| | ᠰᠤᠷᠪᠤᠯᠵᠢᠯᠠᠭᠰᠠᠨ ᠴᠠᠭ ᠬᠤᠭᠤᠴᠠᠭ᠎ᠠ᠄ 2015 ᠤᠨ ᠤ 10 ᠳ᠋ᠤᠭᠠᠷ ᠰᠠᠷ᠎ᠠ ᠶᠢᠨ 22 ᠤ ᠡᠳᠦᠷ ᠤᠨ | ᠦᠳᠡ ᠶᠢᠨ ᠬᠤᠶᠢᠨ᠎ᠠ ᠶᠢᠨ 3 ᠴᠠᠭ | ᠰᠤᠷᠪᠤᠯᠵᠢᠯᠠᠭ᠎ᠠ ᠬᠦᠯᠢᠶᠡᠭᠰᠡᠨ ᠵᠤᠴᠢᠨ᠄ ᠦᠪᠡᠷᠳᠡᠭᠡᠨ ᠵᠠᠰᠠᠬᠤ ᠤᠷᠤᠨ ᠤ ᠭᠦᠭᠵᠢᠬᠦᠯᠦᠯᠳᠡ | ᠦᠬᠡᠷᠡᠴᠢᠯᠡᠯᠳᠡ ᠶᠢᠨ ᠵᠦᠪᠯᠡᠯ ᠤᠨ ᠲᠡᠳ᠋ ᠡᠷᠬᠢᠯᠡᠭᠴᠢ ᠺᠧ ᠶᠥᠩ ᠭᠥᠸᠧ | ᠰᠤᠷᠪᠤᠯᠵᠢᠯᠠᠭ᠎ᠠ ᠶᠢᠨ ᠲᠤᠪᠴᠢ ᠲᠠᠨᠢᠯᠴᠠᠭᠤᠯᠭ᠎ᠠ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ ᠠᠷᠪᠠᠨ | ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠ᠂ ᠲᠦᠷᠪᠡᠳᠦᠭᠡᠷ ᠪᠦᠬᠦᠳᠡ ᠬᠤᠷᠠᠯ ᠠᠴᠠ ᠨᠠᠰᠢ᠂ | ᠤᠯᠤᠰ ᠠᠴᠠ ᠨᠡᠶᠢᠭᠡᠮ ᠤᠨ ᠢᠳᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠳᠠ ᠶᠢ ᠲᠦᠷᠭᠡᠨ ᠠᠬᠢᠭᠤᠯᠬᠤ ᠲᠠᠯ᠎ᠠ | ᠪᠠᠷ ᠰᠢᠨ᠎ᠡ ᠪᠠᠶᠢᠷᠢᠯᠠᠭᠤᠯᠤᠯᠳᠠ ᠬᠢᠵᠤ᠂ ᠰᠢᠨ᠎ᠡ ᠱᠠᠭᠠᠷᠳᠠᠯᠭ᠎ᠠ ᠲᠤᠷᠠᠳᠴᠤ᠂ ᠨᠡᠶᠢᠭᠡᠮ ᠤᠨ ᠢᠳᠡᠭᠡᠮᠵᠢ ᠶᠢᠨ | ᠨᠢᠬᠡᠳᠦᠯᠳᠡᠢ ᠨᠤᠮᠧᠷ ᠤᠨ ᠲᠦᠷᠢᠮ ᠢ ᠭᠡᠷᠡᠭᠵᠢᠬᠦᠯᠵᠤ᠂ ᠢᠳᠡᠭᠡᠯ ᠢᠶᠠᠨ ᠰᠠᠬᠢᠪᠠᠯ ᠤᠷᠮᠠᠰᠢᠭᠤᠯᠵᠤ᠂ ᠢᠳᠡᠭᠡᠯ ᠢᠶᠠᠨ | ᠠᠯᠳᠠᠪᠠᠯ ᠰᠢᠳᠭᠡᠨ ᠵᠠᠯᠬᠠᠭᠠᠬᠤ ᠲᠤᠭᠳᠠᠴᠠ ᠶᠢ ᠪᠠᠶᠢᠭᠤᠯᠵᠤ᠂ ᠢᠳᠡᠭᠡᠮᠵᠢ ᠪᠠᠷ ᠭᠤᠤᠯ ᠴᠤᠭᠴᠠ ᠪᠤᠯᠭᠠᠭᠰᠠᠨ | ᠰᠢᠨ᠎ᠡ ᠬᠡᠯᠪᠡᠷᠢ ᠶᠢᠨ ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠲᠤᠭᠳᠠᠴᠠ ᠵᠡᠷᠭᠡ ᠰᠢᠷᠢᠰ ᠠᠵᠢᠯ ᠤᠨ | ᠪᠠᠶᠢᠷᠢᠯᠠᠭᠤᠯᠤᠯᠳᠠ ᠶᠢ ᠪᠠᠶᠢᠭᠤᠯᠤᠭᠰᠠᠨ ᠪᠠᠶᠢᠨ᠎ᠠ᠃ ᠤᠷᠴᠢᠮ ᠤᠨ ᠵᠢᠯ᠂ ᠮᠠᠨ ᠤ ᠤᠷᠤᠨ ᠤ ᠨᠡᠶᠢᠭᠡᠮ ᠤᠨ | ᠢᠳᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠳᠠ ᠨᠢ ᠠᠯᠢ ᠤᠯᠠᠨ ᠦᠷ᠎ᠡ ᠪᠦᠳᠦᠮᠵᠢ ᠤᠯᠪᠠ᠂ ᠦᠪᠡᠷᠳᠡᠭᠡᠨ | ᠵᠠᠰᠠᠬᠤ ᠤᠷᠤᠨ ᠤ ᠨᠡᠶᠢᠭᠡᠮ ᠤᠨ ᠢᠳᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠳᠠ ᠶᠢᠨ ᠪᠠᠶᠢᠳᠠᠯ ᠢ ᠪᠦᠬᠦ ᠲᠠᠯ᠎ᠠ | ᠪᠠᠷ ᠤᠶᠢᠯᠠᠭᠠᠭᠤᠯᠬᠤ ᠶᠢᠨ ᠲᠤᠰᠠᠳᠠ ᠤᠨᠴᠠᠭᠠᠶᠢᠯᠠᠨ ᠦᠪᠡᠷᠳᠡᠭᠡᠨ ᠵᠠᠰᠠᠬᠤ ᠤᠷᠤᠨ ᠤ ᠭᠦᠭᠵᠢᠬᠦᠯᠦᠯᠳᠡ | ᠦᠬᠡᠷᠡᠴᠢᠯᠡᠯᠳᠡ ᠶᠢᠨ ᠵᠦᠪᠯᠡᠯ ᠤᠨ ᠲᠡᠳ᠋ ᠡᠷᠬᠢᠯᠡᠭᠴᠢ ᠺᠧ ᠶᠥᠩ ᠭᠥᠸᠧ ᠶᠢ ᠤᠷᠢᠵᠤ ᠰᠤᠷᠪᠤᠯᠵᠢᠯᠠᠨ ᠶᠠᠷᠢᠯᠴᠠᠪᠠ᠃ | | ᠬᠦᠳᠦᠯᠦᠭᠴᠢ᠄ ᠰᠦᠯᠵᠢᠶᠡᠨ ᠠᠨᠳᠠ ᠨᠠᠷ ᠡ᠂ ᠲᠠ ᠪᠦᠬᠦᠨ ᠰᠠᠶᠢᠨ ᠪᠠᠶᠢᠵᠠᠭᠠᠨ᠎ᠠ ᠤᠤ︖ ᠲᠤᠰ | ᠬᠤᠭᠤᠴᠠᠭᠠᠨ ᠤ ︽ᠲᠤᠮᠳᠠᠳᠤ ᠤᠯᠤᠰ ᠦᠪᠦᠷ ᠮᠤᠩᠭᠤᠯ︾ ᠰᠦᠯᠵᠢᠶᠡᠨ ᠰᠤᠷᠪᠤᠯᠵᠢᠯᠠᠭ᠎ᠠ ᠪᠤᠯᠤᠩ ᠢ ᠬᠦᠯᠢᠶᠡᠨ | ᠠᠪᠴᠤ ᠦᠵᠡᠬᠦ ᠶᠢ ᠪᠠᠶᠠᠷᠯᠠᠨ ᠤᠭᠳᠤᠵᠤ ᠪᠠᠶᠢᠨ᠎ᠠ᠃ ᠦᠨᠦᠳᠦᠷ ᠪᠢᠳᠡ ᠠᠵᠠ ᠲᠠᠢ ᠪᠠᠷ ᠦᠪᠡᠷᠳᠡᠭᠡᠨ ᠵᠠᠰᠠᠬᠤ | ᠤᠷᠤᠨ ᠤ ᠭᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ ᠤᠨ ᠲᠡᠳ᠋ ᠡᠷᠬᠢᠯᠡᠭᠴᠢ ᠺᠧ ᠶᠥᠩ ᠭᠥᠸᠧ ᠶᠢ | ᠤᠷᠢᠵᠤ ᠢᠷᠡᠯ᠎ᠡ᠂ ᠲᠡᠷᠡ ᠮᠠᠨ ᠤ ᠤᠷᠤᠨ ᠤ ᠨᠡᠶᠢᠭᠡᠮ ᠤᠨ ᠢᠳᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠳᠠ ᠶᠢᠨ | ᠪᠠᠶᠢᠳᠠᠯ ᠤᠨ ᠲᠠᠯ᠎ᠠ ᠪᠠᠷ ᠲᠠ ᠪᠦᠬᠦᠨ ᠲᠠᠢ ᠵᠤᠭᠤᠭᠳᠠᠬᠤ ᠪᠤᠯᠤᠨ᠎ᠠ᠃ ᠺᠧ ᠡᠷᠬᠢᠯᠡᠭᠴᠢ ᠡ᠂ ᠲᠠᠨ ᠢ ᠪᠠᠶᠠᠷᠯᠠᠨ | ᠤᠭᠳᠤᠵᠤ ᠪᠠᠶᠢᠨ᠎ᠠ︕ | ᠬᠦᠳᠦᠯᠦᠭᠴᠢ᠄ ᠺᠧ ᠡᠷᠬᠢᠯᠡᠭᠴᠢ ᠡ᠂ ᠨᠡᠶᠢᠭᠡᠮ ᠤᠨ ᠢᠳᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠳᠠ ᠪᠤᠯ | ᠤᠷᠴᠢᠮ ᠤᠨ ᠵᠢᠯ ᠤᠯᠠᠨ ᠢᠶᠠᠷ ᠢᠶᠠᠨ ᠨᠡᠯᠢᠶᠡᠳ ᠰᠡᠳᠬᠢᠯ ᠲᠠᠯᠪᠢᠵᠤ ᠪᠠᠶᠢᠭ᠎ᠠ ᠨᠢᠬᠡᠨ ᠲᠤᠮᠤ ᠶᠠᠪᠤᠳᠠᠯ ᠪᠤᠯᠤᠨ᠎ᠠ᠂ | ᠤᠳᠤᠬᠠᠨ ᠳᠤ ᠶᠠᠮᠠᠷ ᠠᠬᠢᠴᠠ ᠲᠠᠢ ᠪᠠᠶᠢᠨ᠎ᠠ ᠪᠤᠢ︖ | ᠺᠧ ᠡᠷᠬᠢᠯᠡᠭᠴᠢ᠄ ᠬᠦᠳᠦᠯᠦᠭᠴᠢ ᠲᠠ ᠰᠠᠶᠢᠨ ᠤᠤ᠂ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ᠂ | ᠤᠯᠠᠨ ᠢᠶᠠᠷ ᠢᠶᠠᠨ ᠰᠠᠶᠢᠨ ᠪᠠᠶᠢᠵᠠᠭᠠᠨ᠎ᠠ ᠤᠤ︕ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ ᠠᠷᠪᠠᠨ | ᠨᠠᠢᠮᠠᠳᠣᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠ᠂ ᠲᠦᠷᠪᠡᠳᠦᠭᠡᠷ ᠪᠦᠬᠦᠳᠡ ᠬᠤᠷᠠᠯ ᠠᠴᠠ ᠨᠠᠰᠢ᠂ | ᠤᠯᠤᠰ ᠠᠴᠠ ᠨᠡᠶᠢᠭᠡᠮ ᠤᠨ ᠢᠳᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠳᠠ ᠶᠢ ᠲᠡᠭᠡᠳᠤ ᠬᠡᠮᠵᠢᠶ᠎ᠡ ᠪᠠᠷ | ᠴᠢᠬᠤᠯᠠᠴᠢᠯᠠᠨ ᠦᠵᠡᠵᠤ᠂ ᠮᠠᠨ ᠤ ᠤᠷᠤᠨ ᠤ ᠨᠡᠶᠢᠭᠡᠮ ᠤᠨ ᠢᠳᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠳᠠ ᠶᠢᠨ | ᠠᠵᠢᠯ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠤᠳᠤᠷᠢᠳᠤᠯᠭ᠎ᠠ ᠪᠠ ᠡᠯ᠎ᠡ | ᠰᠠᠯᠠᠭ᠎ᠠ ᠮᠦᠴᠢᠷ ᠤᠨ ᠨᠦᠬᠦᠳ ᠤᠨ ᠬᠠᠮᠳᠤ ᠶᠢᠨ ᠴᠢᠷᠮᠠᠶᠢᠯᠭ᠎ᠠ ᠲᠤᠤᠷ᠎ᠠ ᠵᠤᠬᠢᠬᠤ ᠠᠮᠵᠢᠯᠳᠠ ᠪᠦᠳᠦᠮᠵᠢ | ᠤᠯᠤᠭᠰᠠᠨ ᠪᠠᠶᠢᠨ᠎ᠠ᠂ ᠪᠤᠳᠠᠳᠠᠢ ᠲᠤᠤᠷᠠᠬᠢ ᠭᠡᠳᠦᠨ ᠲᠠᠯ᠎ᠠ ᠪᠠᠷ ᠢᠯᠡᠷᠡᠵᠤ ᠪᠠᠶᠢᠨ᠎ᠠ᠄ ᠨᠢᠬᠡ᠂ ᠦᠪᠡᠷᠳᠡᠭᠡᠨ ᠵᠠᠰᠠᠬᠤ | ᠤᠷᠤᠨ ᠤ ᠨᠡᠶᠢᠭᠡᠮ ᠤᠨ ᠢᠳᠡᠭᠡᠮᠵᠢ ᠶᠢᠨ ᠮᠡᠳᠡᠭᠡ ᠵᠠᠩᠬᠢ ᠶᠢᠨ ᠲᠠᠪᠴᠠᠩ ᠢ ᠪᠠᠶᠢᠭᠤᠯᠵᠤ᠂ ᠤᠯᠠᠨ ᠰᠠᠯᠠᠭ᠎ᠠ ᠮᠦᠴᠢᠷ | ᠤᠨ ᠢᠳᠡᠭᠡᠮᠵᠢ ᠶᠢᠨ ᠮᠡᠳᠡᠭᠡ ᠵᠠᠩᠬᠢ ᠶᠢ ᠬᠤᠷᠢᠶᠠᠨ ᠴᠤᠭᠯᠠᠭᠤᠯᠬᠤ᠂ ᠰᠤᠯᠢᠯᠴᠠᠬᠤ ᠪᠠ ᠬᠠᠮᠳᠤᠪᠡᠷ ᠡᠳ᠋ᠯᠡᠬᠦ ᠶᠢ | ᠪᠡᠶᠡᠯᠡᠬᠦᠯᠦᠭᠰᠡᠨ ᠪᠠᠶᠢᠨ᠎ᠠ᠃ ᠬᠤᠶᠠᠷ ᠲᠤ᠂ ᠢᠳᠡᠭᠡᠮᠵᠢ ᠶᠢᠨ ᠠᠵᠢᠯ ᠤᠨ ᠰᠠᠭᠤᠷᠢ ᠴᠢᠨᠠᠷᠳᠠᠢ ᠲᠦᠷᠢᠮ ᠲᠤᠭᠳᠠᠭᠠᠯ | ᠢ ᠲᠤᠭᠳᠠᠭᠠᠨ ᠪᠦᠷᠢᠨᠰᠢᠬᠦᠯᠪᠡ᠃ ᠭᠤᠷᠪᠠ ᠳᠤ᠂ ᠢᠳᠡᠭᠡᠮᠵᠢ ᠶᠢᠨ ᠪᠠᠷᠢᠮᠵᠢᠶ᠎ᠠ ᠶᠢ ᠵᠢᠷᠤᠮᠵᠢᠭᠤᠯᠤᠨ ᠲᠤᠭᠳᠠᠭᠠᠬᠤ | ᠠᠵᠢᠯ ᠢ ᠦᠷᠨᠢᠬᠦᠯᠪᠡ᠃ ᠲᠦᠷᠪᠡ ᠳᠤ᠂ ᠵᠤᠬᠢᠬᠤ ᠬᠡᠪᠴᠢᠶᠡᠨ ᠳᠤ ᠢᠳᠡᠭᠡᠮᠵᠢ ᠶᠢᠨ ᠮᠡᠳᠡᠭᠡ ᠵᠠᠩᠬᠢ ᠶᠢ ᠭᠡᠷᠡᠭᠯᠡᠬᠦ | ᠶᠢ ᠰᠦᠪᠡᠭᠴᠢᠯᠡᠨ ᠦᠷᠨᠢᠬᠦᠯᠪᠡ᠃ | ᠬᠦᠳᠦᠯᠦᠭᠴᠢ᠄ ᠺᠧ ᠡᠷᠬᠢᠯᠡᠭᠴᠢ ᠡ᠂ ᠮᠠᠨ ᠤ ᠤᠷᠤᠨ ᠢᠳᠡᠭᠡᠮᠵᠢ ᠶᠢᠨ ᠪᠠᠷᠢᠮᠵᠢᠶ᠎ᠠ ᠶᠢᠨ ᠰᠢᠰᠲ᠋ᠧᠮᠵᠢ ᠶᠢᠨ | ᠪᠠᠶᠢᠭᠤᠯᠤᠯᠳᠠ ᠶᠢᠨ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠤᠢ︖ | ᠺᠧ ᠡᠷᠬᠢᠯᠡᠭᠴᠢ᠄ ᠢᠳᠡᠬᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠳᠠ ᠨᠢ ᠢᠳᠡᠭᠡᠮᠵᠢ ᠶᠢᠨ ᠮᠡᠳᠡᠭᠡ ᠵᠠᠩᠬᠢ | ᠶᠢ ᠨᠡᠶᠢᠯᠡᠬᠦᠯᠬᠦ᠂ ᠬᠠᠮᠢᠶᠠᠷᠬᠤ᠂ ᠭᠡᠷᠡᠭᠯᠡᠬᠦ ᠵᠡᠷᠭᠡ ᠵᠠᠩᠬᠢᠯᠠᠭ᠎ᠠ ᠲᠠᠢ ᠬᠤᠯᠪᠤᠭᠳᠠᠬᠤ ᠶᠢᠨ ᠬᠠᠮᠳᠤ ᠢᠳᠡᠬᠡᠮᠵᠢ ᠶᠢᠨ | ᠮᠡᠳᠡᠭᠡ ᠵᠠᠩᠬᠢ ᠶᠢ ᠴᠤᠭᠯᠠᠭᠤᠯᠬᠤ ᠪᠠ ᠭᠡᠷᠡᠭᠯᠡᠬᠦ ᠨᠢ ᠪᠦᠬᠦ ᠨᠡᠶᠢᠭᠡᠮ ᠤᠨ ᠨᠢᠬᠡᠴᠡ ᠪᠦᠬᠦᠨ ᠴᠢᠨᠠᠭᠰᠢᠯᠠᠪᠠᠯ ᠬᠦᠮᠦᠨ | ᠪᠦᠬᠦᠨ ᠲᠠᠢ ᠬᠤᠯᠪᠤᠭᠳᠠᠨ᠎ᠠ᠃ ᠡᠶᠢᠮᠤ ᠠᠴᠠ ᠪᠠᠷᠢᠮᠵᠢᠶ᠎ᠠ ᠶᠢᠨ ᠰᠢᠰᠲ᠋ᠧᠮᠵᠢ ᠶᠢᠨ ᠪᠠᠶᠢᠭᠤᠯᠤᠯᠳᠠ ᠶᠢ ᠴᠢᠩᠭᠠᠳᠬᠠᠬᠤ | ᠨᠢ ᠲᠤᠰ ᠠᠵᠢᠯ ᠢ ᠰᠠᠶᠢᠳᠤᠷ ᠬᠢᠬᠦ ᠶᠢᠨ ᠰᠠᠭᠤᠷᠢ ᠪᠤᠯᠤᠨ᠎ᠠ᠃ ᠤᠯᠤᠰ ᠤᠨ ᠱᠠᠭᠠᠷᠳᠠᠯᠭ᠎ᠠ ᠶᠤᠰᠤᠭᠠᠷ᠂ | ᠦᠪᠡᠷᠳᠡᠭᠡᠨ ᠵᠠᠰᠠᠬᠤ ᠤᠷᠤᠨ ᠤ ᠨᠡᠶᠢᠭᠡᠮ ᠤᠨ ᠢᠳᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠳᠠ ᠶᠢᠨ ᠭᠡᠷᠡᠭᠴᠡᠭᠡᠨ | ᠤ ᠲᠤᠭᠤᠷᠢᠨ ᠳᠤ᠂ ᠮᠠᠨ ᠤ ᠵᠦᠪᠯᠡᠯ ᠨᠢ ᠦᠪᠡᠷᠳᠡᠭᠡᠨ ᠵᠠᠰᠠᠬᠤ ᠤᠷᠤᠨ ᠤ ᠶᠠᠰᠤ ᠴᠢᠨᠠᠷ ᠲᠤ ᠮᠡᠷᠭᠡᠵᠢᠯ ᠤᠨ | ᠬᠢᠨᠠᠯᠳᠠ ᠲᠠᠯᠪᠢᠬᠤ ᠲᠤᠪᠴᠢᠶ᠎ᠠ ᠲᠠᠢ ᠬᠠᠮᠳᠤᠷᠠᠵᠤ᠂ ᠢᠳᠡᠭᠡᠮᠵᠢ ᠶᠢᠨ ᠮᠡᠳᠡᠭᠡ ᠵᠠᠩᠬᠢ ᠶᠢᠨ ᠮᠡᠷᠭᠡᠵᠢᠯ᠂ ᠢᠳᠡᠭᠡᠮᠵᠢ | ᠶᠢᠨ ᠲᠤᠭ᠎ᠠ ᠪᠠᠷᠢᠮᠳᠠ ᠶᠢᠨ ᠬᠠᠮᠢᠶᠠᠷᠤᠯᠳᠠ ᠪᠠ ᠢᠳᠡᠭᠡᠮᠵᠢ ᠶᠢᠨ ᠠᠵᠢᠯ ᠤᠨ ᠲᠦᠷᠢᠮ ᠵᠡᠷᠭᠡ ᠭᠤᠷᠪᠠᠨ ᠲᠠᠯ᠎ᠠ ᠪᠠᠷ | 8 ᠲᠦᠷᠦᠯ ᠤᠨ ᠪᠠᠷᠢᠮᠵᠢᠶ᠎ᠠ ᠶᠢᠨ ᠵᠢᠷᠤᠮᠵᠢᠯ ᠢ ᠲᠤᠭᠳᠠᠭᠠᠭᠰᠠᠨ ᠪᠠᠶᠢᠨ᠎ᠠ᠃ ᠡᠳᠡᠭᠡᠷ ᠪᠠᠷᠢᠮᠵᠢᠶ᠎ᠠ ᠶᠢᠨ ᠵᠢᠷᠤᠮᠵᠢᠯ ᠢ | ᠲᠤᠭᠳᠠᠭᠠᠭᠰᠠᠨ ᠶᠠᠪᠤᠳᠠᠯ ᠨᠢ ᠮᠠᠨ ᠤ ᠤᠷᠤᠨ ᠤ ᠨᠡᠶᠢᠭᠡᠮ ᠤᠨ ᠢᠳᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠳᠠ | ᠶᠢᠨ ᠠᠵᠢᠯ ᠢ ᠵᠢᠷᠤᠮᠵᠢᠭᠤᠯᠬᠤ᠂ ᠠᠯᠬᠤᠮ ᠲᠠᠷᠠᠭ᠎ᠠ ᠲᠠᠢ ᠦᠷᠨᠢᠬᠦᠯᠬᠦ ᠶᠢ ᠪᠡᠶᠡᠯᠡᠬᠦᠯᠬᠦ ᠪᠤᠯᠤᠨ᠎ᠠ᠃ ᠭᠡᠯᠡᠯᠭᠡᠨ | ᠦᠬᠡᠢ᠂ ᠤᠳᠤᠬᠠᠨ ᠳᠤ ᠬᠢᠵᠤ ᠪᠠᠶᠢᠭ᠎ᠠ ᠪᠤᠯ ᠵᠦᠪᠬᠡᠨ ᠨᠢᠬᠡ ᠡᠬᠢᠯᠡᠯᠳᠡ ᠪᠤᠯᠤᠨ᠎ᠠ᠂ ᠬᠤᠶᠢᠰᠢᠳᠠ ᠪᠢᠳᠡ ᠨᠡᠩ | ᠦᠷᠭᠡᠨ ᠬᠡᠪᠴᠢᠶ᠎ᠠ᠂ ᠨᠡᠩ ᠬᠦᠨ ᠲᠠᠪᠬᠤᠷᠭ᠎ᠠ ᠳᠤ ᠲᠤᠰ ᠠᠵᠢᠯ ᠢ ᠲᠦᠯᠬᠢᠨ ᠠᠬᠢᠭᠤᠯᠬᠤ ᠪᠤᠯᠤᠨ᠎ᠠ᠃ | ᠬᠦᠳᠦᠯᠦᠭᠴᠢ᠄ ᠺᠧ ᠡᠬᠢᠯᠡᠭᠴᠢ ᠡ᠂ ᠲᠨ ᠰᠠᠶ᠋ᠢ ᠮᠠᠨ ᠤ ᠤᠷᠤᠨ ᠤ ᠨᠡᠶᠢᠭᠡᠮ ᠤᠨ ᠢᠳᠡᠭᠡᠮᠵᠢ ᠶᠢᠨ | ᠮᠡᠳᠡᠭᠡ ᠵᠠᠩᠬᠢ ᠶᠢᠨ ᠲᠠᠪᠴᠠᠩ ᠢ ᠨᠢᠬᠡᠨᠳᠡ ᠪᠠᠶᠢᠭᠤᠯᠵᠤ ᠲᠠᠭᠤᠰᠬᠠᠪᠠ ᠭᠡᠵᠤ ᠲᠠᠨᠢᠯᠴᠠᠭᠤᠯᠤᠯ᠎ᠠ᠂ ᠤᠳᠤᠬᠠᠨ ᠳᠤ᠂ | ᠮᠠᠨ ᠤ ᠤᠷᠤᠨ ᠤ ᠢᠳᠡᠭᠡᠮᠵᠢ ᠶᠢᠨ ᠮᠡᠳᠡᠭᠡ ᠵᠠᠩᠬᠢ ᠶᠢ ᠭᠡᠷᠬᠢᠨ ᠭᠡᠷᠡᠭᠯᠡᠵᠤ ᠪᠠᠶᠢᠬᠤ ᠪᠤᠢ︖ | ᠺᠧ ᠡᠷᠬᠢᠯᠡᠭᠴᠢ᠄ ᠢᠳᠡᠭᠡᠮᠵᠢ ᠶᠢᠨ ᠮᠡᠳᠡᠭᠡ ᠵᠠᠩᠬᠢ ᠶᠢ ᠬᠤᠷᠢᠶᠠᠨ ᠴᠤᠭᠯᠠᠭᠤᠯᠬᠤ ᠪᠤᠯ ᠰᠠᠭᠤᠷᠢ ᠪᠤᠯᠤᠨ᠎ᠠ᠂ | ᠮᠡᠳᠡᠭᠡ ᠵᠠᠩᠬᠢ ᠶᠢ ᠬᠤᠷᠢᠶᠠᠨ ᠴᠤᠭᠯᠠᠭᠤᠯᠴᠢᠬᠠᠭᠠᠳ ︽ᠭᠡᠷᠡᠭᠯᠡᠪᠠᠯ︾ ᠰᠠᠶ᠋ᠢ ᠢᠳᠡᠭᠡᠮᠵᠢ ᠶᠢᠨ ᠪᠠᠶᠢᠭᠤᠯᠤᠯᠳᠠ ᠶᠢᠨ | ᠴᠢᠬᠤᠯᠠ ᠦᠢᠯᠡᠳᠦᠯ ᠢ ᠪᠠᠳᠠᠷᠠᠭᠤᠯᠵᠤ ᠴᠢᠳᠠᠨ᠎ᠠ᠃ ᠤᠳᠤᠬᠠᠨ ᠳᠤ᠂ ᠪᠢᠳᠡ ᠢᠳᠡᠭᠡᠮᠵᠢ ᠶᠢᠨ ᠮᠡᠳᠡᠭᠡ ᠵᠠᠩᠬᠢ ᠶᠢᠨ | ᠭᠡᠷᠡᠭᠯᠡᠭᠡ ᠶᠢ ᠬᠤᠶᠠᠷ ᠲᠠᠯ᠎ᠠ ᠪᠠᠷ ᠰᠦᠪᠡᠭᠴᠢᠯᠡᠨ ᠦᠷᠨᠢᠬᠦᠯᠵᠤ ᠪᠠᠶᠢᠨ᠎ᠠ᠄ ᠨᠢᠬᠡ ᠳᠤ᠂ ︽ᠢᠳᠡᠭᠡᠮᠵᠢᠳᠤ ᠦᠪᠤᠷ | ᠮᠤᠩᠭᠤᠯ︾ ᠪᠠᠷ ᠲᠠᠮᠵᠢᠭᠤᠯᠤᠨ ᠨᠡᠶᠢᠭᠡᠮ ᠨᠡᠶᠢᠳᠡ ᠳᠤ ᠢᠳᠡᠭᠡᠮᠵᠢ ᠶᠢᠨ ᠮᠡᠳᠡᠭᠡ ᠵᠠᠩᠬᠢ ᠶᠢ ᠬᠦᠷᠭᠡᠬᠦ ︽ᠨᠢᠬᠡ | ᠦᠷᠳᠡᠭᠡᠳᠤ ᠬᠡᠯᠪᠡᠷᠢ︾ ᠶᠢᠨ ᠠᠰᠠᠭᠤᠨ ᠯᠠᠪᠯᠠᠬᠤ ᠦᠢᠯᠡᠴᠢᠯᠡᠭᠡ ᠶᠢ ᠬᠠᠩᠭᠠᠵᠤ ᠪᠠᠶᠢᠨ᠎ᠠ᠃ ᠬᠤᠶᠠᠷ ᠲᠤ᠂ | ᠦᠪᠡᠷᠳᠡᠭᠡᠨ ᠵᠠᠰᠠᠬᠤ ᠤᠷᠤᠨ ᠤ ᠨᠡᠶᠢᠭᠡᠮ ᠤᠨ ᠢᠳᠡᠭᠡᠮᠵᠢ ᠶᠢᠨ ᠮᠡᠳᠡᠭᠡ ᠵᠠᠩᠬᠢ ᠶᠢᠨ ᠲᠡᠪᠴᠠᠩ ᠢᠶᠠᠷ ᠲᠡᠮᠵᠢᠭᠤᠯᠤᠨ᠂ | ᠦᠪᠡᠷᠳᠡᠭᠡᠨ ᠵᠠᠰᠠᠬᠤ ᠤᠷᠤᠨ ᠤ ᠡᠯ᠎ᠡ ᠰᠠᠯᠠᠭ᠎ᠠ ᠮᠦᠴᠢᠷ ᠲᠤ ᠮᠡᠳᠡᠭᠡ ᠵᠠᠩᠬᠢ ᠰᠤᠯᠢᠯᠴᠠᠠᠬᠤ ᠪᠠ ᠬᠠᠮᠳᠤᠪᠡᠷ | ᠡᠳ᠋ᠯᠡᠬᠦ ᠦᠢᠯᠡᠴᠢᠯᠡᠭᠡ ᠬᠠᠩᠭᠠᠵᠤ᠂ ᠰᠠᠯᠠᠭ᠎ᠠ ᠮᠦᠴᠢᠷ ᠠᠯᠤᠰᠯᠠᠵᠤ ᠮᠡᠳᠡᠭᠡ ᠵᠠᠩᠬᠢ ᠲᠠᠮᠵᠢᠭᠤᠯᠬᠤ ᠪᠠ ᠲᠤᠭ᠎ᠠ | ᠪᠠᠷᠢᠮᠳᠠ ᠶᠢ ᠬᠠᠮᠳᠤᠪᠡᠷ ᠡᠳ᠋ᠯᠡᠬᠦ ᠲᠤᠭᠳᠠᠴᠠ ᠶᠢ ᠪᠠᠶᠢᠭᠤᠯᠤᠭᠰᠠᠨ ᠪᠠᠶᠢᠨ᠎ᠠ᠃ | ᠬᠦᠳᠦᠯᠦᠭᠴᠢ᠄ ᠺᠧ ᠡᠷᠬᠢᠯᠡᠭᠴᠢ ᠡ᠂ ︽ᠨᠡᠶᠢᠭᠡᠮ ᠤᠨ ᠢᠳᠡᠭᠡᠮᠵᠢ ᠶᠢᠨ ᠨᠢᠬᠡᠳᠦᠯᠳᠡᠢ ᠨᠤᠮᠧᠷ ᠤᠨ ᠲᠦᠷᠢᠮ︾ | ᠨᠢ ᠶᠠᠮᠠᠷ ᠤᠳᠬ᠎ᠠ ᠲᠠᠢ ᠪᠤᠢ︖ ᠠᠷᠠᠳ ᠤᠯᠠᠨ ᠪᠤᠯᠤᠨ ᠠᠵᠤ ᠠᠬᠤᠶᠢᠯᠠᠯ ᠳᠤ ᠶᠠᠮᠠᠷ ᠨᠦᠯᠦᠭᠡ ᠲᠤᠰᠬᠠᠯ ᠲᠠᠢ | ᠪᠤᠢ︖ | ᠺᠧ ᠡᠷᠬᠢᠯᠡᠭᠴᠢ᠄ ᠨᠡᠶᠢᠭᠡᠮ ᠤᠨ ᠢᠳᠡᠭᠡᠮᠵᠢ ᠶᠢᠨ ᠨᠢᠭᠡᠳᠦᠯᠳᠡᠢ ᠨᠤᠮᠧᠷ ᠨᠢ ᠡᠷᠭᠡᠳᠤ ᠠᠷᠠᠳ ᠲᠤ ᠠᠪᠴᠤ | ᠬᠡᠯᠡᠪᠡᠯ ᠪᠡᠶ᠎ᠡ ᠶᠢᠨ ᠦᠨᠡᠮᠯᠡᠯ ᠤᠨ ᠨᠤᠮᠧᠷ ᠪᠤᠯᠤᠨ᠎ᠠ᠂ ᠨᠡᠶᠢᠭᠡᠮ ᠤᠨ ᠵᠤᠬᠢᠶᠠᠨ ᠪᠠᠶᠢᠭᠤᠯᠤᠯᠳᠠ ᠪᠤᠯᠤᠨ ᠠᠵᠤ | ᠠᠬᠤᠶᠢᠯᠠᠯ ᠳᠤ ᠠᠪᠴᠤ ᠬᠡᠯᠡᠪᠡᠯ ᠲᠠᠷᠤᠢ ᠦᠨᠤ ᠵᠢᠯ ᠤᠨ 6 ᠰᠠᠷ᠎ᠠ ᠳᠤ ᠲᠦᠷᠤ ᠶᠢᠨ ᠶᠠᠪᠤᠳᠠᠯ ᠤᠨ ᠬᠤᠷᠢᠶᠠᠨ ᠤ | ᠵᠢᠩᠬᠢᠨᠢ ᠪᠠᠷ ᠵᠦᠪᠰᠢᠶᠠᠷᠡᠭᠰᠡᠨ ︽ᠬᠠᠤᠯᠢ ᠶᠢᠨ ᠬᠦᠮᠦᠨ ᠪᠠ ᠪᠤᠰᠤᠳ ᠵᠤᠬᠢᠶᠠᠨ ᠪᠠᠶᠢᠭᠤᠯᠤᠯᠳᠠ ᠶᠢᠨ ᠨᠡᠶᠢᠭᠡᠮ ᠤᠨ | ᠢᠳᠡᠭᠡᠮᠵᠢ ᠶᠢᠨ ᠨᠢᠭᠡᠳᠦᠯᠳᠡᠢ ᠨᠤᠮᠧᠷ ᠤᠨ ᠲᠦᠷᠢᠮ ᠤᠨ ᠪᠠᠶᠢᠭᠤᠯᠤᠯᠳᠠ ᠶᠢᠨ ᠶᠡᠷᠦᠩᠬᠡᠢ ᠲᠦᠰᠦᠯ︾ ᠳᠤ | ᠲᠤᠭᠳᠠᠭᠠᠭᠰᠠᠨ 18 ᠤᠷᠤᠨᠳᠤ ᠨᠤᠮᠧᠷ ᠪᠤᠯᠤᠨ᠎ᠠ᠃ | ᠤᠯᠤᠰ ᠠᠴᠠ ᠨᠡᠶᠢᠭᠡᠮ ᠤᠨ ᠢᠳᠡᠭᠡᠮᠵᠢ ᠶᠢᠨ ᠨᠢᠬᠡᠳᠦᠯᠳᠡᠢ ᠨᠤᠮᠧᠷ ᠤᠨ ᠲᠦᠷᠢᠮ ᠢ ᠭᠡᠷᠡᠭᠵᠢᠬᠦᠯᠵᠤ ᠪᠠᠶᠢᠭ᠎ᠠ | ᠨᠢ ᠠᠷᠠᠳ ᠢᠷᠭᠡᠳ ᠪᠦᠬᠦᠨ᠂ ᠬᠠᠤᠯᠢ ᠶᠢᠨ ᠬᠦᠮᠦᠨ ᠪᠠ ᠪᠤᠰᠤᠳ ᠵᠤᠬᠢᠶᠠᠨ ᠪᠠᠶᠢᠭᠤᠯᠤᠯᠳᠠ ᠳᠤ ᠤᠯᠭᠤᠭᠰᠠᠨ | ᠴᠤᠷ ᠤᠨ ᠭᠠᠭᠴᠠ ᠪᠦᠬᠡᠳ ᠨᠠᠰᠤᠨ ᠲᠤᠷᠰᠢᠳᠠ ᠦᠯᠦ ᠬᠤᠪᠢᠷᠠᠬᠤ ᠭᠤᠤᠯ ᠰᠡᠳᠤᠪᠳᠤ ᠢᠯᠭᠠᠨ ᠲᠠᠨᠢᠬᠤ ᠨᠤᠮᠧᠷ | ᠪᠤᠯᠤᠨ᠎ᠠ᠃ ᠡᠨᠡᠬᠦ ᠨᠤᠮᠧᠷ ᠢᠶᠠᠷ ᠠᠴᠢᠶᠠᠯᠠᠪᠤᠷᠢ ᠪᠤᠯᠭᠠᠵᠤ᠂ ᠠᠷᠠᠳ ᠢᠷᠭᠡᠳ ᠪᠤᠯᠤᠨ ᠬᠠᠤᠯᠢ ᠶᠢᠨ ᠬᠦᠮᠦᠨ ᠤ | ᠮᠡᠳᠡᠭᠡ ᠵᠠᠩᠬᠢ ᠶᠢ ᠪᠦᠳᠦᠮᠵᠢᠳᠠᠢ ᠪᠠᠷ ᠨᠡᠶᠢᠯᠡᠬᠦᠯᠬᠦ ᠨᠢ ᠢᠳᠡᠭᠡᠮᠵᠢ ᠶᠢᠨ ᠮᠡᠳᠡᠭᠡ ᠵᠠᠩᠬᠢ ᠶᠢᠨ ᠡᠬᠢ ᠪᠠᠶᠠᠯᠢᠭ ᠢ | ᠬᠠᠮᠳᠤᠪᠡᠷ ᠡᠳ᠋ᠯᠡᠬᠦ᠂ ᠨᠡᠶᠢᠭᠡᠮ ᠤᠨ ᠬᠠᠮᠢᠶᠠᠷᠤᠯᠳᠠ ᠶᠢᠨ ᠦᠪᠡᠷ ᠤᠨ ᠦᠷᠳᠡᠭ ᠢ ᠪᠠᠭᠤᠷᠠᠭᠤᠯᠬᠤ᠂ ᠨᠡᠶᠢᠳᠡ ᠶᠢᠨ | ᠦᠢᠯᠡᠴᠢᠯᠡᠭᠡᠨ ᠤ ᠬᠢᠷᠢ ᠲᠦᠪᠰᠢᠨ ᠢ ᠲᠡᠭᠡᠭᠰᠢᠯᠡᠬᠦᠯᠬᠦ᠂ ᠨᠡᠶᠢᠭᠡᠮ ᠤᠨ ᠵᠠᠰᠠᠯᠳᠠ ᠶᠢᠨ ᠰᠢᠰᠲ᠋ᠧᠮᠵᠢ ᠶᠢ | ᠲᠡᠬᠦᠯᠳᠡᠷᠵᠢᠬᠦᠯᠬᠦ ᠳᠤ ᠠᠰᠢᠭᠳᠠᠢ ᠶᠤᠮ᠃ ᠬᠤᠶᠢᠰᠢᠳᠠ ︽ᠪᠢ ᠪᠤᠯ ᠲᠠᠷᠤᠢ ᠪᠢ︾ ᠪᠤᠯᠬᠤ ᠶᠢ ᠭᠡᠷᠡᠴᠢᠯᠡᠬᠦ ᠬᠠᠴᠢᠨ | ᠦᠵᠡᠭᠳᠡᠯ ᠤᠯᠠᠮ ᠠᠴᠠ ᠤᠯᠠᠮ ᠴᠦᠭᠡᠷᠡᠨᠠ᠂ ᠤᠴᠢᠷ ᠨᠢ ᠮᠡᠳᠡᠭᠡ ᠵᠠᠩᠬᠢ ᠤᠯᠠᠮ ᠲᠦᠪᠯᠡᠷᠡᠬᠦ ᠲᠤᠰᠤᠮ ᠢᠶᠠᠨ | ᠨᠡᠶᠢᠭᠡᠮ ᠤᠨ ᠭᠤᠤᠯ ᠴᠤᠭᠴᠠ ᠪᠦᠬᠦᠨ ᠤ ᠪᠠᠶᠢᠳᠠᠯ ᠢ ᠤᠯᠠᠮ ᠦᠨᠡᠨ ᠪᠤᠳᠠᠳᠠᠢ ᠲᠤᠰᠬᠠᠵᠤ ᠂ ᠬᠤᠪᠢ ᠬᠦᠮᠦᠨ ᠤ | ᠭᠡᠷᠡᠭ ᠶᠠᠪᠤᠳᠠᠯ ᠡᠷᠬᠢᠯᠡᠬᠦ ᠳᠤ ᠠᠰᠢᠭᠳᠠᠢ ᠪᠤᠯᠬᠤ ᠮᠦᠷᠳᠡᠭᠡᠨ ᠪᠠᠰᠠ ᠵᠠᠰᠠᠭ ᠤᠨ ᠤᠷᠳᠤᠨ ᠤ ᠵᠠᠰᠠᠯᠳᠠ ᠶᠢᠨ ᠬᠢᠷᠢ | ᠲᠦᠪᠰᠢᠨ ᠢ ᠲᠡᠭᠡᠭᠰᠢᠯᠡᠬᠦᠯᠬᠦ ᠪᠤᠯᠤᠨ᠎ᠠ᠃ | ᠬᠦᠳᠦᠯᠦᠭᠴᠢ᠄ ᠺᠧ ᠡᠷᠬᠢᠯᠡᠭᠴᠢ ᠡ᠂ ᠪᠢᠳᠡ ᠪᠦᠷ ᠢᠳᠡᠭᠡᠯ ᠠᠯᠳᠠᠪᠠᠯ ᠰᠢᠳᠭᠡᠨ ᠵᠠᠯᠬᠠᠭᠠᠬᠤ ᠶᠠᠪᠤᠳᠠᠯ ᠢ | ᠰᠤᠨᠤᠰᠴᠤ ᠦᠩᠭᠡᠷᠡᠪᠠ᠂ ᠲᠡᠭᠡᠪᠡᠯ ᠮᠡᠨ ᠤ ᠤᠷᠤᠨ ᠢᠳᠡᠭᠡᠯ ᠠᠯᠳᠠᠪᠠᠯ ᠰᠢᠳᠭᠡᠨ ᠵᠠᠯᠬᠠᠭᠠᠬᠤ ᠲᠠᠯ᠎ᠠ ᠪᠠᠷ ᠶᠠᠭᠠᠬᠢᠵᠤ | ᠬᠢᠵᠤ ᠪᠠᠶᠢᠨ᠎ᠠ ᠤᠤ︖ | ᠺᠧ ᠡᠷᠬᠢᠯᠡᠭᠴᠢ᠄ ᠢᠳᠡᠭᠡᠯ ᠠᠯᠳᠠᠬᠤ ᠨᠢ ᠵᠦᠪᠯᠡᠯᠴᠡᠭᠡᠷ ᠪᠤᠶᠤ ᠠᠮᠠᠯᠳᠠ ᠠᠴᠠ ᠪᠠᠨ ᠲᠡᠷᠰᠯᠡᠵᠤ᠂ ᠢᠳᠡᠭᠡᠯ ᠢᠶᠠᠨ | ᠠᠯᠳᠠᠭᠰᠠᠨ ᠶᠠᠪᠤᠳᠠᠯ ᠪᠤᠯᠬᠤ ᠶᠤᠮ᠃ ︽ᠰᠢᠬᠦᠮᠵᠢ ᠦᠬᠦᠯᠡᠯ︾ ᠳᠤ ︽ᠬᠦᠮᠦᠨ ᠢᠳᠡᠭᠡᠯ ᠢᠶᠠᠨ ᠠᠯᠳᠠᠪᠠᠰᠤ | ᠲᠡᠬᠦᠨ ᠤ ᠶᠠᠭᠤᠨ ᠬᠢᠵᠤ ᠴᠢᠳᠠᠬᠤ ᠶᠢ ᠭᠡᠷᠬᠢᠨ ᠮᠡᠳᠡᠮᠤᠢ︾ ᠬᠡᠮᠡᠨ ᠦᠬᠦᠯᠡᠭᠰᠡᠨ ᠪᠠᠶᠢᠳᠠᠭ᠃ ᠦᠨᠡᠨᠴᠢ ᠢᠳᠡᠭᠡᠯᠳᠠᠢ | ᠪᠠᠶᠢᠬᠤ ᠨᠢ ᠲᠤᠮᠳᠠᠳᠤ ᠶᠢᠨ ᠦᠨᠳᠦᠰᠦᠳᠡᠨ ᠤ ᠡᠷᠳᠡᠨ ᠠᠴᠠ ᠡᠷᠬᠢᠮᠯᠡᠭᠰᠡᠭᠡᠷ ᠢᠷᠡᠭᠰᠡᠨ ᠤᠯᠠᠮᠵᠢᠯᠯᠠᠳᠤ ᠪᠤᠯᠪᠠᠰᠤᠨ | ᠰᠤᠷᠳᠠᠯ ᠮᠦᠨ᠂ ᠮᠦᠨᠴᠤ ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠡ ᠶᠢᠨ ᠴᠢᠬᠤᠯᠠ ᠠᠭᠤᠯᠭ᠎ᠠ | ᠪᠤᠯᠤᠨ ᠵᠠᠬ᠎ᠠ ᠲᠡᠯᠭᠡᠭᠦᠷ ᠤᠨ ᠠᠵᠤ ᠠᠬᠤᠢ ᠶᠢᠨ ᠡᠷᠡᠭᠦᠯ ᠠᠵᠢᠯᠯᠠᠭᠠᠨ ᠤ ︽ᠰᠠᠭᠤᠷᠢ︾ ᠮᠦᠨ᠃ ᠤᠳᠤ ᠶᠢᠨ | ᠨᠡᠶᠢᠭᠡᠮ ᠤᠨ ᠬᠤᠪᠢ ᠬᠦᠮᠦᠨ ᠪᠠ ᠬᠠᠤᠯᠢ ᠶᠢᠨ ᠭᠦᠮᠦᠨ ᠤ ᠢᠳᠡᠭᠡᠯ ᠠᠯᠳᠠᠬᠤ ᠠᠵᠢᠯᠯᠠᠭ᠎ᠠ ᠨᠢ ᠨᠡᠶᠢᠭᠡᠮ ᠤᠨ | ᠭᠤᠤᠯ ᠴᠤᠭᠴᠠ ᠪᠤᠯᠤᠨ ᠨᠡᠶᠢᠭᠡᠮ ᠤᠨ ᠡᠮᠬᠢ ᠲᠢᠭᠯᠢᠮ ᠳᠤ ᠮᠠᠭᠤ ᠨᠦᠯᠦᠭᠡ ᠲᠤᠰᠬᠠᠯ ᠤᠴᠠᠷᠠᠭᠤᠯᠵᠤ ᠮᠡᠳᠡᠨ᠎ᠡ᠂ | ᠡᠶᠢᠮᠤ ᠠᠴᠠ ᠢᠳᠡᠭᠡᠯ ᠠᠯᠳᠠᠵᠤ ᠪᠠᠶᠢᠭ᠎ᠠ ᠭᠤᠤᠯ ᠴᠤᠭᠴᠠ ᠳᠤ ᠬᠠᠮᠳᠤᠷᠠᠨ ᠰᠢᠳᠭᠡᠯ ᠵᠠᠯᠬᠠᠭᠠᠯ ᠤᠯᠭᠤᠬᠤ ᠨᠢ | ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠵᠠᠶᠢᠯᠠᠰᠢ ᠦᠬᠡᠢ ᠱᠠᠭᠠᠷᠳᠠᠯᠭ᠎ᠠ ᠪᠤᠯᠤᠨ᠎ᠠ᠃ | ᠤᠳᠤᠬᠠᠨ ᠳᠤ᠂ ᠮᠠᠨ ᠤ ᠵᠦᠪᠯᠡᠯ ᠲᠦᠷᠦᠬᠦᠯᠵᠤ ︽ᠢᠳᠡᠭᠡᠯ ᠠᠯᠳᠠᠭᠰᠠᠨ ᠢᠶᠠᠷ ᠭᠡᠷᠡᠭᠵᠢᠬᠦᠯᠬᠦ ᠬᠦᠮᠦᠨ︾᠂ | ︽ᠭᠠᠶᠢᠯᠢ ᠲᠠᠳᠠᠪᠤᠷᠢ ᠶᠢᠨ ᠬᠠᠤᠯᠢ ᠠᠴᠠ ᠵᠦᠷᠢᠴᠡᠭᠰᠡᠨ ᠲᠤᠮᠤ ᠭᠡᠷᠡᠭ ᠤᠨ ᠲᠤᠬᠠᠢ ᠶᠢᠨ ᠬᠦᠮᠦᠨ︾ ᠪᠤᠯᠤᠨ ︽ | ᠢᠳᠡᠭᠡᠯ ᠠᠯᠳᠠᠭᠰᠠᠨ ᠠᠵᠤ ᠠᠬᠤᠶᠢᠯᠠᠯ︾ ᠳᠤ ᠴᠢᠭᠯᠡᠬᠦᠯᠦᠨ ᠢᠳᠡᠭᠡᠯ ᠠᠯᠳᠠᠭᠰᠠᠳ ᠢ ᠬᠠᠮᠳᠤᠷᠠᠨ ᠰᠢᠳᠭᠡᠨ | ᠵᠠᠯᠬᠠᠭᠠᠬᠤ ᠠᠵᠢᠯ ᠢ ᠲᠦᠯᠬᠢᠨ ᠠᠬᠢᠭᠤᠯᠵᠤ ᠪᠠᠶᠢᠨ᠎ᠠ᠃ ᠡᠨᠡᠬᠦ ᠠᠵᠢᠯ ᠨᠢ ᠦᠪᠡᠷᠳᠡᠭᠡᠨ ᠵᠠᠰᠠᠬᠤ ᠤᠷᠤᠨ ᠤ ᠡᠯ᠎ᠡ | ᠰᠠᠯᠠᠭ᠎ᠠ ᠮᠦᠴᠢᠷ ᠤᠨ ᠬᠦᠴᠦᠳᠡᠢ ᠲᠡᠮᠵᠢᠯᠭᠡ ᠪᠤᠯᠤᠨ ᠬᠠᠮᠳᠤᠷᠠᠯᠴᠠᠭ᠎ᠠ ᠶᠢ ᠤᠯᠵᠤ ᠪᠤᠢ᠂ ᠲᠠᠷᠠᠭᠠᠴᠢ ᠶᠢᠨ ᠠᠯᠬᠤᠮ | ᠳᠤ ᠪᠢᠳᠡ ᠬᠠᠮᠳᠤᠷᠠᠯᠴᠠᠭ᠎ᠠ ᠪᠠᠨ ᠬᠦᠨᠵᠡᠬᠡᠶᠢᠷᠡᠭᠦᠯᠵᠤ᠂ ᠡᠨᠡᠬᠦ ᠠᠵᠢᠯ ᠢ ᠦᠷᠬᠦᠯᠵᠢᠯᠡᠨ ᠲᠦᠯᠬᠢᠨ ᠠᠬᠢᠭᠤᠯᠵᠤ᠂ | ᠦᠨᠡᠨᠴᠢ ᠢᠳᠡᠭᠡᠯ ᠢ ᠡᠷᠬᠢᠮᠯᠡᠳᠡᠭ ᠨᠡᠶᠢᠭᠡᠮ ᠤᠨ ᠤᠷᠴᠢᠨ ᠠᠬᠤᠢ ᠶᠢ ᠪᠠᠶᠢᠭᠤᠯᠬᠤ ᠳᠤ ᠨᠢᠬᠡᠨ ᠮᠦᠷᠤ ᠶᠢᠨ ᠬᠦᠴᠦᠨ | ᠴᠢᠳᠡᠯ ᠢᠶᠠᠨ ᠡᠷᠬᠦᠨ᠎ᠡ᠃ ᠡᠭᠦᠨ ᠤ ᠬᠠᠮᠳᠤ ᠪᠢᠳᠡ ︽ᠢᠳᠡᠭᠡᠯ ᠢ ᠡᠷᠬᠢᠮᠯᠡᠬᠦ︾ ᠨᠡᠶᠢᠭᠡᠮ ᠤᠨ ᠭᠤᠤᠯ ᠴᠤᠭᠴᠠ ᠶᠢ | ᠭᠡᠷᠬᠢᠨ ᠤᠷᠮᠠᠰᠢᠭᠤᠯᠬᠤ ᠲᠤᠬᠠᠢ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠠ ᠶᠢ ᠰᠤᠳᠤᠯᠵᠤ᠂ ᠢᠳᠡᠭᠡᠯ ᠢ | ᠡᠷᠬᠢᠮᠯᠡᠳᠡᠭ ᠬᠤᠪᠢ ᠬᠦᠮᠦᠨ ᠪᠤᠯᠤᠨ ᠬᠠᠤᠯᠢ ᠶᠢᠨ ᠬᠦᠮᠦᠨ ᠳᠤ ᠬᠦᠮᠦᠨ ᠤ ᠠᠮᠢᠳᠤᠷᠠᠯ ᠤᠨ ︽VIP︾ | ᠤᠯᠭᠤᠮᠵᠢ ᠶᠢ ᠦᠨᠡᠨᠬᠦ ᠬᠦᠷᠳᠡᠭᠡᠨ᠎ᠡ᠃ ᠡᠶᠢᠮᠤ ᠠᠴᠠ᠂ ᠤᠯᠠᠨ ᠳᠤ ᠬᠦᠰᠡᠬᠦ ᠨᠢ ᠦᠪᠡᠷ ᠤᠨ ᠢᠳᠡᠭᠡᠯ ᠬᠦᠨᠳᠤ ᠪᠠᠨ | ᠠᠩᠬᠠᠷᠴᠤ᠂ ᠦᠨᠡᠨᠴᠢ ᠢᠳᠡᠭᠡᠯ ᠢ ᠡᠷᠬᠢᠮᠯᠡᠳᠡᠭ ᠠᠵᠤ ᠠᠬᠤᠶᠢᠯᠠᠯ ᠪᠤᠶᠤ ᠬᠤᠪᠢ ᠬᠦᠮᠦᠨ ᠪᠤᠯᠬᠤ ᠭᠡᠷᠡᠭᠳᠡᠢ᠃ | ᠡᠷᠳᠡᠨ ᠤ ᠦᠬᠡᠨ ᠳᠤ ︽ᠭᠦᠳᠡᠯᠮᠦᠷᠢᠴᠢ ᠬᠦᠮᠦᠨ ᠢ ᠲᠡᠭᠷᠢ ᠠᠴᠠ ᠲᠡᠳᠬᠦᠳᠡᠭ︾ ᠭᠡᠳᠡᠭ᠂ ᠬᠤᠶᠢᠰᠢᠳᠡ ︽ | ᠬᠦᠳᠡᠯᠮᠦᠷᠢ ᠶᠢ ᠲᠡᠭᠡᠳᠦᠯᠡᠬᠦ︾ ᠮᠦᠷᠳᠡᠭᠡᠨ ᠪᠠᠰᠠ ︽ᠦᠨᠡᠨᠴᠢ ᠢᠳᠡᠭᠡᠯ︾ ᠢ ᠲᠡᠭᠡᠳᠦᠯᠡᠬᠦ ᠭᠡᠷᠡᠭᠳᠡᠢ᠃ | ᠬᠦᠳᠦᠯᠦᠭᠴᠢ᠄ ᠺᠧ ᠡᠷᠬᠢᠯᠡᠭᠴᠢ ᠡ᠂ ᠲᠠᠨ ᠤ ᠰᠠᠶ᠋ᠢ ᠶᠢᠨ ᠲᠠᠨᠢᠯᠴᠠᠭᠤᠯᠤᠭᠰᠠᠨ ᠪᠠᠶᠢᠳᠠᠯ ᠳᠤ ᠪᠢᠳᠡᠨ ᠤ | ᠤᠷᠮ᠎ᠠ ᠵᠤᠷᠢᠭ ᠶᠡᠬᠡᠪᠡᠷ ᠬᠦᠭᠵᠢᠵᠤ ᠪᠠᠶᠢᠨ᠎ᠠ᠂ ︽ᠢᠳᠡᠭᠡᠮᠵᠢᠳᠤ ᠦᠪᠦᠷ ᠮᠤᠩᠭᠤᠯ︾ ᠤᠨ ᠪᠠᠶᠢᠭᠤᠯᠤᠯᠳᠠ ᠶᠢᠨ | ᠬᠠᠷᠠᠯᠳᠠ ᠲᠦᠳᠡᠯ ᠦᠬᠡᠢ ᠪᠡᠶᠡᠯᠡᠭᠳᠡᠬᠦ ᠪᠠᠶᠢᠬ᠎ᠠ᠂ ᠲᠡᠭᠡᠪᠡᠯ ᠲᠠᠷᠠᠭᠠᠴᠢ ᠶᠢᠨ ᠠᠯᠬᠤᠮ ᠳᠤ ᠠᠯᠢ ᠭᠡᠳᠦᠨ ᠲᠠᠯ᠎ᠠ ᠪᠠᠷ | ᠠᠵᠢᠯ ᠢᠶᠠᠨ ᠦᠷᠨᠢᠬᠦᠯᠬᠦ ᠭᠡᠵᠤ ᠪᠠᠶᠢᠨ᠎ᠠ ᠪᠤᠢ︖ | ᠺᠧ ᠡᠷᠬᠢᠯᠡᠭᠴᠢ᠄ ᠭᠦᠳᠦᠯᠦᠭᠴᠢ ᠶᠢᠨ ᠰᠠᠶᠢᠨ ᠰᠠᠶᠢᠬᠠᠨ ᠵᠦᠩᠨᠡᠯ ᠳᠤ ᠪᠠᠶᠠᠷᠯᠠᠯ᠎ᠠ᠂ ︽ᠢᠳᠡᠭᠡᠮᠵᠢᠳᠤ | ᠦᠪᠦᠷ ᠮᠤᠩᠭᠤᠯ︾ ᠤᠨ ᠪᠠᠶᠢᠭᠤᠯᠤᠯᠳᠠ ᠪᠤᠯ ᠪᠢᠳᠡᠨ ᠪᠦᠬᠦᠨ ᠤ ᠬᠠᠮᠳᠤ ᠶᠢᠨ ᠭᠦᠰᠡᠯ ᠡᠷᠡᠮᠡᠯᠵᠢᠯᠡᠯ ᠮᠦᠨ᠂ | ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠪᠤᠯᠤᠭᠰᠠᠨ ᠤ ᠬᠤᠪᠢ ᠳᠤ ᠪᠢᠳᠡ ᠡᠯ᠎ᠡ ᠰᠠᠯᠠᠭ᠎ᠠ ᠮᠦᠴᠢᠷ ᠯᠦᠭᠡ | ᠠᠵᠢᠯ ᠤᠨ ᠬᠠᠮᠳᠤᠷᠠᠯᠴᠠᠭ᠎ᠠ ᠪᠠᠶᠢᠭᠤᠯᠵᠤ᠂ ᠡᠯ᠎ᠡ ᠲᠦᠷᠦᠯ ᠤᠨ ᠠᠵᠢᠯ ᠢ ᠦᠷᠬᠦᠯᠵᠢᠯᠡᠨ ᠯᠠᠪᠳᠠᠭᠤᠨ ᠪᠠᠳᠤᠳᠠᠢ | ᠠᠬᠢᠭᠤᠯᠤᠨ᠎ᠠ᠃ ᠤᠶᠢᠷ᠎ᠠ ᠶᠢᠨ ᠬᠤᠭᠤᠴᠠᠭᠠᠨ ᠳᠤ ᠲᠤᠤᠷᠠᠬᠢ ᠭᠡᠳᠦᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ | ᠬᠢᠬᠦ ᠪᠠᠷ ᠪᠠᠶᠢᠨ᠎ᠠ᠄ | 1᠂ ᠢᠳᠡᠭᠡᠮᠵᠢ ᠶᠢᠨ ᠬᠠᠤᠯᠢ ᠲᠦᠷᠢᠮ ᠢ ᠦᠷᠬᠦᠯᠵᠢᠯᠡᠨ ᠲᠡᠬᠦᠯᠳᠡᠷᠵᠢᠬᠦᠯᠦᠨ᠎ᠡ᠃ ᠪᠢᠳᠡ ᠡᠯ᠎ᠡ ᠰᠠᠯᠠᠭ᠎ᠠ | ᠮᠦᠴᠢᠷ ᠲᠠᠢ ᠬᠠᠮᠳᠤᠷᠠᠵᠤ᠂ ᠤᠳᠤ ᠶᠢᠨ ᠪᠠᠶᠢᠭ᠎ᠠ ᠬᠠᠤᠯᠢ ᠲᠦᠷᠢᠮ ᠤᠨ ᠰᠠᠭᠤᠷᠢᠨ ᠲᠡᠭᠡᠷ᠎ᠡ ᠮᠠᠨ ᠤ ᠤᠷᠤᠨ ᠤ | ᠢᠳᠡᠭᠡᠮᠵᠢ ᠶᠢᠨ ᠬᠠᠤᠯᠢ ᠲᠦᠷᠢᠮ ᠤᠨ ᠪᠠᠶᠢᠭᠤᠯᠤᠯᠳᠠ ᠶᠢ ᠲᠦᠷᠭᠡᠳᠬᠡᠨ ᠠᠬᠢᠭᠤᠯᠵᠤ᠂ ᠮᠡᠳᠡᠭᠡ ᠵᠠᠩᠬᠢ ᠶᠢᠨ ᠠᠮᠤᠷ | ᠲᠦᠪᠰᠢᠨ ᠢ ᠪᠠᠳᠤᠯᠠᠬᠤ ᠪᠠ ᠢᠳᠡᠭᠡᠮᠵᠢ ᠶᠢᠨ ᠭᠤᠤᠯ ᠴᠤᠭᠴᠠ ᠶᠢᠨ ᠡᠷᠭᠡ ᠠᠰᠢᠭ ᠢ ᠬᠠᠮᠠᠭᠠᠯᠠᠭᠰᠠᠨ ᠰᠠᠭᠤᠷᠢᠨ | ᠲᠡᠭᠡᠷ᠎ᠡ᠂ ᠢᠳᠡᠭᠡᠮᠵᠢ ᠶᠢᠨ ᠮᠡᠳᠡᠭᠡ ᠵᠠᠩᠬᠢ ᠶᠢ ᠬᠤᠷᠢᠶᠠᠨ ᠴᠤᠭᠯᠠᠭᠤᠯᠬᠤ᠂ ᠬᠠᠮᠳᠤᠪᠡᠷ ᠡᠳ᠋ᠯᠡᠬᠦ ᠪᠠ ᠬᠠᠮᠢᠶᠠᠷᠬᠤ ᠶᠢ | ᠵᠢᠷᠤᠮᠯᠠᠬᠤ ᠬᠠᠤᠯᠢ ᠲᠠᠢ ᠪᠤᠯᠭᠠᠨ᠎ᠠ᠃ ᠡᠭᠦᠨ ᠤ ᠬᠠᠮᠳᠤ᠂ ᠤᠯᠤᠰ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ | ᠲᠤᠭᠳᠠᠭᠠᠯ ᠶᠤᠰᠤᠭᠠᠷ᠂ ᠮᠠᠨ ᠤ ᠤᠷᠤᠨ ᠤ ᠪᠤᠳᠠᠳᠠᠢ ᠲᠠᠢ ᠤᠶᠠᠯᠳᠤᠭᠤᠯᠵᠤ᠂ ᠢᠳᠡᠭᠡᠮᠵᠢ ᠶᠢ ᠦᠨᠡᠯᠡᠬᠦ᠂ | ᠢᠳᠡᠭᠡᠮᠵᠢ ᠶᠢᠨ ᠪᠦᠳᠦᠭᠡᠭᠳᠡᠭᠦᠨ ᠢ ᠭᠡᠷᠡᠭᠯᠡᠬᠦ᠂ ᠢᠳᠡᠭᠡᠮᠵᠢ ᠶᠢᠨ ᠵᠠᠭᠤᠴᠢ ᠪᠠᠶᠢᠭᠤᠯᠤᠮᠵᠢ ᠪᠤᠯᠤᠨ ᠲᠤᠬᠠᠶᠢᠯᠠᠭᠰᠠᠨ | ᠠᠵᠢᠯ ᠡᠷᠬᠢᠯᠡᠵᠤ ᠪᠠᠶᠢᠭ᠎ᠠ ᠠᠵᠢᠯᠳᠠᠨ ᠤ ᠬᠠᠮᠢᠶᠠᠷᠤᠯᠳᠠ ᠵᠡᠷᠭᠡ ᠲᠠᠯ᠎ᠠ ᠪᠠᠷ ᠬᠠᠮᠢᠶ᠎ᠠ ᠪᠦᠬᠦᠢ ᠲᠦᠷᠢᠮ ᠲᠤᠭᠳᠠᠭᠠᠯ ᠢ | ᠲᠡᠬᠦᠯᠳᠡᠷᠵᠢᠬᠦᠯᠬᠦ ᠶᠢ ᠲᠦᠷᠭᠡᠳᠭᠡᠨ᠂ ᠨᠡᠶᠢᠭᠡᠮ ᠤᠨ ᠡᠯ᠎ᠡ ᠵᠦᠢᠯ ᠤᠨ ᠠᠵᠢᠯᠯᠠᠭ᠎ᠠ ᠳᠤ ᠬᠠᠤᠯᠢ ᠶᠢᠨ ᠪᠠᠳᠤᠯᠠᠭ᠎ᠠ | ᠬᠠᠩᠭᠠᠨ᠎ᠠ᠃ | ᠺᠧ ᠡᠷᠬᠢᠯᠡᠭᠴᠢ᠄ | 2᠂ ᠪᠠᠶᠢᠭᠤᠯᠤᠮᠵᠢ ᠶᠢᠨ ᠡᠩᠨᠡᠭᠡᠨ ᠤ ᠪᠠᠶᠢᠭᠤᠯᠤᠯᠳᠠ ᠶᠢ ᠴᠢᠩᠭᠠᠳᠬᠠᠨ᠎ᠠ᠃ ᠨᠡᠶᠢᠭᠡᠮ ᠤᠨ ᠢᠳᠡᠭᠡᠮᠵᠢ ᠶᠢᠨ | ᠰᠢᠰᠲ᠋ᠧᠮᠵᠢ ᠶᠢᠨ ᠪᠠᠶᠢᠭᠤᠯᠤᠯᠳᠠ ᠨᠢ ᠪᠦᠬᠦ ᠨᠡᠶᠢᠭᠡᠮ ᠤᠨ ᠡᠯ᠎ᠡ ᠠᠵᠢᠯ ᠲᠦᠷᠦᠯ ᠳᠤ ᠬᠤᠯᠪᠤᠭᠳᠠᠨ᠎ᠠ᠂ ᠤᠳᠤᠬᠠᠨ | ᠳᠤ᠂ ᠮᠠᠨ ᠤ ᠤᠷᠤᠨ ᠤ ᠨᠡᠶᠢᠭᠡᠮ ᠤᠨ ᠢᠳᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠳᠠ ᠨᠢ ᠡᠬᠢᠯᠡᠯᠳᠡ ᠶᠢᠨ | ᠱᠠᠳᠤᠨ ᠳᠠᠭᠠᠨ ᠪᠠᠶᠢᠵᠤ᠂ ᠠᠵᠢᠯ ᠤᠨ ᠭᠦᠴᠦᠯᠡᠴᠡ ᠮᠦᠨ ᠪᠠᠭᠤᠷᠠᠢ ᠪᠠᠶᠢᠨ᠎ᠠ᠂ ᠲᠤᠰᠬᠠᠶᠢᠵᠢᠭᠰᠠᠨ᠂ ᠰᠢᠷᠭᠠᠭᠠᠤ | ᠠᠵᠢᠯᠯᠠᠭᠴᠢ ᠶᠢᠨ ᠲᠤᠬᠠᠶᠢᠯᠠᠭᠰᠠᠨ ᠠᠵᠢᠯ ᠤᠨ ᠡᠩᠨᠡᠭᠡ ᠲᠠᠢ ᠪᠠᠶᠢᠬᠤ ᠪᠤᠯ ᠦᠪᠡᠷᠳᠡᠭᠡᠨ ᠵᠠᠰᠠᠬᠤ ᠤᠷᠤᠨ ᠤ | ᠨᠡᠶᠢᠭᠡᠮ ᠤᠨ ᠢᠳᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠳᠠ ᠶᠢᠨ ᠴᠢᠬᠤᠯᠠ ᠵᠤᠬᠢᠶᠠᠨ ᠪᠠᠶᠢᠭᠤᠯᠤᠯᠳᠠ ᠶᠢᠨ | ᠪᠠᠳᠤᠯᠠᠭ᠎ᠠ ᠮᠦᠨ᠃ ᠡᠶᠢᠮᠤ ᠠᠴᠠ᠂ ᠲᠠᠷᠠᠭᠠᠴᠢ ᠶᠢᠨ ᠠᠯᠬᠤᠮ ᠳᠤ ᠪᠢᠳᠡ ᠤᠯᠠᠨ ᠨᠡᠶᠢᠳᠡ ᠶᠢᠨ ᠮᠡᠳᠡᠭᠡ ᠵᠠᠩᠬᠢ ᠶᠢ | ᠴᠤᠭᠯᠠᠭᠤᠯᠬᠤ ᠪᠠᠶᠢᠭᠤᠯᠤᠮᠵᠢ ᠪᠠᠷ ᠤᠳᠤᠷᠢᠳᠤᠮᠵᠢ ᠪᠤᠯᠭᠠᠭᠰᠠᠨ᠂ ᠰᠠᠯᠠᠭ᠎ᠠ ᠮᠦᠴᠢᠷ ᠤᠨ ᠮᠡᠳᠡᠭᠡ ᠵᠠᠩᠬᠢ ᠶᠢ | ᠴᠤᠭᠯᠠᠭᠤᠯᠬᠤ ᠪᠠᠶᠢᠭᠤᠯᠤᠮᠵᠢ ᠪᠠᠷ ᠲᠦᠰᠢᠭ ᠪᠤᠯᠭᠠᠭᠰᠠᠨ᠂ ᠨᠡᠶᠢᠭᠡᠮ ᠤᠨ ᠮᠡᠳᠡᠭᠡ ᠵᠠᠩᠬᠢ ᠶᠢ ᠴᠤᠭᠯᠠᠭᠤᠯᠬᠤ | ᠪᠠᠶᠢᠭᠤᠯᠤᠮᠵᠢ ᠪᠠᠷ ᠨᠦᠬᠦᠪᠦᠷᠢ ᠪᠤᠯᠭᠠᠭᠰᠠᠨ ᠨᠡᠶᠢᠭᠡᠮ ᠤᠨ ᠢᠳᠡᠭᠡᠮᠵᠢ ᠶᠢᠨ ᠪᠠᠶᠢᠭᠤᠯᠤᠯᠳᠠ ᠶᠢᠨ ᠵᠤᠬᠢᠶᠠᠨ | ᠪᠠᠶᠢᠭᠤᠯᠤᠯᠳᠠ ᠶᠢᠨ ᠰᠢᠰᠲ᠋ᠧᠮᠵᠢ ᠶᠢ ᠭᠦᠴᠦᠯᠡᠨ ᠪᠠᠶᠢᠭᠤᠯᠵᠤ᠂ ᠵᠠᠰᠠᠭ ᠤᠨ ᠤᠷᠳᠤᠨ ᠤᠳᠤᠷᠢᠳᠴᠤ᠂ ᠨᠡᠶᠢᠭᠡᠮ | ᠨᠡᠶᠢᠳᠡ ᠬᠠᠮᠳᠤᠪᠠᠷ ᠪᠠᠶᠢᠭᠤᠯᠬᠤ ᠭᠦᠭᠵᠢᠯᠳᠡ ᠶᠢᠨ ᠪᠠᠶᠢᠳᠠᠯ ᠢ ᠪᠤᠢ ᠪᠤᠯᠭᠠᠨ᠎ᠠ᠃ | 3᠂ ᠦᠪᠡᠷᠳᠡᠭᠡᠨ ᠵᠠᠰᠠᠬᠤ ᠤᠷᠤᠨ ᠤ ᠨᠡᠶᠢᠭᠡᠮ ᠤᠨ ᠢᠳᠡᠭᠡᠮᠵᠢ ᠶᠢᠨ ᠮᠡᠳᠡᠭᠡ ᠵᠠᠩᠬᠢ ᠶᠢᠨ ᠲᠠᠪᠴᠠᠩ ᠤᠨ | ᠴᠢᠳᠠᠮᠵᠢ ᠶᠢ ᠲᠡᠰ ᠲᠡᠪᠰᠢᠬᠦᠯᠦᠨ ᠲᠡᠬᠦᠯᠳᠡᠷᠵᠢᠬᠦᠯᠦᠨ᠎ᠡ᠃ ᠤᠳᠤᠬᠠᠨ ᠳᠤ᠂ ᠦᠪᠡᠷᠳᠡᠭᠡᠨ ᠵᠠᠰᠠᠬᠤ ᠤᠷᠤᠨ ᠤ | ᠨᠡᠶᠢᠭᠡᠮ ᠤᠨ ᠢᠳᠡᠭᠡᠮᠵᠢ ᠶᠢᠨ ᠮᠡᠳᠡᠭᠡ ᠵᠠᠩᠬᠢ ᠶᠢᠨ ᠲᠠᠪᠴᠠᠩ ᠨᠢᠬᠡᠨᠳᠡ ᠮᠡᠳᠡᠭᠡ ᠵᠠᠩᠬᠢ ᠶᠢ ᠨᠡᠯᠢᠶᠡᠳ ᠰᠠᠶᠢᠨ | ᠬᠤᠷᠢᠶᠠᠨ ᠴᠤᠭᠯᠠᠭᠤᠯᠬᠤ ᠪᠠ ᠬᠠᠮᠢᠶᠠᠷᠬᠤ ᠴᠢᠳᠠᠪᠤᠷᠢ ᠶᠢ ᠪᠦᠷᠢᠯᠳᠦᠬᠦᠯᠪᠠ᠂ ᠲᠠᠷᠠᠭᠠᠴᠢ ᠶᠢᠨ ᠠᠯᠬᠤᠮ ᠳᠤ | ᠢᠳᠡᠭᠡᠮᠵᠢ ᠶᠢᠨ ᠮᠡᠳᠡᠭᠡ ᠵᠠᠩᠬᠢ ᠶᠢᠨ ᠦᠢᠯᠡᠴᠢᠯᠡᠭᠡ ᠪᠠ ᠭᠡᠷᠡᠭᠯᠡᠭᠡᠨ ᠤ ᠴᠢᠳᠠᠪᠤᠷᠢ ᠶᠢ ᠤᠯᠠᠮ ᠲᠡᠰ ᠲᠡᠪᠰᠢᠬᠦᠯᠵᠤ᠂ | ᠬᠤᠪᠢ ᠬᠦᠮᠦᠨ ᠪᠤᠯᠤᠨ ᠬᠠᠤᠯᠢ ᠶᠢᠨ ᠬᠦᠮᠦᠨ ᠵᠡᠷᠭᠡ ᠡᠯ᠎ᠡ ᠲᠦᠷᠦᠯ ᠤᠨ ᠢᠳᠡᠭᠡᠮᠵᠢ ᠶᠢᠨ ᠭᠤᠤᠯ ᠴᠤᠭᠴᠠ ᠳᠤ | ᠡᠷᠭᠡ ᠬᠦᠴᠦᠨ ᠪᠦᠬᠦᠢ ᠢᠳᠡᠭᠡᠮᠵᠢ ᠶᠢᠨ ᠭᠡᠷᠡᠭᠯᠡᠭᠡᠨ ᠤ ᠦᠢᠯᠡᠴᠢᠯᠡᠭᠡ ᠶᠢ ᠬᠠᠩᠭᠠᠬᠤ ᠶᠢᠨ ᠬᠠᠮᠳᠤ ᠦᠪᠡᠷᠳᠡᠭᠡᠨ | ᠵᠠᠰᠠᠬᠤ ᠤᠷᠤᠨ ᠤ ᠨᠡᠶᠢᠭᠡᠮ ᠤᠨ ᠢᠳᠡᠭᠡᠮᠵᠢ ᠶᠢᠨ ᠮᠡᠳᠡᠭᠡ ᠵᠠᠩᠬᠢ ᠤᠨ ᠲᠠᠪᠴᠠᠩ ᠤᠨ ᠨᠡᠪᠳᠡᠷᠡᠬᠦ ᠴᠢᠳᠠᠪᠤᠷᠢ ᠶᠢ | ᠦᠷᠭᠡᠳᠭᠡᠵᠤ᠂ ︽ᠢᠳᠡᠭᠡᠮᠵᠢᠳᠤ ᠲᠤᠮᠳᠠᠳᠤ ᠤᠯᠤᠰ︾ ᠰᠦᠯᠵᠢᠶ᠎ᠡ ᠪᠤᠯᠤᠨ ᠪᠦᠬᠦ ᠤᠯᠤᠰ ᠤᠨ ᠡᠯ᠎ᠡ ᠮᠤᠵᠢ | ᠬᠤᠳᠠ ᠶᠢᠨ ᠢᠳᠡᠭᠡᠮᠵᠢ ᠶᠢᠨ ᠰᠢᠰᠲ᠋ᠧᠮᠵᠢ ᠲᠠᠢ ᠵᠤᠯᠭᠠᠭᠤᠯᠬᠤ ᠶᠢ ᠪᠡᠶᠡᠯᠡᠬᠦᠯᠵᠤ᠂ ᠪᠦᠬᠦ ᠤᠯᠤᠰ ᠤᠨ ᠢᠳᠡᠭᠡᠮᠵᠢ | ᠶᠢᠨ ᠬᠢᠨᠠᠨ ᠬᠠᠮᠢᠶᠠᠷᠤᠯᠳᠠ ᠶᠢ ᠪᠦᠷᠬᠦᠭᠰᠡᠨ ︽ᠲᠤᠤᠷ ᠰᠦᠯᠵᠢᠶ᠎ᠡ︾ ᠶᠢ ᠪᠤᠢ ᠪᠤᠯᠭᠠᠨ᠎ᠠ᠃ | ᠺᠧ ᠡᠷᠬᠢᠯᠡᠭᠴᠢ᠄ | 4᠂ ᠢᠳᠡᠭᠡᠮᠵᠢ ᠶᠢᠨ ᠬᠠᠮᠳᠤᠷᠠᠭᠰᠠᠨ ᠱᠠᠩᠨᠠᠨ ᠲᠤᠷᠭᠠᠬᠤ ᠠᠵᠢᠯ ᠢ ᠬᠦᠨᠵᠡᠬᠡᠢ ᠦᠷᠨᠢᠬᠦᠯᠤᠨ᠎ᠡ᠃ ᠤᠳᠤᠬᠠᠨ | ᠳᠤ ᠦᠷᠨᠢᠬᠦᠯᠵᠤ ᠪᠠᠶᠢᠭ᠎ᠠ ᠢᠳᠡᠭᠡᠮᠵᠢ ᠶᠢᠨ ᠬᠠᠮᠳᠤᠷᠠᠭᠰᠠᠨ ᠰᠢᠳᠭᠡᠨ ᠵᠠᠯᠬᠠᠭᠠᠬᠤ ᠠᠵᠢᠯ ᠨᠢ ᠲᠤᠷᠰᠢᠯᠳᠠ ᠶᠢᠨ | ᠱᠠᠳᠤᠨ ᠳᠠᠭᠠᠨ ᠪᠠᠶᠢᠬᠤ ᠲᠤᠯᠠ ᠡᠯ᠎ᠡ ᠰᠠᠯᠠᠭ᠎ᠠ ᠮᠦᠴᠢᠷ ᠦᠵᠡᠯ ᠰᠠᠨᠠᠭ᠎ᠠ ᠪᠠᠨ ᠤᠯᠠᠮ ᠨᠢᠬᠡ ᠠᠯᠬᠤᠮ ᠴᠢᠯᠦᠬᠡᠯᠡᠵᠤ᠂ | ᠡᠭᠦᠳᠦᠯᠳᠡ ᠶᠢᠨ ᠴᠢᠨᠠᠷᠳᠠᠢ ᠠᠵᠢᠯ ᠢᠶᠠᠨ ᠦᠷᠨᠢᠬᠦᠯᠬᠦ ᠴᠢᠬᠤᠯᠠᠳᠠᠢ ᠪᠠᠶᠢᠨ᠎ᠠ᠃ ᠲᠠᠷᠠᠭᠠᠴᠢ ᠶᠢᠨ ᠠᠯᠬᠤᠮ ᠳᠤ ᠪᠢᠳᠡ᠂ | ᠰᠠᠯᠠᠭ᠎ᠠ ᠮᠦᠴᠢᠷ ᠤᠨ ᠬᠠᠮᠳᠤᠷᠠᠯᠴᠠᠬᠤ ᠲᠤᠭᠳᠠᠴᠠ ᠶᠢ ᠤᠯᠠᠮ ᠨᠢᠬᠡ ᠠᠯᠬᠤᠮ ᠲᠡᠭᠦᠯᠳᠡᠷᠵᠢᠬᠦᠯᠵᠤ᠂ ᠮᠡᠳᠡᠭᠡ | ᠵᠠᠩᠬᠢ ᠶᠢᠨ ᠰᠢᠰᠲ᠋ᠧᠮᠵᠢ ᠶᠢ ᠵᠤᠯᠭᠠᠭᠤᠯᠬᠤ ᠪᠠ ᠲᠤᠬᠠᠶᠢᠯᠠᠭᠰᠠᠨ ᠠᠵᠢᠯ ᠳᠤ ᠬᠠᠮᠵᠢᠯᠴᠠᠨ ᠬᠢᠨᠠᠵᠤ ᠬᠠᠮᠢᠶᠠᠷᠬᠤ | ᠵᠡᠷᠭᠡ ᠠᠵᠢᠯ ᠢ ᠴᠢᠩᠭᠠᠳᠬᠠᠵᠤ᠂ ᠨᠡᠩ ᠪᠦᠷᠢᠨ ᠲᠡᠭᠦᠯᠳᠡᠷᠵᠢᠭᠰᠡᠨ ︽ᠢᠳᠡᠭᠡᠯ ᠢ ᠡᠷᠬᠢᠮᠯᠡᠪᠡᠯ ᠤᠷᠮᠠᠰᠢᠭᠤᠯᠬᠤ︾ | ᠪᠠ ︽ᠢᠳᠡᠭᠡᠯ ᠠᠯᠳᠠᠪᠠᠯ ᠰᠢᠳᠭᠡᠨ ᠵᠠᠯᠬᠠᠭᠠᠬᠤ︾ ᠲᠦᠷᠢᠮ ᠢ ᠲᠤᠭᠳᠠᠭᠠᠵᠤ᠂ ︽ᠢᠳᠡᠭᠡᠮᠵᠢᠳᠤ ᠦᠪᠦᠷ ᠮᠤᠩᠭᠤᠯ︾ | ᠤᠨ ᠪᠠᠶᠢᠭᠤᠯᠤᠯᠳᠠ ᠶᠢ ᠪᠦᠬᠦ ᠭᠦᠴᠦᠨ ᠢᠶᠠᠷ ᠢᠶᠠᠨ ᠲᠦᠯᠬᠢᠨ ᠠᠬᠢᠭᠤᠯᠤᠨ᠎ᠡ᠃ | ᠭᠦᠳᠦᠯᠦᠭᠴᠢ᠄ ᠵᠠ ᠰᠠᠶᠢᠨ ᠪᠤᠯᠤᠯ᠎ᠠ᠂ ᠺᠧ ᠡᠷᠬᠢᠯᠡᠭᠴᠢ ᠶᠢᠨ ᠬᠠᠯᠠᠰᠢᠷᠠᠯ ᠦᠬᠡᠢ ᠲᠠᠶᠢᠯᠪᠤᠷᠢᠯᠠᠭᠰᠠᠨ ᠳᠤ | ᠲᠠᠯᠠᠷᠬᠠᠵᠤ ᠪᠠᠶᠢᠨ᠎ᠠ᠂ ᠮᠦᠨᠴᠤ ᠦᠷᠭᠡᠨ ᠤᠯᠠᠨ ᠰᠦᠯᠵᠢᠶᠡᠨ ᠠᠨᠳᠠ ᠨᠠᠷ ᠤᠨ ᠤᠷᠤᠯᠴᠠᠭᠰᠠᠨ ᠳᠤ ᠲᠠᠯᠠᠷᠬᠠᠵᠤ | ᠪᠠᠶᠢᠨ᠎ᠠ᠂ ᠲᠤᠰ ᠤᠳᠠᠭᠠᠨ ᠤ ᠰᠤᠷᠪᠤᠯᠵᠢᠯᠠᠭ᠎ᠠ ᠠᠳᠡ ᠭᠦᠷᠦᠭᠡᠳ ᠦᠨᠳᠦᠷᠯᠡᠬᠦ ᠪᠤᠯᠤᠯ᠎ᠠ᠂ ᠲᠠᠷᠠᠭᠠᠴᠢ ᠶᠢᠨ | ᠫᠷᠦᠭᠷᠡᠮ ᠳᠤ ᠪᠠᠶᠠᠷᠳᠠᠢ ᠵᠤᠯᠭᠠᠶ᠎ᠠ︕ | | |