ᠦᠴᠦᠭᠡᠳᠦᠷ ᠡᠪᠦᠯ ᠤᠨ ᠠᠭᠤᠷ ᠤᠷᠤᠪᠠ᠂ ᠥᠪᠥᠷ ᠮᠣᠩᠭᠤᠯ ᠤᠨ ᠶᠡᠬᠡᠩᠬᠢ ᠬᠡᠰᠡᠭ ᠭᠠᠵᠠᠷ ᠣᠷᠣᠨ ᠮᠥᠨ | ᠯᠡ ᠪᠣᠷᠣᠭᠠᠨ ᠴᠠᠰᠤ ᠤᠨᠢᠶᠠᠷᠳᠤᠭᠰᠠᠨ ᠬᠦᠢᠲᠡᠨ ᠠᠭᠤᠷ ᠠᠮᠢᠰᠬᠤᠯ ᠲᠠᠢ ᠪᠠᠶᠢᠪᠠ᠃ ᠲᠤᠰ ᠡᠳᠦᠷ ᠲᠤ ᠥᠪᠥᠷ | ᠮᠣᠩᠭᠤᠯ ᠤᠨ ᠴᠠᠭ ᠠᠭᠤᠷ ᠤᠨ ᠬᠤᠷᠢᠶ᠎ᠠ ᠠᠴᠠ ᠵᠠᠮ ᠳᠡᠭᠡᠷ᠎ᠡ ᠮᠥᠰᠥ ᠪᠠᠷᠢᠯᠳᠤᠭᠰᠠᠨ ᠰᠢᠷ᠎ᠠ ᠥᠩᠭᠡᠲᠦ | ᠰᠡᠷᠡᠮᠵᠢᠯᠡᠭᠦᠯᠦᠯ ᠪᠠ ᠶᠡᠭᠡ ᠮᠠᠨᠠᠨ ᠲᠠᠲᠠᠬᠤ ᠰᠢᠷ᠎ᠠ ᠥᠩᠭᠡᠲᠦ ᠰᠡᠷᠡᠮᠵᠢᠯᠡᠭᠦᠯᠦᠯ ᠤᠨ ᠳᠣᠬᠢᠶ᠎ᠠ ᠶᠢ ᠦᠷᠭᠦᠯᠵᠢᠯᠡᠨ | ᠨᠡᠶᠢᠲᠡᠯᠡᠪᠡ᠃ | ᠥᠪᠥᠷ ᠮᠣᠩᠭᠤᠯ ᠤᠨ ᠴᠠᠭ ᠠᠭᠤᠷ ᠤᠨ ᠲᠣᠪᠴᠢᠶ᠎ᠠ ᠶᠢᠨ ᠬᠠᠮᠤᠭ ᠤᠨ ᠰᠢᠨ᠎ᠡ ᠮᠠᠲ᠋ᠧᠷᠢᠶᠠᠯ ᠤᠨ | ᠢᠯᠡᠷᠬᠡᠶᠢᠯᠡᠭᠰᠡᠨ ᠢᠶᠠᠷ᠂ 11 ᠳ᠋ᠤᠭᠡᠷ ᠰᠠᠷ᠎ᠠ ᠶᠢᠨ 7 ᠤ ᠡᠳᠦᠷ ᠤᠨ 8 ᠴᠠᠭ — 8 ᠤ ᠡᠳᠦᠷ ᠤᠨ 8 ᠴᠠᠭ | ᠪᠤᠯᠲᠠᠯ᠎ᠠ᠂ ᠳᠤᠮᠳᠠ ᠪᠠ ᠪᠠᠷᠠᠭᠤᠨ ᠪᠡᠶ᠎ᠡ ᠬᠢᠭᠡᠳ ᠵᠡᠭᠦᠨ ᠡᠮᠦᠨᠡᠲᠦ ᠪᠡᠶ᠎ᠡ ᠶᠢᠨ ᠭᠠᠵᠠᠷ ᠣᠷᠣᠨ ᠳᠤ ᠴᠠᠰᠤ ᠪᠣᠷᠣᠭᠠᠨ | ᠪᠠᠭᠤᠵᠤ᠂ ᠡᠭᠦᠨ ᠳᠤ ᠤᠯᠠᠭᠠᠨᠬᠠᠳᠠ ᠬᠤᠲᠠ ᠶᠢᠨ ᠪᠠᠷᠠᠭᠤᠨ ᠡᠮᠦᠨᠡᠲᠦ ᠪᠡᠶ᠎ᠡ᠂ ᠰᠢᠯᠢ ᠶᠢᠨ ᠭᠤᠣᠯ ᠠᠶᠢᠮᠠᠭ ᠤᠨ | ᠡᠮᠦᠨᠡᠲᠦ ᠪᠡᠶ᠎ᠡ ᠳᠤ ᠳᠤᠮᠳᠠ ᠴᠠᠰᠤ ᠲᠠᠢ᠃ ᠪᠦᠬᠦ ᠣᠷᠣᠨ ᠤ ᠨᠡᠶᠢᠳᠡ 60 ᠦᠷᠳᠡᠭᠡ ᠴᠢᠬ ᠲᠤ ᠲᠤᠨᠳᠠᠰᠤ ᠲᠠᠢ᠂ | ᠡᠭᠦᠨ ᠤ ᠬᠠᠮᠲᠤ᠂ ᠵᠠᠯᠭ᠎ᠠ ᠪᠠᠷ ᠲᠤᠨᠳᠠᠰᠤ ᠪᠠᠭᠤᠭᠰᠠᠨ ᠠᠴᠠ ᠪᠤᠯᠵᠤ ᠭᠡᠷ ᠤᠨ ᠭᠠᠳᠠᠨᠠᠬᠢ ᠴᠢᠭᠢᠭᠲᠦᠴᠡ ᠶᠢᠨ | ᠬᠡᠮᠵᠢᠶ᠎ᠡ ᠦᠨᠳᠦᠷᠰᠢᠵᠤ᠂ ᠶᠡᠬᠡᠩᠬᠢ ᠬᠡᠰᠡᠭ ᠭᠠᠵᠠᠷ ᠣᠷᠣᠨ ᠤ ᠴᠢᠭᠢᠭᠲᠦᠴᠡ ᠶᠢᠨ ᠬᠡᠮᠵᠢᠶ᠎ᠡ 90 % ᠠᠴᠠ ᠳᠡᠭᠡᠭᠰᠢ | ᠪᠤᠯᠪᠠ᠃ ᠥᠪᠥᠷ ᠮᠣᠩᠭᠤᠯ ᠤᠨ ᠴᠠᠭ ᠠᠭᠤᠷ ᠤᠨ ᠬᠤᠷᠢᠶ᠎ᠠ ᠶᠢᠨ ᠵᠢᠱᠢᠯᠲᠡ ᠪᠠᠷ᠂ ᠥᠨᠥᠳᠦᠷ ᠳᠤᠮᠳᠠ ᠪᠠ ᠵᠡᠭᠦᠨ | ᠪᠡᠶ᠎ᠡ ᠶᠢᠨ ᠶᠡᠬᠡᠩᠬᠢ ᠬᠡᠰᠡᠭ ᠭᠠᠵᠠᠷ ᠣᠷᠣᠨ ᠳᠤ ᠮᠥᠨ ᠯᠡ ᠪᠠᠭ᠎ᠠ ᠪᠣᠷᠣᠭᠠᠨ ᠴᠠᠰᠤ ᠬᠤᠯᠢᠯᠳᠤᠬᠤ ᠪᠤᠶᠤ ᠴᠠᠰᠤ | ᠲᠠᠢ ᠪᠠᠶᠢᠵᠤ᠂ ᠡᠭᠦᠨ ᠳᠤ᠂ ᠬᠢᠩᠭᠠᠨ ᠠᠶᠢᠮᠠᠭ ᠤᠨ ᠪᠠᠷᠠᠭᠤᠨ ᠬᠤᠶᠢᠲᠤ ᠪᠡᠶ᠎ᠡ ᠳᠤ ᠳᠤᠮᠳᠠ ᠴᠠᠰᠤ ᠲᠠᠢ︔ | ᠮᠠᠷᠭᠠᠰᠢ ᠨᠦᠭᠦᠭᠡᠳᠦᠷ ᠬᠤᠶᠠᠷ ᠡᠳᠦᠷ᠂ ᠪᠣᠷᠣᠭᠠᠨ ᠴᠠᠰᠤ ᠣᠷᠣᠬᠤ ᠬᠡᠪᠴᠢᠶ᠎ᠡ ᠢᠯᠡᠳᠲᠡ ᠪᠠᠭᠠᠰᠴᠤ᠂ ᠭᠠᠭᠴᠠ ᠬᠦ | ᠬᠥᠯᠥᠨ ᠪᠤᠶᠢᠷ ᠬᠤᠳᠠ ᠶᠢᠨ ᠪᠠᠷᠠᠭᠤᠨ ᠬᠤᠶᠢᠲᠤ ᠪᠡᠶ᠎ᠡ᠂ ᠬᠢᠩᠭᠠᠨ ᠠᠶᠢᠮᠠᠭ ᠤᠨ ᠪᠠᠷᠠᠭᠤᠨ ᠬᠤᠶᠢᠲᠤ ᠪᠡᠶ᠎ᠡ ᠳᠤ | ᠪᠠᠭ᠎ᠠ ᠴᠠᠰᠤ ᠲᠠᠢ᠂ ᠠᠯᠠᠱᠠ ᠠᠶᠢᠮᠠᠭ ᠤᠨ ᠵᠡᠭᠦᠨ ᠡᠮᠦᠨᠡᠲᠦ ᠪᠡᠶ᠎ᠡ᠂ ᠤᠷᠳᠤᠰ ᠬᠤᠳᠠ᠂ ᠬᠥᠬᠡᠬᠤᠲᠠ ᠶᠢᠨ ᠡᠮᠦᠨᠡᠲᠦ | ᠪᠡᠶ᠎ᠡ ᠳᠤ ᠪᠠᠭ᠎ᠠ ᠪᠣᠷᠣᠭᠠᠨ ᠴᠠᠰᠤ ᠬᠤᠯᠢᠯᠳᠤᠬᠤ ᠪᠤᠶᠤ ᠪᠣᠷᠣᠭᠠᠨ ᠲᠠᠢ᠃ |