ᠥᠪᠥᠷ ᠮᠣᠩᠭᠤᠯ ᠤᠨ ᠣᠷᠴᠢᠮᠬᠠᠨ ᠨᠡᠶᠢᠲᠡᠯᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠬᠥᠳᠡᠭᠡ ᠲᠣᠰᠬᠤᠨ ᠤ ᠡᠮᠴᠢ ᠶᠢᠨ ᠡᠩᠨᠡᠭᠡᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ | ᠬᠡᠷᠡᠭᠵᠢᠭᠦᠯᠬᠦ ᠲᠥᠰᠦᠯ︾ ᠳᠤ ᠲᠣᠲᠣᠷᠬᠠᠶᠢᠯᠠᠭᠰᠠᠨ ᠨᠢ᠂ ᠠᠵᠤ ᠠᠬᠤᠶᠢᠯᠠᠯ ᠤᠨ ᠠᠵᠢᠯᠳᠠᠨ ᠠᠵᠢᠯᠴᠢᠨ ᠤ | ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠳᠤ ᠣᠷᠣᠯᠴᠠᠬᠤ ᠨᠥᠬᠦᠴᠡᠯ ᠳᠤ ᠨᠡᠶᠢᠴᠡᠭᠰᠡᠨ ᠬᠥᠳᠡᠭᠡ | ᠲᠣᠰᠬᠤᠨ ᠤᠨ ᠡᠮᠴᠢ ᠨᠠᠷ᠂ ᠲᠣᠭᠲᠠᠭᠠᠯ ᠶᠣᠰᠣᠭᠠᠷ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠳᠤ ᠣᠷᠣᠯᠴᠠᠵᠤ ᠪᠣᠯᠤᠨ᠎ᠠ︔ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠬᠤ ᠨᠥᠬᠦᠴᠡᠯ ᠳᠤ ᠨᠡᠶᠢᠴᠡᠬᠦ ᠦᠭᠡᠢ ᠪᠣᠯ᠂ ᠡᠷᠦᠭᠡ | ᠠᠮᠠ ᠶᠢᠨ ᠲᠠᠩᠰᠠ ᠪᠠᠶᠢᠭ᠎ᠠ ᠭᠠᠵᠠᠷ ᠲᠠᠭᠠᠨ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ | ᠳᠠᠭᠠᠳᠬᠠᠯ ᠳᠤ ᠣᠷᠣᠯᠴᠠᠵᠤ ᠪᠣᠯᠤᠨ᠎ᠠ᠃ | ᠲᠤᠰ ᠲᠦᠰᠦᠯ ᠳᠤ ᠲᠣᠲᠤᠷᠬᠠᠶᠢᠯᠠᠭᠰᠠᠨ ᠨᠢ ᠂ 10 ᠵᠢᠯ ᠠᠴᠠ ᠳᠡᠭᠡᠭᠰᠢ ᠠᠵᠢᠯᠯᠠᠭᠰᠠᠨ ︵10 ᠵᠢᠯ | ᠪᠠᠭᠲᠠᠨ᠎ᠠ︶ ᠮᠥᠷᠲᠡᠭᠡᠨ ᠨᠢᠭᠡᠨᠲᠡ ᠠᠵᠢᠯ ᠤᠨ ᠪᠠᠶᠢᠷᠢ ᠠᠴᠠ ᠪᠠᠨ ᠪᠠᠭᠤᠭᠰᠠᠨ ᠰᠤᠮᠤ ᠭᠠᠴᠠᠭᠠᠨ ᠤ ᠪᠦᠬᠦᠯᠢ 60 | ᠨᠠᠰᠤ ᠬᠦᠷᠦᠭᠰᠡᠨ ᠡᠷᠡᠭᠲᠡᠢ ᠡᠮᠴᠢ᠂ ᠪᠦᠬᠦᠯᠢ 55 ᠨᠠᠰᠤ ᠬᠦᠷᠦᠭᠰᠡᠨ ᠡᠮᠡᠭᠲᠡᠢ ᠡᠮᠴᠢ ᠨᠠᠷ ᠢᠶᠠᠷ᠂ ᠡᠯ᠎ᠡ ᠭᠠᠵᠠᠷ | ᠣᠷᠣᠨ ᠨᠤᠭᠤᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠥᠳᠡᠭᠡ ᠲᠣᠰᠬᠤᠨ ᠤ ᠡᠮᠴᠢ ᠨᠡᠷ ᠤᠨ | ᠨᠠᠰᠤᠵᠢᠯ ᠤᠨ ᠠᠰᠠᠷᠠᠮᠵᠢ ᠶᠢᠨ ᠬᠠᠷᠠᠭᠠᠯᠵᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠠᠷ᠎ᠠ ᠪᠦᠷᠢ ᠵᠣᠬᠢᠬᠤ | ᠪᠠᠷᠢᠮᠵᠢᠶ᠎ᠠ ᠪᠠᠷ ᠠᠮᠢᠳᠤᠷᠠᠯ ᠤᠨ ᠲᠤᠰᠠᠯᠠᠮᠵᠢ ᠣᠯᠭᠤᠨ᠎ᠠ᠂ ᠬᠡᠷᠡᠭᠰᠡᠬᠦ ᠪᠡᠯᠡ ᠮᠥᠩᠭᠦ ᠶᠢ ᠠᠶᠢᠮᠠᠭ ᠬᠤᠳᠠ᠂ ᠬᠤᠰᠢᠭᠤ | ᠰᠢᠶᠠᠨ ᠤ ᠱᠠᠲᠤᠨ ᠤ ᠡᠳ᠋ ᠤᠨ ᠵᠠᠰᠠᠭ ᠠᠴᠠ ᠰᠢᠢᠳᠪᠦᠷᠢᠯᠡᠬᠦ ᠬᠡᠷᠡᠭᠲᠡᠶ︔ ᠠᠵᠢᠯ ᠤᠨ ᠪᠠᠶᠢᠷᠢ ᠳᠡᠭᠡᠷ᠎ᠡ ᠪᠠᠨ ᠪᠠᠶᠢᠭ᠎ᠠ | ᠬᠥᠳᠡᠭᠡ ᠲᠣᠰᠬᠤᠨ ᠤ ᠡᠮᠴᠢ ᠶᠢᠨ ᠨᠠᠰᠤ ᠨᠢ ᠬᠦᠷᠪᠡᠯ ᠭᠠᠷᠬᠤ ᠳᠦᠷᠢᠮ ᠢ ᠪᠠᠶᠢᠭᠤᠯᠵᠤ᠂ ᠬᠠᠤᠯᠢ ᠶᠣᠰᠣᠭᠠᠷ | ᠳᠠᠩᠰᠠᠯᠠᠭᠤᠯᠤᠭᠰᠠᠨ ᠠᠵᠢᠯ ᠤᠨ ᠪᠠᠶᠢᠷᠢ ᠳᠡᠭᠡᠷ᠎ᠡ ᠪᠠᠨ ᠪᠠᠶᠢᠭ᠎ᠠ ᠬᠥᠳᠡᠭᠡ ᠲᠣᠰᠬᠤᠨ ᠤ ᠪᠦᠬᠦᠯᠢ 60 ᠨᠠᠰᠤ | ᠬᠦᠷᠦᠭᠰᠡᠨ ᠡᠷᠡᠭᠲᠡᠢ ᠡᠮᠴᠢ᠂ ᠪᠦᠬᠦᠯᠢ 55 ᠨᠠᠰᠤ ᠬᠦᠷᠦᠭᠰᠡᠨ ᠡᠮᠡᠭᠲᠡᠢ ᠡᠮᠴᠢ ᠬᠥᠳᠡᠭᠡ ᠲᠣᠰᠬᠤᠨ ᠤ ᠡᠮᠴᠢ ᠶᠢᠨ | ᠠᠵᠢᠯ ᠤᠨ ᠪᠠᠶᠢᠷᠢ ᠠᠴᠠ ᠪᠠᠨ ᠪᠠᠭᠤᠵᠤ᠂ ᠬᠥᠳᠡᠭᠡ ᠲᠣᠰᠬᠤᠨ ᠤ ᠡᠮᠴᠢ ᠶᠢᠨ ᠠᠵᠢᠯ ᠢ ᠲᠠᠬᠢᠵᠦ ᠬᠢᠬᠦ ᠦᠭᠡᠢ᠃ | ᠦᠨᠡᠬᠡᠷ ᠴᠢᠬᠤᠯᠠ ᠲᠠᠢ ᠪᠠᠶᠢᠪᠠᠯ᠂ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠠᠴᠠ ᠲᠡᠭᠦᠨ ᠢ | ᠳᠠᠬᠢᠨ ᠤᠷᠢᠵᠤ ᠦᠷᠭᠦᠯᠵᠢᠯᠡᠨ ᠠᠵᠢᠯ ᠡᠷᠬᠢᠯᠡᠭᠦᠯᠵᠦ ᠪᠣᠯᠣᠨ᠎ᠠ︔ ᠲᠣᠭᠲᠠᠭᠠᠯ ᠠᠴᠠ ᠵᠥᠷᠢᠴᠡᠵᠦ ᠰᠠᠬᠢᠯᠭ᠎ᠠ | ᠪᠠᠲᠤ ᠠᠴᠠ ᠵᠥᠷᠢᠴᠡᠭᠰᠡᠨ ᠬᠥᠳᠡᠭᠡ ᠲᠣᠰᠬᠤᠨ ᠤ ᠡᠮᠴᠢ ᠨᠡᠷ ᠢ ᠲᠤᠰᠢᠶᠠᠯ ᠠᠴᠠ ᠨᠢ ᠵᠣᠭᠰᠣᠭᠠᠬᠤ ᠲᠦᠷᠢᠮ ᠢ | ᠪᠠᠶᠢᠭᠤᠯᠵᠤ᠂ ᠬᠥᠳᠡᠭᠡ ᠲᠣᠰᠬᠤᠨ ᠤ ᠡᠮᠴᠢ ᠶᠢᠨ ᠠᠵᠢᠯᠯᠠᠵᠤ ᠪᠠᠶᠢᠭ᠎ᠠ ᠬᠤᠭᠤᠴᠠᠭᠠᠨ ᠳᠠᠭᠠᠨ ᠬᠤᠪᠢ ᠬᠥᠮᠦᠨ ᠤ | ᠰᠢᠯᠲᠠᠭᠠᠨ ᠠᠴᠠ ᠪᠤᠯᠵᠤ ᠬᠥᠳᠡᠭᠡ ᠲᠣᠰᠬᠤᠨ ᠤ ᠡᠮᠴᠢ ᠶᠢᠨ ᠠᠵᠢᠯ ᠢ ᠬᠢᠵᠦ ᠳᠡᠶᠢᠯᠬᠦ ᠦᠭᠡᠢ᠂ ᠬᠥᠳᠡᠭᠡ | ᠲᠣᠰᠬᠤᠨ ᠤ ᠡᠮᠴᠢ ᠶᠢᠨ ᠠᠵᠢᠯ ᠤᠨ ᠪᠠᠶᠢᠷᠢ ᠠᠴᠠ ᠪᠠᠨ ᠬᠠᠭᠠᠰ ᠵᠢᠯ ᠠᠴᠠ ᠳᠡᠭᠡᠭᠰᠢ ᠪᠤᠶᠤ ᠠᠵᠢᠯ ᠤᠨ | ᠪᠠᠶᠢᠷᠢ ᠠᠴᠠ ᠪᠠᠨ ᠨᠡᠶᠢᠲᠡ 1 ᠵᠢᠯ ᠰᠠᠯᠵᠤ᠂ ᠬᠤᠶᠠᠷ ᠵᠢᠯ ᠳᠠᠷᠠᠭᠠᠯᠠᠨ ᠬᠢᠨᠠᠨ ᠰᠢᠯᠭᠠᠭᠠᠳ ᠬᠢᠷᠢ ᠲᠡᠩᠴᠡᠭᠰᠡᠨ | ᠥᠭᠡᠢ᠂ ᠲᠣᠭᠲᠠᠭᠠᠯ ᠠᠴᠠ ᠵᠦᠷᠢᠴᠡᠨ ᠡᠯ᠎ᠡ ᠲᠥᠷᠥᠯ ᠤᠨ ᠲᠤᠰᠬᠠᠶ ᠪᠡᠯᠡ ᠮᠥᠩᠭᠦ ᠶᠢ ᠮᠡᠬᠡᠯᠡᠨ ᠠᠪᠴᠤ᠂ ᠡᠮ | ᠡᠮᠨᠡᠯᠭᠡ᠂ ᠤᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠦᠨᠳᠦ ᠶᠡᠭᠡ | ᠬᠠᠷᠢᠭᠤᠴᠠᠯᠭ᠎ᠠ ᠶᠢᠨ ᠡ᠊ᠨᠳᠡᠯ ᠭᠠᠷᠭᠠᠭᠰᠠᠨ ᠵᠡᠷᠭᠡ ᠲᠣᠭᠲᠠᠭᠠᠯ ᠰᠠᠬᠢᠯᠭ᠎ᠠ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠬᠤᠰᠢᠭᠤ ᠰᠢᠶᠠᠨ ᠤ ᠱᠠᠲᠤᠨ ᠤ ᠡᠷᠡᠭᠦᠯ ᠬᠠᠮᠠᠭᠠᠯᠠᠯ ᠲᠥᠯᠥᠪᠯᠡᠭᠡᠲᠦ | ᠦᠷᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ | ᠰᠢᠢᠳᠪᠦᠷᠢᠯᠡᠵᠦ᠂ ᠴᠢᠨᠠᠭᠰᠢᠯᠠᠪᠠᠯ ᠲᠡᠭᠦᠨ ᠤ ︽ᠬᠥᠳᠡᠭᠡ ᠲᠣᠰᠬᠤᠨ ᠤ ᠡᠮᠴᠢ ᠶᠢᠨ ᠠᠵᠢᠯ ᠡᠷᠬᠢᠯᠡᠬᠦ ᠦᠨᠡᠮᠯᠡᠯ︾ | ᠢ ᠨᠢ ᠬᠤᠷᠢᠶᠡᠠ ᠠᠪᠴᠤ ᠬᠦᠴᠦᠨ ᠤᠢᠭᠡᠢ ᠪᠣᠯᠭᠠᠬᠤ ᠬᠡᠷᠡᠭᠲᠡᠢ ᠭᠡᠵᠡᠢ᠃ | ᠲᠥᠰᠦᠯ ᠳᠤ ᠪᠠᠰᠠ ᠲᠣᠲᠤᠷᠬᠠᠶᠢᠯᠠᠭᠰᠠᠨ ᠨᠢ᠂ ᠡᠯ᠎ᠡ ᠭᠠᠵᠠᠷ ᠣᠷᠣᠨ ᠨᠤᠭᠤᠳ ᠬᠥᠳᠡᠭᠡ ᠲᠣᠰᠬᠤᠨ ᠤ | ᠡᠮᠴᠢ ᠶᠢᠨ ᠠᠵᠢᠯ ᠤᠨ ᠪᠣᠳᠠᠲᠤ ᠪᠠᠶᠢᠳᠠᠯ᠂ ᠦᠢᠯᠡᠴᠢᠯᠡᠭᠡᠨ ᠤ ᠴᠢᠳᠠᠪᠤᠷᠢ ᠪᠣᠯᠤᠨ ᠦᠢᠯᠡᠴᠢᠯᠡᠭᠡᠨ ᠤ ᠥᠪᠡᠷ ᠤᠨ | ᠥᠷᠳᠡᠭ ᠢ ᠶᠡᠷᠦᠩᠬᠡᠶᠢᠯᠡᠨ ᠪᠣᠳᠣᠯᠬᠢᠯᠠᠵᠤ᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠠᠷᠭ᠎ᠠ ᠶᠢ | ᠠᠪᠴᠤ᠂ ᠬᠥᠳᠡᠭᠡ ᠲᠣᠰᠬᠤᠨ ᠤ ᠡᠮᠴᠢ ᠶᠢᠨ ᠵᠦᠢ ᠵᠣᠬᠢᠰᠲᠠᠶ ᠣᠷᠣᠯᠭ᠎ᠠ ᠶᠢᠨ ᠬᠢᠷᠢ ᠬᠡᠮᠵᠢᠶ᠎ᠡ ᠶᠢ ᠪᠠᠲᠤᠯᠠᠬᠤ | ᠬᠡᠷᠡᠭᠲᠡᠢ︔ ᠬᠥᠳᠡᠭᠡ ᠲᠣᠰᠬᠤᠨ ᠤ ᠡᠮᠴᠢ ᠶᠢᠨ ᠬᠠᠩᠭᠠᠭᠰᠠᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠦᠨᠳᠦᠰᠦᠨ ᠦᠢᠯᠡᠴᠢᠯᠡᠭᠡ ᠳᠤ᠂ ᠬᠢᠨᠠᠨ ᠲᠣᠭᠲᠠᠭᠠᠭᠰᠠᠨ ᠡᠭᠦᠷᠭᠡ ᠶᠢᠨ ᠬᠡᠮᠵᠢᠶ᠎ᠡ ᠪᠣᠯᠣᠨ ᠬᠢᠨᠠᠨ ᠰᠢᠯᠭᠠᠭᠰᠠᠨ | ᠦᠷ᠎ᠡ ᠳ᠋ᠦᠩ ᠢ ᠦᠨᠳᠦᠰᠦᠯᠡᠨ᠂ ᠬᠥᠳᠡᠭᠡ ᠲᠣᠰᠬᠤᠨ ᠤ ᠡᠮᠴᠢ ᠨᠠᠷ ᠲᠤ ᠤᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠦᠨᠳᠦᠰᠦᠨ ᠦᠢᠯᠡᠴᠢᠯᠡᠭᠡᠨ ᠤ ᠵᠣᠬᠢᠴᠠᠩᠭᠤᠶ ᠵᠠᠷᠤᠳᠠᠯ ᠢ ᠰᠠᠯᠭᠠᠵᠤ ᠥᠭᠬᠦ ᠬᠡᠷᠡᠭᠲᠡᠢ᠃ 2014 | ᠣᠨ ᠪᠣᠯᠣᠨ 2015 ᠣᠨ ᠳᠤ ᠮᠠᠯᠵᠢᠬᠤ ᠲᠠᠷᠢᠶᠠᠯᠠᠬᠤ ᠣᠷᠣᠨ ᠤ ᠬᠥᠮᠦᠨ ᠳᠤᠮᠳᠠᠴᠢ ᠰᠢᠨ᠎ᠡ ᠪᠠᠷ ᠨᠡᠮᠡᠭᠳᠡᠭᠰᠡᠨ 5 | ᠲᠥᠭᠦᠷᠢᠭ ᠤᠨ ᠤᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠤᠰᠠᠯᠠᠮᠵᠢ ᠶᠢᠨ | ᠮᠥᠩᠭᠦ ᠶᠢ ᠴᠥᠮ ᠬᠥᠳᠡᠭᠡ ᠲᠣᠰᠬᠤᠨ ᠤ ᠡᠮᠴᠢ ᠳᠤ ᠵᠠᠷᠤᠴᠠᠭᠤᠯᠤᠭᠰᠠᠨ ᠰᠠᠭᠤᠷᠢᠨ ᠳᠡᠭᠡᠷ᠎ᠡ᠂ ᠢᠷᠡᠭᠡᠳᠦᠶ ᠳᠤ | ᠰᠢᠨ᠎ᠡ ᠪᠠᠷ ᠨᠡᠮᠡᠭᠳᠡᠭᠦᠯᠬᠦ ᠤᠯᠠᠨ ᠨᠡᠶᠢᠲᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠲᠤᠰᠠᠯᠠᠮᠵᠢ ᠶᠢᠨ ᠪᠡᠯᠡ ᠮᠥᠩᠭᠦ ᠶᠢ ᠤᠯᠤᠰ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠬᠥᠳᠡᠭᠡ | ᠲᠣᠰᠬᠤᠨ ᠤ ᠡᠮᠴᠢ ᠲᠡᠰᠢ ᠭᠤᠣᠯᠳᠠᠯᠭ᠎ᠠ ᠲᠠᠢ ᠪᠠᠷ ᠬᠡᠯᠪᠠᠶᠢᠯᠭᠡᠵᠦ᠂ ᠭᠠᠴᠠᠭ᠎ᠠ ᠲᠣᠰᠬᠤᠨ ᠤ ᠤᠯᠠᠨ ᠨᠡᠶᠢᠲᠡ ᠶᠢᠨ | ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠠᠵᠢᠯ ᠢ ᠴᠢᠩᠭᠠᠳᠬᠠᠬᠤ ᠳᠤ ᠬᠡᠷᠡᠭᠯᠡᠬᠦ ᠬᠡᠷᠡᠭᠲᠡᠶ ᠭᠡᠪᠡ᠃ | |