶᠢ | ᠵᠢᠷᠤᠮᠵᠢᠭᠤᠯᠬᠤ ᠳᠤ ᠬᠤᠯᠪᠤᠭᠳᠠᠬᠤ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ ᠪᠦᠬᠦ ᠲᠠᠯ᠎ᠠ ᠪᠠᠷ ᠡᠮᠬᠢᠯᠡᠨ | ᠲᠢᠭᠯᠡᠵᠦ᠂ ᠣᠷᠴᠢᠨ ᠲᠤᠭᠤᠷᠢᠨ ᠢ ᠨᠢᠭᠡᠳᠦᠯᠲᠡᠶ ᠬᠠᠮᠠᠭᠠᠯᠠᠬᠤ ᠵᠠᠬ᠎ᠠ ᠳᠡᠯᠭᠡᠭᠦᠷ ᠪᠤᠯᠤᠨ ᠭᠤᠣᠯᠴᠢ | ᠥᠷᠢᠰᠥᠯᠳᠦᠭᠡᠨ ᠢ ᠬᠠᠷᠰᠢᠯᠠᠬᠤ ᠲᠣᠭᠲᠠᠭᠠᠯ ᠪᠠ ᠠᠷᠭ᠎ᠠ ᠬᠢᠳᠡᠯ ᠢ ᠬᠦᠴᠦᠨ ᠦᠭᠡᠢ ᠪᠤᠯᠭᠠᠵᠤ᠂ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠦᠢᠯᠡᠴᠢᠯᠡᠭᠡᠨ ᠤ ᠦᠢᠯᠡᠰ ᠤᠨ ᠬᠦᠭᠵᠢᠯᠲᠡ ᠶᠢ ᠲᠦᠷᠭᠡᠳᠭᠡᠨ᠎ᠡ᠃ ᠪᠣᠬᠢᠷ ᠤᠰᠤ᠂ | ᠬᠤᠭ ᠨᠣᠪᠰᠢ ᠶᠢ ᠰᠢᠢᠳᠪᠦᠷᠢᠯᠡᠬᠦ ᠪᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢᠶᠠᠷ ᠭᠤᠣᠯᠳᠠᠯᠭ᠎ᠠ | ᠪᠣᠯᠭᠠᠨ᠂ ᠣᠷᠴᠢᠨ ᠲᠤᠭᠤᠷᠢᠨ ᠤ ᠪᠣᠬᠢᠷᠲᠤᠯ ᠢ ᠭᠤᠷᠪᠠᠳᠠᠬᠢ ᠡᠲᠡᠭᠡᠳ ᠠᠴᠠ ᠵᠠᠰᠠᠬᠤ ᠪᠠ ᠬᠢᠨᠠᠨ ᠬᠡᠮᠵᠢᠬᠦ ᠶᠢ | ᠬᠡᠷᠡᠭᠵᠢᠬᠦᠯᠦᠨ᠎ᠡ᠃ | ᠨᠡᠶᠢᠲᠡ ᠤᠯᠠᠨ ᠢ ᠣᠷᠣᠯᠴᠠᠭᠤᠯᠬᠤ ᠪᠠ ᠨᠡᠶᠢᠭᠡᠮ ᠤᠨ ᠬᠢᠨᠠᠯᠲᠠ ᠶᠢ ᠴᠢᠩᠭᠠᠳᠬᠠᠨ᠎ᠠ | ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠨᠡᠶᠢᠲᠡᠯᠢᠭ ᠵᠢᠱᠢᠶ᠎ᠡ ᠬᠡᠷᠡᠭ ᠢ ᠨᠡᠶᠢᠲᠡᠯᠡᠨ | ᠢᠯᠡᠷᠡᠭᠦᠯᠦᠨ᠎ᠡ᠃ ᠢᠯᠡᠴᠢᠯᠡᠨ ᠮᠡᠳᠡᠭᠦᠯᠬᠦ ᠲᠦᠷᠢᠮ ᠢ ᠲᠡᠭᠦᠯᠳᠡᠷᠵᠢᠭᠦᠯᠦᠨ᠂ ︽12369︾ ᠣᠷᠴᠢᠨ | ᠲᠤᠭᠤᠷᠢᠨ ᠤ ᠬᠠᠮᠠᠭᠠᠯᠠᠯᠲᠠ ᠶᠢᠨ ᠢᠯᠡᠴᠢᠯᠡᠨ ᠮᠡᠳᠡᠭᠦᠯᠬᠦ ᠤᠲᠠᠰᠤ ᠪᠤᠯᠤᠨ ᠲᠣᠣᠷ ᠰᠦᠯᠵᠢᠶ᠎ᠡ᠂ ᠸᠢᠴᠠᠲ ᠤᠨ | ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠣᠯᠠᠨ ᠲᠦᠮᠡᠨ ᠤ ᠢᠯᠡᠴᠢᠯᠡᠨ ᠵᠠᠭᠠᠯᠳᠤᠭᠰᠠᠨ ᠣᠷᠴᠢᠨ | ᠲᠤᠭᠤᠷᠢᠨ ᠤ ᠠᠰᠠᠭᠤᠳᠠᠯ ᠢ ᠬᠤᠭᠤᠴᠠᠭ᠎ᠠ ᠲᠣᠭᠲᠠᠭᠠᠨ ᠰᠢᠢᠳᠪᠦᠷᠢᠯᠡᠨ᠎ᠡ᠃ ᠣᠷᠴᠢᠨ ᠲᠤᠭᠤᠷᠢᠨ ᠤ ᠶᠠᠪᠤᠳᠠᠯ ᠳᠤ | ᠨᠡᠶᠢᠲᠡ ᠶᠢᠨ ᠠᠰᠠᠷᠠᠮᠵᠢ ᠶᠢᠨ ᠵᠠᠭᠠᠯᠳᠤᠯᠭ᠎ᠠ ᠬᠢᠬᠦ ᠶᠢ ᠢᠳᠡᠪᠬᠢᠲᠡᠶ ᠬᠡᠷᠡᠭᠵᠢᠬᠦᠯᠦᠨ᠎ᠡ᠃ ᠢᠯᠡ ᠪᠠᠷ ᠭᠡᠷᠡᠴᠢᠯᠡᠭᠡ | ᠰᠣᠨᠣᠰᠬᠤ᠂ ᠰᠦᠯᠵᠢᠶ᠎ᠡ ᠪᠠᠷ ᠴᠤᠭᠯᠠᠭᠤᠯᠬᠤ ᠵᠡᠷᠭᠡ ᠬᠡᠯᠪᠡᠷᠢ ᠪᠠᠷ᠂ ᠴᠢᠬᠤᠯᠠ ᠶᠡᠭᠡ ᠰᠢᠢᠳᠪᠦᠷᠢᠲᠦ ᠪᠤᠳᠤᠯᠭ᠎ᠠ | ᠪᠣᠯᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠤᠬᠠᠢ ᠤᠯᠠᠨ ᠨᠡᠶᠢᠲᠡ ᠶᠢᠨ ᠰᠠᠨᠠᠯ ᠢ ᠭᠦᠢᠴᠡᠳ | ᠰᠤᠨᠤᠰᠤᠨ᠎ᠠ᠃ |