ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠣᠶᠢᠷ᠎ᠠ ᠳᠤ ︽ᠰᠢᠯᠢ ᠶᠢᠨ ᠭᠤᠣᠯ | ᠠᠶᠢᠮᠠᠭ — ᠵᠢᠶᠠᠩᠰᠦ ᠮᠤᠵᠢ ᠶᠢᠨ ᠳᠠᠶᠢᠵᠸᠤ︾ ᠶᠢᠨ ᠣᠨᠴᠠ ᠥᠨᠳᠥᠷ ᠬᠦᠴᠦᠳᠡᠯᠲᠦ ᠲᠣᠭᠲᠠᠮᠠᠯ ᠭᠥᠶᠥᠳᠡᠯᠳᠦ | ᠴᠠᠬᠢᠯᠭᠠᠨ ᠬᠦᠷᠭᠡᠬᠦ ᠢᠨᠵᠧᠨᠧᠷᠢᠩ ᠤᠨ ᠪᠦᠳᠤᠭᠡᠨ ᠪᠠᠶᠢᠭᠤᠯᠤᠯᠲᠠ ᠶᠢᠨ ᠲᠥᠰᠦᠯ ᠢ ᠬᠢᠨᠠᠨ ᠵᠦᠪᠰᠢᠶᠡᠷᠡᠪᠡ᠃ ᠡᠨᠡ | ᠨᠢ ᠤᠯᠤᠰ ᠤᠨ ᠳᠤᠲᠤᠭᠠᠲᠤ ᠶᠢᠨ ᠣᠨᠴᠠ ᠥᠨᠳᠥᠷ ᠬᠦᠴᠦᠳᠡᠯᠲᠦ ᠲᠣᠭᠲᠠᠮᠠᠯ ᠭᠥᠶᠥᠳᠡᠯᠳᠦ ᠴᠠᠬᠢᠯᠭᠠᠨ ᠬᠦᠷᠭᠡᠬᠦ | ᠢᠨᠵᠧᠨᠧᠷᠢᠩ ᠤᠨ ᠳᠣᠲᠣᠷᠠᠬᠢ ᠴᠠᠬᠢᠯᠭᠠᠨ ᠬᠦᠷᠭᠡᠬᠦ ᠪᠠᠭᠲᠠᠭᠠᠮᠵᠢ ᠪᠠᠷ ᠬᠠᠮᠤᠭ ᠤᠨ ᠶᠡᠭᠡ ᠵᠠᠮ ᠱᠤᠭᠤᠮ ᠪᠤᠯᠬᠤ | ᠪᠦᠭᠡᠳ ᠪᠠᠷᠢᠵᠤ ᠳᠠᠭᠤᠰᠤᠭᠰᠠᠨ ᠤ ᠲᠠᠷᠠᠭ᠎ᠠ ᠵᠢᠯ ᠪᠦᠷᠢ ᠵᠢᠶᠠᠩᠰᠦ ᠮᠤᠵᠢ ᠳᠤ 550 ᠳ᠋ᠦᠡᠭᠰᠢᠭᠤᠷ ᠺᠢᠯᠤᠸᠠᠲ | ᠴᠠᠭ ᠤᠨ ᠴᠠᠬᠢᠯᠭᠠᠨ ᠬᠦᠷᠭᠡᠵᠤ᠂ 2520 ᠲᠦᠮᠡᠨ ᠲᠣᠨ ᠨᠡᠭᠦᠷᠡᠰᠦ ᠲᠡᠭᠡᠭᠡᠪᠦᠷᠢᠯᠡᠭᠰᠡᠨ ᠲᠠᠢ ᠲᠡᠩᠴᠡᠵᠤ᠂ ᠬᠦᠬᠡ | ᠮᠦᠷᠡᠨ ᠤ ᠭᠤᠷᠪᠠᠯᠵᠢᠨ ᠬᠤᠶᠢᠭ ᠤᠨ ᠭᠠᠵᠠᠷ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠶᠢ | ᠠᠬᠢᠭᠤᠯᠬᠤ ᠪᠤᠯᠤᠨ᠎ᠠ᠃ ︽ᠰᠢᠯᠢ ᠶᠢᠨ ᠭᠤᠣᠯ ᠠᠶᠢᠮᠠᠭ — ᠵᠢᠶᠠᠩᠰᠦ ᠮᠤᠵᠢ ᠶᠢᠨ ᠳᠠᠶᠢᠵᠸᠤ︾ ᠶᠢᠨ ᠣᠨᠴᠠ | ᠥᠨᠳᠥᠷ ᠬᠦᠴᠦᠳᠡᠯᠲᠦ ᠲᠣᠭᠲᠠᠮᠠᠯ ᠭᠥᠶᠥᠳᠡᠯᠳᠦ ᠴᠠᠬᠢᠯᠭᠠᠨ ᠬᠦᠷᠭᠡᠬᠦ ᠢᠨᠵᠧᠨᠧᠷᠢᠩ ᠤᠨ ᠪᠦᠬᠦ ᠣᠷᠳᠣ ᠨᠢ ᠪᠠᠷᠤᠭ | 1619 ᠺᠢᠯᠣᠮᠧᠲᠷ ᠪᠠᠶᠢᠵᠤ᠂ ᠤᠯᠤᠰ ᠤᠨ ᠲᠦᠯᠦᠪᠵᠢᠬᠦᠯᠦᠭᠰᠡᠨ ᠥᠪᠥᠷ ᠮᠣᠩᠭᠤᠯ ᠢᠶᠠᠷ ᠡᠬᠢᠯᠡᠯᠲᠡ ᠶᠢᠨ ᠴᠢᠭ᠋ | ᠪᠤᠯᠭᠠᠭᠰᠠᠨ 4 ᠵᠤᠷᠪᠤᠰ ᠣᠨᠴᠠ ᠥᠨᠳᠥᠷ ᠬᠦᠴᠦᠳᠡᠯᠲᠦ ᠴᠠᠬᠢᠯᠭᠠᠨ ᠬᠦᠷᠭᠡᠬᠦ ᠨᠡᠪᠳᠡᠷᠡᠯ ᠵᠠᠮ ᠤᠨ ᠳᠣᠲᠣᠷᠠᠬᠢ | ᠬᠠᠮᠤᠭ ᠤᠨ ᠤᠷᠲᠤ ᠵᠠᠮ ᠱᠤᠭᠤᠮ ᠪᠣᠯᠤᠨ᠎ᠠ᠃ ᠲᠤᠰ ᠢᠨᠵᠧᠨᠧᠷᠢᠩ ᠨᠢ ᠪᠠᠰᠠ ᠠᠩᠬ᠎ᠠ ᠤᠳᠠᠭ᠎ᠠ± 800 | ᠺᠢᠯᠤᠸᠤᠯᠲ ᠤᠨ ᠲᠣᠭᠲᠠᠮᠠᠯ ᠭᠥᠶᠥᠳᠡᠯᠳᠦ ᠴᠠᠬᠢᠯᠭᠠᠨ ᠬᠦᠷᠭᠡᠬᠦ ᠪᠠᠭᠲᠠᠭᠠᠮᠵᠢ ᠶᠢ 800 ᠲᠦᠮᠡᠨ ᠺᠢᠯᠣᠸᠠᠲ | ᠪᠠᠶᠢᠭᠰᠠᠨ ᠠᠴᠠ ᠨᠢ 1000 ᠲᠦᠮᠡᠨ ᠺᠢᠯᠣᠸᠠᠲ ᠪᠤᠯᠭᠠᠨ ᠳᠡᠭᠡᠭᠰᠢᠯᠡᠭᠦᠯᠪᠡ᠃ ︽ᠰᠢᠯᠢ ᠶᠢᠨ ᠭᠤᠣᠯ ᠠᠶᠢᠮᠠᠭ — | ᠵᠢᠶᠠᠩᠰᠦ ᠮᠤᠵᠢ ᠶᠢᠨ ᠳᠠᠶᠢᠵᠸᠤ︾ ᠶᠢᠨ ᠣᠨᠴᠠ ᠥᠨᠳᠥᠷ ᠬᠦᠴᠦᠳᠡᠯᠲᠦ ᠲᠣᠭᠲᠠᠮᠠᠯ ᠭᠥᠶᠥᠳᠡᠯᠳᠦ ᠴᠠᠬᠢᠯᠭᠠᠨ | ᠬᠦᠷᠭᠡᠬᠦ ᠢᠨᠵᠧᠨᠧᠷᠢᠩ ᠨᠢ ᠦᠵᠦᠭᠦᠷ ᠬᠦᠯᠢᠶᠡᠨ ᠠᠪᠤᠭᠴᠢ ᠬᠦᠶᠦᠳᠡᠯ ᠰᠣᠯᠢᠭᠤᠷ ᠤᠨ ᠥᠷᠲᠡᠭᠡ ᠳᠤ | 500/1000 ᠺᠢᠯᠤᠸᠤᠯᠲ ᠤᠨ ᠬᠤᠪᠢᠰᠤᠮᠠᠯ ᠬᠦᠶᠦᠳᠡᠯᠲᠦ ᠴᠠᠬᠢᠯᠭᠠᠨ ᠲᠣᠣᠷ ᠤᠨ ᠰᠢᠨ᠎ᠡ ᠮᠡᠷᠭᠡᠵᠢᠯ ᠢ | ᠬᠡᠷᠡᠭᠯᠡᠵᠤ᠂ ᠣᠨᠴᠠ ᠥᠨᠳᠥᠷ ᠬᠦᠴᠦᠳᠡᠯᠲᠦ ᠴᠠᠬᠢᠯᠭᠠᠨ ᠬᠦᠷᠭᠡᠬᠦ ᠦᠷ᠎ᠡ ᠪᠦᠲᠦᠮᠵᠢ ᠶᠢ 25 % ᠪᠠᠷ ᠰᠢᠭᠤᠳ | ᠳᠡᠭᠡᠭᠰᠢᠯᠡᠭᠦᠯᠵᠦ᠂ ᠬᠤᠪᠣᠷ ᠴᠤᠬᠠᠭ ᠭᠠᠵᠠᠷ ᠰᠢᠷᠣᠶ ᠪᠤᠯᠤᠨ ᠬᠤᠩᠭᠢᠯ ᠤᠨ ᠡᠬᠢ ᠪᠠᠶᠠᠯᠢᠭ ᠢ ᠠᠷᠪᠢᠯᠠᠨ᠂ ᠠᠵᠤ | ᠠᠬᠤᠶ ᠪᠤᠯᠤᠨ ᠨᠡᠶᠢᠭᠡᠮ ᠤᠨ ᠦᠷ᠎ᠡ ᠠᠰᠢᠭ ᠢ ᠢᠯᠡᠳᠲᠡ ᠳᠡᠭᠡᠭᠰᠢᠯᠡᠭᠦᠯᠬᠦ ᠪᠤᠯᠤᠨ᠎ᠠ᠃ | 2013 ᠣᠨ ᠳᠤ᠂ ᠪᠡᠭᠡᠵᠢᠩ ᠲᠢᠶᠠᠨᠵᠢᠨ ᠡᠾᠧᠪᠸᠢ ᠵᠡᠷᠭᠡ ᠭᠠᠵᠠᠷ ᠣᠷᠣᠨ ᠤ ᠠᠭᠠᠷ ᠮᠠᠨᠳᠠᠯ ᠤᠨ | ᠪᠣᠬᠢᠷᠲᠤᠯ ᠢ ᠶᠡᠷᠦᠩᠬᠡᠶᠢᠯᠡᠨ ᠵᠠᠰᠠᠬᠤ ᠶᠢ ᠲᠦᠷᠭᠡᠳᠬᠡᠬᠦ ᠶᠢᠨ ᠲᠤᠯᠠᠳᠠ᠂ ᠤᠯᠤᠰ ᠤᠨ ᠡ᠊ᠨᠧᠷᠭᠢ ᠶᠢᠨ ᠰᠤᠷᠪᠤᠯᠵᠢ ᠶᠢᠨ | ᠲᠣᠪᠴᠢᠶ᠎ᠠ 12 ᠵᠤᠷᠪᠤᠰ ᠭᠤᠣᠯᠳᠠᠯᠭ᠎ᠠ ᠲᠠᠢ ᠴᠠᠬᠢᠯᠭᠠᠨ ᠬᠦᠷᠭᠡᠬᠦ ᠨᠡᠪᠳᠡᠷᠡᠯ ᠵᠠᠮ ᠤᠨ ᠬᠡᠷᠡᠭᠵᠢᠭᠦᠯᠬᠦ ᠲᠥᠰᠦᠯ ᠢ | ᠳᠤᠷᠠᠳᠤᠨ ᠭᠠᠷᠭᠠᠭᠰᠠᠨ ᠪᠠᠶᠢᠨ᠎ᠠ᠂ ᠡᠭᠦᠨ ᠳᠤ 4 ᠵᠤᠷᠪᠤᠰ ᠢ ᠨᠢ ᠥᠪᠥᠷ ᠮᠣᠩᠭᠤᠯ ᠤᠨ ᠳᠤᠮᠳᠠ ᠬᠡᠰᠡᠭ ᠪᠠ | ᠪᠠᠷᠠᠭᠤᠨ ᠬᠡᠰᠡᠭ ᠢᠶᠠᠷ ᠡᠬᠢᠯᠡᠯᠲᠡ ᠶᠢᠨ ᠴᠢᠭ᠋ ᠪᠤᠯᠭᠠᠭᠰᠠᠨ ᠣᠨᠴᠠ ᠥᠨᠳᠥᠷ ᠬᠦᠴᠦᠳᠡᠯᠲᠦ ᠴᠠᠬᠢᠯᠭᠠᠨ ᠬᠦᠷᠭᠡᠬᠦ | ᠨᠡᠪᠳᠡᠷᠡᠯ ᠵᠠᠮ ᠢᠶᠠᠷ ᠤᠯᠤᠰ ᠤᠨ ᠲᠥᠯᠥᠪᠵᠢᠭᠦᠯᠭᠡ ᠳᠤ ᠣᠷᠣᠭᠤᠯᠤᠭᠰᠠᠨ ᠪᠠᠶᠢᠨ᠎ᠠ᠃ ᠣᠳᠣᠬᠠᠨ ᠳᠤ ︽ᠰᠢᠯᠢᠨ | ᠭᠤᠣᠯ ᠠᠶᠢᠮᠠᠭ - ᠱᠠᠨᠳᠦ᠋ᠡᠭ︾᠂ ᠥᠪᠥᠷ ᠮᠣᠩᠭᠤᠯ ᠤᠨ ᠪᠠᠷᠠᠭᠤᠨ ᠬᠡᠰᠡᠭ - ᠲᠢᠶᠠᠨᠵᠢᠨ ᠤ ᠡᠮᠦᠨᠡᠲᠦ ᠶᠢᠨ ᠬᠤᠶᠠᠷ | ᠵᠤᠷᠪᠤᠰ ᠣᠨᠴᠠ ᠥᠨᠳᠥᠷ ᠬᠦᠴᠦᠳᠡᠯᠲᠦ ᠬᠤᠪᠢᠰᠤᠮᠠᠯ ᠬᠦᠶᠦᠳᠡᠯᠲᠦ ᠴᠠᠬᠢᠯᠭᠠᠨ ᠬᠦᠷᠭᠡᠬᠦ ᠢᠨᠵᠧᠨᠧᠷᠢᠩ ᠨᠢᠭᠡᠨᠲᠡ | ᠠᠵᠢᠯ ᠡᠬᠢᠯᠡᠭᠦᠯᠦᠨ ᠪᠦᠳᠦᠭᠡᠨ ᠪᠠᠶᠢᠭᠤᠯᠵᠤ᠂ ︽ᠰᠢᠯᠢ ᠶᠢᠨ ᠭᠤᠣᠯ ᠠᠶᠢᠮᠠᠭ - ᠵᠢᠶᠠᠩᠰᠦ ᠮᠤᠵᠢ ᠶᠢᠨ ᠳᠠᠶᠢᠵᠸᠤ︾ | ᠶᠢᠨ ᠣᠨᠴᠠ ᠥᠨᠳᠥᠷ ᠬᠦᠴᠦᠳᠡᠯᠲᠦ ᠲᠣᠭᠲᠠᠮᠠᠯ ᠭᠥᠶᠥᠳᠡᠯᠳᠦ ᠴᠠᠬᠢᠯᠭᠠᠨ ᠬᠦᠷᠭᠡᠬᠦ ᠢᠨᠵᠧᠨᠧᠷᠢᠩ ᠨᠢᠭᠡᠨᠲᠡ ᠬᠢᠨᠠᠨ | ᠵᠦᠪᠰᠢᠶᠡᠷᠡᠯ ᠤᠯᠵᠤ᠂ ᠲᠦᠯᠦᠪᠵᠢᠬᠦᠯᠦᠭᠰᠡᠨ ︽ᠱᠠᠩᠬᠠᠶ ᠶᠢᠨ ᠰᠦᠮ᠎ᠡ ︵ᠣᠷᠳᠣᠰ ᠬᠤᠲᠠ ᠶᠢᠨ ᠤᠲᠤᠭ ᠤᠨ | ᠡᠮᠦᠨᠡᠲᠦ ᠬᠤᠰᠢᠭᠤᠨ ᠤ ᠬᠢᠯᠢ ᠳᠤᠲᠤᠷ᠎ᠠ ᠪᠤᠶ︶ — ᠱᠠᠨᠳᠦ᠋ᠩ ᠤᠨ ᠯᠢᠨ ᠢ︾ ᠶᠢᠨ ᠣᠨᠴᠠ ᠥᠨᠳᠥᠷ | ᠬᠦᠴᠦᠳᠡᠯᠲᠦ ᠲᠣᠭᠲᠠᠮᠠᠯ ᠭᠥᠶᠥᠳᠡᠯᠳᠦ ᠴᠠᠬᠢᠯᠭᠠᠨ ᠬᠦᠷᠭᠡᠬᠦ ᠢᠨᠵᠧᠨᠧᠷᠢᠩ ᠢ ᠬᠢᠨᠠᠨ ᠵᠦᠪᠰᠢᠶᠡᠷᠡᠭᠦᠯᠬᠦ ᠪᠠᠷ | ᠪᠠᠶᠢᠵᠤ᠂ ᠥᠪᠥᠷ ᠮᠣᠩᠭᠤᠯ ᠤᠨ ᠠᠷᠢᠭᠤᠨ ᠴᠡᠪᠡᠷ ᠡᠨᠧᠷᠭᠢ ᠶᠢᠨ ᠰᠤᠷᠪᠤᠯᠵᠢ ᠭᠠᠷᠭᠠᠬᠤ ᠰᠠᠭᠤᠷᠢᠨ ᠭᠠᠵᠠᠷ ᠤᠨ | ᠪᠦᠳᠦᠭᠡᠨ ᠪᠠᠶᠢᠭᠤᠯᠤᠯᠲᠠ ᠨᠢ ᠲᠦᠷᠭᠡᠨ ᠬᠤᠷᠲᠤ ᠶᠢᠨ ᠵᠠᠮ ᠳᠤ ᠤᠷᠤᠭᠰᠠᠨ ᠢ ᠬᠠᠷᠠᠭᠤᠯᠵᠤ ᠪᠤᠢ᠃ |