ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠨᠠᠮ ᠤᠨ ᠤᠳᠤᠷᠢᠳᠬᠤ ᠲᠤᠭᠤᠢᠢᠯᠠᠩ ︽ᠡᠷᠬᠡ ᠪᠠᠨ ᠴᠢᠩᠭ᠎ᠠ ᠭᠡᠷᠡᠭᠯᠡᠬᠦ︾ ᠲᠤᠰᠬᠠᠢ ᠰᠡᠳᠤᠪᠳᠤ ᠰᠤᠳᠤᠯᠤᠨ ᠶᠠᠷᠢᠯᠴᠠᠬᠤ ᠬᠤᠷᠠᠯ ᠬᠢᠵᠠᠢ  ᠪᠠᠭᠠᠳᠤᠷ ᠬᠤᠷᠠᠯ ᠡᠷᠭᠢᠯᠡᠨ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2015/11/5
      ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ︽ᠭᠤᠷᠪᠠᠨ ᠴᠢᠩᠭ᠎ᠠ ᠭᠤᠷᠪᠠᠨ ᠪᠤᠳᠠᠳᠠᠢ ᠪᠠᠶᠢᠬᠤ︾ ᠲᠤᠰᠬᠠᠢ ᠰᠡᠳᠤᠪᠳᠤ ᠬᠦᠮᠤᠵᠢᠯ ᠤᠨ ᠶᠠᠷᠤᠩᠬᠡᠢ ᠪᠠᠶᠢᠷᠢᠯᠠᠭᠤᠯᠤᠯᠳᠠ ᠶᠤᠰᠤᠭᠠᠷ᠂ 11 ᠳ᠋ᠦ᠋ᠭᠡᠷ ᠰᠠᠷ᠎ᠠ ᠎ ᠶᠢᠨ 4᠎ ᠤ ᠡᠳᠤᠷ᠂ ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠨᠠᠮ ᠤᠨ ᠤᠳᠤᠷᠢᠳᠬᠤ ᠲᠤᠭᠤᠢᠢᠯᠠᠩ ︽ᠡᠷᠬᠡ ᠪᠠᠨ ᠴᠢᠩᠭ᠎ᠠ ᠭᠡᠷᠡᠭᠯᠡᠬᠦ︾ ᠲᠤᠰᠬᠠᠢ ᠰᠡᠳᠤᠪᠳᠤ ᠰᠤᠳᠤᠯᠤᠨ ᠶᠠᠷᠢᠯᠴᠠᠬᠤ ᠬᠤᠷᠠᠯ ᠬᠢᠵᠤ᠂ ᠠᠷᠠᠳ ᠤᠨ ᠲᠦᠯᠤᠬᠡ ᠡᠷᠬᠡ ᠪᠠᠨ ᠭᠡᠷᠡᠭᠯᠠᠬᠦ ᠶᠢ ᠪᠠᠷᠢᠮᠳᠠᠯᠠᠬᠤ᠂ ᠠᠷᠠᠳᠴᠢᠯᠠᠯ ᠲᠦᠪᠯᠡᠷᠠᠯ ᠤᠨ ᠶᠤᠰᠤ ᠶᠢ ᠪᠠᠷᠢᠮᠳᠠᠯᠠᠬᠤ᠂ ᠪᠤᠳᠠᠳᠠᠢ ᠠᠴᠠ ᠡᠬᠦᠰᠴᠤ ᠤᠢᠢᠯᠡᠰ ᠤᠨ ᠬᠦᠭᠵᠢᠯᠳᠠ ᠶᠢ ᠤᠬᠠᠭᠤᠯᠵᠤ ᠲᠥᠰᠥᠪᠯᠡᠬᠦ ᠶᠢ ᠪᠠᠷᠢᠮᠳᠠᠯᠠᠬᠤ ᠲᠤᠬᠠᠢ ᠬᠦᠨᠵᠡᠬᠡᠢ ᠰᠤᠳᠤᠯᠤᠨ ᠶᠠᠷᠢᠯᠴᠠᠪᠠ᠃      ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠨᠠᠮ ᠤᠨ ᠤᠳᠤᠷᠢᠳᠬᠤ ᠲᠤᠭᠤᠢᠢᠯᠠᠩ ᠤᠨ ᠱᠦᠵᠢ᠂ ᠦᠪᠡᠷᠳᠡᠬᠡᠨ ᠵᠠᠰᠠᠬᠤ ᠤᠷᠤᠨ ᠤ ᠲᠡᠷᠢᠬᠦᠯᠡᠭᠴᠢ ᠪᠠᠭᠠᠳᠤᠷ ᠰᠤᠳᠤᠯᠤᠨ ᠶᠠᠷᠢᠯᠴᠠᠬᠤ ᠬᠤᠷᠠᠯ ᠢ ᠡᠷᠬᠢᠯᠡᠵᠤ ᠲᠦᠷᠤᠬᠦᠯᠠᠨ ᠶᠠᠷᠢᠶ᠎ᠠ ᠲᠠᠯᠪᠢᠵᠤ᠂ ᠵᠠᠰᠠᠬ ᠎ ᠤᠨ ᠤᠷᠳᠤᠨ ᠤ ᠨᠠᠮ ᠤᠨ ᠤᠳᠤᠷᠢᠳᠬᠤ ᠲᠤᠭᠤᠢᠢᠯᠠᠩ ᠤᠨ ᠪᠦᠷᠢᠯᠳᠤᠬᠦᠨ ᠤᠷᠢᠳ ᠬᠤᠵᠢᠳ ᠶᠠᠷᠢᠶ᠎ᠠ ᠲᠠᠯᠪᠢᠪᠠ᠃ ᠬᠤᠷᠠᠯ ᠲᠤ ᠤᠷᠤᠯᠴᠠᠬᠰᠠᠨ ᠨᠦᠬᠦᠳ ᠦᠨᠡᠨ ᠦᠬᠡ ᠶᠠᠷᠢᠵᠤ᠂ ᠪᠤᠳᠡᠳᠤ ᠶᠠᠪᠤᠳᠠᠯ ᠬᠢᠵᠤ᠂ ᠰᠢᠳᠤᠷᠭᠤ ᠬᠦᠮᠤᠨ ᠪᠤᠯᠬᠤ ᠱᠠᠭᠠᠷᠳᠠᠯᠭ᠎ᠠ ᠪᠠᠷ ᠭᠤᠤᠯᠳᠠᠭᠤᠯᠵᠤ᠂ ᠦᠪᠡᠷ ᠦᠪᠡᠷ ᠤᠨ ᠬᠤᠪᠢᠳᠠᠨ ᠬᠠᠮᠢᠶᠠᠷᠴᠤ ᠪᠠᠶᠢᠭ᠎ᠠ ᠠᠵᠢᠯ ᠲᠠᠢ ᠪᠠᠨ ᠤᠶᠡᠯᠳᠤᠭᠤᠯᠵᠤ᠂ ᠰᠤᠳᠤᠯᠤᠨ ᠶᠠᠷᠢᠯᠴᠠᠨ ᠰᠤᠯᠢᠯᠴᠠᠵᠤ᠂ ᠶᠠᠷᠤᠩᠬᠡᠢ ᠱᠦᠵᠢ ᠶᠢᠨ ᠡᠷᠬᠡ ᠪᠠᠨ ᠴᠢᠩᠭ᠎ᠠ ᠭᠡᠷᠡᠭᠯᠡᠬᠦ ᠲᠤᠬᠠᠢ ᠴᠢᠬᠤᠯᠠ ᠦᠬᠦᠯᠠᠯᠳᠠ ᠶᠢᠨ ᠵᠤᠷᠢᠬ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠰᠠᠬᠢᠯᠭ᠎ᠠ ᠪᠠᠳᠤ ᠶᠢᠨ ᠬᠤᠷᠢᠭ᠎ᠠ ᠱᠤᠭᠤᠮ ᠢ ᠪᠠᠳᠤ ᠰᠠᠬᠢᠵᠤ᠂ ᠠᠵᠢᠯᠯᠠᠭ᠎ᠠ ᠪᠠᠨ ᠴᠢᠩᠭ᠎ᠠ ᠵᠢᠷᠤᠮᠵᠢᠭᠤᠯᠵᠤ᠂ ᠭᠠᠷ ᠲᠠᠬᠢ ᠡᠷᠬᠡ ᠪᠠᠨ ᠦᠨᠡᠨᠬᠦ ᠰᠠᠶᠢᠳᠤᠷ ᠬᠠᠮᠢᠶᠠᠷᠴᠤ ᠰᠠᠶᠢᠳᠤᠷ ᠭᠡᠷᠡᠭᠯᠠᠬᠦ ᠭᠡᠷᠡᠭᠳᠠᠢ ᠬᠡᠵᠤ ᠢᠯᠡᠳᠬᠡᠵᠡᠬᠡᠪᠡ᠃      ᠪᠠᠭᠠᠳᠤᠷ᠂ ᠡᠷᠬᠡ ᠪᠠᠨ ᠴᠢᠩᠭ᠎ᠠ ᠭᠡᠷᠡᠭᠯᠡᠬᠦ ᠶᠢ ᠤᠢᠢᠯᠡᠳᠤᠯᠬᠡᠵᠢᠬᠦᠯᠬᠦ ᠪᠤᠯ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠨᠠᠶᠢᠳᠠᠪᠤᠷᠢᠵᠢᠭᠤᠯᠬᠤ ᠵᠠᠶᠢᠯᠠᠰᠢ ᠦᠬᠡᠢ ᠱᠠᠭᠠᠷᠳᠠᠯᠭ᠎ᠠ ᠪᠤᠯᠤᠨ᠎ᠠ᠂ ᠮᠦᠨᠴᠤ ᠬᠠᠤᠯᠢᠵᠢᠯ ᠤᠨ ᠵᠠᠰᠠᠬ ᠤᠨ ᠤᠷᠳᠤᠨ᠂ ᠤᠢᠢᠯᠡᠴᠢᠯᠡᠬᠡᠨ ᠤ ᠵᠠᠰᠠᠬ ᠤᠨ ᠤᠷᠳᠤᠨ᠂ ᠨᠡᠷᠡᠨ ᠬᠡᠷᠡᠯᠳᠤ ᠵᠠᠰᠠᠬ ᠤᠨ ᠤᠷᠳᠤᠨ ᠢ ᠪᠠᠶᠢᠭᠤᠯᠬᠤ ᠪᠤᠳᠠᠳᠠᠢ ᠱᠠᠭᠠᠷᠳᠠᠯᠭ᠎ᠠ ᠪᠤᠯᠤᠨ᠎ᠠ᠃ ᠨᠠᠮ ᠤᠨ ᠬᠡᠰᠢᠬᠦᠨ ᠤᠳᠤᠷᠢᠳᠬᠤ ᠺᠠᠳ᠋ᠷ ᠡᠷᠬᠡᠪᠰᠢ ᠵᠤᠷᠢᠯᠳᠠ ᠶᠢᠨ ᠤᠬᠠᠮᠰᠠᠷ  ᠎ ᠢᠶᠠᠨ ᠴᠢᠩᠭᠠᠳᠬᠠᠵᠤ᠂ ᠡᠷᠬᠡ ᠪᠠᠨ ᠠᠷᠠᠳ ᠤᠨ ᠲᠦᠯᠤᠬᠡ ᠡᠵᠡᠮᠳᠠᠬᠦ᠂ ᠡᠷᠬᠡ ᠶᠢ ᠠᠷᠠᠳ ᠠᠴᠠ ᠤᠯᠭᠤᠬᠰᠠᠨ᠂ ᠡᠷᠬᠡ ᠪᠠᠨ ᠠᠷᠠᠳ ᠤᠨ ᠲᠦᠯᠤᠬᠡ ᠭᠡᠷᠡᠭᠯᠡᠬᠦ ᠶᠢ ᠢᠮᠠᠬᠳᠠ ᠪᠠᠷᠢᠮᠳᠠᠯᠠᠬᠤ ᠭᠡᠷᠡᠭᠳᠠᠢ᠃ ᠡᠷᠬᠡᠪᠰᠢ ᠨᠠᠮ ᠤᠨ ᠰᠠᠬᠢᠯᠭ᠎ᠠ ᠤᠯᠤᠰ ᠤᠨ ᠬᠠᠤᠯᠢ ᠳᠦᠷᠢᠮ ᠢ ᠤᠬᠠᠮᠰᠠᠷ ᠠᠴᠠ ᠪᠠᠨ ᠰᠠᠬᠢᠵᠤ᠂ ᠬᠠᠤᠯᠢ ᠪᠠᠷ ᠡᠷᠬᠡ ᠪᠠᠨ ᠭᠡᠷᠡᠭᠯᠡᠵᠤ ᠪᠠᠯᠠᠮᠠᠳ ᠠᠭᠠᠰᠢᠯᠠᠬᠤ ᠦᠬᠡᠢ᠂ ᠲᠦᠷᠢᠮ ᠶᠤᠰᠤᠭᠠᠷ ᠡᠷᠬᠡ ᠪᠠᠨ ᠭᠡᠷᠡᠭᠯᠠᠵᠤ ᠰᠠᠨᠠᠭ᠎ᠠ ᠪᠠᠷ ᠢᠢᠨᠨ ᠰᠠᠪᠠᠭ᠋ᠤ ᠦᠬᠡᠢ᠂ ᠲᠦᠪ ᠭᠤᠤᠯᠴᠢ ᠪᠠᠷ ᠡᠷᠬᠡ ᠪᠠᠨ ᠭᠡᠷᠡᠭᠯᠠᠵᠤ ᠬᠤᠪᠢ ᠪᠠᠨ ᠪᠤᠳᠤᠬᠤ ᠦᠬᠡᠢ ᠪᠠᠶᠢᠬᠤ ᠭᠡᠷᠡᠭᠳᠠᠢ᠃ ᠡᠷᠬᠡᠪᠰᠢ ᠪᠢᠰᠢᠷᠠᠨ ᠵᠢᠷᠤᠬᠡᠰᠢᠬᠦ ᠰᠡᠳᠬᠢᠯᠬᠡ ᠴᠡᠭᠡᠷᠯᠠᠨ ᠡᠮᠢᠶᠡᠬᠦ ᠰᠠᠨᠠᠭ᠎ᠠ ᠶᠢ ᠦᠷᠬᠦᠯᠵᠢ ᠡᠪᠤᠷᠳᠤᠯᠠᠵᠤ᠂ ᠠᠵᠢᠯᠴᠢ ᠠᠷᠪᠢᠴᠢ ᠪᠠᠷ ᠪᠤᠳᠠᠳᠠᠢ ᠶᠢ ᠡᠷᠬᠢᠮᠯᠡᠬᠦ ᠲᠦᠪ ᠭᠤᠤᠯᠴᠢ ᠠᠷᠢᠭᠤᠨ ᠴᠢᠬᠡᠴᠢ ᠪᠠᠶᠢᠬᠤ ᠤᠯᠤᠰ ᠲᠦᠷᠤ ᠶᠢᠨ ᠤᠬ ᠲᠦᠷᠬᠦ ᠶᠢ ᠬᠠᠳᠠᠭᠠᠠᠯᠠᠵᠤ᠂ ᠡᠷᠬᠡ ᠠᠰᠢᠬ ᠪᠤᠯᠤᠨ ᠡᠬᠦᠷᠬᠡ ᠬᠠᠷᠢᠭᠤᠴᠠᠯᠭ᠎ᠠ ᠶᠢᠨ ᠬᠠᠷᠢᠴᠠᠭ᠎ᠠ᠂ ᠡᠷᠬᠡ ᠪᠠᠨ ᠭᠡᠷᠡᠭᠯᠡᠬᠦ ᠪᠠ ᠬᠢᠨᠠᠨ ᠬᠠᠮᠢᠶᠠᠷᠬᠤ ᠶᠢᠨ ᠬᠠᠷᠢᠴᠠᠭ᠎ᠠ᠂ ᠡᠬᠦᠷᠬᠡ ᠬᠠᠷᠢᠭᠤᠴᠠᠯᠭ᠎ᠠ ᠪᠠᠨ ᠭᠡᠷᠡᠭᠵᠢᠬᠦᠯᠬᠦ ᠪᠠ ᠴᠢᠬᠡᠴᠢ ᠵᠠᠰᠠᠬ ᠢ ᠪᠠᠶᠢᠭᠤᠯᠬᠤ ᠬᠠᠷᠢᠴᠠᠭ᠎ᠠ ᠶᠢ ᠵᠦᠪ ᠢᠶᠠᠷ ᠰᠢᠢᠳᠪᠤᠷᠢᠯᠠᠬᠦ ᠭᠡᠷᠡᠭᠳᠠᠢ ᠬᠡᠵᠤ ᠵᠢᠭᠠᠵᠤ ᠭᠠᠷᠭᠠᠪᠠ᠃      ᠪᠠᠭᠠᠳᠤᠷ ᠵᠠᠰᠠᠬ ᠤᠨ ᠤᠷᠳᠤᠨ ᠤ ᠨᠠᠮ ᠤᠨ ᠤᠳᠤᠷᠢᠳᠬᠤ ᠲᠤᠭᠤᠢᠢᠯᠠᠩ ᠤᠨ ᠡᠷᠬᠡ ᠪᠠᠨ ᠴᠢᠩᠭ᠎ᠠ ᠭᠡᠷᠡᠭᠯᠡᠬᠦ ᠎ ᠶᠢ ᠤᠢᠢᠯᠡᠳᠤᠯᠬᠡᠵᠢᠬᠦᠯᠬᠦ ᠳᠤ ᠲᠤᠳᠤᠷᠬᠠᠢ ᠱᠠᠭᠠᠷᠳᠠᠯᠭ᠎ᠠ ᠲᠠᠯᠪᠢᠬᠰᠠᠨ ᠪᠠᠶᠢᠨ᠎ᠠ᠃ ᠲᠡᠷᠡ᠂ ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠨᠠᠮ ᠤᠨ ᠤᠳᠤᠷᠢᠳᠬᠤ ᠲᠤᠭᠤᠢᠢᠯᠠᠩ ᠤᠨ ᠬᠢᠨ ᠲᠦᠪ ᠬᠤᠷᠢᠶ᠎ᠠ ᠪᠤᠯᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠪᠠᠷ᠂ ︽ᠭᠤᠷᠪᠠᠨ ᠴᠢᠩᠭ᠎ᠠ ᠭᠤᠷᠪᠠᠨ ᠪᠤᠳᠠᠳᠠᠢ ᠪᠠᠶᠢᠬᠤ︾ ᠲᠤᠰᠬᠠᠢ ᠰᠡᠳᠤᠪᠳᠤ ᠬᠦᠮᠤᠵᠢᠯ ᠢ ᠦᠷᠬᠦᠯᠵᠢᠯᠠᠨ ᠬᠦᠨᠵᠡᠬᠡᠢ ᠠᠳᠬᠤᠵᠤ᠂ ᠶᠠᠷᠤᠩᠬᠡᠢ ᠱᠦᠵᠢ ᠎ ᠶᠢᠨ ︽ᠰᠠᠭᠤᠷᠢ ᠶᠢ ᠪᠠᠳᠤᠳᠬᠠᠬᠤ᠂ ᠨᠠᠷᠢᠯᠢᠬ ᠵᠦᠢᠯ ᠢ ᠨᠠᠶᠢᠳᠠᠪᠤᠷᠢᠵᠢᠭᠤᠯᠬᠤ᠂ ᠰᠠᠯᠠᠭ᠎ᠠ ᠨᠠᠮᠠᠭ᠎ᠠ ᠶᠢ ᠵᠠᠰᠠᠬᠤ᠂ ᠪᠤᠰᠤᠳ ᠤᠨ ᠰᠠᠨᠠᠯ ᠢ ᠰᠤᠨᠤᠰᠬᠤ︾ ᠱᠠᠭᠠᠷᠳᠠᠯᠭ᠎ᠠ ᠪᠠᠷ᠂ ︽ᠭᠤᠷᠪᠠᠨ ᠴᠢᠩᠭ᠎ᠠ ᠭᠤᠷᠪᠠᠨ ᠪᠤᠳᠠᠳᠠᠢ ᠪᠠᠶᠢᠬᠤ︾᠎ ᠶᠢ ᠤᠢᠢᠯᠡᠳᠤᠯᠬᠡᠵᠢᠬᠦᠯᠬᠦ᠂ ︽ᠦᠨᠡᠨᠴᠢ ᠰᠢᠳᠤᠷᠭᠤ ᠠᠷᠢᠭᠤᠨ ᠴᠢᠬᠡᠴᠢ ᠵᠤᠷᠢᠬ ᠲᠠᠢ ᠪᠠᠷ ᠡᠬᠦᠷᠬᠡᠯᠡᠬᠦ︾᠎ ᠶᠢ ᠪᠠᠳᠤ ᠭᠡᠷᠡᠭᠵᠢᠬᠦᠯᠬᠦ ᠦᠵᠡᠯ ᠰᠠᠨᠠᠭᠠᠨ ᠤ ᠤᠬᠠᠮᠰᠠᠷ ᠪᠤᠯᠤᠨ ᠠᠵᠢᠯᠯᠠᠭᠠᠨ ᠤ ᠤᠬᠠᠮᠰᠠᠷ ᠢ ᠴᠢᠨᠠᠬᠰᠢᠳᠠ ᠴᠢᠩᠭᠠᠳᠬᠠᠬᠤ ᠭᠡᠷᠡᠭᠳᠠᠢ᠃ ︽ᠭᠤᠷᠪᠠᠨ ᠴᠢᠩᠭ᠎ᠠ ᠭᠤᠷᠪᠠᠨ ᠪᠤᠳᠠᠳᠠᠢ ᠪᠠᠶᠢᠬᠤ︾᠎ ᠶᠢᠨ ᠱᠠᠭᠠᠷᠳᠠᠯᠭ᠎ᠠ ᠳᠤ ᠦᠯᠤ ᠵᠤᠬᠢᠴᠠᠬᠤ᠂ ᠦᠯᠤ ᠨᠡᠶᠢᠴᠡᠬᠦ ᠠᠰᠠᠭᠤᠳᠠᠯ ᠢ ᠨᠠᠷᠢᠨ ᠬᠢᠨᠠᠮᠠᠭᠠᠢ ᠡᠷᠢᠨ ᠭᠠᠷᠭᠠᠵᠤ᠂ ᠰᠢᠯᠳᠠᠭᠠᠨ ᠢ ᠬᠦᠨᠵᠡᠬᠡᠢ ᠵᠠᠳᠠᠯᠤᠨ ᠰᠢᠨᠵᠢᠯᠠᠵᠤ᠂ ᠴᠡᠭᠴᠡᠯᠠᠨ ᠰᠠᠶᠢᠵᠢᠷᠠᠭᠤᠯᠬᠤ ᠠᠷᠭ᠎ᠠ ᠶᠢ ᠨᠠᠷᠢᠨ ᠬᠢᠨᠠᠮᠠᠭᠠᠢ ᠰᠤᠳᠤᠯᠬᠤ ᠭᠡᠷᠡᠭᠳᠠᠢ᠃ ᠲᠦᠷᠢᠮ ᠲᠤᠭᠳᠠᠭᠠᠬᠤ ᠰᠠᠬᠢᠯᠭ᠎ᠠ ᠪᠠᠳᠤ ᠶᠢ ᠭᠡᠷᠡᠭᠵᠢᠬᠦᠯᠬᠦ ᠶᠢ ᠴᠢᠩᠭᠠᠳᠬᠠᠵᠤ᠂ ᠬᠦᠢᠴᠡᠳ ᠭᠡᠷᠡᠭᠵᠢᠬᠦᠯᠬᠦ ᠦᠬᠡᠢ᠂ ᠬᠤᠪᠢᠷᠠᠭᠤᠯᠤᠨ ᠭᠡᠷᠡᠭᠵᠢᠬᠦᠯᠬᠦ ᠶᠢ ᠡᠷᠡᠰ ᠰᠡᠷᠭᠡᠶᠢᠯᠠᠵᠤ᠂ ᠬᠦᠮᠤᠵᠢᠯ᠂ ᠲᠦᠷᠢᠮ᠂ ᠬᠢᠨᠠᠯᠳᠠ᠂ ᠵᠠᠯᠬᠠᠭᠠᠨ ᠰᠢᠳᠬᠡᠬᠦ ᠶᠢ ᠵᠡᠷᠬᠡᠪᠡᠷ ᠴᠢᠬᠤᠯᠠᠴᠢᠯᠠᠬᠰᠠᠨ ᠤᠷᠳᠤ ᠬᠤᠭᠤᠴᠠᠭᠠᠨ ᠤ ᠪᠦᠳᠤᠮᠵᠢᠳᠠᠢ ᠲᠤᠭᠳᠠᠴᠠ ᠶᠢ ᠪᠦᠷᠢᠯᠳᠤᠬᠦᠯᠬᠦ ᠭᠡᠷᠡᠭᠳᠠᠢ᠃ ᠦᠯᠡᠳᠡᠭᠰᠡᠨ ᠬᠤᠶᠠᠷ ᠰᠠᠷ᠎ᠠ ᠳᠤ ᠡᠯ᠎ᠠ ᠵᠦᠢᠯ ᠤᠨ ᠠᠵᠢᠯ ᠢ ᠨᠠᠷᠢᠨ ᠬᠢᠨᠠᠮᠠᠭᠠᠢ ᠰᠠᠶᠢᠳᠤᠷ ᠠᠳᠬᠤᠵᠤ᠂ ︽ᠴᠢᠩᠭ᠎ᠠ︾ ᠱᠠᠭᠠᠷᠳᠠᠯᠭ᠎ᠠ ᠪᠤᠯᠤᠨ ︽ᠪᠤᠳᠠᠳᠠᠢ︾ ᠰᠤᠷᠳᠠᠯ ᠢᠶᠠᠷ ᠪᠦᠬᠦ ᠵᠢᠯ ᠤᠨ ᠬᠠᠷᠠᠯᠳᠠ ᠡᠬᠦᠷᠬᠡ ᠶᠢ ᠲᠡᠬᠦᠰ ᠠᠮᠵᠢᠯᠳᠠ ᠲᠠᠢ ᠪᠡᠶᠡᠯᠡᠬᠦᠯᠬᠦ ᠶᠢ ᠪᠠᠳᠤᠯᠠᠵᠤ᠂ ︽12· 5︾᠎ ᠶᠢᠨ ᠲᠦᠯᠤᠪᠵᠢᠬᠦᠯᠬᠡ ᠶᠢ ᠲᠡᠬᠦᠰ ᠠᠮᠵᠢᠯᠳᠠ ᠲᠠᠢ ᠪᠡᠶᠡᠯᠡᠬᠦᠯᠬᠦ ᠭᠡᠷᠡᠭᠳᠠᠢ ᠬᠡᠵᠤ ᠬᠡᠯᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号