ᠥᠪᠥᠷ ᠵᠠᠰᠠᠭ ᠲᠠᠷᠬᠠᠭᠠᠭᠰᠠᠨ ﹇2015﹈ 58 ᠳ᠋ᠤᠭᠠᠷ ᠲᠤᠭᠠᠳᠤ | 5 ᠳ᠋ᠤᠭᠠᠷ ᠰᠠᠷ᠎ᠠ ᠶᠢᠨ 22 ᠤᠨ ᠡᠳᠦᠷ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠤᠨ᠂ ᠦᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄ | ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠤ ᠨᠡᠩ ᠰᠠᠶᠢᠨ ᠵᠣᠬᠢᠴᠠᠭᠤᠯᠤᠨ᠂ ᠭᠡᠷ | ᠪᠠᠶᠢᠰᠢᠩ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠲᠤ ᠢᠯᠡᠷᠡᠭᠰᠡᠨ ᠰᠢᠨ᠎ᠡ ᠪᠠᠶᠢᠳᠠᠯ ᠢ ᠪᠦᠲᠦᠮᠵᠢᠲᠡᠢ ᠠᠷᠭᠠᠴᠠᠵᠤ᠂ | ᠭᠡᠷ ᠪᠠᠶᠢᠰᠢᠩ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ ᠶᠢ | ᠵᠣᠬᠢᠰᠲᠠᠢ ᠲᠣᠬᠢᠷᠠᠭᠤᠯᠤᠨ᠂ ᠰᠠᠭᠤᠭᠠᠯᠢ ᠠᠷᠠᠳ ᠤᠨ ᠵᠦᠢ ᠵᠣᠬᠢᠰᠲᠠᠢ ᠣᠷᠣᠨ ᠰᠠᠭᠤᠴᠠ ᠶᠢᠨ ᠬᠡᠷᠡᠭᠯᠡᠭᠡ ᠶᠢ | ᠬᠠᠩᠭᠠᠵᠤ ᠳᠡᠮᠵᠢᠬᠦ ᠶᠢᠨ ᠲᠤᠰᠠᠳᠠ᠂ ᠡᠳᠦᠭᠡ ᠪᠦᠬᠦ ᠣᠷᠣᠨ ᠤ ᠭᠡᠷ ᠪᠠᠶᠢᠰᠢᠩ ᠭᠠᠵᠠᠷ ᠬᠦᠷᠦᠩᠭᠡ ᠶᠢᠨ ᠵᠠᠬ᠎ᠠ | ᠳᠡᠯᠭᠡᠭᠦᠷ ᠤᠨ ᠲᠣᠭᠲᠠᠭᠤᠨ ᠪᠦᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠣᠬᠠᠢ ᠳᠣᠣᠷᠠᠬᠢ ᠮᠡᠲᠦ ᠰᠠᠨᠠᠯ | ᠳᠤᠷᠠᠳᠪᠠ᠃ | ᠨᠢᠭᠡ᠂ ᠲᠦᠯᠦᠪᠵᠢᠭᠦᠯᠭᠡ ᠲᠣᠭᠲᠠᠭᠠᠨ ᠲᠡᠭᠦᠯᠳᠡᠷᠵᠢᠭᠦᠯᠵᠦ᠂ ᠭᠡᠷ ᠪᠠᠶᠢᠰᠢᠩ ᠭᠠᠵᠠᠷ ᠬᠦᠷᠦᠩᠭᠡ ᠶᠢ ᠨᠡᠭᠡᠭᠡᠨ | ᠠᠰᠢᠭᠯᠠᠬᠤ ᠠᠶᠢᠵᠠᠮ ᠪᠠ ᠬᠡᠪᠴᠢᠶ᠎ᠡ ᠶᠢ ᠡᠮᠬᠢ ᠵᠢᠷᠤᠮ ᠲᠠᠢ ᠲᠣᠬᠢᠷᠠᠭᠤᠯᠬᠤ ᠬᠡᠷᠡᠭᠲᠡᠢ | ︵ᠨᠢᠭᠡ︶ ᠭᠡᠷ ᠪᠠᠶᠢᠰᠢᠩ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠪᠠᠶᠢᠳᠠᠯ ᠢ | ᠣᠨᠣᠪᠴᠢᠲᠠᠢ ᠡᠵᠡᠮᠰᠢᠬᠦ ᠬᠡᠷᠡᠭᠲᠡᠢ᠃ ᠡᠯ᠎ᠡ ᠠᠶᠢᠮᠠᠭ ᠬᠤᠲᠠ ᠨᠤᠭᠤᠳ ᠲᠤᠰ ᠭᠠᠵᠠᠷ ᠣᠷᠣᠨ ᠤ ᠭᠡᠷ ᠪᠠᠶᠢᠰᠢᠩ | ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢᠨ ᠪᠠᠶᠢᠳᠠᠯ ᠢᠶᠠᠨ ᠨᠠᠷᠢᠨ ᠨᠢᠮᠪᠠᠢ ᠪᠠᠶᠢᠴᠠᠭᠠᠵᠤ᠂ ᠲᠤᠰ | ᠭᠠᠵᠠᠷ ᠣᠷᠣᠨ ᠤ ᠭᠡᠷ ᠪᠠᠶᠢᠰᠢᠩ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠤᠨ ᠠᠵᠢᠯᠯᠠᠭᠠᠨ ᠤ ᠡᠯ᠎ᠡ ᠵᠦᠢᠯ ᠤᠨ | ᠰᠠᠭᠤᠷᠢ ᠲᠤᠭ᠎ᠠ ᠪᠠᠷᠢᠮᠲᠠ ᠶᠢ ᠪᠦᠬᠦ ᠲᠠᠯ᠎ᠠ ᠪᠠᠷ ᠳᠣᠲᠤᠷᠬᠠᠢ ᠣᠶᠢᠯᠠᠭᠠᠨ ᠡᠵᠡᠮᠰᠢᠵᠦ᠂ ᠲᠣᠭᠤᠷᠢᠭ ᠪᠠᠶᠢᠭᠤᠯᠤᠭᠰᠠᠨ | ᠬᠤᠲᠠ ᠶᠢᠨ ᠭᠤᠣᠯ ᠪᠣᠯᠬᠤ ᠬᠤᠲᠠ ᠶᠢᠨ ᠲᠤᠭᠤᠷᠢᠭ᠂ ᠠᠶᠢᠮᠠᠭ ᠤᠨ ᠪᠠᠶᠢᠭ᠎ᠠ ᠭᠠᠵᠠᠷ ᠤᠨ ᠬᠤᠲᠠ ︵ᠪᠠᠯᠭᠠᠰᠤ︶᠂ | ᠬᠤᠲᠠ ᠪᠣᠯᠭᠠᠭᠰᠠᠨ ᠰᠢᠶᠠᠨ ᠤ ᠳᠡᠰ ᠤᠨ ᠬᠤᠲᠠ ᠶᠢᠨ ᠲᠠᠸᠠᠷ ᠤᠨ ᠭᠡᠷ ᠪᠠᠶᠢᠰᠢᠩ ᠤᠨ ᠬᠠᠩᠭᠠᠯᠭ᠎ᠠ ᠬᠡᠷᠡᠭᠴᠡᠭᠡ ᠶᠢᠨ | ᠪᠠᠶᠢᠳᠠᠯ᠂ ᠵᠢᠱᠢᠭᠰᠡᠨ ᠬᠥᠭᠵᠢᠯᠲᠡ ᠶᠢᠨ ᠪᠠᠶᠢᠳᠠᠯ ᠪᠣᠯᠣᠨ ᠵᠠᠬ᠎ᠠ ᠳᠡᠯᠭᠡᠭᠦᠷ ᠤᠨ ᠪᠦᠬᠦ ᠲᠠᠯ᠎ᠠ ᠶᠢᠨ ᠪᠠᠶᠢᠳᠠᠯ ᠳᠤ | ᠶᠡᠷᠦᠩᠬᠡᠶᠢᠯᠡᠭᠰᠡᠨ ᠵᠠᠳᠠᠯᠤᠯᠲᠠ ᠬᠢᠵᠦ᠂ ᠤᠨᠤᠪᠴᠢᠲᠠᠢ ᠮᠠᠭᠠᠳᠯᠠᠨ᠂ ᠭᠡᠷ ᠪᠠᠶᠢᠰᠢᠩ ᠭᠠᠵᠠᠷ ᠬᠦᠷᠦᠩᠭᠡ ᠶᠢᠨ | ᠣᠶᠢᠷ᠎ᠠ ᠶᠢᠨ ᠬᠤᠭᠤᠴᠠᠭᠠᠨ ᠳᠠᠬᠢ ᠬᠥᠭᠵᠢᠯᠲᠡ ᠶᠢᠨ ᠵᠢᠯᠤᠭᠤᠳᠬᠤ ᠴᠢᠨᠠᠷᠲᠠᠢ ᠰᠠᠨᠠᠯ ᠢ ᠲᠣᠭᠲᠠᠭᠠᠨ ᠨᠡᠶᠢᠲᠡᠯᠡᠵᠦ᠂ | ᠭᠡᠷ ᠪᠠᠶᠢᠰᠢᠩ ᠭᠠᠵᠠᠷ ᠬᠦᠷᠦᠩᠭᠡ ᠶᠢ ᠨᠡᠭᠡᠭᠡᠨ ᠠᠰᠢᠭᠯᠠᠬᠤ ᠠᠶᠢᠵᠠᠮ ᠢ ᠰᠢᠨᠵᠢᠯᠡᠬᠦ ᠤᠬᠠᠭᠠᠨᠴᠢ ᠪᠠᠷ ᠡᠵᠡᠮᠰᠢᠵᠦ᠂ | ᠭᠡᠷ ᠪᠠᠶᠢᠰᠢᠩ ᠭᠠᠵᠠᠷ ᠬᠦᠷᠦᠩᠭᠡ ᠶᠢ ᠨᠡᠭᠡᠭᠡᠨ ᠠᠰᠢᠭᠯᠠᠬᠤ ᠬᠡᠪᠴᠢᠶ᠎ᠡ ᠶᠢ ᠵᠣᠬᠢᠰᠲᠠᠢ ᠡᠵᠡᠮᠰᠢᠬᠦ ᠬᠡᠷᠡᠭᠲᠡᠢ᠃ | ︵ᠬᠤᠶᠠᠷ︶ ᠭᠡᠷ ᠪᠠᠶᠢᠰᠢᠩ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢᠨ | ᠲᠦᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠬᠤ ᠬᠡᠷᠡᠭᠲᠡᠢ᠃ ᠡᠯ᠎ᠡ ᠠᠶᠢᠮᠠᠭ ᠬᠤᠲᠠ᠂ | ᠬᠤᠰᠢᠭᠤ ᠰᠢᠶᠠᠨ ︵ᠬᠤᠲᠠ᠂ ᠲᠣᠭᠤᠷᠢᠭ︶ ᠨᠤᠭᠤᠳ ᠲᠤᠰ ᠭᠠᠵᠠᠷ ᠣᠷᠣᠨ ᠤ ᠬᠤᠲᠠ ᠪᠠᠯᠭᠠᠰᠤᠴᠢᠯᠠᠬᠤ | ᠬᠥᠭᠵᠢᠯᠲᠡ ᠶᠢᠨ ᠠᠬᠢᠴᠠ ᠪᠠᠨ ᠦᠨᠳᠦᠰᠦᠯᠡᠨ᠂ ᠲᠠᠸᠠᠷ ᠤᠨ ᠣᠷᠣᠨ ᠰᠠᠭᠤᠴᠠ᠂ ᠪᠠᠲᠤᠯᠠᠭ᠎ᠠ ᠶᠢᠨ ᠴᠢᠨᠠᠷᠲᠠᠢ | ᠣᠷᠣᠨ ᠰᠠᠭᠤᠴᠠ ᠶᠢᠨ ᠪᠤᠲᠠᠲᠠᠢ ᠬᠡᠷᠡᠭᠴᠡᠭᠡ ᠱᠠᠭᠠᠷᠳᠠᠯᠭ᠎ᠠ ᠶᠢ ᠶᠡᠷᠦᠩᠬᠡᠶᠢᠯᠡᠨ ᠪᠣᠳᠣᠯᠬᠢᠯᠠᠵᠤ᠂ ᠲᠠᠸᠠᠷ ᠤᠨ ᠣᠷᠣᠨ | ᠰᠠᠭᠤᠴᠠ ᠪᠣᠯᠣᠨ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠥᠭᠵᠢᠯᠲᠡ ᠶᠢᠨ ᠲᠦᠯᠦᠪᠵᠢᠭᠦᠯᠭᠡ ᠵᠢᠴᠢ | ᠣᠨ ᠤ ᠬᠠᠩᠭᠠᠯᠭ᠎ᠠ ᠶᠢᠨ ᠲᠦᠯᠦᠪᠯᠡᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠬᠤ ᠶᠢᠨ ᠬᠠᠮᠲᠤ᠂ | ᠡᠭᠦᠪᠡᠷ ᠦᠨᠳᠦᠰᠦ ᠪᠠᠷᠢᠮᠲᠠ ᠪᠣᠯᠭᠠᠵᠤ ᠪᠠᠶᠢᠭᠠᠳ ᠲᠠᠸᠠᠷ ᠤᠨ ᠣᠷᠣᠨ ᠰᠠᠭᠤᠴᠠ ᠶᠢᠨ ᠬᠡᠷᠡᠭᠯᠡᠬᠦ ᠭᠠᠵᠠᠷ ᠤᠨ | ᠲᠦᠯᠦᠪᠵᠢᠭᠦᠯᠭᠡ ᠵᠢᠴᠢ ᠣᠨ ᠤ ᠬᠠᠩᠭᠠᠯᠭ᠎ᠠ ᠶᠢᠨ ᠲᠦᠯᠦᠪᠯᠡᠭᠡ ᠶᠢ ᠨᠠᠶᠢᠷᠠᠭᠤᠯᠤᠨ ᠵᠣᠬᠢᠶᠠᠬᠤ ᠬᠡᠷᠡᠭᠲᠡᠢ᠃ ᠣᠷᠣᠨ | ᠰᠠᠭᠤᠴᠠ ᠶᠢᠨ ᠬᠡᠷᠡᠭᠯᠡᠬᠦ ᠭᠠᠵᠠᠷ ᠤᠨ ᠲᠦᠯᠦᠪᠵᠢᠭᠦᠯᠭᠡ ᠪᠣᠯᠣᠨ ᠣᠨ ᠤ ᠬᠠᠩᠭᠠᠯᠭ᠎ᠠ ᠶᠢᠨ ᠲᠦᠯᠦᠪᠯᠡᠭᠡ ᠶᠢ | ᠨᠠᠶᠢᠷᠠᠭᠤᠯᠤᠨ ᠵᠣᠬᠢᠶᠠᠬᠤ ᠳᠠᠭᠠᠨ ᠬᠤᠲᠠ ᠶᠢᠨ ᠶᠡᠷᠦᠩᠬᠡᠢ ᠲᠦᠯᠦᠪᠵᠢᠭᠦᠯᠭᠡ ᠳᠤ ᠨᠡᠶᠢᠴᠡᠭᠦᠯᠦᠭᠰᠡᠨ ᠰᠠᠭᠤᠷᠢᠨ | ᠳᠡᠭᠡᠷ᠎ᠡ᠂ ᠬᠡᠷᠡᠭᠯᠡᠬᠦ ᠭᠠᠵᠠᠷ ᠤᠨ ᠪᠠᠶᠢᠷᠢᠯᠠᠯ᠂ ᠲᠠᠯᠠᠪᠠᠢ ᠪᠠ ᠬᠠᠩᠭᠠᠬᠤ ᠴᠠᠭ ᠬᠤᠭᠤᠴᠠᠭ᠎ᠠ᠂ ᠠᠷᠭ᠎ᠠ ᠮᠠᠶ᠋ᠢᠭ ᠵᠢᠴᠢ | ᠲᠠᠸᠠᠷ ᠤᠨ ᠣᠷᠣᠨ ᠰᠠᠭᠤᠴᠠ ᠬᠢᠭᠡᠳ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠡᠵᠡᠯᠡᠬᠦ ᠬᠠᠷᠢᠴᠠᠯ ᠵᠡᠷᠭᠡ | ᠪᠤᠲᠠᠲᠠᠢ ᠠᠭᠤᠯᠭ᠎ᠠ ᠶᠢ ᠲᠣᠳᠤᠷᠬᠠᠶᠢᠯᠠᠬᠤ ᠬᠡᠷᠡᠭᠲᠡᠢ᠃ ᠲᠦᠯᠦᠪᠵᠢᠭᠦᠯᠭᠡ ᠪᠠ ᠲᠦᠯᠦᠪᠯᠡᠭᠡ ᠬᠢᠬᠦ ᠪᠠᠷ ᠳᠠᠮᠵᠢᠨ᠂ | ᠲᠠᠸᠠᠷ ᠤᠨ ᠣᠷᠣᠨ ᠰᠠᠭᠤᠴᠠ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠣᠨ ᠤ ᠬᠠᠩᠭᠠᠯᠭ᠎ᠠ ᠶᠢᠨ | ᠲᠤᠭ᠎ᠠ ᠬᠡᠮᠵᠢᠶ᠎ᠡ ᠶᠢ ᠵᠣᠬᠢᠰᠲᠠᠢ ᠲᠣᠭᠲᠠᠭᠠᠵᠤ᠂ ᠭᠡᠷ ᠪᠠᠶᠢᠰᠢᠩ ᠭᠠᠵᠠᠷ ᠬᠦᠷᠦᠩᠭᠡ ᠶᠢᠨ ᠵᠦᠢ ᠵᠣᠬᠢᠰᠲᠠᠢ | ᠨᠡᠭᠡᠭᠡᠯᠲᠡ ᠶᠢ ᠠᠬᠢᠭᠤᠯᠬᠤ ᠬᠡᠷᠡᠭᠲᠡᠢ᠃ ᠡᠯ᠎ᠡ ᠠᠶᠢᠮᠠᠭ ᠬᠤᠲᠠ ᠨᠤᠭᠤᠳ 2015 ᠣᠨ ᠤ 6 ᠳ᠋ᠤᠭᠠᠷ ᠰᠠᠷ᠎ᠠ ᠶᠢᠨ | 30 ᠤ ᠡᠳᠦᠷ ᠠᠴᠠ ᠡᠮᠦᠨ᠎ᠡ᠂ 2015 — 2020 ᠣᠨ ᠤ ᠲᠠᠸᠠᠷ ᠤᠨ ᠣᠷᠣᠨ ᠰᠠᠭᠤᠴᠠ ᠪᠠ | ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠥᠭᠵᠢᠯᠲᠡ ᠶᠢᠨ ᠲᠦᠯᠦᠪᠵᠢᠭᠦᠯᠭᠡ᠂ ᠬᠡᠷᠡᠭᠯᠡᠬᠦ ᠭᠠᠵᠠᠷ ᠤᠨ | ᠲᠦᠯᠦᠪᠵᠢᠭᠦᠯᠭᠡ ᠪᠠᠨ ᠦᠪᠡᠷᠲᠡᠭᠡᠨ ᠵᠠᠰᠬᠠᠤ ᠣᠷᠣᠨ ᠤ ᠠᠷᠠᠳ ᠤᠨ ᠵᠠᠰᠠᠭ ᠤᠨ ᠣᠷᠳᠤᠨ ᠳᠤ ᠮᠡᠳᠡᠭᠦᠯᠬᠦ | ᠬᠡᠷᠡᠭᠲᠡᠢ᠃ | ︵ᠭᠤᠷᠪᠠ︶ ᠭᠡᠷ ᠪᠠᠶᠢᠰᠢᠩ ᠭᠠᠵᠠᠷ ᠬᠦᠷᠦᠩᠭᠡ ᠶᠢ ᠨᠡᠭᠡᠭᠡᠨ ᠠᠰᠢᠭᠯᠠᠵᠤ ᠪᠦᠲᠦᠭᠡᠨ ᠪᠠᠶᠢᠭᠤᠯᠬᠤ ᠳᠤ | ᠬᠡᠷᠡᠭᠯᠡᠬᠦ ᠭᠠᠵᠠᠷ ᠤᠨ ᠭᠠᠷᠭᠠᠯᠲᠠ ᠶᠢᠨ ᠬᠡᠮᠵᠢᠶ᠎ᠠ ᠶᠢ ᠵᠦᠢ ᠵᠣᠬᠢᠰᠲᠠᠢ ᠬᠢᠵᠠᠭᠠᠷᠯᠠᠬᠤ ᠬᠡᠷᠡᠭᠲᠡᠢ᠃ ᠡᠯ᠎ᠡ ᠭᠠᠵᠠᠷ | ᠣᠷᠣᠨ ᠨᠤᠭᠤᠳ ᠪᠠᠶᠢᠴᠠᠭᠠᠵᠤ ᠵᠠᠳᠠᠯᠤᠭᠰᠠᠨ ᠰᠠᠭᠤᠷᠢᠨ ᠳᠡᠭᠡᠷ᠎ᠡ᠂ ᠡᠩ ᠤᠨ ᠲᠠᠸᠠᠷ ᠤᠨ ᠣᠷᠣᠨ ᠰᠠᠭᠤᠴᠠ ᠶᠢᠨ | ᠬᠡᠷᠡᠭᠯᠡᠬᠦ ᠭᠠᠵᠠᠷ ᠢ ᠵᠦᠢ ᠵᠣᠬᠢᠰᠲᠠᠢ ᠬᠢᠵᠠᠭᠠᠷᠯᠠᠵᠤ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠡᠷᠡᠭᠯᠡᠬᠦ | ᠭᠠᠵᠠᠷ ᠢ ᠦᠨᠡᠨᠬᠦ ᠪᠠᠲᠤᠯᠠᠬᠤ ᠬᠡᠷᠡᠭᠲᠡᠢ᠃ ᠬᠤᠰᠢᠭᠤ ᠰᠢᠶᠠᠨ ︵ᠬᠤᠲᠠ᠂ ᠲᠣᠭᠤᠷᠢᠭ︶ ᠤ ᠤᠯᠤᠰ ᠤᠨ ᠭᠠᠵᠠᠷ | ᠰᠢᠷᠣᠢ ᠡᠬᠢ ᠪᠠᠶᠠᠯᠢᠭ ᠤᠨ ᠬᠠᠮᠢᠶᠠᠷᠤᠯᠲᠠ ᠶᠢᠨ ᠰᠠᠯᠠᠭ᠎ᠠ ᠮᠦᠴᠢᠷ ᠤᠳ ᠣᠷᠣᠨ ᠰᠠᠭᠤᠴᠠ ᠶᠢᠨ ᠬᠡᠷᠡᠭᠯᠡᠬᠦ ᠭᠠᠵᠠᠷ ᠢ | ᠬᠠᠩᠭᠠᠬᠤ ᠣᠨ ᠤ ᠲᠦᠯᠦᠪᠯᠡᠭᠡ ᠶᠢ ᠬᠡᠷᠡᠭᠵᠢᠭᠦᠯᠬᠦ ᠳᠡᠭᠡᠨ ᠲᠣᠬᠠᠢ ᠶᠢᠨ ᠭᠠᠵᠠᠷ ᠤᠨ ᠭᠡᠷ ᠪᠠᠶᠢᠰᠢᠩ ᠭᠠᠵᠠᠷ | ᠬᠦᠷᠦᠩᠭᠡ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠳᠤ ᠭᠦᠨᠵᠡᠭᠡᠢ ᠵᠠᠳᠠᠯᠤᠯᠲᠠ ᠬᠢᠬᠦ ᠶᠢᠨ | ᠬᠠᠮᠲᠤ᠂ ᠲᠣᠬᠠᠢ ᠶᠢᠨ ᠭᠠᠵᠠᠷ ᠣᠷᠣᠨ ᠤ ᠣᠷᠣᠨ ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠰᠠᠯᠠᠭ᠎ᠠ ᠮᠦᠴᠢᠷ ᠯᠦᠭᠡ ᠵᠠᠯᠭᠠᠯᠳᠤᠭᠤᠯᠬᠤ ᠶᠢ ᠰᠠᠶᠢᠲᠤᠷ ᠬᠢᠬᠦ ᠬᠡᠷᠡᠭᠲᠡᠢ᠃ | ︵ᠳᠥᠷᠪᠡ︶ ᠭᠡᠷ ᠪᠠᠶᠢᠰᠢᠩ ᠭᠠᠵᠠᠷ ᠬᠦᠷᠦᠩᠭᠡ ᠶᠢᠨ ᠬᠡᠷᠡᠭᠯᠡᠬᠦ ᠭᠠᠵᠠᠷ ᠤᠨ ᠪᠦᠲᠦᠴᠡ ᠳᠤ | ᠲᠣᠬᠢᠷᠠᠭᠤᠯᠤᠯᠲᠠ ᠬᠢᠬᠦ ᠶᠢ ᠠᠬᠢᠭᠤᠯᠬᠤ ᠬᠡᠷᠡᠭᠲᠡᠢ᠃ ᠭᠡᠷ ᠪᠠᠶᠢᠰᠢᠩ ᠭᠠᠵᠠᠷ ᠬᠦᠷᠦᠩᠭᠡ ᠶᠢᠨ ᠬᠠᠩᠭᠠᠯᠭ᠎ᠠ ᠨᠢ | ᠢᠯᠡᠷᠬᠡᠢ ᠢᠯᠡᠭᠦᠳᠡᠭᠰᠡᠨ ᠪᠣᠶᠣ ᠪᠠᠶᠢᠭᠤᠯᠵᠤ ᠪᠠᠶᠢᠭ᠎ᠠ ᠭᠡᠷ ᠪᠠᠶᠢᠰᠢᠩ ᠭᠠᠵᠠᠷ ᠬᠦᠷᠦᠩᠭᠡ ᠶᠢᠨ ᠬᠡᠷᠡᠭᠯᠡᠬᠦ ᠭᠠᠵᠠᠷ ᠤᠨ | ᠬᠡᠪᠴᠢᠶ᠎ᠡ ᠨᠢ ᠬᠡᠲᠦᠷᠬᠡᠢ ᠶᠡᠬᠡᠲᠦᠭᠰᠡᠨ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ | ᠤᠯᠤᠰ ᠤᠨ ᠭᠠᠵᠠᠷ ᠰᠢᠷᠤᠢ ᠡᠬᠢ ᠪᠠᠶᠠᠯᠢᠭ᠂ ᠣᠷᠣᠨ ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ᠂ | ᠬᠤᠲᠠ ᠬᠦᠳᠡᠭᠡ ᠶᠢᠨ ᠲᠦᠯᠦᠪᠵᠢᠭᠦᠯᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠳ ᠵᠠᠬ᠎ᠠ | ᠳᠡᠯᠭᠡᠭᠦᠷ ᠤᠨ ᠪᠠᠶᠢᠳᠠᠯ ᠢ ᠦᠨᠳᠦᠰᠦᠯᠡᠨ᠂ ᠨᠡᠬᠡᠬᠡᠨ ᠠᠰᠢᠭᠯᠠᠭᠠᠳᠤᠢ ᠭᠡᠷ ᠪᠠᠶᠢᠰᠢᠩ ᠭᠠᠵᠠᠷ ᠬᠦᠷᠦᠩᠭᠡ ᠶᠢᠨ | ᠬᠡᠷᠡᠭᠯᠡᠬᠦ ᠭᠠᠵᠠᠷ ᠤᠨ ᠬᠡᠷᠡᠭᠴᠡᠭᠡ ᠶᠢ ᠬᠤᠪᠢᠷᠠᠭᠤᠯᠬᠤ ᠲᠦᠰᠦᠯ ᠢ ᠰᠤᠳᠤᠯᠤᠨ ᠲᠣᠭᠲᠠᠭᠠᠵᠤ᠂ ᠭᠠᠵᠠᠷ ᠰᠢᠷᠤᠢ ᠶᠢᠨ | ᠬᠡᠷᠡᠭᠴᠡᠭᠡ᠂ ᠲᠦᠯᠦᠪᠵᠢᠭᠦᠯᠭᠡ ᠶᠢᠨ ᠠᠭᠤᠯᠭ᠎ᠠ ᠶᠢ ᠲᠣᠬᠢᠷᠠᠭᠤᠯᠬᠤ ᠪᠠᠷ ᠳᠠᠮᠵᠢᠨ᠂ ᠨᠡᠬᠡᠬᠡᠨ ᠠᠰᠢᠭᠯᠠᠭᠠᠳᠤᠢ ᠭᠡᠷ | ᠪᠠᠶᠢᠰᠢᠩ ᠭᠠᠵᠠᠷ ᠬᠦᠷᠦᠩᠭᠡ ᠶᠢᠨ ᠬᠡᠷᠡᠭᠯᠡᠬᠦ ᠭᠠᠵᠠᠷ ᠤᠨ ᠬᠡᠯᠪᠡᠷᠢ ᠶᠢ ᠬᠤᠪᠢᠷᠠᠭᠤᠯᠤᠨ ᠠᠰᠢᠭᠯᠠᠬᠤ ᠶᠢ ᠬᠦᠲᠦᠯᠦᠨ | ᠵᠢᠯᠤᠭᠤᠳᠴᠤ᠂ ᠤᠯᠤᠰ ᠪᠠ ᠦᠪᠡᠷᠲᠡᠭᠡᠨ ᠵᠠᠰᠠᠬᠤ ᠣᠷᠣᠨ ᠤ ᠳᠡᠮᠵᠢᠵᠦ ᠪᠠᠶᠢᠭ᠎ᠠ ᠰᠢᠨ᠎ᠡ ᠪᠠᠷ ᠪᠣᠢ ᠪᠣᠯᠣᠭᠰᠠᠨ | ᠠᠵᠤ ᠦᠢᠯᠡᠰ ᠲᠤ ᠬᠡᠷᠡᠭᠯᠡᠨ᠂ ᠢᠯᠠᠩᠭᠤᠶ᠎ᠠ ᠨᠠᠰᠤᠵᠢᠯ᠂ ᠰᠤᠶᠤᠯ᠂ ᠰᠢᠨᠵᠢᠯᠡᠬᠦ ᠤᠬᠠᠭᠠᠨ᠂ ᠰᠤᠷᠭᠠᠨ ᠬᠦᠮᠦᠵᠢᠯ᠂ | ᠪᠡᠶ᠎ᠡ ᠶᠢᠨ ᠲᠠᠮᠢᠷ ᠵᠡᠷᠭᠡ ᠠᠵᠤ ᠦᠢᠯᠡᠰ ᠢ ᠨᠡᠭᠡᠭᠡᠨ ᠬᠥᠭᠵᠢᠭᠦᠯᠬᠦ ᠪᠠ ᠪᠦᠲᠦᠭᠡᠨ ᠪᠠᠶᠢᠭᠤᠯᠬᠤ ᠳᠤ ᠬᠡᠷᠡᠭᠯᠡᠬᠦ | ᠬᠡᠷᠡᠭᠲᠡᠢ᠃ ᠰᠢᠨ᠎ᠡ ᠬᠡᠷᠡᠭᠴᠡᠭᠡ ᠪᠣᠶᠣ ᠰᠢᠨ᠎ᠡ ᠲᠦᠯᠦᠪᠵᠢᠭᠦᠯᠭᠡ ᠶᠢᠨ ᠶᠣᠰᠤᠭᠠᠷ ᠨᠡᠬᠡᠬᠡᠨ ᠬᠥᠭᠵᠢᠭᠦᠯᠵᠦ ᠪᠦᠲᠦᠭᠡᠨ | ᠪᠠᠶᠢᠭᠤᠯᠵᠤ ᠪᠠᠶᠢᠭ᠎ᠠ ᠲᠦᠷᠦᠯ ᠵᠦᠢᠯ ᠳᠤ ᠤᠯᠤᠰ ᠤᠨ ᠭᠠᠵᠠᠷ ᠰᠢᠷᠤᠢ ᠡᠬᠢ ᠪᠠᠶᠠᠯᠢᠭ᠂ ᠣᠷᠣᠨ ᠰᠠᠭᠤᠴᠠ ᠬᠤᠲᠠ | ᠬᠦᠳᠡᠭᠡ ᠶᠢᠨ ᠪᠦᠲᠦᠭᠡᠨ ᠪᠠᠶᠢᠭᠤᠯᠤᠯᠲᠠ᠂ ᠬᠤᠲᠠ ᠪᠠᠯᠭᠠᠰᠤ ᠶᠢᠨ ᠲᠦᠯᠦᠪᠵᠢᠭᠦᠯᠭᠡ ᠶᠢᠨ ᠭᠤᠣᠯᠴᠢᠯᠠᠨ ᠬᠠᠮᠢᠶᠠᠷᠬᠤ | ᠰᠠᠯᠠᠭ᠎ᠠ ᠮᠦᠴᠢᠷ ᠤᠳ ᠬᠠᠮᠢᠶ᠎ᠠ ᠪᠦᠬᠦᠢ ᠭᠠᠵᠠᠷ ᠬᠡᠷᠡᠭᠯᠡᠬᠦ ᠭᠠᠷᠳᠠᠮ ᠢ ᠴᠠᠭ ᠲᠤᠬᠠᠢ ᠳᠤᠨᠢ ᠳᠠᠬᠢᠵᠤ | ᠭᠦᠢᠴᠡᠳᠭᠡᠬᠦ ᠶᠢᠨ ᠬᠠᠮᠲᠤ᠂ ᠭᠠᠵᠠᠷ ᠰᠢᠷᠤᠢ ᠶᠢᠨ ᠦᠨ᠎ᠡ ᠶᠢᠨ ᠵᠣᠭᠤᠰ ᠢ ᠵᠣᠬᠢᠴᠠᠩᠭᠤᠢ ᠪᠠᠷ ᠳᠠᠬᠢᠵᠤ ᠬᠢᠨᠠᠨ | ᠲᠣᠭᠲᠠᠭᠠᠬᠤ ᠬᠡᠷᠡᠭᠲᠡᠢ᠃ | ᠬᠤᠶᠠᠷ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠣᠬᠢᠷᠠᠭᠤᠯᠵᠤ᠂ ᠰᠠᠭᠤᠭᠠᠯᠢ ᠠᠷᠠᠳ ᠤᠨ ᠣᠷᠣᠨ | ᠰᠠᠭᠤᠴᠠ ᠶᠢᠨ ᠬᠡᠷᠡᠭᠯᠡᠭᠡ ᠶᠢ ᠵᠦᠢ ᠵᠣᠬᠢᠰᠲᠠᠢ ᠪᠠᠷ ᠬᠦᠲᠦᠯᠦᠨ ᠵᠢᠯᠤᠭᠤᠳᠬᠤ ᠬᠡᠷᠡᠭᠲᠡᠢ | ︵ᠲᠠᠪᠤ︶ ᠡᠩ ᠤᠨ ᠲᠠᠸᠠᠷ ᠤᠨ ᠣᠷᠣᠨ ᠰᠠᠭᠤᠴᠠ ᠶᠢᠨ ᠪᠠᠷᠢᠮᠵᠢᠶ᠎ᠠ ᠶᠢ ᠲᠣᠳᠤᠷᠬᠠᠶᠢᠯᠠᠬᠤ ᠬᠡᠷᠡᠭᠲᠡᠢ᠃ | ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠪᠠᠷᠢᠯᠭ᠎ᠠ ᠶᠢᠨ ᠡᠵᠡᠯᠡᠭᠦᠨ ᠤ ᠨᠣᠷᠮ᠎ᠡ ᠨᠢ 10 ᠠᠴᠠ ᠳᠡᠭᠡᠭᠰᠢ᠂ | ᠭᠡᠷ ᠤᠨ ᠳᠣᠲᠤᠷᠠᠬᠢ ᠪᠠᠷᠢᠯᠭ᠎ᠠ ᠶᠢᠨ ᠲᠠᠯᠠᠪᠠᠢ ᠨᠢ 144 ᠲᠡᠭᠰᠢ ᠳᠦᠷᠪᠡᠯᠵᠢᠨ ᠮᠧᠲᠷ ᠠᠴᠠ ᠳᠣᠷᠤᠭᠰᠢᠬᠢ ︵144 | ᠲᠡᠭᠰᠢ ᠳᠦᠷᠪᠡᠯᠵᠢᠨ ᠮᠧᠲᠷ ᠢ ᠪᠠᠭᠲᠠᠭᠠᠨ᠎ᠠ︶ ᠣᠷᠣᠨ ᠰᠠᠭᠤᠴᠠ ᠶᠢ ᠡᠩ ᠤᠨ ᠲᠠᠸᠠᠷ ᠤᠨ ᠣᠷᠣᠨ ᠰᠠᠭᠤᠴᠠ | ᠭᠡᠨ᠎ᠡ᠃ | ︵ᠵᠢᠷᠭᠤᠭ᠎ᠠ︶ ᠣᠷᠣᠨ ᠰᠠᠭᠤᠴᠠ ᠳᠤ ᠬᠠᠩᠭᠠᠬᠤ ᠭᠡᠷ ᠤᠨ ᠦᠷᠦᠭᠡ ᠲᠠᠰᠤᠯᠪᠤᠷᠢ ᠶᠢᠨ ᠪᠦᠲᠦᠴᠡ ᠶᠢ | ᠤᠯᠠᠮ ᠨᠢᠭᠡ ᠠᠯᠬᠤᠮ ᠰᠢᠯᠢᠳᠡᠭᠵᠢᠭᠦᠯᠬᠦ ᠬᠡᠷᠡᠭᠲᠡᠢ᠃ ᠲᠠᠸᠠᠷ ᠤᠨ ᠣᠷᠣᠨ ᠰᠠᠭᠤᠴᠠ ᠶᠢᠨ ᠭᠡᠷ ᠤᠨ ᠬᠡᠯᠪᠡᠷᠢ | ᠬᠡᠮᠵᠢᠶ᠎ᠡ ᠶᠢᠨ ᠵᠢᠷᠤᠭ ᠲᠦᠯᠦᠪᠯᠡᠭᠡ ᠳᠤ ︽90 ᠲᠡᠭᠰᠢ ᠳᠦᠷᠪᠡᠯᠵᠢᠨ ᠮᠧᠲᠷ ᠠᠴᠠ ᠳᠤᠷᠤᠭᠰᠢᠬᠢ ᠭᠡᠷ ᠤᠨ ᠬᠡᠯᠪᠡᠷᠢ | ᠬᠡᠮᠵᠢᠶ᠎ᠠ ᠨᠢ 70% ᠠᠴᠠ ᠳᠡᠭᠡᠭᠰᠢᠬᠢ ᠶᠢ ᠡᠵᠡᠯᠡᠬᠦ︾ ᠭᠡᠰᠡᠨ ᠬᠢᠵᠠᠭᠠᠷᠯᠠᠬᠤ ᠴᠢᠨᠠᠷᠲᠠᠢ ᠲᠣᠭᠲᠠᠭᠠᠯ ᠢ ᠬᠦᠴᠦᠨ | ᠦᠭᠡᠢ ᠪᠣᠯᠭᠠᠵᠤ᠂ ᠲᠠᠸᠠᠷ ᠤᠨ ᠣᠷᠣᠨ ᠰᠠᠭᠤᠴᠠ ᠶᠢᠨ ᠭᠡᠷ ᠤᠨ ᠦᠷᠦᠭᠡ ᠲᠠᠰᠤᠯᠪᠤᠷᠢ ᠶᠢᠨ ᠬᠠᠷᠢᠴᠠᠯ ᠢ | ᠠᠭᠤᠵᠢᠭᠤ ᠲᠠᠯᠪᠢᠵᠤ᠂ ᠡᠬᠢ ᠪᠠᠶᠠᠯᠢᠭ ᠤᠨ ᠲᠣᠬᠢᠷᠠᠭᠤᠯᠤᠯᠲᠠ ᠳᠤᠮᠳᠠᠬᠢ ᠵᠠᠬ᠎ᠠ ᠳᠡᠯᠭᠡᠭᠦᠷ ᠤᠨ ᠰᠢᠢᠳᠪᠦᠷᠢᠲᠦ | ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠳᠤᠮᠳᠠ ᠪᠠᠭ᠎ᠠ ᠬᠡᠯᠪᠡᠷᠢ ᠬᠡᠮᠵᠢᠶ᠎ᠡ ᠲᠠᠢ ᠦᠷᠦᠭᠡᠲᠦ | ᠡᠩ ᠤᠨ ᠲᠠᠸᠠᠷ ᠤᠨ ᠣᠷᠣᠨ ᠰᠠᠭᠤᠴᠠ ᠶᠢᠨ ᠬᠡᠷᠡᠭᠯᠡᠬᠦ ᠭᠠᠵᠠᠷ ᠤᠨ ᠬᠡᠷᠡᠭᠴᠡᠭᠡ ᠱᠠᠭᠠᠷᠳᠠᠯᠭ᠎ᠠ ᠶᠢ ᠤᠷᠢᠳᠠᠪᠡᠷ | ᠬᠠᠩᠭᠠᠬᠤ ᠵᠠᠷᠴᠢᠮ ᠢᠶᠠᠷ᠂ ᠭᠡᠷ ᠪᠠᠶᠢᠰᠢᠩ ᠭᠠᠵᠠᠷ ᠬᠦᠷᠦᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠳᠤ ᠣᠷᠣᠨ | ᠪᠦᠰᠡ ᠳᠠᠬᠢ ᠬᠤᠲᠠ ᠶᠢᠨ ᠴᠢᠳᠠᠮᠵᠢᠲᠦ ᠪᠠᠶᠢᠷᠢ ᠲᠣᠭᠲᠠᠭᠠᠯᠲᠠ ᠪᠠ ᠵᠠᠬ᠎ᠠ ᠳᠡᠯᠭᠡᠭᠦᠷ ᠤᠨ ᠬᠡᠷᠡᠭᠴᠡᠭᠡ | ᠱᠠᠭᠠᠷᠳᠠᠯᠭ᠎ᠠ ᠶᠢ ᠦᠨᠳᠦᠰᠦᠯᠡᠨ ᠪᠣᠷᠤᠯᠠᠭᠤᠯᠭ᠎ᠠ ᠳᠤ ᠲᠣᠬᠢᠷᠠᠬᠤ ᠲᠠᠸᠠᠷ ᠤᠨ ᠣᠷᠣᠨ ᠰᠠᠭᠤᠴᠠ ᠶᠢ ᠨᠡᠬᠡᠬᠡᠨ | ᠠᠰᠢᠭᠯᠠᠬᠤ ᠭᠠᠵᠠᠷ ᠰᠢᠷᠤᠢ ᠶᠢᠨ ᠬᠡᠷᠡᠭᠴᠡᠭᠡ ᠱᠠᠭᠠᠷᠳᠠᠯᠭ᠎ᠠ ᠶᠢ ᠬᠠᠤᠯᠢ ᠶᠤᠰᠤᠭᠠᠷ ᠬᠠᠩᠭᠠᠬᠤ ᠬᠡᠷᠡᠭᠲᠡᠢ᠃ | ᠤᠯᠤᠰ ᠤᠨ ᠦᠮᠴᠢᠯᠡᠯᠲᠦ ᠭᠠᠵᠠᠷ ᠰᠢᠷᠤᠢ ᠶᠢᠨ ᠬᠡᠷᠡᠭᠯᠡᠬᠦ ᠡᠷᠬᠡ ᠶᠢ ᠰᠢᠯᠵᠢᠭᠦᠯᠦᠨ ᠬᠤᠳᠠᠯᠳᠤᠬᠤ ᠭᠡᠷ᠎ᠡ ᠳᠤ ᠣᠷᠣᠨ | ᠰᠠᠭᠤᠴᠠ ᠶᠢᠨ ᠭᠡᠷ ᠤᠨ ᠦᠷᠦᠭᠡ ᠲᠠᠰᠤᠯᠪᠤᠷᠢ ᠶᠢᠨ ᠬᠠᠷᠢᠴᠠᠯ ᠤᠨ ᠱᠠᠭᠠᠷᠳᠠᠯᠭ᠎ᠠ ᠶᠢ ᠨᠢᠭᠡᠨᠲᠡ ᠲᠣᠳᠤᠷᠬᠠᠶᠢᠯᠠᠭᠰᠠᠨ | ᠪᠠᠶᠢᠪᠠᠯ᠂ ᠤᠤᠯ ᠤᠨ ᠭᠡᠷ᠎ᠡ ᠳᠤ ᠬᠡᠯᠡᠯᠴᠡᠨ ᠲᠣᠬᠢᠷᠠᠭᠰᠠᠨ ᠵᠦᠢᠯ ᠵᠣᠷᠪᠤᠰ ᠢ ᠦᠷᠭᠦᠯᠵᠢᠯᠡᠨ ᠬᠡᠷᠡᠭᠵᠢᠭᠦᠯᠬᠦ ᠬᠡᠷᠡᠭᠲᠡᠢ᠃ | ᠪᠠᠶᠢᠭᠤᠯᠵᠤ ᠪᠠᠶᠢᠭ᠎ᠠ ᠲᠠᠸᠠᠷ ᠤᠨ ᠣᠷᠣᠨ ᠰᠠᠭᠤᠴᠠ ᠶᠢᠨ ᠲᠦᠷᠦᠯ ᠵᠦᠢᠯ ᠳᠤ᠂ ᠡᠯ᠎ᠡ ᠭᠠᠵᠠᠷ ᠤᠨ ᠤᠯᠤᠰ ᠤᠨ | ᠭᠠᠵᠠᠷ ᠰᠢᠷᠤᠢ ᠡᠬᠢ ᠪᠠᠶᠠᠯᠢᠭ᠂ ᠬᠤᠲᠠ ᠬᠦᠳᠡᠭᠡ ᠶᠢᠨ ᠲᠦᠯᠦᠪᠵᠢᠭᠦᠯᠭᠡ ᠶᠢᠨ ᠭᠤᠣᠯᠴᠢᠯᠠᠨ ᠬᠠᠮᠢᠶᠠᠷᠬᠤ ᠰᠠᠯᠠᠭ᠎ᠠ | ᠮᠦᠴᠢᠷ ᠤᠳ ᠬᠡᠷᠡᠭᠯᠡᠬᠦ ᠭᠠᠵᠠᠷ ᠤᠨ ᠰᠢᠨᠵᠢ ᠴᠢᠨᠠᠷ ᠪᠣᠯᠣᠨ ᠡᠵᠡᠯᠡᠭᠦᠨ ᠤ ᠨᠣᠷᠮ᠎ᠠ ᠵᠡᠷᠭᠡ ᠴᠢᠬᠤᠯᠠ ᠪᠦᠬᠦᠢ | ᠨᠦᠬᠦᠴᠡᠯ ᠢ ᠦᠭᠡᠷᠡᠴᠢᠯᠡᠬᠦ ᠦᠭᠡᠢ ᠪᠠᠶᠢᠬᠤ ᠤᠷᠢᠳᠠᠯ ᠳᠣᠣᠷ᠎ᠠ᠂ ᠭᠡᠷ ᠪᠠᠶᠢᠰᠢᠩ ᠭᠠᠵᠠᠷ ᠬᠦᠷᠦᠩᠭᠡ ᠶᠢᠨ | ᠨᠡᠬᠡᠬᠡᠯᠲᠡ ᠶᠢᠨ ᠠᠵᠤ ᠠᠬᠤᠶᠢᠯᠠᠯ ᠠᠴᠠ ᠭᠡᠷ ᠤᠨ ᠦᠷᠦᠭᠡ ᠲᠠᠰᠤᠯᠪᠤᠷᠢ ᠶᠢᠨ ᠪᠦᠲᠦᠴᠡ ᠪᠠᠨ ᠵᠦᠢ ᠵᠣᠬᠢᠰᠲᠠᠢ | ᠲᠣᠬᠢᠷᠠᠭᠤᠯᠬᠤ ᠶᠢ ᠵᠥᠪᠰᠢᠶᠡᠷᠡᠵᠦ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠳᠤ ᠦᠯᠦ ᠵᠣᠬᠢᠴᠠᠬᠤ ᠣᠷᠣᠨ | ᠰᠠᠭᠤᠴᠠ ᠶᠢᠨ ᠭᠡᠷ ᠤᠨ ᠬᠡᠯᠪᠡᠷᠢ ᠬᠡᠮᠵᠢᠶ᠎ᠡ ᠳᠤ ᠲᠣᠬᠢᠷᠠᠭᠤᠯᠤᠯᠲᠠ ᠬᠢᠵᠦ᠂ ᠪᠣᠷᠤᠯᠠᠭᠤᠯᠭ᠎ᠠ ᠳᠤ ᠲᠣᠬᠢᠷᠠᠬᠤ | ᠲᠠᠸᠠᠷ ᠤᠨ ᠣᠷᠣᠨ ᠰᠠᠭᠤᠴᠠ ᠶᠢ ᠨᠡᠬᠡᠬᠡᠨ ᠬᠥᠭᠵᠢᠭᠦᠯᠬᠦ ᠬᠡᠷᠡᠭᠲᠡᠢ᠃ | ︵ᠳᠤᠯᠤᠭ᠎ᠠ︶ ᠲᠠᠸᠠᠷ ᠤᠨ ᠣᠷᠣᠨ ᠰᠠᠭᠤᠴᠠ ᠬᠤᠳᠠᠯᠳᠤᠨ ᠠᠪᠬᠤ ᠳᠤ ᠴᠢᠬᠤᠯᠠ ᠪᠤᠰᠤ ᠬᠢᠵᠠᠭᠠᠷᠯᠠᠬᠤ | ᠴᠢᠨᠠᠷᠲᠠᠢ ᠲᠣᠭᠲᠠᠭᠠᠯ ᠢ ᠬᠦᠴᠦᠨ ᠦᠭᠡᠢ ᠪᠣᠯᠭᠠᠬᠤ ᠬᠡᠷᠡᠭᠲᠡᠢ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ | ᠬᠤᠲᠠ᠂ ᠲᠣᠭᠤᠷᠢᠭ︶ ᠨᠤᠭᠤᠳ ᠰᠠᠭᠤᠭᠠᠯᠢ ᠠᠷᠠᠳ ︵ᠭᠠᠳᠠᠷ ᠣᠷᠣᠨ ᠤ ᠰᠠᠭᠤᠭᠠᠯᠢ ᠠᠷᠠᠳ ᠢ ᠪᠠᠭᠲᠠᠭᠠᠨ᠎ᠠ︶ | ᠨᠢ ᠲᠤᠰ ᠭᠠᠵᠠᠷ ᠣᠷᠣᠨ ᠠᠴᠠ ᠲᠠᠸᠠᠷ ᠤᠨ ᠣᠷᠣᠨ ᠰᠠᠭᠤᠴᠠ ︵ᠰᠢᠨ᠎ᠡ ᠪᠠᠷ ᠪᠠᠶᠢᠭᠤᠯᠵᠤ ᠪᠠᠶᠢᠭ᠎ᠠ ᠲᠠᠸᠠᠷ ᠤᠨ | ᠣᠷᠣᠨ ᠰᠠᠭᠤᠴᠠ ᠪᠠ ᠬᠠᠭᠤᠴᠢᠨ ᠣᠷᠣᠨ ᠰᠠᠭᠤᠴᠠ ᠶᠢ ᠪᠠᠭᠲᠠᠭᠠᠨ᠎ᠠ︶ ᠬᠤᠳᠠᠯᠳᠤᠨ ᠠᠪᠬᠤ ᠳᠤ᠂ ᠭᠡᠷ᠎ᠡ | ᠲᠣᠭᠲᠠᠬᠤ ︵ᠰᠦᠯᠵᠢᠶᠡᠨ ᠳᠡᠭᠡᠷ᠎ᠡ ᠭᠡᠷ᠎ᠡ ᠲᠣᠭᠲᠠᠬᠤ︶᠂ ᠭᠠᠶᠢᠯᠢ ᠲᠤᠰᠢᠶᠠᠬᠤ᠂ ᠵᠢᠭᠡᠯᠡᠯᠭᠡ ᠵᠢᠬᠡᠯᠡᠬᠦ ᠵᠢᠴᠢ | ᠡᠷᠬᠡ ᠶᠢᠨ ᠬᠠᠷᠢᠶᠠᠯᠠᠯ ᠢ ᠲᠡᠮᠲᠡᠭᠯᠡᠬᠦ ᠭᠠᠷᠳᠠᠮ ᠢ ᠭᠦᠢᠴᠡᠳᠭᠡᠬᠦ ᠳᠡᠭᠡᠨ ᠲᠡᠭᠦᠨ ᠤ ᠭᠡᠷ ᠪᠦᠯᠢ ᠶᠢᠨ ᠬᠢᠨ ᠤ ᠣᠷᠣᠨ | ᠰᠠᠭᠤᠴᠠ ᠶᠢᠨ ᠪᠠᠶᠢᠳᠠᠯ ᠢ ᠳᠠᠬᠢᠵᠤ ᠯᠠᠪᠯᠠᠨ ᠠᠰᠠᠭᠤᠬᠤ ᠦᠭᠡᠢ᠃ ᠲᠤᠰ ᠭᠠᠵᠠᠷ ᠤᠨ ᠡᠷᠦᠬᠡ ᠠᠮᠠ ᠶᠢᠨ ᠬᠠᠷᠢᠶ᠎ᠠ | ᠪᠤᠰᠤ ᠰᠠᠭᠤᠭᠠᠯᠢ ᠠᠷᠠᠳ ᠤᠨ ᠭᠡᠷ ᠪᠦᠯᠢ ᠨᠢ ᠭᠡᠷ ᠪᠠᠶᠢᠰᠢᠩ ᠬᠤᠳᠠᠯᠳᠤᠨ ᠠᠪᠬᠤ ᠪᠠ ᠭᠡᠷ ᠪᠠᠶᠢᠰᠢᠩ ᠭᠠᠵᠠᠷ | ᠬᠦᠷᠦᠩᠭᠡ ᠶᠢᠨ ᠦᠮᠴᠢᠯᠡᠬᠦ ᠡᠷᠬᠡ ᠶᠢᠨ ᠬᠠᠷᠢᠶᠠᠯᠠᠯ ᠢᠶᠠᠨ ᠰᠢᠯᠵᠢᠭᠦᠯᠬᠦ ᠪᠠᠷ ᠲᠡᠮᠲᠡᠭᠯᠡᠬᠦ ᠭᠠᠷᠳᠠᠮ ᠭᠦᠢᠴᠡᠳᠭᠡᠬᠦ ᠳᠡᠭᠡᠨ | ᠨᠡᠶᠢᠭᠡᠮ ᠤᠨ ᠳᠠᠭᠠᠳᠬᠠᠯ ᠲᠤᠰᠢᠶᠠᠭᠰᠠᠨ ᠭᠡᠷᠡᠴᠢ᠂ ᠬᠤᠪᠢ ᠬᠦᠮᠦᠨ ᠤ ᠠᠰᠢᠭ ᠣᠷᠣᠯᠭ᠎ᠠ ᠶᠢᠨ ᠭᠠᠶᠢᠯᠢ | ᠲᠤᠰᠢᠶᠠᠭᠰᠠᠨ ᠭᠡᠷᠡᠴᠢ ᠲᠤᠰᠢᠶᠠᠯᠭᠠᠵᠤ ᠪᠠᠶᠢᠭᠰᠠᠨ ᠬᠢᠵᠠᠭᠠᠷᠯᠠᠬᠤ ᠴᠢᠨᠠᠷᠲᠠᠢ ᠲᠣᠭᠲᠠᠭᠠᠯ ᠢ ᠬᠦᠴᠦᠨ ᠦᠭᠡᠢ | ᠪᠣᠯᠭᠠᠨ᠎ᠠ᠃ ᠣᠷᠣᠨ ᠰᠠᠭᠤᠴᠠ ᠶᠢᠨ ᠪᠠᠶᠢᠭ᠎ᠠ ᠭᠡᠷ ᠤᠨ ᠪᠦᠬᠦ ᠲᠤᠭ᠎ᠠ ᠶᠢ ᠯᠠᠪᠯᠠᠨ ᠠᠰᠠᠭᠤᠭᠰᠠᠨ ᠭᠡᠷᠡᠴᠢ ᠦᠨᠡᠨᠬᠦ | ᠲᠤᠰᠢᠶᠠᠬᠤ ᠴᠢᠬᠤᠯᠠᠲᠠᠢ ᠪᠣᠯ᠂ ᠭᠡᠷ ᠪᠠᠶᠢᠰᠢᠩ ᠬᠤᠳᠠᠯᠳᠤᠨ ᠠᠪᠤᠭᠴᠢ ᠶᠢᠨ ᠭᠡᠷ ᠪᠦᠯᠢ ᠶᠢᠨ ᠣᠷᠣᠨ ᠰᠠᠭᠤᠴᠠ ᠶᠢᠨ | ᠪᠠᠶᠢᠭ᠎ᠠ ᠭᠡᠷ ᠤᠨ ᠪᠦᠬᠦ ᠲᠤᠭ᠎ᠠ ᠶᠢ ᠮᠠᠭᠠᠳᠯᠠᠨ ᠲᠣᠭᠲᠠᠭᠠᠬᠤ ᠳᠤ ᠲᠡᠭᠦᠨ ᠤ ᠦᠪᠡᠷ ᠢᠶᠠᠨ ᠪᠠᠷᠢᠭᠰᠠᠨ ᠣᠷᠣᠨ | ᠰᠠᠭᠤᠴᠠ᠂ ᠣᠷᠣᠨ ᠰᠠᠭᠤᠴᠠ ᠶᠢᠨ ᠳᠦᠷᠢᠮ ᠤᠨ ᠦᠭᠡᠷᠡᠴᠢᠯᠡᠯᠲᠡ ᠪᠠᠷ ᠬᠤᠳᠠᠯᠳᠤᠨ ᠠᠪᠤᠭᠰᠠᠨ ᠭᠡᠷ ᠪᠠᠶᠢᠰᠢᠩ᠂ | ᠵᠠᠯᠭᠠᠮᠵᠢᠯᠠᠭᠰᠠᠨ ᠣᠷᠣᠨ ᠰᠠᠭᠤᠴᠠ᠂ ᠲᠠᠲᠠᠪᠤᠷᠢᠯᠠᠵᠤ ︵ᠨᠤᠷᠠᠭᠠᠵᠤ ᠨᠡᠭᠦᠯᠭᠡᠬᠦ︶ ᠲᠦᠪᠬᠢᠨᠡᠭᠦᠯᠦᠭᠰᠡᠨ ᠣᠷᠣᠨ | ᠰᠠᠭᠤᠴᠠ ᠪᠠ ᠵᠢᠭᠡᠯᠡᠯᠭᠡ ᠪᠠᠨ ᠲᠦᠯᠦᠵᠦ ᠳᠠᠭᠤᠰᠤᠭᠰᠠᠨ ᠬᠠᠭᠤᠴᠢᠨ ᠣᠷᠣᠨ ᠰᠠᠭᠤᠴᠠ ᠶᠢ ᠪᠠᠭᠲᠠᠭᠠᠬᠤ ᠦᠭᠡᠢ᠂ | ᠲᠡᠭᠦᠨ ᠤ ᠦᠮᠴᠢᠯᠡᠵᠦ ᠪᠦᠬᠦᠢ ᠣᠷᠣᠨ ᠰᠠᠭᠤᠴᠠ ᠶᠢᠨ ᠪᠠᠶᠢᠭ᠎ᠠ ᠭᠡᠷ ᠤᠨ ᠪᠦᠬᠦ ᠲᠤᠭ᠎ᠠ ᠶᠢ ᠵᠦᠪᠬᠡᠨ ᠭᠡᠷ ᠪᠠᠶᠢᠰᠢᠩ | ᠬᠤᠳᠠᠯᠳᠤᠨ ᠠᠪᠤᠭᠰᠠᠨ ᠭᠠᠵᠠᠷ ᠲᠠᠬᠢ ᠭᠡᠷ ᠪᠠᠶᠢᠰᠢᠩ ᠤᠨ ᠦᠮᠴᠢᠯᠡᠬᠦ ᠡᠷᠬᠡ ᠶᠢᠨ ᠬᠠᠷᠢᠶᠠᠯᠠᠯ ᠢ ᠲᠡᠮᠲᠡᠭᠯᠡᠭᠰᠡᠨ | ᠪᠠᠶᠢᠭᠤᠯᠤᠮᠵᠢ ᠠᠴᠠ ᠯᠠᠪᠯᠠᠨ ᠠᠰᠠᠭᠤᠨ᠎ᠠ᠃ ᠭᠡᠷ ᠪᠠᠶᠢᠰᠢᠩ ᠤᠨ ᠦᠮᠴᠢᠯᠡᠬᠦ ᠡᠷᠬᠡ ᠶᠢᠨ ᠬᠠᠷᠢᠶᠠᠯᠠᠯ ᠢ ᠲᠡᠮᠲᠡᠭᠯᠡᠭᠰᠡᠨ | ᠪᠠᠶᠢᠭᠤᠯᠤᠮᠵᠢ ᠶᠢᠨ ᠭᠠᠷᠭᠠᠭᠰᠠᠨ ᠯᠠᠪᠯᠠᠵᠤ ᠠᠰᠠᠭᠤᠭᠰᠠᠨ ᠭᠡᠷᠡᠴᠢ ᠳᠤ ᠵᠦᠪᠬᠡᠨ ᠭᠡᠷ ᠬᠤᠳᠠᠯᠳᠤᠨ ᠠᠪᠤᠭᠴᠢ ᠶᠢᠨ | ᠭᠡᠷ ᠪᠦᠯᠢ ᠶᠢᠨ ᠲᠠᠸᠠᠷ ᠤᠨ ᠣᠷᠣᠨ ᠰᠠᠭᠤᠴᠠ ᠶᠢᠨ ᠪᠠᠶᠢᠭ᠎ᠠ ᠭᠡᠷ ᠤᠨ ᠪᠦᠬᠦ ᠲᠣᠭᠠᠨ ᠤ ᠪᠠᠶᠢᠳᠠᠯ ᠢ | ᠲᠣᠳᠤᠷᠬᠠᠶᠢᠯᠠᠬᠤ ᠬᠡᠷᠡᠭᠲᠡᠢ᠃ ᠭᠡᠷ ᠪᠦᠯᠢ ᠨᠢ ᠨᠦᠬᠦᠴᠡᠯ ᠢᠶᠠᠨ ᠰᠠᠶᠢᠵᠢᠷᠠᠭᠤᠯᠬᠤ ᠪᠠᠷ ᠡᠩ ᠤᠨ ᠲᠠᠸᠠᠷ ᠤᠨ ᠣᠷᠣᠨ | ᠰᠠᠭᠤᠴᠠ ᠶᠢ ᠠᠩᠬ᠎ᠠ ᠤᠳᠠᠭ᠎ᠠ ᠬᠤᠳᠠᠯᠳᠤᠨ ᠠᠪᠤᠪᠠᠯ ᠠᠩᠬᠠᠳᠤᠭᠠᠷ ᠣᠷᠣᠨ ᠰᠠᠭᠤᠴᠠ ᠪᠠᠷ ᠮᠠᠭᠠᠳᠯᠠᠨ | ᠲᠣᠭᠲᠠᠭᠠᠬᠤ ᠬᠡᠷᠡᠭᠲᠡᠢ᠃ | ︵ᠨᠠᠢᠮᠠ︶ ᠦᠯᠡᠳᠡᠭᠡᠯ ᠲᠠᠸᠠᠷ ᠤᠨ ᠭᠡᠷ ᠪᠠᠶᠢᠰᠢᠩ ᠤᠨ ᠪᠣᠷᠤᠯᠠᠭᠤᠯᠭ᠎ᠠ ᠶᠢ ᠠᠬᠢᠭᠤᠯᠬᠤ ᠡᠷᠴᠢᠮ ᠢᠶᠠᠨ | ᠤᠯᠠᠮ ᠨᠢᠭᠡ ᠠᠯᠬᠤᠮ ᠴᠢᠩᠭᠠᠷᠠᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠨᠤᠭᠤᠳ ᠭᠡᠷ ᠪᠠᠶᠢᠰᠢᠩ ᠭᠠᠵᠠᠷ | ᠬᠦᠷᠦᠩᠭᠡ ᠶᠢ ᠦᠵᠡᠭᠦᠯᠵᠦ ᠠᠷᠠᠯᠵᠢᠶᠠᠯᠠᠬᠤ ᠴᠣᠭᠯᠠᠭᠠᠨ ᠢ ᠲᠣᠭᠲᠠᠮᠠᠯ ᠬᠤᠭᠤᠴᠠᠭ᠎ᠠ ᠲᠠᠢ ᠪᠣᠶᠣ ᠲᠣᠭᠲᠠᠮᠠᠯ ᠪᠤᠰᠤ | ᠬᠤᠭᠤᠴᠠᠭ᠎ᠠ ᠲᠠᠢ ᠪᠠᠷ ᠡᠷᠬᠢᠯᠡᠵᠦ᠂ ᠲᠣᠬᠠᠢ ᠶᠢᠨ ᠭᠠᠵᠠᠷ ᠣᠷᠣᠨ ᠤ ᠪᠤᠲᠠᠳᠤ ᠪᠠᠶᠢᠳᠠᠯ ᠢᠶᠠᠨ ᠦᠨᠳᠦᠰᠦᠯᠡᠨ᠂ | ᠠᠷᠠᠯᠵᠢᠶᠠᠯᠠᠭᠰᠠᠨ ᠭᠠᠶᠢᠯᠢ ᠰᠦᠢᠳᠭᠡᠯ ᠢ ᠨᠢ ᠬᠠᠰᠤᠵᠤ ᠬᠡᠯᠲᠦᠷᠢᠭᠦᠯᠬᠦ᠂ ᠠᠰᠢᠭ ᠣᠯᠭᠤᠨ ᠪᠤᠷᠤᠯᠠᠭᠤᠯᠭ᠎ᠠ ᠶᠢ | ᠠᠬᠢᠭᠤᠯᠬᠤ ᠵᠡᠷᠭᠡ ᠭᠡᠷ ᠪᠠᠶᠢᠰᠢᠩ ᠬᠤᠳᠠᠯᠳᠤᠨ ᠠᠪᠬᠤ ᠲᠠᠯ᠎ᠠ ᠪᠠᠷ ᠬᠢ ᠲᠦᠷ ᠴᠠᠭ ᠤᠨ ᠴᠢᠨᠠᠷᠲᠠᠢ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠵᠦ᠂ ᠭᠡᠷ ᠪᠠᠶᠢᠰᠢᠩ ᠬᠤᠳᠠᠯᠳᠤᠨ ᠠᠪᠬᠤ ᠬᠤᠪᠢᠷᠠᠰᠢ ᠦᠭᠡᠢ | ᠴᠢᠨᠠᠷᠲᠠᠢ ᠬᠡᠷᠡᠭᠴᠡᠭᠡ ᠱᠠᠭᠠᠷᠳᠠᠯᠭ᠎ᠠ ᠪᠠ ᠨᠦᠬᠦᠴᠡᠯ ᠢᠶᠠᠨ ᠰᠠᠶᠢᠵᠢᠷᠠᠭᠤᠯᠬᠤ ᠭᠡᠷ ᠪᠠᠶᠢᠰᠢᠩ ᠬᠤᠳᠠᠯᠳᠤᠨ ᠠᠪᠬᠤ | ᠬᠡᠷᠡᠭᠴᠡᠭᠡ ᠱᠠᠭᠠᠷᠳᠠᠯᠭ᠎ᠠ ᠶᠢ ᠢᠳᠡᠪᠬᠢᠲᠡᠢ ᠬᠦᠲᠦᠯᠦᠨ ᠵᠢᠯᠤᠭᠤᠳᠬᠤ ᠬᠡᠷᠡᠭᠲᠡᠢ᠃ ᠪᠠᠶᠢᠭᠤᠯᠭ᠎ᠠ᠂ ᠠᠵᠤ ᠠᠬᠤᠶᠢᠯᠠᠯ | ᠠᠵᠢᠯ ᠦᠢᠯᠡᠰ ᠤᠨ ᠨᠢᠭᠡᠴᠡ ᠨᠦᠭᠦᠳ ᠤᠨ ᠲᠠᠸᠠᠷ ᠤᠨ ᠭᠡᠷ ᠪᠠᠶᠢᠰᠢᠩ ᠣᠷᠣᠨ ᠰᠠᠭᠤᠴᠠ ᠶᠢ ᠬᠠᠮᠲᠤ ᠪᠠᠷ ᠢᠶᠠᠨ | ᠬᠤᠳᠠᠯᠳᠤᠨ ᠠᠪᠬᠤ ᠶᠢ ᠵᠤᠷᠢᠬᠵᠢᠭᠤᠯᠤᠨ ᠳᠡᠮᠵᠢᠵᠦ᠂ ᠢᠯᠠᠩᠭᠤᠶ᠎ᠠ ᠠᠵᠤ ᠠᠬᠤᠶᠢᠯᠠᠯ ᠤᠨ ᠬᠢᠨ ᠤ ᠲᠠᠸᠠᠷ ᠤᠨ | ᠣᠷᠣᠨ ᠰᠠᠭᠤᠴᠠ ᠬᠤᠳᠠᠯᠳᠤᠨ ᠠᠪᠴᠤ ᠠᠵᠢᠯᠲᠠᠨ ᠠᠵᠢᠯᠴᠢᠨ ᠤ ᠨᠡᠶᠢᠲᠡ ᠶᠢᠨ ᠣᠷᠣᠨ ᠰᠠᠭᠤᠴᠠ᠂ ᠬᠠᠮᠲᠤ ᠶᠢᠨ | ᠪᠠᠶᠢᠷᠢ ᠶᠢᠨ ᠭᠡᠷ ᠪᠣᠯᠭᠠᠨ ᠬᠡᠷᠡᠭᠯᠡᠵᠦ᠂ ᠠᠵᠢᠯᠲᠠᠨ ᠠᠵᠢᠯᠴᠢᠨ ᠤ ᠣᠷᠣᠨ ᠰᠠᠭᠤᠴᠠ ᠶᠢᠨ ᠨᠦᠬᠦᠴᠡᠯ ᠢᠶᠠᠨ | ᠰᠠᠶᠢᠵᠢᠷᠠᠭᠤᠯᠬᠤ ᠶᠢ ᠵᠤᠷᠢᠬᠵᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠢ ᠵᠤᠷᠢᠬᠵᠢᠭᠤᠯᠬᠤ ᠪᠠ ᠬᠦᠲᠦᠯᠦᠨ | ᠵᠢᠯᠤᠭᠤᠳᠴᠤ ᠪᠠᠶᠢᠭᠠᠳ ᠬᠤᠳᠠᠯᠳᠤᠭᠠᠨ ᠤ ᠭᠡᠷ ᠪᠠ ᠲᠠᠸᠠᠷ ᠤᠨ ᠣᠷᠣᠨ ᠰᠠᠭᠤᠴᠠ ᠶᠢ ᠠᠰᠢᠭᠯᠠᠨ ᠠᠳᠠᠯ ᠦᠢᠯᠡᠰ | ᠴᠣᠭᠴᠠᠯᠠᠬᠤ ᠰᠠᠭᠤᠷᠢᠨ ᠭᠠᠵᠠᠷ ᠢ ᠪᠠᠶᠢᠭᠤᠯᠵᠤ᠂ ᠢᠯᠠᠩᠭᠤᠶ᠎ᠠ ᠤᠶᠤᠲᠠᠳ ᠤᠨ ᠠᠳᠠᠯ ᠦᠢᠯᠡᠰ ᠴᠣᠭᠴᠠᠯᠠᠬᠤ | ᠬᠦᠷᠢᠶᠡᠯᠡᠩ ᠢ ᠪᠠᠶᠢᠭᠤᠯᠤᠨ᠂ ᠬᠠᠮᠢᠶ᠎ᠠ ᠪᠦᠬᠦᠢ ᠳᠦᠬᠦᠷᠵᠢᠭᠦᠯᠦᠭᠰᠡᠨ ᠦᠢᠯᠡᠴᠢᠯᠡᠭᠡ ᠶᠢ ᠲᠡᠭᠦᠯᠳᠡᠷᠵᠢᠭᠦᠯᠵᠦ᠂ ᠨᠢᠭᠡ | ᠪᠦᠯᠦᠭ ᠠᠳᠠᠯ ᠦᠢᠯᠡᠰ ᠴᠤᠭᠴᠠᠯᠠᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠣᠢ ᠪᠣᠯᠭᠠᠬᠤ ᠬᠡᠷᠡᠭᠲᠡᠢ᠃ | ︵ᠶᠢᠰᠦ︶ ᠭᠡᠷ ᠪᠠᠶᠢᠰᠢᠩ ᠬᠤᠳᠠᠯᠳᠤᠨ ᠠᠪᠴᠤ ᠡᠷᠦᠬᠡ ᠠᠮᠠ ᠣᠷᠣᠬᠤ ᠲᠥᠷᠥ ᠶᠢᠨ ᠪᠣᠳᠣᠯᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠤ ᠣᠷᠣᠨ ᠪᠦᠰᠡ ᠳᠣᠲᠤᠷ᠎ᠠ᠂ ᠬᠤᠪᠢ | ᠬᠦᠮᠦᠨ ᠪᠤᠰᠤᠳ ᠭᠠᠵᠠᠷ ᠲᠤ ᠲᠠᠸᠠᠷ ᠤᠨ ᠣᠷᠣᠨ ᠰᠠᠭᠤᠴᠠ ᠬᠤᠳᠠᠯᠳᠤᠨ ᠠᠪᠤᠪᠠᠯ ︵ᠰᠢᠨ᠎ᠡ ᠪᠠᠷ ᠪᠠᠶᠢᠭᠤᠯᠵᠤ | ᠪᠠᠶᠢᠭ᠎ᠠ ᠲᠠᠸᠠᠷ ᠤᠨ ᠣᠷᠣᠨ ᠰᠠᠭᠤᠴᠠ ᠪᠠ ᠬᠠᠭᠤᠴᠢᠨ ᠣᠷᠣᠨ ᠰᠠᠭᠤᠴᠠ ᠶᠢ ᠪᠠᠭᠲᠠᠭᠠᠨ᠎ᠠ︶᠂ ᠲᠤᠰ ᠬᠦᠮᠦᠨ | ᠪᠣᠯᠣᠨ ᠲᠡᠭᠦᠨ ᠤ ᠡᠴᠢᠬᠡ ᠡᠬᠡ᠂ ᠨᠠᠰᠤᠨ ᠳᠤ ᠦᠯᠦ ᠬᠦᠷᠦᠭᠰᠡᠨ ᠦᠷ᠎ᠡ ᠬᠡᠦᠬᠡᠳ ᠨᠢ ᠲᠣᠬᠠᠢ ᠶᠢᠨ ᠭᠠᠵᠠᠷ ᠤᠨ | ᠡᠷᠦᠬᠡ ᠠᠮᠠ ᠶᠢᠨ ᠲᠥᠷᠥ ᠶᠢᠨ ᠪᠣᠳᠣᠯᠭ᠎ᠠ ᠶᠢᠨ ᠶᠤᠰᠤᠭᠠᠷ ᠭᠡᠷ ᠪᠠᠶᠢᠰᠢᠩ ᠬᠤᠳᠠᠯᠳᠤᠨ ᠠᠪᠤᠭᠰᠠᠨ ᠭᠠᠵᠠᠷ ᠤᠨ | ᠬᠤᠲᠠ ᠪᠠᠯᠭᠠᠰᠤ ᠳᠤ ᠡᠷᠦᠬᠡ ᠠᠮᠠ ᠣᠷᠣᠵᠣ ᠪᠣᠯᠣᠨ᠎ᠠ︔ ᠬᠤᠲᠠ ᠣᠷᠣᠵᠣ ᠤᠷᠲᠤ ᠬᠤᠭᠤᠴᠠᠭ᠎ᠠ ᠬᠤᠳᠠᠯᠳᠤᠭ᠎ᠠ | ᠡᠷᠬᠢᠯᠡᠭᠰᠡᠳ᠂ ᠬᠦᠴᠦᠨ ᠤ ᠠᠵᠢᠯ ᠬᠢᠵᠦ ᠪᠦᠬᠦᠢ ᠲᠠᠷᠢᠶᠠᠯᠠᠩ ᠮᠠᠯ ᠠᠵᠤ ᠠᠬᠤᠢ ᠠᠴᠠ ᠰᠢᠯᠵᠢᠭᠰᠡᠨ ᠬᠦᠮᠦᠨ | ᠠᠮᠠ ᠨᠢ ᠤᠤᠯ ᠤᠨ ᠮᠠᠯᠵᠢᠬᠤ ᠲᠠᠷᠢᠶᠠᠯᠠᠬᠤ ᠣᠷᠣᠨ ᠳᠠᠬᠢ ᠣᠷᠣᠨ ᠰᠠᠭᠤᠴᠠ ᠪᠠᠨ ᠬᠠᠤᠯᠢ ᠶᠤᠰᠤᠭᠠᠷ ᠰᠢᠯᠵᠢᠭᠦᠯᠦᠨ | ᠥᠭᠴᠦ᠂ ᠬᠤᠲᠠ ᠪᠠᠯᠭᠠᠰᠤ ᠳᠤ ᠲᠠᠸᠠᠷ ᠤᠨ ᠣᠷᠣᠨ ᠰᠠᠭᠤᠴᠠ ᠬᠤᠳᠠᠯᠳᠤᠨ ᠠᠪᠬᠤ ᠶᠢᠨ ᠬᠠᠮᠲᠤ ᠡᠷᠦᠬᠡ ᠠᠮᠠ | ᠣᠷᠣᠬᠤ ᠶᠢ ᠵᠤᠷᠢᠬᠵᠢᠭᠤᠯᠬᠤ ᠬᠡᠷᠡᠭᠲᠡᠢ᠃ | ᠭᠤᠷᠪᠠ᠂ ᠭᠡᠷ ᠪᠠᠶᠢᠰᠢᠩ ᠳᠦᠷᠢᠶᠡᠰᠦᠯᠡᠬᠦ ᠵᠠᠬ᠎ᠠ ᠳᠡᠯᠭᠡᠭᠦᠷ ᠢ ᠪᠤᠶᠢᠵᠢᠭᠤᠯᠤᠨ ᠬᠥᠭᠵᠢᠭᠦᠯᠵᠦ᠂ ᠭᠡᠷ | ᠪᠠᠶᠢᠰᠢᠩ ᠳᠦᠷᠢᠶᠡᠰᠦᠯᠡᠬᠦ ᠠᠵᠤ ᠦᠢᠯᠡᠰᠵᠢᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ | ︵ᠠᠷᠪᠠ︶ ᠭᠡᠷ ᠪᠠᠶᠢᠰᠢᠩ ᠳᠦᠷᠢᠶᠡᠰᠦᠯᠡᠬᠦ ᠮᠡᠳᠡᠭᠡ ᠵᠠᠩᠭᠢ ᠶᠢᠨ ᠦᠢᠯᠡᠴᠢᠯᠡᠭᠡᠨ ᠤ ᠲᠡᠪᠴᠡᠩ ᠢ ᠪᠠᠶᠢᠭᠤᠯᠬᠤ | ᠬᠡᠷᠡᠭᠲᠡᠢ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠡᠯ᠎ᠡ ᠬᠤᠰᠢᠭᠤ | ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠤᠨ ᠨᠤᠭᠤᠳ ᠪᠦᠬᠦ ᠣᠷᠣᠨ ᠤ ᠭᠡᠷ ᠪᠠᠶᠢᠰᠢᠩ | ᠭᠠᠵᠠᠷ ᠬᠦᠷᠦᠩᠭᠡ ᠶᠢᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠲᠦᠰᠢᠭᠯᠡᠵᠦ᠂ ᠲᠤᠰ ᠭᠠᠵᠠᠷ | ᠣᠷᠣᠨ ᠤ ᠭᠡᠷ ᠪᠠᠶᠢᠰᠢᠩ ᠳᠦᠷᠢᠶᠡᠰᠦᠯᠡᠬᠦ ᠮᠡᠳᠡᠭᠡ ᠵᠠᠩᠭᠢ ᠶᠢᠨ ᠵᠠᠰᠠᠭ ᠤᠨ ᠣᠷᠳᠤᠨ ᠤ ᠦᠢᠯᠡᠴᠢᠯᠡᠭᠡᠨ ᠤ | ᠲᠡᠪᠴᠡᠩ ᠢ ᠪᠠᠶᠢᠭᠤᠯᠤᠨ᠂ ᠳᠦᠷᠢᠶᠡᠰᠦᠯᠡᠭᠦᠯᠦᠭᠴᠢ ᠠᠴᠠ ᠳᠦᠷᠢᠶᠡᠰᠦᠯᠡᠬᠦ ᠭᠡᠷ ᠪᠠᠶᠢᠰᠢᠩ ᠤᠨ ᠪᠠᠶᠢᠷᠢᠯᠠᠯ᠂ ᠲᠠᠯᠠᠪᠠᠢ | ᠂ ᠭᠡᠷ ᠤᠨ ᠬᠡᠯᠪᠡᠷᠢ ᠬᠡᠮᠵᠢᠶ᠎ᠡ᠂ ᠦᠨ᠎ᠡ ᠬᠠᠩᠰᠢ ᠵᠡᠷᠭᠡ ᠮᠡᠳᠡᠭᠡ ᠵᠠᠩᠭᠢ ᠶᠢ ᠲᠡᠪᠴᠡᠩ ᠳᠡᠭᠡᠷ᠎ᠡ ᠴᠠᠭ ᠲᠣᠬᠠᠢ ᠳᠤᠨᠢ | ᠨᠡᠶᠢᠲᠡᠯᠡᠵᠦ᠂ ᠳᠦᠷᠢᠶᠡᠰᠦᠯᠡᠭᠴᠢ ᠠᠴᠠ ᠭᠡᠷ ᠪᠠᠶᠢᠰᠢᠩ ᠳᠦᠷᠢᠶᠡᠰᠦᠯᠡᠬᠦ ᠬᠡᠷᠡᠭᠴᠡᠭᠡ ᠱᠠᠭᠠᠷᠳᠠᠯᠭ᠎ᠠ ᠶᠢᠨ ᠮᠡᠳᠡᠭᠡ | ᠵᠠᠩᠭᠢ ᠶᠢ ᠨᠡᠶᠢᠲᠡᠯᠡᠨ᠂ ᠲᠡᠪᠴᠡᠩ ᠳᠡᠭᠡᠷ᠎ᠡ ᠵᠤᠯᠭᠠᠭᠤᠯᠬᠤ ᠶᠢ ᠠᠯᠬᠤᠮ ᠠᠯᠬᠤᠮ ᠢᠶᠠᠷ ᠪᠡᠶᠡᠯᠡᠭᠦᠯᠬᠦ ᠬᠡᠷᠡᠭᠲᠡᠢ᠃ ᠭᠡᠷ | ᠪᠠᠶᠢᠰᠢᠩ ᠳᠦᠷᠢᠶᠡᠰᠦᠯᠡᠬᠦ ᠭᠡᠷ᠎ᠡ ᠶᠢᠨ ᠵᠢᠱᠢᠶ᠎ᠡ ᠦᠵᠡᠭᠦᠯᠬᠦ ᠪᠢᠴᠢᠭ ᠬᠠᠷ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ | ᠬᠤᠶᠠᠷ ᠡᠲᠡᠭᠡᠳ ᠤᠨ ᠬᠢᠨ ᠤ ᠡᠷᠬᠡ ᠡᠭᠦᠷᠭᠡ ᠶᠢ ᠲᠤᠳᠤᠷᠬᠠᠢ ᠳᠤᠷᠠᠳᠤᠨ ᠰᠠᠨᠠᠭᠤᠯᠬᠤ ᠬᠡᠷᠡᠭᠲᠡᠢ᠃ ᠪᠦᠷᠢᠳᠭᠡᠨ | ᠳᠠᠩᠰᠠᠯᠠᠭᠤᠯᠤᠭᠰᠠᠨ ᠭᠡᠷ ᠪᠠᠶᠢᠰᠢᠩ ᠭᠠᠵᠠᠷ ᠬᠦᠷᠦᠩᠭᠡ ᠶᠢᠨ ᠵᠠᠭᠤᠴᠢ ᠪᠠᠶᠢᠭᠤᠯᠤᠮᠵᠢ ᠶᠢᠨ ᠨᠡᠷᠡᠶᠢᠳᠦᠯ᠂ ᠭᠡᠷ | ᠪᠠᠶᠢᠰᠢᠩ ᠭᠠᠵᠠᠷ ᠬᠦᠷᠦᠩᠭᠡ ᠶᠢᠨ ᠵᠠᠭᠤᠴᠢ ᠪᠠᠶᠢᠭᠤᠯᠤᠮᠵᠢ ᠪᠣᠯᠣᠨ ᠠᠵᠢᠯᠯᠠᠭᠴᠢᠳ ᠤᠨ ᠢᠲᠡᠭᠡᠮᠵᠢ ᠶᠢᠨ ᠳᠠᠩᠰᠠ | ᠡᠪᠬᠡᠮᠡᠯ ᠵᠡᠷᠭᠡ ᠮᠡᠳᠡᠭᠡ ᠵᠠᠩᠭᠢ ᠶᠢ ᠭᠡᠷ ᠪᠠᠶᠢᠰᠢᠩ ᠳᠦᠷᠢᠶᠡᠰᠦᠯᠡᠬᠦ ᠮᠡᠳᠡᠭᠡ ᠵᠠᠩᠭᠢ ᠶᠢᠨ ᠵᠠᠰᠠᠭ ᠤᠨ ᠣᠷᠳᠤᠨ ᠤ | ᠦᠢᠯᠡᠴᠢᠯᠡᠭᠡᠨ ᠤ ᠲᠡᠪᠴᠡᠩ ᠳᠤ ᠨᠡᠶᠢᠲᠡᠯᠡᠵᠦ᠂ ᠳᠦᠷᠢᠶᠡᠰᠦᠯᠡᠬᠦ ᠵᠠᠬ᠎ᠠ ᠳᠡᠯᠭᠡᠭᠦᠷ ᠲᠤ ᠦᠨᠳᠦᠷ ᠪᠦᠲᠦᠮᠵᠢᠲᠡᠢ᠂ | ᠣᠨᠣᠪᠴᠢᠲᠠᠢ᠂ ᠳᠦᠭᠦᠮ ᠳᠦᠳᠡ᠂ ᠠᠮᠦᠷ ᠲᠥᠪᠰᠢᠨ ᠦᠢᠯᠡᠴᠢᠯᠡᠭᠡ ᠶᠢ ᠬᠠᠩᠭᠠᠬᠤ ᠬᠡᠷᠡᠭᠲᠡᠢ᠃ 2015 ᠣᠨ ᠤ | ᠰᠡᠭᠦᠯᠴᠢ ᠪᠣᠯᠲᠠᠯ᠎ᠠ᠂ ᠪᠦᠬᠦ ᠣᠷᠣᠨ ᠤ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠤᠭᠤᠳ | ᠭᠡᠷ ᠪᠠᠶᠢᠰᠢᠩ ᠳᠦᠷᠢᠶᠡᠰᠦᠯᠡᠬᠦ ᠭᠡᠷ᠎ᠡ ᠶᠢ ᠰᠦᠯᠵᠢᠶᠡᠨ ᠳᠡᠭᠡᠷ᠎ᠡ ᠲᠡᠮᠲᠡᠭᠯᠡᠵᠦ ᠪᠦᠷᠢᠳᠭᠡᠨ ᠳᠠᠩᠰᠠᠯᠠᠬᠤ ᠶᠢ | ᠪᠡᠶᠡᠯᠡᠭᠦᠯᠵᠦ᠂ ᠣᠯᠠᠨ ᠲᠦᠮᠡᠨ ᠤ ᠠᠵᠢᠯᠯᠠᠵᠤ ᠭᠦᠢᠴᠡᠳᠭᠡᠬᠦ ᠳᠤ ᠳᠦᠭᠦᠮ ᠦᠵᠡᠭᠦᠯᠬᠦ ᠬᠡᠷᠡᠭᠲᠡᠢ᠃ | ︵ᠠᠷᠪᠠᠨ ᠨᠢᠭᠡ︶ ᠣᠷᠣᠨ ᠰᠠᠭᠤᠴᠠ ᠳᠦᠷᠢᠶᠡᠰᠦᠯᠡᠬᠦ ᠵᠠᠬ᠎ᠠ ᠳᠡᠯᠭᠡᠭᠦᠷ ᠢ ᠶᠡᠬᠡᠪᠡᠷ ᠬᠥᠭᠵᠢᠭᠦᠯᠬᠦ ᠬᠡᠷᠡᠭᠲᠡᠢ᠃ | ᠣᠷᠣᠨ ᠰᠠᠭᠤᠴᠠ ᠳᠦᠷᠢᠶᠡᠰᠦᠯᠡᠬᠦ ᠲᠤᠰᠬᠠᠢ ᠡᠵᠡᠩᠨᠡᠯᠲᠡ ᠶᠢᠨ ᠪᠠᠶᠢᠭᠤᠯᠤᠮᠵᠢ ᠪᠠᠶᠢᠭᠤᠯᠬᠤ ᠶᠢ ᠵᠤᠷᠢᠬᠵᠢᠭᠤᠯᠵᠤ᠂ | ᠨᠡᠶᠢᠭᠡᠮ ᠤᠨ ᠭᠡᠷ ᠪᠠᠶᠢᠰᠢᠩ ᠤᠨ ᠢᠷᠡᠯᠲᠡ ᠶᠢ ᠤᠷᠲᠤ ᠬᠤᠭᠤᠴᠠᠭ᠎ᠠ ᠪᠠᠷ ᠳᠦᠷᠢᠶᠡᠰᠦᠯᠡᠬᠦ ᠪᠣᠶᠣ ᠬᠤᠳᠠᠯᠳᠤᠨ | ᠠᠪᠬᠤ ᠪᠠᠷ ᠳᠠᠮᠵᠢᠨ᠂ ᠨᠡᠶᠢᠭᠡᠮ ᠲᠡᠰᠢ ᠰᠢᠭᠤᠳ ᠳᠦᠷᠢᠶᠡᠰᠦᠯᠡᠭᠦᠯᠬᠦ ᠬᠡᠷᠡᠭᠲᠡᠢ᠃ ᠣᠷᠣᠨ ᠰᠠᠭᠤᠴᠠ | ᠳᠦᠷᠢᠶᠡᠰᠦᠯᠡᠬᠦ ᠡᠵᠡᠩᠨᠡᠯᠲᠡ ᠶᠢᠨ ᠪᠠᠶᠢᠭᠤᠯᠤᠮᠵᠢ ᠨᠤᠭᠤᠳ ᠤᠨ ᠳᠤᠮᠳᠠ ᠪᠠᠭ᠎ᠠ ᠭᠡᠷ ᠤᠨ ᠬᠡᠯᠪᠡᠷᠢ ᠬᠡᠮᠵᠢᠶ᠎ᠡ᠂ | ᠳᠤᠮᠳᠠ ᠳᠣᠣᠷ᠎ᠠ ᠦᠨ᠎ᠡ ᠲᠠᠢ ᠣᠷᠣᠨ ᠰᠠᠭᠤᠴᠠ ᠲᠦᠷᠢᠶᠡᠰᠦᠯᠡᠬᠦ ᠡᠵᠡᠩᠨᠡᠯᠲᠡ ᠶᠢᠨ ᠦᠢᠯᠡᠴᠢᠯᠡᠭᠡ ᠡᠷᠬᠢᠯᠡᠬᠦ ᠶᠢ | ᠢᠳᠡᠪᠬᠢᠲᠡᠢ ᠪᠠᠷ ᠬᠦᠲᠦᠯᠦᠨ ᠵᠢᠯᠤᠭᠤᠳᠬᠤ ᠬᠡᠷᠡᠭᠲᠡᠢ᠃ ᠣᠷᠣᠨ ᠰᠠᠭᠤᠴᠠ ᠳᠦᠷᠢᠶᠡᠰᠦᠯᠡᠬᠦ ᠡᠵᠡᠩᠨᠡᠯᠲᠡ ᠶᠢᠨ | ᠪᠠᠶᠢᠭᠤᠯᠤᠮᠵᠢ ᠶᠢᠨ ᠬᠥᠭᠵᠢᠯᠲᠡ ᠶᠢ ᠳᠡᠮᠵᠢᠬᠦ ᠪᠡᠯᠡ ᠲᠣᠬᠢᠷᠠᠭᠤᠯᠭ᠎ᠠ ᠶᠢᠨ ᠠᠷᠭ᠎ᠠ ᠵᠠᠮ ᠢ ᠤᠯᠠᠮ ᠨᠢᠭᠡ ᠠᠯᠬᠤᠮ | ᠥᠷᠭᠡᠳᠭᠡᠬᠦ ᠬᠡᠷᠡᠭᠲᠡᠢ᠃ | ︵ᠠᠷᠪᠠᠨ ᠬᠤᠶᠠᠷ︶ ᠭᠡᠷ ᠪᠠᠶᠢᠰᠢᠩ ᠭᠠᠵᠠᠷ ᠬᠦᠷᠦᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠳ ᠤᠨ | ᠣᠷᠣᠨ ᠰᠠᠭᠤᠴᠠ ᠳᠦᠷᠢᠶᠡᠰᠦᠯᠡᠬᠦ ᠦᠢᠯᠡᠴᠢᠯᠡᠭᠡ ᠦᠷᠨᠢᠭᠦᠯᠬᠦ ᠶᠢ ᠳᠡᠮᠵᠢᠬᠦ ᠬᠡᠷᠡᠭᠲᠡᠢ᠃ ᠭᠡᠷ ᠪᠠᠶᠢᠰᠢᠩ ᠭᠠᠵᠠᠷ | ᠬᠦᠷᠦᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠳ ᠤᠨ ᠡᠵᠡᠮᠰᠢᠵᠦ ᠪᠠᠶᠢᠭ᠎ᠠ ᠭᠡᠷ ᠪᠠᠶᠢᠰᠢᠩ ᠤᠨ ᠢᠷᠡᠯᠲᠡ ᠪᠠᠨ | ᠨᠡᠶᠢᠭᠡᠮ ᠲᠡᠰᠢ ᠳᠦᠷᠢᠶᠡᠰᠦᠯᠡᠭᠦᠯᠬᠦ ᠶᠢ ᠳᠡᠮᠵᠢᠵᠦ᠂ ᠭᠡᠷ ᠪᠠᠶᠢᠰᠢᠩ ᠭᠠᠵᠠᠷ ᠬᠦᠷᠦᠩᠭᠡ ᠶᠢᠨ ᠨᠡᠭᠡᠭᠡᠯᠲᠡ ᠶᠢᠨ ᠠᠵᠤ | ᠠᠬᠤᠶᠢᠯᠠᠯ ᠤᠨ ᠳᠠᠩ ᠴᠣᠯᠭᠤᠢ ᠪᠣᠷᠤᠯᠠᠭᠤᠯᠵᠤ ᠡᠵᠡᠩᠨᠡᠬᠦ ᠵᠠᠭᠪᠣᠷ ᠢᠶᠠᠨ ᠳᠦᠷᠢᠶᠡᠰᠦᠯᠡᠵᠦ ᠬᠤᠳᠠᠯᠳᠤᠬᠤ ᠶᠢ | ᠵᠡᠷᠭᠡᠪᠡᠷ ᠬᠥᠭᠵᠢᠭᠦᠯᠬᠦ ᠵᠠᠭᠪᠤᠷ ᠪᠣᠯᠭᠠᠨ ᠬᠤᠪᠢᠷᠠᠭᠤᠯᠬᠤ ᠶᠢ ᠲᠦᠯᠬᠢᠨ ᠠᠬᠢᠭᠤᠯᠬᠤ ᠬᠡᠷᠡᠭᠲᠡᠢ᠃ ᠨᠦᠬᠦᠴᠡᠯ ᠲᠠᠢ | ᠭᠡᠷ ᠪᠠᠶᠢᠰᠢᠩ ᠭᠠᠵᠠᠷ ᠬᠦᠷᠦᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠳ ᠢ ᠵᠤᠷᠢᠬᠵᠢᠭᠤᠯᠵᠤ ᠰᠢᠨ᠎ᠡ ᠪᠠᠷ | ᠪᠠᠶᠢᠭᠤᠯᠵᠤ ᠪᠠᠶᠢᠭ᠎ᠠ ᠲᠠᠸᠠᠷ ᠤᠨ ᠭᠡᠷ ᠪᠠᠶᠢᠰᠢᠩ ᠤᠨ ᠲᠦᠷᠦᠯ ᠵᠦᠢᠯ ᠳᠤ ᠤᠷᠲᠤ ᠬᠤᠭᠤᠴᠠᠭ᠎ᠠ ᠪᠠᠷ ᠡᠵᠡᠮᠰᠢᠵᠦ | ᠪᠠᠶᠢᠭ᠎ᠠ ᠬᠡᠰᠡᠭ ᠭᠡᠷ ᠪᠠᠶᠢᠰᠢᠩ ᠤᠨ ᠢᠷᠡᠯᠲᠡ ᠳᠤ᠂ ᠭᠡᠷ ᠪᠠᠶᠢᠰᠢᠩ ᠳᠦᠷᠢᠶᠡᠰᠦᠯᠡᠬᠦ ᠲᠣᠬᠠᠶᠢᠯᠠᠭᠰᠠᠨ ᠠᠵᠢᠯ ᠢ | ᠥᠷᠭᠡᠳᠭᠡᠨ᠂ ᠲᠠᠸᠠᠷ ᠤᠨ ᠭᠡᠷ ᠪᠠᠶᠢᠰᠢᠩ ᠤᠨ ᠳᠦᠷᠢᠶᠡᠰᠦᠯᠡᠬᠦ ᠠᠵᠤ ᠦᠢᠯᠡᠰ ᠢ ᠬᠥᠭᠵᠢᠭᠦᠯᠬᠦ ᠬᠡᠷᠡᠭᠲᠡᠢ︔ ᠪᠠᠰᠠ | ᠣᠷᠣᠨ ᠰᠠᠭᠤᠴᠠ ᠳᠦᠷᠢᠶᠡᠰᠦᠯᠡᠵᠦ ᠡᠵᠡᠩᠨᠡᠬᠦ ᠪᠠᠶᠢᠭᠤᠯᠤᠮᠵᠢ ᠯᠤᠭ᠎ᠠ ᠬᠠᠮᠲᠤᠷᠠᠯᠴᠠᠵᠤ᠂ ᠨᠡᠬᠡᠬᠡᠨ ᠠᠰᠢᠭᠯᠠᠬᠤ ᠪᠠ | ᠳᠦᠷᠢᠶᠡᠰᠦᠯᠡᠬᠦ ᠶᠢ ᠨᠢᠭᠡ ᠴᠣᠭᠴᠠᠵᠢᠭᠤᠯᠤᠭᠰᠠᠨ᠂ ᠲᠤᠰᠬᠠᠶᠢᠵᠢᠭᠤᠯᠤᠭᠰᠠᠨ ᠠᠵᠢᠯᠯᠠᠭᠠᠨ ᠤ ᠵᠠᠭᠪᠤᠷ ᠢ ᠪᠠᠶᠢᠭᠤᠯᠵᠤ | ᠪᠣᠯᠣᠨ᠎ᠠ᠃ ᠭᠡᠷ ᠪᠠᠶᠢᠰᠢᠩ ᠭᠠᠵᠠᠷ ᠬᠦᠷᠦᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠳ ᠤᠨ ᠰᠢᠨ᠎ᠡ ᠪᠠᠷ | ᠪᠠᠶᠢᠭᠤᠯᠵᠤ ᠪᠠᠶᠢᠭ᠎ᠠ ᠲᠠᠸᠠᠷ ᠤᠨ ᠭᠡᠷ ᠪᠠᠶᠢᠰᠢᠩ ᠢᠶᠠᠨ ᠰᠢᠭᠤᠳ ︽ᠳᠦᠷᠢᠶᠡᠰᠦᠯᠡᠭᠦᠯᠬᠦ ᠪᠠᠷ ᠬᠤᠳᠠᠯᠳᠤᠬᠤ ᠶᠢ | ᠣᠷᠤᠯᠠᠭᠤᠯᠬᠤ︾ ᠠᠷᠭ᠎ᠠ ᠮᠠᠶ᠋ᠢᠭ ᠢᠶᠠᠷ ᠳᠠᠮᠵᠢᠨ ᠠᠩᠬ᠎ᠠ ᠤᠳᠠᠭ᠎ᠠ ᠳᠤ ᠨᠢᠭᠡ ᠴᠦ ᠮᠦᠩᠭᠦ ᠲᠦᠯᠦᠬᠦ ᠦᠭᠡᠢ | ᠪᠣᠷᠤᠯᠠᠭᠤᠯᠭ᠎ᠠ ᠬᠤᠳᠠᠯᠳᠤᠭ᠎ᠠ ᠬᠢᠬᠦ ᠶᠢ ᠳᠡᠮᠵᠢᠵᠦ᠂ ᠬᠤᠳᠠᠯᠳᠤᠨ ᠠᠪᠤᠭᠴᠢᠳ ᠵᠣᠬᠢᠬᠤ ᠬᠤᠭᠤᠴᠠᠭᠠᠨ ᠳᠤᠲᠤᠷ᠎ᠠ | ᠭᠡᠷ ᠤᠨ ᠵᠤᠭᠤᠰ ︵ᠳᠦᠷᠢᠶᠡᠰᠦᠨ ᠮᠦᠩᠭᠦ︶ ᠪᠠ ᠬᠦᠦ ᠮᠦᠩᠭᠦ ᠶᠢ ᠰᠠᠷ᠎ᠠ ᠰᠠᠷ᠎ᠠ ᠪᠠᠷ ᠲᠦᠯᠦᠭᠰᠡᠨ ᠤ ᠳᠠᠷᠠᠭ᠎ᠠ ᠭᠡᠷ | ᠪᠠᠶᠢᠰᠢᠩ ᠤᠨ ᠦᠮᠴᠢᠯᠡᠬᠦ ᠡᠷᠬᠡ ᠶᠢ ᠣᠯᠵᠣ᠂ ᠮᠦᠩᠭᠦᠨ ᠭᠦᠢᠯᠭᠡᠭᠡᠨ ᠤ ᠪᠠᠶᠢᠭᠤᠯᠤᠮᠵᠢ᠂ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠨᠤᠭᠤᠳ ᠴᠢᠬᠤᠯᠠ ᠪᠦᠬᠦᠢ | ᠪᠡᠯᠡ ᠲᠣᠬᠢᠷᠠᠭᠤᠯᠭ᠎ᠠ ᠪᠠ ᠤᠷᠲᠤ ᠬᠤᠭᠤᠴᠠᠭ᠎ᠠ ᠪᠠᠷ ᠭᠡᠷ ᠪᠠᠶᠢᠰᠢᠩ ᠳᠦᠷᠢᠶᠡᠰᠦᠯᠡᠬᠦ ᠵᠢᠭᠡᠯᠡᠯᠭᠡ ᠠᠪᠬᠤ ᠶᠢ ᠳᠡᠮᠵᠢᠬᠦ | ᠬᠡᠷᠡᠭᠲᠡᠢ︔ ᠭᠡᠷ ᠪᠠᠶᠢᠰᠢᠩ ᠭᠠᠵᠠᠷ ᠬᠦᠷᠦᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠳ ᠢ ᠵᠤᠷᠢᠬᠵᠢᠭᠤᠯᠬᠤ ᠪᠠ | ᠬᠦᠲᠦᠯᠦᠨ ᠵᠢᠯᠤᠭᠤᠳᠴᠤ ᠪᠠᠶᠢᠭᠠᠳ ᠲᠡᠭᠦᠨ ᠤ ᠡᠵᠡᠮᠰᠢᠵᠦ ᠪᠠᠶᠢᠭ᠎ᠠ ᠦᠯᠡᠳᠡᠭᠡᠯ ᠭᠡᠷ ᠪᠠᠶᠢᠰᠢᠩ ᠤᠨ ᠢᠷᠡᠯᠲᠡ ᠶᠢ | ᠳᠦᠷᠢᠶᠡᠰᠦᠯᠡᠬᠦ ᠵᠠᠬ᠎ᠠ ᠳᠡᠯᠭᠡᠭᠦᠷ ᠲᠤ ᠣᠷᠣᠭᠤᠯᠬᠤ ᠪᠣᠶᠣ ᠳᠦᠷᠢᠶᠡᠰᠦᠯᠡᠬᠦ ᠬᠡᠯᠪᠡᠷᠢ ᠶᠢᠨ ᠨᠠᠰᠤᠵᠢᠯ ᠤᠨ ᠭᠠᠵᠠᠷ | ᠬᠦᠷᠦᠩᠭᠡ᠂ ᠵᠢᠭᠤᠯᠴᠢᠯᠠᠯ ᠤᠨ ᠭᠠᠵᠠᠷ ᠬᠦᠷᠦᠩᠭᠡ ᠵᠡᠷᠭᠡ ᠪᠣᠯᠭᠠᠨ ᠬᠤᠪᠢᠷᠠᠭᠤᠯᠬᠤ ᠬᠡᠷᠡᠭᠲᠡᠢ᠃ ᠭᠡᠷ ᠪᠠᠶᠢᠰᠢᠩ | ᠭᠠᠵᠠᠷ ᠬᠦᠷᠦᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠳ ᠦᠯᠡᠳᠡᠭᠡᠯ ᠭᠡᠷ ᠪᠠᠶᠢᠰᠢᠩ ᠤᠨ ᠢᠷᠡᠯᠲᠡ ᠪᠠᠨ | ᠨᠡᠶᠢᠭᠡᠮ ᠲᠡᠰᠢ ᠰᠢᠭᠤᠳ ᠳᠦᠷᠢᠶᠡᠰᠦᠯᠡᠭᠦᠯᠦᠭᠰᠡᠨ ᠪᠠᠶᠢᠪᠠᠯ᠂ ᠣᠷᠣᠨ ᠨᠤᠲᠤᠭ ᠤᠨ ᠵᠠᠰᠠᠭ ᠤᠨ ᠣᠷᠳᠤᠨ ᠠᠴᠠ | ᠳᠦᠷᠢᠶᠡᠰᠦᠯᠡᠬᠦ ᠵᠠᠬ᠎ᠠ ᠳᠡᠯᠭᠡᠭᠦᠷ ᠢ ᠪᠤᠶᠢᠵᠢᠭᠤᠯᠬᠤ ᠠᠩᠬᠠᠨ ᠤ ᠬᠤᠭᠤᠴᠠᠭᠠᠨ ᠳᠤ ᠳᠡᠮ ᠬᠦᠦ ᠶᠢᠨ ᠲᠤᠰᠠᠯᠠᠮᠵᠢ | ᠣᠯᠭᠤᠵᠣ ᠪᠣᠯᠣᠨ᠎ᠠ᠃ | ︵ᠠᠷᠪᠠᠨ ᠭᠤᠷᠪᠠ︶ ᠭᠡᠷ ᠪᠠᠶᠢᠰᠢᠩ ᠭᠠᠵᠠᠷ ᠬᠦᠷᠦᠩᠭᠡ ᠳᠤ ᠪᠡᠯᠡ ᠣᠷᠣᠭᠤᠯᠬᠤ ᠢᠲᠡᠭᠡᠮᠵᠢ | ᠨᠠᠶᠢᠳᠠᠯᠭ᠎ᠠ ᠶᠢᠨ ᠰᠠᠭᠤᠷᠢ ᠮᠦᠩᠭᠦ ︵REITs︶ ᠶᠢ ᠪᠠᠶᠢᠭᠤᠯᠬᠤ ᠲᠣᠷᠰᠢᠯᠲᠠ ᠶᠢᠨ ᠴᠢᠬ ᠢ ᠦᠷᠨᠢᠭᠦᠯᠬᠦ ᠬᠡᠷᠡᠭᠲᠡᠢ | ᠃ ᠬᠦᠬᠡᠬᠤᠲᠠ᠂ ᠪᠤᠭᠤᠳᠤ ᠬᠤᠲᠠ᠂ ᠤᠯᠠᠭᠠᠠᠬᠠᠳᠠ ᠬᠤᠲᠠ ᠶᠢ ᠰᠤᠩᠭᠤᠵᠤ ᠭᠡᠷ ᠪᠠᠶᠢᠰᠢᠩ ᠭᠠᠵᠠᠷ ᠬᠦᠷᠦᠩᠭᠡ ᠳᠤ | ᠪᠡᠯᠡ ᠣᠷᠣᠭᠤᠯᠬᠤ ᠢᠲᠡᠭᠡᠮᠵᠢ ᠨᠠᠶᠢᠳᠠᠯᠭ᠎ᠠ ᠶᠢᠨ ᠰᠠᠭᠤᠷᠢ ᠮᠦᠩᠭᠦ ︵REITs︶ ᠪᠠᠶᠢᠭᠤᠯᠬᠤ ᠲᠣᠷᠰᠢᠯᠲᠠ ᠶᠢᠨ | ᠴᠢᠬ ᠢ ᠦᠷᠨᠢᠭᠦᠯᠵᠦ᠂ ᠡᠯ᠎ᠡ ᠲᠦᠷᠦᠯ ᠤᠨ ᠬᠦᠷᠦᠩᠭᠡ ᠶᠢᠨ ᠪᠡᠯᠡ ᠣᠷᠣᠭᠤᠯᠤᠯᠲᠠ ᠶᠢᠨ REITs ᠶᠢᠨ | ᠨᠡᠷᠡᠳᠭᠦᠨ ᠢ ᠵᠤᠷᠢᠬᠵᠢᠭᠤᠯᠬᠤ ᠬᠡᠷᠡᠭᠲᠡᠢ᠃ ᠮᠦᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠤᠨ ᠭᠡᠷ ᠪᠠᠶᠢᠰᠢᠩ | ᠭᠠᠵᠠᠷ ᠬᠦᠷᠦᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠳᠤ ᠬᠠᠨᠳᠤᠭᠤᠯᠤᠨ ︽ᠳᠦᠷᠢᠶᠡᠰᠦᠯᠡᠭᠦᠯᠬᠦ ᠪᠠᠷ | ᠬᠤᠳᠠᠯᠳᠤᠬᠤ ᠶᠢ ᠣᠷᠤᠯᠠᠭᠤᠯᠬᠤ︾ ᠡᠳ᠋ ᠬᠦᠷᠦᠩᠭᠡ ᠪᠠᠷ ᠪᠡᠯᠡ ᠲᠣᠬᠢᠷᠠᠭᠤᠯᠭ᠎ᠠ ᠶᠢ ᠬᠠᠮᠤᠷᠤᠭᠰᠠᠨ ᠠᠪᠴᠠᠭᠠᠨ ᠤ | ᠡᠷᠬᠡ ᠪᠠᠨ ᠲᠡᠮᠲᠡᠭᠵᠢᠭᠦᠯᠬᠦ ᠲᠣᠬᠠᠶᠢᠯᠠᠭᠰᠠᠨ ᠠᠵᠢᠯ ᠦᠷᠨᠢᠭᠦᠯᠬᠦ ᠶᠢ ᠵᠤᠷᠢᠬᠵᠢᠭᠤᠯᠬᠤ ᠬᠡᠷᠡᠭᠲᠡᠢ᠃ ᠰᠠᠭᠤᠷᠢ ᠮᠦᠩᠭᠦ | ᠪᠣᠶᠣ ᠠᠷᠠᠳ ᠤᠨ ᠲᠤᠳᠤᠷᠠᠬᠢ ᠬᠦᠷᠦᠩᠭᠡ ᠮᠦᠩᠭᠦ ᠶᠢᠨ ᠭᠡᠷ ᠪᠠᠶᠢᠰᠢᠩ ᠳᠦᠷᠢᠶᠡᠰᠦᠯᠡᠬᠦ ᠵᠠᠬ᠎ᠠ ᠳᠡᠯᠭᠡᠭᠦᠷ ᠲᠤ | ᠣᠷᠤᠬᠤ ᠶᠢ ᠵᠤᠷᠢᠬᠵᠢᠭᠤᠯᠬᠤ ᠬᠡᠷᠡᠭᠲᠡᠢ᠃ | ︵ᠠᠷᠪᠠ ᠳᠥᠷᠪᠡ︶ ᠲᠠᠸᠠᠷ ᠤᠨ ᠣᠷᠣᠨ ᠰᠠᠭᠤᠴᠠ ᠬᠢᠭᠡᠳ ᠪᠠᠲᠤᠯᠠᠭ᠎ᠠ ᠶᠢᠨ ᠴᠢᠨᠠᠷᠲᠠᠢ ᠣᠷᠣᠨ | ᠰᠠᠭᠤᠴᠠ ᠶᠢᠨ ᠭᠦᠢᠯᠭᠡᠭᠡ ᠶᠢᠨ ᠠᠷᠭ᠎ᠠ ᠵᠠᠮ ᠢ ᠥᠷᠭᠡᠳᠭᠡᠬᠦ ᠬᠡᠷᠡᠭᠲᠡᠢ᠃ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ | ᠵᠠᠰᠠᠭ ᠤᠨ ᠣᠷᠳᠤᠨ ᠨᠢ ᠵᠠᠰᠠᠭ ᠤᠨ ᠣᠷᠳᠤᠨ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠦᠪᠡᠷ ᠤᠨ | ᠡᠵᠡᠮᠳᠡᠬᠦ ᠪᠡᠯᠡ ᠮᠦᠩᠭᠦ᠂ ᠳᠦᠭᠦᠮ ᠪᠦᠳᠦᠭᠦᠯᠢᠭ ᠣᠷᠣᠨ ᠰᠠᠭᠤᠴᠠ ᠶᠢ ᠰᠢᠨᠡᠳᠭᠡᠨ ᠪᠠᠶᠢᠭᠤᠯᠬᠤ ᠨᠦᠬᠦᠪᠦᠷᠢ ᠶᠢᠨ | ᠪᠡᠯᠡ ᠮᠦᠩᠭᠦ᠂ ᠪᠠᠩᠭᠢ ᠶᠢᠨ ᠵᠢᠭᠡᠯᠡᠯᠭᠡ ᠶᠢ ᠠᠰᠢᠭᠯᠠᠵᠤ᠂ ᠵᠠᠬ᠎ᠠ ᠳᠡᠯᠭᠡᠭᠦᠷ ᠠᠴᠠ ᠲᠠᠸᠠᠷ ᠤᠨ ᠭᠡᠷ ᠪᠠᠶᠢᠰᠢᠩ ᠢ | ᠬᠤᠳᠠᠯᠳᠤᠨ ᠠᠪᠬᠤ ᠪᠣᠶᠣ ᠳᠦᠷᠢᠶᠡᠰᠦᠯᠡᠵᠦ ᠪᠠᠶᠢᠭᠠᠳ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠳᠤ ᠬᠡᠷᠡᠭᠯᠡᠬᠦ | ᠬᠡᠷᠡᠭᠲᠡᠢ᠃ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠳᠤ ᠪᠤᠳᠠᠳᠤ ᠵᠦᠢᠯ ᠤᠨ ᠪᠠᠲᠤᠯᠠᠭ᠎ᠠ ᠪᠠᠷ ᠭᠤᠣᠯ | ᠪᠣᠯᠭᠠᠵᠤ ᠪᠠᠶᠢᠭᠰᠠᠨ ᠢ ᠪᠦᠲᠦᠭᠡᠨ ᠪᠠᠶᠢᠭᠤᠯᠬᠤ ᠪᠠ ᠳᠦᠷᠢᠶᠡᠰᠦᠯᠡᠬᠦ ᠨᠦᠬᠦᠪᠦᠷᠢ ᠶᠢ ᠵᠡᠷᠭᠡᠪᠡᠷ ᠴᠢᠬᠤᠯᠠᠴᠢᠯᠠᠬᠤ ᠲᠡᠰᠢ | ᠠᠯᠬᠤᠮ ᠠᠯᠬᠤᠮ ᠢᠶᠠᠷ ᠬᠤᠪᠢᠷᠠᠭᠤᠯᠵᠤ᠂ ︽ᠪᠠᠲᠤᠯᠠᠭ᠎ᠠ ᠶᠢᠨ ᠴᠢᠨᠠᠷᠲᠠᠢ ᠭᠡᠷ ᠪᠠᠶᠢᠰᠢᠩ ᠢ ᠪᠦᠲᠦᠭᠡᠨ ᠪᠠᠶᠢᠭᠤᠯᠬᠤ︾ | ᠪᠠ ︽ᠣᠷᠣᠨ ᠰᠠᠭᠤᠴᠠ ᠶᠢᠨ ᠨᠦᠬᠦᠪᠦᠷᠢ ᠣᠯᠭᠤᠬᠤ︾ ᠶᠢ ᠤᠶᠠᠯᠳᠤᠭᠤᠯᠬᠤ ᠶᠢ ᠪᠡᠶᠡᠯᠡᠭᠦᠯᠬᠦ ᠬᠡᠷᠡᠭᠲᠡᠢ᠃ ᠣᠯᠠᠨ | ᠨᠡᠶᠢᠲᠡ ᠶᠢᠨ ᠳᠦᠷᠢᠶᠡᠰᠦᠯᠡᠬᠦ ᠣᠷᠣᠨ ᠰᠠᠭᠤᠴᠠ ᠶᠢᠨ ᠪᠠᠲᠤᠯᠠᠭ᠎ᠠ ᠶᠢᠨ ᠨᠦᠬᠦᠴᠡᠯ ᠳᠤ ᠨᠡᠶᠢᠴᠡᠬᠦ ᠭᠡᠷ | ᠪᠦᠯᠢ ᠶᠢᠨ ᠬᠢᠨ ᠳᠦᠷᠢᠶᠡᠰᠦᠯᠡᠬᠦ ᠵᠠᠬ᠎ᠠ ᠳᠡᠯᠭᠡᠭᠦᠷ ᠢᠶᠠᠷ ᠳᠠᠮᠵᠢᠨ ᠣᠷᠣᠨ ᠰᠠᠭᠤᠴᠠ ᠶᠢᠨ ᠠᠰᠠᠭᠤᠳᠠᠯ ᠢᠶᠠᠨ | ᠰᠢᠢᠳᠪᠦᠷᠢᠯᠡᠬᠦ ᠶᠢ ᠵᠤᠷᠢᠬᠵᠢᠭᠤᠯᠤᠨ ᠳᠡᠮᠵᠢᠵᠦ᠂ ᠵᠠᠰᠠᠭ ᠤᠨ ᠣᠷᠳᠤᠨ ᠠᠴᠠ ᠵᠣᠭᠤᠰᠵᠢᠭᠤᠯᠤᠭᠰᠠᠨ ᠳᠦᠷᠢᠶᠡᠰᠦᠯᠡᠬᠦ | ᠨᠦᠬᠦᠪᠦᠷᠢ ᠶᠢ ᠲᠣᠭᠲᠠᠭᠠᠯ ᠶᠤᠰᠤᠭᠠᠷ ᠬᠠᠩᠭᠠᠬᠤ ᠬᠡᠷᠡᠭᠲᠡᠢ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ | ᠬᠤᠲᠠ᠂ ᠲᠣᠭᠤᠷᠢᠭ︶ ᠨᠤᠭᠤᠳ ᠲᠤᠰ ᠭᠠᠵᠠᠷ ᠣᠷᠣᠨ ᠤ ᠳᠦᠭᠦᠮ ᠪᠦᠳᠦᠭᠦᠯᠢᠭ ᠣᠷᠣᠨ ᠰᠠᠭᠤᠴᠠ᠂ ᠬᠠᠭᠤᠴᠢᠨ | ᠬᠤᠲᠠ ᠲᠣᠭᠤᠷᠢᠭ ᠢ ᠰᠢᠨᠡᠳᠭᠡᠨ ᠪᠠᠶᠢᠭᠤᠯᠵᠤ ᠪᠤᠴᠠᠭᠠᠨ ᠨᠡᠭᠦᠯᠭᠡᠵᠦ ᠲᠦᠪᠬᠢᠨᠡᠭᠦᠯᠬᠦ ᠪᠠ ᠦᠯᠡᠳᠡᠭᠡᠯ ᠲᠠᠸᠠᠷ ᠤᠨ | ᠣᠷᠣᠨ ᠰᠠᠭᠤᠴᠠ ᠶᠢᠨ ᠪᠠᠶᠢᠳᠠᠯ ᠢ ᠨᠢᠭᠡᠲᠦᠯᠲᠡᠢ ᠲᠦᠯᠦᠪᠯᠡᠨ ᠪᠤᠳᠤᠯᠬᠢᠯᠠᠵᠤ᠂ ᠦᠯᠡᠳᠡᠭᠡᠯ ᠲᠠᠸᠠᠷ ᠤᠨ ᠣᠷᠣᠨ | ᠰᠠᠭᠤᠴᠠ ᠶᠢ ᠪᠤᠴᠠᠭᠠᠨ ᠬᠤᠳᠠᠯᠳᠤᠵᠤ ᠠᠪᠬᠤ ᠠᠷᠭ᠎ᠠ ᠮᠠᠶ᠋ᠢᠭ ᠢ ᠬᠡᠷᠡᠭᠯᠡᠨ ᠳᠦᠭᠦᠮ ᠪᠦᠳᠦᠭᠦᠯᠢᠭ ᠣᠷᠣᠨ ᠰᠠᠭᠤᠴᠠ | ᠂ ᠬᠠᠭᠤᠴᠢᠨ ᠬᠤᠲᠠ ᠲᠣᠭᠤᠷᠢᠭ ᠢ ᠰᠢᠨᠡᠳᠭᠡᠨ ᠪᠠᠶᠢᠭᠤᠯᠵᠤ ᠪᠤᠴᠠᠭᠠᠨ ᠨᠡᠭᠦᠯᠭᠡᠵᠦ ᠲᠦᠪᠬᠢᠨᠡᠭᠦᠯᠬᠦ ᠭᠡᠷ | ᠪᠠᠶᠢᠰᠢᠩ ᠤᠨ ᠢᠷᠡᠯᠲᠡ ᠶᠢ ᠰᠢᠢᠳᠪᠦᠷᠢᠯᠡᠬᠦ ᠬᠡᠷᠡᠭᠲᠡᠢ᠃ ᠲᠠᠸᠠᠷ ᠤᠨ ᠣᠷᠣᠨ ᠰᠠᠭᠤᠴᠠ ᠶᠢᠨ ᠦᠯᠡᠳᠡᠭᠡᠯ ᠢᠶᠠᠷ | ᠨᠡᠯᠢᠶᠡᠳ ᠶᠡᠭᠡ᠂ ᠪᠤᠷᠤᠯᠠᠭᠤᠯᠵᠤ ᠳᠠᠭᠤᠰᠬᠠᠬᠤ ᠦᠶᠡᠯᠡᠯ ᠨᠢ ᠨᠡᠯᠢᠶᠡᠳ ᠤᠷᠲᠤ ᠪᠠᠶᠢᠭ᠎ᠠ ᠭᠠᠵᠠᠷ ᠣᠷᠣᠨ ᠨᠤᠭᠤᠳ | ᠣᠯᠠᠨ ᠨᠡᠶᠢᠲᠡ ᠶᠢᠨ ᠳᠦᠷᠢᠶᠡᠰᠦᠯᠡᠬᠦ ᠣᠷᠣᠨ ᠰᠠᠭᠤᠴᠠ ᠶᠢᠨ ᠭᠡᠷ ᠪᠠᠶᠢᠰᠢᠩ ᠤᠨ ᠢᠷᠡᠯᠲᠡ ᠪᠠ ᠳᠦᠭᠦᠮ | ᠪᠦᠳᠦᠭᠦᠯᠢᠭ ᠣᠷᠣᠨ ᠰᠠᠭᠤᠴᠠ᠂ ᠬᠠᠭᠤᠴᠢᠨ ᠬᠤᠲᠠ ᠲᠣᠭᠤᠷᠢᠭ ᠢ ᠰᠢᠨᠡᠳᠭᠡᠨ ᠪᠠᠶᠢᠭᠤᠯᠵᠤ ᠲᠥᠪᠬᠢᠨᠡᠭᠦᠯᠬᠦ ᠭᠡᠷ | ᠪᠠᠶᠢᠰᠢᠩ ᠤᠨ ᠢᠷᠡᠯᠲᠡ ᠶᠢᠨ ᠬᠤᠷᠠᠮᠳᠤᠭᠤᠯᠬᠤ ᠠᠵᠢᠯ ᠢ ᠵᠠᠷᠴᠢᠮ ᠳᠡᠭᠡᠷ᠎ᠡ ᠪᠠᠨ ᠴᠦᠮ ᠦᠯᠡᠳᠡᠭᠡᠯ ᠲᠠᠸᠠᠷ ᠤᠨ | ᠣᠷᠣᠨ ᠰᠠᠭᠤᠴᠠ ᠶᠢ ᠪᠤᠴᠠᠭᠠᠨ ᠬᠤᠳᠠᠯᠳᠤᠵᠤ ᠠᠪᠬᠤ ᠠᠷᠭ᠎ᠠ ᠮᠠᠶ᠋ᠢᠭ ᠢᠶᠠᠷ ᠰᠢᠢᠳᠪᠦᠷᠢᠯᠡᠵᠦ᠂ ᠦᠯᠡᠳᠡᠭᠡᠯ | ᠲᠠᠸᠠᠷ ᠤᠨ ᠣᠷᠣᠨ ᠰᠠᠭᠤᠴᠠ ᠨᠢ ᠭᠡᠷ ᠪᠠᠶᠢᠰᠢᠩ ᠤᠨ ᠢᠷᠡᠯᠲᠡ ᠶᠢ ᠦᠨᠡᠬᠡᠷ ᠬᠠᠩᠭᠠᠵᠤ ᠳᠡᠶᠢᠯᠬᠦ ᠦᠭᠡᠢ ᠪᠠᠶᠢᠪᠠᠯ᠂ | ᠰᠠᠶ᠋ᠢ ᠲᠣᠬᠢᠷᠠᠮᠵᠢᠲᠠᠢ ᠪᠠᠷ ᠰᠢᠨ᠎ᠡ ᠶᠢ ᠪᠠᠶᠢᠭᠤᠯᠵᠤ ᠪᠣᠯᠣᠨ᠎ᠠ᠃ | ︵ᠠᠷᠪᠠᠨ ᠲᠠᠪᠤ︶ ᠲᠠᠸᠠᠷ ᠤᠨ ᠣᠷᠣᠨ ᠰᠠᠭᠤᠴᠠ ᠬᠤᠳᠠᠯᠳᠤᠨ ᠠᠪᠬᠤ ᠪᠠᠷ ᠭᠡᠷ ᠪᠠᠶᠢᠰᠢᠩ ᠲᠠᠲᠠᠪᠤᠷᠢᠯᠠᠵᠤ | ᠵᠣᠭᠤᠰᠵᠢᠭᠤᠯᠤᠨ ᠲᠥᠪᠬᠢᠨᠡᠭᠦᠯᠬᠦ ᠶᠢ ᠰᠢᠢᠳᠪᠦᠷᠢᠯᠡᠬᠦ ᠪᠠᠨ ᠢᠳᠡᠪᠬᠢᠲᠡᠢ ᠬᠡᠷᠡᠭᠵᠢᠭᠦᠯᠬᠦ ᠬᠡᠷᠡᠭᠲᠡᠢ᠃ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠡᠯ᠎ᠡ ᠬᠤᠰᠢᠭᠤ ᠰᠢᠶᠠᠨ ︵ᠬᠤᠲᠠ᠂ | ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠤᠭᠤᠳ ᠵᠣᠭᠤᠰᠵᠢᠭᠤᠯᠤᠨ ᠲᠥᠪᠬᠢᠨᠡᠭᠦᠯᠬᠦ ᠶᠢᠨ ᠦᠯᠡᠳᠡᠭᠡᠯ | ᠲᠠᠸᠠᠷ ᠤᠨ ᠣᠷᠣᠨ ᠰᠠᠭᠤᠴᠠ ᠶᠢ ᠰᠤᠩᠭᠤᠵᠤ ᠬᠤᠳᠠᠯᠳᠤᠨ ᠠᠪᠬᠤ ᠦᠢᠯᠡᠴᠢᠯᠡᠭᠡᠨ ᠤ ᠲᠡᠪᠴᠡᠩ ᠢ ᠪᠠᠶᠢᠭᠤᠯᠵᠤ᠂ | ᠲᠠᠲᠠᠪᠤᠷᠢᠯᠠᠭᠳᠠᠭᠰᠠᠨ ᠬᠦᠮᠦᠰ ᠤᠨ ᠭᠡᠷ ᠪᠠᠶᠢᠰᠢᠩ ᠬᠤᠳᠠᠯᠳᠤᠨ ᠠᠪᠬᠤ ᠳᠤ ᠳᠦᠭᠦᠮ ᠦᠵᠡᠭᠦᠯᠬᠦ ᠬᠡᠷᠡᠭᠲᠡᠢ᠃ | ᠲᠠᠲᠠᠪᠤᠷᠢᠯᠠᠭᠳᠠᠭᠰᠠᠨ ᠬᠦᠮᠦᠰ ᠢ ᠵᠣᠭᠤᠰᠵᠢᠭᠤᠯᠤᠨ ᠲᠦᠪᠬᠢᠨᠡᠭᠦᠯᠬᠦ ᠳᠡᠭᠡᠨ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ | ᠵᠠᠰᠠᠭ ᠤᠨ ᠣᠷᠳᠤᠨ᠂ ᠲᠠᠲᠠᠪᠤᠷᠢᠯᠠᠭᠳᠠᠭᠰᠠᠨ ᠬᠦᠮᠦᠰ ᠢ ᠨᠢᠭᠡᠲᠦᠯᠲᠡᠢ ᠵᠣᠬᠢᠶᠠᠨ ᠪᠠᠶᠢᠭᠤᠯᠵᠤ ᠪᠠᠶᠢᠭᠠᠳ ᠲᠠᠸᠠᠷ ᠤᠨ | ᠣᠷᠣᠨ ᠰᠠᠭᠤᠴᠠ ᠬᠤᠳᠠᠯᠳᠤᠨ ᠠᠪᠤᠭᠤᠯᠬᠤ ᠶᠢᠨ ᠬᠠᠮᠲᠤ ᠲᠠᠸᠠᠷ ᠤᠨ ᠣᠷᠣᠨ ᠰᠠᠭᠤᠴᠠ ᠶᠢ ᠨᠡᠭᠡᠭᠡᠨ | ᠬᠥᠭᠵᠢᠭᠦᠯᠵᠦ ᠪᠦᠲᠦᠭᠡᠨ ᠪᠠᠶᠢᠭᠤᠯᠤᠭᠰᠠᠨ ᠨᠢᠭᠡᠴᠡ ᠠᠴᠠ ᠲᠠᠲᠠᠪᠤᠷᠢᠯᠠᠭᠳᠠᠭᠰᠠᠨ ᠬᠦᠮᠦᠰ ᠲᠤ ︽ᠬᠠᠮᠲᠤ ᠪᠠᠷ ᠢᠶᠠᠨ | ᠬᠤᠳᠠᠯᠳᠤᠨ ᠠᠪᠬᠤ︾ ᠬᠠᠷᠠᠭᠠᠯᠵᠠᠯ ᠦᠵᠡᠭᠦᠯᠬᠦ ᠪᠣᠶᠣ ᠤᠯᠤᠰ ᠤᠨ ᠨᠡᠭᠡᠭᠡᠯᠲᠡ ᠶᠢᠨ ᠪᠠᠩᠬᠢ ᠶᠢᠨ ᠳᠦᠭᠦᠮ | ᠪᠦᠳᠦᠭᠦᠯᠢᠭ ᠣᠷᠣᠨ ᠰᠠᠭᠤᠴᠠ ᠶᠢ ᠰᠢᠨᠡᠳᠭᠡᠨ ᠪᠠᠶᠢᠭᠤᠯᠬᠤ ᠲᠥᠷᠥ ᠶᠢᠨ ᠪᠣᠳᠣᠯᠭ᠎ᠠ ᠶᠢᠨ ᠴᠢᠨᠠᠷᠲᠠᠢ ᠵᠢᠭᠡᠯᠡᠯᠭᠡ ᠶᠢ | ᠬᠡᠷᠡᠭᠯᠡᠨ᠂ ᠵᠠᠰᠠᠭ ᠤᠨ ᠣᠷᠳᠤᠨ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠲᠠᠸᠠᠷ ᠤᠨ ᠣᠷᠣᠨ ᠰᠠᠭᠤᠴᠠ ᠶᠢ | ᠨᠦᠬᠡᠴᠡᠯᠡᠵᠦ᠂ ᠵᠣᠭᠤᠰᠵᠢᠭᠤᠯᠤᠨ ᠲᠥᠪᠬᠢᠨᠡᠭᠦᠯᠬᠦ ᠶᠢ ᠬᠡᠷᠡᠭᠵᠢᠭᠦᠯᠦᠭᠰᠡᠨ ᠳᠦᠭᠦᠮ ᠪᠦᠳᠦᠭᠦᠯᠢᠭ ᠣᠷᠣᠨ | ᠰᠠᠭᠤᠴᠠ ᠶᠢ ᠰᠢᠨᠡᠳᠭᠡᠨ ᠪᠠᠶᠢᠭᠤᠯᠬᠤ ᠳᠤ ᠲᠠᠲᠠᠪᠤᠷᠢᠯᠠᠭᠳᠠᠭᠰᠠᠨ ᠬᠦᠮᠦᠰ ᠤᠨ ᠰᠤᠩᠭᠤᠵᠤ ᠬᠤᠳᠠᠯᠳᠤᠨ ᠠᠪᠬᠤ ᠶᠢ | ᠬᠠᠩᠭᠠᠬᠤ ᠬᠡᠷᠡᠭᠲᠡᠢ᠃ ᠲᠠᠲᠠᠪᠤᠷᠢᠯᠠᠭᠳᠠᠭᠰᠠᠨ ᠬᠦᠮᠦᠰ ᠵᠤᠭᠤᠰᠵᠢᠭᠤᠯᠤᠨ ᠲᠦᠪᠬᠢᠨᠡᠭᠦᠯᠬᠦ ᠨᠦᠬᠦᠪᠦᠷᠢ ᠶᠢᠨ | ᠵᠣᠭᠤᠰ ᠢᠶᠠᠷ ᠢᠶᠠᠨ ᠲᠠᠸᠠᠷ ᠤᠨ ᠣᠷᠣᠨ ᠰᠠᠭᠤᠴᠠ ᠬᠤᠳᠠᠯᠳᠤᠨ ᠠᠪᠤᠭᠰᠠᠨ ᠤ ᠳᠠᠷᠠᠭ᠎ᠠ᠂ ︽ᠭᠡᠷ ᠪᠠᠶᠢᠰᠢᠩ | ᠬᠤᠳᠠᠯᠳᠤᠨ ᠠᠪᠤᠭᠰᠠᠨ ᠭᠡᠷ᠎ᠡ︾ ᠪᠣᠯᠣᠨ ᠭᠡᠷ ᠪᠠᠶᠢᠰᠢᠩ ᠲᠠᠲᠠᠪᠤᠷᠢᠯᠠᠬᠤ ᠰᠠᠯᠠᠭ᠎ᠠ ᠮᠦᠴᠢᠷ ᠠᠴᠠ ᠭᠠᠷᠭᠠᠭᠰᠠᠨ | ᠵᠤᠭᠤᠰᠵᠢᠭᠤᠯᠤᠨ ᠲᠦᠪᠬᠢᠨᠡᠭᠦᠯᠬᠦ ᠭᠡᠷᠡᠴᠢ ᠪᠠᠷ ᠢᠶᠠᠨ ᠡᠷᠦᠬᠡ ᠠᠮᠠ ᠨᠡᠭᠦᠵᠦ ᠣᠷᠣᠬᠤ ᠭᠠᠷᠳᠠᠮ ᠭᠦᠢᠴᠡᠳᠭᠡᠬᠦ ᠶᠢᠨ | ᠬᠠᠮᠲᠤ᠂ ᠦᠷ᠎ᠡ ᠬᠡᠦᠬᠡᠳ ᠤᠨ ᠢᠶᠠᠨ ᠰᠤᠷᠭᠠᠭᠤᠯᠢ ᠳᠤ ᠣᠷᠤᠬᠤ ᠪᠠ ᠰᠤᠷᠭᠠᠭᠤᠯᠢ ᠰᠢᠯᠵᠢᠬᠦ ᠵᠡᠷᠭᠡ ᠭᠠᠷᠳᠠᠮ ᠢ | ᠲᠣᠬᠠᠢ ᠶᠢᠨ ᠭᠠᠵᠠᠷ ᠣᠷᠣᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ | ᠮᠦᠴᠢᠷ ᠤᠨ ᠬᠠᠮᠢᠶ᠎ᠠ ᠪᠦᠬᠦᠢ ᠲᠣᠭᠲᠠᠭᠠᠯ ᠶᠤᠰᠤᠭᠠᠷ ᠭᠦᠢᠴᠡᠳᠭᠡᠵᠦ ᠪᠣᠯᠣᠨ᠎ᠠ︔ ᠵᠤᠭᠤᠰᠵᠢᠭᠤᠯᠤᠨ ᠲᠦᠪᠬᠢᠨᠡᠭᠦᠯᠬᠦ | ᠬᠡᠯᠡᠯᠴᠡᠭᠡᠷ ᠲᠣᠭᠲᠠᠭᠰᠠᠨ ᠡᠳᠦᠷ ᠠᠴᠠ ᠡᠬᠢᠯᠡᠵᠦ 2 ᠵᠢᠯ ᠤᠨ ᠳᠤᠲᠤᠷ᠎ᠠ᠂ ᠲᠠᠲᠠᠪᠤᠷᠢᠯᠠᠭᠳᠠᠭᠰᠠᠨ ᠬᠦᠮᠦᠰ ᠤᠨ | ᠦᠷ᠎ᠡ ᠬᠡᠦᠬᠡᠳ ᠨᠢ ᠮᠦᠨᠬᠦ ᠣᠣᠯ ᠤᠨ ᠲᠠᠲᠠᠪᠤᠷᠢᠯᠠᠭᠳᠠᠭᠰᠠᠨ ᠣᠷᠣᠨ ᠰᠠᠭᠤᠴᠠ ᠶᠢᠨ ᠲᠣᠭᠤᠷᠢᠭ ᠲᠠᠬᠢ | ᠰᠤᠷᠭᠠᠭᠤᠯᠢ ᠳᠤ ᠣᠷᠣᠵᠣ ᠪᠣᠯᠣᠨ᠎ᠠ᠂ ᠰᠤᠷᠭᠠᠭᠤᠯᠢ ᠨᠢ ᠠᠳᠠᠯᠢ ᠨᠢᠭᠡ ᠲᠣᠭᠤᠷᠢᠭ ᠤᠨ ᠰᠤᠷᠤᠭᠴᠢ ᠪᠠᠷ ᠦᠵᠡᠵᠦ | ᠲᠡᠳᠡᠨᠦᠰ ᠢ ᠬᠦᠯᠢᠶᠡᠨ ᠠᠪᠴᠤ ᠰᠤᠷᠭᠠᠭᠤᠯᠢ ᠳᠠᠭᠠᠨ ᠡᠯᠰᠡᠬᠦ ᠬᠡᠷᠡᠭᠲᠡᠢ᠃ | ︵ᠠᠷᠪᠠᠨ ᠵᠢᠷᠭᠤᠭ᠎ᠠ︶ ᠦᠯᠡᠳᠡᠭᠡᠯ ᠲᠠᠸᠠᠷ ᠤᠨ ᠣᠷᠣᠨ ᠰᠠᠭᠤᠴᠠ ᠶᠢ ᠰᠤᠩᠭᠤᠬᠤ ᠪᠠᠷ ᠳᠠᠮᠵᠢᠵᠤ | ᠬᠤᠶᠢᠰᠢᠯᠠᠭᠤᠯᠤᠨ ᠪᠣᠴᠠᠭᠠᠵᠤ ᠨᠡᠭᠦᠯᠭᠡᠵᠦ ᠲᠦᠪᠬᠢᠨᠡᠭᠦᠯᠬᠦ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠡᠯ᠎ᠡ ᠬᠤᠰᠢᠭᠤ ᠰᠢᠶᠠᠨ ︵ᠬᠤᠲᠠ᠂ | ᠲᠣᠭᠤᠷᠢᠭ︶ ᠤ ᠠᠷᠠᠳ ᠤᠨ ᠵᠠᠰᠠᠭ ᠤᠨ ᠣᠷᠳᠤᠨ ᠨᠢ ᠭᠡᠷ ᠪᠠᠶᠢᠰᠢᠩ ᠭᠠᠵᠠᠷ ᠬᠦᠷᠦᠩᠭᠡ ᠶᠢᠨ ᠨᠡᠭᠡᠭᠡᠯᠲᠡ ᠶᠢᠨ | ᠠᠵᠤ ᠠᠬᠤᠶᠢᠯᠠᠯ ᠤᠨ ᠬᠤᠶᠢᠰᠢᠯᠠᠭᠤᠯᠤᠨ ᠪᠤᠴᠠᠭᠠᠵᠤ ᠨᠡᠭᠦᠯᠭᠡᠬᠦ ᠠᠰᠠᠭᠤᠳᠠᠯ ᠢ ᠲᠣᠬᠢᠷᠠᠮᠵᠢᠲᠠᠢ ᠰᠢᠢᠳᠪᠦᠷᠢᠯᠡᠵᠦ᠂ | ᠨᠡᠶᠢᠭᠡᠮ ᠤᠨ ᠲᠣᠭᠲᠠᠭᠤᠨ ᠢ ᠨᠦᠯᠦᠭᠡᠯᠡᠬᠦ ᠪᠦᠯᠦᠭᠰᠢᠷᠡᠯ ᠤᠨ ᠴᠢᠨᠠᠷᠲᠠᠢ ᠬᠡᠷᠡᠭ ᠡᠭᠦᠰᠬᠦ ᠠᠴᠠ ᠵᠠᠶᠢᠯᠠᠰᠬᠢᠬᠦ ᠬᠡᠷᠡᠭᠲᠡᠢ᠃ | ᠪᠠᠷᠢᠯᠭ᠎ᠠ ᠶᠢᠨ ᠲᠦᠷᠦᠯ ᠵᠦᠢᠯ ᠤᠨ ᠣᠷᠤᠢ ᠶᠢ ᠨᠢ ᠨᠢᠭᠡᠨᠲᠡ ᠠᠳᠠᠭᠠᠷᠯᠠᠵᠤ᠂ ᠪᠠᠷᠢᠯᠭ᠎ᠠ ᠲᠤᠰᠢᠶᠠᠬᠤ ᠨᠦᠬᠦᠴᠡᠯ ᠳᠤ | ᠦᠨᠳᠦᠰᠦᠨ ᠳᠡᠭᠡᠨ ᠬᠦᠷᠦᠭᠰᠡᠨ ᠪᠠᠶᠢᠪᠠᠯ᠂ ᠡᠯ᠎ᠡ ᠵᠦᠢᠯ ᠤᠨ ᠳᠦᠬᠦᠷᠵᠢᠭᠦᠯᠬᠦ ᠪᠦᠲᠦᠭᠡᠨ ᠪᠠᠶᠢᠭᠤᠯᠤᠯᠲᠠ ᠶᠢ | ᠲᠦᠷᠭᠡᠳᠭᠡᠨ᠂ ᠡᠯ᠎ᠡ ᠵᠦᠢᠯ ᠤᠨ ᠭᠠᠷᠳᠠᠮ ᠢ ᠱᠠᠯᠠᠪᠳᠠᠨ ᠭᠦᠢᠴᠡᠳᠭᠡᠵᠦ᠂ ᠪᠠᠷᠢᠯᠭ᠎ᠠ ᠶᠢ ᠡᠷᠲᠡᠬᠡᠨ ᠲᠤᠰᠢᠶᠠᠵᠤ | ᠬᠡᠷᠡᠭᠯᠡᠭᠦᠯᠬᠦ ᠬᠡᠷᠡᠭᠲᠡᠢ᠃ ᠪᠡᠯᠡ ᠮᠦᠩᠭᠦ ᠵᠡᠷᠭᠡ ᠠᠰᠠᠭᠤᠳᠠᠯ ᠠᠴᠠ ᠪᠣᠯᠵᠤ ᠣᠬᠤᠷ ᠬᠤᠭᠤᠴᠠᠭᠠᠨ ᠳᠤ ᠪᠠᠷᠢᠯᠭ᠎ᠠ ᠪᠠᠨ | ᠬᠡᠪ ᠤᠨ ᠪᠠᠶᠢᠳᠠᠯ ᠢᠶᠠᠷ ᠳᠠᠭᠤᠰᠬᠠᠬᠤ ᠶᠢᠨ ᠠᠷᠭ᠎ᠠ ᠦᠭᠡᠢ ᠪᠣᠶᠣ ᠳᠠᠭᠤᠰᠬᠠᠵᠤ ᠲᠡᠶᠢᠯᠬᠦ ᠦᠭᠡᠢ ᠲᠦᠷᠦᠯ ᠵᠦᠢᠯ ᠢ | ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠤᠭᠤᠳ ᠨᠡᠭᠡᠭᠡᠨ ᠬᠥᠭᠵᠢᠭᠦᠯᠵᠦ ᠪᠦᠲᠦᠭᠡᠨ | ᠪᠠᠶᠢᠭᠤᠯᠬᠤ ᠨᠢᠭᠡᠴᠡ ᠯᠦᠭᠡ ᠨᠢᠭᠡᠳ ᠨᠢᠭᠡ ᠪᠠᠷ ᠵᠠᠯᠭᠠᠯᠳᠤᠭᠤᠯᠵᠤ᠂ ᠰᠢᠢᠳᠪᠦᠷᠢᠯᠡᠬᠦ ᠠᠷᠭ᠎ᠠ ᠮᠠᠶ᠋ᠢᠭ ᠪᠣᠯᠣᠨ ᠠᠷᠭ᠎ᠠ | ᠬᠡᠮᠵᠢᠶ᠎ᠠ ᠶᠢ ᠨᠠᠶᠢᠳᠠᠪᠤᠷᠢᠵᠢᠭᠤᠯᠤᠨ᠂ ᠪᠤᠰᠤᠳ ᠭᠠᠵᠠᠷ ᠠᠴᠠ ᠦᠯᠡᠳᠡᠭᠡᠯ ᠲᠠᠸᠠᠷ ᠤᠨ ᠣᠷᠣᠨ ᠰᠠᠭᠤᠴᠠ ᠰᠤᠩᠭᠤᠨ | ᠲᠦᠪᠬᠢᠨᠠᠭᠦᠯᠬᠦ ᠠᠷᠭ᠎ᠠ ᠶᠢ ᠬᠡᠷᠡᠭᠯᠡᠵᠦ ᠪᠠᠶᠢᠭᠠᠳ ᠲᠠᠲᠠᠪᠤᠷᠢᠯᠠᠭᠳᠠᠭᠰᠠᠨ ᠬᠦᠮᠦᠰ ᠤᠨ ᠣᠷᠣᠨ ᠰᠠᠭᠤᠴᠠ ᠶᠢᠨ | ᠠᠰᠠᠭᠤᠳᠠᠯ ᠢ ᠰᠢᠢᠳᠪᠦᠷᠢᠯᠡᠵᠦ᠂ ᠲᠠᠲᠠᠪᠤᠷᠢᠯᠠᠭᠳᠠᠭᠰᠠᠨ ᠬᠦᠮᠦᠰ ᠤᠨ ᠬᠠᠤᠯᠢ ᠶᠣᠰᠤᠨ ᠤ ᠡᠷᠬᠡ ᠠᠰᠢᠭ ᠢ ᠦᠨᠡᠨᠬᠦ | ᠬᠠᠮᠠᠭᠠᠯᠠᠬᠤ ᠬᠡᠷᠡᠭᠲᠡᠢ᠃ | ᠳᠥᠷᠪᠡ᠂ ᠰᠦᠢᠳᠭᠡᠯ ᠬᠤᠷᠢᠶᠠᠬᠤ ᠠᠵᠢᠯᠯᠠᠭ᠎ᠠ ᠶᠢ ᠵᠢᠷᠤᠮᠵᠢᠭᠤᠯᠵᠤ᠂ ᠭᠠᠶᠢᠯᠢ ᠰᠦᠢᠳᠭᠡᠯ ᠤᠨ ᠲᠥᠷᠥ ᠶᠢᠨ | ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠬᠤ ᠬᠡᠷᠡᠭᠲᠡᠢ | ︵ᠠᠷᠪᠠᠨ ᠳᠤᠯᠤᠭ᠎ᠠ︶ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠣᠷᠣᠨ ᠰᠠᠭᠤᠴᠠ ᠶᠢᠨ ᠪᠣᠷᠤᠯᠠᠭᠤᠯᠬᠤ ᠪᠠ | ᠣᠷᠣᠵᠣ ᠰᠠᠭᠤᠬᠤ ᠲᠠᠯ᠎ᠠ ᠪᠠᠷ ᠬᠢ ᠰᠦᠢᠳᠭᠡᠯ ᠬᠤᠷᠢᠶᠠᠬᠤ ᠠᠵᠢᠯᠯᠠᠭ᠎ᠠ ᠶᠢ ᠢᠯᠭᠠᠷᠠᠭᠤᠯᠤᠨ ᠵᠢᠷᠤᠮᠵᠢᠭᠤᠯᠬᠤ | ᠬᠡᠷᠡᠭᠲᠡᠢ᠃ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠠᠰᠠᠷ ᠤᠨ ᠡᠭᠦᠳᠡ᠂ ᠴᠠᠬᠢᠯᠭᠠᠨ ᠱᠠᠲᠤ᠂ | ᠠᠰᠠᠷ ᠤᠨ ᠬᠤᠩᠭᠢᠯ ᠤᠨ ᠬᠡᠷᠡᠯᠲᠦᠭᠦᠯᠭᠡ ᠵᠡᠷᠭᠡ ᠭᠡᠷ ᠪᠠᠶᠢᠰᠢᠩ ᠤᠨ ᠳᠠᠭᠠᠯᠳᠤᠭᠤᠯᠤᠭᠰᠠᠨ ᠪᠡᠯᠡᠳᠭᠡᠮᠵᠢ ᠵᠢᠴᠢ ᠤᠰᠤ | ᠂ ᠴᠠᠬᠢᠯᠭᠠᠨ᠂ ᠰᠢᠲᠠᠮᠠᠬᠠᠢ ᠬᠡᠢ᠂ ᠢᠯᠴᠢ ᠬᠠᠩᠭᠠᠬᠤ᠂ ᠴᠢᠮᠡᠭᠡ ᠬᠤᠯᠪᠣᠭ᠎ᠠ᠂ ᠤᠲᠠᠰᠤᠲᠤ ᠲᠧᠯᠸᠢᠰ ᠵᠡᠷᠭᠡ ᠶᠢᠨ | ᠪᠦᠲᠦᠭᠡᠨ ᠪᠠᠶᠢᠭᠤᠯᠵᠤ ᠤᠭᠰᠠᠷᠠᠬᠤ ᠰᠦᠢᠳᠭᠡᠯ ᠪᠦᠬᠦᠨ ᠢ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ | ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠶᠡᠷᠦᠩᠬᠡᠢ ᠦᠪᠡᠷ ᠤᠨ ᠥᠷᠲᠡᠭ ᠲᠤ ᠪᠤᠳᠤᠵᠤ ᠣᠷᠤᠭᠤᠯᠤᠨ᠎ᠠ᠂ | ᠭᠡᠷ ᠪᠠᠶᠢᠰᠢᠩ ᠬᠤᠳᠠᠯᠳᠤᠨ ᠠᠪᠤᠭᠴᠢ ᠠᠴᠠ ᠭᠡᠷ ᠪᠠᠶᠢᠰᠢᠩ ᠤᠨ ᠦᠨ᠎ᠡ ᠠᠴᠠ ᠭᠠᠳᠠᠨᠠᠬᠢ ᠪᠤᠰᠤᠳ ᠰᠦᠢᠳᠭᠡᠯ ᠢ | ᠬᠤᠷᠢᠶᠠᠵᠤ ᠪᠣᠯᠬᠤ ᠦᠭᠡᠢ᠃ ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ | ᠦᠭᠡᠷᠡᠴᠢᠯᠡᠯᠲᠡ ᠶᠢᠨ ᠵᠦᠪᠯᠡᠯ᠂ ᠠᠵᠤ ᠠᠬᠤᠢ ᠪᠠ ᠮᠡᠳᠡᠭᠡ ᠵᠠᠩᠬᠢᠵᠢᠯᠲᠠ ᠶᠢᠨ ᠵᠦᠪᠯᠡᠯ ᠠᠴᠠ ᠬᠠᠮᠲᠤᠷᠠᠵᠤ | ᠳᠠᠷᠤᠮᠠᠯᠯᠠᠨ ᠶᠠᠪᠤᠭᠤᠯᠤᠭᠰᠠᠨ ︽ᠪᠦᠬᠦ ᠣᠷᠣᠨ ᠤ ᠠᠵᠤ ᠠᠬᠤᠶᠢᠯᠠᠯ ᠳᠤ ᠬᠤᠯᠪᠤᠭᠳᠠᠬᠤ ᠵᠠᠰᠠᠭ ᠵᠠᠬᠢᠷᠭ᠎ᠠ ᠠᠵᠢᠯ | ᠦᠢᠯᠡᠰ ᠤᠨ ᠴᠢᠨᠠᠷᠲᠠᠢ ᠰᠦᠢᠳᠭᠡᠯ ᠬᠤᠷᠢᠶᠠᠬᠤ ᠪᠠ ᠵᠠᠰᠠᠭ ᠤᠨ ᠣᠷᠳᠤᠨ ᠤ ᠴᠢᠨᠠᠷᠲᠠᠢ ᠰᠠᠭᠤᠷᠢ ᠮᠦᠩᠭᠦ ᠶᠢᠨ | ᠭᠠᠷᠴᠠᠭᠯᠠᠯ ᠤᠨ ᠨᠠᠷᠢᠨ ᠬᠠᠭᠤᠳᠠᠰᠤ ᠶᠢ ᠨᠡᠶᠢᠲᠡᠯᠡᠬᠦ ᠲᠤᠬᠠᠢ ᠮᠡᠳᠡᠭᠳᠡᠯ︾ ︵ᠦᠪᠦᠷ ᠵᠠᠰᠠᠭ ᠪᠤᠰᠤ ᠭᠠᠶᠢᠯᠢ ﹇ | 2015﹈ 74 ᠳ᠋ᠤᠭᠡᠷ ᠲᠣᠭᠠᠲᠤ︶ ᠤᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ︽ᠦᠪᠦᠷ ᠮᠣᠩᠭᠤᠯ ᠤᠨ | ᠦᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠳᠤ ᠬᠤᠯᠪᠤᠭᠳᠠᠬᠤ ᠵᠠᠰᠠᠭ ᠵᠠᠬᠢᠷᠭ᠎ᠠ ᠠᠵᠢᠯ ᠦᠢᠯᠡᠰ ᠤᠨ | ᠴᠢᠨᠠᠷᠲᠠᠢ ᠰᠦᠢᠳᠭᠡᠯ ᠬᠤᠷᠢᠶᠠᠬᠤ ᠭᠠᠷᠴᠠᠭᠯᠠᠯ ᠤᠨ ᠨᠠᠷᠢᠨ ᠬᠠᠭᠤᠳᠠᠰᠤ︾ ᠪᠠ ︽ᠦᠪᠦᠷ ᠮᠣᠩᠭᠤᠯ ᠤᠨ | ᠦᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠤᠨ ᠣᠷᠳᠤᠨ ᠤ ᠴᠢᠨᠠᠷᠲᠠᠢ ᠰᠠᠭᠤᠷᠢ | ᠮᠦᠩᠭᠦ ᠶᠢᠨ ᠭᠠᠷᠴᠠᠭᠯᠠᠯ ᠤᠨ ᠨᠠᠷᠢᠨ ᠬᠠᠭᠤᠳᠠᠰᠤ︾ ᠳᠤ ᠣᠷᠤᠭᠤᠯᠤᠭᠰᠠᠨ ᠦᠭᠡᠢ ᠠᠯᠢᠪᠠ ᠰᠦᠢᠳᠭᠡᠯ ᠬᠤᠷᠢᠶᠠᠬᠤ | ᠲᠦᠷᠦᠯ ᠵᠦᠢᠯ ᠪᠠ ᠰᠠᠭᠤᠷᠢ ᠮᠦᠩᠭᠦ ᠶᠢ ᠴᠦᠮ ᠲᠠᠲᠠᠪᠤᠷᠢᠯᠠᠨ ᠬᠤᠷᠢᠶᠠᠬᠤ ᠪᠠᠨ ᠵᠣᠭᠰᠤᠭᠠᠬᠤ ᠬᠡᠷᠡᠭᠲᠡᠢ᠃ ᠡᠯ᠎ᠡ | ᠠᠶᠢᠮᠠᠭ ᠬᠤᠲᠠ᠂ ᠬᠤᠰᠢᠭᠤ ᠰᠢᠶᠠᠨ ᠨᠤᠭᠤᠳ ᠤᠨ ᠠᠵᠤ ᠠᠬᠤᠶᠢᠯᠠᠯ ᠳᠤ ᠬᠤᠯᠪᠤᠭᠳᠠᠬᠤ ᠦᠪᠡᠷ ᠢᠶᠠᠨ | ᠪᠠᠶᠢᠭᠤᠯᠤᠭᠰᠠᠨ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠰᠦᠢᠳᠭᠡᠯ ᠬᠤᠷᠢᠶᠠᠬᠤ ᠪᠠ ᠰᠠᠭᠤᠷᠢ ᠮᠦᠩᠭᠦ ᠶᠢ | ᠪᠦᠷ ᠬᠦᠴᠦᠨ ᠦᠭᠡᠢ ᠪᠣᠯᠭᠠᠵᠤ᠂ ᠰᠦᠢᠳᠭᠡᠯ ᠲᠤᠰᠢᠶᠠᠬᠤ ᠠᠵᠤ ᠠᠬᠤᠶᠢᠯᠠᠯ ᠤᠳ ᠳᠤᠷ᠎ᠠ ᠪᠠᠷ ᠢᠶᠠᠨ | ᠪᠠᠶᠢᠭᠤᠯᠤᠭᠰᠠᠨ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠰᠦᠢᠳᠭᠡᠯ ᠬᠤᠷᠢᠶᠠᠬᠤ ᠲᠦᠷᠦᠯ ᠵᠦᠢᠯ ᠪᠣᠯᠣᠨ | ᠵᠠᠰᠠᠭ ᠤᠨ ᠣᠷᠳᠤᠨ ᠤ ᠴᠢᠨᠠᠷᠲᠠᠢ ᠰᠠᠭᠤᠷᠢ ᠮᠦᠩᠭᠦ ᠲᠤᠰᠢᠶᠠᠬᠤ ᠶᠢ ᠲᠡᠪᠴᠢᠬᠦ ᠡᠷᠬᠡ ᠲᠠᠢ᠃ 2013 ᠣᠨ ᠳᠤ | ᠦᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠢᠩᠬᠢᠮ ᠠᠴᠠ ᠪᠠᠭᠤᠯᠭᠠᠭᠰᠠᠨ ︽ᠰᠢᠨ᠎ᠡ ᠪᠠᠷ ᠪᠠᠶᠢᠭᠤᠯᠤᠭᠰᠠᠨ ᠣᠷᠣᠰᠢᠨ ᠰᠠᠭᠤᠬᠤ ᠪᠠᠷᠢᠯᠭ᠎ᠠ ᠶᠢᠨ ᠢᠯᠴᠢ | ᠬᠠᠩᠭᠠᠬᠤ ᠬᠡᠮᠵᠢᠯᠲᠡ ᠶᠢᠨ ᠲᠤᠨᠤᠭᠯᠠᠯ ᠪᠣᠯᠣᠨ ᠭᠡᠷ ᠳᠤᠲᠤᠷᠠᠬᠢ ᠳᠤᠯᠠᠭᠠᠨ ᠢ ᠡᠵᠡᠮᠰᠢᠨ ᠲᠣᠬᠢᠷᠠᠭᠤᠯᠬᠤ | ᠲᠤᠨᠤᠭᠯᠠᠯ ᠢ ᠬᠤᠳᠠᠯᠳᠤᠨ ᠠᠪᠬᠤ ᠪᠠ ᠤᠭᠰᠠᠷᠠᠬᠤ ᠰᠦᠢᠳᠭᠡᠯ ᠤᠨ ᠬᠠᠮᠢᠶᠠᠷᠤᠯᠲᠠ ᠶᠢ ᠴᠢᠩᠭᠠᠳᠬᠠᠬᠤ ᠲᠣᠬᠠᠢ | ᠮᠡᠳᠡᠭᠳᠡᠯ︾ ︵ᠦᠪᠦᠷ ᠪᠠᠶᠢᠭᠤᠯᠤᠯᠲᠠ ᠬᠤᠲᠠ ﹇2013﹈ 17 ᠳ᠋ᠤᠭᠠᠷ ᠲᠣᠭᠠᠲᠤ︶ ᠳᠤ ᠲᠣᠭᠲᠠᠭᠠᠭᠰᠠᠨ ︽ | ᠰᠢᠨ᠎ᠡ ᠪᠠᠷ ᠪᠠᠶᠢᠭᠤᠯᠤᠭᠰᠠᠨ ᠣᠷᠣᠰᠢᠨ ᠰᠠᠭᠤᠬᠤ ᠪᠠᠷᠢᠯᠭ᠎ᠠ ᠨᠢ ᠤᠷᠢᠳᠴᠢᠯᠠᠨ ᠬᠤᠳᠠᠯᠳᠤᠬᠤ ᠨᠦᠬᠦᠴᠡᠯ ᠳᠤ | ᠬᠦᠷᠪᠡᠯ᠂ ᠭᠡᠷ ᠪᠠᠶᠢᠰᠢᠩ ᠪᠦᠲᠦᠭᠡᠨ ᠪᠠᠶᠢᠭᠤᠯᠬᠤ ᠨᠢᠭᠡᠴᠡ ᠨᠢ ᠲᠦᠷ ᠴᠠᠭ ᠡᠷᠦᠬᠡ ᠪᠦᠷ 1500 ᠲᠦᠭᠦᠷᠢᠭ ᠤᠨ | ᠵᠤᠭᠤᠰ ᠲᠤᠰᠢᠶᠠᠬᠤ ᠪᠠᠷᠢᠮᠵᠢᠶ᠎ᠠ ᠶᠤᠰᠤᠭᠠᠷ ᠪᠠᠷᠢᠯᠭ᠎ᠠ ᠶᠢᠨ ᠢᠯᠴᠢ ᠣᠷᠤᠭᠤᠯᠬᠤ ᠠᠮᠠᠰᠠᠷ ᠪᠣᠯᠣᠨ ᠬᠡᠷᠡᠭᠯᠡᠭᠴᠢ ᠶᠢᠨ | ᠢᠯᠴᠢ ᠬᠠᠩᠭᠠᠬᠤ ᠬᠡᠮᠵᠢᠯᠲᠡ ᠶᠢᠨ ᠲᠤᠨᠤᠭᠯᠠᠯ᠂ ᠭᠡᠷ ᠲᠣᠳᠤᠷᠠᠬᠢ ᠳᠤᠯᠠᠭᠠᠨ ᠢ ᠡᠵᠡᠮᠰᠢᠨ ᠲᠣᠬᠢᠷᠠᠭᠤᠯᠬᠤ | ᠲᠤᠨᠤᠭᠯᠠᠯ ᠬᠤᠳᠠᠯᠳᠤᠨ ᠠᠪᠬᠤ ᠰᠦᠢᠳᠭᠡᠯ ᠢ ᠢᠯᠴᠢ ᠬᠠᠩᠭᠠᠬᠤ ᠨᠢᠭᠡᠴᠡ ᠶᠢᠨ ᠪᠠᠶᠢᠭᠤᠯᠤᠭᠰᠠᠨ ᠲᠤᠰᠬᠠᠢ ᠳᠠᠩᠰᠠᠨ | ᠡᠷᠦᠬᠡ ᠳᠤ ᠲᠤᠰᠢᠶᠠᠬᠤ ᠬᠡᠷᠡᠭᠲᠡᠢ︾ ᠭᠡᠰᠡᠨ ᠠᠭᠤᠯᠭ᠎ᠠ ᠶᠢ ᠬᠡᠷᠡᠭᠵᠢᠭᠦᠯᠬᠦ ᠪᠠᠨ ᠵᠤᠭᠰᠤᠭᠠᠬᠤ ᠬᠡᠷᠡᠭᠲᠡᠢ᠃ | ︵ᠠᠷᠪᠠᠨ ᠨᠠᠢᠮᠠ︶ ᠨᠡᠶᠢᠲᠡ ᠶᠢᠨ ᠪᠠᠶᠢᠷᠢ ᠶᠢᠨ ᠮᠠᠶ᠋ᠢᠭ ᠤᠨ ᠭᠡᠷ ᠪᠠᠶᠢᠰᠢᠩ ᠤᠨ ᠣᠷᠣᠰᠢᠨ ᠰᠠᠭᠤᠬᠤ ᠶᠢᠨ | ᠬᠠᠷᠢᠶᠠᠯᠠᠭᠳᠠᠬᠤ ᠴᠢᠨᠠᠷ ᠢ ᠪᠤᠰᠤᠳᠴᠢ ᠪᠠᠷ ᠮᠠᠭᠠᠳᠯᠠᠨ ᠲᠣᠭᠲᠠᠭᠠᠬᠤ ᠬᠡᠷᠡᠭᠲᠡᠢ᠃ ᠬᠤᠲᠠ ᠶᠢᠨ | ᠲᠦᠯᠦᠪᠵᠢᠭᠦᠯᠭᠡ ᠶᠢᠨ ᠬᠡᠷᠡᠭᠴᠡᠭᠡ ᠨᠢ ᠬᠤᠳᠠᠯᠳᠤᠭᠠᠨ ᠤ ᠰᠢᠨᠵᠢ ᠴᠢᠨᠠᠷᠲᠠᠢ ᠪᠠᠶᠢᠭᠰᠠᠨ ᠴᠦ ᠬᠡᠷᠡᠭ ᠳᠡᠭᠡᠷ᠎ᠡ ᠪᠠᠨ | ᠣᠷᠣᠨ ᠰᠠᠭᠤᠴᠠ ᠶᠢᠨ ᠨᠡᠶᠢᠲᠡ ᠶᠢᠨ ᠪᠠᠶᠢᠷᠢ ᠶᠢᠨ ᠮᠠᠶ᠋ᠢᠭ ᠤᠨ ᠭᠡᠷ ᠪᠠᠶᠢᠰᠢᠩ ᠪᠣᠯᠬᠤᠷ ᠬᠡᠷᠡᠭᠯᠡᠬᠦ ᠤᠰᠤ᠂ | ᠴᠠᠬᠢᠯᠭᠠᠨ᠂ ᠰᠢᠲᠠᠮᠠᠬᠠᠢ ᠬᠡᠢ᠂ ᠢᠯᠴᠢ ᠶᠢᠨ ᠦᠨ᠎ᠡ ᠬᠠᠩᠰᠢ ᠶᠢ ᠨᠢ ᠣᠷᠣᠨ ᠰᠠᠭᠤᠴᠠ ᠶᠢᠨ ᠭᠡᠷ ᠪᠠᠶᠢᠰᠢᠩ ᠤᠨ | ᠪᠠᠷᠢᠮᠵᠢᠶ᠎ᠠ ᠶᠣᠰᠤᠭᠠᠷ ᠬᠡᠷᠡᠭᠵᠢᠭᠦᠯᠦᠨ᠎ᠡ︔ ᠳᠡᠭᠡᠷ᠎ᠡ ᠳᠤᠷᠠᠳᠤᠭᠰᠠᠨ ᠭᠡᠷ ᠪᠠᠶᠢᠰᠢᠩ ᠢ ᠪᠦᠲᠦᠭᠡᠨ ᠪᠠᠶᠢᠭᠤᠯᠬᠤ᠂ | ᠪᠣᠷᠤᠯᠠᠭᠤᠯᠬᠤ᠂ ᠬᠡᠷᠡᠭᠯᠡᠬᠦ ᠳᠤ ᠲᠤᠰᠢᠶᠠᠬᠤ ᠴᠢᠬᠤᠯᠠᠲᠠᠢ ᠡᠯ᠎ᠡ ᠵᠦᠢᠯ ᠤᠨ ᠭᠠᠶᠢᠯᠢ ᠰᠦᠢᠳᠭᠡᠯ ᠢ ᠴᠦᠮ ᠣᠷᠣᠨ | ᠰᠠᠭᠤᠴᠠ ᠶᠢᠨ ᠭᠡᠷ ᠪᠠᠶᠢᠰᠢᠩ ᠤᠨ ᠶᠣᠰᠤᠭᠠᠷ ᠬᠤᠷᠢᠶᠠᠬᠤ ᠬᠡᠷᠡᠭᠲᠡᠢ᠃ | ︵ᠠᠷᠪᠠ ᠶᠢᠰᠦ︶ ᠭᠡᠷ ᠪᠠᠶᠢᠰᠢᠩ ᠭᠠᠵᠠᠷ ᠬᠦᠷᠦᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠳ ᠤᠨ | ᠣᠷᠣᠨ ᠰᠠᠭᠤᠴᠠ ᠳᠦᠷᠢᠶᠡᠰᠦᠯᠡᠭᠦᠯᠬᠦ ᠲᠠᠯ᠎ᠠ ᠪᠠᠷ ᠬᠢ ᠬᠤᠯᠪᠣᠭᠳᠠᠯ ᠪᠦᠬᠦᠢ ᠭᠠᠶᠢᠯᠢ ᠰᠦᠢᠳᠭᠡᠯ ᠢ ᠬᠠᠰᠤᠵᠤ | ᠬᠡᠯᠲᠦᠷᠢᠭᠦᠯᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠭᠡᠷ ᠪᠠᠶᠢᠰᠢᠩ ᠭᠠᠵᠠᠷ ᠬᠦᠷᠦᠩᠭᠡ ᠶᠢᠨ ᠨᠡᠭᠡᠭᠡᠯᠲᠡ ᠶᠢᠨ | ᠠᠵᠤ ᠠᠬᠤᠶᠢᠯᠠᠯ ᠤᠳ ᠬᠤᠳᠠᠯᠳᠤᠭᠠᠳᠤᠢ ᠲᠠᠸᠠᠷ ᠤᠨ ᠣᠷᠣᠨ ᠰᠠᠭᠤᠴᠠ ᠪᠠᠨ ᠰᠠᠭᠤᠭᠠᠯᠢ ᠠᠷᠠᠳ ᠲᠤ | ᠳᠦᠷᠢᠶᠡᠰᠦᠯᠡᠨ ᠰᠠᠭᠤᠬᠤ ᠳᠤ ᠬᠡᠷᠡᠭᠯᠡᠭᠦᠯᠦᠭᠰᠡᠨ ᠪᠠᠶᠢᠪᠠᠯ᠂ ᠭᠡᠷ ᠪᠠᠶᠢᠰᠢᠩ ᠳᠦᠷᠢᠶᠡᠰᠦᠯᠡᠭᠦᠯᠬᠦ ᠭᠡᠷ᠎ᠡ ᠵᠡᠷᠭᠡ | ᠬᠦᠴᠦᠨ ᠲᠠᠢ ᠭᠡᠷᠡᠴᠢ ᠮᠠᠲ᠋ᠧᠷᠢᠶᠠᠯ ᠢ ᠨᠢ ᠦᠨᠳᠦᠰᠦᠯᠡᠨ᠂ ᠲᠣᠬᠠᠢ ᠶᠢᠨ ᠭᠠᠵᠠᠷ ᠤᠨ ᠵᠠᠰᠠᠭ ᠤᠨ ᠣᠷᠳᠤᠨ ᠠᠴᠠ | ᠳᠦᠷᠢᠶᠡᠰᠦᠯᠡᠭᠦᠯᠬᠦ ᠬᠤᠭᠤᠴᠠᠭ᠎ᠠ ᠶᠢᠨ ᠤᠷᠲᠤ ᠣᠬᠤᠷ ᠯᠤᠭ᠎ᠠ ᠤᠶᠠᠯᠳᠤᠭᠤᠯᠤᠨ ᠪᠦᠬᠦ᠋ᠢᠯᠡ ᠪᠣᠶᠣ ᠬᠡᠰᠡᠭ ᠰᠠᠭᠤᠷᠢ | ᠪᠡᠯᠡᠳᠭᠡᠮᠵᠢ ᠳᠦᠬᠦᠷᠵᠢᠭᠦᠯᠬᠦ ᠰᠦᠢᠳᠭᠡᠯ ᠢ ᠨᠢ ᠬᠠᠰᠤᠵᠤ ᠬᠡᠯᠲᠦᠷᠢᠭᠦᠯᠵᠦ ᠪᠣᠯᠣᠨ᠎ᠠ᠃ 2013 ᠣᠨ ᠤ 9 ᠳ᠋ᠦ᠋ᠭᠡᠷ | ᠰᠠᠷ᠎ᠠ ᠶᠢᠨ 28 ᠤ ᠡᠳᠦᠷ ᠠᠴᠠ 2015 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠤᠯᠲᠠᠯ᠎ᠠ᠂ ᠣᠯᠠᠨ | ᠨᠡᠶᠢᠲᠡ ᠶᠢᠨ ᠳᠦᠷᠢᠶᠡᠰᠦᠯᠡᠬᠦ ᠣᠷᠣᠨ ᠰᠠᠭᠤᠴᠠ ᠳᠤ ᠭᠡᠷ ᠬᠦᠷᠦᠩᠭᠡ ᠶᠢᠨ ᠭᠠᠶᠢᠯᠢ ᠲᠠᠲᠠᠪᠤᠷᠢᠯᠠᠬᠤ ᠠᠴᠠ | ᠬᠡᠯᠲᠦᠷᠢᠭᠦᠯᠦᠨ᠎ᠡ︔ ᠭᠡᠷ ᠪᠠᠶᠢᠰᠢᠩ ᠭᠠᠵᠠᠷ ᠬᠦᠷᠦᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠪᠠ ᠣᠷᠣᠨ | ᠰᠠᠭᠤᠴᠠ ᠳᠦᠷᠢᠶᠡᠰᠦᠯᠡᠭᠦᠯᠦᠨ ᠡᠵᠡᠩᠨᠡᠬᠦ ᠪᠠᠶᠢᠭᠤᠯᠤᠮᠵᠢ ᠨᠤᠭᠤᠳ ᠤᠨ ᠣᠯᠠᠨ ᠨᠡᠶᠢᠲᠡ ᠶᠢᠨ ᠳᠦᠷᠢᠶᠡᠰᠦᠯᠡᠬᠦ | ᠣᠷᠣᠨ ᠰᠠᠭᠤᠴᠠ ᠶᠢ ᠡᠵᠡᠩᠨᠡᠭᠡᠳ ᠤᠯᠤᠭᠰᠠᠨ ᠳᠦᠷᠢᠶᠡᠰᠦ ᠶᠢᠨ ᠣᠷᠣᠯᠭ᠎ᠠ ᠳᠤ᠂ ᠡᠵᠡᠩᠨᠡᠯᠲᠡ ᠶᠢᠨ ᠭᠠᠶᠢᠯᠢ | ᠪᠣᠯᠣᠨ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠳᠠᠬᠢ ᠣᠷᠣᠨ ᠨᠤᠲᠤᠭ ᠤᠨ ᠬᠤᠪᠢᠳᠠᠨ ᠡᠳ᠋ᠯᠡᠬᠦ | ᠬᠡᠰᠡᠭ ᠢ ᠬᠡᠯᠲᠦᠷᠢᠭᠦᠯᠬᠦ ᠬᠡᠷᠡᠭᠲᠡᠢ︔ ᠣᠯᠠᠨ ᠨᠡᠶᠢᠲᠡ ᠶᠢᠨ ᠳᠦᠷᠢᠶᠡᠰᠦᠯᠡᠬᠦ ᠣᠷᠣᠨ ᠰᠠᠭᠤᠴᠠ ᠶᠢᠨ ᠳᠦᠷᠢᠶᠡᠰᠦᠯᠡᠬᠦ | ᠪᠠ ᠳᠦᠷᠢᠶᠡᠰᠦᠯᠡᠭᠦᠯᠬᠦ ᠬᠤᠶᠠᠷ ᠡᠲᠡᠭᠡᠳ ᠲᠤ᠂ ᠳᠦᠷᠢᠶᠡᠰᠦᠯᠡᠬᠦ ᠬᠡᠯᠡᠯᠴᠡᠭᠡᠷ ᠲᠣᠭᠲᠠᠬᠤ ᠳᠤ ᠬᠤᠯᠪᠣᠭᠳᠠᠭᠰᠠᠨ | ᠲᠡᠮᠲᠡᠭᠲᠦ ᠶᠢᠨ ᠭᠠᠶᠢᠯᠢ ᠲᠠᠲᠠᠪᠤᠷᠢᠯᠠᠬᠤ ᠪᠠᠨ ᠬᠡᠯᠲᠦᠷᠢᠭᠦᠯᠬᠦ ᠬᠡᠷᠡᠭᠲᠡᠢ᠃ | ︵ᠬᠤᠷᠢ︶ ᠭᠡᠷ᠎ᠡ ᠶᠢᠨ ᠭᠠᠶᠢᠯᠢ ᠳᠠᠬᠢ ᠭᠠᠶᠢᠯᠢ ᠶᠢᠨ ᠨᠤᠷᠮ᠎ᠠ ᠶᠢ ᠵᠣᠬᠢᠰᠲᠠᠢ ᠲᠣᠬᠢᠷᠠᠭᠤᠯᠬᠤ ᠬᠡᠷᠡᠭᠲᠡᠢ᠃ | ᠬᠤᠪᠢ ᠬᠦᠮᠦᠨ ᠡᠩ ᠤᠨ ᠣᠷᠣᠨ ᠰᠠᠭᠤᠴᠠ ᠬᠤᠳᠠᠯᠳᠤᠨ ᠠᠪᠬᠤ᠂ ᠲᠡᠷᠡᠴᠢᠯᠡᠨ ᠲᠤᠰ ᠣᠷᠣᠨ ᠰᠠᠭᠤᠴᠠ ᠨᠢ ᠭᠡᠷ | ᠪᠦᠯᠢ ︵ᠲᠡᠭᠦᠨ ᠤ ᠪᠦᠷᠢᠯᠳᠦᠭᠦᠨ ᠤ ᠬᠡᠪᠴᠢᠶᠡᠨ ᠳᠤ ᠭᠡᠷ ᠪᠠᠶᠢᠰᠢᠩ ᠬᠤᠳᠠᠯᠳᠤᠨ ᠠᠪᠤᠭᠴᠢ᠂ ᠬᠤᠯᠪᠤᠰᠤ ᠵᠢᠴᠢ | ᠨᠠᠰᠤᠨ ᠳᠤ ᠦᠯᠦ ᠬᠦᠷᠦᠭᠰᠡᠨ ᠦᠷ᠎ᠡ ᠬᠡᠦᠬᠡᠳ ᠢ ᠪᠠᠭᠲᠠᠭᠠᠨ᠎ᠠ᠂ ᠳᠤᠷᠤᠭᠰᠢ ᠠᠳᠠᠯᠢ︶ ᠶᠢᠨ ᠴᠣᠷ ᠤᠨ ᠭᠠᠭᠴᠠ | ᠣᠷᠣᠨ ᠰᠠᠭᠤᠴᠠ ᠪᠣᠯ᠂ ᠭᠡᠷ᠎ᠡ ᠶᠢᠨ ᠭᠠᠶᠢᠯᠢ ᠶᠢ ᠬᠠᠭᠠᠰ ᠢᠶᠠᠷ ᠲᠠᠲᠠᠪᠤᠷᠢᠯᠠᠨ᠎ᠠ︔ ᠬᠤᠪᠢ ᠬᠦᠮᠦᠨ 90 ᠲᠡᠭᠰᠢ | ᠳᠦᠷᠪᠡᠯᠵᠢᠨ ᠮᠧᠲᠷ ᠵᠢᠴᠢ ᠲᠡᠭᠦᠨ ᠠᠴᠠ ᠪᠠᠭ᠎ᠠ ᠬᠡᠪᠴᠢᠶᠡᠨ ᠤ ᠡᠩ ᠤᠨ ᠣᠷᠣᠨ ᠰᠠᠭᠤᠴᠠ ᠬᠤᠳᠠᠯᠳᠤᠨ ᠠᠪᠬᠤ᠂ | ᠲᠡᠷᠡᠴᠢᠯᠡᠨ ᠲᠤᠰ ᠣᠷᠣᠨ ᠰᠠᠭᠤᠴᠠ ᠨᠢ ᠭᠡᠷ ᠪᠦᠯᠢ ᠶᠢᠨ ᠴᠣᠷ ᠤᠨ ᠭᠠᠭᠴᠠ ᠣᠷᠣᠨ ᠰᠠᠭᠤᠴᠠ ᠪᠣᠯ᠂ ᠭᠡᠷ᠎ᠡ ᠶᠢᠨ | ᠭᠠᠶᠢᠯᠢ ᠶᠢ 1% ᠶᠢᠨ ᠭᠠᠶᠢᠯᠢ ᠶᠢᠨ ᠨᠣᠷᠮ᠎ᠡ ᠪᠠᠷ ᠬᠠᠰᠤᠵᠤ ᠲᠠᠲᠠᠪᠤᠷᠢᠯᠠᠬᠤ ᠬᠡᠷᠡᠭᠲᠡᠢ᠃ ᠰᠠᠭᠤᠭᠠᠯᠢ ᠠᠷᠠᠳ ᠤᠨ | ᠬᠤᠪᠢ ᠬᠦᠮᠦᠨ ᠤ ᠭᠡᠷ ᠪᠠᠶᠢᠰᠢᠩ ᠨᠢ ᠲᠠᠲᠠᠪᠤᠷᠢᠯᠠᠭᠳᠠᠭᠰᠠᠨ ᠠᠴᠠ ᠵᠤᠭᠤᠰ ᠮᠦᠩᠭᠦ ᠪᠠᠷ ᠨᠦᠬᠦᠪᠦᠷᠢᠯᠡᠬᠦ ᠶᠢ | ᠰᠤᠩᠭᠤᠭᠠᠳ ᠳᠠᠬᠢᠵᠦ ᠰᠢᠨ᠎ᠡ ᠭᠡᠷ ᠪᠠᠶᠢᠰᠢᠩ ᠬᠤᠳᠠᠯᠳᠤᠨ ᠠᠪᠬᠤ ᠶᠢᠨ ᠬᠠᠮᠲᠤ ᠭᠡᠷ ᠪᠠᠶᠢᠰᠢᠩ ᠤᠨ ᠠᠷᠠᠯᠵᠢᠶᠠᠯᠠᠬᠤ | ᠦᠨ᠎ᠡ ᠬᠠᠩᠰᠢ ᠨᠢ ᠨᠦᠬᠦᠪᠦᠷᠢᠯᠡᠭᠰᠡᠨ ᠵᠤᠭᠤᠰ ᠠᠴᠠ ᠬᠡᠲᠦᠷᠡᠭᠰᠡᠨ ᠦᠭᠡᠢ ᠪᠠᠶᠢᠪᠠᠯ᠂ ᠰᠢᠨ᠎ᠡ ᠬᠤᠳᠠᠯᠳᠤᠨ | ᠠᠪᠤᠭᠰᠠᠨ ᠭᠡᠷ ᠪᠠᠶᠢᠰᠢᠩ ᠠᠴᠠ ᠨᠢ ᠭᠡᠷ᠎ᠡ ᠶᠢᠨ ᠭᠠᠶᠢᠯᠢ ᠲᠠᠲᠠᠪᠤᠷᠢᠯᠠᠬᠤ ᠶᠢ ᠬᠡᠯᠲᠦᠷᠢᠭᠦᠯᠦᠨ᠎ᠡ᠂ ᠭᠡᠷ ᠪᠠᠶᠢᠰᠢᠩ ᠤᠨ | ᠠᠷᠠᠯᠵᠢᠶᠠᠯᠠᠬᠤ ᠦᠨ᠎ᠡ ᠬᠠᠩᠰᠢ ᠨᠢ ᠨᠦᠬᠦᠪᠦᠷᠢᠯᠡᠭᠰᠡᠨ ᠵᠣᠭᠤᠰ ᠠᠴᠠ ᠬᠡᠲᠦᠷᠡᠭᠰᠡᠨ ᠪᠣᠯ᠂ ᠦᠨ᠎ᠡ ᠶᠢᠨ ᠵᠦᠷᠢᠶᠡᠨᠲᠦ | ᠬᠡᠰᠡᠭ ᠠᠴᠠ ᠲᠣᠭᠲᠠᠭᠠᠯ ᠶᠣᠰᠤᠭᠠᠷ ᠭᠡᠷ᠎ᠡ ᠶᠢᠨ ᠭᠠᠶᠢᠯᠢ ᠲᠠᠲᠠᠪᠤᠷᠢᠯᠠᠬᠤ ᠬᠡᠷᠡᠭᠲᠡᠢ︔ ᠭᠡᠷ ᠪᠠᠶᠢᠰᠢᠩ ᠤᠨ ᠦᠮᠴᠢᠯᠡᠬᠦ | ᠡᠷᠬᠡ ᠪᠠᠨ ᠰᠤᠯᠢᠬᠤ ᠶᠢ ᠰᠤᠩᠭᠤᠭᠰᠠᠨ ᠤ ᠬᠠᠮᠲᠤ ᠪᠠᠰᠠ ᠭᠡᠷ ᠪᠠᠶᠢᠰᠢᠩ ᠤᠨ ᠦᠮᠴᠢᠯᠡᠬᠦ ᠡᠷᠬᠡ ᠪᠠᠨ ᠰᠤᠯᠢᠭᠰᠠᠨ | ᠦᠨ᠎ᠡ ᠶᠢᠨ ᠵᠦᠷᠢᠶᠡᠨᠲᠦ ᠬᠡᠰᠡᠭ ᠢ ᠲᠤᠰᠢᠶᠠᠭᠰᠠᠨ ᠦᠭᠡᠢ ᠪᠣᠯ᠂ ᠰᠢᠨ᠎ᠡ ᠪᠠᠷ ᠰᠤᠯᠢᠭᠰᠠᠨ ᠭᠡᠷ ᠪᠠᠶᠢᠰᠢᠩ ᠠᠴᠠ ᠨᠢ | ᠭᠡᠷ᠎ᠡ ᠶᠢᠨ ᠭᠠᠶᠢᠯᠢ ᠲᠠᠲᠠᠪᠤᠷᠢᠯᠠᠬᠤ ᠶᠢ ᠬᠡᠯᠲᠦᠷᠢᠭᠦᠯᠦᠨ᠎ᠡ᠂ ᠭᠡᠷ ᠪᠠᠶᠢᠰᠢᠩ ᠤᠨ ᠦᠮᠴᠢᠯᠡᠬᠦ ᠡᠷᠬᠡ ᠪᠠᠨ ᠰᠤᠯᠢᠭᠰᠠᠨ | ᠦᠨ᠎ᠡ ᠶᠢᠨ ᠵᠦᠷᠢᠶᠡᠨᠲᠦ ᠬᠡᠰᠡᠭ ᠢ ᠲᠤᠰᠢᠶᠠᠭᠰᠠᠨ ᠪᠣᠯ᠂ ᠦᠨ᠎ᠡ ᠶᠢᠨ ᠵᠦᠷᠢᠶᠡᠨᠲᠦ ᠬᠡᠰᠡᠭ ᠠᠴᠠ ᠲᠣᠭᠲᠠᠭᠠᠯ | ᠶᠤᠰᠤᠭᠠᠷ ᠭᠡᠷ᠎ᠡ ᠶᠢᠨ ᠭᠠᠶᠢᠯᠢ ᠲᠠᠲᠠᠪᠤᠷᠢᠯᠠᠬᠤ ᠬᠡᠷᠡᠭᠲᠡᠢ᠃ | ᠡᠳ᠋ ᠤᠨ ᠵᠠᠰᠠᠭ ᠤᠨ ᠶᠠᠮᠦᠨ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ︽ᠠᠵᠤ | ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠪᠠᠶᠢᠭᠤᠯᠤᠯ ᠢᠶᠠᠨ ᠦᠭᠡᠷᠡᠴᠢᠯᠡᠵᠦ ᠳᠠᠬᠢᠨ ᠵᠣᠬᠢᠶᠠᠨ ᠪᠠᠶᠢᠭᠤᠯᠬᠤ ᠶᠢ | ᠤᠯᠠᠮ ᠨᠢᠭᠡ ᠠᠯᠬᠤᠮ ᠳᠡᠮᠵᠢᠬᠦ ᠬᠤᠯᠪᠤᠭᠳᠠᠯ ᠪᠦᠬᠦᠢ ᠭᠡᠷ᠎ᠡ ᠶᠢᠨ ᠭᠠᠶᠢᠯᠢ ᠶᠢᠨ ᠲᠥᠷᠥ ᠶᠢᠨ ᠪᠣᠳᠣᠯᠭ᠎ᠠ ᠶᠢᠨ ᠲᠣᠬᠠᠢ | ᠮᠡᠳᠡᠭᠳᠡᠯ︾ ︵ᠡᠳ᠋ ᠭᠠᠶᠢᠯᠢ ﹇2015﹈ 37 ᠳ᠋ᠤᠭᠠᠷ ᠲᠣᠭᠠᠲᠤ︶ ᠳᠤ ᠲᠣᠭᠲᠠᠭᠠᠭᠰᠠᠨ ᠠᠵᠤ ᠠᠬᠤᠶᠢᠯᠠᠯ | ᠪᠠᠶᠢᠭᠤᠯᠤᠯ ᠢᠶᠠᠨ ᠦᠭᠡᠷᠡᠴᠢᠯᠡᠬᠦ᠂ ᠨᠡᠶᠢᠯᠡᠭᠦᠯᠬᠦ᠂ ᠲᠤᠰᠠᠭᠠᠷᠯᠠᠬᠤ᠂ ᠲᠠᠮᠫᠣᠷᠠᠬᠤ᠂ ᠡᠳ᠋ ᠬᠦᠷᠦᠩᠭᠡ ᠪᠠᠨ | ᠬᠤᠪᠢᠶᠠᠷᠢᠯᠠᠨ ᠰᠢᠯᠵᠢᠭᠦᠯᠬᠦ᠂ ᠠᠪᠴᠠᠭᠠᠨ ᠤ ᠡᠷᠬᠡ ᠪᠠᠨ ᠰᠲ᠋ᠣᠺ ᠤᠨ ᠡᠷᠬᠡ ᠳᠤ ᠰᠢᠯᠵᠢᠭᠦᠯᠬᠦ᠂ ᠺᠤᠮᠫᠠᠨᠢ ᠶᠢᠨ | ᠰᠲ᠋ᠣᠺ ᠤᠨ ᠡᠷᠬᠡ ︵ᠬᠤᠪᠢᠴᠠᠭ᠎ᠠ︶ ᠪᠠᠨ ᠰᠢᠯᠵᠢᠭᠦᠯᠬᠦ ᠵᠡᠷᠭᠡ ᠲᠥᠷᠥ ᠶᠢᠨ ᠪᠣᠳᠣᠯᠭ᠎ᠠ ᠶᠢᠨ ᠠᠭᠤᠯᠭ᠎ᠠ ᠳᠤ ᠭᠡᠷ | ᠪᠠᠶᠢᠰᠢᠩ ᠭᠠᠵᠠᠷ ᠬᠦᠷᠦᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠨᠢ ᠨᠡᠶᠢᠴᠡᠪᠡᠯ᠂ ᠭᠡᠷ᠎ᠡ ᠶᠢᠨ ᠭᠠᠶᠢᠯᠢ ᠶᠢ | ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠬᠦᠷᠲᠡᠭᠡᠬᠦ ᠬᠡᠷᠡᠭᠲᠡᠢ᠃ | ︵ᠬᠤᠷᠢᠨ ᠨᠢᠭᠡ︶ ᠣᠷᠣᠨ ᠰᠠᠭᠤᠴᠠ ᠶᠢᠨ ᠠᠷᠠᠯᠵᠢᠶᠠᠨ ᠤ ᠳᠠᠷᠤᠭᠠᠰᠤ ᠶᠢ ᠤᠯᠠᠮ ᠨᠢᠭᠡ ᠠᠯᠬᠤᠮ | ᠬᠦᠩᠭᠡᠷᠡᠭᠦᠯᠬᠦ ᠬᠡᠷᠡᠭᠲᠡᠢ᠃ ᠬᠤᠪᠢ ᠬᠦᠮᠦᠨ ᠤ 5 ᠵᠢᠯ ᠠᠴᠠ ᠳᠡᠭᠡᠭᠰᠢ ᠦᠪᠡᠷ ᠢᠶᠠᠨ ᠬᠡᠷᠡᠭᠯᠡᠭᠰᠡᠨ ᠣᠷᠣᠨ ᠰᠠᠭᠤᠴᠠ | ᠂ ᠲᠡᠷᠡᠴᠢᠯᠡᠨ ᠦᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠤᠲᠤᠷ᠎ᠠ ᠭᠡᠷ ᠪᠦᠯᠢ ᠶᠢᠨ ᠴᠣᠷ ᠤᠨ ᠭᠠᠭᠴᠠ ᠰᠠᠭᠤᠵᠤ | ᠠᠮᠢᠳᠤᠷᠠᠬᠤ ᠭᠡᠷ ᠪᠠᠶᠢᠰᠢᠩ ᠢᠶᠠᠨ ᠰᠢᠯᠵᠢᠭᠦᠯᠦᠨ ᠥᠭᠴᠦ ᠤᠯᠤᠭᠰᠠᠨ ᠣᠷᠣᠯᠭ᠎ᠠ ᠠᠴᠠ ᠬᠤᠪᠢ ᠬᠦᠮᠦᠨ ᠤ ᠠᠰᠢᠭ | ᠣᠷᠣᠯᠭ᠎ᠠ ᠶᠢᠨ ᠭᠠᠶᠢᠯᠢ ᠲᠠᠲᠠᠪᠤᠷᠢᠯᠠᠬᠤ ᠶᠢ ᠬᠡᠯᠲᠦᠷᠢᠭᠦᠯᠬᠦ ᠬᠡᠷᠡᠭᠲᠡᠢ᠃ ᠬᠤᠪᠢ ᠬᠦᠮᠦᠨ ᠬᠤᠳᠠᠯᠳᠤᠨ ᠠᠪᠤᠭᠠᠳ 2 | ᠵᠢᠯ ᠭᠠᠷᠤᠢ ︵2 ᠵᠢᠯ ᠢ ᠪᠠᠭᠲᠠᠭᠠᠨ᠎ᠠ︶ ᠪᠣᠯᠣᠭᠰᠠᠨ ᠡᠩ ᠤᠨ ᠣᠷᠣᠨ ᠰᠠᠭᠤᠴᠠ ᠪᠠᠨ ᠪᠤᠰᠤᠳ ᠲᠤ | ᠬᠤᠳᠠᠯᠳᠤᠭᠰᠠᠨ ᠪᠠᠶᠢᠪᠠᠯ᠂ ᠡᠵᠡᠩᠨᠡᠯᠲᠡ ᠶᠢᠨ ᠭᠠᠶᠢᠯᠢ ᠲᠠᠲᠠᠪᠤᠷᠢᠯᠠᠬᠤ ᠶᠢ ᠬᠡᠯᠲᠦᠷᠢᠭᠦᠯᠬᠦ ᠬᠡᠷᠡᠭᠲᠡᠢ᠃ ᠬᠤᠪᠢ | ᠬᠦᠮᠦᠨ ᠬᠤᠳᠠᠯᠳᠤᠨ ᠠᠪᠤᠭᠠᠳ 2 ᠵᠢᠯ ᠭᠠᠷᠤᠢ ︵2 ᠵᠢᠯ ᠢ ᠪᠠᠭᠲᠠᠭᠠᠨ᠎ᠠ︶ ᠪᠣᠯᠣᠭᠰᠠᠨ ᠡᠩ ᠤᠨ ᠪᠤᠰᠤ ᠣᠷᠣᠨ | ᠰᠠᠭᠤᠴᠠ ᠪᠠᠨ ᠪᠤᠰᠤᠳ ᠲᠤ ᠬᠤᠳᠠᠯᠳᠤᠭᠰᠠᠨ ᠪᠠᠶᠢᠪᠠᠯ᠂ ᠲᠡᠭᠦᠨ ᠤ ᠪᠤᠷᠤᠯᠠᠭᠤᠯᠤᠭᠰᠠᠨ ᠣᠷᠣᠯᠭ᠎ᠠ ᠶᠢ ᠨᠢ | ᠦᠨᠳᠦᠰᠦᠯᠡᠨ ᠭᠡᠷ ᠪᠠᠶᠢᠰᠢᠩ ᠬᠤᠳᠠᠯᠳᠤᠨ ᠠᠪᠤᠭᠰᠠᠨ ᠵᠤᠭᠤᠰ ᠢ ᠬᠠᠰᠤᠭᠰᠠᠨ ᠤ ᠳᠠᠷᠠᠭᠠᠬᠢ ᠵᠦᠷᠢᠶᠡᠳᠦ | ᠲᠤᠭ᠎ᠠ ᠠᠴᠠ ᠡᠵᠡᠩᠨᠡᠯᠲᠡ ᠶᠢᠨ ᠭᠠᠶᠢᠯᠢ ᠲᠠᠲᠠᠪᠤᠷᠢᠯᠠᠬᠤ ᠬᠡᠷᠡᠭᠲᠡᠢ᠃ | ︵ᠬᠤᠷᠢᠨ ᠬᠤᠶᠠᠷ︶ ᠭᠡᠷ ᠪᠠᠶᠢᠰᠢᠩ ᠭᠠᠵᠠᠷ ᠬᠦᠷᠦᠩᠭᠡ ᠶᠢᠨ ᠠᠵᠤ ᠠᠬᠤᠶᠢᠯᠠᠯ ᠤᠨ ᠪᠡᠯᠡ ᠮᠦᠩᠭᠦ ᠶᠢᠨ | ᠳᠠᠷᠤᠭᠠᠰᠤ ᠶᠢ ᠨᠠᠮᠵᠢᠭᠤᠯᠬᠤ ᠪᠠᠷ ᠴᠢᠷᠮᠠᠶᠢᠬᠤ ᠬᠡᠷᠡᠭᠲᠡᠢ᠃ ᠬᠠᠭᠠᠰ ᠳᠤᠲᠠᠭᠤ ᠪᠠᠷᠢᠭᠰᠠᠨ ᠪᠠᠷᠢᠯᠭ᠎ᠠ ᠠᠴᠠ ᠪᠣᠯᠵᠤ | ᠭᠠᠵᠠᠷ ᠰᠢᠷᠤᠢ ᠰᠢᠯᠵᠢᠭᠦᠯᠦᠨ ᠬᠤᠳᠠᠯᠳᠤᠭᠰᠠᠨ ᠮᠦᠩᠭᠦ ᠪᠠᠨ ᠲᠤᠭ᠎ᠠ ᠶᠤᠰᠤᠭᠠᠷ ᠭᠦᠢᠴᠡᠳ ᠲᠤᠰᠢᠶᠠᠵᠤ ᠲᠡᠶᠢᠯᠬᠦ | ᠦᠭᠡᠢ ᠶᠠᠪᠤᠳᠠᠯ ᠡᠭᠦᠰᠬᠦ ᠶᠢ ᠰᠡᠷᠭᠡᠶᠢᠯᠡᠬᠦ ᠶᠢᠨ ᠲᠤᠰᠠᠳᠠ᠂ ᠠᠵᠢᠯ ᠢᠶᠠᠨ ᠰᠡᠷᠭᠦᠭᠡᠭᠰᠡᠨ ᠪᠠᠶᠢᠭᠤᠯᠵᠤ ᠪᠠᠶᠢᠬᠤ | ᠪᠠᠷᠢᠯᠭ᠎ᠠ ᠶᠢᠨ ᠦᠷᠢᠲᠦᠵᠦ ᠪᠠᠶᠢᠭ᠎ᠠ ᠭᠠᠵᠠᠷ ᠰᠢᠷᠤᠢ ᠶᠢᠨ ᠰᠢᠯᠵᠢᠭᠦᠯᠦᠨ ᠬᠤᠳᠠᠯᠳᠤᠭᠰᠠᠨ ᠮᠦᠩᠭᠦ ᠵᠢᠴᠢ | ᠬᠤᠯᠪᠤᠭᠳᠠᠯ ᠪᠦᠬᠦᠢ ᠵᠠᠰᠠᠭ ᠵᠠᠬᠢᠷᠭᠠᠨ ᠤ ᠴᠢᠨᠠᠷᠲᠠᠢ ᠬᠤᠷᠢᠶᠠᠬᠤ ᠰᠦᠢᠳᠭᠡᠯ ᠢᠶᠠᠨ ᠬᠤᠭᠤᠴᠠᠭ᠎ᠠ ᠬᠤᠪᠢᠶᠠᠨ | ᠲᠦᠯᠦᠬᠦ ᠶᠢ ᠵᠥᠪᠰᠢᠶᠡᠷᠡᠵᠦ᠂ ᠬᠠᠮᠢᠶ᠎ᠠ ᠪᠦᠬᠦᠢ ᠭᠠᠷᠳᠠᠮ ᠢ ᠤᠷᠢᠳᠠᠪᠠᠷ ᠭᠦᠢᠴᠡᠳᠭᠡᠨ᠂ ᠲᠦᠷᠦᠯ ᠵᠦᠢᠯ ᠤᠨ ᠪᠡᠯᠡ | ᠲᠣᠬᠢᠷᠠᠭᠤᠯᠭ᠎ᠠ ᠳᠤ ᠨᠦᠬᠦᠴᠡᠯ ᠡᠭᠦᠳᠴᠦ᠂ ᠲᠦᠷᠦᠯ ᠵᠦᠢᠯ ᠤᠨ ᠪᠡᠯᠡ ᠣᠷᠤᠭᠤᠯᠤᠯᠲᠠ ᠪᠠᠨ ᠡᠬᠢᠯᠡᠵᠦ ᠪᠤᠴᠠᠭᠠᠨ | ᠬᠤᠷᠢᠶᠠᠬᠤ ᠦᠶᠡᠰ ᠲᠤ ᠳᠠᠬᠢᠵᠤ ᠲᠦᠯᠦᠬᠦ ᠲᠦᠯᠦᠪᠯᠡᠭᠡ ᠶᠣᠰᠤᠭᠠᠷ ᠬᠤᠭᠤᠴᠠᠭ᠎ᠠ ᠬᠤᠪᠢᠶᠠᠨ ᠲᠦᠯᠦᠵᠦ᠂ | ᠬᠤᠭᠤᠴᠠᠭ᠎ᠠ ᠬᠤᠪᠢᠶᠠᠵᠤ ᠲᠦᠯᠦᠬᠦ ᠬᠤᠭᠤᠴᠠᠭ᠎ᠠ ᠶᠢ ᠵᠠᠷᠴᠢᠮ ᠳᠡᠭᠡᠷ᠎ᠡ ᠪᠠᠨ 3 ᠵᠢᠯ ᠠᠴᠠ ᠬᠡᠲᠦᠷᠡᠭᠦᠯᠵᠦ ᠪᠣᠯᠬᠤ | ᠦᠭᠡᠢ᠃ | ᠲᠠᠪᠤ᠂ ᠵᠠᠭᠪᠤᠷ ᠲᠤ ᠰᠢᠨ᠎ᠡ ᠶᠢ ᠡᠭᠦᠳᠴᠦ᠂ ᠮᠦᠩᠭᠦᠨ ᠭᠦᠢᠯᠭᠡᠭᠡᠨ ᠤ ᠢᠲᠡᠭᠡᠮᠵᠢᠲᠦ ᠵᠢᠭᠡᠯᠡᠯᠭᠡ ᠪᠠᠷ ᠳᠡᠮᠵᠢᠬᠦ | ᠡᠷᠴᠢᠮ ᠢᠶᠠᠨ ᠴᠢᠩᠭᠠᠷᠠᠭᠤᠯᠬᠤ ᠬᠡᠷᠡᠭᠲᠡᠢ | ︵ᠬᠤᠷᠢᠨ ᠭᠤᠷᠪᠠ︶ ᠪᠠᠲᠤᠯᠠᠭ᠎ᠠ ᠶᠢᠨ ᠴᠢᠨᠠᠷᠲᠠᠢ ᠬᠢᠮᠳᠠ ᠣᠷᠣᠨ ᠰᠠᠭᠤᠴᠠ ᠶᠢᠨ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠳᠤ ᠮᠦᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠳᠬᠠᠬᠤ ᠬᠡᠷᠡᠭᠲᠡᠢ᠃ ᠢᠲᠡᠭᠡᠮᠵᠢᠲᠦ | ᠪᠡᠯᠡ ᠲᠣᠬᠢᠷᠠᠭᠤᠯᠬᠤ ᠳᠠᠬᠢ ᠵᠢᠭᠡᠯᠡᠯᠭᠡ ᠶᠢᠨ ᠭᠤᠣᠯ ᠠᠷᠭ᠎ᠠ ᠵᠠᠮ ᠪᠣᠯᠬᠤ ᠦᠢᠯᠡᠳᠦᠯ ᠢ ᠶᠡᠬᠡᠪᠡᠷ ᠪᠠᠳᠠᠷᠠᠭᠤᠯᠵᠤ᠂ | ᠳᠦᠭᠦᠮ ᠪᠦᠳᠦᠭᠦᠯᠢᠭ ᠣᠷᠣᠨ ᠰᠠᠭᠤᠴᠠ ᠶᠢ ᠰᠢᠨᠡᠳᠭᠡᠨ ᠪᠠᠶᠢᠭᠤᠯᠬᠤ ᠲᠦᠷᠦᠯ ᠵᠦᠢᠯ ᠢ ᠳᠡᠮᠵᠢᠬᠦ ᠡᠷᠴᠢᠮ ᠢᠶᠠᠨ | ᠤᠯᠠᠮ ᠨᠢᠭᠡ ᠠᠯᠬᠤᠮ ᠴᠢᠩᠭᠠᠷᠠᠭᠤᠯᠤᠨ᠂ ᠵᠦᠷᠢᠶᠡᠵᠢᠭᠦᠯᠦᠨ ᠲᠡᠳᠭᠦᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ | ᠭᠤᠣᠯᠳᠠᠯᠭ᠎ᠠ ᠲᠠᠢ ᠭᠠᠵᠠᠷ ᠣᠷᠣᠨ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠤᠷᠢᠳᠠᠪᠠᠷ ᠳᠡᠮᠵᠢᠵᠦ᠂ ᠢᠯᠠᠩᠭᠤᠶ᠎ᠠ ᠵᠣᠭᠤᠰᠵᠢᠭᠤᠯᠤᠨ ᠲᠥᠪᠬᠢᠨᠡᠭᠦᠯᠬᠦ ᠲᠦᠷᠦᠯ ᠵᠦᠢᠯ ᠳᠠᠬᠢ ᠳᠡᠮᠵᠢᠯᠭᠡ ᠶᠢᠨ | ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠬᠤᠳᠠᠯᠳᠤᠭᠠᠨ ᠤ ᠪᠠᠩᠬᠢ ᠶᠢᠨ ᠪᠡᠯᠡ ᠲᠣᠬᠢᠷᠠᠭᠤᠯᠬᠤ ᠠᠷᠭ᠎ᠠ ᠵᠠᠮ ᠢᠶᠠᠨ | ᠰᠢᠯᠢᠳᠡᠭᠵᠢᠭᠦᠯᠵᠦ᠂ ᠪᠡᠯᠡ ᠲᠣᠬᠢᠷᠠᠭᠤᠯᠬᠤ ᠦᠪᠡᠷ ᠤᠨ ᠥᠷᠲᠡᠭ ᠢᠶᠠᠨ ᠪᠠᠭᠤᠷᠠᠭᠤᠯᠬᠤ ᠶᠢ ᠵᠤᠷᠢᠬᠵᠢᠭᠤᠯᠬᠤ | ᠬᠡᠷᠡᠭᠲᠡᠢ᠃ ᠨᠡᠭᠡᠭᠡᠯᠲᠡ ᠶᠢᠨ ᠴᠢᠨᠠᠷᠲᠠᠢ ᠮᠦᠩᠭᠦᠨ ᠭᠦᠢᠯᠭᠡᠭᠡᠨ ᠤ ᠳᠡᠮᠵᠢᠯᠭᠡ ᠶᠢᠨ ᠦᠢᠯᠡᠳᠦᠯ ᠢ ᠤᠯᠠᠮ ᠨᠢᠭᠡ | ᠠᠯᠬᠤᠮ ᠰᠠᠶᠢᠲᠤᠷ ᠪᠠᠳᠠᠷᠠᠭᠤᠯᠵᠤ᠂ ᠣᠷᠣᠨ ᠨᠤᠲᠤᠭ ᠤᠨ ᠵᠠᠰᠠᠭ ᠤᠨ ᠣᠷᠳᠤᠨ ᠤ ᠲᠦᠯᠦᠪᠵᠢᠭᠦᠯᠦᠭᠰᠡᠨ ᠳᠦᠭᠦᠮ | ᠪᠦᠳᠦᠭᠦᠯᠢᠭ ᠣᠷᠣᠨ ᠰᠠᠭᠤᠴᠠ ᠶᠢ ᠰᠢᠨᠡᠳᠭᠡᠨ ᠪᠠᠶᠢᠭᠤᠯᠬᠤ᠂ ᠣᠯᠠᠨ ᠨᠡᠶᠢᠲᠡ ᠶᠢᠨ ᠳᠦᠷᠢᠶᠡᠰᠦᠯᠡᠬᠦ ᠣᠷᠣᠨ | ᠰᠠᠭᠤᠴᠠ ᠶᠢ ᠪᠦᠲᠦᠭᠡᠨ ᠪᠠᠶᠢᠭᠤᠯᠬᠤ ᠶᠢ ᠨᠡᠭᠡᠭᠡᠯᠲᠡ ᠶᠢᠨ ᠴᠢᠨᠠᠷᠲᠠᠢ ᠮᠦᠩᠭᠦᠨ ᠭᠦᠢᠯᠭᠡᠭᠡᠨ ᠤ ᠳᠡᠮᠵᠢᠯᠭᠡ ᠶᠢᠨ | ᠬᠡᠪᠴᠢᠶᠡᠨ ᠳᠤ ᠣᠷᠤᠭᠤᠯᠬᠤ ᠬᠡᠷᠡᠭᠲᠡᠢ᠃ ᠣᠯᠠᠨ ᠨᠡᠶᠢᠲᠡ ᠶᠢᠨ ᠳᠦᠷᠢᠶᠡᠰᠦᠯᠡᠬᠦ ᠣᠷᠣᠨ ᠰᠠᠭᠤᠴᠠ ᠪᠠ ᠳᠦᠭᠦᠮ | ᠪᠦᠳᠦᠭᠦᠯᠢᠭ ᠣᠷᠣᠨ ᠰᠠᠭᠤᠴᠠ ᠶᠢ ᠰᠢᠨᠡᠳᠭᠡᠨ ᠪᠠᠶᠢᠭᠤᠯᠬᠤ ᠲᠦᠷᠦᠯ ᠵᠦᠢᠯ ᠤᠨ ᠵᠢᠭᠡᠯᠡᠯᠭᠡ ᠶᠢᠨ ᠴᠠᠭ | ᠬᠤᠭᠤᠴᠠᠭ᠎ᠠ ᠶᠢ 25 ᠵᠢᠯ ᠪᠣᠯᠲᠠᠯ᠎ᠠ ᠣᠷᠲᠤᠳᠬᠠᠵᠤ ᠪᠣᠯᠣᠨ᠎ᠠ᠃ ᠵᠠᠰᠠᠭ ᠤᠨ ᠣᠷᠳᠤᠨ ᠪᠣᠯᠣᠨ ᠨᠡᠶᠢᠭᠡᠮ ᠤᠨ | ᠬᠦᠷᠦᠩᠭᠡ ᠮᠦᠩᠭᠦ ᠬᠠᠮᠲᠤᠷᠠᠯᠴᠠᠬᠤ ︵ppp︶᠂ ᠢᠲᠡᠭᠡᠮᠵᠢ ᠶᠢᠨ ᠪᠡᠯᠡ ᠮᠦᠩᠭᠦ ᠶᠢ ᠪᠠᠶᠢᠭᠤᠯᠬᠤ᠂ ᠣᠷᠣᠨ | ᠨᠤᠲᠤᠭ ᠤᠨ ᠵᠢᠭᠡᠯᠡᠯᠭᠡ ᠶᠢᠨ ᠲᠡᠮᠲᠡᠭ ᠲᠠᠷᠬᠠᠭᠠᠬᠤ ᠵᠡᠷᠭᠡ ᠪᠡᠯᠡ ᠲᠣᠬᠢᠷᠠᠭᠤᠯᠭ᠎ᠠ ᠶᠢᠨ ᠠᠷᠭ᠎ᠠ ᠮᠠᠶ᠋ᠢᠭ ᠢ | ᠳᠡᠯᠭᠡᠷᠡᠭᠦᠯᠦᠨ ᠬᠡᠷᠡᠭᠯᠡᠵᠦ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ | ᠪᠡᠯᠡ ᠮᠦᠩᠭᠦ ᠶᠢ ᠬᠤᠷᠠᠮᠳᠤᠭᠤᠯᠬᠤ ᠬᠡᠷᠡᠭᠲᠡᠢ︔ ᠠᠷᠠᠳ ᠤᠨ ᠲᠣᠲᠤᠷᠠᠬᠢ ᠬᠦᠷᠥᠩᠭᠡ ᠮᠦᠩᠭᠦ ᠶᠢᠨ | ᠬᠤᠪᠢ ᠪᠠᠷ ᠢᠶᠠᠨ ᠵᠣᠭᠤᠰ ᠴᠤᠭᠯᠠᠭᠤᠯᠬᠤ ᠵᠡᠷᠭᠡ ᠠᠷᠭ᠎ᠠ ᠮᠠᠶ᠋ᠢᠭ ᠢ ᠬᠡᠷᠡᠭᠯᠡᠵᠦ᠂ ᠭᠡᠷ ᠪᠠᠶᠢᠰᠢᠩ ᠭᠠᠵᠠᠷ | ᠬᠦᠷᠦᠩᠭᠡ ᠶᠢᠨ ᠬᠦᠷᠢᠶ᠎ᠡ ᠬᠡᠪᠴᠢᠶᠡᠨ ᠤ ᠠᠵᠤ ᠦᠢᠯᠡᠰ ᠤᠨ ᠪᠡᠯᠡ ᠣᠷᠤᠭᠤᠯᠤᠯᠲᠠ ᠶᠢᠨ ᠰᠠᠭᠤᠷᠢ ᠮᠦᠩᠭᠦ ᠶᠢ | ᠬᠠᠤᠯᠢ ᠲᠣᠭᠲᠠᠭᠠᠯ ᠶᠣᠰᠤᠭᠠᠷ ᠡᠭᠦᠰᠭᠡᠨ ᠪᠠᠶᠢᠭᠤᠯᠬᠤ ᠶᠢ ᠵᠤᠷᠢᠬᠵᠢᠭᠤᠯᠬᠤ ᠬᠡᠷᠡᠭᠲᠡᠢ᠃ | ︵ᠬᠤᠷᠢᠨ ᠳᠥᠷᠪᠡ︶ ᠰᠠᠭᠤᠭᠠᠯᠢ ᠠᠷᠠᠳ ᠤᠨ ᠵᠦᠢ ᠵᠣᠬᠢᠰᠲᠠᠢ ᠣᠷᠣᠨ ᠰᠠᠭᠤᠴᠠ ᠶᠢᠨ ᠵᠢᠭᠡᠯᠡᠯᠭᠡ ᠶᠢᠨ | ᠬᠡᠷᠡᠭᠴᠡᠭᠡ ᠱᠠᠭᠠᠷᠳᠠᠯᠭ᠎ᠠ ᠶᠢ ᠢᠳᠡᠪᠬᠢᠲᠡᠢ ᠪᠠᠷ ᠳᠡᠮᠵᠢᠬᠦ ᠬᠡᠷᠡᠭᠲᠡᠢ᠃ ᠦᠪᠡᠷ ᠢᠶᠠᠨ ᠰᠠᠭᠤᠬᠤ ᠠᠩᠬᠠᠳᠤᠭᠠᠷ ᠢᠵᠢ | ᠡᠩ ᠤᠨ ᠭᠡᠷ ᠪᠠᠶᠢᠰᠢᠩ ︵ᠨᠡᠶᠢᠲᠡ ᠶᠢᠨ ᠪᠠᠶᠢᠷᠢ ᠶᠢᠨ ᠮᠠᠶ᠋ᠢᠭ ᠤᠨ ᠣᠷᠣᠨ ᠰᠠᠭᠤᠴᠠ ᠶᠢ ᠪᠠᠭᠲᠠᠭᠠᠨ᠎ᠠ︶ | ᠬᠤᠳᠠᠯᠳᠤᠨ ᠠᠪᠬᠤ ᠭᠡᠷ ᠪᠦᠯᠢ ᠶᠢᠨ ᠵᠢᠭᠡᠯᠡᠯᠭᠡ ᠶᠢᠨ ᠬᠠᠮᠤᠭ ᠳᠣᠣᠷ᠎ᠠ ᠠᠩᠬ᠎ᠠ ᠲᠤᠰᠢᠶᠠᠬᠤ ᠵᠣᠭᠤᠰ ᠤᠨ | ᠬᠠᠷᠢᠴᠠᠯ ᠢ 30% ᠪᠠᠶᠢᠯᠭᠠᠵᠤ᠂ ᠵᠢᠭᠡᠯᠡᠯᠭᠡ ᠶᠢᠨ ᠬᠦᠦ ᠶᠢᠨ ᠨᠤᠷᠮ᠎ᠠ ᠶᠢᠨ ᠳᠣᠣᠷᠠᠳᠤ ᠬᠢᠵᠠᠭᠠᠷ ᠢ ᠵᠢᠭᠡᠯᠡᠯᠭᠡ ᠶᠢᠨ | ᠪᠠᠷᠢᠮᠵᠢᠶᠠᠲᠤ ᠬᠦᠦ ᠶᠢᠨ ᠨᠤᠷᠮ᠎ᠠ ᠶᠢᠨ 0.7 ᠳᠠᠬᠢᠨ ᠪᠣᠯᠭᠠᠨ᠎ᠠ᠃ 1 ᠢᠵᠢ ᠭᠡᠷ ᠪᠠᠶᠢᠰᠢᠩ ᠲᠠᠢ ᠪᠦᠭᠡᠳ ᠭᠡᠷ | ᠬᠤᠳᠠᠯᠳᠤᠨ ᠠᠪᠤᠭᠰᠠᠨ ᠵᠣᠬᠢᠬᠤ ᠵᠢᠭᠡᠯᠡᠯᠭᠡ ᠪᠠᠨ ᠨᠢᠭᠡᠨᠲᠡ ᠲᠦᠯᠦᠵᠦ ᠳᠠᠭᠤᠰᠬᠠᠭᠰᠠᠨ ᠭᠡᠷ ᠪᠦᠯᠢ ᠨᠢ ᠣᠷᠣᠰᠢᠨ | ᠰᠠᠭᠤᠬᠤ ᠨᠦᠬᠦᠴᠡᠯ ᠢᠶᠠᠨ ᠰᠠᠶᠢᠵᠢᠷᠠᠭᠤᠯᠬᠤ ᠶᠢᠨ ᠲᠤᠰᠠᠳᠠ ᠲᠠᠸᠠᠷ ᠤᠨ ᠣᠷᠣᠨ ᠰᠠᠭᠤᠴᠠ ᠶᠢᠨ ᠵᠢᠭᠡᠯᠡᠯᠭᠡ ᠶᠢ | ᠳᠠᠬᠢᠨᠲᠠ ᠭᠤᠶᠤᠴᠢᠯᠠᠪᠠᠯ᠂ ᠮᠦᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠠᠩᠬᠠᠳᠤᠭᠠᠷ ᠢᠵᠢ ᠭᠡᠷ ᠪᠠᠶᠢᠰᠢᠩ ᠤᠨ | ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠡᠷᠡᠭᠲᠡᠢ᠃ 1 ᠢᠵᠢ ᠭᠡᠷ ᠪᠠᠶᠢᠰᠢᠩ ᠲᠠᠢ ᠪᠦᠭᠡᠳ ᠭᠡᠷ | ᠬᠤᠳᠠᠯᠳᠤᠨ ᠠᠪᠤᠭᠰᠠᠨ ᠵᠣᠬᠢᠬᠤ ᠵᠢᠭᠡᠯᠡᠯᠭᠡ ᠪᠠᠨ ᠲᠦᠯᠦᠵᠦ ᠳᠠᠭᠤᠰᠬᠠᠭ᠎ᠠ ᠦᠭᠡᠢ ᠰᠠᠭᠤᠭᠠᠯᠢ ᠠᠷᠠᠳ ᠤᠨ ᠭᠡᠷ | ᠪᠦᠯᠢ ᠨᠢ ᠣᠷᠣᠰᠢᠨ ᠰᠠᠭᠤᠬᠤ ᠨᠦᠬᠦᠴᠡᠯ ᠢᠶᠠᠨ ᠰᠠᠶᠢᠵᠢᠷᠠᠭᠤᠯᠬᠤ ᠶᠢᠨ ᠲᠤᠰᠠᠳᠠ ᠲᠠᠸᠠᠷ ᠤᠨ ᠣᠷᠣᠨ | ᠰᠠᠭᠤᠴᠠ ᠶᠢᠨ ᠵᠢᠭᠡᠯᠡᠯᠭᠡ ᠶᠢ ᠳᠠᠬᠢᠨᠲᠠ ᠭᠤᠶᠤᠴᠢᠯᠠᠪᠠᠯ᠂ ᠠᠩᠬ᠎ᠠ ᠲᠤᠰᠢᠶᠠᠬᠤ ᠵᠤᠭᠤᠰ ᠤᠨ ᠬᠠᠮᠤᠭ ᠤᠨ ᠳᠣᠣᠷ᠎ᠠ | ᠬᠠᠷᠢᠴᠠᠯ ᠢ 40% ᠠᠴᠠ ᠳᠣᠣᠷ᠎ᠠ ᠪᠠᠶᠢᠯᠭᠠᠬᠤ ᠦᠭᠡᠢ ᠪᠠᠷ ᠲᠣᠬᠢᠷᠠᠭᠤᠯᠬᠤ ᠬᠡᠷᠡᠭᠲᠡᠢ᠃ ᠮᠦᠩᠭᠦᠨ ᠭᠦᠢᠯᠭᠡᠭᠡᠨ ᠤ | ᠪᠠᠶᠢᠭᠤᠯᠤᠮᠵᠢ ᠨᠤᠭᠤᠳ ᠲᠣᠬᠠᠢ ᠶᠢᠨ ᠭᠠᠵᠠᠷ ᠤᠨ ᠬᠤᠲᠠ ᠪᠠᠯᠭᠠᠰᠤᠵᠢᠯᠲᠠ ᠶᠢᠨ ᠬᠥᠭᠵᠢᠯᠲᠡ ᠶᠢᠨ | ᠲᠦᠯᠦᠪᠵᠢᠭᠦᠯᠭᠡ ᠪᠠᠨ ᠦᠨᠳᠦᠰᠦᠯᠡᠨ᠂ ᠲᠥᠷᠥ ᠶᠢᠨ ᠪᠤᠳᠣᠯᠭ᠎ᠠ ᠶᠢᠨ ᠨᠦᠬᠦᠴᠡᠯ ᠳᠤ ᠨᠡᠶᠢᠴᠡᠬᠦ ᠲᠣᠬᠠᠢ ᠶᠢᠨ ᠭᠠᠵᠠᠷ | ᠣᠷᠣᠨ ᠤ ᠪᠤᠰᠤ ᠰᠠᠭᠤᠭᠠᠯᠢ ᠠᠷᠠᠳ ᠲᠤ ᠣᠷᠣᠨ ᠰᠠᠭᠤᠴᠠ ᠶᠢᠨ ᠵᠢᠭᠡᠯᠡᠯᠭᠡ ᠶᠢ ᠲᠠᠯᠪᠢᠵᠤ ᠪᠣᠯᠣᠨ᠎ᠠ᠃ ᠮᠦᠩᠭᠦᠨ | ᠭᠦᠢᠯᠭᠡᠭᠡᠨ ᠤ ᠪᠠᠶᠢᠭᠤᠯᠤᠮᠵᠢ ᠨᠤᠭᠤᠳ ᠵᠢᠭᠡᠯᠡᠯᠭᠡ ᠲᠠᠯᠪᠢᠬᠤ ᠶᠢ ᠬᠢᠨᠠᠨ ᠵᠥᠪᠰᠢᠶᠡᠷᠡᠬᠦ ᠦᠶᠡᠯᠡᠯ ᠢᠶᠠᠨ ᠪᠤᠭᠤᠨᠢᠰᠬᠠᠵᠤ | ᠂ ᠵᠢᠭᠡᠯᠡᠯᠭᠡ ᠶᠢᠨ ᠬᠦᠦ ᠶᠢᠨ ᠨᠤᠷᠮ᠎ᠠ ᠶᠢ ᠵᠣᠬᠢᠰᠲᠠᠢ ᠲᠣᠭᠲᠠᠭᠠᠨ᠂ ᠰᠠᠭᠤᠭᠠᠯᠢ ᠠᠷᠠᠳ ᠤᠨ ᠵᠢᠭᠡᠯᠡᠯᠭᠡ ᠶᠢᠨ | ᠵᠤᠭᠤᠰ ᠢᠶᠠᠷ ᠦᠪᠡᠷ ᠢᠶᠠᠨ ᠰᠠᠭᠤᠬᠤ ᠠᠩᠬᠠᠳᠤᠭᠠᠷ ᠢᠵᠢ ᠡᠩ ᠤᠨ ᠭᠡᠷ ᠪᠠᠶᠢᠰᠢᠩ ᠪᠠ ᠨᠦᠬᠦᠴᠡᠯ ᠢᠶᠠᠨ | ᠰᠠᠶᠢᠵᠢᠷᠠᠭᠤᠯᠬᠤ ᠪᠠᠷ ᠦᠪᠡᠷ ᠢᠶᠠᠨ ᠰᠠᠭᠤᠬᠤ ᠡᠩ ᠤᠨ ᠭᠡᠷ ᠪᠠᠶᠢᠰᠢᠩ ᠬᠤᠳᠠᠯᠳᠤᠨ ᠠᠪᠬᠤ ᠳᠠᠬᠢ ᠢᠲᠡᠭᠡᠮᠵᠢᠲᠦ | ᠵᠢᠭᠡᠯᠡᠯᠭᠡ ᠶᠢᠨ ᠬᠡᠷᠡᠭᠴᠡᠭᠡ ᠱᠠᠭᠠᠷᠳᠠᠯᠭ᠎ᠠ ᠶᠢ ᠤᠷᠢᠳᠠᠪᠠᠷ ᠬᠠᠩᠭᠠᠬᠤ ᠬᠡᠷᠡᠭᠲᠡᠢ᠃ | ︵ᠬᠤᠷᠢᠨ ᠲᠠᠪᠤ︶ ᠭᠡᠷ ᠪᠠᠶᠢᠰᠢᠩ ᠭᠠᠵᠠᠷ ᠬᠦᠷᠦᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ | ᠵᠣᠬᠢᠰᠲᠠᠢ ᠪᠡᠯᠡ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠦᠷᠭᠦᠯᠵᠢᠯᠡᠨ ᠳᠡᠮᠵᠢᠬᠦ ᠬᠡᠷᠡᠭᠲᠡᠢ᠃ ᠮᠦᠩᠭᠦᠨ | ᠭᠦᠢᠯᠭᠡᠭᠡᠨ ᠤ ᠪᠠᠶᠢᠭᠤᠯᠤᠮᠵᠢ ᠨᠤᠭᠤᠳ ᠲᠥᠭᠰᠢᠭᠦᠷᠢ ᠶᠢ ᠡᠵᠡᠮᠳᠡᠵᠦ ᠪᠣᠯᠬᠤ ᠤᠷᠢᠳᠠᠯ ᠳᠣᠣᠷ᠎ᠠ᠂ ᠢᠲᠡᠭᠡᠮᠵᠢᠲᠦ | ᠵᠢᠭᠡᠯᠡᠯᠭᠡ ᠶᠢᠨ ᠡᠬᠢ ᠰᠤᠷᠪᠤᠯᠵᠢ ᠶᠢ ᠵᠣᠬᠢᠰᠲᠠᠢ ᠲᠣᠬᠢᠷᠠᠭᠤᠯᠵᠤ᠂ ᠪᠡᠯᠡ ᠮᠦᠩᠭᠦ ᠶᠢᠨ ᠢᠲᠡᠭᠡᠮᠵᠢ ᠪᠠᠷ ᠰᠠᠶᠢᠨ᠂ | ᠦᠨᠡᠨᠴᠢ ᠢᠲᠡᠭᠡᠮᠵᠢᠲᠡᠢ ᠡᠵᠡᠩᠨᠡᠵᠦ ᠪᠠᠶᠢᠭ᠎ᠠ ᠭᠡᠷ ᠪᠠᠶᠢᠰᠢᠩ ᠭᠠᠵᠠᠷ ᠬᠦᠷᠦᠩᠭᠡ ᠶᠢᠨ ᠠᠵᠤ ᠠᠬᠤᠶᠢᠯᠠᠯ ᠤᠳ | ᠡᠩ ᠤᠨ ᠲᠠᠸᠠᠷ ᠤᠨ ᠣᠷᠣᠨ ᠰᠠᠭᠤᠴᠠ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠶᠢ ᠳᠡᠮᠵᠢᠵᠦ᠂ | ᠪᠠᠶᠢᠭᠤᠯᠵᠤ ᠪᠠᠶᠢᠬᠤ ᠪᠠ ᠦᠷᠭᠦᠯᠵᠢᠯᠡᠨ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠵᠦᠢ ᠵᠣᠬᠢᠰᠲᠠᠢ ᠪᠡᠯᠡ | ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠡᠷᠡᠭᠲᠡᠢ᠃ ᠵᠠᠬ᠎ᠠ ᠳᠡᠯᠭᠡᠭᠦᠷᠴᠢᠯᠡᠭᠰᠡᠨ ᠪᠡᠯᠡ | ᠲᠣᠬᠢᠷᠠᠭᠤᠯᠭ᠎ᠠ ᠶᠢᠨ ᠠᠷᠭ᠎ᠠ ᠵᠠᠮ ᠢ ᠥᠷᠭᠡᠳᠭᠡᠵᠦ᠂ ᠡᠯ᠎ᠡ ᠲᠦᠷᠦᠯ ᠤᠨ ᠵᠢᠭᠡᠯᠡᠯᠭᠡ ᠲᠠᠯᠪᠢᠬᠤ ᠶᠢᠨ ᠭᠤᠣᠯᠴᠢᠯᠠᠨ | ᠬᠠᠮᠢᠶᠠᠷᠬᠤ ᠪᠠᠶᠢᠭᠤᠯᠤᠮᠵᠢ ᠯᠤᠭ᠎ᠠ ᠬᠠᠷᠢᠯᠴᠠᠭ᠎ᠠ ᠬᠤᠯᠪᠤᠭ᠎ᠠ ᠪᠠᠨ ᠴᠢᠩᠭᠠᠳᠬᠠᠵᠤ᠂ ᠨᠦᠬᠦᠴᠡᠯ ᠳᠤ ᠨᠡᠶᠢᠴᠡᠬᠦ ᠭᠡᠷ | ᠪᠠᠶᠢᠰᠢᠩ ᠭᠠᠵᠠᠷ ᠬᠦᠷᠦᠩᠭᠡ ᠶᠢᠨ ᠠᠵᠤ ᠠᠬᠤᠶᠢᠯᠠᠯ ᠤᠨ ᠵᠢᠭᠡᠯᠡᠯᠭᠡ ᠶᠢᠨ ᠲᠡᠮᠲᠡᠭ ᠲᠠᠷᠬᠠᠭᠠᠬᠤ ᠶᠢ ᠳᠡᠮᠵᠢᠬᠦ | ᠬᠡᠷᠡᠭᠲᠡᠢ︔ ᠴᠢᠨᠠᠷ ᠰᠠᠶᠢᠨ ᠡᠳ᠋ ᠬᠦᠷᠦᠩᠭᠡ ᠲᠠᠢ ᠪᠠ ᠪᠡᠯᠡᠨ ᠵᠣᠭᠤᠰ ᠤᠨ ᠭᠦᠢᠯᠭᠡᠭᠡ ᠶᠢ ᠪᠡᠶ᠎ᠡ ᠪᠠᠨ ᠳᠠᠭᠠᠭᠠᠨ | ᠲᠦᠰᠦᠭᠡᠯᠡᠵᠦ ᠴᠢᠳᠠᠬᠤ ᠭᠡᠷ ᠪᠠᠶᠢᠰᠢᠩ ᠭᠠᠵᠠᠷ ᠬᠦᠷᠦᠩᠭᠡ ᠶᠢᠨ ᠠᠵᠤ ᠠᠬᠤᠶᠢᠯᠠᠯ ᠤᠨ ᠡᠳ᠋ ᠬᠦᠷᠦᠩᠭᠡ ᠪᠠᠨ | ᠲᠡᠮᠲᠡᠭᠵᠢᠭᠦᠯᠬᠦ᠂ ᠪᠠᠩᠬᠢ ᠶᠢᠨ ᠨᠡᠷᠡᠳᠭᠦᠨ ᠢ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ ᠪᠡᠯᠡ ᠮᠦᠩᠭᠦ | ᠴᠤᠭᠯᠠᠭᠤᠯᠬᠤ ᠶᠢ ᠵᠥᠪᠰᠢᠶᠡᠷᠡᠬᠦ ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ | ᠬᠢᠭᠡᠳ ᠳᠤᠮᠳᠠᠳᠤ ᠤᠯᠤᠰ ᠤᠨ ᠪᠠᠩᠭᠢ ᠶᠢᠨ ᠬᠤᠭᠤᠷᠤᠨᠳᠤᠬᠢ ᠵᠠᠬ᠎ᠠ ᠳᠡᠯᠭᠡᠭᠦᠷ ᠤᠨ ᠠᠷᠠᠯᠵᠢᠶᠠᠨ ᠤ | ᠬᠤᠳᠠᠯᠳᠤᠭᠠᠴᠢᠳ ᠤᠨ ᠨᠡᠶᠢᠭᠡᠮᠯᠢᠭ ᠯᠦᠭᠡ ᠲᠣᠭᠲᠠᠭᠰᠠᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠨ ᠠᠵᠢᠯᠯᠠᠬᠤ | ᠬᠡᠯᠡᠯᠴᠡᠭᠡᠷ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠲᠦᠷᠦᠯ ᠵᠦᠢᠯ ᠤᠨ ᠠᠰᠢᠭ ᠣᠷᠣᠯᠭ᠎ᠠ ᠶᠢᠨ ᠫᠢᠶᠤᠤ | ᠪᠠᠷᠢᠮᠲᠠ ᠲᠠᠷᠬᠠᠭᠠᠬᠤ ᠶᠢ ᠢᠳᠡᠪᠬᠢᠲᠡᠢ ᠲᠣᠷᠰᠢᠵᠤ᠂ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠡᠯᠡ | ᠲᠣᠬᠢᠷᠠᠭᠤᠯᠭ᠎ᠠ ᠶᠢᠨ ᠰᠢᠨ᠎ᠡ ᠠᠷᠭ᠎ᠠ ᠵᠠᠮ ᠢ ᠰᠦᠪᠡᠭᠴᠢᠯᠡᠬᠦ ᠬᠡᠷᠡᠭᠲᠡᠢ᠃ | ᠵᠢᠷᠭᠤᠭ᠎ᠠ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ ᠶᠢᠨ ᠵᠢᠭᠡᠯᠡᠯᠭᠡ ᠶᠢ ᠤᠯᠠᠮ ᠨᠢᠭᠡ ᠠᠯᠬᠤᠮ | ᠴᠢᠯᠦᠭᠡᠲᠡᠢ ᠭᠦᠢᠯᠭᠡᠭᠡᠵᠦ᠂ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠨᠦᠬᠦᠴᠡᠯ ᠢ ᠲᠦᠷᠭᠡᠳᠭᠡᠨ | ᠰᠠᠶᠢᠵᠢᠷᠠᠭᠤᠯᠬᠤ ᠬᠡᠷᠡᠭᠲᠡᠢ | ︵ᠬᠤᠷᠢᠨ ᠵᠢᠷᠭᠤᠭ᠎ᠠ︶ ᠵᠢᠭᠡᠯᠡᠯᠭᠡ ᠶᠢᠨ ᠨᠦᠬᠦᠴᠡᠯ ᠢ ᠵᠦᠢ ᠵᠣᠬᠢᠰᠲᠠᠢ ᠲᠣᠭᠲᠠᠭᠠᠬᠤ ᠬᠡᠷᠡᠭᠲᠡᠢ᠃ | ᠠᠵᠢᠯᠲᠠᠨ ᠠᠵᠢᠯᠴᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ ᠪᠠᠨ ᠦᠷᠭᠦᠯᠵᠢᠯᠡᠨ 6 ᠰᠠᠷ᠎ᠠ ︵6 ᠰᠠᠷ᠎ᠠ ᠶᠢ | ᠪᠠᠭᠲᠠᠭᠠᠨ᠎ᠠ︶ ᠠᠴᠠ ᠳᠡᠭᠡᠭᠰᠢ ᠲᠤᠭ᠎ᠠ ᠶᠤᠰᠤᠭᠠᠷ ᠭᠦᠢᠴᠡᠳ ᠲᠤᠰᠢᠶᠠᠵᠤ ᠬᠠᠳᠠᠭᠠᠯᠠᠭᠰᠠᠨ ᠪᠣᠯ᠂ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ ᠶᠢᠨ ᠬᠤᠪᠢ ᠬᠦᠮᠦᠨ ᠤ ᠣᠷᠣᠨ ᠰᠠᠭᠤᠴᠠ ᠶᠢᠨ | ᠵᠢᠭᠡᠯᠡᠯᠭᠡ ᠶᠢ ᠭᠤᠶᠤᠴᠢᠯᠠᠵᠤ ᠪᠣᠯᠣᠨ᠎ᠠ᠃ ᠦᠩᠭᠡᠷᠡᠭᠰᠡᠨ ᠳᠤ ᠪᠤᠰᠤᠳ ᠭᠠᠵᠠᠷ ᠲᠤ ᠨᠡᠶᠢᠲᠡ ᠶᠢᠨ | ᠬᠤᠷᠠᠮᠳᠤᠭᠤᠯᠭ᠎ᠠ ᠶᠢᠨ ᠮᠦᠩᠭᠦ ᠲᠤᠰᠢᠶᠠᠵᠤ ᠬᠠᠳᠠᠭᠠᠯᠠᠨ᠂ ᠣᠳᠣ ᠲᠤᠰᠢᠶᠠᠵᠤ ᠪᠠᠶᠢᠭ᠎ᠠ ᠭᠠᠵᠠᠷ ᠲᠠᠭᠠᠨ ᠲᠤᠰᠢᠶᠠᠵᠤ | ᠬᠠᠳᠠᠭᠠᠯᠠᠭᠠᠳ 6 ᠰᠠᠷ᠎ᠠ ᠪᠣᠯᠤᠭ᠎ᠠ ᠦᠭᠡᠢ ᠪᠣᠯ᠂ ᠲᠤᠰᠢᠶᠠᠵᠤ ᠬᠠᠳᠠᠭᠠᠯᠠᠭᠰᠠᠨ ᠴᠠᠭ ᠬᠤᠭᠤᠴᠠᠭ᠎ᠠ ᠶᠢ ᠨᠢ | ᠣᠣᠯ ᠤᠨ ᠲᠤᠰᠢᠶᠠᠵᠤ ᠬᠠᠳᠠᠭᠠᠯᠠᠭᠰᠠᠨ ᠭᠠᠵᠠᠷ ᠤᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ ᠶᠢᠨ | ᠬᠠᠮᠢᠶᠠᠷᠤᠯᠲᠠ ᠶᠢᠨ ᠲᠥᠪ ᠠᠴᠠ ᠭᠠᠷᠭᠠᠭᠰᠠᠨ ᠭᠡᠷᠡᠴᠢ ᠶᠢ ᠦᠨᠳᠦᠰᠦᠯᠡᠨ ᠨᠡᠶᠢᠯᠡᠭᠦᠯᠵᠦ ᠪᠤᠳᠤᠬᠤ ᠬᠡᠷᠡᠭᠲᠡᠢ᠃ | ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ ᠶᠢᠨ ᠵᠢᠭᠡᠯᠡᠯᠭᠡ ᠭᠤᠶᠤᠴᠢᠯᠠᠬᠤ ᠨᠦᠬᠦᠴᠡᠯ ᠳᠤ ᠨᠡᠶᠢᠴᠡᠬᠦ ᠠᠵᠢᠯᠲᠠᠨ | ᠠᠵᠢᠯᠴᠢᠨ ᠤ ᠣᠷᠣᠨ ᠰᠠᠭᠤᠴᠠ ᠶᠢᠨ ᠪᠠᠶᠢᠳᠠᠯ ᠢ ᠳᠠᠬᠢᠵᠤ ᠪᠠᠶᠢᠴᠠᠭᠠᠨ ᠠᠰᠠᠭᠤᠬᠤ ᠦᠭᠡᠢ᠃ | ︵ᠬᠤᠷᠢᠨ ᠳᠤᠯᠤᠭ᠎ᠠ︶ ᠵᠢᠭᠡᠯᠡᠯᠭᠡ ᠶᠢᠨ ᠲᠤᠭ᠎ᠠ ᠬᠡᠮᠵᠢᠶ᠎ᠠ ᠪᠠ ᠴᠠᠭ ᠬᠤᠭᠤᠴᠠᠭ᠎ᠠ ᠶᠢ ᠵᠦᠢ ᠵᠣᠬᠢᠰᠲᠠᠢ | ᠲᠣᠭᠲᠠᠭᠠᠬᠤ ᠬᠡᠷᠡᠭᠲᠡᠢ᠃ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ ᠶᠢᠨ ᠵᠢᠭᠡᠯᠡᠯᠭᠡ ᠶᠢ | ᠬᠡᠷᠡᠭᠯᠡᠨ ᠡᠩ ᠤᠨ ᠣᠷᠣᠨ ᠰᠠᠭᠤᠴᠠ ︵ᠨᠡᠶᠢᠲᠡ ᠶᠢᠨ ᠪᠠᠶᠢᠷᠢ ᠶᠢᠨ ᠮᠠᠶ᠋ᠢᠭ ᠤᠨ ᠣᠷᠣᠨ ᠰᠠᠭᠤᠴᠠ ᠶᠢ ᠪᠠᠭᠲᠠᠭᠠᠨ᠎ᠠ︶ | ᠬᠤᠳᠠᠯᠳᠤᠨ ᠠᠪᠬᠤ ᠠᠵᠢᠯᠲᠠᠨ ᠠᠵᠢᠯᠴᠢᠨ ᠤ ᠠᠩᠬ᠎ᠠ ᠲᠤᠰᠢᠶᠠᠬᠤ ᠵᠣᠭᠤᠰ ᠤᠨ ᠬᠠᠮᠤᠭ ᠤᠨ ᠳᠣᠣᠷ᠎ᠠ ᠬᠠᠷᠢᠴᠠᠯ ᠢ | 20% ᠪᠠᠶᠢᠯᠭᠠᠵᠤ᠂ ᠵᠢᠭᠡᠯᠡᠯᠭᠡ ᠶᠢᠨ ᠴᠠᠭ ᠬᠤᠭᠤᠴᠠᠭ᠎ᠠ ᠶᠢ ᠠᠵᠢᠯ ᠠᠴᠠ ᠪᠠᠭᠤᠭᠰᠠᠨ ᠤ ᠳᠠᠷᠠᠭᠠᠬᠢ 5 ᠵᠢᠯ | ᠪᠣᠯᠲᠠᠯ᠎ᠠ ᠤᠷᠲᠤᠳᠬᠠᠵᠤ ᠪᠣᠯᠣᠨ᠎ᠠ᠃ ᠪᠦᠷᠢᠨ ᠵᠠᠰᠠᠵᠤ ᠴᠢᠮᠡᠭᠰᠡᠨ ᠲᠠᠸᠠᠷ ᠤᠨ ᠣᠷᠣᠨ ᠰᠠᠭᠤᠴᠠ ᠬᠤᠳᠠᠯᠳᠤᠵᠤ | ᠠᠪᠤᠭᠰᠠᠨ ᠪᠣᠯ᠂ ᠲᠣᠬᠠᠢ ᠶᠢᠨ ᠭᠠᠵᠠᠷ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ | ᠮᠦᠩᠭᠦ ᠶᠢᠨ ᠭᠡᠷ ᠬᠤᠳᠠᠯᠳᠤᠨ ᠠᠪᠬᠤ ᠵᠢᠭᠡᠯᠡᠯᠭᠡ ᠶᠢᠨ ᠬᠠᠮᠤᠭ ᠤᠨ ᠦᠨᠳᠦᠷ ᠬᠢᠵᠠᠭᠠᠷᠯᠠᠭᠰᠠᠨ ᠲᠤᠭ᠎ᠠ ᠶᠢ ᠵᠦᠢ | ᠵᠣᠬᠢᠰᠲᠠᠢ ᠪᠠᠷ ᠳᠡᠭᠡᠭᠰᠢᠯᠡᠭᠦᠯᠵᠦ᠂ ᠭᠡᠷ ᠪᠠᠶᠢᠰᠢᠩ ᠬᠤᠳᠠᠯᠳᠤᠨ ᠠᠪᠬᠤ ᠠᠵᠢᠯᠲᠠᠨ ᠠᠵᠢᠯᠴᠢᠨ ᠤ ᠵᠦᠢ ᠵᠣᠬᠢᠰᠲᠠᠢ | ᠵᠢᠭᠡᠯᠡᠯᠭᠡ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠡᠷᠡᠭᠲᠡᠢ᠃ ᠲᠤᠰᠠᠭᠠᠷ ᠭᠡᠷ᠎ᠡ ᠲᠣᠭᠲᠠᠭᠠᠬᠤ ᠳᠤ ᠬᠡᠷᠡᠭᠯᠡᠬᠦ | ᠵᠠᠰᠠᠵᠤ ᠴᠢᠮᠡᠭᠰᠡᠨ ᠰᠦᠢᠳᠭᠡᠯ᠂ ᠲᠡᠷᠭᠡᠨ ᠤ ᠬᠦᠮᠦᠷᠭᠡ ᠶᠢᠨ ᠰᠦᠢᠳᠭᠡᠯ ᠵᠡᠷᠭᠡ ᠭᠡᠷ ᠪᠠᠶᠢᠰᠢᠩ ᠬᠤᠳᠠᠯᠳᠤᠨ | ᠠᠪᠬᠤ ᠯᠤᠭ᠎ᠠ ᠬᠤᠯᠪᠤᠭᠳᠠᠬᠤ ᠰᠦᠢᠳᠭᠡᠯ ᠳᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ | ᠮᠦᠩᠭᠦ ᠶᠢ ᠭᠠᠷᠭᠠᠵᠤ ᠠᠪᠬᠤ ᠪᠠ ᠵᠢᠭᠡᠯᠡᠬᠦ ᠪᠠᠷ ᠲᠤᠰᠠᠭᠠᠷ ᠭᠤᠶᠤᠴᠢᠯᠠᠵᠤ ᠪᠣᠯᠣᠨ᠎ᠠ᠂ ᠭᠠᠷᠭᠠᠵᠤ ᠠᠪᠬᠤ ᠪᠠ | ᠵᠢᠭᠡᠯᠡᠬᠦ ᠲᠤᠭ᠎ᠠ ᠬᠡᠮᠵᠢᠶ᠎ᠠ ᠶᠢ ᠭᠡᠷ ᠪᠠᠶᠢᠰᠢᠩ ᠬᠤᠳᠠᠯᠳᠤᠨ ᠠᠪᠤᠭᠰᠠᠨ ᠶᠡᠷᠦᠩᠬᠡᠢ ᠦᠨ᠎ᠡ ᠶᠢᠨ ᠵᠤᠭᠤᠰᠣᠨ ᠳᠤ | ᠪᠤᠳᠤᠵᠤ ᠣᠷᠤᠭᠤᠯᠬᠤ ᠦᠭᠡᠢ᠂ ᠪᠣᠲᠠᠲᠠᠢ ᠬᠡᠷᠡᠭᠵᠢᠭᠦᠯᠬᠦ ᠠᠷᠭ᠎ᠠ ᠶᠢ ᠡᠯ᠎ᠡ ᠠᠶᠢᠮᠠᠭ ᠬᠤᠲᠠ ᠶᠢᠨ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ ᠶᠢᠨ ᠬᠠᠮᠢᠶᠠᠷᠤᠯᠲᠠ ᠶᠢᠨ ᠵᠦᠪᠯᠡᠯ ᠠᠴᠠ ᠲᠣᠭᠲᠠᠭᠠᠬᠤ | ᠬᠡᠷᠡᠭᠲᠡᠢ᠃ | ︵ᠬᠤᠷᠢᠨ ᠨᠠᠢᠮᠠ︶ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ ᠶᠢ ᠭᠠᠷᠭᠠᠵᠤ | ᠠᠪᠬᠤ ᠨᠦᠬᠦᠴᠡᠯ ᠢ ᠠᠭᠤᠵᠢᠭᠤ ᠲᠠᠯᠪᠢᠬᠤ ᠬᠡᠷᠡᠭᠲᠡᠢ᠃ ᠭᠡᠷ ᠪᠦᠯᠢ ᠶᠢᠨ ᠴᠢᠰᠤᠨ ᠲᠦᠷᠦᠯ ᠤᠨ ᠪᠦᠷᠢᠯᠳᠦᠭᠦᠨ ︵ | ᠲᠤᠰ ᠬᠦᠮᠦᠨ᠂ ᠬᠤᠯᠪᠣᠰᠤ ᠵᠢᠴᠢ ᠬᠤᠶᠠᠷ ᠡᠲᠡᠭᠡᠳ ᠤᠨ ᠡᠴᠢᠬᠡ ᠡᠬᠡ᠂ ᠦᠷ᠎ᠡ ᠬᠡᠦᠬᠡᠳ ᠢ ᠪᠠᠭᠲᠠᠭᠠᠨ᠎ᠠ︶ ᠤ | ᠠᠯᠢ ᠨᠢᠭᠡ ᠬᠦᠮᠦᠨ ᠨᠢ ᠡᠩ ᠤᠨ ᠣᠷᠣᠨ ᠰᠠᠭᠤᠴᠠ ᠬᠤᠳᠠᠯᠳᠤᠨ ᠠᠪᠤᠪᠠᠯ᠂ ᠬᠤᠪᠢ ᠬᠦᠮᠦᠨ ᠢᠶᠠᠷ ᠨᠢ | ᠵᠦᠪᠰᠢᠶᠡᠷᠡᠭᠦᠯᠬᠦ ᠶᠢᠨ ᠬᠠᠮᠲᠤ ᠬᠦᠴᠦᠨ ᠪᠦᠬᠦᠢ ᠭᠡᠷᠡᠴᠢ ᠬᠠᠩᠭᠠᠵᠤ ᠳᠡᠶᠢᠯᠪᠡᠯ᠂ ᠭᠡᠷ ᠪᠦᠯᠢ ᠶᠢᠨ ᠪᠤᠰᠤᠳ ᠴᠢᠰᠤᠨ | ᠲᠦᠷᠦᠯ ᠤᠨ ᠪᠦᠷᠢᠯᠳᠦᠭᠦᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ ᠶᠢ ᠴᠦᠮ | ᠭᠠᠷᠭᠠᠨ ᠠᠪᠴᠤ ᠪᠣᠯᠣᠨ᠎ᠠ᠃ ᠠᠵᠢᠯᠲᠠᠨ ᠠᠵᠢᠯᠴᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ | ᠮᠦᠩᠭᠦ ᠪᠠᠨ ᠦᠷᠭᠦᠯᠵᠢᠯᠡᠨ ᠲᠤᠭ᠎ᠠ ᠶᠤᠰᠤᠭᠠᠷ ᠭᠦᠢᠴᠡᠳ ᠲᠤᠰᠢᠶᠠᠵᠤ ᠬᠠᠳᠠᠭᠠᠯᠠᠭᠠᠳ ᠪᠦᠲᠦᠨ 3 ᠰᠠᠷ᠎ᠠ ᠪᠣᠯᠪᠠᠯ᠂ | ᠲᠤᠰ ᠬᠦᠮᠦᠨ ᠵᠢᠴᠢ ᠬᠤᠯᠪᠤᠰᠤ ᠨᠢ ᠲᠣᠬᠠᠢ ᠶᠢᠨ ᠭᠠᠵᠠᠷ ᠲᠤ ᠰᠠᠭᠤᠬᠤ ᠭᠡᠷ ᠦᠭᠡᠢ ᠪᠦᠭᠡᠳ ᠭᠡᠷ ᠳᠦᠷᠢᠶᠡᠰᠦᠯᠡᠨ | ᠰᠠᠭᠤᠵᠤ ᠪᠠᠶᠢᠪᠠᠯ᠂ ᠡᠷ᠎ᠡ ᠡᠮ᠎ᠡ ᠬᠤᠶᠠᠷ ᠡᠲᠡᠭᠡᠳ ᠤᠨ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠦᠩᠭᠦ ᠪᠠᠨ ᠭᠠᠷᠭᠠᠨ ᠠᠪᠴᠤ ᠲᠣᠬᠠᠢ ᠶᠢᠨ ᠵᠢᠯ ᠤᠨ ᠭᠡᠷ ᠪᠠᠶᠢᠰᠢᠩ ᠳᠦᠷᠢᠶᠡᠰᠦᠯᠡᠭᠰᠡᠨ | ᠵᠠᠷᠤᠳᠠᠯ ᠢᠶᠠᠨ ᠲᠦᠯᠦᠬᠦ ᠳᠤ ᠬᠡᠷᠡᠭᠯᠡᠵᠦ ᠪᠣᠯᠣᠨ᠎ᠠ᠃ | ︵ᠬᠤᠷᠢ ᠶᠢᠰᠦ︶ ᠣᠷᠣᠨ ᠤ ᠳᠤᠲᠤᠷᠠᠬᠢ ᠪᠤᠰᠤᠳ ᠭᠠᠵᠠᠷ ᠤᠨ ᠵᠢᠭᠡᠯᠡᠯᠭᠡ ᠶᠢᠨ ᠲᠣᠬᠠᠶᠢᠯᠠᠭᠰᠠᠨ ᠠᠵᠢᠯ ᠢ | ᠲᠦᠷᠭᠡᠳᠭᠡᠨ ᠦᠷᠨᠢᠭᠦᠯᠬᠦ ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠤ ᠣᠷᠣᠨ ᠪᠦᠰᠡ ᠳᠤᠲᠤᠷ᠎ᠠ᠂ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ ᠪᠠᠨ ᠬᠡᠪ ᠢᠶᠠᠷ ᠲᠤᠰᠢᠶᠠᠵᠤ ᠬᠠᠳᠠᠭᠠᠯᠠᠭᠰᠠᠨ ᠠᠵᠢᠯᠲᠠᠨ | ᠠᠵᠢᠯᠴᠢᠨ ᠲᠤᠰᠢᠶᠠᠵᠤ ᠬᠠᠳᠠᠭᠠᠯᠠᠭᠰᠠᠨ ᠭᠠᠵᠠᠷ ᠠᠴᠠ ᠪᠤᠰᠤᠳ ᠭᠠᠵᠠᠷ ᠣᠷᠣᠨ ᠳᠤ ᠡᠩ ᠤᠨ ᠲᠠᠸᠠᠷ ᠤᠨ ᠣᠷᠣᠨ | ᠰᠠᠭᠤᠴᠠ ᠬᠤᠳᠠᠯᠳᠤᠨ ᠠᠪᠤᠪᠠᠯ᠂ ᠭᠡᠷ ᠪᠠᠶᠢᠰᠢᠩ ᠬᠤᠳᠠᠯᠳᠤᠨ ᠠᠪᠬᠤ ᠭᠠᠵᠠᠷ ᠤᠨ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ ᠶᠢᠨ ᠬᠠᠮᠢᠶᠠᠷᠤᠯᠲᠠ ᠶᠢᠨ ᠲᠥᠪ ᠠᠴᠠ ᠪᠤᠰᠤᠳ ᠭᠠᠵᠠᠷ ᠠᠴᠠ ᠭᠡᠷ | ᠪᠠᠶᠢᠰᠢᠩ ᠬᠤᠳᠠᠯᠳᠤᠨ ᠠᠪᠬᠤ ᠵᠢᠭᠡᠯᠡᠯᠭᠡ ᠶᠢᠨ ᠮᠦᠩᠭᠦ ᠭᠤᠶᠤᠴᠢᠯᠠᠵᠤ ᠪᠣᠯᠬᠤ ᠪᠦᠭᠡᠳ ᠪᠠᠰᠠ ᠭᠡᠷ ᠪᠠᠶᠢᠰᠢᠩ | ᠬᠤᠳᠠᠯᠳᠤᠨ ᠠᠪᠤᠭᠰᠠᠨ ᠭᠠᠷᠳᠠᠮ ᠢᠶᠠᠨ ᠦᠨᠳᠦᠰᠦᠯᠡᠨ ᠲᠤᠰ ᠬᠦᠮᠦᠨ ᠵᠢᠴᠢ ᠬᠤᠯᠪᠣᠰᠤ ᠶᠢᠨ ᠢᠶᠠᠨ ᠳᠠᠩᠰᠠᠨ | ᠡᠷᠦᠬᠡ ᠳᠠᠬᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ ᠶᠢ ᠭᠠᠷᠭᠠᠨ ᠠᠪᠬᠤ ᠪᠠᠷ | ᠭᠤᠶᠤᠴᠢᠯᠠᠵᠤ ᠪᠣᠯᠣᠨ᠎ᠠ᠃ ᠡᠯ᠎ᠡ ᠭᠠᠵᠠᠷ ᠣᠷᠣᠨ ᠨᠤᠭᠤᠳ ᠦᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ | ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ︽ᠪᠦᠬᠦ ᠣᠷᠣᠨ ᠤ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ ᠪᠠᠷ ᠬᠤᠪᠢ ᠬᠦᠮᠦᠨ ᠪᠤᠰᠤᠳ ᠭᠠᠵᠠᠷ ᠠᠴᠠ ᠭᠡᠷ ᠪᠠᠶᠢᠰᠢᠩ | ᠬᠤᠳᠠᠯᠳᠤᠨ ᠠᠪᠬᠤ ᠳᠤ ᠵᠢᠭᠡᠯᠡᠯᠭᠡ ᠵᠢᠭᠡᠯᠡᠬᠦ ᠶᠢ ᠬᠡᠷᠡᠭᠵᠢᠭᠦᠯᠬᠦ ᠲᠣᠬᠠᠢ ᠮᠡᠳᠡᠭᠳᠡᠯ︾ ︵ᠦᠪᠦᠷ ᠪᠠᠶᠢᠭᠤᠯᠤᠯᠲᠠ | ᠮᠦᠩᠭᠦ ﹇2014﹈ 571 ᠳ᠋ᠤᠭᠡᠷ ᠲᠣᠭᠠᠲᠤ︶ ᠤᠨ ᠵᠤᠷᠢᠬ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠲᠣᠭᠲᠠᠭᠠᠭᠰᠠᠨ ᠨᠦᠬᠦᠴᠡᠯ ᠪᠣᠯᠣᠨ ᠳᠡᠰ ᠳᠠᠷᠠᠭᠠᠯᠠᠯ ᠤᠨ ᠱᠠᠭᠠᠷᠳᠠᠯᠭ᠎ᠠ ᠶᠣᠰᠤᠭᠠᠷ᠂ | ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ ᠪᠠᠷ ᠪᠤᠰᠤᠳ ᠭᠠᠵᠠᠷ ᠠᠴᠠ ᠭᠡᠷ ᠪᠠᠶᠢᠰᠢᠩ | ᠬᠤᠳᠠᠯᠳᠤᠨ ᠠᠪᠬᠤ ᠳᠤ ᠵᠢᠭᠡᠯᠡᠯᠭᠡ ᠵᠢᠭᠡᠯᠡᠬᠦ ᠠᠵᠢᠯ ᠢ ᠲᠦᠷᠭᠡᠬᠡᠨ ᠦᠷᠨᠢᠭᠦᠯᠵᠦ᠂ ᠭᠡᠷ ᠪᠠᠶᠢᠰᠢᠩ ᠬᠤᠳᠠᠯᠳᠤᠨ | ᠠᠪᠬᠤ ᠬᠦᠰᠡᠯ ᠡᠷᠡᠮᠡᠯᠵᠡᠯ ᠲᠠᠢ ᠠᠵᠢᠯᠲᠠᠨ ᠠᠵᠢᠯᠴᠢᠨ ᠤ ᠣᠷᠣᠨ ᠰᠠᠭᠤᠴᠠ ᠬᠤᠳᠠᠯᠳᠤᠨ ᠠᠪᠬᠤ ᠶᠢ ᠳᠡᠮᠵᠢᠬᠦ | ᠬᠡᠷᠡᠭᠲᠡᠢ᠃ | ︵ᠭᠤᠴᠢ︶ ᠵᠢᠭᠡᠯᠡᠯᠭᠡ ᠶᠢᠨ ᠵᠠᠷᠤᠳᠠᠯ ᠢ ᠪᠠᠭᠤᠷᠠᠭᠤᠯᠬᠤ ᠬᠡᠷᠡᠭᠲᠡᠢ᠃ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠦᠩᠭᠦ ᠶᠢᠨ ᠬᠤᠪᠢ ᠬᠦᠮᠦᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠳᠠᠭᠠᠳᠬᠠᠯ᠂ | ᠠᠯᠪᠠᠨ ᠭᠡᠷᠡᠴᠢᠯᠡᠭᠡ᠂ ᠰᠢᠨ᠎ᠡ ᠭᠡᠷ ᠪᠠᠶᠢᠰᠢᠩ ᠤᠨ ᠦᠨᠡᠯᠡᠨ ᠵᠢᠱᠢᠯᠲᠠ ᠪᠣᠯᠣᠨ ᠠᠯᠪᠠᠳᠠᠯᠭ᠎ᠠ ᠶᠢᠨ ᠴᠢᠨᠠᠷᠲᠠᠢ | ᠪᠠᠶᠢᠭᠤᠯᠤᠮᠵᠢ ᠶᠢᠨ ᠳᠠᠭᠠᠭᠠᠯᠲᠠ ᠬᠢᠯᠭᠡᠬᠦ ᠵᠡᠷᠭᠡ ᠰᠦᠢᠳᠭᠡᠯ ᠬᠤᠷᠢᠶᠠᠬᠤ ᠲᠦᠷᠦᠯ ᠵᠦᠢᠯ ᠢ ᠬᠦᠴᠦᠨ ᠦᠭᠡᠢ | ᠪᠣᠯᠭᠠᠵᠤ᠂ ᠵᠢᠭᠡᠯᠡᠯᠭᠡ ᠵᠢᠭᠡᠯᠡᠬᠦ ᠠᠵᠢᠯᠲᠠᠨ ᠠᠵᠢᠯᠴᠢᠨ ᠤ ᠳᠠᠷᠤᠭᠠᠰᠤ ᠶᠢ ᠬᠦᠩᠭᠡᠷᠡᠭᠦᠯᠬᠦ ᠬᠡᠷᠡᠭᠲᠡᠢ᠃ | ︵ᠭᠤᠴᠢᠨ ᠨᠢᠭᠡ︶ ᠵᠢᠭᠡᠯᠡᠯᠭᠡ ᠭᠦᠢᠴᠡᠳᠭᠡᠬᠦ ᠴᠣᠪᠣᠷᠠᠯ ᠢ ᠰᠢᠯᠢᠳᠡᠭᠵᠢᠭᠦᠯᠬᠦ ᠬᠡᠷᠡᠭᠲᠡᠢ᠃ ᠡᠯ᠎ᠡ ᠭᠠᠵᠠᠷ | ᠣᠷᠣᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ ᠶᠢᠨ ᠬᠠᠮᠢᠶᠠᠷᠤᠯᠲᠠ ᠶᠢᠨ ᠲᠥᠪ ᠪᠠ | ᠭᠡᠷ ᠪᠠᠶᠢᠰᠢᠩ ᠤᠨ ᠦᠮᠴᠢᠯᠡᠬᠦ ᠡᠷᠬᠡ ᠶᠢ ᠲᠡᠮᠲᠡᠭᠯᠡᠬᠦ ᠪᠠᠶᠢᠭᠤᠯᠤᠮᠵᠢ ᠨᠤᠭᠤᠳ ᠲᠦᠷᠭᠡᠬᠡᠨ ᠰᠦᠯᠵᠢᠶ᠎ᠡ ᠨᠡᠪᠲᠡᠷᠡᠭᠦᠯᠵᠦ | ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠪᠡᠶᠡᠯᠡᠭᠦᠯᠦᠨ᠂ ᠵᠢᠭᠡᠯᠡᠯᠭᠡ ᠭᠦᠢᠴᠡᠳᠭᠡᠬᠦ ᠳᠡᠰ ᠳᠠᠷᠠᠭᠠᠯᠠᠯ ᠢ | ᠳᠦᠭᠦᠮᠴᠢᠯᠡᠵᠦ᠂ ᠵᠢᠭᠡᠯᠡᠯᠭᠡ ᠭᠦᠢᠴᠡᠳᠭᠡᠬᠦ ᠦᠶᠡᠯᠡᠯ ᠢ ᠪᠣᠭᠤᠨᠢᠰᠬᠠᠬᠤ ᠬᠡᠷᠡᠭᠲᠡᠢ᠃ ᠭᠡᠷ ᠪᠠᠶᠢᠰᠢᠩ ᠤᠨ ᠦᠮᠴᠢᠯᠡᠬᠦ | ᠡᠷᠬᠡ ᠶᠢ ᠲᠡᠮᠲᠡᠭᠯᠡᠬᠦ ᠪᠠᠶᠢᠭᠤᠯᠤᠮᠵᠢ ᠨᠢ ᠪᠠᠷᠢᠴᠠᠭᠠᠯᠠᠨ ᠲᠡᠮᠲᠡᠭᠯᠡᠭᠦᠯᠬᠦ ᠭᠤᠶᠤᠴᠢᠯᠠᠯ ᠢ ᠬᠦᠯᠢᠶᠡᠨ ᠠᠪᠤᠭᠰᠠᠨ | ᠡᠳᠦᠷ ᠠᠴᠠ ᠡᠬᠢᠯᠡᠨ 10 ᠠᠵᠢᠯ ᠤᠨ ᠡᠳᠦᠷ ᠳᠤᠲᠤᠷ᠎ᠠ ᠪᠠᠷᠢᠴᠠᠭᠠᠯᠠᠬᠤ ᠡᠷᠬᠡ ᠶᠢᠨ ᠲᠡᠮᠲᠡᠭᠯᠡᠬᠦ ᠭᠠᠷᠳᠠᠮ ᠢ | ᠭᠦᠢᠴᠡᠳᠭᠡᠵᠦ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ ᠶᠢᠨ ᠬᠠᠮᠢᠶᠠᠷᠤᠯᠲᠠ ᠶᠢᠨ ᠲᠥᠪ ᠨᠢ | ᠪᠠᠷᠢᠴᠠᠭᠠᠯᠠᠬᠤ ᠶᠢ ᠲᠡᠮᠲᠡᠭᠯᠡᠭᠰᠡᠨ ᠤ ᠳᠠᠷᠠᠭ᠎ᠠ 5 ᠠᠵᠢᠯ ᠤᠨ ᠡᠳᠦᠷ ᠳᠤᠲᠤᠷ᠎ᠠ ᠵᠢᠭᠡᠯᠡᠯᠭᠡ ᠲᠠᠯᠪᠢᠬᠤ ᠶᠢ ᠪᠡᠶᠡᠯᠡᠭᠦᠯᠬᠦ | ᠬᠡᠷᠡᠭᠲᠡᠢ᠃ ᠭᠡᠷ ᠪᠠᠶᠢᠰᠢᠩ ᠭᠠᠵᠠᠷ ᠬᠦᠷᠦᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠨᠢ ᠣᠷᠣᠨ ᠰᠠᠭᠤᠴᠠ ᠶᠢᠨ | ᠬᠤᠷᠠᠮᠳᠤᠭᠤᠯᠭ᠎ᠠ ᠶᠢᠨ ᠮᠦᠩᠭᠦ ᠲᠤᠰᠢᠶᠠᠵᠤ ᠬᠠᠳᠠᠭᠠᠯᠠᠭᠰᠠᠨ ᠠᠵᠢᠯᠲᠠᠨ ᠠᠵᠢᠯᠴᠢᠨ ᠤ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ ᠶᠢᠨ ᠵᠢᠭᠡᠯᠡᠯᠭᠡ ᠶᠢ ᠬᠡᠷᠡᠭᠯᠡᠨ ᠭᠡᠷ ᠪᠠᠶᠢᠰᠢᠩ ᠬᠤᠳᠠᠯᠳᠤᠵᠤ ᠠᠪᠬᠤ ᠶᠢ | ᠲᠡᠪᠴᠢᠵᠦ ᠪᠣᠯᠬᠤ ᠦᠭᠡᠢ᠂ ᠬᠡᠷᠡᠭᠯᠡᠬᠦ ᠶᠢ ᠲᠡᠪᠴᠢᠪᠡᠯ᠂ ᠡᠷᠡᠭᠦᠯ ᠪᠤᠰᠤ ᠦᠢᠯᠡ ᠠᠵᠢᠯᠯᠠᠭ᠎ᠠ ᠪᠠᠷ ᠠᠵᠤ | ᠠᠬᠤᠶᠢᠯᠠᠯ ᠤᠨ ᠦᠨᠡᠨᠴᠢ ᠢᠲᠡᠭᠡᠮᠵᠢ ᠶᠢᠨ ᠳᠠᠩᠰᠠ ᠡᠪᠬᠡᠮᠡᠯ ᠳᠤ ᠲᠡᠮᠲᠡᠭᠯᠡᠵᠦ ᠣᠷᠣᠭᠤᠯᠬᠤ ᠬᠡᠷᠡᠭᠲᠡᠢ᠃ | ᠳᠣᠯᠤᠭ᠎ᠠ᠂ ᠣᠷᠣᠨ ᠰᠠᠭᠤᠴᠠ ᠶᠢᠨ ᠠᠵᠤ ᠦᠢᠯᠡᠰᠵᠢᠯᠲᠡ ᠶᠢ ᠲᠦᠯᠬᠢᠨ ᠠᠬᠢᠭᠤᠯᠵᠤ᠂ ᠭᠡᠷ ᠪᠠᠶᠢᠰᠢᠩ | ᠭᠠᠵᠠᠷ ᠬᠦᠷᠦᠩᠭᠡ ᠶᠢᠨ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠬᠤ ᠬᠡᠷᠡᠭᠲᠡᠢ | ︵ᠭᠤᠴᠢᠨ ᠬᠤᠶᠠᠷ︶ ᠣᠷᠣᠨ ᠰᠠᠭᠤᠴᠠ ᠶᠢᠨ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠣᠷᠣᠨ | ᠰᠠᠭᠤᠴᠠ ᠪᠠᠨ ᠪᠦᠷᠢᠨ ᠵᠠᠰᠠᠵᠤ ᠴᠢᠮᠡᠬᠦ ᠶᠢ ᠭᠠᠶᠢᠯᠢ ᠪᠤᠳᠤᠬᠤ᠂ ᠦᠨ᠎ᠡ ᠬᠠᠩᠰᠢ᠂ ᠪᠡᠯᠡ ᠲᠣᠬᠢᠷᠠᠭᠤᠯᠭ᠎ᠠ᠂ | ᠢᠲᠡᠭᠡᠮᠵᠢᠲᠦ ᠵᠢᠭᠡᠯᠡᠯᠭᠡ᠂ ᠪᠤᠷᠤᠯᠠᠭᠤᠯᠭ᠎ᠠ ᠪᠠ ᠡᠨᠧᠷᠬᠢ ᠠᠷᠪᠢᠯᠠᠬᠤ ᠲᠤᠰᠬᠠᠢ ᠵᠦᠢᠯ ᠤᠨ ᠪᠡᠯᠡ ᠮᠦᠩᠭᠦ ᠵᠡᠷᠭᠡ | ᠲᠠᠯ᠎ᠠ ᠪᠠᠷ ᠲᠡᠳᠭᠦᠨ ᠵᠤᠷᠢᠬᠵᠢᠭᠤᠯᠵᠤ᠂ ᠭᠡᠷ ᠪᠠᠶᠢᠰᠢᠩ ᠭᠠᠵᠠᠷ ᠬᠦᠷᠦᠩᠭᠡ ᠶᠢᠨ ᠨᠡᠭᠡᠭᠡᠯᠲᠡ ᠶᠢᠨ ᠠᠵᠤ | ᠠᠬᠤᠶᠢᠯᠠᠯ ᠤᠨ ᠵᠠᠬ᠎ᠠ ᠳᠡᠯᠭᠡᠭᠦᠷ ᠲᠤ ᠰᠠᠨᠠᠭᠠᠴᠢᠯᠠᠭ᠎ᠠ ᠠᠴᠠ ᠪᠠᠨ ᠵᠣᠬᠢᠴᠠᠬᠤ ᠶᠢ ᠢᠳᠡᠪᠬᠢᠲᠡᠢ ᠪᠠᠷ ᠬᠦᠲᠦᠯᠦᠨ | ᠵᠢᠯᠤᠭᠤᠳᠴᠤ᠂ ᠣᠷᠣᠨ ᠰᠠᠭᠤᠴᠠ ᠪᠠᠨ ᠪᠦᠷᠢᠨ ᠵᠠᠰᠠᠵᠤ ᠴᠢᠮᠡᠬᠦ ᠶᠢ ᠬᠡᠷᠡᠭᠵᠢᠭᠦᠯᠦᠨ᠂ ᠣᠷᠣᠨ ᠰᠠᠭᠤᠴᠠ ᠶᠢᠨ | ᠶᠠᠰᠤ ᠴᠢᠨᠠᠷ ᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠢ᠃ | ︵ᠭᠤᠴᠢᠨ ᠭᠤᠷᠪᠠ︶ ᠪᠤᠬᠢᠷᠳᠤᠯ ᠦᠭᠡᠢ ᠪᠠᠷᠢᠯᠭ᠎ᠠ ᠶᠢᠨ ᠵᠢᠱᠢᠶ᠎ᠡ ᠦᠵᠡᠭᠦᠯᠬᠦ ᠢᠨᠵᠧᠨᠧᠷᠢᠩ ᠢ ᠶᠡᠬᠡᠪᠡᠷ | ᠲᠦᠯᠬᠢᠨ ᠠᠬᠢᠭᠤᠯᠬᠤ ᠬᠡᠷᠡᠭᠲᠡᠢ᠃ ᠪᠤᠬᠢᠷᠳᠤᠯ ᠦᠭᠡᠢ ᠪᠠᠷᠢᠯᠭ᠎ᠠ ᠶᠢᠨ ᠮᠡᠷᠭᠡᠵᠢᠯ ᠢ ᠬᠡᠷᠡᠭᠵᠢᠭᠦᠯᠬᠦ ᠪᠠ ᠰᠢᠨ᠎ᠡ | ᠮᠠᠲ᠋ᠧᠷᠢᠶᠠᠯ᠂ ᠰᠢᠨ᠎ᠡ ᠦᠢᠯᠡᠳᠭᠦᠨ᠂ ᠰᠢᠨ᠎ᠡ ᠮᠡᠷᠭᠡᠵᠢᠯ᠂ ᠰᠢᠨ᠎ᠡ ᠤᠷᠠᠯᠠᠯ ᠵᠡᠷᠭᠡ ︽ᠳᠥᠷᠪᠡᠨ ᠰᠢᠨ᠎ᠡ︾ ᠶᠢ | ᠬᠡᠷᠡᠭᠯᠡᠬᠦ ᠶᠢ ᠲᠦᠷᠭᠡᠳᠭᠡᠵᠦ᠂ ᠣᠷᠣᠨ ᠰᠠᠭᠤᠴᠠ ᠶᠢᠨ ᠴᠢᠳᠠᠪᠬᠢ ᠶᠢ ᠮᠠᠭᠠᠳᠯᠠᠨ ᠲᠣᠭᠲᠠᠭᠠᠬᠤ ᠪᠠ ᠤᠯᠤᠰ ᠤᠨ | ᠠᠮᠤᠭᠤᠯᠠᠩ ᠣᠷᠣᠨ ᠰᠠᠭᠤᠴᠠ ᠶᠢᠨ ᠵᠢᠱᠢᠶ᠎ᠡ ᠦᠵᠡᠭᠦᠯᠬᠦ ᠢᠨᠵᠧᠨᠧᠷᠢᠩ ᠢ ᠬᠡᠷᠡᠭᠵᠢᠭᠦᠯᠬᠦ ᠠᠵᠢᠯ ᠢᠶᠠᠨ ᠤᠯᠠᠮ ᠨᠢᠭᠡ | ᠠᠯᠬᠤᠮ ᠲᠦᠯᠬᠢᠨ ᠠᠬᠢᠭᠤᠯᠬᠤ ᠬᠡᠷᠡᠭᠲᠡᠢ᠃ ᠤᠯᠤᠰ ᠤᠨ ᠠᠮᠤᠭᠤᠯᠠᠩ ᠣᠷᠣᠨ ᠰᠠᠭᠤᠴᠠ ᠶᠢᠨ ᠵᠢᠱᠢᠶ᠎ᠡ ᠦᠵᠡᠭᠦᠯᠬᠦ | ᠢᠨᠵᠧᠨᠧᠷᠢᠩ ᠢᠶᠠᠷ ᠵᠥᠪᠰᠢᠶᠡᠷᠡᠭᠳᠡᠭᠰᠡᠨ ᠲᠦᠷᠦᠯ ᠵᠦᠢᠯ ᠳᠤ᠂ ᠬᠤᠶᠠᠷ ᠣᠲᠤᠲᠠᠢ ᠳᠡᠰ ᠤᠨ ᠪᠤᠬᠢᠷᠳᠤᠯ ᠦᠭᠡᠢ | ᠪᠠᠷᠢᠯᠭ᠎ᠠ ᠯᠤᠭ᠎ᠠ ᠬᠠᠷᠢᠴᠠᠭᠤᠯᠤᠨ ᠰᠠᠭᠤᠷᠢ ᠪᠡᠯᠡᠳᠭᠡᠮᠵᠢ ᠶᠢᠨ ᠳᠦᠬᠦᠷᠵᠢᠭᠦᠯᠬᠦ ᠰᠦᠢᠳᠭᠡᠯ ᠢ ᠬᠠᠰᠤᠵᠤ | ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠬᠦᠷᠲᠡᠭᠡᠬᠦ ᠬᠡᠷᠡᠭᠲᠡᠢ᠃ | ︵ᠭᠤᠴᠢᠨ ᠳᠥᠷᠪᠡ︶ ᠣᠷᠣᠨ ᠰᠠᠭᠤᠴᠠ ᠶᠢᠨ ᠠᠵᠤ ᠦᠢᠯᠡᠰᠵᠢᠯᠲᠡ ᠶᠢᠨ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠭᠡᠬᠦ ᠬᠡᠷᠡᠭᠲᠡᠢ᠃ ᠪᠠᠷᠠᠭᠤᠨ ᠬᠡᠰᠡᠭ ᠲᠤ ᠦᠬᠠᠢ ᠬᠤᠲᠠ ᠪᠠᠷ ᠭᠤᠣᠯ | ᠪᠣᠯᠭᠠᠭᠰᠠᠨ᠂ ᠳᠤᠮᠳᠠ ᠬᠡᠰᠡᠭ ᠲᠤ ᠤᠯᠠᠭᠠᠨᠴᠠᠪ ᠬᠤᠲᠠ ᠪᠠᠷ ᠭᠤᠣᠯ ᠪᠣᠯᠭᠠᠭᠰᠠᠨ ᠣᠷᠣᠨ ᠰᠠᠭᠤᠴᠠ ᠶᠢᠨ ᠠᠵᠤ | ᠦᠢᠯᠡᠰᠵᠢᠯᠲᠡ ᠶᠢᠨ ᠰᠠᠭᠤᠷᠢᠨ ᠭᠠᠵᠠᠷ ᠢ ᠬᠡᠷᠡᠭᠵᠢᠭᠦᠯᠬᠦ ᠠᠵᠢᠯ ᠢᠶᠠᠨ ᠦᠨᠡᠨᠬᠦ ᠰᠠᠶᠢᠲᠤᠷ ᠬᠢᠵᠦ᠂ ᠦᠢᠯᠡᠳᠭᠦᠨ ᠪᠠ | ᠮᠡᠷᠭᠡᠵᠢᠯ ᠨᠢ ᠪᠣᠯᠪᠠᠰᠤᠷᠠᠩᠭᠤᠢ ᠦᠢᠯᠡᠳᠪᠦᠷᠢᠯᠡᠯ ᠤᠨ ᠠᠵᠤ ᠠᠬᠤᠶᠢᠯᠠᠯ ᠢ ᠣᠷᠢᠵᠤ ᠲᠣᠬᠠᠢ ᠶᠢᠨ ᠭᠠᠵᠠᠷ | ᠣᠷᠣᠨ ᠳᠠᠭᠠᠨ ᠦᠢᠯᠡᠳᠪᠦᠷᠢ ᠪᠠᠶᠢᠭᠤᠯᠵᠤ᠂ ᠤᠯᠤᠰ ᠤᠨ ᠣᠷᠴᠢᠨ ᠲᠣᠭᠤᠷᠢᠨ ᠢ ᠬᠠᠮᠠᠭᠠᠯᠠᠬᠤ ᠪᠠ ᠡᠨᠧᠷᠬᠢ | ᠠᠷᠪᠢᠯᠠᠬᠤ ᠱᠠᠭᠠᠷᠳᠠᠯᠭ᠎ᠠ ᠳᠤ ᠨᠡᠶᠢᠴᠡᠬᠦ ᠮᠠᠲ᠋ᠧᠷᠢᠶᠠᠯ ︵ᠤᠭᠰᠠᠷᠠᠮᠠᠯ ᠪᠡᠯᠡᠨ ᠦᠢᠯᠡᠳᠭᠦᠨ︶ ᠢ ᠦᠢᠯᠡᠳᠪᠦᠷᠢᠯᠡᠬᠦ | ᠬᠡᠷᠡᠭᠲᠡᠢ᠃ ᠣᠷᠣᠨ ᠰᠠᠭᠤᠴᠠ ᠶᠢᠨ ᠤᠭᠰᠠᠷᠠᠮᠠᠯ ᠪᠡᠯᠡᠨ ᠦᠢᠯᠡᠳᠭᠦᠨ ᠢ ᠮᠠᠭᠠᠳᠯᠠᠨ ᠲᠣᠭᠲᠠᠭᠠᠬᠤ ᠳᠦᠷᠢᠮ ᠢ | ᠪᠠᠶᠢᠭᠤᠯᠵᠤ᠂ ᠪᠠᠷᠢᠯᠭ᠎ᠠ ᠶᠢᠨ ᠮᠠᠲ᠋ᠧᠷᠢᠶᠠᠯ ᠤᠨ ᠤᠭᠰᠠᠷᠠᠮᠠᠯ ᠪᠡᠯᠡᠨ ᠦᠢᠯᠡᠳᠭᠦᠨ ᠢ ᠲᠦᠪᠯᠡᠷᠡᠭᠦᠯᠦᠨ ᠬᠤᠳᠠᠯᠳᠤᠵᠤ | ᠠᠪᠬᠤ ᠲᠡᠪᠴᠡᠩ ᠢ ᠪᠠᠶᠢᠭᠤᠯᠵᠤ᠂ ᠪᠦᠬᠦ ᠣᠷᠣᠨ ᠵᠢᠴᠢ ᠬᠥᠷᠰᠢ ᠵᠡᠷᠭᠡᠯᠡᠳᠡᠭᠡ ᠭᠠᠵᠠᠷ ᠣᠷᠣᠨ ᠢ ᠨᠦᠯᠦᠭᠡᠯᠡᠬᠦ | ᠤᠭᠰᠠᠷᠠᠮᠠᠯ ᠪᠡᠯᠡᠨ ᠦᠢᠯᠡᠳᠭᠦᠨ ᠤᠭᠰᠠᠷᠠᠭ᠎ᠠ ᠲᠤᠨᠤᠭ ᠤᠨ ᠬᠡᠷᠡᠭᠯᠡᠯᠲᠡ ᠶᠢᠨ ᠠᠵᠤ ᠦᠢᠯᠡᠰ ᠤᠨ ᠬᠡᠯᠬᠢᠶᠡᠵᠢᠯ ᠢ ᠪᠣᠢ | ᠪᠣᠯᠭᠠᠵᠤ᠂ ᠣᠷᠣᠨ ᠰᠠᠭᠤᠴᠠ ᠶᠢ ᠪᠦᠷᠢᠨ ᠵᠠᠰᠠᠵᠤ ᠴᠢᠮᠡᠬᠦ ᠳᠤ ᠳᠡᠮᠵᠢᠯᠭᠡ ᠪᠣᠯᠣᠨ ᠪᠠᠲᠤᠯᠠᠭ᠎ᠠ ᠬᠠᠩᠭᠠᠬᠤ ᠬᠡᠷᠡᠭᠲᠡᠢ᠃ | ᠵᠠᠰᠠᠵᠤ ᠴᠢᠮᠡᠬᠦ ᠶᠢᠨ ᠠᠵᠤ ᠦᠢᠯᠡᠳᠪᠦᠷᠢᠵᠢᠯᠲᠡ ᠪᠣᠯᠣᠨ ᠣᠷᠣᠨ ᠰᠠᠭᠤᠴᠠ ᠶᠢᠨ ᠠᠵᠤ ᠦᠢᠯᠡᠰᠵᠢᠯᠲᠡ ᠶᠢ | ᠢᠳᠡᠪᠬᠢᠲᠡᠢ ᠬᠡᠷᠡᠭᠵᠢᠭᠦᠯᠵᠦ᠂ ᠨᠡᠭᠡᠭᠡᠨ ᠬᠥᠭᠵᠢᠭᠦᠯᠬᠦ᠂ ᠵᠢᠷᠤᠵᠤ ᠲᠦᠯᠦᠪᠯᠡᠬᠦ᠂ ᠪᠠᠷᠢᠯᠭ᠎ᠠ ᠪᠠᠷᠢᠬᠤ᠂ ᠤᠭᠰᠠᠷᠠᠮᠠᠯ | ᠪᠡᠯᠡᠨ ᠦᠢᠯᠡᠳᠭᠦᠨ ᠦᠢᠯᠡᠳᠪᠦᠷᠢᠯᠡᠬᠦ ᠪᠠ ᠰᠢᠨᠵᠢᠯᠡᠬᠦ ᠤᠬᠠᠭᠠᠨ ᠤ ᠰᠤᠳᠤᠯᠭᠠᠨ ᠬᠢᠬᠦ ᠶᠢ ᠨᠢᠭᠡ | ᠴᠣᠭᠴᠠᠵᠢᠭᠤᠯᠤᠭᠰᠠᠨ ᠣᠷᠣᠨ ᠰᠠᠭᠤᠴᠠ ᠶᠢᠨ ᠠᠵᠤ ᠦᠢᠯᠡᠰ ᠤᠨ ᠪᠦᠯᠦᠭᠯᠡᠯ ᠢ ᠪᠤᠶᠢᠵᠢᠭᠤᠯᠤᠨ᠂ ᠮᠠᠨ ᠤ | ᠣᠷᠣᠨ ᠳᠤ ᠣᠷᠣᠨ ᠤ ᠭᠠᠳᠠᠨᠠᠬᠢ ᠣᠳᠣ ᠦᠶ᠎ᠡ ᠶᠢᠨ ᠪᠠᠷᠢᠯᠭ᠎ᠠ ᠶᠢᠨ ᠠᠵᠤ ᠦᠢᠯᠡᠰᠵᠢᠯᠲᠡ ᠶᠢᠨ ᠠᠵᠤ | ᠠᠬᠤᠶᠢᠯᠠᠯ ᠤᠨ ᠪᠡᠯᠡ ᠣᠷᠣᠭᠤᠯᠵᠤ ᠦᠢᠯᠡᠳᠪᠦᠷᠢ ᠪᠠᠶᠢᠭᠤᠯᠬᠤ ᠶᠢ ᠵᠤᠷᠢᠬᠵᠢᠭᠤᠯᠵᠤ᠂ ᠬᠠᠮᠢᠶ᠎ᠠ ᠪᠦᠬᠦᠢ ᠭᠠᠵᠠᠷ | ᠣᠷᠣᠨ ᠨᠤᠭᠤᠳ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ᠂ ᠲᠦᠷᠦᠯ ᠵᠦᠢᠯ ᠳᠤ ᠬᠡᠷᠡᠭᠯᠡᠬᠦ ᠭᠠᠵᠠᠷ᠂ | ᠦᠢᠯᠡᠳᠭᠦᠨ ᠤ ᠳᠡᠯᠭᠡᠷᠡᠭᠦᠯᠦᠯᠲᠡ᠂ ᠭᠠᠶᠢᠯᠢ ᠰᠦᠢᠳᠭᠡᠯ ᠤᠨ ᠬᠠᠷᠠᠭᠠᠯᠵᠠᠯ ᠵᠡᠷᠭᠡ ᠲᠠᠯ᠎ᠠ ᠪᠠᠷ ᠲᠥᠷᠥ ᠶᠢᠨ | ᠪᠣᠳᠣᠯᠭ᠎ᠠ ᠶᠢᠨ ᠳᠡᠮᠵᠢᠯᠭᠡ ᠶᠢ ᠣᠯᠭᠤᠬᠤ ᠬᠡᠷᠡᠭᠲᠡᠢ᠃ | ︵ᠭᠤᠴᠢᠨ ᠲᠠᠪᠤ︶ ᠠᠵᠤ ᠠᠬᠤᠶᠢᠯᠠᠯ ᠢ ᠬᠦᠲᠦᠯᠦᠨ ᠵᠢᠯᠤᠭᠤᠳᠴᠤ ᠪᠠᠶᠢᠭᠠᠳ ᠪᠣᠵᠠᠭᠠᠶᠢᠷᠠᠭᠤᠯᠤᠨ | ᠬᠦᠴᠦᠷᠭᠡᠭᠵᠢᠭᠦᠯᠬᠦ ᠬᠡᠷᠡᠭᠲᠡᠢ᠃ ᠬᠢᠷᠢ ᠴᠢᠳᠠᠮᠵᠢ ᠶᠢᠨ ᠢᠲᠡᠭᠡᠮᠵᠢ ᠪᠣᠯᠣᠨ ᠨᠡᠷᠡᠲᠦ ᠲᠦᠷᠦᠯ ᠲᠡᠮᠲᠡᠭᠲᠦ ᠶᠢᠨ | ᠳᠠᠪᠠᠭᠤᠯᠢᠭ ᠲᠠᠢ ᠭᠡᠷ ᠪᠠᠶᠢᠰᠢᠩ ᠭᠠᠵᠠᠷ ᠬᠦᠷᠦᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠳ ᠤᠨ ᠨᠡᠶᠢᠯᠡᠭᠦᠯᠬᠦ᠂ | ᠬᠤᠳᠠᠯᠳᠤᠨ ᠠᠪᠬᠤ ᠪᠠ ᠳᠠᠬᠢᠵᠤ ᠵᠣᠬᠢᠶᠠᠨ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠵᠤ᠂ ᠪᠤᠳᠠᠳᠤ ᠬᠦᠴᠦᠨ | ᠪᠠ ᠦᠷᠢᠰᠦᠯᠳᠦᠬᠦ ᠬᠦᠴᠦᠨ ᠢᠶᠠᠷ ᠴᠢᠩᠭ᠎ᠠ ᠨᠢᠭᠡ ᠪᠦᠯᠦᠭ ᠲᠣᠮᠣ ᠬᠡᠯᠪᠡᠷᠢ ᠶᠢᠨ ᠠᠵᠤ ᠠᠬᠤᠶᠢᠯᠠᠯ ᠪᠣᠯᠣᠨ ᠠᠵᠤ | ᠠᠬᠤᠶᠢᠯᠠᠯ ᠤᠨ ᠪᠦᠯᠦᠭᠯᠡᠯ ᠪᠦᠷᠢᠯᠳᠦᠭᠦᠯᠬᠦ ᠶᠢ ᠵᠤᠷᠢᠬᠵᠢᠭᠤᠯᠤᠨ ᠳᠡᠮᠵᠢᠬᠦ ᠬᠡᠷᠡᠭᠲᠡᠢ᠃ ᠠᠵᠤ ᠠᠬᠤᠶᠢᠯᠠᠯ ᠤᠨ | ᠬᠡᠪᠴᠢᠶᠡᠵᠢᠭᠰᠡᠨ ᠨᠡᠭᠡᠭᠡᠯᠲᠡ ᠪᠣᠯᠣᠨ ᠪᠦᠯᠦᠭᠯᠡᠯᠵᠢᠭᠰᠡᠨ ᠠᠵᠢᠯᠯᠠᠭᠠᠨ ᠬᠡᠷᠡᠭᠵᠢᠭᠦᠯᠬᠦ ᠶᠢ ᠵᠤᠷᠢᠬᠵᠢᠭᠤᠯᠵᠤ᠂ ᠠᠵᠤ | ᠠᠬᠤᠶᠢᠯᠠᠯ ᠤᠨ ᠣᠷᠣᠨ ᠪᠦᠰᠡ ᠠᠯᠤᠰᠯᠠᠭᠰᠠᠨ᠂ ᠣᠯᠠᠨ ᠡᠰᠢᠵᠢᠭᠰᠡᠨ ᠪᠠ ᠨᠡᠷᠡᠲᠦ ᠲᠡᠮᠲᠡᠭᠵᠢᠭᠰᠡᠨ ᠡᠵᠡᠩᠨᠡᠯᠲᠡ ᠶᠢ | ᠳᠡᠮᠵᠢᠬᠦ ᠬᠡᠷᠡᠭᠲᠡᠢ᠃ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ ᠠᠵᠤ ᠠᠬᠤᠶᠢᠯᠠᠯ ᠪᠠᠶᠢᠭᠤᠯᠬᠤ᠂ ᠬᠢᠷᠢ | ᠭᠡᠮ ᠢᠶᠠᠨ ᠦᠷᠭᠦᠯᠵᠢᠯᠡᠭᠦᠯᠬᠦ᠂ ᠬᠢᠷᠢ ᠴᠢᠳᠠᠮᠵᠢ ᠶᠢᠨ ᠳᠡᠰ ᠳᠡᠪᠰᠢᠭᠦᠯᠬᠦ ᠵᠡᠷᠭᠡ ᠲᠠᠯ᠎ᠠ ᠪᠠᠷ ᠬᠢ ᠠᠵᠢᠯ ᠢ ᠤᠷᠢᠳᠠᠪᠠᠷ | ᠭᠦᠢᠴᠡᠳᠭᠡᠬᠦ ᠬᠡᠷᠡᠭᠲᠡᠢ᠃ | ᠨᠠᠢᠮᠠ᠂ ᠵᠠᠬ᠎ᠠ ᠳᠡᠯᠭᠡᠭᠦᠷ ᠤᠨ ᠡᠮᠬᠢ ᠵᠢᠷᠤᠮ ᠢ ᠵᠢᠷᠤᠮᠵᠢᠭᠤᠯᠵᠤ᠂ ᠵᠠᠬ᠎ᠠ ᠳᠡᠯᠭᠡᠭᠦᠷ ᠤᠨ ᠬᠥᠭᠵᠢᠯᠲᠡ ᠶᠢᠨ | ᠣᠷᠴᠢᠨ ᠲᠣᠭᠤᠷᠢᠨ ᠢ ᠰᠢᠯᠢᠳᠡᠭᠵᠢᠭᠦᠯᠬᠦ ᠬᠡᠷᠡᠭᠲᠡᠢ | ︵ᠭᠤᠴᠢᠨ ᠵᠢᠷᠭᠤᠭ᠎ᠠ︶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯ ᠤᠨ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠬᠡᠷᠡᠭᠲᠡᠢ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠦᠭᠡᠷᠡᠴᠢᠯᠡᠯᠲᠡ ᠶᠢ ᠤᠯᠠᠮ | ᠨᠢᠭᠡ ᠠᠯᠬᠤᠮ ᠭᠦᠨᠵᠡᠭᠡᠶᠢᠷᠡᠭᠦᠯᠵᠦ᠂ ᠭᠡᠷ ᠪᠠᠶᠢᠰᠢᠩ ᠭᠠᠵᠠᠷ ᠬᠦᠷᠦᠩᠭᠡ ᠶᠢ ᠨᠠᠭᠡᠭᠡᠨ ᠬᠥᠭᠵᠢᠭᠦᠯᠬᠦ ᠲᠦᠷᠦᠯ | ᠵᠦᠢᠯ ᠳᠤ ᠬᠤᠯᠪᠤᠭᠳᠠᠭᠰᠠᠨ ᠭᠠᠵᠠᠷ ᠰᠢᠷᠤᠢ ᠬᠠᠩᠭᠠᠬᠤ᠂ ᠲᠦᠯᠦᠪᠵᠢᠭᠦᠯᠭᠡ ᠶᠢ ᠬᠢᠨᠠᠨ ᠵᠥᠪᠰᠢᠶᠡᠷᠡᠬᠦ᠂ ᠪᠠᠷᠢᠯᠭ᠎ᠠ | ᠪᠠᠷᠢᠬᠤ ᠶᠢ ᠵᠥᠪᠰᠢᠶᠡᠷᠡᠬᠦ᠂ ᠤᠷᠢᠳᠴᠢᠯᠠᠨ ᠬᠤᠳᠠᠯᠳᠤᠬᠤ ᠶᠢ ᠵᠥᠪᠰᠢᠶᠡᠷᠡᠬᠦ᠂ ᠪᠠᠷᠢᠯᠭ᠎ᠠ ᠳᠠᠭᠤᠰᠬᠤ ᠶᠢ ᠪᠦᠷᠢᠳᠭᠡᠨ | ᠳᠠᠩᠰᠠᠯᠠᠬᠤ᠂ ᠲᠡᠮᠲᠡᠭᠯᠡᠵᠦ ᠦᠨᠡᠮᠯᠡᠯ ᠠᠪᠬᠤ ᠵᠡᠷᠭᠡ ᠲᠠᠯ᠎ᠠ ᠳᠤ ᠬᠤᠯᠪᠤᠭᠳᠠᠯ ᠪᠦᠬᠦᠢ ᠰᠠᠯᠠᠭ᠎ᠠ ᠮᠦᠴᠢᠷ ᠪᠣᠯᠣᠨ | ᠪᠠᠶᠢᠭᠤᠯᠤᠮᠵᠢ ᠨᠤᠭᠤᠳ ᠰᠢᠯᠢᠳᠡᠭᠵᠢᠭᠦᠯᠦᠨ ᠴᠤᠮᠬᠠᠳᠬᠠᠵᠤ ᠦᠨᠳᠦᠷ ᠪᠦᠲᠦᠮᠵᠢᠲᠡᠢ ᠪᠠᠶᠢᠯᠭᠠᠬᠤ ᠱᠠᠭᠠᠷᠳᠠᠯᠭ᠎ᠠ | ᠶᠤᠰᠤᠭᠠᠷ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠭᠤᠭᠴᠤᠭ᠎ᠠ ᠪᠣᠯᠣᠨ ᠠᠵᠢᠯ ᠭᠦᠢᠴᠡᠳᠭᠡᠬᠦ ᠳᠡᠰ | ᠳᠠᠷᠠᠭᠠᠯᠠᠯ ᠢ ᠳᠦᠭᠦᠮᠴᠢᠯᠡᠵᠦ᠂ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ ᠪᠣᠭᠤᠨᠢᠰᠬᠠᠨ᠂ ᠬᠠᠮᠢᠶ᠎ᠠ ᠪᠦᠬᠦᠢ | ᠰᠠᠯᠠᠭ᠎ᠠ ᠮᠦᠴᠢᠷ ᠬᠠᠮᠲᠤᠷᠠᠨ ᠠᠵᠢᠯᠯᠠᠬᠤ᠂ ᠨᠢᠭᠡ ᠥᠷᠲᠡᠭᠡᠴᠢᠯᠡᠭᠰᠡᠨ ᠦᠢᠯᠡᠴᠢᠯᠡᠭᠡ ᠶᠢ ᠬᠡᠷᠡᠭᠵᠢᠭᠦᠯᠵᠦ᠂ | ᠠᠵᠢᠯ ᠤᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠳᠤᠷ᠎ᠠ ᠪᠠᠷ ᠰᠦᠢᠳᠭᠡᠯ ᠬᠤᠷᠢᠶᠠᠬᠤ | ᠂ ᠳᠤᠷ᠎ᠠ ᠪᠠᠷ ᠲᠡᠰᠬᠡᠬᠦ ᠵᠡᠷᠭᠡ ᠦᠢᠯᠡ ᠠᠵᠢᠯᠯᠠᠭ᠎ᠠ ᠶᠢ ᠡᠷᠡᠰ ᠴᠠᠭᠠᠵᠠᠯᠠᠵᠤ᠂ ᠵᠣᠬᠢᠰ ᠦᠭᠡᠢ ᠰᠦᠢᠳᠭᠡᠯ ᠬᠤᠷᠢᠶᠠᠬᠤ | ᠲᠦᠷᠦᠯ ᠵᠦᠢᠯ ᠢ ᠤᠯᠠᠮ ᠨᠢᠭᠡ ᠠᠯᠬᠤᠮ ᠢᠯᠭᠠᠷᠠᠭᠤᠯᠤᠨ ᠬᠦᠴᠦᠨ ᠦᠭᠡᠢ ᠪᠣᠯᠭᠠᠵᠤ᠂ ᠠᠵᠤ ᠠᠬᠤᠶᠢᠯᠠᠯ ᠤᠨ | ᠬᠥᠭᠵᠢᠯᠲᠡ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠡᠭᠦᠳᠦᠨ ᠪᠠᠶᠢᠭᠤᠯᠬᠤ ᠬᠡᠷᠡᠭᠲᠡᠢ᠃ ᠪᠠᠲᠤᠯᠠᠭ᠎ᠠ ᠶᠢᠨ | ᠴᠢᠨᠠᠷᠲᠠᠢ ᠣᠷᠣᠨ ᠰᠠᠭᠤᠴᠠ ᠪᠣᠯᠣᠨ ᠭᠡᠷ ᠪᠠᠶᠢᠰᠢᠩ ᠭᠠᠵᠠᠷ ᠬᠦᠷᠦᠩᠭᠡ ᠶᠢᠨ ᠲᠦᠷᠦᠯ ᠵᠦᠢᠯ ᠳᠠᠬᠢ ᠳᠦᠬᠦᠷᠵᠢᠭᠦᠯᠬᠦ | ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠳᠤ ᠴᠠᠬᠢᠯᠭᠠᠨ᠂ ᠰᠢᠲᠠᠮᠠᠬᠠᠢ ᠬᠡᠢ᠂ ᠤᠰᠤ᠂ ᠢᠯᠴᠢ ᠬᠠᠨᠭ᠍ᠭᠠᠬᠤ᠂ | ᠴᠢᠮᠡᠭᠡ ᠬᠤᠯᠪᠣᠭ᠎ᠠ ᠵᠡᠷᠭᠡ ᠨᠢᠭᠡᠴᠡ ᠨᠦᠭᠦᠳ ᠢᠳᠡᠪᠬᠢᠲᠡᠢ ᠪᠠᠷ ᠰᠠᠨᠠᠭᠠᠴᠢᠯᠠᠭ᠎ᠠ ᠠᠴᠠ ᠪᠠᠨ ᠬᠠᠮᠵᠢᠯᠴᠠᠵᠤ᠂ ᠡᠭᠦᠷᠭᠡ | ᠬᠠᠷᠢᠭᠤᠴᠠᠯᠭ᠎ᠠ ᠪᠠᠨ ᠬᠠᠤᠯᠢ ᠶᠣᠰᠤᠭᠠᠷ ᠰᠠᠨᠠᠭᠠᠴᠢᠯᠠᠭ᠎ᠠ ᠠᠴᠠ ᠪᠠᠨ ᠭᠦᠢᠴᠡᠳᠭᠡᠨ᠂ ᠠᠵᠢᠯ ᠲᠦᠷᠦᠯ ᠢ ᠭᠠᠭᠴᠠᠭᠠᠷ | ᠡᠵᠡᠮᠰᠢᠬᠦ ᠠᠵᠢᠯᠯᠠᠭ᠎ᠠ ᠬᠢᠵᠦ ᠪᠣᠯᠬᠤ ᠦᠭᠡᠢ᠃ | ︵ᠭᠤᠴᠢᠨ ᠳᠤᠯᠤᠭ᠎ᠠ︶ ᠬᠠᠮᠢᠶ᠎ᠠ ᠪᠦᠬᠦᠢ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠳᠦᠭᠦᠮᠴᠢᠯᠡᠬᠦ ᠬᠡᠷᠡᠭᠲᠡᠢ᠃ | ᠤᠯᠤᠰ ᠤᠨ ᠦᠮᠴᠢᠯᠡᠯᠲᠦ ᠪᠡᠯᠡ ᠮᠦᠩᠭᠦ ᠶᠢ ᠣᠷᠣᠭᠤᠯᠤᠭᠰᠠᠨ ᠭᠡᠷ ᠪᠠᠶᠢᠰᠢᠩ ᠭᠠᠵᠠᠷ ᠬᠦᠷᠦᠩᠭᠡ ᠶᠢᠨ ᠲᠦᠷᠦᠯ | ᠵᠦᠢᠯ ᠠᠴᠠ ᠭᠠᠳᠠᠨ᠎ᠠ᠂ ᠪᠤᠰᠤᠳ ᠭᠡᠷ ᠪᠠᠶᠢᠰᠢᠩ ᠭᠠᠵᠠᠷ ᠬᠦᠷᠦᠩᠭᠡ ᠶᠢᠨ ᠲᠦᠷᠦᠯ ᠵᠦᠢᠯ ᠤᠳ ᠲᠤ ︽ᠪᠤᠯᠤᠮᠵᠢᠲᠦ | ᠰᠤᠳᠤᠯᠭᠠᠨ ᠤ ᠮᠡᠳᠡᠭᠦᠯᠦᠯᠲᠡ︾ ᠶᠢ ᠳᠠᠬᠢᠵᠤ ᠨᠠᠶᠢᠷᠠᠭᠤᠯᠤᠨ ᠵᠣᠬᠢᠶᠠᠬᠤ ᠦᠭᠡᠢ᠂ ᠲᠦᠷᠦᠯ ᠵᠦᠢᠯ ᠲᠣᠭᠲᠠᠭᠠᠵᠤ | ᠬᠢᠨᠠᠨ ᠵᠥᠪᠰᠢᠶᠡᠷᠡᠬᠦ ᠠᠵᠢᠯ ᠢ ᠳᠠᠬᠢᠵᠤ ᠬᠢᠬᠦ ᠦᠭᠡᠢ᠃ ᠡᠭᠦᠨ ᠤ ᠬᠠᠮᠲᠤ ᠪᠦᠲᠦᠭᠡᠨ ᠪᠠᠶᠢᠭᠤᠯᠬᠤ ᠨᠢᠭᠡᠴᠡ ᠨᠢ | ᠪᠡᠶ᠎ᠡ ᠪᠠᠨ ᠳᠠᠭᠠᠭᠠᠵᠤ ᠪᠠᠷᠢᠯᠭ᠎ᠠ ᠶᠢ ᠬᠠᠤᠯᠢ ᠶᠤᠰᠤᠭᠠᠷ ᠵᠣᠬᠢᠬᠤ ᠬᠢᠷᠢ ᠭᠡᠮ ᠤᠨ ᠳᠡᠰ ᠲᠠᠢ ᠬᠠᠶᠢᠨ ᠪᠠᠶᠢᠴᠠᠭᠠᠨ | ᠵᠢᠷᠤᠵᠤ ᠲᠦᠯᠦᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠵᠡᠷᠭᠡ ᠨᠢᠭᠡᠴᠡ ᠳᠤ ᠳᠠᠭᠠᠭᠠᠴᠢᠯᠠᠭᠤᠯᠵᠤ᠂ ᠶᠠᠰᠤ | ᠴᠢᠨᠠᠷ ᠤᠨ ᠠᠶᠤᠯ ᠦᠭᠡᠢ ᠳᠤ ᠬᠢᠨᠠᠯᠲᠠ ᠲᠠᠯᠪᠢᠬᠤ᠂ ᠪᠠᠷᠢᠯᠭ᠎ᠠ ᠪᠠᠷᠢᠬᠤ ᠶᠢ ᠵᠥᠪᠰᠢᠶᠡᠷᠡᠬᠦ ᠵᠡᠷᠭᠡ ᠭᠠᠷᠳᠠᠮ ᠢ ᠬᠠᠤᠯᠢ | ᠶᠤᠰᠤᠭᠠᠷ ᠭᠦᠢᠴᠡᠳᠭᠡᠬᠦ ᠶᠢᠨ ᠬᠠᠮᠲᠤ ᠵᠣᠬᠢᠬᠤ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃ ᠲᠣᠬᠠᠢ ᠶᠢᠨ | ᠭᠠᠵᠠᠷ ᠤᠨ ᠵᠠᠰᠠᠭ ᠤᠨ ᠣᠷᠳᠤᠨ ᠠᠴᠠ ᠭᠡᠷ ᠪᠠᠶᠢᠰᠢᠩ ᠤᠨ ᠪᠠᠷᠢᠯᠭ᠎ᠠ ᠶᠢᠨ ᠠᠵᠢᠯ ᠬᠢᠬᠦ ᠪᠠ ᠬᠤᠲᠠ ᠶᠢᠨ | ᠶᠠᠪᠤᠳᠠᠯ ᠤᠨ ᠢᠨᠵᠧᠨᠧᠷᠢᠩ ᠤᠨ ᠲᠦᠷᠦᠯ ᠵᠦᠢᠯ ᠤᠨ ᠪᠠᠶᠢᠭ᠎ᠠ ᠬᠤᠲᠠ ᠶᠢᠨ ᠲᠦᠯᠦᠪᠵᠢᠭᠦᠯᠭᠡ ᠶᠢᠨ ᠴᠢᠳᠠᠮᠵᠢᠲᠦ | ᠣᠷᠣᠨ ᠪᠦᠰᠡ ᠶᠢᠨ ᠪᠦᠬᠦᠯᠢ ᠴᠣᠭᠴᠠ ᠳᠤ ᠨᠢᠭᠡᠲᠦᠯᠲᠡᠢ ᠪᠠᠷ ᠣᠷᠴᠢᠨ ᠲᠣᠭᠤᠷᠢᠨ ᠤ ᠨᠦᠯᠦᠭᠡᠯᠡᠯ ᠤᠨ ᠲᠣᠬᠠᠢ | ᠦᠨᠡᠯᠡᠯᠲᠡ᠂ ᠣᠰᠣᠨ ᠤ ᠡᠬᠢ ᠰᠣᠷᠪᠤᠯᠵᠢ ᠶᠢ ᠨᠤᠲᠠᠯᠠᠬᠤ ᠮᠡᠳᠡᠭᠦᠯᠦᠯᠲᠡ ᠬᠢᠬᠦ ᠪᠠ ᠬᠦᠷᠦᠰᠦ ᠰᠢᠷᠤᠢ ᠶᠢ | ᠬᠠᠮᠠᠭᠠᠯᠠᠬᠤ ᠲᠦᠰᠦᠯ ᠢ ᠨᠠᠶᠢᠷᠠᠭᠤᠯᠤᠨ ᠵᠣᠬᠢᠶᠠᠬᠤ ᠬᠡᠷᠡᠭᠲᠡᠢ᠃ | ︵ᠭᠤᠴᠢᠨ ᠨᠠᠢᠮᠠ︶ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠵᠢᠷᠤᠮᠵᠢᠯ᠂ ᠪᠠᠷᠢᠮᠵᠢᠶ᠎ᠠ ᠪᠣᠯᠣᠨ ᠬᠢᠨᠠᠨ | ᠪᠠᠶᠢᠴᠠᠭᠠᠯᠲᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠨᠡᠬᠡᠬᠡᠨ ᠬᠥᠭᠵᠢᠭᠦᠯᠵᠦ ᠪᠦᠲᠦᠭᠡᠨ ᠪᠠᠶᠢᠭᠤᠯᠬᠤ ᠨᠢᠭᠡᠴᠡ᠂ | ᠵᠢᠷᠤᠵᠤ ᠲᠦᠯᠦᠪᠯᠡᠬᠦ ᠨᠢᠭᠡᠴᠡ ᠨᠦᠭᠦᠳ ᠡᠯ᠎ᠡ ᠲᠦᠷᠦᠯ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ | ᠲᠠᠯ᠎ᠠ ᠪᠠᠷ ᠬᠢ ᠤᠯᠤᠰ ᠪᠠ ᠦᠪᠡᠷᠲᠡᠭᠡᠨ ᠵᠠᠰᠠᠬᠤ ᠣᠷᠣᠨ ᠤ ᠵᠢᠷᠤᠮᠵᠢᠯ᠂ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ | ᠪᠠᠷᠢᠯᠭ᠎ᠠ ᠶᠢᠨ ᠵᠢᠷᠤᠭ ᠢ ᠬᠢᠨᠠᠨ ᠪᠠᠶᠢᠴᠠᠭᠠᠬᠤ ᠪᠠᠶᠢᠭᠤᠯᠤᠮᠵᠢ ᠠᠴᠠ ᠴᠢᠩᠭ᠎ᠠ ᠬᠢᠨᠠᠵᠤ᠂ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠵᠢᠷᠤᠮᠵᠢᠯ᠂ ᠪᠠᠷᠢᠮᠵᠢᠶ᠎ᠠ ᠶᠢ ᠦᠯᠦ ᠬᠡᠷᠡᠭᠵᠢᠭᠦᠯᠦᠭᠰᠡᠨ᠂ ᠢᠯᠠᠩᠭᠤᠶ᠎ᠠ ᠠᠯᠪᠠᠳᠠᠯᠭ᠎ᠠ ᠶᠢᠨ | ᠴᠢᠨᠠᠷᠲᠠᠢ ᠵᠦᠢᠯ ᠵᠣᠷᠪᠤᠰ ᠢ ᠦᠯᠦ ᠬᠡᠷᠡᠭᠵᠢᠭᠦᠯᠦᠭᠰᠡᠨ ᠪᠠᠶᠢᠪᠠᠯ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ | ᠵᠠᠯᠠᠷᠠᠭᠤᠯᠬᠤ ᠬᠡᠷᠡᠭᠲᠡᠢ᠃ ᠪᠠᠷᠢᠯᠭ᠎ᠠ ᠶᠢᠨ ᠵᠢᠷᠤᠭ ᠢ ᠬᠢᠨᠠᠨ ᠪᠠᠶᠢᠴᠠᠭᠠᠬᠤ ᠪᠠᠶᠢᠭᠤᠯᠤᠮᠵᠢ ᠨᠢ ᠴᠢᠳᠠᠪᠤᠷᠢᠲᠠᠨ ᠢ | ᠣᠷᠤᠭᠤᠯᠤᠨ ᠠᠪᠴᠢᠷᠠᠬᠤ ᠪᠠ ᠡᠯᠰᠡᠬᠦ ᠶᠢ ᠳᠡᠮᠵᠢᠨ ᠵᠤᠷᠢᠬᠵᠢᠭᠤᠯᠵᠤ᠂ ᠵᠣᠬᠢᠬᠤ ᠬᠢᠷᠢ ᠭᠡᠮ ᠤᠨ ᠦᠨᠡᠮᠯᠡᠯ ᠢ | ᠣᠯᠣᠭᠠᠳ ᠡᠯ᠎ᠡ ᠲᠦᠷᠦᠯ ᠤᠨ ᠪᠠᠷᠢᠯᠭ᠎ᠠ ᠶᠢᠨ ᠲᠦᠷᠦᠯ ᠵᠦᠢᠯ ︵ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠢᠨᠵᠧᠨᠧᠷᠢᠩ ᠢ ᠪᠠᠭᠲᠠᠭᠠᠨ᠎ᠠ︶ ᠤᠨ ᠪᠠᠷᠢᠯᠭ᠎ᠠ ᠶᠢᠨ ᠵᠢᠷᠤᠭ ᠲᠤ ᠬᠢᠨᠠᠨ ᠪᠠᠶᠢᠴᠠᠭᠠᠯᠲᠠ ᠶᠢ ᠨᠢᠭᠡᠲᠦᠯᠲᠡᠢ ᠦᠷᠨᠢᠭᠦᠯᠬᠦ | ᠬᠡᠷᠡᠭᠲᠡᠢ᠃ ᠭᠡᠷ ᠪᠠᠶᠢᠰᠢᠩ ᠤᠨ ᠪᠠᠷᠢᠯᠭ᠎ᠠ ᠶᠢᠨ ᠭᠠᠯ ᠰᠡᠷᠭᠡᠶᠢᠯᠡᠯᠲᠡ ᠶᠢ ᠵᠢᠷᠤᠵᠤ ᠲᠦᠯᠦᠪᠯᠡᠵᠦ ᠬᠢᠨᠠᠨ | ᠪᠠᠶᠢᠴᠠᠭᠠᠬᠤ ᠪᠠᠨ ᠪᠠᠷᠢᠯᠭ᠎ᠠ ᠶᠢᠨ ᠵᠢᠷᠤᠭ ᠢ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠨᠢᠭᠡᠲᠦᠯᠲᠡᠢ ᠬᠢᠨᠠᠨ | ᠪᠠᠶᠢᠴᠠᠭᠠᠯᠲᠠ ᠳᠤ ᠣᠷᠣᠭᠤᠯᠵᠤ᠂ ᠭᠤᠭᠴᠤᠭ᠎ᠠ ᠶᠢ ᠪᠠᠭᠠᠰᠬᠠᠨ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ | ᠬᠡᠷᠡᠭᠲᠡᠢ᠃ | ︵ᠭᠤᠴᠢ ᠶᠢᠰᠦ︶ ᠭᠡᠷ ᠪᠠᠶᠢᠰᠢᠩ ᠭᠠᠵᠠᠷ ᠬᠦᠷᠦᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ | ᠢᠲᠡᠭᠡᠮᠵᠢ ᠶᠢ ᠰᠢᠯᠭᠠᠨ ᠬᠢᠨᠠᠬᠤ ᠰᠢᠰᠲ᠋ᠧᠮᠵᠢ ᠶᠢ ᠪᠠᠶᠢᠭᠤᠯᠬᠤ ᠬᠡᠷᠡᠭᠲᠡᠢ᠃ ᠭᠡᠷ ᠪᠠᠶᠢᠰᠢᠩ ᠭᠠᠵᠠᠷ ᠬᠦᠷᠦᠩᠭᠡ ᠶᠢᠨ | ᠨᠡᠭᠡᠭᠡᠯᠲᠡ ᠶᠢᠨ ᠠᠵᠤ ᠠᠬᠤᠶᠢᠯᠠᠯ ᠤᠨ ᠢᠲᠡᠭᠡᠮᠵᠢ ᠶᠢᠨ ᠲᠡᠪᠴᠡᠩ ᠢ ᠪᠠᠶᠢᠭᠤᠯᠵᠤ᠂ ᠭᠡᠷ ᠪᠠᠶᠢᠰᠢᠩ ᠭᠠᠵᠠᠷ | ᠬᠦᠷᠦᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠢ ᠬᠦᠲᠦᠯᠦᠨ ᠵᠢᠯᠤᠭᠤᠳᠴᠤ ᠪᠠᠶᠢᠭᠠᠳ ᠬᠠᠤᠯᠢ ᠶᠣᠰᠤᠭᠠᠷ | ᠦᠨᠡᠨᠴᠢ ᠢᠲᠡᠭᠡᠮᠵᠢᠲᠡᠢ ᠪᠠᠷ ᠡᠵᠡᠩᠨᠡᠭᠦᠯᠵᠦ᠂ ᠭᠡᠷ ᠪᠠᠶᠢᠰᠢᠩ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠤᠨ ᠰᠠᠶᠢᠨ | ᠰᠠᠶᠢᠬᠠᠨ ᠡᠮᠬᠢ ᠵᠢᠷᠤᠮ ᠢ ᠬᠠᠮᠲᠤᠪᠡᠷ ᠬᠠᠮᠠᠭᠠᠯᠠᠬᠤ ᠬᠡᠷᠡᠭᠲᠡᠢ᠃ ᠭᠡᠷ ᠪᠠᠶᠢᠰᠢᠩ ᠭᠠᠵᠠᠷ ᠬᠦᠷᠦᠩᠭᠡ ᠶᠢᠨ | ᠨᠡᠭᠡᠭᠡᠯᠲᠡ ᠶᠢᠨ ᠠᠵᠤ ᠠᠬᠤᠶᠢᠯᠠᠯ ᠤᠨ ᠬᠠᠤᠯᠢ ᠲᠣᠭᠲᠠᠭᠠᠯ ᠠᠴᠠ ᠵᠦᠷᠢᠴᠡᠬᠦ ᠦᠢᠯᠡ ᠠᠵᠢᠯᠯᠠᠭ᠎ᠠ ᠶᠢ ᠪᠠᠶᠢᠴᠠᠭᠠᠨ | ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠭᠡᠷ ᠪᠠᠶᠢᠰᠢᠩ ᠭᠠᠵᠠᠷ ᠬᠦᠷᠦᠩᠭᠡ ᠶᠢ ᠨᠡᠭᠡᠭᠡᠨ ᠬᠥᠭᠵᠢᠭᠦᠯᠬᠦ ᠪᠠ | ᠠᠷᠠᠯᠵᠢᠶᠠᠯᠠᠬᠤ ᠲᠠᠯ᠎ᠠ ᠳᠠᠬᠢ ᠬᠠᠤᠯᠢ ᠳᠦᠷᠢᠮ ᠠᠴᠠ ᠬᠦᠨᠳᠦ ᠨᠣᠴᠢᠲᠠᠢ ᠵᠦᠷᠢᠴᠡᠭᠰᠡᠨ ᠦᠢᠯᠡ ᠠᠵᠢᠯᠯᠠᠭ᠎ᠠ ᠲᠠᠢ ᠭᠡᠷ | ᠪᠠᠶᠢᠰᠢᠩ ᠭᠠᠵᠠᠷ ᠬᠦᠷᠦᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠵᠢᠴᠢ ᠬᠤᠯᠪᠣᠭᠳᠠᠯ ᠪᠦᠬᠦᠢ ᠬᠢᠷᠢ ᠭᠡᠮ ᠤᠨ | ᠬᠠᠮᠢᠶᠠᠷᠤᠯᠲᠠ ᠶᠢᠨ ᠲᠣᠭᠲᠠᠭᠠᠯ ᠠᠴᠠ ᠵᠦᠷᠢᠴᠡᠭᠰᠡᠨ ᠭᠡᠷ ᠪᠠᠶᠢᠰᠢᠩ ᠭᠠᠵᠠᠷ ᠬᠦᠷᠦᠩᠭᠡ ᠶᠢᠨ ᠨᠡᠭᠡᠭᠡᠯᠲᠡ ᠶᠢᠨ ᠠᠵᠤ | ᠠᠬᠤᠶᠢᠯᠠᠯ ᠢ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠬᠠᠮᠢᠶᠠᠷᠤᠯᠲᠠ ᠶᠢᠨ ᠰᠠᠯᠠᠭ᠎ᠠ ᠮᠦᠴᠢᠷ ᠤᠳ ᠣᠷᠣᠨ | ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠨ | ᠬᠠᠩᠭᠠᠭᠰᠠᠨ ᠲᠣᠷᠭᠠᠵᠤ ᠰᠢᠳᠭᠡᠬᠦ ᠮᠡᠳᠡᠭᠡ ᠵᠠᠩᠭᠢ ᠶᠢ ᠦᠨᠳᠦᠰᠦᠯᠡᠨ᠂ ᠲᠡᠭᠦᠨ ᠤ ᠰᠢᠨ᠎ᠡ ᠪᠠᠷ ᠰᠢᠯᠵᠢᠭᠦᠯᠦᠨ | ᠬᠤᠳᠠᠯᠳᠤᠭᠰᠠᠨ ᠭᠡᠷ ᠪᠠᠶᠢᠰᠢᠩ ᠭᠠᠵᠠᠷ ᠬᠦᠷᠦᠩᠭᠡ ᠶᠢᠨ ᠬᠡᠷᠡᠭᠯᠡᠬᠦ ᠭᠠᠵᠠᠷ ᠢ ᠦᠨ᠎ᠡ ᠬᠠᠶᠠᠵᠤ ᠬᠤᠳᠠᠯᠳᠤᠨ | ᠠᠪᠬᠤ ᠳᠤ ᠣᠷᠣᠯᠴᠠᠬᠤ ᠶᠢ ᠨᠢ ᠬᠢᠵᠠᠭᠠᠷᠯᠠᠬᠤ ᠪᠠ ᠴᠠᠭᠠᠵᠠᠯᠠᠬᠤ ᠬᠡᠷᠡᠭᠲᠡᠢ᠃ ᠤᠯᠤᠰ ᠤᠨ ᠭᠠᠵᠠᠷ ᠰᠢᠷᠤᠢ ᠡᠬᠢ | ᠪᠠᠶᠠᠯᠢᠭ ᠤᠨ ᠬᠠᠮᠢᠶᠠᠷᠤᠯᠲᠠ ᠶᠢᠨ ᠰᠠᠯᠠᠭ᠎ᠠ ᠮᠦᠴᠢᠷ ᠤᠳ ᠨᠢ ᠭᠠᠵᠠᠷ ᠰᠢᠷᠤᠢ ᠶᠢᠨ ᠵᠠᠬ᠎ᠠ ᠳᠡᠯᠭᠡᠭᠦᠷ ᠤᠨ ᠬᠠᠤᠯᠢ | ᠲᠣᠭᠲᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ ᠲᠠᠢ ᠭᠡᠷ ᠪᠠᠶᠢᠰᠢᠩ ᠭᠠᠵᠠᠷ ᠬᠦᠷᠦᠩᠭᠡ ᠶᠢᠨ ᠨᠡᠭᠡᠭᠡᠯᠲᠡ ᠶᠢᠨ | ᠠᠵᠤ ᠠᠬᠤᠶᠢᠯᠠᠯ ᠤᠨ ᠮᠡᠳᠡᠭᠡ ᠵᠠᠩᠭᠢ ᠶᠢ ᠣᠷᠣᠨ ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠴᠠᠭ ᠲᠣᠬᠠᠢ ᠳᠤᠨᠢ ᠮᠡᠳᠡᠭᠦᠯᠵᠦ᠂ ᠣᠷᠣᠨ ᠰᠠᠭᠤᠴᠠ ᠬᠤᠲᠠ | ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠳ ᠨᠢ ᠭᠡᠷ ᠪᠠᠶᠢᠰᠢᠩ | ᠭᠠᠵᠠᠷ ᠬᠦᠷᠦᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠬᠢᠷᠢ ᠭᠡᠮ ᠤᠨ ᠬᠠᠮᠢᠶᠠᠷᠤᠯᠲᠠ ᠶᠢᠨ ᠲᠣᠭᠲᠠᠭᠠᠯ ᠢ | ᠦᠨᠳᠦᠰᠦᠯᠡᠨ᠂ ᠵᠣᠬᠢᠬᠤ ᠰᠢᠳᠭᠡᠯ ᠲᠣᠷᠭᠠᠭᠤᠯᠢ ᠣᠯᠭᠤᠬᠤ ᠬᠡᠷᠡᠭᠲᠡᠢ︔ ᠦᠢᠯᠡ ᠪᠠᠶᠢᠳᠠᠯ ᠨᠢ ᠬᠦᠨᠳᠦ ᠨᠣᠴᠢᠲᠠᠢ | ᠪᠣᠯ᠂ ᠲᠡᠳᠡᠨ ᠤ ᠬᠢᠷᠢ ᠭᠡᠮ ᠤᠨ ᠦᠨᠡᠮᠯᠡᠯ ᠢ ᠨᠢ ᠬᠠᠤᠯᠢ ᠶᠣᠰᠤᠭᠠᠷ ᠬᠦᠴᠦᠨ ᠦᠭᠡᠢ ᠪᠣᠯᠭᠠᠬᠤ ᠬᠡᠷᠡᠭᠲᠡᠢ᠃ ᠭᠡᠷ | ᠪᠠᠶᠢᠰᠢᠩ ᠭᠠᠵᠠᠷ ᠬᠦᠷᠦᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠬᠠᠤᠯᠢ ᠲᠣᠭᠲᠠᠭᠠᠯ ᠠᠴᠠ ᠵᠦᠷᠢᠴᠡᠭᠰᠡᠨ | ᠦᠢᠯᠡ ᠠᠵᠢᠯᠯᠠᠭ᠎ᠠ ᠶᠢ ᠠᠵᠤ ᠠᠬᠤᠶᠢᠯᠠᠯ ᠤᠨ ᠢᠲᠡᠭᠡᠮᠵᠢ ᠶᠢᠨ ᠳᠠᠩᠰᠠ ᠡᠪᠬᠡᠮᠡᠯ ᠳᠤ ᠲᠡᠮᠲᠡᠭᠯᠡᠨ ᠣᠷᠤᠭᠤᠯᠵᠤ᠂ | ᠲᠥᠪ ᠭᠤᠣᠯᠴᠢ ᠪᠠᠷ ᠦᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠡᠭᠦᠳᠦᠨ ᠪᠠᠶᠢᠭᠤᠯᠬᠤ | ᠬᠡᠷᠡᠭᠲᠡᠢ᠃ | ᠶᠢᠰᠦ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠭᠡᠷ ᠪᠠᠶᠢᠰᠢᠩ ᠭᠠᠵᠠᠷ ᠬᠦᠷᠦᠩᠭᠡ ᠶᠢᠨ | ᠵᠠᠬ᠎ᠠ ᠳᠡᠯᠭᠡᠭᠦᠷ ᠤᠨ ᠬᠢᠨᠠᠨ ᠵᠠᠳᠠᠯᠬᠤ ᠪᠠ ᠶᠠᠷᠢᠶ᠎ᠠ ᠬᠡᠯᠡᠯᠴᠡᠭᠡ ᠪᠠᠷ ᠬᠦ᠋ᠲᠦᠯᠦᠨ ᠵᠢᠯᠤᠭᠤᠳᠬᠤ ᠪᠠᠨ ᠴᠢᠩᠭᠠᠳᠬᠠᠬᠤ | ᠬᠡᠷᠡᠭᠲᠡᠢ | ︵ᠳᠥᠴᠢ︶ ᠰᠠᠯᠠᠭ᠎ᠠ ᠮᠦᠴᠢᠷ ᠤᠨ ᠵᠢᠷᠤᠮᠵᠢᠭᠰᠠᠨ ᠪᠦᠲᠦᠮᠵᠢᠲᠡᠢ ᠵᠣᠬᠢᠴᠠᠭᠤᠯᠤᠨ ᠬᠠᠮᠵᠢᠯᠴᠠᠬᠤ | ᠲᠣᠭᠲᠠᠴᠠ ᠶᠢ ᠪᠠᠶᠢᠭᠤᠯᠬᠤ ᠬᠡᠷᠡᠭᠲᠡᠢ᠃ ᠭᠡᠷ ᠪᠠᠶᠢᠰᠢᠩ ᠭᠠᠵᠠᠷ ᠬᠦᠷᠦᠩᠭᠡ ᠶᠢᠨ ᠠᠵᠢᠯ ᠤᠨ ᠦᠪᠡᠷᠲᠡᠭᠡᠨ ᠵᠠᠰᠠᠬᠤ | ᠣᠷᠣᠨ ᠤ ᠱᠠᠲᠤᠨ ᠳᠠᠬᠢ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠵᠤ᠂ ᠭᠤᠣᠯᠳᠠᠭᠤ ᠪᠦᠬᠦ ᠣᠷᠣᠨ ᠤ ᠭᠡᠷ | ᠪᠠᠶᠢᠰᠢᠩ ᠭᠠᠵᠠᠷ ᠬᠦᠷᠦᠩᠭᠡ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠣᠭᠲᠠᠭᠠᠨ᠂ ᠭᠡᠷ ᠪᠠᠶᠢᠰᠢᠩ | ᠭᠠᠵᠠᠷ ᠬᠦᠷᠦᠩᠭᠡ ᠶᠢ ᠪᠦᠲᠦᠭᠡᠨ ᠪᠠᠶᠢᠭᠤᠯᠬᠤ᠂ ᠪᠣᠷᠤᠯᠠᠭᠤᠯᠬᠤ᠂ ᠬᠡᠷᠡᠭᠯᠡᠬᠦ ᠵᠡᠷᠭᠡ ᠲᠠᠯ᠎ᠠ ᠪᠠᠷ ᠬᠢ ᠡᠳᠦᠷ | ᠳᠣᠲᠣᠮ ᠤᠨ ᠵᠣᠬᠢᠴᠠᠭᠤᠯᠭ᠎ᠠ ᠵᠢᠴᠢ ᠵᠦᠪᠳᠡᠯᠴᠡᠨ ᠲᠣᠭᠲᠠᠭᠰᠠᠨ ᠵᠦᠢᠯᠡᠰ ᠢ ᠰᠢᠮᠳᠠᠭᠤᠯᠤᠨ | ᠨᠠᠶᠢᠳᠠᠪᠤᠷᠢᠵᠢᠭᠤᠯᠬᠤ ᠶᠢ ᠡᠭᠦᠷᠭᠡᠯᠡᠨ᠎ᠡ᠃ ᠦᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠬᠤᠲᠠ | ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠪᠣᠯ ᠬᠠᠮᠲᠤᠷᠠᠭᠰᠠᠨ ᠬᠤᠷᠠᠯ ᠤᠨ ᠲᠦᠷᠦᠭᠦᠯᠡᠨ | ᠬᠠᠷᠢᠭᠤᠴᠠᠬᠤ ᠨᠢᠭᠡᠴᠡ ᠪᠣᠯᠣᠨ᠎ᠠ᠂ ᠪᠦᠷᠢᠯᠳᠦᠭᠦᠨ ᠳᠤ ᠬᠥᠭᠵᠢᠭᠦᠯᠦᠯᠲᠡ ᠦᠭᠡᠷᠡᠴᠢᠯᠡᠯᠲᠡ᠂ ᠡᠳ᠋ ᠤᠨ ᠵᠠᠰᠠᠭ᠂ | ᠤᠯᠤᠰ ᠤᠨ ᠭᠠᠵᠠᠷ ᠰᠢᠷᠤᠢ ᠡᠬᠢ ᠪᠠᠶᠠᠯᠢᠭ᠂ ᠤᠯᠤᠰ ᠤᠨ ᠦᠮᠴᠢᠯᠡᠯᠲᠦ ᠡᠳ᠋ ᠬᠦᠷᠦᠩᠭᠡ᠂ ᠠᠷᠠᠳ ᠤᠨ ᠪᠠᠩᠭᠢ᠂ | ᠤᠯᠤᠰ ᠤᠨ ᠭᠠᠶᠢᠯᠢ ᠶᠢᠨ ᠶᠠᠪᠤᠳᠠᠯ᠂ ᠣᠷᠣᠨ ᠨᠤᠲᠤᠭ ᠤᠨ ᠭᠠᠶᠢᠯᠢ ᠶᠢᠨ ᠶᠠᠪᠤᠳᠠᠯ᠂ ᠴᠠᠬᠢᠯᠭᠠᠨ ᠬᠦᠴᠦᠨ ᠵᠡᠷᠭᠡ | ᠰᠠᠯᠠᠭ᠎ᠠ ᠮᠦᠴᠢᠷ ᠪᠣᠯᠣᠨ ᠨᠢᠭᠡᠴᠡ ᠶᠢ ᠪᠠᠭᠲᠠᠭᠠᠨ᠎ᠠ᠃ ᠭᠡᠷ ᠪᠠᠶᠢᠰᠢᠩ ᠭᠠᠵᠠᠷ ᠬᠦᠷᠦᠩᠭᠡ ᠶᠢᠨ ᠠᠵᠢᠯ ᠤᠨ | ᠬᠠᠮᠲᠤᠷᠠᠭᠰᠠᠨ ᠬᠤᠷᠠᠯ ᠨᠢ ᠮᠡᠳᠡᠭᠡ ᠵᠠᠩᠭᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠠᠵᠢᠯ ᠤᠨ ᠪᠠᠶᠢᠳᠠᠯ ᠤᠨ | ᠮᠡᠳᠡᠭᠡᠯᠡᠬᠦ ᠳᠦᠷᠢᠮ ᠢ ᠪᠠᠶᠢᠭᠤᠯᠤᠨ᠂ ᠭᠡᠷ ᠪᠠᠶᠢᠰᠢᠩ ᠭᠠᠵᠠᠷ ᠬᠦᠷᠦᠩᠭᠡ ᠶᠢᠨ ᠠᠵᠢᠯ ᠤᠨ ᠬᠠᠮᠲᠤᠷᠠᠭᠰᠠᠨ ᠬᠤᠷᠠᠯ | ᠪᠣᠯᠣᠨ ᠪᠦᠷᠢᠯᠳᠦᠭᠦᠨ ᠨᠢᠭᠡᠴᠡ ᠶᠢᠨ ᠠᠵᠢᠯ ᠤᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠡᠯᠡᠬᠦ ᠬᠡᠷᠡᠭᠲᠡᠢ | ︔ ᠡᠯ᠎ᠡ ᠪᠦᠷᠢᠯᠳᠦᠭᠦᠨ ᠨᠢᠭᠡᠴᠡ ᠨᠢ ᠢᠳᠡᠪᠬᠢᠲᠡᠢ ᠪᠠᠷ ᠬᠠᠮᠵᠢᠯᠴᠠᠵᠤ᠂ ᠡᠭᠦᠷᠭᠡ ᠴᠢᠳᠠᠪᠤᠷᠢ ᠶᠢᠨ ᠦᠢᠯᠡᠳᠦᠯ ᠢᠶᠠᠨ | ᠭᠦᠢᠴᠡᠳ ᠪᠠᠳᠠᠷᠠᠭᠤᠯᠤᠨ᠂ ᠭᠡᠷ ᠪᠠᠶᠢᠰᠢᠩ ᠭᠠᠵᠠᠷ ᠬᠦᠷᠦᠩᠭᠡ ᠶᠢᠨ ᠠᠵᠢᠯ ᠤᠨ ᠬᠠᠮᠲᠤᠷᠠᠭᠰᠠᠨ ᠬᠤᠷᠠᠯ ᠤᠨ | ᠱᠠᠭᠠᠷᠳᠠᠯᠭ᠎ᠠ ᠶᠤᠰᠤᠭᠠᠷ ᠭᠡᠷ ᠪᠠᠶᠢᠰᠢᠩ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠤᠨ ᠠᠵᠢᠯᠯᠠᠭᠠᠨ ᠤ ᠪᠠᠶᠢᠳᠠᠯ ᠢ | ᠰᠤᠳᠤᠯᠤᠨ ᠡᠵᠡᠮᠰᠢᠵᠦ᠂ ᠪᠦᠬᠦ ᠣᠷᠣᠨ ᠤ ᠭᠡᠷ ᠪᠠᠶᠢᠰᠢᠩ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠤᠨ | ᠲᠣᠭᠲᠠᠭᠤᠨ ᠪᠦᠭᠡᠳ ᠡᠷᠡᠭᠦᠯ ᠢᠶᠠᠷ ᠬᠥᠭᠵᠢᠬᠦ ᠶᠢ ᠢᠳᠡᠪᠬᠢᠲᠡᠢ ᠠᠬᠢᠭᠤᠯᠬᠤ ᠬᠡᠷᠡᠭᠲᠡᠢ᠃ | ︵ᠳᠦᠴᠢᠨ ᠨᠢᠭᠡ︶ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠭᠡᠬᠦ ᠬᠡᠷᠡᠭᠲᠡᠢ᠃ ᠡᠯ᠎ᠡ | ᠭᠠᠵᠠᠷ ᠣᠷᠣᠨ ᠨᠤᠭᠤᠳ ᠤᠯᠤᠰ ᠪᠠ ᠦᠪᠡᠷᠲᠡᠭᠡᠨ ᠵᠠᠰᠠᠬᠤ ᠣᠷᠣᠨ ᠤ ᠬᠤᠯᠪᠤᠭᠳᠠᠯ ᠪᠦᠬᠦᠢ ᠲᠥᠷᠥ ᠶᠢᠨ | ᠪᠣᠳᠣᠯᠭ᠎ᠠ ᠶᠢᠨ ᠵᠤᠷᠢᠬ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢ | ᠶᠡᠷᠦᠩᠬᠡᠶᠢᠯᠡᠨ ᠬᠡᠷᠡᠭᠵᠢᠭᠦᠯᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠣᠷᠣᠨ ᠨᠤᠲᠤᠭ ᠤᠨ ᠵᠠᠰᠠᠭ ᠤᠨ | ᠣᠷᠳᠤᠨ ᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠭᠡᠨ᠂ ᠭᠡᠷ ᠪᠠᠶᠢᠰᠢᠩ ᠭᠠᠵᠠᠷ | ᠬᠦᠷᠦᠩᠭᠡ ᠶᠢᠨ ᠵᠠᠬ᠎ᠠ ᠳᠡᠯᠭᠡᠭᠦᠷ ᠤᠨ ᠠᠵᠢᠯᠯᠠᠭᠠᠨ ᠤ ᠳᠤᠮᠳᠠ ᠢᠯᠡᠷᠡᠭᠰᠡᠨ ᠠᠰᠠᠭᠤᠳᠠᠯ ᠢ ᠦᠨᠡᠨᠬᠦ ᠰᠠᠶᠢᠲᠤᠷ | ᠰᠢᠢᠳᠪᠦᠷᠢᠯᠡᠬᠦ ᠬᠡᠷᠡᠭᠲᠡᠢ᠃ ᠭᠡᠷ ᠪᠠᠶᠢᠰᠢᠩ ᠭᠠᠵᠠᠷ ᠬᠦᠷᠦᠩᠭᠡ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ | ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠭᠡᠷ ᠪᠠᠶᠢᠰᠢᠩ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠢ | ᠬᠦᠳᠡᠯᠦᠩᠭᠦᠢ ᠪᠠᠷ ᠬᠢᠨᠠᠨ ᠰᠢᠯᠭᠠᠬᠤ᠂ ᠪᠦᠷᠢᠳᠭᠡᠬᠦ ᠪᠠ ᠵᠠᠳᠠᠯᠬᠤ ᠪᠠᠨ ᠴᠢᠩᠭᠠᠳᠬᠠᠵᠤ᠂ ᠠᠷᠠᠯᠵᠢᠶᠠᠯᠠᠬᠤ ᠬᠡᠮᠵᠢᠶ᠎ᠡ᠂ | ᠠᠷᠠᠯᠵᠢᠶᠠᠯᠠᠬᠤ ᠦᠨ᠎ᠡ ᠬᠠᠩᠰᠢ ᠵᠡᠷᠭᠡ ᠮᠡᠳᠡᠭᠡ ᠵᠠᠩᠭᠢ ᠶᠢ ᠴᠠᠭ ᠲᠣᠬᠠᠢ ᠳᠤᠨᠢ ᠬᠢᠨᠠᠨ ᠰᠢᠯᠭᠠᠵᠤ᠂ ᠭᠡᠷ ᠪᠠᠶᠢᠰᠢᠩ | ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠲᠤ ᠢᠯᠡᠷᠡᠭᠰᠡᠨ ᠰᠢᠨ᠎ᠡ ᠪᠠᠶᠢᠳᠠᠯ ᠢ ᠨᠢᠭᠲᠠ ᠠᠩᠬᠠᠷᠬᠤ ᠬᠡᠷᠡᠭᠲᠡᠢ᠃ | ᠲᠠᠸᠠᠷ ᠤᠨ ᠭᠡᠷ ᠪᠠᠶᠢᠰᠢᠩ ᠤᠨ ᠦᠯᠡᠳᠡᠭᠡᠯ ᠤᠨ ᠬᠡᠮᠵᠢᠶ᠎ᠡ ᠨᠢ ᠨᠡᠯᠢᠶᠡᠳ ᠶᠡᠭᠡ᠂ ᠪᠣᠷᠤᠯᠠᠭᠤᠯᠬᠤ ᠦᠶᠡᠯᠡᠯ ᠨᠢ | ᠨᠡᠯᠢᠶᠡᠳ ᠤᠷᠲᠤ ᠪᠠᠶᠢᠭ᠎ᠠ ᠭᠠᠵᠠᠷ ᠣᠷᠣᠨ ᠨᠤᠭᠤᠳ ᠲᠥᠭᠰᠢᠭᠦᠷᠢ ᠶᠢ ᠠᠷᠭᠠᠴᠠᠬᠤ ᠪᠡᠯᠡᠳᠭᠡᠯ ᠲᠥᠰᠦᠯ ᠢ | ᠪᠠᠶᠢᠳᠠᠯ ᠢᠶᠠᠨ ᠦᠨᠳᠦᠰᠦᠯᠡᠨ ᠲᠣᠭᠲᠠᠭᠠᠵᠤ᠂ ᠠᠷᠭᠠᠴᠠᠬᠤ ᠠᠷᠭ᠎ᠠ ᠬᠡᠮᠵᠢᠶ᠎ᠡ ᠶᠢ ᠴᠠᠭ ᠲᠣᠬᠠᠢ ᠳᠤᠨᠢ ᠰᠤᠳᠤᠯᠤᠨ | ᠲᠣᠭᠲᠠᠭᠠᠵᠤ᠂ ᠵᠠᠬ᠎ᠠ ᠳᠡᠯᠭᠡᠭᠦᠷ ᠤᠨ ᠲᠥᠭᠰᠢᠭᠦᠷᠢ ᠶᠢ ᠡᠷᠲᠡᠬᠡᠨ ᠪᠦᠲᠦᠮᠵᠢᠲᠡᠢ ᠪᠠᠷ ᠠᠷᠢᠯᠭᠠᠬᠤ ᠬᠡᠷᠡᠭᠲᠡᠢ᠃ | ︵ᠳᠦᠴᠢᠨ ᠬᠤᠶᠠᠷ︶ ᠶᠠᠷᠢᠶ᠎ᠠ ᠬᠡᠯᠡᠯᠴᠡᠭᠡ ᠪᠠᠷ ᠬᠦᠲᠦᠯᠦᠨ ᠵᠢᠯᠣᠭᠤᠳᠬᠤ ᠪᠠᠨ ᠴᠢᠩᠭᠠᠳᠬᠠᠬᠤ ᠬᠡᠷᠡᠭᠲᠡᠢ᠃ | ᠡᠯ᠎ᠡ ᠭᠠᠵᠠᠷ ᠣᠷᠣᠨ ᠨᠤᠭᠤᠳ ᠭᠡᠷ ᠪᠠᠶᠢᠰᠢᠩ ᠤᠨ ᠠᠷᠠᠯᠵᠢᠶᠠᠨ ᠤ ᠬᠤᠯᠪᠣᠭᠳᠠᠯ ᠪᠦᠬᠦᠢ ᠪᠠᠶᠢᠳᠠᠯ ᠪᠣᠯᠣᠨ ᠬᠠᠮᠢᠶ᠎ᠠ | ᠪᠦᠬᠦᠢ ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠭᠢ ᠶᠢ ᠴᠠᠭ ᠲᠣᠬᠠᠢ ᠳᠤᠨᠢ ᠨᠡᠶᠢᠲᠡᠯᠡᠵᠦ᠂ ᠮᠡᠳᠡᠭᠡ ᠵᠠᠩᠭᠢ ᠶᠢᠨ | ᠢᠯᠡ ᠲᠣᠳᠣ ᠪᠠᠶᠢᠬᠤ ᠶᠢ ᠴᠢᠩᠭᠠᠷᠠᠭᠤᠯᠤᠨ᠂ ᠭᠡᠷ ᠪᠠᠶᠢᠰᠢᠩ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠢ | ᠣᠨᠣᠪᠴᠢᠲᠠᠢ ᠵᠠᠳᠠᠯᠣᠨ ᠣᠶᠢᠯᠠᠭᠠᠵᠤ᠂ ᠰᠠᠶᠢᠨ ᠰᠠᠶᠢᠬᠠᠨ ᠵᠠᠬ᠎ᠠ ᠳᠡᠯᠭᠡᠭᠦᠷ ᠤᠨ ᠶᠠᠷᠢᠶ᠎ᠠ ᠬᠡᠯᠡᠯᠴᠡᠭᠡᠨ ᠤ ᠣᠷᠴᠢᠨ | ᠨᠦᠬᠦᠴᠡᠯ ᠢ ᠪᠣᠢ ᠪᠣᠯᠭᠠᠬᠤ ᠬᠡᠷᠡᠭᠲᠡᠢ᠃ ᠭᠡᠷ ᠪᠠᠶᠢᠰᠢᠩ ᠭᠠᠵᠠᠷ ᠬᠦᠷᠦᠩᠭᠡ ᠶᠢᠨ ᠲᠠᠯ᠎ᠠ ᠪᠠᠷ ᠬᠢ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠵᠠᠭᠤᠴᠢᠯᠠᠭᠤᠷ ᠨᠤᠭᠤᠳ ᠢ ᠵᠢᠯᠤᠭᠤᠳᠴᠤ ᠪᠠᠶᠢᠭᠠᠳ ᠭᠡᠷ | ᠪᠠᠶᠢᠰᠢᠩ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠤᠨ ᠪᠠᠶᠢᠳᠠᠯ ᠢ ᠪᠦᠬᠦ ᠲᠠᠯ᠎ᠠ ᠪᠠᠷ᠂ ᠪᠤᠰᠤᠳᠴᠢ ᠪᠠᠷ᠂ | ᠭᠤᠣᠯᠴᠢ ᠪᠠᠷ ᠮᠡᠳᠡᠭᠡᠯᠡᠨ᠂ ᠣᠷᠣᠨ ᠰᠠᠭᠤᠴᠠ ᠶᠢᠨ ᠬᠡᠷᠡᠭᠯᠡᠭᠡ ᠶᠢ ᠣᠨᠣᠪᠴᠢᠲᠠᠢ ᠬᠦᠲᠦᠯᠦᠨ ᠵᠢᠯᠤᠭᠤᠳᠴᠤ᠂ ᠭᠡᠷ | ᠪᠠᠶᠢᠰᠢᠩ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠲᠠᠬᠢ ᠢᠲᠡᠭᠡᠯ ᠢ ᠬᠥᠭᠵᠢᠭᠡᠨ ᠪᠠᠳᠠᠷᠠᠭᠠᠵᠤ᠂ ᠵᠠᠬ᠎ᠠ | ᠳᠡᠯᠭᠡᠭᠦᠷ ᠤᠨ ᠵᠢᠱᠢᠯᠲᠠ ᠶᠢ ᠲᠣᠭᠲᠠᠪᠤᠷᠢᠵᠢᠭᠤᠯᠬᠤ ᠬᠡᠷᠡᠭᠲᠡᠢ᠃ ᠶᠠᠷᠢᠶ᠎ᠠ ᠬᠡᠯᠡᠯᠴᠡᠭᠡᠨ ᠤ ᠬᠢᠨᠠᠨ ᠰᠢᠯᠭᠠᠬᠤ ᠶᠢ | ᠴᠢᠩᠭᠠᠳᠬᠠᠵᠤ᠂ ᠭᠡᠷ ᠪᠠᠶᠢᠰᠢᠩ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠲᠤ ᠬᠤᠯᠪᠤᠭᠳᠠᠭᠰᠠᠨ ᠪᠣᠲᠠᠲᠠᠢ ᠪᠤᠰᠤ | ᠮᠡᠳᠡᠭᠡ ᠵᠠᠩᠭᠢ ᠶᠢ ᠴᠠᠭ ᠲᠣᠬᠠᠢ ᠳᠤᠨᠢ ᠰᠠᠨᠠᠭᠠᠴᠢᠯᠠᠭ᠎ᠠ ᠠᠴᠠ ᠪᠠᠨ ᠢᠯᠭᠠᠷᠠᠭᠤᠯᠤᠨ ᠴᠡᠪᠡᠷᠯᠡᠵᠦ᠂ ᠨᠡᠶᠢᠭᠡᠮ ᠤᠨ ᠡᠶ᠎ᠡ | ᠵᠣᠬᠢᠴᠠᠯ ᠲᠠᠢ ᠲᠣᠭᠲᠠᠭᠤᠨ ᠪᠠᠶᠢᠳᠠᠯ ᠢ ᠦᠨᠡᠨᠬᠦ ᠬᠠᠮᠠᠭᠠᠯᠠᠵᠤ᠂ ᠭᠡᠷ ᠪᠠᠶᠢᠰᠢᠩ ᠭᠠᠵᠠᠷ ᠬᠦᠷᠦᠩᠭᠡ ᠶᠢᠨ ᠵᠠᠬ᠎ᠠ | ᠳᠡᠯᠭᠡᠭᠦᠷ ᠤᠨ ᠲᠣᠭᠲᠠᠭᠤᠨ ᠪᠦᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃ ᠡᠯ᠎ᠡ ᠠᠶᠢᠮᠠᠭ | ᠬᠤᠲᠠ ᠨᠤᠭᠤᠳ ᠲᠤᠰ ᠰᠠᠨᠠᠯ ᠤᠨ ᠵᠤᠷᠢᠬ ᠰᠠᠨᠠᠭ᠎ᠠ ᠶᠢ ᠦᠨᠳᠦᠰᠦᠯᠡᠨ ᠪᠤᠲᠠᠲᠠᠢ ᠬᠡᠷᠡᠭᠵᠢᠭᠦᠯᠬᠦ ᠠᠷᠭ᠎ᠠ ᠶᠢ | ᠰᠤᠳᠤᠯᠤᠨ ᠲᠣᠭᠲᠠᠭᠠᠵᠤ ᠪᠣᠯᠣᠨ᠎ᠠ᠃ | |