ᠦᠪᠦᠷ ᠵᠠᠰᠠᠭ ᠠᠯᠪᠠᠨ ᠲᠠᠷᠬᠠᠭᠠᠭᠰᠠᠨ ﹇2014﹈ 99 ᠳ᠋ᠣᠭᠡᠷ ᠲᠣᠭᠠᠲᠦ | 9 ᠳ᠋ᠦ᠋ᠭᠡᠷ ᠰᠠᠷ᠎ᠠ ᠶᠢᠨ 1 ᠤ ᠡᠳᠦᠷ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠦᠪᠡᠷᠲᠡᠭᠡᠨ ᠵᠠᠰᠠᠬᠤ ᠣᠷᠣᠨ ᠤ | ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ︽ᠮᠦᠩᠭᠦᠨ ᠭᠦᠢᠯᠭᠡᠭᠡᠨ ᠢ ᠬᠦᠳᠡᠭᠡ ᠲᠤᠰᠬᠤᠨ ᠲᠠᠷᠢᠶᠠᠯᠠᠩ ᠲᠠᠷᠢᠶᠠᠴᠢᠳ ᠤᠨ ᠬᠥᠭᠵᠢᠯᠲᠡ ᠳᠤ | ᠦᠢᠯᠡᠴᠢᠯᠡᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ ᠤᠳ︾ ︵ᠲᠥᠷᠥ | ᠠᠯᠪᠠᠨ ᠲᠠᠷᠬᠠᠭᠠᠭᠰᠠᠨ ﹇2014﹈ 17 ᠳ᠋ᠤᠭᠠᠷ ᠲᠣᠭᠠᠲᠤ︶ ᠪᠣᠯᠣᠨ ᠪᠦᠬᠦ ᠤᠯᠤᠰ ᠤᠨ ᠬᠦᠳᠡᠭᠡ ᠲᠤᠰᠬᠤᠨ ᠤ | ᠮᠦᠩᠭᠦᠨ ᠭᠦᠢᠯᠭᠡᠭᠡ ᠶᠢᠨ ᠦᠢᠯᠡᠴᠢᠯᠡᠭᠡᠨ ᠤ ᠲᠣᠷᠰᠢᠯᠭ᠎ᠠ ᠰᠤᠯᠢᠯᠴᠠᠬᠤ ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠣᠷᠣᠨ ᠤ ᠲᠠᠷᠢᠶᠠᠯᠠᠬᠤ ᠮᠠᠯᠵᠢᠬᠤ ᠣᠷᠣᠨ ᠤ | ᠮᠦᠩᠭᠦᠨ ᠭᠦᠢᠯᠭᠡᠭᠡ ᠶᠢᠨ ᠦᠢᠯᠡᠴᠢᠯᠡᠭᠡᠨ ᠤ ᠴᠢᠳᠠᠪᠤᠷᠢ ᠪᠣᠯᠣᠨ ᠬᠢᠷᠢ ᠬᠡᠮᠵᠢᠶ᠎ᠠ ᠶᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠪᠣᠯᠣᠨ ᠠᠵᠤ ᠠᠬᠤᠢ ᠶᠢᠨ | ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠵᠤ᠂ ᠨᠡᠶᠢᠳᠡᠮ ᠠᠰᠢᠭ ᠬᠦᠷᠲᠡᠭᠡᠬᠦ | ᠮᠦᠩᠭᠦᠨ ᠭᠦᠢᠯᠭᠡᠭᠡ ᠶᠢ ᠬᠥᠭᠵᠢᠭᠦᠯᠬᠦ ᠶᠢᠨ ᠳᠤᠰᠠᠳᠠ᠂ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠤᠨ ᠢᠶᠠᠷ ᠵᠥᠪᠰᠢᠶᠡᠷᠡᠭᠦᠯᠦᠭᠡᠳ᠂ ᠡᠳᠦᠭᠡ ᠮᠦᠩᠭᠦᠨ ᠭᠦᠢᠯᠭᠡᠭᠡᠨ ᠢ ᠲᠠᠷᠢᠶᠠᠯᠠᠩ ᠮᠠᠯ ᠠᠵᠦ ᠠᠬᠤᠢ | ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ ᠤᠨ ᠬᠥᠭᠵᠢᠯᠲᠡ ᠳᠤ ᠦᠢᠯᠡᠴᠢᠯᠡᠭᠦᠯᠬᠦ ᠳᠣᠣᠷᠠᠬᠢ ᠮᠡᠲᠦ | ᠰᠠᠨᠠᠯ ᠢ ᠳᠤᠷᠠᠳᠪᠠ᠃ | ᠨᠢᠭᠡ᠂ ᠲᠠᠷᠢᠶᠠᠯᠠᠬᠤ ᠮᠠᠯᠵᠢᠬᠤ ᠣᠷᠣᠨ ᠤ ᠮᠦᠩᠭᠦᠨ ᠭᠦᠢᠯᠭᠡᠭᠡᠨ ᠤ ᠪᠠᠶᠢᠭᠤᠯᠤᠯ ᠤᠨ ᠲᠣᠭᠲᠠᠴᠠ ᠶᠢᠨ | ᠦᠭᠡᠷᠡᠴᠢᠯᠡᠯᠲᠡ ᠶᠢ ᠭᠦᠨᠵᠡᠭᠡᠶᠢᠷᠡᠭᠦᠯᠥᠨᠡ | ︵ᠨᠢᠭᠡ︶ ᠲᠠᠷᠢᠶᠠᠯᠠᠬᠤ ᠮᠠᠯᠵᠢᠬᠤ ᠣᠷᠣᠨ ᠤ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠦᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ | 1.ᠤᠯᠤᠰ ᠤᠨ ᠨᠢᠭᠡᠲᠦᠯᠲᠡᠢ ᠪᠠᠶᠢᠷᠢᠯᠠᠭᠤᠯᠤᠯᠲᠠ ᠪᠣᠯᠣᠨ ᠬᠤᠯᠪᠤᠭᠳᠠᠯ ᠪᠦᠬᠦᠢ ᠲᠣᠭᠲᠠᠭᠠᠯ ᠶᠤᠰᠤᠭᠠᠷ᠂ | ᠰᠢᠶᠠᠨ ᠤ ᠬᠡᠪᠴᠢᠶᠡᠨ ᠤ ᠬᠠᠤᠯᠢ ᠶᠢᠨ ᠡᠷᠬᠡᠲᠡᠨ ᠤ ᠪᠠᠶᠢᠷᠢ ᠰᠠᠭᠤᠷᠢ ᠶᠢ ᠲᠣᠭᠲᠠᠭᠤᠨ ᠪᠠᠶᠢᠯᠭᠠᠬᠤ᠂ | ᠰᠢᠰᠲ᠋ᠧᠮᠵᠢ ᠶᠢᠨ ᠪᠦᠷᠢᠨ ᠭᠦᠢᠴᠡᠳ ᠪᠠᠶᠢᠬᠤ ᠶᠢ ᠬᠠᠮᠠᠭᠠᠯᠠᠬᠤ᠂ ᠲᠠᠷᠢᠶᠠᠯᠠᠩ ᠮᠠᠯ ᠠᠵᠦ ᠠᠬᠤᠢ ᠲᠠᠷᠢᠶᠠᠯᠠᠬᠤ | ᠮᠠᠯᠵᠢᠬᠤ ᠣᠷᠣᠨ ᠲᠠᠷᠢᠶᠠᠴᠢᠨ ᠮᠠᠯᠴᠢᠳ ᠲᠤ ᠦᠢᠯᠡᠴᠢᠯᠡᠬᠦ ᠶᠢ ᠪᠠᠷᠢᠮᠲᠠᠯᠠᠭᠰᠠᠨ ᠤᠷᠢᠳᠠᠯ ᠳᠣᠣᠷ᠎ᠠ᠂ ᠪᠦᠬᠦ | ᠣᠷᠣᠨ ᠤ ᠬᠦᠳᠡᠭᠡ ᠲᠤᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠦᠭᠡᠷᠡᠴᠢᠯᠡᠯᠲᠡ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠦᠨ᠂ ᠬᠦᠳᠡᠭᠡ ᠲᠤᠰᠬᠤᠨ ᠤ ᠬᠤᠳᠠᠯᠳᠤᠭᠠᠨ ᠤ ᠪᠠᠩᠬᠢ ᠶᠢ ᠢᠳᠡᠪᠬᠢᠲᠡᠢ ᠯᠠᠪᠳᠠᠭᠤᠨ ᠢᠶᠠᠷ ᠵᠣᠬᠢᠶᠠᠨ | ᠪᠠᠶᠢᠭᠤᠯᠵᠤ᠂ ᠬᠦᠳᠡᠭᠡ ᠲᠤᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠬᠠᠮᠢᠶᠠᠷᠤᠯᠲᠠ ᠶᠢᠨ ᠪᠠᠶᠢᠭᠤᠯᠤᠯ ᠢ | ᠲᠡᠭᠦᠯᠳᠡᠷᠵᠢᠭᠦᠯᠥᠨ᠎ᠡ᠃ ︵ᠦᠪᠦᠷ ᠮᠤᠩᠭᠤᠯ ᠤᠨ ᠪᠠᠩᠬᠢ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠦᠪᠡᠷᠲᠡᠭᠡᠨ ᠵᠠᠰᠠᠬᠤ ᠣᠷᠣᠨ ᠤ ᠮᠦᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠬᠦᠳᠡᠭᠡ | ᠲᠤᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ | ᠶᠤᠰᠤᠭᠠᠷ ᠲᠤᠰ ᠲᠤᠰ ᠬᠠᠷᠢᠭᠤᠴᠠᠨ᠎ᠠ︶ | 2.ᠲᠣᠮᠤ ᠳᠤᠮᠳᠠ ᠬᠡᠯᠪᠡᠷᠢ ᠶᠢᠨ ᠪᠠᠩᠬᠢ ᠨᠤᠭᠤᠳ ᠤᠨ ᠲᠠᠷᠢᠶᠠᠯᠠᠬᠤ ᠮᠠᠯᠵᠢᠬᠤ ᠣᠷᠣᠨ ᠤ ᠵᠠᠬ᠎ᠠ | ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢᠨ ᠬᠤᠪᠢᠷᠠᠯᠲᠠ ᠶᠢ ᠦᠨᠳᠦᠰᠦᠯᠡᠨ᠂ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠪᠠᠨ ᠰᠢᠯᠢᠳᠡᠭᠵᠢᠭᠦᠯᠬᠦ ᠶᠢ ᠵᠣᠷᠢᠬᠵᠢᠭᠤᠯᠵᠤ᠂ ᠲᠠᠷᠢᠶᠠᠯᠠᠩ ᠮᠠᠯ ᠠᠵᠦ ᠠᠬᠤᠢ ᠲᠠᠷᠢᠶᠠᠯᠠᠬᠤ ᠮᠠᠯᠵᠢᠬᠤ | ᠣᠷᠣᠨ ᠲᠠᠷᠢᠶᠠᠴᠢᠨ ᠮᠠᠯᠴᠢᠳ ᠤᠨ ᠬᠥᠭᠵᠢᠯᠲᠡ ᠳᠤ ᠮᠦᠩᠭᠦᠨ ᠭᠦᠢᠯᠭᠡᠭᠡᠨ ᠢᠶᠠᠷ ᠳᠡᠮᠵᠢᠯᠭᠡ ᠦᠵᠡᠭᠦᠯᠬᠦ ᠶᠢ | ᠴᠢᠩᠭᠠᠳᠬᠠᠨ᠎ᠠ᠃ ᠲᠣᠰᠬᠤᠨ ᠪᠠᠯᠭᠠᠰᠤ ᠶᠢᠨ ᠪᠠᠩᠬᠢ ᠶᠢ ᠯᠠᠪᠳᠠᠭᠤᠨ ᠢᠶᠠᠷ ᠪᠤᠶᠢᠵᠢᠭᠤᠯᠤᠨ ᠬᠥᠭᠵᠢᠭᠦᠯᠵᠦ᠂ | ᠠᠷᠠᠳ ᠠᠴᠠ ᠡᠵᠡᠩᠨᠡᠭᠰᠡᠨ ᠬᠦᠷᠥᠩᠭᠡ ᠶᠢᠨ ᠰᠲ᠋ᠣᠺ ᠡᠵᠡᠮᠰᠢᠬᠦ ᠬᠠᠷᠢᠴᠠᠯ ᠢ ᠳᠡᠭᠡᠭᠰᠢᠯᠡᠭᠦᠯᠦᠨ᠂ ᠲᠠᠷᠢᠶᠠᠯᠠᠩ ᠮᠠᠯ | ᠠᠵᠦ ᠠᠬᠤᠢ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ ᠤᠨ ᠬᠥᠭᠵᠢᠯᠲᠡ ᠳᠤ ᠬᠠᠨᠳᠤᠭᠤᠯᠤᠭᠰᠠᠨ | ᠵᠦᠷᠢᠶᠡᠴᠢᠯᠡᠭᠰᠡᠨ᠂ ᠣᠨᠴᠠᠯᠢᠬᠵᠢᠭᠤᠯᠤᠭᠰᠠᠨ ᠦᠢᠯᠡᠴᠢᠯᠡᠭᠡ ᠦᠷᠨᠢᠭᠦᠯᠥᠨ᠎ᠡ᠃ ᠲᠠᠷᠢᠶᠠᠯᠠᠩ ᠮᠠᠯ ᠠᠵᠤ | ᠠᠬᠤᠢ ᠯᠤᠭ᠎ᠠ ᠬᠤᠯᠪᠤᠭᠳᠠᠬᠤ ᠡᠯ᠎ᠡ ᠮᠦᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠦᠢᠯᠡᠴᠢᠯᠡᠭᠡᠨ ᠤ | ᠭᠤᠣᠯᠳᠠᠯᠭ᠎ᠠ ᠪᠠᠨ ᠤᠯᠠᠮ ᠨᠢᠭᠡ ᠠᠯᠬᠤᠮ ᠬᠦᠳᠡᠭᠡ ᠲᠣᠰᠬᠤᠨ ᠲᠡᠰᠢ ᠭᠦᠨᠵᠡᠭᠡᠶᠢᠷᠡᠭᠦᠯᠵᠦ᠂ ᠲᠠᠷᠢᠶᠠᠯᠠᠩ ᠠᠴᠠ | ᠰᠠᠯᠬᠤ ᠦᠭᠡᠢ᠂ ᠲᠠᠷᠢᠶᠠᠯᠠᠩ ᠳᠤ ᠢᠯᠡᠭᠦᠬᠡᠨ ᠠᠰᠢᠭ ᠬᠦᠷᠲᠡᠭᠡᠬᠦ ᠶᠢ ᠦᠨᠡᠨᠬᠦ ᠰᠠᠶᠢᠲᠤᠷ ᠬᠢᠬᠦ ᠬᠡᠷᠡᠭᠲᠡᠢ᠃ ︵ᠦᠪᠦᠷ | ᠮᠤᠩᠭᠤᠯ ᠤᠨ ᠪᠠᠩᠬᠢ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠪᠠᠩᠬᠢ ᠶᠢᠨ | ᠬᠦᠬᠡᠬᠤᠲᠠ ᠭᠤᠣᠯ ᠰᠠᠯᠪᠣᠷᠢ ᠪᠠᠩᠬᠢ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠤᠰᠤᠭᠠᠷ ᠲᠤᠰ | ᠲᠤᠰ ᠬᠠᠷᠢᠭᠤᠴᠠᠨ᠎ᠠ︶ | ︵ᠬᠤᠶᠠᠷ︶ ᠲᠠᠷᠢᠶᠠᠯᠠᠬᠤ ᠮᠠᠯᠵᠢᠬᠤ ᠣᠷᠣᠨ ᠤ ᠮᠦᠩᠭᠦᠨ ᠭᠦᠢᠯᠭᠡᠭᠡ ᠶᠢᠨ ᠦᠢᠯᠡᠴᠢᠯᠡᠭᠡᠨ ᠤ ᠭᠤᠣᠯ | ᠴᠣᠭᠴᠠ ᠶᠢ ᠪᠠᠶᠠᠯᠢᠬᠵᠢᠭᠤᠯᠤᠨ᠎ᠠ᠃ | 1.ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠰᠠᠭᠤᠷᠢ ᠮᠦᠩᠭᠦ᠂ | ᠲᠠᠷᠢᠶᠠᠯᠠᠩ ᠮᠠᠯ ᠠᠵᠤ ᠠᠬᠤᠢ ᠶᠢᠨ ᠬᠤᠪᠢ ᠪᠠᠷ ᠢᠶᠠᠨ ᠴᠤᠭᠯᠠᠭᠤᠯᠬᠤ ᠰᠲ᠋ᠣᠺ ᠤᠨ ᠡᠷᠬᠡ ᠶᠢᠨ ᠪᠡᠯᠡ | ᠣᠷᠣᠭᠤᠯᠤᠯᠲᠠ ᠶᠢᠨ ᠰᠠᠭᠤᠷᠢ ᠮᠦᠩᠭᠦ ᠪᠣᠯᠣᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠠᠳᠠᠯ ᠦᠢᠯᠡᠰ ᠴᠤᠭᠴᠠᠯᠠᠬᠤ ᠪᠡᠯᠡ ᠣᠷᠣᠭᠤᠯᠤᠯᠲᠠ ᠶᠢᠨ ᠰᠠᠭᠤᠷᠢ ᠮᠦᠩᠭᠦ ᠪᠠᠶᠢᠭᠤᠯᠬᠤ ᠶᠢ | ᠲᠦᠯᠬᠢᠨ ᠠᠬᠢᠭᠤᠯᠤᠨ᠎ᠠ᠃ ︵ᠦᠪᠦᠷ ᠮᠤᠩᠭᠤᠯ ᠤᠨ ᠲᠡᠮᠲᠡᠭᠲᠦ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠦᠪᠡᠷᠲᠡᠭᠡᠨ ᠵᠠᠰᠠᠬᠤ ᠣᠷᠣᠨ ᠤ ᠮᠦᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠡᠳ᠋ ᠤᠨ | ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠬᠥᠭᠵᠢᠭᠦᠯᠦᠯᠲᠡ ᠦᠭᠡᠷᠡᠴᠢᠯᠡᠯᠲᠡ ᠶᠢᠨ | ᠵᠦᠪᠯᠡᠯ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠤᠰᠤᠭᠠᠷ ᠲᠤᠰ ᠲᠤᠰ ᠬᠠᠷᠢᠭᠤᠴᠠᠨ᠎ᠠ︶ | 2.ᠲᠠᠷᠢᠶᠠᠯᠠᠩ ᠮᠠᠯ ᠠᠵᠦ ᠠᠬᠤᠢ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ ᠲᠤ ᠦᠢᠯᠡᠴᠢᠯᠡᠬᠦ | ᠮᠦᠩᠭᠦᠨ ᠭᠦᠢᠯᠭᠡᠭᠡᠨ ᠤ ᠳᠦᠷᠢᠶᠡᠰᠦᠯᠡᠯ ᠤᠨ ᠺᠤᠮᠫᠠᠨᠢ ᠵᠣᠬᠢᠶᠠᠨ ᠪᠠᠶᠢᠭᠤᠯᠬᠤ ᠶᠢ ᠳᠡᠮᠵᠢᠨ᠎ᠡ᠃ ︵ᠦᠪᠦᠷ | ᠮᠤᠩᠭᠤᠯ ᠤᠨ ᠪᠠᠩᠬᠢ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠦᠪᠡᠷᠲᠡᠭᠡᠨ ᠵᠠᠰᠠᠬᠤ | ᠣᠷᠣᠨ ᠤ ᠮᠦᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ | ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠤᠰᠤᠭᠠᠷ ᠲᠤᠰ ᠲᠤᠰ ᠬᠠᠷᠢᠭᠤᠴᠠᠨ᠎ᠠ︶ | 3.ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠵᠠᠰᠠᠭ ᠤᠨ | ᠣᠷᠳᠤᠨ ᠨᠤᠭᠤᠳ ᠤᠨ ᠪᠡᠯᠡ ᠭᠠᠷᠭᠠᠬᠤ ᠪᠠᠷ ᠭᠤᠣᠯ ᠪᠣᠯᠭᠠᠭᠰᠠᠨ᠂ ᠲᠠᠷᠢᠶᠠᠯᠠᠩ ᠮᠠᠯ ᠠᠵᠤ ᠠᠬᠤᠢ ᠯᠤᠭ᠎ᠠ | ᠬᠤᠯᠪᠣᠭᠳᠠᠭᠰᠠᠨ ᠳᠠᠭᠠᠭᠠᠯᠲᠠ ᠬᠢᠬᠦ ᠲᠣᠬᠠᠶᠢᠯᠠᠭᠰᠠᠨ ᠠᠵᠢᠯ ᠢ ᠭᠤᠣᠯᠳᠠᠯᠭ᠎ᠠ ᠲᠠᠢ ᠦᠷᠨᠢᠭᠦᠯᠬᠦ ᠪᠡᠯᠡ ᠲᠣᠬᠢᠷᠠᠭᠤᠯᠬᠤ | ᠴᠢᠨᠠᠷᠲᠠᠢ ᠳᠠᠭᠠᠭᠠᠯᠲᠠ ᠬᠢᠬᠦ ᠪᠠᠶᠢᠭᠤᠯᠤᠮᠵᠢ ᠪᠣᠶᠣ ᠳᠠᠭᠠᠭᠠᠯᠲᠠ ᠬᠢᠬᠦ ᠰᠠᠭᠤᠷᠢ ᠮᠦᠩᠭᠦ ᠵᠣᠬᠢᠶᠠᠨ ᠪᠠᠶᠢᠭᠤᠯᠬᠤ ᠶᠢ | ᠵᠣᠷᠢᠬᠵᠢᠭᠤᠯᠵᠤ᠂ ᠪᠤᠰᠤᠳ ᠪᠡᠯᠡ ᠲᠣᠬᠢᠷᠠᠭᠤᠯᠬᠤ ᠴᠢᠨᠠᠷᠲᠠᠢ ᠳᠠᠭᠠᠭᠠᠯᠲᠠ ᠬᠢᠬᠦ ᠪᠠᠶᠢᠭᠤᠯᠤᠮᠵᠢ ᠶᠢᠨ ᠲᠠᠷᠢᠶᠠᠯᠠᠩ | ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠤᠭᠴᠠ ᠳᠤ ᠪᠡᠯᠡ ᠲᠣᠬᠢᠷᠠᠭᠤᠯᠬᠤ ᠳᠠᠭᠠᠭᠠᠯᠲᠠ | ᠬᠢᠬᠦ ᠦᠢᠯᠡᠴᠢᠯᠡᠭᠡ ᠬᠠᠩᠭᠠᠬᠤ ᠶᠢ ᠵᠣᠷᠢᠬᠵᠢᠭᠤᠯᠤᠨ᠎ᠠ᠃ ︵ᠦᠪᠡᠷᠲᠡᠭᠡᠨ ᠵᠠᠰᠠᠬᠤ ᠣᠷᠣᠨ ᠤ ᠮᠦᠩᠭᠦᠨ | ᠭᠦᠢᠯᠭᠡᠭᠡᠨ ᠤ ᠠᠵᠢᠯ ᠤᠨ ᠠᠯᠪᠠᠨ ᠭᠡᠷ᠂ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠬᠤ ᠠᠬᠤᠢ ᠶᠢᠨ | ᠲᠢᠩᠬᠢᠮ᠂ ᠶᠠᠳᠠᠭᠤ ᠶᠢ ᠲᠡᠳᠭᠦᠵᠦ ᠨᠡᠭᠡᠭᠡᠨ ᠬᠦᠭᠵᠢᠭᠦᠯᠬᠦ ᠠᠵᠢᠯ ᠤᠨ ᠠᠯᠪᠠᠨ ᠭᠡᠷ ᠵᠡᠷᠭᠡ ᠨᠢ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ ᠶᠤᠰᠤᠭᠠᠷ ᠲᠤᠰ ᠲᠤᠰ ᠬᠠᠷᠢᠭᠤᠴᠠᠨ᠎ᠠ︶ | 4.ᠡᠶᠡᠷᠬᠦ ᠴᠢᠭᠯᠡᠯ ᠤᠨ ᠵᠣᠷᠢᠬᠵᠢᠭᠤᠯᠬᠤ ᠲᠣᠭᠲᠠᠴᠠ ᠪᠠᠶᠢᠭᠤᠯᠤᠨ᠂ ᠲᠠᠷᠢᠶᠠᠯᠠᠬᠤ ᠮᠠᠯᠵᠢᠬᠤ ᠣᠷᠣᠨ ᠳᠤ | ᠦᠢᠯᠡᠴᠢᠯᠡᠭᠰᠡᠨ ᠪᠠᠭ᠎ᠠ ᠲᠣᠭᠠᠨ ᠤ ᠵᠢᠭᠡᠯᠡᠯᠭᠡ ᠶᠢᠨ ᠺᠤᠮᠫᠠᠨᠢ ᠪᠠᠶᠢᠭᠤᠯᠬᠤ ᠶᠢ ᠳᠡᠮᠵᠢᠵᠦ᠂ ᠪᠠᠭ᠎ᠠ ᠲᠣᠭᠠᠨ ᠤ | ᠵᠢᠭᠡᠯᠡᠯᠭᠡ ᠶᠢᠨ ᠺᠤᠮᠫᠠᠨᠢ ᠶᠢᠨ ᠲᠠᠷᠢᠶᠠᠯᠠᠩ ᠮᠠᠯ ᠠᠵᠤ ᠠᠬᠤᠢ ᠯᠤᠭ᠎ᠠ ᠬᠤᠯᠪᠤᠭᠳᠠᠭᠰᠠᠨ ᠲᠤᠬᠠᠶᠢᠯᠠᠭᠰᠠᠨ ᠠᠵᠢᠯ ᠢᠶᠠᠨ | ᠲᠠᠰᠤᠷᠠᠯᠲᠠ ᠦᠭᠡᠢ ᠦᠷᠭᠡᠵᠢᠭᠦᠯᠵᠦ᠂ ᠲᠠᠷᠢᠶᠠᠯᠠᠩ ᠮᠠᠯ ᠠᠵᠦ ᠠᠬᠤᠢ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ | ᠮᠠᠯᠴᠢᠳ ᠢ ᠳᠡᠮᠵᠢᠬᠦ ᠡᠷᠴᠢᠮ ᠢᠶᠠᠨ ᠨᠡᠮᠡᠭᠳᠡᠭᠦᠯᠬᠦ ᠶᠢ ᠬᠦᠲᠦᠯᠦᠨ ᠵᠢᠯᠤᠭᠤᠳᠴᠤ ᠵᠣᠷᠢᠬᠵᠢᠭᠤᠯᠤᠨ᠎ᠠ᠃ ᠪᠠᠩᠬᠢ ᠵᠡᠷᠭᠡ | ᠮᠦᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠪᠠᠭ᠎ᠠ ᠲᠣᠭᠠᠨ ᠤ ᠵᠢᠭᠡᠯᠡᠯᠭᠡ ᠶᠢᠨ ᠺᠤᠮᠫᠠᠨᠢ ᠶᠢᠨ ᠪᠡᠯᠡ ᠲᠣᠬᠢᠷᠠᠭᠤᠯᠬᠤ | ᠲᠣᠬᠠᠢ ᠳᠤᠮᠳᠠᠳᠤ ᠣᠯᠣᠰ ᠤᠨ ᠪᠠᠩᠬᠢ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠡᠪᠯᠡᠯ᠂ ᠳᠤᠮᠳᠠᠳᠤ | ᠣᠯᠣᠰ ᠤᠨ ᠠᠷᠠᠳ ᠤᠨ ᠪᠠᠩᠬᠢ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠪᠡᠯᠡ ᠲᠣᠬᠢᠷᠠᠭᠤᠯᠬᠤ ᠠᠷᠭ᠎ᠠ ᠵᠠᠮ ᠢ ᠦᠷᠭᠡᠵᠢᠭᠦᠯᠥᠨᠡ᠃ ᠢᠲᠡᠭᠡᠮᠵᠢ ᠶᠢᠨ ᠮᠡᠳᠡᠭᠡ ᠵᠠᠩᠭᠢ | ᠴᠤᠭᠯᠠᠭᠤᠯᠬᠤ ᠰᠢᠰᠲ᠋ᠧᠮ ᠳᠤ ᠪᠠᠭ᠎ᠠ ᠲᠣᠭᠠᠨ ᠤ ᠵᠢᠭᠡᠯᠡᠯᠭᠡ ᠶᠢᠨ ᠺᠤᠮᠫᠠᠨᠢ ᠶᠢᠨ ᠵᠠᠯᠭᠠᠵᠦ ᠣᠷᠣᠬᠤ ᠪᠣᠳᠠᠳᠠᠢ | ᠱᠠᠭᠠᠷᠳᠠᠯᠭ᠎ᠠ ᠶᠢ ᠤᠠᠯᠮ ᠨᠢᠭᠡ ᠠᠯᠬᠤᠮ ᠲᠣᠳᠣᠷᠬᠠᠶᠢᠯᠠᠵᠤ᠂ ᠢᠲᠡᠭᠡᠮᠵᠢ ᠶᠢᠨ ᠮᠡᠳᠡᠭᠡ ᠵᠠᠩᠭᠢ ᠴᠤᠭᠯᠠᠭᠤᠯᠬᠤ | ᠰᠢᠰᠲ᠋ᠧᠮ ᠳᠤ ᠲᠦᠷᠭᠡᠳᠭᠡᠨ ᠵᠠᠯᠭᠠᠵᠦ ᠣᠷᠣᠭᠤᠯᠤᠨ᠎ᠠ᠃ ︵ᠦᠪᠦᠷ ᠮᠤᠩᠭᠤᠯ ᠤᠨ ᠪᠠᠩᠬᠢ ᠶᠢᠨ ᠦᠢᠯᠡᠰ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠪᠠᠩᠬᠢ ᠶᠢᠨ ᠬᠦᠬᠡᠬᠤᠲᠠ ᠭᠤᠣᠯ ᠰᠠᠯᠪᠤᠷᠢ ᠪᠠᠩᠬᠢ᠂ | ᠦᠪᠡᠷᠲᠡᠭᠡᠨ ᠵᠠᠰᠠᠬᠤ ᠣᠷᠣᠨ ᠤ ᠮᠦᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ ᠵᠡᠷᠭᠡ ᠨᠢ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ ᠶᠤᠰᠤᠭᠠᠷ ᠲᠤᠰ ᠲᠤᠰ ᠬᠠᠷᠢᠭᠤᠴᠠᠨ᠎ᠠ︶ | ︵ᠭᠤᠷᠪᠠ︶ ᠲᠠᠷᠢᠶᠠᠯᠠᠬᠤ ᠮᠠᠯᠵᠢᠬᠤ ᠣᠷᠣᠨ ᠤ ᠬᠤᠷᠰᠢᠭᠰᠠᠨ ᠮᠦᠩᠭᠦᠨ ᠭᠦᠢᠯᠭᠡᠭᠡᠨ ᠢ ᠵᠢᠷᠤᠮᠵᠢᠭᠤᠯᠤᠨ | ᠬᠥᠭᠵᠢᠭᠦᠯᠥᠨ᠎ᠡ᠃ | 1. ᠬᠤᠷᠰᠢᠶᠠᠨ ᠤ ᠭᠡᠰᠢᠭᠦᠳ ᠤᠨ ᠳᠦᠷᠢᠮ᠂ ᠪᠢᠲᠡᠭᠦᠮᠵᠢᠯᠡᠯᠲᠦ ᠴᠢᠨᠠᠷ᠂ ᠠᠷᠠᠳᠴᠢᠯᠠᠯ ᠢᠶᠠᠷ ᠬᠠᠮᠢᠶᠠᠷᠬᠤ | ᠵᠠᠷᠴᠢᠮ ᠢ ᠪᠠᠷᠢᠮᠲᠠᠯᠠᠨ᠂ ᠭᠠᠳᠠᠨ᠎ᠠ ᠠᠴᠠ ᠬᠠᠳᠠᠭᠠᠯᠠᠮᠵᠢ ᠲᠠᠲᠠᠬᠤ ᠦᠭᠡᠢ ᠭᠠᠳᠠᠭᠰᠢ ᠵᠢᠭᠡᠯᠡᠯᠭᠡ ᠲᠠᠯᠪᠢᠬᠤ ᠦᠭᠡᠢ᠂ | ᠲᠣᠭᠲᠠᠮᠠᠯ ᠬᠠᠷᠢᠭᠤ ᠲᠦᠯᠦᠬᠦ ᠦᠭᠡᠢ ᠪᠠᠶᠢᠬᠤ ᠣᠷᠢᠳᠠᠯ ᠤᠨ ᠳᠣᠣᠷ᠎ᠠ᠂ ᠲᠠᠷᠢᠶᠠᠯᠠᠬᠤ ᠮᠠᠯᠵᠢᠬᠤ ᠣᠷᠣᠨ ᠤ | ᠬᠤᠷᠰᠢᠭᠰᠠᠨ ᠮᠦᠩᠭᠦᠨ ᠭᠦᠢᠯᠭᠡᠭᠡᠨ ᠢ ᠬᠥᠭᠵᠢᠭᠦᠯᠥᠨ᠎ᠡ᠃ ᠨᠦᠬᠦᠴᠡᠯ ᠳᠤ ᠨᠡᠶᠢᠴᠡᠬᠦ ᠲᠠᠷᠢᠶᠠᠴᠢᠨ ᠮᠠᠯᠴᠢᠳ ᠤᠨ | ᠬᠤᠷᠰᠢᠶ᠎ᠠ ᠪᠣᠯᠣᠨ ᠬᠠᠩᠭᠠᠯᠭ᠎ᠠ ᠶᠢᠨ ᠬᠤᠷᠰᠢᠶ᠎ᠠ ᠶᠢᠨ ᠰᠠᠭᠤᠷᠢᠨ ᠳᠡᠭᠡᠷ᠎ᠡ ᠲᠠᠷᠢᠶᠠᠯᠠᠬᠤ ᠮᠠᠯᠵᠢᠬᠤ ᠣᠷᠣᠨ ᠤ | ᠬᠤᠷᠰᠢᠭᠰᠠᠨ ᠮᠦᠩᠭᠦᠨ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢ ᠪᠤᠶᠢᠵᠢᠭᠤᠯᠤᠨ ᠬᠥᠭᠵᠢᠭᠦᠯᠥᠨ᠎ᠡ᠃ ︵ᠦᠪᠦᠷ | ᠮᠤᠩᠭᠤᠯ ᠤᠨ ᠪᠠᠩᠬᠢ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠪᠠᠩᠬᠢ ᠶᠢᠨ | ᠬᠦᠬᠡᠬᠤᠲᠠ ᠭᠤᠣᠯ ᠰᠠᠯᠪᠤᠷᠢ ᠪᠠᠩᠬᠢ᠂ ᠦᠪᠡᠷᠲᠡᠭᠡᠨ ᠵᠠᠰᠠᠬᠤ ᠣᠷᠣᠨ ᠤ ᠮᠦᠩᠭᠦᠨ ᠭᠦᠢᠯᠭᠡᠭᠡᠨ ᠤ ᠠᠵᠢᠯ ᠤᠨ | ᠠᠯᠪᠠᠨ ᠭᠡᠷ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠬᠠᠩᠭᠠᠨ ᠪᠣᠷᠤᠯᠠᠭᠤᠯᠬᠤ ᠬᠤᠷᠰᠢᠶ᠎ᠠ ᠶᠢᠨ | ᠬᠤᠯᠪᠣᠭᠠᠲᠤ ᠬᠤᠷᠰᠢᠶ᠎ᠠ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠤᠰᠤᠭᠠᠷ ᠲᠤᠰ ᠲᠤᠰ | ᠬᠠᠷᠢᠭᠤᠴᠠᠨ᠎ᠠ︶ | 2.ᠬᠤᠷᠰᠢᠬᠤ ᠴᠢᠨᠠᠷᠲᠠᠢ ᠲᠤᠰᠬᠤᠨ ᠤ ᠱᠠᠲᠤ ᠶᠢᠨ ᠪᠡᠯᠡ ᠲᠣᠬᠢᠷᠠᠭᠤᠯᠬᠤ ᠳᠠᠭᠠᠭᠠᠯᠲᠠ ᠶᠢᠨ ᠰᠠᠭᠤᠷᠢ | ᠮᠦᠩᠭᠦ ᠶᠢ ᠰᠦᠪᠡᠭᠴᠢᠯᠡᠨ ᠪᠠᠶᠢᠭᠤᠯᠤᠨ᠎ᠠ᠃ ︵ᠦᠪᠡᠷᠲᠡᠭᠡᠨ ᠵᠠᠰᠠᠬᠤ ᠣᠷᠣᠨ ᠤ ᠮᠦᠩᠭᠦᠨ ᠭᠦᠢᠯᠭᠡᠭᠡᠨ ᠤ | ᠠᠵᠢᠯ ᠤᠨ ᠠᠯᠪᠠᠨ ᠭᠡᠷ᠂ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ | ᠶᠠᠳᠠᠭᠤ ᠶᠢ ᠲᠡᠳᠬᠦᠵᠦ ᠨᠡᠭᠡᠭᠡᠨ ᠬᠦᠭᠵᠢᠭᠦᠯᠬᠦ ᠠᠵᠢᠯ ᠤᠨ ᠠᠯᠪᠠᠨ ᠭᠡᠷ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ | ᠬᠤᠪᠢᠶᠠᠷᠢᠯᠠᠯ ᠶᠤᠰᠤᠭᠠᠷ ᠲᠤᠰ ᠲᠤᠰ ᠬᠠᠷᠢᠭᠤᠴᠠᠨ᠎ᠠ︶ | ᠬᠤᠶᠠᠷ᠂ ᠲᠠᠷᠢᠶᠠᠯᠠᠬᠤ ᠮᠠᠯᠵᠢᠬᠤ ᠣᠷᠣᠨ ᠤ ᠨᠡᠶᠢᠳᠡᠮ ᠠᠰᠢᠭ ᠬᠦᠷᠲᠡᠭᠡᠬᠦ ᠮᠦᠩᠭᠦᠨ ᠭᠦᠢᠯᠭᠡᠭᠡᠨ ᠢ ᠶᠡᠬᠡᠪᠡᠷ | ᠬᠥᠭᠵᠢᠭᠦᠯᠥᠨ᠎ᠡ | ︵ᠳᠥᠷᠪᠠ︶ ᠰᠢᠶᠠᠨ ᠤ ᠬᠡᠪᠴᠢᠶᠡᠨ ᠤ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠣᠣᠷ ᠴᠢᠬ ᠤᠨ | ᠪᠠᠶᠢᠷᠢᠰᠢᠭᠤᠯᠤᠯ ᠢ ᠰᠢᠯᠢᠳᠡᠭᠵᠢᠭᠦᠯᠥᠨ᠎ᠡ᠃ ᠲᠤᠮᠤ ᠳᠤᠮᠳᠠ ᠬᠡᠯᠪᠡᠷᠢ ᠶᠢᠨ ᠪᠠᠩᠬᠢ ᠨᠤᠭᠤᠳ ᠤᠨ ᠰᠢᠶᠠᠨ ᠤ | ᠬᠡᠪᠴᠢᠶᠠᠨ ᠤ ᠲᠣᠣᠷ ᠴᠢᠬ ᠨᠡᠮᠡᠵᠦ ᠪᠠᠶᠢᠭᠤᠯᠬᠤ ᠶᠢ ᠳᠡᠮᠵᠢᠵᠦ᠂ ᠲᠣᠣᠷ ᠴᠢᠬ ᠤᠨ ᠦᠢᠯᠡᠴᠢᠯᠡᠭᠡᠨ ᠤ | ᠴᠢᠳᠠᠮᠵᠢ ᠶᠢ ᠨᠢ ᠨᠡᠮᠡᠭᠳᠡᠭᠦᠯᠥᠨ᠎ᠡ᠃ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ᠳᠤ | ᠣᠷᠣᠨ ᠨᠣᠲᠤᠭ ᠤᠨ ᠮᠦᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠤᠨ ᠲᠣᠣᠷ ᠴᠢᠬ ᠪᠠᠶᠢᠭᠤᠯᠤᠨ᠂ | ᠲᠠᠷᠢᠶᠠᠯᠠᠩ ᠠᠵᠤ ᠠᠬᠤᠢ ᠳᠤ ᠬᠤᠯᠪᠣᠭᠳᠠᠭᠰᠠᠨ ᠲᠣᠬᠠᠶᠢᠯᠠᠭᠰᠠᠨ ᠠᠵᠢᠯ ᠦᠷᠨᠢᠭᠦᠯᠬᠦ ᠶᠢ ᠳᠡᠮᠵᠢᠨ᠎ᠡ᠃ ᠲᠠᠷᠢᠶᠠᠯᠠᠩ | ᠮᠠᠯ ᠠᠵᠤ ᠠᠬᠤᠢ ᠶᠢᠨ ᠲᠤᠮᠤ ᠰᠢᠶᠠᠨ᠂ ᠪᠠᠭ᠎ᠠ ᠵᠢᠵᠢᠭ ᠠᠵᠦ ᠠᠬᠤᠶᠢᠯᠠᠯ ᠲᠦᠪᠯᠡᠷᠡᠭᠰᠡᠨ ᠭᠠᠵᠠᠷ ᠣᠷᠣᠨ ᠳᠤ | ᠬᠦᠳᠡᠭᠡ ᠲᠤᠰᠬᠤᠨ ᠤ ᠪᠠᠩᠬᠢ ᠪᠠᠶᠢᠭᠤᠯᠬᠤ ᠶᠢ ᠲᠦᠷᠭᠡᠳᠭᠡᠨ᠂ ᠰᠤᠮᠤ ᠰᠢᠶᠠᠩ ᠪᠠᠯᠭᠠᠰᠤ ᠳᠤ ᠲᠣᠣᠷ ᠴᠢᠬ | ᠪᠠᠶᠢᠷᠢᠯᠠᠭᠤᠯᠬᠤ ᠶᠢ ᠳᠡᠮᠵᠢᠨ᠎ᠡ᠃ ︵ᠦᠪᠦᠷ ᠮᠤᠩᠭᠤᠯ ᠤᠨ ᠪᠠᠩᠬᠢ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠬᠠᠷᠢᠭᠤᠴᠠᠨ᠎ᠠ︶ | ︵ᠲᠠᠪᠤ︶ ᠲᠠᠷᠢᠶᠠᠯᠠᠬᠤ ᠮᠠᠯᠵᠢᠬᠤ ᠣᠷᠣᠨ ᠤ ᠰᠠᠭᠤᠷᠢ ᠮᠦᠩᠭᠦᠨ ᠭᠦᠢᠯᠭᠡᠭᠡᠨ ᠤ ᠦᠢᠯᠡᠴᠢᠯᠡᠭᠡᠨ ᠢᠶᠠᠷ | ᠪᠦᠬᠦᠨ ᠢ ᠬᠠᠮᠤᠷᠤᠭᠤᠯᠬᠤ ᠶᠢ ᠲᠦᠯᠬᠢᠨ ᠠᠬᠢᠭᠤᠯᠤᠨ᠎ᠠ᠃ ᠭᠠᠴᠠᠭ᠎ᠠ ᠲᠤᠰᠬᠤᠨ ᠤ ︽ᠲᠡᠷᠢᠶᠠᠯᠠᠩ ᠢ ᠲᠤᠰᠠᠯᠠᠬᠤ | ᠮᠦᠩᠭᠦᠨ ᠭᠦᠢᠯᠭᠡᠭᠡᠨ ᠤ ᠦᠢᠯᠡᠴᠢᠯᠡᠭᠡᠨ ᠤ ᠴᠢᠬ︾ ᠢᠶᠠᠷ ᠪᠦᠬᠦᠨ ᠢ ᠬᠠᠮᠤᠷᠤᠭᠤᠯᠬᠤ ᠢᠨᠵᠧᠨᠧᠷᠢᠩ ᠪᠦᠲᠦᠭᠡᠨ | ᠪᠠᠶᠢᠭᠤᠯᠬᠤ ᠠᠬᠢᠴᠠ ᠶᠢ ᠲᠦᠷᠭᠡᠳᠭᠡᠨ᠂ ᠲᠠᠷᠢᠶᠠᠴᠢᠨ ᠮᠠᠯᠴᠢᠳ ᠲᠤ ᠪᠠᠭ᠎ᠠ ᠲᠣᠭᠠᠨ ᠤ ᠪᠡᠯᠡᠨ ᠵᠣᠭᠤᠰ ᠭᠠᠷᠭᠠᠵᠤ | ᠠᠪᠬᠤ᠂ ᠳᠠᠩᠰᠠ ᠰᠢᠯᠵᠢᠭᠦᠯᠬᠦ᠂ ᠵᠠᠷᠤᠳᠠᠯ ᠲᠤᠰᠢᠶᠠᠬᠤ᠂ ᠪᠠᠶᠢᠴᠠᠭᠠᠨ ᠠᠰᠠᠭᠤᠬᠤ ᠵᠡᠷᠭᠡ ᠰᠠᠭᠤᠷᠢ ᠮᠦᠩᠭᠦᠨ | ᠭᠦᠢᠯᠭᠡᠭᠡ ᠶᠢᠨ ᠦᠢᠯᠡᠴᠢᠯᠡᠭᠡ ᠶᠢ ᠣᠶᠢᠷ᠎ᠠ ᠬᠠᠪᠢ ᠳᠤᠨᠢ ᠬᠠᠩᠭᠠᠨ᠎ᠠ᠃ ︵ᠦᠪᠡᠷᠲᠡᠭᠡᠨ ᠵᠠᠰᠠᠬᠤ ᠣᠷᠣᠨ ᠤ | ᠮᠦᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠡᠳ᠋ ᠤᠨ ᠵᠠᠰᠠᠭ ᠤᠨ ᠲᠢᠩᠬᠢᠮ᠂ ᠠᠷᠠᠳ ᠤᠨ ᠪᠠᠩᠬᠢ ᠶᠢᠨ | ᠬᠦᠬᠡᠬᠤᠲᠠ ᠭᠤᠣᠯ ᠰᠠᠯᠪᠤᠷᠢ ᠪᠠᠩᠬᠢ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠤᠰᠤᠭᠠᠷ ᠲᠤᠰ | ᠲᠤᠰ ᠬᠠᠷᠢᠭᠤᠴᠠᠨ᠎ᠠ︶ | ︵ᠵᠢᠷᠭᠤᠭ᠎ᠠ︶ ᠮᠦᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠭᠦᠬᠦ ᠡᠷᠴᠢᠮ ᠢ ᠴᠢᠩᠭᠠᠷᠠᠭᠤᠯᠤᠨ᠎ᠠ᠃ | ᠲᠥᠷᠥ ᠶᠢᠨ ᠪᠣᠳᠣᠯᠭ᠎ᠠ ᠶᠢᠨ ᠴᠢᠨᠠᠷᠲᠠᠢ ᠮᠦᠩᠭᠦᠨ ᠭᠦᠢᠯᠭᠡᠭᠡᠨ᠂ ᠬᠤᠳᠠᠯᠳᠤᠭᠠᠨ ᠤ ᠴᠢᠨᠠᠷᠲᠠᠢ ᠮᠦᠩᠭᠦᠨ ᠭᠦᠢᠯᠭᠡᠭᠡᠨ | ᠪᠣᠯᠣᠨ ᠬᠤᠷᠰᠢᠶᠠᠭᠰᠠᠨ ᠴᠢᠨᠠᠷᠲᠠᠢ ᠮᠦᠩᠭᠦᠨ ᠭᠦᠢᠯᠭᠡᠭᠡᠨ ᠤ ᠬᠠᠷᠢᠯᠴᠠᠨ ᠨᠦᠬᠦᠪᠦᠷᠢᠯᠡᠬᠦ ᠳᠠᠪᠠᠭᠤᠯᠢᠭ ᠢ ᠤᠯᠠᠮ ᠨᠢᠭᠡ | ᠠᠯᠬᠤᠮ ᠪᠠᠳᠠᠷᠠᠭᠤᠯᠵᠤ᠂ ᠲᠠᠷᠢᠶᠠᠴᠢᠨ ᠮᠠᠯᠴᠢᠨ ᠬᠦᠴᠦ ᠶᠠᠪᠤᠭᠰᠠᠳ᠂ ᠲᠠᠷᠢᠶᠠᠯᠠᠬᠤ ᠮᠠᠯᠵᠢᠬᠤ ᠣᠷᠣᠨ ᠤ | ᠡᠮᠡᠭᠲᠡᠶᠢᠴᠦᠳ᠂ ᠴᠦᠬᠡᠨ ᠲᠣᠭᠠᠲᠤ ᠦᠨᠳᠦᠰᠦᠲᠡᠨ ᠵᠡᠷᠭᠡ ᠳᠣᠷᠣᠢ ᠪᠠᠭᠤᠷᠠᠶᠢᠴᠤᠤᠯ ᠲᠤ ᠬᠠᠨᠳᠤᠭᠤᠯᠤᠭᠰᠠᠨ | ᠮᠦᠩᠭᠦᠨ ᠭᠦᠢᠯᠭᠡᠭᠡᠨ ᠤ ᠦᠢᠯᠡᠴᠢᠯᠡᠭᠡ ᠶᠢ ᠦᠨᠡᠨᠬᠦ ᠰᠠᠶᠢᠵᠢᠷᠠᠭᠤᠯᠤᠨ᠎ᠠ᠃ ᠮᠦᠩᠭᠦᠨ ᠭᠦᠢᠯᠭᠡᠭᠡᠨ ᠢᠶᠠᠷ ᠶᠠᠳᠠᠭᠤ ᠶᠢ | ᠲᠡᠳᠭᠦᠵᠦ ᠠᠷᠠᠳ ᠢ ᠪᠠᠶᠠᠵᠢᠭᠤᠯᠬᠤ ᠢᠨᠵᠧᠨᠧᠷᠢᠩ ᠢ ᠲᠦᠷᠭᠡᠳᠭᠡᠨ ᠬᠡᠷᠡᠭᠵᠢᠭᠦᠯᠵᠦ᠂ ᠶᠠᠳᠠᠭᠤ ᠶᠢ ᠲᠡᠳᠭᠦᠬᠦ ᠳᠠᠮ | ᠬᠦᠦ ᠥᠭᠬᠦ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠮᠦᠩᠭᠦᠨ ᠭᠦᠢᠯᠭᠡᠭᠡᠨ ᠤ | ᠪᠠᠶᠢᠭᠤᠯᠤᠮᠵᠢ ᠨᠤᠭᠤᠳ ᠢ ᠬᠦᠲᠦᠯᠦᠨ ᠵᠢᠯᠤᠭᠤᠳᠴᠤ ᠪᠠᠶᠢᠭᠠᠳ ᠲᠠᠷᠢᠶᠠᠯᠠᠬᠤ ᠮᠠᠯᠵᠢᠬᠤ ᠣᠷᠣᠨ ᠳᠠᠬᠢ ᠶᠠᠳᠠᠭᠤ | ᠬᠦᠴᠢᠷᠳᠡᠯᠲᠡᠢ ᠭᠠᠵᠠᠷ ᠣᠷᠣᠨ ᠤ ᠶᠠᠳᠠᠭᠤ ᠶᠢ ᠲᠡᠳᠭᠦᠨ ᠪᠠᠬᠢᠯᠡᠯᠲᠡ ᠰᠢᠪᠲᠤᠯᠬᠤ ᠮᠦᠩᠭᠦᠨ ᠭᠦᠢᠯᠭᠡᠭᠡᠨ ᠤ | ᠦᠢᠯᠡᠴᠢᠯᠡᠭᠡᠨ ᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠯᠭᠡᠨ᠎ᠡ᠃ ︵ᠦᠪᠡᠷᠲᠡᠭᠡᠨ ᠵᠠᠰᠠᠬᠤ ᠣᠷᠣᠨ ᠤ ᠶᠠᠳᠠᠭᠤ ᠶᠢ | ᠲᠡᠳᠬᠦᠵᠦ ᠨᠡᠭᠡᠭᠡᠨ ᠬᠦᠭᠵᠢᠭᠦᠯᠬᠦ ᠠᠵᠢᠯ ᠤᠨ ᠠᠯᠪᠠᠨ ᠭᠡᠷ᠂ ᠡᠳ᠋ ᠤᠨ ᠵᠠᠰᠠᠭ ᠤᠨ ᠲᠢᠩᠬᠢᠮ᠂ ᠮᠦᠩᠭᠦᠨ | ᠭᠦᠢᠯᠭᠡᠭᠡᠨ ᠤ ᠠᠵᠢᠯ ᠤᠨ ᠠᠯᠪᠠᠨ ᠭᠡᠷ᠂ ᠠᠷᠠᠳ ᠤᠨ ᠪᠠᠩᠬᠢ ᠶᠢᠨ ᠬᠦᠬᠡᠬᠤᠲᠠ ᠭᠤᠣᠯ ᠰᠠᠯᠪᠤᠷᠢ ᠪᠠᠩᠬᠢ᠂ ᠦᠪᠦᠷ | ᠮᠤᠩᠭᠤᠯ ᠤᠨ ᠪᠠᠩᠬᠢ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠨᠢ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ ᠶᠤᠰᠤᠭᠠᠷ ᠲᠤᠰ ᠲᠤᠰ ᠬᠠᠷᠢᠭᠤᠴᠠᠨ᠎ᠠ︶ | ᠭᠤᠷᠪᠠ᠂ ᠲᠠᠷᠢᠶᠠᠯᠠᠩ ᠮᠠᠯ ᠠᠵᠤ ᠠᠬᠤᠢ ᠯᠤᠭ᠎ᠠ ᠬᠤᠯᠪᠣᠭᠳᠠᠭᠰᠠᠨ ᠪᠡᠯᠡ ᠮᠦᠩᠭᠦ ᠶᠢᠨ ᠣᠷᠤᠭᠤᠯᠤᠯᠲᠠ ᠶᠢ | ᠬᠦᠲᠦᠯᠦᠨ ᠵᠢᠯᠤᠭᠤᠳᠴᠤ ᠪᠠᠶᠢᠭᠠᠳ ᠨᠡᠮᠡᠭᠳᠡᠭᠦᠯᠥᠨ᠎ᠡ | ︵ᠳᠣᠯᠤᠭ᠎ᠠ︶ ᠪᠡᠯᠡ ᠮᠦᠩᠭᠦ ᠶᠢᠨ ᠢᠷᠡᠯᠲᠡ ᠶᠢ ᠦᠷᠭᠡᠵᠢᠭᠦᠯᠥᠨᠡ᠃ | 1.ᠬᠦᠳᠡᠭᠡ ᠲᠤᠰᠬᠤᠨ ᠤ ᠬᠤᠳᠠᠯᠳᠤᠭᠠᠨ ᠤ ᠪᠠᠩᠬᠢ᠂ ᠬᠦᠳᠡᠭᠡ ᠲᠤᠰᠬᠤᠨ ᠤ ᠬᠤᠷᠰᠢᠭᠰᠠᠨ ᠪᠠᠩᠬᠢ᠂ | ᠬᠦᠳᠡᠭᠡ ᠲᠤᠰᠬᠤᠨ ᠤ ᠢᠲᠡᠭᠡᠮᠵᠢ ᠶᠢᠨ ᠬᠤᠷᠰᠢᠶ᠎ᠠ᠂ ᠲᠤᠰᠬᠤᠨ ᠪᠠᠯᠭᠠᠰᠤ ᠶᠢᠨ ᠪᠠᠩᠬᠢ ᠠᠴᠠ ᠲᠠᠷᠢᠶᠠᠯᠠᠩ ᠢ ᠳᠡᠮᠵᠢᠬᠦ | ᠵᠢᠵᠢᠭ ᠠᠵᠦ ᠠᠬᠤᠶᠢᠯᠠᠯ ᠢ ᠳᠡᠮᠵᠢᠬᠦ ᠳᠠᠬᠢᠨᠲᠠ ᠵᠢᠭᠡᠯᠡᠯᠭᠡ ᠲᠠᠯᠪᠢᠬᠤ ᠡᠷᠴᠢᠮ ᠢ ᠤᠯᠠᠮ ᠨᠢᠭᠡ ᠠᠯᠬᠤᠮ | ᠴᠢᠩᠭᠠᠷᠠᠭᠤᠯᠵᠦ᠂ ᠲᠠᠷᠢᠶᠠᠯᠠᠩ ᠮᠠᠯ ᠠᠵᠦ ᠠᠬᠤᠢ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ ᠪᠣᠯᠣᠨ | ᠲᠠᠷᠢᠶᠠᠯᠠᠬᠤ ᠮᠠᠯᠵᠢᠬᠤ ᠣᠷᠣᠨ ᠤ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠳᠤ ᠭᠤᠣᠯᠳᠠᠭᠤ | ᠬᠡᠷᠡᠭᠯᠡᠭᠦᠯᠥᠨᠡ᠃ ︵ᠠᠷᠠᠳ ᠤᠨ ᠪᠠᠩᠬᠢ ᠶᠢᠨ ᠬᠦᠬᠡᠬᠤᠲᠠ ᠭᠤᠣᠯ ᠰᠠᠯᠪᠤᠷᠢ ᠪᠠᠩᠬᠢ ᠬᠠᠷᠢᠭᠤᠴᠠᠨ᠎ᠠ︶ | 2.ᠪᠠᠩᠬᠢ ᠶᠢᠨ ᠦᠢᠯᠡᠰ ᠤᠨ ᠮᠦᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠤᠨ ᠲᠠᠷᠢᠶᠠᠯᠠᠩ ᠮᠠᠯ ᠠᠵᠦ | ᠠᠬᠤᠢ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ ᠲᠤ ᠲᠤᠰᠬᠠᠢ ᠵᠦᠢᠯ ᠢᠶᠠᠷ ᠬᠡᠷᠡᠭᠯᠡᠬᠦ ᠮᠦᠩᠭᠦᠨ | ᠭᠦᠢᠯᠭᠡᠭᠡᠨ ᠤ ᠵᠢᠭᠡᠯᠡᠯᠭᠡ ᠲᠠᠯᠪᠢᠠᠬᠤ ᠶᠢ ᠳᠡᠮᠵᠢᠵᠦ᠂ ᠲᠠᠷᠢᠶᠠᠯᠠᠩ ᠮᠠᠯ ᠠᠵᠤ ᠠᠬᠤᠢ ᠯᠤᠭ᠎ᠠ ᠬᠤᠯᠪᠣᠭᠳᠠᠭᠰᠠᠨ ᠡᠳ᠋ | ᠬᠦᠷᠦᠩᠭᠡ ᠶᠢ ᠲᠡᠮᠳᠡᠭᠴᠢᠯᠡᠬᠦ ᠲᠣᠷᠰᠢᠯᠲᠠ ᠶᠢ ᠦᠷᠨᠢᠭᠦᠯᠥᠨ᠎ᠡ᠃ ︵ᠠᠷᠠᠳ ᠤᠨ ᠪᠠᠩᠬᠢ ᠶᠢᠨ ᠬᠦᠬᠡᠬᠤᠲᠠ ᠭᠤᠣᠯ | ᠰᠠᠯᠪᠤᠷᠢ ᠪᠠᠩᠬᠢ᠂ ᠦᠪᠦᠷ ᠮᠤᠩᠭᠤᠯ ᠤᠨ ᠪᠠᠩᠬᠢ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠦᠪᠡᠷᠲᠡᠭᠡᠨ ᠵᠠᠰᠠᠬᠤ ᠣᠷᠣᠨ ᠤ ᠬᠦᠳᠡᠭᠡ ᠲᠤᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠵᠡᠷᠭᠡ ᠨᠢ | ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠤᠰᠤᠭᠠᠷ ᠲᠤᠰ ᠲᠤᠰ ᠬᠠᠷᠢᠭᠤᠴᠠᠨ᠎ᠠ︶ | 3.ᠲᠠᠷᠢᠶᠠᠯᠠᠩ ᠤᠨ ᠬᠥᠭᠵᠢᠭᠦᠯᠥᠯᠲᠡ ᠶᠢᠨ ᠪᠠᠩᠬᠢ ᠨᠢ ᠦᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠢ ᠶᠢᠨ ᠨᠡᠭᠡᠭᠡᠨ ᠬᠦᠭᠵᠢᠭᠦᠯᠬᠦ ᠪᠠ ᠲᠠᠷᠢᠶᠠᠯᠠᠬᠤ ᠮᠠᠯᠵᠢᠬᠤ ᠣᠷᠣᠨ ᠤ ᠰᠠᠭᠤᠷᠢ ᠪᠡᠯᠡᠳᠭᠡᠮᠵᠢ ᠶᠢᠨ | ᠪᠦᠲᠦᠭᠡᠨ ᠪᠠᠶᠢᠭᠤᠯᠤᠯᠲᠠ ᠶᠢᠨ ᠤᠷᠲᠤᠪᠲᠤᠷ ᠪᠠ ᠤᠷᠲᠤ ᠬᠤᠭᠤᠴᠠᠭᠠᠨ ᠤ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ | ᠦᠵᠡᠭᠦᠯᠬᠦ ᠶᠢ ᠨᠡᠮᠡᠭᠳᠡᠭᠦᠯᠬᠦ ᠬᠡᠷᠡᠭᠲᠡᠢ᠃ ᠲᠠᠷᠢᠶᠠᠯᠠᠩ ᠤᠨ ᠪᠠᠩᠬᠢ ᠨᠤᠭᠤᠳ ᠲᠠᠷᠢᠶᠠᠯᠠᠩ ᠮᠠᠯ ᠠᠵᠦ ᠠᠬᠤᠢ | ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ ᠲᠤ ᠬᠠᠨᠳᠤᠭᠤᠯᠤᠭᠰᠠᠨ ᠣᠷᠣᠨ ᠪᠠᠶᠢᠷᠢᠰᠢᠯ ᠲᠣᠭᠲᠠᠭᠠᠬᠤ ᠶᠢ | ᠪᠠᠷᠢᠮᠲᠠᠯᠠᠵᠤ᠂ ᠲᠠᠷᠢᠶᠠᠯᠠᠩ ᠮᠠᠯ ᠠᠵᠦ ᠠᠬᠤᠢ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ ᠲᠤ ᠲᠠᠯᠪᠢᠬᠤ | ᠵᠢᠭᠡᠯᠡᠯᠭᠡ ᠶᠢᠨ ᠨᠡᠮᠡᠭᠳᠡᠯ ᠤᠨ ᠬᠤᠷᠳᠤᠴᠠ ᠪᠠᠨ ᠪᠦᠬᠦ ᠪᠠᠩᠬᠢ ᠶᠢᠨ ᠵᠢᠭᠡᠯᠡᠯᠭᠡ ᠶᠢᠨ ᠳᠤᠮᠳᠠᠴᠢ ᠨᠡᠮᠡᠭᠳᠡᠯ ᠤᠨ | ᠬᠤᠷᠳᠤᠴᠠ ᠠᠴᠠ ᠳᠡᠭᠡᠭᠦᠷ ᠪᠠᠶᠢᠯᠭᠠᠬᠤ ᠪᠠᠷ ᠴᠢᠷᠮᠠᠶᠢᠬᠤ ᠬᠡᠷᠡᠭᠲᠡᠢ᠃ ᠰᠢᠦᠳᠠᠨ ᠤ ᠬᠠᠳᠠᠭᠠᠯᠠᠮᠵᠢ ᠶᠢᠨ | ᠪᠠᠩᠬᠢ ᠨᠤᠭᠤᠳ ᠲᠠᠷᠢᠶᠠᠯᠠᠬᠤ ᠮᠠᠯᠵᠢᠬᠤ ᠣᠷᠣᠨ ᠤ ᠮᠦᠩᠭᠦᠨ ᠭᠦᠢᠯᠭᠡᠭᠡᠨ ᠤ ᠲᠣᠬᠠᠶᠢᠯᠠᠭᠰᠠᠨ ᠠᠵᠢᠯ ᠢᠶᠠᠨ | ᠦᠷᠭᠦᠯᠵᠢᠯᠡᠨ ᠦᠷᠭᠡᠵᠢᠭᠦᠯᠵᠦ᠂ ᠲᠠᠷᠢᠶᠠᠯᠠᠬᠤ ᠮᠠᠯᠵᠢᠬᠤ ᠣᠷᠣᠨ ᠳᠤ ᠬᠠᠨᠳᠤᠭᠤᠯᠤᠭᠰᠠᠨ ᠢᠲᠡᠭᠡᠮᠵᠢᠲᠦ | ᠵᠢᠭᠡᠯᠡᠯᠭᠡ ᠶᠢᠨ ᠣᠷᠣᠭᠤᠯᠤᠯᠲᠠ ᠪᠠᠨ ᠨᠡᠮᠡᠭᠳᠡᠭᠦᠯᠦᠨ᠂ ᠲᠠᠷᠢᠶᠠᠯᠠᠩ ᠮᠠᠯ ᠠᠵᠤ ᠠᠬᠤᠢ ᠳᠤ ᠬᠤᠯᠪᠣᠭᠳᠠᠭᠰᠠᠨ | ᠲᠤᠬᠠᠶᠢᠯᠠᠭᠰᠠᠨ ᠠᠵᠢᠯ ᠤᠨ ᠬᠡᠪᠴᠢᠶ᠎ᠡ ᠪᠠᠨ ᠠᠯᠬᠤᠮ ᠠᠯᠬᠤᠮ ᠢᠶᠠᠷ ᠦᠷᠭᠡᠳᠭᠡᠬᠦ ᠬᠡᠷᠡᠭᠲᠡᠢ᠃ ︵ᠠᠷᠠᠳ ᠤᠨ | ᠪᠠᠩᠬᠢ ᠶᠢᠨ ᠬᠦᠬᠡᠬᠤᠲᠠ ᠭᠤᠣᠯ ᠰᠠᠯᠪᠤᠷᠢ ᠪᠠᠩᠬᠢ᠂ ᠦᠪᠦᠷ ᠮᠤᠩᠭᠤᠯ ᠤᠨ ᠪᠠᠩᠬᠢ ᠶᠢᠨ ᠦᠢᠯᠡᠰ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠦᠪᠡᠷᠲᠡᠭᠡᠨ ᠵᠠᠰᠠᠬᠤ ᠣᠷᠣᠨ ᠤ ᠮᠦᠩᠭᠦᠨ ᠭᠦᠢᠯᠭᠡᠭᠡᠨ ᠤ ᠠᠵᠢᠯ ᠤᠨ ᠠᠯᠪᠠᠨ | ᠭᠡᠷ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠤᠰᠤᠭᠠᠷ ᠲᠤᠰ ᠲᠤᠰ ᠬᠠᠷᠢᠭᠤᠴᠠᠨ᠎ᠠ︶ | ︵ᠨᠠᠢᠮᠠ︶ ᠲᠥᠷᠥ ᠶᠢᠨ ᠪᠣᠳᠣᠯᠭ᠎ᠠ ᠪᠠᠷ ᠬᠦᠲᠦᠯᠦᠨ ᠵᠢᠯᠤᠭᠤᠳᠬᠤ ᠶᠢ ᠴᠢᠩᠭᠠᠷᠠᠭᠤᠯᠤᠨ᠎ᠠ᠃ ᠰᠢᠶᠠᠨ ᠤ | ᠬᠡᠪᠴᠢᠶᠠᠨ ᠤ ᠪᠠᠩᠬᠢ ᠶᠢᠨ ᠦᠢᠯᠡᠰ ᠤᠨ ᠬᠠᠤᠯᠢ ᠶᠢᠨ ᠡᠷᠬᠡᠲᠡᠨ ᠤ ᠪᠠᠶᠢᠭᠤᠯᠤᠮᠵᠢ ᠶᠢᠨ ᠵᠣᠬᠢᠬᠤ ᠬᠠᠷᠢᠴᠠᠯ ᠪᠦᠬᠦᠢ | ᠬᠠᠳᠠᠭᠠᠯᠠᠮᠵᠢ ᠶᠢᠨ ᠵᠣᠭᠤᠰ ᠢ ᠲᠤᠬᠠᠢ ᠶᠢᠨ ᠭᠠᠵᠠᠷ ᠲᠤ ᠲᠠᠯᠪᠢᠬᠤ ᠲᠥᠷᠥ ᠶᠢᠨ ᠪᠣᠳᠣᠯᠭ᠎ᠠ ᠶᠢ ᠦᠨᠡᠨᠬᠦ | ᠨᠠᠶᠢᠳᠠᠪᠤᠷᠢᠵᠢᠭᠤᠯᠤᠨ᠎ᠠ᠃ ᠬᠤᠳᠠᠯᠳᠤᠭᠠᠨ ᠤ ᠪᠠᠩᠬᠢ ᠶᠢᠨ ᠰᠢᠨ᠎ᠡ ᠪᠠᠷ ᠪᠠᠶᠢᠭᠤᠯᠤᠭᠰᠠᠨ ᠰᠢᠶᠠᠨ ᠤ ᠬᠡᠪᠴᠢᠶᠡᠨ ᠤ | ᠬᠤᠪᠢᠶᠠᠷᠢ ᠰᠠᠯᠪᠤᠷᠢ ᠪᠠᠶᠢᠭᠤᠯᠤᠮᠵᠢ ᠶᠢᠨ ᠢᠲᠡᠭᠡᠮᠵᠢᠲᠦ ᠵᠢᠭᠡᠯᠡᠯᠭᠡ ᠲᠠᠯᠪᠢᠬᠤ ᠲᠠᠯ᠎ᠠ ᠪᠠᠷ ᠬᠢ ᠠᠮᠠᠯᠳᠠᠬᠤ ᠳᠦᠷᠢᠮ ᠢ | ᠰᠦᠪᠡᠭᠴᠢᠯᠡᠨ ᠪᠠᠶᠢᠭᠤᠯᠤᠨ᠎ᠠ᠃ ᠬᠢᠨᠠᠨ ᠬᠠᠮᠢᠶᠠᠷᠬᠤ ᠱᠠᠭᠠᠷᠳᠠᠯᠭ᠎ᠠ ᠳᠤ ᠨᠡᠶᠢᠴᠡᠬᠦ ᠰᠢᠶᠠᠨ ᠤ ᠬᠡᠪᠴᠢᠶᠠᠨ ᠤ | ᠪᠠᠩᠬᠢ ᠶᠢᠨ ᠦᠢᠯᠡᠰ ᠤᠨ ᠮᠦᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠤᠨ ᠢᠲᠡᠭᠡᠮᠵᠢᠲᠦ ᠵᠢᠭᠡᠯᠡᠯᠭᠡ | ᠲᠠᠯᠪᠢᠬᠤ ᠪᠠᠨ ᠦᠷᠭᠡᠳᠭᠡᠬᠦ ᠶᠢ ᠳᠡᠮᠵᠢᠵᠦ᠂ ᠬᠠᠳᠠᠭᠠᠯᠠᠭᠤᠯᠬᠤ ᠵᠢᠭᠡᠯᠡᠭᠦᠯᠬᠦ ᠬᠠᠷᠢᠴᠠᠯ ᠢ ᠦᠷᠭᠦᠯᠵᠢᠯᠡᠨ | ᠳᠡᠭᠡᠭᠰᠢᠯᠡᠭᠦᠯᠥᠨ᠎ᠡ᠃ ᠡᠳ᠋ ᠤᠨ ᠵᠠᠰᠠᠭ ᠤᠨ ᠪᠡᠯᠡ ᠮᠦᠩᠭᠦ ᠪᠠᠷ ᠳᠠᠮ ᠬᠦᠦ ᠥᠭᠬᠦ᠂ ᠳᠠᠭᠠᠭᠠᠯᠲᠠ ᠬᠢᠬᠦ ᠵᠡᠷᠭᠡ | ᠠᠷᠭ᠎ᠠ ᠬᠡᠮᠵᠢᠶ᠎ᠠ ᠪᠠᠷ ᠳᠠᠮᠵᠢᠭᠤᠯᠤᠨ᠂ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠦᠲᠦᠯᠦᠨ ᠵᠢᠯᠤᠭᠤᠳᠴᠤ | ᠪᠠᠶᠢᠭᠠᠳ ᠲᠠᠷᠢᠶᠠᠯᠠᠩ ᠮᠠᠯ ᠠᠵᠤ ᠠᠬᠤᠢ ᠶᠢ ᠳᠡᠮᠵᠢᠬᠦ ᠪᠡᠯᠡ ᠮᠦᠩᠭᠦ ᠶᠢᠨ ᠣᠷᠣᠭᠤᠯᠤᠯᠲᠠ ᠶᠢᠨ ᠬᠡᠪᠴᠢᠶ᠎ᠡ ᠶᠢ | ᠦᠷᠭᠡᠳᠭᠡᠬᠦ ᠶᠢ ᠰᠦᠪᠡᠭᠴᠢᠯᠡᠨ᠎ᠡ᠃ ︵ᠠᠷᠠᠳ ᠤᠨ ᠪᠠᠩᠬᠢ ᠶᠢᠨ ᠬᠦᠬᠡᠬᠤᠲᠠ ᠭᠤᠣᠯ ᠰᠠᠯᠪᠤᠷᠢ ᠪᠠᠩᠬᠢ᠂ ᠦᠪᠦᠷ | ᠮᠤᠩᠭᠤᠯ ᠤᠨ ᠪᠠᠩᠬᠢ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠦᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠲᠢᠩᠬᠢᠮ᠂ ᠮᠦᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ ᠵᠡᠷᠭᠡ ᠨᠢ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ ᠶᠤᠰᠤᠭᠠᠷ ᠲᠤᠰ ᠲᠤᠰ ᠬᠠᠷᠢᠭᠤᠴᠠᠨ᠎ᠠ︶ | ︵ᠶᠢᠰᠦ︶ ᠢᠲᠡᠭᠡᠮᠵᠢᠲᠦ ᠵᠢᠭᠡᠯᠡᠯᠭᠡ ᠶᠢᠨ ᠲᠣᠭᠲᠠᠴᠠ ᠶᠢ ᠲᠡᠭᠦᠯᠳᠡᠷᠵᠢᠭᠦᠯᠥᠨ᠎ᠡ᠃ ᠲᠡᠷᠢᠶᠠᠯᠠᠩ ᠮᠠᠯ ᠠᠵᠤ | ᠠᠬᠤᠢ ᠯᠤᠭ᠎ᠠ ᠬᠤᠯᠪᠣᠭᠳᠠᠭᠰᠠᠨ ᠲᠤᠬᠠᠶᠢᠯᠠᠭᠰᠠᠨ ᠠᠵᠢᠯ ᠤᠨ ᠪᠦᠬᠦ ᠲᠠᠯ᠎ᠠ ᠶᠢᠨ ᠲᠥᠭᠰᠢᠭᠦᠷᠢ ᠶᠢᠨ ᠬᠠᠮᠢᠶᠠᠷᠤᠯᠲᠠ ᠶᠢ | ᠴᠢᠩᠭᠠᠷᠠᠭᠤᠯᠤᠭᠰᠠᠨ ᠰᠠᠭᠤᠷᠢᠨ ᠳᠡᠭᠡᠷ᠎ᠡ᠂ ᠬᠤᠳᠠᠯᠳᠤᠭᠠᠨ ᠤ ᠪᠠᠩᠬᠢ ᠶᠢᠨ ᠲᠠᠷᠢᠶᠠᠯᠠᠩ ᠮᠠᠯ ᠠᠵᠤ ᠠᠬᠤᠢ ᠯᠤᠭ᠎ᠠ | ᠬᠤᠯᠪᠤᠭᠳᠠᠭᠰᠠᠨ ᠢᠲᠡᠭᠡᠮᠵᠢᠦ ᠵᠢᠭᠡᠯᠡᠯᠭᠡ ᠶᠢᠨ ᠲᠥᠯᠦᠪᠯᠡᠭᠡ ᠪᠠᠨ ᠠᠰ ᠢᠶᠠᠷ ᠨᠢ ᠵᠢᠭᠰᠠᠭᠠᠬᠤ ᠶᠢ ᠵᠣᠷᠢᠬᠵᠢᠭᠤᠯᠵᠤ᠂ | ᠵᠢᠭᠡᠯᠡᠯᠭᠡ ᠬᠢᠨᠠᠨ ᠵᠥᠪᠰᠢᠶᠡᠷᠡᠬᠦ ᠡᠷᠬᠡ ᠮᠡᠳᠡᠯ ᠢ ᠳᠣᠷᠤᠭᠰᠢ ᠪᠠᠭᠤᠯᠭᠠᠨ᠂ ᠠᠵᠢᠯ ᠤᠨ ᠠᠮᠵᠢᠯᠲᠠ ᠪᠦᠲᠦᠮᠵᠢ ᠶᠢ | ᠰᠢᠯᠭᠠᠨ ᠦᠨᠡᠯᠡᠬᠦ ᠲᠣᠭᠲᠠᠴᠠ ᠶᠢ ᠰᠢᠯᠢᠳᠡᠭᠵᠢᠭᠦᠯᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠰᠡᠨ ᠪᠣᠯ | ᠬᠠᠷᠢᠭᠤᠴᠠᠯᠭ᠎ᠠ ᠠᠴᠠ ᠬᠡᠯᠲᠦᠷᠢᠭᠦᠯᠬᠦ ᠳᠦᠷᠢᠮ ᠢ ᠶᠠᠪᠤᠭᠤᠯᠵᠦ᠂ ᠲᠠᠷᠢᠶᠠᠯᠠᠩ ᠮᠠᠯ ᠠᠵᠦ ᠠᠬᠤᠢ ᠲᠠᠷᠢᠶᠠᠯᠠᠬᠤ | ᠮᠠᠯᠵᠢᠬᠤ ᠣᠷᠣᠨ ᠲᠠᠷᠢᠶᠠᠴᠢᠨ ᠮᠠᠯᠴᠢᠳ ᠲᠤ ᠢᠲᠡᠭᠡᠮᠵᠢᠲᠦ ᠵᠢᠭᠡᠯᠡᠯᠭᠡ ᠲᠠᠯᠪᠢᠬᠤ ᠳᠣᠳᠣᠭᠠᠲᠤ ᠢᠳᠡᠪᠬᠢᠵᠢᠯ ᠢ | ᠳᠠᠶᠢᠴᠢᠯᠠᠨ᠎ᠠ᠃ ︵ᠦᠪᠦᠷ ᠮᠤᠩᠭᠤᠯ ᠤᠨ ᠪᠠᠩᠬᠢ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠠᠷᠠᠳ ᠤᠨ ᠪᠠᠩᠬᠢ ᠶᠢᠨ ᠬᠦᠬᠡᠬᠤᠲᠠ ᠭᠤᠣᠯ ᠰᠠᠯᠪᠤᠷᠢ ᠪᠠᠩᠬᠢ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ | ᠬᠤᠪᠢᠶᠠᠷᠢᠯᠠᠯ ᠶᠤᠰᠤᠭᠠᠷ ᠲᠤᠰ ᠲᠤᠰ ᠬᠠᠷᠢᠭᠤᠴᠠᠨ᠎ᠠ︶ | ᠳᠥᠷᠪᠠ᠂ ᠲᠠᠷᠢᠶᠠᠯᠠᠬᠤ ᠮᠠᠯᠵᠢᠬᠤ ᠣᠷᠣᠨ ᠤ ᠮᠦᠩᠭᠦᠨ ᠭᠦᠢᠯᠭᠡᠭᠡᠨ ᠤ ᠦᠢᠯᠡᠳᠭᠦᠨ ᠪᠣᠯᠣᠨ | ᠦᠢᠯᠡᠴᠢᠯᠡᠭᠡᠨ ᠤ ᠠᠷᠭ᠎ᠠ ᠮᠠᠶ᠋ᠢᠭ ᠲᠤ ᠰᠢᠨ᠎ᠡ ᠶᠢ ᠡᠭᠦᠳᠥᠨ᠎ᠡ | ︵ᠠᠷᠪᠠ︶ ᠲᠠᠷᠢᠶᠠᠯᠠᠬᠤ ᠮᠠᠯᠵᠢᠬᠤ ᠣᠷᠣᠨ ᠤ ᠮᠦᠩᠭᠦᠨ ᠭᠦᠢᠯᠭᠡᠭᠡᠨ ᠤ ᠦᠢᠯᠡᠳᠭᠦᠨ ᠳᠤ ᠰᠢᠨ᠎ᠡ ᠶᠢ | ᠡᠭᠦᠳᠥᠨ᠎ᠡ᠃ ᠮᠦᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠤᠨ ︽ᠨᠢᠭᠡ ᠤᠳᠠᠭ᠎ᠠ ᠳᠤ ᠬᠢᠨᠠᠨ ᠲᠣᠭᠲᠠᠭᠠᠬᠤ᠂ | ᠬᠡᠵᠢᠶ᠎ᠡ ᠵᠢᠭᠡᠯᠡᠯᠭᠡ ᠬᠡᠷᠡᠭᠯᠡᠪᠡᠯ ᠲᠡᠳᠥᠢ ᠳᠤᠨᠢ ᠵᠢᠭᠡᠯᠡᠭᠦᠯᠬᠦ᠂ ᠦᠯᠡᠳᠡᠪᠦᠷᠢ ᠶᠢ ᠡᠵᠡᠮᠳᠡᠬᠦ᠂ ᠡᠷᠭᠢᠯᠳᠥᠭᠦᠯᠥᠨ ᠬᠡᠷᠡᠭᠯᠡᠬᠦ᠂ | ᠬᠦᠳᠡᠯᠦᠩᠭᠦᠢ ᠲᠣᠬᠢᠷᠠᠭᠤᠯᠬᠤ︾ ᠲᠠᠷᠢᠶᠠᠯᠠᠬᠤ ᠮᠠᠯᠵᠢᠬᠤ ᠡᠷᠦᠬᠡ ᠶᠢᠨ ᠢᠲᠡᠭᠡᠮᠵᠢᠲᠦ ᠵᠢᠭᠡᠯᠡᠯᠭᠡ ᠶᠢᠨ ᠵᠠᠭᠪᠤᠷ | ᠶᠠᠪᠤᠭᠤᠯᠬᠤ ᠶᠢ ᠵᠣᠷᠢᠬᠵᠢᠭᠤᠯᠵᠤ᠂ ᠵᠢᠭᠡᠯᠡᠯᠭᠡ ᠶᠢᠨ ᠲᠤᠭ᠎ᠠ ᠬᠡᠮᠵᠢᠶ᠎ᠠ᠂ ᠵᠢᠭᠡᠯᠡᠯᠭᠡ ᠲᠠᠯᠪᠢᠬᠤ ᠠᠬᠢᠴᠠ ᠪᠣᠯᠣᠨ | ᠡᠭᠡᠭᠦᠯᠥᠨ ᠬᠤᠷᠢᠶᠠᠬᠤ ᠬᠤᠭᠤᠴᠠᠭ᠎ᠠ ᠶᠢ ᠵᠣᠬᠢᠰᠲᠠᠢ ᠲᠣᠭᠲᠠᠭᠠᠨ᠎ᠠ᠃ ᠲᠠᠷᠢᠶᠠᠯᠠᠬᠤ ᠮᠠᠯᠵᠢᠬᠤ ᠣᠷᠣᠨ ᠳᠤ ᠪᠢᠴᠢᠯ | ᠵᠢᠭᠡᠯᠡᠯᠭᠡ ᠶᠢᠨ ᠮᠡᠷᠭᠡᠵᠢᠯ ᠢ ᠳᠡᠯᠭᠡᠷᠡᠭᠦᠯᠦᠨ ᠬᠡᠷᠡᠭᠯᠡᠭᠦᠯᠬᠦ ᠶᠢ ᠲᠦᠷᠭᠡᠳᠭᠡᠨ᠎ᠡ᠃ ᠠᠵᠤ ᠦᠢᠯᠡᠰ ᠤᠨ ᠬᠡᠯᠬᠢᠶ᠎ᠡ ᠶᠢᠨ | ᠮᠦᠩᠭᠦᠨ ᠭᠦᠢᠯᠭᠡᠭᠡᠨ ᠤ ᠵᠠᠭᠪᠣᠷ ᠢ ᠳᠡᠯᠭᠡᠷᠡᠭᠦᠯᠥᠨᠡ᠃ ᠲᠠᠷᠢᠶᠠᠯᠠᠬᠤ ᠮᠠᠯᠵᠢᠬᠤ ᠣᠷᠣᠨ ᠤ ᠳ᠋ᠢᠶᠠᠩᠬᠤᠸᠠ ᠳᠡᠭᠡᠷᠡᠬᠢ | ᠪᠠᠩᠬᠢ᠂ ᠰᠦᠯᠵᠢᠶᠡᠨ ᠳᠡᠭᠡᠷᠡᠬᠢ ᠪᠠᠩᠬᠢ ᠶᠢᠨ ᠲᠤᠬᠠᠶᠢᠯᠠᠭᠰᠠᠨ ᠠᠵᠢᠯ ᠢ ᠶᠡᠬᠡᠪᠡᠷ ᠬᠥᠭᠵᠢᠭᠦᠯᠥᠨ᠎ᠡ᠃ ᠲᠤᠰᠬᠠᠢ | ᠡᠵᠡᠩᠨᠡᠬᠦ ᠪᠠᠶᠢᠭᠤᠯᠤᠮᠵᠢ᠂ ᠢᠲᠡᠭᠡᠮᠵᠢᠲᠦ ᠵᠢᠭᠡᠯᠡᠯᠭᠡ ᠶᠢᠨ ᠦᠢᠯᠡᠳᠪᠦᠷᠢ ᠵᠡᠷᠭᠡ ᠦᠢᠯᠡᠴᠢᠯᠡᠭᠡᠨ ᠤ ᠵᠠᠭᠪᠣᠷ ᠲᠤ | ᠰᠢᠨ᠎ᠡ ᠶᠢ ᠡᠭᠦᠳᠬᠦ ᠪᠠ ᠲᠡᠬᠦᠨ ᠢ ᠳᠡᠯᠭᠡᠷᠡᠭᠦᠯᠥᠨᠡ᠃ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠵᠡᠷᠭᠡ | ᠲᠠᠯ᠎ᠠ ᠪᠠᠷ ᠬᠢ ᠮᠦᠩᠭᠦᠨ ᠭᠦᠢᠯᠭᠡᠭᠡᠨ ᠤ ᠳᠦᠷᠢᠶᠡᠰᠦᠯᠡᠬᠦ ᠲᠤᠬᠠᠶᠢᠯᠠᠭᠰᠠᠨ ᠠᠵᠢᠯ ᠦᠷᠨᠢᠭᠦᠯᠬᠦ ᠶᠢ ᠵᠣᠷᠢᠬᠵᠢᠭᠤᠯᠤᠨ᠎ᠠ | ᠃ ︵ᠦᠪᠦᠷ ᠮᠤᠩᠭᠤᠯ ᠤᠨ ᠪᠠᠩᠬᠢ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ | ᠪᠠᠩᠬᠢ ᠶᠢᠨ ᠬᠦᠬᠡᠬᠤᠲᠠ ᠭᠤᠣᠯ ᠰᠠᠯᠪᠤᠷᠢ ᠪᠠᠩᠬᠢ᠂ ᠦᠪᠡᠷᠲᠡᠭᠡᠨ ᠵᠠᠰᠠᠬᠤ ᠣᠷᠣᠨ ᠤ ᠮᠦᠩᠭᠦᠨ ᠭᠦᠢᠯᠭᠡᠭᠡᠨ ᠤ | ᠠᠵᠢᠯ ᠤᠨ ᠠᠯᠪᠠᠨ ᠭᠡᠷ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ | ᠬᠤᠪᠢᠶᠠᠷᠢᠯᠠᠯ ᠶᠤᠰᠤᠭᠠᠷ ᠲᠤᠰ ᠲᠤᠰ ᠬᠠᠷᠢᠭᠤᠴᠠᠨ᠎ᠠ︶ | ︵ᠠᠷᠪᠠᠨ ᠨᠢᠭᠡ︶ ᠲᠠᠷᠢᠶᠠᠯᠠᠬᠤ ᠮᠠᠯᠵᠢᠬᠤ ᠣᠷᠣᠨ ᠤ ᠪᠠᠷᠢᠴᠠᠭᠠᠯᠠᠵᠦ ︵ᠳᠠᠨᠵᠢᠯᠠᠵᠦ︶ ᠳᠠᠭᠠᠭᠠᠯᠲᠠ ᠬᠢᠬᠦ | ᠠᠷᠭ᠎ᠠ ᠮᠠᠶ᠋ᠢᠭ ᠲᠤ ᠰᠢᠨ᠎ᠡ ᠶᠢ ᠡᠭᠦᠳᠥᠨ᠎ᠡ᠃ | 1. ᠲᠠᠷᠢᠶᠠᠯᠠᠬᠤ ᠮᠠᠯᠵᠢᠬᠤ ᠣᠷᠣᠨ ᠤ ᠭᠠᠵᠠᠷ ᠰᠢᠷᠤᠢ ᠪᠣᠯᠣᠨ ᠨᠤᠲᠤᠭ ᠪᠡᠯᠴᠢᠭᠡᠷ ᠤᠨ ᠳᠠᠭᠠᠭᠠᠴᠢᠯᠠᠨ | ᠡᠵᠡᠩᠨᠡᠬᠦ ᠡᠷᠬᠡ᠂ ᠮᠠᠯᠴᠢᠨ ᠲᠠᠷᠢᠶᠠᠴᠢᠳ ᠤᠨ ᠤᠷᠤᠨ ᠰᠠᠭᠤᠴᠠ ᠡᠳ᠋ ᠬᠦᠷᠦᠩᠭᠡ ᠶᠢᠨ ᠡᠷᠬᠡ ᠪᠠᠨ ᠪᠠᠷᠢᠴᠠᠭᠠᠯᠠᠵᠦ | ᠵᠢᠭᠡᠯᠡᠯᠭᠡ ᠵᠢᠭᠡᠯᠡᠬᠦ ᠲᠣᠷᠰᠢᠯᠲᠠ ᠶᠢ ᠴᠠᠭ ᠲᠤᠨᠢ ᠲᠣᠬᠢᠷᠠᠭᠤᠯᠤᠨ ᠦᠷᠨᠢᠭᠦᠯᠥᠨ᠎ᠡ᠃ ᠤᠢ ᠮᠤᠳᠤᠨ ᠤ ᠡᠷᠬᠡ ᠶᠢ | ᠪᠠᠷᠢᠴᠠᠭᠠᠯᠠᠬᠤ ᠶᠢ ᠪᠦᠷᠢᠳᠭᠡᠬᠦ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠣᠢ ᠮᠤᠳᠤᠨ ᠤ ᠡᠷᠬᠡ ᠪᠠᠨ | ᠪᠠᠷᠢᠴᠠᠭᠠᠯᠠᠵᠦ ᠵᠢᠭᠡᠯᠡᠯᠭᠡ ᠵᠢᠭᠡᠯᠡᠬᠦ ᠬᠡᠪᠴᠢᠶ᠎ᠠ ᠶᠢ ᠦᠷᠭᠡᠳᠭᠡᠨ᠎ᠡ᠃ ᠲᠠᠷᠢᠶᠠᠯᠠᠩ ᠮᠠᠯ ᠠᠵᠤ ᠠᠬᠤᠢ ᠶᠢᠨ ᠮᠠᠰᠢᠨ | ᠲᠥᠭᠦᠭᠡᠷᠦᠮᠵᠢ᠂ ᠵᠦᠭᠡᠭᠡᠪᠦᠷᠢ ᠶᠢᠨ ᠪᠠᠭᠠᠵᠢ᠂ ᠤᠰᠤᠨ ᠤ ᠴᠠᠷᠠᠭ᠎ᠠ ᠭᠤᠣᠯ ᠤᠨ ᠰᠠᠶᠢᠷᠭᠠᠯ ᠳᠠᠬᠢ ᠲᠡᠵᠢᠭᠡᠨ | ᠦᠷᠡᠵᠢᠭᠦᠯᠬᠦ ᠡᠷᠬᠡ᠂ ᠳᠠᠭᠠᠭᠠᠴᠢᠯᠠᠭᠰᠠᠨ ᠭᠠᠵᠠᠷ ᠰᠢᠷᠤᠢ ᠪᠣᠯᠣᠨ ᠨᠤᠲᠤᠭ ᠪᠡᠯᠴᠢᠭᠡᠷ ᠤᠨ ᠠᠰᠢᠭ ᠬᠦᠷᠲᠡᠬᠦ ᠡᠷᠬᠡ᠂ | ᠲᠡᠵᠢᠭᠡᠵᠦ ᠪᠠᠶᠢᠭ᠎ᠠ ᠮᠠᠯ ᠵᠢᠭᠦᠷᠲᠡᠨ ᠵᠡᠷᠭᠡ ᠪᠠᠷ ᠬᠠᠷᠠᠯᠲᠠ ᠪᠣᠯᠭᠠᠭᠰᠠᠨ ᠰᠢᠨ᠎ᠡ ᠮᠠᠶ᠋ᠢᠭ ᠤᠨ ᠪᠠᠷᠢᠴᠠᠭᠠᠯᠠᠵᠦ | ᠳᠠᠭᠠᠭᠠᠯᠲᠠ ᠬᠢᠬᠦ ᠠᠷᠭ᠎ᠠ ᠮᠠᠶ᠋ᠢᠭ ᠢ ᠬᠠᠶᠢᠨ ᠰᠦᠪᠡᠭᠴᠢᠯᠡᠬᠦ ᠪᠠ ᠳᠡᠯᠭᠡᠷᠡᠭᠦᠯᠥᠨᠡ᠃ ︵ᠠᠷᠠᠳ ᠤᠨ ᠪᠠᠩᠬᠢ ᠶᠢᠨ | ᠬᠦᠬᠡᠬᠤᠲᠠ ᠭᠤᠣᠯ ᠰᠠᠯᠪᠤᠷᠢ ᠪᠠᠩᠬᠢ᠂ ᠦᠪᠦᠷ ᠮᠤᠩᠭᠤᠯ ᠤᠨ ᠪᠠᠩᠬᠢ ᠶᠢᠨ ᠦᠢᠯᠡᠰ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠦᠪᠡᠷᠲᠡᠭᠡᠨ ᠵᠠᠰᠠᠬᠤ ᠣᠷᠣᠨ ᠤ ᠮᠦᠩᠭᠦᠨ ᠭᠦᠢᠯᠭᠡᠭᠡᠨ ᠤ ᠠᠵᠢᠯ ᠤᠨ ᠠᠯᠪᠠᠨ | ᠭᠡᠷ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠬᠢᠮ᠂ | ᠣᠢ ᠰᠢᠭᠤᠢ ᠶᠢᠨ ᠲᠢᠩᠬᠢᠮ᠂ ᠣᠷᠣᠨ ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ | ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠤᠰᠤᠭᠠᠷ ᠲᠤᠰ ᠲᠤᠰ ᠬᠠᠷᠢᠭᠤᠴᠠᠨ᠎ᠠ︶ | 2.ᠲᠠᠷᠢᠶᠠᠯᠠᠩ ᠮᠠᠯ ᠠᠵᠤ ᠠᠬᠤᠢ ᠯᠤᠭ᠎ᠠ ᠬᠤᠯᠪᠤᠭᠳᠠᠭᠰᠠᠨ ᠢᠲᠡᠭᠡᠮᠵᠢᠲᠦ ᠵᠢᠭᠡᠯᠡᠯᠭᠡ ᠬᠢᠭᠡᠳ ᠲᠠᠷᠢᠶᠠᠯᠠᠩ | ᠮᠠᠯ ᠠᠵᠤ ᠠᠬᠤᠢ ᠯᠤᠭ᠎ᠠ ᠬᠤᠯᠪᠣᠭᠳᠠᠭᠰᠠᠨ ᠳᠠᠭᠠᠳᠬᠠᠯ ᠤᠨ ᠬᠤᠷᠰᠢᠯᠴᠠᠭ᠎ᠠ ᠶᠢ ᠴᠢᠩᠭᠠᠳᠬᠠᠨ᠂ ᠲᠠᠷᠢᠶᠠᠯᠠᠩ ᠮᠠᠯ | ᠠᠵᠤ ᠠᠬᠤᠢ ᠯᠤᠭ᠎ᠠ ᠬᠤᠯᠪᠤᠭᠳᠠᠭᠰᠠᠨ ᠳᠠᠭᠠᠳᠬᠠᠯ ᠤᠨ ᠳᠠᠭᠠᠳᠬᠠᠭᠤᠯᠤᠭᠰᠠᠨ ᠪᠠᠶᠢᠳᠠᠯ ᠢᠶᠠᠷ ᠢᠲᠡᠭᠡᠮᠵᠢ ᠬᠦᠷᠲᠡᠭᠡᠬᠦ | ᠴᠢᠬᠤᠯᠠ ᠬᠦᠴᠥᠨ ᠵᠦᠢᠯ ᠪᠣᠯᠭᠠᠵᠤ᠂ ᠲᠠᠷᠢᠶᠠᠯᠠᠩ ᠮᠠᠯ ᠠᠵᠤ ᠠᠬᠤᠢ ᠯᠤᠭ᠎ᠠ ᠬᠤᠯᠪᠣᠭᠳᠠᠭᠰᠠᠨ ᠳᠠᠭᠠᠳᠬᠠᠯ | ᠪᠠᠲᠤᠯᠠᠬᠤ ᠬᠠᠭᠤᠳᠠᠰᠤ ᠶᠢᠨ ᠳᠠᠨᠵᠢᠯᠠᠬᠤ ᠬᠡᠪᠴᠢᠶ᠎ᠡ ᠶᠢ ᠦᠷᠭᠡᠳᠭᠡᠬᠦ ᠶᠢ ᠬᠠᠶᠢᠨ ᠰᠦᠪᠡᠭᠴᠢᠯᠡᠨ᠎ᠡ᠃ ︵ᠦᠪᠦᠷ | ᠮᠤᠩᠭᠤᠯ ᠤᠨ ᠪᠠᠩᠬᠢ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠠᠭᠠᠳᠬᠠᠯ ᠤᠨ ᠦᠢᠯᠡᠰ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠤᠰᠤᠭᠠᠷ ᠲᠤᠰ | ᠲᠤᠰ ᠬᠠᠷᠢᠭᠤᠴᠠᠨ᠎ᠠ︶ | ︵ᠠᠷᠪᠠᠨ ᠬᠤᠶᠠᠷ︶ ᠦᠢᠯᠡᠴᠢᠯᠡᠭᠡᠨ ᠤ ᠠᠷᠭ᠎ᠠ ᠮᠠᠶ᠋ᠢᠭ ᠢ ᠬᠠᠯᠠᠨ ᠰᠠᠶᠢᠵᠢᠷᠠᠭᠤᠯᠤᠨ᠎ᠠ᠃ ᠮᠦᠩᠭᠦᠨ | ᠭᠦᠢᠯᠭᠡᠭᠡ ᠶᠢᠨ ᠦᠢᠯᠡᠴᠢᠯᠡᠭᠡᠨ ᠤ ᠭᠠᠷᠳᠠᠮ ᠢ ᠤᠯᠠᠮ ᠨᠢᠭᠡ ᠠᠯᠬᠤᠮ ᠳᠦᠭᠦᠮᠴᠢᠯᠡᠵᠦ᠂ ᠬᠢᠯᠪᠠᠷ ᠣᠶᠢᠯᠠᠭᠠᠮᠵᠢᠲᠠᠢ | ᠭᠡᠷ᠎ᠡ ᠪᠢᠴᠢᠭ ᠢ ᠶᠠᠪᠤᠭᠤᠯᠵᠦ᠂ ᠬᠢᠨᠠᠨ ᠵᠥᠪᠰᠢᠶᠡᠷᠡᠬᠦ ᠴᠤᠪᠤᠷᠠᠯ ᠢ ᠰᠢᠯᠢᠳᠡᠭᠵᠢᠭᠦᠯᠥᠨ᠂ ᠦᠢᠯᠡᠴᠢᠯᠡᠭᠡᠨ ᠤ ᠵᠠᠷᠤᠳᠠᠯ ᠢ | ᠵᠢᠷᠤᠮᠵᠢᠭᠤᠯᠵᠦ᠂ ᠮᠦᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠬᠤ ᠳᠠᠭᠠᠨ ᠵᠦᠢ ᠵᠣᠬᠢᠰ ᠦᠭᠡᠢ ᠨᠦᠬᠦᠴᠡᠯ | ᠪᠣᠯᠣᠨ ᠢᠯᠡᠭᠦᠴᠡ ᠵᠠᠷᠤᠳᠠᠯ ᠨᠡᠮᠡᠬᠦ ᠶᠢ ᠴᠢᠩᠭ᠎ᠠ ᠴᠠᠭᠠᠵᠠᠯᠠᠨ᠂ ᠮᠠᠯᠴᠢᠨ ᠲᠠᠷᠢᠶᠠᠴᠢᠳ ᠤᠨ ᠡᠷᠬᠡ ᠠᠰᠢᠭ ᠢ ᠦᠨᠡᠨᠬᠦ | ᠬᠠᠮᠠᠭᠠᠯᠠᠨ᠎ᠠ᠃ ︵ᠦᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠠᠷᠠᠳ ᠤᠨ | ᠪᠠᠩᠬᠢ ᠶᠢᠨ ᠬᠦᠬᠡᠬᠤᠲᠠ ᠭᠤᠣᠯ ᠰᠠᠯᠪᠤᠷᠢ ᠪᠠᠩᠬᠢ᠂ ᠦᠪᠦᠷ ᠮᠤᠩᠭᠤᠯ ᠤᠨ ᠪᠠᠩᠬᠢ ᠶᠢᠨ ᠦᠢᠯᠡᠰ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠲᠡᠮᠲᠡᠭᠲᠦ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠳᠠᠭᠠᠳᠬᠠᠯ ᠤᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ | ᠬᠤᠪᠢᠶᠠᠷᠢᠯᠠᠯ ᠶᠤᠰᠤᠭᠠᠷ ᠲᠤᠰ ᠲᠤᠰ ᠬᠠᠷᠢᠭᠤᠴᠠᠨ᠎ᠠ︶ | ᠲᠠᠪᠤ᠂ ᠭᠤᠣᠯᠳᠠᠯᠭ᠎ᠠ ᠲᠠᠢ ᠬᠦᠷᠢᠶᠡᠨ ᠤ ᠮᠦᠩᠭᠦᠨ ᠭᠦᠢᠯᠭᠡᠭᠡᠨ ᠳᠠᠬᠢ ᠳᠡᠮᠵᠢᠯᠭᠡ ᠶᠢ ᠨᠡᠮᠡᠭᠳᠡᠭᠦᠯᠥᠨ᠎ᠡ | ︵ᠠᠷᠪᠠᠨ ᠭᠤᠷᠪᠠ︶ ᠦᠪᠡᠷᠲᠡᠭᠡᠨ ᠵᠠᠰᠠᠬᠤ ᠣᠷᠣᠨ ᠤ ᠲᠠᠷᠢᠶᠠᠯᠠᠬᠤ ᠮᠠᠯᠵᠢᠬᠤ ᠣᠷᠣᠨ ᠤ ᠦᠨᠳᠦᠰᠦᠨ | ᠣᠯᠠᠨ ᠨᠡᠶᠢᠲᠡ ᠶᠢᠨ ᠦᠢᠯᠡᠴᠢᠯᠡᠭᠡᠨ ᠤ ︽ᠠᠷᠪᠠ ᠪᠠᠷ ᠪᠦᠬᠦᠨ ᠢ ᠬᠠᠮᠤᠷᠬᠤ︾ ᠲᠠᠯ᠎ᠠ ᠪᠠᠷ ᠬᠢ ᠮᠦᠩᠭᠦᠨ | ᠭᠦᠢᠯᠭᠡᠭᠡᠨ ᠤ ᠳᠡᠮᠵᠢᠯᠭᠡ ᠶᠢ ᠨᠡᠮᠡᠭᠳᠡᠭᠦᠯᠥᠨ᠎ᠡ᠃ ᠡᠯ᠎ᠡ ᠲᠦᠷᠦᠯ ᠤᠨ ᠮᠦᠩᠭᠦᠨ ᠭᠦᠢᠯᠭᠡᠭᠡᠨ ᠤ | ᠪᠠᠶᠢᠭᠤᠯᠤᠮᠵᠢ ᠨᠤᠭᠤᠳ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ︽ᠠᠷᠪᠠ ᠪᠠᠷ ᠪᠦᠬᠦᠨ ᠢ ᠬᠠᠮᠤᠷᠬᠤ | ︾ ᠢᠨᠵᠧᠨᠧᠷᠢᠩ ᠳᠤ ᠳᠡᠮᠵᠢᠯᠭᠡ ᠦᠵᠡᠭᠦᠯᠬᠦ ᠡᠷᠴᠢᠮ ᠢ ᠴᠢᠩᠭᠠᠷᠠᠭᠤᠯᠤᠨ᠂ ᠮᠠᠨ ᠤ ᠣᠷᠣᠨ ᠤ ᠲᠠᠷᠢᠶᠠᠯᠠᠬᠤ | ᠮᠠᠯᠵᠢᠬᠤ ᠣᠷᠣᠨ ᠤ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠬᠡᠮᠵᠢᠶ᠎ᠠ ᠪᠣᠯᠣᠨ ᠲᠠᠷᠢᠶᠠᠴᠢᠨ | ᠮᠠᠯᠴᠢᠳ ᠤᠨ ᠠᠮᠢᠳᠤᠷᠠᠯ ᠤᠨ ᠶᠠᠰᠦ ᠴᠢᠨᠠᠷ ᠢ ᠳᠡᠭᠡᠭᠰᠢᠯᠡᠭᠦᠯᠬᠦ ᠶᠢ ᠵᠣᠷᠢᠬᠵᠢᠭᠤᠯᠤᠨ᠎ᠠ᠃ ︵ᠠᠷᠠᠳ ᠤᠨ ᠪᠠᠩᠬᠢ ᠶᠢᠨ | ᠬᠦᠬᠡᠬᠤᠲᠠ ᠭᠤᠣᠯ ᠰᠠᠯᠪᠤᠷᠢ ᠪᠠᠩᠬᠢ᠂ ᠦᠪᠦᠷ ᠮᠤᠩᠭᠤᠯ ᠤᠨ ᠪᠠᠩᠬᠢ ᠶᠢᠨ ᠦᠢᠯᠡᠰ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠳᠡᠮᠲᠡᠭᠲᠦ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠳᠠᠭᠠᠳᠬᠠᠯ ᠤᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠦᠪᠡᠷᠲᠡᠭᠡᠨ ᠵᠠᠰᠠᠬᠤ ᠣᠷᠣᠨ ᠤ | ᠮᠦᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ | ᠠᠬᠤᠢ ᠶᠢᠨ ᠲᠢᠩᠬᠢᠮ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠤᠰᠤᠭᠠᠷ ᠲᠤᠰ ᠲᠤᠰ | ᠬᠠᠷᠢᠭᠤᠴᠠᠨ᠎ᠠ︶ | ︵ᠠᠷᠪᠠᠨ ᠳᠥᠷᠪᠠ︶ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠬᠦ ᠠᠷᠭ᠎ᠠ ᠮᠠᠶ᠋ᠢᠭ ᠲᠤ ᠰᠢᠨ᠎ᠡ ᠶᠢ | ᠡᠭᠦᠳᠬᠦ ᠶᠢ ᠳᠡᠮᠵᠢᠨ᠎ᠡ᠃ ᠮᠦᠩᠭᠦᠨ ᠭᠦᠢᠯᠭᠡᠭᠡᠨ ᠤ ᠦᠢᠯᠡᠳᠭᠦᠨ᠂ ᠬᠦᠦ ᠶᠢᠨ ᠨᠤᠷᠮ᠎ᠠ᠂ ᠬᠤᠭᠤᠴᠠᠭ᠎ᠠ᠂ ᠲᠤᠭ᠎ᠠ | ᠬᠡᠮᠵᠢᠶ᠎ᠠ᠂ ᠴᠤᠪᠤᠷᠠᠯ᠂ ᠲᠥᠭᠰᠢᠭᠦᠷᠢ ᠶᠢ ᠡᠵᠡᠮᠳᠡᠬᠦ ᠵᠡᠷᠭᠡ ᠲᠠᠯ᠎ᠠ ᠳᠤ ᠰᠢᠨ᠎ᠡ ᠶᠢ ᠡᠭᠦᠳᠬᠦ ᠶᠢ ᠲᠦᠯᠬᠢᠨ | ᠠᠬᠢᠭᠤᠯᠬᠤ ᠪᠠᠷ ᠳᠠᠮᠵᠢᠭᠤᠯᠤᠨ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ᠂ ᠲᠤᠰᠬᠠᠢ ᠲᠤᠮᠤ ᠡᠷᠦᠬᠡ᠂ | ᠲᠠᠷᠢᠶᠠᠴᠢᠨ ᠮᠠᠯᠴᠢᠳ ᠤᠨ ᠬᠤᠷᠰᠢᠶ᠎ᠠ ᠪᠣᠯᠣᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠴᠢᠯᠡᠯᠲᠡ ᠶᠢᠨ | ᠳᠠᠭᠠᠭᠤᠯᠤᠭᠴᠢ ᠠᠵᠤ ᠠᠬᠤᠶᠢᠯᠠᠯ ᠵᠡᠷᠭᠡ ᠰᠢᠨ᠎ᠡ ᠮᠠᠶ᠋ᠢᠭ ᠤᠨ ᠲᠠᠷᠢᠶᠠᠯᠠᠩ ᠮᠠᠯ ᠠᠵᠤ ᠠᠬᠤᠢ ᠡᠵᠡᠩᠨᠡᠬᠦ ᠭᠤᠣᠯ | ᠴᠤᠭᠴᠠ ᠶᠢᠨ ᠮᠦᠩᠭᠦᠨ ᠭᠦᠢᠯᠭᠡᠭᠡᠨ ᠤ ᠬᠡᠷᠡᠭᠴᠡᠭᠡ ᠱᠠᠭᠠᠷᠳᠠᠯᠭ᠎ᠠ ᠶᠢ ᠤᠯᠠᠮ ᠨᠢᠭᠡ ᠠᠯᠬᠤᠮ ᠬᠠᠩᠭᠠᠨ᠎ᠠ᠃ | ᠲᠠᠷᠢᠶᠠᠴᠢᠨ ᠮᠠᠯᠴᠢᠳ ᠤᠨ ᠲᠠᠬᠢᠨ ᠦᠢᠯᠡᠳᠪᠦᠷᠢᠯᠡᠯ ᠢ ᠦᠷᠭᠡᠳᠭᠡᠬᠦ᠂ ᠬᠡᠷᠡᠭᠯᠡᠭᠡᠨ ᠢᠶᠠᠨ ᠳᠡᠰ ᠳᠡᠪᠰᠢᠭᠦᠯᠬᠦ ᠪᠠ | ᠪᠡᠶ᠎ᠡ ᠪᠠᠨ ᠳᠠᠭᠠᠭᠠᠵᠦ ᠠᠳᠠᠯ ᠦᠢᠯᠡᠰ ᠴᠤᠭᠴᠠᠯᠬᠤ ᠳᠠᠬᠢ ᠮᠦᠩᠭᠦᠨ ᠭᠦᠢᠯᠭᠡᠭᠡᠨ ᠤ ᠳᠡᠮᠵᠢᠯᠭᠡ ᠦᠵᠡᠭᠦᠯᠬᠦ | ᠡᠷᠴᠢᠮ ᠢ ᠦᠷᠭᠦᠯᠵᠢᠯᠡᠨ ᠴᠢᠩᠭᠠᠷᠠᠭᠤᠯᠤᠨ᠎ᠠ᠃ ︵ᠦᠪᠦᠷ ᠮᠤᠩᠭᠤᠯ ᠤᠨ ᠪᠠᠩᠬᠢ ᠶᠢᠨ ᠦᠢᠯᠡᠰ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠪᠠᠩᠬᠢ ᠶᠢᠨ ᠬᠦᠬᠡᠬᠤᠲᠠ ᠭᠤᠣᠯ ᠰᠠᠯᠪᠤᠷᠢ ᠪᠠᠩᠬᠢ᠂ ᠦᠪᠦᠷ | ᠮᠤᠩᠭᠤᠯ ᠤᠨ ᠲᠡᠮᠲᠡᠭᠲᠦ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠠᠭᠠᠳᠬᠠᠯ ᠤᠨ | ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠦᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠶᠢᠨ ᠲᠢᠩᠬᠢᠮ᠂ ᠮᠦᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ | ᠬᠤᠪᠢᠶᠠᠷᠢᠯᠠᠯ ᠶᠤᠰᠤᠭᠠᠷ ᠲᠤᠰ ᠲᠤᠰ ᠬᠠᠷᠢᠭᠤᠴᠠᠨ᠎ᠠ︶ | ︵ᠠᠷᠪᠠᠨ ᠲᠠᠪᠤ︶ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠦᠢᠯᠡᠳᠪᠦᠷᠢᠯᠡᠬᠦ ᠴᠢᠳᠠᠪᠤᠷᠢ ᠶᠢ | ᠳᠡᠭᠡᠭᠰᠢᠯᠡᠭᠦᠯᠬᠦ ᠶᠢ ᠳᠡᠮᠵᠢᠨ᠎ᠡ᠃ ᠮᠦᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠢ ᠬᠦᠲᠦᠯᠦᠨ ᠵᠢᠯᠤᠭᠤᠳᠴᠤ | ᠪᠠᠶᠢᠭᠠᠳ ᠲᠠᠷᠢᠶᠠᠨ ᠭᠠᠵᠠᠷ ᠢ ᠡᠮᠬᠢᠯᠡᠬᠦ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ᠂ ᠠᠮᠤ ᠪᠤᠳᠠᠭ᠎ᠠ ᠬᠦᠪᠦᠩ | ᠲᠤᠰᠤ ᠰᠢᠬᠢᠷ ᠤᠨ ᠦᠨᠳᠦᠷ ᠤᠨᠠᠯᠲᠠ ᠶᠢ ᠡᠭᠦᠳᠥᠨ ᠪᠠᠶᠢᠭᠤᠯᠬᠤ᠂ ᠮᠠᠯ ᠵᠢᠭᠦᠷᠲᠡᠨ ᠤᠰᠤᠨ ᠭᠠᠷᠤᠯᠲᠠ ᠶᠢᠨ | ᠪᠦᠲᠥᠭᠡᠭᠳᠡᠭᠦᠨ ᠢ ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ᠂ ᠲᠠᠷᠢᠵᠤ ᠲᠡᠵᠢᠭᠡᠬᠦ ᠦᠢᠯᠡᠰ ᠤᠨ ᠰᠠᠶᠢᠨ | ᠡᠭᠦᠯᠳᠡᠷ ᠤᠨ ᠦᠢᠯᠡᠳᠪᠦᠷᠢᠯᠡᠯ ᠵᠡᠷᠭᠡ ᠡᠵᠩᠨᠡᠯᠲᠡ ᠶᠢᠨ ᠲᠦᠷᠦᠯ ᠵᠦᠢᠯ ᠳᠤ ᠢᠲᠡᠭᠡᠮᠵᠢᠲᠦ ᠵᠢᠭᠡᠯᠡᠯᠭᠡ ᠶᠢᠨ | ᠳᠡᠮᠵᠢᠯᠭᠡ ᠦᠵᠡᠭᠦᠯᠬᠦ ᠡᠷᠴᠢᠮ ᠢᠶᠠᠨ ᠴᠢᠩᠭᠠᠷᠠᠭᠤᠯᠬᠤ ᠶᠢ ᠵᠣᠷᠢᠬᠵᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ᠂ ᠣᠳᠣ ᠦᠶ᠎ᠡ ᠶᠢᠨ ᠦᠷ᠎ᠡ ᠶᠢᠨ ᠦᠢᠯᠡᠰ᠂ ᠲᠠᠷᠢᠶᠠᠯᠠᠩ ᠤᠨ | ᠮᠠᠰᠢᠨ ᠤ ᠲᠣᠨᠤᠭ ᠲᠥᠭᠦᠭᠡᠷᠦᠮᠵᠢ ᠦᠢᠯᠡᠳᠬᠦ᠂ ᠪᠡᠯᠡᠳᠭᠡᠮᠵᠢᠲᠦ ᠲᠠᠷᠢᠶᠠᠯᠠᠩ ᠮᠠᠯ ᠠᠵᠤ ᠠᠬᠤᠢ᠂ ᠲᠠᠷᠢᠶᠠᠯᠠᠩ | ᠮᠡᠯ ᠤᠨ ᠠᠰᠢᠭ ᠰᠢᠮ᠎ᠠ ᠶᠢᠨ ᠪᠦᠲᠥᠭᠡᠭᠳᠡᠭᠦᠨ ᠢ ᠨᠠᠷᠢᠯᠢᠬ ᠭᠦᠨᠵᠡᠭᠡᠢ ᠡᠳ᠋ᠰᠢᠭᠦᠯᠬᠦ ᠵᠡᠷᠭᠡ ᠤᠳᠤ ᠦᠶ᠎ᠡ ᠶᠢᠨ | ᠲᠠᠷᠢᠶᠠᠯᠠᠩ ᠮᠠᠯ ᠠᠵᠤ ᠠᠬᠤᠢ ᠶᠢᠨ ᠲᠦᠷᠦᠯ ᠵᠦᠢᠯ ᠪᠣᠯᠣᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ | ᠲᠠᠷᠢᠶᠠᠯᠠᠩ ᠮᠠᠯ ᠠᠵᠤ ᠠᠬᠤᠢ ᠶᠢᠨ ᠲᠦᠷᠦᠯ ᠵᠦᠢᠯ ᠢ ᠭᠤᠣᠯᠳᠠᠯᠭ᠎ᠠ ᠲᠠᠢ ᠳᠡᠮᠵᠢᠨ᠎ᠡ᠃ ︵ᠠᠷᠠᠳ ᠤᠨ ᠪᠠᠩᠬᠢ ᠶᠢᠨ | ᠬᠦᠬᠡᠬᠤᠲᠠ ᠭᠤᠣᠯ ᠰᠠᠯᠪᠤᠷᠢ ᠪᠠᠩᠬᠢ᠂ ᠦᠪᠦᠷ ᠮᠤᠩᠭᠤᠯ ᠤᠨ ᠪᠠᠩᠬᠢ ᠶᠢᠨ ᠦᠢᠯᠡᠰ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠦᠪᠡᠷᠲᠡᠭᠡᠨ ᠵᠠᠰᠠᠬᠤ ᠣᠷᠣᠨ ᠤ ᠮᠦᠩᠭᠦᠨ ᠭᠦᠢᠯᠭᠡᠭᠡᠨ ᠤ ᠠᠵᠢᠯ ᠤᠨ ᠠᠯᠪᠠᠨ | ᠭᠡᠷ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠵᠡᠷᠭᠡ ᠨᠢ | ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠤᠰᠤᠭᠠᠷ ᠲᠤᠰ ᠲᠤᠰ ᠬᠠᠷᠢᠭᠤᠴᠠᠨ᠎ᠠ︶ | ︵ᠠᠷᠪᠠᠨ ᠵᠢᠷᠭᠤᠭ᠎ᠠ︶ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠠᠵᠤ | ᠦᠢᠯᠡᠰ ᠤᠨ ᠬᠥᠭᠵᠢᠯᠲᠡ ᠶᠢ ᠳᠡᠮᠵᠢᠨ᠎ᠡ᠃ ᠮᠦᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠢ ᠬᠦᠲᠦᠯᠦᠨ | ᠵᠢᠯᠤᠭᠤᠳᠴᠤ ᠪᠠᠶᠢᠭᠠᠳ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠪᠦᠭᠡᠮ ᠢᠶᠠᠷ ᠬᠤᠳᠠᠯᠳᠤᠬᠤ | ᠵᠠᠬ᠎ᠠ ᠳᠡᠯᠭᠡᠭᠦᠷ᠂ ᠵᠢᠵᠢᠭᠯᠡᠨ ᠬᠤᠳᠠᠯᠳᠤᠬᠤ ᠵᠠᠬ᠎ᠠ ᠳᠡᠯᠭᠡᠭᠦᠷ᠂ ᠬᠦᠮᠦᠷᠭᠡᠯᠡᠨ ᠬᠠᠳᠠᠭᠠᠯᠠᠬᠤ ᠪᠠᠷᠠᠭ᠎ᠠ ᠶᠢᠨ | ᠭᠦᠢᠯᠭᠡᠭᠡᠨ ᠤ ᠪᠡᠯᠡᠳᠭᠡᠮᠵᠢ᠂ ᠬᠡᠯᠬᠢᠶᠡᠯᠡᠨ ᠵᠢᠵᠢᠭᠯᠡᠵᠦ ᠬᠤᠳᠠᠯᠳᠤᠬᠤ ᠵᠡᠷᠭᠡ ᠦᠢᠯᠡᠴᠢᠯᠡᠭᠡᠨ ᠤ ᠪᠡᠯᠡᠳᠭᠡᠮᠵᠢ ᠶᠢᠨ | ᠪᠦᠲᠦᠭᠡᠨ ᠪᠠᠶᠢᠭᠤᠯᠤᠯᠲᠠ ᠶᠢ ᠳᠡᠮᠵᠢᠬᠦ ᠶᠢ ᠵᠣᠷᠢᠬᠵᠢᠭᠤᠯᠤᠨ᠎ᠠ᠃ ︵ᠠᠷᠠᠳ ᠤᠨ ᠪᠠᠩᠬᠢ ᠶᠢᠨ ᠬᠦᠬᠡᠬᠤᠲᠠ ᠭᠤᠣᠯ | ᠰᠠᠯᠪᠤᠷᠢ ᠪᠠᠩᠬᠢ᠂ ᠦᠪᠦᠷ ᠮᠤᠩᠭᠤᠯ ᠤᠨ ᠪᠠᠩᠬᠢ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠦᠪᠡᠷᠲᠡᠭᠡᠨ ᠵᠠᠰᠠᠬᠤ ᠣᠷᠣᠨ ᠤ ᠮᠦᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠡᠳ᠋ ᠤᠨ ᠵᠠᠰᠠᠭ ᠤᠨ ᠲᠢᠩᠬᠢᠮ | ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠬᠤᠳᠠᠯᠳᠤᠭᠠᠨ ᠤ ᠲᠢᠩᠬᠢᠮ᠂ ᠬᠠᠩᠭᠠᠨ ᠪᠣᠷᠤᠯᠠᠭᠤᠯᠬᠤ ᠬᠤᠷᠰᠢᠶ᠎ᠠ | ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠤᠰᠤᠭᠠᠷ ᠲᠤᠰ ᠲᠤᠰ ᠬᠠᠷᠢᠭᠤᠴᠠᠨ᠎ᠠ︶ | ︵ᠠᠷᠪᠠᠨ ᠳᠤᠯᠤᠭ᠎ᠠ︶ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠮᠠᠶ᠋ᠢᠭ ᠢᠶᠠᠨ | ᠬᠤᠪᠢᠷᠠᠭᠤᠯᠬᠤ ᠶᠢ ᠳᠡᠮᠵᠢᠨ᠎ᠡ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠢᠶ᠎ᠠ ᠲᠠᠢ ᠮᠦᠩᠭᠦᠨ ᠭᠦᠢᠯᠭᠡᠭᠡᠨ ᠢ | ᠶᠡᠬᠡᠪᠡᠷ ᠬᠥᠭᠵᠢᠭᠦᠯᠵᠦ᠂ ᠤᠰᠤ ᠠᠷᠪᠢᠯᠠᠬᠤ ᠲᠠᠷᠢᠶᠠᠯᠠᠩ ᠮᠠᠯ ᠠᠵᠤ ᠠᠬᠤᠢ᠂ ᠡᠷᠬᠢᠯᠳᠡᠳᠤ ᠲᠠᠷᠢᠶᠠᠯᠠᠩ ᠮᠠᠯ ᠠᠵᠤ | ᠠᠬᠤᠢ ᠪᠣᠯᠣᠨ ᠠᠮᠢ ᠠᠬᠤᠢ ᠯᠤᠭ᠎ᠠ ᠨᠦᠬᠦᠷᠰᠡᠭ ᠮᠠᠶ᠋ᠢᠭ ᠤᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ | ᠠᠬᠢᠭᠤᠯᠤᠨ᠎ᠠ᠃ ︵ᠠᠷᠠᠳ ᠤᠨ ᠪᠠᠩᠬᠢ ᠶᠢᠨ ᠬᠦᠬᠡᠬᠤᠲᠠ ᠭᠤᠣᠯ ᠰᠠᠯᠪᠤᠷᠢ ᠪᠠᠩᠬᠢ᠂ ᠦᠪᠦᠷ ᠮᠤᠩᠭᠤᠯ ᠤᠨ | ᠪᠠᠩᠬᠢ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠦᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠶᠢᠨ ᠲᠢᠩᠬᠢᠮ᠂ ᠣᠢ ᠰᠢᠭᠤᠢ ᠶᠢᠨ ᠲᠢᠩᠬᠢᠮ᠂ ᠮᠦᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ | ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠤᠰᠤᠭᠠᠷ ᠲᠤᠰ ᠲᠤᠰ ᠬᠠᠷᠢᠭᠤᠴᠠᠨ᠎ᠠ︶ | ︵ᠠᠷᠪᠠᠨ ᠨᠠᠢᠮᠠ︶ ᠰᠢᠨ᠎ᠡ ᠮᠠᠶ᠋ᠢᠭ ᠤᠨ ᠬᠤᠳᠠ ᠪᠠᠯᠭᠠᠰᠤᠴᠢᠯᠠᠬᠤ ᠬᠥᠭᠵᠢᠯᠲᠡ ᠶᠢ ᠳᠡᠮᠵᠢᠬᠦ ᠪᠦᠲᠦᠮᠵᠢᠲᠡᠢ | ᠠᠷᠭ᠎ᠠ ᠮᠠᠶ᠋ᠢᠭ ᠢ ᠬᠠᠶᠢᠨ ᠰᠦᠪᠡᠭᠴᠢᠯᠡᠨ᠎ᠡ᠃ ᠰᠢᠨ᠎ᠡ ᠮᠠᠶ᠋ᠢᠭ ᠤᠨ ᠬᠤᠲᠠ ᠪᠠᠯᠭᠠᠰᠤᠴᠢᠯᠠᠬᠤ ᠬᠥᠭᠵᠢᠯᠲᠡ ᠳᠤ | ᠲᠣᠬᠢᠷᠠᠭᠰᠠᠨ ᠮᠦᠩᠭᠦᠨ ᠭᠦᠢᠯᠭᠡᠭᠡ ᠶᠢᠨ ᠦᠢᠯᠡᠴᠢᠯᠡᠭᠡᠨ ᠤ ᠲᠣᠭᠲᠠᠴᠠ ᠳᠤ ᠰᠢᠨ᠎ᠡ ᠶᠢ ᠡᠭᠦᠳᠴᠦ᠂ ᠲᠥᠷᠥ ᠶᠢᠨ | ᠪᠣᠳᠣᠯᠭ᠎ᠠ ᠶᠢᠨ ᠴᠢᠨᠠᠷᠲᠠᠢ ᠮᠦᠩᠭᠦᠨ ᠭᠦᠢᠯᠭᠡᠭᠡᠨ ᠤ ᠦᠢᠯᠡᠳᠦᠯ ᠢ ᠭᠤᠣᠯᠳᠠᠯᠭ᠎ᠠ ᠲᠠᠢ ᠪᠠᠳᠠᠷᠠᠭᠤᠯᠵᠤ᠂ ᠬᠤᠲᠠ | ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠲᠣᠬᠢᠷᠠᠭᠤᠯᠬᠤ ᠠᠷᠭ᠎ᠠ ᠵᠠᠮ ᠢ ᠯᠠᠪᠳᠠᠭᠤᠨ ᠢᠶᠠᠷ ᠦᠷᠭᠡᠳᠭᠡᠨ᠂ | ᠲᠠᠷᠢᠶᠠᠯᠠᠩ ᠮᠠᠯ ᠠᠵᠤ ᠠᠬᠤᠢ ᠶᠢᠨ ᠰᠢᠯᠵᠢᠭᠦᠯᠦᠨ ᠨᠡᠭᠦᠯᠭᠡᠬᠦ ᠬᠦᠮᠦᠨ ᠠᠮᠠ ᠶᠢᠨ ᠶᠡᠷᠦᠩᠬᠡᠶᠢᠯᠡᠭᠰᠡᠨ ᠴᠢᠨᠠᠷᠲᠠᠢ | ᠮᠦᠩᠭᠦᠨ ᠭᠦᠢᠯᠭᠡᠭᠡᠨ ᠤ ᠦᠢᠯᠡᠴᠢᠯᠡᠭᠡ ᠶᠢ ᠬᠦᠴᠦᠯᠡᠨ ᠰᠠᠶᠢᠲᠤᠷ ᠬᠢᠨ᠎ᠡ᠃ ︵ᠠᠷᠠᠳ ᠤᠨ ᠪᠠᠩᠬᠢ ᠶᠢᠨ | ᠬᠦᠬᠡᠬᠤᠲᠠ ᠭᠤᠣᠯ ᠰᠠᠯᠪᠤᠷᠢ ᠪᠠᠩᠬᠢ᠂ ᠦᠪᠦᠷ ᠮᠤᠩᠭᠤᠯ ᠤᠨ ᠪᠠᠩᠬᠢ ᠶᠢᠨ ᠦᠢᠯᠡᠰ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠮᠦᠩᠭᠦᠨ | ᠭᠦᠢᠯᠭᠡᠭᠡᠨ ᠤ ᠠᠵᠢᠯ ᠤᠨ ᠠᠯᠪᠠᠨ ᠭᠡᠷ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠤᠰᠤᠭᠠᠷ ᠲᠤᠰ | ᠲᠤᠰ ᠬᠠᠷᠢᠭᠤᠴᠠᠨ᠎ᠠ︶ | ᠵᠢᠷᠭᠤᠭ᠎ᠠ᠂ ᠲᠠᠷᠢᠶᠠᠯᠠᠩ ᠤᠨ ᠳᠠᠭᠠᠳᠬᠠᠯ ᠤᠨ ᠥᠷᠭᠡᠵᠢᠯ ᠪᠣᠯᠣᠨ ᠭᠦᠨᠵᠡᠭᠡᠶᠢᠷᠡᠯ ᠢ ᠦᠷᠭᠡᠵᠢᠭᠦᠯᠥᠨᠡ | ︵ᠠᠷᠪᠠ ᠶᠢᠰᠦ︶ ᠲᠠᠷᠢᠶᠠᠯᠠᠩ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠦᠷᠭᠡᠳᠭᠡᠨ᠎ᠡ᠃ ᠤᠯᠤᠰ ᠤᠨ | ᠡᠳ᠋ ᠤᠨ ᠵᠠᠰᠠᠭ ᠠᠷᠠᠳ ᠤᠨ ᠠᠮᠢᠳᠤᠷᠠᠯ ᠪᠣᠯᠣᠨ ᠤᠯᠤᠰ ᠤᠨ ᠠᠮᠤ ᠪᠤᠳᠠᠭᠠᠨ ᠤ ᠠᠮᠦᠷ ᠲᠥᠪᠰᠢᠨ ᠳᠤ | ᠬᠤᠯᠪᠤᠭᠳᠠᠭᠰᠠᠨ ᠲᠠᠷᠢᠮᠠᠯ ᠤᠨ ᠳᠠᠭᠠᠳᠬᠠᠯ᠂ ᠭᠤᠣᠯ ᠪᠣᠯᠬᠤ ᠮᠠᠯ ᠤᠨ ᠠᠰᠢᠭ ᠰᠢᠮ᠎ᠡ ᠶᠢᠨ ᠳᠠᠭᠠᠳᠬᠠᠯ᠂ ᠴᠢᠬᠤᠯᠠ | ︽ᠬᠤᠯᠢᠰᠢᠨ ᠢᠳᠡᠭᠡᠨ︾ ᠤ ᠲᠦᠷᠦᠯ ᠤᠨ ᠳᠠᠭᠠᠳᠬᠠᠯ ᠪᠣᠯᠣᠨ ᠣᠢ ᠰᠢᠭᠤᠢ ᠶᠢᠨ ᠳᠠᠭᠠᠳᠬᠠᠯ ᠢ ᠭᠤᠣᠯᠳᠠᠯᠭ᠎ᠠ ᠲᠠᠢ | ᠬᠥᠭᠵᠢᠭᠦᠯᠥᠨ᠎ᠡ᠃ ᠪᠡᠯᠡᠳᠭᠡᠮᠵᠢᠲᠦ ᠲᠠᠷᠢᠶᠠᠯᠠᠩ ᠮᠠᠯ ᠠᠵᠤ ᠠᠬᠤᠢ᠂ ᠬᠦᠳᠡᠭᠡ ᠲᠣᠰᠬᠤᠨ ᠤ ᠭᠡᠷ ᠪᠠᠶᠢᠰᠢᠩ᠂ | ᠲᠠᠷᠢᠶᠠᠯᠠᠩ ᠤᠨ ᠮᠠᠰᠢᠨ ᠪᠠᠭᠠᠵᠢ᠂ ᠵᠢᠭᠠᠰᠤᠨ ᠠᠵᠤ ᠠᠬᠤᠢ᠂ ᠰᠠᠶᠢᠨ ᠦᠷ᠎ᠡ ᠪᠤᠶᠢᠵᠢᠭᠤᠯᠬᠤ ᠳᠠᠭᠠᠳᠬᠠᠯ ᠵᠡᠷᠭᠡ | ᠲᠤᠬᠠᠶᠢᠯᠠᠭᠰᠠᠨ ᠠᠵᠢᠯ ᠢ ᠳᠡᠯᠭᠡᠷᠡᠭᠦᠯᠥᠨᠡ᠃ ︵ᠦᠪᠦᠷ ᠮᠤᠩᠭᠤᠯ ᠤᠨ ᠳᠠᠭᠠᠳᠬᠠᠯ ᠤᠨ ᠦᠢᠯᠡᠰ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠦᠪᠡᠷᠲᠡᠭᠡᠨ ᠵᠠᠰᠠᠬᠤ ᠣᠷᠣᠨ ᠤ ᠮᠦᠩᠭᠦᠨ ᠭᠦᠢᠯᠭᠡᠭᠡᠨ ᠤ ᠠᠵᠢᠯ ᠤᠨ ᠠᠯᠪᠠᠨ | ᠭᠡᠷ᠂ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠣᠢ ᠰᠢᠭᠤᠢ ᠶᠢᠨ ᠲᠢᠩᠬᠢᠮ | ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠤᠰᠤᠭᠠᠷ ᠲᠤᠰ ᠲᠤᠰ ᠬᠠᠷᠢᠭᠤᠴᠠᠨ᠎ᠠ︶ | ︵ᠬᠤᠷᠢ︶ ᠲᠠᠷᠢᠶᠠᠯᠠᠩ ᠤᠨ ᠳᠠᠭᠠᠳᠬᠠᠯ ᠤᠨ ᠦᠢᠯᠡᠳᠬᠦᠨ ᠳᠤ ᠰᠢᠨ᠎ᠡ ᠶᠢ ᠡᠭᠦᠳᠥᠨ᠎ᠡ᠃ ᠳᠠᠭᠠᠳᠬᠠᠯ ᠤᠨ | ᠪᠠᠶᠢᠭᠤᠯᠤᠮᠵᠢ ᠨᠤᠭᠤᠳ ᠤᠨ ᠤᠨᠴᠠᠯᠢᠭᠲᠤ ᠳᠠᠪᠠᠭᠤᠯᠢᠭ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠳᠦᠬᠡᠭᠳᠡᠬᠦᠨ ᠤ ᠳᠠᠭᠠᠳᠬᠠᠯ ᠢ ᠢᠳᠡᠪᠬᠢᠲᠡᠢ ᠦᠷᠨᠢᠭᠦᠯᠬᠦ ᠶᠢ ᠵᠣᠷᠢᠬᠵᠢᠭᠤᠯᠵᠤ᠂ ᠨᠦᠬᠦᠴᠡᠯ ᠲᠠᠢ ᠭᠠᠵᠠᠷ | ᠣᠷᠣᠨ ᠳᠤ ᠳᠠᠭᠠᠳᠬᠠᠯ ᠤᠨ ᠵᠠᠷᠤᠳᠠᠯ ᠤᠨ ᠨᠦᠬᠦᠪᠦᠷᠢ ᠬᠠᠩᠭᠠᠵᠤ᠂ ᠦᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠠᠴᠠ ᠱᠠᠩᠨᠠᠬᠤ ᠪᠠᠷ ᠨᠦᠬᠦᠪᠦᠷᠢ ᠦᠭᠬᠦ ᠶᠢ ᠣᠷᠣᠯᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ | ᠳᠡᠮᠵᠢᠯᠭᠡ ᠣᠯᠭᠤᠨ᠎ᠠ᠃ ᠴᠠᠭ ᠠᠭᠤᠷ ᠤᠨ ᠵᠢᠭᠠᠯᠲᠠ ᠲᠤᠭ᠎ᠠ᠂ ᠲᠠᠷᠢᠶᠠᠯᠠᠬᠤ ᠮᠠᠯᠵᠢᠬᠤ ᠣᠷᠣᠨ ᠤ ᠪᠠᠭ᠎ᠠ ᠲᠣᠭᠠᠨ ᠤ | ᠢᠲᠡᠭᠡᠮᠵᠢᠲᠦ ᠵᠢᠭᠡᠯᠡᠯᠭᠡ ᠶᠢᠨ ᠪᠠᠲᠤᠯᠠᠬᠤ ᠳᠠᠭᠠᠳᠬᠠᠯ ᠵᠡᠷᠭᠡ ᠰᠢᠨ᠎ᠡ ᠮᠠᠶ᠋ᠢᠭ ᠤᠨ ᠳᠠᠭᠠᠳᠬᠠᠯ ᠤᠨ ᠲᠦᠷᠦᠯ ᠢ | ᠰᠢᠨ᠎ᠡ ᠪᠠᠷ ᠡᠭᠦᠳᠴᠦ ᠰᠤᠳᠤᠯᠤᠨ ᠨᠡᠭᠡᠭᠡᠨ᠎ᠡ᠃ ︵ᠦᠪᠦᠷ ᠮᠤᠩᠭᠤᠯ ᠤᠨ ᠳᠠᠭᠠᠳᠬᠠᠯ ᠤᠨ ᠦᠢᠯᠡᠰ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠪᠠᠩᠬᠢ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠦᠪᠡᠷᠲᠡᠭᠡᠨ ᠵᠠᠰᠠᠬᠤ ᠣᠷᠣᠨ ᠤ ᠮᠦᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠡᠳ᠋ ᠤᠨ ᠵᠠᠰᠠᠭ ᠤᠨ ᠲᠢᠩᠬᠢᠮ | ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠣᠢ ᠰᠢᠭᠤᠢ ᠶᠢᠨ ᠲᠢᠩᠬᠢᠮ ᠵᠡᠷᠭᠡ ᠨᠢ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ ᠶᠤᠰᠤᠭᠠᠷ ᠲᠤᠰ ᠲᠤᠰ ᠬᠠᠷᠢᠭᠤᠴᠠᠨ᠎ᠠ︶ | ︵ᠬᠤᠷᠢᠨ ᠨᠢᠭᠡ︶ ᠲᠠᠷᠢᠶᠠᠯᠠᠩ ᠤᠨ ᠳᠠᠭᠠᠳᠬᠠᠯ ᠤᠨ ᠦᠢᠯᠡᠴᠢᠯᠡᠭᠡᠨ ᠤ ᠬᠢᠷᠢ ᠬᠡᠮᠵᠢᠶ᠎ᠠ ᠶᠢ | ᠳᠡᠭᠡᠭᠰᠢᠯᠡᠭᠦᠯᠥᠨ᠎ᠡ᠃ ᠲᠦᠯᠦᠪᠦᠷᠢ ᠦᠭᠬᠦ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠦᠨ᠂ ᠲᠠᠷᠢᠶᠠᠯᠠᠩ ᠮᠠᠯ ᠠᠵᠤ | ᠠᠬᠤᠢ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠢᠯᠡ ᠪᠣᠯᠭᠠᠬᠤ᠂ ᠳᠠᠭᠠᠳᠬᠠᠯ ᠬᠠᠷᠢᠭᠤᠴᠠᠵᠦ ᠪᠠᠶᠢᠭ᠎ᠠ | ᠪᠠᠶᠢᠳᠠᠯ ᠢ ᠢᠯᠡ ᠪᠣᠯᠭᠠᠬᠤ᠂ ᠲᠦᠯᠦᠪᠦᠷᠢᠯᠡᠭᠰᠡᠨ ᠦᠷ᠎ᠡ ᠳ᠋ᠦᠩ ᠢ ᠢᠯᠡ ᠪᠣᠯᠭᠠᠬᠤ᠂ ᠦᠢᠯᠡᠴᠢᠯᠡᠭᠡᠨ ᠤ | ᠪᠠᠷᠢᠮᠵᠢᠶ᠎ᠠ ᠶᠢ ᠢᠯᠡ ᠪᠣᠯᠭᠠᠬᠤ᠂ ᠬᠢᠨᠠᠨ ᠬᠠᠮᠢᠶᠠᠷᠬᠤ ᠱᠠᠭᠠᠷᠳᠠᠯᠭ᠎ᠠ ᠶᠢ ᠢᠯᠡ ᠪᠣᠯᠭᠠᠬᠤ ᠪᠠ ᠳᠠᠭᠠᠳᠬᠠᠯ | ᠬᠠᠷᠢᠭᠤᠴᠠᠬᠤ ᠶᠢ ᠡᠷᠦᠬᠡ ᠳᠤ ᠬᠦᠷᠥᠭᠦᠯᠬᠦ᠂ ᠬᠤᠬᠢᠷᠠᠯ ᠲᠣᠭᠲᠠᠭᠠᠬᠤ ᠶᠢ ᠡᠷᠦᠬᠡ ᠳᠤ ᠬᠦᠷᠥᠭᠦᠯᠬᠦ᠂ | ᠲᠦᠯᠦᠪᠦᠷᠢᠯᠡᠬᠦ ᠶᠢ ᠡᠷᠦᠬᠡ ᠳᠤ ᠬᠦᠷᠥᠭᠦᠯᠬᠦ ︽ᠲᠠᠪᠤ ᠶᠢ ᠢᠯᠡ ᠪᠣᠯᠭᠠᠬᠤ᠂ ᠭᠤᠷᠪᠠ ᠶᠢ ᠡᠷᠦᠬᠡ ᠳᠤ ᠬᠦᠷᠥᠭᠦᠯᠬᠦ︾ | ᠦᠢᠯᠡᠴᠢᠯᠡᠭᠡᠨ ᠤ ᠵᠢᠷᠤᠮᠵᠢᠯ ᠢ ᠬᠢᠨᠠᠮᠠᠭᠠᠢ ᠨᠠᠶᠢᠳᠠᠪᠤᠷᠢᠵᠢᠭᠤᠯᠵᠤ᠂ ᠣᠷᠣᠨ ᠨᠣᠲᠤᠭ ᠤᠨ ᠲᠠᠷᠢᠶᠠᠯᠠᠩ ᠤᠨ | ᠳᠠᠭᠠᠳᠬᠠᠯ ᠤᠨ ᠦᠨᠳᠦᠰᠦᠨ ᠱᠠᠲᠤᠨ ᠤ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ | ᠲᠠᠷᠢᠶᠠᠯᠠᠩ ᠤᠨ ᠳᠠᠭᠠᠳᠬᠠᠯ ᠤᠨ ᠦᠢᠯᠡᠴᠢᠯᠡᠭᠡᠨ ᠤ ᠬᠢᠷᠢ ᠬᠡᠮᠵᠢᠶ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ | ᠲᠠᠷᠢᠶᠠᠴᠢᠨ ᠮᠠᠯᠴᠢᠳ ᠤᠨ ᠠᠰᠢᠭ ᠲᠤᠰᠠ ᠶᠢ ᠦᠨᠡᠨᠬᠦ ᠬᠠᠮᠠᠭᠠᠯᠠᠨ᠎ᠠ᠃ ︵ᠦᠪᠦᠷ ᠮᠤᠩᠭᠤᠯ ᠤᠨ ᠳᠠᠭᠠᠳᠬᠠᠯ ᠤᠨ | ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠦᠪᠡᠷᠲᠡᠭᠡᠨ ᠵᠠᠰᠠᠬᠤ ᠣᠷᠣᠨ ᠤ ᠮᠦᠩᠭᠦᠨ ᠭᠦᠢᠯᠭᠡᠭᠡᠨ ᠤ | ᠠᠵᠢᠯ ᠤᠨ ᠠᠯᠪᠠᠨ ᠭᠡᠷ᠂ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠣᠢ | ᠰᠢᠭᠤᠢ ᠶᠢᠨ ᠲᠢᠩᠬᠢᠮ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠤᠰᠤᠭᠠᠷ ᠲᠤᠰ ᠲᠤᠰ | ᠬᠠᠷᠢᠭᠤᠴᠠᠨ᠎ᠠ︶ | ︵ᠬᠤᠷᠢᠨ ᠬᠤᠶᠠᠷ︶ ᠳᠠᠭᠠᠳᠬᠠᠯ ᠠᠴᠠ ᠲᠠᠷᠢᠶᠠᠴᠢᠨ ᠮᠠᠯᠴᠢᠳ ᠤᠨ ᠠᠮᠢ ᠨᠠᠰᠦ ᠶᠢ ᠪᠠᠲᠤᠯᠠᠬᠤ ᠬᠢᠷᠢ | ᠬᠡᠮᠵᠢᠶ᠎ᠠ ᠶᠢ ᠳᠡᠭᠡᠭᠰᠢᠯᠡᠭᠦᠯᠥᠨ᠎ᠡ᠃ ᠲᠠᠷᠢᠶᠠᠯᠠᠬᠤ ᠮᠠᠯᠵᠢᠬᠤ ᠣᠷᠣᠨ ᠤ ᠬᠦᠨᠳᠤ ᠡᠪᠡᠳᠴᠢᠨ ᠡᠮᠨᠡᠭᠦᠯᠬᠦ ᠳᠤ | ᠨᠦᠬᠦᠪᠦᠷᠢᠯᠡᠬᠦ ᠡᠮᠨᠡᠯᠭᠡ ᠶᠢᠨ ᠳᠠᠭᠠᠳᠬᠠᠯ ᠢ ᠢᠳᠡᠪᠬᠢᠲᠡᠢ ᠪᠠᠷ ᠲᠦᠯᠬᠢᠨ ᠠᠬᠢᠭᠤᠯᠵᠤ᠂ ᠬᠤᠳᠠᠯᠳᠤᠭᠠᠨ ᠤ | ᠳᠠᠭᠠᠳᠬᠠᠯ ᠬᠢᠭᠡᠳ ᠦᠨᠳᠦᠰᠦᠨ ᠡᠮᠨᠡᠯᠭᠡ ᠶᠢᠨ ᠳᠠᠭᠠᠳᠬᠠᠯ ᠢ ᠤᠷᠭᠠᠨᠢᠭ ᠢᠶᠠᠷ ᠤᠶᠠᠯᠳᠤᠭᠤᠯᠬᠤ ᠪᠠᠷ ᠳᠠᠮᠵᠢᠭᠤᠯᠤᠨ᠂ | ᠲᠠᠷᠢᠶᠠᠴᠢᠨ ᠮᠠᠯᠴᠢᠳ ᠤᠨ ᠡᠪᠡᠳᠴᠢᠨ ᠠᠴᠠ ᠪᠣᠯᠵᠤ ᠶᠠᠳᠠᠭᠤᠷᠠᠬᠤ᠂ ᠡᠪᠡᠳᠴᠢᠨ ᠠᠴᠠ ᠪᠣᠯᠵᠤ ᠡᠭᠡᠵᠦ | ᠶᠠᠳᠠᠭᠤᠷᠠᠬᠤ ᠶᠢ ᠰᠡᠷᠭᠡᠶᠢᠯᠡᠨ᠎ᠡ᠃ ᠲᠠᠷᠢᠶᠠᠴᠢᠨ ᠮᠠᠯᠴᠢᠳ ᠤᠨ ᠠᠮᠢ ᠨᠠᠰᠤᠨ ᠤ ᠪᠠᠭ᠎ᠠ ᠲᠣᠭᠠᠨ ᠤ ᠳᠠᠭᠠᠳᠬᠠᠯ᠂ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠡᠷᠦᠬᠡ ᠶᠢᠨ ᠰᠠᠨᠠᠭᠠᠨ ᠳᠤ ᠦᠭᠡᠢ ᠭᠡᠮᠲᠥᠯ ᠤᠨ | ᠳᠠᠭᠠᠳᠬᠠᠯ ᠵᠡᠷᠭᠡ ᠳᠠᠭᠠᠳᠬᠠᠯ ᠤᠨ ᠲᠤᠬᠠᠶᠢᠯᠠᠭᠰᠠᠨ ᠠᠵᠢᠯ ᠢ ᠢᠳᠡᠪᠬᠢᠲᠡᠢ ᠦᠷᠨᠢᠭᠦᠯᠥᠨ᠎ᠡ᠃ ︵ᠦᠪᠦᠷ | ᠮᠤᠩᠭᠤᠯ ᠤᠨ ᠳᠠᠭᠠᠳᠬᠠᠯ ᠤᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ᠂ ᠦᠪᠡᠷᠲᠡᠭᠡᠨ ᠵᠠᠰᠠᠬᠤ | ᠣᠷᠣᠨ ᠤ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ᠂ ᠡᠳ᠋ ᠤᠨ ᠵᠠᠰᠠᠭ ᠤᠨ ᠲᠢᠩᠬᠢᠮ᠂ ᠮᠦᠩᠭᠦᠨ | ᠭᠦᠢᠯᠭᠡᠭᠡᠨ ᠤ ᠠᠵᠢᠯ ᠤᠨ ᠠᠯᠪᠠᠨ ᠭᠡᠷ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠤᠰᠤᠭᠠᠷ ᠲᠤᠰ | ᠲᠤᠰ ᠬᠠᠷᠢᠭᠤᠴᠠᠨ᠎ᠠ︶ | ᠳᠤᠯᠤᠭ᠎ᠠ᠂ ᠲᠠᠷᠢᠶᠠᠯᠠᠬᠤ ᠮᠠᠯᠵᠢᠬᠤ ᠣᠷᠣᠨ ᠤ ᠬᠦᠷᠦᠩᠭᠡ ᠶᠢᠨ ᠵᠠᠬ᠎ᠠ ᠳᠡᠯᠭᠡᠭᠦᠷ ᠢ ᠯᠠᠪᠳᠠᠭᠤᠨ ᠢᠶᠠᠷ | ᠪᠤᠶᠢᠵᠢᠭᠤᠯᠤᠨ ᠬᠥᠭᠵᠢᠭᠦᠯᠥᠨ᠎ᠡ | ︵ᠬᠤᠷᠢᠨ ᠭᠤᠷᠪᠠ︶ ᠲᠠᠷᠢᠶᠠᠯᠠᠬᠤ ᠮᠠᠯᠵᠢᠬᠤ ᠣᠷᠣᠨ ᠤ ᠰᠢᠭᠤᠳ ᠪᠡᠯᠡ ᠲᠣᠬᠢᠷᠠᠭᠤᠯᠬᠤ ᠶᠢ ᠶᠡᠬᠡᠪᠡᠷ | ᠬᠥᠭᠵᠢᠭᠦᠯᠥᠨ᠎ᠡ᠃ ᠨᠦᠬᠦᠴᠡᠯ ᠳᠤ ᠨᠡᠶᠢᠴᠡᠬᠦ ᠲᠠᠷᠢᠶᠠᠯᠠᠩ ᠮᠠᠯ ᠠᠵᠤ ᠠᠬᠤᠢ ᠳᠤ ᠬᠤᠯᠪᠤᠭᠳᠠᠭᠰᠠᠨ ᠠᠵᠤ | ᠠᠬᠤᠶᠢᠯᠠᠯ ᠤᠳ ᠤᠨ ᠤᠯᠠᠨ ᠲᠡᠰ ᠳᠠᠪᠬᠤᠷᠭ᠎ᠠ ᠪᠦᠬᠦᠢ ᠬᠦᠷᠥᠩᠭᠡ ᠶᠢᠨ ᠵᠠᠬ᠎ᠠ ᠳᠡᠯᠭᠡᠭᠦᠷ ᠲᠤ ᠪᠡᠯᠡ | ᠲᠣᠬᠢᠷᠠᠭᠤᠯᠬᠤ ᠶᠢ ᠳᠡᠮᠵᠢᠵᠦ᠂ ᠠᠵᠤ ᠠᠬᠤᠶᠢᠯᠠᠯ ᠤᠨ ᠵᠢᠭᠡᠯᠡᠯᠭᠡ᠂ ᠺᠤᠮᠫᠠᠨᠢ ᠶᠢᠨ ᠵᠢᠭᠡᠯᠡᠯᠭᠡ᠂ ᠳᠤᠮᠳᠠ ᠵᠢᠵᠢᠭ | ᠠᠵᠤ ᠠᠬᠤᠶᠢᠯᠠᠯ ᠤᠨ ᠬᠤᠪᠢ ᠪᠠᠷ ᠢᠶᠠᠨ ᠴᠤᠭᠯᠠᠭᠤᠯᠬᠤ ᠵᠢᠭᠡᠯᠡᠯᠭᠡ᠂ ᠲᠤᠮᠳᠠ ᠵᠢᠵᠢᠭ ᠠᠵᠤ ᠠᠬᠤᠶᠢᠯᠠᠯ ᠤᠨ | ᠨᠡᠶᠢᠯᠡᠮᠡᠯ ᠫᠢᠶᠤᠤ ᠪᠠᠷᠢᠮᠲᠠ᠂ ᠣᠬᠤᠷ ᠬᠤᠭᠤᠴᠠᠭᠠᠨ ᠤ ᠪᠡᠯᠡ ᠲᠣᠬᠢᠷᠠᠭᠤᠯᠬᠤ ᠲᠡᠮᠲᠡᠭᠲᠦ ᠵᠡᠷᠭᠡ ᠠᠪᠴᠠᠭ᠎ᠠ ᠪᠠᠷ | ᠪᠡᠯᠡ ᠲᠣᠬᠢᠷᠠᠭᠤᠯᠬᠤ ᠪᠠᠭᠠᠵᠢ ᠲᠠᠷᠬᠠᠭᠠᠬᠤ ᠶᠢ ᠵᠣᠷᠢᠬᠵᠢᠭᠤᠯᠤᠨ᠎ᠠ᠃ ᠨᠦᠬᠦᠴᠡᠯ ᠳᠤ ᠨᠡᠶᠢᠴᠡᠬᠦ ᠲᠠᠷᠢᠶᠠᠯᠠᠬᠤ | ᠮᠠᠯᠵᠢᠬᠤ ᠣᠷᠣᠨ ᠤ ᠣᠷᠣᠨ ᠨᠤᠲᠤᠭ ᠤᠨ ᠬᠠᠤᠯᠢ ᠶᠢᠨ ᠡᠷᠬᠡᠲᠡᠨ ᠲᠠᠢ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠡᠩ ᠲᠡᠷᠢᠭᠦᠨ ᠤ ᠰᠲ᠋ᠣᠺ ᠪᠣᠯᠣᠨ ᠬᠤᠶᠠᠳᠤᠭᠠᠷ ᠳᠡᠰ ᠤᠨ ᠬᠦᠷᠦᠩᠭᠡ ᠶᠢᠨ ᠪᠠᠭᠠᠵᠢ ᠲᠠᠷᠬᠠᠭᠠᠬᠤ ᠶᠢ ᠳᠡᠮᠵᠢᠨ᠎ᠡ᠃ ︵ | ᠦᠪᠦᠷ ᠮᠤᠩᠭᠤᠯ ᠤᠨ ᠲᠡᠮᠲᠡᠭᠲᠦ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠪᠠᠩᠬᠢ ᠶᠢᠨ | ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠪᠠᠩᠬᠢ ᠶᠢᠨ ᠬᠦᠬᠡᠬᠤᠲᠠ ᠭᠤᠣᠯ ᠰᠠᠯᠪᠤᠷᠢ | ᠪᠠᠩᠬᠢ᠂ ᠦᠪᠡᠷᠲᠡᠭᠡᠨ ᠵᠠᠰᠠᠬᠤ ᠣᠷᠣᠨ ᠤ ᠮᠦᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠬᠥᠭᠵᠢᠭᠦᠯᠦᠯᠲᠡ | ᠦᠭᠡᠷᠡᠴᠢᠯᠡᠯᠲᠡ ᠶᠢᠨ ᠵᠦᠪᠯᠡᠯ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠤᠰᠤᠭᠠᠷ ᠲᠤᠰ ᠲᠤᠰ | ᠬᠠᠷᠢᠭᠤᠴᠠᠨ᠎ᠠ︶ | ︵ᠬᠤᠷᠢᠨ ᠳᠥᠷᠪᠠ︶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠥᠭᠡᠭᠳᠡᠭᠦᠨ ᠤ ᠬᠤᠭᠤᠴᠠᠭᠠᠲᠤ | ᠪᠠᠷᠠᠭ᠎ᠠ ᠶᠢᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢ ᠣᠯᠵᠦ ᠮᠡᠳᠡᠬᠦ ᠪᠠ ᠲᠥᠭᠰᠢᠭᠦᠷᠢ ᠠᠴᠠ ᠵᠠᠶᠢᠯᠠᠬᠤ | ᠴᠢᠳᠠᠮᠵᠢ ᠶᠢ ᠪᠠᠳᠠᠷᠠᠭᠤᠯᠤᠨ᠎ᠠ᠃ ᠮᠠᠨ ᠤ ᠣᠷᠣᠨ ᠤ ᠳᠠᠪᠠᠭᠤᠯᠢᠭ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠭᠦᠨ ᠤ ᠬᠤᠭᠤᠴᠠᠭᠠᠲᠤ ᠪᠠᠷᠠᠭ᠎ᠠ ᠶᠢᠨ ᠰᠢᠨ᠎ᠡ ᠲᠦᠷᠥᠯ ᠵᠦᠢᠯ ᠨᠡᠭᠡᠭᠡᠬᠦ ᠶᠢ ᠢᠳᠡᠪᠬᠢᠲᠡᠢ ᠲᠦᠯᠬᠢᠨ | ᠠᠬᠢᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠬᠤᠭᠤᠴᠠᠭᠠᠲᠤ ᠪᠠᠷᠠᠭ᠎ᠠ ᠶᠢᠨ | ᠲᠤᠬᠠᠶᠢᠯᠠᠭᠰᠠᠨ ᠠᠵᠢᠯ ᠢ ᠦᠷᠭᠡᠵᠢᠭᠦᠯᠥᠨᠡ᠃ ᠮᠡᠳᠡᠭᠡ ᠵᠠᠩᠭᠢ ᠶᠢᠨ ᠦᠢᠯᠡᠴᠢᠯᠡᠭᠡ ᠶᠢ ᠴᠢᠩᠭᠠᠳᠬᠠᠨ᠂ ᠲᠠᠷᠢᠶᠠᠯᠠᠩ | ᠮᠠᠯ ᠠᠵᠤ ᠠᠬᠤᠢ ᠯᠤᠭ᠎ᠠ ᠬᠤᠯᠪᠤᠭᠳᠠᠭᠰᠠᠨ ᠠᠵᠤ ᠠᠬᠤᠶᠢᠯᠠᠯ᠂ ᠲᠠᠷᠢᠶᠠᠴᠢᠨ ᠮᠠᠯᠴᠢᠳ ᠤᠨ ᠬᠤᠷᠰᠢᠶ᠎ᠠ ᠵᠡᠷᠭᠡ | ᠲᠠᠷᠢᠶᠠᠯᠠᠬᠤ ᠮᠠᠯᠵᠢᠬᠤ ᠣᠷᠣᠨ ᠤ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠤᠭᠤᠴᠠᠭᠠᠲᠤ ᠪᠠᠷᠠᠭ᠎ᠠ ᠶᠢᠨ | ᠠᠷᠠᠯᠵᠢᠶᠠᠯᠠᠭ᠎ᠠ ᠳᠤ ᠣᠷᠤᠯᠴᠠᠬᠤ ᠶᠢ ᠬᠦᠲᠦᠯᠦᠨ ᠵᠢᠯᠤᠭᠤᠳᠬᠤ ᠪᠠ ᠲᠦᠯᠬᠢᠨ ᠠᠬᠢᠭᠤᠯᠵᠤ᠂ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠭᠦᠨ ᠤ ᠦᠢᠯᠡᠳᠪᠦᠷᠢᠯᠡᠯ ᠡᠵᠡᠩᠨᠡᠯᠲᠡ᠂ ᠬᠦᠮᠦᠷᠭᠡᠯᠡᠨ ᠬᠠᠳᠠᠭᠠᠯᠠᠬᠤ ᠪᠠᠷᠠᠭ᠎ᠠ ᠶᠢᠨ | ᠭᠦᠢᠯᠭᠡᠭᠡᠨ ᠤ ᠠᠵᠤ ᠠᠬᠤᠶᠢᠯᠠᠯ ᠤᠨ ᠬᠤᠭᠤᠴᠠᠭᠠᠲᠤ ᠪᠠᠷᠠᠭ᠎ᠠ ᠶᠢᠨ ᠵᠠᠬ᠎ᠠ ᠳᠡᠯᠭᠡᠭᠦᠷ ᠲᠤ ᠬᠤᠭᠤᠴᠠᠭ᠎ᠠ ᠲᠤᠬᠤᠵᠤ | ᠥᠷᠳᠡᠭ ᠪᠠᠲᠤᠯᠠᠬᠤ ᠲᠤᠬᠠᠶᠢᠯᠠᠭᠰᠠᠨ ᠠᠵᠢᠯ ᠦᠷᠨᠢᠭᠦᠯᠬᠦ ᠶᠢ ᠵᠣᠷᠢᠬᠵᠢᠭᠤᠯᠤᠨ᠎ᠠ᠃ ︵ᠦᠪᠦᠷ ᠮᠤᠩᠭᠤᠯ ᠤᠨ | ᠲᠡᠮᠲᠡᠭᠲᠦ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠦᠪᠡᠷᠲᠡᠭᠡᠨ ᠵᠠᠰᠠᠬᠤ ᠣᠷᠣᠨ ᠤ | ᠮᠦᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠤᠰᠤᠭᠠᠷ | ᠲᠤᠰ ᠲᠤᠰ ᠬᠠᠷᠢᠭᠤᠴᠠᠨ᠎ᠠ︶ | ᠨᠠᠢᠮᠠ᠂ ᠲᠠᠷᠢᠶᠠᠯᠠᠬᠤ ᠮᠠᠯᠵᠢᠬᠤ ᠣᠷᠣᠨ ᠤ ᠮᠦᠩᠭᠦᠨ ᠭᠦᠢᠯᠭᠡᠭᠡᠨ ᠤ ᠰᠠᠭᠤᠷᠢ ᠪᠡᠯᠡᠳᠭᠡᠮᠵᠢ ᠶᠢ | ᠲᠡᠭᠦᠯᠳᠡᠷᠵᠢᠭᠦᠯᠥᠨ᠎ᠡ | ︵ᠬᠤᠷᠢᠨ ᠲᠠᠪᠤ︶ ᠲᠠᠷᠢᠶᠠᠯᠠᠬᠤ ᠮᠠᠯᠵᠢᠬᠤ ᠣᠷᠣᠨ ᠤ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ | ᠲᠦᠯᠬᠢᠨ ᠠᠬᠢᠭᠤᠯᠤᠨ᠎ᠠ᠃ ᠢᠲᠡᠭᠡᠮᠵᠢᠲᠦ ᠡᠷᠦᠬᠡ᠂ ᠢᠲᠡᠭᠡᠮᠵᠢᠲᠦ ᠭᠠᠴᠠᠭ᠎ᠠ ᠲᠤᠰᠬᠤᠨ᠂ ᠢᠲᠡᠭᠡᠮᠵᠢᠲᠦ ᠰᠤᠮᠤ | ᠰᠢᠶᠠᠩ ᠪᠠᠯᠭᠠᠰᠤ ᠡᠭᠦᠳᠦᠨ ᠪᠠᠶᠢᠭᠤᠯᠬᠤ ᠠᠵᠢᠯᠯᠠᠭ᠎ᠠ ᠶᠢ ᠦᠷᠭᠦᠯᠵᠢᠯᠡᠨ ᠵᠣᠬᠢᠶᠠᠨ ᠪᠠᠶᠢᠭᠤᠯᠵᠤ᠂ ᠢᠲᠡᠭᠡᠮᠵᠢ ᠶᠢᠨ | ᠮᠡᠳᠡᠭᠡ ᠵᠠᠩᠭᠢ ᠴᠤᠭᠯᠠᠭᠤᠯᠬᠤ ᠤᠬᠠᠭᠤᠯᠭ᠎ᠠ ᠬᠦᠮᠦᠵᠢᠯ ᠢ ᠴᠢᠩᠭᠠᠳᠬᠠᠨ᠂ ᠵᠢᠭᠡᠯᠡᠯᠭᠡ ᠮᠡᠬᠡᠯᠡᠬᠦ᠂ ᠳᠠᠭᠠᠳᠬᠠᠯ | ᠮᠡᠬᠡᠯᠡᠬᠦ ᠪᠠ ᠵᠤᠷᠢᠭᠤᠳᠠ ᠪᠠᠷ ᠥᠷᠢ ᠠᠴᠠ ᠵᠠᠶᠢᠯᠠᠬᠤ ᠦᠢᠯᠡ ᠠᠵᠢᠯᠯᠠᠭ᠎ᠠ ᠳᠤ ᠡᠷᠡᠰ ᠴᠣᠬᠢᠯᠲᠠ ᠦᠭᠭᠦᠨ᠎ᠡ᠃ ︵ | ᠠᠷᠠᠳ ᠤᠨ ᠪᠠᠩᠬᠢ ᠶᠢᠨ ᠬᠦᠬᠡᠬᠤᠲᠠ ᠭᠤᠣᠯ ᠰᠠᠯᠪᠤᠷᠢ ᠪᠠᠩᠬᠢ᠂ ᠦᠪᠦᠷ ᠮᠤᠩᠭᠤᠯ ᠤᠨ ᠪᠠᠩᠬᠢ ᠶᠢᠨ ᠦᠢᠯᠡᠰ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠠᠭᠠᠳᠬᠠᠯ ᠤᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠂ ᠦᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠲᠤᠳᠤᠭᠠᠲᠤ ᠶᠢ ᠬᠠᠮᠠᠭᠠᠯᠠᠬᠤ | ᠲᠢᠩᠬᠢᠮ᠂ ᠮᠦᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ | ᠬᠤᠪᠢᠶᠠᠷᠢᠯᠠᠯ ᠶᠤᠰᠤᠭᠠᠷ ᠲᠤᠰ ᠲᠤᠰ ᠬᠠᠷᠢᠭᠤᠴᠠᠨ᠎ᠠ︶ | ︵ᠬᠤᠷᠢᠨ ᠵᠢᠷᠭᠤᠭ᠎ᠠ︶ ᠲᠠᠷᠢᠶᠠᠯᠠᠬᠤ ᠮᠠᠯᠵᠢᠬᠤ ᠣᠷᠣᠨ ᠤ ᠠᠷᠠᠯᠵᠢᠶᠠᠯᠠᠬᠤ ᠵᠠᠬ᠎ᠠ ᠳᠡᠯᠭᠡᠭᠦᠷ ᠪᠣᠯᠣᠨ | ᠵᠠᠭᠤᠴᠢ ᠵᠣᠬᠢᠶᠠᠨ ᠪᠠᠶᠢᠭᠤᠯᠤᠯᠲᠠ ᠶᠢ ᠬᠥᠭᠵᠢᠭᠦᠯᠥᠨ᠎ᠡ᠃ ᠲᠠᠷᠢᠶᠠᠯᠠᠬᠤ ᠮᠠᠯᠵᠢᠬᠤ ᠣᠷᠣᠨ ᠤ ᠦᠮᠴᠢᠯᠡᠬᠦ ᠡᠷᠬᠡ | ᠠᠷᠠᠯᠵᠢᠶᠠᠯᠠᠬᠤ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠰᠦᠪᠡᠭᠴᠢᠯᠡᠨ ᠲᠦᠯᠬᠢᠨ ᠠᠬᠢᠭᠤᠯᠵᠤ᠂ ᠭᠠᠵᠠᠷ | ᠰᠢᠷᠤᠢ ᠦᠨᠡᠯᠡᠨ ᠵᠢᠱᠢᠬᠦ᠂ ᠡᠳ᠋ ᠬᠦᠷᠦᠩᠭᠡ ᠶᠢ ᠦᠨᠡᠯᠡᠨ ᠵᠢᠱᠢᠬᠦ ᠵᠡᠷᠭᠡ ᠵᠠᠭᠤᠴᠢ ᠵᠣᠬᠢᠶᠠᠨ ᠪᠠᠶᠢᠭᠤᠯᠤᠯᠲᠠ ᠶᠢ | ᠢᠳᠡᠪᠬᠢᠲᠡᠢ ᠪᠠᠷ ᠪᠤᠶᠢᠵᠢᠭᠤᠯᠤᠨ᠂ ᠨᠦᠯᠦᠭᠡᠯᠡᠬᠦ ᠬᠦᠴᠦᠨ ᠪᠦᠬᠦᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠭᠦᠨ ᠤ ᠠᠷᠠᠯᠵᠢᠶᠠᠯᠠᠬᠤ ᠲᠥᠪ ᠢ ᠪᠦᠲᠦᠭᠡᠨ ᠪᠠᠶᠢᠭᠤᠯᠤᠨ᠎ᠠ᠃ ︵ᠦᠪᠡᠷᠲᠡᠭᠡᠨ ᠵᠠᠰᠠᠬᠤ ᠣᠷᠣᠨ ᠤ | ᠮᠦᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠤᠯᠤᠰ ᠤᠨ | ᠭᠠᠵᠠᠷ ᠰᠢᠷᠤᠢ ᠡᠬᠢ ᠪᠠᠶᠠᠯᠢᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠡᠳ᠋ ᠤᠨ ᠵᠠᠰᠠᠭ ᠤᠨ | ᠲᠢᠩᠬᠢᠮ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠤᠰᠤᠭᠠᠷ ᠲᠤᠰ ᠲᠤᠰ ᠬᠠᠷᠢᠭᠤᠴᠠᠨ᠎ᠠ︶ | ︵ᠬᠤᠷᠢᠨ ᠳᠤᠯᠤᠭ᠎ᠠ︶ ᠲᠠᠷᠢᠶᠠᠯᠠᠬᠤ ᠮᠠᠯᠵᠢᠬᠤ ᠣᠷᠣᠨ ᠤ ᠮᠦᠩᠭᠦᠨ ᠭᠦᠢᠯᠭᠡᠭᠡ ᠶᠢᠨ ᠬᠡᠷᠡᠭᠯᠡᠭᠴᠢᠳ ᠤᠨ | ᠡᠷᠬᠡ ᠠᠰᠢᠭ ᠢ ᠬᠠᠮᠠᠭᠠᠯᠠᠨ᠎ᠠ᠃ ᠲᠠᠷᠢᠶᠠᠯᠠᠬᠤ ᠮᠠᠯᠵᠢᠬᠤ ᠣᠷᠣᠨ ᠤ ᠮᠦᠩᠭᠦᠨ ᠭᠦᠢᠯᠭᠡᠭᠡ ᠶᠢᠨ ᠬᠡᠷᠡᠭᠯᠡᠭᠴᠢᠳ ᠤᠨ | ᠬᠦᠰᠡᠯ ᠱᠠᠭᠠᠷᠳᠠᠯᠭ᠎ᠠ ᠪᠠᠨ ᠲᠣᠭᠠᠴᠢᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠮᠦᠩᠭᠦᠨ ᠭᠦᠢᠯᠭᠡᠭᠡ ᠶᠢᠨ | ᠬᠡᠷᠡᠭᠯᠡᠭᠡᠨ ᠤ ᠵᠢᠭᠤᠷᠠᠯᠳᠤᠭᠠᠨ ᠢ ᠲᠣᠬᠢᠲᠠᠢ ᠰᠢᠢᠳᠪᠦᠷᠢᠯᠡᠨ᠎ᠡ᠃ ᠮᠦᠩᠭᠦᠨ ᠭᠦᠢᠯᠭᠡᠭᠡᠨ ᠤ ᠮᠡᠳᠡᠯᠭᠡ ᠶᠢ ᠬᠦᠳᠡᠭᠡ | ᠬᠦᠷᠭᠡᠬᠦ᠂ ᠨᠡᠶᠢᠭᠡᠮ ᠲᠣᠭᠤᠷᠢᠭ ᠲᠤ ᠣᠷᠣᠭᠤᠯᠬᠤ᠂ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ | ᠦᠷᠭᠦᠯᠵᠢᠯᠡᠨ ᠦᠷᠨᠢᠭᠦᠯᠵᠦ᠂ ᠮᠦᠩᠭᠦᠨ ᠭᠦᠢᠯᠭᠡᠭᠡᠨ ᠤ ᠮᠡᠳᠡᠯᠭᠡ ᠲᠦᠭᠡᠮᠡᠯᠵᠢᠭᠦᠯᠬᠦ ᠬᠦᠮᠦᠵᠢᠯ ᠤᠨ ᠪᠦᠲᠦᠮᠵᠢᠲᠦ | ᠴᠢᠨᠠᠷ ᠪᠣᠯᠣᠨ ᠴᠢᠭᠯᠡᠭᠦᠯᠥᠯᠲᠦ ᠴᠢᠨᠠᠷ ᠢ ᠳᠡᠭᠡᠭᠰᠢᠯᠡᠭᠦᠯᠦᠨ᠂ ᠥᠷᠭᠡᠨ ᠤᠯᠠᠨ ᠮᠠᠯᠴᠢᠨ ᠲᠠᠷᠢᠶᠠᠴᠢᠳ ᠤᠨ | ᠲᠥᠭᠰᠢᠭᠦᠷᠢ ᠶᠢ ᠢᠯᠭᠠᠬᠤ᠂ ᠦᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠪᠣᠯᠣᠨ ᠴᠢᠳᠠᠪᠤᠷᠢ ᠶᠢ ᠨᠡᠮᠡᠭᠳᠡᠭᠦᠯᠥᠨ᠎ᠡ᠃ | ︵ᠠᠷᠠᠳ ᠤᠨ ᠪᠠᠩᠬᠢ ᠶᠢᠨ ᠬᠦᠬᠡᠬᠤᠲᠠ ᠭᠤᠣᠯ ᠰᠠᠯᠪᠤᠷᠢ ᠪᠠᠩᠬᠢ᠂ ᠦᠪᠦᠷ ᠮᠤᠩᠭᠤᠯ ᠤᠨ ᠪᠠᠩᠬᠢ ᠶᠢᠨ | ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠡᠮᠲᠡᠭᠲᠦ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠳᠠᠭᠠᠳᠬᠠᠯ ᠤᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠦᠪᠡᠷᠲᠡᠭᠡᠨ ᠵᠠᠰᠬᠠᠤ | ᠣᠷᠣᠨ ᠤ ᠳᠣᠲᠤᠭᠠᠲᠤ ᠶᠢ ᠬᠠᠮᠠᠭᠠᠯᠠᠬᠤ ᠲᠢᠩᠬᠢᠮ᠂ ᠮᠦᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ ᠵᠡᠷᠭᠡ ᠨᠢ | ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠤᠰᠤᠭᠠᠷ ᠲᠤᠰ ᠲᠤᠰ ᠬᠠᠷᠢᠭᠤᠴᠠᠨ᠎ᠠ︶ | ᠶᠢᠰᠦ᠂ ᠲᠠᠷᠢᠶᠠᠯᠠᠩ ᠮᠠᠯ ᠠᠵᠦ ᠠᠬᠤᠢ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ ᠲᠤ | ᠮᠦᠩᠭᠦᠨ ᠭᠦᠢᠯᠭᠡᠭᠡ ᠶᠢᠨ ᠦᠢᠯᠡᠴᠢᠯᠡᠭᠡᠨ ᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠬᠦ ᠶᠢ | ᠨᠡᠮᠡᠭᠳᠡᠭᠦᠯᠥᠨ᠎ᠡ | ︵ᠬᠤᠷᠢᠨ ᠨᠠᠢᠮᠠ︶ ᠲᠥᠷᠥ ᠶᠢᠨ ᠪᠣᠳᠣᠯᠭ᠎ᠠ ᠪᠠᠷ ᠲᠡᠳᠭᠦᠬᠦ ᠰᠢᠰᠲ᠋ᠧᠮᠵᠢ ᠶᠢ ᠪᠦᠷᠢᠨᠰᠢᠭᠦᠯᠥᠨᠡ᠃ | ᠤᠯᠤᠰ ᠤᠨ ᠬᠦᠳᠡᠭᠡ ᠲᠤᠰᠬᠤᠨ ᠤ ᠮᠦᠩᠭᠦᠨ ᠭᠦᠢᠯᠭᠡᠭᠡᠨ ᠢᠶᠠᠷ ᠲᠡᠳᠭᠦᠮᠵᠢ ᠦᠵᠡᠭᠦᠯᠬᠦ ᠡᠯ᠎ᠡ ᠵᠦᠢᠯ ᠤᠨ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠪᠤᠳᠠᠳᠤ ᠪᠠᠶᠢᠳᠠᠯ ᠲᠠᠢ ᠤᠶᠠᠯᠳᠤᠭᠤᠯᠤᠨ | ᠪᠦᠬᠦ ᠣᠷᠣᠨ ᠤ ᠲᠠᠷᠢᠶᠠᠯᠠᠬᠤ ᠮᠠᠯᠵᠢᠬᠤ ᠣᠷᠣᠨ ᠤ ᠮᠦᠩᠭᠦᠨ ᠭᠦᠢᠯᠭᠡᠭᠡᠨ ᠤ ᠬᠥᠭᠵᠢᠯᠲᠡ ᠶᠢ ᠳᠡᠮᠵᠢᠬᠦ ᠲᠥᠷᠥ ᠶᠢᠨ | ᠪᠣᠳᠣᠯᠭ᠎ᠠ ᠶᠢᠨ ᠰᠢᠰᠲ᠋ᠧᠮᠵᠢ ᠶᠢ ᠪᠦᠷᠢᠨᠰᠢᠭᠦᠯᠦᠨ ᠳᠡᠭᠦᠯᠳᠡᠷᠵᠢᠭᠦᠯᠥᠨ᠎ᠡ᠃ ︵ᠦᠪᠡᠷᠲᠡᠭᠡᠨ ᠵᠠᠰᠠᠬᠤ ᠣᠷᠣᠨ ᠤ | ᠮᠦᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠡᠳ᠋ ᠤᠨ ᠵᠠᠰᠠᠭ ᠤᠨ ᠲᠢᠩᠬᠢᠮ᠂ ᠠᠷᠠᠳ ᠤᠨ ᠪᠠᠩᠬᠢ ᠶᠢᠨ | ᠬᠦᠬᠡᠬᠤᠲᠠ ᠭᠤᠣᠯ ᠰᠠᠯᠪᠤᠷᠢ ᠪᠠᠩᠬᠢ᠂ ᠦᠪᠦᠷ ᠮᠤᠩᠭᠤᠯ ᠤᠨ ᠪᠠᠩᠬᠢ ᠶᠢᠨ ᠦᠢᠯᠡᠰ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠲᠡᠮᠲᠡᠭᠲᠦ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠳᠠᠭᠠᠳᠬᠠᠯ ᠤᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ | ᠬᠤᠪᠢᠶᠠᠷᠢᠯᠠᠯ ᠶᠤᠰᠤᠭᠠᠷ ᠲᠤᠰ ᠲᠤᠰ ᠬᠠᠷᠢᠭᠤᠴᠠᠨ᠎ᠠ︶ | ︵ᠬᠤᠷᠢ ᠶᠢᠰᠦ︶ ᠲᠥᠷᠥ ᠶᠢᠨ ᠪᠣᠳᠣᠯᠭ᠎ᠠ ᠪᠠᠷ ᠳᠡᠮᠵᠢᠯᠭᠡ ᠦᠵᠡᠭᠦᠯᠬᠦ ᠡᠷᠴᠢᠮ ᠢ ᠨᠡᠮᠡᠭᠳᠡᠭᠦᠯᠥᠨ᠎ᠡ᠃ | 1.︽ᠵᠠᠰᠠᠭ ᠤᠨ ᠣᠷᠳᠤᠨ ᠬᠦᠲᠦᠯᠦᠨ ᠵᠢᠯᠤᠭᠤᠳᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ︾ | ᠵᠠᠷᠴᠢᠮ ᠤᠨ ᠶᠤᠰᠤᠭᠠᠷ᠂ ᠱᠠᠩᠨᠠᠬᠤ᠂ ᠨᠦᠬᠦᠪᠦᠷᠢ ᠦᠭᠬᠦ᠂ ᠭᠠᠶᠢᠯᠢ ᠲᠠᠲᠠᠪᠥᠷᠢ ᠶᠢᠨ ᠬᠠᠷᠠᠭᠠᠯᠵᠠᠯ ᠵᠡᠷᠭᠡ | ᠲᠥᠷᠥ ᠶᠢᠨ ᠪᠣᠳᠣᠯᠭ᠎ᠠ ᠶᠢᠨ ᠪᠠᠭᠠᠵᠢ ᠶᠢ ᠶᠡᠷᠦᠩᠬᠡᠶᠢᠯᠡᠨ ᠬᠡᠷᠡᠭᠯᠡᠵᠦ᠂ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠲᠠᠷᠢᠶᠠᠯᠠᠬᠤ ᠮᠠᠯᠵᠢᠬᠤ ᠡᠷᠦᠬᠡ ᠶᠢᠨ ᠪᠠᠭ᠎ᠠ ᠲᠣᠭᠠᠨ ᠤ ᠵᠢᠭᠡᠯᠡᠯᠭᠡ᠂ ᠲᠠᠷᠢᠶᠠᠯᠠᠩ ᠮᠠᠯ ᠠᠵᠤ ᠠᠬᠤᠢ ᠶᠢᠨ ᠰᠢᠨ᠎ᠡ | ᠮᠠᠶ᠋ᠢᠭ ᠤᠨ ᠡᠵᠩᠨᠡᠯᠲᠡ ᠶᠢᠨ ᠭᠤᠣᠯ ᠴᠤᠭᠴᠠ ᠶᠢᠨ ᠵᠢᠭᠡᠯᠡᠯᠭᠡ᠂ ᠲᠠᠷᠢᠶᠠᠯᠠᠩ ᠤᠨ ᠲᠠᠷᠢᠵᠦ ᠤᠷᠭᠤᠭᠤᠯᠬᠤ ᠦᠢᠯᠡᠰ | ᠲᠡᠵᠢᠭᠡᠨ ᠦᠷᠡᠵᠢᠭᠦᠯᠬᠦ ᠦᠢᠯᠡᠰ ᠤᠨ ᠵᠢᠭᠡᠯᠡᠯᠭᠡ᠂ ᠶᠡᠭᠡ ᠬᠡᠮᠵᠢᠶᠡᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠭᠦᠨ ᠤ ᠳᠠᠭᠠᠳᠬᠠᠯ ᠵᠡᠷᠭᠡ ᠲᠤᠬᠠᠶᠢᠯᠠᠭᠰᠠᠨ ᠠᠵᠢᠯ ᠦᠷᠨᠢᠭᠦᠯᠬᠦ ᠶᠢ ᠭᠤᠣᠯᠳᠠᠯᠭ᠎ᠠ ᠲᠠᠢ ᠳᠡᠮᠵᠢᠨ᠎ᠡ᠃ ︵ | ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠮᠦᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ | ᠂ ᠠᠷᠠᠳ ᠤᠨ ᠪᠠᠩᠬᠢ ᠶᠢᠨ ᠬᠦᠬᠡᠬᠤᠲᠠ ᠭᠤᠣᠯ ᠰᠠᠯᠪᠤᠷᠢ ᠪᠠᠩᠬᠢ᠂ ᠦᠪᠦᠷ ᠮᠤᠩᠭᠤᠯ ᠤᠨ ᠪᠠᠩᠬᠢ ᠶᠢᠨ | ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠠᠭᠠᠳᠬᠠᠯ ᠤᠨ ᠦᠢᠯᠡᠰ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠤᠰᠤᠭᠠᠷ ᠲᠤᠰ ᠲᠤᠰ | ᠬᠠᠷᠢᠭᠤᠴᠠᠨ᠎ᠠ︶ | 2. ︽ᠨᠡᠮᠡᠭᠳᠡᠯ ᠢ ᠵᠣᠷᠢᠬᠵᠢᠭᠤᠯᠵᠤ᠂ ᠦᠯᠡᠳᠡᠭᠡᠯ ᠢ ᠬᠠᠮᠲᠦ ᠳᠤᠨᠢ ᠬᠠᠷᠠᠭᠠᠯᠵᠠᠬᠤ︾ ᠵᠠᠷᠴᠢᠮ ᠤᠨ | ᠶᠤᠰᠤᠭᠠᠷ᠂ ᠲᠠᠷᠢᠶᠠᠯᠠᠩ ᠮᠠᠯ ᠠᠵᠤ ᠠᠬᠤᠢ ᠯᠤᠭ᠎ᠠ ᠬᠤᠯᠪᠤᠭᠳᠠᠭᠰᠠᠨ ᠵᠢᠭᠡᠯᠡᠯᠭᠡ ᠳᠤ ᠡᠳ᠋ ᠤᠨ ᠵᠠᠰᠠᠭ ᠠᠴᠠ | ᠱᠠᠩᠨᠠᠬᠤ ᠳᠦᠷᠢᠮ ᠢ ᠳᠡᠭᠦᠯᠳᠡᠷᠵᠢᠭᠦᠯᠥᠨ᠎ᠡ᠃ ᠲᠠᠷᠢᠶᠠᠯᠠᠬᠤ ᠮᠠᠯᠵᠢᠬᠤ ᠣᠷᠣᠨ ᠤ ᠮᠦᠩᠭᠦᠨ ᠭᠦᠢᠯᠭᠡᠭᠡᠨ ᠤ ᠭᠠᠶᠢᠯᠢ | ᠲᠠᠲᠠᠪᠥᠷᠢ ᠶᠢᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠥᠨ᠂ ᠲᠠᠷᠢᠶᠠᠯᠠᠬᠤ ᠮᠠᠯᠵᠢᠬᠤ ᠡᠷᠦᠬᠡ ᠶᠢᠨ ᠪᠠᠭ᠎ᠠ | ᠲᠣᠭᠠᠨ ᠤ ᠵᠢᠭᠡᠯᠡᠯᠭᠡ ᠳᠤ ᠭᠠᠶᠢᠯᠢ ᠲᠠᠲᠠᠪᠥᠷᠢ ᠪᠠᠷ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠥᠨ᠎ᠡ᠃ | ᠲᠠᠷᠢᠶᠠᠯᠠᠬᠤ ᠮᠠᠯᠵᠢᠬᠤ ᠣᠷᠣᠨ ᠳᠠᠬᠢ ᠰᠢᠨ᠎ᠡ ᠮᠠᠶ᠋ᠢᠭ ᠤᠨ ᠮᠦᠩᠭᠦᠨ ᠭᠦᠢᠯᠭᠡᠭᠡᠨ ᠤ ᠪᠠᠶᠢᠭᠤᠯᠤᠮᠵᠢ ᠪᠣᠯᠣᠨ ᠰᠠᠭᠤᠷᠢ | ᠮᠦᠩᠭᠦᠨ ᠭᠦᠢᠯᠭᠡᠭᠡᠨ ᠤ ᠦᠢᠯᠡᠴᠢᠯᠡᠭᠡᠨ ᠤ ᠳᠤᠷᠣᠢ ᠪᠠᠭᠤᠷᠠᠢ ᠪᠠᠶᠢᠭ᠎ᠠ ᠭᠠᠵᠠᠷ ᠣᠷᠣᠨ ᠳᠠᠬᠢ ᠪᠠᠩᠬᠢ ᠶᠢᠨ ᠦᠢᠯᠡᠰ | ᠮᠦᠩᠭᠦᠨ ᠭᠦᠢᠯᠭᠡᠭᠡᠨ ᠤ ᠪᠠᠶᠢᠭᠤᠯᠤᠮᠵᠢ ︵ᠲᠣᠣᠷ ᠴᠢᠬ︶ ᠳᠤ ᠬᠠᠨᠳᠤᠭᠤᠯᠤᠭᠰᠠᠨ ᠬᠠᠨᠳᠤᠯᠭᠠᠲᠦ ᠵᠠᠷᠤᠳᠠᠯ ᠤᠨ | ᠨᠦᠬᠦᠪᠦᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ︵ᠦᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠲᠢᠩᠬᠢᠮ᠂ ᠣᠷᠣᠨ ᠨᠣᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠮᠦᠩᠭᠦᠨ | ᠭᠦᠢᠯᠭᠡᠭᠡᠨ ᠤ ᠠᠵᠢᠯ ᠤᠨ ᠠᠯᠪᠠᠨ ᠭᠡᠷ᠂ ᠦᠪᠦᠷ ᠮᠤᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ | ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠤᠰᠤᠭᠠᠷ ᠲᠤᠰ ᠲᠤᠰ ᠬᠠᠷᠢᠭᠤᠴᠠᠨ᠎ᠠ︶ | 3. ᠲᠠᠷᠢᠶᠠᠯᠠᠬᠤ ᠮᠠᠯᠵᠢᠬᠤ ᠣᠷᠣᠨ ᠤ ᠢᠲᠡᠭᠡᠮᠵᠢᠲᠦ ᠵᠢᠭᠡᠯᠡᠯᠭᠡ ᠶᠢᠨ ᠬᠤᠬᠢᠷᠠᠯ ᠳᠤ ᠨᠦᠬᠦᠪᠦᠷᠢᠯᠡᠬᠦ | ᠲᠣᠭᠲᠠᠴᠠ ᠶᠢ ᠲᠡᠭᠦᠯᠳᠡᠷᠵᠢᠭᠦᠯᠥᠨ᠂ ᠣᠷᠣᠨ ᠨᠣᠲᠤᠭ ᠤᠨ ᠡᠳ᠋ ᠤᠨ ᠵᠠᠰᠠᠭ ᠠᠴᠠ ᠪᠡᠯᠡ ᠭᠠᠷᠭᠠᠬᠰᠠᠨ ᠲᠠᠷᠢᠶᠠᠯᠠᠩ | ᠮᠠᠯ ᠠᠵᠤ ᠠᠬᠤᠢ ᠯᠤᠭ᠎ᠠ ᠬᠤᠯᠪᠣᠭᠳᠠᠬᠤ ᠢᠲᠡᠭᠡᠮᠵᠢᠲᠦ ᠵᠢᠭᠡᠯᠡᠯᠭᠡ ᠶᠢᠨ ᠲᠥᠭᠰᠢᠭᠦᠷᠢ ᠳᠤ ᠨᠦᠬᠦᠪᠦᠷᠢᠯᠡᠬᠦ ᠰᠠᠭᠤᠷᠢ | ᠮᠦᠩᠭᠦ ᠶᠢ ᠰᠦᠪᠡᠭᠴᠢᠯᠡᠨ ᠪᠠᠶᠢᠭᠤᠯᠤᠨ᠎ᠠ᠃ ︵ᠦᠪᠡᠷᠲᠡᠭᠡᠨ ᠵᠠᠰᠬᠠᠤ ᠣᠷᠣᠨ ᠤ ᠡᠳ᠋ ᠤᠨ ᠵᠠᠰᠠᠭ ᠤᠨ ᠲᠢᠩᠬᠢᠮ᠂ | ᠮᠦᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠤᠰᠤᠭᠠᠷ | ᠲᠤᠰ ᠲᠤᠰ ᠬᠠᠷᠢᠭᠤᠴᠠᠨ᠎ᠠ︶ | 4. ᠲᠠᠷᠢᠶᠠᠯᠠᠩ ᠮᠠᠯ ᠠᠵᠤ ᠠᠬᠤᠢ ᠯᠤᠭ᠎ᠠ ᠬᠤᠯᠪᠤᠭᠳᠠᠭᠰᠠᠨ ᠵᠢᠭᠡᠯᠡᠯᠭᠡ ᠶᠢᠨ ᠡᠵᠡᠯᠡᠬᠦ ᠬᠠᠷᠢᠴᠠᠯ ᠢᠶᠠᠷ | ᠦᠨᠳᠦᠷ ᠪᠠᠶᠢᠭ᠎ᠠ ᠰᠢᠶᠠᠨ ᠤ ᠬᠡᠪᠴᠢᠶᠠᠨ ᠤ ᠪᠠᠩᠬᠢ ᠶᠢᠨ ᠦᠢᠯᠡᠰ ᠤᠨ ᠬᠠᠤᠯᠢ ᠶᠢᠨ ᠡᠷᠬᠡᠲᠡᠨ ᠤ ᠪᠠᠶᠢᠭᠤᠯᠤᠮᠵᠢ ᠳᠤ | ᠬᠠᠷᠢᠮᠠᠬᠠᠢ ᠴᠢᠨᠠᠷᠲᠠᠢ ᠬᠠᠳᠠᠭᠠᠯᠠᠬᠤ ᠵᠢᠭᠡᠯᠡᠭᠦᠯᠬᠦ ᠬᠠᠷᠢᠴᠠᠯ ᠢ ᠬᠡᠷᠡᠭᠵᠢᠭᠦᠯᠵᠦ᠂ ᠲᠠᠷᠢᠶᠠᠯᠠᠩ ᠮᠠᠯ ᠠᠵᠦ ᠠᠬᠤᠢ | ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ ᠤᠨ ᠮᠦᠩᠭᠦᠨ ᠭᠦᠢᠯᠭᠡᠭᠡᠨ ᠤ ᠦᠢᠯᠡᠳᠭᠦᠨ ᠳᠤ ᠰᠢᠨ᠎ᠡ ᠶᠢ | ᠡᠭᠦᠳᠬᠦ ᠠᠵᠢᠯ ᠦᠷᠨᠢᠭᠦᠯᠬᠦ ᠶᠢ ᠡᠩ ᠲᠡᠷᠢᠭᠦᠨ ᠳᠤ ᠳᠡᠮᠵᠢᠨ᠎ᠡ᠃ ︵ᠦᠪᠦᠷ ᠮᠤᠩᠭᠤᠯ ᠤᠨ ᠪᠠᠩᠬᠢ ᠶᠢᠨ | ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠪᠠᠩᠬᠢ ᠶᠢᠨ ᠬᠦᠬᠡᠬᠤᠲᠠ ᠭᠤᠣᠯ ᠰᠠᠯᠪᠤᠷᠢ | ᠪᠠᠩᠬᠢ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠤᠰᠤᠭᠠᠷ ᠲᠤᠰ ᠲᠤᠰ ᠬᠠᠷᠢᠭᠤᠴᠠᠨ᠎ᠠ︶ | ︵ᠭᠤᠴᠢ︶ ᠲᠠᠷᠢᠶᠠᠯᠠᠩ ᠯᠤᠭ᠎ᠠ ᠬᠤᠯᠪᠣᠭᠳᠠᠭᠰᠠᠨ ᠵᠢᠭᠡᠯᠡᠯᠭᠡ ᠶᠢ ᠪᠦᠷᠢᠳᠭᠡᠬᠦ ᠳᠦᠷᠢᠮ ᠢᠶᠠᠨ | ᠲᠡᠭᠦᠯᠳᠡᠷᠵᠢᠭᠦᠯᠥᠨ᠎ᠡ᠃ ᠲᠠᠷᠢᠶᠠᠯᠠᠩ ᠣᠢ ᠰᠢᠭᠤᠢ ᠮᠠᠯ ᠠᠵᠦ ᠠᠬᠤᠢ ᠵᠢᠭᠠᠰᠤᠨ ᠠᠵᠤ ᠠᠬᠤᠢ ᠶᠢᠨ ᠵᠢᠭᠡᠯᠡᠯᠭᠡ᠂ | ᠲᠠᠷᠢᠶᠠᠯᠠᠬᠤ ᠮᠠᠯᠵᠢᠬᠤ ᠡᠷᠦᠬᠡ ᠶᠢᠨ ᠵᠢᠭᠡᠯᠡᠯᠭᠡ᠂ ᠲᠠᠷᠢᠶᠠᠯᠠᠬᠤ ᠮᠠᠯᠵᠢᠬᠤ ᠣᠷᠣᠨ ᠤ ᠪᠠᠭ᠎ᠠ ᠵᠢᠵᠢᠭ ᠠᠵᠤ | ᠠᠬᠤᠶᠢᠯᠠᠯ ᠤᠨ ᠵᠢᠭᠡᠯᠡᠯᠭᠡ ᠵᠢᠴᠢ ᠲᠠᠷᠢᠶᠠᠴᠢᠨ ᠮᠠᠯᠴᠢᠳ ᠤᠨ ᠬᠤᠷᠰᠢᠶᠠᠨ ᠤ ᠵᠢᠭᠡᠯᠡᠯᠭᠡ ᠶᠢᠨ ᠪᠠᠶᠢᠳᠠᠯ ᠢ ᠪᠦᠬᠦ | ᠲᠠᠯ᠎ᠠ ᠪᠠᠷ᠂ ᠴᠠᠭ ᠲᠤᠬᠠᠢ ᠳᠤᠨᠢ᠂ ᠣᠨᠤᠪᠴᠢᠲᠠᠢ ᠳᠤᠰᠬᠠᠵᠤ᠂ ᠲᠠᠷᠢᠶᠠᠯᠠᠩ ᠯᠤᠭ᠎ᠠ ᠬᠤᠯᠪᠤᠭᠳᠠᠭᠰᠠᠨ ᠵᠢᠭᠡᠯᠡᠯᠭᠡ ᠶᠢ | ᠪᠦᠷᠢᠳᠭᠡᠬᠦ ᠣᠯᠠᠨ ᠬᠡᠮᠵᠢᠶ᠎ᠡ ᠪᠠᠷᠢᠮᠵᠢᠶ᠎ᠠ ᠶᠢ ᠦᠨᠳᠦᠰᠦᠯᠡᠨ ᠮᠦᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ | ᠪᠣᠯᠣᠨ ᠵᠦᠷᠢᠶᠡᠴᠢᠯᠡᠭᠰᠡᠨ ᠬᠢᠨᠠᠨ ᠬᠠᠮᠢᠶᠠᠷᠬᠤ ᠠᠷᠭ᠎ᠠ ᠬᠡᠮᠵᠢᠶ᠎ᠠ ᠶᠢ ᠲᠣᠭᠲᠠᠭᠠᠨ᠂ ᠲᠥᠷᠥ ᠶᠢᠨ ᠪᠣᠳᠣᠯᠭ᠎ᠠ ᠶᠢᠨ | ᠲᠠᠯ᠎ᠠ ᠪᠠᠷ ᠳᠡᠮᠵᠢᠯᠭᠡ ᠦᠵᠡᠭᠦᠯᠬᠦ ᠶᠢᠨ ᠴᠢᠭᠯᠡᠭᠦᠯᠥᠯᠲᠦ ᠴᠢᠨᠠᠷ ᠪᠣᠯᠣᠨ ᠪᠦᠲᠦᠮᠵᠢᠲᠦ ᠴᠢᠨᠠᠷ ᠢ ᠳᠡᠭᠡᠭᠰᠢᠯᠡᠭᠦᠯᠥᠨ᠎ᠡ᠃ | ︵ᠠᠷᠠᠳ ᠤᠨ ᠪᠠᠩᠬᠢ ᠶᠢᠨ ᠬᠦᠬᠡᠬᠤᠲᠠ ᠭᠤᠣᠯ ᠰᠠᠯᠪᠤᠷᠢ ᠪᠠᠩᠬᠢ᠂ ᠦᠪᠦᠷ ᠮᠤᠩᠭᠤᠯ ᠤᠨ ᠪᠠᠩᠬᠢ ᠶᠢᠨ | ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ | ᠶᠤᠰᠤᠭᠠᠷ ᠲᠤᠰ ᠲᠤᠰ ᠬᠠᠷᠢᠭᠤᠴᠠᠨ᠎ᠠ︶ | ︵ᠭᠤᠴᠢᠨ ᠨᠢᠭᠡ︶ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠶᠢ ᠦᠨᠡᠯᠡᠨ ᠵᠢᠱᠢᠬᠦ ᠶᠢ ᠦᠷᠨᠢᠭᠦᠯᠵᠦ᠂ | ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ | ᠮᠦᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠤᠨ ᠲᠠᠷᠢᠶᠠᠯᠠᠩ ᠮᠠᠯ ᠠᠵᠦ ᠠᠬᠤᠢ ᠲᠠᠷᠢᠶᠠᠯᠠᠬᠤ ᠮᠠᠯᠵᠢᠬᠤ | ᠣᠷᠣᠨ ᠲᠠᠷᠢᠶᠠᠴᠢᠨ ᠮᠠᠯᠴᠢᠳ ᠤᠨ ᠬᠥᠭᠵᠢᠯᠲᠡ ᠶᠢ ᠳᠡᠮᠵᠢᠬᠦ ᠶᠢ ᠨᠡᠩ ᠰᠠᠶᠢᠲᠤᠷ ᠬᠦᠲᠦᠯᠦᠨ ᠵᠢᠯᠤᠭᠤᠳᠴᠤ | ᠳᠠᠶᠢᠴᠢᠯᠠᠨ᠎ᠠ᠃ ︵ᠠᠷᠠᠳ ᠤᠨ ᠪᠠᠩᠬᠢ ᠶᠢᠨ ᠬᠦᠬᠡᠬᠤᠲᠠ ᠭᠤᠣᠯ ᠰᠠᠯᠪᠤᠷᠢ ᠪᠠᠩᠬᠢ᠂ ᠦᠪᠦᠷ ᠮᠤᠩᠭᠤᠯ ᠤᠨ | ᠪᠠᠩᠬᠢ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠡᠮᠲᠡᠭᠲᠦ ᠶᠢᠨ ᠦᠢᠯᠡᠰ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠳᠠᠭᠠᠳᠬᠠᠯ ᠤᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ | ᠮᠦᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠤᠰᠤᠭᠠᠷ | ᠲᠤᠰ ᠲᠤᠰ ᠬᠠᠷᠢᠭᠤᠴᠠᠨ᠎ᠠ︶ | ︵ᠭᠤᠴᠢᠨ ᠬᠤᠶᠠᠷ︶ ᠮᠦᠩᠭᠦᠨ ᠭᠦᠢᠯᠭᠡᠭᠡᠨ ᠤ ᠲᠥᠭᠰᠢᠭᠦᠷᠢ ᠶᠢ ᠰᠡᠷᠭᠡᠶᠢᠯᠡᠨ᠎ᠡ᠃ | 1. ᠮᠦᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠤᠳ ᠡᠭᠦᠷᠭᠡ ᠬᠠᠷᠢᠭᠤᠴᠠᠯᠭ᠎ᠠ ᠶᠢᠨ | ᠬᠤᠪᠢᠶᠠᠷᠢᠯᠠᠯ ᠶᠤᠰᠤᠭᠠᠷ᠂ ᠮᠦᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ | ᠲᠥᠭᠰᠢᠭᠦᠷᠢ ᠶᠢ ᠢᠯᠭᠠᠬᠤ᠂ ᠬᠢᠨᠠᠨ ᠬᠡᠮᠵᠢᠬᠦ᠂ ᠦᠨᠡᠯᠡᠨ ᠵᠢᠱᠢᠬᠦ᠂ ᠰᠡᠷᠡᠮᠵᠢᠯᠡᠭᠦᠯᠬᠦ ᠪᠠ ᠡᠵᠡᠮᠳᠡᠬᠦ ᠠᠵᠢᠯ ᠢ | ᠬᠦᠴᠦᠯᠡᠨ ᠰᠠᠶᠢᠲᠤᠷ ᠬᠢᠵᠦ᠂ ᠰᠢᠨ᠎ᠡ ᠪᠠᠶᠢᠳᠠᠯ ᠳᠣᠣᠷᠠᠬᠢ ᠲᠥᠭᠰᠢᠭᠦᠷᠢ ᠶᠢ ᠰᠢᠢᠳᠪᠦᠷᠢᠯᠡᠬᠦ ᠲᠣᠭᠲᠠᠴᠠ ᠪᠠᠨ | ᠲᠠᠰᠤᠷᠠᠯᠲᠠ ᠦᠭᠡᠢ ᠪᠦᠷᠢᠨᠰᠢᠭᠦᠯᠦᠨ᠂ ᠮᠦᠩᠭᠦᠨ ᠭᠦᠢᠯᠭᠡᠭᠡᠨ ᠤ ᠲᠣᠭᠲᠠᠭᠤᠨ ᠢ ᠦᠨᠡᠨᠬᠦ ᠬᠠᠮᠠᠭᠠᠯᠠᠬᠤ ᠬᠡᠷᠡᠭᠲᠡᠢ᠃ | ᠡᠯ᠎ᠡ ᠮᠦᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠳᠦᠷᠢᠮ ᠢᠶᠠᠨ ᠤᠯᠠᠮ ᠨᠢᠭᠡ ᠠᠯᠬᠤᠮ ᠪᠦᠷᠢᠨᠰᠢᠭᠦᠯᠵᠦ᠂ | ᠲᠥᠭᠰᠢᠭᠦᠷᠢ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠬᠦ ᠬᠡᠷᠡᠭᠲᠡᠢ᠃ ︵ᠠᠷᠠᠳ ᠤᠨ ᠪᠠᠩᠬᠢ ᠶᠢᠨ ᠬᠦᠬᠡᠬᠤᠲᠠ | ᠭᠤᠣᠯ ᠰᠠᠯᠪᠤᠷᠢ ᠪᠠᠩᠬᠢ᠂ ᠦᠪᠦᠷ ᠮᠤᠩᠭᠤᠯ ᠤᠨ ᠪᠠᠩᠬᠢ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠲᠡᠮᠲᠡᠭᠲᠦ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠠᠭᠠᠳᠬᠠᠯ ᠤᠨ | ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ | ᠶᠤᠰᠤᠭᠠᠷ ᠲᠤᠰ ᠲᠤᠰ ᠬᠠᠷᠢᠭᠤᠴᠠᠨ᠎ᠠ︶ | 2. ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠤᠨ᠂ ᠦᠪᠡᠷᠲᠡᠭᠡᠨ ᠵᠠᠰᠠᠬᠤ ᠣᠷᠣᠨ ᠤ ᠡᠯ᠎ᠡ | ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠪᠠᠭ᠎ᠠ ᠲᠣᠭᠠᠨ ᠤ ᠵᠢᠭᠡᠯᠡᠯᠭᠡ ᠶᠢᠨ ᠺᠤᠮᠫᠠᠨᠢ᠂ ᠳᠠᠭᠠᠭᠠᠯᠲᠠ ᠬᠢᠬᠦ | ᠺᠤᠮᠫᠠᠨᠢ᠂ ᠳᠠᠨᠵᠢᠯᠠᠬᠤ ᠠᠵᠢᠯ᠂ ᠲᠠᠷᠢᠶᠠᠯᠠᠬᠤ ᠮᠠᠯᠵᠢᠬᠤ ᠣᠷᠣᠨ ᠤ ᠪᠡᠯᠡ ᠮᠦᠩᠭᠦ ᠶᠢᠨ ᠬᠤᠪᠰᠤᠷᠤᠯᠴᠠᠬᠤ | ᠬᠤᠷᠰᠢᠶᠠᠵᠢᠯ ᠤᠨ ᠵᠣᠬᠢᠶᠠᠨ ᠪᠠᠶᠢᠭᠤᠯᠤᠯᠲᠠ ᠳᠠᠬᠢ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠦᠨᠡᠨᠬᠦ | ᠡᠭᠦᠷᠭᠡᠯᠡᠵᠦ᠂ ᠮᠦᠩᠭᠦᠨ ᠭᠦᠢᠯᠭᠡᠭᠡᠨ ᠤ ᠲᠥᠭᠰᠢᠭᠦᠷᠢ ᠶᠢᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠵᠣᠬᠢᠶᠠᠨ | ᠪᠠᠶᠢᠭᠤᠯᠤᠯᠲᠠ ᠶᠢᠨ ᠡᠭᠦᠷᠭᠡ ᠬᠠᠷᠢᠭᠤᠴᠠᠯᠭ᠎ᠠ ᠶᠢ ᠱᠠᠲᠦ ᠱᠠᠲᠦ ᠪᠠᠷ ᠨᠠᠶᠢᠳᠠᠪᠤᠷᠢᠵᠢᠭᠤᠯᠤᠨ᠂ ᠲᠥᠭᠰᠢᠭᠦᠷᠢ ᠶᠢ | ᠠᠷᠭᠠᠴᠠᠬᠤ ᠪᠡᠯᠡᠳᠭᠡᠯ ᠲᠦᠰᠦᠯ ᠢ ᠲᠣᠭᠲᠠᠭᠠᠨ ᠲᠡᠭᠦᠯᠳᠡᠷᠵᠢᠭᠦᠯᠵᠦ᠂ ᠮᠦᠩᠭᠦᠨ ᠭᠦᠢᠯᠭᠡᠭᠡᠨ ᠤ ᠲᠥᠭᠰᠢᠭᠦᠷᠢ | ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ︵ᠦᠪᠡᠷᠲᠡᠭᠡᠨ ᠵᠠᠰᠬᠠᠤ ᠣᠷᠣᠨ ᠤ ᠮᠦᠩᠭᠦᠨ ᠭᠦᠢᠯᠭᠡᠭᠡᠨ ᠤ | ᠠᠵᠢᠯ ᠤᠨ ᠠᠯᠪᠠᠨ ᠭᠡᠷ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ | ᠬᠤᠪᠢᠶᠠᠷᠢᠯᠠᠯ ᠶᠤᠰᠤᠭᠠᠷ ᠲᠤᠰ ᠲᠤᠰ ᠬᠠᠷᠢᠭᠤᠴᠠᠨ᠎ᠠ︶ | ᠠᠷᠪᠠ᠂ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ | ᠡᠯ᠎ᠡ ᠭᠠᠵᠠᠷ ᠣᠷᠣᠨ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠪᠣᠯᠣᠨ ᠡᠯ᠎ᠡ ᠮᠦᠩᠭᠦᠨ | ᠭᠦᠢᠯᠭᠡᠭᠡᠨ ᠤ ᠪᠠᠶᠢᠭᠤᠯᠤᠮᠵᠢ ᠨᠤᠭᠤᠳ ᠤᠯᠤᠰ ᠪᠣᠯᠣᠨ ᠦᠪᠡᠷᠲᠡᠭᠡᠨ ᠵᠠᠰᠠᠬᠤ ᠣᠷᠣᠨ ᠤ ᠨᠢᠭᠡᠲᠦᠯᠲᠡᠢ | ᠪᠠᠶᠢᠷᠢᠯᠠᠭᠤᠯᠤᠯᠲᠠ ᠶᠤᠰᠤᠭᠠᠷ᠂ ᠲᠠᠷᠢᠶᠠᠯᠠᠩ ᠮᠠᠯ ᠠᠵᠦ ᠠᠬᠤᠢ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ | ᠮᠠᠯᠴᠢᠳ ᠲᠤ ᠮᠦᠩᠭᠦᠨ ᠭᠦᠢᠯᠭᠡᠭᠡᠨ ᠤ ᠦᠢᠯᠡᠴᠢᠯᠡᠭᠡ ᠦᠵᠡᠭᠦᠯᠬᠦ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ | ᠤᠳᠤᠷᠢᠳᠤᠯᠭ᠎ᠠ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠤᠭᠠᠷ ᠨᠢᠮᠪᠠᠢ ᠵᠣᠬᠢᠶᠠᠨ | ᠪᠠᠶᠢᠭᠤᠯᠵᠦ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠦᠨᠡᠨᠬᠦ ᠰᠠᠶᠢᠲᠤᠷ ᠠᠳᠬᠤᠨ᠂ ᠵᠠᠪᠠᠯ ᠪᠤᠳᠠᠳᠤ | ᠦᠷ᠎ᠡ ᠪᠦᠲᠦᠮᠵᠢ ᠣᠯᠬᠤ ᠬᠡᠷᠡᠭᠲᠡᠢ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠤᠨ ᠨᠤᠭᠤᠳ ᠲᠤᠰ ᠭᠠᠵᠠᠷ ᠣᠷᠣᠨ ᠤ ᠪᠠᠨ ᠪᠤᠳᠠᠳᠤ ᠪᠠᠶᠢᠳᠠᠯ ᠲᠠᠢ ᠤᠶᠠᠯᠳᠤᠭᠤᠯᠤᠨ᠂ ᠲᠡᠳᠭᠦᠬᠦ ᠲᠥᠷᠥ ᠶᠢᠨ | ᠪᠣᠳᠣᠯᠭ᠎ᠠ ᠶᠢ ᠱᠠᠯᠠᠪᠳᠠᠨ ᠰᠤᠳᠤᠯᠤᠨ ᠲᠣᠭᠲᠠᠭᠠᠵᠤ᠂ ᠲᠠᠷᠢᠶᠠᠯᠠᠬᠤ ᠮᠠᠯᠵᠢᠬᠤ ᠣᠷᠣᠨ ᠤ ᠮᠦᠩᠭᠦᠨ ᠭᠦᠢᠯᠭᠡᠭᠡᠨ ᠤ | ᠦᠭᠡᠷᠡᠴᠢᠯᠡᠯᠲᠡ ᠬᠥᠭᠵᠢᠯᠲᠡ ᠳᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠬᠦ ᠡᠷᠴᠢᠮ ᠢᠶᠠᠨ ᠨᠡᠮᠡᠭᠳᠡᠭᠦᠯᠦᠨ | ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠠ ᠶᠢ ᠪᠤᠳᠠᠳᠠᠶᠢᠵᠢᠭᠤᠯᠤᠨ ᠨᠠᠶᠢᠳᠠᠪᠥᠷᠢᠵᠢᠭᠤᠯᠬᠤ ᠶᠢ | ᠦᠨᠡᠨᠬᠦ ᠪᠠᠲᠤᠯᠠᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠣᠨ ᠤ | ᠶᠤᠰᠤᠭᠠᠷ ᠲᠤᠰ ᠭᠠᠵᠠᠷ ᠣᠷᠣᠨ᠂ ᠲᠤᠰ ᠰᠠᠯᠠᠭ᠎ᠠ ᠮᠦᠴᠢᠷ ᠤᠨ ᠢᠶᠠᠨ ᠲᠠᠷᠢᠶᠠᠯᠠᠩ ᠮᠠᠯ ᠠᠵᠦ ᠠᠬᠤᠢ ᠲᠠᠷᠢᠶᠠᠯᠠᠬᠤ | ᠮᠠᠯᠵᠢᠬᠤ ᠣᠷᠣᠨ ᠲᠠᠷᠢᠶᠠᠴᠢᠨ ᠮᠠᠯᠴᠢᠳ ᠤᠨ ᠬᠥᠭᠵᠢᠯᠲᠡ ᠳᠤ ᠮᠦᠩᠭᠦᠨ ᠭᠦᠢᠯᠭᠡᠭᠡᠨ ᠤ ᠳᠡᠮᠵᠢᠯᠬᠡ ᠦᠵᠡᠬᠦᠯᠦᠭᠰᠡᠨ | ᠠᠵᠢᠯ ᠢᠶᠠᠨ ᠪᠦᠬᠦ ᠲᠠᠯ᠎ᠠ ᠪᠠᠷ ᠳ᠋ᠦᠩᠨᠡᠵᠦ᠂ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠬᠢ ᠰᠠᠨᠠᠯ ᠪᠣᠯᠣᠨ | ᠰᠠᠨᠠᠭᠤᠯᠭ᠎ᠠ ᠳᠤᠷᠠᠳᠤᠨ᠂ ᠵᠢᠯ ᠪᠦᠷᠢ ᠶᠢᠨ ᠵᠢᠯ ᠤᠨ ᠡᠴᠥᠰ ᠲᠤ ᠦᠪᠡᠷᠲᠡᠭᠡᠨ ᠵᠠᠰᠠᠬᠤ ᠣᠷᠣᠨ ᠤ ᠮᠦᠩᠭᠦᠨ | ᠭᠦᠢᠯᠭᠡᠭᠡᠨ ᠤ ᠠᠵᠢᠯ ᠤᠨ ᠠᠯᠪᠠᠨ ᠭᠡᠷ ᠲᠤ ᠮᠡᠳᠡᠭᠦᠯᠵᠦ᠂ ᠦᠪᠡᠷᠲᠡᠭᠡᠨ ᠵᠠᠰᠠᠬᠤ ᠣᠷᠣᠨ ᠤ ᠮᠦᠩᠭᠦᠨ | ᠭᠦᠢᠯᠭᠡᠭᠡᠨ ᠤ ᠠᠵᠢᠯ ᠤᠨ ᠠᠯᠪᠠᠨ ᠭᠡᠷ ᠠᠴᠠ ᠬᠤᠷᠢᠶᠠᠩᠭᠤᠶᠢᠯᠠᠭᠠᠳ ᠦᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠤᠨ ᠳᠤ ᠮᠡᠳᠡᠭᠦᠯᠬᠦ ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠤ ᠮᠦᠩᠭᠦᠨ ᠭᠦᠢᠯᠭᠡᠭᠡᠨ ᠤ | ᠠᠵᠢᠯ ᠤᠨ ᠠᠯᠪᠠᠨ ᠭᠡᠷ ᠲᠦᠷᠦᠭᠦᠯᠡᠨ ᠰᠢᠮᠳᠠᠭᠤᠯᠤᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠲᠤᠤᠱᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠨ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠠ ᠶᠢ ᠪᠤᠳᠠᠳᠠᠶᠢᠵᠢᠭᠤᠯᠤᠨ ᠨᠠᠶᠢᠳᠠᠪᠥᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ |