ᠳᠤᠮᠳᠠᠳᠤ ᠮᠣᠩᠭᠤᠯ ᠬᠤᠶᠠᠷ ᠤᠯᠤᠰ ᠤᠨ 29 ᠳ᠋ᠤᠭᠡᠷ ᠤᠳᠠᠭᠠᠨ ᠤ ᠵᠠᠮ ᠬᠠᠷᠢᠯᠴᠠᠭᠠᠨ ᠤ ᠡᠭᠡᠯᠵᠢᠲᠦ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠬᠤ ᠶᠢᠨ ᠲᠤᠯᠠᠳᠠ᠂ ᠣᠶᠢᠷ᠎ᠠ ᠳᠤ᠂ ᠳᠤᠮᠳᠠᠳᠤ | ᠮᠣᠩᠭᠤᠯ ᠬᠤᠶᠠᠷ ᠤᠯᠤᠰ ᠤᠨ ᠲᠥᠯᠥᠭᠡᠯᠡᠭᠴᠢᠳ ᠤᠨ ᠪᠦᠯᠬᠦᠮ ᠡᠷᠢᠶᠡᠨ ᠬᠤᠲᠠ ᠳᠤ ᠶᠠᠷᠢᠯᠴᠠᠬᠤ ᠬᠤᠷᠠᠯ | ᠬᠤᠷᠠᠯᠳᠤᠭᠤᠯᠪᠠ᠃ ᠲᠤᠰ ᠤᠳᠠᠭᠠᠨ ᠤ ᠬᠤᠷᠠᠯ ᠨᠢ ᠳᠤᠮᠳᠠᠳᠤ ᠮᠣᠩᠭᠤᠯ ᠤᠨ ᠬᠢᠯᠢ ᠠᠯᠤᠰᠯᠠᠭᠰᠠᠨ ᠣᠯᠠᠨ | ᠤᠯᠤᠰ ᠤᠨ ᠠᠶᠠᠨᠴᠢᠳ ᠤᠨ ᠲᠡᠭᠡᠭᠡᠪᠦᠷᠢ ᠶᠢᠨ ᠬᠤᠯᠪᠣᠭᠳᠠᠯ ᠪᠦᠬᠦᠢ ᠤᠴᠢᠷ ᠤᠨ ᠲᠤᠬᠠᠢ ᠰᠤᠯᠢᠯᠴᠠᠭ᠎ᠠ ᠪᠠ | ᠰᠢᠨᠵᠢᠯᠡᠨ ᠰᠤᠳᠤᠯᠤᠯᠲᠠ ᠬᠢᠵᠤ᠂ ᠡᠴᠦᠰ ᠲᠤ ᠬᠤᠶᠠᠷ ᠲᠠᠯ᠎ᠠ ᠪᠠᠷ ᠢᠶᠠᠨ ᠭᠤᠷᠪᠠᠨ ᠵᠦᠢᠯ ᠤᠨ ᠨᠡᠶᠢᠲᠡᠯᠢᠭ | ᠲᠠᠨᠢᠯᠲᠠ ᠶᠢ ᠬᠡᠯᠡᠯᠴᠡᠨ ᠲᠤᠬᠢᠷᠠᠪᠠ᠃ ᠨᠢᠭᠡ ᠳᠤ ᠤᠯᠠᠭᠠᠨᠪᠠᠭᠠᠲᠤᠷ ᠠᠴᠠ ᠵᠠᠮ ᠤᠨ ᠡᠭᠦᠳᠡ ᠪᠠᠷ ᠳᠠᠭᠠᠷᠢᠵᠤ ᠡᠷᠢᠶᠡᠨ | ᠬᠤᠲᠠ ᠬᠦᠷᠬᠦ ᠠᠶᠠᠨᠴᠢᠳ ᠤᠨ ᠲᠡᠭᠡᠭᠡᠪᠦᠷᠢ ᠶᠢᠨ ᠱᠤᠭᠤᠮ ᠢ ᠲᠣᠭᠲᠠᠮᠠᠯ ᠬᠤᠭᠤᠴᠠᠭ᠎ᠠ ᠲᠠᠢ ᠪᠠᠷ ᠨᠡᠪᠲᠡᠷᠡᠭᠦᠯᠦᠨ᠎ᠡ︔ | ᠬᠤᠶᠠᠷ ᠲᠤ ᠳᠤᠮᠳᠠᠳᠤ ᠤᠯᠤᠰ ᠤᠨ ᠲᠡᠭᠡᠭᠡᠪᠦᠷᠢ ᠶᠢᠨ ᠠᠵᠤ ᠠᠬᠤᠶᠢᠯᠠᠯ 8 ᠰᠠᠭᠤᠳᠠᠯ ᠠᠴᠠ ᠳᠡᠭᠡᠭᠰᠢ 20 | ᠰᠠᠭᠤᠳᠠᠯ ᠠᠴᠠ ᠳᠤᠷᠤᠭᠰᠢᠬᠢ ᠠᠶᠠᠨᠴᠢᠳ ᠤᠨ ᠲᠡᠷᠭᠡ 20 ᠶᠢ ᠲᠤᠬᠢᠷᠠᠭᠤᠯᠤᠨ ᠡᠷᠢᠶᠡᠨ ᠬᠤᠲᠠ ᠠᠴᠠ ᠵᠠᠮ ᠤᠨ | ᠡᠭᠦᠳᠡ ᠬᠦᠷᠬᠦ ︽ᠨᠢᠭᠡ ᠡᠳᠦᠷ ᠤᠨ ᠵᠢᠭᠤᠯᠴᠢᠯᠠᠯ︾ ᠤᠨ ᠬᠢᠯᠢ ᠠᠯᠤᠰᠯᠠᠭᠰᠠᠨ ᠵᠢᠭᠤᠯᠴᠢᠯᠠᠯ ᠤᠨ ᠲᠡᠭᠡᠭᠡᠪᠦᠷᠢ ᠶᠢᠨ | ᠲᠤᠬᠠᠶᠢᠯᠠᠭᠰᠠᠨ ᠠᠵᠢᠯ ᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠡᠷᠬᠢᠯᠡᠨ᠎ᠡ︔ ᠭᠤᠷᠪᠠ ᠳᠤ ᠡᠷᠢᠶᠡᠨ | ᠬᠤᠲᠠ ᠠᠴᠠ ᠵᠠᠮ ᠤᠨ ᠡᠭᠦᠳᠡ ᠬᠦᠷᠬᠦ ᠳᠤᠮᠳᠠᠳᠤ ᠮᠣᠩᠭᠤᠯ ᠤᠨ ᠠᠶᠠᠨᠴᠢᠳ ᠤᠨ ᠡᠭᠡᠯᠵᠢ ᠶᠢᠨ ᠮᠠᠰᠢᠨ ᠲᠡᠷᠭᠡ ᠶᠢᠨ | ᠬᠠᠷᠢᠯᠴᠠᠨ ᠲᠠᠰᠤᠯᠤᠨ ᠪᠣᠳᠣᠬᠤ᠂ ᠡᠭᠡᠯᠵᠢᠯᠡᠭᠦᠯᠦᠨ ᠲᠡᠷᠭᠡ ᠶᠠᠪᠤᠭᠤᠯᠬᠤ ᠲᠣᠭᠲᠠᠴᠠ ᠶᠢ ᠰᠦᠪᠡᠭᠴᠢᠯᠡᠨ | ᠪᠠᠶᠢᠭᠤᠯᠤᠨ᠎ᠠ᠃ ᠲᠤᠰ ᠤᠳᠠᠭᠠᠨ ᠤ ᠬᠡᠯᠡᠯᠴᠡᠭᠡ ᠳᠤ ᠣᠯᠤᠭᠰᠠᠨ ᠴᠢᠬᠤᠯᠠ ᠶᠡᠭᠡ ᠦᠷ᠎ᠡ ᠪᠦᠲᠦᠭᠡᠯ ᠨᠢ᠂ ᠡᠷᠢᠶᠡᠨ | ᠪᠣᠭᠤᠮᠲᠠ ᠶᠢᠨ ᠬᠢᠯᠢ ᠠᠯᠤᠰᠯᠠᠭᠰᠠᠨ ᠠᠶᠠᠨᠴᠢᠳ ᠤᠨ ᠲᠡᠭᠡᠭᠡᠪᠦᠷᠢ ᠶᠢᠨ ᠪᠤᠭᠤᠮᠢ ᠪᠤᠯᠵᠤ ᠪᠠᠶᠢᠭᠰᠠᠨ ᠠᠰᠠᠭᠤᠳᠠᠯ ᠢ | ᠦᠨᠳᠦᠰᠦᠨ ᠠᠴᠠ ᠨᠢ ᠰᠢᠢᠳᠪᠦᠷᠢᠯᠡᠵᠤ᠂ ᠬᠢᠯᠢ ᠠᠯᠤᠰᠯᠠᠭᠰᠠᠨ ᠵᠢᠭᠤᠯᠴᠢᠯᠠᠯ ᠤᠨ ᠦᠢᠯᠡᠴᠢᠯᠡᠭᠡᠨ ᠤ ᠪᠠᠲᠤᠯᠠᠭ᠎ᠠ ᠶᠢᠨ | ᠴᠢᠳᠠᠪᠤᠷᠢ ᠶᠢ ᠦᠨᠡᠨ ᠬᠦ ᠳᠡᠭᠡᠭᠰᠢᠯᠡᠭᠦᠯᠦᠨ᠂ ᠪᠣᠭᠤᠮᠲᠠ ᠶᠢᠨ ᠵᠢᠭᠤᠯᠴᠢᠯᠠᠯ ᠤᠨ ᠠᠵᠤ ᠦᠢᠯᠡᠰ ᠤᠨ ᠵᠡᠷᠭᠡ ᠳᠡᠰ | ᠳᠡᠪᠰᠢᠵᠤ᠂ ᠲᠦᠷᠭᠡᠨ ᠬᠦᠭᠵᠢᠬᠦ ᠳᠤ ᠲᠦᠢᠯ ᠤᠨ ᠶᠡᠭᠡ ᠲᠦᠯᠬᠢᠴᠡ ᠦᠢᠯᠡᠳᠦᠯ ᠭᠠᠷᠭᠠᠬᠤ ᠪᠤᠯᠤᠨ᠎ᠠ᠃ |