ᠥᠪᠥᠷ ᠮᠣᠩᠭᠤᠯ ᠤᠨ ᠨᠠᠮᠤᠷ ᠤᠨ ᠠᠮᠤ ᠪᠤᠳᠠᠭᠠᠨ ᠤ ᠬᠤᠷᠢᠶᠠᠯᠲᠠ ᠰᠢᠪᠲᠤᠷᠭᠠᠨ ᠳᠤ ᠤᠷᠤᠪᠠ
ᠨᠡᠶᠢᠲᠡᠯᠡᠭᠰᠡᠨ ᠴᠠᠭ᠄
2015/11/5
      ᠮᠠᠨ ᠤ ᠣᠷᠣᠨ ᠤ ᠨᠠᠮᠤᠷ ᠤᠨ ᠠᠮᠤ ᠪᠤᠳᠠᠭᠠᠨ ᠤ ᠬᠤᠷᠢᠶᠠᠯᠲᠠ ᠨᠢᠭᠡᠨᠲᠡ ᠰᠢᠪᠲᠤᠷᠭᠠᠨ ᠳᠠᠭᠠᠨ ᠤᠷᠤᠵᠤ᠂ ᠡᠭᠦᠨ ᠳᠤ ᠰᠢᠷ᠎ᠠ ᠪᠤᠷᠴᠠᠭ᠂ ᠪᠤᠭᠤᠳᠠᠢ᠂ ᠲᠥᠮᠥᠰᠥ᠂ ᠰᠢᠯᠢᠮᠳᠡᠭ ᠢ ᠨᠢᠭᠡᠨᠲᠡ ᠬᠤᠷᠢᠶᠠᠵᠤ ᠳᠠᠭᠤᠰᠬᠠᠪᠠ︔ ᠡᠷᠳᠡᠨᠢ ᠰᠢᠰᠢ᠂ ᠤᠰᠤᠨ ᠲᠤᠲᠤᠷᠭ᠎ᠠ ᠶᠢᠨ ᠬᠤᠷᠢᠶᠠᠯᠲᠠ ᠶᠢᠨ ᠠᠬᠢᠴᠠ 90 % ᠤᠷᠴᠢᠮ ᠳᠤ ᠬᠦᠷᠪᠡ᠃ ᠳᠤᠮᠳᠠ ᠬᠡᠰᠡᠭ ᠪᠠ ᠪᠠᠷᠠᠭᠤᠨ ᠬᠡᠰᠡᠭ ᠤᠨ ᠬᠤᠷᠢᠶᠠᠯᠲᠠ ᠶᠢᠨ ᠠᠬᠢᠴᠠ ᠨᠢ ᠵᠡᠭᠦᠨ ᠬᠡᠰᠡᠭ ᠤᠨ ᠭᠠᠵᠠᠷ ᠣᠷᠣᠨ ᠤ ᠬᠢ ᠠᠴᠠ ᠲᠦᠷᠭᠡᠨ ᠪᠠᠶᠢᠵᠤ᠂ ᠵᠡᠭᠦᠨ ᠬᠡᠰᠡᠭ ᠤᠨ ᠡᠷᠳᠡᠨᠢ ᠰᠢᠰᠢ᠂ ᠤᠰᠤᠨ ᠲᠤᠲᠤᠷᠭ᠎ᠠ ᠶᠢᠨ ᠬᠤᠷᠢᠶᠠᠯᠲᠠ ᠶᠢᠨ ᠠᠬᠢᠴᠠ ᠠᠭᠠᠵᠢᠭᠤᠬᠠᠨ ᠪᠠᠶᠢᠨ᠎ᠠ᠃ ᠣᠶᠢᠯᠠᠭᠠᠭᠰᠠᠨ ᠢᠶᠠᠷ᠂ ᠡᠨᠡ ᠵᠢᠯ ᠮᠠᠨ ᠤ ᠣᠷᠣᠨ ᠤ ᠠᠮᠤ ᠪᠤᠳᠠᠭᠠᠨ ᠤ ᠬᠤᠷᠢᠶᠠᠯᠲᠠ ᠶᠢᠨ ᠣᠨᠴᠠᠯᠢᠭ ᠬᠡᠪᠡᠯ᠄ ᠨᠢᠭᠡ ᠳᠤ᠂ ᠠᠭᠤᠷ ᠠᠮᠢᠰᠬᠤᠯ ᠤᠨ ᠨᠥᠬᠦᠴᠡᠯ ᠨᠢ ᠨᠠᠮᠤᠷ ᠤᠨ ᠠᠮᠤ ᠪᠤᠳᠠᠭᠠᠨ ᠤ ᠬᠤᠷᠢᠶᠠᠯᠲᠠ ᠳᠤ ᠠᠰᠢᠭᠲᠠᠶ᠂ ᠶᠢᠰᠦᠳᠦᠭᠡᠷ ᠰᠠᠷ᠎ᠠ ᠶᠢᠨ ᠰᠡᠭᠦᠯᠴᠢ ᠪᠠᠷ ᠨᠠᠮᠤᠷ ᠤᠨ ᠠᠮᠤ ᠪᠤᠳᠠᠭᠠᠨ ᠤ ᠬᠤᠷᠢᠶᠠᠯᠲᠠ ᠡᠬᠢᠯᠡᠭᠰᠡᠨ ᠠᠴᠠ ᠨᠠᠰᠢ᠂ ᠮᠠᠨ ᠤ ᠣᠷᠣᠨ ᠤ ᠡᠯ᠎ᠡ ᠭᠠᠵᠠᠷ ᠤᠨ ᠠᠭᠤᠷ ᠠᠮᠢᠰᠬᠤᠯ  ᠭᠤᠤᠯᠳᠠᠭᠤ ᠲᠤᠩᠭᠠᠯᠠᠭ ᠪᠠᠶᠢᠵᠤ᠂ ᠴᠢᠬᠢᠭ ᠳᠤᠯᠠᠭᠠᠨ ᠤ ᠨᠥᠬᠦᠴᠡᠯ ᠤᠨ ᠵᠤᠬᠢᠴᠠᠯᠳᠤᠯ ᠨᠡᠯᠢᠶᠡᠳ ᠰᠠᠶᠢᠨ ᠪᠤᠯᠬᠤᠷ᠂ ᠨᠠᠮᠤᠷ ᠤᠨ ᠠᠮᠤ ᠪᠤᠳᠠᠭᠠᠨ ᠤ ᠬᠤᠷᠢᠶᠠᠯᠲᠠ ᠳᠤ ᠠᠰᠢᠭᠲᠠᠶ ᠪᠤᠯᠪᠠ᠃ ᠬᠤᠶᠠᠷ ᠲᠤ ᠠᠭᠤᠷ ᠠᠮᠢᠰᠬᠤᠯ ᠤᠨ ᠨᠥᠬᠦᠴᠡᠯ ᠤᠨ ᠨᠥᠯᠥᠭᠡ ᠪᠠᠷ᠂ ᠬᠠᠪᠤᠷ ᠨᠡᠯᠢᠶᠡᠳ ᠤᠳᠠᠭᠠᠨ ᠦᠷᠬᠦᠯᠵᠢᠯᠡᠭᠰᠡᠨ ᠳᠣᠣᠷ᠎ᠠ ᠳᠤᠯᠠᠭᠠᠨ ᠨᠢ ᠲᠠᠷᠢᠮᠠᠯ ᠪᠣᠯᠪᠠᠰᠤᠷᠠᠬᠤ ᠬᠤᠭᠤᠴᠠᠭ᠎ᠠ ᠶᠢ ᠨᠦᠯᠦᠭᠡᠯᠡᠪᠡ᠂ ᠨᠠᠮᠤᠷ ᠤᠷᠤᠭᠰᠠᠨ ᠠᠴᠠ ᠬᠤᠶᠢᠰᠢ᠂ ᠡᠯ᠎ᠡ ᠭᠠᠵᠠᠷ ᠤᠨ ᠠᠭᠤᠷ ᠠᠮᠢᠰᠬᠤᠯ ᠤᠨ ᠨᠥᠬᠦᠴᠡᠯ ᠰᠠᠶᠢᠵᠢᠷᠠᠵᠤ᠂ ᠲᠠᠷᠢᠮᠠᠯ ᠤᠨ ᠰᠡᠭᠦᠯᠴᠢ ᠶᠢᠨ ᠬᠤᠭᠤᠴᠠᠭᠠᠨ ᠤ ᠬᠠᠭᠤᠷᠠᠶ ᠪᠣᠳᠠᠰ ᠤᠨ ᠬᠤᠷᠠᠮᠳᠤᠭᠤᠯᠤᠯ ᠳᠤ ᠠᠰᠢᠭᠲᠠᠶ ᠪᠥᠭᠡᠳ ᠠᠩᠬᠠᠨ ᠤ ᠬᠢᠷᠠᠭᠤ ᠬᠤᠶᠢᠰᠢᠯᠠᠭᠳᠠᠵᠤ᠂ ᠠᠮᠤ ᠪᠤᠳᠠᠭᠠᠨ ᠤ ᠬᠤᠷᠢᠶᠠᠯᠲᠠ ᠶᠢᠨ ᠴᠠᠭ ᠨᠢᠳᠤᠨᠤᠨ ᠤ ᠬᠢ ᠠᠴᠠ 5᠎ ᠠᠴᠠ 7 ᠡᠳᠦᠷ ᠤᠷᠤᠶᠢᠲᠠᠪᠠ᠃ ᠭᠤᠷᠪᠠ ᠳᠤ ᠠᠮᠤ ᠪᠤᠳᠠᠭᠠᠨ ᠤ ᠲᠠᠷᠢᠮᠠᠯ ᠤᠨ ᠮᠧᠬᠠᠨᠢᠭ ᠢᠶᠠᠷ ᠬᠤᠷᠢᠶᠠᠭᠰᠠᠨ ᠨᠣᠷᠮ᠎ᠠ ᠨᠢ ᠨᠢᠳᠤᠨᠤᠨ ᠤ ᠬᠢ ᠠᠴᠠ ᠮᠡᠳᠡᠭᠳᠡᠬᠦ᠋ᠢᠴᠡ ᠳᠡᠭᠡᠭᠰᠢᠯᠡᠵᠤ᠂ ᠡᠷᠳᠡᠨᠢ ᠰᠢᠰᠢ ᠶᠢ ᠮᠧᠬᠠᠨᠢᠭ ᠢᠶᠠᠷ ᠬᠤᠷᠢᠶᠠᠭᠰᠠᠨ ᠲᠠᠯᠠᠪᠠᠢ ᠨᠢ ᠤᠳᠤᠬᠠᠨ ᠳᠤ 3352.8 ᠲᠦᠮᠡᠨ ᠮᠤ᠋ ᠳᠤ ᠬᠦᠷᠴᠦ᠂ ᠤᠰᠤᠨ ᠲᠤᠲᠤᠷᠭ᠎ᠠ ᠶᠢ ᠮᠧᠬᠠᠨᠢᠭ ᠢᠶᠠᠷ ᠬᠤᠷᠢᠶᠠᠭᠰᠠᠨ ᠲᠠᠯᠠᠪᠠᠢ ᠨᠢ 126.02 ᠲᠦᠮᠡᠨ ᠮᠦ ᠳᠤ ᠬᠦᠷᠪᠡ᠃ ᠲᠤᠰᠬᠠᠶ ᠮᠡᠷᠭᠡᠵᠢᠯᠲᠡᠨ ᠰᠠᠨᠠᠭᠤᠯᠤᠭᠰᠠᠨ ᠨᠢ᠂ ᠡᠯ᠎ᠡ ᠱᠠᠲᠤ ᠡᠯ᠎ᠡ ᠭᠠᠵᠠᠷ ᠤᠨ ᠬᠢᠨ ᠠᠮᠤ ᠪᠤᠳᠠᠭ᠎ᠠ ᠪᠣᠷᠣᠯᠠᠭᠤᠯᠬᠤ ᠵᠠᠬ᠎ᠠ ᠳᠡᠯᠭᠡᠭᠦᠷ ᠤᠨ ᠪᠠᠶᠢᠳᠠᠯ᠂ ᠤᠨᠴᠠᠭᠠᠶᠢᠯᠠᠨ ᠡᠷᠳᠡᠨᠢ ᠰᠢᠰᠢ ᠶᠢᠨ ᠦᠨ᠎ᠡ ᠶᠢᠨ ᠬᠡᠯᠪᠡᠯᠵᠢᠯᠲᠡ ᠶᠢᠨ ᠪᠠᠶᠢᠳᠠᠯ ᠢ ᠰᠠᠶᠢᠲᠤᠷ ᠠᠩᠬᠠᠷᠴᠤ᠂ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠬᠤᠷᠢᠶᠠᠯᠲᠠ ᠶᠢᠨ ᠣᠨᠣᠪᠴᠢᠲᠠᠶ ᠮᠡᠳᠡᠭᠡ ᠵᠠᠩᠭᠢ ᠶᠢ ᠬᠠᠨᠭ᠍ᠭᠠᠨ᠂ ᠠᠮᠤ ᠪᠤᠳᠠᠭ᠎ᠠ ᠬᠤᠳᠠᠯᠳᠤᠬᠤ ᠠᠷᠭ᠎ᠠ ᠵᠠᠮ ᠰᠠᠭᠠᠳ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠭᠦᠨ ᠤ ᠬᠠᠮᠲᠤ᠂ ᠲᠠᠷᠢᠶᠠᠴᠢᠳ ᠢ ᠵᠢᠯᠣᠭᠤᠳᠤᠨ ᠲᠤᠩᠭᠠᠯᠠᠭ ᠡᠳᠦᠷ ᠎ ᠤᠳ ᠢ ᠵᠠᠪᠳᠤᠨ ᠠᠮᠤ ᠪᠤᠳᠠᠭ᠎ᠠ ᠪᠠᠨ ᠱᠠᠯᠠᠪᠳᠤᠨ ᠬᠤᠷᠢᠶᠠᠨ ᠬᠠᠲᠠᠭᠠᠵᠤ᠂ ᠠᠮᠤ ᠪᠤᠳᠠᠭ᠎ᠠ ᠮᠠᠭᠤᠲᠠᠵᠤ ᠴᠢᠨᠠᠷ ᠬᠤᠪᠢᠷᠠᠬᠤ ᠶᠢ ᠰᠡᠷᠭᠡᠶᠢᠯᠡᠨ᠂ ᠮᠦᠬᠦᠯᠢᠭ ᠪᠦᠷᠢ ᠶᠢ ᠴᠦᠮ ᠬᠦᠮᠦᠷᠭᠡᠯᠡᠨ ᠠᠪᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠨᠠᠮᠤᠷ ᠤᠨ ᠬᠤᠷᠢᠶᠠᠯᠲᠠ ᠳᠠᠭᠤᠰᠤᠭᠰᠠᠨ ᠤ ᠲᠠᠷᠠᠭ᠎ᠠ᠂ ᠴᠠᠭ ᠢ ᠠᠮᠵᠢᠨ ᠨᠠᠮᠤᠷ ᠤᠨ ᠭᠠᠵᠠᠷ ᠢᠶᠠᠨ ᠲᠡᠭᠰᠢᠯᠡᠵᠤ᠂ ᠡᠰᠢ ᠰᠦᠷᠡᠯ ᠢ ᠲᠠᠷᠢᠶᠠᠨ ᠳᠤ ᠪᠤᠴᠠᠭᠠᠵᠤ᠂ ᠡᠰᠢ ᠰᠦᠷᠡᠯ ᠰᠢᠲᠠᠭᠠᠬᠤ ᠪᠠᠨ ᠪᠠᠭᠠᠰᠬᠠᠬᠤ ᠬᠡᠷᠡᠭᠲᠠᠢ ᠬᠡᠵᠤ ᠲᠠᠷᠢᠶᠠᠴᠢᠳ ᠲᠤ ᠴᠢᠬᠤᠯᠠᠴᠢᠯᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号