ᠥᠪᠥᠷ ᠮᠣᠩᠭᠤᠯ ᠤᠨ ᠵᠠᠯᠠᠭᠤᠴᠤᠳ ᠣᠶᠤᠲᠠᠳ ᠤᠨ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠵᠦᠢᠯ ᠵᠠᠬ᠎ᠠ ᠳᠡᠯᠭᠡᠭᠦᠷ ᠲᠤ ᠭᠠᠷᠴᠤ  ᠠᠩᠬᠠᠳᠤᠭᠠᠷ ᠪᠦᠯᠦᠭ ᠲᠤ 187 ᠠᠵᠤ ᠠᠬᠤᠶᠢᠯᠠᠯ ᠵᠠᠬ᠎ᠠ ᠳᠡᠯᠭᠡᠭᠦᠷ ᠲᠤ ᠭᠠᠷᠪᠠ
ᠨᠡᠶᠢᠲᠡᠯᠡᠭᠰᠡᠨ ᠴᠠᠭ᠄
2015/11/6
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠣᠶᠣᠲᠠᠳ ᠤᠨ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠵᠦᠢᠯ ᠤᠨ ᠵᠠᠬ᠎ᠠ ᠳᠡᠯᠭᠡᠭᠦᠷ ᠭᠠᠷᠭᠠᠬᠤ ᠶᠣᠰᠣᠯᠠᠯ      11 ᠳ᠋ᠦ᠋ᠭᠡᠷ ᠰᠠᠷ᠎ᠠ ᠶᠢᠨ 5᠎ ᠤ ᠡᠳᠦᠷ ᠤᠨ ᠦᠳᠡ ᠶᠢᠨ ᠬᠤᠶᠢᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠣᠶᠣᠲᠠᠳ ᠤᠨ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠵᠦᠢᠯ ᠥᠪᠥᠷ ᠮᠣᠩᠭᠤᠯ ᠤᠨ ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ ᠲᠤ ᠵᠠᠬ᠎ᠠ ᠳᠡᠯᠭᠡᠭᠦᠷ ᠲᠤ ᠭᠠᠷᠴᠤ᠂ ᠠᠩᠬᠠᠨ ᠤ ᠪᠦᠯᠦᠭ ᠲᠤ 187 ᠠᠵᠤ ᠠᠬᠤᠶᠢᠯᠠᠯ ᠢᠯᠡᠷᠬᠡᠶᠢᠯᠡᠯ ᠢᠶᠠᠨ ᠡᠯᠭᠦᠪᠡ᠂ ᠡᠨᠡ ᠪᠣᠯ ᠳᠤᠮᠳᠠ ᠪᠠ ᠪᠠᠷᠠᠭᠤᠨ ᠬᠡᠰᠡᠭ ᠤᠨ ᠭᠠᠵᠠᠷ ᠣᠷᠣᠨ ᠤ ᠠᠩᠬᠠᠳᠠᠭᠴᠢ ᠵᠠᠬ᠎ᠠ ᠳᠡᠯᠭᠡᠭᠦᠷ ᠲᠤ ᠭᠠᠷᠤᠭᠰᠠᠨ ᠤᠶᠤᠲᠠᠳ ᠤᠨ ᠠᠳᠠᠯ ᠦᠢᠯᠡᠰ ᠴᠣᠭᠴᠠᠯᠠᠬᠤ ᠵᠦᠢᠯ ᠪᠣᠯᠣᠨ᠎ᠠ᠃      ᠵᠠᠯᠠᠭᠤᠴᠤᠳ ᠣᠶᠤᠲᠠᠳ ᠤᠨ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠵᠦᠢᠯ ᠢ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ ᠠᠴᠠ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠬᠥᠮᠦᠨ ᠤ  ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠎ ᠲᠠᠢ ᠬᠠᠮᠲᠤᠷᠠᠨ ᠡᠭᠦᠰᠬᠡᠨ ᠪᠠᠶᠢᠭᠤᠯᠵᠤ᠂ ᠲᠤᠰᠬᠠᠶᠢᠯᠠᠨ ᠵᠠᠯᠠᠭᠤᠴᠤᠳ ᠤᠶᠤᠲᠠᠳ ᠤᠨ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠲᠥᠷᠥᠯ ᠵᠦᠢᠯ ᠪᠠ ᠠᠩᠬ᠎ᠠ ᠡᠭᠦᠳᠦᠨ ᠪᠠᠶᠢᠭᠤᠯᠵᠤ ᠪᠠᠶᠢᠭ᠎ᠠ ᠠᠵᠤ ᠠᠬᠤᠶᠢᠯᠠᠯ ᠳᠤ ᠨᠡᠪᠴᠢᠭᠦᠯᠦᠨ ᠪᠤᠶᠢᠵᠢᠭᠤᠯᠬᠤ᠂ ᠵᠢᠷᠤᠮᠵᠢᠭᠤᠯᠬᠤ ᠪᠠᠷ ᠬᠠᠪᠰᠤᠷᠤᠨ ᠵᠢᠯᠣᠭᠤᠳᠬᠤ᠂ ᠵᠠᠬ᠎ᠠ ᠳᠡᠯᠭᠡᠭᠦᠷ ᠲᠤ ᠭᠠᠷᠴᠤ ᠳᠡᠯᠭᠡᠨ ᠦᠵᠡᠭᠦᠯᠬᠦ᠂ ᠪᠡᠯᠡ ᠣᠷᠣᠭᠤᠯᠵᠤ ᠪᠡᠯᠡ ᠲᠣᠬᠢᠷᠠᠭᠤᠯᠬᠤ ᠶᠢ ᠵᠣᠯᠭᠠᠭᠤᠯᠬᠤ ᠵᠡᠷᠭᠡ ᠶᠡᠷᠦᠩᠬᠡᠶᠢᠯᠡᠭᠰᠡᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠬᠠᠩᠭᠠᠬᠤ ᠬᠦᠷᠦᠩᠭᠡ ᠶᠢᠨ ᠵᠠᠬ᠎ᠠ ᠳᠡᠯᠭᠡᠭᠦᠷ ᠤᠨ ᠲᠠᠪᠴᠠᠩ ᠪᠠᠶᠢᠵᠤ᠂ ᠡᠪ ᠬᠠᠮᠲᠤ ᠵᠠᠯᠠᠭᠤᠴᠤᠳ ᠤᠨ ᠡᠪᠯᠡᠯ ᠠᠴᠠ ᠵᠠᠯᠠᠭᠤᠴᠤᠳ ᠣᠶᠣᠲᠠᠳ ᠤᠨ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠳᠤ ᠦᠢᠯᠡᠴᠢᠯᠡᠬᠦ ᠠᠵᠢᠯ ᠤᠨ ᠰᠢᠰᠲ᠋ᠧᠮᠵᠢ ᠶᠢᠨ ᠰᠢᠨ᠎ᠡ ᠶᠢ ᠡᠭᠦᠳᠬᠦ ᠴᠢᠨᠠᠷᠲᠠᠢ ᠠᠷᠭ᠎ᠠ ᠬᠡᠮᠵᠢᠶ᠎ᠡ ᠪᠣᠯᠣᠨ᠎ᠠ᠃  ᠵᠠᠯᠠᠭᠤᠴᠤᠳ ᠣᠶᠤᠲᠠᠳ ᠤᠨ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠵᠦᠢᠯ ᠢ ᠪᠠᠶᠢᠭᠤᠯᠬᠤ ᠨᠢ ᠵᠠᠬ᠎ᠠ ᠳᠡᠯᠭᠡᠭᠦᠷ ᠲᠤ ᠲᠤᠰᠬᠠᠶ ᠬᠦᠴᠦᠨ ᠣᠷᠣᠭᠤᠯᠵᠤ᠂ ᠵᠠᠯᠠᠭᠤᠴᠤᠳ ᠤᠶᠤᠲᠠᠳ ᠤᠨ ᠠᠳᠠᠯ ᠦᠢᠯᠡᠰ ᠴᠣᠭᠴᠠᠯᠠᠬᠤ ᠪᠦᠯᠬᠦᠮ ᠤᠨ ᠵᠢᠷᠤᠮᠵᠢᠬᠤ᠂ ᠲᠤᠰᠬᠠᠶᠢᠵᠢᠬᠤ‌‍ᠲ᠋ᠡᠰᠢ ᠬᠥᠭᠵᠢᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠵᠤ᠂ ᠵᠠᠯᠠᠭᠤᠴᠤᠳ ᠣᠶᠣᠲᠠᠳ ᠤᠨ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠶᠢᠨ ᠪᠡᠯᠡ ᠲᠣᠬᠢᠷᠠᠭᠤᠯᠬᠤ ᠠᠷᠭ᠎ᠠ ᠵᠠᠮ ᠢ ᠥᠷᠭᠡᠳᠬᠡᠬᠦ︔ ᠵᠠᠬ᠎ᠠ ᠳᠡᠯᠭᠡᠭᠦᠷᠴᠢᠯᠡᠭᠰᠡᠨ ᠲᠠᠰᠤᠯᠬᠤ ᠪᠠ ᠰᠢᠯᠢᠨ ᠰᠣᠩᠭᠤᠬᠤ ᠲᠣᠭᠲᠠᠴᠠ ᠶᠢ ᠣᠷᠣᠭᠤᠯᠵᠤ᠂ ᠵᠠᠯᠠᠭᠤᠴᠤᠳ ᠣᠶᠣᠲᠠᠳ ᠤᠨ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠲᠥᠷᠥᠯ ᠵᠦᠢᠯ ᠤᠨ ᠶᠠᠰᠤ ᠴᠢᠨᠠᠷ ᠢ ᠳᠡᠭᠡᠭᠰᠢᠯᠡᠭᠦᠯᠬᠦ︔ ᠬᠦᠷᠦᠩᠭᠡ ᠶᠢᠨ ᠵᠠᠬ᠎ᠠ ᠳᠡᠯᠭᠡᠭᠦᠷ ᠤᠨ ᠦᠢᠯᠡᠴᠢᠯᠡᠭᠡᠨ ᠤ ᠭᠠᠳᠠᠭᠰᠢ ᠥᠷᠭᠡᠳᠬᠡᠬᠦ ᠶᠢ ᠥᠷᠭᠡᠳᠬᠦ ᠵᠡᠷᠭᠡ ᠦᠢᠯᠡᠳᠦᠯ ᠭᠠᠷᠭᠠᠵᠤ ᠪᠣᠯᠣᠨ᠎ᠠ᠃      ᠡᠭᠦᠨ ᠠᠴᠠ ᠭᠠᠳᠠᠨ᠎ᠠ᠂ ᠵᠠᠯᠠᠭᠤᠴᠤᠳ ᠣᠶᠤᠲᠠᠳ ᠤᠨ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠵᠦᠢᠯ ᠨᠢ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠬᠢᠴᠢᠶᠡᠯ᠂ ᠲᠥᠷᠥᠯ ᠵᠦᠢᠯ ‍ᠦᠨ‌‍ᠶᠠᠷᠢᠶᠠᠨ ᠤ ᠴᠤᠭᠯᠠᠭᠠᠨ᠂ ᠮᠢᠩᠭᠠᠨ ᠠᠵᠤ ᠠᠬᠤᠶᠢᠯᠠᠯ ᠮᠢᠩᠭᠠᠨ ᠵᠠᠯᠠᠭᠤᠴᠤᠳ ᠣᠶᠣᠲᠠᠳ ᠢ ᠬᠠᠪᠰᠤᠷᠤᠨ ᠲᠡᠳᠬᠦᠬᠦ ︽ᠬᠤᠣᠰ ᠮᠢᠩᠭ᠎ᠠ ᠶᠢᠨ ᠲᠥᠯᠥᠪᠯᠡᠭᠡ︾ ᠵᠢᠴᠢ ᠵᠢᠯᠣᠭᠤᠳᠬᠤ ᠪᠠᠭᠰᠢ ᠶᠢᠨ ᠪᠦᠯᠬᠦᠮ᠂ ᠦᠢᠯᠡᠴᠢᠯᠡᠭᠡᠨ ᠤ ᠬᠤᠯᠪᠣᠭ᠎ᠠ ᠪᠠᠷ ᠲᠦᠯᠬᠢᠨ ᠠᠬᠢᠭᠤᠯᠬᠤ᠂ ᠬᠡᠵᠢᠶᠡᠳᠡ ᠳᠠᠭᠤᠰᠤᠰᠢ ᠣᠢᠭᠡᠢ ᠵᠠᠯᠠᠭᠤᠴᠤᠳ ᠣᠶᠣᠲᠠᠳ ᠤᠨ ᠰᠢᠨ᠎ᠡ ᠶᠢ ᠡᠭᠦᠳᠬᠦ ᠣᠷᠣᠯᠳᠤᠭᠠᠨ ᠵᠡᠷᠭᠡ ᠠᠷᠭ᠎ᠠ ᠮᠠᠶ᠋ᠢᠭ ᠢᠶᠠᠷ ︽ᠵᠠᠯᠠᠭᠤᠴᠤᠳ ᠣᠶᠣᠲᠠᠳ ᠤᠨ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ︾ ᠲᠦᠷᠦᠯ ᠵᠦᠢᠯ ᠪᠠ ᠠᠵᠤ ᠠᠬᠤᠶᠢᠯᠠᠯ ᠤᠨ ᠦᠰᠦᠨ ᠪᠣᠶᠢᠵᠢᠬᠤ ᠶᠢ ᠳᠡᠮᠵᠢᠬᠦ ᠪᠣᠯᠣᠨ᠎ᠠ︔ ᠥᠪᠥᠷ ᠮᠣᠩᠭᠤᠯ ᠤᠨ ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ ᠤᠨ ᠵᠠᠭᠤ ᠭᠠᠷᠤᠶ ᠡᠷᠦᠬᠡ ᠬᠡᠰᠢᠭᠦᠨ ᠪᠠᠶᠢᠭᠤᠯᠤᠮᠵᠢ ᠶᠢᠨ ᠦᠢᠯᠡᠴᠢᠯᠡᠭᠡᠨ ᠤ ᠬᠦᠴᠦᠨ ᠬᠢᠭᠡᠳ ᠵᠠᠬ᠎ᠠ ᠳᠡᠯᠭᠡᠭᠦᠷ ᠤᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠴᠢᠳᠠᠪᠤᠷᠢ ᠳᠤ ᠲᠦᠰᠢᠭᠯᠡᠨ᠂ ᠬᠤᠳᠠᠯᠳᠤᠭᠠᠨ ᠤ ᠶᠠᠪᠤᠳᠠᠯ ᠤᠨ ᠨᠠᠷᠢᠨ ᠪᠢᠴᠢᠭᠡᠴᠢ ᠶᠢᠨ ᠺᠣᠮᠫᠠᠨᠢ᠂ ᠮᠥᠩᠭᠦᠨ ᠭᠦᠢᠯᠭᠡᠭᠡᠨ ᠤ ᠰᠤᠳᠤᠯᠤᠯ ᠤᠨ ᠲᠥᠪ ᠵᠡᠷᠭᠡ ᠬᠦᠴᠦᠨ ᠢ ᠡᠭᠦᠰᠬᠡᠨ ᠪᠠᠶᠢᠭᠤᠯᠵᠤ᠂ ᠪᠣᠢ ᠪᠦᠬᠦᠢ ᠵᠠᠯᠠᠭᠤᠴᠤᠳ ᠣᠶᠤᠲᠠᠳ ᠤᠨ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠠᠵᠤ ᠠᠬᠤᠶᠢᠯᠠᠯ ᠪᠠ ᠲᠥᠷᠥᠯ ᠵᠦᠢᠯ ᠳᠤ ᠰᠢᠰᠲ᠋ᠧᠮ ᠲᠠᠢ ᠪᠥᠬᠦ ᠬᠡᠯᠬᠢᠶᠡᠨ ᠤ ᠬᠠᠮ ᠦᠢᠯᠡᠴᠢᠯᠡᠭᠡ ᠬᠠᠩᠭᠠᠬᠤ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号