ᠥᠪᠥᠷ ᠮᠣᠩᠭᠤᠯ ᠤᠨ ᠵᠠᠰᠠᠭ ᠤᠨ ᠣᠷᠳᠣᠨ 189.1393 ᠳ᠋ᠦᠡᠭᠰᠢᠭᠤᠷ ᠲᠥᠭᠦᠷᠢᠭ ᠤᠨ ᠡᠩ ᠤᠨ ᠵᠢᠭᠡᠯᠡᠯᠭᠡ ᠶᠢᠨ ᠲᠡᠮᠳᠡᠭᠲᠦ ᠶᠢ ᠲᠠᠷᠬᠠᠭᠠᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2015/11/6
      11 ᠳ᠋ᠤᠭᠡᠷ ᠰᠠᠷ᠎ᠠ ᠶᠢᠨ 10᠎ ᠤ ᠡᠳᠦᠷ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠵᠥᠪᠰᠢᠶᠡᠷᠡᠭᠰᠡᠨ ᠶᠡᠷᠦᠩᠬᠡᠶ ᠬᠡᠪᠴᠢᠶ᠎ᠡ ᠳᠤᠲᠤᠷ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠶᠡᠷᠦᠩᠬᠡᠶ ᠲᠤᠭ᠎ᠠ ᠬᠡᠮᠵᠢᠶ᠎ᠡ ᠎ ᠨᠢ 189.1393 ᠳ᠋ᠦᠡᠭᠰᠢᠭᠤᠷ ᠲᠥᠭᠦᠷᠢᠭ ᠪᠦᠬᠦᠢ 2015 ᠤᠨ ᠤ ᠭᠤᠷᠪᠠᠳᠤᠭᠠᠷ ᠪᠦᠯᠦᠭ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠣᠷᠳᠣᠨ ᠤ ᠡᠩ ᠤᠨ ᠵᠢᠭᠡᠯᠡᠯᠭᠡ ᠶᠢᠨ ᠲᠡᠮᠳᠡᠭᠲᠦ ᠶᠢ ᠲᠠᠷᠬᠠᠭᠠᠵᠤ᠂ ᠲᠦᠷᠦᠯ ᠵᠦᠢᠯ ᠨᠢ ᠳᠠᠩᠰᠠᠯᠠᠬᠤ ᠬᠡᠯᠪᠡᠷᠢᠲᠦ ᠲᠣᠭᠲᠠᠮᠠᠯ ᠬᠦᠦ ᠶᠢᠨ ᠨᠣᠷᠮ᠎ᠠ ᠲᠠᠢ ᠬᠦᠦ ᠮᠥᠩᠭᠦ ᠳᠠᠭᠠᠯᠳᠤᠭᠤᠯᠤᠭᠰᠠᠨ ᠵᠢᠭᠡᠯᠡᠯᠭᠡ ᠶᠢᠨ ᠲᠡᠮᠳᠡᠭᠲᠦ ᠪᠤᠯᠤᠨ᠎ᠠ᠃ 2015 ᠣᠨ ᠤ ᠭᠤᠷᠪᠠᠳᠤᠭᠠᠷ ᠪᠦᠯᠦᠭ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠩ ᠤᠨ ᠵᠢᠭᠡᠯᠡᠯᠭᠡ ᠶᠢᠨ ᠲᠡᠮᠳᠡᠭᠲᠦ ᠶᠢ ᠳᠦᠷᠪᠡᠨ ᠬᠤᠭᠤᠴᠠᠭ᠎ᠠ ᠬᠤᠪᠢᠶᠠᠨ ᠲᠠᠷᠬᠠᠭᠠᠵᠤ᠂ ᠵᠢᠭᠡᠯᠡᠯᠭᠡ ᠶᠢᠨ ᠲᠡᠮᠳᠡᠭᠲᠦ ᠶᠢᠨ ᠬᠤᠭᠤᠴᠠᠭ᠎ᠠ ᠨᠢ 3 ᠵᠢᠯ᠂ 5 ᠵᠢᠯ᠂ 7 ᠵᠢᠯ ᠪᠠ 10 ᠵᠢᠯ ᠤᠨ ᠪᠠᠶᠢᠵᠤ᠂ ᠲᠠᠷᠬᠠᠭᠠᠬᠤ ᠬᠡᠪᠴᠢᠶ᠎ᠡ ᠶᠢ ᠲᠤᠰ ᠪᠦᠷᠢ19.0393 ᠳ᠋ᠦᠡᠭᠰᠢᠭᠤᠷ ᠲᠥᠭᠦᠷᠢᠭ ︵ᠪᠠᠷᠤᠭ 10 %᠎ ᠶᠢ ᠡᠵᠡᠯᠡᠨ᠎ᠡ︶᠂ 56.7 ᠳ᠋ᠦᠡᠭᠰᠢᠭᠤᠷ ᠲᠥᠭᠦᠷᠢᠭ ︵ᠪᠠᠷᠤᠭ 30 %᠎ ᠶᠢ ᠡᠵᠡᠯᠡᠨ᠎ᠡ︶᠂ 56.7 ᠳ᠋ᠦᠡᠭᠰᠢᠭᠤᠷ ᠲᠥᠭᠦᠷᠢᠭ ︵ᠪᠠᠷᠤᠭ 30 %᠎ ᠶᠢ ᠡᠵᠡᠯᠡᠨ᠎ᠡ︶᠂ 56.7 ᠳ᠋ᠦᠡᠭᠰᠢᠭᠤᠷ ᠲᠥᠭᠦᠷᠢᠭ ︵ᠪᠠᠷᠤᠭ 30 %᠎ ᠶᠢ ᠡᠵᠡᠯᠡᠨ᠎ᠡ︶ ᠲᠠᠷᠬᠠᠭᠠᠬᠤ ᠪᠠᠷ ᠲᠦᠯᠦᠪᠯᠡᠪᠡ᠃ 3 ᠵᠢᠯ ᠤᠨ ᠬᠤᠭᠤᠴᠠᠭ᠎ᠠ᠂ 5 ᠵᠢᠯ ᠤᠨ ᠬᠤᠭᠤᠴᠠᠭ᠎ᠠ ᠵᠢᠴᠢ 7 ᠵᠢᠯ ᠤᠨ ᠬᠤᠭᠤᠴᠠᠭ᠎ᠠ ᠲᠠᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡ᠊ᠩ ᠤᠨ ᠵᠢᠭᠡᠯᠡᠯᠭᠡ ᠶᠢᠨ ᠲᠡᠮᠳᠡᠭᠲᠦ ᠶᠢᠨ ᠬᠦᠦ ᠮᠥᠩᠭᠦ ᠶᠢ ᠵᠢᠯ ᠢᠶᠠᠷ ᠦᠭᠴᠦ᠂ 10 ᠵᠢᠯ ᠤᠨ ᠬᠤᠭᠤᠴᠠᠭ᠎ᠠ ᠲᠠᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠡᠩ ᠤᠨ ᠵᠢᠭᠡᠯᠡᠯᠭᠡ ᠶᠢᠨ ᠲᠡᠮᠳᠡᠭᠲᠦ ᠶᠢᠨ ᠬᠦᠦ ᠮᠥᠩᠭᠦ ᠶᠢ ᠬᠠᠭᠠᠰ ᠵᠢᠯ ᠢᠶᠠᠷ ᠦᠭᠴᠦ᠂ ᠲᠠᠷᠬᠠᠭᠠᠭᠰᠠᠨ ᠤ ᠲᠡᠷᠠᠭ᠎ᠠ ᠲᠣᠭᠲᠠᠭᠠᠯ ᠶᠣᠰᠣᠭᠠᠷ ᠪᠦᠬᠦ ᠤᠯᠤᠰ ᠤᠨ ᠪᠠᠩᠬᠢ ᠶᠢᠨ ᠬᠤᠭᠤᠷᠣᠨᠳᠣᠬᠢ ᠵᠢᠭᠡᠯᠡᠯᠭᠡ ᠶᠢᠨ ᠲᠡᠮᠳᠡᠭᠲᠦ ᠶᠢᠨ ᠵᠠᠬ᠎ᠠ ᠳᠡᠯᠭᠡᠭᠦᠷ ᠪᠤᠯᠤᠨ ᠦᠨᠡᠲᠦ ᠲᠡᠮᠳᠡᠭᠲᠦ ᠠᠷᠠᠯᠵᠢᠶᠠᠯᠠᠬᠤ ᠭᠠᠵᠠᠷ ᠤᠨ ᠵᠢᠭᠡᠯᠡᠯᠭᠡ ᠶᠢᠨ ᠲᠡᠮᠳᠡᠭᠲᠦ ᠶᠢᠨ ᠵᠠᠬ᠎ᠠ ᠳᠡᠯᠭᠡᠭᠦᠷ ᠲᠤ ᠬᠦᠢᠯᠭᠡᠭᠡᠵᠤ ᠪᠤᠯᠬᠤ ᠪᠦᠭᠡᠳ ᠡᠯ᠎ᠡ ᠬᠤᠭᠤᠴᠠᠭᠠᠨ ᠤ ᠵᠢᠭᠡᠯᠡᠯᠭᠡ ᠶᠢᠨ ᠲᠡᠮᠳᠡᠭᠲᠦ ᠶᠢᠨ ᠬᠤᠭᠤᠴᠠᠭ᠎ᠠ ᠨᠢ ᠲᠤᠯᠤᠭᠰᠠᠨ ᠤ ᠲᠠᠷᠠᠭ᠎ᠠ ᠡᠬᠡ ᠮᠥᠩᠭᠦ ᠶᠢ ᠨᠢᠭᠡ ᠤᠳᠠᠭ᠎ᠠ ᠳᠤ ᠪᠤᠴᠠᠭᠠᠨ᠎ᠠ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠳᠤᠮᠳᠠᠲᠤ ᠤᠯᠤᠰ ᠤᠨ ᠵᠢᠭᠡᠯᠡᠯᠭᠡ ᠶᠢᠨ ᠬᠦᠷᠥᠩᠭᠡ ᠢᠲᠡᠭᠡᠮᠵᠢ ᠶᠢ ᠦᠨᠡᠯᠡᠨ ᠵᠢᠱᠢᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠨᠠᠶᠢᠳᠠᠵᠤ ᠶᠡᠷᠦᠩᠭᠡᠶᠢᠯᠡᠭᠰᠡᠨ ᠰᠢᠯᠭᠠᠨ ᠲᠤᠭᠲᠠᠭᠠᠯᠲᠠ ᠬᠢᠯᠭᠡᠭᠡᠳ᠂ 2015 ᠣᠨ ᠤ ᠭᠤᠷᠪᠠᠳᠤᠭᠠᠷ ᠪᠦᠯᠦᠭ ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠩ ᠤᠨ ᠵᠢᠭᠡᠯᠡᠯᠭᠡ ᠶᠢᠨ ᠲᠡᠮᠳᠡᠭᠲᠦ ᠶᠢᠨ ᠢᠲᠡᠭᠡᠮᠵᠢ ᠵᠡᠷᠭᠡ ᠳᠡᠰ ᠨᠢ AAA ᠳᠡᠰ ᠪᠤᠯᠤᠨ᠎ᠠ᠃ ᠡᠩ ᠤᠨ ᠵᠢᠭᠡᠯᠡᠯᠭᠡ ᠶᠢᠨ ᠲᠡᠮᠳᠡᠭᠲᠦ ᠶᠢᠨ ᠦᠷᠭᠦᠯᠵᠢᠯᠡᠵᠦ ᠪᠠᠶᠢᠬᠤ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠳᠤᠮᠳᠠᠲᠤ ᠤᠯᠤᠰ ᠤᠨ ᠵᠢᠭᠡᠯᠡᠯᠭᠡ ᠶᠢᠨ ᠬᠦᠷᠥᠩᠭᠡ ᠢᠲᠡᠭᠡᠮᠵᠢ ᠶᠢ ᠦᠨᠡᠯᠡᠨ ᠵᠢᠱᠢᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠨᠠᠶᠢᠳᠠᠵᠤ ᠵᠢᠯ ᠪᠦᠷᠢ ᠮᠥᠷᠳᠡᠨ ᠲᠡᠰ ᠲᠣᠭᠲᠠᠭᠠᠬᠤ ᠶᠢ ᠦᠷᠨᠢᠬᠦᠯᠬᠦ ᠪᠤᠯᠤᠨ᠎ᠠ᠃ ᠣᠶᠢᠯᠠᠭᠠᠭᠰᠠᠨ ᠢᠶᠠᠷ᠂ 2015 ᠣᠨ ᠤ ᠭᠤᠷᠪᠠᠳᠤᠭᠠᠷ ᠪᠦᠯᠦᠭ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠩ ᠤᠨ ᠵᠢᠭᠡᠯᠡᠯᠭᠡ ᠶᠢᠨ ᠲᠡᠮᠳᠡᠭᠲᠦ ᠶᠢ 11 ᠳ᠋ᠤᠭᠡᠷ ᠰᠠᠷ᠎ᠠ ᠶᠢᠨ 9᠎ ᠤ ᠦᠳᠡ ᠶᠢᠨ ᠡᠮᠦᠨᠡᠬᠢ 9᠄ 00-9᠄ 40 ᠪᠤᠯᠲᠠᠯ᠎ᠠ ᠳᠠᠭᠠᠭᠠᠴᠢᠯᠠᠯᠲᠠ ᠵᠠᠷᠯᠠᠵᠤ᠂ 11 ᠳ᠋ᠤᠭᠡᠷ ᠰᠠᠷ᠎ᠠ ᠶᠢᠨ 10᠎ ᠤ ᠡᠳᠦᠷ ᠠᠴᠠ ᠡᠬᠢᠯᠡᠵᠦ ᠲᠠᠷᠬᠠᠭᠠᠬᠤ ᠪᠥᠭᠡᠳ ᠬᠦᠦ ᠮᠥᠩᠭᠦ ᠶᠢ ᠪᠣᠳᠣᠵᠦ᠂ 11 ᠳ᠋ᠤᠭᠡᠷ ᠰᠠᠷ᠎ᠠ ᠶᠢᠨ 12᠎ ᠤᠨ ᠡᠳᠦᠷ ᠲᠠᠷᠬᠠᠭᠠᠵᠤ ᠳᠠᠭᠤᠰᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号