ᠲᠦᠷᠦᠭᠦᠦ ᠭᠤᠷᠪᠠᠨ ᠤᠯᠠᠷᠢᠯ ᠳᠤ ᠮᠠᠨ ᠤ ᠣᠷᠣᠨ ᠤ ᠰᠢᠭᠤᠳ ᠪᠡᠯᠡ ᠲᠤᠬᠢᠷᠠᠭᠤᠯᠭ᠎ᠠ 80 %᠎ ᠶᠢᠨ ᠳᠡᠭᠡᠳᠦ ᠬᠤᠷᠳᠤᠴᠠ ᠢᠶᠠᠷ ᠨᠠᠮᠡᠭᠳᠡᠬᠦ ᠶᠢ ᠪᠡᠶᠡᠯᠡᠭᠦᠯᠵᠡᠢ
ᠨᠡᠶᠢᠲᠡᠯᠡᠭᠰᠡᠨ ᠴᠠᠭ᠄
2015/11/5
     ᠡᠨᠡ ᠵᠢᠯ ᠠᠴᠠ ᠨᠠᠰᠢ᠂ ᠪᠦᠬᠦ ᠣᠷᠣᠨ ᠤ ᠡᠯ᠎ᠡ ᠱᠠᠲᠤᠨ ᠤ ᠵᠠᠰᠠᠭ ᠤᠨ ᠣᠷᠳᠣᠨ᠂ ᠡᠯ᠎ᠡ ᠰᠠᠯᠠᠭ᠎ᠠ ᠮᠥᠴᠢᠷ ︽ᠤᠯᠠᠨ ᠲᠡᠰ ᠳᠠᠪᠬᠤᠷᠭ᠎ᠠ ᠪᠦᠬᠦᠢ ᠬᠦᠷᠦᠩᠭᠡ ᠶᠢᠨ ᠵᠠᠬ᠎ᠠ ᠳᠡᠯᠭᠡᠭᠦᠷ ᠤᠨ ᠪᠡᠯᠡ ᠲᠤᠬᠢᠷᠠᠭᠤᠯᠭ᠎ᠠ ᠶᠢ ᠤᠯᠠᠮ ᠨᠢᠭᠡ ᠠᠯᠬᠤᠮ ᠳᠥᠯᠭᠢᠨ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ ᠤᠳ︾᠎ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠢᠭᠤᠳ ᠪᠡᠯᠡ ᠲᠣᠬᠢᠷᠠᠭᠤᠯᠬᠤ ᠬᠡᠪᠴᠢᠶ᠎ᠡ ᠪᠠᠨ ᠦᠷᠭᠡᠳᠬᠡᠬᠦ ᠶᠢ ᠢᠳᠡᠪᠬᠢᠲᠡᠶ ᠪᠠᠷ ᠬᠥᠲᠥᠯᠥᠨ ᠵᠢᠯᠣᠭᠤᠳᠬᠤ ᠪᠠ ᠳᠡᠮᠵᠢᠵᠦ᠂ ᠠᠵᠤ ᠠᠬᠤᠶᠢᠯᠠᠯ ᠤᠨ ᠪᠠᠶᠢᠭᠤᠯᠤᠯ ᠢᠶᠠᠨ ᠦᠭᠡᠷᠴᠢᠯᠡᠵᠦ ᠵᠠᠬ᠎ᠠ ᠳᠡᠯᠭᠡᠭᠦᠷ ᠲᠤ ᠭᠠᠷᠬᠤ ᠠᠵᠢᠯ ᠳᠠᠬᠢ ᠪᠤᠶᠢᠵᠢᠭᠤᠯᠤᠨ ᠲᠡᠳᠬᠦᠬᠦ ᠡᠷᠴᠢᠮ ᠢᠶᠠᠨ  ᠴᠢᠩᠭᠠᠷᠠᠭᠤᠯᠤᠭᠠᠳ᠂ ᠢᠯᠡᠳᠲᠡ ᠦᠷ᠎ᠡ ᠪᠦᠲᠦᠮᠵᠢ ᠤᠯᠪᠠ᠃ ᠲᠦᠷᠦᠭᠦᠦ ᠭᠤᠷᠪᠠᠨ ᠤᠯᠠᠷᠢᠯ ᠳᠤ ᠰᠢᠭᠤᠳ ᠪᠡᠯᠡ ᠲᠤᠬᠢᠷᠠᠭᠤᠯᠭ᠎ᠠ 843.05 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 80.13%᠎ ᠪᠠᠷ ᠨᠡᠮᠡᠭᠳᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 375.05 ᠳ᠋ᠦᠩᠰᠢᠭᠤᠷ ᠲᠥᠭᠦᠷᠢᠭ ᠨᠡᠮᠡᠭᠳᠡᠵᠡᠢ᠃ ᠡᠭᠦᠨ ᠳᠤ᠂ ᠢᠯᠡ ᠪᠤᠰᠤ ᠰᠲ᠋ᠣᠺ ᠲᠠᠷᠬᠠᠭᠠᠵᠤ ᠪᠡᠯᠡ ᠲᠤᠬᠢᠷᠠᠭᠤᠯᠤᠭᠰᠠᠨ ᠨᠢ 319.85 ᠳ᠋ᠦᠩᠰᠢᠭᠤᠷ ᠲᠥᠭᠦᠷᠢᠭ᠂  ᠵᠢᠭᠡᠯᠡᠯᠭᠡ ᠶᠢᠨ ᠲᠡᠮᠳᠡᠭᠲᠦ ᠪᠠᠷ ᠪᠡᠯᠡ ᠲᠤᠬᠢᠷᠠᠭᠤᠯᠤᠭᠰᠠᠨ ᠨᠢ 511.2 ᠳ᠋ᠦᠩᠰᠢᠭᠤᠷ ᠲᠥᠭᠦᠷᠢᠭ᠂ ᠬᠦᠷᠦᠩᠭᠡ ᠶᠢ ᠲᠡᠮᠳᠡᠭᠳᠦᠴᠢᠯᠡᠨ ᠪᠡᠯᠡ ᠲᠤᠬᠢᠷᠠᠭᠤᠯᠤᠭᠰᠠᠨ ᠨᠢ12 ᠳ᠋ᠦᠩᠰᠢᠭᠤᠷ ᠲᠥᠭᠦᠷᠢᠭ ᠪᠣᠯᠤᠨ᠎ᠠ᠃ 9 ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ ᠣᠷᠣᠨ ᠤ 1 ᠡᠷᠦᠬᠡ ᠠᠵᠤ ᠠᠬᠤᠶᠢᠯᠠᠯ ᠦᠨᠡᠲᠦ ᠲᠡᠮᠳᠡᠭᠲᠦ ᠲᠤ ᠬᠢᠨᠠᠯᠲᠠ ᠲᠠᠯᠪᠢᠬᠤ ᠡᠪᠯᠡᠯ ᠤᠨ ᠲᠡᠮᠳᠡᠭᠲᠦ ᠲᠠᠷᠬᠠᠭᠠᠬᠤ ᠶᠢ ᠬᠢᠨᠠᠬᠤ ᠵᠦᠪᠯᠡᠯ ᠤᠨ ᠬᠢᠨᠠᠯᠲᠠ ᠶᠢ ᠦᠩᠭᠡᠷᠡᠭᠡᠪᠡ︔ 9 ᠡᠷᠦᠬᠡ ᠠᠵᠤ ᠠᠬᠤᠶᠢᠯᠠᠯ ᠥᠪᠥᠷ ᠮᠣᠩᠭᠤᠯ ᠤᠨ ᠦᠨᠡᠲᠦ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠳᠤ ᠵᠠᠬ᠎ᠠ ᠳᠡᠯᠭᠡᠭᠦᠷ ᠲᠤ ᠭᠠᠷᠬᠤ ᠶᠢᠨ ᠬᠠᠪᠰᠤᠷᠤᠨ ᠵᠢᠯᠤᠭᠤᠳᠬᠤ ᠮᠡᠳᠡᠭᠦᠯᠦᠯᠲᠡ ᠪᠠᠨ ᠬᠦᠷᠭᠡᠵᠦ ᠲᠠᠩᠰᠠᠯᠠᠭᠤᠯᠤᠪᠠ︔ 13 ᠡᠷᠦᠬᠡ ᠠᠵᠤ ᠠᠬᠤᠶᠢᠯᠠᠯ ᠤᠨ ᠭᠤᠷᠪᠠᠳᠤᠭᠠᠷ ᠰᠢᠨ᠎ᠡ ᠳᠡᠯᠭᠡᠴᠡ ᠫᠠᠶᠢᠰᠠ ᠡᠯᠭᠦᠬᠦ ᠶᠢ ᠪᠡᠶᠡᠯᠡᠭᠦᠯᠵᠦ᠂ 10 ᠡᠷᠦᠬᠡ ᠠᠵᠤ ᠠᠬᠤᠶᠢᠯᠠᠯ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠲᠠᠪᠴᠠᠩ ᠳᠤ ᠤᠷᠤᠵᠤ ᠬᠢᠨᠠᠭᠤᠯᠬᠤ ᠪᠠᠶᠢᠳᠠᠯ ᠳᠤ ᠪᠠᠶᠢᠵᠦ᠂ ᠡᠭᠦᠨ ᠤ ᠵᠡᠷᠭᠡᠴᠡᠪᠡᠷ 66 ᠡᠷᠦᠬᠡ ᠠᠵᠤ ᠠᠬᠤᠶᠢᠯᠠᠯ ᠨᠢᠭᠡᠨᠲᠡ ᠲᠡᠮᠳᠡᠭᠲᠦ ᠶᠢᠨ ᠬᠤᠳᠠᠯᠳᠤᠭᠠᠴᠢᠨ ᠲᠠᠢ ᠭᠡᠷ᠎ᠡ ᠲᠣᠭᠲᠠᠵᠤ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠲᠠᠪᠴᠠᠩ ᠳᠤ ᠬᠦᠷᠴᠦ ᠫᠠᠶᠢᠰᠠ ᠡᠯᠭᠦᠬᠦ ᠪᠠᠷ ᠢᠳᠡᠪᠬᠢᠲᠡᠶ ᠪᠡᠯᠡᠳᠬᠡᠵᠦ ᠪᠤᠢ᠃ 1—9  ᠳ᠋ᠦ᠋ᠭᠡᠷ ᠰᠠᠷ᠎ᠠ ᠪᠣᠯᠲᠠᠯ᠎ᠠ᠂ ᠮᠠᠨ ᠤ ᠣᠷᠣᠨ ᠤ ᠲᠡᠮᠳᠡᠭᠲᠦ ᠶᠢᠨ ᠵᠠᠬ᠎ᠠ ᠳᠡᠯᠭᠡᠭᠦᠷ ᠤᠨ ᠨᠡᠶᠢᠲᠡ ᠠᠷᠠᠯᠵᠢᠶᠠᠯᠠᠭᠰᠠᠨ ᠤ ᠬᠡᠮᠵᠢᠶ᠎ᠡ 17293.21 ᠳ᠋ᠦᠩᠰᠢᠭᠤᠷ ᠲᠥᠭᠦᠷᠢᠭ ᠪᠠᠶᠢᠵᠤ  ᠂ ᠠᠳᠠᠯᠢ ᠬᠤᠭᠤᠴᠠᠭᠠᠨ ᠤ ᠬᠢ ᠠᠴᠠ 446.76%᠎ ᠪᠠᠷ ᠨᠡᠮᠡᠭᠳᠡᠵᠡᠢ᠃ ᠡᠭᠦᠨ ᠠᠴᠠ ᠭᠠᠳᠠᠨ᠎ᠠ᠂ ᠣᠷᠣᠨ ᠪᠦᠰᠡ ᠶᠢᠨ ᠴᠢᠨᠠᠷᠲᠠᠶ ᠰᠲ᠋ᠣᠺ ᠤᠨ ᠡᠷᠬᠡ ᠶᠢᠨ ᠵᠠᠬ᠎ᠠ ᠳᠡᠯᠭᠡᠭᠦᠷ ᠤᠨ ᠲᠠᠯ᠎ᠠ ᠪᠠᠷ᠂ 500 ᠡᠷᠦᠬᠡ ᠠᠵᠤ ᠠᠬᠤᠶᠢᠯᠠᠯ ᠥᠪᠥᠷ ᠮᠣᠩᠭᠤᠯ ᠤᠨ ᠰᠲ᠋ᠣᠺ ᠤᠨ ᠡᠷᠬᠡ ᠶᠢ ᠠᠷᠠᠯᠵᠢᠶᠠᠯᠠᠬᠤ ᠲᠥᠪ ᠲᠤ ᠫᠠᠶᠢᠰᠠ ᠡᠯᠭᠦᠵᠦ᠂ ᠪᠡᠯᠡ  ᠲᠤᠬᠢᠷᠠᠭᠤᠯᠤᠭᠰᠠᠨ ᠶᠡᠷᠦᠩᠬᠡᠶ ᠲᠤᠭ᠎ᠠ ᠨᠢ 48.15 ᠳ᠋ᠦᠩᠰᠢᠭᠤᠷ ᠲᠥᠭᠦᠷᠢᠭ ᠪᠤᠯᠤᠨ᠎ᠠ᠃ ᠬᠤᠪᠢ ᠪᠠᠷ ᠢᠶᠠᠨ ᠵᠢᠭᠡᠯᠡᠯᠭᠡ ᠶᠢᠨ ᠲᠡᠮᠳᠡᠭᠲᠦ ᠲᠠᠷᠬᠠᠭᠠᠵᠤ ᠵᠤᠭᠤᠰ ᠴᠤᠭᠯᠠᠭᠤᠯᠬᠤ᠂ ᠰᠲ᠋ᠣᠺ ᠤᠨ ᠡᠷᠬᠡ ᠪᠠᠷ ᠤᠯᠠᠨ ᠠᠴᠠ ᠵᠤᠭᠤᠰ ᠴᠤᠭᠯᠠᠭᠤᠯᠬᠤ ᠵᠡᠷᠭᠡ 17.46 ᠳ᠋ᠦᠩᠰᠢᠭᠤᠷ ᠲᠥᠭᠦᠷᠢᠭ ᠤᠨ ᠪᠡᠯᠡ ᠲᠤᠬᠢᠷᠠᠭᠤᠯᠬᠤ ᠶᠢ ᠪᠡᠶᠡᠯᠡᠭᠦᠯᠦᠭᠰᠡᠨ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号