ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠥᠷᠪᠡᠨ ᠶᠡᠭᠡ ᠪᠠᠷᠢᠮᠵᠢᠶ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ ᠳᠥᠯᠭᠢᠨ ᠠᠬᠢᠭᠤᠯᠬᠤ ᠬᠤᠷᠠᠯ ᠲᠡᠭᠦᠰ ᠠᠮᠵᠢᠯᠲᠠ ᠲᠠᠢ ᠬᠤᠷᠠᠯᠳᠤᠪᠠ
ᠨᠡᠶᠢᠲᠡᠯᠡᠭᠰᠡᠨ ᠴᠠᠭ᠄
2015/11/6
     ᠠᠵᠤ ᠦᠢᠯᠡᠳᠪᠦᠷᠢ᠂ ᠲᠠᠷᠢᠶᠠᠯᠠᠩ᠂ ᠦᠢᠯᠡᠴᠢᠯᠡᠭᠡᠨ ᠤ ᠦᠢᠯᠡᠰ᠂ ᠨᠡᠶᠢᠭᠡᠮ ᠤᠨ ᠬᠠᠮᠢᠶᠠᠷᠤᠯᠲᠠ ᠪᠣᠯᠤᠨ ᠤᠯᠠᠨ ᠨᠡᠶᠢᠲᠡ ᠶᠢᠨ ᠦᠢᠯᠡᠴᠢᠯᠡᠭᠡᠨ ᠤ ᠳᠦᠷᠪᠡᠨ ᠶᠡᠭᠡ ᠬᠦᠷᠢᠶ᠎ᠡ ᠶᠢᠨ  ᠪᠠᠷᠢᠮᠵᠢᠶ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ  ᠲᠦᠷᠭᠡᠳᠬᠡᠬᠦ ᠶᠢᠨ ᠲᠦᠯᠦᠭᠡ᠂ 11 ᠳ᠋ᠦ᠋ᠭᠡᠷ ᠰᠠᠷ᠎ᠠ ᠶᠢᠨ 2᠎ ᠤᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠮᠵᠢᠶᠠᠵᠢᠯᠠᠯᠳᠡ ᠶᠢᠨ ᠠᠵᠢᠯ ᠢ ᠠᠬᠢᠭᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠯᠥᠪᠯᠡᠭᠡ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ ᠬᠦᠬᠡᠬᠤᠲᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠦᠷᠪᠡᠨ ᠶᠡᠭᠡ ᠪᠠᠷᠢᠮᠵᠢᠶ᠎ᠠ ᠵᠢᠨ‌‍ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠬᠤ ᠬᠤᠷᠠᠯ ᠢ ᠬᠤᠷᠠᠯᠳᠤᠪᠠ᠃ ᠥᠪᠡᠷᠲᠡᠭᠡᠨ ᠵᠠᠰᠠᠭ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠶᠢᠨ ᠳᠡᠳ᠋ ᠲᠣᠭᠤᠷᠢᠨ ᠪᠠᠶᠢᠴᠠᠭᠠᠭᠴᠢ ᠭᠤᠣ ᠶᠢᠨ ᠵᠢᠶᠧ᠂ ᠪᠠᠷᠢᠮᠵᠢᠶᠠᠴᠢᠯᠠᠯᠲᠠ ᠶᠢᠨ ᠭᠠᠵᠠᠷ ᠤᠨ ᠳᠡᠳ᠋ ᠳᠠᠷᠤᠭ᠎ᠠ ᠯᠢᠦ ᠬᠦᠢ ᠶᠦᠨ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠢᠳᠡᠭᠡᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠪᠣᠷ ᠰᠢᠷᠣᠶ ᠶᠢ ᠪᠠᠷᠢᠮᠵᠢᠶᠠᠵᠢᠭᠤᠯᠬᠤ ᠮᠡᠷᠭᠡᠵᠢᠯ ᠤᠨ ᠺᠣᠮᠢᠰ᠂ ᠪᠠᠷᠢᠮᠵᠢᠶᠠᠵᠢᠭᠤᠯᠤᠯᠲᠠ ᠶᠢᠨ ᠵᠥᠪᠯᠡᠯ ᠂ ᠴᠢᠯᠠᠭᠤᠨ ᠲᠣᠰᠣᠨ ᠤ ᠬᠢᠮᠢ ᠶᠢᠨ  ᠰᠤᠳᠤᠯᠠᠯ ᠤᠨ ᠬᠦᠷᠢᠶᠡᠯᠡᠩ᠂ ᠪᠦᠬᠦ ᠤᠯᠤᠰ ᠤᠨ ᠰᠠᠯᠬᠢᠨ ᠬᠦᠴᠦᠨ ᠤ ᠮᠧᠬᠠᠨᠢᠭ ᠢ ᠪᠠᠷᠢᠮᠵᠢᠶᠠᠵᠢᠭᠤᠯᠬᠤ ᠮᠡᠷᠭᠡᠵᠢᠯ ᠤᠨ ᠺᠣᠮᠢᠰ᠂ ᠪᠦᠬᠦ ᠤᠯᠤᠰ ᠤᠨ ᠨᠡᠬᠡᠮᠡᠯ ᠤᠨ ᠵᠦᠢᠯ ᠢ ᠪᠠᠷᠢᠮᠵᠢᠶᠠᠵᠢᠭᠤᠯᠬᠤ ᠮᠡᠷᠭᠡᠵᠢᠯ ᠤᠨ ᠺᠣᠮᠢᠰ᠂ ᠨᠣᠯᠤᠤᠷ ᠤᠨ ᠪᠦᠲᠦᠭᠡᠭᠳᠡᠬᠦᠨ ᠤ ᠮᠡᠷᠭᠡᠵᠢᠯ ᠤᠨ ᠺᠤᠮᠢᠰ ᠵᠡᠷᠭᠡ ᠡᠯ᠎ᠡ ᠠᠵᠤ ᠦᠢᠯᠡᠰ ᠤᠨ ᠪᠠᠷᠢᠮᠵᠢᠶ᠎ᠠ ᠶᠢᠨ ᠰᠢᠰᠲ᠋ᠧᠮᠵᠢ ᠶᠢᠨ ᠲᠥᠷᠥᠯ ᠵᠦᠢᠯ ᠤᠨ ᠳᠤᠭᠤᠶᠢᠯᠠᠩ  ᠤᠨ  ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃      ᠲᠥᠷᠥᠯ ᠵᠦᠢᠯ ᠤᠨ ᠳᠤᠭᠤᠶᠢᠯᠠᠩ  ‍ᠤᠨ‌‍ᠰᠠᠯᠬᠢᠨ ᠬᠦᠴᠦᠨ  ᠤ ᠴᠠᠬᠢᠯᠭᠠᠨ᠂ ᠲᠥᠮᠥᠰᠥᠨ ᠤ ᠠᠵᠤ ᠦᠢᠯᠡᠰ᠂ ᠵᠢᠭᠤᠯᠴᠢᠯᠠᠯ᠂ ᠨᠡᠶᠢᠭᠡᠮ ᠤᠨ ᠳᠠᠭᠠᠳᠬᠠᠯ ᠵᠡᠷᠭᠡ 29 ᠪᠠᠷᠢᠮᠵᠢᠶᠠᠲᠤ ᠬᠤᠪᠢᠶᠠᠷᠢ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ᠂ ᠣᠳᠣ ᠶᠢᠨ ᠣᠯᠤᠭᠰᠠᠨ ᠰᠤᠳᠤᠯᠭᠠᠨ ᠤ ᠦᠷ᠎ᠡ ᠪᠦᠲᠦᠭᠡᠯ ᠵᠢᠴᠢ ᠳᠠᠷᠠᠭᠠᠴᠢ ᠶᠢᠨ ᠠᠯᠬᠤᠮ ᠤᠨ ᠠᠵᠢᠯ ᠤᠨ ᠰᠡᠳᠬᠢᠴᠡ ᠪᠠ ᠣᠷᠣᠰᠢᠵᠤ ᠪᠠᠶᠢᠭ᠎ᠠ ᠠᠰᠠᠭᠤᠳᠠᠯ ᠢ ᠬᠠᠷᠢᠭᠤ ᠮᠡᠳᠡᠭᠦᠯᠦᠭᠰᠡᠨ ᠪᠠᠶᠢᠨ᠎ᠠ᠃      ᠭᠤᠣ ᠶᠢᠨ ᠵᠢᠶᠧ ᠳᠡᠳ᠋ ᠲᠣᠭᠤᠷᠢᠨ ᠪᠠᠶᠢᠴᠠᠭᠠᠭᠴᠢ ᠳ᠋ᠦᠩᠨᠡᠯᠲᠡ ᠶᠢᠨ ᠶᠠᠷᠢᠶ᠎ᠠ ᠳᠤ ᠪᠠᠨ᠂ ᠡᠯ᠎ᠡ ᠪᠠᠷᠢᠮᠵᠢᠶ᠎ᠠ ᠶᠢᠨ ᠰᠢᠰᠲ᠋ᠧᠮᠵᠢ ᠶᠢᠨ ᠠᠵᠢᠯ ᠤᠨ ᠠᠬᠢᠴᠠ ᠶᠢ ᠨᠤᠳᠠᠯᠠᠵᠤ᠂ ᠡᠯ᠎ᠡ ᠲᠥᠷᠥᠯ ᠵᠦᠢᠯ ᠤᠨ ᠳᠤᠭᠤᠶᠢᠯᠠᠩ ᠨᠤᠭᠤᠳ ᠤᠨ ᠬᠠᠷᠢᠭᠤᠴᠠᠯᠭ᠎ᠠ  ᠨᠠᠶᠢᠳᠠᠪᠤᠷᠢᠵᠢᠵᠤ᠂ ᠡᠷᠳᠡᠮᠲᠡᠨ ᠮᠡᠷᠭᠡᠳ ᠬᠤᠷᠠᠨ ᠴᠤᠭᠯᠠᠷᠠᠵᠤ᠂ ᠵᠠᠮ ᠲᠣᠳᠣᠷᠬᠠᠶ᠂ ᠠᠵᠢᠯ ᠳᠠᠭᠠᠨ ᠨᠠᠷᠢᠨ ᠨᠢᠮᠪᠠᠶ᠂ ᠠᠰᠠᠭᠤᠳᠠᠯ ᠲᠣᠳᠣᠷᠬᠠᠶ᠂ ᠦᠷ᠎ᠡ ᠪᠦᠲᠦᠭᠡᠯ ᠢᠯᠡᠷᠡᠬᠡᠢ ᠰᠠᠶᠢᠨ᠃ ᠡᠭᠦᠨ ᠤ ᠬᠠᠮᠲᠤ᠂ ᠳᠠᠷᠠᠭᠠᠴᠢ ᠶᠢᠨ ᠠᠯᠬᠤᠮ ᠤᠨ ᠪᠠᠷᠢᠮᠵᠢᠶ᠎ᠠ ᠶᠢᠨ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠳᠤ ᠰᠠᠨᠠᠭᠤᠯᠭ᠎ᠠ ᠭᠠᠷᠭᠠᠪᠠ᠂ ᠨᠢᠭᠡ ᠳᠤ ᠰᠢᠰᠲ᠋ᠧᠮᠵᠢ ᠶᠢᠨ ᠪᠠᠶᠢᠭᠤᠯᠤᠯᠲᠠ ᠶᠢ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠵᠤ ᠦᠢᠯᠡᠰ ᠤᠨ ᠬᠥᠭᠵᠢᠯᠲᠡ ᠳᠤ ᠲᠦᠰᠢᠭ ᠲᠤᠯᠭᠠᠭᠤᠷᠢ ᠪᠤᠯᠠᠬᠤ ᠬᠡᠷᠡᠭᠲᠡᠢ︔ ᠬᠤᠶᠠᠷ ᠲᠤ ᠰᠢᠰᠲ᠋ᠧᠮᠵᠢ ᠶᠢᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠣᠨᠴᠠᠯᠢᠭ ᠢ ᠲᠤᠪᠤᠶᠢᠯᠭᠠᠬᠤ ᠬᠡᠷᠡᠭᠲᠡᠶ︔ ᠭᠤᠷᠪᠠ ᠳᠤ ᠰᠢᠰᠲ᠋ᠧᠮᠵᠢ ᠶᠢᠨ  ᠪᠠᠶᠢᠭᠤᠯᠤᠯᠲᠠ ᠶᠢᠨ ᠠᠬᠢᠴᠠ ᠶᠢ  ᠲᠦᠷᠭᠡᠳᠬᠡᠬᠦ ᠬᠡᠷᠡᠭᠲᠡᠢ︔ ᠲᠦᠷᠪᠡ ᠳᠤ  ᠪᠠᠷᠢᠮᠵᠢᠶᠠᠴᠢᠯᠠᠯᠲᠠ ᠶᠢᠨ ᠭᠠᠵᠠᠷ ᠨᠢ ᠵᠣᠬᠢᠴᠠᠭᠤᠯᠬᠤ᠂ ᠵᠢᠯᠣᠭᠤᠳᠬᠤ᠂ ᠬᠥᠲᠥᠯᠥᠨ ᠵᠢᠯᠤᠭᠤᠳᠬᠤ ᠪᠠ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ ᠰᠢᠰᠲ᠋ᠧᠮᠵᠢ ᠶᠢᠨ ᠲᠥᠷᠥᠯ ᠵᠦᠢᠯ ᠤᠨ ᠳᠤᠭᠤᠶᠢᠯᠠᠩ ᠳᠤ ᠳᠡᠮᠵᠢᠯᠭᠡ ᠬᠠᠩᠭᠠᠬᠤ ᠬᠡᠷᠡᠭᠲᠡᠶ᠃ ᠪᠠᠷᠢᠮᠵᠢᠶᠠᠵᠢᠭᠤᠯᠤᠯᠲᠠ ᠶᠢᠨ ᠵᠥᠪᠯᠡᠯ ᠲᠧᠭᠨᠢᠭ ᠮᠡᠷᠭᠡᠵᠢᠯ ᠤᠨ ᠳᠡᠮᠵᠢᠯᠭᠡ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠬᠡᠷᠡᠭᠲᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号